ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
ᠥᠪᠥᠷ ᠵᠠᠰᠠᠭ ᠠᠯᠪᠠᠨ ᠲᠠᠷᠬᠠᠭ᠋ᠠᠭᠰᠠᠨ [2022] 86 ᠳ᠋ᠤᠭ᠋ᠠᠷ ᠲᠣᠭ᠋ᠠᠲᠤ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ ᠵᠢᠨ ᠣᠯᠭᠤᠬᠤ ᠶᠠᠰᠤ ᠴᠢᠨᠠᠷ᠎ᠤᠨ ᠱᠠᠩᠨᠠᠯ᠎ᠤᠨ ᠬᠠᠮᠢᠶᠠᠷᠤᠯᠲᠠ ᠵᠢᠨ ᠠᠷᠭ᠎ᠠ》 ᠵᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
ᠡᠳᠦᠭᠡ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ ᠵᠢᠨ ᠣᠯᠭᠤᠬᠤ ᠶᠠᠰᠤ ᠴᠢᠨᠠᠷ᠎ᠤᠨ ᠱᠠᠩᠨᠠᠯ᠎ᠤᠨ ᠬᠠᠮᠢᠶᠠᠷᠤᠯᠲᠠ ᠵᠢᠨ ᠠᠷᠭ᠎ᠠ》 ᠵᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠲᠤᠭ᠋ᠠᠢ᠃
2022 ᠣᠨ᠎ᠤ 12 ᠳ᠋ᠤᠭ᠋ᠠᠷ ᠰᠠᠷ᠎ᠠ ᠵᠢᠨ 12᠎ᠤᠨ ᠡᠳᠦᠷ
(ᠲᠣᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ ᠵᠢᠨ ᠣᠯᠭᠤᠬᠤ ᠶᠠᠰᠤ ᠴᠢᠨᠠᠷ᠎ᠤᠨ ᠱᠠᠩᠨᠠᠯ᠎ᠤᠨ ᠬᠠᠮᠢᠶᠠᠷᠤᠯᠲᠠ ᠵᠢᠨ ᠠᠷᠭ᠎ᠠ
ᠨᠢᠭᠡᠳᠦᠭᠡᠷ ᠪᠦᠯᠦᠭ ᠶᠡᠷᠦᠩᠬᠡᠢ ᠳᠦᠷᠢᠮ
ᠨᠢᠭᠡᠳᠦᠭᠡᠷ ᠵᠦᠢ᠍ᠯ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠶᠠᠰᠤ ᠴᠢᠨᠠᠷ ᠵᠶ᠋ᠠᠷ ᠣᠷᠣᠨ ᠵᠶ᠋ᠠᠨ ᠬᠦᠴᠦᠷᠬᠡᠭᠵᠢᠭᠦᠯᠬᠦ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠨ᠂ ᠪᠥᠬᠦ ᠣᠷᠣᠨ᠎ᠤ ᠡᠯ᠎ᠡ ᠠᠵᠢᠯ ᠲᠥᠷᠥᠯ᠎ᠤᠨ᠎ᠬᠢᠨ᠎ᠤ ᠶᠠᠰᠤ ᠴᠢᠨᠠᠷ᠎ᠤᠨ ᠬᠠᠮᠢᠶᠠᠷᠤᠯᠲᠠ᠎ᠪᠠᠨ ᠴᠢᠩᠭ᠋ᠠᠳᠬᠠᠬᠤ ᠵᠢ᠎ᠨᠢ ᠬᠥᠲᠥᠯᠥᠨ ᠵᠢᠯᠤᠭᠤᠳᠬᠤ ᠪᠠ ᠤᠷᠮᠠᠰᠢᠭᠤᠯᠵᠤ᠂ ᠭᠠᠷᠮᠠᠭ᠋ᠠᠢ ᠠᠮᠵᠢᠯᠲᠠ ᠪᠦᠲᠦᠮᠵᠢ ᠵᠢ ᠬᠥᠭᠡᠭᠡᠴᠡᠯᠳᠦᠭᠦᠯᠦᠨ᠂ ᠠᠵᠤ ᠠᠬᠤᠢ ᠨᠡᠶ᠋ᠢᠭᠡᠮ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠵᠢᠨ ᠲᠤᠰᠠᠳᠠ᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠦᠢ᠍ᠯᠡᠳᠬᠦᠨ᠎ᠤ ᠶᠠᠰᠤ ᠴᠢᠨᠠᠷ᠎ᠤᠨ ᠬᠠᠤᠯᠢ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠬᠤᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠵᠤ᠂ ᠲᠣᠰ ᠠᠷᠭ᠎ᠠ ᠵᠢ ᠲᠣᠭᠲᠠᠭ᠋ᠠᠪᠠ᠃
ᠬᠤᠶᠠᠳᠤᠭ᠋ᠠᠷ ᠵᠦᠢ᠍ᠯ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ ᠵᠢᠨ ᠣᠯᠭᠤᠬᠤ ᠶᠠᠰᠤ ᠴᠢᠨᠠᠷ᠎ᠤᠨ ᠱᠠᠩᠨᠠᠯ (ᠳᠣᠷᠣᠭᠰᠢ ᠲᠡᠷᠢᠭᠦᠯᠡᠭᠴᠢ ᠵᠢᠨ ᠣᠯᠭᠤᠬᠤ ᠶᠠᠰᠤ ᠴᠢᠨᠠᠷ᠎ᠤᠨ ᠱᠠᠩᠨᠠᠯ ᠭᠡᠵᠦ ᠲᠣᠪᠴᠢᠯᠠᠨ᠎ᠠ) ᠪᠣᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠪᠠᠶ᠋ᠢᠭᠤᠯᠤᠭᠰᠠᠨ ᠶᠠᠰᠤ ᠴᠢᠨᠠᠷ᠎ᠤᠨ ᠲᠠᠯ᠎ᠠ᠎ᠪᠠᠷ᠎ᠬᠢ ᠬᠠᠮᠤᠭ᠎ᠤᠨ ᠳᠡᠭᠡᠳᠦ ᠢᠷᠠᠭᠤ ᠠᠯᠳᠠᠷ᠎ᠤᠨ ᠱᠠᠩᠨᠠᠯ᠎ᠤᠨ ᠵᠦᠢ᠍ᠯ ᠪᠠᠶ᠋ᠢᠵᠤ᠂ ᠲᠡᠭᠦᠨ᠎ᠢ ᠥᠪᠡᠷᠲᠡᠭᠡᠨ ᠵᠠᠰᠠᠬᠤ ᠣᠷᠣᠨ᠎ᠳᠤ ᠲᠡᠷᠢᠭᠦᠨ᠎ᠤ ᠶᠠᠰᠤ ᠴᠢᠨᠠᠷ᠎ᠤᠨ ᠬᠠᠮᠢᠶᠠᠷᠤᠯᠲᠠ ᠵᠢᠨ ᠠᠷᠭ᠎ᠠ ᠵᠢ ᠬᠡᠷᠡᠭᠵᠢᠭᠦᠯᠦᠭᠰᠡᠨ᠂ ᠶᠠᠰᠤ ᠴᠢᠨᠠᠷ᠎ᠢ ᠳᠡᠭᠡᠭᠰᠢᠯᠡᠭᠦᠯᠦᠭᠰᠡᠨ ᠠᠮᠵᠢᠯᠲᠠ ᠪᠦᠲᠦᠮᠵᠢ᠎ᠪᠠᠷ ᠢᠯᠡᠳᠲᠡ᠂ ᠠᠵᠤ ᠠᠬᠤᠢ ᠵᠢᠨ ᠦᠷ᠎ᠡ ᠠᠰᠢᠭ ᠪᠠ ᠨᠡᠶ᠋ᠢᠭᠡᠮ᠎ᠤᠨ ᠦᠷ᠎ᠡ ᠠᠰᠢᠭ ᠵᠶ᠋ᠠᠷ ᠲᠣᠪᠣᠶ᠋ᠢᠮ᠎ᠠ᠂ ᠢᠯᠡᠷᠬᠡᠢ ᠵᠢᠱ᠌ᠢᠶ᠎ᠡ ᠦᠵᠡᠭᠦᠯᠦᠨ ᠳᠠᠶ᠋ᠢᠴᠢᠯᠠᠬᠤ ᠦᠢ᠍ᠯᠡᠳᠦᠯ᠎ᠲᠠᠢ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ᠎ᠳᠤ ᠣᠯᠭᠤᠨ᠎ᠠ᠃
ᠭᠤᠷᠪᠠᠳᠤᠭ᠋ᠠᠷ ᠵᠦᠢ᠍ᠯ ᠲᠡᠷᠢᠭᠦᠯᠡᠭᠴᠢ ᠵᠢᠨ ᠣᠯᠭᠤᠬᠤ ᠶᠠᠰᠤ ᠴᠢᠨᠠᠷ᠎ᠤᠨ ᠱᠠᠩᠨᠠᠯ᠎ᠢ 2 ᠵᠢᠯ᠎ᠳᠤ 1 ᠤᠳᠠᠭ᠎ᠠ ᠰᠢᠯᠭ᠋ᠠᠷᠠᠭᠤᠯᠤᠨ ᠰᠣᠩᠭᠤᠵᠤ᠂ ᠬᠤᠭᠤᠴᠠᠭ᠎ᠠ ᠪᠦᠷᠢ᠎ᠳᠤ ᠣᠯᠭᠤᠬᠤ ᠶᠠᠰᠤ ᠴᠢᠨᠠᠷ᠎ᠤᠨ ᠱᠠᠩᠨᠠᠯ᠎ᠤᠨ ᠶᠡᠷᠦᠩᠬᠡᠢ ᠲᠤᠭ᠎ᠠ᠎ᠨᠢ 5 ᠪᠣᠯᠣᠨ᠎ᠠ᠃
ᠨᠥᠬᠦᠴᠡᠯ᠎ᠳᠤ ᠨᠡᠶ᠋ᠢᠴᠡᠬᠦ ᠨᠢᠭᠡᠴᠢ ᠪᠠᠶ᠋ᠢᠬᠤ ᠦᠭᠡᠢ ᠪᠣᠯ ᠱᠠᠩᠨᠠᠯ᠎ᠤᠨ ᠵᠦᠢ᠍ᠯ᠎ᠢ ᠬᠤᠭᠤᠰᠤᠨ ᠪᠠᠶ᠋ᠢᠯᠭ᠋ᠠᠵᠤ ᠪᠣᠯᠣᠨ᠎ᠠ᠃
