ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠢᠴᠢᠭ ᠮᠠᠲ᠋ᠧᠷᠢᠶᠠᠯ
ᠥᠪᠥᠷ ᠵᠠᠰᠠᠭ ᠦᠰᠦᠭ [2023] 52 ᠳ᠋ᠤᠭ᠋ᠠᠷ ᠲᠣᠭ᠋ᠠᠲᠤ
2023 ᠣᠨ᠎ᠤ ᠪᠥᠬᠦ ᠣᠷᠣᠨ᠎ᠤ ᠨᠡᠶ᠋ᠢᠭᠡᠮ᠎ᠤᠨ ᠲᠡᠩᠬᠡᠷᠡᠭᠦᠯᠦᠨ ᠲᠤᠰᠠᠯᠠᠬᠤ ᠪᠠᠷᠢᠮᠵᠢᠶᠠᠨ᠎ᠤ ᠬᠤᠯᠪᠣᠭᠳᠠᠯ ᠪᠦᠬᠦᠢ ᠤᠴᠢᠷ᠎ᠤᠨ
ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠬᠤᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠳᠡᠰ ᠳᠠᠪᠬᠤᠷᠭ᠎ᠠ ᠪᠠ ᠲᠥᠷᠥᠯ ᠠᠩᠭᠢᠯᠠᠭᠰᠠᠨ ᠨᠡᠶ᠋ᠢᠭᠡᠮ᠎ᠤᠨ ᠲᠡᠩᠬᠡᠷᠡᠭᠦᠯᠦᠨ ᠲᠤᠰᠠᠯᠠᠬᠤ ᠲᠣᠭᠲᠠᠯᠴᠠᠭ᠎ᠠ ᠵᠢ ᠲᠦᠷᠭᠡᠳᠬᠡᠨ ᠪᠦᠷᠢᠨᠰᠢᠭᠦᠯᠵᠦ᠂ ᠪᠥᠬᠦ ᠣᠷᠣᠨ᠎ᠤ ᠬᠦᠴᠢᠷᠳᠡᠯᠲᠡᠢ ᠣᠯᠠᠨ ᠲᠦᠮᠡᠨ᠎ᠤ ᠦᠨᠳᠦᠰᠦᠨ ᠠᠮᠢᠳᠤᠷᠠᠯ᠎ᠢ ᠲᠡᠩᠬᠡᠷᠡᠭᠦᠯᠦᠨ ᠲᠤᠰᠠᠯᠠᠬᠤ ᠠᠵᠢᠯ᠎ᠢ ᠦᠨᠡᠨ ᠬᠦ᠌ ᠰᠠᠶ᠋ᠢᠲᠤᠷ ᠬᠢᠵᠦ᠂ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠦᠷ᠎ᠡ ᠪᠦᠲᠦᠭᠡᠯ᠎ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠬᠦᠴᠢᠷᠳᠡᠯᠲᠡᠢ ᠣᠯᠠᠨ ᠲᠦᠮᠡᠨ᠎ᠤ ᠭᠦᠷᠳᠡᠬᠡᠮᠵᠢᠲᠦ ᠰᠡᠳᠬᠢᠯᠭᠡ᠂ ᠵᠣᠯ ᠵᠢᠷᠭ᠋ᠠᠯᠲᠤ ᠰᠡᠳᠬᠢᠯᠭᠡ᠂ ᠠᠮᠤᠷ ᠲᠦᠪᠰᠢᠨ ᠰᠡᠳᠬᠢᠯᠭᠡ ᠵᠢ᠎ᠨᠢ ᠲᠠᠰᠤᠷᠠᠯᠲᠠ ᠦᠭᠡᠢ ᠨᠡᠮᠡᠭᠳᠡᠭᠦᠯᠬᠦ ᠵᠢᠨ ᠲᠤᠰᠠᠳᠠ᠂ ᠡᠳᠦᠭᠡ 2023 ᠣᠨ᠎ᠤ ᠪᠥᠬᠦ ᠣᠷᠣᠨ᠎ᠤ ᠨᠡᠶ᠋ᠢᠭᠡᠮ᠎ᠤᠨ ᠲᠡᠩᠬᠡᠷᠡᠭᠦᠯᠦᠨ ᠲᠤᠰᠠᠯᠠᠬᠤ ᠪᠠᠷᠢᠮᠵᠢᠶᠠᠨ᠎ᠤ ᠬᠤᠯᠪᠣᠭᠳᠠᠯ ᠪᠦᠬᠦᠢ ᠤᠴᠢᠷ᠎ᠢ ᠳᠣᠣᠷᠠᠬᠢ ᠮᠡᠲᠦ ᠮᠡᠳᠡᠭᠳᠡᠶ᠎ᠡ᠃
ᠨᠢᠭᠡ᠂ ᠬᠢᠨᠠᠨ ᠬᠠᠷᠭᠤᠭᠤᠯᠵᠤ ᠲᠣᠭᠲᠠᠭ᠋ᠠᠭᠰᠠᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠵᠢ ᠴᠢᠩᠭ᠎ᠠ ᠬᠡᠷᠡᠭᠵᠢᠭᠦᠯᠬᠦ ᠬᠡᠷᠡᠭᠲᠡᠢ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠲᠣᠭᠲᠠᠭ᠋ᠠᠭᠰᠠᠨ 2023 ᠣᠨ᠎ᠤ ᠨᠡᠶ᠋ᠢᠭᠡᠮ᠎ᠤᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠵᠢ 2023 ᠣᠨ᠎ᠤ 1 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠵᠦ᠂ ᠡᠯ᠎ᠡ ᠭᠠᠵᠠᠷ ᠣᠷᠣᠨ᠎ᠨᠢ ᠴᠠᠭ ᠲᠤᠬᠠᠢᠳᠤᠨᠢ ᠨᠡᠶ᠋ᠢᠭᠡᠮ ᠨᠡᠶ᠋ᠢᠳᠡ᠎ᠳᠤ ᠨᠡᠶ᠋ᠢᠲᠡᠯᠡᠬᠦ ᠬᠡᠷᠡᠭᠲᠡᠢ᠃ ᠲᠣᠰ ᠣᠨ᠎ᠤ ᠳᠣᠲᠣᠷ᠎ᠠ᠂ ᠨᠡᠶ᠋ᠢᠭᠡᠮ᠎ᠤᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠵᠢ ᠳᠠᠬᠢᠨᠲᠠ ᠲᠣᠬᠢᠷᠠᠭᠤᠯᠬᠤ ᠴᠢᠬᠤᠯᠠᠲᠠᠢ ᠪᠣᠯ ᠡᠷᠬᠡᠪᠰᠢ ᠬᠤᠯᠪᠣᠭᠳᠠᠯ ᠪᠦᠬᠦᠢ ᠲᠠᠰ ᠳᠠᠷᠠᠭ᠋ᠠᠯᠠᠯ ᠶᠣᠰᠣᠭ᠋ᠠᠷ ᠳᠡᠭᠡᠭᠰᠢ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠰᠡᠨ᠎ᠤ ᠳᠠᠷᠠᠭ᠎ᠠ ᠬᠡᠷᠡᠭᠵᠢᠭᠦᠯᠦᠨ᠎ᠡ᠃ ᠡᠯ᠎ᠡ ᠭᠠᠵᠠᠷ ᠣᠷᠣᠨ᠎ᠨᠢ ᠪᠠᠲᠤᠯᠠᠭ᠎ᠠ ᠵᠢᠨ ᠪᠠᠷᠢᠮᠵᠢᠶ᠎ᠠ ᠵᠢ ᠳᠡᠭᠡᠭᠰᠢᠯᠡᠭᠦᠯᠦᠭᠰᠡᠨ᠎ᠤ ᠳᠠᠷᠠᠭ᠋ᠠᠬᠢ ᠰᠢᠨ᠎ᠡ᠎ᠪᠠᠷ ᠬᠤᠲᠠ ᠬᠥᠳᠡᠭᠡ ᠵᠢᠨ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠬᠦᠷᠲᠡᠭᠡᠬᠦ᠎ᠪᠠᠷ ᠭᠤᠶᠤᠴᠢᠯᠠᠭᠰᠠᠨ᠂ ᠣᠨᠴᠠ ᠬᠦᠴᠢᠷᠳᠡᠯᠲᠡᠢ ᠬᠥᠮᠥᠰ ᠵᠶ᠋ᠠᠷ ᠭᠤᠶᠤᠴᠢᠯᠠᠭᠰᠠᠨ ᠭᠡᠷ ᠪᠦᠯᠢ ᠵᠢᠨ᠎ᠬᠢᠨ᠎ᠤ ᠣᠷᠣᠯᠭ᠎ᠠ ᠵᠢ ᠲᠥᠰᠥᠭᠡᠯᠡᠨ ᠪᠣᠳᠣᠬᠤ ᠪᠠ ᠤᠤᠯ᠎ᠤᠨ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠥᠰ᠎ᠤᠨ ᠨᠥᠬᠦᠪᠦᠷᠢ ᠵᠢᠨ ᠪᠠᠷᠢᠮᠵᠢᠶ᠎ᠠ ᠵᠢ ᠳᠡᠭᠡᠭᠰᠢᠯᠡᠭᠦᠯᠬᠦ ᠵᠡᠷᠭᠡ ᠠᠵᠢᠯ᠎ᠢ ᠰᠠᠶ᠋ᠢᠲᠤᠷ ᠬᠢᠵᠦ᠂ ᠪᠠᠲᠤᠯᠠᠪᠠᠰᠤ ᠵᠣᠬᠢᠬᠤ ᠵᠢ᠎ᠨᠢ ᠴᠢᠳᠠᠬᠤ ᠵᠢᠨ ᠳᠣᠲᠣᠷ᠎ᠠ ᠪᠠᠲᠤᠯᠠᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃
ᠬᠤᠶᠠᠷ᠂ ᠪᠦᠬᠦ ᠣᠷᠣᠨ᠎ᠤ ᠨᠡᠶ᠋ᠢᠭᠡᠮ᠎ᠤᠨ ᠲᠡᠩᠬᠡᠷᠡᠭᠦᠯᠦᠨ ᠲᠤᠰᠠᠯᠠᠬᠤ ᠠᠵᠢᠯ᠎ᠳᠤ ᠬᠤᠳᠡ ᠬᠥᠳᠡᠭᠡ ᠵᠢ ᠨᠢᠭᠡᠳᠦᠯᠲᠡᠢ ᠲᠥᠯᠥᠪᠯᠡᠬᠦ᠎ᠪᠠᠨ ᠲᠦᠷᠭᠡᠳᠬᠡᠬᠦ ᠬᠡᠷᠡᠭᠲᠡᠢ
