ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠢᠴᠢᠭ ᠮᠠᠲ᠋ᠧᠷᠢᠶᠠᠯ
ᠥᠪᠥᠷ ᠵᠠᠰᠠᠭ ᠲᠠᠷᠬᠠᠭ᠋ᠠᠭᠰᠠᠨ [2023] 11 ᠳ᠋ᠦ᠍ᠭᠡᠷ ᠲᠣᠭ᠋ᠠᠲᠤ
ᠪᠦᠬᠦ ᠣᠷᠣᠨ᠎ᠤ ᠵᠠᠳᠠᠭ᠋ᠠᠢ ᠨᠡᠭᠦᠷᠡᠰᠦᠨ ᠠᠭᠤᠷᠬᠠᠢ ᠵᠢᠨ ᠠᠮᠤᠷ ᠲᠦᠪᠰᠢᠨ᠎ᠤ ᠬᠠᠮᠢᠶᠠᠷᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠬᠤ ᠠᠷᠭ᠎ᠠ ᠬᠡᠮᠵᠢᠶ᠎ᠡ᠎ᠨᠦᠭᠦᠳ᠎ᠤᠨ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
ᠠᠯᠠᠱ᠌ᠠ ᠵᠢᠨ ᠰᠢᠨ ᠵᠢᠩ ᠨᠡᠭᠦᠷᠡᠰᠦᠨ᠎ᠤ ᠦᠢ᠍ᠯᠡᠰ᠎ᠤᠨ ᠬᠢᠵᠠᠭ᠋ᠠᠷᠲᠤ ᠺᠣᠮᠫᠠᠨᠢ ᠵᠢᠨ ᠵᠠᠳᠠᠭ᠋ᠠᠢ ᠨᠡᠭᠦᠷᠡᠰᠦᠨ ᠠᠭᠤᠷᠬᠠᠢ ᠵᠢᠨ 《2 · 22》᠎ᠤᠨ ᠣᠨᠴᠠ ᠬᠦᠨᠳᠦ ᠶᠡᠭᠡ ᠶᠡᠭᠦᠷᠡᠭᠰᠡᠨ ᠠᠳᠡᠯ᠎ᠤᠨ ᠰᠤᠷᠭ᠋ᠠᠮᠵᠢ ᠵᠢ ᠭᠦᠨᠵᠡᠭᠡᠢ ᠲᠣᠭᠲᠠᠭ᠋ᠠᠵᠤ᠂ ᠠᠶᠤᠯ ᠦᠭᠡᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢᠨ ᠨᠠᠶ᠋ᠢᠳᠠᠪᠤᠷᠢᠵᠢᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠠᠶᠤᠯ ᠦᠭᠡᠢ ᠦᠢ᠍ᠯᠡᠳᠪᠦᠷᠢᠯᠡᠯ᠎ᠤᠨ ᠤᠷᠳᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠪᠠᠶ᠋ᠢᠭᠤᠯᠤᠨ᠂ ᠵᠠᠳᠠᠭ᠋ᠠᠢ ᠨᠡᠭᠦᠷᠡᠰᠦᠨ ᠠᠭᠤᠷᠬᠠᠢ ᠵᠢᠨ ᠦᠢ᠍ᠯᠡᠳᠪᠦᠷᠢᠯᠡᠯ᠎ᠤᠨ ᠠᠮᠤᠷ ᠲᠦᠪᠰᠢᠨ᠎ᠤ ᠠᠳᠡᠯ ᠭᠠᠷᠬᠤ ᠵᠢ ᠡᠷᠡᠰ ᠰᠡᠷᠭᠡᠶ᠋ᠢᠯᠡᠨ ᠬᠤᠷᠢᠭᠯᠠᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠵᠤ᠂ ᠡᠳᠦᠭᠡ ᠪᠦᠬᠦ ᠣᠷᠣᠨ᠎ᠤ ᠵᠠᠳᠠᠭ᠋ᠠᠢ ᠨᠡᠭᠦᠷᠡᠰᠦᠨ ᠠᠭᠤᠷᠬᠠᠢ ᠵᠢᠨ ᠠᠮᠤᠷ ᠲᠦᠪᠰᠢᠨ᠎ᠤ ᠬᠠᠮᠢᠶᠠᠷᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠬᠤ ᠠᠷᠭ᠎ᠠ ᠬᠡᠮᠵᠢᠶ᠎ᠡ᠎ᠨᠦᠭᠦᠳ᠎ᠢ ᠳᠣᠣᠷᠠᠬᠢ ᠮᠡᠲᠦ ᠮᠡᠳᠡᠭᠳᠡᠶ᠎ᠡ᠃
ᠨᠢᠭᠡ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠶᠡᠷᠦᠩᠬᠡᠢ ᠱᠦᠵᠢ ᠰᠢ ᠵᠢᠨ ᠫᠢᠩ᠎ᠤᠨ ᠠᠶᠤᠯ ᠦᠭᠡᠢ ᠦᠢ᠍ᠯᠡᠳᠪᠦᠷᠢᠯᠡᠯ᠎ᠤᠨ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠠᠭ᠋ᠠᠬᠢᠭᠰᠠᠨ ᠴᠤ᠌ ᠠᠮᠤᠷ ᠲᠦᠪᠰᠢᠨ᠎ᠢ ᠦᠷᠡᠭᠳᠡᠭᠦᠯᠬᠦ᠎ᠪᠠᠷ ᠦᠨ᠎ᠡ ᠦᠷᠲᠡᠭ ᠪᠣᠯᠭ᠋ᠠᠵᠤ ᠪᠣᠯᠬᠤ ᠦᠭᠡᠢ ᠤᠯᠠᠭ᠋ᠠᠨ ᠱᠤᠭᠤᠮ᠎ᠤᠨ ᠤᠬᠠᠮᠰᠠᠷ᠎ᠢ ᠪᠠᠲᠤ ᠪᠤᠢ ᠪᠣᠯᠭ᠋ᠠᠨ᠂ 《ᠣᠷᠣᠨ ᠨᠤᠲᠤᠭ᠎ᠤᠨ ᠨᠠᠮ ᠵᠠᠰᠠᠭ᠎ᠤᠨ ᠤᠳᠤᠷᠢᠳᠬᠤ ᠺᠠᠳ᠋ᠷ᠎ᠤᠨ ᠠᠶᠤᠯ ᠦᠭᠡᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢᠨ ᠳᠦᠷᠢᠮ᠎ᠤᠨ ᠲᠣᠭᠲᠠᠭ᠋ᠠᠯ》᠎ᠢ ᠴᠢᠩᠭ᠎ᠠ ᠬᠡᠷᠡᠭᠵᠢᠭᠦᠯᠵᠦ᠂ ᠬᠢᠨᠠᠯᠲᠠ ᠬᠠᠮᠢᠶᠠᠷᠤᠯᠲᠠ ᠵᠢᠨ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠨ᠂ ᠬᠢᠨᠠᠯᠲᠠ ᠬᠠᠮᠢᠶᠠᠷᠤᠯᠲᠠ ᠵᠢᠨ ᠠᠵᠢᠯᠲᠠᠨ᠎ᠢ ᠭᠦᠢ᠍ᠴᠡᠳ ᠴᠢᠩᠭ᠎ᠠ ᠲᠣᠬᠢᠷᠠᠭᠤᠯᠵᠤ᠂ ᠬᠠᠷᠢᠶ᠎ᠠ ᠭᠠᠵᠠᠷ᠎ᠤᠨ ᠠᠶᠤᠯ ᠦᠭᠡᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠷᠠᠭᠤᠯᠬᠤ ᠬᠡᠷᠡᠭᠲᠡᠢ᠃ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠥᠯᠥᠪᠯᠡᠨ᠂ ᠵᠠᠳᠠᠭ᠋ᠠᠢ ᠨᠡᠭᠦᠷᠡᠰᠦᠨ ᠠᠭᠤᠷᠬᠠᠢ᠎ᠳᠤ ᠬᠡᠷᠡᠭᠯᠡᠬᠦ ᠭᠠᠵᠠᠷ᠎ᠢ ᠵᠦᠢ ᠵᠣᠬᠢᠰᠲᠠᠢ ᠲᠥᠬᠦᠷᠵᠢᠭᠦᠯᠦᠨ ᠲᠣᠬᠢᠷᠠᠭᠤᠯᠵᠤ᠂ ᠨᠡᠭᠦᠷᠡᠰᠦᠨ᠎ᠤ ᠡᠬᠢ ᠪᠠᠶᠠᠯᠢᠭ᠎ᠢ ᠨᠡᠭᠡᠭᠡᠨ ᠠᠰᠢᠭᠯᠠᠬᠤ ᠪᠠᠶ᠋ᠢᠷᠢᠰᠢᠯ᠎ᠢ ᠰᠢᠯᠢᠳᠡᠭᠵᠢᠭᠦᠯᠦᠨ᠂ ᠵᠠᠳᠠᠭ᠋ᠠᠢ ᠨᠡᠭᠦᠷᠡᠰᠦᠨ ᠠᠭᠤᠷᠬᠠᠢ ᠵᠢᠨ ᠬᠤᠯᠪᠤᠭ᠋ᠠᠯᠠᠨ ᠳᠠᠬᠢᠨ ᠵᠣᠬᠢᠶᠠᠨ ᠪᠠᠶ᠋ᠢᠭᠤᠯᠬᠤ ᠵᠢ ᠳᠡᠮᠵᠢᠵᠦ᠂ ᠵᠠᠳᠠᠭ᠋ᠠᠢ ᠨᠡᠭᠦᠷᠡᠰᠦᠨ ᠠᠭᠤᠷᠬᠠᠢ ᠵᠢᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ᠃
