ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠢᠴᠢᠭ ᠮᠠᠲ᠋ᠧᠷᠢᠶᠠᠯ
ᠥᠪᠥᠷ ᠵᠠᠰᠠᠭ ᠲᠠᠷᠬᠠᠭ᠋ᠠᠭᠰᠠᠨ [2023] 8 ᠳ᠋ᠤᠭ᠋ᠠᠷ ᠲᠣᠭ᠋ᠠᠲᠤ
2023 ᠣᠨ᠎ᠤ ᠣᠶ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠢ ᠰᠡᠷᠭᠡᠶ᠋ᠢᠯᠡᠵᠦ ᠤᠨᠲᠠᠷᠠᠭ᠋ᠠᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠢᠭ
ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠬᠤᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
ᠣᠶ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠢ ᠰᠡᠷᠭᠡᠶ᠋ᠢᠯᠡᠵᠦ ᠤᠨᠲᠠᠷᠠᠭ᠋ᠠᠬᠤ ᠠᠵᠢᠯ᠎ᠨᠢ ᠤᠯᠤᠰ᠎ᠤᠨ ᠭᠠᠵᠠᠷ ᠰᠢᠷᠣᠢ ᠠᠮᠢ ᠠᠬᠤᠢ ᠵᠢᠨ ᠠᠮᠤᠷ ᠲᠦᠪᠰᠢᠨ ᠪᠠ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠲᠠᠢ ᠬᠤᠯᠪᠣᠭᠳᠠᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠪᠠ ᠡᠬᠡ ᠤᠯᠤᠰ᠎ᠤᠨ ᠤᠮᠠᠷᠠᠲᠤ ᠬᠢᠯᠢ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠪᠠᠲᠤ ᠴᠣᠭᠴᠠᠯᠠᠬᠤ ᠶᠡᠭᠡ ᠲᠠᠯ᠎ᠠ᠎ᠲᠠᠢ ᠬᠤᠯᠪᠣᠭᠳᠠᠨ᠎ᠠ᠃ ᠣᠶ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠢ ᠰᠡᠷᠭᠡᠶ᠋ᠢᠯᠡᠵᠦ ᠤᠨᠲᠠᠷᠠᠭ᠋ᠠᠬᠤ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠨ᠂ ᠣᠶ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠢ ᠪᠦᠲᠦᠮᠵᠢᠲᠡᠶ ᠰᠡᠷᠭᠡᠶ᠋ᠢᠯᠡᠨ ᠤᠨᠲᠠᠷᠠᠭ᠋ᠠᠵᠤ ᠠᠪᠤᠷᠠᠯᠳᠠ ᠬᠢᠵᠦ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠪᠠ ᠣᠶ ᠰᠢᠭᠤᠢ ᠨᠤᠲᠤᠭ ᠪᠡᠯᠴᠢᠭᠡᠷ᠎ᠤᠨ ᠡᠬᠢ ᠪᠠᠶᠠᠯᠢᠭ᠎ᠤᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠵᠢᠨ ᠲᠤᠰᠠᠳᠠ᠂ ᠬᠤᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠵᠤ᠂ ᠳᠣᠣᠷᠠᠬᠢ ᠮᠡᠲᠦ ᠵᠠᠷᠯᠢᠭ᠎ᠢ ᠨᠡᠶ᠋ᠢᠲᠡᠯᠡᠪᠡ᠃ ᠨᠢᠭᠡ᠂ ᠴᠢᠩᠭ᠎ᠠ ᠰᠡᠷᠭᠡᠶ᠋ᠢᠯᠡᠵᠦ ᠵᠠᠬᠢᠷᠤᠨ ᠬᠠᠮᠢᠶᠠᠷᠬᠤ ᠴᠠᠭ ᠪᠠ ᠣᠷᠣᠨ ᠪᠦᠰᠡ ᠵᠢ ᠲᠣᠭᠲᠠᠭ᠋ᠠᠬᠤ ᠬᠡᠷᠡᠭᠲᠡᠢ
