ᠢᠯᠡ ᠵᠠᠰᠠᠭ   -   ᠪᠢᠴᠢᠭ ᠮᠠᠲ᠋ᠧᠷᠢᠶᠠᠯ
ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠬᠥᠲᠥᠴᠢ ᠠᠵᠤ ᠠᠬᠤᠶ᠋ᠢᠯᠠᠯ (ᠦᠬᠡᠷ ᠬᠤᠨᠢ ᠢᠮᠠᠭ᠎ᠠ)᠎ᠤᠨ ᠲᠤᠰᠠᠯᠠᠮᠵᠢ ᠵᠢᠨ ᠪᠠᠲᠤᠯᠠᠭ᠋ᠠᠲᠤ ᠵᠢᠭᠡᠯᠡᠯᠭᠡ ᠵᠢ ᠬᠥᠲᠥᠯᠥᠨ ᠵᠢᠯᠤᠭᠤᠳᠬᠤ ᠪᠡᠯᠡ ᠮᠥᠩᠭᠦᠨ᠎ᠤ ᠬᠠᠮᠢᠶᠠᠷᠤᠯᠲᠠ ᠵᠢᠨ ᠬᠡᠷᠡᠭᠵᠢᠭᠦᠯᠬᠦ ᠲᠥᠰᠥᠯ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2023-08-25

              ᠥᠪᠥᠷ ᠮᠣᠩᠭᠤᠯ᠎ᠤᠨ ᠥᠪᠡᠷᠲᠡᠭᠡᠨ ᠵᠠ᠊ᠰᠠᠬᠤ ᠣᠷᠣᠨ᠎ᠤ ᠠᠷᠠᠳ᠎ᠤᠨ
                ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
                 ᠥᠪᠥᠷ ᠵᠠᠰᠠᠭ ᠠᠯᠪᠠᠨ ᠲᠠᠷᠬᠠᠭ᠋ᠠᠭᠰᠠᠨ [2023] 10 ᠳ᠋ᠤᠭ᠋ᠠᠷ ᠲᠣᠭ᠋ᠠᠲᠤ

   

      ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠬᠥᠲᠥᠴᠢ ᠠᠵᠤ ᠠᠬᠤᠶ᠋ᠢᠯᠠᠯ
      (ᠦᠬᠡᠷ ᠬᠤᠨᠢ ᠢᠮᠠᠭ᠎ᠠ)᠎ᠤᠨ ᠲᠤᠰᠠᠯᠠᠮᠵᠢ ᠵᠢᠨ ᠪᠠᠲᠤᠯᠠᠭ᠋ᠠᠲᠤ ᠵᠢᠭᠡᠯᠡᠯᠭᠡ ᠵᠢ ᠬᠥᠲᠥᠯᠥᠨ ᠵᠢᠯᠤᠭᠤᠳᠬᠤ
      ᠪᠡᠯᠡ ᠮᠥᠩᠭᠦᠨ᠎ᠤ ᠬᠠᠮᠢᠶᠠᠷᠤᠯᠲᠠ ᠵᠢᠨ ᠬᠡᠷᠡᠭᠵᠢᠭᠦᠯᠬᠦ ᠲᠥᠰᠥᠯ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ
       ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ

   

ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
      《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠬᠥᠲᠥᠴᠢ ᠠᠵᠤ ᠠᠬᠤᠶ᠋ᠢᠯᠠᠯ (ᠦᠬᠡᠷ ᠬᠤᠨᠢ ᠢᠮᠠᠭ᠎ᠠ)᠎ᠤᠨ ᠲᠤᠰᠠᠯᠠᠮᠵᠢ ᠵᠢᠨ ᠪᠠᠲᠤᠯᠠᠭ᠋ᠠᠲᠤ ᠵᠢᠭᠡᠯᠡᠯᠭᠡ ᠵᠢ ᠬᠥᠲᠥᠯᠥᠨ ᠵᠢᠯᠤᠭᠤᠳᠬᠤ ᠪᠡᠯᠡ ᠮᠥᠩᠭᠦᠨ᠎ᠤ ᠬᠠᠮᠢᠶᠠᠷᠤᠯᠲᠠ ᠵᠢᠨ ᠬᠡᠷᠡᠭᠵᠢᠭᠦᠯᠬᠦ ᠲᠥᠰᠥᠯ》᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠡᠳᠦᠭᠡ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠤᠨ ᠬᠢᠨᠠᠮᠠᠭ᠋ᠠᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠲᠤᠭ᠋ᠠᠢ᠃
                    2023 ᠣᠨ᠎ᠤ 1 ᠳ᠋ᠦ᠍ᠭᠡᠷ ᠰᠠᠷ᠎ᠠ ᠵᠢᠨ 14᠎ᠤ ᠡᠳᠦᠷ
                      (ᠲᠤᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)
      ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠬᠥᠲᠥᠴᠢ ᠠᠵᠤ ᠠᠬᠤᠶ᠋ᠢᠯᠠᠯ (ᠦᠬᠡᠷ ᠬᠤᠨᠢ ᠢᠮᠠᠭ᠎ᠠ)᠎ᠤᠨ ᠲᠤᠰᠠᠯᠠᠮᠵᠢ ᠵᠢᠨ ᠪᠠᠲᠤᠯᠠᠭ᠋ᠠᠲᠤ ᠵᠢᠭᠡᠯᠡᠯᠭᠡ ᠵᠢ ᠬᠥᠲᠥᠯᠥᠨ ᠵᠢᠯᠤᠭᠤᠳᠬᠤ ᠪᠡᠯᠡ ᠮᠥᠩᠭᠦᠨ᠎ᠤ ᠬᠠᠮᠢᠶᠠᠷᠤᠯᠲᠠ ᠵᠢᠨ ᠬᠡᠷᠡᠭᠵᠢᠭᠦᠯᠬᠦ ᠲᠥᠰᠥᠯ
      ᠥᠪᠡᠷᠲᠡᠭᠡᠨ ᠵᠠᠰᠠᠬᠤ ᠣᠷᠣᠨ᠎ᠤ ᠠᠯᠠᠰᠢᠨ ᠦᠬᠡᠷ ᠠᠯᠠᠰᠢᠨ ᠬᠤᠨᠢᠨ᠎ᠤ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠵᠢᠨ ᠬᠤᠯᠪᠣᠭᠳᠠᠯ ᠪᠦᠬᠦᠢ ᠠᠵᠢᠯ᠎ᠤᠨ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠤᠯᠤᠰ᠎ᠤᠨ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠴᠢᠬᠤᠯᠠ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠤᠨ᠂ ᠠᠵᠢᠯ ᠲᠥᠷᠥᠯ᠎ᠤᠨ ᠬᠥᠲᠥᠴᠢ ᠠᠵᠤ ᠠᠬᠤᠶ᠋ᠢᠯᠠᠯ᠎ᠢ ᠪᠣᠶ᠋ᠢᠵᠢᠭᠤᠯᠬᠤ ᠪᠠ ᠬᠦᠴᠦᠷᠬᠡᠭᠵᠢᠭᠦᠯᠦᠨ ᠪᠤᠵᠠᠭ᠋ᠠᠶ᠋ᠢᠷᠠᠭᠤᠯᠬᠤ ᠵᠢ ᠲᠣᠪᠣᠶ᠋ᠢᠯᠭ᠋ᠠᠵᠣ᠂ ᠬᠥᠲᠥᠯᠥᠨ ᠳᠠᠭ᠋ᠠᠭᠤᠯᠵᠤ ᠳᠠᠶ᠋ᠢᠴᠢᠯᠠᠬᠤ ᠦᠢ᠍ᠯᠡᠳᠦᠯ᠎ᠢ᠎ᠨᠢ ᠪᠠᠳᠠᠷᠠᠭᠤᠯᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠬᠥᠲᠥᠴᠢ ᠠᠵᠤ ᠠᠬᠤᠶ᠋ᠢᠯᠠᠯ (ᠦᠬᠡᠷ ᠬᠤᠨᠢ ᠢᠮᠠᠭ᠎ᠠ)᠎ᠤᠨ ᠲᠤᠰᠠᠯᠠᠮᠵᠢ ᠵᠢᠨ ᠪᠠᠲᠤᠯᠠᠭ᠋ᠠᠲᠤ ᠵᠢᠭᠡᠯᠡᠯᠭᠡ ᠵᠢ ᠬᠥᠲᠥᠯᠥᠨ ᠵᠢᠯᠤᠭᠤᠳᠬᠤ ᠪᠡᠯᠡ ᠮᠥᠩᠭᠦ (ᠳᠣᠷᠣᠭᠰᠢ ᠬᠥᠲᠥᠯᠥᠨ ᠵᠢᠯᠤᠭᠤᠳᠬᠤ ᠪᠡᠯᠡ ᠮᠥᠩᠭᠦ ᠭᠡᠵᠦ ᠲᠣᠪᠴᠢᠯᠠᠨ᠎ᠠ) ᠵᠢ ᠲᠣᠬᠢᠷᠠᠭᠤᠯᠬᠤ᠎ᠪᠠᠷ ᠳᠠᠮᠵᠢᠭᠤᠯᠤᠨ᠂ ᠵᠠᠰᠠᠭ ᠪᠠᠩᠬᠢ ᠠᠵᠤ ᠠᠬᠤᠶ᠋ᠢᠯᠠᠯ ᠭᠤᠷᠪᠠᠨ ᠲᠠᠯ᠎ᠠ ᠵᠢᠨ ᠬᠠᠮᠲᠤᠷᠠᠯᠴᠠᠭ᠋ᠠᠨ᠎ᠤ ᠲᠠᠪᠴᠠᠩ᠎ᠢ ᠪᠠᠶ᠋ᠢᠭᠤᠯᠵᠤ᠂ ᠪᠡᠯᠡ ᠮᠥᠩᠭᠦᠨ᠎ᠤ ᠬᠥᠰᠢᠭᠦᠷᠭᠡ ᠵᠢᠨ ᠦᠷ᠎ᠡ ᠨᠥᠯᠥᠭᠡ ᠵᠢ ᠶᠡᠬᠡᠰᠬᠡᠨ᠂ ᠠᠵᠤ ᠠᠬᠤᠶ᠋ᠢᠯᠠᠯ᠎ᠤᠨ ᠡᠷᠭᠢᠮᠡᠯ ᠪᠡᠯᠡ ᠮᠥᠩᠭᠦᠨ᠎ᠤ ᠪᠡᠯᠡ ᠲᠣᠬᠢᠷᠠᠭᠤᠯᠬᠤ ᠠᠰᠠᠭᠤᠳᠠᠯ᠎ᠢ ᠰᠢᠢ᠍ᠳᠪᠦᠷᠢᠯᠡᠵᠦ᠂ ᠥᠪᠡᠷᠲᠡᠭᠡᠨ ᠵᠠᠰᠠᠬᠤ ᠣᠷᠣᠨ᠎ᠤ ᠠᠯᠠᠰᠢᠨ ᠦᠬᠡᠷ ᠠᠯᠠᠰᠢᠨ ᠬᠤᠨᠢᠨ᠎ᠤ ᠬᠥᠲᠥᠴᠢ ᠠᠵᠤ ᠠᠬᠤᠶ᠋ᠢᠯᠠᠯ᠎ᠤᠨ ᠵᠠᠬ᠎ᠠ ᠳᠡᠯᠭᠡᠭᠦᠷ᠎ᠤᠨ ᠥᠷᠢᠰᠦᠯᠳᠦᠬᠦ ᠬᠦᠴᠦᠨ᠎ᠢ ᠴᠢᠩᠭ᠋ᠠᠷᠠᠭᠤᠯᠤᠨ᠂ ᠠᠯᠠᠰᠢᠨ ᠦᠬᠡᠷ ᠠᠯᠠᠰᠢᠨ ᠬᠤᠨᠢᠨ᠎ᠤ ᠠᠵᠤ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠪᠡᠶᠡᠯᠡᠭᠦᠯᠦᠨ᠎ᠡ᠃ ᠬᠥᠲᠥᠯᠥᠨ ᠵᠢᠯᠤᠭᠤᠳᠬᠤ ᠪᠡᠯᠡ ᠮᠥᠩᠭᠦ ᠵᠢᠨ ᠬᠠᠮᠢᠶᠠᠷᠤᠯᠲᠠ ᠵᠢ ᠴᠢᠩᠭ᠋ᠠᠳᠬᠠᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠵᠤ᠂ ᠲᠤᠰ ᠲᠥᠰᠥᠯ᠎ᠢ ᠲᠣᠭᠲᠠᠭ᠋ᠠᠪᠠ᠃
      ᠨᠢᠭᠡ᠂ ᠶᠡᠷᠦᠩᠬᠡᠢ ᠰᠡᠳᠬᠢᠴᠡ
       ᠬᠥᠲᠥᠯᠥᠨ ᠵᠢᠯᠤᠭᠤᠳᠬᠤ ᠪᠡᠯᠡ ᠮᠥᠩᠭᠦ ᠲᠣᠬᠢᠷᠠᠭᠤᠯᠬᠤ᠎ᠪᠠᠷ ᠳᠠᠮᠵᠢᠭᠤᠯᠵᠤ ᠪᠠᠩᠬᠢ ᠵᠢᠨ ᠪᠠᠷᠢᠴᠠᠭ᠎ᠠ ᠦᠭᠡᠢ᠂ ᠳᠠᠭ᠋ᠠᠭ᠋ᠠᠯᠲᠠ ᠦᠭᠡᠢ ᠢᠲᠡᠭᠡᠮᠵᠢᠲᠦ ᠵᠢᠭᠡᠯᠡᠯᠭᠡ ᠵᠢᠨ ᠵᠣᠭᠤᠰ᠎ᠢ ᠬᠥᠭᠵᠢᠭᠡᠵᠦ ᠢᠲᠡᠭᠡᠮᠵᠢ ᠵᠢ᠎ᠨᠢ ᠨᠡᠮᠡᠭᠳᠡᠭᠦᠯᠦᠨ᠂ ᠠᠵᠤ ᠠᠬᠤᠶ᠋ᠢᠯᠠᠯ᠎ᠤᠨ ᠪᠡᠯᠡ ᠲᠣᠬᠢᠷᠠᠭᠤᠯᠬᠤ᠎ᠳᠤ ᠬᠦᠴᠢᠷᠲᠡᠢ ᠪᠥᠭᠡᠳ ᠦᠨᠡᠲᠡᠢ ᠪᠠᠶ᠋ᠢᠬᠤ ᠠᠰᠠᠭᠤᠳᠠᠯ᠎ᠢ ᠪᠦᠲᠦᠮᠵᠢᠲᠡᠶ ᠨᠠᠮᠳᠠᠭᠤᠯᠤᠨ᠎ᠠ; ᠴᠥᠷᠬᠡᠯᠡᠭᠡ ᠬᠠᠮᠢᠶᠠᠷᠤᠯᠲᠠ ᠪᠠ ᠲᠤᠰᠬᠠᠢ ᠡᠷᠥᠭᠡ ᠵᠢᠨ ᠬᠠᠮᠢᠶᠠᠷᠤᠯᠲᠠ᠎ᠪᠠᠷ ᠳᠠᠮᠵᠢᠭᠤᠯᠤᠨ᠂ ᠲᠤᠰᠬᠠᠢ ᠵᠣᠭᠤᠰ᠎ᠢ ᠲᠤᠰᠬᠠᠢ ᠬᠡᠷᠡᠭᠯᠡᠬᠦ ᠵᠢ ᠪᠡᠶᠡᠯᠡᠭᠦᠯᠵᠦ᠂ ᠪᠡᠯᠡ ᠮᠥᠩᠭᠦᠨ᠎ᠤ ᠠᠶᠤᠯ ᠦᠭᠡᠢ ᠪᠠᠶ᠋ᠢᠬᠤ ᠵᠢ ᠦᠨᠡᠨ ᠬᠦ᠌ ᠪᠠᠲᠤᠯᠠᠨ᠎ᠠ; ᠭᠤᠷᠪᠠᠳᠠᠭᠢ ᠡᠲᠡᠭᠡᠳ᠎ᠤᠨ ᠪᠠᠶ᠋ᠢᠭᠤᠯᠤᠮᠵᠢ ᠵᠢ ᠲᠠᠲᠠᠨ ᠣᠷᠣᠭᠤᠯᠵᠤ ᠢᠲᠡᠭᠡᠮᠵᠢᠲᠦ ᠵᠢᠭᠡᠯᠡᠯᠭᠡ ᠵᠢᠨ ᠪᠡᠯᠡ ᠮᠥᠩᠭᠦ᠎ᠪᠠᠷ ᠪᠤᠢ ᠪᠣᠯᠤᠭᠰᠠᠨ ᠬᠠᠳᠠᠭ᠋ᠠᠯᠠᠯᠲᠠ ᠵᠢᠨ ᠪᠠᠷᠠᠭ᠎ᠠ᠎ᠳᠤ ᠪᠦᠬᠦ ᠶᠠᠪᠤᠴᠠ ᠵᠢᠨ ᠬᠢᠨᠠᠨ ᠡᠵᠡᠮᠳᠡᠬᠦ ᠬᠠᠮᠢᠶᠠᠷᠤᠯᠲᠠ ᠬᠡᠷᠡᠭᠵᠢᠭᠦᠯᠬᠦ᠎ᠪᠠᠷ ᠳᠠᠮᠵᠢᠭᠤᠯᠤᠨ᠂ ᠪᠡᠯᠡ ᠮᠥᠩᠭᠦᠨ᠎ᠤ ᠳᠠᠯᠳᠠ ᠲᠦᠭᠰᠢᠭᠦᠷᠢ ᠵᠢ ᠪᠦᠲᠦᠮᠵᠢᠲᠡᠶ ᠰᠡᠷᠭᠡᠶ᠋ᠢᠯᠡᠨ᠎ᠡ᠃
