ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠢᠴᠢᠭ ᠮᠠᠲ᠋ᠧᠷᠢᠶᠠᠯ
ᠥᠪᠥᠷ ᠵᠠᠰᠠᠭ ᠲᠠᠷᠬᠠᠭ᠋ᠠᠭᠰᠠᠨ [2023] 5 ᠳ᠋ᠤᠭ᠋ᠠᠷ ᠲᠣᠭ᠋ᠠᠲᠤ
ᠲᠠᠪᠤᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠠᠵᠤ ᠠᠬᠤᠢ ᠵᠢᠨ ᠨᠡᠶ᠋ᠢᠳᠡᠮ ᠪᠠᠶ᠋ᠢᠴᠠᠭ᠋ᠠᠯᠲᠠ ᠵᠢ ᠥᠷᠨᠢᠭᠦᠯᠬᠦ ᠲᠤᠬᠠᠢ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠬᠤᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ
《ᠪᠥᠬᠦ ᠤᠯᠤᠰ᠎ᠤᠨ ᠠᠵᠤ ᠠᠬᠤᠢ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠳᠦᠷᠢᠮ》᠎ᠤᠨ ᠬᠤᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ᠂ ᠲᠥᠷᠥ ᠵᠢᠨ ᠶᠠᠪᠤᠳᠠᠯ᠎ᠤᠨ ᠬᠤᠷᠢᠶ᠎ᠠ᠎ᠠᠴᠠ 2023 ᠣᠨ᠎ᠳᠤ ᠲᠠᠪᠤᠳᠤᠭ᠋ᠠᠷ ᠤᠳᠠᠭ᠋ᠠᠨ᠎ᠤ ᠪᠥᠬᠦ ᠤᠯᠤᠰ᠎ᠤᠨ ᠠᠵᠤ ᠠᠬᠤᠢ ᠵᠢᠨ ᠨᠡᠶ᠋ᠢᠳᠡᠮ ᠪᠠᠶ᠋ᠢᠴᠠᠭ᠋ᠠᠯᠲᠠ ᠵᠢ ᠥᠷᠨᠢᠭᠦᠯᠬᠦ᠎ᠪᠠᠷ ᠲᠣᠭᠲᠠᠪᠠ᠃ 《ᠲᠠᠪᠤᠳᠤᠭ᠋ᠠᠷ ᠤᠳᠠᠭ᠋ᠠᠨ᠎ᠤ ᠪᠥᠬᠦ ᠤᠯᠤᠰ᠎ᠤᠨ ᠠᠵᠤ ᠠᠬᠤᠢ ᠵᠢᠨ ᠨᠡᠶ᠋ᠢᠳᠡᠮ ᠪᠠᠶ᠋ᠢᠴᠠᠭ᠋ᠠᠯᠲᠠ ᠵᠢ ᠥᠷᠨᠢᠭᠦᠯᠬᠦ ᠲᠤᠬᠠᠢ ᠲᠥᠷᠥ ᠵᠢᠨ ᠶᠠᠪᠤᠳᠠᠯ᠎ᠤᠨ ᠬᠤᠷᠢᠶᠠᠨ᠎ᠤ ᠮᠡᠳᠡᠭᠳᠡᠯ》 (ᠲᠥᠷᠥ ᠲᠠᠷᠬᠠᠭ᠋ᠠᠭᠰᠠᠨ [2022] 22 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠶᠣᠰᠣᠭ᠋ᠠᠷ᠂ ᠮᠠᠨ᠎ᠤ ᠣᠷᠣᠨ᠎ᠤ ᠲᠠᠪᠤᠳᠤᠭ᠋ᠠᠷ ᠤᠳᠠᠭ᠋ᠠᠨ᠎ᠤ ᠪᠥᠬᠦ ᠤᠯᠤᠰ᠎ᠤᠨ ᠠᠵᠤ ᠠᠬᠤᠢ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠢ ᠦᠨᠡᠨ ᠬᠦ᠌ ᠰᠠᠶ᠋ᠢᠲᠤᠷ ᠬᠢᠬᠦ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠤᠨ᠂ ᠡᠳᠦᠭᠡ ᠬᠤᠯᠪᠣᠭᠳᠠᠯ ᠪᠦᠬᠦᠢ ᠤᠴᠢᠷ᠎ᠢ ᠳᠣᠣᠷᠠᠬᠢ ᠮᠡᠲᠦ ᠮᠡᠳᠡᠭᠳᠡᠪᠡ᠃
ᠨᠢᠭᠡ᠂ ᠶᠡᠷᠦᠩᠬᠡᠢ ᠱᠠᠭ᠋ᠠᠷᠳᠠᠯᠭ᠎ᠠ
(ᠨᠢᠭᠡ) ᠵᠢᠯᠤᠭᠤᠳᠬᠤ ᠦᠵᠡᠯ ᠰᠠᠨᠠᠭ᠎ᠠ᠃ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠣᠯᠭ᠋ᠠᠵᠤ᠂ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠪᠠ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠳᠤ ᠲᠤᠰᠢᠶᠠᠭᠰᠠᠨ 《ᠲᠠᠪᠤᠨ ᠶᠡᠭᠡ ᠡᠭᠦᠷᠭᠡ》 ᠵᠢ ᠬᠢᠨᠠᠮᠠᠭ᠋ᠠᠢ ᠨᠠᠶ᠋ᠢᠳᠠᠪᠤᠷᠢᠵᠢᠭᠤᠯᠤᠨ᠂ ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠪᠦᠷᠢᠨ ᠪᠦᠲᠦᠨ᠂ ᠵᠥᠪ ᠣᠨᠣᠪᠴᠢᠲᠠᠶ᠂ ᠪᠥᠬᠦ ᠲᠠᠯ᠎ᠠ᠎ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠳᠤ ᠦᠢ᠍ᠯᠡᠴᠢᠯᠡᠬᠦ ᠪᠠ ᠠᠭᠤᠰᠤᠯᠴᠠᠨ᠂ ᠴᠢᠨᠠᠷ ᠰᠠᠶ᠋ᠢᠲᠠᠢ ᠬᠥᠭᠵᠢᠯᠲᠡ ᠵᠢ ᠬᠦᠴᠦᠯᠡᠨ ᠠᠬᠢᠭᠤᠯᠵᠤ᠂ ᠬᠠᠤᠯᠢ ᠶᠣᠰᠣᠭ᠋ᠠᠷ ᠨᠡᠶ᠋ᠢᠳᠡᠮ ᠪᠠᠶ᠋ᠢᠴᠠᠭ᠋ᠠᠬᠤ᠂ ᠰᠢᠨᠵᠢᠯᠡᠬᠦ ᠤᠬᠠᠭ᠋ᠠᠨᠴᠢ᠎ᠪᠠᠷ ᠨᠡᠶ᠋ᠢᠳᠡᠮ ᠪᠠᠶ᠋ᠢᠴᠠᠭ᠋ᠠᠬᠤ᠂ ᠠᠷᠠᠳ᠎ᠤᠨ ᠲᠥᠯᠥᠭᠡ ᠨᠡᠶ᠋ᠢᠳᠡᠮ ᠪᠠᠶ᠋ᠢᠴᠠᠭ᠋ᠠᠬᠤ ᠵᠢ ᠪᠠᠷᠢᠮᠲᠠᠯᠠᠨ᠂ ᠦᠨᠡᠨ᠎ᠠᠴᠠ ᠵᠥᠪ᠎ᠢ ᠡᠷᠢᠬᠦ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠪᠠᠷᠢᠮᠲᠠᠯᠠᠵᠤ᠂ ᠨᠡᠶ᠋ᠢᠳᠡᠮ ᠪᠠᠶ᠋ᠢᠴᠠᠭ᠋ᠠᠯᠲᠠ ᠵᠢᠨ ᠲᠤᠭ᠎ᠠ ᠪᠠᠷᠢᠮᠲᠠ ᠵᠢᠨ ᠦᠨᠡᠨ ᠪᠣᠳᠠᠲᠠᠢ ᠪᠥᠭᠡᠳ ᠣᠨᠣᠪᠴᠢᠲᠠᠶ ᠪᠠᠶ᠋ᠢᠬᠤ ᠵᠢ ᠪᠠᠲᠤᠯᠠᠨ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠪᠠᠶ᠋ᠢᠳᠠᠯ᠎ᠢ ᠪᠥᠬᠦ ᠲᠠᠯ᠎ᠠ᠎ᠪᠠᠷ ᠪᠤᠰᠤᠳᠴᠢ᠎ᠪᠠᠷ ᠲᠤᠰᠬᠠᠬᠤ ᠬᠡᠷᠡᠭᠲᠡᠢ᠃
(ᠬᠤᠶᠠᠷ) ᠨᠡᠶ᠋ᠢᠳᠡᠮ ᠪᠠᠶ᠋ᠢᠴᠠᠭ᠋ᠠᠯᠲᠠ ᠵᠢᠨ ᠵᠣᠷᠢᠯᠭ᠎ᠠ᠃ ᠲᠠᠪᠤᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠠᠵᠤ ᠠᠬᠤᠢ ᠵᠢᠨ ᠨᠡᠶ᠋ᠢᠳᠡᠮ ᠪᠠᠶ᠋ᠢᠴᠠᠭ᠋ᠠᠯᠲᠠ ᠪᠣᠯ ᠤᠯᠤᠰ᠎ᠤᠨ ᠪᠠᠶ᠋ᠢᠳᠠᠯ ᠤᠯᠤᠰ᠎ᠤᠨ ᠬᠦᠴᠦᠨ᠎ᠤ ᠲᠠᠯ᠎ᠠ᠎ᠪᠠᠷ᠎ᠬᠢ ᠨᠢᠭᠡᠨ ᠴᠢᠬᠤᠯᠠ ᠶᠡᠭᠡ ᠪᠠᠶ᠋ᠢᠴᠠᠭ᠋ᠠᠯᠲᠠ ᠪᠣᠯᠣᠨ᠎ᠠ᠂ ᠣᠷᠣᠭᠤᠯᠤᠯᠲᠠ ᠭᠠᠷᠭ᠋ᠠᠯᠲᠠ ᠵᠢᠨ ᠪᠠᠶ᠋ᠢᠴᠠᠭ᠋ᠠᠯᠲᠠ ᠵᠢ ᠠᠩᠬ᠎ᠠ ᠤᠳᠠᠭ᠎ᠠ ᠨᠢᠭᠡᠳᠦᠯᠲᠡᠢ ᠲᠥᠯᠥᠪᠯᠡᠨ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠬᠤᠶᠠᠳᠤᠭ᠋ᠠᠷ ᠠᠵᠤ ᠦᠢ᠍ᠯᠡᠰ ᠪᠣᠯᠣᠨ ᠭᠤᠷᠪᠠᠳᠤᠭ᠋ᠠᠷ ᠠᠵᠤ ᠦᠢ᠍ᠯᠡᠰ᠎ᠤᠨ ᠬᠥᠭᠵᠢᠯᠲᠡ ᠵᠢᠨ ᠬᠡᠪᠴᠢᠶ᠎ᠡ᠂ ᠪᠠᠶ᠋ᠢᠷᠢᠯᠠᠭᠤᠯᠤᠯᠲᠠ ᠪᠠ ᠦᠷ᠎ᠡ ᠠᠰᠢᠭ᠎ᠢ ᠪᠦᠬᠦ ᠲᠠᠯ᠎ᠠ᠎ᠪᠠᠷ ᠪᠠᠶ᠋ᠢᠴᠠᠭ᠋ᠠᠵᠤ᠂ ᠡᠯ᠎ᠡ ᠲᠥᠷᠥᠯ᠎ᠤᠨ ᠨᠢᠭᠡᠴᠢ ᠵᠢᠨ ᠦᠨᠳᠦᠰᠦᠨ ᠪᠠᠶ᠋ᠢᠳᠠᠯ᠎ᠢ ᠲᠣᠳᠣᠷᠬᠠᠢ ᠣᠶ᠋ᠢᠯᠠᠭ᠋ᠠᠨ᠂ ᠤᠯᠤᠰ ᠠᠷᠠᠳ᠎ᠤᠨ ᠠᠵᠤ ᠠᠬᠤᠢ ᠵᠢᠨ ᠠᠵᠢᠯ ᠲᠥᠷᠥᠯ᠎ᠤᠨ ᠬᠤᠭᠤᠷᠣᠨᠳᠣᠬᠢ ᠠᠵᠤ ᠠᠬᠤᠢ ᠵᠢᠨ ᠬᠠᠷᠢᠯᠴᠠᠭ᠎ᠠ ᠬᠤᠯᠪᠣᠭ᠎ᠠ ᠵᠢ ᠡᠵᠡᠮᠰᠢᠵᠦ᠂ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠳᠤ ᠦᠢ᠍ᠯᠡᠴᠢᠯᠡᠬᠦ ᠪᠠ ᠠᠭᠤᠰᠤᠯᠴᠠᠬᠤ᠂ ᠣᠳᠣᠬᠢᠴᠢᠯᠠᠭᠰᠠᠨ ᠠᠵᠤ ᠠᠬᠤᠢ ᠵᠢᠨ ᠲᠣᠭᠲᠠᠯᠴᠠᠭ᠎ᠠ ᠵᠢ ᠪᠠᠶ᠋ᠢᠭᠤᠯᠬᠤ᠂ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠵᠢᠴᠢ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠬᠥᠭᠵᠢᠯᠲᠡ᠂ ᠣᠷᠣᠨ ᠪᠦᠰᠡ ᠵᠢᠨ ᠵᠣᠬᠢᠴᠠᠩᠭᠤᠢ ᠬᠥᠭᠵᠢᠯᠲᠡ᠂ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ᠂ ᠥᠨᠳᠥᠷ ᠲᠦᠪᠰᠢᠨ ᠪᠦᠬᠦᠢ ᠭᠠᠳᠠᠭ᠋ᠠᠳᠤ ᠨᠡᠭᠡᠭᠡᠯᠲᠡ᠂ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠣᠭᠲᠠᠯᠴᠠᠭ᠎ᠠ ᠵᠢᠨ ᠪᠠᠶ᠋ᠢᠭᠤᠯᠤᠯᠲᠠ ᠵᠡᠷᠭᠡ ᠲᠠᠯ᠎ᠠ᠎ᠪᠠᠷ᠎ᠬᠢ ᠰᠢᠨ᠎ᠡ ᠠᠬᠢᠴᠠ ᠵᠢ ᠪᠤᠰᠤᠳᠴᠢ᠎ᠪᠠᠷ ᠲᠤᠰᠬᠠᠨ᠎ᠠ᠃ ᠨᠡᠶ᠋ᠢᠳᠡᠮ ᠪᠠᠶ᠋ᠢᠴᠠᠭ᠋ᠠᠯᠲᠠ᠎ᠪᠠᠷ ᠳᠠᠮᠵᠢᠨ᠂ ᠲᠤᠭ᠎ᠠ ᠪᠦᠷᠢᠳᠬᠡᠯ᠎ᠤᠨ ᠰᠠᠭᠤᠷᠢ ᠵᠢ ᠤᠯᠠᠮ ᠨᠢᠭᠡ ᠠᠯᠬᠤᠮ ᠪᠠᠬᠢᠵᠢᠭᠦᠯᠵᠦ᠂ ᠲᠤᠭ᠎ᠠ ᠪᠦᠷᠢᠳᠬᠡᠯ᠎ᠤᠨ ᠣᠳᠣᠬᠢᠴᠢᠯᠠᠯᠲᠠ ᠵᠢᠨ ᠥᠭᠡᠷᠡᠴᠢᠯᠡᠯᠲᠡ ᠵᠢ ᠠᠬᠢᠭᠤᠯᠤᠨ᠂ ᠬᠤᠷᠸ᠎ᠠ ᠠᠵᠤ ᠠᠬᠤᠢ ᠵᠢᠨ ᠵᠠᠰᠠᠯᠲᠠ ᠵᠢ ᠴᠢᠩᠭ᠋ᠠᠳᠬᠠᠨ ᠰᠠᠶ᠋ᠢᠵᠢᠷᠠᠭᠤᠯᠬᠤ᠂ ᠤᠷᠲᠤᠪᠲᠤᠷ ᠪᠠ ᠤᠷᠲᠤ ᠬᠤᠭᠤᠴᠠᠭ᠋ᠠᠨ᠎ᠤ ᠬᠥᠭᠵᠢᠯᠲᠡ ᠵᠢᠨ ᠲᠥᠯᠦᠪᠵᠢᠭᠦᠯᠭᠡ ᠵᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠬᠤ᠂ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠳᠤ ᠰᠢᠨᠵᠢᠯᠡᠬᠦ ᠤᠬᠠᠭ᠋ᠠᠨᠴᠢ ᠪᠥᠭᠡᠳ ᠣᠨᠣᠪᠴᠢᠲᠠᠶ ᠲᠤᠭ᠎ᠠ ᠪᠦᠷᠢᠳᠬᠡᠯ᠎ᠤᠨ ᠮᠡᠳᠡᠭᠡ ᠵᠠᠩᠭᠢ ᠵᠢᠨ ᠳᠡᠮᠵᠢᠯᠭᠡ ᠬᠠᠩᠭ᠋ᠠᠨ᠎ᠠ᠃
ᠬᠤᠶᠠᠷ᠂ ᠨᠡᠶ᠋ᠢᠳᠡᠮ ᠪᠠᠶ᠋ᠢᠴᠠᠭ᠋ᠠᠭᠳᠠᠭᠴᠢ ᠪᠣᠯᠣᠨ ᠬᠡᠪᠴᠢᠶ᠎ᠡ
ᠨᠡᠶ᠋ᠢᠳᠡᠮ ᠪᠠᠶ᠋ᠢᠴᠠᠭ᠋ᠠᠭᠳᠠᠭᠴᠢ ᠪᠣᠯ ᠥᠪᠡᠷᠲᠡᠭᠡᠨ ᠵᠠᠰᠠᠬᠤ ᠣᠷᠣᠨ᠎ᠤ ᠬᠡᠪᠴᠢᠶᠡᠨ᠎ᠳᠤ ᠬᠤᠶᠠᠳᠤᠭ᠋ᠠᠷ ᠠᠵᠤ ᠦᠢ᠍ᠯᠡᠰ ᠪᠣᠯᠣᠨ ᠭᠤᠷᠪᠠᠳᠤᠭ᠋ᠠᠷ ᠠᠵᠤ ᠦᠢ᠍ᠯᠡᠰ ᠡᠷᠬᠢᠯᠡᠵᠦ ᠪᠠᠶ᠋ᠢᠭ᠎ᠠ ᠪᠣᠢ ᠪᠦᠬᠦᠢ ᠬᠠᠤᠯᠢ ᠵᠢᠨ ᠡᠲᠡᠭᠡᠳ ᠨᠢᠭᠡᠴᠢ᠂ ᠠᠵᠤ ᠦᠢ᠍ᠯᠡᠰ᠎ᠤᠨ ᠠᠵᠢᠯᠯᠠᠭ᠎ᠠ ᠵᠢᠨ ᠨᠢᠭᠡᠴᠢ ᠪᠣᠯᠣᠨ ᠬᠤᠪᠢ ᠵᠢᠨ ᠡᠵᠡᠩᠨᠡᠯᠲᠡ ᠵᠢᠨ ᠡᠷᠦᠬᠡ ᠪᠣᠯᠣᠨ᠎ᠠ᠃ ᠪᠣᠳᠠᠲᠠᠢ ᠬᠡᠪᠴᠢᠶᠡᠨ᠎ᠳᠤ᠄ ᠠᠭᠤᠷᠬᠠᠢ ᠮᠠᠯᠲᠠᠬᠤ ᠦᠢ᠍ᠯᠡᠰ᠂ ᠦᠢ᠍ᠯᠡᠳᠬᠦ ᠦᠢ᠍ᠯᠡᠰ᠂ ᠴᠠᠬᠢᠯᠭ᠋ᠠᠨ ᠬᠦᠴᠦ᠂ ᠢᠯᠴᠢ ᠵᠢᠨ ᠬᠦᠴᠦ᠂ ᠰᠢᠲᠠᠮᠠᠬᠠᠢ ᠬᠡᠢ ᠵᠢᠴᠢ ᠤᠰᠤᠨ᠎ᠤ ᠦᠢ᠍ᠯᠡᠳᠪᠦᠷᠢᠯᠡᠯ ᠪᠠ ᠬᠠᠩᠭ᠋ᠠᠯᠭ᠎ᠠ ᠵᠢᠨ ᠦᠢ᠍ᠯᠡᠰ᠂ ᠪᠠᠷᠢᠯᠭ᠎ᠠ ᠵᠢᠨ ᠦᠢ᠍ᠯᠡᠰ᠂ ᠪᠥᠭᠡᠮ ᠵᠶ᠋ᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢ᠍ᠯᠡᠰ᠂ ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠯᠲᠡ ᠪᠠ ᠰᠢᠤᠳᠠᠨ᠎ᠤ ᠦᠢ᠍ᠯᠡᠰ᠂ ᠬᠤᠨᠤᠭ ᠪᠠᠭᠤᠳᠠᠯ ᠪᠠ ᠢᠳᠡᠭᠡᠨ ᠤᠮᠳᠠᠭ᠋ᠠᠨ᠎ᠤ ᠦᠢ᠍ᠯᠡᠰ᠂ ᠮᠡᠳᠡᠭᠡ ᠵᠠᠩᠭᠢ ᠵᠢᠨ ᠳᠠᠮᠵᠢᠭᠤᠯᠭ᠎ᠠ᠂ ᠵᠥᠭᠡᠯᠡᠨ ᠲᠤᠨᠤᠭ ᠪᠠ ᠮᠡᠳᠡᠭᠡ ᠵᠠᠩᠭᠢ ᠵᠢᠨ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠂ ᠮᠥᠩᠭᠦᠨ ᠭᠦᠢ᠍ᠯᠭᠡᠭᠡᠨ᠎ᠤ ᠦᠢ᠍ᠯᠡᠰ᠂ ᠭᠡᠷ ᠪᠠᠶ᠋ᠢᠰᠢᠩ ᠭᠠᠵᠠᠷ ᠬᠥᠷᠥᠩᠭᠡ ᠵᠢᠨ ᠦᠢ᠍ᠯᠡᠰ᠂ ᠲᠦᠷᠢᠶᠡᠰᠦᠯᠡᠬᠦ ᠪᠠ ᠬᠤᠳᠠᠯᠳᠤᠭ᠋ᠠᠨ᠎ᠤ ᠶᠠᠪᠤᠳᠠᠯ᠎ᠤᠨ ᠦᠢ᠍ᠯᠡᠴᠢᠯᠡᠭᠡᠨ᠎ᠤ ᠦᠢ᠍ᠯᠡᠰ᠂ ᠰᠢᠨᠵᠢᠯᠡᠬᠦ ᠤᠬᠠᠭ᠋ᠠᠨ᠎ᠤ ᠰᠤᠳᠤᠯᠤᠯ ᠪᠠ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠂ ᠤᠰᠤᠨ ᠠᠰᠢᠭᠯᠠᠯᠲᠠ᠂ ᠣᠷᠴᠢᠨ ᠲᠣᠭᠤᠷᠢᠨ ᠪᠠ ᠣᠯᠠᠨ ᠨᠡᠶ᠋ᠢᠲᠡ ᠵᠢᠨ ᠲᠥᠬᠦᠭᠡᠷᠦᠮᠵᠢ ᠵᠢᠨ ᠬᠠᠮᠢᠶᠠᠷᠤᠯᠲᠠ ᠵᠢᠨ ᠦᠢ᠍ᠯᠡᠰ᠂ ᠰᠠᠭᠤᠭ᠋ᠠᠯᠢ ᠠᠷᠠᠳ᠎ᠤᠨ ᠦᠢ᠍ᠯᠡᠴᠢᠯᠡᠭᠡ᠂ ᠰᠡᠯᠪᠢᠨ ᠵᠠᠰᠠᠬᠤ ᠪᠠ ᠪᠤᠰᠤᠳ ᠦᠢ᠍ᠯᠡᠴᠢᠯᠡᠭᠡᠨ᠎ᠤ ᠦᠢ᠍ᠯᠡᠰ᠂ ᠰᠤᠷᠭ᠋ᠠᠨ ᠬᠥᠮᠦᠵᠢᠯ᠂ ᠡᠷᠡᠭᠦᠯ ᠬᠠᠮᠠᠭ᠋ᠠᠯᠠᠯ ᠪᠠ ᠨᠡᠶ᠋ᠢᠭᠡᠮ᠎ᠤᠨ ᠠᠵᠢᠯ᠂ ᠰᠣᠶᠣᠯ᠂ ᠪᠡᠶ᠎ᠡ ᠵᠢᠨ ᠲᠠᠮᠢᠷ ᠪᠠ ᠵᠤᠭ᠎ᠠ ᠴᠡᠩᠭᠡᠯ᠎ᠤᠨ ᠦᠢ᠍ᠯᠡᠰ᠂ ᠤᠯᠠᠨ ᠨᠡᠶ᠋ᠢᠲᠡ ᠵᠢᠨ ᠬᠠᠮᠢᠶᠠᠷᠤᠯᠲᠠ᠂ ᠨᠡᠶ᠋ᠢᠭᠡᠮ᠎ᠤᠨ ᠪᠠᠲᠤᠯᠠᠭ᠎ᠠ ᠪᠠ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠡᠷᠭᠡ ᠪᠠᠭᠲᠠᠨ᠎ᠠ᠃
ᠭᠤᠷᠪᠠ᠂ ᠨᠡᠶ᠋ᠢᠳᠡᠮ ᠪᠠᠶ᠋ᠢᠴᠠᠭ᠋ᠠᠯᠲᠠ ᠵᠢᠨ ᠠᠭᠤᠯᠭ᠎ᠠ ᠪᠠ ᠴᠠᠭ
ᠨᠡᠶ᠋ᠢᠳᠡᠮ ᠪᠠᠶ᠋ᠢᠴᠠᠭ᠋ᠠᠯᠲᠠ ᠵᠢᠨ ᠭᠤᠣᠯ ᠠᠭᠤᠯᠭ᠎ᠠ᠎ᠳᠤ ᠨᠡᠶ᠋ᠢᠳᠡᠮ ᠪᠠᠶ᠋ᠢᠴᠠᠭ᠋ᠠᠭᠳᠠᠭᠴᠢ ᠵᠢᠨ ᠦᠨᠳᠦᠰᠦᠨ ᠪᠠᠶ᠋ᠢᠳᠠᠯ᠂ ᠵᠣᠬᠢᠶᠠᠨ ᠪᠠᠶ᠋ᠢᠭᠤᠯᠤᠯᠲᠠ ᠵᠢᠨ ᠪᠦᠲᠦᠴᠡ᠂ ᠠᠵᠢᠯᠲᠠᠨ᠎ᠤ ᠴᠠᠯᠢᠩ᠂ ᠦᠢ᠍ᠯᠡᠳᠪᠦᠷᠢᠯᠡᠯ᠎ᠤᠨ ᠴᠢᠳᠠᠪᠤᠷᠢ᠂ ᠡᠳ᠋᠎ᠤᠨ ᠶᠠᠪᠤᠳᠠᠯ᠎ᠤᠨ ᠪᠠᠶ᠋ᠢᠳᠠᠯ᠂ ᠦᠢ᠍ᠯᠡᠳᠪᠦᠷᠢᠯᠡᠯ ᠡᠵᠡᠩᠨᠡᠯᠲᠡ᠂ ᠡᠨᠧᠷᠭᠢ ᠵᠢᠨ ᠦᠢ᠍ᠯᠡᠳᠪᠦᠷᠢᠯᠡᠯ ᠪᠠ ᠬᠡᠷᠡᠭᠯᠡᠭᠡ᠂ ᠰᠤᠳᠤᠯᠤᠨ ᠨᠡᠭᠡᠭᠡᠬᠦ ᠠᠵᠢᠯᠯᠠᠭ᠎ᠠ᠂ ᠮᠡᠳᠡᠭᠡ ᠵᠠᠩᠭᠢᠴᠢᠯᠠᠬᠤ ᠪᠠᠶ᠋ᠢᠭᠤᠯᠤᠯᠲᠠ ᠪᠠ ᠡᠯᠸᠺᠲᠷᠤᠨ ᠬᠤᠳᠠᠯᠳᠤᠭ᠋ᠠᠨ᠎ᠤ ᠶᠠᠪᠤᠳᠠᠯ᠎ᠤᠨ ᠠᠷᠠᠯᠵᠢᠶᠠᠨ᠎ᠤ ᠪᠠᠶ᠋ᠢᠳᠠᠯ ᠵᠢᠴᠢ ᠣᠷᠣᠭᠤᠯᠤᠯᠲᠠ ᠵᠢᠨ ᠪᠦᠲᠦᠴᠡ᠂ ᠦᠢ᠍ᠯᠡᠳᠬᠦᠨ᠎ᠤ ᠬᠡᠷᠡᠭᠯᠡᠯᠲᠡ ᠵᠢᠨ ᠬᠠᠨᠳᠤᠰᠢ ᠪᠠ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ ᠵᠢᠨ ᠪᠦᠷᠢᠯᠳᠦᠴᠡ ᠵᠢᠨ ᠪᠠᠶ᠋ᠢᠳᠠᠯ ᠵᠡᠷᠭᠡ ᠪᠠᠭᠲᠠᠨ᠎ᠠ᠃
ᠨᠡᠶ᠋ᠢᠳᠡᠮ ᠪᠠᠶ᠋ᠢᠴᠠᠭ᠋ᠠᠯᠲᠠ ᠵᠢᠨ ᠪᠠᠷᠢᠮᠵᠢᠶ᠎ᠠ ᠪᠣᠯᠭ᠋ᠠᠬᠤ ᠴᠠᠭ ᠪᠣᠯ 2023 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ ᠪᠣᠯᠣᠨ᠎ᠠ᠂ ᠨᠡᠶ᠋ᠢᠳᠡᠮ ᠪᠠᠶ᠋ᠢᠴᠠᠭ᠋ᠠᠯᠲᠠ ᠵᠢᠨ ᠬᠤᠭᠤᠴᠠᠭ᠋ᠠᠨ᠎ᠤ ᠮᠠᠲ᠋ᠧᠷᠢᠶᠠᠯ᠎ᠨᠢ 2023 ᠣᠨ᠎ᠳᠠᠬᠢ ᠣᠨ᠎ᠤ ᠮᠠᠲ᠋ᠧᠷᠢᠶᠠᠯ ᠪᠣᠯᠣᠨ᠎ᠠ᠃
ᠳᠥᠷᠪᠡ᠂ ᠨᠡᠶ᠋ᠢᠳᠡᠮ ᠪᠠᠶ᠋ᠢᠴᠠᠭ᠋ᠠᠯᠲᠠ ᠵᠢ ᠵᠣᠬᠢᠶᠠᠨ ᠪᠠᠶ᠋ᠢᠭᠤᠯᠤᠨ ᠬᠡᠷᠡᠭᠵᠢᠭᠦᠯᠭ᠊ ᠊ᠤ᠋
ᠲᠠᠪᠤᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠠᠵᠤ ᠠᠬᠤᠢ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠪᠠᠶ᠋ᠢᠴᠠᠭ᠋ᠠᠬᠤ ᠠᠭᠤᠯᠭ᠎ᠠ ᠣᠯᠠᠰᠢᠷᠠᠵᠤ᠂ ᠮᠡᠷᠭᠡᠵᠢᠯ᠎ᠤᠨ ᠱᠠᠭ᠋ᠠᠷᠳᠠᠯᠭ᠎ᠠ ᠥᠨᠳᠥᠷᠳᠡᠨ᠂ ᠠᠵᠢᠯ᠎ᠤᠨ ᠬᠦᠴᠢᠷᠳᠡᠯ ᠨᠡᠮᠡᠭᠳᠡᠵᠦ ᠪᠠᠶ᠋ᠢᠭ᠎ᠠ ᠪᠣᠯᠬᠤᠷ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠨᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠎ᠪᠠᠨ ᠴᠢᠩᠭ᠋ᠠᠳᠬᠠᠨ᠂ ᠠᠷᠭ᠎ᠠ ᠮᠠᠶᠢᠭ ᠵᠶ᠋ᠠᠨ ᠰᠢᠯᠢᠳᠡᠭᠵᠢᠭᠦᠯᠵᠦ᠂ ᠭᠤᠣᠯᠳᠠᠯᠭ᠎ᠠ᠎ᠪᠠᠨ ᠲᠣᠪᠤᠶ᠋ᠢᠯᠭ᠋ᠠᠨ᠂ ᠠᠷᠭ᠎ᠠ ᠠᠪᠴᠠᠯᠳᠤᠪᠠᠨ ᠰᠢᠨ᠎ᠡ ᠵᠢ ᠡᠭᠦᠳᠴᠦ᠂ ᠨᠡᠶ᠋ᠢᠳᠡᠮ ᠪᠠᠶ᠋ᠢᠴᠠᠭ᠋ᠠᠯᠲᠠ ᠵᠢᠨ ᠤᠬᠠᠭᠤᠯᠤᠨ ᠳᠠᠶ᠋ᠢᠴᠢᠯᠠᠬᠤ ᠪᠠ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ ᠠᠵᠢᠯ ᠵᠶ᠋ᠠᠨ ᠬᠢᠨᠠᠮᠠᠭ᠋ᠠᠢ ᠰᠠᠶ᠋ᠢᠲᠤᠷ ᠬᠢᠬᠦ ᠬᠡᠷᠡᠭᠲᠡᠢ᠃
ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠳᠠᠬᠢ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ ᠵᠢ ᠴᠢᠩᠭ᠋ᠠᠳᠬᠠᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠥᠪᠡᠷᠲᠡᠭᠡᠨ ᠵᠠᠰᠠᠬᠤ ᠣᠷᠣᠨ᠎ᠤ ᠲᠠᠪᠤᠳᠤᠭ᠋ᠠᠷ ᠤᠳᠠᠭ᠋ᠠᠨ᠎ᠤ ᠠᠵᠤ ᠠᠬᠤᠢ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠤᠳᠤᠷᠢᠳᠬᠤ ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠮᠵᠢ (ᠪᠣᠳᠠᠲᠠᠢ ᠪᠠᠶ᠋ᠢᠳᠠᠯ᠎ᠢ ᠠᠰᠲᠠᠭ᠋ᠠᠨ ᠮᠡᠳᠡᠭᠳᠡᠨ᠎ᠡ) ᠵᠢ ᠪᠠᠶ᠋ᠢᠭᠤᠯᠵᠤ᠂ ᠨᠡᠶ᠋ᠢᠳᠡᠮ ᠪᠠᠶ᠋ᠢᠴᠠᠭ᠋ᠠᠯᠲᠠ ᠵᠢ ᠵᠣᠬᠢᠶᠠᠨ ᠪᠠᠶ᠋ᠢᠭᠤᠯᠤᠨ ᠶᠠᠪᠤᠭᠳᠠᠭᠤᠯᠬᠤ ᠳᠤᠮᠳᠠᠬᠢ ᠴᠢᠬᠤᠯᠠ ᠶᠡᠭᠡ ᠠᠰᠠᠭᠤᠳᠠᠯ᠎ᠢ ᠰᠤᠳᠤᠯᠬᠤ ᠪᠠ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠠᠵᠢᠯ᠎ᠢ ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ᠎ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠨᠢᠭᠡᠴᠢ᠎ᠨᠢ ᠲᠤᠰ ᠲᠤᠰ᠎ᠤᠨ ᠡᠭᠦᠷᠭᠡ ᠲᠤᠰᠢᠶᠠᠯ ᠵᠶ᠋ᠠᠨ ᠭᠦᠢ᠍ᠴᠡᠳᠬᠡᠨ᠂ ᠥᠪᠡᠷ ᠥᠪᠡᠷ᠎ᠤᠨ ᠬᠠᠷᠢᠭᠤᠴᠠᠯᠭ᠎ᠠ᠎ᠪᠠᠨ ᠡᠭᠦᠷᠭᠡᠯᠡᠵᠦ᠂ ᠨᠢᠭᠲᠠ ᠬᠠᠮᠵᠢᠯᠴᠠᠨ᠂ ᠨᠡᠶ᠋ᠢᠳᠡᠮ ᠪᠠᠶ᠋ᠢᠴᠠᠭ᠋ᠠᠯᠲᠠ ᠵᠢᠨ ᠡᠯ᠎ᠡ ᠵᠦᠢ᠍ᠯ᠎ᠤᠨ ᠠᠵᠢᠯ᠎ᠤᠨ ᠤᠷᠤᠭᠰᠢᠲᠠᠢ ᠥᠷᠨᠢᠬᠦ ᠵᠢ ᠬᠦᠴᠦ᠎ᠪᠠᠨ ᠬᠠᠮᠲᠤᠳᠬᠠᠨ ᠠᠬᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠲᠤᠭ᠎ᠠ ᠪᠦᠷᠢᠳᠬᠡᠯ᠎ᠤᠨ ᠲᠣᠪᠴᠢᠶ᠎ᠠ᠎ᠨᠢ ᠪᠦᠬᠦ ᠣᠷᠣᠨ᠎ᠤ ᠠᠵᠤ ᠠᠬᠤᠢ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠪᠣᠳᠠᠲᠠᠢ ᠬᠡᠷᠡᠭᠵᠢᠭᠦᠯᠬᠦ ᠪᠠ ᠶᠡᠷᠦᠩᠬᠡᠶ᠋ᠢᠯᠡᠨ ᠵᠣᠬᠢᠴᠠᠭᠤᠯᠬᠤ ᠠᠵᠢᠯ᠎ᠢ ᠬᠠᠷᠢᠭᠤᠴᠠᠨ᠎ᠠ; ᠨᠡᠶ᠋ᠢᠳᠡᠮ ᠪᠠᠶ᠋ᠢᠴᠠᠭ᠋ᠠᠯᠲᠠ ᠵᠢᠨ ᠵᠠᠷᠤᠳᠠᠯ᠎ᠤᠨ ᠲᠠᠯ᠎ᠠ᠎ᠳᠤ ᠬᠤᠯᠪᠣᠭᠳᠠᠬᠤ ᠵᠦᠢ᠍ᠯᠡᠰ᠎ᠤᠳ᠎ᠢ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠠᠴᠠ ᠬᠠᠷᠢᠭᠤᠴᠠᠨ ᠵᠣᠬᠢᠴᠠᠭᠤᠯᠤᠨ᠎ᠠ; ᠲᠤᠭ᠎ᠠ ᠪᠠᠷᠢᠮᠲᠠ ᠰᠢᠢ᠍ᠳᠪᠦᠷᠢᠯᠡᠬᠦ ᠴᠢᠳᠠᠪᠤᠷᠢ ᠵᠢᠨ ᠪᠠᠶ᠋ᠢᠭᠤᠯᠤᠯᠲᠠ ᠵᠢᠨ ᠲᠠᠯ᠎ᠠ᠎ᠳᠤ ᠬᠤᠯᠪᠣᠭᠳᠠᠬᠤ ᠵᠦᠢ᠍ᠯᠡᠰ᠎ᠢ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠲᠣᠮᠣ ᠳ᠋ᠠᠶ᠋ᠢᠲ᠋ᠠ ᠵᠢᠨ ᠲᠥᠪ᠎ᠠᠴᠠ ᠬᠠᠷᠢᠭᠤᠴᠠᠨ ᠵᠣᠬᠢᠴᠠᠭᠤᠯᠤᠨ᠎ᠠ; ᠨᠡᠶ᠋ᠢᠳᠡᠮ ᠪᠠᠶ᠋ᠢᠴᠠᠭ᠋ᠠᠯᠲᠠ ᠵᠢᠨ ᠤᠬᠠᠭᠤᠯᠤᠨ ᠳᠠᠶ᠋ᠢᠴᠢᠯᠠᠬᠤ ᠲᠠᠯ᠎ᠠ᠎ᠳᠤ ᠬᠤᠯᠪᠣᠭᠳᠠᠬᠤ ᠵᠦᠢ᠍ᠯᠡᠰ᠎ᠢ ᠥᠪᠡᠷᠲᠡᠭᠡᠨ ᠵᠠᠰᠠᠬᠤ ᠣᠷᠣᠨ᠎ᠤ ᠲᠤᠭ᠎ᠠ ᠪᠦᠷᠢᠳᠬᠡᠯ᠎ᠤᠨ ᠲᠣᠪᠴᠢᠶ᠎ᠠ᠂ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ᠎ᠠᠴᠠ ᠬᠠᠷᠢᠭᠤᠴᠠᠨ ᠵᠣᠬᠢᠴᠠᠭᠤᠯᠤᠨ᠎ᠠ; ᠠᠵᠤ ᠠᠬᠤᠶ᠋ᠢᠯᠠᠯ ᠪᠣᠯᠣᠨ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠨᠡᠷᠡᠰ᠎ᠤᠨ ᠵᠢᠭᠰᠠᠭ᠋ᠠᠯᠲᠠ ᠵᠢᠨ ᠲᠠᠯ᠎ᠠ᠎ᠳᠤ ᠬᠤᠯᠪᠣᠭᠳᠠᠬᠤ ᠵᠦᠢ᠍ᠯᠡᠰ᠎ᠢ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠥᠷ ᠮᠣᠩᠭᠤᠯ᠎ᠤᠨ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ᠎ᠠᠴᠠ ᠬᠠᠷᠢᠭᠤᠴᠠᠨ ᠵᠣᠬᠢᠴᠠᠭᠤᠯᠤᠨ᠎ᠠ; ᠪᠠᠶ᠋ᠢᠭᠤᠯᠭ᠎ᠠ ᠪᠣᠯᠣᠨ ᠠᠵᠢᠯ ᠦᠢ᠍ᠯᠡᠰ᠎ᠤᠨ ᠨᠢᠭᠡᠴᠢ ᠵᠢᠨ ᠨᠡᠷᠡᠰ᠎ᠤᠨ ᠵᠢᠭᠰᠠᠭ᠋ᠠᠯᠲᠠ ᠵᠢᠨ ᠲᠠᠯ᠎ᠠ᠎ᠳᠤ ᠬᠤᠯᠪᠣᠭᠳᠠᠬᠤ ᠵᠦᠢ᠍ᠯᠡᠰ᠎ᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠪᠠᠶ᠋ᠢᠭᠤᠯᠤᠮᠵᠢ ᠣᠷᠣᠨ ᠲᠣᠭ᠋ᠠᠨ᠎ᠤ ᠬᠤᠷᠢᠶᠠᠨ᠎ᠤ ᠠᠯᠪᠠᠨ ᠭᠡᠷ᠎ᠠᠴᠠ ᠬᠠᠷᠢᠭᠤᠴᠠᠨ ᠵᠣᠬᠢᠴᠠᠭᠤᠯᠤᠨ᠎ᠠ; ᠨᠡᠶ᠋ᠢᠭᠡᠮ᠎ᠤᠨ ᠪᠦᠯᠬᠦᠮ᠂ ᠰᠠᠭᠤᠷᠢ ᠮᠥᠩᠭᠦᠨ᠎ᠤ ᠨᠡᠶ᠋ᠢᠭᠡᠮᠯᠢᠭ᠂ ᠠᠷᠠᠳ᠎ᠠᠴᠠ ᠡᠷᠬᠢᠯᠡᠭᠰᠡᠨ ᠠᠵᠤ ᠠᠬᠤᠶ᠋ᠢᠯᠠᠯ᠎ᠤᠨ ᠪᠤᠰᠤ ᠨᠢᠭᠡᠴᠢ ᠵᠢᠴᠢ ᠦᠨᠳᠦᠰᠦᠨ ᠱᠠᠲᠤᠨ᠎ᠤ ᠦᠪᠡᠰᠦᠪᠡᠨ ᠵᠠᠰᠠᠬᠤ ᠵᠣᠬᠢᠶᠠᠨ ᠪᠠᠶ᠋ᠢᠭᠤᠯᠤᠯᠲᠠ ᠵᠢᠨ ᠨᠡᠷᠡᠰ᠎ᠤᠨ ᠵᠢᠭᠰᠠᠭ᠋ᠠᠯᠲᠠ ᠵᠢᠨ ᠲᠠᠯ᠎ᠠ᠎ᠳᠤ ᠬᠤᠯᠪᠣᠭᠳᠠᠬᠤ ᠵᠦᠢ᠍ᠯᠡᠰ᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠠᠴᠠ ᠬᠠᠷᠢᠭᠤᠴᠠᠨ ᠵᠣᠬᠢᠴᠠᠭᠤᠯᠤᠨ᠎ᠠ; ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠣᠷᠣᠯᠠᠬᠤ ᠲᠡᠮᠳᠡᠭ᠎ᠤᠨ ᠮᠡᠳᠡᠭᠡ ᠵᠠᠩᠭᠢ ᠵᠢ ᠬᠠᠮᠲᠤ᠎ᠳᠤ᠎ᠪᠠᠨ ᠭᠦᠷᠲᠡᠭᠦ ᠲᠠᠯ᠎ᠠ᠎ᠳᠤ ᠬᠤᠯᠪᠣᠭᠳᠠᠬᠤ ᠵᠦᠢ᠍ᠯᠡᠰ᠎ᠢ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠠᠴᠠ ᠬᠠᠷᠢᠭᠤᠴᠠᠨ ᠵᠣᠬᠢᠴᠠᠭᠤᠯᠤᠨ᠎ᠠ; ᠬᠤᠲᠠ ᠬᠥᠳᠡᠭᠡ ᠵᠢᠨ ᠨᠡᠶ᠋ᠢᠭᠡᠮ ᠲᠣᠭᠤᠷᠢᠭ᠎ᠤᠨ ᠲᠣᠣᠷᠯᠢᠭᠵᠢᠭᠤᠯᠤᠭᠰᠠᠨ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠠᠵᠢᠯ᠎ᠳᠤ ᠬᠤᠯᠪᠣᠭᠳᠠᠬᠤ ᠵᠦᠢ᠍ᠯᠡᠰ᠎ᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠤᠯᠤᠰ ᠲᠥᠷᠥ ᠬᠠᠤᠯᠢ ᠴᠠᠭ᠋ᠠᠵᠠ ᠵᠢᠨ ᠬᠤᠷᠢᠶ᠎ᠠ᠎ᠠᠴᠠ ᠵᠣᠬᠢᠴᠠᠭᠤᠯᠤᠨ᠎ᠠ; ᠪᠠᠩᠬᠢ᠂ ᠲᠡᠮᠳᠡᠭᠲᠦ᠂ ᠳᠠᠭ᠋ᠠᠳᠬᠠᠯ᠂ ᠲᠡᠮᠦᠷ ᠵᠠᠮ ᠵᠡᠷᠭᠡ ᠰᠠᠯᠠᠭ᠎ᠠ ᠮᠥᠴᠢᠷ ᠪᠣᠯᠣᠨ ᠨᠢᠭᠡᠴᠢ ᠵᠢᠴᠢ ᠬᠤᠯᠪᠣᠭᠳᠠᠯ ᠪᠦᠬᠦᠢ ᠲᠠᠯ᠎ᠠ ᠵᠢᠨ᠎ᠬᠢᠨ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠤᠨ ᠱᠠᠭ᠋ᠠᠷᠳᠠᠯᠭ᠎ᠠ ᠶᠣᠰᠣᠭ᠋ᠠᠷ᠂ ᠲᠤᠰ ᠰᠢᠰᠲ᠋ᠧᠮ᠎ᠤᠨ ᠵᠶ᠋ᠠᠨ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠬᠦ ᠵᠢ ᠬᠠᠷᠢᠭᠤᠴᠠᠨ᠎ᠠ; ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ᠎ᠨᠢ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠳᠠᠬᠢ ᠭᠠᠳᠠᠭ᠋ᠠᠳᠤ᠎ᠠᠴᠠ ᠣᠷᠣᠭᠤᠯᠤᠭᠰᠠᠨ ᠪᠠᠷᠠᠭ᠎ᠠ ᠵᠢᠨ ᠬᠡᠷᠡᠭᠯᠡᠬᠦ ᠬᠠᠨᠳᠤᠰᠢ ᠵᠢ ᠪᠠᠶ᠋ᠢᠴᠠᠭ᠋ᠠᠬᠤ ᠡᠭᠦᠷᠭᠡ ᠵᠢ ᠬᠠᠷᠢᠭᠤᠴᠠᠵᠤ ᠵᠣᠬᠢᠶᠠᠨ ᠪᠠᠶ᠋ᠢᠭᠤᠯᠤᠨ ᠥᠷᠨᠢᠭᠦᠯᠦᠨ᠎ᠡ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠨᠢᠭᠡᠴᠢ᠎ᠨᠢ ᠮᠡᠳᠡᠭᠡ ᠵᠠᠩᠭᠢ ᠵᠢ ᠬᠠᠮᠲᠤ᠎ᠳᠤ᠎ᠪᠠᠨ ᠬᠦᠷᠲᠡᠬᠦ᠎ᠪᠠᠨ ᠴᠢᠩᠭ᠋ᠠᠷᠠᠭᠤᠯᠵᠤ᠂ ᠨᠡᠶ᠋ᠢᠳᠡᠮ ᠪᠠᠶ᠋ᠢᠴᠠᠭ᠋ᠠᠯᠲᠠ ᠵᠢᠨ ᠬᠤᠯᠪᠣᠭᠳᠠᠯ ᠪᠦᠬᠦᠢ ᠰᠠᠭᠤᠷᠢ ᠮᠠᠲ᠋ᠧᠷᠢᠶᠠᠯ᠎ᠢ ᠡᠵᠡᠮᠰᠢᠵᠦ ᠪᠠᠶ᠋ᠢᠭ᠎ᠠ ᠡᠯ᠎ᠡ ᠱᠠᠲᠤᠨ᠎ᠤ ᠰᠠᠯᠠᠭ᠎ᠠ ᠮᠥᠴᠢᠷ᠎ᠨᠢ ᠰᠠᠯᠠᠭ᠎ᠠ ᠮᠥᠴᠢᠷ᠎ᠤᠨ ᠵᠠᠰᠠᠭ ᠵᠠᠬᠢᠷᠭ᠋ᠠᠨ᠎ᠤ ᠲᠡᠮᠳᠡᠭᠯᠡᠯ ᠪᠣᠯᠣᠨ ᠲᠤᠭ᠎ᠠ ᠪᠠᠷᠢᠮᠲᠠ ᠵᠢᠨ ᠮᠡᠳᠡᠭᠡ ᠵᠠᠩᠭᠢ ᠵᠢ ᠴᠠᠭ ᠲᠤᠬᠠᠢᠳᠤᠨᠢ ᠣᠨᠣᠪᠴᠢᠲᠠᠶ ᠬᠠᠩᠭ᠋ᠠᠬᠤ ᠬᠡᠷᠡᠭᠲᠡᠢ᠃
ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠬᠤᠰᠢᠭᠤ ᠰᠢᠶᠠᠨ (ᠬᠤᠲᠠ᠂ ᠲᠣᠭᠤᠷᠢᠭ)᠎ᠤ ᠠᠷᠠᠳ᠎ᠤᠨ ᠵᠠᠰᠠᠭ᠎ᠤᠨ ᠣᠷᠳᠣᠨ ᠴᠤ᠌ ᠬᠠᠷᠠᠭ᠋ᠠᠯᠵᠠᠭᠰᠠᠨ ᠨᠡᠶ᠋ᠢᠳᠡᠮ ᠪᠠᠶ᠋ᠢᠴᠠᠭ᠋ᠠᠯᠲᠠ ᠵᠢᠨ ᠤᠳᠤᠷᠢᠳᠬᠤ ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠮᠵᠢ ᠵᠢ ᠪᠠᠶ᠋ᠢᠭᠤᠯᠵᠤ᠂ ᠲᠤᠰ ᠭᠠᠵᠠᠷ ᠣᠷᠣᠨ᠎ᠤ᠎ᠪᠠᠨ ᠨᠡᠶ᠋ᠢᠳᠡᠮ ᠪᠠᠶ᠋ᠢᠴᠠᠭ᠋ᠠᠯᠲᠠ ᠵᠢᠨ ᠬᠡᠷᠡᠭᠵᠢᠭᠦᠯᠬᠦ ᠠᠵᠢᠯ᠎ᠢ ᠬᠢᠨᠠᠮᠠᠭ᠋ᠠᠢ ᠰᠠᠶ᠋ᠢᠲᠤᠷ ᠵᠣᠬᠢᠶᠠᠨ ᠪᠠᠶ᠋ᠢᠭᠤᠯᠵᠤ᠂ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠤᠨ ᠳᠤᠮᠳᠠ ᠲᠤᠯᠭ᠋ᠠᠷᠠᠭᠰᠠᠨ ᠬᠦᠴᠢᠷᠳᠡᠯ ᠪᠣᠯᠣᠨ ᠠᠰᠠᠭᠤᠳᠠᠯ᠎ᠢ ᠴᠠᠭ ᠲᠤᠬᠠᠢᠳᠤᠨᠢ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠰᠢᠢ᠍ᠳᠪᠦᠷᠢᠯᠡᠬᠦ ᠬᠡᠷᠡᠭᠲᠡᠢ᠃ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ ᠪᠣᠯᠣᠨ ᠰᠠᠭᠤᠭ᠋ᠠᠯᠢ ᠠᠷᠠᠳ᠎ᠤᠨ ᠵᠥᠪᠯᠡᠯ᠂ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ ᠪᠣᠯᠣᠨ ᠭᠠᠴᠠᠭ᠎ᠠ ᠲᠣᠰᠬᠤᠨ᠎ᠤ ᠠᠷᠠᠳ᠎ᠤᠨ ᠵᠥᠪᠯᠡᠯ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠠᠰᠠᠷ ᠪᠠᠶ᠋ᠢᠰᠢᠩ᠎ᠤᠨ ᠠᠳᠠᠯ ᠠᠬᠤᠢ ᠪᠣᠯᠣᠨ ᠬᠦᠷᠢᠶᠡᠯᠡᠩ ᠲᠣᠭᠤᠷᠢᠭ᠎ᠤᠨ ᠬᠠᠮᠢᠶᠠᠷᠤᠯᠲᠠ ᠵᠢᠨ ᠵᠠᠭᠪᠤᠷ᠎ᠢ ᠭᠦᠢ᠍ᠴᠡᠳ ᠠᠰᠢᠭᠯᠠᠵᠤ᠂ ᠨᠡᠶ᠋ᠢᠭᠡᠮ᠎ᠤᠨ ᠬᠦᠴᠦᠨ᠎ᠢ ᠥᠷᠭᠡᠨ ᠵᠶ᠋ᠠᠷ ᠳᠠᠶ᠋ᠢᠴᠢᠯᠠᠬᠤ ᠪᠠ ᠵᠣᠬᠢᠶᠠᠨ ᠪᠠᠶ᠋ᠢᠭᠤᠯᠵᠤ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠳᠤ ᠢᠳᠡᠪᠬᠢᠲᠡᠢ ᠣᠷᠣᠯᠴᠠᠭᠤᠯᠵᠤ ᠬᠢᠨᠠᠮᠠᠭ᠋ᠠᠢ ᠬᠠᠮᠵᠢᠯᠴᠠᠭᠤᠯᠵᠤ ᠪᠠᠶ᠋ᠢᠭ᠋ᠠᠳ ᠰᠠᠶ᠋ᠢᠲᠤᠷ ᠬᠢᠬᠦ ᠬᠡᠷᠡᠭᠲᠡᠢ᠃ ᠣᠷᠣᠨ ᠨᠤᠲᠤᠭ᠎ᠤᠨ ᠨᠡᠶ᠋ᠢᠳᠡᠮ ᠪᠠᠶ᠋ᠢᠴᠠᠭ᠋ᠠᠯᠲᠠ ᠵᠢᠨ ᠪᠠᠶ᠋ᠢᠭᠤᠯᠤᠮᠵᠢ᠎ᠨᠢ ᠠᠵᠢᠯ᠎ᠤᠨ ᠬᠡᠷᠡᠭᠴᠡᠭᠡ᠎ᠪᠠᠨ ᠦᠨᠳᠦᠰᠦᠯᠡᠨ᠂ ᠨᠥᠬᠦᠴᠡᠯ᠎ᠳᠤ ᠨᠡᠶ᠋ᠢᠴᠡᠬᠦ ᠨᠡᠶ᠋ᠢᠳᠡᠮ ᠪᠠᠶ᠋ᠢᠴᠠᠭ᠋ᠠᠯᠲᠠ ᠵᠢᠨ ᠵᠢᠯᠣᠭᠤᠳᠤᠭᠴᠢ ᠪᠣᠯᠣᠨ ᠨᠡᠶ᠋ᠢᠳᠡᠮ ᠪᠠᠶ᠋ᠢᠴᠠᠭ᠋ᠠᠭᠴᠢ ᠵᠢ ᠤᠷᠢᠨ ᠬᠡᠷᠡᠭᠯᠡᠬᠦ ᠪᠤᠶᠤ ᠬᠤᠯᠪᠣᠭᠳᠠᠯ ᠪᠦᠬᠦᠢ ᠨᠢᠭᠡᠴᠢ᠎ᠠᠴᠠ ᠵᠥᠪᠳᠡᠨ ᠰᠢᠯᠵᠢᠭᠦᠯᠵᠦ᠂ ᠤᠷᠢᠨ ᠬᠡᠷᠡᠭᠯᠡᠭᠰᠡᠨ ᠠᠵᠢᠯᠲᠠᠨ᠎ᠤ ᠬᠥᠳᠡᠯᠮᠦᠷᠢ ᠵᠢᠨ ᠬᠥᠯᠥᠰᠦ ᠣᠯᠭᠤᠮᠵᠢ ᠵᠢ ᠴᠠᠭ ᠲᠤᠬᠠᠢᠳᠤᠨᠢ ᠥᠭᠴᠦ᠂ ᠵᠥᠪᠳᠡᠯᠴᠡᠨ ᠰᠢᠯᠵᠢᠭᠦᠯᠦᠭᠰᠡᠨ ᠠᠵᠢᠯᠲᠠᠨ᠎ᠤ ᠤᠤᠯ᠎ᠤᠨ ᠨᠢᠭᠡᠴᠢ᠎ᠳᠠᠬᠢ ᠴᠠᠯᠢᠩ᠂ ᠠᠰᠠᠷᠠᠮᠵᠢ ᠵᠢᠴᠢ ᠪᠤᠰᠤᠳ ᠣᠯᠭᠤᠮᠵᠢ ᠵᠢ ᠬᠤᠪᠢᠷᠠᠭᠤᠯᠬᠤ ᠦᠭᠡᠢ ᠪᠠᠶ᠋ᠢᠬᠤ ᠵᠢ ᠪᠠᠲᠤᠯᠠᠨ᠂ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠯ᠎ᠢ ᠢᠳᠡᠪᠬᠢᠲᠡᠢ᠎ᠪᠠᠷ ᠵᠣᠬᠢᠶᠠᠨ ᠪᠠᠶ᠋ᠢᠭᠤᠯᠤᠨ ᠥᠷᠨᠢᠭᠦᠯᠵᠦ᠂ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯᠲᠠᠨ᠎ᠤ ᠬᠡᠪ ᠴᠢᠨᠠᠷ᠎ᠢ ᠳᠡᠭᠡᠭᠰᠢᠯᠡᠭᠦᠯᠬᠦ ᠵᠢᠨ ᠬᠠᠮᠲᠤ᠂ ᠰᠢᠮᠳᠠᠭᠤᠯᠤᠨ ᠵᠢᠯᠤᠭᠤᠳᠬᠤ᠎ᠪᠠᠨ ᠴᠢᠩᠭ᠋ᠠᠳᠬᠠᠨ᠂ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠤᠨ ᠡᠩᠨᠡᠭᠡ ᠵᠢ ᠲᠣᠭᠲᠠᠪᠤᠷᠢᠵᠢᠭᠤᠯᠵᠤ᠂ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠤᠨ ᠤᠷᠤᠭᠰᠢᠲᠠᠢ ᠶᠠᠪᠤᠭᠳᠠᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃
ᠲᠠᠪᠤ᠂ ᠨᠡᠶ᠋ᠢᠳᠡᠮ ᠪᠠᠶ᠋ᠢᠴᠠᠭ᠋ᠠᠯᠲᠠ ᠵᠢᠨ ᠵᠠᠷᠤᠳᠠᠯ᠎ᠤᠨ ᠪᠠᠲᠤᠯᠠᠭ᠍ᠠ
ᠲᠠᠪᠤᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠠᠵᠤ ᠠᠬᠤᠢ ᠵᠢᠨ ᠨᠡᠶ᠋ᠢᠳᠡᠮ ᠪᠠᠶ᠋ᠢᠴᠠᠭ᠋ᠠᠯᠲᠠ᠎ᠳᠤ ᠬᠡᠷᠡᠭᠰᠡᠬᠦ ᠵᠠᠷᠤᠳᠠᠯ᠎ᠢ᠂ ᠣᠳᠣ ᠵᠢᠨ ᠬᠡᠷᠡᠭᠵᠢᠭᠦᠯᠵᠦ ᠪᠠᠶ᠋ᠢᠭ᠎ᠠ ᠵᠠᠷᠤᠳᠠᠯ᠎ᠤᠨ ᠵᠠᠮ ᠮᠥᠷ ᠵᠶ᠋ᠠᠷ ᠲᠥᠪ᠎ᠤᠨ ᠪᠠ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠬᠠᠮᠲᠤ᠎ᠪᠠᠷ ᠳᠠᠭ᠋ᠠᠭ᠋ᠠᠨ ᠡᠭᠦᠷᠭᠡᠯᠡᠵᠦ᠂ ᠵᠣᠬᠢᠬᠤ ᠣᠨ᠎ᠤ ᠡᠳ᠋᠎ᠤᠨ ᠵᠠᠰᠠᠭ᠎ᠤᠨ ᠲᠥᠰᠥᠪ᠎ᠲᠤ᠎ᠪᠠᠨ ᠣᠷᠣᠭᠤᠯᠤᠨ᠂ ᠴᠠᠭ ᠲᠤᠬᠠᠢᠳᠤᠨᠢ ᠰᠠᠯᠭ᠋ᠠᠨ ᠥᠭᠴᠦ᠂ ᠪᠣᠳᠠᠲᠠᠶ᠋ᠢᠵᠢᠭᠤᠯᠬᠤ ᠵᠢ ᠦᠨᠡᠨ ᠬᠦ᠌ ᠪᠠᠲᠤᠯᠠᠨ᠂ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠤᠨ ᠤᠷᠤᠭᠰᠢᠲᠠᠢ ᠥᠷᠨᠢᠬᠦ ᠵᠢ ᠪᠠᠲᠤᠯᠠᠬᠤ ᠬᠡᠷᠡᠭᠲᠡᠢ᠃ ᠡᠯ᠎ᠡ ᠠᠶ᠋ᠢᠮᠠᠭ ᠬᠤᠲᠠ᠎ᠨᠢ ᠬᠠᠷᠢᠶ᠎ᠠ ᠪᠦᠬᠦᠢ ᠬᠤᠰᠢᠭᠤ ᠰᠢᠶᠠᠨ (ᠬᠤᠲᠠ᠂ ᠲᠣᠭᠤᠷᠢᠭ) ᠢᠯᠠᠩᠭᠤᠶ᠎ᠠ ᠡᠳ᠋᠎ᠤᠨ ᠵᠠᠰᠠᠭ᠎ᠤᠨ ᠲᠠᠯ᠎ᠠ᠎ᠪᠠᠷ ᠬᠦᠴᠢᠷᠳᠡᠯᠲᠡᠢ ᠬᠤᠰᠢᠭᠤ ᠰᠢᠶᠠᠨ (ᠬᠤᠲᠠ᠂ ᠲᠣᠭᠤᠷᠢᠭ)᠎ᠤ ᠨᠡᠶ᠋ᠢᠳᠡᠮ ᠪᠠᠶ᠋ᠢᠴᠠᠭ᠋ᠠᠯᠲᠠ ᠵᠢᠨ ᠵᠠᠷᠤᠳᠠᠯ᠎ᠢ ᠰᠢᠮᠳᠠᠭᠤᠯᠤᠨ ᠨᠠᠶ᠋ᠢᠳᠠᠪᠤᠷᠢᠵᠢᠭᠤᠯᠬᠤ ᠠᠵᠢᠯ᠎ᠢ ᠰᠠᠶ᠋ᠢᠲᠤᠷ ᠬᠢᠬᠦ ᠬᠡᠷᠡᠭᠲᠡᠢ᠃ ᠡᠯ᠎ᠡ ᠱᠠᠲᠤᠨ᠎ᠤ ᠨᠡᠶ᠋ᠢᠳᠡᠮ ᠪᠠᠶ᠋ᠢᠴᠠᠭ᠋ᠠᠯᠲᠠ ᠵᠢᠨ ᠪᠠᠶ᠋ᠢᠭᠤᠯᠤᠮᠵᠢ᠎ᠨᠢ ᠬᠠᠮᠢᠶᠠᠷᠤᠯᠲᠠ᠎ᠪᠠᠨ ᠴᠢᠩᠭ᠋ᠠᠳᠬᠠᠨ᠂ ᠠᠷᠪᠢᠯᠠᠨ ᠭᠠᠮᠨᠠᠵᠤ᠂ ᠲᠤᠰᠬᠠᠢ ᠵᠣᠭᠤᠰ᠎ᠢ ᠲᠤᠰᠬᠠᠢ ᠵᠦᠢ᠍ᠯ᠎ᠳᠤ ᠬᠡᠷᠡᠭᠯᠡᠨ᠂ ᠨᠡᠶ᠋ᠢᠳᠡᠮ ᠪᠠᠶ᠋ᠢᠴᠠᠭ᠋ᠠᠯᠲᠠ ᠵᠢᠨ ᠵᠠᠷᠤᠳᠠᠯ᠎ᠤᠨ ᠬᠡᠷᠡᠭᠯᠡᠯᠲᠡ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠬᠦ ᠬᠡᠷᠡᠭᠲᠡᠢ᠃
ᠵᠢᠷᠭᠤᠭ᠎ᠠ᠂ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠤᠨ ᠱᠠᠭ᠋ᠠᠷᠳᠠᠯᠭ᠍ᠠ
(ᠨᠢᠭᠡ) ᠬᠠᠤᠯᠢ ᠶᠣᠰᠣᠭ᠋ᠠᠷ ᠨᠡᠶ᠋ᠢᠳᠡᠮ ᠪᠠᠶ᠋ᠢᠴᠠᠭ᠋ᠠᠯᠲᠠ ᠬᠢᠬᠦ ᠵᠢ ᠪᠠᠷᠢᠮᠲᠠᠯᠠᠬᠤ ᠬᠡᠷᠡᠭᠲᠡᠢ᠃ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯᠲᠠᠨ ᠪᠣᠯᠣᠨ ᠨᠡᠶ᠋ᠢᠳᠡᠮ ᠪᠠᠶ᠋ᠢᠴᠠᠭ᠋ᠠᠭᠳᠠᠭᠴᠢ ᠪᠦᠬᠦᠨ ᠡᠷᠬᠡᠪᠰᠢ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠤᠭ᠎ᠠ ᠪᠦᠷᠢᠳᠬᠡᠯ᠎ᠤᠨ ᠬᠠᠤᠯᠢ》 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠤᠭ᠎ᠠ ᠪᠦᠷᠢᠳᠬᠡᠯ᠎ᠤᠨ ᠬᠠᠤᠯᠢ ᠵᠢᠨ ᠬᠡᠷᠡᠭᠵᠢᠭᠦᠯᠬᠦ ᠳᠦᠷᠢᠮ》 《ᠪᠦᠬᠦ ᠤᠯᠤᠰ᠎ᠤᠨ ᠠᠵᠤ ᠠᠬᠤᠢ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠳᠦᠷᠢᠮ》᠎ᠤᠨ ᠲᠣᠭᠲᠠᠭ᠋ᠠᠯ᠎ᠢ ᠴᠢᠩᠭ᠎ᠠ ᠵᠢᠷᠤᠮᠯᠠᠨ᠂ ᠨᠡᠶ᠋ᠢᠳᠡᠮ ᠪᠠᠶ᠋ᠢᠴᠠᠭ᠋ᠠᠯᠲᠠ ᠵᠢᠨ ᠬᠦᠰᠦᠨᠦᠭᠲᠦ ᠵᠢ ᠴᠠᠭ᠎ᠲᠤ᠎ᠪᠠᠨ᠂ ᠦᠨᠡᠨ ᠪᠣᠳᠠᠲᠠᠢ᠎ᠪᠠᠷ ᠲᠠᠭᠯᠠᠨ ᠮᠡᠳᠡᠭᠦᠯᠬᠦ ᠬᠡᠷᠡᠭᠲᠡᠢ᠃ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠬᠤᠳᠠᠯ ᠵᠶ᠋ᠠᠷ ᠮᠡᠳᠡᠭᠦᠯᠬᠦ᠂ ᠨᠢᠭᠤᠵᠤ ᠥᠯᠥ ᠮᠡᠳᠡᠭᠦᠯᠬᠦ᠂ ᠮᠡᠳᠡᠭᠦᠯᠬᠦ ᠵᠢ ᠲᠡᠪᠴᠢᠬᠦ᠂ ᠤᠳᠠᠭ᠋ᠠᠰᠢᠷᠠᠭᠤᠯᠤᠨ ᠮᠡᠳᠡᠭᠦᠯᠵᠦ ᠪᠣᠯᠬᠤ ᠦᠭᠡᠢ᠂ ᠨᠡᠶ᠋ᠢᠳᠡᠮ ᠪᠠᠶ᠋ᠢᠴᠠᠭ᠋ᠠᠯᠲᠠ ᠵᠢᠨ ᠲᠤᠭ᠎ᠠ ᠪᠠᠷᠢᠮᠲᠠ ᠵᠢ ᠬᠠᠭᠤᠷᠮᠠᠭ ᠵᠶ᠋ᠠᠷ ᠵᠣᠬᠢᠶᠠᠵᠤ᠂ ᠥᠭᠡᠷᠡᠲᠦᠭᠦᠯᠦᠨ ᠭᠠᠵᠢᠭᠤᠳᠠᠭᠤᠯᠵᠤ ᠪᠣᠯᠬᠤ ᠦᠭᠡᠢ᠃ ᠨᠡᠶ᠋ᠢᠳᠡᠮ ᠪᠠᠶ᠋ᠢᠴᠠᠭ᠋ᠠᠯᠲᠠ᠎ᠳᠤ ᠣᠯᠣᠭᠰᠠᠨ ᠨᠢᠭᠡᠴᠢ ᠪᠠ ᠬᠤᠪᠢ ᠬᠥᠮᠥᠨ᠎ᠤ ᠮᠠᠲ᠋ᠧᠷᠢᠶᠠᠯ᠎ᠢ ᠨᠡᠶ᠋ᠢᠳᠡᠮ ᠪᠠᠶ᠋ᠢᠴᠠᠭ᠋ᠠᠯᠲᠠ᠎ᠳᠤ ᠬᠡᠷᠡᠭᠯᠡᠬᠦ ᠵᠣᠷᠢᠯᠭ᠎ᠠ᠎ᠪᠠᠷ ᠴᠢᠩᠭ᠎ᠠ ᠬᠢᠵᠠᠭ᠋ᠠᠷᠯᠠᠨ᠂ ᠶᠠᠮᠠᠷᠪᠠ ᠨᠢᠭᠡᠴᠢ᠎ᠠᠴᠠ ᠨᠡᠶ᠋ᠢᠳᠡᠮ ᠪᠠᠶ᠋ᠢᠴᠠᠭ᠋ᠠᠭᠳᠠᠭᠴᠢ ᠵᠢ ᠱᠠᠩᠨᠠᠵᠤ ᠲᠣᠷᠭ᠋ᠠᠬᠤ ᠵᠢᠨ ᠦᠨᠳᠦᠰᠦᠯᠡᠯ ᠪᠣᠯᠭ᠋ᠠᠵᠤ ᠪᠣᠯᠬᠤ ᠦᠭᠡᠢ᠃ ᠡᠯ᠎ᠡ ᠱᠠᠲᠤᠨ᠎ᠤ ᠨᠡᠶ᠋ᠢᠳᠡᠮ ᠪᠠᠶ᠋ᠢᠴᠠᠭ᠋ᠠᠯᠲᠠ ᠵᠢᠨ ᠪᠠᠶ᠋ᠢᠭᠤᠯᠤᠮᠵᠢ ᠵᠢᠴᠢ ᠠᠵᠢᠯᠲᠠᠳ ᠨᠡᠶ᠋ᠢᠳᠡᠮ ᠪᠠᠶ᠋ᠢᠴᠠᠭ᠋ᠠᠯᠲᠠ ᠵᠢᠨ ᠳᠤᠮᠳᠠ ᠣᠯᠵᠤ ᠮᠡᠳᠡᠭᠰᠡᠨ ᠤᠯᠤᠰ᠎ᠤᠨ ᠨᠢᠭᠤᠴᠠ ᠪᠣᠯᠣᠨ ᠨᠡᠶ᠋ᠢᠳᠡᠮ ᠪᠠᠶ᠋ᠢᠴᠠᠭ᠋ᠠᠭᠳᠠᠭᠴᠢ ᠵᠢᠨ ᠬᠤᠳᠠᠯᠳᠤᠭ᠋ᠠᠨ᠎ᠤ ᠨᠢᠭᠤᠴᠠ ᠪᠠ ᠬᠤᠪᠢ ᠬᠥᠮᠥᠨ᠎ᠤ ᠮᠡᠳᠡᠭᠡ ᠵᠠᠩᠭᠢ ᠵᠢᠨ ᠨᠢᠭᠤᠴᠠ ᠵᠢ ᠬᠠᠮᠠᠭ᠋ᠠᠯᠠᠬᠤ ᠡᠭᠦᠷᠭᠡ᠎ᠪᠠᠨ ᠡᠷᠬᠡᠪᠰᠢ ᠴᠢᠩᠭ᠎ᠠ ᠭᠦᠢ᠍ᠴᠡᠳᠬᠡᠬᠦ ᠬᠡᠷᠡᠭᠲᠡᠢ; ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠨᠡᠶ᠋ᠢᠳᠡᠮ ᠪᠠᠶ᠋ᠢᠴᠠᠭ᠋ᠠᠯᠲᠠ ᠵᠢᠨ ᠲᠤᠭ᠎ᠠ ᠪᠠᠷᠢᠮᠲᠠ ᠵᠢ ᠵᠥᠪᠰᠢᠶᠡᠷᠡᠭᠦᠯᠦᠭᠰᠡᠨ ᠦᠭᠡᠢ᠎ᠪᠠᠷ ᠭᠠᠳᠠᠭᠰᠢ ᠨᠡᠶ᠋ᠢᠲᠡᠯᠡᠵᠦ ᠪᠣᠯᠬᠤ ᠦᠭᠡᠢ᠃ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠳᠠᠬᠢ ᠰᠠᠬᠢᠯᠭ᠎ᠠ ᠪᠠᠲᠤ ᠬᠠᠤᠯᠢ ᠴᠠᠭ᠋ᠠᠵᠠ᠎ᠠᠴᠠ ᠵᠥᠷᠢᠴᠡᠭᠰᠡᠨ ᠵᠡᠷᠭᠡ ᠦᠢ᠍ᠯᠡ ᠠᠵᠢᠯᠯᠠᠭ᠎ᠠ ᠵᠢ ᠰᠠᠬᠢᠯᠭ᠎ᠠ ᠪᠠᠲᠤ ᠬᠠᠤᠯᠢ ᠶᠣᠰᠣᠭ᠋ᠠᠷ ᠰᠢᠢ᠍ᠳᠪᠦᠷᠢᠯᠡᠬᠦ ᠵᠢᠨ ᠬᠠᠮᠲᠤ ᠨᠡᠪᠲᠡᠷᠡᠭᠦᠯᠦᠨ ᠮᠡᠳᠡᠭᠡᠯᠡᠵᠦ ᠢᠯᠡᠴᠢᠯᠡᠬᠦ ᠡᠷᠴᠢᠮ ᠵᠶ᠋ᠠᠨ ᠴᠢᠩᠭ᠋ᠠᠷᠠᠭᠤᠯᠬᠤ ᠬᠡᠷᠡᠭᠲᠡᠢ᠃
(ᠬᠤᠶᠠᠷ) ᠲᠤᠭ᠎ᠠ ᠪᠠᠷᠢᠮᠲᠠ ᠵᠢᠨ ᠴᠢᠨᠠᠷ᠎ᠢ ᠦᠨᠡᠨ ᠬᠦ᠌ ᠪᠠᠲᠤᠯᠠᠬᠤ ᠬᠡᠷᠡᠭᠲᠡᠢ᠃ ᠲᠤᠭ᠎ᠠ ᠪᠠᠷᠢᠮᠲᠠ ᠵᠢᠨ ᠴᠢᠨᠠᠷ᠎ᠢ ᠲᠡᠷᠢᠭᠦᠨ᠎ᠳᠤ ᠲᠠᠯᠪᠢᠬᠤ ᠵᠠᠷᠴᠢᠮ᠎ᠢ ᠢᠮᠠᠭᠲᠠ ᠪᠠᠲᠤ ᠰᠠᠬᠢᠵᠤ᠂ ᠨᠡᠶ᠋ᠢᠳᠡᠮ ᠪᠠᠶ᠋ᠢᠴᠠᠭ᠋ᠠᠯᠲᠠ ᠵᠢᠨ ᠲᠥᠰᠥᠯ᠎ᠢ ᠴᠢᠩᠭ᠎ᠠ ᠬᠡᠷᠡᠭᠵᠢᠭᠦᠯᠦᠨ᠂ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠤᠨ ᠴᠤᠪᠤᠷᠠᠯ᠎ᠢ ᠵᠢᠷᠤᠮᠵᠢᠭᠤᠯᠵᠤ᠂ ᠠᠵᠢᠯ ᠶᠠᠪᠤᠳᠠᠯ᠎ᠤᠨ ᠡᠮᠦᠨᠡᠬᠢ᠂ ᠳᠤᠮᠳᠠᠬᠢ ᠪᠠ ᠳᠠᠷᠠᠭ᠋ᠠᠬᠢ ᠵᠢᠨ ᠲᠤᠭ᠎ᠠ ᠪᠠᠷᠢᠮᠲᠠ ᠵᠢᠨ ᠴᠢᠨᠠᠷ᠎ᠢ ᠪᠠᠶ᠋ᠢᠴᠠᠭ᠋ᠠᠵᠤ ᠬᠠᠷᠭᠤᠭᠤᠯᠬᠤ᠎ᠪᠠᠨ ᠴᠢᠩᠭ᠋ᠠᠳᠬᠠᠨ᠂ ᠲᠤᠭ᠎ᠠ ᠪᠦᠷᠢᠳᠬᠡᠯ᠎ᠳᠤ ᠬᠠᠭᠤᠷᠮᠠᠭ ᠶᠠᠭᠤᠮ᠎ᠠ ᠵᠣᠬᠢᠶᠠᠬᠤ᠂ ᠬᠤᠳᠠᠯ ᠬᠡᠯᠡᠵᠦ ᠬᠤᠯᠤ ᠲᠠᠷᠢᠬᠤ ᠵᠢ ᠦᠨᠡᠨ ᠬᠦ᠌ ᠰᠡᠷᠭᠡᠶ᠋ᠢᠯᠡᠬᠦ ᠪᠠ ᠶᠠᠯᠠᠯᠠᠨ ᠰᠢᠢ᠍ᠳᠬᠡᠵᠦ᠂ ᠨᠡᠶ᠋ᠢᠳᠡᠮ ᠪᠠᠶ᠋ᠢᠴᠠᠭ᠋ᠠᠯᠲᠠ ᠵᠢᠨ ᠲᠤᠭ᠎ᠠ ᠪᠠᠷᠢᠮᠲᠠ ᠵᠢᠨ ᠦᠨᠡᠨ ᠪᠣᠳᠠᠲᠠᠢ ᠵᠥᠪ ᠣᠨᠣᠪᠴᠢᠲᠠᠢ᠂ ᠪᠦᠷᠢᠨ ᠪᠦᠲᠦᠨ ᠢᠲᠡᠭᠡᠮᠵᠢᠲᠡᠢ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠡᠯ᠎ᠡ ᠱᠠᠲᠤᠨ᠎ᠤ ᠨᠡᠶ᠋ᠢᠳᠡᠮ ᠪᠠᠶ᠋ᠢᠴᠠᠭ᠋ᠠᠯᠲᠠ ᠵᠢᠨ ᠪᠠᠶ᠋ᠢᠭᠤᠯᠤᠮᠵᠢ᠎ᠨᠢ ᠨᠡᠶ᠋ᠢᠳᠡᠮ ᠪᠠᠶ᠋ᠢᠴᠠᠭ᠋ᠠᠯᠲᠠ ᠵᠢᠨ ᠲᠤᠭ᠎ᠠ ᠪᠠᠷᠢᠮᠲᠠ ᠵᠢᠨ ᠴᠢᠨᠠᠷ᠎ᠢ ᠡᠵᠡᠮᠳᠡᠬᠦ ᠲᠣᠭᠲᠠᠯᠴᠠᠭ᠎ᠠ ᠪᠠ ᠠᠵᠢᠯ᠎ᠤᠨ ᠪᠠᠶ᠋ᠢᠷᠢ ᠵᠢᠨ ᠬᠠᠷᠢᠭᠤᠴᠠᠯᠭ᠎ᠠ ᠵᠢᠨ ᠳᠦᠷᠢᠮ᠎ᠢ ᠪᠠᠶ᠋ᠢᠭᠤᠯᠤᠨ ᠪᠦᠷᠢᠨᠰᠢᠭᠦᠯᠵᠦ᠂ ᠨᠡᠶ᠋ᠢᠳᠡᠮ ᠪᠠᠶ᠋ᠢᠴᠠᠭ᠋ᠠᠯᠲᠠ ᠵᠢᠨ ᠲᠤᠭ᠎ᠠ ᠪᠠᠷᠢᠮᠲᠠ ᠵᠢᠨ ᠶᠠᠰᠤ ᠴᠢᠨᠠᠷ᠎ᠢ ᠮᠦᠷᠳᠡᠨ ᠤᠬᠤᠴᠢᠯᠠᠬᠤ ᠪᠠ ᠬᠠᠷᠢᠭᠤᠴᠠᠯᠭ᠎ᠠ ᠬᠡᠯᠡᠯᠴᠡᠬᠦ ᠲᠣᠭᠲᠠᠴᠠ ᠵᠢ ᠲᠡᠭᠦᠯᠳᠡᠷᠵᠢᠭᠦᠯᠦᠨ᠂ ᠨᠡᠶ᠋ᠢᠳᠡᠮ ᠪᠠᠶ᠋ᠢᠴᠠᠭ᠋ᠠᠯᠲᠠ ᠵᠢᠨ ᠰᠠᠬᠢᠯᠭ᠎ᠠ ᠪᠠᠲᠤ ᠵᠢ ᠴᠢᠩᠳᠠᠯᠠᠵᠤ᠂ ᠨᠡᠶ᠋ᠢᠳᠡᠮ ᠪᠠᠶ᠋ᠢᠴᠠᠭ᠋ᠠᠯᠲᠠ ᠵᠢᠨ ᠲᠤᠭ᠎ᠠ ᠪᠠᠷᠢᠮᠲᠠ᠎ᠳᠤ ᠵᠣᠷᠢᠭᠤᠳᠠ ᠭᠠᠷ ᠳᠦᠷᠦᠵᠦ ᠬᠠᠷᠰᠢᠯᠠᠬᠤ ᠡᠯ᠎ᠡ ᠵᠦᠢ᠍ᠯ᠎ᠤᠨ ᠦᠶᠯᠡ ᠠᠵᠢᠯᠯᠠᠭ᠎ᠠ ᠵᠢ ᠡᠷᠡᠰ ᠬᠤᠷᠢᠭᠯᠠᠬᠤ ᠬᠡᠷᠡᠭᠲᠡᠢ᠃ ᠪᠦᠲᠦᠮᠵᠢᠲᠡᠶ ᠮᠡᠷᠭᠡᠵᠢᠯ᠎ᠤᠨ ᠠᠷᠭ᠎ᠠ ᠪᠠᠷᠢᠯ ᠪᠠ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠠᠪᠴᠤ᠂ ᠨᠡᠶ᠋ᠢᠳᠡᠮ ᠪᠠᠶ᠋ᠢᠴᠠᠭ᠋ᠠᠯᠲᠠ ᠵᠢᠨ ᠲᠤᠭ᠎ᠠ ᠪᠠᠷᠢᠮᠲᠠ ᠵᠢ ᠴᠤᠭᠯᠠᠭᠤᠯᠬᠤ᠂ ᠳᠠᠮᠵᠢᠭᠤᠯᠬᠤ᠂ ᠬᠠᠳᠠᠭ᠋ᠠᠯᠠᠬᠤ ᠪᠠ ᠬᠡᠷᠡᠭᠯᠡᠬᠦ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠢ᠃ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ ᠥᠷᠨᠢᠭᠦᠯᠦᠭᠰᠡᠨ ᠪᠠᠶ᠋ᠢᠳᠠᠯ᠎ᠢ ᠴᠠᠭᠲᠤᠨᠢ ᠲᠣᠬᠢᠷᠠᠭᠤᠯᠤᠨ ᠲᠤᠭ᠎ᠠ ᠪᠦᠷᠢᠳᠬᠡᠯ᠎ᠤᠨ ᠰᠢᠮᠳᠠᠭᠤᠯᠤᠨ ᠪᠠᠶ᠋ᠢᠴᠠᠭ᠋ᠠᠯᠲᠠ᠎ᠳᠤ ᠣᠷᠣᠭᠤᠯᠬᠤ ᠬᠡᠷᠡᠭᠲᠡᠢ᠃
(ᠭᠤᠷᠪᠠ) ᠠᠷᠭ᠎ᠠ ᠠᠪᠴᠠᠯ ᠠᠷᠭ᠎ᠠ ᠮᠠᠶᠢᠭ᠎ᠲᠤ ᠰᠢᠨ᠎ᠡ ᠵᠢ ᠡᠭᠦᠳᠬᠦ ᠬᠡᠷᠡᠭᠲᠡᠢ᠃ ᠰᠠᠯᠠᠭ᠎ᠠ ᠮᠥᠴᠢᠷ᠎ᠤᠨ ᠵᠠᠰᠠᠭ ᠵᠠᠬᠢᠷᠭ᠋ᠠᠨ᠎ᠤ ᠲᠡᠮᠳᠡᠭᠯᠡᠯ᠎ᠢ ᠥᠷᠭᠡᠨ ᠵᠶ᠋ᠠᠷ ᠬᠡᠷᠡᠭᠯᠡᠵᠦ᠂ ᠡᠯᠸᠺᠲᠷᠤᠨ ᠭᠡᠷᠡᠴᠢ ᠦᠨᠡᠮᠯᠡᠯ᠎ᠤᠨ ᠮᠡᠳᠡᠭᠡ ᠵᠠᠩᠭᠢ ᠵᠡᠷᠭᠡ ᠵᠢᠨ ᠨᠡᠶ᠋ᠢᠳᠡᠮ ᠪᠠᠶ᠋ᠢᠴᠠᠭ᠋ᠠᠯᠲᠠ᠎ᠳᠠᠬᠢ ᠬᠡᠷᠡᠭᠯᠡᠯᠲᠡ ᠵᠢ ᠠᠬᠢᠭᠤᠯᠤᠨ᠂ ᠰᠦᠯᠵᠢᠶ᠎ᠡ᠎ᠪᠠᠷ ᠲᠠᠭᠯᠠᠨ ᠮᠡᠳᠡᠭᠦᠯᠬᠦ ᠪᠠ ᠡᠯᠸᠺᠲᠷᠤᠨ ᠦᠵᠦᠭᠦᠷ ᠵᠶ᠋ᠠᠷ ᠲᠤᠬᠠᠢ ᠵᠢᠨ ᠲᠠᠯᠠᠪᠤᠷᠲᠤᠨᠢ ᠲᠤᠭ᠎ᠠ ᠪᠠᠷᠢᠮᠲᠠ ᠴᠤᠭᠯᠠᠭᠤᠯᠬᠤ ᠵᠢ ᠬᠠᠷᠢᠯᠴᠠᠨ ᠤᠶᠠᠯᠳᠤᠭᠤᠯᠬᠤ ᠠᠷᠭ᠎ᠠ ᠮᠠᠶᠢᠭ ᠵᠶ᠋ᠠᠷ ᠨᠡᠶ᠋ᠢᠳᠡᠮ ᠪᠠᠶ᠋ᠢᠴᠠᠭ᠋ᠠᠯᠲᠠ ᠥᠷᠨᠢᠭᠦᠯᠵᠦ᠂ ᠮᠡᠳᠡᠭᠡ ᠵᠠᠩᠭᠢᠴᠢᠯᠠᠯᠲᠠ ᠵᠢᠨ ᠠᠷᠭ᠎ᠠ ᠠᠪᠴᠠᠯ ᠵᠶ᠋ᠠᠷ ᠳᠠᠮᠵᠢᠭᠤᠯᠤᠨ ᠨᠡᠶ᠋ᠢᠳᠡᠮ ᠪᠠᠶ᠋ᠢᠴᠠᠭ᠋ᠠᠯᠲᠠ ᠵᠢᠨ ᠲᠤᠭ᠎ᠠ ᠪᠠᠷᠢᠮᠲᠠ ᠵᠢ ᠰᠢᠢ᠍ᠳᠪᠦᠷᠢᠯᠡᠬᠦ ᠪᠦᠳᠣᠮᠵᠢ ᠴᠢᠳᠠᠮᠵᠢ ᠵᠢ ᠳᠡᠭᠡᠭᠰᠢᠯᠡᠭᠦᠯᠦᠨ᠎ᠡ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠᠶ᠋ᠢᠩᠭᠤᠵᠢᠭᠰᠠᠨ ᠬᠡᠷᠡᠭᠴᠡᠭᠡ᠎ᠳᠤ ᠵᠣᠬᠢᠴᠠᠭᠤᠯᠤᠨ᠂ ᠰᠦᠯᠵᠢᠶ᠎ᠡ᠎ᠪᠠᠷ ᠪᠠ ᠰᠦᠯᠵᠢᠶᠡᠨ᠎ᠠᠴᠠ ᠭᠠᠳᠠᠭᠤᠷᠬᠢ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠨᠡᠶ᠋ᠢᠳᠡᠮ ᠪᠠᠶ᠋ᠢᠴᠠᠭ᠋ᠠᠭᠳᠠᠭᠴᠢ ᠰᠦᠯᠵᠢᠶ᠎ᠡ᠎ᠪᠠᠷ ᠳᠠᠮᠵᠢᠭᠤᠯᠤᠨ ᠨᠡᠶ᠋ᠢᠳᠡᠮ ᠪᠠᠶ᠋ᠢᠴᠠᠭ᠋ᠠᠯᠲᠠ ᠵᠢᠨ ᠲᠤᠭ᠎ᠠ ᠪᠠᠷᠢᠮᠲᠠ᠎ᠪᠠᠨ ᠪᠡᠶ᠎ᠡ᠎ᠪᠠᠨ ᠳᠠᠭ᠋ᠠᠭ᠋ᠠᠵᠤ ᠮᠡᠳᠡᠭᠦᠯᠦᠨ ᠬᠦᠷᠭᠡᠬᠦ ᠵᠢ ᠳᠡᠮᠵᠢᠵᠦ᠂ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠢ ᠰᠢᠨᠵᠢᠯᠡᠬᠦ ᠤᠬᠠᠭ᠋ᠠᠨᠴᠢ᠂ ᠵᠢᠷᠤᠮᠵᠢᠯ᠎ᠲᠠᠢ ᠪᠥᠭᠡᠳ ᠥᠨᠳᠥᠷ ᠪᠦᠲᠦᠮᠵᠢᠲᠡᠶ ᠠᠬᠢᠭᠤᠯᠤᠨ᠎ᠠ᠃
(ᠳᠥᠷᠪᠡ) ᠤᠬᠠᠭᠤᠯᠵᠤ ᠬᠥᠲᠥᠯᠥᠨ ᠵᠢᠯᠤᠭᠤᠳᠬᠤ ᠵᠢ ᠴᠢᠩᠭ᠋ᠠᠷᠠᠭᠤᠯᠬᠤ ᠬᠡᠷᠡᠭᠲᠡᠢ᠃ ᠡᠯ᠎ᠡ ᠱᠠᠲᠤᠨ᠎ᠤ ᠨᠡᠶ᠋ᠢᠳᠡᠮ ᠪᠠᠶ᠋ᠢᠴᠠᠭ᠋ᠠᠯᠲᠠ ᠵᠢᠨ ᠪᠠᠶ᠋ᠢᠭᠤᠯᠤᠮᠵᠢ᠎ᠨᠢ ᠤᠬᠠᠭᠤᠯᠬᠤ ᠰᠠᠯᠠᠭ᠎ᠠ ᠮᠥᠴᠢᠷ᠎ᠲᠠᠢ ᠬᠠᠮᠲᠤᠷᠠᠨ ᠨᠡᠶ᠋ᠢᠳᠡᠮ ᠪᠠᠶ᠋ᠢᠴᠠᠭ᠋ᠠᠯᠲᠠ ᠵᠢᠨ ᠤᠬᠠᠭᠤᠯᠭ᠎ᠠ ᠵᠢ ᠤᠬᠠᠭ᠋ᠠᠯᠠᠵᠤ ᠰᠡᠳᠦᠬᠦ ᠪᠠ ᠵᠣᠬᠢᠶᠠᠨ ᠪᠠᠶ᠋ᠢᠭᠤᠯᠬᠤ ᠠᠵᠢᠯ ᠵᠶ᠋ᠠᠨ ᠬᠢᠨᠠᠮᠠᠭ᠋ᠠᠢ ᠰᠠᠶ᠋ᠢᠲᠤᠷ ᠬᠢᠬᠦ ᠬᠡᠷᠡᠭᠲᠡᠢ᠃ ᠡᠯ᠎ᠡ ᠲᠥᠷᠥᠯ᠎ᠤᠨ ᠰᠣᠨᠢᠨ ᠮᠡᠳᠡᠭᠡᠨ᠎ᠤ ᠵᠠᠭᠤᠴᠢᠯᠠᠭᠤᠷ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ ᠦᠢ᠍ᠯᠡᠴᠢᠯᠡᠭᠡᠨ᠎ᠤ ᠲᠠᠪᠴᠠᠩ ᠵᠡᠷᠭᠡ ᠤᠬᠠᠭᠤᠯᠭ᠎ᠠ ᠵᠢᠨ ᠠᠷᠭ᠎ᠠ ᠮᠥᠷ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠠᠵᠤ ᠠᠬᠤᠢ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠴᠢᠬᠤᠯᠠ ᠠᠴᠢ ᠬᠤᠯᠪᠣᠭᠳᠠᠯ ᠪᠠ ᠱᠠᠭ᠋ᠠᠷᠳᠠᠯᠭ᠎ᠠ ᠵᠢ ᠥᠷᠭᠡᠨ ᠳᠡᠯᠭᠡᠷ ᠭᠦᠨᠵᠡᠭᠡᠢ ᠤᠬᠠᠭᠤᠯᠵᠤ᠂ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠳᠤ ᠴᠣᠯᠭᠤᠷᠠᠨ ᠭᠠᠷᠤᠭᠰᠠᠨ ᠨᠡᠶ᠋ᠢᠲᠡᠯᠢᠭ ᠦᠢ᠍ᠯᠡ ᠶᠠᠪᠤᠳᠠᠯ᠎ᠢ ᠤᠬᠠᠭᠤᠯᠤᠨ᠂ ᠬᠠᠤᠯᠢ ᠴᠠᠭ᠋ᠠᠵᠠ ᠰᠠᠬᠢᠯᠭ᠎ᠠ ᠪᠠᠲᠤ ᠵᠢ ᠵᠥᠷᠢᠴᠡᠭᠰᠡᠨ ᠬᠡᠷᠡᠭ᠎ᠢ ᠪᠠᠶ᠋ᠢᠴᠠᠭ᠋ᠠᠨ ᠰᠢᠢ᠍ᠳᠪᠦᠷᠢᠯᠡᠭᠰᠡᠨ ᠪᠠᠶ᠋ᠢᠳᠠᠯ᠎ᠢ ᠨᠡᠪᠲᠡᠷᠡᠭᠦᠯᠦᠨ ᠮᠡᠳᠡᠭᠡᠯᠡᠵᠦ᠂ ᠥᠷᠭᠡᠨ ᠣᠯᠠᠨ ᠨᠡᠶ᠋ᠢᠳᠡᠮ ᠪᠠᠶ᠋ᠢᠴᠠᠭ᠋ᠠᠭᠳᠠᠭᠴᠢ ᠵᠢ ᠨᠡᠶ᠋ᠢᠳᠡᠮ ᠪᠠᠶ᠋ᠢᠴᠠᠭ᠋ᠠᠯᠲᠠ᠎ᠳᠤ ᠬᠠᠤᠯᠢ ᠶᠣᠰᠣᠭ᠋ᠠᠷ ᠬᠠᠮᠵᠢᠯᠴᠠᠭᠤᠯᠬᠤ ᠪᠠ ᠪᠦᠬᠦ ᠨᠡᠶ᠋ᠢᠭᠡᠮ᠎ᠤᠨ᠎ᠬᠢᠨ᠎ᠢ ᠨᠡᠶ᠋ᠢᠳᠡᠮ ᠪᠠᠶ᠋ᠢᠴᠠᠭ᠋ᠠᠯᠲᠠ᠎ᠳᠤ ᠢᠳᠡᠪᠬᠢᠲᠡᠢ ᠣᠷᠤᠯᠴᠠᠭᠤᠯᠬᠤ᠎ᠪᠠᠷ ᠬᠥᠲᠥᠯᠥᠨ ᠵᠢᠯᠤᠭᠤᠳᠴᠤ᠂ ᠲᠠᠪᠤᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠠᠵᠤ ᠠᠬᠤᠢ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ ᠤᠷᠤᠭᠰᠢᠲᠠᠢ ᠬᠡᠷᠡᠭᠵᠢᠭᠦᠯᠦᠭᠳᠡᠬᠦ᠎ᠳᠤ ᠰᠠᠶ᠋ᠢᠨ ᠰᠠᠶ᠋ᠢᠬᠠᠨ ᠨᠡᠶ᠋ᠢᠭᠡᠮ᠎ᠤᠨ ᠣᠷᠴᠢᠨ ᠠᠬᠤᠢ ᠵᠢ ᠪᠤᠶ ᠪᠣᠯᠭ᠋ᠠᠨ᠎ᠠ᠃
(ᠲᠠᠪᠤ) ᠦᠷ᠎ᠡ ᠪᠦᠲᠦᠭᠡᠯ᠎ᠤᠨ ᠬᠡᠷᠡᠭᠯᠡᠯᠲᠡ ᠵᠢ ᠰᠠᠶ᠋ᠢᠲᠤᠷ ᠠᠳᠬᠤᠬᠤ ᠬᠡᠷᠡᠭᠲᠡᠢ᠃ ᠡᠯ᠎ᠡ ᠱᠠᠲᠤᠨ᠎ᠤ ᠨᠡᠶ᠋ᠢᠳᠡᠮ ᠪᠠᠶ᠋ᠢᠴᠠᠭ᠋ᠠᠯᠲᠠ ᠵᠢᠨ ᠪᠠᠶ᠋ᠢᠭᠤᠯᠤᠮᠵᠢ᠎ᠨᠢ ᠨᠡᠶ᠋ᠢᠳᠡᠮ ᠪᠠᠶ᠋ᠢᠴᠠᠭ᠋ᠠᠯᠲᠠ ᠵᠢᠨ ᠦᠷ᠎ᠡ ᠪᠦᠲᠦᠭᠡᠯ᠎ᠢ ᠴᠠᠭ ᠲᠤᠬᠠᠢᠳᠤᠨᠢ ᠨᠡᠶ᠋ᠢᠲᠡᠯᠡᠵᠦ᠂ ᠨᠡᠶ᠋ᠢᠳᠡᠮ ᠪᠠᠶ᠋ᠢᠴᠠᠭ᠋ᠠᠯᠲᠠ ᠵᠢᠨ ᠲᠤᠭ᠎ᠠ ᠪᠠᠷᠢᠮᠲᠠ ᠵᠢᠨ ᠦᠨ᠎ᠡ ᠥᠷᠲᠡᠭ᠎ᠢ ᠭᠦᠨᠵᠡᠭᠡᠢ ᠠᠭᠤᠳᠠᠯᠤᠨ᠂ ᠪᠦᠬᠦ ᠣᠷᠣᠨ᠎ᠤ ᠠᠵᠤ ᠠᠬᠤᠢ ᠵᠢᠨ ᠠᠵᠢᠯᠯᠠᠭ᠋ᠠᠨ᠎ᠤ ᠪᠠᠶ᠋ᠢᠳᠠᠯ ᠪᠣᠯᠣᠨ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠰᠢᠨ᠎ᠡ ᠬᠤᠪᠢᠷᠠᠯᠲᠠ ᠰᠢᠨ᠎ᠡ ᠣᠨᠴᠠᠯᠢᠭ᠎ᠢ ᠵᠠᠳᠠᠯᠬᠤ ᠪᠠ ᠰᠤᠳᠤᠯᠤᠨ ᠮᠠᠭ᠋ᠠᠳᠯᠠᠵᠤ᠂ ᠬᠤᠷᠸ᠎ᠠ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠎ᠳᠤ ᠢᠳᠡᠪᠬᠢᠲᠡᠢ ᠰᠠᠨᠠᠭ᠋ᠠᠴᠢᠯᠠᠭ᠎ᠠ᠎ᠠᠴᠠ᠎ᠪᠠᠨ ᠦᠢ᠍ᠯᠡᠴᠢᠯᠡᠨ᠂ ᠲᠤᠭ᠎ᠠ ᠪᠦᠷᠢᠳᠬᠡᠯ᠎ᠤᠨ ᠵᠠᠰᠠᠭ᠎ᠤᠨ ᠶᠠᠪᠤᠳᠠᠯ᠎ᠢ ᠵᠥᠪᠯᠡᠵᠦ ᠯᠠᠪᠯᠠᠬᠤ᠎ᠳᠤ ᠦᠵᠡᠭᠦᠯᠬᠦ ᠦᠢ᠍ᠯᠡᠳᠦᠯ᠎ᠢ᠎ᠨᠢ ᠦᠨᠡᠨ ᠬᠦ᠌ ᠰᠠᠶ᠋ᠢᠲᠤᠷ ᠪᠠᠳᠠᠷᠠᠭᠤᠯᠬᠤ ᠬᠡᠷᠡᠭᠲᠡᠢ᠃