ᠳᠥᠷᠪᠡᠳᠦᠭᠡᠷ ᠵᠦᠢ᠍ᠯ ᠲᠡᠷᠢᠭᠦᠯᠡᠭᠴᠢ ᠵᠢᠨ ᠣᠯᠭᠤᠬᠤ ᠶᠠᠰᠤ ᠴᠢᠨᠠᠷ᠎ᠤᠨ ᠱᠠᠩᠨᠠᠯ᠎ᠤᠨ ᠰᠢᠯᠭ᠋ᠠᠷᠠᠭᠤᠯᠤᠯᠲᠠ᠎ᠳᠤ ᠣᠷᠤᠯᠴᠠᠬᠤ ᠡᠲᠡᠭᠡᠳ᠎ᠠᠴᠠ ᠰᠦᠢ᠍ᠳᠬᠡᠯ ᠬᠤᠷᠢᠶᠠᠬᠤ ᠦᠭᠡᠢ᠃ ᠬᠢᠨᠠᠨ ᠲᠣᠭᠲᠠᠭ᠋ᠠᠬᠤ ᠠᠵᠢᠯ᠎ᠤᠨ ᠵᠠᠷᠤᠳᠠᠯ᠎ᠢ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠣᠲᠣ ᠵᠢᠨ ᠪᠠᠶ᠋ᠢᠭ᠎ᠠ ᠵᠠᠷᠤᠳᠠᠯ᠎ᠠᠴᠠ᠎ᠪᠠᠨ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠲᠤᠰᠠᠯᠠᠮᠵᠢ ᠵᠢᠨ ᠪᠡᠯᠡ ᠮᠥᠩᠭᠦ ᠵᠢ ᠱᠠᠩᠨᠠᠯ ᠣᠯᠭᠤᠬᠤ ᠵᠢᠨ ᠳᠠᠷᠠᠭ᠎ᠠ ᠨᠢᠭᠡ ᠵᠢᠯ᠎ᠤᠨ ᠰᠠᠯᠠᠭ᠎ᠠ ᠮᠥᠴᠢᠷ᠎ᠤᠨ ᠲᠥᠰᠥᠪ᠎ᠲᠤ᠎ᠪᠠᠨ ᠵᠢᠭᠰᠠᠭ᠋ᠠᠨ ᠣᠷᠣᠭᠤᠯᠤᠨ᠎ᠠ᠃
ᠲᠠᠪᠤᠳᠤᠭ᠋ᠠᠷ ᠵᠦᠢ᠍ᠯ ᠲᠡᠷᠢᠭᠦᠯᠡᠭᠴᠢ ᠵᠢᠨ ᠣᠯᠭᠤᠬᠤ ᠶᠠᠰᠤ ᠴᠢᠨᠠᠷ᠎ᠤᠨ ᠱᠠᠩᠨᠠᠯ᠎ᠢ ᠰᠢᠯᠭ᠋ᠠᠷᠠᠭᠤᠯᠤᠨ ᠰᠣᠩᠭᠤᠬᠤ᠎ᠳᠤ ᠰᠠᠶ᠋ᠢᠨ ᠳᠤᠷ᠎ᠠ᠎ᠠᠴᠠ᠎ᠪᠠᠨ ᠭᠤᠶᠤᠴᠢᠯᠠᠵᠤ ᠮᠡᠳᠡᠭᠦᠯᠬᠦ᠂ ᠰᠢᠨᠵᠢᠯᠡᠬᠦ ᠤᠬᠠᠭ᠋ᠠᠨᠴᠢ᠎ᠪᠠᠷ ᠬᠢᠨᠠᠨ ᠲᠣᠭᠲᠠᠭ᠋ᠠᠬᠤ᠂ ᠡᠷᠬᠡ ᠲᠡᠭᠰᠢ ᠲᠥᠪ ᠭᠤᠥᠯᠴᠢ ᠢᠯᠡ ᠪᠠᠶ᠋ᠢᠯᠭ᠋ᠠᠬᠤ ᠵᠠᠷᠴᠢᠮ᠎ᠢ ᠪᠠᠷᠢᠮᠲᠠᠯᠠᠨ᠂ ᠪᠠᠷᠢᠮᠵᠢᠶ᠎ᠠ᠎ᠪᠠᠨ ᠴᠢᠩᠳᠠᠯᠠᠵᠤ᠂ ᠰᠠᠶ᠋ᠢᠨ᠎ᠠᠴᠠ᠎ᠨᠢ ᠰᠢᠯᠢᠳᠡᠭ᠎ᠢ᠎ᠨᠢ ᠰᠣᠩᠭᠤᠬᠤ ᠬᠡᠷᠡᠭᠲᠡᠢ᠃
ᠵᠢᠷᠭᠤᠳᠤᠭ᠋ᠠᠷ ᠵᠦᠢ᠍ᠯ ᠬᠢᠨᠠᠨ ᠲᠣᠭᠲᠠᠭ᠋ᠠᠬᠤ ᠳᠦᠷᠢᠮᠯᠡᠯ᠎ᠳᠤ GB/T19580 《ᠭᠠᠷᠮᠠᠭ᠋ᠠᠢ ᠠᠮᠵᠢᠯᠲᠠ ᠪᠦᠲᠦᠮᠵᠢ ᠵᠢ ᠦᠨᠡᠯᠡᠬᠦ ᠳᠦᠷᠢᠮ》᠎ᠢ ᠦᠨᠳᠦᠰᠦᠯᠡᠬᠦ ᠵᠢᠨ ᠬᠠᠮᠲᠤ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠵᠤ ᠪᠠᠶ᠋ᠢᠭ᠋ᠠᠳ ᠲᠣᠭᠲᠠᠭ᠋ᠠᠨ᠎ᠠ᠃
ᠬᠤᠶᠠᠳᠤᠭ᠋ᠠᠷ ᠪᠦᠯᠦᠭ ᠵᠣᠬᠢᠶᠠᠨ ᠪᠠᠶ᠋ᠢᠭᠤᠯᠵᠤ ᠬᠠᠮᠢᠶᠠᠷᠬᠤ
ᠳᠣᠯᠣᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠪᠠᠷᠢᠮᠵᠢᠶᠠᠵᠢᠭᠤᠯᠬᠤ ᠪᠠ ᠶᠠᠰᠤ ᠴᠢᠨᠠᠷ ᠵᠶ᠋ᠠᠷ ᠣᠷᠣᠨ ᠵᠶ᠋ᠠᠨ ᠬᠦᠴᠦᠷᠬᠡᠭᠵᠢᠭᠦᠯᠬᠦ ᠠᠵᠢᠯ᠎ᠤᠨ ᠤᠳᠤᠷᠢᠳᠬᠤ ᠳᠤᠭᠤᠶ᠋ᠢᠯᠠᠩ (ᠳᠣᠷᠣᠭᠰᠢ ᠤᠳᠤᠷᠢᠳᠬᠤ ᠳᠤᠭᠤᠶ᠋ᠢᠯᠠᠩ ᠭᠡᠵᠦ ᠲᠣᠪᠴᠢᠯᠠᠨ᠎ᠠ)᠎ᠨᠢ ᠲᠡᠷᠢᠭᠦᠯᠡᠭᠴᠢ ᠵᠢᠨ ᠣᠯᠭᠤᠬᠤ ᠶᠠᠰᠤ ᠴᠢᠨᠠᠷ᠎ᠤᠨ ᠱᠠᠩᠨᠠᠯ᠎ᠤᠨ ᠬᠢᠨᠠᠨ ᠲᠣᠭᠲᠠᠭ᠋ᠠᠬᠤ ᠠᠵᠢᠯ᠎ᠢ ᠬᠠᠷᠢᠭᠤᠴᠠᠵᠤ᠂ ᠬᠢᠨᠠᠨ ᠲᠣᠭᠲᠠᠭ᠋ᠠᠬᠤ ᠠᠵᠢᠯᠯᠠᠭ᠎ᠠ ᠵᠢ ᠵᠣᠬᠢᠶᠠᠨ ᠪᠠᠶ᠋ᠢᠭᠤᠯᠵᠤ᠂ ᠬᠢᠨᠠᠨ ᠲᠣᠭᠲᠠᠭ᠋ᠠᠬᠤ ᠳᠦᠷᠢᠮ ᠪᠠ ᠰᠢᠯᠭ᠋ᠠᠷᠠᠭᠤᠯᠤᠨ ᠰᠣᠩᠭᠤᠭᠰᠠᠨ ᠦᠷ᠎ᠡ ᠳ᠋ᠦᠩ᠎ᠢ ᠬᠢᠨᠠᠵᠤ ᠲᠣᠭᠲᠠᠭ᠋ᠠᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠲᠡᠷᠢᠭᠦᠯᠡᠭᠴᠢ ᠵᠢᠨ ᠣᠯᠭᠤᠬᠤ ᠶᠠᠰᠤ ᠴᠢᠨᠠᠷ᠎ᠤᠨ ᠱᠠᠩᠨᠠᠯ᠎ᠳᠤ ᠱᠠᠩᠨᠠᠯ ᠣᠯᠭᠤᠬᠤ᠎ᠪᠠᠷ ᠲᠥᠯᠥᠪᠯᠡᠭᠰᠡᠨ ᠨᠡᠷᠡᠰ ᠵᠡᠷᠭᠡ ᠵᠦᠢ᠍ᠯᠡᠰ᠎ᠢ ᠳᠤᠷᠠᠳᠤᠨ᠎ᠠ᠃
ᠨᠠᠢ᠍ᠮᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ (ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ)᠎ᠨᠢ ᠲᠡᠷᠢᠭᠦᠯᠡᠭᠴᠢ ᠵᠢᠨ ᠣᠯᠭᠤᠬᠤ ᠶᠠᠰᠤ ᠴᠢᠨᠠᠷ᠎ᠤᠨ ᠱᠠᠩᠨᠠᠯ᠎ᠤᠨ ᠡᠳᠦᠷ ᠲᠤᠲᠤᠮ᠎ᠤᠨ ᠠᠵᠢᠯ᠎ᠢ ᠬᠠᠷᠢᠭᠤᠴᠠᠵᠤ᠂ ᠬᠢᠨᠠᠨ ᠲᠣᠭᠲᠠᠭ᠋ᠠᠬᠤ ᠳᠦᠷᠢᠮ᠎ᠢ ᠲᠣᠭᠲᠠᠭ᠋ᠠᠬᠤ ᠪᠠ ᠵᠠᠰᠠᠪᠤᠷᠢ ᠣᠷᠣᠭᠤᠯᠬᠤ ᠵᠢ ᠵᠣᠬᠢᠶᠠᠨ ᠪᠠᠶ᠋ᠢᠭᠤᠯᠵᠤ᠂ ᠬᠢᠨᠠᠨ ᠲᠣᠭᠲᠠᠭ᠋ᠠᠬᠤ ᠲᠤᠰᠬᠠᠢ ᠮᠡᠷᠭᠡᠵᠢᠯᠲᠡᠨ᠎ᠤ ᠬᠥᠮᠥᠷᠭᠡ ᠵᠢ ᠪᠠᠶ᠋ᠢᠭᠤᠯᠤᠨ ᠬᠠᠮᠢᠶᠠᠷᠴᠤ᠂ ᠬᠢᠨᠠᠨ ᠲᠣᠭᠲᠠᠭ᠋ᠠᠬᠤ ᠠᠵᠢᠯ᠎ᠤᠨ ᠲᠥᠯᠥᠪᠯᠡᠭᠡ ᠪᠠ ᠲᠥᠰᠥᠯ᠎ᠢ ᠲᠣᠭᠲᠠᠭ᠋ᠠᠬᠤ ᠵᠢᠨ ᠬᠠᠮᠲᠤ ᠵᠣᠬᠢᠶᠠᠨ ᠪᠠᠶ᠋ᠢᠭᠤᠯᠵᠤ ᠬᠡᠷᠡᠭᠵᠢᠭᠦᠯᠦᠨ᠂ ᠬᠢᠨᠠᠨ ᠲᠣᠭᠲᠠᠭ᠋ᠠᠬᠤ ᠪᠠᠶ᠋ᠢᠭᠤᠯᠤᠮᠵᠢ ᠵᠢ ᠰᠣᠩᠭᠤᠨ ᠲᠣᠭᠲᠠᠭ᠋ᠠᠵᠤ᠂ ᠬᠢᠨᠠᠨ ᠲᠣᠭᠲᠠᠭ᠋ᠠᠬᠤ ᠠᠵᠢᠯ᠎ᠳᠤ ᠬᠢᠨᠠᠯᠲᠠ ᠲᠠᠯᠪᠢᠵᠤ᠂ ᠬᠢᠨᠠᠨ ᠲᠣᠭᠲᠠᠭ᠋ᠠᠭᠰᠠᠨ ᠦᠷ᠎ᠡ ᠳ᠋ᠦᠩ ᠵᠶ᠋ᠠᠨ ᠤᠳᠤᠷᠢᠳᠬᠤ ᠳᠤᠭᠤᠶ᠋ᠢᠯᠠᠩ᠎ᠳᠤ ᠮᠡᠳᠡᠭᠦᠯᠵᠦ᠂ ᠵᠢᠱ᠌ᠢᠭᠳᠡᠭᠰᠡᠳ᠎ᠤᠨ ᠨᠡᠷᠡᠰ᠎ᠢ ᠬᠢᠨᠠᠨ ᠵᠥᠪᠯᠡᠬᠦ᠎ᠪᠠᠷ ᠳᠤᠷᠠᠳᠤᠨ ᠭᠠᠷᠭ᠋ᠠᠵᠤ᠂ ᠲᠡᠷᠢᠭᠦᠨ᠎ᠤ ᠶᠠᠰᠤ ᠴᠢᠨᠠᠷ᠎ᠤᠨ ᠬᠠᠮᠢᠶᠠᠷᠤᠯᠲᠠ ᠵᠢᠨ ᠵᠠᠭᠪᠤᠷ ᠪᠠ ᠠᠷᠭ᠎ᠠ ᠵᠢ ᠤᠬᠠᠭᠤᠯᠤᠨ ᠳᠡᠯᠭᠡᠷᠡᠭᠦᠯᠬᠦ᠂ ᠪᠣᠯᠪᠠᠰᠤᠷᠠᠯ ᠬᠢᠬᠦ ᠪᠠ ᠬᠥᠮᠥᠵᠢᠭᠦᠯᠦᠨ ᠪᠣᠶ᠋ᠢᠵᠢᠭᠤᠯᠬᠤ ᠠᠵᠢᠯ᠎ᠢ ᠵᠣᠬᠢᠶᠠᠨ ᠪᠠᠶ᠋ᠢᠭᠤᠯᠵᠤ ᠥᠷᠨᠢᠭᠦᠯᠦᠨ᠂ ᠲᠡᠷᠢᠭᠦᠯᠡᠭᠴᠢ ᠵᠢᠨ ᠣᠯᠭᠤᠬᠤ ᠶᠠᠰᠤ ᠴᠢᠨᠠᠷ᠎ᠤᠨ ᠱᠠᠩᠨᠠᠯ᠎ᠤᠨ ᠢᠷᠠᠭᠤ ᠠᠯᠳᠠᠷ ᠪᠣᠯᠣᠨ ᠲᠡᠮᠳᠡᠭ᠎ᠤᠨ ᠬᠡᠷᠡᠭᠯᠡᠯᠲᠡ ᠵᠢ ᠵᠢᠷᠤᠮᠵᠢᠭᠤᠯᠵᠤ᠂ ᠬᠢᠨᠠᠯᠲᠠ ᠲᠠᠯᠪᠢᠨ᠎ᠠ᠃
