ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠢᠴᠢᠭ ᠮᠠᠲ᠋ᠧᠷᠢᠶᠠᠯ
ᠥᠪᠥᠷ ᠵᠠᠰᠠᠭ ᠲᠠᠷᠬᠠᠭ᠋ᠠᠭᠰᠠᠨ [2023] 14 ᠳ᠋ᠦ᠍ᠭᠡᠷ ᠲᠣᠭ᠋ᠠᠲᠤ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠶ᠋ᠢᠯᠡᠵᠦ ᠤᠨᠲᠠᠷᠠᠭ᠋ᠠᠬᠤ ᠠᠮᠤᠷ ᠲᠦᠪᠰᠢᠨ᠎ᠤ ᠬᠠᠮᠢᠶᠠᠷᠤᠯᠲᠠ ᠵᠢᠨ ᠲᠣᠭᠲᠠᠭ᠋ᠠᠯ》᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
ᠡᠳᠦᠭᠡ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠶ᠋ᠢᠯᠡᠵᠦ ᠤᠨᠲᠠᠷᠠᠭ᠋ᠠᠬᠤ ᠠᠮᠤᠷ ᠲᠦᠪᠰᠢᠨ᠎ᠤ ᠬᠠᠮᠢᠶᠠᠷᠤᠯᠲᠠ ᠵᠢᠨ ᠲᠣᠭᠲᠠᠭ᠋ᠠᠯ》᠎ᠢ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠲᠤᠭ᠋ᠠᠢ᠃
2023 ᠣᠨ᠎ᠤ 8 ᠳ᠋ᠤᠭ᠋ᠠᠷ ᠰᠠᠷ᠎ᠠ ᠵᠢᠨ 10᠎ᠤ ᠡᠳᠦᠷ
(ᠲᠣᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠶ᠋ᠢᠯᠡᠵᠦ ᠤᠨᠲᠠᠷᠠᠭ᠋ᠠᠬᠤ ᠠᠮᠤᠷ ᠲᠦᠪᠰᠢᠨ᠎ᠤ ᠬᠠᠮᠢᠶᠠᠷᠤᠯᠲᠠ ᠵᠢᠨ ᠲᠣᠭᠲᠠᠭ᠋ᠠᠯ
ᠨᠢᠭᠡᠳᠦᠭᠡᠷ ᠪᠦᠯᠦᠭ ᠶᠡᠷᠦᠩᠬᠡᠢ ᠳᠦᠷᠢᠮ
ᠨᠢᠭᠡᠳᠦᠭᠡᠷ ᠵᠦᠢ᠍ᠯ ᠲᠠᠷᠢᠶᠠᠯᠠᠬᠤ ᠮᠠᠯᠵᠢᠬᠤ ᠣᠷᠣᠨ᠎ᠤ ᠭᠠᠯ ᠲᠦᠢ᠍ᠮᠡᠷ᠎ᠤᠨ ᠠᠶᠤᠯ᠎ᠢ ᠤᠷᠢᠳᠴᠢᠯᠠᠨ ᠰᠡᠷᠭᠡᠶ᠋ᠢᠯᠡᠬᠦ ᠪᠠ ᠪᠦᠲᠦᠮᠵᠢᠲᠡᠢ ᠠᠪᠤᠷᠠᠵᠤ᠂ ᠲᠠᠷᠢᠶᠠᠯᠠᠬᠤ ᠮᠠᠯᠵᠢᠬᠤ ᠣᠷᠣᠨ᠎ᠤ ᠭᠠᠯ ᠲᠦᠢ᠍ᠮᠡᠷ᠎ᠤᠨ ᠠᠶᠤᠯ᠎ᠤᠨ ᠬᠤᠣᠷ ᠬᠥᠨᠥᠭᠡᠯ᠎ᠢ ᠪᠠᠭ᠋ᠠᠰᠬᠠᠵᠤ᠂ ᠭᠠᠯ ᠰᠡᠷᠭᠡᠶ᠋ᠢᠯᠡᠵᠦ ᠤᠨᠲᠠᠷᠠᠭ᠋ᠠᠬᠤ ᠠᠮᠤᠷ ᠲᠦᠪᠰᠢᠨ᠎ᠢ ᠪᠠᠲᠤᠯᠠᠬᠤ ᠵᠢᠨ ᠲᠤᠰᠠᠳᠠ᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠭᠠᠯ ᠰᠡᠷᠭᠡᠶ᠋ᠢᠯᠡᠵᠦ ᠤᠨᠲᠠᠷᠠᠭ᠋ᠠᠬᠤ ᠬᠠᠤᠯᠢ》᠂ 《ᠥᠪᠡᠷᠲᠡᠭᠡᠨ ᠵᠠᠰᠠᠬᠤ ᠣᠷᠣᠨ᠎ᠤ ᠭᠠᠯ ᠰᠡᠷᠭᠡᠶ᠋ᠢᠯᠡᠵᠦ ᠤᠨᠲᠠᠷᠠᠭ᠋ᠠᠬᠤ ᠳᠦᠷᠢᠮ》᠂ 《ᠭᠠᠯ ᠰᠡᠷᠭᠡᠶ᠋ᠢᠯᠡᠵᠦ ᠤᠨᠲᠠᠷᠠᠭ᠋ᠠᠯᠲᠠ ᠵᠢᠨ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠤᠬᠠᠢ ᠲᠥᠪ ᠬᠤᠷᠢᠶᠠᠨ᠎ᠤ ᠠᠯᠪᠠᠨ ᠲᠢᠩᠬᠢᠮ ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠤᠨ ᠰᠠᠨᠠᠯ》᠂ (ᠲᠢᠩᠬᠢᠮ ᠦᠰᠦᠭ [2019] 34 ᠳ᠋ᠦ᠍ᠭᠡᠷ ᠲᠣᠭ᠋ᠠᠲᠤ)᠂ 《〈ᠭᠠᠯ ᠰᠡᠷᠭᠡᠶ᠋ᠢᠯᠡᠵᠦ ᠤᠨᠲᠠᠷᠠᠭ᠋ᠠᠬᠤ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠳᠦᠷᠢᠮ᠎ᠤᠨ ᠬᠡᠷᠡᠭᠵᠢᠭᠦᠯᠬᠦ ᠠᠷᠭ᠎ᠠ〉 ᠵᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠤᠨ ᠮᠡᠳᠡᠭᠳᠡᠯ》 (ᠲᠥᠷᠥ ᠠᠯᠪᠠᠨ ᠲᠠᠷᠬᠠᠭ᠋ᠠᠭᠰᠠᠨ [2017] 87 ᠳ᠋ᠤᠭ᠋ᠠᠷ ᠲᠣᠭ᠋ᠠᠲᠤ) ᠵᠡᠷᠭᠡ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠠ ᠪᠢᠴᠢᠭ ᠮᠠᠲ᠋ᠧᠷᠢᠶᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠤᠨ᠂ ᠲᠣᠰ ᠲᠣᠭᠲᠠᠭ᠋ᠠᠯ᠎ᠢ ᠲᠣᠭᠲᠠᠭ᠋ᠠᠪᠠ᠃
ᠬᠤᠶᠠᠳᠤᠭ᠋ᠠᠷ ᠵᠦᠢ᠍ᠯ ᠲᠣᠰ ᠲᠣᠭᠲᠠᠭ᠋ᠠᠯ᠎ᠨᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ ᠬᠡᠪᠴᠢᠶᠡᠨ᠎ᠳᠠᠬᠢ ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠶ᠋ᠢᠯᠡᠵᠦ ᠤᠨᠲᠠᠷᠠᠭ᠋ᠠᠬᠤ ᠠᠮᠤᠷ ᠲᠦᠪᠰᠢᠨ᠎ᠤ ᠬᠠᠮᠢᠶᠠᠷᠤᠯᠲᠠ ᠵᠢᠨ ᠠᠵᠢᠯ᠎ᠳᠤ ᠲᠣᠬᠢᠷᠠᠨ ᠬᠡᠷᠡᠭᠯᠡᠭᠳᠡᠨ᠎ᠡ᠃ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠣᠢ ᠰᠢᠭᠤᠢ᠂ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠵᠦ ᠤᠨᠲᠠᠷᠠᠭ᠋ᠠᠬᠤ ᠠᠵᠢᠯ᠎ᠳᠤ ᠣᠨᠳᠣᠣ ᠲᠣᠭᠲᠠᠭ᠋ᠠᠯ ᠪᠠᠶ᠋ᠢᠪᠠᠯ᠂ ᠲᠡᠷᠡ ᠲᠣᠭᠲᠠᠭ᠋ᠠᠯ ᠵᠶ᠋ᠠᠷ᠎ᠨᠢ ᠬᠡᠷᠡᠭᠵᠢᠭᠦᠯᠦᠨ᠎ᠡ᠃
ᠭᠤᠷᠪᠠᠳᠤᠭ᠋ᠠᠷ ᠵᠦᠢ᠍ᠯ ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠶ᠋ᠢᠯᠡᠵᠦ ᠤᠨᠲᠠᠷᠠᠭ᠋ᠠᠬᠤ ᠠᠵᠢᠯ᠎ᠨᠢ 《ᠤᠷᠢᠳᠴᠢᠯᠠᠨ ᠰᠡᠷᠭᠡᠶ᠋ᠢᠯᠡᠬᠦ᠎ᠪᠠᠷ ᠭᠤᠣᠯ ᠪᠣᠯᠭ᠋ᠠᠵᠤ᠂ ᠰᠡᠷᠭᠡᠶ᠋ᠢᠯᠡᠬᠦ ᠪᠠ ᠤᠨᠲᠠᠷᠠᠭ᠋ᠠᠬᠤ ᠵᠢ ᠬᠠᠷᠢᠯᠴᠠᠨ ᠤᠶᠠᠯᠳᠤᠭᠤᠯᠬᠤ》 ᠴᠢᠭᠯᠡᠯᠲᠡ ᠵᠢ ᠪᠠᠷᠢᠮᠲᠠᠯᠠᠵᠤ᠂ ᠲᠤᠬᠠᠢ ᠵᠢᠨ ᠭᠠᠵᠠᠷ᠎ᠲᠤᠨᠢ ᠲᠣᠬᠢᠷᠠᠭᠤᠯᠵᠤ᠂ ᠪᠦᠭᠦᠳᠡᠭᠡᠷ ᠵᠶ᠋ᠠᠨ ᠰᠡᠷᠭᠡᠶ᠋ᠢᠯᠡᠨ ᠵᠠᠰᠠᠬᠤ᠂ ᠥᠪᠡᠷ ᠵᠶ᠋ᠠᠨ ᠰᠡᠷᠭᠡᠶ᠋ᠢᠯᠡᠵᠦ ᠥᠪᠡᠷ᠎ᠢ᠎ᠪᠠᠨ ᠠᠪᠤᠷᠠᠬᠤ ᠵᠠᠷᠴᠢᠮ ᠶᠣᠰᠣᠭ᠋ᠠᠷ ᠭᠠᠯ ᠰᠡᠷᠭᠡᠶ᠋ᠢᠯᠡᠵᠦ ᠤᠨᠲᠠᠷᠠᠭ᠋ᠠᠬᠤ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠳᠦᠷᠢᠮ᠎ᠢ ᠬᠡᠷᠡᠭᠵᠢᠭᠦᠯᠦᠨ᠎ᠡ᠃
ᠳᠥᠷᠪᠡᠳᠦᠭᠡᠷ ᠵᠦᠢ᠍ᠯ ᠬᠤᠰᠢᠭᠤ ᠰᠢᠶᠠᠨ (ᠬᠤᠲᠠ᠂ ᠲᠣᠭᠤᠷᠢᠭ)᠂ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠎ᠨᠢ ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠶ᠋ᠢᠯᠡᠵᠦ ᠤᠨᠲᠠᠷᠠᠭ᠋ᠠᠬᠤ ᠠᠮᠤᠷ ᠲᠦᠪᠰᠢᠨ᠎ᠤ ᠬᠠᠮᠢᠶᠠᠷᠤᠯᠲᠠ᠂ ᠪᠠᠲᠤᠯᠠᠭ᠎ᠠ᠂ ᠰᠢᠯᠭ᠋ᠠᠨ ᠬᠢᠨᠠᠬᠤ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠬᠦ ᠵᠢᠨ ᠬᠠᠮᠲᠤ᠂ ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠶ᠋ᠢᠯᠡᠵᠦ ᠤᠨᠲᠠᠷᠠᠭ᠋ᠠᠬᠤ ᠠᠵᠢᠯ᠎ᠢ ᠵᠠᠰᠠᠭ᠎ᠤᠨ ᠣᠷᠳᠣᠨ᠎ᠤ ᠲᠤᠰᠢᠶᠠᠯ᠎ᠤᠨ ᠬᠤᠭᠤᠴᠠᠭ᠋ᠠᠨ᠎ᠳᠠᠬᠢ ᠬᠠᠷᠠᠯᠲᠠ ᠵᠢᠨ ᠰᠢᠯᠭ᠋ᠠᠨ ᠲᠣᠭᠲᠠᠭ᠋ᠠᠬᠤ ᠬᠦᠷᠢᠶ᠎ᠡ ᠬᠡᠪᠴᠢᠶᠡᠨ᠎ᠳᠤ ᠣᠷᠣᠭᠤᠯᠵᠤ᠂ ᠵᠢᠯ ᠪᠦᠷᠢ ᠬᠠᠷᠢᠶ᠎ᠠ ᠪᠦᠬᠦᠢ ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠶ᠋ᠢᠯᠡᠵᠦ ᠤᠨᠲᠠᠷᠠᠭ᠋ᠠᠬᠤ ᠠᠵᠢᠯ᠎ᠳᠤ ᠪᠠᠶ᠋ᠢᠴᠠᠭ᠋ᠠᠯᠲᠠ ᠪᠠ ᠰᠢᠯᠭ᠋ᠠᠨ ᠬᠢᠨᠠᠯᠲᠠ ᠬᠢᠨ᠎ᠡ᠃
ᠲᠠᠪᠤᠳᠤᠭ᠋ᠠᠷ ᠵᠦᠢ᠍ᠯ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠂ ᠭᠠᠴᠠᠭ᠎ᠠ ᠲᠣᠰᠬᠤᠨ᠎ᠤ ᠠᠷᠠᠳ᠎ᠤᠨ ᠵᠥᠪᠯᠡᠯ᠎ᠨᠢ ᠬᠤᠰᠢᠭᠤ ᠰᠢᠶᠠᠨ (ᠬᠤᠲᠠ᠂ ᠲᠣᠭᠤᠷᠢᠭ)᠎ᠤ ᠠᠷᠠᠳ᠎ᠤᠨ ᠵᠠᠰᠠᠭ᠎ᠤᠨ ᠣᠷᠳᠣᠨ᠎ᠤ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠲᠣᠰ ᠵᠠᠰᠠᠭ ᠵᠠᠬᠢᠷᠭ᠋ᠠᠨ᠎ᠤ ᠣᠷᠣᠨ ᠬᠡᠪᠴᠢᠶᠡᠨ᠎ᠳᠠᠬᠢ ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠶ᠋ᠢᠯᠡᠵᠦ ᠤᠨᠲᠠᠷᠠᠭ᠋ᠠᠬᠤ ᠠᠮᠤᠷ ᠲᠦᠪᠰᠢᠨ᠎ᠤ ᠠᠵᠢᠯ᠎ᠢ ᠬᠠᠷᠢᠭᠤᠴᠠᠨ᠎ᠠ᠃
ᠵᠢᠷᠭᠤᠳᠤᠭ᠋ᠠᠷ ᠵᠦᠢ᠍ᠯ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠎ᠨᠢ ᠭᠠᠯ ᠰᠡᠷᠭᠡᠶ᠋ᠢᠯᠡᠵᠦ ᠤᠨᠲᠠᠷᠠᠭ᠋ᠠᠬᠤ ᠠᠮᠤᠷ ᠲᠦᠪᠰᠢᠨ᠎ᠤ ᠠᠵᠢᠯ᠎ᠢ ᠵᠣᠬᠢᠶᠠᠨ ᠪᠠᠶ᠋ᠢᠭᠤᠯᠵᠤ ᠤᠳᠤᠷᠢᠳᠬᠤ᠎ᠪᠠᠨ ᠴᠢᠩᠭ᠋ᠠᠳᠬᠠᠵᠤ᠂ ᠭᠠᠯ ᠰᠡᠷᠭᠡᠶ᠋ᠢᠯᠡᠵᠦ ᠤᠨᠲᠠᠷᠠᠭ᠋ᠠᠬᠤ ᠠᠵᠢᠯ᠎ᠤᠨ ᠪᠣᠳᠠᠲᠠᠢ ᠪᠠᠶ᠋ᠢᠭᠤᠯᠤᠮᠵᠢ ᠪᠠ ᠬᠠᠷᠢᠭᠤᠴᠠᠯᠭ᠋ᠠᠲᠠᠨ᠎ᠢ ᠲᠣᠳᠣᠷᠬᠠᠢ ᠲᠣᠭᠲᠠᠭ᠋ᠠᠬᠤ ᠬᠡᠷᠡᠭᠲᠡᠢ᠃
ᠰᠤᠮᠤ ᠰᠢᠶᠠᠩ ᠪᠠᠯᠭ᠋ᠠᠰᠤ᠎ᠨᠢ ᠭᠠᠯ ᠤᠨᠲᠠᠷᠠᠭ᠋ᠠᠵᠤ ᠠᠪᠤᠷᠠᠨ ᠲᠤᠰᠠᠯᠠᠬᠤ ᠪᠠᠶ᠋ᠢᠭᠤᠯᠤᠮᠵᠢ᠎ᠳᠤ ᠨᠠᠶ᠋ᠢᠳᠠᠬᠤ ᠠᠷᠭ᠎ᠠ ᠮᠠᠶᠢᠭ ᠵᠶ᠋ᠠᠷ ᠳᠠᠮᠵᠢᠭᠤᠯᠤᠨ᠂ ᠭᠠᠯ ᠰᠡᠷᠭᠡᠶ᠋ᠢᠯᠡᠵᠦ ᠤᠨᠲᠠᠷᠠᠭ᠋ᠠᠬᠤ ᠵᠠᠰᠠᠭ ᠵᠠᠬᠢᠷᠭ᠋ᠠᠨ᠎ᠤ ᠰᠢᠢ᠍ᠳᠬᠡᠨ ᠲᠣᠷᠭ᠋ᠠᠬᠤ ᠵᠦᠢ᠍ᠯᠡᠰ᠎ᠢ ᠬᠠᠷᠢᠭᠤᠴᠠᠵᠤ ᠪᠣᠯᠣᠨ᠎ᠠ᠃
ᠬᠤᠶᠠᠳᠤᠭ᠋ᠠᠷ ᠪᠦᠯᠦᠭ ᠭᠠᠯ ᠰᠡᠷᠭᠡᠶ᠋ᠢᠯᠡᠵᠦ ᠤᠨᠲᠠᠷᠠᠭ᠋ᠠᠬᠤ ᠠᠵᠢᠯ᠎ᠤᠨ ᠡᠭᠦᠷᠭᠡ ᠬᠠᠷᠢᠭᠤᠴᠠᠯᠭ᠎ᠠ
ᠳᠣᠯᠣᠳᠤᠭ᠋ᠠᠷ ᠵᠦᠢ᠍ᠯ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠬᠤᠰᠢᠭᠤ ᠰᠢᠶᠠᠨ (ᠬᠤᠲᠠ᠂ ᠲᠣᠭᠤᠷᠢᠭ)᠎ᠤ ᠠᠷᠠᠳ᠎ᠤᠨ ᠵᠠᠰᠠᠭ᠎ᠤᠨ ᠣᠷᠳᠣᠨ᠎ᠨᠢ ᠳᠣᠣᠷᠠᠬᠢ ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠶ᠋ᠢᠯᠡᠵᠦ ᠤᠨᠲᠠᠷᠠᠭ᠋ᠠᠬᠤ ᠠᠵᠢᠯ᠎ᠤᠨ ᠡᠭᠦᠷᠭᠡ ᠬᠠᠷᠢᠭᠤᠴᠠᠯᠭ᠎ᠠ ᠵᠢ ᠭᠦᠢ᠍ᠴᠡᠳᠬᠡᠬᠦ ᠬᠡᠷᠡᠭᠲᠡᠢ᠄
(ᠨᠢᠭᠡ) ᠭᠠᠯ ᠰᠡᠷᠭᠡᠶ᠋ᠢᠯᠡᠵᠦ ᠤᠨᠲᠠᠷᠠᠭ᠋ᠠᠬᠤ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠵᠢᠴᠢ ᠳᠡᠭᠡᠳᠦ ᠱᠠᠲᠤᠨ᠎ᠤ ᠨᠠᠮ᠎ᠤᠨ ᠬᠤᠷᠢᠶ᠎ᠠ ᠪᠠ ᠵᠠᠰᠠᠭ᠎ᠤᠨ ᠣᠷᠳᠣᠨ᠎ᠤ ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠶ᠋ᠢᠯᠡᠵᠦ ᠤᠨᠲᠠᠷᠠᠭ᠋ᠠᠬᠤ ᠠᠵᠢᠯ᠎ᠤᠨ ᠲᠤᠬᠠᠢ ᠪᠠᠶ᠋ᠢᠷᠢᠯᠠᠭᠤᠯᠤᠯᠲᠠ ᠵᠢᠨ ᠱᠠᠭ᠋ᠠᠷᠳᠠᠯᠭ᠎ᠠ ᠵᠢ ᠲᠤᠭᠤᠰᠢᠯᠠᠭᠤᠯᠤᠨ ᠬᠡᠷᠡᠭᠵᠢᠭᠦᠯᠦᠨ᠎ᠡ;
(ᠬᠤᠶᠠᠷ) ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠶ᠋ᠢᠯᠡᠵᠦ ᠤᠨᠲᠠᠷᠠᠭ᠋ᠠᠬᠤ ᠠᠵᠢᠯ᠎ᠢ ᠲᠣᠭᠲᠠᠭᠰᠠᠨ ᠬᠤᠭᠤᠴᠠᠭ᠎ᠠ᠎ᠲᠠᠢ᠎ᠪᠠᠷ ᠰᠤᠳᠤᠯᠤᠨ ᠪᠠᠶ᠋ᠢᠷᠢᠯᠠᠭᠤᠯᠤᠨ᠎ᠠ;
(ᠭᠤᠷᠪᠠ) ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠶ᠋ᠢᠯᠡᠵᠦ ᠤᠨᠲᠠᠷᠠᠭ᠋ᠠᠬᠤ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠳᠦᠷᠢᠮ᠎ᠢ ᠨᠠᠶ᠋ᠢᠳᠠᠪᠤᠷᠢᠵᠢᠭᠤᠯᠬᠤ ᠵᠢ ᠰᠢᠪᠠᠳᠠᠨ ᠱᠠᠭ᠋ᠠᠷᠳᠠᠵᠤ᠂ ᠲᠣᠰ ᠵᠠᠰᠠᠭ ᠵᠠᠬᠢᠷᠭ᠋ᠠᠨ᠎ᠤ ᠣᠷᠣᠨ ᠬᠡᠪᠴᠢᠶᠡᠨ᠎ᠳᠠᠬᠢ ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠶ᠋ᠢᠯᠡᠵᠦ ᠤᠨᠲᠠᠷᠠᠭ᠋ᠠᠬᠤ ᠠᠮᠤᠷ ᠲᠦᠪᠰᠢᠨ᠎ᠤ ᠴᠢᠬᠤᠯᠠ ᠶᠡᠭᠡ ᠠᠰᠠᠭᠤᠳᠠᠯ᠎ᠢ ᠵᠣᠬᠢᠴᠠᠭᠤᠯᠤᠨ ᠰᠢᠢ᠍ᠳᠪᠦᠷᠢᠯᠡᠨ᠎ᠡ;
(ᠳᠥᠷᠪᠡ) ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠶ᠋ᠢᠯᠡᠵᠦ ᠤᠨᠲᠠᠷᠠᠭ᠋ᠠᠬᠤ ᠠᠵᠢᠯ᠎ᠢ ᠲᠣᠰ ᠭᠠᠵᠠᠷ ᠣᠷᠣᠨ᠎ᠤ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠲᠥᠯᠦᠪᠵᠢᠭᠦᠯᠭᠡ ᠵᠢᠨ ᠠᠭᠤᠯᠭ᠎ᠠ᠎ᠳᠤ ᠣᠷᠣᠭᠤᠯᠵᠤ᠂ ᠬᠠᠷᠢᠶᠠᠲᠤ ᠣᠷᠣᠨ᠎ᠤ ᠰᠤᠮᠤ ᠰᠢᠶᠠᠩ ᠪᠠᠯᠭ᠋ᠠᠰᠤ ᠵᠢᠨ ᠭᠠᠯ ᠰᠡᠷᠭᠡᠶ᠋ᠢᠯᠡᠵᠦ ᠤᠨᠲᠠᠷᠠᠭ᠋ᠠᠬᠤ ᠲᠥᠯᠦᠪᠵᠢᠭᠦᠯᠭᠡ ᠵᠢ ᠵᠣᠬᠢᠰᠲᠠᠢ ᠲᠣᠭᠲᠠᠭ᠋ᠠᠨ᠎ᠠ;
(ᠲᠠᠪᠤ) ᠲᠤᠰᠬᠠᠢ ᠲᠤᠰᠢᠶᠠᠯᠲᠤ ᠭᠠᠯ ᠰᠡᠷᠭᠡᠶ᠋ᠢᠯᠡᠵᠦ ᠤᠨᠲᠠᠷᠠᠭ᠋ᠠᠬᠤ ᠠᠩᠭᠢ᠂ ᠰᠠᠶ᠋ᠢᠨ ᠳᠤᠷ᠎ᠠ ᠵᠢᠨ ᠭᠠᠯ ᠰᠡᠷᠭᠡᠶ᠋ᠢᠯᠡᠵᠦ ᠤᠨᠲᠠᠷᠠᠭ᠋ᠠᠬᠤ ᠠᠩᠭᠢ ᠵᠡᠷᠭᠡ ᠣᠯᠡᠨ ᠬᠡᠯᠪᠡᠷᠢ ᠮᠠᠶᠢᠭ᠎ᠤᠨ ᠭᠠᠯ ᠰᠡᠷᠭᠡᠶ᠋ᠢᠯᠡᠵᠦ ᠤᠨᠲᠠᠷᠠᠭ᠋ᠠᠬᠤ ᠠᠩᠭᠢ ᠪᠠᠶ᠋ᠢᠭᠤᠯᠵᠤ᠂ ᠭᠠᠯ ᠤᠨᠲᠠᠷᠠᠭ᠋ᠠᠵᠤ ᠠᠪᠤᠷᠠᠨ ᠲᠤᠰᠠᠯᠠᠬᠤ ᠬᠦᠴᠦᠨ ᠵᠦᠢ᠍ᠯ᠎ᠤᠨ ᠪᠠᠶ᠋ᠢᠭᠤᠯᠤᠯᠲᠠ ᠵᠢ ᠴᠢᠩᠭ᠋ᠠᠳᠬᠠᠨ᠎ᠠ;
(ᠵᠢᠷᠭᠤᠭ᠎ᠠ) ᠲᠠᠷᠢᠶᠠᠯᠠᠬᠤ ᠮᠠᠯᠵᠢᠬᠤ ᠣᠷᠣᠨ᠎ᠤ ᠪᠠᠶ᠋ᠢᠩᠭᠤᠵᠢᠭᠤᠯᠤᠭᠰᠠᠨ ᠭᠠᠯ ᠲᠦᠢ᠍ᠮᠡᠷ᠎ᠤᠨ ᠠᠶᠤᠯ᠎ᠤᠨ ᠭᠡᠮ ᠰᠣᠭᠤᠭ᠎ᠢ ᠵᠢᠭᠰᠠᠭ᠋ᠠᠨ ᠪᠠᠶ᠋ᠢᠴᠠᠭ᠋ᠠᠬᠤ ᠲᠣᠭᠲᠠᠴᠠ ᠵᠢ ᠪᠠᠶ᠋ᠢᠭᠤᠯᠵᠤ᠂ ᠭᠠᠯ ᠰᠡᠷᠭᠡᠶ᠋ᠢᠯᠡᠵᠦ ᠤᠨᠲᠠᠷᠠᠭ᠋ᠠᠬᠤ ᠠᠮᠤᠷ ᠲᠦᠪᠰᠢᠨ᠎ᠤ ᠲᠤᠰᠬᠠᠢ ᠵᠠᠰᠠᠯᠲᠠ ᠥᠷᠨᠢᠭᠦᠯᠬᠦ ᠵᠢ ᠪᠠᠶ᠋ᠢᠷᠢᠯᠠᠭᠤᠯᠵᠤ᠂ ᠭᠠᠯ ᠰᠡᠷᠭᠡᠶ᠋ᠢᠯᠡᠵᠦ ᠤᠨᠲᠠᠷᠠᠭ᠋ᠠᠬᠤ ᠤᠬᠠᠭᠤᠯᠭ᠎ᠠ ᠬᠥᠮᠦᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠦᠨ᠎ᠡ;
(ᠳᠣᠯᠤᠭ᠎ᠠ) ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠶ᠋ᠢᠯᠡᠵᠦ ᠤᠨᠲᠠᠷᠠᠭ᠋ᠠᠬᠤ ᠣᠷᠤᠭᠤᠯᠤᠯᠲᠠ ᠵᠢ ᠨᠡᠮᠡᠭᠳᠡᠭᠦᠯᠵᠦ᠂ ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠶ᠋ᠢᠯᠡᠵᠦ ᠤᠨᠲᠠᠷᠠᠭ᠋ᠠᠬᠤ ᠠᠮᠤᠷ ᠲᠦᠪᠰᠢᠨ᠎ᠤ ᠨᠥᠬᠦᠴᠡᠯ᠎ᠢ ᠰᠠᠶ᠋ᠢᠵᠢᠷᠠᠭᠤᠯᠵᠤ᠂ ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠶ᠋ᠢᠯᠡᠵᠦ ᠤᠨᠲᠠᠷᠠᠭ᠋ᠠᠬᠤ ᠠᠵᠢᠯ ᠦᠢ᠍ᠯᠡᠰ᠎ᠤᠨ ᠬᠥᠭᠵᠢᠯᠲᠡ ᠵᠢ ᠪᠠᠲᠤᠯᠠᠨ᠎ᠠ;
(ᠨᠠᠢ᠍ᠮᠠ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠭᠠᠯ ᠰᠡᠷᠭᠡᠶ᠋ᠢᠯᠡᠵᠦ ᠤᠨᠲᠠᠷᠠᠭ᠋ᠠᠬᠤ ᠡᠭᠦᠷᠭᠡ ᠬᠠᠷᠢᠭᠤᠴᠠᠯᠭ᠎ᠠ᠃
ᠨᠠᠢ᠍ᠮᠠᠳᠤᠭ᠋ᠠᠷ ᠵᠦᠢ᠍ᠯ ᠠᠶ᠋ᠢᠮᠠᠭ ᠬᠤᠲᠠ᠂ ᠬᠤᠰᠢᠭᠤ ᠰᠢᠶᠠᠨ (ᠬᠤᠲᠠ᠂ ᠲᠣᠭᠤᠷᠢᠭ)᠎ᠤ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠢ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠠᠯ ᠰᠡᠷᠭᠡᠶ᠋ᠢᠯᠡᠵᠦ ᠤᠨᠲᠠᠷᠠᠭ᠋ᠠᠬᠤ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠳᠦᠷᠢᠮ᠎ᠤᠨ ᠬᠡᠷᠡᠭᠵᠢᠭᠦᠯᠬᠦ ᠠᠷᠭ᠎ᠠ》᠎ᠳᠤ ᠲᠣᠭᠲᠠᠭ᠋ᠠᠭᠰᠠᠨ ᠡᠭᠦᠷᠭᠡ ᠬᠠᠷᠢᠭᠤᠴᠠᠯᠭ᠎ᠠ ᠵᠢ ᠭᠦᠢ᠍ᠴᠡᠳᠬᠡᠬᠦ᠎ᠠᠴᠠ ᠭᠠᠳᠠᠨ᠎ᠠ ᠪᠠᠰᠠ ᠳᠣᠣᠷᠠᠬᠢ ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠶ᠋ᠢᠯᠡᠵᠦ ᠤᠨᠲᠠᠷᠠᠭ᠋ᠠᠬᠤ ᠠᠵᠢᠯ᠎ᠤᠨ ᠡᠭᠦᠷᠭᠡ ᠬᠠᠷᠢᠭᠤᠴᠠᠯᠭ᠎ᠠ ᠵᠢ ᠭᠦᠢ᠍ᠴᠡᠳᠬᠡᠬᠦ ᠬᠡᠷᠡᠭᠲᠡᠢ᠄
(ᠨᠢᠭᠡ) ᠳᠣᠲᠣᠭ᠋ᠠᠳᠤ ᠵᠢ ᠬᠠᠮᠠᠭ᠋ᠠᠯᠠᠬᠤ ᠲᠣᠮᠢᠯᠠᠭᠰᠠᠨ ᠰᠠᠯᠪᠤᠷᠢ᠎ᠨᠢ ᠭᠠᠯ ᠤᠨᠲᠠᠷᠠᠭ᠋ᠠᠵᠤ ᠠᠪᠤᠷᠠᠨ ᠲᠤᠰᠠᠯᠠᠬᠤ ᠪᠠᠶ᠋ᠢᠭᠤᠯᠤᠮᠵᠢ ᠵᠢᠨ ᠵᠢᠯᠣᠭᠤᠳᠤᠯᠭ᠎ᠠ ᠳᠣᠣᠷ᠎ᠠ᠂ ᠬᠠᠤᠯᠢ ᠶᠣᠰᠣᠭ᠋ᠠᠷ ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠶ᠋ᠢᠯᠡᠵᠦ ᠤᠨᠲᠠᠷᠠᠭ᠋ᠠᠬᠤ ᠬᠢᠨᠠᠯᠲᠠ ᠪᠠᠶ᠋ᠢᠴᠠᠭ᠋ᠠᠯᠲᠠ᠂ ᠭᠠᠯ ᠰᠡᠷᠭᠡᠶ᠋ᠢᠯᠡᠵᠦ ᠤᠨᠲᠠᠷᠠᠭ᠋ᠠᠬᠤ ᠤᠬᠠᠭᠤᠯᠭ᠎ᠠ ᠬᠥᠮᠦᠵᠢᠯ᠎ᠢ ᠬᠡᠷᠡᠭᠵᠢᠭᠦᠯᠵᠦ᠂ ᠭᠠᠴᠠᠭ᠎ᠠ ᠲᠣᠰᠬᠤᠨ᠎ᠤ ᠠᠷᠠᠳ᠎ᠤᠨ ᠵᠥᠪᠯᠡᠯ᠎ᠤᠨ ᠭᠠᠯ ᠰᠡᠷᠭᠡᠶ᠋ᠢᠯᠡᠵᠦ ᠤᠨᠲᠠᠷᠠᠭ᠋ᠠᠬᠤ ᠠᠮᠤᠷ ᠲᠦᠪᠰᠢᠨ᠎ᠤ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠬᠤ ᠵᠢ᠎ᠨᠢ ᠰᠢᠪᠠᠳᠠᠨ ᠱᠠᠭ᠋ᠠᠷᠳᠠᠬᠤ ᠪᠠ ᠵᠢᠯᠣᠭᠤᠳᠤᠨ᠎ᠠ; ᠲᠠᠷᠢᠶᠠᠯᠠᠬᠤ ᠮᠠᠯᠵᠢᠬᠤ ᠣᠷᠣᠨ᠎ᠳᠤ ᠭᠠᠯ ᠲᠦᠢ᠍ᠮᠡᠷ᠎ᠤᠨ ᠠᠶᠤᠯ ᠭᠠᠷᠪᠠᠯ᠂ ᠭᠠᠯ ᠲᠦᠢ᠍ᠮᠡᠷ᠎ᠢ ᠤᠨᠲᠠᠷᠠᠭ᠋ᠠᠨ ᠠᠪᠤᠷᠠᠬᠤ ᠠᠵᠢᠯ᠎ᠢ ᠵᠣᠬᠢᠶᠠᠨ ᠪᠠᠶ᠋ᠢᠭᠤᠯᠬᠤ᠎ᠳᠤ ᠣᠷᠣᠯᠴᠠᠵᠤ᠂ ᠲᠠᠷᠢᠶᠠᠴᠢᠨ ᠮᠠᠯᠴᠢᠨ᠎ᠢ ᠠᠮᠤᠷ ᠲᠦᠪᠰᠢᠨ ᠵᠶ᠋ᠠᠷ ᠲᠠᠷᠬᠠᠭ᠋ᠠᠬᠤ ᠵᠢ ᠵᠢᠯᠤᠭᠤᠳᠴᠤ᠂ ᠭᠠᠯ ᠲᠦᠢ᠍ᠮᠡᠷ᠎ᠤᠨ ᠲᠤᠬᠠᠢ ᠵᠢᠨ ᠲᠠᠯᠠᠪᠤᠷ᠎ᠤᠨ ᠰᠡᠷᠡᠮᠵᠢᠯᠡᠯᠲᠡ᠂ ᠬᠠᠮᠠᠭ᠋ᠠᠯᠠᠯᠲᠠ ᠵᠡᠷᠭᠡ ᠠᠵᠢᠯ᠎ᠢ ᠰᠠᠶ᠋ᠢᠲᠤᠷ ᠬᠢᠬᠦ ᠬᠡᠷᠡᠭᠲᠡᠢ;
(ᠬᠤᠶᠠᠷ) ᠬᠠᠤᠯᠢ ᠴᠠᠭ᠋ᠠᠵᠠ ᠵᠢᠨ ᠰᠠᠯᠠᠭ᠎ᠠ ᠮᠥᠴᠢᠷ᠎ᠨᠢ ᠭᠠᠯ ᠰᠡᠷᠭᠡᠶ᠋ᠢᠯᠡᠵᠦ ᠤᠨᠲᠠᠷᠠᠭ᠋ᠠᠬᠤ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠢ ᠲᠠᠷᠢᠶᠠᠴᠢᠨ ᠮᠠᠯᠴᠢᠨ᠎ᠤ ᠬᠠᠤᠯᠢ ᠴᠠᠭ᠋ᠠᠵᠠ ᠵᠢᠨ ᠮᠡᠳᠡᠯᠭᠡ ᠵᠢ ᠲᠦᠭᠡᠮᠡᠯᠵᠢᠭᠦᠯᠬᠦ ᠬᠥᠮᠦᠵᠢᠯ᠎ᠤᠨ ᠠᠭᠤᠯᠭ᠎ᠠ᠎ᠳᠤ ᠣᠷᠣᠭᠤᠯᠬᠤ ᠵᠢ ᠬᠠᠷᠢᠭᠤᠴᠠᠨ᠎ᠠ;
(ᠭᠤᠷᠪᠠ) ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠨᠢ ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠶ᠋ᠢᠯᠡᠵᠦ ᠤᠨᠲᠠᠷᠠᠭ᠋ᠠᠬᠤ ᠵᠠᠷᠤᠳᠠᠯ᠎ᠢ ᠲᠤᠬᠠᠢ ᠵᠢᠨ ᠭᠠᠵᠠᠷ᠎ᠤᠨ ᠡᠳ᠋᠎ᠤᠨ ᠵᠠᠰᠠᠭ᠎ᠤᠨ ᠲᠥᠰᠥᠪ᠎ᠲᠤ ᠣᠷᠣᠭᠤᠯᠬᠤ ᠵᠢ ᠬᠠᠷᠢᠭᠤᠴᠠᠨ᠎ᠠ;
(ᠳᠥᠷᠪᠡ) ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠰᠠᠯᠠᠭ᠎ᠠ ᠮᠥᠴᠢᠷ᠎ᠨᠢ ᠤᠯᠤᠰ᠎ᠤᠨ ᠪᠠᠷᠢᠯᠭ᠎ᠠ ᠵᠢᠨ ᠪᠠᠶ᠋ᠢᠭᠤᠯᠤᠯᠲᠠ ᠵᠢᠨ ᠭᠠᠯ ᠰᠡᠷᠭᠡᠶ᠋ᠢᠯᠡᠵᠦ ᠤᠨᠲᠠᠷᠠᠭ᠋ᠠᠬᠤ ᠮᠡᠷᠭᠡᠵᠢᠯ᠎ᠤᠨ ᠪᠠᠷᠢᠮᠵᠢᠶ᠎ᠠ ᠶᠣᠰᠣᠭ᠋ᠠᠷ ᠭᠠᠯ ᠰᠡᠷᠭᠡᠶ᠋ᠢᠯᠡᠵᠦ ᠤᠨᠲᠠᠷᠠᠭ᠋ᠠᠬᠤ ᠵᠢᠷᠤᠭ ᠲᠥᠯᠥᠪᠯᠡᠭᠡ ᠬᠢᠬᠦ ᠴᠢᠬᠤᠯᠠᠲᠠᠢ ᠲᠠᠷᠢᠶᠠᠯᠠᠬᠤ ᠮᠠᠯᠵᠢᠬᠤ ᠣᠷᠣᠨ᠎ᠤ ᠭᠡᠷ ᠪᠠᠶ᠋ᠢᠰᠢᠩ᠎ᠳᠤ ᠮᠡᠷᠭᠡᠵᠢᠯ᠎ᠤᠨ ᠵᠢᠯᠣᠭᠤᠳᠤᠯᠭ᠎ᠠ ᠪᠠ ᠦᠢ᠍ᠯᠡᠴᠢᠯᠡᠭᠡ ᠥᠷᠨᠢᠭᠦᠯᠬᠦ ᠵᠢ ᠬᠠᠷᠢᠭᠤᠴᠠᠨ ᠴᠢᠩᠭ᠋ᠠᠳᠬᠠᠨ᠎ᠠ;
(ᠲᠠᠪᠤ) ᠤᠰᠤ ᠬᠠᠩᠭ᠋ᠠᠬᠤ ᠵᠠᠰᠠᠭ ᠵᠠᠬᠢᠷᠭ᠋ᠠᠨ᠎ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠎ᠨᠢ ᠤᠰᠤ ᠬᠠᠩᠭ᠋ᠠᠬᠤ ᠨᠢᠭᠡᠴᠢ ᠵᠢᠨ ᠲᠠᠷᠢᠶᠠᠯᠠᠬᠤ ᠮᠠᠯᠵᠢᠬᠤ ᠣᠷᠣᠨ᠎ᠤ ᠭᠠᠯ ᠤᠨᠲᠠᠷᠠᠭ᠋ᠠᠯᠲᠠ ᠵᠢᠨ ᠤᠰᠤᠨ᠎ᠤ ᠰᠤᠷᠪᠤᠯᠵᠢ ᠪᠠ ᠭᠠᠯ ᠤᠨᠲᠠᠷᠠᠭ᠋ᠠᠯᠲᠠ ᠵᠢᠨ ᠤᠰᠤ ᠬᠠᠩᠭ᠋ᠠᠬᠤ ᠰᠢᠰᠲ᠋ᠧᠮ᠎ᠤᠨ ᠪᠦᠲᠦᠭᠡᠨ ᠪᠠᠶ᠋ᠢᠭᠤᠯᠬᠤ ᠪᠠ ᠬᠠᠮᠠᠭ᠋ᠠᠯᠠᠬᠤ ᠠᠵᠢᠯ᠎ᠢ ᠰᠠᠶ᠋ᠢᠲᠤᠷ ᠬᠢᠬᠦ ᠵᠢ ᠵᠢᠭ᠋ᠠᠨ ᠵᠢᠯᠤᠭᠤᠳᠴᠤ ᠰᠢᠪᠠᠳᠠᠨ ᠱᠠᠭ᠋ᠠᠷᠳᠠᠬᠤ ᠵᠢ ᠬᠠᠷᠢᠭᠤᠴᠠᠨ᠎ᠠ;
(ᠵᠢᠷᠭᠤᠭ᠎ᠠ) ᠴᠠᠬᠢᠯᠭ᠋ᠠᠨ ᠬᠦᠴᠦᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠴᠠᠬᠢᠯᠭ᠋ᠠᠨ ᠬᠦᠴᠦᠨ᠎ᠤ ᠠᠵᠤ ᠠᠬᠤᠶ᠋ᠢᠯᠠᠯ᠎ᠢ ᠰᠢᠪᠠᠳᠠᠨ ᠱᠠᠭ᠋ᠠᠷᠳᠠᠵᠤ ᠪᠠᠶ᠋ᠢᠭ᠋ᠠᠳ ᠲᠠᠷᠢᠶᠠᠯᠠᠬᠤ ᠮᠠᠯᠵᠢᠬᠤ ᠣᠷᠣᠨ᠎ᠤ ᠴᠠᠬᠢᠯᠭ᠋ᠠᠨ ᠬᠠᠩᠭ᠋ᠠᠬᠤ ᠪᠡᠯᠡᠳᠬᠡᠮᠵᠢ᠂ ᠴᠠᠬᠢᠯᠭ᠋ᠠᠨ ᠬᠡᠯᠬᠢᠶᠡᠨ᠎ᠳᠤ ᠲᠣᠭᠲᠠᠭᠰᠠᠨ ᠬᠤᠭᠤᠴᠠᠭ᠎ᠠ᠎ᠲᠠᠢ᠎ᠪᠠᠷ ᠪᠠᠶ᠋ᠢᠴᠠᠭ᠋ᠠᠯᠲᠠ ᠬᠢᠵᠦ᠂ ᠴᠠᠬᠢᠯᠭ᠋ᠠᠨ ᠬᠠᠩᠭ᠋ᠠᠬᠤ ᠪᠡᠯᠡᠳᠬᠡᠮᠵᠢ ᠪᠠ ᠴᠠᠬᠢᠯᠭ᠋ᠠᠨ ᠬᠡᠯᠬᠢᠶ᠎ᠡ ᠵᠢ ᠴᠠᠭ ᠲᠤᠬᠠᠢᠳᠤᠨᠢ ᠰᠣᠯᠢᠵᠤ ᠥᠭᠡᠷᠡᠴᠢᠯᠡᠨ ᠰᠢᠨᠡᠳᠬᠡᠵᠦ᠂ ᠲᠠᠷᠢᠶᠠᠯᠠᠬᠤ ᠮᠠᠯᠵᠢᠬᠤ ᠣᠷᠣᠨ᠎ᠤ ᠬᠡᠷᠡᠭᠯᠡᠭᠴᠢ ᠵᠢᠨ ᠴᠠᠬᠢᠯᠭ᠋ᠠᠨ ᠬᠡᠷᠡᠭᠯᠡᠬᠦ ᠠᠮᠤᠷ ᠲᠦᠪᠰᠢᠨ᠎ᠤ ᠪᠠᠶ᠋ᠢᠴᠠᠭ᠋ᠠᠯᠲᠠ ᠬᠢᠬᠦ ᠵᠢ ᠥᠷᠨᠢᠭᠦᠯᠦᠨ᠂ ᠴᠠᠬᠢᠯᠭ᠋ᠠᠨ ᠬᠡᠯᠬᠢᠶᠡᠨ᠎ᠤ ᠠᠮᠤᠷ ᠲᠦᠪᠰᠢᠨ᠎ᠤ ᠭᠡᠮ ᠰᠣᠭᠤᠭ᠎ᠢ ᠰᠢᠮᠳᠠᠭᠤᠯᠵᠤ ᠴᠡᠭᠴᠡᠯᠡᠨ ᠵᠠᠰᠠᠬᠤ ᠵᠢ ᠬᠠᠷᠢᠭᠤᠴᠠᠨ᠎ᠠ;
(ᠳᠣᠯᠤᠭ᠎ᠠ) ᠡᠪᠯᠡᠯ᠎ᠤᠨ ᠬᠤᠷᠢᠶ᠎ᠠ᠎ᠨᠢ ᠰᠠᠶ᠋ᠢᠨ ᠳᠤᠷᠠᠴᠤᠳ᠎ᠢ ᠵᠣᠬᠢᠶᠠᠨ ᠪᠠᠶ᠋ᠢᠭᠤᠯᠵᠤ ᠲᠠᠷᠢᠶᠠᠯᠠᠬᠤ ᠮᠠᠯᠵᠢᠬᠤ ᠣᠷᠣᠨ᠎ᠳᠤ ᠭᠦᠨᠵᠡᠭᠡᠶ᠋ᠢᠷᠡᠨ ᠭᠠᠯ ᠰᠡᠷᠭᠡᠶ᠋ᠢᠯᠡᠵᠦ ᠤᠨᠲᠠᠷᠠᠭ᠋ᠠᠬᠤ ᠤᠬᠠᠭᠤᠯᠭ᠎ᠠ ᠵᠢᠨ ᠠᠵᠢᠯᠯᠠᠭ᠎ᠠ ᠵᠢ ᠥᠷᠨᠢᠭᠦᠯᠵᠦ᠂ ᠲᠠᠷᠢᠶᠠᠴᠢᠨ ᠮᠠᠯᠴᠢᠨ᠎ᠤ ᠠᠶ᠋ᠢᠯ ᠭᠡᠷ᠎ᠲᠤ ᠭᠦᠨᠵᠡᠭᠡᠶ᠋ᠢᠷᠡᠨ ᠭᠠᠯ ᠰᠡᠷᠭᠡᠶ᠋ᠢᠯᠡᠵᠦ ᠤᠨᠲᠠᠷᠠᠭ᠋ᠠᠬᠤ ᠤᠬᠠᠭᠤᠯᠭ᠎ᠠ ᠬᠥᠮᠦᠵᠢᠯ ᠥᠷᠨᠢᠭᠦᠯᠬᠦ ᠵᠢ ᠬᠠᠷᠢᠭᠤᠴᠠᠨ᠎ᠠ;
(ᠨᠠᠢ᠍ᠮᠠ) ᠭᠠᠯ ᠤᠨᠲᠠᠷᠠᠭ᠋ᠠᠵᠤ ᠠᠪᠤᠷᠠᠨ ᠲᠤᠰᠠᠯᠠᠬᠤ ᠪᠠᠶ᠋ᠢᠭᠤᠯᠤᠮᠵᠢ᠎ᠨᠢ ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠶ᠋ᠢᠯᠡᠵᠦ ᠤᠨᠲᠠᠷᠠᠭ᠋ᠠᠬᠤ ᠠᠮᠤᠷ ᠲᠦᠪᠰᠢᠨ᠎ᠤ ᠶᠡᠷᠦᠩᠬᠡᠢ ᠬᠢᠨᠠᠯᠲᠠ ᠬᠠᠮᠢᠶᠠᠷᠤᠯᠲᠠ ᠵᠢ ᠬᠠᠷᠢᠭᠤᠴᠠᠵᠤ᠂ ᠭᠠᠯ ᠰᠡᠷᠭᠡᠶ᠋ᠢᠯᠡᠵᠦ ᠤᠨᠲᠠᠷᠠᠭ᠋ᠠᠬᠤ ᠠᠵᠢᠯ᠎ᠤᠨ ᠬᠢᠨᠠᠯᠲᠠ ᠪᠠᠶ᠋ᠢᠴᠠᠭ᠋ᠠᠯᠲᠠ ᠵᠢ ᠬᠠᠤᠯᠢ ᠶᠣᠰᠣᠭ᠋ᠠᠷ ᠬᠡᠷᠡᠭᠵᠢᠭᠦᠯᠦᠨ᠎ᠡ; ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠂ ᠳᠣᠲᠣᠭ᠋ᠠᠳᠤ ᠵᠢ ᠬᠠᠮᠠᠭ᠋ᠠᠯᠠᠬᠤ ᠲᠣᠮᠢᠯᠠᠭᠰᠠᠨ ᠰᠠᠯᠪᠤᠷᠢ᠎ᠨᠢ ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠶ᠋ᠢᠯᠡᠵᠦ ᠤᠨᠲᠠᠷᠠᠭ᠋ᠠᠬᠤ ᠠᠵᠢᠯ ᠥᠷᠨᠢᠭᠦᠯᠬᠦ ᠵᠢ ᠵᠢᠭ᠋ᠠᠨ ᠵᠢᠯᠤᠭᠤᠳᠴᠤ᠂ ᠲᠣᠭᠲᠠᠭᠰᠠᠨ ᠬᠤᠭᠤᠴᠠᠭ᠎ᠠ᠎ᠲᠠᠢ᠎ᠪᠠᠷ ᠲᠣᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠶ᠋ᠢᠯᠡᠵᠦ ᠤᠨᠲᠠᠷᠠᠭ᠋ᠠᠬᠤ ᠠᠵᠢᠯ᠎ᠤᠨ ᠪᠠᠶ᠋ᠢᠳᠠᠯ᠎ᠢ ᠮᠡᠳᠡᠭᠦᠯᠵᠦ᠂ ᠠᠵᠢᠯ᠎ᠤᠨ ᠰᠠᠨᠠᠭᠤᠯᠭ᠎ᠠ ᠳᠤᠷᠠᠳᠤᠨ᠎ᠠ; ᠲᠤᠰᠬᠠᠢ ᠲᠤᠰᠢᠶᠠᠯᠲᠤ ᠭᠠᠯ ᠰᠡᠷᠭᠡᠶ᠋ᠢᠯᠡᠵᠦ ᠤᠨᠲᠠᠷᠠᠭ᠋ᠠᠬᠤ ᠠᠩᠭᠢ᠂ ᠰᠠᠶ᠋ᠢᠨ ᠳᠤᠷ᠎ᠠ ᠵᠢᠨ ᠭᠠᠯ ᠰᠡᠷᠭᠡᠶ᠋ᠢᠯᠡᠵᠦ ᠤᠨᠲᠠᠷᠠᠭ᠋ᠠᠬᠤ ᠠᠩᠭᠢ ᠵᠡᠷᠭᠡ ᠣᠯᠠᠨ ᠬᠡᠯᠪᠡᠷᠢ ᠮᠠᠶᠢᠭ᠎ᠤᠨ ᠭᠠᠯ ᠰᠡᠷᠭᠡᠶ᠋ᠢᠯᠡᠵᠦ ᠤᠨᠲᠠᠷᠠᠭ᠋ᠠᠬᠤ ᠬᠦᠴᠦᠨ ᠵᠦᠢ᠍ᠯ᠎ᠳᠤ ᠲᠤᠬᠠᠶ᠋ᠢᠯᠠᠭᠰᠠᠨ ᠠᠵᠢᠯ᠎ᠤᠨ ᠵᠢᠯᠣᠭᠤᠳᠤᠯᠭ᠎ᠠ ᠬᠢᠨ᠎ᠡ᠃
ᠶᠢᠰᠦᠳᠦᠭᠡᠷ ᠵᠦᠢ᠍ᠯ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠎ᠨᠢ ᠳᠣᠣᠷᠠᠬᠢ ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠶ᠋ᠢᠯᠡᠵᠦ ᠤᠨᠲᠠᠷᠠᠭ᠋ᠠᠬᠤ ᠠᠵᠢᠯ᠎ᠤᠨ ᠡᠭᠦᠷᠭᠡ ᠬᠠᠷᠢᠭᠤᠴᠠᠯᠭ᠎ᠠ ᠵᠢ ᠭᠦᠢ᠍ᠴᠡᠳᠬᠡᠬᠦ ᠬᠡᠷᠡᠭᠲᠡᠢ᠄
(ᠨᠢᠭᠡ) ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠶ᠋ᠢᠯᠡᠵᠦ ᠤᠨᠲᠠᠷᠠᠭ᠋ᠠᠬᠤ ᠠᠮᠤᠷ ᠲᠦᠪᠰᠢᠨ᠎ᠤ ᠳᠦᠷᠢᠮ᠎ᠢ ᠪᠠᠶ᠋ᠢᠭᠤᠯᠤᠨ ᠪᠦᠷᠢᠨᠰᠢᠭᠦᠯᠵᠦ᠂ ᠭᠠᠯ ᠰᠡᠷᠭᠡᠶ᠋ᠢᠯᠡᠵᠦ ᠤᠨᠲᠠᠷᠠᠭ᠋ᠠᠬᠤ ᠠᠮᠤᠷ ᠲᠦᠪᠰᠢᠨ᠎ᠤ 《ᠲᠣᠣᠷᠯᠢᠭᠵᠢᠭᠤᠯᠬᠤ》 ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠤᠨ᠎ᠠ;
(ᠬᠤᠶᠠᠷ) ᠭᠠᠯ ᠰᠡᠷᠭᠡᠶ᠋ᠢᠯᠡᠵᠦ ᠤᠨᠲᠠᠷᠠᠭ᠋ᠠᠬᠤ ᠠᠵᠢᠯ᠎ᠢ ᠲᠣᠭᠲᠠᠭᠰᠠᠨ ᠬᠤᠭᠤᠴᠠᠭ᠎ᠠ᠎ᠲᠠᠢ᠎ᠪᠠᠷ ᠰᠤᠳᠤᠯᠤᠨ ᠪᠠᠶ᠋ᠢᠷᠢᠯᠠᠭᠤᠯᠵᠤ᠂ ᠭᠠᠴᠠᠭ᠎ᠠ ᠲᠣᠰᠬᠤᠨ᠎ᠤ ᠠᠷᠠᠳ᠎ᠤᠨ ᠵᠥᠪᠯᠡᠯ᠎ᠤᠨ ᠠᠷᠠᠳ ᠲᠦᠮᠡᠨᠴᠢ ᠴᠢᠨᠠᠷᠲᠠᠢ ᠭᠠᠯ ᠰᠡᠷᠭᠡᠶ᠋ᠢᠯᠡᠵᠦ ᠤᠨᠲᠠᠷᠠᠭ᠋ᠠᠬᠤ ᠠᠵᠢᠯ ᠥᠷᠨᠢᠭᠦᠯᠬᠦ ᠵᠢ ᠵᠢᠭ᠋ᠠᠨ ᠵᠢᠯᠤᠭᠤᠳᠴᠤ ᠬᠠᠪᠰᠤᠷᠤᠨ ᠳᠡᠮᠵᠢᠨ᠎ᠡ;
(ᠭᠤᠷᠪᠠ) ᠭᠠᠯ ᠰᠡᠷᠭᠡᠶ᠋ᠢᠯᠡᠵᠦ ᠤᠨᠲᠠᠷᠠᠭ᠋ᠠᠬᠤ ᠠᠮᠤᠷ ᠲᠦᠪᠰᠢᠨ᠎ᠤ ᠠᠭᠤᠯᠭ᠎ᠠ ᠵᠢ ᠰᠤᠮᠤ ᠰᠢᠶᠠᠩ ᠪᠠᠯᠭ᠋ᠠᠰᠤ ᠵᠢᠨ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠲᠥᠯᠦᠪᠵᠢᠭᠦᠯᠭᠡ᠂ ᠭᠠᠴᠠᠭ᠎ᠠ ᠲᠣᠰᠬᠤᠨ᠎ᠤ ᠲᠥᠯᠦᠪᠵᠢᠭᠦᠯᠭᠡ᠎ᠳᠤ ᠣᠷᠣᠭᠤᠯᠬᠤ ᠵᠢᠨ ᠬᠠᠮᠲᠤ ᠡᠷᠡᠰ ᠴᠢᠩᠭ᠎ᠠ᠎ᠪᠠᠷ ᠵᠣᠬᠢᠶᠠᠨ ᠪᠠᠶ᠋ᠢᠭᠤᠯᠵᠤ ᠬᠡᠷᠡᠭᠵᠢᠭᠦᠯᠦᠨ᠎ᠡ;
(ᠳᠥᠷᠪᠡ) ᠣᠯᠠᠨ ᠵᠦᠢ᠍ᠯ᠎ᠤᠨ ᠬᠡᠯᠪᠡᠷᠢ ᠮᠠᠶᠢᠭ᠎ᠢ ᠠᠪᠴᠤ ᠪᠠᠶ᠋ᠢᠭ᠋ᠠᠳ ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠶ᠋ᠢᠯᠡᠵᠦ ᠤᠨᠲᠠᠷᠠᠭ᠋ᠠᠬᠤ ᠤᠬᠠᠭᠤᠯᠭ᠎ᠠ ᠬᠥᠮᠦᠵᠢᠯ ᠥᠷᠨᠢᠭᠦᠯᠬᠦ ᠵᠢ ᠵᠣᠬᠢᠶᠠᠨ ᠪᠠᠶ᠋ᠢᠭᠤᠯᠵᠤ᠂ ᠲᠠᠷᠢᠶᠠᠴᠢᠨ ᠮᠠᠯᠴᠢᠨ᠎ᠤ ᠭᠠᠯ ᠰᠡᠷᠭᠡᠶ᠋ᠢᠯᠡᠵᠦ ᠤᠨᠲᠠᠷᠠᠭ᠋ᠠᠬᠤ ᠠᠮᠤᠷ ᠲᠦᠪᠰᠢᠨ᠎ᠤ ᠦᠵᠡᠯ ᠤᠬᠠᠮᠰᠠᠷ ᠪᠠ ᠥᠪᠡᠷᠲᠡᠭᠡᠨ ᠰᠡᠷᠭᠡᠶ᠋ᠢᠯᠡᠵᠦ ᠥᠪᠡᠷ᠎ᠢ᠎ᠪᠠᠨ ᠠᠪᠤᠷᠠᠬᠤ ᠴᠢᠳᠠᠪᠤᠷᠢ ᠵᠢ᠎ᠨᠢ ᠳᠡᠭᠡᠭᠰᠢᠯᠡᠭᠦᠯᠵᠦ᠂ ᠭᠠᠴᠠᠭ᠎ᠠ ᠲᠣᠰᠬᠤᠨ᠎ᠤ ᠠᠷᠠᠳ᠎ᠤᠨ ᠵᠥᠪᠯᠡᠯ᠎ᠤᠨ ᠭᠡᠰᠢᠭᠦᠨ᠂ ᠭᠠᠯ ᠰᠡᠷᠭᠡᠶ᠋ᠢᠯᠡᠵᠦ ᠤᠨᠲᠠᠷᠠᠭ᠋ᠠᠬᠤ ᠠᠵᠢᠯᠲᠠᠨ᠂ ᠲᠤᠰᠬᠠᠢ ᠲᠤᠰᠢᠶᠠᠯᠲᠤ ᠪᠠ ᠰᠠᠶ᠋ᠢᠨ ᠳᠤᠷ᠎ᠠ ᠵᠢᠨ ᠭᠠᠯ ᠰᠡᠷᠭᠡᠶ᠋ᠢᠯᠡᠵᠦ ᠤᠨᠲᠠᠷᠠᠭ᠋ᠠᠬᠤ ᠠᠩᠭᠢ ᠵᠢᠨ ᠭᠡᠰᠢᠭᠦᠨ᠎ᠢ ᠲᠣᠭᠲᠠᠭᠰᠠᠨ ᠬᠤᠭᠤᠴᠠᠭ᠎ᠠ᠎ᠲᠠᠢ᠎ᠪᠠᠷ ᠵᠣᠬᠢᠶᠠᠨ ᠪᠠᠶ᠋ᠢᠭᠤᠯᠵᠤ ᠭᠠᠯ ᠰᠡᠷᠭᠡᠶ᠋ᠢᠯᠡᠵᠦ ᠤᠨᠲᠠᠷᠠᠭ᠋ᠠᠬᠤ ᠲᠤᠬᠠᠶ᠋ᠢᠯᠠᠭᠰᠠᠨ ᠠᠵᠢᠯ᠎ᠤᠨ ᠮᠡᠳᠡᠯᠭᠡ ᠵᠢ ᠰᠣᠷᠣᠯᠴᠠᠭᠤᠯᠵᠤ᠂ ᠭᠠᠯ ᠰᠡᠷᠭᠡᠶ᠋ᠢᠯᠡᠵᠦ ᠤᠨᠲᠠᠷᠠᠭ᠋ᠠᠬᠤ ᠲᠤᠬᠠᠶ᠋ᠢᠯᠠᠭᠰᠠᠨ ᠠᠵᠢᠯ᠎ᠤᠨ ᠤᠷ᠎ᠠ ᠮᠡᠷᠭᠡᠵᠢᠯ᠎ᠢ᠎ᠨᠢ ᠳᠡᠭᠡᠭᠰᠢᠯᠡᠭᠦᠯᠦᠨ᠎ᠡ;
(ᠲᠠᠪᠤ) ᠲᠤᠬᠠᠢ ᠵᠢᠨ ᠭᠠᠵᠠᠷ᠎ᠤᠨ ᠠᠵᠤ ᠠᠬᠤᠢ ᠵᠢᠨ ᠬᠥᠭᠵᠢᠯᠲᠡ ᠪᠠ ᠭᠠᠯ ᠰᠡᠷᠭᠡᠶ᠋ᠢᠯᠡᠵᠦ ᠤᠨᠲᠠᠷᠠᠭ᠋ᠠᠬᠤ ᠠᠵᠢᠯ᠎ᠤᠨ ᠬᠡᠷᠡᠭᠴᠡᠭᠡ ᠵᠢ ᠦᠨᠳᠦᠰᠦᠯᠡᠨ ᠲᠤᠰᠬᠠᠢ ᠲᠤᠰᠢᠶᠠᠯᠲᠤ ᠭᠠᠯ ᠰᠡᠷᠭᠡᠶ᠋ᠢᠯᠡᠵᠦ ᠤᠨᠲᠠᠷᠠᠭ᠋ᠠᠬᠤ ᠠᠩᠭᠢ ᠪᠤᠶᠤ ᠰᠠᠶ᠋ᠢᠨ ᠳᠤᠷ᠎ᠠ ᠵᠢᠨ ᠭᠠᠯ ᠰᠡᠷᠭᠡᠶ᠋ᠢᠯᠡᠵᠦ ᠤᠨᠲᠠᠷᠠᠭ᠋ᠠᠬᠤ ᠠᠩᠭᠢ ᠪᠠᠶ᠋ᠢᠭᠤᠯᠵᠤ᠂ ᠭᠠᠯ ᠲᠦᠢ᠍ᠮᠡᠷ᠎ᠢ ᠤᠨᠲᠠᠷᠠᠭ᠋ᠠᠨ ᠠᠪᠤᠷᠠᠬᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠲᠤᠰᠠᠯᠠᠨ ᠠᠪᠤᠷᠠᠬᠤ ᠵᠡᠷᠭᠡ ᠡᠭᠦᠷᠭᠡ ᠬᠠᠷᠢᠭᠤᠴᠠᠯᠭ᠎ᠠ ᠡᠭᠦᠷᠭᠡᠯᠡᠨ᠎ᠡ;
(ᠵᠢᠷᠭᠤᠭ᠎ᠠ) ᠴᠢᠬᠤᠯᠠ ᠪᠦᠬᠦᠢ ᠪᠡᠯᠡ ᠮᠥᠩᠭᠦ ᠲᠣᠬᠢᠷᠠᠭᠤᠯᠤᠨ᠂ ᠲᠠᠷᠢᠶᠠᠯᠠᠬᠤ ᠮᠠᠯᠵᠢᠬᠤ ᠣᠷᠣᠨ᠎ᠤ ᠨᠡᠶ᠋ᠢᠲᠡ ᠵᠢᠨ ᠭᠠᠯ ᠰᠡᠷᠭᠡᠶ᠋ᠢᠯᠡᠵᠦ ᠤᠨᠲᠠᠷᠠᠭ᠋ᠠᠬᠤ ᠪᠡᠯᠡᠳᠬᠡᠮᠵᠢ ᠵᠢᠨ ᠪᠠᠶ᠋ᠢᠭᠤᠯᠤᠯᠲᠠ᠂ ᠬᠠᠮᠠᠭ᠋ᠠᠯᠠᠯᠲᠠ ᠬᠠᠮᠢᠶᠠᠷᠤᠯᠲᠠ ᠪᠠ ᠡᠯ᠎ᠡ ᠵᠦᠢ᠍ᠯ᠎ᠤᠨ ᠭᠠᠯ ᠰᠡᠷᠭᠡᠶ᠋ᠢᠯᠡᠵᠦ ᠤᠨᠲᠠᠷᠠᠭ᠋ᠠᠬᠤ ᠵᠠᠷᠤᠳᠠᠯ᠎ᠤᠨ ᠵᠠᠷᠤᠯᠭ᠎ᠠ ᠵᠢ ᠪᠠᠲᠤᠯᠠᠨ᠎ᠠ;
(ᠳᠣᠯᠤᠭ᠎ᠠ) ᠭᠠᠯ ᠤᠨᠲᠠᠷᠠᠭ᠋ᠠᠵᠤ ᠲᠤᠰᠠᠯᠠᠨ ᠠᠪᠤᠷᠠᠬᠤ᠂ ᠭᠠᠯ ᠲᠦᠢ᠍ᠮᠡᠷ᠎ᠤᠨ ᠠᠳᠡᠭᠳᠡᠯᠢ ᠪᠠᠶ᠋ᠢᠴᠠᠭ᠋ᠠᠬᠤ ᠪᠠ ᠰᠡᠭᠦᠯ ᠬᠤᠷᠢᠶᠠᠵᠤ ᠰᠢᠢ᠍ᠳᠪᠦᠷᠢᠯᠡᠬᠦ ᠠᠵᠢᠯ᠎ᠢ ᠬᠠᠪᠰᠤᠷᠤᠨ ᠭᠦᠢ᠍ᠴᠡᠳᠬᠡᠨ᠎ᠡ᠃
ᠠᠷᠪᠠᠳᠤᠭ᠋ᠠᠷ ᠵᠦᠢ᠍ᠯ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠎ᠤ ᠭᠠᠯ ᠰᠡᠷᠭᠡᠶ᠋ᠢᠯᠡᠵᠦ ᠤᠨᠲᠠᠷᠠᠭ᠋ᠠᠬᠤ ᠠᠵᠢᠯ᠎ᠢ ᠬᠠᠷᠢᠭᠤᠴᠠᠵᠤ ᠪᠠᠶ᠋ᠢᠭ᠎ᠠ ᠪᠠᠶ᠋ᠢᠭᠤᠯᠤᠮᠵᠢ᠎ᠨᠢ ᠳᠣᠣᠷᠠᠬᠢ ᠠᠵᠢᠯ᠎ᠤᠨ ᠡᠭᠦᠷᠭᠡ ᠬᠠᠷᠢᠭᠤᠴᠠᠯᠭ᠎ᠠ ᠵᠢ ᠭᠦᠢ᠍ᠴᠡᠳᠬᠡᠬᠦ ᠬᠡᠷᠡᠭᠲᠡᠢ᠄