       ᠬᠤᠶᠠᠷ᠂ ᠪᠡᠯᠡ ᠮᠥᠩᠭᠦᠨ᠎ᠤ ᠢᠷᠡᠯᠲᠡ᠂ ᠬᠡᠷᠡᠭᠴᠡᠭᠡ ᠵᠢᠴᠢ ᠬᠠᠮᠢᠶᠠᠷᠤᠯᠲᠠ
      ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠂ ᠵᠢᠭᠡᠯᠡᠯᠭᠡ ᠭᠤᠶᠤᠴᠢᠯᠠᠬᠤ ᠠᠵᠤ ᠠᠬᠤᠶ᠋ᠢᠯᠠᠯ ᠪᠠ ᠵᠢᠭᠡᠯᠡᠯᠭᠡ ᠭᠤᠶᠤᠴᠢᠯᠠᠬᠤ ᠠᠵᠤ ᠠᠬᠤᠶ᠋ᠢᠯᠠᠯ᠎ᠤᠨ ᠬᠠᠷᠢᠶ᠎ᠠ ᠠᠶ᠋ᠢᠮᠠᠭ ᠬᠤᠲᠠ [ᠬᠤᠰᠢᠭᠤ ᠰᠢᠶᠠᠨ (ᠬᠤᠲᠠ᠂ ᠲᠣᠭᠤᠷᠢᠭ)] ᠭᠤᠷᠪᠠᠨ ᠲᠠᠯ᠎ᠠ᠎ᠪᠠᠷ ᠵᠶ᠋ᠠᠨ ᠬᠠᠮᠲᠤ᠎ᠪᠠᠷ ᠪᠡᠯᠡ ᠮᠥᠩᠭᠦ ᠴᠤᠭᠯᠠᠭᠤᠯᠬᠤ᠎ᠪᠠᠷ ᠳᠠᠮᠵᠢᠨ ᠪᠡᠯᠡ ᠮᠥᠩᠭᠦᠨ᠎ᠤ ᠬᠥᠮᠥᠷᠭᠡ ᠪᠠᠶ᠋ᠢᠭᠤᠯᠵᠤ᠂ ᠠᠯᠠᠰᠢᠨ ᠦᠬᠡᠷ ᠠᠯᠠᠰᠢᠨ ᠬᠤᠨᠢᠨ᠎ᠤ ᠬᠥᠲᠥᠴᠢ ᠠᠵᠤ ᠠᠬᠤᠶ᠋ᠢᠯᠠᠯ᠎ᠤᠨ ᠢᠲᠡᠭᠡᠮᠵᠢ ᠵᠢ ᠨᠡᠮᠡᠭᠳᠡᠭᠦᠯᠦᠨ᠂ ᠪᠠᠩᠬᠢ ᠵᠢᠨ ᠪᠠᠷᠢᠴᠠᠭ᠎ᠠ ᠦᠭᠡᠢ᠂ ᠳᠠᠭ᠋ᠠᠭ᠋ᠠᠯᠲᠠ ᠦᠭᠡᠢ ᠢᠲᠡᠭᠡᠮᠵᠢᠲᠦ ᠵᠢᠭᠡᠯᠡᠯᠭᠡ ᠵᠢ 1:10 ᠵᠢᠨ ᠬᠠᠷᠢᠴᠠᠯ ᠵᠶ᠋ᠠᠷ ᠬᠥᠭᠵᠢᠭᠡᠨ ᠭᠥᠢ᠍ᠯᠭᠡᠭᠡᠵᠦ ᠪᠠᠶ᠋ᠢᠭ᠋ᠠᠳ ᠲᠠᠯᠪᠢᠭᠤᠯᠵᠤ᠂ ᠠᠵᠤ ᠠᠬᠤᠶ᠋ᠢᠯᠠᠯ᠎ᠤᠨ ᠦᠢ᠍ᠯᠡᠳᠪᠦᠷᠢᠯᠡᠵᠦ ᠬᠤᠳᠠᠯᠳᠤᠨ ᠠᠪᠬᠤ᠂ ᠨᠢᠲᠤᠯᠵᠤ ᠡᠳ᠋ᠰᠢᠭᠦᠯᠬᠦ᠂ ᠪᠣᠷᠣᠯᠠᠭᠤᠯᠤᠨ ᠬᠤᠳᠠᠯᠳᠤᠬᠤ ᠬᠤᠭᠤᠴᠠᠭ᠋ᠠᠨ᠎ᠳᠠᠬᠢ ᠭᠦᠢ᠍ᠯᠭᠡᠭᠡᠨ᠎ᠤ ᠪᠡᠯᠡ ᠮᠥᠩᠭᠦ ᠳᠤᠲᠠᠭᠳᠠᠬᠤ ᠠᠰᠠᠭᠤᠳᠠᠯ᠎ᠢ ᠨᠠᠮᠳᠠᠭᠤᠯᠤᠨ᠎ᠠ᠃ ᠡᠭᠦᠨ᠎ᠳᠤ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ 2 ᠳ᠋ᠥᠩᠰᠢᠭᠤᠷ ᠲᠥᠭᠦᠷᠢᠭ᠎ᠤᠨ ᠬᠥᠲᠥᠯᠥᠨ ᠵᠢᠯᠤᠭᠤᠳᠬᠤ ᠪᠡᠯᠡ ᠮᠥᠩᠭᠦ ᠲᠣᠬᠢᠷᠠᠭᠤᠯᠤᠨ᠎ᠠ; ᠵᠢᠭᠡᠯᠡᠯᠭᠡ ᠭᠤᠶᠤᠴᠢᠯᠠᠭᠰᠠᠨ ᠠᠵᠤ ᠠᠬᠤᠶ᠋ᠢᠯᠠᠯ᠎ᠨᠢ ᠭᠤᠶᠤᠴᠢᠯᠠᠭᠰᠠᠨ ᠵᠢᠭᠡᠯᠡᠯᠭᠡ ᠵᠢᠨ ᠵᠣᠭᠤᠰ᠎ᠤᠨ ᠲᠤᠭ᠎ᠠ ᠵᠢᠨ 10 %᠎ᠪᠠᠷ ᠲᠦᠭᠰᠢᠭᠦᠷᠢ ᠵᠢᠨ ᠪᠠᠲᠤᠯᠠᠭ᠎ᠠ ᠵᠢᠨ ᠮᠥᠩᠭᠦ ᠲᠤᠰᠢᠶᠠᠵᠤ᠂ ᠪᠠᠲᠤᠯᠠᠭ᠎ᠠ ᠵᠢᠨ ᠮᠥᠩᠭᠦ᠎ᠨᠢ ᠡᠷᠬᠡᠪᠰᠢ ᠵᠢᠭᠡᠯᠡᠯᠭᠡ ᠭᠤᠶᠤᠴᠢᠯᠠᠭᠰᠠᠨ ᠠᠵᠤ ᠠᠬᠤᠶ᠋ᠢᠯᠠᠯ᠎ᠤᠨ ᠥᠪᠡᠷ᠎ᠤᠨ ᠬᠢᠨᠢ ᠪᠡᠯᠡ ᠮᠥᠩᠭᠦ ᠪᠠᠶ᠋ᠢᠬᠤ ᠬᠡᠷᠡᠭᠲᠡᠢ; ᠵᠢᠭᠡᠯᠡᠯᠭᠡ ᠭᠤᠶᠤᠴᠢᠯᠠᠭᠰᠠᠨ ᠠᠵᠤ ᠠᠬᠤᠶ᠋ᠢᠯᠠᠯ᠎ᠤᠨ ᠬᠠᠷᠢᠶ᠎ᠠ ᠠᠶ᠋ᠢᠮᠠᠭ ᠬᠤᠲᠠ [ᠬᠤᠰᠢᠭᠤ ᠰᠢᠶᠠᠨ (ᠬᠤᠲᠠ᠂ ᠲᠣᠭᠤᠷᠢᠭ)] ᠵᠢᠨ ᠡᠳ᠋᠎ᠤᠨ ᠵᠠᠰᠠᠭ᠎ᠨᠢ ᠵᠢᠭᠡᠯᠡᠯᠭᠡ ᠭᠤᠶᠤᠴᠢᠯᠠᠭᠰᠠᠨ ᠠᠵᠤ ᠠᠬᠤᠶ᠋ᠢᠯᠠᠯ᠎ᠤᠨ ᠲᠤᠰᠢᠶᠠᠭᠰᠠᠨ ᠪᠠᠲᠤᠯᠠᠭ᠎ᠠ ᠵᠢᠨ ᠮᠥᠩᠭᠦᠨ᠎ᠤ 1:0.5᠎ᠪᠠᠷ ᠢᠵᠢ ᠪᠦᠷᠢᠳᠦᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠠᠴᠠ ᠵᠢᠯ ᠪᠦᠷᠢ 1500 ᠲᠦᠮᠡᠨ ᠲᠥᠭᠦᠷᠢᠭ᠎ᠤᠨ ᠡᠳ᠋᠎ᠤᠨ ᠵᠠᠰᠠᠭ᠎ᠤᠨ ᠳᠠᠮ ᠬᠦᠦ᠎ᠲᠠᠢ ᠪᠡᠯᠡ ᠮᠥᠩᠭᠦ ᠲᠣᠬᠢᠷᠠᠭᠤᠯᠤᠨ᠎ᠠ᠃ ᠣᠷᠣᠯᠠᠨ ᠲᠥᠯᠥᠬᠦ ᠤᠴᠢᠷ ᠡᠭᠦᠰᠪᠡᠯ᠂ ᠡᠩ ᠲᠡᠷᠢᠭᠦᠨ᠎ᠳᠤ ᠵᠢᠭᠡᠯᠡᠯᠭᠡ ᠭᠤᠶᠤᠴᠢᠯᠠᠭᠰᠠᠨ ᠠᠵᠤ ᠠᠬᠤᠶ᠋ᠢᠯᠠᠯ ᠪᠠ ᠠᠶ᠋ᠢᠮᠠᠭ ᠬᠤᠲᠠ [ᠬᠤᠰᠢᠭᠤ ᠰᠢᠶᠠᠨ (ᠬᠤᠲᠠ᠂ ᠲᠣᠭᠤᠷᠢᠭ)] ᠵᠢᠨ ᠲᠤᠰᠢᠶᠠᠭᠰᠠᠨ ᠲᠦᠭᠰᠢᠭᠦᠷᠢ ᠵᠢᠨ ᠪᠠᠲᠤᠯᠠᠭ᠎ᠠ ᠵᠢᠨ ᠮᠥᠩᠭᠦ ᠵᠢᠴᠢ ᠬᠠᠳᠠᠭ᠋ᠠᠯᠠᠮᠵᠢ ᠵᠢᠨ ᠵᠣᠭᠤᠰᠤᠨ᠎ᠤ ᠬᠦᠦ ᠮᠥᠩᠭᠦᠨ᠎ᠤ ᠣᠷᠣᠯᠭ᠎ᠠ᠎ᠪᠠᠷ ᠣᠷᠣᠯᠠᠨ ᠲᠥᠯᠥᠵᠦ᠂ ᠬᠦᠷᠦᠯᠴᠡᠬᠦ ᠦᠭᠡᠢ ᠬᠡᠰᠡᠭ᠎ᠢ᠎ᠨᠢ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠬᠥᠲᠥᠯᠥᠨ ᠵᠢᠯᠤᠭᠤᠳᠬᠤ ᠪᠡᠯᠡ ᠮᠥᠩᠭᠦ ᠪᠠ ᠬᠤᠷᠰᠢᠭᠰᠠᠨ ᠪᠠᠩᠬᠢ᠎ᠨᠢ 7: 3 ᠵᠢᠨ ᠬᠠᠷᠢᠴᠠᠯ ᠵᠶ᠋ᠠᠷ ᠢᠲᠡᠭᠡᠮᠵᠢ ᠵᠢᠨ ᠲᠦᠭᠰᠢᠭᠦᠷᠢ ᠵᠢ ᠬᠤᠪᠢᠳᠠᠨ ᠡᠭᠦᠷᠭᠡᠯᠡᠨ᠎ᠡ᠃ ᠵᠢᠭᠡᠯᠡᠯᠭᠡ ᠵᠢᠨ ᠬᠤᠭᠤᠴᠠᠭ᠎ᠠ ᠲᠤᠯᠵᠤ ᠡᠬᠡ ᠬᠦᠦ ᠮᠥᠩᠭᠦ ᠵᠢ᠎ᠨᠢ ᠪᠤᠴᠠᠭ᠋ᠠᠭᠰᠠᠨ᠎ᠤ ᠳᠠᠷᠠᠭ᠎ᠠ᠂ ᠲᠦᠭᠰᠢᠭᠦᠷᠢ ᠵᠢᠨ ᠪᠠᠲᠤᠯᠠᠭ᠎ᠠ ᠵᠢᠨ ᠮᠥᠩᠭᠦ ᠵᠢᠴᠢ ᠬᠠᠳᠠᠭ᠋ᠠᠯᠠᠮᠵᠢ ᠵᠢᠨ ᠬᠦᠦ ᠮᠥᠩᠭᠦ ᠵᠢ ᠪᠦᠬᠦ ᠲᠤᠭ᠎ᠠ᠎ᠪᠠᠷ᠎ᠨᠢ ᠪᠤᠴᠠᠭ᠋ᠠᠬᠤ ᠬᠡᠷᠡᠭᠲᠡᠢ᠃ ᠬᠥᠲᠥᠯᠥᠨ ᠵᠢᠯᠤᠭᠤᠳᠬᠤ ᠪᠡᠯᠡ ᠮᠥᠩᠭᠦᠨ᠎ᠳᠤ ᠲᠤᠰᠬᠠᠢ ᠳᠠᠩᠰᠠ ᠵᠢᠨ ᠬᠠᠮᠢᠶᠠᠷᠤᠯᠲᠠ᠂ ᠪᠢᠳᠡᠭᠦᠮᠵᠢᠯᠡᠨ ᠠᠵᠢᠯᠯᠠᠭᠤᠯᠬᠤ ᠪᠠ ᠲᠤᠰᠬᠠᠢ ᠵᠣᠭᠤᠰ᠎ᠢ ᠲᠤᠰᠬᠠᠢ ᠵᠦᠢ᠍ᠯ᠎ᠳᠤ ᠬᠡᠷᠡᠭᠯᠡᠬᠦ ᠵᠢ ᠬᠡᠷᠡᠭᠵᠢᠭᠦᠯᠦᠨ᠎ᠡ᠃
      ᠭᠤᠷᠪᠠ᠂ ᠰᠠᠯᠠᠭ᠎ᠠ ᠮᠥᠴᠢᠷ ᠨᠢᠭᠡᠴᠢ ᠵᠢᠨ ᠡᠭᠦᠷᠭᠡ ᠬᠠᠷᠢᠭᠤᠴᠠᠯᠭ᠎ᠠ
      (ᠨᠢᠭᠡ) ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠤᠨ ᠡᠭᠦᠷᠭᠡ ᠬᠠᠷᠢᠭᠤᠴᠠᠯᠭ᠎ᠠ᠃ ᠬᠥᠲᠥᠯᠥᠨ ᠵᠢᠯᠤᠭᠤᠳᠬᠤ ᠪᠡᠯᠡ ᠮᠥᠩᠭᠦ᠂ ᠡᠳ᠋᠎ᠤᠨ ᠵᠠᠰᠠᠭ᠎ᠤᠨ ᠳᠠᠮ ᠬᠦᠦ ᠮᠥᠩᠭᠦ ᠵᠡᠷᠭᠡ ᠪᠡᠯᠡ ᠮᠥᠩᠭᠦᠨ᠎ᠤ ᠲᠥᠰᠥᠪ᠎ᠤᠨ ᠬᠠᠮᠢᠶᠠᠷᠤᠯᠲᠠ᠂ ᠪᠡᠯᠡ ᠮᠥᠩᠭᠦ ᠰᠠᠯᠭ᠋ᠠᠨ ᠥᠭᠬᠦ ᠵᠢ ᠬᠠᠷᠢᠭᠤᠴᠠᠨ᠎ᠠ; ᠬᠥᠲᠥᠯᠥᠨ ᠵᠢᠯᠤᠭᠤᠳᠬᠤ ᠪᠡᠯᠡ ᠮᠥᠩᠭᠦᠨ᠎ᠤ ᠬᠠᠮᠢᠶᠠᠷᠤᠯᠲᠠ ᠬᠡᠷᠡᠭᠯᠡᠯᠲᠡ ᠵᠢᠨ ᠪᠠᠶ᠋ᠢᠳᠠᠯ᠎ᠳᠤ ᠬᠢᠨᠠᠯᠲᠠ ᠲᠠᠯᠪᠢᠵᠤ ᠵᠢᠯᠣᠭᠤᠳᠤᠯᠭ᠎ᠠ ᠬᠢᠬᠦ ᠵᠢ ᠬᠠᠷᠢᠭᠤᠴᠠᠨ᠎ᠠ; ᠨᠥᠬᠦᠴᠡᠯ᠎ᠲᠠᠢ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠢ ᠢᠯᠡ᠎ᠪᠠᠷ ᠰᠣᠩᠭᠤᠨ ᠲᠣᠭᠲᠠᠭ᠋ᠠᠵᠤ ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠶ᠋ᠢᠭᠤᠯᠤᠮᠵᠢ (ᠳᠣᠷᠣᠭᠰᠢ ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠶ᠋ᠢᠭᠤᠯᠤᠮᠵᠢ ᠭᠡᠵᠦ ᠲᠣᠪᠴᠢᠯᠠᠨ᠎ᠠ) ᠪᠣᠯᠭ᠋ᠠᠨ᠎ᠠ᠃
      (ᠬᠤᠶᠠᠷ) ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠤᠨ ᠡᠭᠦᠷᠭᠡ ᠬᠠᠷᠢᠭᠤᠴᠠᠯᠭ᠎ᠠ᠃ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰᠵᠢᠭᠰᠡᠨ ᠭᠤᠣᠯᠳᠠᠯᠭ᠎ᠠ᠎ᠲᠠᠢ ᠠᠵᠤ ᠠᠬᠤᠶ᠋ᠢᠯᠠᠯ᠎ᠤᠨ ᠨᠡᠷᠡᠰ᠎ᠢ ᠲᠠᠨᠢᠯᠴᠠᠭᠤᠯᠬᠤ ᠵᠢ ᠬᠠᠷᠢᠭᠤᠴᠠᠬᠤ ᠵᠢᠨ ᠬᠠᠮᠲᠤ᠂ ᠠᠶ᠋ᠢᠮᠠᠭ ᠬᠤᠲᠠ [ᠬᠤᠰᠢᠭᠤ ᠰᠢᠶᠠᠨ (ᠬᠤᠲᠠ᠂ ᠲᠣᠭᠤᠷᠢᠭ)] ᠵᠢᠨ ᠲᠠᠷᠢᠶᠠᠯᠠᠩ ᠮᠠᠯ ᠠᠵᠤ ᠠᠬᠤᠢ ᠵᠢᠨ ᠰᠠᠯᠠᠭ᠎ᠠ ᠮᠥᠴᠢᠷ᠎ᠢ ᠵᠢᠭ᠋ᠠᠨ ᠵᠢᠯᠤᠭᠤᠳᠴᠤ ᠪᠠᠶ᠋ᠢᠭ᠋ᠠᠳ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠠᠢ ᠬᠠᠮᠵᠢᠯᠴᠠᠭᠤᠯᠵᠤ ᠥᠪᠡᠷᠲᠡᠭᠡᠨ ᠵᠠᠰᠠᠬᠤ ᠣᠷᠣᠨ᠎ᠤ ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠳᠤ ᠵᠢᠭᠡᠯᠡᠯᠭᠡ ᠭᠤᠶᠤᠴᠢᠯᠠᠭᠰᠠᠨ ᠠᠵᠤ ᠠᠬᠤᠶ᠋ᠢᠯᠠᠯ᠎ᠤᠨ ᠲᠥᠷᠥᠯ ᠵᠦᠢ᠍ᠯ᠎ᠤᠨ ᠮᠠᠲ᠋ᠧᠷᠢᠶᠠᠯ᠎ᠢ ᠲᠠᠨᠢᠯᠴᠠᠭᠤᠯᠤᠨ᠎ᠠ᠃
      (ᠭᠤᠷᠪᠠ) ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠶ᠋ᠢᠭᠤᠯᠤᠮᠵᠢ ᠵᠢᠨ ᠡᠭᠦᠷᠭᠡ ᠬᠠᠷᠢᠭᠤᠴᠠᠯᠭ᠎ᠠ᠃ ᠢᠯᠡ᠎ᠪᠠᠷ᠂ ᠡᠷᠬᠡ ᠲᠡᠭᠰᠢ᠂ ᠲᠥᠪ ᠭᠤᠤᠯᠴᠢ᠂ ᠢᠯᠡ ᠲᠣᠳᠣ ᠪᠠᠶ᠋ᠢᠯᠭ᠋ᠠᠬᠤ ᠵᠠᠷᠴᠢᠮ ᠶᠣᠰᠣᠭ᠋ᠠᠷ ᠬᠤᠷᠰᠢᠬᠤ ᠪᠠᠩᠬᠢ ᠵᠢ ᠰᠣᠩᠭᠤᠬᠤ ᠵᠢᠨ ᠬᠠᠮᠲᠤ᠂ ᠬᠤᠷᠰᠢᠭᠰᠠᠨ ᠪᠠᠩᠬᠢ᠂ ᠵᠢᠭᠡᠯᠡᠯᠭᠡ ᠭᠤᠶᠤᠴᠢᠯᠠᠭᠰᠠᠨ ᠠᠵᠤ ᠠᠬᠤᠶ᠋ᠢᠯᠠᠯ᠎ᠯᠤᠭ᠎ᠠ ᠵᠢᠨ ᠡᠳᠦᠷ ᠲᠤᠲᠤᠮ᠎ᠤᠨ ᠨᠡᠪᠲᠡᠷᠡᠯᠴᠡᠨ ᠵᠣᠬᠢᠴᠠᠭᠤᠯᠬᠤ ᠠᠵᠢᠯ᠎ᠢ ᠬᠠᠷᠢᠭᠤᠴᠠᠨ᠎ᠠ; ᠭᠤᠣᠯᠳᠠᠭᠤ ᠠᠵᠤ ᠠᠬᠤᠶ᠋ᠢᠯᠠᠯ᠎ᠤᠨ ᠮᠠᠲ᠋ᠧᠷᠢᠶᠠᠯ᠎ᠢ ᠬᠢᠨᠠᠨ ᠬᠠᠷᠭᠤᠭᠤᠯᠬᠤ᠂ ᠡᠭᠦᠷᠭᠡ ᠲᠤᠰᠢᠶᠠᠯ ᠵᠶ᠋ᠠᠨ ᠭᠦᠢ᠍ᠴᠡᠳᠬᠡᠨ ᠪᠠᠶ᠋ᠢᠴᠠᠭ᠋ᠠᠯᠲᠠ ᠬᠢᠬᠦ᠂ ᠵᠢᠭᠡᠯᠡᠯᠭᠡ ᠲᠠᠯᠪᠢᠭᠰᠠᠨ᠎ᠤ ᠳᠠᠷᠠᠭ᠋ᠠᠬᠢ ᠬᠠᠮᠢᠶᠠᠷᠤᠯᠲᠠ᠂ ᠣᠷᠣᠯᠠᠨ ᠲᠥᠯᠥᠬᠦ ᠪᠡᠯᠡ ᠮᠥᠩᠭᠦ ᠵᠢ ᠬᠢᠨᠠᠨ ᠬᠠᠷᠭᠤᠭᠤᠯᠬᠤ ᠵᠢᠴᠢ ᠲᠦᠭᠰᠢᠭᠦᠷᠢ ᠵᠢ ᠰᠡᠷᠡᠮᠵᠢᠯᠡᠭᠦᠯᠬᠦ ᠲᠣᠭᠲᠠᠴᠠ ᠵᠡᠷᠭᠡ ᠪᠥᠬᠦ ᠴᠤᠪᠤᠷᠠᠯ᠎ᠳᠤ ᠴᠥᠷᠬᠡᠯᠡᠭᠰᠡᠨ ᠬᠠᠮᠢᠶᠠᠷᠤᠯᠲᠠ ᠬᠢᠬᠦ ᠵᠢ ᠬᠠᠷᠢᠭᠤᠴᠠᠨ᠎ᠠ; ᠬᠤᠷᠰᠢᠭᠰᠠᠨ ᠪᠠᠩᠬᠢ᠎ᠯᠤᠭ᠎ᠠ ᠬᠠᠮᠵᠢᠯᠴᠠᠨ ᠪᠠᠩᠬᠢ ᠠᠵᠤ ᠠᠬᠤᠶ᠋ᠢᠯᠠᠯ᠎ᠢ ᠰᠢᠭᠤᠳ ᠬᠤᠯᠪᠣᠬᠤ ᠰᠢᠰᠲ᠋ᠧᠮ᠎ᠢ ᠪᠠᠶ᠋ᠢᠭᠤᠯᠵᠤ᠂ ᠭᠤᠷᠪᠠᠳᠠᠭᠢ ᠡᠲᠡᠭᠡᠳ᠎ᠤᠨ ᠪᠠᠶ᠋ᠢᠭᠤᠯᠤᠮᠵᠢ ᠵᠢ ᠰᠣᠩᠭᠤᠨ ᠲᠣᠭᠲᠠᠭ᠋ᠠᠵᠤ ᠢᠲᠡᠭᠡᠮᠵᠢᠲᠦ ᠵᠢᠭᠡᠯᠡᠯᠭᠡ ᠵᠢᠨ ᠪᠡᠯᠡ ᠮᠥᠩᠭᠦ᠎ᠪᠠᠷ ᠪᠤᠶ ᠪᠣᠯᠤᠭᠰᠠᠨ ᠬᠠᠳᠠᠭ᠋ᠠᠯᠠᠯᠲᠠ ᠵᠢᠨ ᠪᠠᠷᠠᠭ᠎ᠠ᠎ᠳᠤ ᠬᠢᠨᠠᠯᠲᠠ ᠬᠠᠮᠢᠶᠠᠷᠤᠯᠲᠠ ᠬᠢᠯᠬᠡᠵᠦ᠂ ᠬᠤᠷᠰᠢᠭᠰᠠᠨ ᠪᠠᠩᠬᠢ᠎ᠯᠤᠭ᠎ᠠ ᠬᠠᠮᠵᠢᠯᠴᠠᠨ ᠣᠯᠭᠤᠬᠤ ᠵᠣᠭᠤᠰ᠎ᠤᠨ ᠵᠦᠢ᠍ᠯ᠎ᠢ ᠬᠢᠨᠠᠨ ᠬᠠᠷᠭᠤᠭᠤᠯᠵᠤ᠂ ᠦᠬᠡᠷ ᠬᠤᠨᠢ ᠢᠮᠠᠭ᠎ᠠ ᠵᠢᠨ ᠲᠡᠵᠢᠭᠡᠯ ᠲᠣᠭ᠋ᠠᠨ᠎ᠳᠤ ᠣᠷᠣᠭᠤᠯᠤᠭᠰᠠᠨ ᠪᠠ ᠲᠡᠵᠢᠭᠡᠯ ᠲᠣᠭ᠋ᠠᠨ᠎ᠠᠴᠠ ᠭᠠᠷᠭ᠋ᠠᠭᠰᠠᠨ ᠵᠡᠷᠭᠡ ᠪᠠᠶ᠋ᠢᠳᠠᠯ᠎ᠢ ᠬᠠᠷᠭᠤᠭᠤᠯᠤᠨ ᠪᠠᠶ᠋ᠢᠴᠠᠭ᠋ᠠᠨ᠎ᠠ; ᠰᠠᠷ᠎ᠠ᠎ᠪᠠᠷ ᠮᠡᠳᠡᠭᠦᠯᠬᠦ ᠳᠦᠷᠢᠮ᠂ ᠠᠵᠤ ᠠᠬᠤᠶ᠋ᠢᠯᠠᠯ᠎ᠤᠨ ᠬᠠᠷ᠎ᠠ ᠳᠠᠩᠰᠠ ᠵᠢᠨ ᠳᠦᠷᠢᠮ᠎ᠢ ᠪᠠᠶ᠋ᠢᠭᠤᠯᠤᠨ᠎ᠠ᠃
      (ᠳᠥᠷᠪᠡ) ᠬᠤᠷᠰᠢᠭᠰᠠᠨ ᠪᠠᠩᠬᠢ ᠵᠢᠨ ᠡᠭᠦᠷᠭᠡ ᠬᠠᠷᠢᠭᠤᠴᠠᠯᠭ᠎ᠠ᠃ ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠲᠠᠢ ᠬᠠᠮᠲᠤᠷᠠᠨ ᠪᠠᠩᠬᠢ ᠪᠠ ᠠᠵᠤ ᠠᠬᠤᠶ᠋ᠢᠯᠠᠯ᠎ᠤᠨ ᠰᠢᠭᠤᠳ ᠬᠤᠯᠪᠣᠬᠤ ᠰᠢᠰᠲ᠋ᠧᠮ᠎ᠢ ᠪᠠᠶ᠋ᠢᠭᠤᠯᠵᠤ᠂ ᠬᠥᠲᠥᠯᠥᠨ ᠵᠢᠯᠤᠭᠤᠳᠬᠤ ᠪᠡᠯᠡ ᠮᠥᠩᠭᠦᠨ᠎ᠤ ᠮᠥᠩᠭᠦᠨ ᠭᠦᠢ᠍ᠯᠭᠡᠭᠡᠨ᠎ᠤ ᠨᠡᠷᠡᠳᠬᠦᠨ᠎ᠢ ᠰᠤᠳᠤᠯᠤᠨ ᠨᠡᠭᠡᠭᠡᠬᠦ᠂ ᠡᠭᠦᠷᠭᠡ ᠲᠤᠰᠢᠶᠠᠯ ᠵᠶ᠋ᠠᠨ ᠭᠦᠢ᠍ᠴᠡᠳᠬᠡᠨ ᠪᠠᠶ᠋ᠢᠴᠠᠭ᠋ᠠᠯᠲᠠ ᠬᠢᠬᠦ᠂ ᠵᠢᠭᠡᠯᠡᠯᠭᠡ ᠲᠠᠯᠪᠢᠬᠤ ᠶᠠᠪᠤᠴᠠ᠎ᠳᠤ ᠬᠢᠨᠠᠨ ᠬᠠᠷᠭᠤᠭᠤᠯᠬᠤ᠂ ᠵᠢᠭᠡᠯᠡᠯᠭᠡ ᠲᠠᠯᠪᠢᠭᠰᠠᠨ᠎ᠤ ᠳᠠᠷᠠᠭ᠋ᠠᠬᠢ ᠬᠠᠮᠢᠶᠠᠷᠤᠯᠲᠠ ᠵᠢ ᠬᠠᠷᠢᠭᠤᠴᠠᠨ᠎ᠠ; ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠲᠠᠢ ᠬᠠᠮᠲᠤᠷᠠᠨ ᠭᠤᠷᠪᠠᠳᠠᠭᠢ ᠡᠲᠡᠭᠡᠳ᠎ᠤᠨ ᠪᠠᠶ᠋ᠢᠭᠤᠯᠤᠮᠵᠢ ᠵᠢ ᠰᠣᠩᠭᠤᠨ ᠲᠣᠭᠲᠠᠭ᠋ᠠᠵᠤ ᠢᠲᠡᠭᠡᠮᠵᠢᠲᠦ ᠵᠢᠭᠡᠯᠡᠯᠭᠡ ᠵᠢᠨ ᠪᠡᠯᠡ ᠮᠥᠩᠭᠦ᠎ᠪᠠᠷ ᠪᠤᠶ ᠪᠣᠯᠤᠭᠰᠠᠨ ᠬᠠᠳᠠᠭ᠋ᠠᠯᠠᠯᠲᠠ ᠵᠢᠨ ᠪᠠᠷᠠᠭ᠎ᠠ᠎ᠳᠤ ᠬᠢᠨᠠᠯᠲᠠ ᠬᠠᠮᠢᠶᠠᠷᠤᠯᠲᠠ ᠬᠢᠨ᠎ᠡ; ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠲᠠᠢ ᠬᠠᠮᠲᠤᠷᠠᠨ ᠵᠢᠭᠡᠯᠡᠯᠭᠡ ᠭᠤᠶᠤᠴᠢᠯᠠᠬᠤ ᠠᠵᠤ ᠠᠬᠤᠶ᠋ᠢᠯᠠᠯ᠎ᠤᠨ ᠳᠤᠷᠠᠳᠤᠭᠰᠠᠨ ᠪᠡᠯᠡ ᠮᠥᠩᠭᠦ ᠣᠯᠭᠤᠬᠤ ᠭᠤᠶᠤᠴᠢᠯᠠᠯ᠎ᠢ ᠬᠢᠨᠠᠨ ᠬᠠᠷᠭᠤᠭᠤᠯᠵᠤ᠂ ᠦᠬᠡᠷ ᠬᠤᠨᠢ ᠢᠮᠠᠭ᠎ᠠ ᠵᠢᠨ ᠲᠡᠵᠢᠭᠡᠯ ᠲᠣᠭ᠋ᠠᠨ᠎ᠳᠤ ᠣᠷᠣᠭᠤᠯᠤᠭᠰᠠᠨ ᠪᠠ ᠲᠡᠵᠢᠭᠡᠯ ᠲᠣᠭ᠋ᠠᠨ᠎ᠠᠴᠠ ᠭᠠᠷᠭ᠋ᠠᠭᠰᠠᠨ ᠵᠡᠷᠭᠡ ᠪᠠᠶ᠋ᠢᠳᠠᠯ᠎ᠢ ᠬᠠᠷᠭᠤᠭᠤᠯᠤᠨ ᠪᠠᠶ᠋ᠢᠴᠠᠭ᠋ᠠᠨ᠎ᠠ; ᠣᠷᠣᠯᠠᠨ ᠲᠥᠯᠥᠭᠰᠡᠨ᠎ᠤ ᠳᠠᠷᠠᠭ᠋ᠠᠬᠢ ᠨᠡᠬᠡᠮᠵᠢᠯᠡᠨ ᠬᠤᠷᠢᠶᠠᠬᠤ ᠪᠠ ᠲᠥᠯᠥᠪᠦᠷᠢ ᠵᠢ ᠨᠡᠬᠡᠮᠵᠢᠯᠡᠬᠦ ᠵᠡᠷᠭᠡ ᠠᠵᠢᠯ᠎ᠢ ᠬᠠᠷᠢᠭᠤᠴᠠᠨ᠎ᠠ᠃
       ᠳᠥᠷᠪᠡ᠂ ᠭᠤᠶᠤᠴᠢᠯᠠᠬᠤ ᠨᠥᠬᠦᠴᠡᠯ᠂ ᠴᠤᠪᠤᠷᠠᠯ ᠵᠢᠴᠢ ᠵᠢᠭᠡᠯᠡᠯᠭᠡ ᠲᠠᠯᠪᠢᠵᠤ ᠬᠡᠷᠡᠭᠯᠡᠬᠦ
      (ᠨᠢᠭᠡ) ᠭᠤᠶᠤᠴᠢᠯᠠᠬᠤ ᠨᠥᠬᠦᠴᠡᠯ᠃ ᠬᠥᠲᠥᠯᠥᠨ ᠵᠢᠯᠤᠭᠤᠳᠬᠤ ᠪᠡᠯᠡ ᠮᠥᠩᠭᠦ᠎ᠨᠢ ᠵᠠᠷᠴᠢᠮ ᠳᠡᠭᠡᠷ᠎ᠡ᠎ᠪᠠᠨ ᠥᠪᠡᠷᠲᠡᠭᠡᠨ ᠵᠠᠰᠠᠬᠤ ᠣᠷᠣᠨ᠎ᠤ ᠬᠢᠯᠢ᠎ᠳᠠᠬᠢ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠵᠶ᠋ᠠᠷ ᠳᠠᠩᠰᠠᠯᠠᠭᠤᠯᠤᠭ᠋ᠠᠳ ᠪᠦᠬᠦᠯᠢ 2 ᠵᠢᠯ ᠪᠣᠯᠤᠭᠰᠠᠨ᠂ ᠵᠢᠯ᠎ᠤᠨ ᠪᠣᠷᠣᠯᠠᠭᠤᠯᠤᠯᠲᠠ ᠵᠢᠨ ᠨᠣᠷᠮ᠎ᠠ᠎ᠨᠢ 1.5 ᠳ᠋ᠥᠩᠰᠢᠭᠤᠷ ᠲᠥᠭᠦᠷᠢᠭ᠎ᠠᠴᠠ ᠳᠡᠭᠡᠭᠰᠢ ᠪᠠᠶ᠋ᠢᠬᠤ ᠠᠯᠠᠰᠢᠨ ᠦᠬᠡᠷ ᠠᠯᠠᠰᠢᠨ ᠬᠤᠨᠢ ᠢᠮᠠᠭ᠎ᠠ ᠵᠢᠨ ᠡᠳ᠋ᠰᠢᠭᠦᠯᠬᠦ ᠲᠥᠷᠥᠯ᠎ᠤᠨ ᠥᠪᠡᠷᠲᠡᠭᠡᠨ ᠵᠠᠰᠠᠬᠤ ᠣᠷᠣᠨ᠎ᠤ ᠳᠡᠰ᠎ᠠᠴᠠ ᠳᠡᠭᠡᠭᠰᠢᠬᠢ ᠬᠥᠲᠥᠴᠢ ᠠᠵᠤ ᠠᠬᠤᠶ᠋ᠢᠯᠠᠯ᠎ᠢ ᠳᠡᠮᠵᠢᠨ᠎ᠡ᠃ ᠵᠢᠭᠡᠯᠡᠯᠭᠡ ᠭᠤᠶᠤᠴᠢᠯᠠᠬᠤ ᠠᠵᠤ ᠠᠬᠤᠶ᠋ᠢᠯᠠᠯ᠎ᠨᠢ ᠳᠣᠣᠷᠠᠬᠢ ᠨᠥᠬᠦᠴᠡᠯ᠎ᠢ ᠬᠠᠩᠭ᠋ᠠᠬᠤ ᠬᠡᠷᠡᠭᠲᠡᠢ᠄
      1. ᠪᠦᠭᠦ ᠡᠳ᠋ ᠬᠥᠷᠥᠩᠭᠡ ᠵᠢᠨ ᠬᠡᠪᠴᠢᠶ᠎ᠡ᠎ᠨᠢ 3000 ᠲᠦᠮᠡᠨ ᠲᠥᠭᠦᠷᠢᠭ᠎ᠠᠴᠠ ᠳᠡᠭᠡᠭᠰᠢ᠂ ᠲᠣᠭᠲᠠᠮᠠᠯ ᠡᠳ᠋ ᠬᠥᠷᠥᠩᠭᠡ ᠵᠢᠨ ᠬᠡᠪᠴᠢᠶ᠎ᠡ᠎ᠨᠢ 1000 ᠲᠦᠮᠡᠨ ᠲᠥᠭᠦᠷᠢᠭ᠎ᠠᠴᠠ ᠳᠡᠭᠡᠭᠰᠢ ᠪᠠᠶ᠋ᠢᠬᠤ;
      2. ᠬᠤᠳᠠᠯᠳᠤᠭ᠋ᠠᠨ᠎ᠤ ᠵᠠᠭᠪᠤᠷ᠎ᠨᠢ ᠲᠣᠳᠣᠷᠬᠠᠢ᠂ ᠣᠶ᠋ᠢᠷ᠎ᠠ ᠵᠢᠨ ᠭᠤᠷᠪᠠᠨ ᠵᠢᠯ᠎ᠳᠤ ᠦᠷᠭᠦᠯᠵᠢᠯᠡᠭᠰᠡᠨ ᠠᠯᠳᠠᠭᠳᠠᠯ ᠪᠠᠶ᠋ᠢᠬᠤ ᠦᠭᠡᠢ᠂ ᠠᠵᠤ ᠠᠬᠤᠶ᠋ᠢᠯᠠᠯ᠎ᠨᠢ ᠦᠷᠭᠦᠯᠵᠢᠯᠡᠨ ᠦᠢ᠍ᠯᠡᠳᠪᠦᠷᠢᠯᠡᠵᠦ᠂ ᠬᠡᠪ᠎ᠤᠨ ᠶᠣᠰᠣᠭ᠋ᠠᠷ ᠠᠵᠢᠯᠯᠠᠵᠤ ᠪᠠᠶ᠋ᠢᠬᠤ ᠪᠥᠭᠡᠳ ᠬᠠᠤᠯᠢ ᠵᠢᠨ ᠡᠷᠬᠡᠲᠡᠨ᠎ᠠᠴᠠ ᠵᠠᠰᠠᠬᠤ᠂ ᠡᠳ᠋᠎ᠤᠨ ᠶᠠᠪᠤᠳᠠᠯ᠂ ᠨᠢᠭᠲᠠᠯᠠᠨ ᠪᠤᠳᠤᠵᠤ ᠲᠣᠭ᠋ᠠᠴᠠᠭ᠎ᠠ ᠬᠢᠬᠦ ᠪᠦᠷᠢᠨ ᠲᠡᠭᠦᠯᠳᠡᠷ ᠳᠦᠷᠢᠮ᠎ᠲᠠᠢ ᠪᠠᠶ᠋ᠢᠬᠤ;
      3. ᠠᠵᠤ ᠠᠬᠤᠶ᠋ᠢᠯᠠᠯ ᠵᠢᠴᠢ ᠲᠡᠭᠦᠨ᠎ᠤ ᠬᠠᠤᠯᠢ ᠵᠢᠨ ᠡᠷᠬᠡᠲᠡᠨ᠎ᠤ ᠲᠥᠯᠥᠭᠡᠯᠡᠭᠴᠢ᠂ ᠬᠤᠪᠢ ᠣᠷᠣᠭᠤᠯᠤᠭᠴᠢ᠂ ᠪᠣᠳᠠᠲᠠᠢ ᠡᠵᠡᠮᠳᠡᠭᠴᠢ ᠪᠣᠯᠣᠨ ᠳᠡᠭᠡᠳᠦ ᠵᠡᠷᠭᠡ ᠵᠢᠨ ᠬᠠᠮᠢᠶᠠᠷᠤᠯᠲᠠ ᠵᠢᠨ ᠠᠵᠢᠯᠲᠠᠨ᠎ᠨᠢ ᠴᠥᠮ ᠢᠲᠡᠭᠡᠯ ᠬᠦᠨᠳᠦ᠎ᠪᠠᠷ ᠰᠠᠶ᠋ᠢᠨ ᠪᠠᠶ᠋ᠢᠵᠤ᠂ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠪᠠᠶ᠋ᠢᠭᠤᠯᠭ᠎ᠠ᠂ ᠬᠠᠤᠯᠢ ᠴᠠᠭ᠋ᠠᠵᠠ ᠵᠢᠨ ᠪᠠᠶ᠋ᠢᠭᠤᠯᠭ᠎ᠠ᠎ᠠᠴᠠ ᠰᠢᠢ᠍ᠳᠬᠡᠨ ᠲᠣᠷᠭ᠋ᠠᠭᠰᠠᠨ ᠨᠥᠯᠥᠭᠡ ᠮᠠᠭᠤᠲᠠᠢ ᠲᠡᠮᠳᠡᠭᠯᠡᠯ ᠪᠠᠶ᠋ᠢᠬᠤ ᠦᠭᠡᠢ᠂ ᠪᠠᠩᠬᠢ ᠵᠢᠨ ᠨᠥᠯᠥᠭᠡ ᠮᠠᠭᠤᠲᠠᠢ ᠢᠲᠡᠭᠡᠮᠵᠢ ᠵᠢᠨ ᠲᠡᠮᠳᠡᠭᠯᠡᠯ ᠵᠢᠴᠢ ᠬᠠᠷ᠎ᠠ ᠳᠠᠩᠰᠠ ᠵᠢᠨ ᠲᠡᠮᠳᠡᠭᠯᠡᠯ ᠪᠠᠶ᠋ᠢᠬᠤ ᠦᠭᠡᠢ;