ᠶᠢᠰᠦᠳᠦᠭᠡᠷ ᠵᠦᠢ᠍ᠯ ᠡᠯ᠎ᠡ ᠠᠶ᠋ᠢᠮᠠᠭ ᠬᠤᠳᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠨᠢ ᠲᠤᠰ ᠭᠠᠵᠠᠷ ᠣᠷᠣᠨ᠎ᠤ᠎ᠪᠠᠨ ᠭᠤᠶᠤᠴᠢᠯᠠᠵᠤ ᠮᠡᠳᠡᠭᠦᠯᠬᠦ ᠵᠢ ᠳᠠᠶ᠋ᠢᠴᠢᠯᠠᠬᠤ᠂ ᠲᠠᠨᠢᠯᠴᠠᠭᠤᠯᠬᠤ ᠠᠵᠢᠯ᠎ᠢ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠤᠯᠪᠣᠭᠳᠠᠯ ᠪᠦᠬᠦᠢ ᠠᠵᠢᠯ ᠲᠥᠷᠥᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠠᠵᠢᠯ ᠲᠥᠷᠥᠯ᠎ᠤᠨ ᠵᠣᠬᠢᠶᠠᠨ ᠪᠠᠶ᠋ᠢᠭᠤᠯᠤᠯᠲᠠ᠎ᠨᠢ ᠲᠤᠰ ᠠᠵᠢᠯ ᠲᠥᠷᠥᠯ᠎ᠤᠨ ᠵᠶ᠋ᠠᠨ ᠭᠤᠶᠤᠴᠢᠯᠠᠵᠤ ᠮᠡᠳᠡᠭᠦᠯᠬᠦ ᠵᠢ ᠳᠠᠶ᠋ᠢᠴᠢᠯᠠᠬᠤ ᠠᠵᠢᠯ᠎ᠢ ᠬᠠᠷᠢᠭᠤᠴᠠᠨ᠎ᠠ᠃
ᠭᠤᠷᠪᠠᠳᠤᠭ᠋ᠠᠷ ᠪᠦᠯᠦᠭ ᠭᠤᠶᠤᠴᠢᠯᠠᠨ ᠮᠡᠳᠡᠭᠦᠯᠬᠦ ᠨᠥᠬᠦᠴᠡᠯ
ᠠᠷᠪᠠᠳᠤᠭ᠋ᠠᠷ ᠵᠦᠢ᠍ᠯ ᠲᠡᠷᠢᠭᠦᠯᠡᠭᠴᠢ ᠵᠢᠨ ᠣᠯᠭᠤᠬᠤ ᠶᠠᠰᠤ ᠴᠢᠨᠠᠷ᠎ᠤᠨ ᠱᠠᠩᠨᠠᠯ᠎ᠢ ᠭᠤᠶᠤᠴᠢᠯᠠᠨ ᠮᠡᠳᠡᠭᠦᠯᠬᠦ ᠨᠢᠭᠡᠴᠢ᠎ᠨᠢ ᠳᠣᠣᠷᠠᠬᠢ ᠨᠥᠬᠦᠴᠡᠯ᠎ᠢ ᠪᠦᠷᠢᠳᠦᠭᠦᠯᠦᠭᠰᠡᠨ ᠪᠠᠶ᠋ᠢᠬᠤ ᠬᠡᠷᠡᠭᠲᠡᠢ᠄
(ᠨᠢᠭᠡ) ᠥᠪᠡᠷᠲᠡᠭᠡᠨ ᠵᠠᠰᠠᠬᠤ ᠣᠷᠣᠨ᠎ᠳᠤ ᠬᠠᠤᠯᠢ ᠶᠣᠰᠣᠭ᠋ᠠᠷ ᠳᠡᠩᠰᠠᠯᠠᠨ ᠲᠡᠮᠳᠡᠭᠯᠡᠭᠦᠯᠦᠭᠰᠡᠨ᠂ ᠪᠡᠶ᠎ᠡ᠎ᠪᠠᠨ ᠳᠠᠭ᠋ᠠᠭ᠋ᠠᠭᠰᠠᠨ ᠬᠠᠤᠯᠢ ᠵᠢᠨ ᠡᠷᠬᠡᠲᠡᠨ᠎ᠤ ᠬᠢᠷᠢ ᠬᠡᠮ᠎ᠲᠠᠢ᠂ 5 ᠵᠢᠯ᠎ᠠᠴᠠ ᠳᠡᠭᠡᠭᠰᠢ ᠬᠤᠭᠤᠴᠠᠭ᠎ᠠ᠎ᠲᠠᠢ ᠬᠡᠪ᠎ᠤᠨ ᠪᠠᠶ᠋ᠢᠳᠠᠯ ᠵᠶ᠋ᠠᠷ ᠦᠢ᠍ᠯᠡᠳᠪᠦᠷᠢᠯᠡᠨ ᠡᠵᠡᠩᠨᠡᠭᠰᠡᠨ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠰ᠂ ᠶᠠᠰᠤ ᠴᠢᠨᠠᠷ᠂ ᠣᠷᠴᠢᠨ ᠲᠣᠭᠤᠷᠢᠨ᠎ᠤ ᠬᠠᠮᠠᠭ᠋ᠠᠯᠠᠯᠲᠠ᠂ ᠡᠨᠧᠷᠭᠢ ᠠᠷᠪᠢᠯᠠᠬᠤ᠂ ᠠᠮᠤᠷ ᠲᠦᠪᠰᠢᠨ ᠵᠡᠷᠭᠡ ᠲᠥᠷᠥ ᠵᠢᠨ ᠪᠣᠳᠣᠯᠭ᠎ᠠ ᠵᠢᠨ ᠱᠠᠭ᠋ᠠᠷᠳᠠᠯᠭ᠎ᠠ᠎ᠳᠤ ᠨᠡᠶ᠋ᠢᠴᠡᠵᠦ᠂ ᠬᠤᠯᠪᠣᠭᠳᠠᠯ ᠪᠦᠬᠦᠢ ᠬᠢᠷᠢ ᠬᠡᠮ ᠪᠤᠶᠤ ᠭᠡᠷᠡᠴᠢ ᠦᠨᠡᠮᠯᠡᠯ᠎ᠢ ᠪᠦᠷᠢᠯᠳᠦᠭᠦᠯᠦᠭᠰᠡᠨ ᠪᠠᠶ᠋ᠢᠬᠤ᠃
(ᠬᠤᠶᠠᠷ) ᠶᠠᠰᠤ ᠴᠢᠨᠠᠷ᠎ᠢ ᠬᠠᠮᠢᠶᠠᠷᠬᠤ ᠲᠣᠭᠲᠠᠯᠴᠠᠭ᠎ᠠ᠎ᠨᠢ ᠪᠦᠷᠢᠨᠰᠢᠭᠰᠡᠨ᠂ ᠶᠠᠰᠤ ᠴᠢᠨᠠᠷ᠎ᠢ ᠬᠠᠮᠢᠶᠠᠷᠬᠤ ᠵᠠᠭᠪᠤᠷ᠎ᠨᠢ ᠲᠡᠷᠢᠭᠦᠨ᠎ᠤ ᠪᠠᠶ᠋ᠢᠵᠤ᠂ ᠪᠠᠷᠢᠮᠵᠢᠶ᠎ᠠ ᠵᠢᠨ ᠲᠣᠭᠲᠠᠯᠴᠠᠭ᠎ᠠ ᠵᠢ ᠪᠠᠶ᠋ᠢᠭᠤᠯᠤᠭᠰᠠᠨ᠂ ᠶᠠᠰᠤ ᠴᠢᠨᠠᠷ᠎ᠢ ᠬᠠᠮᠢᠶᠠᠷᠬᠤ ᠳᠦᠷᠢᠮ᠂ ᠵᠠᠭᠪᠤᠷ᠂ ᠠᠷᠭ᠎ᠠ ᠠᠪᠴᠠᠯ᠎ᠳᠤ ᠰᠢᠨ᠎ᠡ ᠵᠢ ᠡᠭᠦᠳᠦᠭᠰᠡᠨ᠎ᠤ ᠬᠠᠮᠲᠤ᠂ 2 ᠵᠢᠯ᠎ᠠᠴᠠ ᠳᠡᠭᠡᠭᠰᠢ ᠬᠤᠭᠤᠴᠠᠭ᠎ᠠ᠎ᠲᠠᠢ ᠪᠦᠲᠦᠮᠵᠢᠲᠡᠶ ᠠᠵᠢᠯᠯᠠᠭᠰᠠᠨ ᠮᠥᠷᠲᠡᠭᠡᠨ ᠳᠡᠯᠭᠡᠷᠡᠭᠦᠯᠬᠦ ᠦᠨ᠎ᠡ ᠥᠷᠲᠡᠭ᠎ᠲᠠᠢ ᠪᠠᠶ᠋ᠢᠬᠤ᠃
(ᠭᠤᠷᠪᠠ) 《ᠶᠠᠰᠤ ᠴᠢᠨᠠᠷ᠎ᠢ ᠲᠡᠷᠢᠭᠦᠨ᠎ᠳᠤ ᠲᠠᠯᠪᠢᠬᠤ᠂ ᠦᠷ᠎ᠡ ᠠᠰᠢᠭ᠎ᠢ ᠤᠷᠢᠳ ᠵᠶ᠋ᠠᠷ ᠪᠣᠳᠣᠯᠬᠢᠯᠠᠬᠤ》 ᠬᠥᠭᠵᠢᠯᠲᠡ ᠵᠢᠨ ᠣᠨᠣᠯᠵᠢᠬᠤᠨ᠎ᠢ ᠪᠠᠷᠢᠮᠲᠠᠯᠠᠨ᠂ ᠶᠠᠰᠤ ᠴᠢᠨᠠᠷ᠎ᠤᠨ ᠠᠵᠢᠯ᠎ᠤᠨ ᠰᠢᠯᠢᠳᠡᠭ ᠰᠣᠶᠣᠯ᠎ᠢ ᠡᠷᠬᠢᠮᠯᠡᠵᠦ᠂ ᠶᠠᠰᠤ ᠴᠢᠨᠠᠷ᠎ᠤᠨ ᠬᠤᠪᠢᠰᠤᠯᠲᠠ ᠵᠢ ᠶᠡᠭᠡ᠎ᠪᠠᠷ ᠠᠬᠢᠭᠤᠯᠤᠨ᠎ᠠ᠃ ᠦᠢ᠍ᠯᠡᠳᠪᠦᠷᠢᠯᠡᠯ ᠡᠵᠡᠩᠨᠡᠯᠲᠡ ᠵᠢᠨ ᠠᠵᠢᠯᠯᠠᠭ᠎ᠠ ᠡᠷᠬᠢᠯᠡᠵᠦ ᠪᠠᠶ᠋ᠢᠭ᠎ᠠ ᠨᠢᠭᠡᠴᠢ ᠵᠢᠨ ᠭᠤᠣᠯ ᠪᠣᠯᠬᠤ ᠠᠵᠤ ᠠᠬᠤᠢ᠂ ᠮᠡᠷᠭᠡᠵᠢᠯ᠎ᠤᠨ ᠭᠦᠢ᠍ᠴᠡᠳᠬᠡᠯ ᠲᠤᠭ᠎ᠠ ᠪᠣᠯᠣᠨ ᠶᠠᠰᠤ ᠴᠢᠨᠠᠷ᠎ᠤᠨ ᠬᠢᠷᠢ ᠲᠦᠪᠰᠢᠨ᠎ᠨᠢ ᠪᠥᠬᠦ ᠣᠷᠣᠨ᠎ᠤ ᠠᠳᠠᠯᠢ ᠠᠵᠢᠯ ᠲᠥᠷᠥᠯ᠎ᠤᠨ ᠡᠮᠦᠨ᠎ᠡ ᠡᠩᠨᠡᠭᠡᠨ᠎ᠳᠤ ᠪᠠᠶ᠋ᠢᠬᠤ; ᠠᠰᠢᠭ ᠣᠯᠵᠠᠪᠤᠷᠢ ᠵᠢᠨ ᠪᠤᠰᠤ ᠴᠢᠨᠠᠷᠲᠠᠢ ᠲᠤᠬᠠᠶ᠋ᠢᠯᠠᠭᠰᠠᠨ ᠠᠵᠢᠯ᠎ᠢ ᠡᠷᠭᠢᠯᠡᠵᠦ ᠪᠠᠶ᠋ᠢᠭ᠎ᠠ ᠨᠢᠭᠡᠴᠢ ᠵᠢᠨ ᠨᠡᠶ᠋ᠢᠭᠡᠮ᠎ᠳᠤ ᠦᠵᠡᠭᠦᠯᠦᠭᠰᠡᠨ ᠬᠤᠪᠢ ᠨᠡᠮᠡᠷᠢ᠎ᠨᠢ ᠥᠪᠡᠷᠲᠡᠭᠡᠨ ᠵᠠᠰᠠᠬᠤ ᠣᠷᠣᠨ᠎ᠤ ᠠᠳᠠᠯᠢ ᠠᠵᠢᠯ ᠲᠥᠷᠥᠯ᠎ᠤᠨ ᠡᠮᠦᠨ᠎ᠡ ᠡᠩᠨᠡᠭᠡᠨ᠎ᠳᠤ ᠪᠠᠶ᠋ᠢᠬᠤ᠃
(ᠳᠥᠷᠪᠡ) ᠶᠠᠰᠤ ᠴᠢᠨᠠᠷ᠎ᠤᠨ ᠬᠥᠭᠵᠢᠯᠲᠡ᠂ ᠨᠠᠷᠠᠲᠤ ᠲᠡᠮᠳᠡᠭ᠎ᠤᠨ ᠪᠠᠶ᠋ᠢᠭᠤᠯᠤᠯᠲᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠳᠠᠪᠰᠢᠯᠲᠠ᠂ ᠪᠠᠷᠢᠮᠵᠢᠶ᠎ᠠ᠎ᠳᠤ ᠰᠢᠨ᠎ᠡ ᠵᠢ ᠡᠭᠦᠳᠬᠦ᠂ ᠠᠵᠤ ᠠᠬᠤᠢ ᠨᠡᠶ᠋ᠢᠭᠡᠮ᠎ᠤᠨ ᠦᠷ᠎ᠡ ᠠᠰᠢᠭ᠂ ᠡᠨᠧᠷᠭᠢ ᠠᠷᠪᠢᠯᠠᠨ ᠬᠤᠷᠣᠭᠳᠠᠯ᠎ᠢ ᠪᠠᠭᠤᠷᠠᠭᠤᠯᠵᠤ ᠪᠣᠬᠢᠷᠲᠤᠯ ᠭᠠᠳᠠᠭᠰᠢᠯᠠᠭᠤᠯᠬᠤ ᠵᠢ ᠪᠠᠭ᠋ᠠᠰᠬᠠᠬᠤ᠂ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠪᠠ ᠨᠡᠶ᠋ᠢᠭᠡᠮ᠎ᠤᠨ ᠬᠠᠷᠢᠭᠤᠴᠠᠯᠭ᠎ᠠ ᠵᠢ ᠭᠦᠢ᠍ᠴᠡᠳᠬᠡᠬᠦ ᠵᠡᠷᠭᠡ ᠲᠠᠯ᠎ᠠ᠎ᠪᠠᠷ ᠲᠣᠪᠣᠶ᠋ᠢᠮ᠎ᠠ ᠦᠷ᠎ᠡ ᠪᠦᠲᠦᠮᠵᠢ ᠣᠯᠣᠭᠰᠠᠨ ᠪᠠᠶ᠋ᠢᠬᠤ᠃
(ᠲᠠᠪᠤ) ᠣᠶ᠋ᠢᠷ᠎ᠠ ᠵᠢᠨ 3 ᠵᠢᠯ᠎ᠤᠨ ᠬᠤᠭᠤᠴᠠᠭ᠋ᠠᠨ᠎ᠳᠤ ᠶᠠᠰᠤ ᠴᠢᠨᠠᠷ᠂ ᠠᠮᠤᠷ ᠲᠦᠪᠰᠢᠨ᠂ ᠣᠷᠴᠢᠨ ᠲᠣᠭᠤᠷᠢᠨ᠎ᠤ ᠪᠣᠬᠢᠷᠲᠤᠯ᠂ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ ᠵᠡᠷᠭᠡ ᠲᠠᠯ᠎ᠠ᠎ᠪᠠᠷ ᠠᠳᠡᠯ ᠭᠠᠷᠤᠭᠰᠠᠨ ᠦᠭᠡᠢ᠂ ᠬᠠᠮᠢᠶ᠎ᠠ ᠪᠦᠬᠦᠢ ᠬᠠᠤᠯᠢ᠎ᠠᠴᠠ ᠵᠥᠷᠢᠴᠡᠭᠰᠡᠨ᠂ ᠲᠣᠭᠲᠠᠭ᠋ᠠᠯ᠎ᠠᠴᠠ ᠵᠥᠷᠢᠴᠡᠭᠰᠡᠨ᠂ ᠰᠠᠬᠢᠯᠭ᠎ᠠ ᠪᠠᠲᠤ ᠵᠢ ᠵᠥᠷᠢᠴᠡᠭᠰᠡᠨ ᠪᠠ ᠢᠲᠡᠭᠡᠮᠵᠢ᠎ᠪᠠᠨ ᠠᠯᠳᠠᠭᠰᠠᠨ ᠲᠡᠮᠳᠡᠭᠯᠡᠯ ᠪᠠᠶ᠋ᠢᠬᠤ ᠦᠭᠡᠢ᠃
ᠳᠥᠷᠪᠡᠳᠦᠭᠡᠷ ᠪᠦᠯᠦᠭ ᠬᠢᠨᠠᠨ ᠲᠣᠭᠲᠠᠭ᠋ᠠᠬᠤ ᠶᠠᠪᠤᠴᠠ
ᠠᠷᠪᠠᠨ ᠨᠢᠭᠡᠳᠦᠭᠡᠷ ᠵᠦᠢ᠍ᠯ ᠭᠤᠶᠤᠴᠢᠯᠠᠨ ᠮᠡᠳᠡᠭᠦᠯᠬᠦ ᠨᠢᠭᠡᠴᠢ᠎ᠨᠦᠭᠦᠳ ᠰᠠᠶ᠋ᠢᠨ ᠳᠤᠷ᠎ᠠ ᠵᠢᠨ ᠪᠠᠶ᠋ᠢᠬᠤ ᠰᠠᠭᠤᠷᠢᠨ ᠳᠡᠭᠡᠷ᠎ᠡ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠵᠶ᠋ᠠᠨ ᠦᠨᠡᠨ ᠮᠥᠨ ᠵᠶ᠋ᠠᠷ ᠲᠠᠭᠯᠠᠵᠤ᠂ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠪᠠ ᠬᠠᠮᠢᠶ᠎ᠠ ᠪᠦᠬᠦᠢ ᠨᠤᠲᠠᠯᠠᠨ ᠭᠡᠷᠡᠴᠢᠯᠡᠬᠦ ᠴᠢᠨᠠᠷᠲᠠᠢ ᠮᠠᠲ᠋ᠧᠷᠢᠶᠠᠯ ᠵᠶ᠋ᠠᠨ ᠲᠣᠭᠲᠠᠭᠰᠠᠨ ᠴᠠᠭ ᠬᠤᠭᠤᠴᠠᠭ᠋ᠠᠨ᠎ᠳᠤ᠂ ᠪᠠᠶ᠋ᠢᠭ᠎ᠠ ᠭᠠᠵᠠᠷ᠎ᠤᠨ ᠠᠶ᠋ᠢᠮᠠᠭ ᠬᠤᠳᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠮᠡᠳᠡᠭᠦᠯᠦᠨ ᠬᠦᠷᠭᠡᠬᠦ ᠬᠡᠷᠡᠭᠲᠡᠢ᠃
ᠠᠷᠪᠠᠨ ᠬᠤᠶᠠᠳᠤᠭ᠋ᠠᠷ ᠵᠦᠢ᠍ᠯ ᠠᠶ᠋ᠢᠮᠠᠭ ᠬᠤᠳᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠠᠶ᠋ᠢᠮᠠᠭ ᠬᠤᠲᠠ ᠵᠢᠨ ᠬᠤᠯᠪᠣᠭᠳᠠᠯ ᠪᠦᠬᠦᠢ ᠠᠵᠢᠯ ᠲᠥᠷᠥᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠨ᠂ ᠭᠤᠶᠤᠴᠢᠯᠠᠨ ᠮᠡᠳᠡᠭᠦᠯᠦᠭᠰᠡᠨ ᠨᠢᠭᠡᠴᠢ ᠵᠢᠨ ᠬᠢᠷᠢ ᠬᠡᠮ ᠪᠣᠯᠣᠨ ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ᠎ᠤᠨ ᠪᠦᠷᠢᠨ ᠪᠦᠲᠦᠨ ᠴᠢᠨᠠᠷ᠂ ᠦᠨᠡᠨ ᠪᠣᠳᠠᠲᠤ ᠴᠢᠨᠠᠷ᠎ᠲᠤ ᠬᠡᠯᠪᠡᠷᠢ ᠵᠢᠨ ᠲᠠᠯ᠎ᠠ᠎ᠪᠠᠷ ᠬᠢᠨᠠᠨ ᠪᠠᠶ᠋ᠢᠴᠠᠭ᠋ᠠᠯᠲᠠ ᠬᠢᠵᠦ᠂ ᠭᠤᠶᠤᠴᠢᠯᠠᠨ ᠮᠡᠳᠡᠭᠦᠯᠬᠦ ᠨᠥᠬᠦᠴᠡᠯ᠎ᠳᠤ ᠨᠡᠶ᠋ᠢᠴᠡᠭᠰᠡᠨ᠎ᠳᠤᠨᠢ ᠲᠠᠨᠢᠯᠴᠠᠭᠤᠯᠬᠤ ᠰᠠᠨᠠᠯ ᠭᠠᠷᠭ᠋ᠠᠬᠤ ᠬᠡᠷᠡᠭᠲᠡᠢ᠃
ᠠᠷᠪᠠᠨ ᠭᠤᠷᠪᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ (ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ)᠎ᠨᠢ ᠭᠤᠶᠤᠴᠢᠯᠠᠨ ᠮᠡᠳᠡᠭᠦᠯᠦᠭᠰᠡᠨ ᠨᠢᠭᠡᠴᠢ ᠵᠢᠨ ᠬᠢᠷᠢ ᠬᠡᠮ ᠪᠠ ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ᠎ᠤᠨ ᠪᠦᠷᠢᠨ ᠪᠦᠲᠦᠨ ᠴᠢᠨᠠᠷ᠎ᠢ ᠳᠠᠬᠢᠨ ᠬᠠᠷᠭᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠤᠯᠪᠣᠭᠳᠠᠯ ᠪᠦᠬᠦᠢ ᠠᠵᠢᠯ ᠲᠥᠷᠥᠯ᠎ᠤᠨ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠰᠠᠨᠠᠯ᠎ᠢ ᠬᠤᠷᠢᠶᠠᠵᠤ᠂ ᠬᠢᠷᠢ ᠬᠡᠮ᠎ᠳᠤ ᠨᠡᠶ᠋ᠢᠴᠡᠬᠦ ᠨᠡᠷᠡᠰ᠎ᠢ ᠲᠣᠭᠲᠠᠭ᠋ᠠᠬᠤ ᠵᠢᠨ ᠬᠠᠮᠲᠤ ᠨᠡᠶ᠋ᠢᠭᠡᠮ᠎ᠳᠤ ᠢᠯᠡ ᠨᠡᠶ᠋ᠢᠲᠡᠯᠡᠬᠦ ᠬᠡᠷᠡᠭᠲᠡᠢ᠃