(ᠨᠢᠭᠡ) ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠶ᠋ᠢᠯᠡᠵᠦ ᠤᠨᠲᠠᠷᠠᠭ᠋ᠠᠬᠤ ᠠᠮᠤᠷ ᠲᠦᠪᠰᠢᠨ᠎ᠤ ᠳᠦᠷᠢᠮ᠎ᠢ ᠵᠣᠬᠢᠶᠠᠨ ᠪᠠᠶ᠋ᠢᠭᠤᠯᠵᠤ ᠲᠣᠭᠲᠠᠭ᠋ᠠᠨ᠎ᠠ;
(ᠬᠤᠶᠠᠷ) ᠬᠠᠮᠢᠶ᠎ᠠ ᠪᠦᠬᠦᠢ ᠨᠢᠭᠡᠴᠢ ᠪᠠ ᠭᠠᠴᠠᠭ᠎ᠠ ᠲᠣᠰᠬᠤᠨ᠎ᠤ ᠠᠷᠠᠳ᠎ᠤᠨ ᠵᠥᠪᠯᠡᠯ᠎ᠢ ᠰᠢᠪᠠᠳᠠᠨ ᠱᠠᠭ᠋ᠠᠷᠳᠠᠵᠤ ᠪᠠᠶ᠋ᠢᠭ᠋ᠠᠳ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠎ᠤ ᠭᠠᠯ ᠰᠡᠷᠭᠡᠶ᠋ᠢᠯᠡᠵᠦ ᠤᠨᠲᠠᠷᠠᠭ᠋ᠠᠬᠤ ᠠᠵᠢᠯ᠎ᠤᠨ ᠪᠠᠶ᠋ᠢᠷᠢᠯᠠᠭᠤᠯᠤᠯᠲᠠ ᠵᠢ ᠨᠠᠶ᠋ᠢᠳᠠᠪᠤᠷᠢᠵᠢᠭᠤᠯᠤᠨ᠎ᠠ;
(ᠭᠤᠷᠪᠠ) ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠶ᠋ᠢᠯᠡᠵᠦ ᠤᠨᠲᠠᠷᠠᠭ᠋ᠠᠬᠤ ᠠᠮᠤᠷ ᠲᠦᠪᠰᠢᠨ᠎ᠤ ᠪᠠᠶ᠋ᠢᠴᠠᠭ᠋ᠠᠯᠲᠠ ᠪᠠ ᠭᠠᠯ ᠰᠡᠷᠭᠡᠶ᠋ᠢᠯᠡᠵᠦ ᠤᠨᠲᠠᠷᠠᠭ᠋ᠠᠬᠤ ᠤᠬᠠᠭᠤᠯᠭ᠎ᠠ ᠬᠥᠮᠦᠵᠢᠯ᠎ᠤᠨ ᠠᠵᠢᠯ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠭᠠᠯ ᠲᠦᠢ᠍ᠮᠡᠷ᠎ᠤᠨ ᠠᠶᠤᠯ᠎ᠤᠨ ᠭᠡᠮ ᠰᠣᠭᠤᠭ᠎ᠢ ᠴᠡᠭᠴᠡᠯᠡᠨ ᠵᠠᠰᠠᠬᠤ ᠵᠢ ᠰᠢᠪᠠᠳᠠᠨ ᠱᠠᠭ᠋ᠠᠷᠳᠠᠨ᠎ᠠ;
(ᠳᠥᠷᠪᠡ) ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠶ᠋ᠢᠯᠡᠵᠦ ᠤᠨᠲᠠᠷᠠᠭ᠋ᠠᠬᠤ ᠠᠵᠢᠯ᠎ᠤᠨ ᠪᠠᠶ᠋ᠢᠴᠠᠭ᠋ᠠᠨ ᠰᠤᠳᠤᠯᠬᠤ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠠᠷᠭ᠋ᠠᠴᠠᠭ᠋ᠠᠬᠤ ᠠᠷᠭ᠎ᠠ ᠬᠡᠮᠵᠢᠶ᠎ᠡ ᠵᠢ ᠲᠣᠭᠲᠠᠭ᠋ᠠᠨ᠎ᠠ᠃
ᠠᠷᠪᠠᠨ ᠨᠢᠭᠡᠳᠦᠭᠡᠷ ᠵᠦᠢ᠍ᠯ ᠭᠠᠴᠠᠭ᠎ᠠ ᠲᠣᠰᠬᠤᠨ᠎ᠤ ᠠᠷᠠᠳ᠎ᠤᠨ ᠵᠥᠪᠯᠡᠯ᠎ᠨᠢ ᠳᠣᠣᠷᠠᠬᠢ ᠭᠠᠯ ᠰᠡᠷᠭᠡᠶ᠋ᠢᠯᠡᠵᠦ ᠤᠨᠲᠠᠷᠠᠭ᠋ᠠᠬᠤ ᠠᠵᠢᠯ᠎ᠤᠨ ᠡᠭᠦᠷᠭᠡ ᠬᠠᠷᠢᠭᠤᠴᠠᠯᠭ᠎ᠠ ᠵᠢ ᠭᠦᠢ᠍ᠴᠡᠳᠬᠡᠬᠦ ᠬᠡᠷᠡᠭᠲᠡᠢ᠄
(ᠨᠢᠭᠡ) ᠭᠠᠯ ᠰᠡᠷᠭᠡᠶ᠋ᠢᠯᠡᠵᠦ ᠤᠨᠲᠠᠷᠠᠭ᠋ᠠᠬᠤ ᠠᠮᠤᠷ ᠲᠦᠪᠰᠢᠨ᠎ᠤ ᠬᠠᠮᠢᠶᠠᠷᠤᠭᠴᠢ ᠵᠢ ᠲᠣᠭᠲᠠᠭ᠋ᠠᠵᠤ᠂ ᠲᠠᠷᠢᠶᠠᠴᠢᠨ ᠮᠠᠯᠴᠢᠨ᠎ᠤ ᠦᠢ᠍ᠯᠡ ᠠᠵᠢᠯᠯᠠᠭ᠎ᠠ ᠵᠢ ᠵᠢᠷᠤᠮᠵᠢᠭᠤᠯᠬᠤ ᠭᠠᠯ ᠰᠡᠷᠭᠡᠶ᠋ᠢᠯᠡᠬᠦ ᠨᠡᠶ᠋ᠢᠲᠡ ᠵᠢᠨ ᠭᠡᠷ᠎ᠡ ᠲᠣᠭᠲᠠᠬᠤ ᠵᠢ ᠵᠣᠬᠢᠶᠠᠨ ᠪᠠᠶ᠋ᠢᠭᠤᠯᠵᠤ᠂ ᠲᠠᠷᠢᠶᠠᠴᠢᠨ ᠮᠠᠯᠴᠢᠨ᠎ᠤ ᠭᠠᠯ ᠰᠡᠷᠭᠡᠶ᠋ᠢᠯᠡᠬᠦ ᠨᠡᠶ᠋ᠢᠲᠡ ᠵᠢᠨ ᠭᠡᠷ᠎ᠡ ᠵᠢ ᠭᠦᠢ᠍ᠴᠡᠳᠬᠡᠬᠦ ᠪᠠᠶ᠋ᠢᠳᠠᠯ᠎ᠢ ᠰᠢᠪᠠᠳᠠᠨ ᠱᠠᠭ᠋ᠠᠷᠳᠠᠵᠤ᠂ ᠪᠠᠶ᠋ᠢᠴᠠᠭ᠋ᠠᠯᠲᠠ ᠬᠢᠨ᠎ᠡ;
(ᠬᠤᠶᠠᠷ) ᠬᠠᠭ᠋ᠠᠰ ᠵᠢᠯ ᠪᠦᠷᠢ᠎ᠳᠤ ᠲᠣᠰ ᠭᠠᠴᠠᠭ᠎ᠠ ᠲᠣᠰᠬᠤᠨ᠎ᠤ ᠭᠠᠯ ᠰᠡᠷᠭᠡᠶ᠋ᠢᠯᠡᠵᠦ ᠤᠨᠲᠠᠷᠠᠭ᠋ᠠᠬᠤ ᠠᠮᠤᠷ ᠲᠦᠪᠰᠢᠨ᠎ᠤ ᠪᠠᠶ᠋ᠢᠳᠠᠯ᠎ᠳᠤ ᠵᠠᠳᠠᠯᠤᠯᠲᠠ ᠮᠠᠭ᠋ᠠᠳᠯᠠᠯᠲᠠ ᠬᠢᠬᠦ ᠵᠢᠨ ᠬᠠᠮᠲᠤ᠂ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠎ᠳᠤ ᠪᠢᠴᠢᠭ᠎ᠤᠨ ᠬᠡᠯᠪᠡᠷᠢ᠎ᠪᠠᠷ ᠮᠡᠳᠡᠭᠦᠯᠦᠯᠲᠡ ᠬᠢᠨ᠎ᠡ;
(ᠭᠤᠷᠪᠠ) ᠭᠠᠯ ᠰᠡᠷᠭᠡᠶ᠋ᠢᠯᠡᠵᠦ ᠤᠨᠲᠠᠷᠠᠭ᠋ᠠᠬᠤ ᠠᠮᠤᠷ ᠲᠦᠪᠰᠢᠨ᠎ᠤ ᠤᠬᠠᠭᠤᠯᠭ᠎ᠠ ᠬᠥᠮᠦᠵᠢᠯ᠎ᠢ ᠥᠷᠨᠢᠭᠦᠯᠵᠦ᠂ ᠭᠠᠯ ᠤᠨᠲᠠᠷᠠᠭ᠋ᠠᠬᠤ ᠪᠠ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠲᠠᠷᠬᠠᠭ᠋ᠠᠬᠤ ᠰᠣᠷᠢᠯᠲᠠ ᠬᠢᠬᠦ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠲᠠᠷᠢᠶᠠᠴᠢᠨ ᠮᠠᠯᠴᠢᠨ᠎ᠤ ᠥᠪᠡᠷᠲᠡᠭᠡᠨ ᠰᠡᠷᠭᠡᠶ᠋ᠢᠯᠡᠵᠦ ᠥᠪᠡᠷ᠎ᠢ᠎ᠪᠠᠨ ᠠᠪᠤᠷᠠᠬᠤ ᠴᠢᠳᠠᠪᠤᠷᠢ ᠵᠢ᠎ᠨᠢ ᠳᠡᠭᠡᠭᠰᠢᠯᠡᠭᠦᠯᠦᠨ᠎ᠡ;
(ᠳᠥᠷᠪᠡ) ᠭᠠᠯ ᠰᠡᠷᠭᠡᠶ᠋ᠢᠯᠡᠬᠦ ᠴᠠᠭᠳᠠᠨ ᠪᠠᠶ᠋ᠢᠴᠠᠭ᠋ᠠᠯᠲᠠ ᠵᠢ ᠥᠷᠨᠢᠭᠦᠯᠵᠦ᠂ ᠲᠠᠷᠢᠶᠠᠴᠢᠨ ᠮᠠᠯᠴᠢᠨ᠎ᠤ ᠭᠠᠯ ᠰᠡᠷᠭᠡᠶ᠋ᠢᠯᠡᠵᠦ ᠤᠨᠲᠠᠷᠠᠭ᠋ᠠᠬᠤ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠴᠠᠭ ᠲᠤᠬᠠᠢᠳᠤᠨᠢ ᠰᠡᠷᠡᠵᠦ ᠮᠡᠳᠡᠬᠦ ᠪᠠ ᠵᠠᠯᠠᠷᠠᠭᠤᠯᠤᠨ᠎ᠠ;
(ᠲᠠᠪᠤ) ᠰᠠᠶ᠋ᠢᠨ ᠳᠤᠷ᠎ᠠ ᠵᠢᠨ ᠭᠠᠯ ᠰᠡᠷᠭᠡᠶ᠋ᠢᠯᠡᠵᠦ ᠤᠨᠲᠠᠷᠠᠭ᠋ᠠᠬᠤ ᠠᠩᠭᠢ (ᠪᠢᠴᠢᠯ ᠬᠡᠯᠪᠡᠷᠢ ᠵᠢᠨ ᠭᠠᠯ ᠰᠡᠷᠭᠡᠶ᠋ᠢᠯᠡᠵᠦ ᠤᠨᠲᠠᠷᠠᠭ᠋ᠠᠬᠤ ᠥᠷᠳᠡᠭᠡ) ᠪᠠᠶ᠋ᠢᠭᠤᠯᠵᠤ᠂ ᠴᠢᠬᠤᠯᠠ ᠪᠦᠬᠦᠢ ᠭᠠᠯ ᠤᠨᠲᠠᠷᠠᠭ᠋ᠠᠬᠤ ᠪᠠᠭ᠋ᠠᠵᠢ ᠬᠡᠷᠡᠭᠰᠡᠯ ᠲᠣᠨᠣᠭᠯᠠᠯ᠎ᠢ ᠲᠣᠬᠢᠷᠠᠭᠤᠯᠤᠨ᠎ᠠ;
(ᠵᠢᠷᠭᠤᠭ᠎ᠠ) ᠭᠠᠯ ᠲᠦᠢ᠍ᠮᠡᠷ ᠡᠭᠦᠰᠬᠦ ᠦᠶ᠎ᠡ᠎ᠳᠤ᠂ ᠴᠠᠭ ᠲᠤᠬᠠᠢᠳᠤᠨᠢ ᠰᠡᠷᠡᠮᠵᠢ ᠵᠢᠨ ᠳᠣᠬᠢᠶ᠎ᠠ ᠥᠭᠴᠦ᠂ ᠣᠶ᠋ᠢᠷ᠎ᠠ ᠣᠷᠴᠢᠮ᠎ᠤᠨ ᠣᠯᠡᠨ ᠲᠦᠮᠡᠨ᠎ᠢ ᠵᠣᠬᠢᠶᠠᠨ ᠪᠠᠶ᠋ᠢᠭᠤᠯᠤᠨ ᠲᠠᠷᠬᠠᠭ᠋ᠠᠵᠤ᠂ ᠰᠠᠶ᠋ᠢᠨ ᠳᠤᠷ᠎ᠠ ᠵᠢᠨ ᠭᠠᠯ ᠤᠨᠲᠠᠷᠠᠭ᠋ᠠᠬᠤ ᠠᠩᠭᠢ (ᠪᠢᠴᠢᠯ ᠬᠡᠯᠪᠡᠷᠢ ᠵᠢᠨ ᠭᠠᠯ ᠤᠨᠲᠠᠷᠠᠭ᠋ᠠᠬᠤ ᠥᠷᠳᠡᠭᠡ) ᠵᠢ ᠵᠣᠬᠢᠶᠠᠨ ᠪᠠᠶ᠋ᠢᠭᠤᠯᠵᠤ ᠪᠠᠶ᠋ᠢᠭ᠋ᠠᠳ ᠭᠠᠯ ᠲᠦᠢ᠍ᠮᠡᠷ᠎ᠢ ᠤᠨᠲᠠᠷᠠᠭ᠋ᠠᠬᠤ ᠠᠪᠤᠷᠠᠯᠳᠠ ᠬᠢᠵᠦ᠂ ᠭᠠᠯ ᠰᠡᠷᠭᠡᠶ᠋ᠢᠯᠡᠵᠦ ᠤᠨᠲᠠᠷᠠᠭ᠋ᠠᠬᠤ ᠵᠢᠨ ᠠᠪᠤᠷᠠᠨ ᠲᠤᠰᠠᠯᠠᠬᠤ ᠪᠠᠶ᠋ᠢᠭᠤᠯᠤᠮᠵᠢ ᠲᠤᠬᠠᠢ ᠵᠢᠨ ᠲᠠᠯᠠᠪᠤᠷ᠎ᠲᠤ ᠬᠥᠷᠥᠭᠰᠡᠨ᠎ᠤ ᠳᠠᠷᠠᠭ᠎ᠠ᠂ ᠭᠠᠯ ᠲᠦᠢ᠍ᠮᠡᠷ᠎ᠢ ᠤᠨᠲᠠᠷᠠᠭ᠋ᠠᠬᠤ ᠠᠪᠤᠷᠠᠯᠳᠠ ᠬᠢᠬᠦ᠎ᠳᠤ ᠬᠠᠮᠵᠢᠯᠴᠠᠵᠤ᠂ ᠭᠠᠯ ᠲᠦᠢ᠍ᠮᠡᠷ᠎ᠢ ᠤᠨᠲᠠᠷᠠᠭ᠋ᠠᠭᠰᠠᠨᠤ ᠳᠠᠷᠠᠭ᠎ᠠ᠂ ᠭᠠᠯ ᠰᠡᠷᠭᠡᠶ᠋ᠢᠯᠡᠵᠦ ᠤᠨᠲᠠᠷᠠᠭ᠋ᠠᠬᠤ ᠵᠢᠨ ᠠᠪᠤᠷᠠᠨ ᠲᠤᠰᠠᠯᠠᠬᠤ ᠪᠠᠶ᠋ᠢᠭᠤᠯᠤᠮᠵᠢ ᠵᠢᠴᠢ ᠳᠣᠲᠣᠭ᠋ᠠᠳᠤ ᠵᠢ ᠬᠠᠮᠠᠭ᠋ᠠᠯᠠᠬᠤ ᠲᠣᠮᠢᠯᠠᠭᠰᠠᠨ ᠰᠠᠯᠪᠤᠷᠢ ᠵᠢ ᠬᠠᠮᠵᠢᠨ ᠭᠠᠯ ᠲᠦᠢ᠍ᠮᠡᠷ᠎ᠤᠨ ᠲᠤᠬᠠᠢ ᠵᠢᠨ ᠲᠠᠯᠠᠪᠤᠷ᠎ᠢ ᠬᠠᠮᠠᠭ᠋ᠠᠯᠠᠨ᠂ ᠭᠠᠯ ᠲᠦᠢ᠍ᠮᠡᠷ ᠡᠭᠦᠰᠦᠭᠰᠡᠨ ᠰᠢᠯᠲᠠᠭ᠋ᠠᠨ᠎ᠢ ᠰᠤᠳᠤᠯᠤᠨ ᠪᠠᠶ᠋ᠢᠴᠠᠭ᠋ᠠᠵᠤ᠂ ᠭᠠᠯ ᠲᠦᠢ᠍ᠮᠡᠷ᠎ᠠᠴᠠ ᠪᠣᠯᠤᠭᠰᠠᠨ ᠬᠤᠬᠢᠷᠠᠯ᠎ᠢ ᠪᠦᠷᠢᠳᠬᠡᠨ᠎ᠡ᠃
ᠠᠷᠪᠠᠨ ᠬᠤᠶᠠᠳᠤᠭ᠋ᠠᠷ ᠵᠦᠢ᠍ᠯ ᠭᠠᠴᠠᠭ᠎ᠠ ᠲᠣᠰᠬᠤᠨ᠎ᠤ ᠠᠷᠠᠳ᠎ᠤᠨ ᠵᠥᠪᠯᠡᠯ᠎ᠤᠨ ᠵᠣᠬᠢᠶᠠᠨ ᠪᠠᠶ᠋ᠢᠭᠤᠯᠵᠤ ᠲᠣᠭᠲᠠᠭ᠋ᠠᠭᠰᠠᠨ ᠭᠠᠯ ᠰᠡᠷᠭᠡᠶ᠋ᠢᠯᠡᠬᠦ ᠨᠡᠶ᠋ᠢᠲᠡ ᠵᠢᠨ ᠭᠡᠷ᠎ᠡ᠎ᠳᠤ ᠳᠣᠣᠷᠠᠬᠢ ᠠᠭᠤᠯᠭ᠎ᠠ ᠪᠠᠭᠲᠠᠬᠤ ᠬᠡᠷᠡᠭᠲᠡᠢ᠄
(ᠨᠢᠭᠡ) ᠭᠠᠯ ᠴᠠᠬᠢᠯᠭ᠋ᠠᠨ ᠲᠣᠰᠣ ᠰᠢᠲᠠᠮᠠᠬᠠᠢ ᠬᠡᠢ ᠬᠡᠷᠡᠭᠯᠡᠬᠦ ᠪᠠ ᠨᠣᠴᠣᠮᠠᠲᠠᠭ᠋ᠠᠢ ᠰᠢᠲᠠᠮᠠᠬᠠᠢ ᠪᠣᠳᠠᠰ ᠣᠪᠣᠭ᠋ᠠᠯᠠᠨ ᠲᠠᠯᠪᠢᠬᠤ ᠵᠡᠷᠭᠡ ᠦᠢ᠍ᠯᠡ ᠠᠵᠢᠯᠯᠠᠭ᠎ᠠ ᠵᠢᠨ ᠠᠮᠤᠷ ᠲᠦᠪᠰᠢᠨ᠎ᠤ ᠱᠠᠭ᠋ᠠᠷᠳᠠᠯᠭ᠎ᠠ;
(ᠬᠤᠶᠠᠷ) ᠭᠠᠯ ᠤᠨᠲᠠᠷᠠᠭ᠋ᠠᠬᠤ ᠲᠡᠷᠭᠡᠨ ᠵᠠᠮ ᠰᠠᠭ᠋ᠠᠳ ᠦᠭᠡᠢ ᠨᠡᠪᠲᠡᠷᠡᠬᠦ᠂ ᠨᠡᠶ᠋ᠢᠲᠡ ᠵᠢᠨ ᠭᠠᠯ ᠰᠡᠷᠭᠡᠶ᠋ᠢᠯᠡᠵᠦ ᠤᠨᠲᠠᠷᠠᠭ᠋ᠠᠬᠤ ᠪᠡᠯᠡᠳᠬᠡᠮᠵᠢ ᠪᠠᠭ᠋ᠠᠵᠢ ᠬᠡᠷᠡᠭᠰᠡᠯ᠎ᠤᠨ ᠪᠦᠷᠢᠨ ᠪᠦᠲᠦᠨ ᠬᠦᠴᠦᠨ᠎ᠲᠠᠢ ᠪᠠᠶ᠋ᠢᠬᠤ ᠵᠢ ᠪᠠᠲᠤᠯᠠᠬᠤ ᠵᠢᠨ ᠠᠷᠭ᠎ᠠ ᠬᠡᠮᠵᠢᠶ᠎ᠡ;
(ᠭᠤᠷᠪᠠ) ᠨᠠᠰᠤᠨ᠎ᠳᠤ ᠦᠯᠦ ᠬᠦᠷᠦᠭᠰᠡᠳ᠂ ᠮᠡᠳᠡᠷᠡᠯ᠎ᠤᠨ ᠰᠠᠭ᠋ᠠᠲᠠᠯ᠎ᠲᠠᠢ ᠡᠪᠡᠳᠴᠢᠲᠡᠳ ᠵᠡᠷᠭᠡ ᠢᠷᠭᠡᠨ᠎ᠤ ᠬᠡᠷᠡᠭ᠎ᠤᠨ ᠠᠵᠢᠯᠯᠠᠭ᠋ᠠᠨ᠎ᠤ ᠪᠦᠷᠢᠨ ᠪᠤᠰᠤ ᠴᠢᠳᠠᠪᠤᠷᠢᠲᠤ ᠬᠥᠮᠥᠨ ᠪᠠ ᠥᠲᠡᠭᠦᠰ ᠲᠣᠷᠣᠶ᠋ᠢᠴᠤᠳ ᠵᠡᠮᠳᠡᠭᠴᠦᠳ ᠵᠡᠷᠭᠡ ᠪᠠᠭᠤᠷᠠᠶ᠋ᠢᠴᠤᠳᠤᠨ ᠠᠮᠤᠷ ᠲᠦᠪᠰᠢᠨ᠎ᠤ ᠲᠠᠯ᠎ᠠ᠎ᠪᠠᠷ ᠬᠢᠨᠠᠨ ᠬᠠᠮᠠᠭ᠋ᠠᠯᠠᠬᠤ ᠪᠠ ᠬᠠᠪᠰᠤᠷᠤᠨ ᠳᠡᠮᠵᠢᠬᠦ ᠠᠷᠭ᠎ᠠ ᠬᠡᠮᠵᠢᠶ᠎ᠡ;
(ᠳᠥᠷᠪᠡ) ᠭᠠᠯ ᠰᠡᠷᠭᠡᠶ᠋ᠢᠯᠡᠵᠦ ᠤᠨᠲᠠᠷᠠᠭ᠋ᠠᠬᠤ ᠠᠮᠤᠷ ᠲᠦᠪᠰᠢᠨ᠎ᠢ ᠪᠠᠲᠤᠯᠠᠬᠤ ᠪᠤᠰᠤᠳ ᠠᠭᠤᠯᠭ᠎ᠠ᠃
ᠠᠷᠪᠠᠨ ᠭᠤᠷᠪᠠᠳᠤᠭ᠋ᠠᠷ ᠵᠦᠢ᠍ᠯ ᠲᠠᠷᠢᠶᠠᠯᠠᠬᠤ ᠮᠠᠯᠵᠢᠬᠤ ᠣᠷᠣᠨ᠎ᠤ ᠲᠤᠰᠬᠠᠢ ᠲᠤᠰᠢᠶᠠᠯᠲᠤ ᠭᠠᠯ ᠰᠡᠷᠭᠡᠶ᠋ᠢᠯᠡᠵᠦ ᠤᠨᠲᠠᠷᠠᠭ᠋ᠠᠬᠤ ᠠᠩᠭᠢ᠂ ᠰᠠᠶ᠋ᠢᠨ ᠳᠤᠷ᠎ᠠ ᠵᠢᠨ ᠭᠠᠯ ᠰᠡᠷᠭᠡᠶ᠋ᠢᠯᠡᠵᠦ ᠤᠨᠲᠠᠷᠠᠭ᠋ᠠᠬᠤ ᠠᠩᠭᠢ (ᠪᠢᠴᠢᠯ ᠬᠡᠯᠪᠡᠷᠢ ᠵᠢᠨ ᠭᠠᠯ ᠰᠡᠷᠭᠡᠶ᠋ᠢᠯᠡᠵᠦ ᠤᠨᠲᠠᠷᠠᠭ᠋ᠠᠬᠤ ᠥᠷᠳᠡᠭᠡ)᠎ᠨᠢ ᠳᠣᠣᠷᠠᠬᠢ ᠠᠵᠢᠯ᠎ᠤᠨ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠬᠦ ᠬᠡᠷᠡᠭᠲᠡᠢ᠄
(ᠨᠢᠭᠡ) ᠭᠠᠯ ᠤᠨᠲᠠᠷᠠᠭ᠋ᠠᠬᠤ ᠪᠠ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠥᠯ᠎ᠢ ᠲᠣᠭᠲᠠᠭ᠋ᠠᠬᠤ ᠵᠢᠨ ᠬᠠᠮᠲᠤ ᠲᠣᠭᠲᠠᠭᠰᠠᠨ ᠬᠤᠭᠤᠴᠠᠭ᠎ᠠ᠎ᠲᠠᠢ᠎ᠪᠠᠷ ᠵᠣᠬᠢᠶᠠᠨ ᠪᠠᠶ᠋ᠢᠭᠤᠯᠵᠤ ᠰᠣᠷᠢᠯᠲᠠ ᠬᠢᠨ᠎ᠡ;
(ᠬᠤᠶᠠᠷ) ᠵᠢᠵᠢᠭᠦᠷᠯᠡᠨ ᠠᠵᠢᠯᠯᠠᠵᠤ ᠳᠠᠶ᠋ᠢᠨ᠎ᠳᠤ ᠪᠡᠯᠡᠳᠬᠡᠬᠦ ᠳᠦᠷᠢᠮ᠎ᠢ ᠪᠠᠶ᠋ᠢᠭᠤᠯᠵᠤ᠂ ᠭᠠᠯ ᠰᠡᠷᠭᠡᠶ᠋ᠢᠯᠡᠵᠦ ᠤᠨᠲᠠᠷᠠᠭ᠋ᠠᠬᠤ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠯ ᠥᠷᠨᠢᠭᠦᠯᠦᠨ᠎ᠡ;
(ᠭᠤᠷᠪᠠ) ᠭᠠᠯ ᠰᠡᠷᠭᠡᠶ᠋ᠢᠯᠡᠵᠦ ᠤᠨᠲᠠᠷᠠᠭ᠋ᠠᠬᠤ ᠠᠮᠤᠷ ᠲᠦᠪᠰᠢᠨ᠎ᠤ ᠴᠠᠭᠳᠠᠨ ᠪᠠᠶ᠋ᠢᠴᠠᠭ᠋ᠠᠯᠲᠠ ᠪᠠ ᠭᠠᠯ ᠰᠡᠷᠭᠡᠶ᠋ᠢᠯᠡᠵᠦ ᠤᠨᠲᠠᠷᠠᠭ᠋ᠠᠬᠤ ᠤᠬᠠᠭᠤᠯᠭ᠎ᠠ ᠬᠥᠮᠦᠵᠢᠯ ᠥᠷᠨᠢᠭᠦᠯᠦᠨ᠎ᠡ;
(ᠳᠥᠷᠪᠡ) ᠭᠠᠯ ᠲᠦᠢ᠍ᠮᠡᠷ᠎ᠢ ᠤᠨᠲᠠᠷᠠᠭ᠋ᠠᠬᠤ ᠠᠪᠤᠷᠠᠯᠳᠠ ᠬᠢᠬᠦ ᠪᠠ ᠪᠤᠰᠤᠳ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠠᠵᠢᠯ᠎ᠢ ᠬᠡᠷᠡᠭᠵᠢᠭᠦᠯᠦᠨ᠎ᠡ᠃
ᠠᠷᠪᠠᠨ ᠳᠥᠷᠪᠡᠳᠦᠭᠡᠷ ᠵᠦᠢ᠍ᠯ ᠲᠠᠷᠢᠶᠠᠴᠢᠨ ᠮᠠᠯᠴᠢᠨ᠎ᠨᠢ ᠳᠣᠣᠷᠠᠬᠢ ᠭᠠᠯ ᠰᠡᠷᠭᠡᠶ᠋ᠢᠯᠡᠵᠦ ᠤᠨᠲᠠᠷᠠᠭ᠋ᠠᠬᠤ ᠠᠯᠪᠠ ᠵᠢ ᠭᠦᠢ᠍ᠴᠡᠳᠬᠡᠬᠦ ᠬᠡᠷᠡᠭᠲᠡᠢ᠄
(ᠨᠢᠭᠡ) ᠭᠠᠯ ᠰᠡᠷᠭᠡᠶ᠋ᠢᠯᠡᠬᠦ ᠨᠡᠶ᠋ᠢᠲᠡ ᠵᠢᠨ ᠭᠡᠷ᠎ᠡ ᠵᠢ ᠵᠢᠷᠤᠮᠯᠠᠬᠤ ᠬᠡᠷᠡᠭᠲᠡᠢ;
(ᠬᠤᠶᠠᠷ) ᠨᠡᠶ᠋ᠢᠲᠡ ᠵᠢᠨ ᠭᠠᠯ ᠤᠨᠲᠠᠷᠠᠭ᠋ᠠᠬᠤ ᠪᠡᠯᠡᠳᠬᠡᠮᠵᠢ ᠪᠠᠭ᠋ᠠᠵᠢ ᠬᠡᠷᠡᠭᠰᠡᠯ᠎ᠢ ᠬᠠᠶ᠋ᠢᠷᠠᠯᠠᠨ ᠬᠠᠮᠠᠭ᠋ᠠᠯᠠᠬᠤ ᠬᠡᠷᠡᠭᠲᠡᠢ;
(ᠭᠤᠷᠪᠠ) ᠭᠠᠯ ᠰᠡᠷᠭᠡᠶ᠋ᠢᠯᠡᠯᠲᠡ ᠵᠢᠨ ᠲᠤᠰᠠᠭ᠋ᠠᠷᠯᠠᠬᠤ ᠪᠦᠰᠡ ᠵᠢ ᠡᠵᠡᠯᠡᠨ ᠬᠡᠷᠡᠭᠯᠡᠬᠦ ᠦᠭᠡᠢ᠂ ᠭᠠᠯ ᠤᠨᠲᠠᠷᠠᠭ᠋ᠠᠬᠤ ᠲᠡᠷᠭᠡ ᠵᠢᠨ ᠨᠡᠪᠲᠡᠷᠡᠬᠦ ᠵᠠᠮ᠎ᠢ ᠡᠵᠡᠯᠡᠨ ᠬᠡᠷᠡᠭᠯᠡᠬᠦ ᠪᠠ ᠬᠠᠰᠢᠵᠤ ᠪᠥᠭᠯᠡᠬᠦ ᠦᠭᠡᠢ;
(ᠳᠥᠷᠪᠡ) ᠳᠡᠭᠦᠵᠢᠯᠡᠭᠦᠷ ᠴᠠᠬᠢᠯᠭ᠋ᠠᠨ ᠬᠦᠷᠭᠡᠬᠦ ᠤᠲᠠᠰᠤᠨ᠎ᠤ ᠳᠣᠣᠷ᠎ᠠ ᠡᠪᠡᠰᠦ ᠲᠦᠯᠡᠭᠡ ᠵᠡᠷᠭᠡ ᠨᠣᠴᠣᠮᠠᠲᠠᠭ᠋ᠠᠢ ᠰᠢᠲᠠᠮᠠᠬᠠᠢ ᠪᠣᠳᠠᠰ᠎ᠢ ᠣᠪᠣᠭ᠋ᠠᠯᠠᠨ ᠲᠠᠯᠪᠢᠬᠤ ᠦᠭᠡᠢ;
(ᠲᠠᠪᠤ) ᠬᠢᠷᠢ ᠲᠡᠩᠴᠡᠭᠰᠡᠨ ᠲᠡᠮᠳᠡᠭ ᠦᠭᠡᠢ ᠴᠠᠬᠢᠯᠭ᠋ᠠᠨ ᠬᠡᠷᠡᠭᠰᠡᠯ᠎ᠤᠨ ᠦᠢ᠍ᠯᠡᠳᠬᠦᠨ᠎ᠢ ᠤᠭᠰᠠᠷᠠᠬᠤ ᠪᠠ ᠬᠡᠷᠡᠭᠯᠡᠬᠦ ᠦᠭᠡᠢ᠂ ᠴᠠᠬᠢᠯᠭ᠋ᠠᠨ ᠬᠡᠷᠡᠭᠰᠡᠯ᠎ᠢ ᠠᠮᠤᠷ ᠲᠦᠪᠰᠢᠨ ᠵᠶ᠋ᠠᠷ ᠬᠡᠷᠡᠭᠯᠡᠬᠦ ᠲᠣᠭᠲᠠᠭ᠋ᠠᠯ᠎ᠢ ᠵᠢᠷᠤᠮᠯᠠᠵᠤ᠂ ᠳᠠᠭ᠋ᠠᠭ᠋ᠠᠴᠠ᠎ᠠᠴᠠ ᠬᠡᠲᠦᠷᠡᠲᠡᠯ᠎ᠡ ᠴᠠᠬᠢᠯᠭ᠋ᠠᠨ ᠬᠡᠷᠡᠭᠯᠡᠬᠦ ᠦᠭᠡᠢ᠂ ᠳᠤᠷ᠎ᠠ᠎ᠪᠠᠷ ᠴᠠᠬᠢᠯᠭ᠋ᠠᠨ ᠤᠲᠠᠰᠤ ᠵᠠᠯᠭ᠋ᠠᠨ ᠲᠠᠲᠠᠬᠤ ᠦᠭᠡᠢ;
(ᠵᠢᠷᠭᠤᠭ᠎ᠠ) ᠲᠣᠭᠲᠠᠭᠰᠠᠨ ᠬᠤᠭᠤᠴᠠᠭ᠎ᠠ᠎ᠲᠠᠢ᠎ᠪᠠᠷ ᠬᠠᠨᠵᠤ᠂ ᠬᠤᠯᠠᠩ ᠵᠶ᠋ᠠᠨ ᠴᠡᠪᠡᠷᠯᠡᠵᠦ᠂ ᠭᠠᠯ ᠲᠦᠢ᠍ᠮᠡᠷ ᠡᠭᠦᠰᠬᠦ ᠠᠶᠤᠯ ᠲᠦᠭᠰᠢᠭᠦᠷᠢ᠎ᠲᠠᠢ ᠲᠠᠯᠠᠪᠤᠷ ᠭᠠᠵᠠᠷ᠎ᠲᠤ ᠭᠠᠯ ᠬᠡᠷᠡᠭᠯᠡᠬᠦ ᠦᠭᠡᠢ;
(ᠳᠣᠯᠤᠭ᠎ᠠ) ᠭᠡᠷ ᠪᠦᠯᠢ ᠵᠢᠨ ᠭᠠᠯ ᠤᠨᠲᠠᠷᠠᠭ᠋ᠠᠵᠤ ᠠᠪᠤᠷᠠᠯᠳᠠ ᠬᠢᠬᠦ ᠪᠠ ᠠᠮᠢ ᠵᠢᠭᠤᠲᠠᠵᠤ ᠥᠪᠡᠷ᠎ᠢ᠎ᠪᠠᠨ ᠠᠪᠤᠷᠠᠬᠤ ᠵᠡᠷᠭᠡ ᠭᠠᠯ ᠰᠡᠷᠭᠡᠶ᠋ᠢᠯᠡᠵᠦ ᠤᠨᠲᠠᠷᠠᠭ᠋ᠠᠬᠤ ᠤᠷ᠎ᠠ ᠮᠡᠷᠭᠡᠰᠢᠯ᠎ᠢ ᠰᠣᠷᠣᠯᠴᠠᠬᠤ ᠪᠠ ᠡᠵᠡᠮᠰᠢᠵᠦ᠂ ᠥᠲᠡᠭᠦᠰ᠂ ᠪᠠᠭ᠋ᠠᠴᠤᠳ᠂ ᠮᠡᠳᠡᠷᠡᠯ᠎ᠤᠨ ᠰᠠᠭ᠋ᠠᠲᠠᠯ᠎ᠲᠠᠢ ᠡᠪᠡᠳᠴᠢᠲᠡᠳ᠂ ᠣᠶᠣᠨ ᠴᠢᠳᠠᠪᠤᠷᠢ ᠵᠢᠨ ᠰᠠᠭ᠋ᠠᠲᠠᠯ᠎ᠲᠠᠢ ᠬᠥᠮᠥᠰ ᠵᠡᠷᠭᠡ ᠬᠠᠷᠠᠭ᠋ᠠᠯᠵᠠᠨ ᠬᠠᠮᠠᠭ᠋ᠠᠯᠠᠭᠳᠠᠭᠴᠢ ᠵᠢᠨ ᠠᠮᠤᠷ ᠲᠦᠪᠰᠢᠨ᠎ᠤ ᠬᠥᠮᠦᠵᠢᠯ ᠪᠠ ᠬᠠᠷᠠᠵᠤ ᠬᠠᠷᠠᠭ᠋ᠠᠯᠵᠠᠬᠤ ᠠᠵᠢᠯ᠎ᠢ ᠰᠠᠶ᠋ᠢᠲᠤᠷ ᠬᠢᠬᠦ ᠬᠡᠷᠡᠭᠲᠡᠢ;
(ᠨᠠᠢ᠍ᠮᠠ) ᠭᠡᠷ ᠪᠠᠶ᠋ᠢᠰᠢᠩ ᠲᠦᠷᠢᠶᠡᠰᠦᠯᠡᠬᠦ ᠪᠤᠶᠤ ᠡᠵᠡᠩᠨᠡᠯᠲᠡ ᠵᠢᠨ ᠲᠠᠯᠠᠪᠤᠷ ᠭᠠᠵᠠᠷ ᠳᠠᠭ᠋ᠠᠭ᠋ᠠᠴᠢᠯᠠᠨ ᠡᠵᠡᠩᠨᠡᠬᠦ᠎ᠳᠤ᠂ ᠡᠯ᠎ᠡ ᠲᠠᠯ᠎ᠠ ᠵᠢᠨ᠎ᠬᠢ ᠭᠠᠯ ᠰᠡᠷᠭᠡᠶ᠋ᠢᠯᠡᠵᠦ ᠤᠨᠲᠠᠷᠠᠭ᠋ᠠᠬᠤ ᠠᠮᠤᠷ ᠲᠦᠪᠰᠢᠨ᠎ᠤ ᠬᠠᠷᠢᠭᠤᠴᠠᠯᠭ᠎ᠠ ᠵᠢ ᠲᠣᠳᠣᠷᠬᠠᠢ ᠲᠣᠭᠲᠠᠭ᠋ᠠᠬᠤ ᠬᠡᠷᠡᠭᠲᠡᠢ᠃
ᠭᠤᠷᠪᠠᠳᠤᠭ᠋ᠠᠷ ᠪᠦᠯᠦᠭ ᠨᠡᠶ᠋ᠢᠲᠡ ᠵᠢᠨ ᠭᠠᠯ ᠤᠨᠲᠠᠷᠠᠭ᠋ᠠᠬᠤ ᠪᠡᠯᠡᠳᠬᠡᠮᠵᠢ
ᠠᠷᠪᠠᠨ ᠲᠠᠪᠤᠳᠤᠭ᠋ᠠᠷ ᠵᠦᠢ᠍ᠯ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠶ᠋ᠢᠯᠡᠵᠦ ᠤᠨᠲᠠᠷᠠᠭ᠋ᠠᠬᠤ ᠠᠩᠭᠢ ᠥᠷᠳᠡᠭᠡ᠂ ᠭᠠᠯ ᠤᠨᠲᠠᠷᠠᠭ᠋ᠠᠬᠤ ᠤᠰᠤᠨ᠎ᠤ ᠬᠠᠩᠭ᠋ᠠᠯᠭ᠎ᠠ᠂ ᠭᠠᠯ ᠤᠨᠲᠠᠷᠠᠭ᠋ᠠᠬᠤ ᠲᠡᠷᠭᠡ ᠵᠢᠨ ᠨᠡᠪᠲᠡᠷᠡᠬᠦ ᠵᠠᠮ᠂ ᠭᠠᠯ ᠤᠨᠲᠠᠷᠠᠭ᠋ᠠᠬᠤ ᠲᠣᠨᠤᠭ ᠲᠥᠬᠦᠭᠡᠷᠦᠮᠵᠢ ᠵᠡᠷᠭᠡ ᠨᠡᠶ᠋ᠢᠲᠡ ᠵᠢᠨ ᠭᠠᠯ ᠤᠨᠲᠠᠷᠠᠭ᠋ᠠᠬᠤ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠲᠠᠷᠢᠶᠠᠯᠠᠬᠤ ᠮᠠᠯᠵᠢᠬᠤ ᠣᠷᠣᠨ᠎ᠤ ᠨᠡᠶ᠋ᠢᠲᠡ ᠵᠢᠨ ᠭᠠᠯ ᠤᠨᠲᠠᠷᠠᠭ᠋ᠠᠬᠤ ᠪᠡᠯᠡᠳᠬᠡᠮᠵᠢ ᠵᠢᠨ ᠬᠠᠮᠠᠭ᠋ᠠᠯᠠᠨ ᠬᠠᠮᠢᠶᠠᠷᠬᠤ ᠬᠠᠷᠢᠭᠤᠴᠠᠯᠭ᠎ᠠ ᠵᠢ ᠲᠣᠳᠣᠷᠬᠠᠢ ᠪᠣᠯᠭ᠋ᠠᠬᠤ ᠬᠡᠷᠡᠭᠲᠡᠢ᠃
ᠠᠷᠪᠠᠨ ᠵᠢᠷᠭᠤᠳᠤᠭ᠋ᠠᠷ ᠵᠦᠢ᠍ᠯ ᠭᠠᠯ ᠤᠨᠲᠠᠷᠠᠭ᠋ᠠᠵᠤ ᠠᠪᠤᠷᠠᠨ ᠲᠤᠰᠠᠯᠠᠬᠤ ᠪᠠᠶ᠋ᠢᠭᠤᠯᠤᠮᠵᠢ ᠭᠠᠯ ᠰᠡᠷᠭᠡᠶ᠋ᠢᠯᠡᠵᠦ ᠤᠨᠲᠠᠷᠠᠭ᠋ᠠᠬᠤ ᠲᠤᠰᠬᠠᠢ ᠲᠥᠯᠦᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠵᠢ ᠵᠣᠬᠢᠶᠠᠨ ᠪᠠᠶ᠋ᠢᠭᠤᠯᠬᠤ ᠵᠢᠨ ᠬᠠᠮᠲᠤ᠂ ᠰᠤᠮᠤ ᠰᠢᠶᠠᠩ ᠪᠠᠯᠭ᠋ᠠᠰᠤ ᠵᠢᠨ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠲᠥᠯᠦᠪᠵᠢᠭᠦᠯᠭᠡ᠂ ᠭᠠᠴᠠᠭ᠎ᠠ ᠲᠣᠰᠬᠤᠨ᠎ᠤ ᠲᠥᠯᠦᠪᠵᠢᠭᠦᠯᠭᠡ ᠵᠢᠨ ᠵᠣᠯᠭ᠋ᠠᠭᠤᠯᠤᠯᠲᠠ ᠵᠢ ᠴᠢᠩᠭ᠋ᠠᠳᠬᠠᠨ᠎ᠠ᠃
ᠠᠷᠪᠠᠨ ᠳᠣᠯᠣᠳᠤᠭ᠋ᠠᠷ ᠵᠦᠢ᠍ᠯ ᠰᠤᠮᠤ ᠰᠢᠶᠠᠩ ᠪᠠᠯᠭ᠋ᠠᠰᠤ᠂ ᠭᠠᠴᠠᠭ᠎ᠠ ᠲᠣᠰᠬᠤᠨ᠎ᠨᠢ ᠭᠠᠯ ᠰᠡᠷᠭᠡᠶ᠋ᠢᠯᠡᠵᠦ ᠤᠨᠲᠠᠷᠠᠭ᠋ᠠᠬᠤ ᠠᠮᠤᠷ ᠲᠦᠪᠰᠢᠨ᠎ᠤ ᠪᠠᠶ᠋ᠢᠷᠢᠯᠠᠭᠤᠯᠤᠯᠲᠠ ᠵᠢᠨ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠵᠤ᠂ ᠴᠠᠬᠢᠯᠭ᠋ᠠᠨ ᠬᠠᠩᠭ᠋ᠠᠬᠤ᠂ ᠤᠰᠤ ᠬᠠᠩᠭ᠋ᠠᠬᠤ᠂ ᠵᠠᠮ ᠱᠤᠭᠤᠮ᠂ ᠴᠢᠮᠡᠭᠡ ᠬᠤᠯᠪᠣᠭ᠎ᠠ ᠵᠡᠷᠭᠡ ᠨᠡᠶ᠋ᠢᠲᠡ ᠵᠢᠨ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠬᠢᠬᠦ᠎ᠳᠤ᠂ ᠵᠡᠷᠭᠡ᠎ᠳᠤ᠎ᠨᠢ ᠨᠡᠶ᠋ᠢᠲᠡ ᠵᠢᠨ ᠭᠠᠯ ᠰᠡᠷᠭᠡᠶ᠋ᠢᠯᠡᠵᠦ ᠤᠨᠲᠠᠷᠠᠭ᠋ᠠᠬᠤ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠬᠢᠬᠦ ᠬᠡᠷᠡᠭᠲᠡᠢ᠃
ᠠᠷᠪᠠᠨ ᠨᠠᠢ᠍ᠮᠠᠳᠤᠭ᠋ᠠᠷ ᠵᠦᠢ᠍ᠯ ᠲᠠᠷᠢᠶᠠᠯᠠᠬᠤ ᠮᠠᠯᠵᠢᠬᠤ ᠣᠷᠣᠨ᠎ᠤ ᠨᠡᠭᠦᠳᠡᠯᠴᠢᠳᠢ ᠲᠥᠪᠬᠢᠨᠡᠭᠦᠯᠬᠦ᠂ ᠨᠤᠷᠠᠬᠤ ᠠᠶᠤᠯᠲᠠᠢ ᠭᠡᠷ ᠪᠠᠶ᠋ᠢᠰᠢᠩ᠎ᠢ ᠲᠥᠪᠯᠡᠷᠡᠭᠦᠯᠦᠨ ᠳᠠᠬᠢᠨ ᠪᠠᠶ᠋ᠢᠭᠤᠯᠵᠤ ᠥᠭᠡᠷᠡᠴᠢᠯᠡᠨ ᠵᠠᠰᠠᠬᠤ ᠵᠡᠷᠭᠡ ᠪᠠᠶ᠋ᠢᠭᠤᠯᠤᠯᠲᠠ ᠬᠢᠬᠦ᠎ᠳᠤ᠎ᠪᠠᠨ᠂ ᠨᠡᠶ᠋ᠢᠲᠡ ᠵᠢᠨ ᠭᠠᠯ ᠰᠡᠷᠭᠡᠶ᠋ᠢᠯᠡᠵᠦ ᠤᠨᠲᠠᠷᠠᠭ᠋ᠠᠬᠤ ᠪᠡᠯᠡᠳᠬᠡᠮᠵᠢ ᠵᠢ ᠲᠥᠯᠥᠪᠵᠢᠭᠦᠯᠬᠦ᠂ ᠵᠢᠷᠤᠭᠯᠠᠨ ᠲᠥᠯᠥᠪᠯᠡᠬᠦ ᠪᠠ ᠪᠦᠲᠦᠭᠡᠨ ᠪᠠᠶ᠋ᠢᠭᠤᠯᠬᠤ ᠵᠢ ᠵᠡᠷᠭᠡ᠎ᠳᠤ᠎ᠨᠢ ᠪᠡᠶᠡᠯᠡᠭᠦᠯᠬᠦ ᠬᠡᠷᠡᠭᠲᠡᠢ᠃
ᠠᠷᠪᠠ ᠶᠢᠰᠦᠳᠦᠭᠡᠷ ᠵᠦᠢ᠍ᠯ ᠤᠰᠤ ᠬᠠᠩᠭ᠋ᠠᠬᠤ ᠬᠤᠭᠤᠯᠠᠢ ᠭᠤᠤᠷᠰᠤᠨ ᠲᠣᠣᠷ᠎ᠢ ᠪᠦᠷᠢᠳᠦᠭᠦᠯᠬᠦ ᠨᠥᠬᠦᠴᠡᠯ᠎ᠲᠠᠢ ᠭᠠᠴᠠᠭ᠎ᠠ ᠲᠣᠰᠬᠤᠨ᠎ᠨᠢ ᠥᠷᠥᠭᠡᠨ ᠭᠠᠳᠠᠨᠠᠬᠢ ᠭᠠᠯ ᠤᠨᠲᠠᠷᠠᠭ᠋ᠠᠬᠤ ᠤᠰᠤᠨ᠎ᠤ ᠬᠠᠩᠭ᠋ᠠᠯᠲᠠ ᠵᠢᠨ ᠰᠢᠰᠲ᠋ᠧᠮ ᠲᠣᠬᠢᠷᠠᠭᠤᠯᠬᠤ ᠬᠡᠷᠡᠭᠲᠡᠢ᠃ ᠤᠰᠤ ᠬᠠᠩᠭ᠋ᠠᠬᠤ ᠬᠤᠭᠤᠯᠠᠢ ᠭᠤᠤᠷᠰᠤᠨ ᠲᠣᠣᠷ ᠪᠦᠷᠢᠯᠳᠦᠭᠦᠯᠬᠦ ᠨᠥᠬᠦᠴᠡᠯ ᠦᠭᠡᠢ ᠪᠣᠯ᠂ ᠭᠠᠯ ᠤᠨᠲᠠᠷᠠᠭ᠋ᠠᠬᠤ ᠤᠰᠤᠨ ᠲᠠᠲᠠᠭ᠋ᠠᠯ ᠵᠠᠰᠠᠨ ᠪᠠᠶ᠋ᠢᠭᠤᠯᠬᠤ ᠪᠤᠶᠤ ᠪᠠᠶ᠋ᠢᠭ᠋ᠠᠯᠢ ᠵᠢᠨ ᠤᠰᠤᠨ ᠰᠤᠷᠪᠤᠯᠵᠢ ᠵᠢ ᠠᠰᠢᠭᠯᠠᠵᠤ ᠭᠠᠯ ᠤᠨᠲᠠᠷᠠᠭ᠋ᠠᠬᠤ ᠤᠰᠤᠨ᠎ᠤ ᠬᠡᠷᠡᠭᠴᠡᠭᠡ ᠵᠢ ᠬᠠᠩᠭ᠋ᠠᠬᠤ ᠬᠡᠷᠡᠭᠲᠡᠢ᠃ ᠭᠠᠯ ᠤᠨᠲᠠᠷᠠᠭ᠋ᠠᠬᠤ ᠤᠰᠤᠨ ᠲᠠᠲᠠᠭ᠋ᠠᠯ᠎ᠤᠨ ᠪᠠᠭᠲᠠᠭ᠋ᠠᠮᠵᠢ ᠵᠢ 100 ᠺᠦᠪ ᠮᠸᠲᠷ᠎ᠠᠴᠠ ᠪᠠᠭ᠎ᠠ ᠪᠠᠶ᠋ᠢᠯᠭ᠋ᠠᠪᠠᠯ ᠵᠣᠬᠢᠬᠤ ᠦᠭᠡᠢ᠃ ᠥᠷᠥᠭᠡᠨ ᠭᠠᠳᠠᠨᠠᠬᠢ ᠭᠠᠯ ᠤᠨᠲᠠᠷᠠᠭ᠋ᠠᠬᠤ ᠤᠰᠤ ᠬᠠᠩᠭ᠋ᠠᠬᠤ ᠰᠢᠰᠲ᠋ᠧᠮ᠂ ᠭᠠᠯ ᠤᠨᠲᠠᠷᠠᠭ᠋ᠠᠬᠤ ᠤᠰᠤᠨ ᠲᠠᠲᠠᠭ᠋ᠠᠯ ᠪᠠ ᠪᠠᠶ᠋ᠢᠭ᠋ᠠᠯᠢ ᠵᠢᠨ ᠤᠰᠤᠨ᠎ᠤ ᠰᠤᠷᠪᠤᠯᠵᠢ ᠵᠢᠨ ᠤᠰᠤ ᠠᠪᠬᠤ ᠠᠮᠠᠰᠠᠷ᠎ᠤᠨ ᠲᠣᠬᠢᠷᠠᠭᠤᠯᠤᠯᠲᠠ᠎ᠨᠢ ᠭᠠᠯ ᠤᠨᠲᠠᠷᠠᠭ᠋ᠠᠬᠤ ᠮᠡᠷᠭᠡᠵᠢᠯ᠎ᠤᠨ ᠪᠠᠷᠢᠮᠵᠢᠶᠠᠨ᠎ᠤ ᠱᠠᠭ᠋ᠠᠷᠳᠠᠯᠭ᠎ᠠ᠎ᠳᠤ ᠨᠡᠶ᠋ᠢᠴᠡᠬᠦ ᠬᠡᠷᠡᠭᠲᠡᠢ᠃
ᠬᠤᠷᠢᠳᠤᠭ᠋ᠠᠷ ᠵᠦᠢ᠍ᠯ ᠭᠠᠯ ᠤᠨᠲᠠᠷᠠᠭ᠋ᠠᠬᠤ ᠲᠡᠷᠭᠡ ᠵᠢᠨ ᠨᠡᠪᠲᠡᠷᠡᠬᠦ ᠵᠠᠮ᠎ᠤᠨ ᠥᠷᠭᠡᠨ᠎ᠢ 4 ᠮᠸᠲᠷ᠎ᠠᠴᠠ ᠪᠠᠭ᠎ᠠ ᠪᠠᠶ᠋ᠢᠯᠭ᠋ᠠᠵᠤ ᠪᠣᠯᠬᠤ ᠦᠭᠡᠢ ᠮᠥᠷᠲᠡᠭᠡᠨ ᠡᠵᠡᠯᠡᠨ ᠬᠡᠷᠡᠭᠯᠡᠬᠦ᠂ ᠬᠠᠰᠢᠵᠤ ᠪᠥᠭᠯᠡᠬᠦ᠂ ᠬᠤᠷᠢᠭᠯᠠᠨ ᠲᠠᠰᠤᠯᠵᠤ ᠪᠣᠯᠬᠤ ᠦᠭᠡᠢ᠃ ᠬᠤᠭᠤᠯᠠᠢ ᠵᠢᠨ ᠴᠠᠬᠤ ᠵᠡᠷᠭᠡ ᠬᠠᠷᠰᠢ ᠰᠠᠭ᠋ᠠᠳ ᠪᠣᠯᠬᠤ ᠪᠣᠳᠠᠰ᠎ᠤᠳ᠎ᠢ ᠵᠠᠪᠠᠯ ᠭᠠᠯ ᠤᠨᠲᠠᠷᠠᠭ᠋ᠠᠬᠤ ᠲᠡᠷᠭᠡᠨ᠎ᠤ ᠨᠡᠪᠲᠡᠷᠡᠬᠦ ᠵᠠᠮ ᠪᠠ ᠭᠠᠯ ᠤᠨᠲᠠᠷᠠᠭ᠋ᠠᠬᠤ ᠲᠡᠷᠭᠡ ᠵᠢᠨ ᠨᠡᠪᠲᠡᠷᠡᠬᠦ ᠵᠠᠮ᠎ᠤᠨ ᠳᠡᠭᠡᠭᠦᠷ ᠥᠩᠭᠡᠷᠡᠭᠦᠯᠬᠦ᠎ᠳᠤ ᠲᠡᠭᠦᠨ᠎ᠤ ᠴᠡᠪᠡᠷ ᠥᠨᠳᠥᠷ᠎ᠢ 4 ᠮᠸᠲᠷ᠎ᠠᠴᠠ ᠪᠠᠭ᠎ᠠ ᠪᠠᠶ᠋ᠢᠯᠭ᠋ᠠᠵᠤ ᠪᠣᠯᠬᠤ ᠦᠭᠡᠢ᠃