ᠬᠤᠶᠠᠷ᠂ ᠡᠯ᠎ᠡ ᠱᠠᠲᠤᠨ᠎ᠤ ᠠᠶᠤᠯ ᠦᠭᠡᠢ ᠦᠢ᠍ᠯᠡᠳᠪᠦᠷᠢᠯᠡᠯ᠎ᠤᠨ ᠺᠣᠮᠢᠰ᠂ ᠡᠨᠧᠷᠭᠢ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠺᠣᠮᠢᠰ᠎ᠨᠢ ᠲᠦᠷᠦᠭᠦᠯᠡᠨ ᠠᠵᠢᠯᠯᠠᠵᠤ ᠶᠡᠷᠦᠩᠬᠡᠢ᠎ᠳᠤ᠎ᠨᠢ ᠠᠳᠬᠤᠬᠤ ᠦᠢ᠍ᠯᠡᠳᠦᠯ ᠵᠶ᠋ᠠᠨ ᠪᠠᠳᠠᠷᠠᠭᠤᠯᠤᠨ᠂ ᠡᠯ᠎ᠡ ᠰᠠᠯᠠᠭ᠎ᠠ ᠮᠥᠴᠢᠷ᠎ᠢ ᠰᠢᠮᠳᠠᠭᠤᠯᠵᠤ ᠪᠠᠶ᠋ᠢᠭ᠋ᠠᠳ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠵᠤ᠂ ᠭᠠᠵᠠᠷ ᠬᠥᠳᠡᠯᠦᠯᠲᠡ᠂ ᠴᠠᠭ ᠠᠭᠤᠷ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠠᠯᠠᠭ᠎ᠠ ᠮᠥᠴᠢᠷ ᠬᠢᠭᠡᠳ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ᠎ᠲᠠᠢ ᠰᠠᠯᠠᠭ᠎ᠠ ᠮᠥᠴᠢᠷ᠎ᠯᠦᠭᠡ ᠵᠢᠨ ᠬᠠᠮᠲᠤᠷᠠᠨ ᠬᠥᠳᠡᠯᠦᠯᠴᠡᠬᠦ ᠠᠵᠢᠯ᠎ᠤᠨ ᠲᠣᠭᠲᠠᠴᠠ ᠵᠢ ᠪᠠᠶ᠋ᠢᠭᠤᠯᠵᠤ᠂ ᠲᠡᠷᠢᠭᠦᠨ᠎ᠤ ᠮᠡᠷᠭᠡᠵᠢᠯ᠎ᠤᠨ ᠠᠷᠭ᠎ᠠ ᠪᠠᠷᠢᠯ᠎ᠢ ᠭᠦᠢ᠍ᠴᠡᠳ ᠠᠰᠢᠭᠯᠠᠨ᠂ ᠵᠠᠳᠠᠭ᠋ᠠᠢ ᠨᠡᠭᠦᠷᠡᠰᠦᠨ ᠠᠭᠤᠷᠬᠠᠢ ᠵᠢᠨ ᠠᠮᠤᠷ ᠲᠦᠪᠰᠢᠨ᠎ᠤ ᠲᠦᠭᠰᠢᠭᠦᠷᠢ ᠵᠢ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠵᠢ ᠴᠢᠩᠭ᠋ᠠᠳᠬᠠᠵᠤ᠂ ᠭᠠᠵᠠᠷ ᠬᠥᠳᠡᠯᠦᠯᠲᠡ᠂ ᠲᠤᠶ᠋ᠢᠯ᠎ᠤᠨ ᠭᠠᠢ ᠭᠠᠮᠰᠢᠭ᠎ᠲᠤ ᠴᠠᠭ ᠠᠭᠤᠷ᠂ ᠭᠠᠵᠠᠷ ᠰᠢᠨᠵᠢᠯᠡᠭᠡᠨ᠎ᠤ ᠭᠠᠢ ᠭᠠᠮᠰᠢᠭ᠂ ᠳᠠᠭ᠋ᠠᠭᠤᠯᠢ ᠣᠳᠣᠨ᠎ᠤ ᠵᠢᠷᠤᠭ ᠳᠦᠷᠰᠦ ᠵᠡᠷᠭᠡ ᠵᠢᠨ ᠬᠢᠨᠠᠨ ᠰᠢᠨᠵᠢᠭᠰᠡᠨ ᠮᠡᠳᠡᠭᠡ ᠵᠠᠩᠭᠢ ᠵᠢ ᠬᠠᠮᠲᠤ᠎ᠳᠤ᠎ᠪᠠᠨ ᠬᠦᠷᠲᠡᠯᠴᠡᠵᠦ ᠬᠠᠷᠢᠯᠴᠠᠨ ᠨᠡᠪᠲᠡᠷᠡᠯᠴᠡᠬᠦ ᠵᠢ ᠪᠡᠶᠡᠯᠡᠭᠦᠯᠬᠦ ᠬᠡᠷᠡᠭᠲᠡᠢ᠃
ᠭᠤᠷᠪᠠ᠂ ᠡᠯ᠎ᠡ ᠱᠠᠲᠤᠨ᠎ᠤ ᠨᠡᠭᠦᠷᠡᠰᠦᠨ᠎ᠤ ᠠᠵᠢᠯ ᠲᠥᠷᠥᠯ᠎ᠤᠨ ᠬᠠᠮᠢᠶᠠᠷᠤᠯᠲᠠ᠂ ᠨᠡᠭᠦᠷᠡᠰᠦᠨ ᠠᠭᠤᠷᠬᠠᠢ ᠵᠢᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ᠂ ᠠᠭᠤᠷᠬᠠᠢ ᠵᠢᠨ ᠠᠮᠤᠷ ᠲᠦᠪᠰᠢᠨ᠎ᠤ ᠬᠢᠨᠠᠨ ᠪᠠᠶ᠋ᠢᠴᠠᠭ᠋ᠠᠯᠲᠠ ᠵᠡᠷᠭᠡ ᠰᠠᠯᠠᠭ᠎ᠠ ᠮᠥᠴᠢᠷ᠎ᠨᠢ ᠱᠠᠲᠤ ᠬᠤᠪᠢᠶᠠᠨ ᠬᠢᠨᠠᠨ ᠬᠠᠮᠢᠶᠠᠷᠬᠤ ᠱᠠᠭ᠋ᠠᠷᠳᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠬᠠᠤᠯᠢ ᠵᠢ ᠴᠢᠩᠭ᠎ᠠ ᠬᠡᠷᠡᠭᠵᠢᠭᠦᠯᠦᠨ᠂ ᠬᠢᠨᠠᠯᠲᠠ ᠬᠠᠮᠢᠶᠠᠷᠤᠯᠲᠠ ᠬᠢᠨᠠᠨ ᠪᠠᠶ᠋ᠢᠴᠠᠭ᠋ᠠᠯᠲᠠ ᠬᠢᠬᠦ ᠪᠠ ᠬᠠᠤᠯᠢ ᠬᠡᠷᠡᠭᠵᠢᠭᠦᠯᠬᠦ ᠦᠷ᠎ᠡ ᠴᠢᠳᠠᠮᠵᠢ᠎ᠪᠠᠨ ᠦᠨᠡᠨ ᠬᠦ᠌ ᠳᠡᠭᠡᠭᠰᠢᠯᠡᠭᠦᠯᠬᠦ ᠬᠡᠷᠡᠭᠲᠡᠢ; ᠵᠠᠳᠠᠭ᠋ᠠᠢ ᠨᠡᠭᠦᠷᠡᠰᠦᠨ ᠠᠭᠤᠷᠬᠠᠢ ᠵᠢᠨ ᠬᠦᠨᠳᠦ ᠶᠡᠭᠡ ᠭᠠᠢ ᠭᠠᠮᠰᠢᠭ᠎ᠤᠨ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠰᠢᠰᠲ᠋ᠧᠮ᠎ᠤᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠵᠤ᠂ ᠦᠢ᠍ᠯᠡᠳᠪᠦᠷᠢᠯᠡᠯ᠎ᠤᠨ ᠪᠠᠶ᠋ᠢᠳᠠᠯ ᠪᠠ ᠠᠮᠤᠷ ᠲᠦᠪᠰᠢᠨ᠎ᠤ ᠪᠠᠶ᠋ᠢᠳᠠᠯ᠎ᠢ ᠴᠠᠭ ᠲᠤᠬᠠᠢᠳᠤᠨᠢ ᠬᠢᠨᠠᠨ ᠡᠵᠡᠮᠳᠡᠬᠦ ᠬᠡᠷᠡᠭᠲᠡᠢ; ᠬᠠᠤᠯᠢ ᠪᠤᠰᠤ ᠠᠵᠢᠯᠯᠠᠭ᠎ᠠ᠎ᠳᠤ ᠴᠣᠬᠢᠯᠲᠠ ᠥᠭᠴᠦ ᠬᠠᠤᠯᠢ᠎ᠠᠴᠠ ᠵᠥᠷᠢᠴᠡᠭᠰᠡᠨ᠎ᠢ ᠵᠠᠰᠠᠬᠤ ᠥᠨᠳᠥᠷ ᠳᠠᠷᠤᠯᠲᠠᠲᠤ ᠪᠠᠶ᠋ᠢᠳᠠᠯ᠎ᠢ ᠢᠮᠠᠭᠲᠠ ᠪᠠᠲᠤᠯᠠᠵᠤ᠂ ᠵᠠᠳᠠᠭ᠋ᠠᠢ ᠨᠡᠭᠦᠷᠡᠰᠦᠨ ᠠᠭᠤᠷᠬᠠᠢ ᠵᠢᠨ ᠪᠣᠳᠠᠲᠠᠢ ᠡᠵᠡᠮᠳᠡᠭᠴᠢ ᠪᠠ ᠪᠣᠳᠠᠲᠠᠢ ᠪᠡᠯᠡ ᠭᠠᠷᠭ᠋ᠠᠭᠴᠢ ᠵᠡᠷᠭᠡ 《ᠵᠠᠩᠭᠢᠯᠠᠭ᠎ᠠ ᠵᠢᠨ ᠬᠥᠮᠥᠨ》 ᠪᠠ ᠠᠭᠤᠷᠬᠠᠢ ᠵᠢᠨ ᠳᠠᠷᠤᠭ᠎ᠠ᠂ ᠶᠡᠷᠦᠩᠬᠡᠢ ᠢᠨᠵᠧᠨᠧᠷ ᠵᠡᠷᠭᠡ 《ᠵᠠᠩᠭᠢᠯᠠᠭ᠎ᠠ ᠵᠢᠨ ᠴᠥᠭᠡᠨ ᠲᠣᠭ᠋ᠠᠲᠠᠨ》᠎ᠢ ᠴᠢᠩᠭ᠎ᠠ ᠠᠩᠬᠠᠷᠤᠨ᠂ ᠬᠠᠷᠢᠭᠤᠴᠠᠯᠭ᠎ᠠ ᠨᠡᠬᠡᠮᠵᠢᠯᠡᠬᠦ ᠬᠠᠷᠢᠭᠤᠴᠠᠯᠭ᠎ᠠ ᠬᠡᠯᠡᠯᠴᠡᠬᠦ ᠵᠢ ᠴᠢᠩᠭ᠋ᠠᠷᠠᠭᠤᠯᠵᠤ᠂ ᠶᠠᠯ᠎ᠠ ᠬᠢᠭᠰᠡᠨ ᠵᠶ᠋ᠠᠷ ᠰᠡᠵᠢᠭᠯᠡᠭᠳᠡᠭᠰᠡᠨ ᠬᠡᠷᠡᠭ᠎ᠢ ᠬᠠᠤᠯᠢ ᠴᠠᠭ᠋ᠠᠵᠠ ᠵᠢᠨ ᠪᠠᠶ᠋ᠢᠭᠤᠯᠭ᠎ᠠ᠎ᠳᠤ ᠰᠢᠯᠵᠢᠭᠦᠯᠦᠨ ᠬᠦᠷᠭᠡᠵᠦ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠡᠯ᠎ᠡ ᠱᠠᠲᠤᠨ᠎ᠤ ᠪᠠᠶ᠋ᠢᠭ᠋ᠠᠯᠢ ᠵᠢᠨ ᠡᠬᠢ ᠪᠠᠶᠠᠯᠢᠭ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠨᠢ ᠲᠣᠰ ᠲᠣᠰ᠎ᠤᠨ ᠡᠭᠦᠷᠭᠡ ᠬᠠᠷᠢᠭᠤᠴᠠᠯᠭ᠎ᠠ ᠵᠢᠨ ᠵᠶ᠋ᠠᠨ ᠬᠡᠪᠴᠢᠶᠡᠨ ᠳᠣᠲᠣᠷ᠎ᠠ ᠬᠢᠨᠠᠯᠲᠠ ᠲᠠᠯᠪᠢᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ᠎ᠪᠠᠨ ᠬᠠᠤᠯᠢ ᠶᠣᠰᠣᠭ᠋ᠠᠷ ᠭᠦᠢ᠍ᠴᠡᠳᠬᠡᠨ᠎ᠡ᠃ ᠡᠯ᠎ᠡ ᠱᠠᠲᠤᠨ᠎ᠤ ᠠᠶᠤᠯ ᠦᠭᠡᠢ ᠦᠢ᠍ᠯᠡᠳᠪᠦᠷᠢᠯᠡᠯ᠎ᠤᠨ ᠺᠣᠮᠢᠰ᠎ᠤᠨ ᠠᠯᠪᠠᠨ ᠭᠡᠷ᠎ᠨᠢ ᠬᠢᠨᠠᠯᠲᠠ ᠲᠠᠯᠪᠢᠨ ᠵᠢᠯᠤᠭᠤᠳᠴᠤ ᠵᠣᠬᠢᠴᠠᠭᠤᠯᠬᠤ ᠠᠵᠢᠯ ᠵᠶ᠋ᠠᠨ ᠴᠢᠩᠭ᠋ᠠᠳᠬᠠᠬᠤ ᠬᠡᠷᠡᠭᠲᠡᠢ᠃
ᠳᠥᠷᠪᠡ᠂ ᠵᠠᠳᠠᠭ᠋ᠠᠢ ᠨᠡᠭᠦᠷᠡᠰᠦᠨ ᠠᠭᠤᠷᠬᠠᠢ ᠵᠢᠨ ᠠᠵᠤ ᠠᠬᠤᠶ᠋ᠢᠯᠠᠯ᠎ᠤᠨ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ᠂ ᠪᠣᠳᠠᠲᠠᠢ ᠡᠵᠡᠮᠳᠡᠭᠴᠢ᠂ ᠪᠣᠳᠠᠲᠠᠢ ᠬᠠᠷᠢᠭᠤᠴᠠᠯᠭ᠋ᠠᠲᠠᠨ᠎ᠨᠢ ᠡᠷᠬᠡᠪᠰᠢ ᠠᠶᠤᠯ ᠦᠭᠡᠢ ᠦᠢ᠍ᠯᠡᠳᠪᠦᠷᠢᠯᠡᠯ᠎ᠤᠨ ᠨᠢᠭᠡᠳᠦᠭᠡᠷ ᠬᠠᠷᠢᠭᠤᠴᠠᠯᠭ᠋ᠠᠲᠠᠨ᠎ᠤ ᠬᠠᠷᠢᠭᠤᠴᠠᠯᠭ᠎ᠠ᠎ᠪᠠᠨ ᠴᠢᠩᠭ᠎ᠠ ᠭᠦᠢ᠍ᠴᠡᠳᠬᠡᠵᠦ᠂ ᠲᠤᠰ ᠨᠢᠭᠡᠴᠢ ᠵᠢᠨ ᠵᠶ᠋ᠠᠨ ᠠᠶᠤᠯ ᠦᠭᠡᠢ ᠦᠢ᠍ᠯᠡᠳᠪᠦᠷᠢᠯᠡᠯ᠎ᠳᠤ ᠶᠡᠷᠦᠩᠬᠡᠢ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃ 《ᠠᠭᠤᠷᠬᠠᠢ ᠵᠢᠨ ᠲᠠᠪᠤᠨ ᠳᠠᠷᠤᠭ᠎ᠠ》᠎ᠨᠢ ᠡᠭᠦᠷᠭᠡ ᠬᠠᠷᠢᠭᠤᠴᠠᠯᠭ᠎ᠠ᠎ᠪᠠᠨ ᠴᠢᠩᠭ᠎ᠠ ᠭᠦᠢ᠍ᠴᠡᠳᠬᠡᠵᠦ᠂ ᠠᠭᠤᠷᠬᠠᠢ ᠵᠢᠨ ᠳᠠᠷᠤᠭ᠎ᠠ ᠵᠢᠵᠢᠭᠦᠷ ᠳᠠᠭ᠋ᠠᠭᠤᠯᠬᠤ ᠳᠦᠷᠢᠮ᠎ᠢ ᠴᠢᠩᠭ᠎ᠠ ᠬᠡᠷᠡᠭᠵᠢᠭᠦᠯᠦᠨ᠂ ᠨᠡᠷ᠎ᠡ ᠵᠢᠨ ᠲᠡᠳᠦᠢ ᠵᠢᠵᠢᠭᠦᠷᠯᠡᠬᠦ ᠦᠢ᠍ᠯᠡ ᠠᠵᠢᠯᠯᠠᠭ᠎ᠠ ᠵᠢ ᠴᠢᠩᠭ᠎ᠠ ᠴᠠᠭ᠋ᠠᠵᠠᠯᠠᠬᠤ ᠬᠡᠷᠡᠭᠲᠡᠢ᠃ ᠵᠠᠳᠠᠭ᠋ᠠᠢ ᠨᠡᠭᠦᠷᠡᠰᠦᠨ ᠠᠭᠤᠷᠬᠠᠢᠨᠤᠭᠤᠳ ᠵᠥᠪᠰᠢᠶᠡᠷᠡᠭᠰᠡᠨ ᠵᠢᠷᠤᠭ ᠲᠥᠯᠥᠪᠯᠡᠭᠡ ᠵᠢ ᠴᠢᠩᠭ᠎ᠠ ᠵᠢᠷᠤᠮᠯᠠᠨ ᠪᠠᠷᠢᠯᠭ᠎ᠠ ᠪᠠᠷᠢᠵᠤ᠂ ᠬᠢᠨᠠᠨ ᠰᠢᠨᠵᠢᠬᠦ ᠲᠥᠬᠦᠭᠡᠷᠦᠮᠵᠢ ᠵᠢ ᠭᠦᠢ᠍ᠴᠡᠳ ᠲᠡᠭᠦᠯᠳᠡᠷ ᠪᠦᠷᠢᠨ ᠰᠠᠶ᠋ᠢᠨ ᠪᠠᠶ᠋ᠢᠯᠭ᠋ᠠᠵᠤ᠂ ᠠᠶᠤᠯ ᠦᠭᠡᠢ ᠦᠢ᠍ᠯᠡᠳᠪᠦᠷᠢᠯᠡᠯ᠎ᠤᠨ ᠳᠦᠷᠢᠮ᠎ᠢ ᠪᠦᠷᠢᠨᠰᠢᠭᠦᠯᠬᠦ ᠵᠢᠨ ᠬᠠᠮᠲᠤ ᠪᠣᠳᠠᠲᠠᠶ᠋ᠢᠵᠢᠭᠤᠯᠤᠨ ᠬᠡᠷᠡᠭᠵᠢᠭᠦᠯᠬᠦ ᠬᠡᠷᠡᠭᠲᠡᠢ᠃
ᠲᠠᠪᠤ᠂ ᠰᠢᠯᠭ᠋ᠠᠨ ᠪᠠᠶ᠋ᠢᠴᠠᠭ᠋ᠠᠵᠤ ᠬᠡᠮᠵᠢᠨ ᠪᠠᠶ᠋ᠢᠴᠠᠭ᠋ᠠᠬᠤ᠂ ᠵᠢᠷᠤᠭᠯᠠᠨ ᠲᠥᠯᠥᠪᠯᠡᠬᠦ᠂ ᠦᠨᠡᠯᠡᠬᠦ᠂ ᠭᠠᠵᠠᠷ ᠰᠢᠨᠵᠢᠯᠡᠭᠡᠨ᠎ᠤ ᠬᠠᠶ᠋ᠢᠨ ᠰᠢᠨᠵᠢᠬᠦ ᠵᠡᠷᠭᠡ ᠵᠠᠭᠤᠴᠢ ᠪᠠᠶ᠋ᠢᠭᠤᠯᠤᠮᠵᠢ᠎ᠨᠤᠭᠤᠳ ᠪᠣᠳᠠᠲᠤ ᠪᠠᠶ᠋ᠢᠳᠠᠯ ᠵᠶ᠋ᠠᠨ ᠦᠨᠳᠦᠰᠦᠯᠡᠨ ᠮᠡᠳᠡᠭᠦᠯᠦᠯᠲᠡ ᠭᠠᠷᠭ᠋ᠠᠵᠤ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠵᠢ ᠴᠢᠩᠭ᠎ᠠ ᠴᠠᠭ᠋ᠠᠵᠠᠯᠠᠬᠤ ᠬᠡᠷᠡᠭᠲᠡᠢ᠃ ᠪᠣᠳᠠᠲᠤ ᠪᠠᠶ᠋ᠢᠳᠠᠯ᠎ᠢ ᠦᠨᠳᠦᠰᠦᠯᠡᠭᠰᠡᠨ ᠦᠭᠡᠢ ᠪᠤᠶᠤ ᠬᠤᠳᠠᠯ ᠬᠠᠭᠤᠷᠮᠠᠭ ᠮᠡᠳᠡᠭᠦᠯᠦᠯᠲᠡ ᠭᠠᠷᠭ᠋ᠠᠭᠰᠠᠨ ᠪᠠᠶ᠋ᠢᠪᠠᠯ᠂ 《ᠬᠠᠷ᠎ᠠ ᠲᠠᠩᠰᠠ》 ᠵᠢᠨ ᠬᠠᠮᠢᠶᠠᠷᠤᠯᠲᠠ᠎ᠳᠤ ᠣᠷᠣᠭᠤᠯᠵᠤ᠂ ᠬᠤᠯᠪᠤᠭ᠋ᠠᠯᠠᠨ ᠵᠠᠯᠬᠠᠭ᠋ᠠᠨ ᠴᠡᠭᠡᠷᠯᠡᠭᠦᠯᠬᠦ ᠵᠢ ᠬᠡᠷᠡᠭᠵᠢᠭᠦᠯᠬᠦ ᠬᠡᠷᠡᠭᠲᠡᠢ᠃
ᠵᠢᠷᠭᠤᠭ᠎ᠠ᠂ ᠤᠯᠤᠰ᠎ᠤᠨ ᠠᠭᠤᠷᠬᠠᠢ ᠵᠢᠨ ᠠᠮᠤᠷ ᠲᠦᠪᠰᠢᠨ᠎ᠢ ᠬᠢᠨᠠᠨ ᠪᠠᠶ᠋ᠢᠴᠠᠭ᠋ᠠᠬᠤ ᠲᠣᠪᠴᠢᠶ᠎ᠠ ᠵᠢᠨ ᠥᠪᠥᠷ ᠮᠣᠩᠭᠤᠯ᠎ᠤᠨ ᠲᠣᠪᠴᠢᠶ᠎ᠠ ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠲᠣᠪᠴᠢᠶ᠎ᠠ᠎ᠲᠠᠢ ᠬᠠᠮᠲᠤᠷᠠᠨ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠡᠭᠦᠷᠡᠰᠦᠨ ᠠᠭᠤᠷᠬᠠᠢ ᠵᠢ ᠲᠥᠷᠥᠯ ᠬᠤᠪᠢᠶᠠᠨ ᠬᠢᠨᠠᠨ ᠬᠠᠮᠢᠶᠠᠷᠴᠤ ᠬᠢᠨᠠᠨ ᠪᠠᠶ᠋ᠢᠴᠠᠭ᠋ᠠᠬᠤ ᠵᠢᠨ ᠬᠡᠷᠡᠭᠵᠢᠭᠦᠯᠬᠦ ᠠᠷᠭ᠎ᠠ》 ᠵᠢᠨ ᠱᠠᠭ᠋ᠠᠷᠳᠠᠯᠭ᠎ᠠ ᠶᠣᠰᠣᠭ᠋ᠠᠷ᠂ ᠤᠯᠠᠷᠢᠯ ᠪᠦᠷᠢ ᠵᠠᠳᠠᠭ᠋ᠠᠢ ᠨᠡᠭᠦᠷᠡᠰᠦᠨ ᠠᠭᠤᠷᠬᠠᠢ ᠵᠢᠨ ᠲᠥᠷᠥᠯ ᠬᠤᠪᠢᠶᠠᠨ ᠲᠠᠰ ᠦᠨᠡᠯᠡᠬᠦ᠎ᠳᠤ ᠬᠥᠳᠡᠯᠦᠩᠭᠦᠢ᠎ᠪᠠᠷ ᠲᠣᠬᠢᠷᠠᠭᠤᠯᠤᠯᠲᠠ ᠬᠢᠵᠦ᠂ ᠲᠥᠷᠥᠯ ᠬᠤᠪᠢᠶᠠᠨ ᠲᠠᠰ ᠦᠨᠡᠯᠡᠭᠰᠡᠨ ᠪᠠᠶ᠋ᠢᠳᠠᠯ᠎ᠢ ᠨᠡᠶ᠋ᠢᠭᠡᠮ᠎ᠳᠤ ᠨᠡᠶ᠋ᠢᠲᠡᠯᠡᠨ᠎ᠡ᠃ ᠵᠠᠳᠠᠭ᠋ᠠᠢ ᠨᠡᠭᠦᠷᠡᠰᠦᠨ ᠠᠭᠤᠷᠬᠠᠢ ᠵᠢᠨ ᠲᠥᠷᠥᠯ ᠬᠤᠪᠢᠶᠠᠨ ᠳᠡᠰ ᠦᠨᠡᠯᠡᠭᠰᠡᠨ ᠦᠷ᠎ᠡ ᠳ᠋ᠦᠩ᠎ᠤᠨ ᠰᠢᠨᠵᠢᠯᠡᠬᠦ ᠤᠬᠠᠭ᠋ᠠᠨᠴᠢ ᠬᠡᠷᠡᠭᠯᠡᠯᠲᠡ ᠵᠢ ᠴᠢᠩᠭ᠋ᠠᠳᠬᠠᠵᠤ᠂ C ᠲᠥᠷᠥᠯ᠎ᠤᠨ ᠵᠠᠳᠠᠭ᠋ᠠᠢ ᠨᠡᠭᠦᠷᠡᠰᠦᠨ ᠠᠭᠤᠷᠬᠠᠢ ᠵᠢ ᠭᠤᠣᠯᠳᠠᠯᠭ᠎ᠠ᠎ᠲᠠᠢ ᠬᠢᠨᠠᠨ ᠬᠠᠮᠢᠶᠠᠷᠴᠤ ᠬᠢᠨᠠᠨ ᠪᠠᠶ᠋ᠢᠴᠠᠭ᠋ᠠᠬᠤ ᠡᠲᠡᠭᠡᠳ᠎ᠲᠤ ᠵᠢᠭᠰᠠᠭ᠋ᠠᠨ ᠣᠷᠣᠭᠤᠯᠵᠤ᠂ ᠬᠦᠨᠳᠦ ᠶᠡᠭᠡ ᠠᠮᠤᠷ ᠲᠦᠪᠰᠢᠨ᠎ᠤ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠤᠭᠰᠠᠨ ᠦᠭᠡᠢ᠂ ᠬᠦᠨᠳᠦ ᠶᠡᠭᠡ ᠠᠳᠡᠯ᠎ᠤᠨ ᠳᠠᠯᠳᠠ ᠭᠡᠮ ᠣᠷᠣᠰᠢᠵᠤ ᠪᠠᠶ᠋ᠢᠭ᠎ᠠ ᠵᠢ᠎ᠨᠢ ᠴᠥᠮ ᠬᠠᠤᠯᠢ ᠲᠣᠭᠲᠠᠭ᠋ᠠᠯ ᠶᠣᠰᠣᠭ᠋ᠠᠷ ᠵᠠᠷᠯᠢᠭᠳᠠᠵᠤ ᠪᠠᠶ᠋ᠢᠭ᠋ᠠᠳ ᠦᠢ᠍ᠯᠡᠳᠪᠦᠷᠢᠯᠡᠯ᠎ᠢ᠎ᠨᠢ ᠵᠣᠭᠰᠣᠭ᠋ᠠᠵᠤ ᠴᠡᠭᠴᠡᠯᠡᠨ ᠰᠠᠶ᠋ᠢᠵᠢᠷᠠᠭᠤᠯᠵᠤ᠂ ᠡᠳᠦᠷ ᠲᠤᠲᠤᠮ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠲᠤᠰᠬᠠᠢ ᠬᠥᠮᠥᠨ ᠲᠣᠮᠢᠯᠠᠨ ᠬᠠᠷᠠᠭᠤᠯ᠎ᠤᠨ ᠰᠠᠬᠢᠭᠤᠯᠵᠤ᠂ ᠴᠡᠭᠴᠡᠯᠡᠨ ᠰᠠᠶ᠋ᠢᠵᠢᠷᠠᠭᠤᠯᠬᠤ ᠵᠢ ᠪᠣᠳᠠᠲᠠᠶ᠋ᠢᠵᠢᠭᠤᠯᠤᠭᠰᠠᠨᠤ ᠬᠠᠮᠲᠤ ᠠᠮᠤᠷ ᠲᠦᠪᠰᠢᠨ᠎ᠤ ᠲᠠᠯ᠎ᠠ᠎ᠪᠠᠷ ᠰᠢᠯᠭ᠋ᠠᠨ ᠬᠤᠷᠢᠶᠠᠵᠤ ᠠᠪᠬᠤ᠎ᠳᠤ ᠬᠢᠷᠢ ᠲᠡᠩᠴᠡᠭᠰᠡᠨ᠎ᠤ ᠳᠠᠷᠠᠭ᠎ᠠ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢ᠎ᠨᠢ ᠰᠡᠷᠭᠦᠭᠡᠵᠦ ᠪᠣᠯᠣᠨ᠎ᠠ᠃ ᠡᠯ᠎ᠡ ᠱᠠᠲᠤᠨ᠎ᠤ ᠨᠡᠭᠦᠷᠡᠰᠦᠨ ᠠᠭᠤᠷᠬᠠᠢ ᠵᠢᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ᠂ ᠠᠭᠤᠷᠬᠠᠢ ᠵᠢᠨ ᠠᠮᠤᠷ ᠲᠦᠪᠰᠢᠨ᠎ᠤ ᠬᠢᠨᠠᠨ ᠪᠠᠶ᠋ᠢᠴᠠᠭ᠋ᠠᠯᠲᠠ ᠵᠢᠨ ᠰᠠᠯᠠᠭ᠎ᠠ ᠮᠥᠴᠢᠷ᠎ᠨᠢ C ᠲᠥᠷᠥᠯ᠎ᠤᠨ ᠨᠡᠭᠦᠷᠡᠰᠦᠨ ᠠᠭᠤᠷᠬᠠᠢ ᠵᠢᠨ ᠪᠠᠶ᠋ᠢᠴᠠᠭ᠋ᠠᠯᠲᠠ ᠵᠢᠨ ᠳᠠᠪᠲᠠᠮᠵᠢ᠎ᠪᠠᠨ ᠨᠡᠮᠡᠭᠳᠡᠭᠦᠯᠬᠦ ᠬᠡᠷᠡᠭᠲᠡᠢ᠃ 《ᠨᠡᠭᠦᠷᠡᠰᠦᠨ ᠠᠭᠤᠷᠬᠠᠢ ᠵᠢᠨ ᠦᠢ᠍ᠯᠡᠳᠪᠦᠷᠢᠯᠡᠯ᠎ᠤᠨ ᠴᠢᠳᠠᠪᠤᠷᠢ ᠵᠢᠨ ᠬᠠᠮᠢᠶᠠᠷᠤᠯᠲᠠ ᠵᠢᠨ ᠠᠷᠭ᠎ᠠ》 ᠵᠢ ᠴᠢᠩᠭ᠎ᠠ ᠵᠢᠷᠤᠮᠯᠠᠨ C ᠲᠥᠷᠥᠯ᠎ᠤᠨ ᠨᠡᠭᠦᠷᠡᠰᠦᠨ ᠠᠭᠤᠷᠬᠠᠢ᠎ᠳᠤ ᠦᠢ᠍ᠯᠡᠳᠪᠦᠷᠢᠯᠡᠬᠦ ᠴᠢᠳᠠᠮᠵᠢ ᠵᠢ᠎ᠨᠢ ᠬᠠᠷᠭᠤᠭᠤᠯᠤᠨ ᠲᠣᠭᠲᠠᠭ᠋ᠠᠬᠤ ᠠᠵᠢᠯ᠎ᠢ ᠥᠷᠨᠢᠭᠦᠯᠬᠦ ᠬᠡᠷᠡᠭᠲᠡᠢ᠃
ᠳᠣᠯᠤᠭ᠎ᠠ᠂ ᠵᠠᠳᠠᠭ᠋ᠠᠢ ᠨᠡᠭᠦᠷᠡᠰᠦᠨ ᠠᠭᠤᠷᠬᠠᠢ᠎ᠳᠤ 《ᠨᠡᠭᠦᠷᠡᠰᠦᠨ ᠠᠭᠤᠷᠬᠠᠢ ᠵᠢᠨ ᠬᠦᠨᠳᠦ ᠶᠡᠭᠡ ᠠᠳᠡᠯ᠎ᠤᠨ ᠲᠠᠯᠲᠠ ᠭᠡᠮ᠎ᠢ ᠮᠠᠭ᠋ᠠᠳᠯᠠᠨ ᠲᠣᠭᠲᠠᠭ᠋ᠠᠬᠤ ᠪᠠᠷᠢᠮᠵᠢᠶ᠎ᠠ》᠎ᠳᠤ ᠲᠣᠳᠣᠷᠬᠠᠶ᠋ᠢᠯᠠᠭᠰᠠᠨ ᠬᠦᠨᠳᠦ ᠶᠡᠭᠡ ᠠᠳᠡᠯ᠎ᠤᠨ ᠳᠠᠯᠳᠠ ᠭᠡᠮ᠎ᠤᠨ ᠪᠠᠶ᠋ᠢᠳᠠᠯ᠎ᠤᠨ ᠨᠢᠭᠡ᠎ᠨᠢ ᠪᠠᠶ᠋ᠢᠪᠠᠯ᠂ ᠬᠠᠤᠯᠢ ᠲᠣᠭᠲᠠᠭ᠋ᠠᠯ ᠶᠣᠰᠣᠭ᠋ᠠᠷ ᠵᠠᠷᠯᠢᠭᠳᠠᠵᠤ ᠪᠠᠶ᠋ᠢᠭ᠋ᠠᠳ ᠦᠢ᠍ᠯᠡᠳᠪᠦᠷᠢᠯᠡᠯ᠎ᠢ᠎ᠨᠢ ᠵᠣᠭᠰᠣᠭ᠋ᠠᠵᠤ ᠴᠡᠭᠴᠡᠯᠡᠭᠦᠯᠦᠨ᠎ᠡ; 《ᠨᠡᠭᠦᠷᠡᠰᠦᠨ ᠠᠭᠤᠷᠬᠠᠢ ᠵᠢᠨ ᠬᠦᠨᠳᠦ ᠶᠡᠭᠡ ᠠᠳᠡᠯ᠎ᠤᠨ ᠳᠠᠯᠳᠠ ᠭᠡᠮ᠎ᠢ ᠮᠠᠭ᠋ᠠᠳᠯᠠᠨ ᠲᠣᠭᠲᠠᠭ᠋ᠠᠬᠤ ᠪᠠᠷᠢᠮᠵᠢᠶ᠎ᠠ》᠎ᠠᠴᠠ ᠭᠠᠳᠠᠨᠠᠬᠢ ᠡᠩ᠎ᠤᠨ ᠳᠠᠯᠳᠠ ᠭᠡᠮ ᠣᠷᠣᠰᠢᠵᠤ ᠪᠠᠶ᠋ᠢᠪᠠᠯ᠂ ᠵᠠᠷᠯᠢᠭᠳᠠᠵᠤ ᠪᠠᠶ᠋ᠢᠭ᠋ᠠᠳ ᠳᠠᠯᠳᠠ ᠭᠡᠮ᠎ᠢ ᠲᠡᠷᠡ ᠳᠠᠷᠤᠢ᠎ᠳᠤ᠎ᠨᠢ ᠠᠷᠢᠯᠭ᠋ᠠᠬᠤ ᠪᠤᠶᠤ ᠬᠤᠭᠤᠴᠠᠭ᠎ᠠ ᠬᠢᠵᠠᠭ᠋ᠠᠷᠯᠠᠨ ᠠᠷᠢᠯᠭ᠋ᠠᠭᠤᠯᠬᠤ ᠬᠡᠷᠡᠭᠲᠡᠢ᠂ ᠬᠡᠷᠡᠭᠵᠢᠭᠦᠯᠬᠦ ᠵᠢ ᠲᠡᠪᠴᠢᠪᠡᠯ᠂ ᠬᠠᠤᠯᠢ ᠲᠣᠭᠲᠠᠭ᠋ᠠᠯ ᠶᠣᠰᠣᠭ᠋ᠠᠷ ᠪᠠᠶ᠋ᠢᠴᠠᠭ᠋ᠠᠨ ᠰᠢᠢ᠍ᠳᠪᠦᠷᠢᠯᠡᠬᠦ ᠬᠡᠷᠡᠭᠲᠡᠢ᠃