2023 ᠣᠨ᠎ᠤ ᠬᠠᠪᠤᠷ᠎ᠤᠨ ᠤᠯᠠᠷᠢᠯ᠎ᠳᠠᠬᠢ ᠪᠥᠬᠦ ᠣᠷᠣᠨ᠎ᠤ ᠣᠶ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠢ ᠰᠡᠷᠭᠡᠶ᠋ᠢᠯᠡᠵᠦ ᠤᠨᠲᠠᠷᠠᠭ᠋ᠠᠬᠤ ᠠᠵᠢᠯ᠎ᠤᠨ ᠴᠢᠩᠭ᠎ᠠ ᠰᠡᠷᠭᠡᠶ᠋ᠢᠯᠡᠵᠦ ᠵᠠᠬᠢᠷᠤᠨ ᠬᠠᠮᠢᠶᠠᠷᠬᠤ ᠬᠤᠭᠤᠴᠠᠭ᠎ᠠ ᠪᠣᠯ 4 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ 5 ᠳ᠋ᠤᠭ᠋ᠠᠷ ᠰᠠᠷ᠎ᠠ ᠵᠢᠨ 31᠎ᠤ ᠡᠳᠦᠷ ᠪᠣᠯᠣᠨ᠎ᠠ᠃ ᠡᠯ᠎ᠡ ᠭᠠᠵᠠᠷ ᠣᠷᠣᠨ᠎ᠨᠢ ᠲᠤᠰ ᠭᠠᠵᠠᠷ ᠣᠷᠣᠨ᠎ᠤ᠎ᠪᠠᠨ ᠪᠣᠳᠠᠲᠤ ᠪᠠᠶ᠋ᠢᠳᠠᠯ ᠵᠶ᠋ᠠᠨ ᠦᠨᠳᠦᠰᠦᠯᠡᠨ᠂ ᠴᠢᠩᠭ᠎ᠠ ᠰᠡᠷᠭᠡᠶ᠋ᠢᠯᠡᠵᠦ ᠵᠠᠬᠢᠷᠤᠨ ᠬᠠᠮᠢᠶᠠᠷᠬᠤ ᠬᠤᠭᠤᠴᠠᠭ᠎ᠠ᠎ᠪᠠᠨ ᠤᠷᠢᠳᠴᠢᠯᠠᠭᠤᠯᠬᠤ ᠪᠤᠶᠤ ᠬᠤᠶ᠋ᠢᠰᠢᠯᠠᠭᠤᠯᠵᠤ ᠪᠣᠯᠣᠨ᠎ᠠ᠃ ᠴᠢᠩᠭ᠎ᠠ ᠰᠡᠷᠭᠡᠶ᠋ᠢᠯᠡᠵᠦ ᠵᠠᠬᠢᠷᠤᠨ ᠬᠠᠮᠢᠶᠠᠷᠬᠤ ᠣᠷᠣᠨ ᠪᠦᠰᠡ ᠵᠢ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠠᠴᠠ ᠬᠤᠪᠢᠶᠠᠷᠢᠯᠠᠨ ᠲᠣᠭᠲᠠᠭ᠋ᠠᠨ᠎ᠠ᠃ ᠴᠢᠩᠭ᠎ᠠ ᠰᠡᠷᠭᠡᠶ᠋ᠢᠯᠡᠵᠦ ᠵᠠᠬᠢᠷᠤᠨ ᠬᠠᠮᠢᠶᠠᠷᠬᠤ ᠬᠤᠭᠤᠴᠠᠭ᠎ᠠ ᠬᠢᠵᠠᠭ᠋ᠠᠷ ᠪᠣᠯᠣᠨ ᠣᠷᠣᠨ ᠪᠦᠰᠡ ᠵᠢ ᠨᠡᠶ᠋ᠢᠭᠡᠮ᠎ᠳᠤ ᠨᠡᠶ᠋ᠢᠲᠡᠯᠡᠬᠦ ᠵᠢᠨ ᠬᠠᠮᠲᠤ᠂ ᠳᠡᠭᠡᠷ᠎ᠡ ᠨᠢᠭᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠣᠯᠣᠨ ᠣᠶ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠢ ᠰᠡᠷᠭᠡᠶ᠋ᠢᠯᠡᠨ ᠤᠨᠲᠠᠷᠠᠭ᠋ᠠᠬᠤ ᠠᠵᠢᠯ᠎ᠤᠨ ᠵᠢᠯᠤᠭᠤᠳᠬᠤ ᠭᠠᠵᠠᠷ᠎ᠲᠤ ᠳᠠᠩᠰᠠᠯᠠᠭᠤᠯᠬᠤ ᠬᠡᠷᠡᠭᠲᠡᠢ᠃
ᠬᠤᠶᠠᠷ᠂ ᠭᠠᠯ ᠲᠦᠢ᠍ᠮᠡᠷ᠎ᠢ ᠰᠡᠷᠭᠡᠶ᠋ᠢᠯᠡᠵᠦ ᠤᠨᠲᠠᠷᠠᠭ᠋ᠠᠬᠤ ᠬᠠᠷᠢᠭᠤᠴᠠᠯᠭ᠎ᠠ᠎ᠪᠠᠨ ᠪᠣᠳᠠᠲᠠᠶ᠋ᠢᠵᠢᠭᠤᠯᠬᠤ ᠬᠡᠷᠡᠭᠲᠡᠢ
ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠣᠶ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠢ ᠰᠡᠷᠭᠡᠶ᠋ᠢᠯᠡᠵᠦ ᠤᠨᠲᠠᠷᠠᠭ᠋ᠠᠬᠤ ᠵᠠᠰᠠᠭ ᠵᠠᠬᠢᠷᠭ᠋ᠠᠨ᠎ᠤ ᠳᠠᠷᠤᠭ᠎ᠠ ᠵᠢᠨ ᠬᠠᠷᠢᠭᠤᠴᠠᠯᠭ᠋ᠠᠲᠤ ᠳᠦᠷᠢᠮ᠎ᠢ ᠴᠢᠩᠭ᠎ᠠ ᠬᠡᠷᠡᠭᠵᠢᠭᠦᠯᠵᠦ᠂ ᠬᠠᠷᠢᠶ᠎ᠠ ᠭᠠᠵᠠᠷ᠎ᠤᠨ ᠤᠳᠤᠷᠢᠳᠤᠯᠭ᠎ᠠ ᠵᠢᠨ ᠬᠠᠷᠢᠭᠤᠴᠠᠯᠭ᠎ᠠ᠂ ᠠᠵᠢᠯ ᠲᠥᠷᠥᠯ ᠰᠠᠯᠠᠭ᠎ᠠ ᠮᠥᠴᠢᠷ᠎ᠤᠨ ᠬᠢᠨᠠᠯᠲᠠ ᠬᠠᠮᠢᠶᠠᠷᠤᠯᠲᠠ ᠵᠢᠨ ᠬᠠᠷᠢᠭᠤᠴᠠᠯᠭ᠎ᠠ ᠪᠣᠯᠣᠨ ᠦᠢ᠍ᠯᠡᠳᠪᠦᠷᠢᠯᠡᠨ ᠡᠵᠡᠩᠨᠡᠭᠴᠢ ᠵᠢᠨ ᠭᠤᠣᠯ ᠴᠣᠭᠴᠠ ᠵᠢᠨ ᠬᠠᠷᠢᠭᠤᠴᠠᠯᠭ᠎ᠠ ᠵᠢ ᠱᠠᠲᠤ ᠱᠠᠲᠤ᠎ᠪᠠᠷ ᠪᠣᠳᠠᠲᠠᠶ᠋ᠢᠵᠢᠭᠤᠯᠤᠨ᠂ ᠬᠠᠷᠢᠭᠤᠴᠠᠯᠭ᠎ᠠ ᠵᠢᠨ ᠣᠷᠣᠨ ᠵᠶ᠋ᠠᠨ ᠬᠤᠪᠢᠶᠠᠷᠢᠯᠠᠨ ᠲᠣᠭᠲᠠᠭ᠋ᠠᠵᠤ᠂ ᠬᠠᠷᠢᠭᠤᠴᠠᠯᠭ᠎ᠠ ᠵᠢᠨ ᠪᠢᠴᠢᠭ ᠵᠢᠷᠤᠵᠤ ᠲᠣᠭᠲᠠᠨ᠂ ᠨᠢᠭᠲᠠ ᠴᠢᠩᠭ᠎ᠠ ᠪᠦᠬᠦᠢ ᠲᠣᠣᠷᠵᠢᠭᠤᠯᠤᠭᠰᠠᠨ ᠬᠠᠷᠢᠭᠤᠴᠠᠯᠭ᠎ᠠ ᠵᠢᠨ ᠲᠣᠭᠲᠠᠯᠴᠠᠭ᠎ᠠ ᠵᠢ ᠪᠠᠶ᠋ᠢᠭᠤᠯᠵᠤ᠂ ᠡᠯ᠎ᠡ ᠵᠦᠢ᠍ᠯ᠎ᠤᠨ ᠬᠠᠷᠢᠭᠤᠴᠠᠯᠭ᠎ᠠ ᠵᠢᠨ ᠠᠷᠭ᠎ᠠ ᠬᠡᠮᠵᠢᠶ᠎ᠡ ᠵᠢ 《ᠡᠴᠦᠰ᠎ᠤᠨ ᠨᠢᠭᠡ ᠮᠸᠲᠷ》᠂ ᠬᠠᠮᠤᠭ᠎ᠤᠨ ᠪᠠᠭ᠎ᠠ ᠨᠢᠭᠡᠴᠢ ᠬᠦᠷᠲᠡᠯ᠎ᠡ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠡᠯ᠎ᠡ ᠱᠠᠲᠤᠨ᠎ᠤ ᠣᠢ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠢ ᠰᠡᠷᠭᠡᠶ᠋ᠢᠯᠡᠵᠦ ᠤᠨᠲᠠᠷᠠᠭ᠋ᠠᠬᠤ ᠠᠵᠢᠯ᠎ᠤᠨ ᠵᠢᠯᠤᠭᠤᠳᠬᠤ ᠭᠠᠵᠠᠷ᠎ᠤᠨ ᠪᠦᠷᠢᠯᠳᠦᠭᠦᠨ ᠨᠢᠭᠡᠴᠢ᠎ᠨᠢ ᠲᠤᠰ ᠲᠣᠰ᠎ᠤᠨ ᠡᠭᠦᠷᠭᠡ ᠲᠤᠰᠢᠶᠠᠯ ᠪᠠ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠨᠢᠭᠲᠠ ᠬᠠᠮᠵᠢᠯᠴᠠᠨ᠂ ᠣᠢ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠢ ᠰᠡᠷᠭᠡᠶ᠋ᠢᠯᠡᠵᠦ ᠤᠨᠲᠠᠷᠠᠭ᠋ᠠᠬᠤ ᠡᠯ᠎ᠡ ᠵᠦᠢ᠍ᠯ᠎ᠤᠨ ᠠᠵᠢᠯ᠎ᠢ ᠬᠦᠴᠦ᠎ᠪᠠᠨ ᠬᠠᠮᠲᠤᠳᠬᠠᠨ ᠰᠠᠶ᠋ᠢᠲᠤᠷ ᠬᠢᠬᠦ ᠬᠡᠷᠡᠭᠲᠡᠢ᠃ ᠣᠶ ᠰᠢᠭᠤᠢ ᠨᠤᠲᠤᠭ ᠪᠡᠯᠴᠢᠭᠡᠷ᠎ᠤᠨ ᠰᠠᠯᠠᠭ᠎ᠠ ᠮᠥᠴᠢᠷ᠎ᠤᠳ ᠰᠡᠷᠭᠡᠶ᠋ᠢᠯᠡᠵᠦ ᠠᠪᠤᠷᠠᠬᠤ ᠬᠠᠷᠢᠭᠤᠴᠠᠯᠭ᠎ᠠ ᠵᠢᠨ ᠬᠡᠯᠬᠢᠶ᠎ᠡ᠎ᠪᠠᠨ ᠨᠢᠭᠲᠠ ᠵᠣᠯᠭ᠋ᠠᠯᠳᠤᠭᠤᠯᠤᠨ᠂ ᠭᠠᠯ ᠲᠦᠢ᠍ᠮᠡᠷ᠎ᠢ ᠰᠡᠷᠭᠡᠶ᠋ᠢᠯᠡᠬᠦ ᠪᠠ ᠭᠠᠯ ᠲᠦᠢ᠍ᠮᠡᠷ ᠡᠭᠦᠰᠦᠭᠰᠡᠨ ᠡᠬᠢᠨ᠎ᠤ ᠬᠤᠭᠤᠴᠠᠭ᠋ᠠᠨ᠎ᠳᠠᠬᠢ ᠰᠢᠢ᠍ᠳᠪᠦᠷᠢᠯᠡᠬᠦ ᠠᠵᠢᠯ᠎ᠢ ᠰᠠᠶ᠋ᠢᠲᠤᠷ ᠬᠢᠵᠦ᠂ ᠭᠠᠯ ᠲᠦᠢ᠍ᠮᠡᠷ᠎ᠢ ᠤᠨᠲᠠᠷᠠᠭ᠋ᠠᠵᠤ ᠠᠪᠤᠷᠠᠯᠲᠠ ᠬᠢᠬᠦ ᠪᠥᠬᠦ ᠶᠠᠪᠤᠴᠠ᠎ᠳᠤ ᠣᠷᠣᠯᠴᠠᠬᠤ ᠬᠡᠷᠡᠭᠲᠡᠢ᠃ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠭᠠᠯ ᠲᠦᠢ᠍ᠮᠡᠷ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠶᠡᠷᠦᠩᠬᠡᠶ᠋ᠢᠯᠡᠨ ᠵᠢᠯᠤᠭᠤᠳᠴᠤ᠂ ᠡᠯ᠎ᠡ ᠲᠠᠯ᠎ᠠ ᠵᠢᠨ ᠬᠦᠴᠦᠨ᠎ᠢ ᠨᠢᠭᠡᠳᠦᠯᠲᠡᠢ ᠲᠥᠯᠥᠪᠯᠡᠨ᠂ ᠭᠠᠯ ᠲᠦᠢ᠍ᠮᠡᠷ᠎ᠢ ᠤᠨᠲᠠᠷᠠᠭ᠋ᠠᠵᠤ ᠠᠪᠤᠷᠠᠯᠲᠠ ᠬᠢᠬᠦ ᠠᠵᠢᠯ᠎ᠢ ᠵᠣᠬᠢᠶᠠᠨ ᠪᠠᠶ᠋ᠢᠭᠤᠯᠤᠨ ᠵᠢᠯᠣᠭᠤᠳᠤᠨ ᠵᠣᠬᠢᠴᠠᠭᠤᠯᠵᠤ᠂ ᠶᠡᠭᠡ ᠭᠠᠯ ᠲᠦᠢ᠍ᠮᠡᠷ᠎ᠠᠴᠠ ᠪᠣᠯᠤᠭᠰᠠᠨ ᠬᠦᠨᠳᠦ ᠬᠡᠴᠡᠭᠦᠦ ᠭᠠᠮᠰᠢᠭ᠎ᠢ ᠠᠷᠭ᠋ᠠᠴᠠᠭ᠋ᠠᠬᠤ ᠪᠡᠯᠡᠳᠬᠡᠯ ᠠᠵᠢᠯ ᠪᠠ ᠤᠨᠲᠠᠷᠠᠭ᠋ᠠᠨ ᠰᠢᠢ᠍ᠳᠪᠦᠷᠢᠯᠡᠬᠦ ᠠᠵᠢᠯ᠎ᠢ ᠰᠠᠶ᠋ᠢᠲᠤᠷ ᠬᠢᠬᠦ ᠬᠡᠷᠡᠭᠲᠡᠢ᠃ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠨᠤᠭᠤᠳ ᠭᠠᠯ ᠲᠦᠢ᠍ᠮᠡᠷ ᠭᠠᠷᠤᠭᠰᠠᠨ ᠭᠠᠵᠠᠷ᠎ᠤᠨ ᠰᠡᠷᠭᠡᠶ᠋ᠢᠯᠡᠨ ᠰᠡᠷᠡᠮᠵᠢᠯᠡᠭᠦᠯᠬᠦ᠂ ᠵᠠᠮ ᠬᠠᠷᠢᠯᠴᠠᠭ᠎ᠠ ᠵᠢ ᠨᠡᠪᠲᠡᠷᠡᠭᠦᠯᠬᠦ᠂ ᠠᠮᠤᠷ᠎ᠢ ᠬᠠᠮᠠᠭ᠋ᠠᠯᠠᠬᠤ᠂ ᠭᠠᠯ ᠲᠦᠢ᠍ᠮᠡᠷ᠎ᠤᠨ ᠬᠡᠷᠡᠭ᠎ᠢ ᠲᠠᠩᠨᠠᠨ ᠢᠯᠡᠷᠡᠭᠦᠯᠬᠦ ᠵᠡᠷᠭᠡ ᠠᠵᠢᠯ᠎ᠢ ᠰᠠᠶ᠋ᠢᠲᠤᠷ ᠬᠢᠵᠦ᠂ ᠤᠬᠠᠭᠤᠯᠬᠤ᠂ ᠵᠢᠭᠰᠠᠭ᠋ᠠᠨ ᠪᠠᠶ᠋ᠢᠴᠠᠭ᠋ᠠᠬᠤ᠂ ᠲᠣᠭᠤᠷᠢᠨ ᠬᠠᠮᠠᠭ᠋ᠠᠯᠠᠬᠤ ᠵᠢᠴᠢ ᠲᠣᠭᠲᠠᠭ᠋ᠠᠯ᠎ᠠᠴᠠ ᠵᠥᠷᠢᠴᠡᠨ ᠭᠠᠯ ᠬᠡᠷᠡᠭᠯᠡᠭᠰᠡᠨ᠎ᠢ ᠰᠢᠢ᠍ᠳᠬᠡᠨ ᠲᠣᠷᠭ᠋ᠠᠬᠤ ᠵᠡᠷᠭᠡ ᠠᠵᠢᠯ᠎ᠢ ᠬᠠᠮᠵᠢᠯᠴᠠᠨ ᠥᠷᠨᠢᠭᠦᠯᠬᠦ ᠬᠡᠷᠡᠭᠲᠡᠢ᠃
ᠭᠤᠷᠪᠠ᠂ ᠭᠠᠯ ᠲᠦᠢ᠍ᠮᠡᠷ᠎ᠤᠨ ᠰᠡᠷᠭᠡᠶ᠋ᠢᠯᠡᠯᠲᠡ ᠵᠢ ᠴᠢᠩᠭ᠋ᠠᠳᠬᠠᠬᠤ ᠬᠡᠷᠡᠭᠲᠡᠢ
ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠵᠢᠨ᠎ᠬᠢᠨ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠰᠢᠮᠳᠠᠭᠤᠯᠤᠨ ᠵᠢᠯᠤᠭᠤᠳᠴᠤ ᠪᠠᠶ᠋ᠢᠴᠠᠭ᠋ᠠᠬᠤ ᠪᠠ ᠬᠡᠮ ᠰᠣᠭᠤᠭ᠎ᠢ ᠵᠢᠭᠰᠠᠭ᠋ᠠᠨ ᠪᠠᠶ᠋ᠢᠴᠠᠭ᠋ᠠᠬᠤ ᠠᠵᠢᠯ᠎ᠢ ᠪᠠᠶ᠋ᠢᠩᠭᠤᠵᠢᠭᠤᠯᠤᠨ ᠵᠣᠬᠢᠶᠠᠨ ᠪᠠᠶ᠋ᠢᠭᠤᠯᠵᠤ ᠥᠷᠨᠢᠭᠦᠯᠦᠨ᠂ ᠵᠠᠩᠭᠢᠯᠠᠭ᠎ᠠ ᠵᠢᠨ ᠴᠢᠬᠤᠯᠠ ᠠᠰᠠᠭᠤᠳᠠᠯ᠎ᠢ ᠨᠡᠷᠡᠯᠡᠨ ᠵᠢᠭ᠋ᠠᠵᠤ ᠰᠢᠮᠳᠠᠭᠤᠯᠤᠨ ᠭᠦᠢ᠍ᠴᠡᠳᠬᠡᠯᠭᠡᠬᠦ ᠬᠡᠷᠡᠭᠲᠡᠢ᠃ ᠭᠤᠣᠯᠳᠠᠯᠭ᠎ᠠ ᠪᠣᠯᠬᠤ ᠣᠷᠣᠨ ᠪᠠᠶ᠋ᠢᠷᠢ᠎ᠳᠠᠬᠢ ᠤᠢ ᠵᠢᠨ ᠬᠤᠷᠮᠣᠢ ᠵᠢᠨ ᠰᠢᠲᠠᠮᠠᠬᠠᠢ ᠪᠣᠳᠠᠰ᠎ᠢ ᠴᠡᠪᠡᠷᠯᠡᠨ ᠠᠷᠢᠯᠭ᠋ᠠᠬᠤ᠎ᠪᠠᠨ ᠴᠢᠩᠭ᠋ᠠᠳᠬᠠᠵᠤ᠂ ᠬᠡᠰᠡᠭ ᠪᠤᠰᠠᠭ ᠣᠩᠭᠤᠨ ᠪᠤᠯᠠᠰᠢ ᠵᠢ ᠰᠢᠯᠵᠢᠭᠦᠯᠬᠦ ᠪᠠ ᠲᠥᠪᠯᠡᠷᠡᠭᠦᠯᠦᠨ ᠬᠠᠮᠢᠶᠠᠷᠬᠤ ᠵᠢ ᠢᠳᠡᠪᠬᠢᠲᠡᠢ᠎ᠪᠠᠷ ᠠᠬᠢᠭᠤᠯᠤᠨ ᠬᠥᠲᠥᠯᠥᠨ ᠵᠢᠯᠤᠭᠤᠳᠴᠤ᠂ ᠠᠭᠤᠯᠠ᠂ ᠭᠤᠤ ᠰᠤᠪᠠᠭ᠂ ᠭᠤᠣᠯ᠎ᠤᠨ ᠲᠣᠬᠤᠢ ᠵᠢ ᠴᠡᠪᠡᠷᠯᠡᠬᠦ ᠠᠵᠢᠯ᠎ᠢ ᠴᠠᠭ ᠲᠤᠬᠠᠢᠳᠤᠨᠢ ᠵᠣᠬᠢᠶᠠᠨ ᠪᠠᠶ᠋ᠢᠭᠤᠯᠵᠤ ᠥᠷᠨᠢᠭᠦᠯᠬᠦ ᠬᠡᠷᠡᠭᠲᠡᠢ᠃ ᠠᠰᠠᠭᠤᠳᠠᠯ᠎ᠢ ᠣᠯᠵᠤ ᠮᠡᠳᠡᠭᠡᠳ ᠴᠡᠭᠴᠡᠯᠡᠨ ᠰᠠᠶ᠋ᠢᠵᠢᠷᠠᠭᠤᠯᠬᠤ ᠵᠢ ᠲᠡᠪᠴᠢᠭᠰᠡᠨ ᠵᠢᠴᠢ ᠬᠠᠮᠢᠶᠠᠷᠤᠯᠲᠠ ᠵᠢ ᠲᠠᠭ᠋ᠠᠬᠤ ᠦᠭᠡᠢ ᠪᠤᠶᠤ ᠵᠣᠷᠢᠭᠤᠳᠠ ᠵᠤᠷᠢᠴᠡᠭᠰᠡᠳᠢ ᠳᠦᠷᠢᠮ ᠲᠣᠭᠲᠠᠭ᠋ᠠᠯ ᠰᠠᠬᠢᠯᠭ᠎ᠠ ᠪᠠᠲᠤ ᠬᠠᠤᠯᠢ ᠴᠠᠭ᠋ᠠᠵᠠ ᠵᠢᠨ ᠶᠣᠰᠣᠭ᠋ᠠᠷ ᠴᠢᠩᠭ᠎ᠠ ᠰᠢᠢ᠍ᠳᠬᠡᠨ ᠰᠢᠢ᠍ᠳᠪᠦᠷᠢᠯᠡᠬᠦ ᠬᠡᠷᠡᠭᠲᠡᠢ᠃ ᠪᠠᠷᠢᠮᠵᠢᠶ᠎ᠠ ᠶᠣᠰᠣᠭ᠋ᠠᠷ ᠭᠠᠯ ᠲᠦᠢ᠍ᠮᠡᠷ᠎ᠤᠨ ᠰᠡᠷᠭᠡᠶ᠋ᠢᠯᠡᠯᠲᠡ ᠵᠢᠨ ᠲᠤᠰᠠᠭ᠋ᠠᠷᠯᠠᠬᠤ ᠪᠦᠰᠡ ᠭᠠᠷᠭ᠋ᠠᠵᠤ᠂ ᠮᠣᠩᠭᠤᠯ ᠤᠯᠤᠰ᠂ ᠣᠷᠣᠰ᠎ᠤᠨ ᠬᠤᠯᠪᠣᠭᠳᠠᠯ ᠪᠦᠬᠦᠢ ᠲᠠᠯ᠎ᠠ᠎ᠯᠤᠭ᠎ᠠ ᠵᠢᠨ ᠬᠠᠮᠲᠤᠷᠠᠨ ᠰᠡᠷᠭᠡᠶ᠋ᠢᠯᠡᠵᠦ ᠬᠤᠯᠪᠣᠭ᠎ᠠ ᠠᠪᠬᠤ᠎ᠪᠠᠨ ᠴᠢᠩᠭ᠋ᠠᠳᠬᠠᠨ᠂ ᠬᠥᠷᠰᠢ ᠵᠡᠷᠭᠡᠯᠡᠳᠡᠭᠡ ᠭᠠᠵᠠᠷ ᠣᠷᠣᠨ᠎ᠤ ᠨᠢᠭᠡᠴᠢ ᠵᠢᠨ ᠬᠤᠭᠤᠷᠣᠨᠳᠣᠬᠢ ᠬᠤᠯᠪᠤᠭ᠋ᠠᠯᠠᠨ ᠰᠡᠷᠭᠡᠶ᠋ᠢᠯᠡᠵᠦ ᠬᠤᠯᠪᠤᠭ᠋ᠠᠯᠠᠨ ᠡᠵᠡᠮᠳᠡᠬᠦ ᠵᠢ ᠴᠢᠩᠭ᠋ᠠᠷᠠᠭᠤᠯᠵᠤ᠂ ᠬᠢᠯᠢ ᠵᠢᠨ ᠭᠠᠳᠠᠨᠠᠬᠢ ᠭᠠᠯ ᠲᠦᠢ᠍ᠮᠡᠷ᠎ᠢ ᠰᠡᠷᠭᠡᠶ᠋ᠢᠯᠡᠨ ᠬᠠᠰᠢᠬᠤ ᠪᠠ ᠬᠢᠯᠢ ᠵᠢᠨ ᠳᠣᠲᠣᠷᠠᠬᠢ ᠠᠭᠤᠯᠵᠠᠷ ᠭᠠᠵᠠᠷ ᠬᠡᠰᠡᠭ᠎ᠤᠨ ᠭᠠᠯ ᠲᠦᠢ᠍ᠮᠡᠷ᠎ᠢ ᠰᠡᠷᠭᠡᠶ᠋ᠢᠯᠡᠵᠦ ᠤᠨᠲᠠᠷᠠᠭ᠋ᠠᠬᠤ ᠠᠵᠢᠯ᠎ᠢ ᠰᠠᠶ᠋ᠢᠲᠤᠷ ᠬᠢᠬᠦ ᠬᠡᠷᠡᠭᠲᠡᠢ᠃ ᠴᠢᠩᠭ᠎ᠠ ᠰᠡᠷᠭᠡᠶ᠋ᠢᠯᠡᠵᠦ ᠵᠠᠬᠢᠷᠤᠨ ᠬᠠᠮᠢᠶᠠᠷᠬᠤ ᠬᠤᠭᠤᠴᠠᠭ᠋ᠠᠨ᠎ᠳᠤ ᠳᠣᠣᠷᠠᠬᠢ ᠲᠣᠭᠲᠠᠭ᠋ᠠᠯ᠎ᠢ ᠵᠢᠷᠤᠮᠯᠠᠬᠤ ᠬᠡᠷᠡᠭᠲᠡᠢ᠄
(ᠨᠢᠭᠡ) ᠴᠢᠩᠭ᠎ᠠ ᠰᠡᠷᠭᠡᠶ᠋ᠢᠯᠡᠵᠦ ᠵᠠᠬᠢᠷᠤᠨ ᠬᠠᠮᠢᠶᠠᠷᠬᠤ ᠣᠷᠣᠨ ᠪᠦᠰᠡᠨ᠎ᠳᠤ ᠲᠠᠮᠠᠬᠢ ᠲᠠᠲᠠᠬᠤ᠂ ᠬᠡᠭᠡᠷ᠎ᠡ ᠬᠤᠭᠤᠯᠠᠯᠠᠬᠤ᠂ ᠴᠠᠭ᠋ᠠᠰᠤ ᠰᠢᠲᠠᠭ᠋ᠠᠬᠤ᠂ ᠬᠦᠵᠢ ᠠᠰᠠᠭ᠋ᠠᠬᠤ᠂ ᠫᠤᠤᠵᠢᠩ ᠲᠠᠯᠪᠢᠬᠤ᠂ ᠭᠠᠯ ᠨᠣᠴᠣᠭ᠋ᠠᠵᠤ ᠳᠤᠯᠠᠭ᠋ᠠᠯᠠᠬᠤ᠂ ᠬᠤᠭ ᠨᠣᠪᠰᠢ ᠰᠢᠲᠠᠭ᠋ᠠᠬᠤ ᠵᠢᠴᠢ ᠪᠤᠰᠤᠳ ᠦᠢ᠍ᠯᠡᠳᠪᠦᠷᠢᠯᠡᠯ᠎ᠤᠨ ᠪᠤᠰᠤ ᠬᠡᠷᠡᠭᠴᠡᠭᠡᠨ᠎ᠳᠤ ᠭᠠᠯ ᠬᠡᠷᠡᠭᠯᠡᠬᠦ ᠵᠢ ᠴᠢᠩᠭ᠎ᠠ ᠴᠠᠭ᠋ᠠᠵᠠᠯᠠᠬᠤ ᠬᠡᠷᠡᠭᠲᠡᠢ᠃
(ᠬᠤᠶᠠᠷ) ᠬᠡᠭᠡᠷ᠎ᠡ ᠭᠠᠳᠠᠨ᠎ᠠ ᠦᠢ᠍ᠯᠡᠳᠪᠦᠷᠢᠯᠡᠯ᠎ᠤᠨ ᠬᠡᠷᠡᠭᠴᠡᠭᠡ᠎ᠪᠠᠷ ᠭᠠᠯ ᠬᠡᠷᠡᠭᠯᠡᠬᠦ᠎ᠳᠤ ᠬᠢᠨᠠᠨ ᠵᠥᠪᠰᠢᠶᠡᠷᠡᠬᠦ ᠳᠦᠷᠢᠮ᠎ᠢ ᠴᠢᠩᠭ᠎ᠠ ᠬᠡᠷᠡᠭᠵᠢᠭᠦᠯᠵᠦ᠂ ᠦᠨᠡᠨ ᠬᠦ᠌ ᠣᠨᠴᠠᠭ᠋ᠠᠢ ᠰᠢᠯᠲᠠᠭ᠋ᠠᠨ᠎ᠠᠴᠠ ᠪᠣᠯᠵᠤ ᠬᠡᠭᠡᠷ᠎ᠡ ᠭᠠᠳᠠᠨ᠎ᠠ ᠦᠢ᠍ᠯᠡᠳᠪᠦᠷᠢᠯᠡᠯ ᠠᠮᠢᠳᠤᠷᠠᠯ ᠬᠢᠭᠡᠳ ᠲᠠᠷᠢᠶᠠᠯᠠᠩ᠎ᠤᠨ ᠶᠠᠪᠤᠳᠠᠯ᠎ᠳᠤ ᠭᠠᠯ ᠬᠡᠷᠡᠭᠯᠡᠬᠦ ᠴᠢᠬᠤᠯᠠᠲᠠᠢ ᠪᠣᠯ ᠲᠤᠬᠠᠢ ᠵᠢᠨ ᠭᠠᠵᠠᠷ᠎ᠤᠨ ᠬᠤᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠬᠢᠨᠠᠨ ᠪᠠᠶ᠋ᠢᠴᠠᠭ᠋ᠠᠯᠭ᠋ᠠᠵᠤ ᠵᠥᠪᠰᠢᠶᠡᠷᠡᠭᠦᠯᠦᠭᠡᠳ᠂ ᠵᠢᠭ᠋ᠠᠨ ᠲᠣᠭᠲᠠᠭ᠋ᠠᠭᠰᠠᠨ ᠴᠠᠭ ᠬᠤᠭᠤᠴᠠᠭ᠎ᠠ᠂ ᠵᠢᠭ᠋ᠠᠨ ᠲᠣᠭᠲᠠᠭ᠋ᠠᠭᠰᠠᠨ ᠭᠠᠵᠠᠷ ᠣᠷᠣᠨ᠎ᠳᠤ ᠬᠠᠷᠢᠭᠤᠴᠠᠯᠭ᠎ᠠ ᠡᠭᠦᠷᠭᠡᠯᠡᠭᠴᠢ ᠵᠢ ᠲᠣᠳᠣᠷᠬᠠᠶ᠋ᠢᠯᠠᠵᠤ ᠪᠠᠶ᠋ᠢᠭ᠋ᠠᠳ ᠰᠡᠷᠭᠡᠶ᠋ᠢᠯᠡᠵᠦ ᠠᠪᠤᠷᠠᠬᠤ ᠪᠡᠯᠡᠳᠬᠡᠯ᠎ᠢ ᠰᠠᠶ᠋ᠢᠲᠤᠷ ᠬᠢᠭᠰᠡᠨ ᠤᠷᠢᠲᠠᠯ ᠳᠣᠣᠷ᠎ᠠ ᠵᠣᠬᠢᠶᠠᠨ ᠪᠠᠶ᠋ᠢᠭᠤᠯᠵᠤ ᠬᠡᠷᠡᠭᠵᠢᠭᠦᠯᠬᠦ ᠬᠡᠷᠡᠭᠲᠡᠢ᠃
(ᠭᠤᠷᠪᠠ) ᠡᠯ᠎ᠡ ᠪᠠᠶ᠋ᠢᠴᠠᠭ᠋ᠠᠬᠤ ᠥᠷᠲᠡᠭᠡ᠂ ᠠᠵᠢᠭᠯᠠᠨ ᠪᠠᠷᠠᠯᠠᠬᠤ ᠲᠠᠶ᠋ᠢᠰᠠ᠂ ᠴᠠᠭᠳᠠᠨ ᠲᠣᠭᠤᠷᠢᠵᠤ ᠬᠠᠮᠠᠭ᠋ᠠᠯᠠᠬᠤ ᠠᠵᠢᠯ᠎ᠤᠨ ᠪᠠᠶ᠋ᠢᠷᠢᠨ᠎ᠳᠠᠬᠢ ᠬᠥᠮᠥᠰ᠎ᠨᠢ ᠪᠦᠬᠦᠯᠢ ᠡᠳᠦᠷ ᠵᠶ᠋ᠠᠷ ᠵᠢᠵᠢᠭᠦᠷᠯᠡᠨ ᠰᠠᠬᠢᠵᠤ᠂ 《ᠭᠠᠯ ᠲᠦᠢ᠍ᠮᠡᠷ᠎ᠤᠨ ᠰᠡᠷᠭᠡᠶ᠋ᠢᠯᠡᠯᠲᠡ ᠵᠢᠨ ᠮᠡᠷᠭᠡᠨ ᠴᠣᠬᠤᠷ》 ᠲᠣᠬᠢᠷᠠᠭᠤᠯᠤᠨ᠂ ᠴᠢᠩᠭ᠎ᠠ ᠰᠡᠷᠭᠡᠶ᠋ᠢᠯᠡᠵᠦ ᠵᠠᠬᠢᠷᠤᠨ ᠬᠠᠮᠢᠶᠠᠷᠬᠤ ᠣᠷᠣᠨ ᠪᠦᠰᠡᠨ᠎ᠳᠤ ᠣᠷᠣᠬᠤ ᠬᠥᠮᠥᠰ ᠪᠠ ᠲᠡᠷᠭᠡ ᠬᠥᠰᠬᠡ ᠵᠢ ᠴᠢᠩᠭ᠎ᠠ ᠵᠠᠬᠢᠷᠤᠨ ᠬᠠᠮᠢᠶᠠᠷᠴᠤ᠂ ᠭᠠᠯ᠎ᠤᠨ ᠴᠤᠭ ᠪᠤᠶᠤ ᠨᠣᠴᠣᠮᠠᠲᠠᠭ᠋ᠠᠢ ᠳᠡᠯᠪᠡᠷᠡᠮᠡᠲᠡᠭᠡᠢ ᠡᠳ᠋ ᠪᠣᠳᠠᠰ ᠠᠪᠴᠤ ᠣᠷᠣᠬᠤ ᠵᠢ ᠴᠢᠩᠭ᠎ᠠ ᠴᠠᠭ᠋ᠠᠵᠠᠯᠠᠨ᠂ ᠴᠢᠬᠤᠯᠠᠲᠠᠢ ᠦᠶ᠎ᠡ᠎ᠳᠤ 《ᠭᠠᠯ ᠰᠡᠷᠭᠡᠶ᠋ᠢᠯᠡᠬᠦ ᠪᠦᠲᠡᠭᠡᠯᠭᠡ》 ᠨᠡᠮᠡᠨ ᠤᠭᠰᠠᠷᠠᠵᠤ ᠪᠤᠬ᠎ᠠ ᠲᠡᠷᠭᠡ ᠳᠦᠷᠡᠯᠵᠡᠨ ᠨᠣᠴᠣᠬᠤ ᠵᠢ ᠰᠡᠷᠭᠡᠶ᠋ᠢᠯᠡᠬᠦ᠂ ᠨᠡᠭᠦᠷᠡᠰᠦ ᠲᠡᠭᠡᠭᠡᠭᠰᠡᠨ ᠲᠡᠷᠭᠡᠨ᠎ᠤ ᠸᠠᠭᠤᠨᠢ ᠪᠢᠲᠡᠭᠦᠯᠡᠵᠦ ᠨᠡᠭᠦᠷᠡᠰᠦᠨ ᠬᠡᠮᠬᠡᠳᠡᠭ᠎ᠨᠢ ᠰᠠᠳᠠᠷᠠᠵᠦ ᠭᠤᠭᠤᠵᠢᠭ᠋ᠠᠳ ᠠᠶᠠᠨᠳᠠᠭ᠋ᠠᠨ ᠨᠣᠴᠣᠬᠤ ᠵᠢ ᠰᠡᠷᠭᠡᠶ᠋ᠢᠯᠡᠬᠦ ᠵᠡᠷᠭᠡ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠠᠷᠭ᠎ᠠ ᠬᠡᠮᠵᠢᠶ᠎ᠡ ᠠᠪᠬᠤ ᠬᠡᠷᠡᠭᠲᠡᠢ᠃
ᠳᠥᠷᠪᠡ᠂ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ᠎ᠪᠠᠨ ᠴᠢᠩᠭ᠋ᠠᠷᠠᠭᠤᠯᠬᠤ ᠬᠡᠷᠡᠭᠲᠡᠢ
ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ᠎ᠨᠢ ᠣᠢ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠤᠨ ᠠᠶᠤᠯ᠎ᠤᠨ ᠴᠠᠭ ᠠᠭᠤᠷ᠎ᠤᠨ ᠮᠡᠳᠡᠭᠡ᠎ᠪᠠᠨ ᠤᠷᠢᠳᠴᠢᠯᠠᠨ ᠮᠡᠳᠡᠭᠡᠯᠡᠬᠦ᠎ᠪᠠᠨ ᠴᠢᠩᠭ᠋ᠠᠳᠬᠠᠵᠤ᠂ ᠭᠠᠯ ᠲᠦᠢ᠍ᠮᠡᠷ᠎ᠤᠨ ᠠᠶᠤᠯ ᠶᠡᠬᠡᠲᠡᠢ ᠴᠠᠭ ᠠᠭᠤᠷ ᠪᠣᠯ ᠴᠠᠭ ᠲᠤᠬᠠᠢᠳᠤᠨᠢ ᠵᠠᠯᠭ᠋ᠠᠭ᠎ᠠ ᠵᠠᠯᠭ᠋ᠠᠭ᠎ᠠ᠎ᠪᠠᠷ ᠰᠡᠷᠡᠮᠵᠢ ᠵᠢᠨ ᠳᠣᠬᠢᠶ᠎ᠠ ᠨᠡᠶ᠋ᠢᠲᠡᠯᠡᠨ᠂ ᠤᠷᠢᠳᠴᠢᠯᠠᠨ ᠠᠷᠭ᠋ᠠᠴᠠᠭ᠋ᠠᠬᠤ ᠠᠷᠭ᠎ᠠ ᠬᠡᠮᠵᠢᠶ᠎ᠡ ᠠᠪᠬᠤ ᠬᠡᠷᠡᠭᠲᠡᠢ᠃ ᠡᠯ᠎ᠡ ᠱᠠᠲᠤᠨ᠎ᠤ ᠭᠠᠯ ᠲᠦᠢ᠍ᠮᠡᠷ᠎ᠢ ᠰᠡᠷᠭᠡᠶ᠋ᠢᠯᠡᠵᠦ ᠤᠨᠲᠠᠷᠠᠭ᠋ᠠᠬᠤ ᠰᠠᠯᠠᠭ᠎ᠠ ᠮᠥᠴᠢᠷ ᠪᠣᠯᠣᠨ ᠬᠠᠷᠢᠭᠤᠴᠠᠯᠭ᠋ᠠᠲᠤ ᠨᠢᠭᠡᠴᠢ᠎ᠨᠢ 24 ᠴᠠᠭ ᠵᠶ᠋ᠠᠷ ᠵᠢᠵᠢᠭᠦᠷᠯᠡᠬᠦ᠂ ᠤᠳᠤᠷᠢᠳᠤᠯᠭ᠎ᠠ ᠳᠠᠭ᠋ᠠᠭᠤᠯᠤᠨ ᠵᠢᠵᠢᠭᠦᠷᠯᠡᠬᠦ᠂ ᠭᠠᠯ ᠲᠦᠢ᠍ᠮᠡᠷ᠎ᠤᠨ ᠪᠠᠶ᠋ᠢᠳᠠᠯ᠎ᠤᠨ ᠮᠡᠳᠡᠭᠡ ᠵᠠᠩᠭᠢ ᠵᠢ 《ᠰᠢᠰᠲ᠋ᠧᠮᠵᠢᠭᠦᠯᠦᠨ ᠮᠡᠳᠡᠭᠦᠯᠬᠦ》 《ᠭᠠᠯ ᠲᠦᠢ᠍ᠮᠡᠷ ᠭᠠᠷᠪᠠᠯ ᠵᠠᠪᠠᠯ ᠮᠡᠳᠡᠭᠦᠯᠬᠦ》 ᠪᠠ ᠴᠢᠬᠤᠯᠠ ᠴᠠᠭ ᠬᠤᠭᠤᠴᠠᠭ᠋ᠠᠨ᠎ᠳᠤ 《ᠡᠳᠦᠷ᠎ᠤᠨ ᠮᠡᠳᠡᠭᠦᠯᠦᠯᠲᠡ》 《ᠭᠠᠯ ᠲᠦᠢ᠍ᠮᠡᠷ ᠦᠭᠡᠢ ᠮᠡᠳᠡᠭᠦᠯᠦᠯᠲᠡ》 ᠵᠢᠨ ᠳᠦᠷᠢᠮ᠎ᠢ ᠴᠢᠩᠭ᠎ᠠ ᠬᠡᠷᠡᠭᠵᠢᠭᠦᠯᠵᠦ᠂ ᠨᠢᠭᠤᠵᠤ ᠮᠡᠳᠡᠭᠦᠯᠬᠦ ᠦᠭᠡᠢ᠂ ᠬᠤᠵᠢᠭᠤ ᠮᠡᠳᠡᠭᠦᠯᠬᠦ ᠵᠡᠷᠭᠡ ᠦᠶᠯᠡ ᠠᠵᠢᠯᠯᠠᠭ᠎ᠠ ᠵᠢ ᠳᠦᠷᠢᠮ ᠲᠣᠭᠲᠠᠭ᠋ᠠᠯ ᠰᠠᠬᠢᠯᠭ᠎ᠠ ᠪᠠᠲᠤ ᠬᠠᠤᠯᠢ ᠴᠠᠭ᠋ᠠᠵᠠ ᠵᠢᠨ ᠶᠣᠰᠣᠭ᠋ᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠨ ᠬᠠᠷᠢᠭᠤᠴᠠᠯᠭ᠎ᠠ ᠬᠡᠯᠡᠯᠴᠡᠬᠦ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ᠎ᠨᠦᠭᠦᠳ ᠭᠠᠯ ᠲᠦᠢ᠍ᠮᠡᠷ᠎ᠤᠨ ᠪᠠᠶ᠋ᠢᠳᠠᠯ᠎ᠢ ᠨᠢᠭᠲᠠ ᠠᠵᠢᠭᠯᠠᠵᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠲᠥᠰᠥᠯ ᠵᠶ᠋ᠠᠨ ᠲᠡᠭᠦᠯᠳᠡᠷᠵᠢᠭᠦᠯᠦᠨ᠂ ᠡᠩᠨᠡᠭᠡᠨ᠎ᠤ ᠪᠠᠶ᠋ᠢᠷᠢᠯᠠᠭᠤᠯᠤᠯᠲᠠ᠎ᠪᠠᠨ ᠰᠢᠯᠢᠳᠡᠭᠵᠢᠭᠦᠯᠵᠦ᠂ ᠶᠡᠷᠦᠩᠬᠡᠶ᠋ᠢᠯᠡᠭᠰᠡᠨ ᠪᠠᠲᠤᠯᠠᠭ᠎ᠠ᠎ᠪᠠᠨ ᠴᠢᠩᠭ᠋ᠠᠳᠬᠠᠨ᠂ ᠭᠡᠨᠡᠳᠲᠡ ᠡᠭᠦᠰᠦᠭᠰᠡᠨ ᠭᠠᠯ ᠲᠦᠢ᠍ᠮᠡᠷ᠎ᠢ ᠪᠤᠰᠢᠭᠤ ᠲᠦᠷᠭᠡᠨ ᠤᠨᠲᠠᠷᠠᠭ᠋ᠠᠵᠤ᠂ ᠥᠨᠳᠥᠷ ᠪᠦᠲᠦᠮᠵᠢᠲᠡᠶ ᠰᠢᠢ᠍ᠳᠪᠦᠷᠢᠯᠡᠨ᠂ 《ᠡᠷᠲᠡ᠎ᠠᠴᠠ᠎ᠨᠢ ᠪᠠᠭ᠎ᠠ ᠳᠡᠭᠡᠷ᠎ᠡ᠎ᠨᠢ ᠪᠦᠷᠢᠮᠦᠰᠦᠨ ᠤᠨᠲᠠᠷᠠᠭ᠋ᠠᠬᠤ》 ᠵᠢ ᠦᠨᠡᠨ ᠬᠦ᠌ ᠪᠠᠲᠤᠯᠠᠬᠤ ᠬᠡᠷᠡᠭᠲᠡᠢ᠃ ᠭᠠᠯ ᠲᠦᠢ᠍ᠮᠡᠷ᠎ᠢ ᠤᠨᠲᠠᠷᠠᠭ᠋ᠠᠵᠤ ᠠᠪᠤᠷᠠᠯᠲᠠ ᠬᠢᠬᠦ᠎ᠳᠤ ᠬᠠᠷᠢᠶ᠎ᠠ ᠭᠠᠵᠠᠷ ᠵᠶ᠋ᠠᠷ ᠭᠤᠣᠯ ᠪᠣᠯᠭ᠋ᠠᠬᠤ ᠵᠠᠷᠴᠢᠮ᠎ᠢ ᠪᠠᠷᠢᠮᠲᠠᠯᠠᠨ᠂ ᠣᠶ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠢ ᠰᠡᠷᠭᠡᠶ᠋ᠢᠯᠡᠵᠦ ᠤᠨᠲᠠᠷᠠᠭ᠋ᠠᠬᠤ ᠠᠵᠢᠯ᠎ᠤᠨ ᠵᠢᠯᠤᠭᠤᠳᠬᠤ ᠭᠠᠵᠠᠷ᠎ᠤᠨ ᠡᠷᠬᠡ ᠰᠦᠷ᠎ᠢ ᠪᠠᠳᠠᠷᠠᠭ᠋ᠠᠵᠤ᠂ ᠨᠢᠭᠡᠳᠦᠯᠲᠡᠢ ᠵᠢᠯᠣᠭᠤᠳᠤᠨ᠂ ᠰᠢᠨᠵᠢᠯᠡᠬᠦ ᠤᠬᠠᠭ᠋ᠠᠨᠴᠢ᠎ᠪᠠᠷ ᠤᠨᠲᠠᠷᠠᠭ᠋ᠠᠵᠤ ᠠᠪᠤᠷᠠᠬᠤ ᠬᠡᠷᠡᠭᠲᠡᠢ᠃ ᠠᠮᠢ ᠨᠠᠰᠤ ᠵᠢ ᠳᠡᠭᠡᠳᠦᠯᠡᠬᠦ᠂ ᠠᠮᠤᠷ ᠲᠦᠪᠰᠢᠨ᠎ᠢ ᠲᠡᠷᠢᠭᠦᠨ᠎ᠳᠤ ᠲᠠᠯᠪᠢᠬᠤ ᠣᠨᠣᠯᠵᠢᠬᠤᠨ᠎ᠢ ᠪᠠᠲᠤ ᠪᠠᠬᠢ ᠪᠣᠶ ᠪᠣᠯᠭ᠋ᠠᠵᠤ᠂ ᠲᠤᠰᠬᠠᠢ ᠮᠡᠷᠭᠡᠵᠢᠯ᠎ᠤᠨ ᠵᠢᠯᠣᠭᠤᠳᠤᠯᠭ᠎ᠠ᠎ᠲᠠᠢ᠂ ᠭᠠᠯ ᠲᠦᠢ᠍ᠮᠡᠷ ᠤᠨᠲᠠᠷᠠᠭ᠋ᠠᠬᠤ ᠲᠤᠰᠬᠠᠶ᠋ᠢᠵᠢᠭᠰᠠᠨ ᠵᠠᠮ ᠵᠶ᠋ᠠᠷ ᠵᠠᠮᠨᠠᠵᠤ᠂ ᠣᠯᠠᠨ ᠲᠦᠮᠡᠨ᠎ᠤ ᠭᠠᠯ ᠲᠦᠢ᠍ᠮᠡᠷ ᠤᠨᠲᠠᠷᠠᠭ᠋ᠠᠬᠤ ᠠᠵᠢᠯ᠎ᠳᠤ ᠰᠢᠭᠤᠳ ᠣᠷᠤᠯᠴᠠᠬᠤ᠎ᠠᠴᠠ ᠡᠷᠡᠰ ᠵᠠᠶ᠋ᠢᠯᠠᠰᠬᠢᠵᠦ᠂ ᠨᠠᠰᠤᠲᠠᠶ᠋ᠢᠴᠤᠳ᠂ ᠨᠠᠰᠤᠨ᠎ᠳᠤ ᠥᠯᠥ ᠬᠦᠷᠦᠭᠰᠡᠳ᠂ ᠰᠤᠷᠤᠭᠴᠢᠳ ᠵᠡᠷᠭᠡ᠎ᠤᠨ ᠭᠠᠯ ᠲᠦᠢ᠍ᠮᠡᠷ ᠤᠨᠲᠠᠷᠠᠭ᠋ᠠᠬᠤ᠎ᠳᠤ ᠣᠷᠣᠯᠴᠠᠬᠤ ᠵᠢ ᠴᠠᠭ᠋ᠠᠵᠠᠯᠠᠵᠤ᠂ ᠬᠥᠮᠥᠨ ᠬᠠᠷ᠎ᠠ ᠠᠳᠡᠵᠦ ᠰᠢᠷᠬᠠᠲᠤᠬᠤ ᠭᠡᠨᠡᠳᠡᠯ ᠭᠠᠷᠬᠤ᠎ᠠᠴᠠ ᠴᠢᠩᠭ᠎ᠠ ᠰᠡᠷᠭᠡᠶ᠋ᠢᠯᠡᠬᠦ ᠬᠡᠷᠡᠭᠲᠡᠢ᠃
ᠲᠠᠪᠤ᠂ ᠰᠢᠮᠳᠠᠭᠤᠯᠤᠨ ᠵᠢᠯᠤᠭᠤᠳᠴᠤ ᠬᠠᠷᠢᠭᠤᠴᠠᠯᠭ᠎ᠠ ᠲᠤᠯᠭ᠋ᠠᠨ ᠬᠡᠯᠡᠯᠴᠡᠬᠦ ᠵᠢ ᠴᠢᠩᠳᠠᠯᠠᠬᠤ ᠬᠡᠷᠡᠭᠲᠡᠢ