ᠳᠥᠷᠪᠡᠳᠦᠭᠡᠷ ᠪᠦᠯᠦᠭ ᠭᠠᠯ ᠤᠨᠲᠠᠷᠠᠭ᠋ᠠᠵᠤ ᠠᠪᠤᠷᠠᠨ ᠲᠤᠰᠠᠯᠠᠬᠤ ᠵᠣᠬᠢᠶᠠᠨ ᠪᠠᠶ᠋ᠢᠭᠤᠯᠤᠯᠲᠠ
ᠬᠤᠷᠢᠨ ᠨᠢᠭᠡᠳᠦᠭᠡᠷ ᠵᠦᠢ᠍ᠯ ᠳᠣᠣᠷᠠᠬᠢ ᠨᠥᠬᠦᠴᠡᠯ᠎ᠳᠤ ᠨᠡᠶ᠋ᠢᠴᠡᠭᠰᠡᠨ ᠰᠤᠮᠤ ᠰᠢᠶᠠᠩ ᠪᠠᠯᠭ᠋ᠠᠰᠤ᠎ᠨᠢ ᠰᠤᠮᠤ ᠰᠢᠶᠠᠩ ᠪᠠᠯᠭ᠋ᠠᠰᠤ ᠵᠢᠨ ᠵᠠᠰᠠᠭ᠎ᠤᠨ ᠣᠷᠳᠣᠨ᠎ᠤ ᠲᠤᠰᠬᠠᠢ ᠲᠤᠰᠢᠶᠠᠯᠲᠤ ᠭᠠᠯ ᠰᠡᠷᠭᠡᠶ᠋ᠢᠯᠡᠵᠦ ᠤᠨᠲᠠᠷᠠᠭ᠋ᠠᠬᠤ ᠠᠩᠭᠢ ᠪᠠᠶ᠋ᠢᠭᠤᠯᠬᠤ ᠵᠢᠨ ᠬᠠᠮᠲᠤ ᠠᠵᠢᠯᠲᠠᠨ᠂ ᠲᠡᠷᠭᠡ᠂ ᠪᠠᠭ᠋ᠠᠵᠢ ᠬᠡᠷᠡᠭᠰᠡᠯ ᠪᠠ ᠲᠣᠨᠤᠭ ᠲᠥᠬᠦᠭᠡᠷᠦᠮᠵᠢ ᠲᠣᠬᠢᠷᠠᠭᠤᠯᠬᠤ ᠬᠡᠷᠡᠭᠲᠡᠢ᠄
(ᠨᠢᠭᠡ) ᠬᠤᠲᠠ ᠵᠢᠨ ᠪᠠᠶ᠋ᠢᠭᠤᠯᠤᠭᠰᠠᠨ ᠲᠣᠭᠤᠷᠢᠭ᠎ᠤᠨ ᠲᠠᠯᠠᠪᠠᠢ᠎ᠨᠢ 2 ᠲᠡᠭᠰᠢ ᠳᠥᠷᠪᠡᠯᠵᠢᠨ ᠺᠢᠯᠤᠮᠸᠲᠷ᠎ᠠᠴᠠ ᠬᠡᠲᠦᠷᠡᠭᠰᠡᠨ ᠪᠤᠶᠤ ᠬᠤᠲᠠ ᠵᠢᠨ ᠪᠠᠶ᠋ᠢᠭᠤᠯᠤᠭᠰᠠᠨ ᠲᠣᠭᠤᠷᠢᠭ᠎ᠤᠨ ᠰᠠᠭᠤᠭ᠎ᠠ ᠬᠥᠮᠥᠨ ᠠᠮᠠ᠎ᠨᠢ 1 ᠲᠦᠮᠡ᠎ᠠᠴᠠ ᠳᠡᠭᠡᠭᠰᠢ ᠬᠡᠲᠦᠷᠡᠭᠰᠡᠨ ᠰᠤᠮᠤ ᠰᠢᠶᠠᠩ ᠪᠠᠯᠭ᠋ᠠᠰᠤ;
(ᠬᠤᠶᠠᠷ) ᠨᠣᠴᠣᠮᠠᠲᠠᠭ᠋ᠠᠢ ᠳᠡᠯᠪᠡᠷᠡᠮᠡᠲᠡᠭᠡᠢ ᠠᠶᠤᠯᠲᠠᠢ ᠡᠳ᠋ ᠪᠣᠳᠠᠰ᠎ᠤᠨ ᠦᠢ᠍ᠯᠡᠳᠪᠦᠷᠢᠯᠡᠯ᠂ ᠡᠵᠡᠩᠨᠡᠯᠲᠡ ᠵᠢᠨ ᠨᠢᠭᠡᠴᠢ ᠪᠠ ᠬᠥᠳᠡᠯᠮᠦᠷᠢ ᠨᠢᠭᠲᠠ ᠡᠷᠴᠢᠮᠵᠢᠭᠰᠡᠨ ᠠᠵᠤ ᠠᠬᠤᠶ᠋ᠢᠯᠠᠯ ᠲᠥᠪᠯᠡᠷᠡᠭᠰᠡᠨ ᠰᠤᠮᠤ ᠰᠢᠶᠠᠩ ᠪᠠᠯᠭ᠋ᠠᠰᠤ;
(ᠭᠤᠷᠪᠠ) ᠪᠥᠬᠦ ᠤᠯᠤᠰ᠎ᠤᠨ ᠭᠤᠣᠯᠳᠠᠯᠭ᠋ᠠᠲᠤ ᠪᠠᠯᠭ᠋ᠠᠰᠤ᠂ ᠥᠪᠡᠷᠲᠡᠭᠡᠨ ᠵᠠᠰᠠᠬᠤ ᠣᠷᠣᠨ᠎ᠤ ᠭᠤᠣᠯᠳᠠᠯᠭ᠋ᠠᠲᠤ ᠪᠠᠯᠭ᠋ᠠᠰᠤ᠂ ᠲᠥᠪ ᠪᠠᠯᠭ᠋ᠠᠰᠤ᠂ ᠲᠡᠦᠬᠡ ᠰᠣᠶᠣᠯ᠎ᠤᠨ ᠨᠡᠷᠡᠲᠦ ᠪᠠᠯᠭ᠋ᠠᠰᠤ;
(ᠳᠥᠷᠪᠡ) ᠪᠤᠰᠤᠳ ᠠᠵᠤ ᠠᠬᠤᠢ ᠨᠡᠯᠢᠶᠡᠳ ᠬᠥᠭᠵᠢᠭᠰᠡᠨ᠂ ᠬᠥᠮᠥᠨ ᠠᠮᠠ ᠨᠡᠯᠢᠶᠡᠳ ᠲᠥᠪᠯᠡᠷᠡᠭᠰᠡᠨ ᠪᠤᠶᠤ ᠤᠯᠤᠰ᠎ᠤᠨ ᠶᠡᠷᠦᠩᠬᠡᠶ᠋ᠢᠯᠡᠭᠰᠡᠨ ᠴᠢᠨᠠᠷᠲᠠᠢ ᠭᠠᠯ ᠤᠨᠲᠠᠷᠠᠭ᠋ᠠᠵᠤ ᠠᠪᠤᠷᠠᠨ ᠲᠤᠰᠠᠯᠠᠬᠤ ᠥᠷᠳᠡᠭᠡ᠎ᠠᠴᠠ ᠨᠡᠯᠢᠶᠡᠳ ᠬᠤᠯᠠ (100 ᠺᠢᠯᠤᠮᠸᠲᠷ᠎ᠠᠴᠠ ᠳᠡᠭᠡᠭᠰᠢ) ᠪᠠᠶ᠋ᠢᠭ᠎ᠠ ᠰᠤᠮᠤ ᠰᠢᠶᠠᠩ ᠪᠠᠯᠭ᠋ᠠᠰᠤ᠃
ᠰᠤᠮᠤ ᠰᠢᠶᠠᠩ ᠪᠠᠯᠭ᠋ᠠᠰᠤ ᠵᠢᠨ ᠵᠠᠰᠠᠭ᠎ᠤᠨ ᠣᠷᠳᠣᠨ᠎ᠤ ᠲᠤᠰᠬᠠᠢ ᠲᠤᠰᠢᠶᠠᠯᠲᠤ ᠭᠠᠯ ᠰᠡᠷᠭᠡᠶ᠋ᠢᠯᠡᠵᠦ ᠤᠨᠲᠠᠷᠠᠭ᠋ᠠᠬᠤ ᠠᠩᠭᠢ ᠵᠢᠨ ᠪᠣᠳᠠᠲᠠᠢ ᠪᠠᠶ᠋ᠢᠭᠤᠯᠤᠯᠲᠠ ᠵᠢᠨ ᠪᠠᠷᠢᠮᠵᠢᠶ᠎ᠠ᠎ᠨᠢ 《ᠵᠠᠰᠠᠭ᠎ᠤᠨ ᠣᠷᠳᠣᠨ᠎ᠤ ᠲᠤᠰᠬᠠᠢ ᠲᠤᠰᠢᠶᠠᠯᠲᠤ ᠭᠠᠯ ᠰᠡᠷᠭᠡᠶ᠋ᠢᠯᠡᠵᠦ ᠤᠨᠲᠠᠷᠠᠭ᠋ᠠᠬᠤ ᠠᠩᠭᠢ ᠵᠢᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢᠨ ᠵᠢᠷᠤᠮᠵᠢᠯ》 (DB15/T 1897-2020) ᠵᠶ᠋ᠠᠷ ᠯᠠᠪᠯᠠᠯᠲᠠ ᠪᠣᠯᠭ᠋ᠠᠨ ᠬᠡᠷᠡᠭᠵᠢᠭᠦᠯᠦᠨ᠎ᠡ᠃
ᠬᠤᠷᠢᠨ ᠬᠤᠶᠠᠳᠤᠭ᠋ᠠᠷ ᠵᠦᠢ᠍ᠯ ᠲᠣᠰ ᠲᠣᠭᠲᠠᠭ᠋ᠠᠯ᠎ᠤᠨ ᠬᠤᠷᠢᠨ ᠨᠢᠭᠡᠳᠦᠭᠡᠷ ᠵᠦᠢ᠍ᠯ᠎ᠤᠨ ᠲᠣᠭᠲᠠᠭ᠋ᠠᠯ᠎ᠳᠠᠬᠢ᠎ᠠᠴᠠ ᠪᠤᠰᠤᠳ ᠰᠤᠮᠤ ᠰᠢᠶᠠᠩ ᠪᠠᠯᠭ᠋ᠠᠰᠤ᠎ᠨᠢ ᠲᠤᠬᠠᠢ ᠵᠢᠨ ᠭᠠᠵᠠᠷ᠎ᠤᠨ ᠠᠵᠤ ᠠᠬᠤᠢ ᠵᠢᠨ ᠬᠥᠭᠵᠢᠯᠲᠡ ᠪᠠ ᠭᠠᠯ ᠰᠡᠷᠭᠡᠶ᠋ᠢᠯᠡᠵᠦ ᠤᠨᠲᠠᠷᠠᠭ᠋ᠠᠬᠤ ᠠᠵᠢᠯ᠎ᠤᠨ ᠬᠡᠷᠡᠭᠴᠡᠭᠡ᠎ᠪᠠᠨ ᠦᠨᠳᠦᠰᠦᠯᠡᠵᠦ᠂ ᠠᠵᠢᠯᠲᠠᠨ᠎ᠲᠠᠢ᠂ ᠲᠡᠷᠭᠡ᠎ᠲᠠᠢ᠂ ᠥᠷᠲᠡᠭᠡᠨ᠎ᠤ ᠭᠡᠷ᠎ᠲᠠᠢ᠂ ᠵᠠᠷᠤᠳᠠᠯ᠎ᠲᠠᠢ ᠪᠠᠶ᠋ᠢᠬᠤ ᠲᠤᠰᠬᠠᠢ (ᠬᠠᠪᠰᠤᠷᠭ᠋ᠠᠬᠤ) ᠲᠤᠰᠢᠶᠠᠯᠲᠤ ᠭᠠᠯ ᠰᠡᠷᠭᠡᠶ᠋ᠢᠯᠡᠵᠦ ᠤᠨᠲᠠᠷᠠᠭ᠋ᠠᠬᠤ ᠠᠩᠭᠢ ᠪᠠᠶ᠋ᠢᠭᠤᠯᠬᠤ ᠬᠡᠷᠡᠭᠲᠡᠢ᠃
ᠬᠤᠷᠢᠨ ᠭᠤᠷᠪᠠᠳᠤᠭ᠋ᠠᠷ ᠵᠦᠢ᠍ᠯ ᠰᠤᠮᠤ ᠰᠢᠶᠠᠩ ᠪᠠᠯᠭ᠋ᠠᠰᠤ ᠵᠢᠨ ᠲᠤᠰᠬᠠᠢ (ᠬᠠᠪᠰᠤᠷᠭ᠋ᠠᠬᠤ) ᠲᠤᠰᠢᠶᠠᠯᠲᠤ ᠭᠠᠯ ᠰᠡᠷᠭᠡᠶ᠋ᠢᠯᠡᠵᠦ ᠤᠨᠲᠠᠷᠠᠭ᠋ᠠᠬᠤ ᠠᠩᠭᠢ ᠵᠢ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠬᠠᠮᠢᠶᠠᠷᠴᠤ᠂ ᠭᠠᠯ ᠲᠦᠢ᠍ᠮᠡᠷ᠎ᠤᠨ ᠠᠶᠤᠯ᠎ᠤᠨ ᠮᠡᠳᠡᠭᠦᠯᠦᠯᠲᠡ᠂ ᠠᠪᠤᠷᠠᠨ ᠲᠤᠰᠠᠯᠠᠬᠤ ᠲᠤᠰᠠᠯᠠᠮᠵᠢ ᠬᠦᠯᠢᠶᠡᠭᠰᠡᠨ ᠵᠢᠴᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠂ ᠭᠠᠯ ᠰᠡᠷᠭᠡᠶ᠋ᠢᠯᠡᠵᠦ ᠤᠨᠲᠠᠷᠠᠭ᠋ᠠᠬᠤ ᠵᠢᠨ ᠠᠪᠤᠷᠠᠨ ᠲᠤᠰᠠᠯᠠᠬᠤ ᠪᠠᠶ᠋ᠢᠭᠤᠯᠤᠮᠵᠢ ᠵᠢᠨ ᠵᠠᠷᠯᠢᠭ ᠵᠢᠭ᠋ᠠᠪᠤᠷᠢ ᠵᠢ ᠣᠯᠣᠭᠰᠠᠨ᠎ᠤ ᠳᠠᠷᠠᠭ᠎ᠠ᠂ ᠲᠤᠬᠠᠢ ᠵᠢᠨ ᠲᠠᠯᠠᠪᠤᠷ᠎ᠲᠤ ᠳᠠᠷᠤᠢ ᠲᠦᠷᠭᠡᠨ ᠵᠠᠪᠳᠤᠨ ᠣᠴᠢᠵᠤ ᠰᠢᠢ᠍ᠳᠪᠦᠷᠢᠯᠡᠬᠦ ᠬᠡᠷᠡᠭᠲᠡᠢ᠃
ᠬᠤᠷᠢᠨ ᠳᠥᠷᠪᠡᠳᠦᠭᠡᠷ ᠵᠦᠢ᠍ᠯ ᠭᠠᠴᠠᠭ᠎ᠠ ᠲᠣᠰᠬᠤᠨ᠎ᠨᠢ ᠲᠣᠰᠬᠤᠨ᠎ᠤ ᠠᠷᠠᠳ ᠵᠶ᠋ᠠᠷ ᠪᠦᠷᠢᠯᠳᠦᠭᠰᠡᠨ ᠰᠠᠶ᠋ᠢᠨ ᠳᠤᠷ᠎ᠠ ᠵᠢᠨ ᠭᠠᠯ ᠰᠡᠷᠭᠡᠶ᠋ᠢᠯᠡᠵᠦ ᠤᠨᠲᠠᠷᠠᠭ᠋ᠠᠬᠤ ᠠᠩᠭᠢ (ᠪᠢᠴᠢᠯ ᠬᠡᠯᠪᠡᠷᠢ ᠵᠢᠨ ᠭᠠᠯ ᠰᠡᠷᠭᠡᠶ᠋ᠢᠯᠡᠵᠦ ᠤᠨᠲᠠᠷᠠᠭ᠋ᠠᠬᠤ ᠥᠷᠳᠡᠭᠡ) ᠪᠠᠶ᠋ᠢᠭᠤᠯᠵᠤ᠂ ᠪᠠᠭ᠋ᠠᠵᠢ ᠬᠡᠷᠡᠭᠰᠡᠯ᠎ᠤᠨ ᠲᠠᠰᠤᠭ ᠪᠠ ᠵᠢᠵᠢᠭᠦᠷᠯᠡᠬᠦ᠎ᠳᠤ ᠬᠡᠷᠡᠭᠯᠡᠬᠦ ᠭᠡᠷ ᠲᠣᠬᠢᠷᠠᠭᠤᠯᠵᠤ᠂ ᠭᠠᠯ ᠤᠨᠲᠠᠷᠠᠭ᠋ᠠᠵᠤ ᠠᠪᠤᠷᠠᠨ ᠲᠤᠰᠠᠯᠠᠬᠤ᠎ᠳᠤ ᠴᠢᠬᠤᠯᠠ ᠪᠦᠬᠦᠢ ᠪᠠᠭ᠋ᠠᠵᠢ ᠬᠡᠷᠡᠭᠰᠡᠯ᠎ᠢ ᠲᠣᠬᠢᠷᠠᠭᠤᠯᠬᠤ ᠬᠡᠷᠡᠭᠲᠡᠢ᠃
ᠬᠤᠷᠢᠨ ᠲᠠᠪᠤᠳᠤᠭ᠋ᠠᠷ ᠵᠦᠢ᠍ᠯ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠂ ᠭᠠᠴᠠᠭ᠎ᠠ ᠲᠣᠰᠬᠤᠨ᠎ᠤ ᠠᠷᠠᠳ᠎ᠤᠨ ᠵᠥᠪᠯᠡᠯ ᠭᠠᠯ ᠤᠨᠲᠠᠷᠠᠭ᠋ᠠᠬᠤ ᠪᠠ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠲᠠᠷᠬᠠᠭ᠋ᠠᠬᠤ ᠪᠡᠯᠡᠳᠬᠡᠯ ᠲᠥᠰᠥᠯ᠎ᠢ ᠲᠣᠭᠲᠠᠭ᠋ᠠᠬᠤ ᠬᠡᠷᠡᠭᠲᠡᠢ᠃ ᠪᠡᠯᠡᠳᠬᠡᠯ ᠲᠥᠰᠥᠯ᠎ᠳᠤ ᠳᠣᠣᠷᠠᠬᠢ ᠠᠭᠤᠯᠭ᠎ᠠ ᠪᠠᠭᠲᠠᠬᠤ ᠬᠡᠷᠡᠭᠲᠡᠢ᠄
(ᠨᠢᠭᠡ) ᠰᠤᠮᠤ ᠰᠢᠶᠠᠩ ᠪᠠᠯᠭ᠋ᠠᠰᠤ᠂ ᠭᠠᠴᠠᠭ᠎ᠠ ᠲᠣᠰᠬᠤᠨ᠎ᠤ ᠬᠤᠯᠪᠣᠭᠳᠠᠯ ᠪᠦᠬᠦᠢ ᠦᠨᠳᠦᠰᠦᠨ ᠪᠠᠶ᠋ᠢᠳᠠᠯ;
(ᠬᠤᠶᠠᠷ) ᠰᠤᠮᠤ ᠰᠢᠶᠠᠩ ᠪᠠᠯᠭ᠋ᠠᠰᠤ᠂ ᠭᠠᠴᠠᠭ᠎ᠠ ᠲᠣᠰᠬᠤᠨ᠎ᠤ ᠭᠠᠯ ᠤᠨᠲᠠᠷᠠᠭ᠋ᠠᠵᠤ ᠠᠪᠤᠷᠠᠨ ᠲᠤᠰᠠᠯᠠᠬᠤ ᠬᠦᠴᠦᠨ ᠪᠠ ᠭᠠᠯ ᠤᠨᠲᠠᠷᠠᠭ᠋ᠠᠬᠤ ᠲᠡᠷᠭᠡ᠂ ᠪᠠᠭ᠋ᠠᠵᠢ ᠬᠡᠷᠡᠭᠰᠡᠯ᠎ᠤᠨ ᠲᠣᠬᠢᠷᠠᠭᠤᠯᠤᠭᠰᠠᠨ ᠪᠠᠶ᠋ᠢᠳᠠᠯ᠂ ᠨᠡᠶ᠋ᠢᠲᠡ ᠵᠢᠨ ᠭᠠᠯ ᠤᠨᠲᠠᠷᠠᠭ᠋ᠠᠬᠤ ᠪᠡᠯᠡᠳᠬᠡᠮᠵᠢ ᠵᠢᠨ ᠲᠣᠬᠢᠷᠠᠭᠤᠯᠤᠯᠲᠠ᠂ ᠲᠠᠷᠬᠠᠯᠲᠠ ᠵᠢᠨ ᠪᠠᠶ᠋ᠢᠳᠠᠯ;
(ᠭᠤᠷᠪᠠ) ᠭᠠᠯ ᠤᠨᠲᠠᠷᠠᠭ᠋ᠠᠵᠤ ᠠᠪᠤᠷᠠᠨ ᠲᠤᠰᠠᠯᠠᠬᠤ ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠮᠵᠢ ᠵᠢᠴᠢ ᠠᠵᠢᠯ᠎ᠤᠨ ᠪᠠᠶ᠋ᠢᠷᠢ ᠵᠢᠨ ᠡᠭᠦᠷᠭᠡ ᠬᠠᠷᠢᠭᠤᠴᠠᠯᠭ᠎ᠠ;
(ᠳᠥᠷᠪᠡ) ᠲᠦᠭᠰᠢᠭᠦᠷᠢ ᠮᠡᠳᠡᠭᠦᠯᠬᠦ ᠪᠠ ᠲᠦᠭᠰᠢᠭᠦᠷᠢ ᠮᠡᠳᠡᠭᠦᠯᠦᠭᠰᠡᠨ᠎ᠢ ᠬᠦᠯᠢᠶᠡᠨ ᠠᠪᠴᠤ ᠰᠢᠢ᠍ᠳᠪᠦᠷᠢᠯᠡᠬᠦ ᠳᠡᠰ ᠳᠠᠷᠠᠭ᠋ᠠᠯᠠᠯ᠂ ᠭᠠᠯ᠎ᠤᠨ ᠠᠶᠤᠯ᠎ᠠᠴᠠ ᠠᠪᠤᠷᠠᠬᠤ᠂ ᠲᠠᠷᠬᠠᠭ᠋ᠠᠨ ᠵᠢᠯᠤᠭᠤᠳᠬᠤ᠂ ᠴᠢᠮᠡᠭᠡ ᠬᠤᠯᠪᠣᠭ᠎ᠠ ᠠᠪᠬᠤ᠂ ᠠᠮᠤᠷ ᠲᠦᠪᠰᠢᠨ ᠵᠶ᠋ᠠᠷ ᠲᠤᠰᠠᠯᠠᠨ ᠠᠪᠤᠷᠠᠬᠤ ᠳᠡᠰ ᠳᠠᠷᠠᠭ᠋ᠠᠯᠠᠯ;
(ᠲᠠᠪᠤ) ᠤᠯᠤᠰ᠎ᠤᠨ ᠶᠡᠷᠦᠩᠬᠡᠶ᠋ᠢᠯᠡᠭᠰᠡᠨ ᠴᠢᠨᠠᠷᠲᠠᠢ ᠭᠠᠯ ᠤᠨᠲᠠᠷᠠᠭ᠋ᠠᠵᠤ ᠠᠪᠤᠷᠠᠨ ᠲᠤᠰᠠᠯᠠᠬᠤ ᠠᠩᠭᠢ᠎ᠯᠤᠭ᠎ᠠ ᠬᠠᠮᠵᠢᠯᠴᠠᠬᠤ ᠳᠡᠰ ᠳᠠᠷᠠᠭ᠋ᠠᠯᠠᠯ᠃
ᠬᠤᠷᠢᠨ ᠵᠢᠷᠭᠤᠳᠤᠭ᠋ᠠᠷ ᠵᠦᠢ᠍ᠯ ᠲᠤᠰᠬᠠᠢ ᠲᠤᠰᠢᠶᠠᠯᠲᠤ ᠭᠠᠯ ᠤᠨᠲᠠᠷᠠᠭ᠋ᠠᠬᠤ ᠠᠩᠭᠢ᠂ ᠰᠠᠶ᠋ᠢᠨ ᠳᠤᠷ᠎ᠠ ᠵᠢᠨ ᠭᠠᠯ ᠤᠨᠲᠠᠷᠠᠭ᠋ᠠᠬᠤ ᠠᠩᠭᠢ (ᠪᠢᠴᠢᠯ ᠬᠡᠯᠪᠡᠷᠢ ᠵᠢᠨ ᠭᠠᠯ ᠰᠡᠷᠭᠡᠶ᠋ᠢᠯᠡᠵᠦ ᠤᠨᠲᠠᠷᠠᠭ᠋ᠠᠬᠤ ᠥᠷᠳᠡᠭᠡ)᠎ᠨᠢ ᠪᠠᠶ᠋ᠢᠩᠭᠤ ᠵᠢᠨ ᠴᠢᠨᠠᠷᠲᠠᠢ ᠭᠠᠯ ᠰᠡᠷᠭᠡᠶ᠋ᠢᠯᠡᠵᠦ ᠤᠨᠲᠠᠷᠠᠭ᠋ᠠᠬᠤ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠯ ᠥᠷᠨᠢᠭᠦᠯᠬᠦ ᠵᠢᠨ ᠳᠠᠭ᠋ᠠᠤ᠎ᠳᠤ ᠭᠠᠯ ᠰᠡᠷᠭᠡᠶ᠋ᠢᠯᠡᠵᠦ ᠤᠨᠲᠠᠷᠠᠭ᠋ᠠᠬᠤ ᠰᠣᠷᠢᠯᠲᠠ ᠵᠣᠬᠢᠶᠠᠨ ᠪᠠᠶ᠋ᠢᠭᠤᠯᠬᠤ ᠬᠡᠷᠡᠭᠲᠡᠢ᠃