ᠡᠯ᠎ᠡ ᠭᠠᠵᠠᠷ ᠣᠷᠣᠨ᠎ᠨᠢ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠬᠥᠭᠵᠢᠯᠲᠡ ᠵᠢᠨ ᠲᠥᠯᠦᠪᠵᠢᠭᠦᠯᠭᠡ》 ᠵᠢᠨ ᠬᠤᠯᠪᠣᠭᠳᠠᠯ ᠪᠦᠬᠦᠢ ᠱᠠᠭ᠋ᠠᠷᠳᠠᠯᠭ᠎ᠠ ᠵᠢ ᠬᠢᠨᠠᠮᠠᠭ᠋ᠠᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠬᠤᠲᠠ ᠬᠥᠳᠡᠭᠡ ᠪᠠ ᠣᠷᠣᠨ ᠪᠦᠰᠡ ᠵᠢᠨ ᠵᠥᠷᠢᠶ᠎ᠡ ᠵᠢ ᠤᠯᠠᠮ ᠨᠢᠭᠡ ᠠᠯᠬᠤᠮ ᠪᠠᠭ᠋ᠠᠰᠬᠠᠨ᠂ ᠦᠨᠳᠦᠰᠦᠨ ᠠᠮᠢᠳᠤᠷᠠᠯ᠎ᠤᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ᠎ᠳᠤ ᠬᠥᠳᠡᠯᠦᠩᠭᠦᠢ᠎ᠪᠠᠷ ᠲᠣᠬᠢᠷᠠᠭᠤᠯᠤᠯᠲᠠ ᠬᠢᠬᠦ ᠲᠣᠭᠲᠠᠴᠠ ᠵᠢ ᠲᠡᠭᠦᠯᠳᠡᠷᠵᠢᠭᠦᠯᠵᠦ᠂ ᠬᠦᠴᠢᠷᠳᠡᠯᠲᠡᠢ ᠣᠯᠠᠨ ᠲᠦᠮᠡᠨ᠎ᠳᠤ ᠥᠭᠡᠷᠡᠴᠢᠯᠡᠯᠲᠡ ᠬᠥᠭᠵᠢᠯᠲᠡ ᠵᠢᠨ ᠦᠷ᠎ᠡ ᠪᠦᠲᠦᠭᠡᠯ᠎ᠢ ᠴᠠᠭ ᠲᠤᠬᠠᠢᠳᠤᠨᠢ ᠭᠦᠢ᠍ᠴᠡᠳ ᠬᠦᠷᠲᠡᠭᠡᠬᠦ᠎ᠪᠠᠷ ᠴᠢᠷᠮᠠᠶ᠋ᠢᠬᠤ ᠬᠡᠷᠡᠭᠲᠡᠢ᠃ 2023 ᠣᠨ᠎ᠳᠤ᠂ ᠠᠯᠠᠱ᠌ᠠ ᠠᠶ᠋ᠢᠮᠠᠭ᠎ᠢ ᠪᠥᠬᠦ ᠣᠷᠣᠨ᠎ᠤ ᠠᠶ᠋ᠢᠮᠠᠭ ᠬᠤᠲᠠ ᠵᠢᠨ ᠱᠠᠲᠤᠨ᠎ᠤ ᠨᠡᠶ᠋ᠢᠭᠡᠮ᠎ᠤᠨ ᠲᠡᠩᠬᠡᠷᠡᠭᠦᠯᠦᠨ ᠲᠤᠰᠠᠯᠠᠬᠤ ᠠᠵᠢᠯ᠎ᠳᠠᠬᠢ ᠬᠤᠲᠠ ᠬᠥᠳᠡᠭᠡ ᠵᠢ ᠨᠢᠭᠡᠳᠦᠯᠲᠡᠢ ᠲᠥᠯᠥᠪᠯᠡᠬᠦ ᠲᠤᠷᠰᠢᠯᠲᠠ ᠵᠢᠨ ᠴᠡᠭ ᠵᠶ᠋ᠠᠷ ᠲᠣᠭᠲᠠᠭ᠋ᠠᠵᠤ᠂ ᠬᠥᠬᠡᠬᠤᠲᠠ ᠵᠢᠨ ᠬᠤᠲᠣᠩ ᠠᠷᠠᠳ᠎ᠤᠨ ᠲᠣᠭᠤᠷᠢᠭ᠂ ᠬᠥᠯᠥᠨ ᠪᠤᠶ᠋ᠢᠷ ᠬᠤᠲᠠ ᠵᠢᠨ ᠣᠷᠴᠣᠨ ᠬᠤᠰᠢᠭᠤ ᠪᠠ ᠣᠷᠳᠣᠰ ᠬᠤᠲᠠ ᠵᠢᠨ ᠳ᠋ᠦᠩᠱ᠌ᠧᠩ ᠲᠣᠭᠤᠷᠢᠭ᠂ ᠣᠲᠤᠭ ᠬᠤᠰᠢᠭᠤ ᠵᠢ ᠪᠥᠬᠦ ᠣᠷᠣᠨ᠎ᠤ ᠬᠤᠰᠢᠭᠤ ᠰᠢᠶᠠᠨ᠎ᠤ ᠱᠠᠲᠤᠨ᠎ᠤ ᠨᠡᠶ᠋ᠢᠭᠡᠮ᠎ᠤᠨ ᠲᠡᠩᠬᠡᠷᠡᠭᠦᠯᠦᠨ ᠲᠤᠰᠠᠯᠠᠬᠤ ᠠᠵᠢᠯ᠎ᠳᠠᠬᠢ ᠬᠤᠲᠠ ᠬᠥᠳᠡᠭᠡ ᠵᠢ ᠨᠢᠭᠡᠳᠦᠯᠲᠡᠢ ᠲᠥᠯᠥᠪᠯᠡᠬᠦ ᠲᠤᠷᠰᠢᠯᠲᠠ ᠵᠢᠨ ᠴᠡᠭ ᠵᠶ᠋ᠠᠷ ᠲᠣᠭᠲᠠᠭ᠋ᠠᠪᠠ᠃ ᠡᠯ᠎ᠡ ᠲᠤᠷᠰᠢᠯᠲᠠ ᠵᠢᠨ ᠴᠡᠭ᠎ᠤᠨ ᠭᠠᠵᠠᠷ ᠣᠷᠣᠨ᠎ᠨᠢ ᠬᠤᠯᠪᠣᠭᠳᠠᠯ ᠪᠦᠬᠦᠢ ᠱᠠᠭ᠋ᠠᠷᠳᠠᠯᠭ᠎ᠠ ᠶᠣᠰᠣᠭ᠋ᠠᠷ᠂ ᠠᠵᠢᠯ ᠵᠶ᠋ᠠᠨ ᠯᠠᠪᠳᠠᠭᠤᠨ ᠪᠠᠲᠤᠲᠠᠢ ᠥᠷᠨᠢᠭᠦᠯᠵᠦ᠂ ᠠᠵᠢᠯ ᠵᠶ᠋ᠠᠨ ᠡᠮᠬᠢ ᠵᠢᠷᠤᠮ᠎ᠲᠠᠢ᠎ᠪᠠᠷ ᠠᠬᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃
ᠭᠤᠷᠪᠠ᠂ ᠬᠦᠴᠢᠷᠳᠡᠯᠲᠡᠢ ᠣᠯᠠᠨ ᠲᠦᠮᠡᠨ᠎ᠳᠤ ᠲᠡᠩᠬᠡᠷᠡᠭᠦᠯᠦᠨ ᠲᠤᠰᠠᠯᠠᠬᠤ ᠨᠥᠬᠦᠪᠦᠷᠢ ᠵᠢᠨ ᠪᠡᠯᠡ ᠮᠥᠩᠭᠦ ᠣᠯᠭᠤᠬᠤ ᠵᠢ ᠵᠢᠷᠤᠮᠵᠢᠭᠤᠯᠬᠤ ᠬᠡᠷᠡᠭᠲᠡᠢ