      4. ᠲᠥᠷᠥᠯ ᠵᠦᠢ᠍ᠯ᠎ᠨᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠮᠠᠯ ᠠᠵᠤ ᠠᠬᠤᠢ ᠵᠢᠨ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢᠨ ᠳᠡᠮᠵᠢᠬᠦ ᠴᠢᠭᠯᠡᠯ᠎ᠳᠤ ᠨᠡᠶ᠋ᠢᠴᠡᠵᠦ᠂ ᠵᠣᠭᠤᠰ ᠵᠢᠭᠡᠯᠡᠬᠦ ᠬᠡᠷᠡᠭᠴᠡᠭᠡ ᠵᠢᠴᠢ ᠵᠣᠭᠤᠰ ᠵᠶ᠋ᠠᠨ ᠪᠤᠴᠠᠭ᠋ᠠᠬᠤ ᠢᠷᠡᠯᠲᠡ ᠲᠣᠳᠣᠷᠬᠠᠢ ᠪᠥᠭᠡᠳ ᠬᠠᠤᠯᠢ᠎ᠳᠤ ᠨᠡᠶ᠋ᠢᠴᠡᠭᠰᠡᠨ ᠪᠠᠶ᠋ᠢᠬᠤ᠃
      (ᠬᠤᠶᠠᠷ) ᠭᠤᠶᠤᠴᠢᠯᠠᠨ ᠮᠡᠳᠡᠭᠦᠯᠬᠦ ᠴᠤᠪᠤᠷᠠᠯ᠃ ᠵᠢᠭᠡᠯᠡᠯᠭᠡ ᠭᠤᠶᠤᠴᠢᠯᠠᠬᠤ ᠠᠵᠤ ᠠᠬᠤᠶ᠋ᠢᠯᠠᠯ᠎ᠨᠢ ᠬᠠᠷᠢᠶᠠᠯᠠᠭᠳᠠᠬᠤ ᠬᠠᠷᠢᠴᠠᠭ᠎ᠠ᠎ᠪᠠᠷ ᠵᠡᠷᠭᠡ᠎ᠳᠤ᠎ᠨᠢ ᠬᠠᠷᠢᠶ᠎ᠠ ᠪᠦᠬᠦᠢ ᠠᠶ᠋ᠢᠮᠠᠭ ᠬᠤᠲᠠ᠂ ᠬᠤᠰᠢᠭᠤ ᠰᠢᠶᠠᠨ (ᠬᠤᠲᠠ᠂ ᠲᠣᠭᠤᠷᠢᠭ)᠎ᠤ ᠡᠳ᠋᠎ᠤᠨ ᠵᠠᠰᠠᠭ ᠪᠣᠯᠣᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠰᠠᠯᠠᠭ᠎ᠠ ᠮᠥᠴᠢᠷ ᠵᠢᠴᠢ ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠳᠤ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠵᠶ᠋ᠠᠨ ᠲᠤᠰᠢᠶᠠᠬᠤ ᠬᠡᠷᠡᠭᠲᠡᠢ᠃ ᠬᠤᠰᠢᠭᠤ ᠰᠢᠶᠠᠨ (ᠬᠤᠲᠠ᠂ ᠲᠣᠭᠤᠷᠢᠭ)᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠨᠢ ᠠᠳᠠᠯᠢ ᠱᠠᠲᠤᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠰᠠᠯᠠᠭ᠎ᠠ ᠮᠥᠴᠢᠷ᠎ᠲᠠᠢ ᠬᠠᠮᠲᠤᠷᠠᠨ 3 ᠠᠵᠢᠯᠯᠠᠬᠤ ᠡᠳᠦᠷ᠎ᠤᠨ ᠳᠣᠲᠣᠷ᠎ᠠ ᠭᠤᠶᠤᠴᠢᠯᠠᠨ ᠮᠡᠳᠡᠭᠦᠯᠦᠭᠰᠡᠨ ᠲᠥᠷᠥᠯ ᠵᠦᠢ᠍ᠯ᠎ᠢ ᠬᠢᠨᠠᠨ ᠬᠠᠷᠭᠤᠭᠤᠯᠤᠭᠰᠠᠨ᠎ᠤ ᠳᠠᠷᠠᠭ᠎ᠠ᠂ ᠠᠶ᠋ᠢᠮᠠᠭ ᠬᠤᠲᠠ ᠵᠢᠨ ᠡᠳ᠋᠎ᠤᠨ ᠵᠠᠰᠠᠭ ᠪᠣᠯᠣᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠰᠠᠯᠠᠭ᠎ᠠ ᠮᠥᠴᠢᠷ᠎ᠲᠤ ᠲᠤᠰᠢᠶᠠᠬᠤ ᠬᠡᠷᠡᠭᠲᠡᠢ᠃ ᠠᠶ᠋ᠢᠮᠠᠭ ᠬᠤᠲᠠ ᠵᠢᠨ ᠡᠳ᠋᠎ᠤᠨ ᠵᠠᠰᠠᠭ ᠪᠣᠯᠣᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠰᠠᠯᠠᠭ᠎ᠠ ᠮᠥᠴᠢᠷ᠎ᠨᠢ 5 ᠠᠵᠢᠯᠯᠠᠬᠤ ᠡᠳᠦᠷ᠎ᠤᠨ ᠳᠣᠲᠣᠷ᠎ᠠ ᠬᠢᠨᠠᠨ ᠬᠠᠷᠭᠤᠭᠤᠯᠤᠭᠰᠠᠨ ᠰᠠᠨᠠᠯ ᠵᠶ᠋ᠠᠨ ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠳᠤ ᠮᠡᠳᠡᠭᠦᠯᠵᠦ ᠬᠢᠨᠠᠨ ᠬᠠᠷᠭᠤᠭᠤᠯᠬᠤ ᠬᠡᠷᠡᠭᠲᠡᠢ᠃ ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠨᠢ ᠵᠢᠭᠡᠯᠡᠯᠭᠡ ᠭᠤᠶᠤᠴᠢᠯᠠᠬᠤ ᠠᠵᠤ ᠠᠬᠤᠶ᠋ᠢᠯᠠᠯ᠎ᠤᠨ ᠲᠤᠰᠢᠶᠠᠭᠰᠠᠨ ᠭᠤᠶᠤᠴᠢᠯᠠᠨ ᠮᠡᠳᠡᠭᠦᠯᠬᠦ ᠮᠠᠲ᠋ᠧᠷᠢᠶᠠᠯ᠎ᠢ ᠳᠤᠰᠤᠭᠰᠠᠨ᠎ᠤ ᠳᠠᠷᠠᠭ᠎ᠠ ᠳᠠᠷᠤᠢ᠎ᠳᠤ᠎ᠨᠢ ᠬᠤᠷᠰᠢᠭᠰᠠᠨ ᠪᠠᠩᠬᠢ᠎ᠲᠠᠢ ᠬᠠᠮᠲᠤᠷᠠᠨ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ ᠪᠠᠶ᠋ᠢᠴᠠᠭ᠋ᠠᠯᠲᠠ ᠬᠢᠬᠦ ᠵᠢᠨ ᠬᠠᠮᠲᠤ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ ᠪᠠᠶ᠋ᠢᠴᠠᠭ᠋ᠠᠯᠲᠠ ᠵᠢᠨ ᠮᠡᠳᠡᠭᠦᠯᠦᠯᠲᠡ ᠭᠠᠷᠭ᠋ᠠᠬᠤ ᠬᠡᠷᠡᠭᠲᠡᠢ᠃ ᠠᠩᠬᠠᠨ᠎ᠤ ᠬᠢᠨᠠᠯᠲᠠ᠎ᠪᠠᠷ ᠳᠡᠮᠵᠢᠨ ᠵᠢᠭᠡᠯᠡᠯᠭᠡ ᠵᠢᠭᠡᠯᠡᠬᠦ ᠨᠥᠬᠦᠴᠡᠯ᠎ᠳᠤ ᠨᠡᠶ᠋ᠢᠴᠡᠭᠰᠡᠨ ᠪᠥᠭᠡᠳ ᠠᠶ᠋ᠢᠮᠠᠭ ᠬᠤᠲᠠ [ᠬᠤᠰᠢᠭᠤ ᠰᠢᠶᠠᠨ (ᠬᠤᠲᠠ᠂ ᠲᠣᠭᠤᠷᠢᠭ)] ᠵᠢᠨ ᠡᠳ᠋᠎ᠤᠨ ᠵᠠᠰᠠᠭ ᠪᠣᠯᠣᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠰᠠᠯᠠᠭ᠎ᠠ ᠮᠥᠴᠢᠷ᠎ᠨᠢ ᠵᠢᠭᠡᠯᠡᠯᠭᠡ ᠵᠢᠭᠡᠯᠡᠬᠦ ᠵᠢ ᠵᠥᠪᠰᠢᠶᠡᠷᠡᠭᠰᠡᠨ ᠪᠠᠶ᠋ᠢᠪᠠᠯ᠂ ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠨᠢ ᠵᠢᠭᠡᠯᠡᠯᠭᠡ ᠭᠤᠶᠤᠴᠢᠯᠠᠬᠤ ᠠᠵᠤ ᠠᠬᠤᠶ᠋ᠢᠯᠠᠯ᠎ᠳᠤ 3 ᠡᠳᠦᠷ᠎ᠤᠨ ᠳᠣᠲᠣᠷ᠎ᠠ ᠬᠢᠨᠠᠵᠤ ᠵᠢᠭᠡᠯᠡᠭᠦᠯᠬᠦ ᠵᠣᠭᠤᠰᠤᠨ᠎ᠤ ᠲᠤᠭ᠎ᠠ ᠵᠢᠨ 10%᠎ᠪᠠᠷ ᠲᠦᠭᠰᠢᠭᠦᠷᠢ ᠵᠢᠨ ᠪᠠᠲᠤᠯᠠᠭ᠎ᠠ ᠵᠢᠨ ᠮᠥᠩᠭᠦ ᠲᠤᠰᠢᠶᠠᠬᠤ ᠵᠢ ᠮᠡᠳᠡᠭᠳᠡᠵᠦ᠂ ᠬᠠᠷᠢᠶ᠎ᠠ ᠠᠶ᠋ᠢᠮᠠᠭ ᠬᠤᠲᠠ [ᠬᠤᠰᠢᠭᠤ ᠰᠢᠶᠠᠨ (ᠬᠤᠲᠠ᠂ ᠲᠣᠭᠤᠷᠢᠭ)] ᠵᠢᠨ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠤ 3 ᠡᠳᠦᠷ᠎ᠤᠨ ᠳᠣᠲᠣᠷ᠎ᠠ ᠵᠢᠭᠡᠯᠡᠯᠭᠡ ᠭᠤᠶᠤᠴᠢᠯᠠᠬᠤ ᠠᠵᠤ ᠠᠬᠤᠶ᠋ᠢᠯᠠᠯ᠎ᠤᠨ ᠲᠤᠰᠢᠶᠠᠭᠰᠠᠨ ᠪᠠᠲᠤᠯᠠᠭ᠎ᠠ ᠵᠢᠨ ᠮᠥᠩᠭᠦᠨ᠎ᠤ 1:0.5᠎ᠪᠠᠷ ᠲᠥᠬᠦᠷᠵᠢᠭᠦᠯᠬᠦ ᠵᠢ ᠮᠡᠳᠡᠭᠳᠡᠬᠦ ᠬᠡᠷᠡᠭᠲᠡᠢ᠃ ᠵᠢᠭᠡᠯᠡᠯᠭᠡ ᠭᠤᠶᠤᠴᠢᠯᠠᠬᠤ ᠠᠵᠤ ᠠᠬᠤᠶ᠋ᠢᠯᠠᠯ ᠪᠣᠯᠣᠨ ᠬᠠᠷᠢᠶ᠎ᠠ ᠠᠶ᠋ᠢᠮᠠᠭ ᠬᠤᠲᠠ [ᠬᠤᠰᠢᠭᠤ ᠰᠢᠶᠠᠨ (ᠬᠤᠲᠠ᠂ ᠲᠣᠭᠤᠷᠢᠭ)] ᠵᠢᠨ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠨᠢ ᠲᠦᠭᠰᠢᠭᠦᠷᠢ ᠵᠢᠨ ᠪᠠᠲᠤᠯᠠᠭ᠎ᠠ ᠵᠢᠨ ᠮᠥᠩᠭᠦ᠎ᠪᠠᠨ ᠭᠦᠢ᠍ᠴᠡᠳ ᠲᠤᠰᠢᠶᠠᠭᠰᠠᠨ᠎ᠤ ᠳᠠᠷᠠᠭ᠎ᠠ᠂ ᠲᠥᠷᠥᠯ ᠵᠦᠢ᠍ᠯ᠎ᠤᠨ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠳᠡᠰ ᠳᠠᠷᠠᠭ᠋ᠠᠯᠠᠯ᠎ᠢ ᠭᠦᠢ᠍ᠴᠡᠳᠬᠡᠵᠦ᠂ ᠳᠡᠮᠵᠢᠬᠦ᠎ᠪᠠᠷ ᠪᠠᠶ᠋ᠢᠭ᠎ᠠ ᠲᠥᠷᠥᠯ ᠵᠦᠢ᠍ᠯ ᠵᠶ᠋ᠠᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠳᠤ ᠮᠡᠳᠡᠭᠦᠯᠵᠦ ᠪᠦᠷᠢᠳᠬᠡᠨ ᠳᠠᠩᠰᠠᠯᠠᠭᠤᠯᠬᠤ ᠬᠡᠷᠡᠭᠲᠡᠢ᠃
      (ᠭᠤᠷᠪᠠ) ᠵᠢᠭᠡᠯᠡᠯᠭᠡ ᠲᠠᠯᠪᠢᠬᠤ᠃
      1. ᠵᠢᠭᠡᠯᠡᠯᠭᠡ ᠲᠠᠯᠪᠢᠬᠤ᠎ᠠᠴᠠ ᠡᠮᠦᠨᠡᠬᠢ ᠪᠠᠶ᠋ᠢᠴᠠᠭ᠋ᠠᠯᠲᠠ᠃ ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠨᠢ ᠬᠤᠷᠰᠢᠭᠰᠠᠨ ᠪᠠᠩᠬᠢ᠎ᠲᠠᠢ᠎ᠪᠠᠨ ᠬᠠᠮᠲᠤᠷᠠᠨ ᠵᠢᠭᠡᠯᠡᠯᠭᠡ ᠭᠤᠶᠤᠴᠢᠯᠠᠬᠤ ᠠᠵᠤ ᠠᠬᠤᠶ᠋ᠢᠯᠠᠯ᠎ᠳᠤ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ ᠪᠠᠶ᠋ᠢᠴᠠᠭ᠋ᠠᠯᠲᠠ ᠬᠢᠬᠦ ᠵᠢᠨ ᠬᠠᠮᠲᠤ ᠡᠭᠦᠷᠭᠡ ᠲᠤᠰᠢᠶᠠᠯ ᠵᠶ᠋ᠠᠨ ᠭᠦᠢ᠍ᠴᠡᠳᠬᠡᠭᠰᠡᠨ ᠪᠠᠶ᠋ᠢᠴᠠᠭ᠋ᠠᠯᠲᠠ ᠵᠢᠨ ᠮᠡᠳᠡᠭᠦᠯᠦᠯᠲᠡ ᠭᠠᠷᠭ᠋ᠠᠬᠤ ᠬᠡᠷᠡᠭᠲᠡᠢ᠃ ᠵᠢᠭᠡᠯᠡᠯᠭᠡ ᠭᠤᠶᠤᠴᠢᠯᠠᠬᠤ ᠠᠵᠤ ᠠᠬᠤᠶ᠋ᠢᠯᠠᠯ᠎ᠤᠨ ᠦᠨᠳᠦᠰᠦᠨ ᠪᠠᠶ᠋ᠢᠳᠠᠯ᠂ ᠡᠳ᠋᠎ᠤᠨ ᠶᠠᠪᠤᠳᠠᠯ᠎ᠤᠨ ᠪᠠᠶ᠋ᠢᠳᠠᠯ᠂ ᠦᠢ᠍ᠯᠡᠳᠪᠦᠷᠢᠯᠡᠯ ᠡᠵᠡᠩᠨᠡᠯᠲᠡ ᠵᠢᠨ ᠪᠠᠶ᠋ᠢᠳᠠᠯ ᠪᠣᠯᠣᠨ ᠵᠠᠬ᠎ᠠ ᠳᠡᠯᠭᠡᠭᠦᠷ᠎ᠤᠨ ᠪᠠᠶ᠋ᠢᠳᠠᠯ᠂ ᠬᠤᠯᠪᠣᠭᠳᠠᠬᠤ ᠠᠵᠤ ᠠᠬᠤᠶ᠋ᠢᠯᠠᠯ ᠵᠢᠴᠢ ᠬᠤᠯᠪᠣᠭᠳᠠᠬᠤ ᠠᠷᠠᠯᠵᠢᠶᠠᠨ᠎ᠤ ᠪᠠᠶ᠋ᠢᠳᠠᠯ᠂ ᠥᠪᠡᠷ᠎ᠤᠨ ᠬᠢᠨᠢ ᠪᠡᠯᠡ ᠮᠥᠩᠭᠦ ᠵᠢ᠎ᠨᠢ ᠬᠢᠨᠠᠨ ᠬᠠᠷᠭᠤᠭᠤᠯᠬᠤ᠂ ᠲᠥᠭᠰᠢᠭᠦᠷᠢᠲᠦ ᠬᠥᠷᠥᠩᠭᠡ ᠵᠢᠨ ᠲᠤᠭ᠎ᠠ ᠬᠡᠮᠵᠢᠶ᠎ᠡ ᠵᠢ ᠲᠥᠰᠥᠭᠡᠯᠡᠨ ᠪᠤᠳᠤᠬᠤ᠂ ᠵᠢᠭᠡᠯᠡᠯᠭᠡ ᠵᠢᠨ ᠲᠥᠷᠥᠯ ᠵᠦᠢ᠍ᠯ᠎ᠤᠨ ᠪᠠᠶ᠋ᠢᠳᠠᠯ ᠵᠢᠴᠢ ᠵᠣᠭᠤᠰ ᠵᠶ᠋ᠠᠨ ᠲᠥᠯᠥᠬᠦ ᠲᠥᠰᠥᠯ ᠵᠡᠷᠭᠡ ᠠᠭᠤᠯᠭ᠎ᠠ ᠪᠠᠭᠲᠠᠬᠤ ᠪᠣᠯᠪᠠᠴᠤ ᠡᠳᠡᠭᠡᠷ᠎ᠲᠤ ᠯᠠ ᠬᠢᠵᠠᠭ᠋ᠠᠠᠷᠯᠠᠭᠳᠠᠬᠤ ᠦᠭᠡᠢ᠃