ᠠᠷᠪᠠᠨ ᠳᠥᠷᠪᠡᠳᠦᠭᠡᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ (ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ)᠎ᠨᠢ ᠬᠢᠨᠠᠨ ᠲᠣᠭᠲᠠᠭ᠋ᠠᠬᠤ ᠠᠵᠢᠯ᠎ᠢ ᠵᠣᠬᠢᠶᠠᠨ ᠪᠠᠶ᠋ᠢᠭᠤᠯᠵᠤ ᠥᠷᠨᠢᠭᠦᠯᠦᠨ᠎ᠡ᠂ ᠡᠭᠦᠨ᠎ᠳᠤ ᠮᠠᠲ᠋ᠧᠷᠢᠶᠠᠯ᠎ᠢ ᠬᠢᠨᠠᠨ ᠲᠣᠭᠲᠠᠭ᠋ᠠᠬᠤ᠂ ᠲᠤᠬᠠᠢ ᠵᠢᠨ ᠲᠠᠯᠠᠪᠤᠷᠲᠤᠨᠢ ᠬᠢᠨᠠᠨ ᠲᠣᠭᠲᠠᠭ᠋ᠠᠬᠤ᠂ ᠲᠣᠭ᠋ᠠᠴᠢᠯᠲᠠ ᠬᠢᠵᠦ ᠬᠠᠷᠢᠭᠤ ᠮᠠᠷᠭᠤᠬᠤ ᠪᠠᠭᠲᠠᠨ᠎ᠠ᠃
(ᠨᠢᠭᠡ) ᠮᠠᠲ᠋ᠧᠷᠢᠶᠠᠯ᠎ᠢ ᠬᠢᠨᠠᠨ ᠲᠣᠭᠲᠠᠭ᠋ᠠᠬᠤ᠃ ᠮᠠᠲ᠋ᠧᠷᠢᠶᠠᠯ᠎ᠢ ᠬᠢᠨᠠᠨ ᠲᠣᠭᠲᠠᠭ᠋ᠠᠬᠤ ᠲᠤᠰᠬᠠᠢ ᠮᠡᠷᠭᠡᠵᠢᠯᠲᠡᠨ᠎ᠤ ᠳᠤᠭᠤᠶ᠋ᠢᠯᠠᠩ ᠪᠠᠶ᠋ᠢᠭᠤᠯᠵᠤ᠂ ᠮᠠᠲ᠋ᠧᠷᠢᠶᠠᠯ᠎ᠢ ᠬᠢᠨᠠᠨ ᠲᠣᠭᠲᠠᠭ᠋ᠠᠬᠤ ᠠᠵᠢᠯ᠎ᠢ ᠥᠷᠨᠢᠭᠦᠯᠦᠨ᠂ ᠬᠢᠨᠠᠨ ᠲᠣᠭᠲᠠᠭ᠋ᠠᠭᠰᠠᠨ ᠰᠠᠨᠠᠯ ᠪᠠ ᠮᠠᠲ᠋ᠧᠷᠢᠶᠠᠯ᠎ᠢ ᠬᠢᠨᠠᠨ ᠲᠣᠭᠲᠠᠭ᠋ᠠᠭᠰᠠᠨ ᠬᠤᠪᠢ ᠵᠢ ᠭᠠᠷᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ (ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ)᠎ᠨᠢ ᠡᠯ᠎ᠡ ᠳᠤᠭᠤᠶ᠋ᠢᠯᠠᠩ᠎ᠤᠨ ᠬᠢᠨᠠᠨ ᠲᠣᠭᠲᠠᠭ᠋ᠠᠭᠰᠠᠨ ᠦᠷ᠎ᠡ ᠳ᠋ᠦᠩ᠎ᠢ ᠶᠡᠷᠦᠩᠬᠡᠶ᠋ᠢᠯᠡᠭᠡᠳ ᠲᠤᠬᠠᠢ ᠵᠢᠨ ᠲᠠᠯᠠᠪᠤᠷᠲᠤᠨᠢ ᠬᠢᠨᠠᠨ ᠲᠣᠭᠲᠠᠭ᠋ᠠᠬᠤ ᠨᠢᠭᠡᠴᠢ ᠵᠢᠨ ᠨᠡᠷᠡᠰ᠎ᠢ ᠲᠣᠭᠲᠠᠭ᠋ᠠᠨ᠎ᠠ᠃
(ᠬᠤᠶᠠᠷ) ᠲᠤᠬᠠᠢ ᠵᠢᠨ ᠲᠠᠯᠠᠪᠤᠷᠲᠤᠨᠢ ᠬᠢᠨᠠᠨ ᠲᠣᠭᠲᠠᠭ᠋ᠠᠬᠤ᠃ ᠲᠤᠬᠠᠢ ᠵᠢᠨ ᠲᠠᠯᠠᠪᠤᠷᠲᠤᠨᠢ ᠬᠢᠨᠠᠨ ᠲᠣᠭᠲᠠᠭ᠋ᠠᠬᠤ ᠲᠤᠰᠬᠠᠢ ᠮᠡᠷᠭᠡᠵᠢᠯᠲᠡᠨ᠎ᠤ ᠳᠤᠭᠤᠶ᠋ᠢᠯᠠᠩ ᠪᠠᠶ᠋ᠢᠭᠤᠯᠵᠤ᠂ ᠲᠤᠬᠠᠢ ᠵᠢᠨ ᠲᠠᠯᠠᠪᠤᠷᠲᠤᠨᠢ ᠬᠢᠨᠠᠨ ᠲᠣᠭᠲᠠᠭ᠋ᠠᠬᠤ ᠭᠤᠭᠴᠤᠭ᠎ᠠ᠎ᠳᠤ ᠣᠷᠣᠭᠰᠠᠨ ᠭᠤᠶᠤᠴᠢᠯᠠᠨ ᠮᠡᠳᠡᠭᠦᠯᠬᠦ ᠨᠢᠭᠡᠴᠢ ᠵᠢᠨ ᠶᠠᠰᠤ ᠴᠢᠨᠠᠷ᠎ᠤᠨ ᠬᠠᠮᠢᠶᠠᠷᠤᠯᠲᠠ ᠵᠢᠨ ᠦᠢ᠍ᠯᠡᠳᠦᠯᠭᠡ᠂ ᠭᠠᠷᠮᠠᠭ᠋ᠠᠢ ᠠᠮᠵᠢᠯᠲᠠ ᠪᠦᠲᠦᠮᠵᠢ ᠵᠢᠨ ᠵᠠᠭᠪᠤᠷ᠎ᠢ ᠬᠡᠷᠡᠭᠵᠢᠭᠦᠯᠦᠭᠰᠡᠨ ᠶᠠᠪᠤᠴᠠ ᠦᠷ᠎ᠡ ᠳ᠋ᠦᠩ ᠵᠡᠷᠭᠡ᠎ᠳᠤ ᠲᠤᠬᠠᠢ ᠵᠢᠨ ᠭᠠᠵᠠᠷ᠎ᠲᠤᠨᠢ ᠦᠨᠡᠯᠡᠯᠲᠡ ᠬᠢᠵᠦ᠂ ᠬᠢᠨᠠᠨ ᠲᠣᠭᠲᠠᠭ᠋ᠠᠭᠰᠠᠨ ᠰᠠᠨᠠᠯ ᠪᠠ ᠲᠤᠬᠠᠢ ᠵᠢᠨ ᠲᠠᠯᠠᠪᠤᠷᠲᠤᠨᠢ ᠬᠢᠨᠠᠨ ᠲᠣᠭᠲᠠᠭ᠋ᠠᠭᠰᠠᠨ ᠬᠤᠪᠢ ᠵᠢ ᠭᠠᠷᠭ᠋ᠠᠨ᠎ᠠ᠃
(ᠭᠤᠷᠪᠠ) ᠲᠣᠭ᠋ᠠᠴᠢᠯᠲᠠ ᠬᠢᠵᠦ ᠬᠠᠷᠢᠭᠤ ᠮᠠᠷᠭᠤᠬᠤ᠃ ᠲᠣᠭ᠋ᠠᠴᠢᠯᠲᠠ ᠬᠢᠵᠦ ᠬᠠᠷᠢᠭᠤ ᠮᠠᠷᠭᠤᠬᠤ ᠵᠢᠨ ᠬᠢᠨᠠᠨ ᠲᠣᠭᠲᠠᠭ᠋ᠠᠬᠤ ᠲᠤᠰᠬᠠᠢ ᠮᠡᠷᠭᠡᠵᠢᠯᠲᠡᠨ᠎ᠤ ᠳᠤᠭᠤᠶ᠋ᠢᠯᠠᠩ ᠪᠠᠶ᠋ᠢᠭᠤᠯᠵᠤ᠂ ᠲᠤᠬᠠᠢ ᠵᠢᠨ ᠲᠠᠯᠠᠪᠤᠷ᠎ᠤᠨ ᠬᠢᠨᠠᠨ ᠲᠣᠭᠲᠠᠭ᠋ᠠᠯᠲᠠ ᠵᠢ ᠪᠡᠶᠡᠯᠡᠭᠦᠯᠦᠭᠰᠡᠨ ᠭᠤᠶᠤᠴᠢᠯᠠᠨ ᠮᠡᠳᠡᠭᠦᠯᠬᠦ ᠨᠢᠭᠡᠴᠢ ᠵᠢᠨ ᠭᠤᠣᠯ ᠬᠠᠷᠢᠭᠤᠴᠠᠯᠭ᠋ᠠᠲᠠᠨ᠎ᠢ ᠵᠣᠬᠢᠶᠠᠨ ᠪᠠᠶ᠋ᠢᠭᠤᠯᠵᠤ ᠪᠠᠶ᠋ᠢᠭ᠋ᠠᠳ ᠲᠣᠭ᠋ᠠᠴᠢᠯᠲᠠ ᠬᠢᠵᠦ ᠬᠠᠷᠢᠭᠤ ᠮᠠᠷᠭᠤᠭᠤᠯᠵᠤ᠂ ᠲᠤᠰᠬᠠᠢ ᠮᠡᠷᠭᠡᠵᠢᠯᠲᠡᠨ᠎ᠤ ᠳᠤᠭᠤᠶ᠋ᠢᠯᠠᠩ᠎ᠨᠢ ᠬᠢᠨᠠᠨ ᠲᠣᠭᠲᠠᠭ᠋ᠠᠭᠰᠠᠨ ᠰᠠᠨᠠᠯ ᠪᠠ ᠲᠣᠭ᠋ᠠᠴᠢᠯᠲᠠ ᠬᠢᠵᠦ ᠬᠠᠷᠢᠭᠤ ᠮᠠᠷᠭᠤᠭᠰᠠᠨᠤ ᠬᠤᠪᠢ ᠵᠢ ᠭᠠᠷᠭ᠋ᠠᠨ᠎ᠠ᠃
ᠠᠷᠪᠠᠨ ᠲᠠᠪᠤᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ (ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ)᠎ᠨᠢ ᠲᠤᠬᠠᠢ ᠵᠢᠨ ᠲᠠᠯᠠᠪᠤᠷᠲᠤᠨᠢ ᠬᠢᠨᠠᠨ ᠲᠣᠭᠲᠠᠭ᠋ᠠᠭᠰᠠᠨ ᠪᠠ ᠲᠣᠭ᠋ᠠᠴᠢᠯᠲᠠ ᠬᠢᠵᠦ ᠬᠠᠷᠢᠭᠤ ᠮᠠᠷᠭᠤᠭᠰᠠᠨ ᠦᠷ᠎ᠡ ᠳ᠋ᠦᠩ᠎ᠢ ᠦᠨᠳᠦᠰᠦᠯᠡᠨ᠂ ᠭᠤᠶᠤᠴᠢᠯᠠᠨ ᠮᠡᠳᠡᠭᠦᠯᠦᠭᠰᠡᠨ ᠨᠢᠭᠡᠴᠢ ᠵᠢᠨ ᠶᠡᠷᠦᠩᠬᠡᠢ ᠬᠤᠪᠢ ᠵᠢ ᠲᠣᠭᠲᠠᠭ᠋ᠠᠵᠤ᠂ ᠱᠠᠩᠨᠠᠯ ᠣᠯᠭᠤᠬᠤ᠎ᠪᠠᠷ ᠵᠢᠱ᠌ᠢᠭᠳᠡᠭᠰᠡᠳ᠎ᠤᠨ ᠨᠡᠷᠡᠰ᠎ᠢ ᠰᠤᠳᠤᠯᠤᠨ ᠳᠤᠷᠠᠳᠴᠤ᠂ ᠨᠡᠶ᠋ᠢᠭᠡᠮ ᠨᠡᠶ᠋ᠢᠲᠡ᠎ᠠᠴᠠ ᠢᠯᠡ᠎ᠪᠠᠷ ᠰᠠᠨᠠᠯ ᠰᠠᠨᠠᠭᠤᠯᠭ᠎ᠠ ᠬᠤᠷᠢᠶᠠᠨ᠎ᠠ᠃