ᠬᠤᠷᠢᠨ ᠳᠣᠯᠣᠳᠤᠭ᠋ᠠᠷ ᠵᠦᠢ᠍ᠯ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠂ ᠭᠠᠴᠠᠭ᠎ᠠ ᠲᠣᠰᠬᠤᠨ᠎ᠤ ᠠᠷᠠᠳ᠎ᠤᠨ ᠵᠥᠪᠯᠡᠯ᠎ᠨᠢ ᠰᠠᠶ᠋ᠢᠨ ᠳᠤᠷ᠎ᠠ ᠵᠢᠨ ᠭᠠᠯ ᠤᠨᠲᠠᠷᠠᠭ᠋ᠠᠬᠤ ᠠᠩᠭᠢ ᠵᠢᠨ ᠭᠡᠰᠢᠭᠦᠨ᠎ᠳᠤ ᠰᠠᠨᠠᠭ᠋ᠠᠨ᠎ᠳᠤ ᠦᠭᠡᠢ ᠭᠡᠮᠲᠦᠯ᠎ᠤᠨ ᠳᠠᠭ᠋ᠠᠳᠬᠠᠯ ᠬᠤᠳᠠᠯᠳᠤᠨ ᠠᠪᠴᠤ ᠥᠭᠬᠦ᠂ ᠭᠠᠯ ᠤᠨᠲᠠᠷᠠᠭ᠋ᠠᠬᠤ ᠬᠠᠮᠠᠭ᠋ᠠᠯᠠᠯᠲᠠ ᠵᠢᠨ ᠬᠤᠪᠴᠠᠰᠤ ᠲᠣᠬᠢᠷᠠᠭᠤᠯᠤᠨ ᠥᠭᠴᠦ᠂ ᠡᠳᠦᠷ ᠲᠤᠲᠤᠮ᠎ᠤᠨ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠯ ᠪᠠ ᠭᠠᠯ ᠤᠨᠲᠠᠷᠠᠭ᠋ᠠᠵᠤ ᠠᠪᠤᠷᠠᠨ ᠲᠤᠰᠠᠯᠠᠬᠤ ᠳᠤᠮᠳᠠᠬᠢ ᠢᠯᠡᠷᠡᠯ ᠵᠶ᠋ᠠᠷ ᠲᠣᠪᠣᠶ᠋ᠢᠮ᠎ᠠ ᠠᠩᠭᠢ ᠵᠢᠨ ᠭᠡᠰᠢᠭᠦᠨ᠎ᠳᠤ ᠱᠠᠩᠨᠠᠯ ᠱᠠᠩᠨᠠᠨ ᠥᠭᠬᠦ ᠬᠡᠷᠡᠭᠲᠡᠢ᠃
ᠬᠤᠷᠢᠨ ᠨᠠᠢ᠍ᠮᠠᠳᠤᠭ᠋ᠠᠷ ᠵᠦᠢ᠍ᠯ ᠲᠠᠷᠢᠶᠠᠯᠠᠬᠤ ᠮᠠᠯᠵᠢᠬᠤ ᠣᠷᠣᠨ᠎ᠳᠤ ᠭᠠᠯ ᠲᠦᠢ᠍ᠮᠡᠷ ᠭᠠᠷᠪᠠᠯ᠂ ᠭᠠᠯ ᠲᠦᠢ᠍ᠮᠡᠷ ᠡᠭᠦᠰᠦᠭᠰᠡᠨ ᠨᠢᠭᠡᠴᠢ ᠪᠤᠶᠤ ᠭᠠᠴᠠᠭ᠎ᠠ ᠲᠣᠰᠬᠤᠨ᠎ᠤ ᠠᠷᠠᠳ᠎ᠤᠨ ᠵᠥᠪᠯᠡᠯ ᠳᠠᠷᠤᠢ ᠲᠦᠷᠭᠡᠨ ᠰᠠᠶ᠋ᠢᠨ ᠳᠤᠷ᠎ᠠ ᠵᠢᠨ ᠭᠠᠯ ᠤᠨᠲᠠᠷᠠᠭ᠋ᠠᠬᠤ ᠠᠩᠭᠢ (ᠪᠢᠴᠢᠯ ᠬᠡᠯᠪᠡᠷᠢ ᠵᠢᠨ ᠭᠠᠯ ᠰᠡᠷᠭᠡᠶ᠋ᠢᠯᠡᠵᠦ ᠤᠨᠲᠠᠷᠠᠭ᠋ᠠᠬᠤ ᠥᠷᠳᠡᠭᠡ) ᠵᠢ ᠵᠣᠬᠢᠶᠠᠨ ᠪᠠᠶ᠋ᠢᠭᠤᠯᠵᠤ ᠭᠠᠯ ᠲᠦᠢ᠍ᠮᠡᠷ ᠤᠨᠲᠠᠷᠠᠭ᠋ᠠᠨ ᠠᠪᠤᠷᠠᠬᠤ ᠪᠠ ᠬᠥᠮᠥᠨ ᠬᠠᠷ᠎ᠠ ᠵᠢ ᠲᠠᠷᠬᠠᠭ᠋ᠠᠬᠤ ᠠᠵᠢᠯ ᠬᠢᠬᠦ ᠬᠡᠷᠡᠭᠲᠡᠢ᠃ ᠤᠯᠤᠰ᠎ᠤᠨ ᠶᠡᠷᠦᠩᠬᠡᠶ᠋ᠢᠯᠡᠭᠰᠡᠨ ᠴᠢᠨᠠᠷᠲᠠᠢ ᠭᠠᠯ ᠰᠡᠷᠭᠡᠶ᠋ᠢᠯᠡᠵᠦ ᠤᠨᠲᠠᠷᠠᠭ᠋ᠠᠬᠤ ᠵᠢᠨ ᠠᠪᠤᠷᠠᠨ ᠲᠤᠰᠠᠯᠠᠬᠤ ᠡᠩᠨᠡᠭᠡ᠂ ᠲᠤᠰᠬᠠᠢ ᠲᠤᠰᠢᠶᠠᠯᠲᠤ ᠭᠠᠯ ᠤᠨᠲᠠᠷᠠᠭ᠋ᠠᠬᠤ ᠠᠩᠭᠢ᠎ᠨᠢ ᠲᠦᠭᠰᠢᠭᠦᠷᠢ ᠮᠡᠳᠡᠭᠦᠯᠬᠦ ᠵᠢ ᠲᠣᠰᠣᠨ ᠣᠯᠣᠭᠰᠠᠨ᠎ᠤ ᠳᠠᠷᠠᠭ᠎ᠠ᠂ ᠳᠠᠷᠤᠢ ᠲᠦᠷᠭᠡᠨ ᠭᠠᠯ᠎ᠤᠨ ᠠᠶᠤᠯ ᠡᠭᠦᠰᠦᠭᠰᠡᠨ ᠲᠠᠯᠠᠪᠤᠷ᠎ᠲᠤ ᠵᠠᠪᠳᠤᠨ ᠬᠦᠷᠴᠦ᠂ ᠭᠠᠯ ᠲᠦᠢ᠍ᠮᠡᠷ᠎ᠢ ᠤᠨᠲᠠᠷᠠᠭ᠋ᠠᠬᠤ᠂ ᠠᠶᠤᠯ᠎ᠳᠤ ᠤᠴᠠᠷᠠᠭᠰᠠᠨ ᠬᠥᠮᠥᠰ᠎ᠢ ᠠᠪᠤᠷᠠᠨ ᠲᠤᠰᠠᠯᠠᠬᠤ ᠪᠠ ᠠᠶᠤᠯ ᠲᠦᠭᠰᠢᠭᠦᠷᠢᠲᠦ ᠪᠠᠶ᠋ᠢᠳᠠᠯ᠎ᠢ ᠠᠷᠢᠯᠭ᠋ᠠᠬᠤ ᠬᠡᠷᠡᠭᠲᠡᠢ᠃
ᠬᠤᠷᠢ ᠶᠢᠰᠦᠳᠦᠭᠡᠷ ᠵᠦᠢ᠍ᠯ ᠭᠠᠯ ᠲᠦᠢ᠍ᠮᠡᠷ᠎ᠢ ᠤᠨᠲᠠᠷᠠᠭ᠋ᠠᠭᠰᠠᠨᠤ ᠳᠠᠷᠠᠭ᠎ᠠ᠂ ᠭᠠᠯ ᠲᠦᠢ᠍ᠮᠡᠷ ᠡᠭᠦᠰᠦᠭᠰᠡᠨ ᠨᠢᠭᠡᠴᠢ (ᠬᠤᠪᠢ ᠬᠥᠮᠥᠨ) ᠪᠤᠶᠤ ᠭᠠᠴᠠᠭ᠎ᠠ ᠲᠣᠰᠬᠤᠨ᠎ᠤ ᠠᠷᠠᠳ᠎ᠤᠨ ᠵᠥᠪᠯᠡᠯ ᠲᠤᠬᠠᠢ ᠵᠢᠨ ᠲᠠᠯᠠᠪᠤᠷ᠎ᠢ ᠬᠠᠮᠠᠭ᠋ᠠᠯᠠᠵᠤ᠂ ᠦᠨᠡᠨ ᠪᠣᠳᠠᠲᠠᠢ᠎ᠪᠠᠷ ᠭᠠᠯ ᠲᠦᠢ᠍ᠮᠡᠷ᠎ᠤᠨ ᠠᠳᠡᠯ᠎ᠤᠨ ᠪᠠᠶ᠋ᠢᠳᠠᠯ᠎ᠢ ᠬᠠᠩᠭ᠋ᠠᠵᠤ᠂ ᠠᠳᠡᠯ᠎ᠤᠨ ᠪᠠᠶ᠋ᠢᠳᠠᠯ᠎ᠤᠨ ᠪᠠᠶ᠋ᠢᠴᠠᠭ᠋ᠠᠯᠲᠠ ᠵᠢ ᠬᠦᠯᠢᠶᠡᠬᠦ ᠬᠡᠷᠡᠭᠲᠡᠢ᠃ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠭᠠᠯ ᠰᠡᠷᠭᠡᠶ᠋ᠢᠯᠡᠵᠦ ᠤᠨᠲᠠᠷᠠᠭ᠋ᠠᠬᠤ ᠵᠢᠨ ᠠᠪᠤᠷᠠᠨ ᠲᠤᠰᠠᠯᠠᠬᠤ ᠪᠠᠶ᠋ᠢᠭᠤᠯᠤᠮᠵᠢ ᠵᠢᠨ ᠵᠥᠪᠰᠢᠶᠡᠷᠡᠯ ᠦᠭᠡᠢ᠎ᠪᠠᠷ ᠳᠤᠷ᠎ᠠ᠎ᠪᠠᠷ ᠭᠠᠯ᠎ᠤᠨ ᠠᠶᠤᠯ᠎ᠤᠨ ᠲᠤᠬᠠᠢ ᠵᠢᠨ ᠲᠠᠯᠠᠪᠤᠷ᠎ᠢ ᠠᠷᠢᠯᠭ᠋ᠠᠨ ᠴᠡᠪᠡᠷᠯᠡᠵᠦ ᠪᠣᠯᠬᠤ ᠦᠭᠡᠢ᠃
ᠭᠤᠴᠢᠳᠤᠭ᠋ᠠᠷ ᠵᠦᠢ᠍ᠯ ᠲᠠᠷᠢᠶᠠᠯᠠᠬᠤ ᠮᠠᠯᠵᠢᠬᠤ ᠣᠷᠣᠨ᠎ᠳᠤ ᠨᠡᠯᠢᠶᠡᠳ ᠶᠡᠭᠡ ᠭᠠᠯ ᠲᠦᠢ᠍ᠮᠡᠷ᠎ᠤᠨ ᠠᠶᠤᠯ ᠭᠠᠷᠬᠤ᠂ ᠵᠢᠴᠢ ᠬᠥᠮᠥᠨ ᠬᠠᠷ᠎ᠠ ᠦᠬᠦᠭᠰᠡᠨ ᠪᠤᠶᠤ ᠨᠡᠶ᠋ᠢᠭᠡᠮ᠎ᠤᠨ ᠨᠥᠯᠥᠭᠡ᠎ᠲᠠᠢ ᠪᠣᠯᠣᠭᠰᠨ ᠡᠩ᠎ᠤᠨ ᠭᠠᠯ ᠲᠦᠢ᠍ᠮᠡᠷ᠎ᠤᠨ ᠠᠳᠡᠯ ᠭᠠᠷᠪᠠᠯ᠂ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠢ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠠᠯ ᠲᠦᠢ᠍ᠮᠡᠷ᠎ᠤᠨ ᠠᠳᠡᠯ᠎ᠤᠨ ᠬᠠᠷᠢᠭᠤᠴᠠᠯᠭ᠎ᠠ ᠵᠢᠨ ᠪᠠᠶ᠋ᠢᠴᠠᠭ᠋ᠠᠯᠲᠠ ᠵᠢᠨ ᠲᠣᠭᠲᠠᠭ᠋ᠠᠯ (ᠲᠤᠷᠰᠢᠨ ᠬᠡᠷᠡᠭᠵᠢᠭᠦᠯᠬᠦ)》᠎ᠤᠨ ᠱᠠᠭ᠋ᠠᠷᠳᠠᠯᠭ᠎ᠠ ᠶᠣᠰᠣᠭ᠋ᠠᠷ᠂ ᠪᠠᠶ᠋ᠢᠴᠠᠭ᠋ᠠᠬᠤ ᠳᠤᠭᠤᠶ᠋ᠢᠯᠠᠩ ᠪᠠᠶ᠋ᠢᠭᠤᠯᠵᠤ ᠪᠠᠶ᠋ᠢᠴᠠᠭ᠋ᠠᠯᠲᠠ ᠬᠢᠬᠦ ᠬᠡᠷᠡᠭᠲᠡᠢ᠃
ᠲᠠᠷᠢᠶᠠᠯᠠᠬᠤ ᠮᠠᠯᠵᠢᠬᠤ ᠣᠷᠣᠨ᠎ᠳᠤ ᠨᠡᠯᠢᠶᠡᠳ ᠶᠡᠭᠡ ᠭᠠᠯ᠎ᠤᠨ ᠠᠶᠤᠯ ᠭᠠᠷᠪᠠᠯ᠂ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠠᠴᠠ ᠭᠠᠢ ᠭᠠᠮᠰᠢᠭ᠎ᠤᠨ ᠮᠡᠳᠡᠭᠡ ᠵᠠᠩᠭᠢ ᠵᠢ ᠨᠢᠭᠡᠳᠦᠯᠲᠡᠢ ᠨᠡᠶ᠋ᠢᠲᠡᠯᠡᠨ᠎ᠡ᠃
ᠲᠠᠪᠤᠳᠤᠭ᠋ᠠᠷ ᠪᠦᠯᠦᠭ ᠭᠠᠯ ᠰᠡᠷᠭᠡᠶ᠋ᠢᠯᠡᠵᠦ ᠤᠨᠲᠠᠷᠠᠭ᠋ᠠᠬᠤ ᠠᠮᠤᠷ ᠲᠦᠪᠰᠢᠨ᠎ᠤ ᠬᠠᠮᠢᠶᠠᠷᠤᠯᠲᠠ
ᠭᠤᠴᠢᠨ ᠨᠢᠭᠡᠳᠦᠭᠡᠷ ᠵᠦᠢ᠍ᠯ ᠲᠠᠷᠢᠶᠠᠯᠠᠬᠤ ᠮᠠᠯᠵᠢᠬᠤ ᠣᠷᠣᠨ᠎ᠤ ᠰᠢᠨ᠎ᠡ᠎ᠪᠠᠷ ᠪᠠᠶ᠋ᠢᠭᠤᠯᠤᠭᠰᠠᠨ ᠪᠠᠷᠢᠯᠭ᠎ᠠ ᠵᠢᠨ ᠭᠠᠯ᠎ᠠᠴᠠ ᠰᠡᠷᠭᠡᠶ᠋ᠢᠯᠡᠬᠦ ᠵᠢᠷᠤᠭ ᠲᠥᠯᠥᠪᠯᠡᠭᠡ᠂ ᠣᠳᠣ ᠨᠢᠭᠡᠨᠲᠡ ᠪᠠᠶ᠋ᠢᠭ᠎ᠠ ᠪᠠᠷᠢᠯᠭ᠎ᠠ ᠵᠢᠨ ᠭᠠᠯ᠎ᠠᠴᠠ ᠰᠡᠷᠭᠡᠶ᠋ᠢᠯᠡᠬᠦ ᠥᠭᠡᠷᠡᠴᠢᠯᠡᠨ ᠰᠢᠨᠡᠳᠬᠡᠬᠦ ᠵᠢᠴᠢ ᠴᠠᠬᠢᠯᠭ᠋ᠠᠨ ᠬᠦᠴᠦᠨ᠎ᠤ ᠲᠣᠣᠷ᠎ᠤᠨ ᠪᠠᠶ᠋ᠢᠭᠤᠯᠤᠯᠲᠠ ᠬᠢᠭᠡᠳ ᠥᠭᠡᠷᠡᠴᠢᠯᠡᠨ ᠰᠢᠨᠡᠳᠬᠡᠬᠦ ᠠᠵᠢᠯ᠎ᠨᠢ ᠤᠯᠤᠰ᠎ᠤᠨ ᠭᠠᠯ ᠰᠡᠷᠭᠡᠶ᠋ᠢᠯᠡᠵᠦ ᠤᠨᠲᠠᠷᠠᠭ᠋ᠠᠬᠤ ᠮᠡᠷᠭᠡᠵᠢᠯ᠎ᠤᠨ ᠪᠠᠷᠢᠮᠵᠢᠶᠠᠨ᠎ᠤ ᠱᠠᠭ᠋ᠠᠷᠳᠠᠯᠭ᠎ᠠ᠎ᠳᠤ ᠨᠡᠶ᠋ᠢᠴᠡᠬᠦ ᠬᠡᠷᠡᠭᠲᠡᠢ᠃
ᠭᠤᠴᠢᠨ ᠬᠤᠶᠠᠳᠤᠭ᠋ᠠᠷ ᠵᠦᠢ᠍ᠯ ᠲᠠᠷᠢᠶᠠᠯᠠᠬᠤ ᠮᠠᠯᠵᠢᠬᠤ ᠣᠷᠣᠨ᠎ᠤ ᠳᠤᠮᠳᠠᠳᠤ ᠪᠠᠭ᠎ᠠ ᠰᠤᠷᠭ᠋ᠠᠭᠤᠯᠢ᠎ᠨᠢ ᠭᠠᠯ ᠰᠡᠷᠭᠡᠶ᠋ᠢᠯᠡᠵᠦ ᠤᠨᠲᠠᠷᠠᠭ᠋ᠠᠬᠤ ᠠᠮᠤᠷ ᠲᠦᠪᠰᠢᠨ᠎ᠤ ᠬᠥᠮᠦᠵᠢᠯ᠎ᠢ ᠵᠢᠭ᠋ᠠᠨ ᠰᠤᠷᠭ᠋ᠠᠬᠤ ᠠᠭᠤᠯᠭ᠎ᠠ᠎ᠳᠤ᠎ᠪᠠᠨ ᠣᠷᠣᠭᠤᠯᠵᠤ᠂ ᠬᠤᠭᠤᠴᠠᠭ᠎ᠠ ᠪᠦᠷᠢ 4 ᠤᠳᠠᠭ᠎ᠠ᠎ᠠᠴᠠ ᠳᠤᠲᠠᠭᠤ ᠦᠭᠡᠢ ᠭᠠᠯ ᠰᠡᠷᠭᠡᠶ᠋ᠢᠯᠡᠵᠦ ᠤᠨᠲᠠᠷᠠᠭ᠋ᠠᠬᠤ ᠠᠮᠤᠷ ᠲᠦᠪᠰᠢᠨ᠎ᠤ ᠮᠡᠳᠡᠯᠭᠡ ᠵᠢᠨ ᠬᠢᠴᠢᠶᠡᠯ ᠣᠷᠣᠬᠤ ᠬᠡᠷᠡᠭᠲᠡᠢ᠃ ᠡᠭᠦᠨ᠎ᠳᠤ᠂ ᠰᠤᠷᠤᠯᠭ᠎ᠠ ᠵᠢᠨ ᠬᠤᠭᠤᠴᠠᠭ᠎ᠠ ᠡᠬᠢᠯᠡᠭᠰᠡᠨ᠎ᠤ ᠳᠠᠷᠠᠭ᠎ᠠ ᠪᠠ ᠴᠢᠯᠦᠭᠡ ᠲᠠᠯᠪᠢᠬᠤ᠎ᠠᠴᠠ ᠡᠮᠦᠨ᠎ᠡ ᠲᠣᠰ ᠲᠣᠰ 1 ᠤᠳᠠᠭ᠎ᠠ ᠬᠢᠴᠢᠶᠡᠯ ᠣᠷᠣᠬᠤ ᠬᠡᠷᠡᠭᠲᠡᠢ᠃
ᠭᠤᠴᠢᠨ ᠭᠤᠷᠪᠠᠳᠤᠭ᠋ᠠᠷ ᠵᠦᠢ᠍ᠯ ᠲᠠᠷᠢᠶᠠᠯᠠᠬᠤ ᠮᠠᠯᠵᠢᠬᠤ ᠣᠷᠣᠨ᠎ᠤ ᠡᠰᠢ ᠰᠦᠷᠡᠯ᠂ ᠲᠦᠯᠡᠭᠡ ᠡᠪᠡᠰᠦ ᠵᠡᠷᠭᠡ ᠨᠣᠴᠣᠮᠠᠲᠠᠭ᠋ᠠᠢ ᠰᠢᠲᠠᠮᠠᠬᠠᠢ ᠮᠠᠲ᠋ᠧᠷᠢᠶᠠᠯ᠎ᠤᠨ ᠣᠪᠣᠭ᠋ᠠᠯᠠᠬᠤ ᠭᠠᠵᠠᠷ᠎ᠤᠨ ᠲᠣᠬᠢᠷᠠᠭᠤᠯᠤᠯᠲᠠ᠎ᠨᠢ ᠳᠣᠣᠷᠠᠬᠢ ᠱᠠᠭ᠋ᠠᠷᠳᠠᠯᠭ᠎ᠠ᠎ᠳᠤ ᠨᠡᠶ᠋ᠢᠴᠡᠬᠦ ᠬᠡᠷᠡᠭᠲᠡᠢ᠄
(ᠨᠢᠭᠡ) ᠬᠠᠷᠢᠴᠠᠩᠭᠤᠢ ᠲᠤᠰᠠᠭ᠋ᠠᠷᠯᠠᠭᠰᠠᠨ ᠠᠮᠤᠷ ᠲᠦᠪᠰᠢᠨ᠎ᠤ ᠣᠷᠣᠨ ᠪᠦᠰᠡ᠎ᠳᠤ ᠪᠤᠶᠤ ᠠᠶ᠋ᠢᠯ ᠲᠣᠰᠬᠤᠨ᠎ᠤ ᠵᠠᠬ᠎ᠠ ᠬᠥᠪᠡᠭᠡ᠎ᠪᠠᠷ ᠲᠣᠬᠢᠷᠠᠭᠤᠯᠪᠠᠯ ᠵᠣᠬᠢᠰᠲᠠᠢ;
(ᠬᠤᠶᠠᠷ) ᠵᠠᠮ᠂ ᠣᠶ᠋ᠢᠲᠤ ᠭᠠᠵᠠᠷ᠎ᠢ ᠡᠵᠡᠯᠡᠨ ᠬᠡᠷᠡᠭᠯᠡᠬᠦ ᠵᠢ ᠴᠠᠭ᠋ᠠᠵᠠᠯᠠᠨ᠎ᠠ; ᠣᠪᠣᠭ᠋ᠠᠯᠠᠬᠤ ᠭᠠᠵᠠᠷ᠎ᠲᠤ ᠮᠠᠰᠢᠨ ᠲᠡᠷᠭᠡ ᠬᠥᠰᠬᠡ ᠵᠣᠭᠰᠤᠭ᠋ᠠᠬᠤ᠂ ᠰᠡᠯᠪᠢᠨ ᠵᠠᠰᠠᠬᠤ ᠵᠢ ᠴᠠᠭ᠋ᠠᠵᠠᠯᠠᠨ᠎ᠠ;
(ᠭᠤᠷᠪᠠ) ᠡᠰᠢ ᠰᠦᠷᠡᠯ᠎ᠢ ᠶᠡᠭᠡ ᠬᠡᠮᠵᠢᠶ᠎ᠡ᠎ᠪᠠᠷ ᠠᠶ᠋ᠢᠯ ᠲᠣᠰᠬᠤᠨ ᠡᠷᠦᠬᠡ᠎ᠳᠤ ᠣᠷᠣᠭᠤᠯᠵᠤ ᠪᠣᠯᠬᠤ ᠦᠭᠡᠢ᠂ ᠦᠢ᠍ᠯᠡᠳᠪᠦᠷᠢᠯᠡᠯ᠂ ᠠᠮᠢᠳᠤᠷᠠᠯ᠎ᠤᠨ ᠪᠠᠷᠢᠯᠭ᠎ᠠ ᠵᠢᠨ ᠬᠠᠵᠠᠭᠤ ᠬᠠᠪᠢ᠎ᠪᠠᠷ ᠨᠥᠭᠡᠴᠡᠯᠡᠨ ᠬᠠᠳᠠᠭ᠋ᠠᠯᠠᠵᠤ ᠪᠣᠯᠬᠤ ᠦᠭᠡᠢ᠂ ᠴᠠᠬᠢᠯᠭ᠋ᠠᠨ ᠬᠦᠴᠦᠨ᠎ᠤ ᠳᠡᠭᠦᠵᠢᠯᠡᠭᠦᠷ ᠤᠲᠠᠰᠤ᠂ ᠬᠦᠴᠦᠳᠡᠯ ᠬᠤᠪᠢᠷᠠᠭ᠋ᠠᠭᠴᠢ ᠵᠢᠨ ᠳᠣᠣᠷ᠎ᠠ ᠣᠪᠣᠭ᠋ᠠᠯᠠᠨ ᠲᠠᠯᠪᠢᠵᠤ ᠪᠣᠯᠬᠤ ᠦᠭᠡᠢ;
(ᠳᠥᠷᠪᠡ) ᠰᠢᠲᠠᠮᠠᠬᠠᠢ ᠮᠠᠲ᠋ᠧᠷᠢᠶᠠᠯ ᠣᠪᠣᠭ᠋ᠠᠯᠠᠬᠤ ᠭᠠᠵᠠᠷ᠎ᠤᠨ ᠡᠷᠭᠢᠨ ᠲᠣᠭᠤᠷᠢᠨ᠎ᠤ ᠪᠠᠷᠢᠯᠭ᠎ᠠ᠎ᠳᠤ ᠬᠤᠯᠠᠩ᠎ᠤᠨ ᠳᠡᠭᠡᠷ᠎ᠡ᠎ᠨᠢ ᠭᠠᠯ᠎ᠠᠴᠠ ᠰᠡᠷᠭᠡᠶ᠋ᠢᠯᠡᠬᠦ ᠮᠠᠯᠠᠭ᠋ᠠᠢ ᠲᠠᠭ᠋ᠠᠷᠠᠭᠤᠯᠬᠤ ᠵᠡᠷᠭᠡ ᠭᠠᠯ᠎ᠤᠨ ᠣᠴᠢ ᠦᠰᠦᠷᠦᠨ ᠭᠠᠷᠬᠤ᠎ᠠᠴᠠ ᠰᠡᠷᠭᠡᠶ᠋ᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠢ;
(ᠲᠠᠪᠤ) ᠲᠠᠷᠢᠶᠠᠴᠢᠨ ᠮᠠᠯᠴᠢᠨ᠎ᠤ ᠬᠦᠷᠢᠶ᠎ᠡ ᠬᠠᠰᠢᠶᠠᠨ᠎ᠳᠤ ᠣᠪᠣᠭ᠋ᠠᠯᠠᠨ ᠲᠠᠯᠪᠢᠭᠰᠠᠨ ᠪᠠᠭ᠎ᠠ ᠬᠡᠮᠵᠢᠶᠡᠨ᠎ᠤ ᠲᠦᠯᠡᠭᠡ ᠡᠪᠡᠰᠦ᠂ ᠲᠡᠵᠢᠭᠡᠯ ᠪᠣᠷᠳᠤᠭ᠎ᠠ ᠵᠡᠷᠭᠡ ᠪᠠ ᠪᠠᠷᠢᠯᠭ᠎ᠠ ᠵᠢᠨ ᠬᠤᠭᠤᠷᠣᠨᠳᠤ ᠭᠠᠯ᠎ᠠᠴᠠ ᠰᠡᠷᠭᠡᠶ᠋ᠢᠯᠡᠵᠦ ᠲᠤᠰᠠᠭ᠋ᠠᠷᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠢ᠃
ᠭᠤᠴᠢᠨ ᠳᠥᠷᠪᠡᠳᠦᠭᠡᠷ ᠵᠦᠢ᠍ᠯ ᠲᠠᠷᠢᠶᠠᠯᠠᠬᠤ ᠮᠠᠯᠵᠢᠬᠤ ᠣᠷᠣᠨ᠎ᠤ ᠪᠢᠲᠡᠭᠦᠦ ᠮᠠᠶᠢᠭ᠎ᠤᠨ ᠮᠠᠯ᠎ᠤᠨ ᠰᠠᠷᠠᠪᠴᠢ ᠵᠢ ᠠᠰᠲᠠᠭ᠋ᠠᠨ ᠪᠠᠶ᠋ᠢᠭᠤᠯᠤᠨ ᠪᠠᠷᠢᠬᠤ ᠵᠢᠨ ᠬᠠᠮᠲᠤ ᠳᠣᠣᠷᠠᠬᠢ ᠲᠣᠭᠲᠠᠭ᠋ᠠᠯ᠎ᠳᠤ ᠨᠡᠶ᠋ᠢᠴᠡᠭᠦᠯᠬᠦ ᠬᠡᠷᠡᠭᠲᠡᠢ᠄
(ᠨᠢᠭᠡ) ᠭᠠᠯ ᠳᠠᠭ᠋ᠠᠭ᠋ᠠᠮᠠᠭ᠋ᠠᠢ ᠵᠡᠷᠭᠡ ᠳᠡᠰ᠎ᠨᠢ ᠭᠤᠷᠪᠠᠳᠤᠭ᠋ᠠᠷ ᠳᠡᠰ᠎ᠠᠴᠠ ᠳᠣᠣᠷ᠎ᠠ ᠪᠠᠶ᠋ᠢᠵᠤ ᠪᠣᠯᠬᠤ ᠦᠭᠡᠢ᠂ ᠨᠢᠭᠡᠨᠲᠡ ᠪᠠᠶ᠋ᠢᠭᠤᠯᠤᠨ ᠪᠠᠷᠢᠭᠰᠠᠨ ᠭᠤᠷᠪᠠᠳᠤᠭ᠋ᠠᠷ ᠳᠡᠰ᠎ᠠᠴᠠ ᠳᠣᠣᠷ᠎ᠠ ᠪᠠᠶ᠋ᠢᠬᠤ ᠰᠠᠷᠠᠪᠴᠢ ᠬᠠᠰᠢᠶ᠎ᠠ ᠵᠢ ᠠᠯᠬᠤᠮ ᠳᠠᠷᠠᠭ᠋ᠠᠯᠠᠨ ᠥᠭᠡᠷᠡᠴᠢᠯᠡᠨ ᠰᠢᠨᠡᠳᠬᠡᠬᠦ ᠬᠡᠷᠡᠭᠲᠡᠢ;