      2. ᠬᠤᠭᠤᠴᠠᠭ᠎ᠠ ᠬᠢᠵᠠᠭ᠋ᠠᠷ᠂ ᠲᠤᠭ᠎ᠠ ᠬᠡᠮᠵᠢᠶ᠎ᠡ᠂ ᠬᠦᠦ ᠵᠢᠨ ᠨᠤᠷᠮ᠎ᠠ ᠬᠢᠭᠡᠳ ᠳᠠᠮ ᠬᠦᠦ᠃ ᠵᠢᠭᠡᠯᠡᠯᠭᠡ ᠵᠢᠨ ᠬᠤᠭᠤᠴᠠᠭ᠎ᠠ ᠬᠢᠵᠠᠭ᠋ᠠᠷ᠎ᠢ ᠵᠠᠷᠴᠢᠮ ᠳᠡᠭᠡᠷ᠎ᠡ᠎ᠪᠠᠨ 1 ᠵᠢᠯ᠎ᠠᠴᠠ ᠬᠡᠲᠦᠷᠡᠭᠦᠯᠬᠦ ᠦᠭᠡᠢ᠂ ᠲᠤᠭ᠎ᠠ ᠬᠡᠮᠵᠢᠶ᠎ᠡ ᠵᠢ ᠵᠠᠷᠴᠢᠮ ᠳᠡᠭᠡᠷ᠎ᠡ᠎ᠪᠠᠨ ᠡᠷᠦᠬᠡ ᠨᠢᠭᠡᠪᠦᠷᠢ ᠵᠢ 1 ᠳ᠋ᠥᠩᠰᠢᠭᠤᠷ ᠲᠥᠭᠦᠷᠢᠭ᠎ᠠᠴᠠ ᠬᠡᠲᠦᠷᠡᠭᠦᠯᠬᠦ ᠦᠭᠡᠢ᠃ ᠠᠵᠤ ᠠᠬᠤᠶ᠋ᠢᠯᠠᠯ᠎ᠤᠨ ᠪᠡᠯᠡ ᠲᠣᠬᠢᠷᠠᠭᠤᠯᠭ᠎ᠠ ᠵᠢᠨ ᠥᠪᠡᠷ᠎ᠤᠨ ᠥᠷᠲᠡᠭ᠎ᠢ᠎ᠨᠢ ᠪᠠᠭᠤᠷᠠᠭᠤᠯᠵᠤ᠂ ᠪᠡᠯᠡ ᠲᠣᠬᠢᠷᠠᠭᠤᠯᠬᠤ᠎ᠳᠤ ᠦᠨᠡᠲᠡᠢ ᠪᠠᠶ᠋ᠢᠬᠤ ᠠᠰᠠᠭᠤᠳᠠᠯ᠎ᠢ ᠨᠠᠮᠳᠠᠭᠤᠯᠬᠤ ᠵᠢᠨ ᠲᠤᠰᠠᠳᠠ᠂ ᠬᠤᠷᠰᠢᠭᠰᠠᠨ ᠪᠠᠩᠬᠢ᠎ᠠᠴᠠ ᠵᠢᠭᠡᠯᠡᠯᠭᠡ ᠵᠢᠨ ᠬᠦᠦ ᠵᠢᠨ ᠨᠣᠷᠮ᠎ᠠ ᠵᠢᠨ ᠲᠠᠯ᠎ᠠ᠎ᠪᠠᠷ ᠬᠠᠷᠠᠭ᠋ᠠᠯᠵᠠᠯ ᠦᠵᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠨᠢ ᠠᠷᠠᠳ᠎ᠤᠨ ᠪᠠᠩᠬᠢ᠎ᠠᠴᠠ ᠨᠡᠶ᠋ᠢᠲᠡᠯᠡᠭᠰᠡᠨ ᠲᠤᠰ ᠬᠤᠭᠤᠴᠠᠭ᠋ᠠᠨ᠎ᠤ LPR᠎ᠤᠨ 50 %᠎ᠪᠠᠷ ᠳᠠᠮ ᠬᠦᠦ ᠣᠯᠭᠤᠨ᠎ᠠ᠃
      3. ᠵᠢᠭᠡᠯᠡᠯᠭᠡ ᠲᠠᠯᠪᠢᠬᠤ᠃ ᠵᠢᠭᠡᠯᠡᠯᠭᠡ ᠵᠢ ᠬᠢᠨᠠᠨ ᠵᠥᠪᠰᠢᠶᠡᠷᠡᠭᠰᠡᠨ᠎ᠤ ᠳᠠᠷᠠᠭ᠎ᠠ᠂ ᠬᠤᠷᠰᠢᠭᠰᠠᠨ ᠪᠠᠩᠬᠢ᠎ᠨᠢ ᠵᠢᠭᠡᠯᠡᠯᠭᠡ ᠵᠢᠨ ᠠᠵᠤ ᠠᠬᠤᠶ᠋ᠢᠯᠠᠯ᠎ᠯᠤᠭ᠎ᠠ ᠬᠠᠮᠢᠶ᠎ᠠ ᠪᠦᠬᠦᠢ ᠭᠡᠷ᠎ᠡ ᠲᠣᠭᠲᠠᠵᠤ᠂ ᠵᠢᠭᠡᠯᠡᠯᠭᠡ ᠵᠢᠨ ᠲᠤᠭ᠎ᠠ ᠬᠡᠮᠵᠢᠶ᠎ᠡ᠂ ᠬᠤᠭᠤᠴᠠᠭ᠎ᠠ ᠬᠢᠵᠠᠭ᠋ᠠᠷ᠂ ᠬᠦᠦ ᠵᠢᠨ ᠨᠣᠷᠮ᠎ᠠ᠂ ᠬᠡᠷᠡᠭᠴᠡᠭᠡ᠂ ᠵᠣᠭᠤᠰ ᠵᠶ᠋ᠠᠨ ᠲᠥᠯᠥᠬᠦ ᠪᠠᠲᠤᠯᠠᠭ᠎ᠠ ᠵᠢᠴᠢ ᠲᠦᠭᠰᠢᠭᠦᠷᠢ ᠵᠢ ᠰᠢᠢ᠍ᠳᠪᠦᠷᠢᠯᠡᠬᠦ ᠵᠡᠷᠭᠡ ᠠᠭᠤᠯᠭ᠎ᠠ ᠵᠢ ᠲᠣᠳᠣᠷᠬᠠᠶ᠋ᠢᠯᠠᠬᠤ ᠬᠡᠷᠡᠭᠲᠡᠢ᠃ ᠬᠤᠷᠰᠢᠭᠰᠠᠨ ᠪᠠᠩᠬᠢ ᠵᠢᠭᠡᠯᠡᠯᠭᠡ ᠭᠤᠶᠤᠴᠢᠯᠠᠬᠤ ᠠᠵᠤ ᠠᠬᠤᠶ᠋ᠢᠯᠠᠯ᠎ᠤᠨ ᠪᠣᠯᠵᠣᠨ ᠲᠣᠭᠲᠠᠭᠰᠠᠨ ᠵᠣᠭᠤᠰ ᠭᠠᠷᠭ᠋ᠠᠵᠤ ᠠᠪᠬᠤ ᠨᠥᠬᠦᠴᠡᠯ᠎ᠢ ᠬᠠᠩᠭ᠋ᠠᠬᠤ ᠵᠢ᠎ᠨᠢ ᠬᠢᠨᠠᠨ ᠪᠠᠶ᠋ᠢᠴᠠᠭ᠋ᠠᠭᠰᠠᠨ᠎ᠤ ᠳᠠᠷᠠᠭ᠎ᠠ᠂ ᠪᠣᠯᠵᠣᠨ ᠲᠣᠭᠲᠠᠭᠰᠠᠨ ᠭᠡᠷ᠎ᠡ ᠶᠣᠰᠣᠭ᠋ᠠᠷ ᠵᠢᠭᠡᠯᠡᠯᠭᠡ᠎ᠪᠠᠨ ᠴᠠᠭ ᠲᠤᠬᠠᠢ᠎ᠳᠤ᠎ᠨᠢ ᠲᠠᠯᠪᠢᠵᠤ᠂ ᠵᠢᠭᠡᠯᠡᠯᠭᠡ ᠵᠢᠨ ᠪᠡᠯᠡ ᠮᠥᠩᠭᠦ ᠵᠢ ᠵᠢᠭᠡᠯᠡᠯᠭᠡ ᠵᠢᠨ ᠳᠠᠩᠰᠠᠨ ᠡᠷᠦᠭᠡ᠎ᠳᠤ ᠣᠷᠣᠭᠤᠯᠤᠨ ᠲᠣᠭ᠋ᠠᠴᠠᠭ᠎ᠠ ᠬᠢᠵᠦ᠂ ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠨᠢ ᠬᠤᠷᠰᠢᠭᠰᠠᠨ ᠪᠠᠩᠬᠢ᠎ᠯᠤᠭ᠎ᠠ ᠵᠢᠭᠡᠯᠡᠯᠭᠡ ᠵᠢᠨ ᠳᠠᠩᠰᠡᠨ ᠡᠷᠦᠭᠡ ᠵᠢ ᠪᠦᠬᠦ ᠶᠠᠪᠤᠴᠠ᠎ᠳᠤ᠎ᠨᠢ ᠬᠢᠨᠠᠨ ᠡᠵᠡᠮᠳᠡᠬᠦ ᠬᠡᠷᠡᠭᠲᠡᠢ᠃
      ᠲᠠᠪᠤ᠂ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ
      (ᠨᠢᠭᠡ) ᠪᠥᠬᠦ ᠴᠤᠪᠤᠷᠠᠯ᠎ᠳᠤ ᠴᠥᠷᠬᠡᠯᠡᠨ ᠬᠠᠮᠢᠶᠠᠷᠬᠤ᠃
      1. ᠬᠢᠨᠠᠯᠲᠠ ᠬᠠᠮᠢᠶᠠᠷᠤᠯᠲᠠ ᠵᠢᠨ ᠲᠣᠭᠲᠠᠯᠴᠠᠭ᠎ᠠ ᠵᠢ ᠪᠠᠶ᠋ᠢᠭᠤᠯᠤᠨ᠎ᠠ᠃ ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠨᠢ ᠬᠤᠷᠰᠢᠭᠰᠠᠨ ᠪᠠᠩᠬᠢ᠎ᠯᠤᠭ᠎ᠠ ᠪᠠᠩᠬᠢ ᠠᠵᠤ ᠠᠬᠤᠶ᠋ᠢᠯᠠᠯ᠎ᠤᠨ ᠰᠢᠭᠤᠳ ᠬᠤᠯᠪᠣᠬᠤ ᠰᠢᠰᠲ᠋ᠧᠮ᠎ᠢ ᠪᠠᠶ᠋ᠢᠭᠤᠯᠵᠤ᠂ ᠵᠢᠭᠡᠯᠡᠯᠭᠡ ᠭᠤᠶᠤᠴᠢᠯᠠᠭᠰᠠᠨ ᠠᠵᠤ ᠠᠬᠤᠶ᠋ᠢᠯᠠᠯ᠎ᠨᠢ ᠬᠤᠷᠰᠢᠭᠰᠠᠨ ᠪᠠᠩᠬᠢ᠎ᠳᠤ ᠵᠢᠭᠡᠯᠡᠯᠭᠡ ᠵᠢᠨ ᠳᠠᠩᠰᠠᠨ ᠡᠷᠦᠬᠡ᠂ ᠪᠣᠷᠤᠯᠠᠭᠤᠯᠭ᠎ᠠ ᠵᠢᠨ ᠵᠣᠭᠤᠰ ᠵᠶ᠋ᠠᠨ ᠡᠪᠬᠡᠭᠦᠯᠦᠨ ᠬᠤᠷᠢᠶᠠᠬᠤ ᠬᠦᠦ ᠳᠠᠩᠰᠡᠨ ᠡᠷᠦᠬᠡ ᠨᠡᠭᠡᠭᠡᠵᠦ᠂ ᠵᠢᠭᠡᠯᠡᠯᠭᠡ ᠭᠤᠶᠤᠴᠢᠯᠠᠭᠰᠠᠨ ᠠᠵᠤ ᠠᠬᠤᠶ᠋ᠢᠯᠠᠯ᠎ᠤᠨ ᠡᠷᠬᠡ ᠣᠯᠭᠤᠯᠲᠠ ᠵᠢ ᠣᠯᠣᠭᠰᠠᠨ᠎ᠤ ᠳᠠᠷᠠᠭ᠎ᠠ᠂ ᠳᠡᠭᠡᠷ᠎ᠡ ᠳᠤᠷᠠᠳᠤᠭᠰᠠᠨ ᠳᠠᠩᠰᠠᠨ ᠡᠷᠦᠬᠡ᠎ᠪᠠᠨ ᠪᠠᠩᠬᠢ ᠠᠵᠤ ᠠᠬᠤᠶ᠋ᠢᠯᠠᠯ᠎ᠤᠨ ᠰᠢᠭᠤᠳ ᠬᠤᠯᠪᠣᠬᠤ ᠰᠢᠰᠲ᠋ᠧᠮ᠎ᠳᠤ ᠣᠷᠣᠭᠤᠯᠵᠤ᠂ ᠵᠢᠭᠡᠯᠡᠯᠭᠡ ᠭᠤᠶᠤᠴᠢᠯᠠᠬᠤ ᠠᠵᠤ ᠠᠬᠤᠶ᠋ᠢᠯᠠᠯ᠎ᠤᠨ ᠬᠢᠨᠠᠯᠲᠠ ᠬᠠᠮᠢᠶᠠᠷᠤᠯᠲᠠ ᠵᠢᠨ ᠲᠣᠭᠲᠠᠯᠴᠠᠭ᠎ᠠ ᠵᠢ ᠪᠠᠶ᠋ᠢᠭᠤᠯᠬᠤ᠎ᠪᠠᠨ ᠪᠡᠶᠡᠯᠡᠭᠦᠯᠦᠨ᠎ᠡ᠃
      2. ᠬᠠᠳᠠᠭ᠋ᠠᠯᠠᠭᠰᠠᠨ ᠪᠠᠷᠠᠭ᠎ᠠ ᠵᠢᠨ ᠬᠠᠮᠢᠶᠠᠷᠤᠯᠲᠠ᠃ ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠨᠢ ᠬᠤᠷᠰᠢᠭᠰᠠᠨ ᠪᠠᠩᠬᠢ᠎ᠲᠠᠢ ᠬᠠᠮᠲᠤᠷᠠᠨ ᠦᠢ᠍ᠯᠡᠴᠢᠯᠡᠭᠡ ᠬᠤᠳᠠᠯᠳᠤᠨ ᠠᠪᠬᠤ ᠠᠷᠭ᠎ᠠ ᠮᠠᠶᠢᠭ ᠵᠶ᠋ᠠᠷ ᠭᠤᠷᠪᠠᠳᠠᠭᠢ ᠡᠲᠡᠭᠡᠳ᠎ᠤᠨ ᠪᠠᠶ᠋ᠢᠭᠤᠯᠤᠮᠵᠢ᠎ᠯᠤᠭ᠎ᠠ 《ᠬᠠᠳᠠᠭ᠋ᠠᠯᠠᠭᠰᠠᠨ ᠪᠠᠷᠠᠭ᠎ᠠ ᠵᠢ ᠨᠠᠶ᠋ᠢᠳᠠᠵᠤ ᠬᠢᠨᠠᠨ ᠬᠠᠮᠢᠶᠠᠷᠤᠭᠤᠯᠬᠤ ᠵᠥᠪᠯᠡᠯᠴᠡᠭᠡᠷ》 ᠲᠣᠭᠲᠠᠵᠤ᠂ ᠭᠤᠷᠪᠠᠳᠠᠭᠢ ᠡᠲᠡᠭᠡᠳ᠎ᠤᠨ ᠪᠠᠶ᠋ᠢᠭᠤᠯᠤᠮᠵᠢ᠎ᠳᠤ ᠨᠠᠶ᠋ᠢᠳᠠᠵᠤ ᠵᠢᠭᠡᠯᠡᠯᠭᠡ ᠭᠤᠶᠤᠴᠢᠯᠠᠭᠰᠠᠨ ᠠᠵᠤ ᠠᠬᠤᠶ᠋ᠢᠯᠠᠯ᠎ᠤᠨ᠎ᠬᠢᠨ ᠬᠤᠷᠰᠢᠭᠰᠠᠨ ᠪᠠᠩᠬᠢ ᠵᠢᠨ ᠢᠲᠡᠭᠡᠮᠵᠢᠲᠦ ᠵᠢᠭᠡᠯᠡᠯᠭᠡ ᠵᠢᠨ ᠪᠡᠯᠡ ᠮᠥᠩᠭᠦ ᠵᠢ ᠬᠡᠷᠡᠭᠯᠡᠭᠡᠳ ᠪᠤᠢ ᠪᠣᠯᠤᠭᠰᠠᠨ ᠬᠠᠳᠠᠭ᠋ᠠᠯᠠᠯᠲᠠ ᠵᠢᠨ ᠪᠠᠷᠠᠭ᠎ᠠ᠎ᠳᠤ 24 ᠴᠠᠭ ᠲᠠᠰᠤᠯᠳᠠᠭᠤᠯᠤᠯ ᠦᠭᠡᠢ᠎ᠪᠠᠷ ᠬᠢᠨᠠᠨ ᠡᠵᠡᠮᠳᠡᠵᠦ ᠬᠠᠮᠢᠶᠠᠷᠤᠨ᠂ ᠬᠢᠨᠠᠨ ᠡᠵᠡᠮᠳᠡᠵᠦ ᠬᠠᠮᠢᠶᠠᠷᠬᠤ ᠠᠭᠤᠯᠭ᠎ᠠ ᠵᠢᠴᠢ ᠪᠣᠯᠵᠣᠭᠰᠠᠨ᠎ᠠᠴᠠ ᠵᠥᠷᠢᠴᠡᠬᠦ ᠵᠦᠢ᠍ᠯ ᠵᠤᠷᠪᠤᠰ᠎ᠤᠳ᠎ᠢ ᠴᠥᠮ ᠳᠡᠭᠡᠷ᠎ᠡ ᠳᠤᠷᠠᠳᠤᠭᠰᠠᠨ ᠵᠥᠪᠯᠡᠯᠴᠡᠭᠡᠷ᠎ᠲᠤ ᠨᠠᠷᠢᠨ ᠪᠣᠯᠵᠣᠨ ᠲᠣᠭᠲᠠᠬᠤ ᠬᠡᠷᠡᠭᠲᠡᠢ᠂ ᠡᠭᠦᠨ᠎ᠳᠤ᠂ ᠬᠢᠨᠠᠨ ᠡᠵᠡᠮᠳᠡᠵᠦ ᠬᠠᠮᠢᠶᠠᠷᠬᠤ ᠠᠭᠤᠯᠭ᠎ᠠ᠎ᠳᠤ ᠳᠣᠣᠷᠠᠬᠢ ᠬᠡᠳᠦᠨ ᠲᠠᠯ᠎ᠠ ᠪᠠᠭᠲᠠᠬᠤ ᠪᠣᠯᠪᠠᠴᠤ ᠡᠳᠡᠭᠡᠷ᠎ᠲᠤ ᠯᠡ ᠬᠢᠵᠠᠭ᠋ᠠᠷᠯᠠᠭᠳᠠᠬᠤ ᠦᠭᠡᠢ᠄
      (1) ᠬᠠᠳᠠᠭ᠋ᠠᠯᠠᠭᠰᠠᠨ ᠪᠠᠷᠠᠭ᠎ᠠ ᠵᠢ ᠬᠠᠷᠭᠤᠭᠤᠯᠤᠨ ᠪᠠᠶ᠋ᠢᠴᠠᠭ᠋ᠠᠬᠤ᠃ ᠬᠤᠳᠠᠯᠳᠤᠨ ᠠᠪᠬᠤ ᠲᠤᠬᠠᠶ᠋ᠢᠯᠠᠭᠰᠠᠨ ᠠᠵᠢᠯ ᠳᠠᠭᠤᠰᠤᠭᠰᠠᠨ᠎ᠤ ᠳᠠᠷᠠᠭ᠎ᠠ᠂ ᠭᠤᠷᠪᠠᠳᠠᠭᠢ ᠡᠲᠡᠭᠡᠳ᠎ᠤᠨ ᠪᠠᠶ᠋ᠢᠭᠤᠯᠤᠮᠵᠢ᠎ᠠᠴᠠ ᠵᠢᠭᠡᠯᠡᠯᠭᠡ ᠭᠤᠶᠤᠴᠢᠯᠠᠬᠤ ᠠᠵᠤ ᠠᠬᠤᠶ᠋ᠢᠯᠠᠯ᠎ᠤᠨ ᠬᠠᠳᠠᠭ᠋ᠠᠯᠠᠭᠰᠠᠨ ᠪᠠᠷᠠᠭ᠋ᠠᠨ᠎ᠤ ᠬᠢᠨᠢ ᠪᠠᠶ᠋ᠢᠳᠠᠯ᠎ᠳᠤ ᠬᠠᠷᠭᠤᠭᠤᠯᠤᠨ ᠪᠠᠶ᠋ᠢᠴᠠᠭ᠋ᠠᠯᠲᠠ ᠬᠢᠬᠦ ᠵᠢᠨ ᠬᠠᠮᠲᠤ ᠲᠡᠮᠳᠡᠭ ᠲᠠᠯᠪᠢᠵᠤ᠂ ᠬᠠᠳᠠᠭ᠋ᠠᠯᠠᠭᠰᠠᠨ ᠪᠠᠷᠠᠭ᠎ᠠ ᠪᠠ ᠵᠢᠭᠡᠯᠡᠯᠭᠡ ᠵᠢᠨ ᠨᠢᠭᠡᠳᠦᠯᠲᠡᠢ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠡᠭᠦᠨ᠎ᠤ ᠬᠠᠮᠲᠤ᠂ ᠵᠢᠭᠡᠯᠡᠯᠭᠡ ᠭᠤᠶᠤᠴᠢᠯᠠᠬᠤ ᠠᠵᠤ ᠠᠬᠤᠶ᠋ᠢᠯᠠᠯ᠎ᠤᠨ ᠨᠢᠭᠲᠠᠯᠠᠨ ᠪᠤᠳᠤᠬᠤ ᠲᠠᠩᠰᠠ᠂ ᠬᠥᠮᠥᠷᠭᠡᠯᠡᠨ ᠬᠠᠳᠠᠭ᠋ᠠᠯᠠᠨ ᠬᠠᠮᠢᠶᠠᠷᠴᠤ ᠪᠠᠶ᠋ᠢᠭ᠎ᠠ ᠲᠠᠩᠰᠠ ᠬᠠᠷ᠎ᠠ ᠪᠠ ᠲᠤᠭ᠎ᠠ ᠪᠦᠷᠢᠳᠬᠡᠯ᠎ᠤᠨ ᠲᠠᠩᠰᠠ ᠵᠢ ᠬᠠᠷᠭᠤᠭᠤᠯᠵᠤ᠂ ᠬᠠᠳᠠᠭ᠋ᠠᠯᠠᠭᠰᠠᠨ ᠪᠠᠷᠠᠭ᠎ᠠ ᠪᠠ ᠵᠢᠭᠡᠯᠡᠯᠭᠡ᠎ᠨᠢ ᠨᠡᠶ᠋ᠢᠴᠡᠬᠦ ᠵᠢ ᠦᠨᠡᠨ ᠬᠦ᠌ ᠪᠠᠲᠤᠯᠠᠬᠤ ᠬᠡᠷᠡᠭᠲᠡᠢ᠃
      (2) ᠬᠠᠳᠠᠭ᠋ᠠᠯᠠᠭᠰᠠᠨ ᠪᠠᠷᠠᠭ᠎ᠠ ᠵᠢ ᠬᠢᠨᠠᠨ ᠬᠠᠮᠢᠶᠠᠷᠬᠤ᠃ ᠬᠠᠳᠠᠭ᠋ᠠᠯᠠᠭᠰᠠᠨ ᠪᠠᠷᠠᠭ᠎ᠠ ᠵᠢ ᠬᠢᠨᠠᠨ ᠬᠠᠮᠢᠶᠠᠷᠬᠤ᠎ᠳᠤ ᠲᠤᠬᠠᠢ ᠵᠢᠨ ᠲᠠᠯᠠᠪᠤᠷ᠎ᠤᠨ ᠬᠢᠨᠠᠯᠲᠠ ᠬᠠᠮᠢᠶᠠᠷᠤᠯᠲᠠ ᠪᠠ ᠲᠤᠬᠠᠢ ᠵᠢᠨ ᠲᠠᠯᠠᠪᠤᠷ᠎ᠤᠨ ᠪᠤᠰᠤ ᠬᠢᠨᠠᠯᠲᠠ ᠬᠠᠮᠢᠶᠠᠷᠤᠯᠲᠠ ᠵᠢ ᠬᠠᠷᠢᠯᠴᠠᠨ ᠤᠶᠠᠯᠳᠤᠭᠤᠯᠬᠤ ᠠᠷᠭ᠎ᠠ ᠠᠪᠴᠠᠯ᠎ᠢ ᠠᠪᠤᠨ᠎ᠠ᠃