ᠠᠷᠪᠠᠨ ᠵᠢᠷᠭᠤᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ (ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ)᠎ᠨᠢ ᠬᠢᠨᠠᠨ ᠲᠣᠭᠲᠠᠭ᠋ᠠᠭᠰᠠᠨ ᠮᠡᠳᠡᠭᠦᠯᠦᠯᠲᠡ ᠵᠢᠴᠢ ᠰᠠᠨᠠᠯ ᠬᠤᠷᠢᠶᠠᠭᠰᠠᠨ ᠪᠠᠶ᠋ᠢᠳᠠᠯ᠎ᠢ ᠬᠤᠷᠢᠶᠠᠩᠭᠤᠶ᠋ᠢᠯᠠᠵᠤ᠂ ᠲᠡᠷᠢᠭᠦᠯᠡᠭᠴᠢ ᠵᠢᠨ ᠣᠯᠭᠤᠬᠤ ᠶᠠᠰᠤ ᠴᠢᠨᠠᠷ᠎ᠤᠨ ᠱᠠᠩᠨᠠᠯ᠎ᠤᠨ ᠱᠠᠩᠨᠠᠯ ᠣᠯᠭᠤᠬᠤ᠎ᠪᠠᠷ ᠲᠥᠯᠥᠪᠯᠡᠵᠦ ᠪᠠᠶ᠋ᠢᠭ᠎ᠠ ᠨᠡᠷᠡᠰ᠎ᠢ ᠳᠤᠷᠠᠳᠴᠤ᠂ ᠤᠳᠤᠷᠢᠳᠬᠤ ᠳᠤᠭᠤᠶ᠋ᠢᠯᠠᠩ᠎ᠳᠤ ᠳᠡᠪᠰᠢᠭᠦᠯᠦᠨ ᠬᠢᠨᠠᠨ ᠵᠥᠪᠯᠡᠭᠦᠯᠦᠨ᠎ᠡ᠃ ᠤᠳᠤᠷᠢᠳᠬᠤ ᠳᠤᠭᠤᠶ᠋ᠢᠯᠠᠩ᠎ᠠᠴᠠ ᠬᠢᠨᠠᠨ ᠵᠥᠪᠯᠡᠵᠦ ᠪᠠᠲᠤᠯᠠᠭᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ (ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ)᠎ᠠᠴᠠ ᠲᠡᠷᠢᠭᠦᠯᠡᠭᠴᠢ ᠵᠢᠨ ᠣᠯᠭᠤᠬᠤ ᠶᠠᠰᠤ ᠴᠢᠨᠠᠷ᠎ᠤᠨ ᠱᠠᠩᠨᠠᠯ᠎ᠤᠨ ᠱᠠᠩᠨᠠᠯ ᠣᠯᠭᠤᠬᠤ᠎ᠪᠠᠷ ᠪᠠᠶ᠋ᠢᠭ᠎ᠠ ᠨᠡᠷᠡᠰ᠎ᠢ ᠨᠡᠶ᠋ᠢᠭᠡᠮ ᠨᠡᠶ᠋ᠢᠲᠡ᠎ᠳᠤ ᠵᠠᠷᠯᠠᠨ᠎ᠠ᠂ ᠨᠡᠶ᠋ᠢᠲᠡ᠎ᠳᠤ ᠵᠠᠷᠯᠠᠬᠤ ᠬᠤᠭᠤᠴᠠᠭ᠎ᠠ᠎ᠨᠢ 7 ᠠᠵᠢᠯᠯᠠᠬᠤ ᠡᠳᠦᠷ ᠪᠣᠯᠣᠨ᠎ᠠ᠃
ᠲᠠᠪᠤᠳᠤᠭ᠋ᠠᠷ ᠪᠦᠯᠦᠭ ᠰᠠᠶ᠋ᠢᠰᠢᠶᠠᠨ ᠬᠥᠬᠢᠭᠦᠯᠵᠦ ᠱᠠᠩᠨᠠᠬᠤ
ᠠᠷᠪᠠᠨ ᠳᠣᠯᠣᠳᠤᠭ᠋ᠠᠷ ᠵᠦᠢ᠍ᠯ ᠢᠯᠡ᠎ᠪᠠᠷ ᠨᠡᠶ᠋ᠢᠲᠡᠯᠡᠭᠡᠳ ᠣᠨᠳᠣᠣ ᠰᠠᠨᠠᠯ ᠪᠠᠶ᠋ᠢᠬᠤ ᠦᠭᠡᠢ ᠪᠣᠯ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ (ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ)᠎ᠨᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ ᠵᠥᠪᠰᠢᠶᠡᠷᠡᠭᠦᠯᠦᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠰᠠᠶ᠋ᠢᠰᠢᠶᠠᠨ ᠬᠥᠬᠢᠭᠦᠯᠬᠦ᠎ᠪᠠᠷ ᠨᠡᠪᠲᠡᠷᠡᠭᠦᠯᠦᠨ ᠮᠡᠳᠡᠭᠡᠯᠡᠵᠦ᠂ ᠱᠠᠩᠨᠠᠯ᠎ᠤᠨ ᠮᠧᠳᠠᠯ ᠪᠠ ᠦᠨᠡᠮᠯᠡᠯ ᠣᠯᠭᠤᠨ᠎ᠠ᠃
ᠠᠷᠪᠠᠨ ᠨᠠᠢ᠍ᠮᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠲᠡᠷᠢᠭᠦᠯᠡᠭᠴᠢ ᠵᠢᠨ ᠣᠯᠭᠤᠬᠤ ᠶᠠᠰᠤ ᠴᠢᠨᠠᠷ᠎ᠤᠨ ᠱᠠᠩᠨᠠᠯ᠎ᠢ ᠣᠯᠣᠭᠰᠠᠨ ᠨᠢᠭᠡᠴᠢ᠎ᠳᠤ 100 ᠲᠦᠮᠡᠨ ᠲᠥᠭᠦᠷᠢᠭ᠎ᠤᠨ ᠶᠠᠰᠤ ᠴᠢᠨᠠᠷ᠎ᠤᠨ ᠠᠵᠢᠯ᠎ᠤᠨ ᠲᠤᠰᠠᠯᠠᠮᠵᠢ ᠵᠢᠨ ᠪᠡᠯᠡ ᠮᠥᠩᠭᠦ ᠣᠯᠭᠤᠨ᠎ᠠ᠃ ᠠᠳᠠᠯᠢ ᠱᠠᠩᠨᠠᠯ᠎ᠢ ᠳᠠᠬᠢᠨᠲᠠ ᠣᠯᠣᠭᠰᠠᠨ ᠨᠢᠭᠡᠴᠢ᠎ᠳᠤ ᠶᠠᠰᠤ ᠴᠢᠨᠠᠷ᠎ᠤᠨ ᠠᠵᠢᠯ᠎ᠤᠨ ᠲᠤᠰᠠᠯᠠᠮᠵᠢ ᠵᠢᠨ ᠪᠡᠯᠡ ᠮᠥᠩᠭᠦ ᠵᠢ ᠳᠠᠭᠢᠵᠤ ᠣᠯᠭᠤᠬᠤ ᠦᠭᠡᠢ᠃
ᠠᠷᠪᠠ ᠶᠢᠰᠦᠳᠦᠭᠡᠷ ᠵᠦᠢ᠍ᠯ ᠱᠠᠩᠨᠠᠯ ᠣᠯᠣᠭᠰᠠᠨ ᠨᠢᠭᠡᠴᠢ᠎ᠳᠤ ᠣᠯᠭᠤᠭᠰᠠᠨ ᠶᠠᠰᠤ ᠴᠢᠨᠠᠷ᠎ᠤᠨ ᠠᠵᠢᠯ᠎ᠤᠨ ᠲᠤᠰᠠᠯᠠᠮᠵᠢ ᠵᠢᠨ ᠪᠡᠯᠡ ᠮᠥᠩᠭᠦ ᠵᠢ ᠭᠤᠣᠯᠳᠠᠭᠤ ᠶᠠᠰᠤ ᠴᠢᠨᠠᠷ᠎ᠤᠨ ᠮᠡᠷᠭᠡᠵᠢᠯ᠎ᠤᠨ ᠰᠢᠪᠲᠤᠯᠤᠯᠲᠠ ᠵᠢᠨ ᠠᠵᠢᠯ᠎ᠢ ᠥᠷᠨᠢᠭᠦᠯᠬᠦ᠂ ᠶᠠᠰᠤ ᠴᠢᠨᠠᠷ᠎ᠤᠨ ᠰᠠᠶ᠋ᠢᠵᠢᠷᠠᠯᠲᠠ ᠵᠢ ᠦᠷᠭᠦᠯᠵᠢᠯᠡᠨ ᠠᠬᠢᠭᠤᠯᠬᠤ᠂ ᠠᠵᠢᠯᠲᠠᠨ ᠠᠵᠢᠯᠴᠢᠨ᠎ᠤ ᠴᠢᠨᠠᠷ ᠴᠢᠨᠰᠠᠭ᠎ᠠ ᠬᠡᠪ ᠪᠣᠯᠪᠠᠰᠤᠷᠠᠯ᠎ᠢ ᠳᠡᠭᠡᠭᠰᠢᠯᠡᠭᠦᠯᠬᠦ ᠪᠠ ᠲᠤᠷᠰᠢᠯᠲᠠ ᠵᠢᠨ ᠲᠠᠰᠤᠭ᠎ᠤᠨ ᠪᠦᠲᠦᠭᠡᠨ ᠪᠠᠶ᠋ᠢᠭᠤᠯᠤᠯᠲᠠ᠂ ᠲᠡᠷᠢᠭᠦᠨ᠎ᠤ ᠶᠠᠰᠤ ᠴᠢᠨᠠᠷ᠎ᠤᠨ ᠬᠠᠮᠢᠶᠠᠷᠤᠯᠲᠠ ᠵᠢᠨ ᠲᠤᠷᠰᠢᠯᠭ᠎ᠠ ᠵᠢ ᠤᠬᠠᠭᠤᠯᠤᠨ ᠳᠡᠯᠭᠡᠷᠡᠭᠦᠯᠬᠦ ᠵᠡᠷᠭᠡ᠎ᠳᠤ ᠵᠠᠷᠤᠴᠠᠭᠤᠯᠵᠤ᠂ ᠪᠤᠰᠤᠳ ᠵᠦᠢ᠍ᠯ᠎ᠳᠤ ᠨᠡᠭᠦᠯᠭᠡᠨ ᠬᠡᠷᠡᠭᠯᠡᠵᠦ ᠪᠣᠯᠬᠤ ᠦᠭᠡᠢ᠃ ᠱᠠᠩᠨᠠᠯ ᠣᠯᠣᠭᠰᠠᠨ ᠨᠢᠭᠡᠴᠢ᠎ᠨᠢ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ (ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ) ᠵᠢᠨ ᠲᠤᠰᠬᠠᠢ ᠵᠦᠢ᠍ᠯ᠎ᠤᠨ ᠡᠳ᠋᠎ᠤᠨ ᠵᠠᠰᠠᠭ᠎ᠤᠨ ᠪᠡᠯᠡ ᠮᠥᠩᠭᠦ ᠵᠢᠨ ᠠᠮᠵᠢᠯᠲᠠ ᠪᠦᠲᠦᠮᠵᠢ ᠵᠢ ᠦᠨᠡᠯᠡᠬᠦ ᠠᠵᠢᠯ ᠥᠷᠨᠢᠭᠦᠯᠬᠦ᠎ᠳᠤ ᠬᠠᠮᠵᠢᠬᠤ ᠬᠡᠷᠡᠭᠲᠡᠢ᠃ ᠵᠢᠷᠭᠤᠳᠤᠭ᠋ᠠᠷ ᠪᠦᠯᠦᠭ ᠬᠢᠨᠠᠯᠲᠠ ᠬᠠᠮᠢᠶᠠᠷᠤᠯᠲᠠ