(ᠬᠤᠶᠠᠷ) ᠴᠠᠬᠢᠯᠭ᠋ᠠᠨ ᠬᠡᠯᠬᠢᠶᠡᠨ᠎ᠤ ᠤᠲᠠᠰᠤ ᠳᠡᠪᠢᠰᠬᠦ᠎ᠳᠤ ᠦᠯᠦ ᠰᠢᠲᠠᠬᠤ ᠬᠤᠭᠤᠯᠠᠢ ᠭᠤᠤᠷᠰᠤ᠎ᠪᠠᠷ ᠨᠠᠪᠲᠠᠷᠡᠭᠦᠯᠵᠦ᠂ ᠲᠡᠭᠦᠨ᠎ᠤ ᠭᠡᠷᠡᠯᠲᠦᠭᠦᠯᠬᠦ ᠳ᠋ᠧᠩ᠎ᠤᠨ ᠬᠡᠷᠡᠭᠰᠡᠯ᠎ᠢ ᠪᠠᠲᠤ ᠪᠠᠬᠢ ᠤᠭᠰᠠᠷᠠᠭᠤᠯᠤᠨ ᠲᠠᠭ᠋ᠠᠷᠠᠭᠤᠯᠬᠤ ᠬᠡᠷᠡᠭᠲᠡᠢ;
(ᠭᠤᠷᠪᠠ) ᠰᠢᠭᠤᠳ ᠭᠠᠳᠠᠭᠰᠢ ᠬᠠᠨᠳᠤᠭᠤᠯᠤᠭᠰᠠᠨ ᠠᠮᠤᠷ ᠲᠦᠪᠰᠢᠨ ᠭᠠᠷᠬᠤ ᠡᠭᠦᠳᠡ ᠲᠣᠬᠢᠷᠠᠭᠤᠯᠵᠤ᠂ ᠬᠡᠷᠴᠢᠮᠡᠯ ᠡᠪᠡᠰᠦ᠂ ᠲᠡᠵᠢᠭᠡᠯ ᠪᠣᠷᠳᠣᠭ᠋ᠠᠨ᠎ᠤ ᠥᠷᠥᠭᠡ ᠵᠢᠴᠢ ᠲᠡᠵᠢᠭᠡᠭᠴᠢ ᠵᠢᠨ ᠪᠠᠶ᠋ᠢᠷᠢ ᠵᠢ ᠬᠠᠰᠢᠶ᠎ᠠ ᠰᠠᠷᠠᠪᠴᠢ᠎ᠲᠠᠢ ᠰᠠᠯᠭ᠋ᠠᠨ ᠲᠣᠬᠢᠷᠠᠭᠤᠯᠬᠤ ᠬᠡᠷᠡᠭᠲᠡᠢ᠂ ᠦᠨᠡᠬᠡᠷ ᠬᠠᠷᠢᠯᠴᠠᠨ ᠵᠠᠯᠭ᠋ᠠᠯᠳᠤᠭᠤᠯᠬᠤ ᠴᠢᠬᠤᠯᠠᠲᠠᠢ ᠦᠶ᠎ᠡ᠎ᠳᠤ ᠭᠠᠯ᠎ᠠᠴᠠ ᠰᠡᠷᠭᠡᠶ᠋ᠢᠯᠡᠵᠦ ᠵᠠᠭ᠋ᠠᠭᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠢ᠃
ᠭᠤᠴᠢᠨ ᠲᠠᠪᠤᠳᠤᠭ᠋ᠠᠷ ᠵᠦᠢ᠍ᠯ ᠲᠠᠷᠢᠶᠠᠯᠠᠬᠤ ᠮᠠᠯᠵᠢᠬᠤ ᠣᠷᠣᠨ᠎ᠤ ᠲᠣᠭᠤᠭ᠋ᠠᠨ ᠭᠡᠷ᠎ᠤᠨ ᠵᠤᠤᠬ᠎ᠠ ᠵᠢᠨ ᠠᠰ ᠳᠡᠭᠡᠷ᠎ᠡ 1.5 ᠮᠸᠲᠷ᠎ᠤᠨ ᠬᠡᠪᠴᠢᠶᠡᠨ᠎ᠳᠤ ᠰᠢᠲᠠᠮᠠᠬᠠᠢ ᠪᠣᠳᠠᠰ ᠪᠠᠶ᠋ᠢᠯᠭ᠋ᠠᠵᠤ ᠪᠣᠯᠬᠤ ᠦᠭᠡᠢ᠃ ᠫᠢᠰᠢᠩ᠂ ᠬᠠᠨᠵᠤ᠂ ᠬᠤᠯᠠᠩᠢ ᠲᠣᠭᠲᠠᠭᠰᠠᠨ ᠬᠤᠭᠤᠴᠠᠭ᠎ᠠ᠎ᠲᠠᠢ᠎ᠪᠠᠷ ᠴᠡᠪᠡᠷᠯᠡᠨ ᠨᠠᠪᠲᠠᠷᠡᠭᠦᠯᠵᠦ᠂ ᠲᠣᠭᠤᠰᠬ᠎ᠠ᠎ᠪᠠᠷ ᠦᠷᠦᠵᠦ ᠪᠠᠷᠢᠭᠰᠠᠨ ᠬᠤᠯᠠᠩ᠎ᠤᠨ ᠳᠣᠲᠣᠭ᠋ᠠᠳᠤ ᠬᠠᠨ᠎ᠠ ᠪᠠ ᠰᠢᠲᠠᠮᠠᠬᠠᠢ ᠪᠣᠳᠠᠰ᠎ᠤᠨ ᠬᠤᠭᠤᠷᠣᠨᠳᠤᠬᠢ ᠵᠠᠢ ᠵᠢ 240 ᠮᠢᠯᠢᠮᠸᠲᠷ᠎ᠠᠴᠠ ᠪᠠᠭ᠎ᠠ ᠪᠠᠶ᠋ᠢᠯᠭ᠋ᠠᠵᠤ ᠪᠣᠯᠬᠤ ᠦᠭᠡᠢ᠂ ᠲᠡᠮᠦᠷᠯᠢᠭ ᠵᠶ᠋ᠠᠷ ᠬᠢᠭᠰᠡᠨ ᠬᠤᠯᠠᠩ ᠪᠠ ᠰᠢᠲᠠᠮᠠᠬᠠᠢ ᠪᠣᠳᠠᠰ᠎ᠤᠨ ᠬᠤᠭᠤᠷᠣᠨᠳᠤᠬᠢ ᠵᠠᠢ ᠵᠢ 700 ᠮᠢᠯᠢᠮᠸᠲᠷ᠎ᠠᠴᠠ ᠪᠠᠭ᠎ᠠ ᠪᠠᠶ᠋ᠢᠯᠭ᠋ᠠᠵᠤ ᠪᠣᠯᠬᠤ ᠦᠭᠡᠢ᠃
ᠭᠤᠴᠢᠨ ᠵᠢᠷᠭᠤᠳᠤᠭ᠋ᠠᠷ ᠵᠦᠢ᠍ᠯ ᠲᠠᠷᠢᠶᠠᠯᠠᠬᠤ ᠮᠠᠯᠵᠢᠬᠤ ᠣᠷᠣᠨ᠎ᠤ ᠬᠦᠷᠢᠶ᠎ᠡ ᠬᠡᠪᠴᠢᠶᠡᠨ᠎ᠳᠠᠬᠢ ᠨᠢᠭᠡᠴᠢ ᠪᠤᠶᠤ ᠬᠤᠪᠢ ᠬᠥᠮᠥᠨ ᠳᠣᠣᠷᠠᠬᠢ ᠦᠢ᠍ᠯᠡ ᠠᠵᠢᠯᠯᠠᠭ᠎ᠠ᠎ᠲᠠᠢ ᠪᠠᠶ᠋ᠢᠬᠤ ᠵᠢ ᠴᠠᠭ᠋ᠠᠵᠠᠯᠠᠨ᠎ᠠ᠄
(ᠨᠢᠭᠡ) ᠭᠠᠯ ᠰᠡᠷᠭᠡᠶ᠋ᠢᠯᠡᠵᠦ ᠤᠨᠲᠠᠷᠠᠭ᠋ᠠᠬᠤ ᠪᠡᠯᠡᠳᠬᠡᠮᠵᠢ᠂ ᠪᠠᠭ᠋ᠠᠵᠢ ᠬᠡᠷᠡᠭᠰᠡᠯ ᠪᠠ ᠭᠠᠯ᠎ᠠᠴᠠ ᠰᠡᠷᠭᠡᠶ᠋ᠢᠯᠡᠬᠦ ᠲᠡᠮᠳᠡᠭ᠎ᠢ ᠳᠤᠷ᠎ᠠ᠎ᠪᠠᠷ ᠪᠤᠯᠠᠵᠤ ᠳᠠᠷᠤᠬᠤ᠂ ᠬᠦᠷᠢᠶᠡᠯᠡᠨ ᠡᠵᠡᠯᠡᠬᠦ᠂ ᠡᠪᠳᠡᠨ ᠰᠦᠢ᠍ᠳᠬᠡᠬᠦ᠂ ᠨᠤᠷᠠᠭ᠋ᠠᠵᠤ ᠬᠠᠶᠠᠬᠤ᠂ ᠬᠡᠷᠡᠭᠯᠡᠬᠦ᠎ᠪᠠᠨ ᠵᠣᠭᠰᠣᠬᠤ ᠵᠢ ᠴᠠᠭ᠋ᠠᠵᠠᠯᠠᠨ᠎ᠠ;
(ᠬᠤᠶᠠᠷ) ᠲᠦᠷ ᠴᠠᠭ᠎ᠤᠨ ᠭᠡᠷ ᠪᠠᠷᠢᠯᠭ᠎ᠠ (ᠪᠠᠷᠢᠯᠭ᠎ᠠ ᠵᠢᠨ ᠵᠦᠢ᠍ᠯᠡᠰ) ᠵᠢ ᠪᠠᠷᠢᠵᠤ ᠪᠣᠰᠬᠠᠬᠤ ᠵᠢᠴᠢ ᠲᠦᠯᠡᠭᠡ ᠡᠪᠡᠰᠦ ᠵᠡᠷᠭᠡ ᠥᠯᠥᠭ ᠡᠳ᠋ ᠣᠪᠣᠭ᠋ᠠᠯᠠᠨ ᠲᠠᠯᠪᠢᠬᠤ ᠦᠶ᠎ᠡ᠎ᠳᠤ ᠭᠠᠯ᠎ᠠᠴᠠ ᠰᠡᠷᠭᠡᠶ᠋ᠢᠯᠡᠬᠦ ᠵᠠᠢ ᠵᠢ ᠡᠵᠡᠯᠡᠨ ᠬᠡᠷᠡᠭᠯᠡᠬᠦ ᠪᠤᠶᠤ ᠭᠠᠯ ᠤᠨᠲᠠᠷᠠᠭ᠋ᠠᠬᠤ ᠲᠡᠷᠭᠡ ᠵᠢᠨ ᠨᠡᠪᠲᠡᠷᠡᠬᠦ ᠵᠠᠮ᠎ᠢ ᠬᠠᠰᠢᠵᠤ ᠪᠥᠭᠯᠡᠬᠦ ᠵᠢ ᠴᠠᠭ᠋ᠠᠵᠠᠯᠠᠨ᠎ᠠ;
(ᠭᠤᠷᠪᠠ) ᠲᠠᠪᠤᠳᠤᠭ᠋ᠠᠷ ᠳᠡᠰ᠎ᠠᠴᠠ ᠳᠡᠭᠡᠭᠰᠢᠬᠢ ᠶᠡᠭᠡ ᠰᠠᠯᠬᠢ᠎ᠲᠠᠢ ᠡᠳᠦᠷ ᠭᠡᠷ᠎ᠤᠨ ᠭᠠᠳᠠᠨ᠎ᠠ ᠲᠠᠮᠠᠬᠢ ᠲᠠᠲᠠᠬᠤ᠂ ᠬᠤᠭ ᠨᠣᠪᠰᠢ ᠰᠢᠲᠠᠭ᠋ᠠᠬᠤ ᠵᠢ ᠴᠠᠭ᠋ᠠᠵᠠᠯᠠᠨ᠎ᠠ; ᠴᠤᠷᠮᠠᠳᠠᠬᠤ᠂ ᠳᠡᠭᠳᠡᠭᠦᠷ ᠳ᠋ᠧᠩᠯᠦ ᠲᠠᠯᠪᠢᠬᠤ ᠵᠢ ᠴᠠᠭ᠋ᠠᠵᠠᠯᠠᠨ᠎ᠠ; ᠦᠯᠡᠳᠡᠪᠦᠷᠢ ᠭᠠᠯ᠎ᠢ ᠤᠷᠢᠳ ᠵᠶ᠋ᠠᠷ ᠴᠡᠪᠡᠷᠯᠡᠬᠦ ᠦᠭᠡᠢ᠎ᠪᠠᠷ ᠴᠤᠴᠠᠯᠢ ᠪᠣᠯᠣᠨ ᠲᠣᠪᠷᠠᠭ ᠵᠡᠷᠭᠡ ᠵᠢ ᠴᠢᠣᠬᠤᠬᠤ ᠵᠢ ᠴᠠᠭ᠋ᠠᠵᠠᠯᠠᠨ᠎ᠠ;
(ᠳᠥᠷᠪᠡ) ᠰᠢᠩᠭᠡᠵᠢᠯ ᠴᠢᠯᠠᠭᠤᠨ ᠲᠣᠰᠣᠨ᠎ᠤ ᠰᠢᠲᠠᠮᠠᠬᠠᠢ ᠬᠡᠢ ᠵᠢᠨ ᠪᠣᠯᠣᠳ ᠯᠣᠩᠬᠤ ᠵᠢᠴᠢ ᠰᠢᠲᠠᠮᠠᠬᠠᠢ ᠬᠡᠢ ᠵᠢᠨ ᠲᠣᠭᠤᠭ᠎ᠠ ᠲᠤᠯᠭ᠎ᠠ ᠵᠢ ᠳᠤᠷ᠎ᠠ᠎ᠪᠠᠷ ᠵᠶ᠋ᠠᠨ ᠵᠠᠳᠠᠯᠤᠨ ᠵᠠᠰᠠᠬᠤ ᠵᠢ ᠴᠠᠭ᠋ᠠᠵᠠᠯᠠᠨ᠎ᠠ᠂ ᠰᠢᠩᠭᠡᠵᠢᠯ᠎ᠤᠨ ᠴᠢᠯᠠᠭᠤᠨ ᠲᠣᠰᠣᠨ᠎ᠤ ᠰᠢᠲᠠᠮᠠᠬᠠᠢ ᠬᠡᠢ ᠵᠢᠨ ᠪᠣᠯᠣᠳ ᠯᠣᠩᠬᠤ ᠵᠢᠨ ᠦᠯᠡᠳᠡᠪᠦᠷᠢ ᠰᠢᠩᠭᠡᠨ᠎ᠢ ᠴᠢᠳᠬᠤᠬᠤ ᠵᠢ ᠴᠠᠭ᠋ᠠᠵᠠᠯᠠᠨ᠎ᠠ;
(ᠲᠠᠪᠤ) ᠥᠷᠥᠭᠡ ᠲᠠᠰᠤᠭ᠂ ᠬᠦᠷᠢᠶ᠎ᠡ ᠬᠠᠰᠢᠶ᠎ᠠ᠎ᠳᠤ ᠨᠣᠴᠣᠮᠠᠲᠠᠭ᠋ᠠᠢ ᠳᠡᠯᠪᠡᠷᠡᠮᠡᠲᠡᠭᠡᠢ ᠠᠶᠤᠯᠲᠠᠢ ᠪᠣᠳᠠᠰ᠎ᠢ ᠬᠠᠳᠠᠭ᠋ᠠᠯᠠᠵᠤ ᠲᠠᠯᠪᠢᠬᠤ ᠪᠠ ᠦᠢ᠍ᠯᠡᠳᠪᠦᠷᠢᠯᠡᠬᠦ ᠵᠢ ᠴᠠᠭ᠋ᠠᠵᠠᠯᠠᠨ᠎ᠠ;
(ᠵᠢᠷᠭᠤᠭ᠎ᠠ) ᠨᠣᠴᠣᠮᠠᠲᠠᠭ᠋ᠠᠢ ᠳᠡᠯᠪᠡᠷᠡᠮᠡᠲᠡᠭᠡᠢ ᠠᠶᠤᠯᠲᠠᠢ ᠪᠣᠳᠠᠰ ᠬᠠᠳᠠᠭ᠋ᠠᠯᠠᠨ ᠲᠠᠯᠪᠢᠬᠤ ᠭᠠᠵᠠᠷ ᠪᠠ ᠲᠦᠯᠡᠭᠡ ᠡᠪᠡᠰᠦ᠂ ᠲᠡᠵᠢᠭᠡᠯ ᠡᠪᠡᠰᠦ ᠣᠪᠣᠭ᠋ᠠᠯᠠᠨ ᠲᠠᠯᠪᠢᠬᠤ ᠭᠠᠵᠠᠷ᠎ᠤᠨ ᠣᠶ᠋ᠢᠷ᠎ᠠ ᠬᠠᠪᠢ᠎ᠪᠠᠷ ᠬᠤᠸᠠᠷ ᠫᠤᠤᠵᠢᠩ ᠲᠠᠯᠪᠢᠬᠤ᠂ ᠲᠠᠮᠠᠬᠢ ᠲᠠᠲᠠᠬᠤ᠂ ᠭᠠᠯ ᠬᠡᠷᠡᠭᠯᠡᠬᠦ ᠵᠢ ᠴᠠᠭ᠋ᠠᠵᠠᠯᠠᠨ᠎ᠠ᠃
ᠭᠤᠴᠢᠨ ᠳᠣᠯᠣᠳᠤᠭ᠋ᠠᠷ ᠵᠦᠢ᠍ᠯ ᠲᠠᠷᠢᠶᠠᠯᠠᠩ᠎ᠤᠨ ᠬᠤᠷᠢᠶᠠᠯᠲᠠ ᠵᠢᠨ ᠤᠯᠠᠷᠢᠯ᠂ ᠣᠢ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠠᠴᠠ ᠰᠡᠷᠭᠡᠶ᠋ᠢᠯᠡᠬᠦ ᠤᠯᠠᠷᠢᠯ᠂ ᠴᠢᠬᠤᠯᠠ ᠶᠡᠭᠡ ᠪᠠᠶᠠᠷ ᠳᠤᠷᠠᠰᠬᠠᠯ᠎ᠤᠨ ᠡᠳᠦᠷ ᠵᠢᠴᠢ ᠨᠠᠭ᠋ᠠᠳᠤᠮ᠎ᠤᠨ ᠬᠤᠷᠠᠯ ᠵᠡᠷᠭᠡ ᠴᠢᠬᠤᠯᠠ ᠠᠵᠢᠯᠯᠠᠭ᠋ᠠᠨ᠎ᠤ ᠬᠤᠭᠤᠴᠠᠭ᠋ᠠᠨ᠎ᠳᠤ᠂ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠂ ᠭᠠᠴᠠᠭ᠎ᠠ ᠲᠣᠰᠬᠤᠨ᠎ᠤ ᠠᠷᠠᠳ᠎ᠤᠨ ᠵᠥᠪᠯᠡᠯ᠎ᠨᠢ ᠭᠠᠯ ᠰᠡᠷᠭᠡᠶ᠋ᠢᠯᠡᠵᠦ ᠤᠨᠲᠠᠷᠠᠭ᠋ᠠᠬᠤ ᠠᠮᠤᠷ ᠲᠦᠪᠰᠢᠨ᠎ᠤ ᠪᠠᠶ᠋ᠢᠴᠠᠭ᠋ᠠᠯᠲᠠ ᠵᠢ ᠵᠣᠬᠢᠶᠠᠨ ᠪᠠᠶ᠋ᠢᠭᠤᠯᠤᠨ ᠬᠢᠵᠦ᠂ ᠬᠠᠨᠳᠤᠯᠭ᠋ᠠᠲᠤ ᠴᠢᠨᠠᠷᠲᠠᠢ ᠭᠠᠯ ᠰᠡᠷᠭᠡᠶ᠋ᠢᠯᠡᠵᠦ ᠤᠨᠲᠠᠷᠠᠭ᠋ᠠᠬᠤ ᠤᠬᠠᠭᠤᠯᠭ᠎ᠠ ᠬᠥᠮᠦᠵᠢᠯ ᠥᠷᠨᠢᠭᠦᠯᠵᠦ᠂ ᠭᠠᠯ᠎ᠤᠨ ᠠᠶᠤᠯ᠎ᠢ ᠰᠡᠷᠭᠡᠶ᠋ᠢᠯᠡᠬᠦ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠬᠤ ᠵᠢ ᠰᠢᠪᠠᠳᠠᠨ ᠱᠠᠭ᠋ᠠᠷᠳᠠᠨ᠎ᠠ᠃
ᠭᠤᠴᠢᠨ ᠨᠠᠢ᠍ᠮᠠᠳᠤᠭ᠋ᠠᠷ ᠵᠦᠢ᠍ᠯ ᠲᠠᠷᠢᠶᠠᠯᠠᠬᠤ ᠮᠠᠯᠵᠢᠬᠤ ᠣᠷᠣᠨ᠎ᠳᠤ ᠳ᠋ᠧᠩᠯᠦ ᠵᠢᠨ ᠬᠤᠷᠠᠯ᠂ ᠰᠦᠮ᠎ᠡ ᠵᠢᠨ ᠴᠤᠭᠯᠠᠭ᠋ᠠᠨ᠂ ᠤᠷᠠᠨ ᠰᠠᠶ᠋ᠢᠬᠠᠨ᠎ᠤ ᠲᠣᠭᠯᠠᠯᠲᠠ ᠵᠡᠷᠭᠡ ᠲᠣᠮᠣ ᠬᠡᠯᠪᠡᠷᠢ ᠵᠢᠨ ᠣᠯᠠᠨ ᠲᠦᠮᠡᠨᠴᠢ ᠴᠢᠨᠠᠷᠲᠠᠢ ᠠᠵᠢᠯᠯᠠᠭ᠋ᠠᠨ ᠶᠠᠪᠤᠭᠳᠠᠭᠤᠯᠬᠤ᠎ᠳᠤ᠂ ᠭᠤᠣᠯᠯᠠᠨ ᠡᠷᠬᠢᠯᠡᠭᠰᠡᠨ ᠨᠢᠭᠡᠴᠢ᠎ᠨᠢ ᠬᠠᠤᠯᠢ ᠶᠣᠰᠣᠭ᠋ᠠᠷ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠠᠴᠠ ᠠᠮᠤᠷ ᠲᠦᠪᠰᠢᠨ᠎ᠤ ᠵᠥᠪᠰᠢᠶᠡᠷᠡᠯ ᠭᠤᠶᠤᠴᠢᠯᠠᠨ᠂ ᠭᠠᠯ ᠤᠨᠲᠠᠷᠠᠭ᠋ᠠᠬᠤ ᠪᠠ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠲᠠᠷᠬᠠᠭ᠋ᠠᠵᠤ ᠶᠠᠪᠤᠭᠤᠯᠬᠤ ᠵᠢᠨ ᠪᠡᠯᠡᠳᠬᠡᠯ ᠲᠥᠰᠥᠯ᠎ᠢ ᠲᠣᠭᠲᠠᠭ᠋ᠠᠵᠤ᠂ ᠭᠠᠯ ᠰᠡᠷᠭᠡᠶ᠋ᠢᠯᠡᠵᠦ ᠤᠨᠲᠠᠷᠠᠭ᠋ᠠᠬᠤ ᠵᠢ ᠬᠠᠮᠢᠶᠠᠷᠬᠤ ᠠᠵᠢᠯᠲᠠᠨ ᠪᠠ ᠭᠠᠯ ᠤᠨᠲᠠᠷᠠᠭ᠋ᠠᠬᠤ ᠪᠠᠭ᠋ᠠᠵᠢ ᠬᠡᠷᠡᠭᠰᠡᠯ ᠲᠣᠬᠢᠷᠠᠭᠤᠯᠵᠤ᠂ ᠲᠠᠷᠬᠠᠭ᠋ᠠᠵᠤ ᠶᠠᠪᠤᠭᠤᠯᠬᠤ ᠵᠢᠨ ᠵᠠᠮ᠂ ᠠᠮᠤᠷ ᠲᠦᠪᠰᠢᠨ ᠭᠠᠷᠬᠤ ᠡᠭᠦᠳᠡ ᠪᠠ ᠭᠠᠯ ᠤᠨᠲᠠᠷᠠᠭ᠋ᠠᠬᠤ ᠲᠡᠷᠭᠡ ᠵᠢᠨ ᠨᠡᠪᠲᠡᠷᠡᠬᠦ ᠵᠠᠮ᠎ᠤᠨ ᠰᠠᠭ᠋ᠠᠳ ᠦᠭᠡᠢ ᠨᠡᠪᠲᠡᠷᠡᠬᠦ ᠵᠢ ᠪᠠᠲᠤᠯᠠᠨ᠎ᠠ᠃ ᠭᠤᠣᠯᠯᠠᠨ ᠡᠷᠬᠢᠯᠡᠭᠰᠡᠨ ᠨᠢᠭᠡᠴᠢ ᠦᠭᠡᠢ ᠪᠣᠯ᠂ ᠭᠠᠯ ᠰᠡᠷᠭᠡᠶ᠋ᠢᠯᠡᠵᠦ ᠤᠨᠲᠠᠷᠠᠭ᠋ᠠᠬᠤ ᠠᠮᠤᠷ ᠲᠦᠪᠰᠢᠨ᠎ᠤ ᠠᠵᠢᠯ᠎ᠢ ᠠᠵᠢᠯᠯᠠᠭ᠋ᠠᠨ ᠶᠠᠪᠤᠭᠤᠯᠤᠭᠰᠠᠨ ᠭᠠᠵᠠᠷ᠎ᠤᠨ ᠭᠠᠴᠠᠭ᠎ᠠ ᠲᠣᠰᠬᠤᠨ᠎ᠤ ᠠᠷᠠᠳ᠎ᠤᠨ ᠵᠥᠪᠯᠡᠯ᠎ᠠᠴᠠ ᠬᠠᠷᠢᠭᠤᠴᠠᠨ᠎ᠠ᠃
ᠭᠤᠴᠢ ᠶᠢᠰᠦᠳᠦᠭᠡᠷ ᠵᠦᠢ᠍ᠯ ᠲᠣᠰ ᠲᠣᠭᠲᠠᠭ᠋ᠠᠯ᠎ᠢ ᠳᠠᠷᠤᠮᠠᠯᠯᠠᠨ ᠶᠠᠪᠤᠭᠤᠯᠤᠭᠰᠠᠨ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃ 《ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠬᠤ ᠮᠠᠯᠵᠢᠬᠤ ᠣᠷᠣᠨ᠎ᠤ ᠭᠠᠯ ᠰᠡᠷᠭᠡᠶ᠋ᠢᠯᠡᠵᠦ ᠤᠨᠲᠠᠷᠠᠭ᠋ᠠᠬᠤ ᠠᠮᠤᠷ ᠲᠦᠪᠰᠢᠨ᠎ᠤ ᠬᠠᠮᠢᠶᠠᠷᠤᠯᠲᠠ ᠵᠢᠨ ᠲᠣᠭᠲᠠᠭ᠋ᠠᠯ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ》 (ᠥᠪᠥᠷ ᠵᠠᠰᠠᠭ ᠦᠰᠦᠭ [2006] 389 ᠳ᠋ᠦ᠍ᠭᠡᠷ ᠲᠣᠭ᠋ᠠᠲᠤ)᠎ᠢ ᠬᠠᠮᠲᠤᠳᠤᠨᠢ ᠬᠦᠴᠦᠨ ᠦᠭᠡᠢ ᠪᠣᠯᠭ᠋ᠠᠨ᠎ᠠ᠃