       ᠲᠤᠬᠠᠢ ᠵᠢᠨ ᠲᠠᠯᠠᠪᠤᠷ᠎ᠤᠨ ᠬᠢᠨᠠᠯᠲᠠ ᠬᠠᠮᠢᠶᠠᠷᠤᠯᠲᠠ᠃ ᠭᠤᠷᠪᠠᠳᠠᠭᠢ ᠡᠲᠡᠭᠡᠳ᠎ᠤᠨ ᠪᠠᠶ᠋ᠢᠭᠤᠯᠤᠮᠵᠢ᠎ᠨᠢ ᠵᠢᠭᠡᠯᠡᠯᠭᠡ ᠭᠤᠶᠤᠴᠢᠯᠠᠭᠰᠠᠨ ᠠᠵᠤ ᠠᠬᠤᠶ᠋ᠢᠯᠠᠯ᠎ᠤᠨ᠎ᠬᠢᠨ ᠬᠤᠷᠰᠢᠭᠰᠠᠨ ᠪᠠᠩᠬᠢ ᠵᠢᠨ ᠢᠲᠡᠭᠡᠮᠵᠢᠲᠦ ᠵᠢᠭᠡᠯᠡᠯᠭᠡ ᠵᠢᠨ ᠪᠡᠯᠡ ᠮᠥᠩᠭᠦ ᠵᠢ ᠬᠡᠷᠡᠭᠯᠡᠭᠡᠳ ᠪᠤᠶ ᠪᠣᠯᠤᠭᠰᠠᠨ ᠬᠠᠳᠠᠭ᠋ᠠᠯᠠᠯᠲᠠ ᠵᠢᠨ ᠪᠠᠷᠠᠭ᠎ᠠ ᠵᠢ ᠪᠦᠭᠦᠨ ᠵᠶ᠋ᠠᠷ᠎ᠨᠢ ᠬᠠᠷᠭᠤᠭᠤᠯᠤᠨ ᠪᠠᠶ᠋ᠢᠴᠠᠭ᠋ᠠᠬᠤ ᠬᠡᠪᠴᠢᠶᠡᠨ᠎ᠳᠤ᠎ᠪᠠᠨ ᠣᠷᠣᠭᠤᠯᠵᠤ᠂ ᠵᠢᠭᠡᠯᠡᠯᠭᠡ ᠭᠤᠶᠤᠴᠢᠯᠠᠭᠰᠠᠨ ᠠᠵᠤ ᠠᠬᠤᠶ᠋ᠢᠯᠠᠯ᠎ᠤᠨ ᠬᠠᠳᠠᠭ᠋ᠠᠯᠠᠭᠰᠠᠨ ᠪᠠᠷᠠᠭ᠋ᠠᠨ᠎ᠤ ᠲᠥᠷᠥᠯ ᠵᠦᠢ᠍ᠯ᠂ ᠲᠤᠭ᠎ᠠ ᠬᠡᠮᠵᠢᠶ᠎ᠡ᠂ ᠶᠠᠰᠤ ᠴᠢᠨᠠᠷ᠂ ᠥᠪᠡᠷ᠎ᠤᠨ ᠥᠷᠲᠡᠭ ᠵᠢᠴᠢ ᠬᠤᠪᠢᠷᠠᠯᠲᠠ ᠵᠢᠨ ᠪᠠᠶ᠋ᠢᠳᠠᠯ᠎ᠢ᠎ᠨᠢ ᠡᠵᠡᠮᠰᠢᠬᠦ ᠬᠡᠷᠡᠭᠲᠡᠢ᠃ ᠭᠤᠷᠪᠠᠳᠠᠭᠢ ᠡᠲᠡᠭᠡᠳ᠎ᠤᠨ ᠪᠠᠶ᠋ᠢᠭᠤᠯᠤᠮᠵᠢ᠎ᠨᠢ ᠵᠢᠭᠡᠯᠡᠯᠭᠡ ᠭᠤᠶᠤᠴᠢᠯᠠᠭᠰᠠᠨ ᠠᠵᠤ ᠠᠬᠤᠶ᠋ᠢᠯᠠᠯ᠎ᠤᠨ᠎ᠬᠢᠨ᠎ᠤ ᠬᠠᠳᠠᠭ᠋ᠠᠯᠠᠭᠰᠠᠨ ᠪᠠᠷᠠᠭ᠎ᠠ᠎ᠳᠤ ᠲᠤᠬᠠᠢ ᠵᠢᠨ ᠲᠠᠯᠠᠪᠤᠷ᠎ᠤᠨ ᠬᠢᠨᠠᠯᠲᠠ ᠬᠠᠮᠢᠶᠠᠷᠤᠯᠲᠠ ᠬᠢᠵᠦ᠂ ᠭᠠᠷᠠᠭ ᠪᠦᠷᠢ ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠶ᠋ᠢᠭᠤᠯᠤᠮᠵᠢ᠂ ᠬᠤᠷᠰᠢᠭᠰᠠᠨ ᠪᠠᠩᠬᠢ᠎ᠳᠤ ᠬᠠᠳᠠᠭ᠋ᠠᠯᠠᠯᠲᠠ ᠵᠢᠨ ᠲᠤᠭ᠎ᠠ ᠬᠡᠮᠵᠢᠶ᠎ᠡ᠎ᠪᠠᠨ ᠮᠡᠳᠡᠭᠦᠯᠦᠨ ᠬᠦᠷᠭᠡᠵᠦ᠂ ᠬᠠᠳᠠᠭ᠋ᠠᠯᠠᠭᠰᠠᠨ ᠪᠠᠷᠠᠭ᠎ᠠ ᠵᠢᠨ ᠲᠤᠬᠠᠢ ᠵᠢᠨ ᠴᠠᠭ᠎ᠤᠨ ᠬᠤᠪᠢᠷᠠᠯᠲᠠ ᠵᠢᠨ ᠪᠠᠶ᠋ᠢᠳᠠᠯ᠎ᠢ ᠳᠠᠩᠰᠠᠯᠠᠨ ᠲᠡᠮᠳᠡᠭᠯᠡᠬᠦ ᠠᠵᠢᠯ ᠵᠶ᠋ᠠᠨ ᠰᠠᠶ᠋ᠢᠲᠤᠷ ᠬᠢᠵᠦ᠂ ᠬᠡᠪ᠎ᠤᠨ ᠪᠤᠰᠤ ᠪᠠᠶ᠋ᠢᠳᠠᠯ ᠵᠡᠷᠭᠡ ᠴᠢᠬᠤᠯᠠ ᠶᠡᠭᠡ ᠵᠦᠢ᠍ᠯᠡᠰ᠎ᠢ ᠣᠯᠵᠤ ᠮᠡᠳᠡᠪᠡᠯ᠂ ᠴᠠᠭ ᠲᠤᠬᠠᠢ᠎ᠳᠤ᠎ᠨᠢ ᠮᠡᠳᠡᠭᠦᠯᠦᠨ ᠬᠦᠷᠭᠡᠬᠦ ᠵᠢᠨ ᠬᠠᠮᠲᠤ ᠵᠣᠬᠢᠬᠤ ᠠᠷᠭ᠎ᠠ ᠬᠡᠮᠵᠢᠶ᠎ᠡ ᠠᠪᠬᠤ ᠬᠡᠷᠡᠭᠲᠡᠢ᠃
      ᠲᠤᠬᠠᠢ ᠵᠢᠨ ᠲᠠᠯᠠᠪᠤᠷ᠎ᠤᠨ ᠪᠤᠰᠤ ᠬᠢᠨᠠᠯᠲᠠ ᠬᠠᠮᠢᠶᠠᠷᠤᠯᠲᠠ᠃ ᠭᠤᠷᠪᠠᠳᠠᠭᠢ ᠡᠲᠡᠭᠡᠳ᠎ᠤᠨ ᠪᠠᠶ᠋ᠢᠭᠤᠯᠤᠮᠵᠢ᠎ᠨᠢ ᠲᠣᠭᠲᠠᠮᠠᠯ ᠬᠤᠭᠤᠴᠠᠭ᠎ᠠ᠎ᠲᠠᠢ᠎ᠪᠠᠷ ᠵᠢᠭᠡᠯᠡᠯᠭᠡ ᠭᠤᠶᠤᠴᠢᠯᠠᠭᠰᠠᠨ ᠠᠵᠤ ᠠᠬᠤᠶ᠋ᠢᠯᠠᠯ᠎ᠤᠨ ᠨᠢᠭᠲᠠᠯᠠᠨ ᠪᠣᠳᠣᠬᠤ᠂ ᠲᠤᠭ᠎ᠠ ᠪᠦᠷᠢᠳᠬᠡᠯ᠂ ᠬᠠᠳᠠᠭ᠋ᠠᠯᠠᠨ ᠬᠠᠮᠢᠶᠠᠷᠬᠤ ᠳᠠᠩᠰᠠ ᠬᠠᠷ᠎ᠠ ᠪᠠ ᠥᠪᠡᠷ᠎ᠤᠨ᠎ᠬᠢᠨ ᠪᠦᠷᠢᠳᠬᠡᠭᠰᠡᠨ ᠲᠤᠭ᠎ᠠ ᠪᠠᠷᠢᠮᠲᠠ᠎ᠪᠠᠷ ᠦᠨᠳᠦᠰᠦᠯᠡᠯ ᠪᠣᠯᠭ᠋ᠠᠵᠤ᠂ ᠪᠣᠳᠠᠲᠠᠢ ᠬᠠᠳᠠᠭ᠋ᠠᠯᠠᠭᠰᠠᠨ ᠪᠠᠷᠠᠭ᠎ᠠ ᠵᠢ ᠬᠤᠷᠰᠢᠭᠰᠠᠨ ᠪᠠᠩᠬᠢ᠎ᠯᠤᠭ᠎ᠠ ᠬᠠᠷᠭᠤᠭᠤᠯᠵᠤ᠂ ᠪᠠᠩᠬᠢ ᠪᠠ ᠠᠵᠤ ᠠᠬᠤᠶ᠋ᠢᠯᠠᠯ᠎ᠤᠨ ᠳᠠᠩᠰᠠ ᠪᠦᠷᠢ᠎ᠨᠢ ᠬᠠᠷᠢᠯᠴᠠᠨ ᠨᠡᠶ᠋ᠢᠴᠡᠬᠦ᠂ ᠠᠵᠤ ᠠᠬᠤᠶ᠋ᠢᠯᠠᠯ᠎ᠤᠨ ᠳᠠᠩᠰᠠ᠎ᠨᠢ ᠪᠣᠳᠠᠲᠠᠢ᠎ᠲᠠᠢ ᠬᠠᠷᠢᠯᠴᠠᠨ ᠨᠡᠶ᠋ᠢᠴᠡᠬᠦ ᠵᠢ ᠦᠨᠡᠨ ᠬᠦ᠌ ᠪᠠᠲᠤᠯᠠᠬᠤ ᠬᠡᠷᠡᠭᠲᠡᠢ᠃
      3. ᠪᠤᠴᠠᠭ᠋ᠠᠨ ᠬᠤᠷᠢᠶᠠᠬᠤ ᠬᠠᠮᠢᠶᠠᠷᠤᠯᠲᠠ᠃
      (1) ᠬᠤᠳᠠᠯᠳᠤᠬᠤ᠎ᠳᠤ᠎ᠪᠠᠨ ᠨᠡᠪᠲᠡᠷᠡᠭᠦᠯᠦᠨ ᠮᠡᠳᠡᠭᠡᠯᠡᠬᠦ᠃ ᠢᠲᠡᠭᠡᠮᠵᠢᠲᠦ ᠵᠢᠭᠡᠯᠡᠯᠭᠡ ᠵᠢᠨ ᠪᠡᠯᠡ ᠮᠥᠩᠭᠦ᠎ᠪᠠᠷ ᠪᠤᠶ ᠪᠣᠯᠤᠭᠰᠠᠨ ᠬᠠᠳᠠᠭ᠋ᠠᠯᠠᠯᠲᠠ ᠵᠢᠨ ᠪᠠᠷᠠᠭ᠎ᠠ ᠵᠢ ᠬᠤᠳᠠᠯᠳᠤᠬᠤ᠎ᠠᠴᠠ ᠡᠮᠦᠨ᠎ᠡ᠂ ᠵᠢᠭᠡᠯᠡᠯᠭᠡ ᠭᠤᠶᠤᠴᠢᠯᠠᠭᠰᠠᠨ ᠠᠵᠤ ᠠᠬᠤᠶ᠋ᠢᠯᠠᠯ᠎ᠨᠢ ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠶ᠋ᠢᠭᠤᠯᠤᠮᠵᠢ᠂ ᠬᠤᠷᠰᠢᠭᠰᠠᠨ ᠪᠠᠩᠬᠢ᠎ᠳᠤ ᠴᠠᠭ ᠲᠤᠬᠠᠢ᠎ᠳᠤ᠎ᠨᠢ ᠨᠡᠪᠲᠡᠷᠡᠭᠦᠯᠦᠨ ᠮᠡᠳᠡᠭᠡᠯᠡᠬᠦ ᠬᠡᠷᠡᠭᠲᠡᠢ᠂ ᠨᠡᠪᠲᠡᠷᠡᠭᠦᠯᠦᠨ ᠮᠡᠳᠡᠭᠡᠯᠡᠬᠦ ᠪᠣᠳᠠᠲᠠᠢ ᠠᠷᠭ᠎ᠠ ᠮᠠᠶᠢᠭ ᠵᠶ᠋ᠠᠨ ᠭᠤᠷᠪᠠᠨ ᠪᠠᠶ᠋ᠢᠭᠤᠯᠤᠮᠵᠢ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠲᠣᠭᠲᠠᠭ᠋ᠠᠬᠤ ᠬᠡᠷᠡᠭᠲᠡᠢ᠃ ᠭᠤᠷᠪᠠᠳᠠᠭᠢ ᠡᠲᠡᠭᠡᠳ᠎ᠤᠨ ᠪᠠᠶ᠋ᠢᠭᠤᠯᠤᠮᠵᠢ᠎ᠨᠢ ᠵᠢᠭᠡᠯᠡᠯᠭᠡ ᠭᠤᠶᠤᠴᠢᠯᠠᠭᠰᠠᠨ ᠠᠵᠤ ᠠᠬᠤᠶ᠋ᠢᠯᠠᠯ᠎ᠤᠨ ᠬᠠᠩᠭ᠋ᠠᠭᠰᠠᠨ ᠪᠣᠷᠣᠯᠠᠭᠤᠯᠬᠤ ᠮᠡᠳᠡᠭᠡ ᠵᠠᠩᠭᠢ᠎ᠪᠠᠷ᠂ ᠬᠠᠳᠠᠭ᠋ᠠᠯᠠᠭᠰᠠᠨ ᠪᠠᠷᠠᠭ᠎ᠠ ᠵᠢᠨ ᠲᠡᠮᠳᠡᠭ᠎ᠢ ᠬᠠᠷᠭᠤᠭᠤᠯᠵᠤ᠂ ᠬᠠᠳᠠᠭ᠋ᠠᠯᠠᠭᠰᠠᠨ ᠪᠠᠷᠠᠭ᠎ᠠ ᠵᠢᠨ ᠪᠣᠷᠤᠯᠠᠭᠤᠯᠭ᠎ᠠ ᠵᠢᠨ ᠪᠠᠶ᠋ᠢᠳᠠᠯ᠎ᠳᠤ ᠬᠢᠨᠠᠯᠲᠠ ᠲᠠᠯᠪᠢᠬᠤ ᠬᠡᠷᠡᠭᠲᠡᠢ᠃
      (2) ᠳ᠋ᠦᠩᠨᠡᠨ ᠪᠤᠳᠤᠵᠤ ᠡᠭᠡᠭᠦᠯᠦᠨ ᠬᠤᠷᠢᠶᠠᠬᠤ᠃ ᠢᠲᠡᠭᠡᠮᠵᠢᠲᠦ ᠵᠢᠭᠡᠯᠡᠯᠭᠡ ᠵᠢᠨ ᠪᠡᠯᠡ ᠮᠥᠩᠭᠦ᠎ᠪᠠᠷ ᠪᠤᠶ ᠪᠣᠯᠤᠭᠰᠠᠨ ᠬᠠᠳᠠᠭ᠋ᠠᠯᠠᠯᠲᠠ ᠵᠢᠨ ᠪᠠᠷᠠᠭ᠎ᠠ ᠵᠢ ᠪᠣᠷᠣᠯᠠᠭᠤᠯᠬᠤ᠎ᠳᠤ ᠬᠤᠷᠰᠢᠭᠰᠠᠨ ᠪᠠᠩᠬᠢ ᠵᠢᠨ ᠨᠡᠭᠡᠭᠡᠭᠰᠡᠨ ᠪᠣᠷᠤᠯᠠᠭᠤᠯᠭ᠎ᠠ ᠵᠢᠨ ᠵᠣᠭᠤᠰ ᠵᠶ᠋ᠠᠨ ᠡᠪᠬᠡᠭᠦᠯᠦᠨ ᠬᠤᠷᠢᠶᠠᠬᠤ ᠬᠦᠦ ᠳᠠᠩᠰᠠᠨ ᠡᠷᠦᠬᠡ ᠵᠢ ᠬᠡᠷᠡᠭᠯᠡᠨ ᠳ᠋ᠦᠩᠨᠡᠨ ᠪᠣᠳᠣᠵᠣ᠂ ᠪᠡᠯᠡ ᠮᠥᠩᠭᠦᠨ ᠵᠢᠨ ᠲᠤᠰᠬᠠᠢ ᠵᠣᠭᠤᠰ᠎ᠢ ᠲᠤᠰᠬᠠᠢ ᠬᠡᠷᠡᠭᠯᠡᠵᠦ᠂ ᠠᠶᠤᠯ ᠦᠭᠡᠢ᠎ᠪᠠᠷ ᠡᠭᠡᠭᠦᠯᠦᠨ ᠬᠤᠷᠢᠶᠠᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠵᠢᠭᠡᠯᠡᠯᠭᠡ ᠭᠤᠶᠤᠴᠢᠯᠠᠭᠰᠠᠨ ᠠᠵᠤ ᠠᠬᠤᠶ᠋ᠢᠯᠠᠯ᠎ᠨᠢ ᠢᠲᠡᠭᠡᠮᠵᠢᠲᠦ ᠵᠢᠭᠡᠯᠡᠯᠭᠡ ᠵᠢᠨ ᠪᠡᠯᠡ ᠮᠥᠩᠭᠦ᠎ᠪᠠᠨ ᠬᠤᠳᠠᠯᠳᠤᠭ᠋ᠠᠳ ᠬᠠᠳᠠᠭ᠋ᠠᠯᠠᠯᠲᠠ ᠵᠢᠨ ᠪᠠᠷᠠᠭ᠎ᠠ ᠪᠣᠢ ᠪᠣᠯᠤᠭᠰᠠᠨ᠎ᠤ ᠳᠠᠷᠠᠭ᠎ᠠ᠂ ᠬᠤᠷᠰᠢᠭᠰᠠᠨ ᠪᠠᠩᠬᠢ᠎ᠨᠢ ᠵᠢᠭᠡᠯᠡᠯᠭᠡ ᠵᠢᠨ ᠡᠬᠡ ᠮᠥᠩᠭᠦ᠎ᠪᠠᠨ ᠴᠠᠭ ᠲᠤᠬᠠᠢ᠎ᠳᠤ᠎ᠨᠢ ᠪᠤᠴᠠᠭ᠋ᠠᠨ ᠠᠪᠬᠤ ᠬᠡᠷᠡᠭᠲᠡᠢ᠃ ᠵᠢᠭᠡᠯᠡᠯᠭᠡ ᠵᠢᠨ ᠡᠬᠡ ᠮᠥᠩᠭᠦ᠎ᠪᠠᠨ ᠪᠦᠷᠢᠮᠦᠰᠦᠨ ᠡᠭᠡᠭᠦᠯᠵᠦ ᠬᠤᠷᠢᠶᠠᠬᠤ᠎ᠠᠴᠠ ᠡᠮᠦᠨ᠎ᠡ᠂ ᠵᠢᠭᠡᠯᠡᠯᠭᠡ ᠭᠤᠶᠤᠴᠢᠯᠠᠭᠰᠠᠨ ᠠᠵᠤ ᠠᠬᠤᠶ᠋ᠢᠯᠠᠯ᠎ᠤᠨ ᠲᠣᠭᠲᠠᠭ᠋ᠠᠯ᠎ᠠᠴᠠ ᠵᠥᠷᠢᠴᠡᠵᠦ ᠪᠡᠯᠡ ᠮᠥᠩᠭᠦ ᠨᠡᠭᠦᠯᠭᠡᠨ ᠬᠡᠷᠡᠭᠯᠡᠬᠦ᠂ ᠪᠣᠷᠤᠯᠠᠭᠤᠯᠭ᠎ᠠ ᠵᠢᠨ ᠵᠣᠭᠤᠰ ᠵᠶ᠋ᠠᠨ ᠡᠪᠬᠡᠭᠦᠯᠦᠨ ᠬᠤᠷᠢᠶᠠᠬᠤ ᠪᠤᠰᠤᠳ ᠳᠠᠩᠰᠠᠨ ᠡᠷᠦᠬᠡ ᠨᠡᠭᠡᠭᠡᠬᠦ ᠵᠢᠴᠢ ᠵᠣᠭᠤᠰ ᠵᠶ᠋ᠠᠨ ᠴᠠᠭ᠎ᠲᠤ᠎ᠪᠠᠨ ᠪᠤᠴᠠᠭ᠋ᠠᠭᠰᠠᠨ ᠦᠭᠡᠢ ᠪᠠᠶ᠋ᠢᠬᠤ ᠵᠢ ᠣᠯᠵᠤ ᠮᠡᠳᠡᠪᠡᠯ᠂ ᠬᠤᠭᠤᠴᠠᠭ᠎ᠠ ᠬᠢᠵᠠᠭ᠋ᠠᠷᠯᠠᠨ ᠴᠡᠭᠴᠡᠯᠡᠨ ᠰᠠᠶ᠋ᠢᠵᠢᠷᠠᠭᠤᠯᠬᠤ᠎ᠪᠠᠷ ᠵᠠᠷᠯᠢᠭᠳᠠᠵᠤ᠂ ᠴᠡᠭᠴᠡᠯᠡᠨ ᠰᠠᠶ᠋ᠢᠵᠢᠷᠠᠭᠤᠯᠬᠤ ᠵᠢ ᠲᠡᠪᠴᠢᠪᠡᠯ᠂ ᠲᠡᠭᠦᠨ᠎ᠢ ᠠᠵᠤ ᠠᠬᠤᠶ᠋ᠢᠯᠠᠯ᠎ᠤᠨ 《ᠬᠠᠷ᠎ᠠ ᠳᠠᠩᠰᠡᠨ》᠎ᠳᠤ ᠵᠢᠭᠰᠠᠭ᠋ᠠᠨ ᠣᠷᠣᠭᠤᠯᠬᠤ ᠵᠢᠨ ᠬᠠᠮᠲᠤ᠂ 《ᠬᠠᠷ᠎ᠠ ᠳᠠᠩᠰᠠ》 ᠵᠢᠨ ᠪᠠᠶ᠋ᠢᠳᠠᠯ᠎ᠢ ᠬᠤᠯᠪᠣᠭᠳᠠᠯ ᠪᠦᠬᠦᠢ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠮᠡᠳᠡᠭᠦᠯᠵᠦ᠂ ᠬᠤᠶ᠋ᠢᠰᠢᠳᠠ ᠡᠯ᠎ᠡ ᠵᠦᠢ᠍ᠯ᠎ᠤᠨ ᠡᠳ᠋᠎ᠤᠨ ᠵᠠᠰᠠᠭ᠎ᠤᠨ ᠲᠡᠳᠬᠦᠮᠵᠢ ᠵᠢᠨ ᠪᠡᠯᠡ ᠮᠥᠩᠭᠦ ᠵᠢ ᠬᠦᠷᠲᠡᠵᠦ ᠪᠣᠯᠬᠤ ᠦᠭᠡᠢ᠃
      (ᠬᠤᠶᠠᠷ) ᠬᠤᠭᠤᠴᠠᠭ᠎ᠠ ᠬᠡᠲᠦᠷᠡᠬᠦ᠂ ᠣᠷᠣᠯᠠᠨ ᠲᠥᠯᠥᠬᠦ ᠪᠠ ᠨᠡᠬᠡᠮᠵᠢᠯᠡᠨ ᠠᠪᠬᠤ᠃ ᠵᠢᠭᠡᠯᠡᠯᠭᠡ ᠵᠢᠨ ᠬᠤᠭᠤᠴᠠᠭ᠎ᠠ ᠲᠤᠯᠬᠤ᠎ᠠᠴᠠ 60 ᠡᠳᠦᠷ᠎ᠤᠨ ᠡᠮᠦᠨ᠎ᠡ᠂ ᠬᠤᠷᠰᠢᠭᠰᠠᠨ ᠪᠠᠩᠬᠢ ᠪᠣᠯᠣᠨ ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠨᠢ ᠵᠢᠭᠡᠯᠡᠯᠭᠡ ᠭᠤᠶᠤᠴᠢᠯᠠᠭᠰᠠᠨ ᠠᠵᠤ ᠠᠬᠤᠶ᠋ᠢᠯᠠᠯ᠎ᠳᠤ ᠵᠣᠭᠤᠰ ᠵᠶ᠋ᠠᠨ ᠪᠤᠴᠠᠭ᠋ᠠᠬᠤ ᠡᠭᠦᠷᠭᠡ᠎ᠪᠠᠨ ᠴᠠᠭ᠎ᠲᠤ᠎ᠪᠠᠨ ᠭᠦᠢ᠍ᠴᠡᠳᠬᠡᠬᠦ ᠵᠢ ᠴᠠᠭ ᠲᠤᠬᠠᠢ᠎ᠳᠤ᠎ᠨᠢ ᠮᠡᠳᠡᠭᠳᠡᠬᠦ ᠬᠡᠷᠡᠭᠲᠡᠢ᠃ ᠠᠵᠤ ᠠᠬᠤᠶ᠋ᠢᠯᠠᠯ᠎ᠤᠨ ᠵᠢᠭᠡᠯᠡᠯᠭᠡ᠎ᠨᠢ ᠬᠤᠭᠤᠴᠠᠭ᠎ᠠ᠎ᠠᠴᠠ ᠬᠡᠲᠦᠷᠡᠬᠦ ᠦᠶ᠎ᠡ᠎ᠳᠤ᠂ ᠬᠤᠷᠰᠢᠭᠰᠠᠨ ᠪᠠᠩᠬᠢ᠂ ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠨᠢ ᠤᠲᠠᠰᠤ᠎ᠪᠠᠷ ᠮᠡᠳᠡᠭᠳᠡᠬᠦ᠂ ᠪᠣᠳᠠᠲᠠᠢ ᠭᠠᠵᠠᠷ᠎ᠲᠤ᠎ᠨᠢ ᠬᠦᠷᠴᠦ ᠨᠡᠬᠡᠮᠵᠢᠯᠡᠨ ᠬᠤᠷᠢᠶᠠᠬᠤ ᠵᠡᠷᠭᠡ ᠠᠷᠭ᠎ᠠ ᠮᠠᠶᠢᠭ ᠵᠶ᠋ᠠᠷ ᠠᠵᠤ ᠠᠬᠤᠶ᠋ᠢᠯᠠᠯ᠎ᠢ ᠵᠣᠭᠤᠰ ᠵᠶ᠋ᠠᠨ ᠲᠦᠷᠭᠡᠬᠡᠨ ᠪᠤᠴᠠᠭ᠋ᠠᠬᠤ᠎ᠪᠠᠷ ᠰᠢᠮᠳᠠᠭᠤᠯᠵᠤ᠂ ᠣᠯᠠᠨ ᠤᠳᠠᠭ᠎ᠠ ᠨᠡᠬᠡᠮᠵᠢᠯᠡᠨ ᠬᠤᠷᠢᠶᠠᠭᠰᠠᠨ᠎ᠳᠤ ᠳ᠋ᠦᠩ ᠭᠠᠷᠤᠭᠰᠠᠨ ᠦᠭᠡᠢ ᠮᠥᠷᠲᠡᠭᠡᠨ 3 ᠰᠠᠷ᠎ᠠ᠎ᠠᠴᠠ ᠳᠡᠭᠡᠭᠰᠢ ᠬᠤᠭᠤᠴᠠᠭ᠎ᠠ ᠬᠡᠲᠦᠷᠡᠭᠰᠡᠨ ᠪᠠᠶ᠋ᠢᠪᠠᠯ᠂ ᠲᠦᠭᠰᠢᠭᠦᠷᠢ ᠵᠢᠨ ᠪᠠᠲᠤᠯᠠᠭ᠎ᠠ ᠵᠢᠨ ᠮᠥᠩᠭᠦ᠂ ᠬᠥᠲᠥᠯᠥᠨ ᠵᠢᠯᠤᠭᠤᠳᠬᠤ ᠪᠡᠯᠡ ᠮᠥᠩᠭᠦ ᠵᠢ᠎ᠨᠢ ᠬᠤᠪᠢᠶᠠᠷᠢᠯᠠᠨ ᠰᠠᠭᠤᠯᠭ᠋ᠠᠬᠤ ᠲᠠᠰ ᠳᠠᠷᠠᠭ᠋ᠠᠯᠠᠯ᠎ᠳᠤ ᠣᠷᠣᠭᠤᠯᠤᠨ᠎ᠠ᠃ ᠡᠩ ᠲᠡᠷᠢᠭᠦᠨ᠎ᠳᠤ ᠠᠵᠤ ᠠᠬᠤᠶ᠋ᠢᠯᠠᠯ ᠪᠣᠯᠣᠨ ᠠᠶ᠋ᠢᠮᠠᠭ ᠬᠤᠲᠠ [ᠬᠤᠰᠢᠭᠤ ᠰᠢᠶᠠᠨ (ᠬᠤᠲᠠ᠂ ᠲᠣᠭᠤᠷᠢᠭ)] ᠵᠢᠨ ᠲᠤᠰᠢᠶᠠᠭᠰᠠᠨ ᠲᠦᠭᠰᠢᠭᠦᠷᠢ ᠵᠢᠨ ᠪᠠᠲᠤᠯᠠᠭ᠎ᠠ ᠵᠢᠨ ᠮᠥᠩᠭᠦ ᠵᠢᠴᠢ ᠬᠦᠦ ᠮᠥᠩᠭᠦ ᠵᠢᠨ ᠣᠷᠣᠯᠭ᠎ᠠ ᠵᠢ ᠰᠠᠭᠤᠯᠭ᠋ᠠᠨ ᠠᠪᠴᠤ ᠬᠤᠭᠤᠴᠠᠭ᠎ᠠ ᠬᠡᠲᠦᠷᠡᠭᠰᠡᠨ ᠵᠢᠭᠡᠯᠡᠯᠭᠡ ᠵᠢᠨ ᠡᠬᠡ ᠬᠦᠦ ᠮᠥᠩᠭᠦ ᠵᠢ ᠣᠷᠣᠯᠠᠨ ᠲᠥᠯᠥᠵᠦ᠂ ᠬᠦᠷᠦᠯᠴᠡᠬᠦ ᠦᠭᠡᠢ ᠬᠡᠰᠡᠭ᠎ᠢ᠎ᠨᠢ ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠶ᠋ᠢᠭᠤᠯᠤᠮᠵᠢ (ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠪᠡᠯᠡ ᠮᠥᠩᠭᠦ) ᠪᠣᠯᠣᠨ ᠬᠤᠷᠰᠢᠭᠰᠠᠨ ᠪᠠᠩᠬᠢ 7:3 ᠵᠢᠨ ᠬᠠᠷᠢᠴᠠᠯ ᠵᠶ᠋ᠠᠷ ᠢᠲᠡᠭᠡᠮᠵᠢ ᠵᠢᠨ ᠲᠦᠭᠰᠢᠭᠦᠷᠢ ᠵᠢ ᠬᠤᠪᠢᠳᠠᠨ ᠡᠭᠦᠷᠭᠡᠯᠡᠨ᠎ᠡ᠃ ᠬᠤᠷᠰᠢᠭᠰᠠᠨ ᠪᠠᠩᠬᠢ᠎ᠨᠢ ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠲᠠᠢ ᠬᠠᠮᠲᠤᠷᠠᠨ ᠨᠡᠬᠡᠮᠵᠢᠯᠡᠨ ᠲᠥᠯᠥᠭᠦᠯᠬᠦ ᠠᠵᠢᠯ᠎ᠢ ᠰᠠᠶ᠋ᠢᠲᠤᠷ ᠬᠢᠵᠦ᠂ ᠲᠥᠯᠥᠪᠦᠷᠢ ᠵᠢ ᠨᠡᠬᠡᠮᠵᠢᠯᠡᠭᠡᠳ ᠳ᠋ᠦᠩ ᠭᠠᠷᠤᠭᠰᠠᠨ ᠦᠭᠡᠢ ᠪᠣᠯ ᠴᠠᠭ ᠲᠤᠬᠠᠢ᠎ᠳᠤ᠎ᠨᠢ ᠬᠠᠤᠯᠢ ᠶᠣᠰᠣᠭ᠋ᠠᠷ ᠬᠠᠤᠯᠢ ᠴᠠᠭ᠋ᠠᠵᠠ ᠵᠢᠨ ᠪᠠᠶ᠋ᠢᠭᠤᠯᠭ᠎ᠠ᠎ᠳᠤ ᠵᠠᠷᠭᠤ ᠬᠢᠬᠦ ᠬᠡᠷᠡᠭᠲᠡᠢ᠂ ᠡᠨᠡ ᠬᠦ᠌ ᠬᠤᠭᠤᠴᠠᠭ᠋ᠠᠨ᠎ᠳᠤ ᠡᠭᠦᠰᠣᠭ᠌ᠰᠡᠨ ᠵᠠᠷᠭᠤ ᠵᠢᠨ ᠵᠠᠷᠤᠳᠠᠯ᠂ ᠭᠦᠢ᠍ᠴᠡᠳᠬᠡᠬᠦ ᠵᠠᠷᠤᠳᠠᠯ᠂ ᠦᠨᠡᠯᠡᠨ ᠵᠢᠱ᠌ᠢᠬᠦ ᠵᠠᠷᠤᠳᠠᠯ ᠵᠡᠷᠭᠡ ᠬᠠᠮᠢᠶ᠎ᠠ ᠪᠦᠬᠦᠢ ᠵᠠᠷᠤᠳᠠᠯ᠎ᠢ ᠲᠦᠭᠰᠢᠭᠦᠷᠢ ᠵᠢ ᠳᠠᠭ᠋ᠠᠭ᠋ᠠᠨ ᠡᠭᠦᠷᠭᠡᠯᠡᠬᠦ ᠬᠠᠷᠢᠴᠠᠯ ᠶᠣᠰᠣᠭ᠋ᠠᠷ ᠲᠡᠰᠬᠡᠨ ᠨᠣᠭᠳᠠᠭᠤᠯᠬᠤ ᠬᠡᠷᠡᠭᠲᠡᠢ᠃
      (ᠭᠤᠷᠪᠠ) ᠬᠥᠲᠥᠯᠥᠨ ᠵᠢᠯᠤᠭᠤᠳᠬᠤ ᠪᠡᠯᠡ ᠮᠥᠩᠭᠦᠨ᠎ᠤ ᠲᠦᠭᠰᠢᠭᠦᠷᠢ ᠵᠢ ᠰᠡᠷᠡᠮᠵᠢᠯᠡᠭᠦᠯᠬᠦ᠃ ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠨᠢ ᠰᠠᠷ᠎ᠠ ᠪᠦᠷᠢ ᠬᠤᠷᠰᠢᠭᠰᠠᠨ ᠪᠠᠩᠬᠢ᠎ᠯᠤᠭ᠎ᠠ ᠲᠦᠭᠰᠢᠭᠦᠷᠢ ᠵᠢ ᠣᠷᠣᠯᠠᠨ ᠲᠥᠯᠥᠬᠦ ᠪᠡᠯᠡ ᠮᠥᠩᠭᠦ ᠬᠡᠷᠡᠭᠯᠡᠭᠰᠡᠨ ᠪᠠᠶ᠋ᠢᠳᠠᠯ᠎ᠢ ᠬᠠᠷᠭᠤᠭᠤᠯᠬᠤ ᠵᠢᠨ ᠬᠠᠮᠲᠤ᠂ ᠬᠡᠷᠡᠭᠯᠡᠭᠰᠡᠨ ᠪᠠᠶ᠋ᠢᠳᠠᠯ᠎ᠢ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠳᠤ ᠮᠡᠳᠡᠭᠦᠯᠵᠦ᠂ ᠵᠡᠷᠭᠡ᠎ᠳᠤ᠎ᠨᠢ ᠵᠢᠭᠡᠯᠡᠯᠭᠡ ᠭᠤᠶᠤᠴᠢᠯᠠᠭᠰᠠᠨ ᠠᠵᠤ ᠠᠬᠤᠶ᠋ᠢᠯᠠᠯ᠎ᠤᠨ ᠬᠠᠷᠢᠶ᠎ᠠ ᠠᠶ᠋ᠢᠮᠠᠭ ᠬᠤᠲᠠ [ᠬᠤᠰᠢᠭᠤ ᠰᠢᠶᠠᠨ (ᠬᠤᠲᠠ᠂ ᠲᠣᠭᠤᠷᠢᠭ)] ᠵᠢᠨ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠤ ᠬᠠᠭᠤᠯᠤᠨ ᠬᠦᠷᠭᠡᠵᠦ᠂ ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠨᠢ ᠬᠥᠲᠥᠯᠥᠨ ᠵᠢᠯᠤᠭᠤᠳᠬᠤ ᠪᠡᠯᠡ ᠮᠥᠩᠭᠦᠨ᠎ᠤ ᠪᠣᠳᠠᠲᠠᠢ ᠠᠵᠢᠯᠯᠠᠭ᠋ᠠᠨ᠎ᠤ ᠪᠠᠶ᠋ᠢᠳᠠᠯ᠎ᠢ ᠦᠨᠳᠦᠰᠦᠯᠡᠨ ᠲᠦᠭᠰᠢᠭᠦᠷᠢ᠎ᠳᠤ ᠬᠢᠨᠠᠨ ᠰᠢᠨᠵᠢᠯᠲᠡ ᠬᠢᠵᠦ᠂ ᠬᠥᠲᠥᠯᠥᠨ ᠵᠢᠯᠤᠭᠤᠳᠬᠤ ᠪᠡᠯᠡ ᠮᠥᠩᠭᠦ ᠵᠢᠨ ᠣᠷᠣᠯᠠᠨ ᠲᠥᠯᠥᠭᠰᠡᠨ ᠨᠣᠷᠮ᠎ᠠ ᠵᠢᠨ ᠨᠡᠶ᠋ᠢᠯᠡᠪᠦᠷᠢ᠎ᠨᠢ 3%᠎ᠠᠴᠠ ᠳᠡᠭᠡᠭᠰᠢ ᠪᠣᠯᠬᠤ ᠦᠶ᠎ᠡ᠎ᠳᠤ (ᠲᠤᠰ ᠵᠢᠯ ᠣᠷᠣᠯᠠᠨ ᠲᠥᠯᠥᠭᠰᠡᠨ ᠲᠤᠭ᠎ᠠ ᠵᠢᠨ ᠨᠡᠶ᠋ᠢᠯᠡᠪᠦᠷᠢ / ᠲᠤᠰ ᠵᠢᠯ ᠪᠤᠴᠠᠭ᠋ᠠᠭᠰᠠᠨ ᠵᠣᠭᠤᠰᠤᠨ᠎ᠤ ᠲᠤᠭ᠎ᠠ ᠵᠢᠨ ᠨᠡᠶ᠋ᠢᠯᠡᠪᠦᠷᠢ × 100 %)᠂ ᠬᠠᠳᠠᠭ᠋ᠠᠯᠠᠯᠲᠠ ᠵᠢᠨ ᠲᠤᠭ᠎ᠠ ᠬᠡᠮᠵᠢᠶ᠎ᠡ ᠵᠢᠨ ᠲᠤᠬᠠᠶ᠋ᠢᠯᠠᠭᠰᠠᠨ ᠠᠵᠢᠯ᠎ᠠᠴᠠ ᠭᠠᠳᠠᠨ᠎ᠠ᠂ ᠰᠢᠨ᠎ᠡ᠎ᠪᠠᠷ ᠨᠡᠮᠡᠭᠳᠡᠬᠦ ᠵᠢᠭᠡᠯᠡᠯᠭᠡ ᠵᠢᠨ ᠲᠤᠬᠠᠶ᠋ᠢᠯᠠᠭᠰᠠᠨ ᠠᠵᠢᠯ᠎ᠢ ᠲᠦᠷ ᠵᠣᠭᠰᠣᠭ᠋ᠠᠨ᠎ᠠ᠃ ᠬᠤᠷᠰᠢᠭᠰᠠᠨ ᠪᠠᠩᠬᠢ ᠪᠣᠯᠣᠨ ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠨᠢ ᠨᠢᠭᠡᠨᠲᠡ ᠡᠭᠦᠰᠦᠭᠰᠡᠨ ᠡᠷᠡᠭᠦᠯ ᠪᠤᠰᠤ ᠵᠢᠭᠡᠯᠡᠯᠭᠡ ᠵᠢ ᠨᠡᠬᠡᠮᠵᠢᠯᠡᠨ ᠲᠥᠯᠥᠭᠦᠯᠬᠦ ᠬᠠᠷᠢᠭᠤᠴᠠᠯᠭ᠎ᠠ᠎ᠪᠠᠨ ᠡᠷᠬᠡᠪᠰᠢ ᠦᠷᠭᠦᠯᠵᠢᠯᠡᠨ ᠭᠦᠢ᠍ᠴᠡᠳᠬᠡᠵᠦ᠂ ᠣᠷᠣᠯᠠᠨ ᠲᠥᠯᠥᠬᠦ ᠨᠣᠷᠮ᠎ᠠ᠎ᠨᠢ ᠰᠡᠷᠡᠮᠵᠢᠯᠡᠭᠦᠯᠬᠦ ᠱᠤᠭᠤᠮ᠎ᠠᠴᠠ ᠳᠣᠣᠷ᠎ᠠ ᠪᠣᠯᠤᠭᠰᠠᠨ᠎ᠤ ᠳᠠᠷᠠᠭ᠎ᠠ᠂ ᠲᠤᠬᠠᠶ᠋ᠢᠯᠠᠭᠰᠠᠨ ᠠᠵᠢᠯ ᠵᠶ᠋ᠠᠨ ᠳᠠᠬᠢᠵᠤ ᠥᠷᠨᠢᠭᠦᠯᠵᠦ ᠪᠣᠯᠣᠨ᠎ᠠ᠃
      (ᠳᠥᠷᠪᠡ) ᠠᠯᠳᠠᠰᠢ ᠵᠢ ᠠᠭᠤᠴᠢᠯᠠᠵᠤ ᠵᠠᠯᠠᠷᠠᠭᠤᠯᠬᠤ᠃ ᠠᠵᠢᠯ ᠳᠤᠮᠳᠠ ᠳᠣᠣᠷ᠎ᠠ ᠵᠢᠭᠰᠠᠭ᠋ᠠᠭᠰᠠᠨ ᠪᠠᠶ᠋ᠢᠳᠠᠯ᠎ᠤᠨ ᠨᠢᠭᠡ᠎ᠳᠤ᠎ᠨᠢ ᠨᠡᠶ᠋ᠢᠴᠡᠬᠦ ᠦᠢ᠍ᠯᠡ ᠠᠵᠢᠯᠯᠠᠭ᠎ᠠ ᠢᠯᠡᠷᠡᠭᠰᠡᠨ ᠪᠠᠶ᠋ᠢᠪᠠᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ᠎ᠨᠢ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠠᠯᠳᠠᠰᠢ ᠵᠢ᠎ᠨᠢ ᠠᠭᠤᠴᠢᠯᠠᠨ ᠰᠢᠢ᠍ᠳᠪᠦᠷᠢᠯᠡᠵᠦ ᠪᠣᠯᠣᠨ᠎ᠠ᠄
      1. ᠠᠵᠤ ᠠᠬᠤᠶ᠋ᠢᠯᠠᠯ᠎ᠨᠢ ᠬᠢᠵᠢᠭ᠎ᠤᠨ ᠪᠠᠶ᠋ᠢᠳᠠᠯ᠂ ᠪᠠᠶ᠋ᠢᠭ᠋ᠠᠯᠢ ᠵᠢᠨ ᠭᠠᠢ ᠭᠠᠮᠰᠢᠭ ᠪᠤᠶᠤ ᠭᠡᠨᠡᠳᠲᠡ ᠵᠢᠨ ᠬᠡᠷᠡᠭ᠎ᠢ ᠰᠢᠢ᠍ᠳᠪᠦᠷᠢᠯᠡᠬᠦ ᠵᠡᠷᠭᠡ᠎ᠠᠴᠠ ᠪᠣᠯᠵᠤ ᠲᠥᠷᠥᠯ ᠵᠦᠢ᠍ᠯ᠎ᠤᠨ ᠠᠬᠢᠯᠲᠠ ᠪᠠ ᠬᠡᠷᠡᠭᠵᠢᠭᠦᠯᠬᠦ ᠵᠢᠨ ᠦᠷ᠎ᠡ ᠳ᠋ᠦᠩ᠎ᠢ ᠨᠥᠯᠥᠭᠡᠯᠡᠭᠰᠡᠨ;