ᠨᠠᠢ᠍ᠮᠠ᠂ ᠵᠠᠳᠠᠭ᠋ᠠᠢ ᠨᠡᠭᠦᠷᠡᠰᠦᠨ ᠠᠭᠤᠷᠬᠠᠢ᠎ᠨᠢ ᠰᠠᠷ᠎ᠠ ᠪᠦᠷᠢ᠎ᠳᠤ ᠬᠠᠷᠢᠶ᠎ᠠ ᠭᠠᠵᠠᠷ᠎ᠤᠨ ᠵᠶ᠋ᠠᠨ ᠨᠡᠭᠦᠷᠡᠰᠦᠨ ᠠᠭᠤᠷᠬᠠᠢ ᠵᠢᠨ ᠡᠳᠦᠷ ᠲᠤᠲᠤᠮ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ᠂ ᠠᠭᠤᠷᠬᠠᠢ ᠵᠢᠨ ᠠᠮᠤᠷ ᠲᠦᠪᠰᠢᠨ᠎ᠢ ᠬᠢᠨᠠᠨ ᠪᠠᠶ᠋ᠢᠴᠠᠭ᠋ᠠᠬᠤ ᠵᠢ ᠬᠠᠷᠢᠭᠤᠴᠠᠬᠤ ᠰᠠᠯᠠᠭ᠎ᠠ ᠮᠥᠴᠢᠷ᠎ᠲᠤ ᠳᠡᠭᠲᠡᠷ᠎ᠤᠨ ᠥᠨᠳᠥᠷ᠎ᠤᠨ ᠬᠡᠮᠵᠢᠶ᠎ᠡ ᠵᠡᠷᠭᠡ ᠠᠶᠤᠯ ᠦᠭᠡᠢ ᠦᠢ᠍ᠯᠡᠳᠪᠦᠷᠢᠯᠡᠯ᠎ᠤᠨ ᠬᠦᠴᠦᠨ ᠵᠦᠢ᠍ᠯ᠎ᠢ ᠮᠡᠳᠡᠭᠦᠯᠵᠦ᠂ ᠪᠠᠶ᠋ᠢᠭ᠎ᠠ ᠭᠠᠵᠠᠷ᠎ᠤᠨ ᠠᠶ᠋ᠢᠮᠠᠭ ᠬᠤᠲᠠ ᠵᠢᠨ ᠨᠡᠭᠦᠷᠡᠰᠦᠨ ᠠᠭᠤᠷᠬᠠᠢ ᠵᠢᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠠᠭᠤᠷᠬᠠᠢ ᠵᠢᠨ ᠠᠮᠤᠷ ᠲᠦᠪᠰᠢᠨ᠎ᠤ ᠬᠢᠨᠠᠨ ᠪᠠᠶ᠋ᠢᠴᠠᠭ᠋ᠠᠬᠤ ᠰᠠᠯᠠᠭ᠎ᠠ ᠮᠥᠴᠢᠷ᠎ᠲᠠᠢ ᠬᠠᠮᠲᠤᠷᠠᠨ ᠨᠡᠶ᠋ᠢᠭᠡᠮ᠎ᠳᠤ ᠨᠡᠶ᠋ᠢᠲᠡᠯᠡᠬᠦ ᠬᠡᠷᠡᠭᠲᠡᠢ᠃ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ᠎ᠢ ᠣᠯᠵᠤ ᠮᠡᠳᠡᠪᠡᠯ᠂ ᠬᠠᠤᠯᠢ ᠲᠣᠭᠲᠠᠭ᠋ᠠᠯ ᠶᠣᠰᠣᠭ᠋ᠠᠷ ᠰᠢᠢ᠍ᠳᠬᠡᠯ ᠲᠣᠷᠭ᠋ᠠᠭᠤᠯᠢ ᠥᠭᠬᠦ ᠵᠢᠨ ᠬᠠᠮᠲᠤ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠬᠤᠯᠪᠤᠭ᠋ᠠᠯᠠᠨ ᠵᠠᠯᠬᠠᠭ᠋ᠠᠨ ᠴᠡᠭᠡᠷᠯᠡᠭᠦᠯᠬᠦ ᠵᠢ ᠬᠡᠷᠡᠭᠵᠢᠭᠦᠯᠬᠦ ᠬᠡᠷᠡᠭᠲᠡᠢ᠃
ᠶᠢᠰᠦ᠂ ᠵᠠᠳᠠᠭ᠋ᠠᠢ ᠨᠡᠭᠦᠷᠡᠰᠦᠨ ᠠᠭᠤᠷᠬᠠᠢ᠎ᠳᠤ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠭᠠᠵᠠᠷ ᠬᠥᠳᠡᠯᠦᠯᠲᠡ ᠵᠢ ᠬᠢᠨᠠᠨ ᠰᠢᠨᠵᠢᠬᠦ ᠲᠤᠰᠬᠠᠢ ᠥᠷᠲᠡᠭᠡ ᠰᠦᠯᠵᠢᠶ᠎ᠡ᠂ ᠬᠠᠵᠠᠭᠤ ᠪᠡᠯ᠎ᠤᠨ ᠷᠠᠳᠠᠷ᠎ᠢ ᠪᠠᠭᠲᠠᠭ᠋ᠠᠭᠰᠠᠨ ᠬᠠᠵᠠᠭᠤ ᠪᠡᠯ᠎ᠤᠨ ᠬᠢᠨᠠᠨ ᠰᠢᠨᠵᠢᠵᠦ ᠰᠡᠷᠡᠮᠵᠢᠯᠡᠭᠦᠯᠬᠦ ᠰᠢᠰᠲ᠋ᠧᠮ᠂ ᠬᠠᠷᠠᠭ᠋ᠠᠨ ᠳᠠᠪᠲᠠᠮᠵᠢ᠎ᠪᠠᠷ ᠬᠢᠨᠠᠨ ᠡᠵᠡᠮᠳᠡᠬᠦ ᠰᠢᠰᠲ᠋ᠧᠮ᠂ ᠲᠡᠷᠭᠡ ᠬᠥᠰᠬᠡ ᠲᠣᠬᠢᠷᠠᠭᠤᠯᠬᠤ ᠰᠢᠰᠲ᠋ᠧᠮ᠎ᠢ ᠪᠠᠶ᠋ᠢᠭᠤᠯᠵᠤ᠂ 24 ᠴᠠᠭ᠎ᠤᠨ ᠰᠦᠯᠵᠢᠶᠡᠨ ᠳᠡᠭᠡᠷ᠎ᠡ ᠬᠢᠨᠠᠨ ᠰᠢᠨᠵᠢᠬᠦ ᠵᠢ ᠬᠡᠷᠡᠭᠵᠢᠭᠦᠯᠬᠦ ᠵᠢᠨ ᠬᠠᠮᠲᠤ ᠠᠭᠤᠷᠬᠠᠢ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠲᠦᠭᠰᠢᠭᠦᠷᠢ ᠵᠢ ᠬᠢᠨᠠᠨ ᠰᠢᠨᠵᠢᠵᠦ ᠰᠡᠷᠡᠮᠵᠢᠯᠡᠭᠦᠯᠬᠦ ᠰᠢᠰᠲ᠋ᠧᠮ᠎ᠯᠦᠭᠡ ᠰᠦᠯᠵᠢᠶ᠎ᠡ᠎ᠪᠠᠨ ᠬᠤᠯᠪᠣᠬᠤ ᠬᠡᠷᠡᠭᠲᠡᠢ᠃ ᠬᠠᠵᠠᠭᠤ ᠪᠡᠯ᠎ᠤᠨ ᠵᠥᠷᠢᠭᠳᠡᠯ᠂ ᠮᠠᠯᠲᠠᠵᠤ ᠬᠤᠭᠤᠰᠤᠷᠠᠭᠤᠯᠤᠭᠰᠠᠨ ᠣᠷᠣᠨ᠂ ᠬᠠᠶᠠᠭᠳᠠᠮᠠᠯ ᠭᠤᠳᠤᠮᠵᠢᠨ ᠵᠠᠮ ᠵᠡᠷᠭᠡ ᠭᠠᠮᠰᠢᠭ ᠤᠴᠠᠷᠠᠭᠤᠯᠬᠤ ᠨᠢᠭᠤᠭᠳᠠᠮᠠᠯ ᠬᠦᠴᠦᠨ ᠵᠦᠢ᠍ᠯ᠎ᠢ ᠪᠥᠬᠦ ᠲᠠᠯ᠎ᠠ᠎ᠪᠠᠷ ᠪᠠᠶ᠋ᠢᠴᠠᠭ᠋ᠠᠨ ᠲᠣᠳᠣᠯᠠᠵᠤ᠂ ᠵᠠᠰᠠᠬᠤ ᠠᠷᠭ᠎ᠠ ᠬᠡᠮᠵᠢᠶ᠎ᠡ ᠵᠢ ᠴᠢᠩᠭ᠎ᠠ ᠨᠠᠶ᠋ᠢᠳᠠᠪᠤᠷᠢᠵᠢᠭᠤᠯᠤᠨ᠂ ᠵᠠᠰᠠᠯᠲᠠ ᠵᠢ ᠪᠣᠳᠠᠲᠠᠶ᠋ᠢᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠠᠭᠤᠷᠬᠠᠢ ᠮᠠᠯᠲᠠᠬᠤ ᠲᠠᠯᠠᠪᠤᠷ᠎ᠤᠨ ᠣᠷᠣᠵᠤ ᠭᠠᠷᠬᠤ ᠭᠠᠵᠠᠷ ᠵᠡᠷᠭᠡ ᠢᠯᠡ ᠭᠠᠵᠠᠷ᠎ᠲᠤ ᠡᠷᠬᠡᠪᠰᠢ ᠵᠠᠷᠯᠠᠨ ᠮᠡᠳᠡᠭᠳᠡᠬᠦ ᠫᠠᠶ᠋ᠢᠰᠠ ᠲᠠᠯᠪᠢᠵᠤ᠂ ᠲᠤᠬᠠᠢ ᠵᠢᠨ ᠲᠠᠯᠠᠪᠤᠷ᠎ᠤᠨ ᠠᠮᠤᠷ ᠲᠦᠪᠰᠢᠨ᠎ᠤ ᠲᠦᠭᠰᠢᠭᠦᠷᠢ ᠵᠢ ᠲᠣᠳᠣᠷᠬᠠᠢ ᠪᠢᠴᠢᠵᠦ᠂ ᠠᠵᠢᠯᠯᠠᠬᠤ ᠬᠥᠮᠥᠰ᠎ᠲᠤ ᠠᠶᠤᠯ᠎ᠠᠴᠠ ᠪᠠᠴᠢᠮ ᠵᠠᠶ᠋ᠢᠯᠠᠬᠤ ᠪᠠᠶ᠋ᠢᠳᠠᠯ ᠪᠠ ᠡᠷᠬᠡ ᠵᠢ ᠲᠣᠳᠣᠷᠬᠠᠢ ᠬᠡᠯᠡᠵᠦ ᠥᠭᠬᠦ ᠬᠡᠷᠡᠭᠲᠡᠶ; ᠪᠡᠯ ᠶᠡᠭᠦᠷᠡᠬᠦ ᠪᠠ ᠨᠤᠷᠠᠵᠤ ᠴᠥᠮᠥᠷᠡᠬᠦ ᠵᠡᠷᠭᠡ ᠠᠳᠡᠯ ᠭᠠᠷᠬᠤ ᠰᠢᠨᠵᠢ ᠮᠠᠶᠢᠭᠲᠠᠢ ᠪᠠᠶ᠋ᠢᠪᠠᠯ᠂ ᠡᠷᠬᠡᠪᠰᠢ ᠲᠡᠷᠡ ᠳᠠᠷᠤᠢ᠎ᠳᠤ᠎ᠨᠢ ᠠᠵᠢᠯᠯᠠᠬᠤ᠎ᠪᠠᠨ ᠪᠠᠶ᠋ᠢᠵᠤ᠂ ᠬᠥᠮᠥᠰ᠎ᠢ ᠵᠠᠶ᠋ᠢᠯᠠᠭᠤᠯᠤᠨ ᠶᠠᠪᠤᠭᠤᠯᠬᠤ ᠬᠡᠷᠡᠭᠲᠡᠢ᠃
ᠠᠷᠪᠠ᠂ ᠵᠠᠳᠠᠭ᠋ᠠᠢ ᠨᠡᠭᠦᠷᠡᠰᠦᠨ ᠠᠭᠤᠷᠬᠠᠢ ᠵᠢᠨ ᠪᠠᠷᠢᠯᠭ᠎ᠠ ᠳᠠᠭ᠋ᠠᠭ᠋ᠠᠴᠢᠯᠠᠭᠰᠠᠨ ᠨᠢᠭᠡᠴᠢ᠎ᠳᠠᠬᠢ ᠠᠶᠤᠯ ᠦᠭᠡᠢ ᠵᠢᠨ ᠬᠠᠮᠢᠶᠠᠷᠤᠯᠲᠠ᠎ᠪᠠᠨ ᠡᠷᠬᠡᠪᠰᠢ ᠴᠢᠩᠭ᠋ᠠᠳᠬᠠᠬᠤ ᠬᠡᠷᠡᠭᠲᠡᠢ᠃ ᠨᠡᠭᠦᠷᠡᠰᠦ ᠮᠠᠯᠲᠠᠬᠤ ᠪᠠᠷᠢᠯᠭ᠎ᠠ ᠵᠢ ᠭᠠᠳᠠᠭᠰᠢ ᠳᠠᠭ᠋ᠠᠭ᠋ᠠᠴᠢᠯᠠᠭᠤᠯᠵᠤ ᠪᠣᠯᠬᠤ ᠦᠭᠡᠢ; ᠦᠢ᠍ᠯᠡᠳᠪᠦᠷᠢᠯᠡᠯ᠎ᠤᠨ ᠴᠢᠳᠠᠪᠤᠷᠢ᠎ᠨᠢ 500 ᠲᠦᠮᠡᠨ ᠲᠣᠨ / ᠵᠢᠯ᠎ᠠᠴᠠ ᠳᠣᠷᠣᠭᠰᠢᠬᠢ ᠵᠠᠳᠠᠭ᠋ᠠᠢ ᠨᠡᠭᠦᠷᠡᠰᠦᠨ ᠠᠭᠤᠷᠬᠠᠢ ᠵᠢᠨ ᠱᠠᠭ᠋ᠠᠯᠬᠤ ᠪᠠᠷᠢᠯᠭ᠎ᠠ ᠵᠢ ᠳᠠᠭ᠋ᠠᠭ᠋ᠠᠴᠢᠯᠠᠬᠤ ᠨᠢᠭᠡᠴᠢ᠎ᠨᠢ 1᠎ᠠᠴᠠ ᠬᠡᠲᠦᠷᠡᠵᠦ ᠪᠣᠯᠬᠤ ᠦᠭᠡᠢ᠂ ᠦᠢ᠍ᠯᠡᠳᠪᠦᠷᠢᠯᠡᠯ᠎ᠤᠨ ᠴᠢᠳᠠᠪᠤᠷᠢ᠎ᠨᠢ 500 ᠲᠦᠮᠡᠨ ᠲᠣᠨ / ᠵᠢᠯ ᠵᠢᠴᠢ ᠲᠡᠭᠦᠨ᠎ᠠᠴᠠ ᠳᠡᠭᠡᠭᠰᠢᠬᠢ ᠵᠠᠳᠠᠭ᠋ᠠᠢ ᠨᠡᠭᠦᠷᠡᠰᠦᠨ ᠠᠭᠤᠷᠬᠠᠢ ᠵᠢᠨ ᠱᠠᠭ᠋ᠠᠯᠬᠤ ᠪᠠᠷᠢᠯᠭ᠎ᠠ ᠵᠢ ᠳᠠᠭ᠋ᠠᠭ᠋ᠠᠴᠢᠯᠠᠬᠤ ᠨᠢᠭᠡᠴᠢ᠎ᠨᠢ 2᠎ᠠᠴᠠ ᠬᠡᠲᠦᠷᠡᠵᠦ ᠪᠣᠯᠬᠤ ᠦᠭᠡᠢ᠃ ᠳᠠᠭ᠋ᠠᠭ᠋ᠠᠴᠢᠯᠠᠭᠰᠠᠨ ᠨᠢᠭᠡᠴᠢ᠎ᠨᠦᠭᠦᠳ᠎ᠨᠢ ᠲᠤᠰ ᠠᠭᠤᠷᠬᠠᠢ ᠵᠢᠨ ᠡᠩᠨᠡᠭᠡ᠎ᠯᠦᠭᠡ ᠪᠠᠷᠢᠮᠵᠢᠶ᠎ᠠ᠎ᠪᠠᠨ ᠨᠢᠭᠡᠳᠦᠯᠲᠡᠢ ᠪᠣᠯᠭ᠋ᠠᠵᠤ᠂ ᠨᠢᠭᠡᠳᠦᠯᠲᠡᠢ ᠬᠠᠮᠢᠶᠠᠷᠬᠤ ᠬᠡᠷᠡᠭᠲᠡᠢ᠃ ᠵᠠᠳᠠᠭ᠋ᠠᠢ ᠨᠡᠭᠦᠷᠡᠰᠦᠨ ᠠᠭᠤᠷᠬᠠᠢ ᠵᠢᠨ ᠳᠠᠭ᠋ᠠᠭ᠋ᠠᠴᠢᠯᠠᠯᠲᠠ ᠵᠠᠷᠯᠠᠬᠤ᠎ᠳᠤ ᠲᠣᠰ ᠠᠭᠤᠷᠬᠠᠢ ᠵᠢᠨ ᠦᠢ᠍ᠯᠡᠳᠪᠦᠷᠢᠯᠡᠯ᠎ᠤᠨ ᠴᠢᠳᠠᠪᠤᠷᠢ ᠵᠢ ᠦᠨᠳᠦᠰᠦᠯᠡᠨ᠂ ᠪᠠᠷᠢᠯᠭ᠎ᠠ ᠳᠠᠭ᠋ᠠᠭ᠋ᠠᠴᠢᠯᠠᠬᠤ ᠨᠢᠭᠡᠴᠢ ᠵᠢᠨ ᠬᠢᠷᠢ ᠬᠡᠮ᠎ᠤᠨ ᠱᠠᠭ᠋ᠠᠷᠳᠠᠯᠭ᠎ᠠ ᠵᠢ ᠲᠣᠳᠣᠷᠬᠠᠶ᠋ᠢᠯᠠᠬᠤ ᠬᠡᠷᠡᠭᠲᠡᠶ; ᠳᠠᠭ᠋ᠠᠭ᠋ᠠᠴᠢᠯᠠᠯᠲᠠ ᠵᠠᠷᠯᠠᠯᠲᠠ ᠵᠢᠨ ᠳᠣᠣᠷ᠎ᠠ ᠬᠢᠵᠠᠭ᠋ᠠᠷ ᠦᠨ᠎ᠡ ᠵᠢ ᠲᠣᠭᠲᠠᠭ᠋ᠠᠬᠤ ᠵᠢᠨ ᠬᠠᠮᠲᠤ ᠳᠠᠭ᠋ᠠᠭ᠋ᠠᠴᠢᠯᠠᠯᠲᠠ ᠬᠦᠯᠢᠶᠡᠬᠦ ᠨᠢᠭᠡᠴᠢ ᠵᠢᠨ ᠠᠵᠢᠯ᠎ᠤᠨ ᠠᠮᠵᠢᠯᠲᠠ ᠪᠦᠲᠦᠮᠵᠢ᠂ ᠴᠢᠳᠠᠪᠤᠷᠢ ᠵᠡᠷᠭᠡ ᠬᠦᠴᠦᠨ ᠵᠦᠢ᠍ᠯ᠎ᠢ ᠶᠡᠷᠦᠩᠬᠡᠶ᠋ᠢᠯᠡᠨ ᠪᠣᠳᠣᠯᠬᠢᠯᠠᠵᠤ ᠪᠠᠶ᠋ᠢᠭ᠋ᠠᠳ ᠳᠠᠭ᠋ᠠᠭ᠋ᠠᠴᠢᠯᠠᠯᠲᠠ ᠣᠨᠣᠬᠤ ᠠᠵᠤ ᠠᠬᠤᠶ᠋ᠢᠯᠠᠯ᠎ᠢ ᠲᠣᠭᠲᠠᠭ᠋ᠠᠬᠤ ᠬᠡᠷᠡᠭᠲᠡᠢ᠂ ᠳᠥᠭᠦᠮᠬᠡᠨ ᠵᠶ᠋ᠠᠷ ᠬᠠᠮᠤᠭ᠎ᠤᠨ ᠳᠣᠣᠷ᠎ᠠ ᠦᠨ᠎ᠡ᠎ᠪᠠᠷ ᠳᠠᠭ᠋ᠠᠭ᠋ᠠᠴᠢᠯᠠᠯᠲᠠ ᠣᠨᠣᠭ᠋ᠠᠵᠤ ᠪᠣᠯᠬᠤ ᠦᠭᠡᠢ᠃ ᠳᠠᠭ᠋ᠠᠭ᠋ᠠᠴᠢᠯᠠᠬᠤ ᠨᠢᠭᠡᠴᠢ ᠵᠢᠨ᠎ᠬᠢᠨ ᠳᠠᠭ᠋ᠠᠭ᠋ᠠᠴᠢᠯᠠᠭᠰᠠᠨ ᠪᠠᠷᠢᠯᠭ᠎ᠠ ᠵᠢᠨ ᠭᠤᠣᠯ ᠴᠣᠭᠴᠠ ᠵᠢ ᠬᠤᠪᠢᠶᠠᠨ ᠳᠠᠭ᠋ᠠᠭ᠋ᠠᠴᠢᠯᠠᠭᠤᠯᠬᠤ ᠵᠢ᠎ᠨᠢ ᠴᠠᠭ᠋ᠠᠵᠠᠯᠠᠵᠤ᠂ ᠳᠠᠭ᠋ᠠᠭ᠋ᠠᠴᠢᠯᠠᠭᠰᠠᠨ ᠨᠢᠭᠡᠴᠢ ᠲᠡᠭᠦᠨ᠎ᠤ ᠥᠪᠡᠷ᠎ᠤᠨ ᠳᠠᠭ᠋ᠠᠭ᠋ᠠᠨ ᠠᠪᠤᠭᠰᠠᠨ ᠪᠠᠷᠢᠯᠭ᠎ᠠ᠎ᠪᠠᠨ ᠰᠢᠯᠵᠢᠭᠦᠯᠦᠨ ᠳᠠᠭ᠋ᠠᠭ᠋ᠠᠴᠢᠯᠠᠭᠤᠯᠬᠤ ᠵᠢ ᠴᠠᠭ᠋ᠠᠵᠠᠯᠠᠬᠤ ᠬᠡᠷᠡᠭᠲᠡᠢ᠃
ᠠᠷᠪᠠᠨ ᠨᠢᠭᠡ᠂ ᠵᠠᠳᠠᠭ᠋ᠠᠢ ᠨᠡᠭᠦᠷᠡᠰᠦᠨ ᠠᠭᠤᠷᠬᠠᠢ ᠪᠣᠯ ᠬᠠᠤᠯᠢ ᠲᠣᠭᠲᠠᠭ᠋ᠠᠯ ᠶᠣᠰᠣᠭ᠋ᠠᠷ ᠪᠦᠬᠦ ᠠᠵᠢᠯᠯᠠᠭᠰᠠᠳ᠎ᠲᠤ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ ᠲᠤᠰᠢᠶᠠᠨ ᠥᠭᠴᠦ᠂ ᠠᠶᠤᠯ ᠦᠭᠡᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢᠨ ᠳᠠᠭ᠋ᠠᠳᠬᠠᠯ᠎ᠳᠤ ᠤᠷᠤᠭᠤᠯᠬᠤ ᠬᠡᠷᠡᠭᠲᠡᠢ᠃
ᠠᠷᠪᠠᠨ ᠬᠤᠶᠠᠷ᠂ ᠵᠠᠳᠠᠭ᠋ᠠᠢ ᠨᠡᠭᠦᠷᠡᠰᠦᠨ ᠠᠭᠤᠷᠬᠠᠢ ᠵᠢᠨ ᠠᠳᠠᠯᠢ ᠨᠢᠭᠡ ᠨᠡᠭᠡᠭᠡᠨ ᠮᠠᠯᠲᠠᠬᠤ ᠲᠡᠭᠰᠢ ᠲᠠᠪᠴᠠᠩ᠂ ᠠᠳᠠᠯᠢ ᠨᠢᠭᠡ ᠤᠬᠤᠵᠤ ᠮᠠᠯᠲᠠᠬᠤ ᠪᠦᠰᠡ᠂ ᠮᠠᠯᠲᠠᠵᠤ ᠱᠠᠭ᠋ᠠᠯᠬᠤ ᠲᠥᠬᠦᠭᠡᠷᠦᠮᠵᠢ ᠵᠢᠨ ᠬᠤᠭᠤᠷᠣᠨᠳᠤᠬᠢ ᠠᠮᠤᠷ ᠲᠦᠪᠰᠢᠨ᠎ᠤ ᠵᠠᠢ᠎ᠨᠢ 50 ᠮᠸᠲᠷ᠎ᠠᠴᠠ ᠣᠶ᠋ᠢᠷ᠎ᠠ ᠪᠠᠶ᠋ᠢᠵᠤ ᠪᠣᠯᠬᠤ ᠦᠭᠡᠢ᠂ ᠲᠡᠭᠡᠭᠡᠪᠦᠷᠢ ᠵᠢᠨ ᠲᠥᠬᠦᠭᠡᠷᠦᠮᠵᠢ ᠵᠢᠨ ᠬᠤᠭᠤᠷᠣᠨᠳᠤᠬᠢ ᠠᠮᠤᠷ ᠲᠦᠪᠰᠢᠨ᠎ᠤ ᠵᠠᠢ᠎ᠨᠢ 30 ᠮᠸᠲᠷ᠎ᠠᠴᠠ ᠪᠠᠭ᠎ᠠ ᠪᠠᠶ᠋ᠢᠵᠤ ᠪᠣᠯᠬᠤ ᠦᠭᠡᠢ᠃ 300 ᠮᠸᠲᠷ᠎ᠤᠨ ᠠᠵᠢᠯᠯᠠᠬᠤ ᠱᠤᠭᠤᠮ᠎ᠤᠨ ᠬᠡᠪᠴᠢᠶᠡᠨ ᠳᠣᠲᠣᠷ᠎ᠠ᠂ ᠳᠡᠭᠡᠷ᠎ᠡ᠎ᠠᠴᠠ ᠳᠣᠷᠣᠭᠰᠢ ᠪᠦᠬᠦ ᠳᠡᠭᠲᠡᠷ᠎ᠲᠤ ᠳᠠᠩ ᠡᠭᠡᠯᠵᠢ ᠵᠢᠨ ᠠᠵᠢᠯᠯᠠᠬᠤ ᠬᠥᠮᠥᠨ᠎ᠤ ᠲᠤᠭ᠎ᠠ᠎ᠨᠢ 29 ᠬᠥᠮᠥᠨ᠎ᠠᠴᠠ ᠢᠯᠡᠭᠦᠦ ᠪᠠᠶ᠋ᠢᠵᠤ ᠪᠣᠯᠬᠤ ᠦᠭᠡᠢ᠃
ᠠᠷᠪᠠᠨ ᠭᠤᠷᠪᠠ᠂ ᠥᠪᠡᠷᠲᠡᠭᠡᠨ ᠵᠠᠰᠠᠬᠤ ᠣᠷᠣᠨ᠎ᠤ ᠨᠡᠭᠦᠷᠡᠰᠦᠨ ᠠᠭᠤᠷᠬᠠᠢ ᠵᠢᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠤᠯᠤᠰ᠎ᠤᠨ ᠠᠭᠤᠷᠬᠠᠢ ᠵᠢᠨ ᠠᠮᠤᠷ ᠲᠦᠪᠰᠢᠨ᠎ᠤ ᠬᠢᠨᠠᠨ ᠪᠠᠶ᠋ᠢᠴᠠᠭ᠋ᠠᠬᠤ ᠲᠣᠪᠴᠢᠶ᠎ᠠ ᠵᠢᠨ ᠥᠪᠥᠷ ᠮᠣᠩᠭᠤᠯ᠎ᠤᠨ ᠲᠣᠪᠴᠢᠶ᠎ᠠ᠎ᠲᠠᠢ ᠬᠠᠮᠲᠤᠷᠠᠨ᠂ ᠵᠠᠳᠠᠭ᠋ᠠᠢ ᠨᠡᠭᠦᠷᠡᠰᠦᠨ ᠠᠭᠤᠷᠬᠠᠢ ᠵᠢᠨ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠪᠠᠶ᠋ᠢᠳᠠᠯ᠂ ᠦᠢ᠍ᠯᠡᠳᠪᠦᠷᠢᠯᠡᠯ ᠪᠠ ᠠᠵᠢᠯ ᠵᠶ᠋ᠠᠨ ᠵᠣᠭᠰᠣᠭ᠋ᠠᠭᠰᠠᠨ ᠰᠢᠯᠲᠠᠭ᠋ᠠᠨ᠂ ᠦᠢ᠍ᠯᠡᠳᠪᠦᠷᠢᠯᠡᠯ ᠪᠠ ᠠᠵᠢᠯ ᠵᠶ᠋ᠠᠨ ᠰᠡᠷᠭᠦᠭᠡᠭᠰᠡᠨ ᠴᠣᠬᠤᠯᠠᠪᠤᠷᠢ ᠵᠡᠷᠭᠡ ᠪᠠᠶ᠋ᠢᠳᠠᠯ᠎ᠢ ᠴᠠᠭ ᠲᠤᠬᠠᠢᠳᠤᠨᠢ ᠨᠡᠶ᠋ᠢᠭᠡᠮ᠎ᠳᠤ ᠢᠯᠡ ᠪᠣᠯᠭ᠋ᠠᠵᠤ᠂ ᠨᠡᠶ᠋ᠢᠭᠡᠮ᠎ᠤᠨ᠎ᠬᠢᠨ᠎ᠤ ᠬᠢᠨᠠᠯᠲᠠ ᠲᠠᠯᠪᠢᠯᠲᠠ ᠵᠢ ᠬᠦᠯᠢᠶᠡᠬᠦ ᠬᠡᠷᠡᠭᠲᠡᠢ᠃