ᠬᠤᠷᠢᠳᠤᠭ᠋ᠠᠷ ᠵᠦᠢ᠍ᠯ ᠬᠢᠨᠠᠨ ᠲᠣᠭᠲᠠᠭ᠋ᠠᠬᠤ ᠠᠵᠢᠯᠲᠠᠨ ᠭᠤᠶᠤᠴᠢᠯᠠᠨ ᠮᠡᠳᠡᠭᠦᠯᠦᠭᠰᠡᠨ ᠨᠢᠭᠡᠴᠢ᠎ᠯᠦᠭᠡ ᠠᠰᠢᠭ ᠬᠤᠣᠷ᠎ᠤᠨ ᠬᠠᠷᠢᠴᠠᠭ᠎ᠠ᠎ᠲᠠᠢ ᠪᠠᠶ᠋ᠢᠪᠠᠯ᠂ ᠰᠠᠨᠠᠭ᠋ᠠᠴᠢᠯᠠᠭ᠎ᠠ᠎ᠠᠴᠠ᠎ᠪᠠᠨ ᠵᠠᠶ᠋ᠢᠯᠠᠬᠤ ᠬᠡᠷᠡᠭᠲᠡᠢ᠃
ᠬᠤᠷᠢᠨ ᠨᠢᠭᠡᠳᠦᠭᠡᠷ ᠵᠦᠢ᠍ᠯ ᠲᠡᠷᠢᠭᠦᠯᠡᠭᠴᠢ ᠵᠢᠨ ᠣᠯᠭᠤᠬᠤ ᠶᠠᠰᠤ ᠴᠢᠨᠠᠷ᠎ᠤᠨ ᠱᠠᠩᠨᠠᠯ᠎ᠤᠨ ᠬᠢᠨᠠᠨ ᠲᠣᠭᠲᠠᠭ᠋ᠠᠯᠲᠠ᠎ᠳᠤ ᠣᠷᠣᠯᠴᠠᠭᠴᠢ ᠡᠷᠬᠡᠪᠰᠢ ᠠᠵᠢᠯ᠎ᠤᠨ ᠰᠠᠬᠢᠯᠭ᠎ᠠ ᠪᠠᠲᠤ ᠵᠢ ᠴᠢᠩᠭ᠎ᠠ ᠰᠠᠬᠢᠵᠤ᠂ ᠭᠤᠶᠤᠴᠢᠯᠠᠨ ᠮᠡᠳᠡᠭᠦᠯᠦᠭᠰᠡᠨ ᠨᠢᠭᠡᠴᠢ ᠵᠢᠨ ᠬᠤᠳᠠᠯᠳᠤᠭ᠋ᠠᠨ᠎ᠤ ᠨᠢᠭᠤᠴᠠ᠂ ᠮᠡᠷᠭᠡᠵᠢᠯ᠎ᠤᠨ ᠨᠢᠭᠤᠴᠠ ᠵᠢ ᠬᠠᠮᠠᠭ᠋ᠠᠯᠠᠬᠤ ᠬᠡᠷᠡᠭᠲᠡᠢ᠃
ᠬᠤᠷᠢᠨ ᠬᠤᠶᠠᠳᠤᠭ᠋ᠠᠷ ᠵᠦᠢ᠍ᠯ ᠭᠤᠶᠤᠴᠢᠯᠠᠨ ᠮᠡᠳᠡᠭᠦᠯᠬᠦ ᠨᠢᠭᠡᠴᠢ᠎ᠨᠢ ᠭᠤᠶᠤᠴᠢᠯᠠᠨ ᠮᠡᠳᠡᠭᠦᠯᠬᠦ ᠮᠠᠲ᠋ᠧᠷᠢᠶᠠᠯ᠎ᠳᠠᠬᠢ ᠬᠤᠳᠠᠯᠳᠤᠭ᠋ᠠᠨ᠎ᠤ ᠨᠢᠭᠤᠴᠠ ᠪᠤᠶᠤ ᠮᠡᠷᠭᠡᠵᠢᠯ᠎ᠤᠨ ᠨᠢᠭᠤᠴᠠ᠎ᠳᠤ ᠬᠤᠯᠪᠣᠭᠳᠠᠭᠰᠠᠨ ᠵᠦᠢ᠍ᠯ ᠵᠶ᠋ᠠᠨ ᠰᠠᠨᠠᠭ᠋ᠠᠴᠢᠯᠠᠭ᠎ᠠ᠎ᠠᠴᠠ᠎ᠪᠠᠨ ᠲᠣᠳᠣᠷᠬᠠᠶ᠋ᠢᠯᠠᠬᠤ ᠬᠡᠷᠡᠭᠲᠡᠢ᠃
ᠬᠤᠷᠢᠨ ᠭᠤᠷᠪᠠᠳᠤᠭ᠋ᠠᠷ ᠵᠦᠢ᠍ᠯ ᠭᠤᠶᠤᠴᠢᠯᠠᠨ ᠮᠡᠳᠡᠭᠦᠯᠬᠦ ᠨᠢᠭᠡᠴᠢ᠎ᠨᠢ ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ᠎ᠤᠨ ᠵᠶ᠋ᠠᠨ ᠦᠨᠡᠨ ᠪᠣᠳᠠᠲᠤ ᠴᠢᠨᠠᠷ᠎ᠲᠤ ᠬᠠᠷᠢᠭᠤᠴᠠᠬᠤ ᠬᠡᠷᠡᠭᠲᠡᠢ᠃ ᠬᠤᠳᠠᠯ ᠬᠠᠭᠤᠷᠮᠠᠭ ᠵᠶ᠋ᠠᠷ ᠵᠣᠬᠢᠶᠠᠵᠤ᠂ ᠵᠦᠢ ᠪᠤᠰᠤ ᠠᠷᠭ᠎ᠠ ᠪᠠᠷᠢᠯ ᠵᠶ᠋ᠠᠷ ᠲᠡᠷᠢᠭᠦᠯᠡᠭᠴᠢ ᠵᠢᠨ ᠣᠯᠭᠤᠬᠤ ᠶᠠᠰᠤ ᠴᠢᠨᠠᠷ᠎ᠤᠨ ᠱᠠᠩᠨᠠᠯ᠎ᠤᠨ ᠢᠷᠠᠭᠤ ᠠᠯᠳᠠᠷ᠎ᠢ ᠮᠡᠬᠡᠯᠡᠨ ᠣᠯᠣᠭᠰᠠᠨ ᠨᠢᠭᠡᠴᠢ ᠵᠢ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ (ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ)᠎ᠨᠢ ᠲᠡᠷᠢᠭᠦᠯᠡᠭᠴᠢ ᠵᠢᠨ ᠣᠯᠭᠤᠬᠤ ᠶᠠᠰᠤ ᠴᠢᠨᠠᠷ᠎ᠤᠨ ᠱᠠᠩᠨᠠᠯ᠎ᠤᠨ ᠴᠣᠯᠠ ᠵᠢ᠎ᠨᠢ ᠬᠦᠴᠦᠨ ᠦᠭᠡᠢ ᠪᠣᠯᠭ᠋ᠠᠬᠤ᠎ᠪᠠᠷ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠳᠡᠪᠰᠢᠭᠦᠯᠵᠦ᠂ ᠱᠠᠩᠨᠠᠯ᠎ᠤᠨ ᠮᠧᠳᠠᠯ᠂ ᠦᠨᠡᠮᠯᠡᠯ᠎ᠢ᠎ᠨᠢ ᠬᠤᠷᠢᠶᠠᠨ ᠠᠪᠴᠤ᠂ ᠲᠤᠰᠠᠯᠠᠮᠵᠢ ᠵᠢᠨ ᠪᠡᠯᠡ ᠮᠥᠩᠭᠦ ᠵᠢ ᠨᠡᠬᠡᠮᠵᠢᠯᠡᠨ ᠬᠤᠷᠢᠶᠠᠵᠤ᠂ ᠨᠡᠶ᠋ᠢᠭᠡᠮ᠎ᠳᠤ ᠠᠯᠪᠠᠨ ᠵᠠᠷᠯᠠᠯ ᠨᠡᠶ᠋ᠢᠲᠡᠯᠡᠵᠦ᠂ 5 ᠵᠢᠯ᠎ᠤᠨ ᠬᠤᠭᠤᠴᠠᠭ᠋ᠠᠨ᠎ᠳᠤ ᠲᠡᠭᠦᠨ᠎ᠤ ᠭᠤᠶᠤᠴᠢᠯᠠᠵᠤ ᠮᠡᠳᠡᠭᠦᠯᠬᠦ ᠵᠢ ᠬᠦᠯᠢᠶᠡᠨ ᠠᠪᠴᠤ ᠰᠢᠢ᠍ᠳᠪᠦᠷᠢᠯᠡᠬᠦ ᠦᠭᠡᠢ᠃
ᠬᠤᠷᠢᠨ ᠳᠥᠷᠪᠡᠳᠦᠭᠡᠷ ᠵᠦᠢ᠍ᠯ ᠱᠠᠩᠨᠠᠯ ᠣᠯᠣᠭᠰᠠᠨ ᠨᠢᠭᠡᠴᠢ᠎ᠨᠢ ᠱᠠᠩᠨᠠᠯ ᠣᠯᠣᠭᠰᠠᠨ᠎ᠤ ᠳᠠᠷᠠᠭ᠋ᠠᠬᠢ 3 ᠵᠢᠯ᠎ᠤᠨ ᠬᠤᠭᠤᠴᠠᠭ᠋ᠠᠨ᠎ᠳᠤ ᠶᠠᠰᠤ ᠴᠢᠨᠠᠷ᠎ᠤᠨ ᠪᠠ ᠠᠮᠤᠷ ᠲᠦᠪᠰᠢᠨ᠎ᠤ ᠨᠡᠯᠢᠶᠡᠳ ᠶᠡᠭᠡ ᠠᠳᠡᠯ ᠭᠠᠷᠤᠭᠰᠠᠨ᠂ ᠡᠰᠡᠬᠦᠯ᠎ᠡ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠬᠦᠨᠳᠦ ᠨᠣᠴᠢᠲᠠᠢ ᠦᠢ᠍ᠯᠡᠳᠪᠦᠷᠢᠯᠡᠯ ᠡᠵᠡᠩᠨᠡᠯᠲᠡ ᠵᠢᠨ ᠦᠢ᠍ᠯᠡ ᠠᠵᠢᠯᠯᠠᠭ᠎ᠠ᠎ᠲᠠᠢ ᠪᠠᠶ᠋ᠢᠪᠠᠯ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ (ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ)᠎ᠠᠴᠠ ᠱᠠᠩᠨᠠᠯ᠎ᠢ᠎ᠨᠢ ᠬᠦᠴᠦᠨ ᠦᠭᠡᠢ ᠪᠣᠯᠭ᠋ᠠᠬᠤ᠎ᠪᠠᠷ ᠥᠪᠡᠷᠲᠡᠭᠡᠨ ᠵᠠᠰᠠᠭ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠳᠡᠪᠰᠢᠭᠦᠯᠬᠦ ᠵᠢᠨ ᠬᠠᠮᠲᠤ ᠨᠡᠪᠲᠡᠷᠡᠭᠦᠯᠦᠨ ᠮᠡᠳᠡᠭᠡᠯᠡᠨ᠎ᠡ᠃
ᠬᠤᠷᠢᠨ ᠲᠠᠪᠤᠳᠤᠭ᠋ᠠᠷ ᠵᠦᠢ᠍ᠯ ᠱᠠᠩᠨᠠᠯ ᠣᠯᠣᠭᠰᠠᠨ ᠨᠢᠭᠡᠴᠢ᠎ᠨᠢ ᠨᠢᠭᠡᠴᠢ ᠵᠢᠨ ᠵᠶ᠋ᠠᠨ ᠳᠦᠷᠢ ᠲᠥᠷᠬᠦ ᠵᠢᠨ ᠤᠬᠠᠭᠤᠯᠭ᠎ᠠ᠎ᠳᠤ ᠱᠠᠩᠨᠠᠯ᠎ᠤᠨ ᠴᠣᠯᠠ ᠵᠢ ᠬᠡᠷᠡᠭᠯᠡᠵᠦ ᠪᠣᠯᠬᠤ ᠵᠢᠨ ᠬᠠᠮᠲᠤ᠂ ᠱᠠᠩᠨᠠᠯ ᠣᠯᠣᠭᠰᠠᠨ ᠣᠨ ᠵᠢᠯ ᠵᠶ᠋ᠠᠨ ᠲᠣᠳᠣᠷᠬᠠᠶ᠋ᠢᠯᠠᠨ᠎ᠠ᠂ ᠭᠡᠪᠡᠴᠦ ᠦᠢ᠍ᠯᠡᠳᠬᠦᠨ ᠵᠶ᠋ᠠᠨ ᠤᠬᠠᠭᠤᠯᠬᠤ᠎ᠳᠤ ᠬᠡᠷᠡᠭᠯᠡᠵᠦ ᠪᠣᠯᠬᠤ ᠦᠭᠡᠢ᠂ ᠦᠢ᠍ᠯᠡᠳᠬᠦᠨ ᠪᠤᠶᠤ ᠪᠣᠭᠤᠳᠠᠯ ᠳᠡᠭᠡᠷ᠎ᠡ᠎ᠪᠠᠨ ᠲᠡᠷᠢᠭᠦᠯᠡᠭᠴᠢ ᠵᠢᠨ ᠣᠯᠭᠤᠬᠤ ᠶᠠᠰᠤ ᠴᠢᠨᠠᠷ᠎ᠤᠨ ᠱᠠᠩᠨᠠᠯ᠎ᠤᠨ ᠲᠡᠮᠳᠡᠭ ᠪᠠ ᠱᠠᠩᠨᠠᠯ᠎ᠤᠨ ᠴᠣᠯᠠ ᠵᠢ ᠬᠠᠳᠠᠵᠤ ᠪᠣᠯᠬᠤ ᠦᠭᠡᠢ᠃
ᠬᠤᠷᠢᠨ ᠵᠢᠷᠭᠤᠳᠤᠭ᠋ᠠᠷ ᠵᠦᠢ᠍ᠯ ᠱᠠᠩᠨᠠᠯ ᠣᠯᠣᠭᠰᠠᠨ ᠨᠢᠭᠡᠴᠢ᠎ᠨᠢ ᠲᠡᠷᠢᠭᠦᠨ᠎ᠤ ᠶᠠᠰᠤ ᠴᠢᠨᠠᠷ᠎ᠤᠨ ᠬᠠᠮᠢᠶᠠᠷᠤᠯᠲᠠ ᠵᠢᠨ ᠲᠤᠷᠰᠢᠯᠭ᠎ᠠ ᠪᠠ ᠠᠷᠭ᠎ᠠ ᠠᠪᠴᠠᠯ ᠵᠶ᠋ᠠᠨ ᠨᠡᠶ᠋ᠢᠭᠡᠮ᠎ᠳᠤ ᠳᠡᠯᠭᠡᠷᠡᠭᠦᠯᠬᠦ ᠡᠭᠦᠷᠭᠡ (ᠬᠤᠳᠠᠯᠳᠤᠭ᠋ᠠᠨ᠎ᠤ ᠨᠢᠭᠤᠴᠠ᠎ᠳᠤ ᠬᠤᠯᠪᠣᠭᠳᠠᠬᠤ᠎ᠠᠴᠠ ᠭᠠᠳᠠᠨ᠎ᠠ)᠎ᠪᠠᠨ ᠭᠦᠢ᠍ᠴᠡᠳᠬᠡᠵᠦ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ (ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ) ᠵᠢᠨ ᠵᠣᠬᠢᠶᠠᠨ ᠪᠠᠶ᠋ᠢᠭᠤᠯᠵᠤ ᠥᠷᠨᠢᠭᠦᠯᠦᠭᠰᠡᠨ ᠳᠡᠯᠭᠡᠷᠡᠭᠦᠯᠬᠦ᠂ ᠤᠬᠠᠭᠤᠯᠬᠤ ᠠᠵᠢᠯᠯᠠᠭ᠎ᠠ᠎ᠳᠤ ᠢᠳᠡᠪᠬᠢᠲᠡᠢ ᠣᠷᠣᠯᠴᠠᠬᠤ ᠬᠡᠷᠡᠭᠲᠡᠢ᠃ ᠨᠡᠶ᠋ᠢᠭᠡᠮ᠎ᠤᠨ ᠬᠠᠷᠢᠭᠤᠴᠠᠯᠭ᠎ᠠ᠎ᠪᠠᠨ ᠢᠳᠡᠪᠬᠢᠲᠡᠢ ᠭᠦᠢ᠍ᠴᠡᠳᠬᠡᠵᠦ᠂ ᠵᠢᠱ᠌ᠢᠶᠡᠴᠢ ᠵᠢᠨ ᠳᠠᠶ᠋ᠢᠴᠢᠯᠠᠬᠤ ᠦᠢ᠍ᠯᠡᠳᠦᠯ ᠵᠶ᠋ᠠᠨ ᠰᠠᠶ᠋ᠢᠲᠤᠷ ᠪᠠᠳᠠᠷᠠᠭᠤᠯᠬᠤ ᠬᠡᠷᠡᠭᠲᠡᠢ᠃
ᠬᠤᠷᠢᠨ ᠳᠣᠯᠣᠳᠤᠭ᠋ᠠᠷ ᠵᠦᠢ᠍ᠯ ᠱᠠᠩᠨᠠᠯ ᠣᠯᠣᠭᠰᠠᠨ ᠨᠢᠭᠡᠴᠢ᠎ᠨᠢ ᠱᠠᠩᠨᠠᠯ ᠣᠯᠣᠭᠰᠠᠨ 3 ᠵᠢᠯ᠎ᠤᠨ ᠬᠤᠭᠤᠴᠠᠭ᠋ᠠᠨ᠎ᠳᠤ᠂ ᠵᠢᠯ ᠪᠦᠷᠢ 《ᠥᠪᠡᠷᠲᠡᠭᠡᠨ ᠵᠠᠰᠠᠭ ᠣᠷᠣᠨ᠎ᠤ ᠲᠡᠷᠢᠭᠦᠯᠡᠭᠴᠢ ᠵᠢᠨ ᠣᠯᠭᠤᠬᠤ ᠶᠠᠰᠤ ᠴᠢᠨᠠᠷ᠎ᠤᠨ ᠱᠠᠩᠨᠠᠯ᠎ᠤᠨ ᠠᠮᠵᠢᠯᠲᠠ ᠪᠦᠲᠦᠮᠵᠢ ᠵᠢᠨ ᠮᠡᠳᠡᠭᠦᠯᠦᠯᠲᠡ》 ᠵᠢ ᠦᠨᠡᠨ ᠮᠥᠨ ᠵᠶ᠋ᠠᠷ ᠲᠠᠭᠯᠠᠵᠤ᠂ ᠥᠪᠡᠷᠲᠡᠭᠡᠨ ᠵᠠᠰᠠᠭ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ (ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ)᠎ᠳᠤ ᠴᠠᠭ ᠲᠤᠬᠠᠢᠳᠤᠨᠢ ᠮᠡᠳᠡᠭᠦᠯᠦᠨ ᠬᠦᠷᠭᠡᠬᠦ ᠬᠡᠷᠡᠭᠲᠡᠢ᠃
ᠬᠤᠷᠢᠨ ᠨᠠᠢ᠍ᠮᠠᠳᠤᠭ᠋ᠠᠷ ᠵᠦᠢ᠍ᠯ ᠲᠡᠷᠢᠭᠦᠯᠡᠭᠴᠢ ᠵᠢᠨ ᠣᠯᠭᠤᠬᠤ ᠶᠠᠰᠤ ᠴᠢᠨᠠᠷ᠎ᠤᠨ ᠱᠠᠩᠨᠠᠯ᠎ᠤᠨ ᠮᠧᠳᠠᠯ᠂ ᠦᠨᠡᠮᠯᠡᠯ᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠣᠯᠭᠤᠨ᠎ᠠ᠂ ᠶᠠᠮᠠᠷᠪᠠ ᠨᠢᠭᠡᠴᠢ ᠭᠡᠳ ᠬᠤᠳᠠᠯ ᠵᠶ᠋ᠠᠷ ᠵᠣᠬᠢᠶᠠᠬᠤ ᠪᠠ ᠬᠠᠭᠤᠷᠮᠠᠭᠯᠠᠨ ᠬᠡᠷᠡᠭᠯᠡᠵᠦ ᠪᠣᠯᠬᠤ ᠦᠭᠡᠢ᠃
ᠳᠣᠯᠣᠳᠤᠭ᠋ᠠᠷ ᠪᠦᠯᠦᠭ ᠳᠠᠭ᠋ᠠᠯᠳᠤᠭᠤᠯᠤᠯ ᠳᠦᠷᠢᠮ
ᠬᠤᠷᠢ ᠶᠢᠰᠦᠳᠦᠭᠡᠷ ᠵᠦᠢ᠍ᠯ ᠲᠤᠰ ᠠᠷᠭ᠎ᠠ ᠵᠢ ᠳᠠᠷᠤᠮᠠᠯᠯᠠᠨ ᠶᠠᠪᠤᠭᠤᠯᠤᠭᠰᠠᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ ᠤᠤᠯ᠎ᠤᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ ᠵᠢᠨ ᠣᠯᠭᠤᠬᠤ ᠶᠠᠰᠤ ᠴᠢᠨᠠᠷ᠎ᠤᠨ ᠱᠠᠩᠨᠠᠯ᠎ᠤᠨ ᠬᠠᠮᠢᠶᠠᠷᠤᠯᠲᠠ ᠵᠢᠨ ᠠᠷᠭ᠎ᠠ》 (ᠥᠪᠥᠷ ᠵᠠᠰᠠᠭ ᠠᠯᠪᠠᠨ ᠲᠠᠷᠬᠠᠭ᠋ᠠᠭᠰᠠᠨ [2019] 7 ᠳ᠋ᠤᠭ᠋ᠠᠷ ᠲᠣᠭ᠋ᠠᠲᠤ) ᠵᠢ ᠬᠠᠮᠲᠤᠳᠤᠨᠢ ᠬᠦᠴᠦᠨ ᠦᠭᠡᠢ ᠪᠣᠯᠭ᠋ᠠᠨ᠎ᠠ᠃
ᠬᠠᠭᠤᠯᠤᠨ ᠢᠯᠡᠭᠡᠬᠦ᠎ᠨᠢ᠄ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠡᠯ᠎ᠡ ᠰᠠᠯᠠᠭ᠎ᠠ ᠮᠥᠴᠢᠷ᠂ ᠥᠪᠥᠷ ᠮᠣᠩᠭᠤᠯ᠎ᠤᠨ ᠴᠡᠷᠢᠭ᠎ᠤᠨ ᠲᠣᠭᠤᠷᠢᠭ᠂ ᠵᠡᠪᠰᠡᠭᠲᠦ ᠴᠠᠭᠳᠠᠭ᠎ᠠ ᠵᠢᠨ ᠥᠪᠥᠷ ᠮᠣᠩᠭᠤᠯ᠎ᠤᠨ ᠶᠡᠷᠦᠩᠬᠡᠢ ᠠᠩᠭᠢ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠶ᠋ᠢᠩᠭᠤ ᠬᠤᠷᠢᠶᠠᠨ᠎ᠤ ᠠᠯᠪᠠᠨ ᠲᠢᠩᠬᠢᠮ᠂ ᠤᠯᠤᠰ ᠲᠥᠷᠥ ᠵᠢᠨ ᠵᠥᠪᠯᠡᠯᠭᠡᠨ᠎ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠬᠢᠨᠠᠨ ᠪᠠᠶ᠋ᠢᠴᠠᠭ᠋ᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠤᠷᠢᠶ᠎ᠠ᠂ ᠪᠠᠶ᠋ᠢᠴᠠᠭ᠋ᠠᠬᠤ ᠬᠤᠷᠢᠶ᠎ᠠ᠃
ᠡᠯ᠎ᠡ ᠠᠷᠠᠳ᠎ᠤᠨ ᠪᠦᠯᠬᠦᠮ᠂ ᠰᠣᠨᠢᠨ ᠮᠡᠳᠡᠭᠡᠨ᠎ᠤ ᠨᠢᠭᠡᠴᠢ᠃
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
2022 ᠣᠨ᠎ᠤ 12 ᠳ᠋ᠤᠭ᠋ᠠᠷ ᠰᠠᠷ᠎ᠠ ᠵᠢᠨ 13᠎ᠤ ᠡᠳᠦᠷ ᠳᠠᠷᠤᠮᠠᠯᠯᠠᠨ ᠲᠠᠷᠬᠠᠭ᠋ᠠᠪᠠ