      2. ᠬᠠᠷᠢᠭᠤᠴᠠᠯᠭ᠋ᠠᠲᠤ ᠰᠠᠯᠠᠭ᠎ᠠ ᠮᠥᠴᠢᠷ᠎ᠨᠢ ᠲᠥᠷᠥᠯ ᠵᠦᠢ᠍ᠯ᠎ᠢ ᠠᠬᠢᠭᠤᠯᠬᠤ ᠶᠠᠪᠤᠴᠠ᠎ᠳᠤ᠂ ᠲᠥᠷᠥ ᠵᠢᠨ ᠪᠣᠳᠣᠯᠭ᠎ᠠ ᠵᠢᠨ ᠵᠠᠭ᠋ᠠᠭ ᠱᠤᠭᠤᠮ ᠲᠣᠳᠣᠷᠬᠠᠢ ᠦᠭᠡᠢ᠂ ᠤᠷᠢᠳ ᠵᠶ᠋ᠠᠷ ᠬᠡᠷᠡᠭᠵᠢᠭᠦᠯᠵᠦ ᠲᠤᠷᠰᠢᠭᠰᠠᠨ᠂ ᠲᠤᠷᠰᠢᠯᠭ᠎ᠠ ᠳᠤᠲᠠᠮᠠᠭ᠎ᠠᠴᠠ ᠪᠣᠯᠵᠤ᠂ ᠠᠯᠳᠠᠰᠢ ᠭᠠᠷᠭ᠋ᠠᠭᠰᠠᠨ ᠪᠤᠶᠤ ᠵᠢᠱ᠌ᠢᠭᠰᠡᠨ ᠦᠷ᠎ᠡ ᠳ᠋ᠦᠩ᠎ᠳᠤ ᠬᠦᠷᠭᠡᠭᠰᠡᠨ ᠦᠭᠡᠢ;
      3. ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠨᠢ ᠠᠵᠤ ᠠᠬᠤᠶ᠋ᠢᠯᠠᠯ᠎ᠳᠤ ᠦᠢ᠍ᠯᠡᠴᠢᠯᠡᠬᠦ ᠳᠤᠮᠳᠠ ᠬᠦᠴᠦᠨ ᠴᠢᠳᠠᠪᠤᠷᠢ᠎ᠪᠠᠨ ᠳᠡᠭᠡᠭᠰᠢᠯᠡᠭᠦᠯᠦᠨ᠂ ᠠᠵᠤ ᠠᠬᠤᠶ᠋ᠢᠯᠠᠯ᠎ᠳᠤ ᠳᠥᠭᠦᠮ ᠦᠵᠡᠭᠦᠯᠬᠦ ᠵᠢᠨ ᠲᠥᠯᠥᠭᠡ ᠵᠣᠬᠢᠬᠤ ᠬᠡᠮᠵᠢᠶᠡᠨ᠎ᠤ ᠦ ᠰᠡᠪ ᠭᠠᠷᠭ᠋ᠠᠭᠰᠠᠨ ᠪᠣᠯᠪᠠᠴᠤ ᠬᠤᠬᠢᠷᠠᠯ ᠤᠴᠠᠷᠠᠭᠤᠯᠤᠭᠰᠠᠨ ᠦᠭᠡᠢ;
      4. ᠬᠠᠷᠢᠭᠤᠴᠠᠯᠭ᠋ᠠᠲᠤ ᠰᠠᠯᠠᠭ᠎ᠠ ᠮᠥᠴᠢᠷ ᠪᠤᠶᠤ ᠬᠤᠯᠪᠣᠭᠳᠠᠯ ᠪᠦᠬᠦᠢ ᠨᠢᠭᠡᠴᠢ᠎ᠨᠢ ᠤᠯᠤᠰ᠎ᠤᠨ ᠲᠥᠷᠥ ᠵᠢᠨ ᠪᠣᠳᠣᠯᠭ᠎ᠠ ᠵᠢᠨ ᠲᠣᠬᠢᠷᠠᠭᠤᠯᠤᠯᠲᠠ᠂ ᠳᠡᠭᠡᠳᠦ ᠱᠠᠲᠤᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ᠎ᠳᠤ ᠬᠤᠪᠢᠷᠠᠯᠲᠠ ᠭᠠᠷᠤᠭᠰᠠᠨ ᠪᠤᠶᠤ ᠲᠥᠷᠥ ᠵᠢᠨ ᠪᠣᠳᠣᠯᠭ᠎ᠠ ᠵᠢᠨ ᠵᠠᠭ᠋ᠠᠭ ᠱᠤᠭᠤᠮ ᠲᠣᠳᠣᠷᠬᠠᠢ ᠦᠭᠡᠢ᠎ᠠᠴᠠ ᠪᠣᠯᠵᠤ᠂ ᠪᠤᠰᠤᠳᠴᠢ ᠨᠥᠬᠦᠴᠡᠯ᠎ᠳᠤ ᠬᠢᠵᠠᠭ᠋ᠠᠷᠯᠠᠭᠳᠠᠵᠤ᠂ ᠬᠡᠷᠡᠭᠵᠢᠭᠦᠯᠬᠦ ᠵᠢᠨ ᠦᠷ᠎ᠡ ᠳ᠋ᠦᠩ᠎ᠢ ᠨᠥᠯᠥᠭᠡᠯᠡᠭᠰᠡᠨ;
      5. ᠳᠡᠭᠡᠳᠦ ᠪᠠᠶ᠋ᠢᠷᠢ ᠵᠢᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠲᠣᠭᠲᠠᠭ᠋ᠠᠯ᠎ᠨᠢ ᠨᠢᠭᠡᠳᠦᠯ ᠦᠭᠡᠢ᠂ ᠰᠠᠯᠠᠭ᠎ᠠ ᠮᠥᠴᠢᠷ᠎ᠤᠨ ᠬᠤᠭᠤᠷᠣᠨᠳᠣᠬᠢ ᠡᠭᠦᠷᠭᠡ ᠬᠠᠷᠢᠭᠤᠴᠠᠯᠭ᠎ᠠ ᠵᠢᠨ ᠵᠠᠭ᠋ᠠᠭ ᠬᠢᠵᠠᠭ᠋ᠠᠷ᠎ᠨᠢ ᠲᠣᠳᠣᠷᠬᠠᠢ ᠦᠭᠡᠢ᠂ ᠡᠰᠡᠬᠦᠯ᠎ᠡ ᠬᠠᠤᠯᠢ ᠬᠡᠷᠡᠭᠵᠢᠭᠦᠯᠵᠦ ᠬᠢᠨᠠᠵᠤ ᠬᠠᠮᠢᠶᠠᠷᠬᠤ ᠵᠢᠨ ᠬᠤᠭᠤᠰᠤᠨ ᠵᠦᠢ᠍ᠯ᠎ᠳᠤ ᠬᠠᠷᠢᠶᠠᠯᠠᠭᠳᠠᠵᠤ᠂ ᠰᠠᠨᠠᠭ᠋ᠠᠴᠢᠯᠠᠭ᠎ᠠ᠎ᠠᠴᠠ᠎ᠪᠠᠨ ᠬᠠᠷᠢᠭᠤᠴᠠᠯᠭ᠎ᠠ ᠡᠭᠦᠷᠭᠡᠯᠡᠨ ᠴᠢᠷᠮᠠᠶ᠋ᠢᠵᠤ᠂ ᠠᠰᠠᠭᠤᠳᠠᠯ᠎ᠢ ᠰᠢᠢ᠍ᠳᠪᠦᠷᠢᠯᠡᠨ᠂ ᠬᠤᠬᠢᠷᠠᠯ ᠤᠴᠠᠷᠠᠭᠤᠯᠤᠭᠰᠠᠨ ᠦᠭᠡᠢ;
      6. ᠠᠯᠳᠠᠰᠢ ᠵᠢ᠎ᠨᠢ ᠠᠭᠤᠴᠢᠯᠠᠬᠤ ᠪᠤᠰᠤᠳ ᠪᠠᠶ᠋ᠢᠳᠠᠯ᠎ᠳᠤ ᠨᠡᠶ᠋ᠢᠴᠡᠬᠦ᠃
       ᠵᠢᠷᠭᠤᠭ᠎ᠠ᠂ ᠪᠠᠲᠤᠯᠠᠭ᠎ᠠ ᠵᠢᠨ ᠠᠷᠭ᠎ᠠ ᠬᠡᠮᠵᠢᠶ᠎ᠡ
      (ᠨᠢᠭᠡ) ᠬᠢᠨᠠᠮᠠᠭ᠋ᠠᠢ ᠵᠣᠬᠢᠶᠠᠨ ᠪᠠᠶ᠋ᠢᠭᠤᠯᠵᠤ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠨᠢ ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠳᠠᠬᠢ ᠬᠠᠮᠢᠶᠠᠷᠤᠯᠲᠠ᠎ᠪᠠᠨ ᠴᠢᠩᠭ᠋ᠠᠳᠬᠠᠵᠤ᠂ ᠠᠵᠢᠯ᠎ᠤᠨ ᠶᠠᠪᠤᠴᠠ᠎ᠳᠤ ᠣᠷᠣᠰᠢᠵᠤ ᠪᠠᠶ᠋ᠢᠭ᠎ᠠ ᠠᠰᠠᠭᠤᠳᠠᠯ᠎ᠢ ᠲᠣᠭᠲᠠᠮᠠᠯ ᠬᠤᠭᠤᠴᠠᠭ᠎ᠠ᠎ᠲᠠᠢ ᠪᠤᠶᠤ ᠲᠣᠭᠲᠠᠮᠠᠯ ᠪᠤᠰᠤ ᠬᠤᠭᠤᠴᠠᠭ᠎ᠠ᠎ᠲᠠᠢ᠎ᠪᠠᠷ ᠲᠣᠬᠢᠷᠠᠭᠤᠯᠵᠤ᠂ ᠰᠢᠢ᠍ᠳᠪᠦᠷᠢᠯᠡᠬᠦ ᠠᠷᠭ᠎ᠠ ᠵᠢ ᠰᠤᠳᠤᠯᠬᠤ ᠬᠡᠷᠡᠭᠲᠡᠢ᠃
      (ᠬᠤᠶᠠᠷ) ᠪᠡᠯᠡ ᠮᠥᠩᠭᠦᠨ᠎ᠤ ᠪᠠᠲᠤᠯᠠᠭ᠎ᠠ ᠵᠢ ᠴᠢᠩᠭ᠋ᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠨᠢ ᠬᠥᠲᠥᠯᠥᠨ ᠵᠢᠯᠤᠭᠤᠳᠬᠤ ᠪᠡᠯᠡ ᠮᠥᠩᠭᠦ᠂ ᠡᠳ᠋᠎ᠤᠨ ᠵᠠᠰᠠᠭ᠎ᠤᠨ ᠳᠠᠮ ᠬᠦᠦ ᠮᠥᠩᠭᠦ ᠵᠡᠷᠭᠡ ᠪᠡᠯᠡ ᠮᠥᠩᠭᠦᠨ᠎ᠤ ᠲᠥᠰᠥᠪ᠎ᠤᠨ ᠲᠣᠬᠢᠷᠠᠭᠤᠯᠤᠯᠲᠠ᠂ ᠪᠡᠯᠡ ᠮᠥᠩᠭᠦ ᠰᠠᠯᠭ᠋ᠠᠨ ᠥᠭᠬᠦ ᠪᠠ ᠬᠢᠨᠠᠯᠲᠠ ᠬᠠᠮᠢᠶᠠᠷᠤᠯᠲᠠ ᠵᠢ ᠰᠠᠶ᠋ᠢᠲᠤᠷ ᠬᠢᠬᠦ ᠬᠡᠷᠡᠭᠲᠡᠢ᠃ ᠠᠶ᠋ᠢᠮᠠᠭ ᠬᠤᠲᠠ[ᠬᠤᠰᠢᠭᠤ ᠰᠢᠶᠠᠨ (ᠬᠤᠲᠠ᠂ ᠲᠣᠭᠤᠷᠢᠭ)] ᠵᠢᠨ ᠡᠳ᠋᠎ᠤᠨ ᠵᠠᠰᠠᠭ᠎ᠨᠢ ᠲᠤᠬᠠᠢ ᠵᠢᠨ ᠭᠠᠵᠠᠷ᠎ᠤᠨ ᠵᠢᠭᠡᠯᠡᠯᠭᠡ ᠭᠤᠶᠤᠴᠢᠯᠠᠭᠰᠠᠨ ᠠᠵᠤ ᠠᠬᠤᠶ᠋ᠢᠯᠠᠯ᠎ᠤᠨ ᠵᠢᠭᠡᠯᠡᠯᠭᠡ ᠵᠢᠨ ᠵᠣᠭᠤᠰᠤᠨ᠎ᠤ ᠲᠤᠭ᠎ᠠ᠎ᠪᠠᠷ ᠢᠵᠢ ᠪᠦᠷᠢᠳᠦᠭᠦᠯᠬᠦ ᠪᠡᠯᠡ ᠮᠥᠩᠭᠦ ᠵᠢᠨ ᠲᠥᠰᠥᠪ᠎ᠤᠨ ᠲᠣᠬᠢᠷᠠᠭᠤᠯᠤᠯᠲᠠ ᠵᠢᠴᠢ ᠰᠠᠯᠭ᠋ᠠᠨ ᠥᠭᠬᠦ ᠠᠵᠢᠯ᠎ᠢ ᠰᠠᠶ᠋ᠢᠲᠤᠷ ᠬᠢᠬᠦ ᠬᠡᠷᠡᠭᠲᠡᠢ᠃
      (ᠭᠤᠷᠪᠠ) ᠨᠡᠷᠡᠰ᠎ᠤᠨ ᠬᠠᠮᠢᠶᠠᠷᠤᠯᠲᠠ ᠵᠢ ᠴᠢᠩᠭ᠋ᠠᠳᠬᠠᠨ᠎ᠠ᠃ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠨᠢ ᠬᠥᠲᠥᠴᠢ ᠠᠵᠤ ᠠᠬᠤᠶ᠋ᠢᠯᠠᠯ᠎ᠤᠨ ᠨᠡᠷᠡᠰ᠎ᠢ ᠪᠠᠶ᠋ᠢᠭᠤᠯᠬᠤ᠂ ᠬᠠᠮᠢᠶᠠᠷᠬᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠰᠢᠨᠡᠳᠬᠡᠬᠦ ᠪᠠ ᠮᠡᠳᠡᠭᠡ ᠵᠠᠩᠭᠢ ᠳᠠᠮᠵᠢᠭᠤᠯᠤᠨ ᠬᠦᠷᠭᠡᠬᠦ ᠵᠡᠷᠭᠡ ᠠᠵᠢᠯ᠎ᠢ ᠰᠠᠶ᠋ᠢᠲᠤᠷ ᠬᠢᠬᠦ ᠬᠡᠷᠡᠭᠲᠡᠢ᠃ ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠨᠢ ᠲᠥᠷᠥᠯ ᠵᠦᠢ᠍ᠯ᠎ᠤᠨ ᠠᠵᠢᠯᠯᠠᠭ᠋ᠠᠨ᠎ᠤ ᠪᠠᠶ᠋ᠢᠳᠠᠯ᠎ᠢ ᠦᠨᠳᠦᠰᠦᠯᠡᠨ ᠠᠵᠤ ᠠᠬᠤᠶ᠋ᠢᠯᠠᠯ᠎ᠤᠨ 《ᠬᠠᠷ᠎ᠠ ᠳᠠᠩᠰᠠ》 ᠵᠢᠨ ᠳᠦᠷᠢᠮ᠎ᠢ ᠪᠠᠶ᠋ᠢᠭᠤᠯᠵᠤ᠂ ᠵᠢᠭᠡᠯᠡᠯᠭᠡ ᠭᠤᠶᠤᠴᠢᠯᠠᠭᠰᠠᠨ ᠠᠵᠤ ᠠᠬᠤᠶ᠋ᠢᠯᠠᠯ᠎ᠤᠨ ᠬᠤᠳᠠᠯ ᠬᠠᠭᠤᠷᠮᠠᠭ ᠮᠡᠳᠡᠭᠡ ᠵᠠᠩᠭᠢ ᠬᠠᠩᠭ᠋ᠠᠬᠤ᠂ ᠢᠲᠡᠭᠡᠮᠵᠢᠲᠦ ᠵᠢᠭᠡᠯᠡᠯᠭᠡ ᠵᠢᠨ ᠪᠡᠯᠡ ᠮᠥᠩᠭᠦ ᠵᠢ ᠨᠡᠭᠦᠯᠭᠡᠨ ᠬᠡᠷᠡᠭᠯᠡᠬᠦ᠂ ᠪᠣᠷᠤᠯᠠᠭᠤᠯᠭ᠎ᠠ ᠵᠢᠨ ᠵᠣᠭᠤᠰ ᠵᠶ᠋ᠠᠨ ᠡᠪᠬᠡᠭᠦᠯᠦᠨ ᠬᠤᠷᠢᠶᠠᠬᠤ ᠪᠤᠰᠤᠳ ᠳᠠᠩᠰᠠᠨ ᠡᠷᠦᠬᠡ ᠪᠠᠶ᠋ᠢᠭᠤᠯᠬᠤ᠂ ᠮᠠᠭᠤ ᠤᠬᠠᠭ᠋ᠠᠯᠠᠵᠤ ᠥᠷᠢ ᠥᠭᠴᠡᠭᠡ᠎ᠠᠴᠠ ᠳᠤᠲᠠᠭ᠋ᠠᠨ ᠵᠠᠶ᠋ᠢᠯᠠᠬᠤ᠎ᠠᠴᠠ ᠪᠣᠯᠵᠤ ᠬᠥᠲᠥᠯᠥᠨ ᠵᠢᠯᠤᠭᠤᠳᠬᠤ ᠪᠡᠯᠡ ᠮᠥᠩᠭᠦ ᠵᠢ ᠬᠤᠬᠢᠷᠠᠭᠤᠯᠤᠭᠰᠠᠨ ᠪᠠᠶ᠋ᠢᠪᠠᠯ᠂ ᠠᠵᠤ ᠠᠬᠤᠶ᠋ᠢᠯᠠᠯ᠎ᠤᠨ 《ᠬᠠᠷ᠎ᠠ ᠳᠠᠩᠰᠠ》᠎ᠳᠤ ᠣᠷᠣᠭᠤᠯᠵᠤ ᠬᠠᠮᠢᠶᠠᠷᠬᠤ ᠬᠡᠷᠡᠭᠲᠡᠢ᠃
      (ᠳᠥᠷᠪᠡ) ᠬᠢᠨᠠᠯᠲᠠ ᠲᠠᠯᠪᠢᠵᠤ ᠰᠢᠯᠭ᠋ᠠᠨ ᠬᠢᠨᠠᠬᠤ ᠵᠢ ᠴᠢᠩᠭ᠋ᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠨᠢ ᠨᠠᠶ᠋ᠢᠳᠠᠯᠭ᠎ᠠ ᠬᠦᠯᠢᠶᠡᠭᠰᠡᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠳᠠᠬᠢ ᠠᠵᠢᠯ᠎ᠤᠨ ᠵᠢᠯᠣᠭᠤᠳᠤᠯᠭ᠎ᠠ ᠪᠠ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠵᠤ᠂ ᠬᠥᠲᠥᠯᠥᠨ ᠵᠢᠯᠤᠭᠤᠳᠴᠤ ᠪᠡᠯᠡ ᠮᠥᠩᠭᠦ ᠬᠡᠷᠡᠭᠯᠡᠭᠰᠡᠨ ᠪᠠᠶ᠋ᠢᠳᠠᠯ᠎ᠢ ᠰᠢᠯᠭ᠋ᠠᠨ ᠬᠢᠨᠠᠵᠤ ᠦᠨᠡᠯᠡᠯᠲᠡ ᠬᠢᠬᠦ ᠬᠡᠷᠡᠭᠲᠡᠢ᠃
   

             ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
                      2023 ᠣᠨ᠎ᠤ 1 ᠳ᠋ᠦ᠍ᠭᠡᠷ ᠰᠠᠷ᠎ᠠ ᠵᠢᠨ 16᠎ᠤ ᠡᠳᠦᠷ ᠳᠠᠷᠤᠮᠠᠯᠯᠠᠨ ᠲᠠᠷᠬᠠᠭ᠋ᠠᠪᠠ
 
   

ᠢᠷᠡᠯᠲᠡ᠄ ᠦᠪᠦᠷ ᠮᠣᠩᠭᠤᠯ᠎ᠤᠨ ᠵᠠᠰᠠᠭ᠎ᠤᠨ ᠣᠷᠳᠤᠨ