ᠠᠷᠪᠠᠨ ᠳᠥᠷᠪᠡ᠂ ᠡᠯ᠎ᠡ ᠱᠠᠲᠤᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ᠂ ᠨᠡᠭᠦᠷᠡᠰᠦᠨ᠎ᠤ ᠠᠵᠢᠯ ᠲᠥᠷᠥᠯ᠎ᠤᠨ ᠬᠠᠮᠢᠶᠠᠷᠤᠯᠲᠠ᠂ ᠨᠡᠭᠦᠷᠡᠰᠦᠨ ᠠᠭᠤᠷᠬᠠᠢ ᠵᠢᠨ ᠠᠶᠤᠯ ᠦᠭᠡᠢ ᠵᠢᠨ ᠬᠢᠨᠠᠯᠲᠠ ᠬᠠᠮᠢᠶᠠᠷᠤᠯᠲᠠ᠂ ᠠᠭᠤᠷᠬᠠᠢ ᠵᠢᠨ ᠠᠶᠤᠯ ᠦᠭᠡᠢ ᠵᠢᠨ ᠬᠢᠨᠠᠨ ᠪᠠᠶ᠋ᠢᠴᠠᠭ᠋ᠠᠬᠤ ᠵᠡᠷᠭᠡ ᠰᠠᠯᠠᠭ᠎ᠠ ᠮᠥᠴᠢᠷ᠎ᠤᠳ ᠨᠡᠭᠦᠷᠡᠰᠦᠨ ᠠᠭᠤᠷᠬᠠᠢ ᠵᠢᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠢᠯᠡᠴᠢᠯᠡᠨ ᠮᠡᠳᠡᠭᠦᠯᠬᠦ ᠠᠷᠭ᠎ᠠ ᠵᠠᠮ᠎ᠢ ᠰᠠᠭ᠋ᠠᠳ ᠦᠭᠡᠢ ᠨᠡᠪᠲᠡᠷᠡᠭᠦᠯᠦᠨ᠂ ᠨᠡᠶ᠋ᠢᠭᠡᠮ᠎ᠳᠤ ᠢᠯᠡᠴᠢᠯᠡᠨ ᠮᠡᠳᠡᠭᠦᠯᠬᠦ ᠤᠲᠠᠰᠤ᠎ᠪᠠᠨ ᠢᠯᠡ ᠪᠣᠯᠭ᠋ᠠᠵᠤ᠂ ᠢᠯᠡᠴᠢᠯᠡᠨ ᠮᠡᠳᠡᠭᠦᠯᠦᠭᠰᠡᠨ᠎ᠢ ᠱᠠᠩᠨᠠᠬᠤ ᠵᠠᠷᠤᠳᠠᠯ᠎ᠢ᠎ᠨᠢ ᠠᠳᠠᠯᠢ ᠱᠠᠲᠤᠨ᠎ᠤ ᠡᠳ᠋᠎ᠤᠨ ᠵᠠᠰᠠᠭ᠎ᠤᠨ ᠲᠥᠰᠥᠪ᠎ᠲᠤ ᠣᠷᠣᠭᠤᠯᠬᠤ ᠬᠡᠷᠡᠭᠲᠡᠢ᠃
ᠠᠷᠪᠠᠨ ᠲᠠᠪᠤ᠂ ᠵᠠᠳᠠᠭ᠋ᠠᠢ ᠨᠡᠭᠦᠷᠡᠰᠦᠨ ᠠᠭᠤᠷᠬᠠᠢ᠎ᠳᠤ 《ᠳᠥᠷᠪᠡᠨ ᠨᠢᠭᠡ ᠪᠦᠯᠦᠭ》 ᠰᠢᠢ᠍ᠳᠪᠦᠷᠢᠯᠡᠬᠦ ᠠᠷᠭ᠎ᠠ ᠬᠡᠮᠵᠢᠶ᠎ᠡ ᠵᠢ ᠠᠪᠬᠤ ᠬᠡᠷᠡᠭᠲᠡᠢ᠃
(ᠨᠢᠭᠡ) ᠨᠢᠭᠡ ᠪᠦᠯᠦᠭ᠎ᠢ ᠬᠠᠭ᠋ᠠᠯᠭ᠋ᠠᠨ ᠵᠣᠭᠰᠣᠭ᠋ᠠᠵᠤ ᠪᠤᠴᠠᠭ᠋ᠠᠨ ᠭᠠᠷᠭ᠋ᠠᠨ᠎ᠠ᠃ ᠬᠦᠨᠳᠦ ᠶᠡᠭᠡ ᠠᠳᠡᠯ᠎ᠤᠨ ᠳᠠᠯᠳᠠ ᠭᠡᠮ ᠣᠷᠣᠰᠢᠵᠤ᠂ ᠴᠡᠭᠴᠡᠯᠡᠨ ᠰᠠᠶ᠋ᠢᠵᠢᠷᠠᠭᠤᠯᠤᠭᠰᠠᠨ᠎ᠤ ᠳᠠᠷᠠᠭ᠎ᠠ ᠮᠥᠨ ᠬᠦ᠌ ᠠᠮᠤᠷ ᠲᠦᠪᠰᠢᠨ᠎ᠤ ᠨᠥᠬᠦᠴᠡᠯ᠎ᠳᠤ ᠬᠦᠷᠴᠦ ᠳᠡᠶ᠋ᠢᠯᠬᠦ ᠦᠭᠡᠢ ᠵᠠᠳᠠᠭ᠋ᠠᠢ ᠨᠡᠭᠦᠷᠡᠰᠦᠨ ᠠᠭᠤᠷᠬᠠᠢ ᠵᠢ ᠬᠠᠤᠯᠢ ᠲᠣᠭᠲᠠᠭ᠋ᠠᠯ ᠶᠣᠰᠣᠭ᠋ᠠᠷ ᠬᠠᠭ᠋ᠠᠯᠭ᠋ᠠᠨ ᠵᠣᠭᠰᠣᠭ᠋ᠠᠵᠤ ᠪᠤᠴᠠᠭ᠋ᠠᠨ ᠭᠠᠷᠭ᠋ᠠᠬᠤ ᠬᠡᠷᠡᠭᠲᠡᠢ᠃
(ᠬᠤᠶᠠᠷ) ᠨᠢᠭᠡ ᠪᠦᠯᠦᠭ᠎ᠢ ᠡᠮᠬᠢᠯᠡᠨ ᠨᠡᠶ᠋ᠢᠯᠡᠭᠦᠯᠵᠦ ᠳᠠᠬᠢᠨ ᠵᠣᠬᠢᠶᠠᠨ ᠪᠠᠶ᠋ᠢᠭᠤᠯᠤᠨ᠎ᠠ᠃ ᠡᠬᠢ ᠪᠠᠶᠠᠯᠢᠭ᠎ᠤᠨ ᠬᠤᠪᠢᠶᠠᠷᠢᠯᠠᠯᠲᠠ᠎ᠨᠢ ᠰᠢᠨᠵᠢᠯᠡᠬᠦ ᠤᠬᠠᠭ᠋ᠠᠨᠴᠢ ᠪᠤᠰᠤ᠂ ᠵᠦᠢ ᠵᠣᠬᠢᠰ ᠦᠭᠡᠢ ᠪᠠᠶ᠋ᠢᠵᠤ᠂ ᠠᠭᠤᠷᠬᠠᠢ ᠵᠢᠨ ᠰᠠᠪᠠ ᠵᠢᠨ ᠲᠠᠯᠠᠪᠠᠢ᠎ᠨᠢ ᠪᠠᠭ᠎ᠠ᠂ ᠬᠡᠪ᠎ᠤᠨ ᠮᠠᠯᠲᠠᠵᠤ ᠴᠡᠪᠡᠷᠯᠡᠬᠦ ᠠᠵᠢᠯ᠎ᠢ ᠪᠡᠶᠡᠯᠡᠭᠦᠯᠬᠦ ᠵᠢᠨ ᠠᠷᠭ᠎ᠠ ᠦᠭᠡᠢ᠂ ᠡᠰᠡᠬᠦᠯ᠎ᠡ ᠬᠠᠵᠠᠭᠤ ᠬᠠᠪᠢ᠎ᠪᠠᠷ᠎ᠬᠢ ᠨᠡᠭᠦᠷᠡᠰᠦᠨ ᠠᠭᠤᠷᠬᠠᠢ ᠠᠶᠤᠯ ᠦᠭᠡᠢ ᠦᠢ᠍ᠯᠡᠳᠪᠦᠷᠢᠯᠡᠯ᠎ᠢ᠎ᠨᠢ ᠨᠥᠯᠥᠭᠡᠯᠡᠵᠦ ᠪᠠᠶ᠋ᠢᠭ᠎ᠠ ᠵᠠᠳᠠᠭ᠋ᠠᠢ ᠨᠡᠭᠦᠷᠡᠰᠦᠨ ᠠᠭᠤᠷᠬᠠᠢ ᠵᠢ ᠬᠠᠤᠯᠢ ᠲᠣᠭᠲᠠᠭ᠋ᠠᠯ ᠶᠣᠰᠣᠭ᠋ᠠᠷ ᠡᠮᠬᠢᠯᠡᠨ ᠨᠡᠶ᠋ᠢᠯᠡᠭᠦᠯᠵᠦ ᠳᠠᠬᠢᠨ ᠵᠣᠬᠢᠶᠠᠨ ᠪᠠᠶ᠋ᠢᠭᠤᠯᠵᠤ᠂ ᠵᠢᠵᠢᠭ ᠬᠡᠯᠪᠡᠷᠢ ᠵᠢᠨ ᠵᠠᠳᠠᠭ᠋ᠠᠢ ᠨᠡᠭᠦᠷᠡᠰᠦᠨ ᠠᠭᠤᠷᠬᠠᠢ ᠵᠢ ᠲᠣᠮᠣ ᠬᠡᠯᠪᠡᠷᠢ ᠵᠢᠨ ᠠᠭᠤᠷᠬᠠᠢ ᠲᠡᠶ᠋ᠢᠰᠢ ᠬᠡᠯᠪᠡᠷᠢ ᠵᠢ᠎ᠨᠢ ᠬᠤᠪᠢᠷᠠᠭᠤᠯᠬᠤ ᠵᠢ ᠠᠬᠢᠭᠤᠯᠤᠨ᠂ ᠬᠠᠮᠢᠶᠠᠷᠤᠨ ᠡᠵᠡᠮᠳᠡᠬᠦ ᠵᠢ ᠨᠢᠭᠡ ᠴᠣᠭᠴᠠᠵᠢᠭᠤᠯᠬᠤ᠂ ᠨᠡᠭᠡᠭᠡᠨ ᠮᠠᠯᠲᠠᠬᠤ ᠵᠢ ᠣᠶᠤᠨᠴᠢᠯᠠᠬᠤ᠂ ᠲᠣᠨᠤᠭ ᠲᠥᠬᠦᠭᠡᠷᠦᠮᠵᠢ ᠵᠢ ᠬᠦᠨᠳᠦ ᠬᠡᠯᠪᠡᠷᠢᠵᠢᠭᠦᠯᠬᠦ᠂ ᠡᠩᠨᠡᠭᠡ ᠵᠢ ᠲᠤᠰᠬᠠᠶ᠋ᠢᠵᠢᠭᠤᠯᠬᠤ᠂ ᠬᠠᠮᠢᠶᠠᠷᠤᠯᠲᠠ ᠵᠢ ᠨᠠᠷᠢᠯᠢᠭᠵᠢᠭᠤᠯᠬᠤ ᠪᠠ ᠠᠮᠢ ᠠᠬᠤᠢ ᠵᠢ ᠡᠬᠢ ᠪᠠᠶᠠᠯᠢᠭᠵᠢᠭᠤᠯᠬᠤ ᠵᠢ ᠪᠡᠶᠡᠯᠡᠭᠦᠯᠬᠦ ᠬᠡᠷᠡᠭᠲᠡᠢ᠃