ᠡᠯ᠎ᠡ ᠭᠠᠵᠠᠷ ᠣᠷᠣᠨ᠎ᠨᠢ 《ᠨᠡᠶ᠋ᠢᠭᠡᠮ᠎ᠤᠨ ᠲᠡᠩᠬᠡᠷᠡᠭᠦᠯᠦᠨ ᠲᠤᠰᠠᠯᠠᠬᠤ ᠪᠡᠯᠡ ᠮᠥᠩᠭᠦᠨ᠎ᠤ ᠬᠢᠨᠠᠯᠲᠠ ᠬᠠᠮᠢᠶᠠᠷᠤᠯᠲᠠ ᠵᠢᠨ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠬᠤ ᠰᠠᠨᠠᠯ᠎ᠤᠨ ᠲᠤᠬᠠᠢ ᠠᠷᠠᠳ᠎ᠤᠨ ᠶᠠᠪᠤᠳᠠᠯ᠎ᠤᠨ ᠶᠠᠮᠤᠨ ᠡᠳ᠋᠎ᠤᠨ ᠵᠠᠰᠠᠭ᠎ᠤᠨ ᠶᠠᠮᠤᠨ ᠪᠠᠩᠬᠢ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠤᠨ ᠮᠡᠳᠡᠭᠳᠡᠯ》 (ᠠᠷᠠᠳ ᠲᠠᠷᠬᠠᠭ᠋ᠠᠭᠰᠠᠨ [2019] 139 ᠳ᠋ᠦ᠍ᠭᠡᠷ ᠲᠣᠭ᠋ᠠᠲᠤ)᠂ 《ᠬᠦᠴᠢᠷᠳᠡᠯᠲᠡᠢ ᠣᠯᠠᠨ ᠲᠦᠮᠡᠨ᠎ᠢ ᠲᠡᠩᠬᠡᠷᠡᠭᠦᠯᠦᠨ ᠲᠤᠰᠠᠯᠠᠬᠤ ᠪᠡᠯᠡ ᠮᠥᠩᠭᠦᠨ᠎ᠤ ᠬᠢᠨᠠᠯᠲᠠ ᠬᠠᠮᠢᠶᠠᠷᠤᠯᠲᠠ ᠵᠢᠨ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠢ ᠠᠷᠠᠳ᠎ᠤᠨ ᠶᠠᠪᠤᠳᠠᠯ᠎ᠤᠨ ᠶᠠᠮᠤᠨ ᠡᠳ᠋᠎ᠤᠨ ᠵᠠᠰᠠᠭ᠎ᠤᠨ ᠶᠠᠮᠤᠨ᠎ᠤ ᠰᠠᠨᠠᠯ》 (ᠠᠷᠠᠳ ᠲᠠᠷᠬᠠᠭ᠋ᠠᠭᠰᠠᠨ [2022] 95 ᠳ᠋ᠤᠭ᠋ᠠᠷ ᠲᠣᠭ᠋ᠠᠲᠤ) ᠪᠠ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠦᠴᠢᠷᠳᠡᠯᠲᠡᠢ ᠣᠯᠠᠨ ᠲᠦᠮᠡᠨ᠎ᠢ ᠲᠡᠩᠬᠡᠷᠡᠭᠦᠯᠦᠨ ᠲᠤᠰᠠᠯᠠᠬᠤ ᠨᠥᠬᠦᠪᠦᠷᠢ ᠵᠢᠨ ᠪᠡᠯᠡ ᠮᠥᠩᠭᠦᠨ᠎ᠤ ᠬᠠᠮᠢᠶᠠᠷᠤᠯᠲᠠ ᠵᠢᠨ ᠠᠷᠭ᠎ᠠ》 (ᠥᠪᠥᠷ ᠡᠳ᠋ ᠨᠡᠶ᠋ᠢᠭᠡᠮ [2022] 1109 ᠳ᠋ᠦ᠍ᠭᠡᠷ ᠲᠣᠭ᠋ᠠᠲᠤ) ᠵᠡᠷᠭᠡ ᠬᠠᠮᠢᠶ᠎ᠠ ᠪᠦᠬᠦᠢ ᠲᠣᠭᠲᠠᠭ᠋ᠠᠯ᠎ᠢ ᠬᠢᠨᠠᠮᠠᠭ᠋ᠠᠢ ᠬᠡᠷᠡᠭᠵᠢᠭᠦᠯᠵᠦ᠂ ᠬᠦᠴᠢᠷᠳᠡᠯᠲᠡᠢ ᠣᠯᠠᠨ ᠲᠦᠮᠡᠨ᠎ᠢ ᠲᠡᠩᠬᠡᠷᠡᠭᠦᠯᠦᠨ ᠲᠤᠰᠠᠯᠠᠬᠤ ᠨᠥᠬᠦᠪᠦᠷᠢ ᠵᠢᠨ ᠪᠡᠯᠡ ᠮᠥᠩᠭᠦᠨ᠎ᠤ ᠲᠥᠰᠥᠪ᠎ᠤᠨ ᠬᠡᠷᠡᠭᠵᠢᠭᠦᠯᠦᠯᠲᠡ ᠪᠠ ᠠᠵᠢᠯ᠎ᠤᠨ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠢ᠃ ᠡᠯ᠎ᠡ ᠠᠶ᠋ᠢᠮᠠᠭ ᠬᠤᠲᠠ ᠵᠢᠴᠢ ᠬᠠᠷᠢᠶ᠎ᠠ ᠬᠤᠰᠢᠭᠤ ᠰᠢᠶᠠᠨ (ᠬᠤᠲᠠ᠂ ᠲᠣᠭᠤᠷᠢᠭ)᠎ᠨᠢ ᠬᠦᠴᠢᠷᠳᠡᠯᠲᠡᠢ ᠣᠯᠠᠨ ᠲᠦᠮᠡᠨ᠎ᠢ ᠲᠡᠩᠬᠡᠷᠡᠭᠦᠯᠦᠨ ᠲᠤᠰᠠᠯᠠᠬᠤ ᠨᠥᠬᠦᠪᠦᠷᠢ ᠵᠢᠨ ᠪᠡᠯᠡ ᠮᠥᠩᠭᠦ ᠵᠢ ᠠᠳᠠᠯᠢ ᠱᠠᠲᠤᠨ᠎ᠤ ᠡᠳ᠋᠎ᠤᠨ ᠵᠠᠰᠠᠭ᠎ᠤᠨ ᠲᠥᠰᠥᠪ᠎ᠲᠤ᠎ᠪᠠᠨ ᠣᠷᠣᠭᠤᠯᠵᠤ᠂ ᠪᠡᠯᠡ ᠮᠥᠩᠭᠦ ᠵᠢ ᠳᠠᠭ᠋ᠠᠭ᠋ᠠᠨ ᠪᠠᠲᠤᠯᠠᠬᠤ ᠬᠠᠷᠢᠭᠤᠴᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠬᠤ ᠬᠡᠷᠡᠭᠲᠡᠢ᠃ ᠡᠳ᠋᠎ᠤᠨ ᠵᠠᠰᠠᠭ᠎ᠤᠨ ᠦᠯᠡᠳᠡᠭᠡᠯ ᠪᠡᠯᠡ ᠮᠥᠩᠭᠦ ᠵᠢ ᠢᠳᠡᠪᠬᠢᠲᠡᠢ᠎ᠪᠠᠷ ᠴᠢᠯᠦᠭᠡᠲᠡᠢ ᠭᠦᠢ᠍ᠯᠬᠡᠬᠡᠵᠦ᠂ ᠳ᠋ᠦᠩᠨᠡᠨ ᠰᠢᠯᠵᠢᠭᠦᠯᠦᠭᠰᠡᠨ ᠦᠯᠡᠳᠡᠪᠦᠷᠢ ᠪᠡᠯᠡ ᠮᠥᠩᠭᠦ ᠵᠢ ᠰᠢᠩᠭᠡᠭᠡᠬᠦ ᠡᠷᠴᠢᠮ ᠵᠶ᠋ᠠᠨ ᠴᠢᠩᠭ᠋ᠠᠷᠠᠭᠤᠯᠤᠨ᠂ 2023 ᠣᠨ᠎ᠤ 6 ᠳ᠋ᠤᠭ᠋ᠠᠷ ᠰᠠᠷ᠎ᠠ ᠵᠢᠨ 10᠎ᠤ ᠡᠳᠦᠷ᠎ᠠᠴᠠ ᠡᠮᠦᠨ᠎ᠡ ᠰᠢᠨ᠎ᠡ ᠪᠠᠷᠢᠮᠵᠢᠶ᠎ᠠ ᠶᠣᠰᠣᠭ᠋ᠠᠷ ᠳᠡᠭᠡᠷ᠎ᠡ ᠬᠠᠭ᠋ᠠᠰ ᠵᠢᠯ᠎ᠤᠨ ᠪᠡᠯᠡ ᠮᠥᠩᠭᠦ᠎ᠪᠠᠨ ᠨᠥᠬᠦᠨ ᠣᠯᠭᠤᠵᠤ ᠳᠠᠭᠤᠰᠬᠠᠬᠤ ᠵᠢ ᠦᠨᠡᠨ ᠬᠦ᠌ ᠪᠠᠲᠤᠯᠠᠵᠤ᠂ 7 ᠳ᠋ᠤᠭ᠋ᠠᠷ ᠰᠠᠷ᠎ᠠ᠎ᠠᠴᠠ ᠬᠤᠶ᠋ᠢᠰᠢ ᠰᠢᠨ᠎ᠡ ᠪᠠᠷᠢᠮᠵᠢᠶ᠎ᠠ᠎ᠪᠠᠷ ᠣᠯᠭᠤᠬᠤ ᠬᠡᠷᠡᠭᠲᠡᠢ᠃
ᠳᠠᠭ᠋ᠠᠯᠳᠤᠭᠤᠯᠤᠯ᠄ 1. ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 2023 ᠣᠨ᠎ᠤ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠪᠠᠷᠢᠮᠵᠢᠶᠠᠨ᠎ᠤ ᠲᠣᠳᠣᠷᠬᠠᠶ᠋ᠢᠯᠠᠯᠤᠨ ᠬᠦᠰᠦᠨᠦᠭᠲᠦ
2. ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 2023 ᠣᠨ᠎ᠤ ᠣᠨᠴᠠ ᠬᠦᠴᠢᠷᠳᠡᠯᠲᠡᠢ ᠬᠥᠮᠥᠰ᠎ᠤᠨ ᠦᠨᠳᠦᠰᠦᠨ ᠠᠮᠢᠳᠤᠷᠠᠯ᠎ᠤᠨ ᠪᠠᠷᠢᠮᠵᠢᠶᠠᠨ᠎ᠤ ᠲᠣᠳᠣᠷᠬᠠᠶ᠋ᠢᠯᠠᠯᠤᠨ ᠬᠦᠰᠦᠨᠦᠭᠲᠦ
3. ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 2023 ᠣᠨ᠎ᠤ ᠣᠨᠴᠠ ᠬᠦᠴᠢᠷᠳᠡᠯᠲᠡᠢ ᠬᠥᠮᠥᠰ᠎ᠢ ᠠᠰᠠᠷᠠᠵᠤ ᠰᠤᠪᠢᠯᠠᠬᠤ ᠪᠠᠷᠢᠮᠵᠢᠶᠠᠨ᠎ᠤ ᠲᠣᠳᠣᠷᠬᠠᠶ᠋ᠢᠯᠠᠯᠤᠨ ᠬᠦᠰᠦᠨᠦᠭᠲᠦ
2023 ᠣᠨ᠎ᠤ 4 ᠳ᠋ᠦ᠍ᠭᠡᠷ ᠰᠠᠷ᠎ᠠ ᠵᠢᠨ 29᠎ᠤ ᠡᠳᠦᠷ
(ᠲᠤᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)