ᠣᠶ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠤᠨ ᠬᠡᠷᠡᠭ᠎ᠢ ᠪᠠᠶ᠋ᠢᠴᠠᠭ᠋ᠠᠨ ᠰᠢᠢ᠍ᠳᠪᠦᠷᠢᠯᠡᠬᠦ ᠡᠷᠴᠢᠮ ᠵᠶ᠋ᠠᠨ ᠴᠢᠩᠭ᠋ᠠᠷᠠᠭᠤᠯᠤᠨ᠂ ᠬᠡᠷᠡᠭ ᠪᠦᠷᠢ ᠵᠢ ᠵᠠᠪᠠᠯ ᠪᠠᠶ᠋ᠢᠴᠠᠭ᠋ᠠᠵᠤ᠂ ᠬᠡᠷᠡᠭ ᠪᠦᠷᠢ᠎ᠠᠴᠠ ᠵᠠᠪᠠᠯ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠰᠠᠬᠢᠯᠭ᠎ᠠ ᠪᠠᠲᠤ ᠵᠢ ᠬᠡᠷᠡᠭᠵᠢᠭᠦᠯᠦᠨ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠵᠶ᠋ᠠᠨ ᠴᠢᠩᠭ᠋ᠠᠷᠠᠭᠤᠯᠵᠤ᠂ ᠭᠠᠯ ᠲᠦᠢ᠍ᠮᠡᠷ ᠰᠡᠷᠭᠡᠶ᠋ᠢᠯᠡᠵᠦ ᠤᠨᠲᠠᠷᠠᠭ᠋ᠠᠬᠤ ᠬᠠᠷᠢᠭᠤᠴᠠᠯᠭ᠎ᠠ᠎ᠪᠠᠨ ᠨᠠᠶ᠋ᠢᠳᠠᠪᠤᠷᠢᠵᠢᠭᠤᠯᠤᠭᠰᠠᠨ ᠦᠭᠡᠢ ᠪᠤᠶᠤ ᠨᠠᠶ᠋ᠢᠳᠠᠪᠤᠷᠢᠵᠢᠭᠤᠯᠤᠭᠰᠠᠨ ᠵᠶ᠋ᠠᠷ ᠠᠨᠠᠶ᠋ᠢᠬᠠᠨ᠎ᠠᠴᠠ ᠪᠣᠯᠵᠤ ᠬᠦᠨᠳᠦ ᠣᠨᠴᠠ ᠶᠡᠭᠡ ᠭᠠᠯ ᠲᠦᠢ᠍ᠮᠡᠷ ᠭᠠᠷᠤᠭᠰᠠᠨ ᠪᠤᠶᠤ ᠬᠥᠮᠥᠨ ᠬᠠᠷ᠎ᠠ ᠠᠳᠡᠵᠦ ᠰᠢᠷᠬᠠᠲᠤᠭᠰᠠᠨ ᠭᠡᠨᠡᠳᠡᠯ ᠭᠠᠷᠤᠭᠰᠠᠨ ᠭᠠᠵᠠᠷ ᠣᠷᠣᠨ᠂ ᠨᠢᠭᠡᠴᠢ ᠪᠣᠯᠣᠨ ᠬᠠᠷᠢᠭᠤᠴᠠᠯᠭ᠋ᠠᠲᠠᠨ᠎ᠠᠴᠠ ᠳᠦᠷᠢᠮ ᠲᠣᠭᠲᠠᠭ᠋ᠠᠯ ᠰᠠᠬᠢᠯᠭ᠎ᠠ ᠪᠠᠲᠤ ᠬᠠᠤᠯᠢ ᠴᠠᠭ᠋ᠠᠵᠠ ᠶᠣᠰᠣᠭ᠋ᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃
ᠵᠢᠷᠭᠤᠭ᠎ᠠ᠂ ᠤᠬᠠᠭᠤᠯᠭ᠎ᠠ ᠬᠥᠮᠦᠵᠢᠯ᠎ᠢ ᠴᠢᠩᠭ᠋ᠠᠳᠬᠠᠬᠤ ᠬᠡᠷᠡᠭᠲᠡᠢ
ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠨᠢᠭᠡᠴᠢ᠎ᠨᠢ ᠡᠯ᠎ᠡ ᠵᠦᠢ᠍ᠯ᠎ᠤᠨ ᠵᠠᠭᠤᠴᠢᠯᠠᠭᠤᠷ᠎ᠢ ᠭᠦᠢ᠍ᠴᠡᠳ ᠠᠰᠢᠭᠯᠠᠨ᠂ ᠣᠯᠠᠨ ᠵᠦᠢ᠍ᠯ᠎ᠤᠨ ᠬᠡᠯᠪᠡᠷᠢ ᠮᠠᠶᠢᠭ ᠵᠶ᠋ᠠᠷ ᠣᠶ ᠰᠢᠭᠤᠢ ᠵᠢᠨ ᠭᠠᠯ ᠲᠦᠢ᠍ᠮᠡᠷ᠎ᠢ ᠰᠡᠷᠭᠡᠶ᠋ᠢᠯᠡᠵᠦ ᠤᠨᠲᠠᠷᠠᠭ᠋ᠠᠬᠤ ᠤᠬᠠᠭᠤᠯᠭ᠎ᠠ ᠬᠥᠮᠦᠵᠢᠯ᠎ᠢ ᠥᠷᠭᠡᠨ ᠳᠡᠯᠭᠡᠷ ᠥᠷᠨᠢᠭᠦᠯᠦᠨ᠂ ᠣᠯᠠᠨ ᠨᠡᠶ᠋ᠢᠲᠡ ᠵᠢᠨ ᠬᠠᠷᠢᠭᠤᠴᠠᠯᠭ᠋ᠠᠲᠤ ᠦᠵᠡᠯ ᠤᠬᠠᠮᠰᠠᠷ᠂ ᠠᠮᠤᠷ ᠲᠦᠪᠰᠢᠨ᠎ᠤ ᠦᠵᠡᠯ ᠤᠬᠠᠮᠰᠠᠷ ᠪᠣᠯᠣᠨ ᠬᠠᠤᠯᠢ᠎ᠪᠠᠷ ᠵᠠᠰᠠᠬᠤ ᠦᠵᠡᠯ ᠤᠬᠠᠮᠰᠠᠷ᠎ᠢ᠎ᠨᠢ ᠨᠡᠮᠡᠭᠳᠡᠭᠦᠯᠵᠦ᠂ ᠣᠯᠠᠨ ᠨᠡᠶ᠋ᠢᠲᠡ ᠵᠢᠨ ᠤᠷᠢᠳᠴᠢᠯᠠᠨ ᠰᠡᠷᠭᠡᠶ᠋ᠢᠯᠡᠬᠦ᠂ ᠠᠶᠤᠯ᠎ᠠᠴᠠ ᠵᠠᠶ᠋ᠢᠯᠠᠰᠬᠢᠬᠦ᠂ ᠥᠪᠡᠷ᠎ᠢ᠎ᠪᠠᠨ ᠠᠪᠤᠷᠠᠬᠤ᠂ ᠬᠠᠷᠢᠯᠴᠠᠨ ᠠᠪᠤᠷᠠᠬᠤ ᠪᠠ ᠭᠠᠮᠰᠢᠭ᠎ᠢ ᠪᠠᠭ᠋ᠠᠰᠬᠠᠬᠤ ᠴᠢᠳᠠᠪᠤᠷᠢ ᠵᠢ᠎ᠨᠢ ᠳᠡᠭᠡᠭᠰᠢᠯᠡᠭᠦᠯᠵᠦ᠂ ᠭᠠᠯ ᠲᠦᠢ᠍ᠮᠡᠷ ᠭᠠᠷᠤᠭᠰᠠᠨ ᠴᠦ᠍ ᠭᠠᠮᠰᠢᠭ ᠪᠣᠯᠬᠤ ᠦᠭᠡᠢ᠂ ᠭᠠᠯ᠎ᠤᠨ ᠭᠠᠮᠰᠢᠭ ᠡᠭᠦᠰᠦᠭᠰᠡᠨ ᠴᠦ᠍ ᠠᠳᠡᠵᠦ ᠰᠢᠷᠬᠠᠲᠤᠭᠰᠠᠨ ᠦᠭᠡᠢ ᠪᠠᠶ᠋ᠢᠬᠤ ᠵᠢ ᠪᠡᠶᠡᠯᠡᠭᠦᠯᠬᠦ ᠬᠡᠷᠡᠭᠲᠡᠢ᠃
2023 ᠣᠨ᠎ᠤ 3 ᠳ᠋ᠤᠭ᠋ᠠᠷ ᠰᠠᠷ᠎ᠠ ᠵᠢᠨ 19᠎ᠤ ᠡᠳᠦᠷ
(ᠲᠤᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)