(ᠭᠤᠷᠪᠠ) ᠨᠢᠭᠡ ᠪᠦᠯᠦᠭ᠎ᠢ ᠥᠭᠡᠷᠡᠴᠢᠯᠡᠨ ᠰᠠᠶ᠋ᠢᠵᠢᠷᠠᠭᠤᠯᠤᠨ᠎ᠠ᠃ ᠣᠲᠣ ᠵᠢᠨ ᠪᠠᠶ᠋ᠢᠭ᠎ᠠ ᠬᠠᠳᠠᠭ᠋ᠠᠯᠠᠭᠳᠠᠴᠠ᠎ᠪᠠᠷ ᠠᠷᠪᠢᠨ᠂ ᠲᠤᠬᠠᠢ ᠵᠢᠨ ᠲᠠᠯᠠᠪᠤᠷ᠎ᠢ ᠰᠠᠶ᠋ᠢᠲᠤᠷ ᠬᠠᠮᠢᠶᠠᠷᠤᠭᠰᠠᠨ᠂ ᠮᠡᠷᠭᠡᠵᠢᠯ᠎ᠤᠨ ᠠᠵᠢᠯᠲᠠᠨ᠎ᠤ ᠲᠣᠬᠢᠷᠠᠭᠤᠯᠤᠯᠲᠠ᠎ᠨᠢ ᠰᠠᠶ᠋ᠢᠨ ᠪᠠᠶ᠋ᠢᠬᠤ ᠵᠠᠳᠠᠭ᠋ᠠᠢ ᠨᠡᠭᠦᠷᠡᠰᠦᠨ ᠠᠭᠤᠷᠬᠠᠢ᠎ᠳᠤ ᠵᠢᠯᠣᠭᠤᠴᠢ ᠦᠭᠡᠢ᠂ ᠬᠠᠵᠠᠭᠤ ᠪᠠᠯ᠎ᠤᠨ ᠷᠠᠳᠠᠷ᠎ᠤᠨ ᠬᠢᠨᠠᠨ ᠰᠢᠨᠵᠢᠯᠲᠡ ᠵᠡᠷᠭᠡ ᠲᠡᠷᠢᠭᠦᠨ᠎ᠤ ᠮᠡᠷᠭᠡᠵᠢᠯ᠎ᠤᠨ ᠬᠡᠷᠡᠭᠯᠡᠯᠲᠡ ᠵᠢ ᠠᠬᠢᠭᠤᠯᠵᠤ᠂ ᠣᠶᠤᠨᠴᠢᠯᠠᠯᠲᠠ᠂ ᠮᠡᠳᠡᠭᠡ ᠵᠠᠩᠭᠢᠴᠢᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠥᠭᠡᠷᠡᠴᠢᠯᠡᠯᠲᠡ᠎ᠪᠠᠷ ᠳᠠᠮᠵᠢᠭᠤᠯᠤᠨ᠂ ᠠᠶᠤᠯ ᠦᠭᠡᠢ ᠦᠢ᠍ᠯᠡᠳᠪᠦᠷᠢᠯᠡᠯ᠎ᠤᠨ ᠬᠢᠷᠢ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃ (ᠳᠥᠷᠪᠡ) ᠨᠢᠭᠡ ᠪᠦᠯᠦᠭ᠎ᠢ ᠰᠢᠨ᠎ᠡ᠎ᠪᠠᠷ ᠪᠠᠶ᠋ᠢᠭᠤᠯᠬᠤ᠎ᠪᠠᠷ ᠲᠥᠯᠥᠪᠵᠢᠭᠦᠯᠦᠨ᠎ᠡ᠃ ᠤᠯᠤᠰ᠎ᠤᠨ ᠠᠵᠤ ᠦᠢ᠍ᠯᠡᠰ᠎ᠤᠨ ᠲᠥᠷᠥ ᠵᠢᠨ ᠪᠣᠳᠣᠯᠭ᠎ᠠ ᠪᠣᠯᠣᠨ ᠨᠡᠭᠦᠷᠡᠰᠦᠨ᠎ᠤ ᠬᠠᠩᠭ᠋ᠠᠯᠭ᠎ᠠ ᠬᠡᠷᠡᠭᠴᠡᠭᠡ ᠵᠢᠨ ᠪᠠᠶ᠋ᠢᠳᠠᠯ᠎ᠲᠠᠢ ᠭᠦᠢ᠍ᠴᠡᠳ ᠤᠶᠠᠯᠳᠤᠭᠤᠯᠤᠨ᠂ ᠨᠡᠭᠦᠷᠡᠰᠦᠨ᠎ᠤ ᠦᠢ᠍ᠯᠡᠳᠪᠦᠷᠢᠯᠡᠯ᠎ᠤᠨ ᠴᠢᠳᠠᠮᠵᠢ ᠵᠢ ᠦᠷᠭᠦᠯᠵᠢᠯᠡᠭᠦᠯᠬᠦ ᠵᠢ ᠯᠠᠪᠳᠠᠭᠤᠨ ᠵᠶ᠋ᠠᠷ ᠠᠬᠢᠭᠤᠯᠵᠤ᠂ ᠣᠳᠣᠬᠢᠴᠢᠯᠠᠭᠰᠠᠨ ᠲᠣᠮᠣ ᠬᠡᠯᠪᠡᠷᠢ ᠵᠢᠨ ᠵᠠᠳᠠᠭ᠋ᠠᠢ ᠨᠡᠭᠦᠷᠡᠰᠦᠨ ᠠᠭᠤᠷᠬᠠᠢ ᠵᠢ ᠰᠢᠨ᠎ᠡ᠎ᠪᠠᠷ ᠪᠠᠶ᠋ᠢᠭᠤᠯᠬᠤ ᠬᠡᠷᠡᠭᠲᠡᠢ᠃
ᠠᠷᠪᠠᠨ ᠵᠢᠷᠭᠤᠭ᠎ᠠ᠂ ᠡᠯ᠎ᠡ ᠭᠠᠵᠠᠷ ᠣᠷᠣᠨ᠎ᠨᠢ ᠵᠠᠳᠠᠭ᠋ᠠᠢ ᠨᠡᠭᠦᠷᠡᠰᠦᠨ ᠠᠭᠤᠷᠬᠠᠢ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠶᠠᠪᠤᠴᠠ᠎ᠳᠤ ᠣᠷᠣᠰᠢᠵᠤ ᠪᠠᠶ᠋ᠢᠭ᠎ᠠ ᠭᠠᠵᠠᠷ ᠰᠢᠷᠣᠢ ᠵᠢᠨ ᠠᠰᠢᠭᠯᠠᠯᠲᠠ᠂ ᠠᠭᠤᠷᠬᠠᠢ ᠵᠢᠨ ᠠᠵᠢᠯ ᠲᠦᠷᠦᠯ᠎ᠤᠨ ᠡᠷᠬᠡ ᠳᠠᠪᠬᠤᠴᠠᠭᠰᠠᠨ ᠵᠡᠷᠭᠡ ᠲᠣᠪᠣᠶ᠋ᠢᠮ᠎ᠠ ᠠᠰᠠᠭᠤᠳᠠᠯ᠎ᠢ ᠴᠠᠭ ᠲᠤᠬᠠᠢᠳᠤᠨᠢ ᠰᠤᠳᠤᠯᠤᠨ ᠰᠢᠢ᠍ᠳᠪᠦᠷᠢᠯᠡᠵᠦ᠂ ᠬᠠᠵᠠᠭᠤ ᠬᠠᠪᠢ᠎ᠪᠠᠷ᠎ᠬᠢ ᠵᠠᠳᠠᠭ᠋ᠠᠢ ᠨᠡᠭᠦᠷᠡᠰᠦᠨ ᠠᠭᠤᠷᠬᠠᠢ ᠵᠢᠨ ᠳᠠᠷᠤᠭᠳᠠᠵᠤ ᠪᠠᠶ᠋ᠢᠭ᠎ᠠ ᠮᠠᠯᠲᠠᠭ᠎ᠠ ᠦᠭᠡᠢ ᠨᠡᠭᠦᠷᠡᠰᠦᠨ᠎ᠤ ᠠᠰᠠᠭᠤᠳᠠᠯ᠎ᠢ ᠢᠳᠡᠪᠬᠢᠲᠡᠢ ᠵᠣᠬᠢᠴᠠᠭᠤᠯᠤᠨ ᠰᠢᠢ᠍ᠳᠪᠦᠷᠢᠯᠡᠬᠦ ᠬᠡᠷᠡᠭᠲᠡᠢ᠃
ᠠᠷᠪᠠᠨ ᠳᠣᠯᠤᠭ᠎ᠠ᠂ ᠠᠭᠤᠷᠬᠠᠢ ᠵᠢᠨ ᠠᠵᠢᠯ ᠲᠦᠷᠦᠯ᠎ᠤᠨ ᠡᠷᠬᠡ ᠵᠢᠨ ᠲᠣᠬᠢᠷᠠᠭᠤᠯᠤᠯᠲᠠ᠂ ᠮᠠᠯᠲᠠᠵᠤ ᠪᠣᠯᠬᠤ ᠬᠦᠷᠢᠶ᠎ᠡ ᠬᠡᠪᠴᠢᠶ᠎ᠡ᠂ ᠭᠠᠢ ᠭᠠᠮᠰᠢᠭ᠎ᠤᠨ ᠲᠦᠭᠰᠢᠭᠦᠷᠢ ᠵᠡᠷᠭᠡ ᠬᠦᠴᠦᠨ ᠵᠦᠢ᠍ᠯ᠎ᠤᠳ᠎ᠢ ᠶᠡᠷᠦᠩᠬᠡᠶ᠋ᠢᠯᠡᠨ ᠪᠣᠳᠣᠯᠬᠢᠯᠠᠵᠤ᠂ ᠰᠢᠨᠵᠢᠯᠡᠬᠦ ᠤᠬᠠᠭ᠋ᠠᠨᠴᠢ᠎ᠪᠠᠷ ᠨᠤᠲᠠᠯᠠᠨ᠂ ᠵᠠᠳᠠᠭ᠋ᠠᠢ ᠨᠡᠭᠦᠷᠡᠰᠦᠨ ᠠᠭᠤᠷᠬᠠᠢ᠎ᠠᠴᠠ ᠠᠭᠤᠷᠬᠠᠢ ᠵᠢᠨ ᠬᠤᠳᠳᠤᠭ᠎ᠲᠤ᠂ ᠠᠭᠤᠷᠬᠠᠢ ᠵᠢᠨ ᠬᠤᠳᠳᠤᠭ᠎ᠠᠴᠠ ᠵᠠᠳᠠᠭ᠋ᠠᠢ ᠨᠡᠭᠦᠷᠡᠰᠦᠨ ᠠᠭᠤᠷᠬᠠᠢ᠎ᠳᠤ ᠮᠠᠯᠲᠠᠬᠤ ᠪᠣᠯᠭ᠋ᠠᠨ ᠬᠤᠪᠢᠷᠠᠭ᠋ᠠᠬᠤ ᠨᠡᠭᠦᠷᠡᠰᠦᠨ ᠠᠭᠤᠷᠬᠠᠢ ᠵᠢᠨ ᠲᠥᠷᠥᠯ ᠵᠦᠢ᠍ᠯ᠎ᠢ ᠬᠢᠨᠠᠨ ᠵᠥᠪᠰᠢᠶᠡᠷᠡᠬᠦ ᠭᠤᠭᠴᠤᠭ᠎ᠠ ᠵᠢ ᠴᠢᠩᠭ᠎ᠠ ᠠᠳᠬᠤᠬᠤ ᠬᠡᠷᠡᠭᠲᠡᠢ᠃
ᠠᠷᠪᠠᠨ ᠨᠠᠢ᠍ᠮᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ ᠠᠵᠢᠯᠲᠠᠳ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ᠂ ᠵᠣᠷᠢᠭᠲᠠᠢ᠎ᠪᠠᠷ ᠲᠡᠮᠡᠴᠡᠵᠦ᠂ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠨ᠂ ᠵᠠᠳᠠᠭ᠋ᠠᠢ ᠨᠡᠭᠦᠷᠡᠰᠦᠨ ᠠᠭᠤᠷᠬᠠᠢ ᠵᠢᠨ ᠠᠮᠤᠷ ᠲᠦᠪᠰᠢᠨ᠎ᠤ ᠬᠠᠮᠢᠶᠠᠷᠤᠯᠲᠠ ᠵᠢᠨ ᠠᠵᠢᠯ᠎ᠤᠨ ᠶᠠᠪᠤᠴᠠ᠎ᠳᠤ ᠠᠮᠵᠢᠯᠲᠠ ᠪᠦᠲᠦᠮᠵᠢ᠎ᠪᠠᠷ ᠳᠣᠪᠣᠶ᠋ᠢᠭᠰᠠᠨᠢ ᠬᠠᠮᠢᠶ᠎ᠠ ᠪᠦᠬᠦᠢ ᠬᠥᠬᠢᠭᠦᠯᠦᠨ ᠱᠠᠩᠨᠠᠬᠤ ᠵᠢᠨ ᠦᠶ᠎ᠡ᠎ᠳᠤ ᠢᠳᠡᠪᠬᠢᠲᠡᠢ᠎ᠪᠠᠷ ᠲᠠᠨᠢᠯᠴᠠᠭᠤᠯᠤᠨ ᠳᠡᠪᠰᠢᠭᠦᠯᠬᠦ ᠬᠡᠷᠡᠭᠲᠡᠢ; ᠬᠠᠷᠢᠭᠤᠴᠠᠯᠭ᠎ᠠ ᠠᠯᠳᠠᠵᠤ ᠲᠤᠰᠢᠶᠠᠯ᠎ᠳᠤ᠎ᠪᠠᠨ ᠣᠰᠣᠯᠳᠠᠭᠰᠠᠨᠢ ᠬᠠᠤᠯᠢ ᠲᠣᠭᠲᠠᠭ᠋ᠠᠯ ᠶᠣᠰᠣᠭ᠋ᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃
2023 ᠣᠨ᠎ᠤ 4 ᠳ᠋ᠦ᠍ᠭᠡᠷ ᠰᠠᠷ᠎ᠠ ᠵᠢᠨ 27᠎ᠤ ᠡᠳᠦᠷ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
2023 ᠣᠨ᠎ᠤ 4 ᠳ᠋ᠦ᠍ᠭᠡᠷ ᠰᠠᠷ᠎ᠠ ᠵᠢᠨ 28᠎ᠤ ᠡᠳᠦᠷ ᠳᠠᠷᠤᠮᠠᠯᠯᠠᠨ ᠲᠠᠷᠬᠠᠭ᠋ᠠᠪᠠ
(ᠲᠤᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)