ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ
ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
ᠥᠪᠥᠷ ᠵᠠᠰᠠᠭ ᠠᠯᠪᠠᠨ ᠲᠠᠷᠬᠠᠭ᠋ᠠᠭᠰᠠᠨ [2023] 50 ᠳ᠋ᠤᠭ᠋ᠠᠷ ᠲᠣᠭ᠋ᠠᠲᠤ
ᠥᠪᠡᠷᠲᠡᠭᠡᠨ ᠵᠠᠰᠠᠬᠤ ᠣᠷᠣᠨ᠎ᠤ ᠪᠤᠶ᠋ᠢᠳᠠ ᠪᠥᠭᠯᠡᠭᠦᠦ ᠲᠠᠷᠢᠶᠠᠯᠠᠬᠤ ᠮᠠᠯᠵᠢᠬᠤ ᠡᠷᠦᠬᠡ ᠵᠢᠨ ᠦᠨᠳᠦᠰᠦᠨ
ᠠᠮᠢᠳᠤᠷᠠᠯ ᠪᠠ ᠦᠨᠳᠦᠰᠦᠨ ᠦᠢ᠍ᠯᠡᠳᠪᠦᠷᠢᠯᠡᠯ᠎ᠢ ᠪᠠᠲᠤᠯᠠᠬᠤ ᠴᠠᠬᠢᠯᠭ᠋ᠠᠨ ᠨᠠᠪᠲᠠᠷᠡᠭᠦᠯᠵᠦ ᠳᠡᠰ ᠳᠡᠪᠰᠢᠭᠦᠯᠬᠦ
ᠢᠨᠵᠧᠨᠧᠷᠢᠩ᠎ᠢ ᠬᠡᠷᠡᠭᠵᠢᠭᠦᠯᠬᠦ ᠲᠥᠰᠥᠯ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠤᠯᠪᠣᠭᠳᠠᠯ ᠪᠦᠬᠦᠢ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠬᠤᠯᠪᠣᠭᠳᠠᠯ ᠪᠦᠬᠦᠢ ᠠᠵᠤ ᠠᠬᠤᠶ᠋ᠢᠯᠠᠯ᠎ᠳᠤ᠄
ᠡᠳᠦᠭᠡ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠤᠶ᠋ᠢᠳᠠ ᠪᠥᠭᠯᠡᠭᠦᠦ ᠲᠠᠷᠢᠶᠠᠯᠠᠬᠤ ᠮᠠᠯᠵᠢᠬᠤ ᠡᠷᠦᠬᠡ ᠵᠢᠨ ᠦᠨᠳᠦᠰᠦᠨ ᠠᠮᠢᠳᠤᠷᠠᠯ ᠪᠠ ᠦᠨᠳᠦᠰᠦᠨ ᠦᠢ᠍ᠯᠡᠳᠪᠦᠷᠢᠯᠡᠯ᠎ᠢ ᠪᠠᠲᠤᠯᠠᠬᠤ ᠴᠠᠬᠢᠯᠭ᠋ᠠᠨ ᠨᠠᠪᠲᠠᠷᠡᠭᠦᠯᠵᠦ ᠲᠠᠰ ᠳᠡᠪᠰᠢᠭᠦᠯᠬᠦ ᠢᠨᠵᠧᠨᠧᠷᠢᠩ᠎ᠢ ᠬᠡᠷᠡᠭᠵᠢᠭᠦᠯᠬᠦ ᠲᠥᠰᠥᠯ》᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠲᠤᠭ᠋ᠠᠢ᠃
2023 ᠣᠨ᠎ᠤ 8 ᠳ᠋ᠤᠭ᠋ᠠᠷ ᠰᠠᠷ᠎ᠠ ᠵᠢᠨ 10᠎ᠤ ᠡᠳᠦᠷ
(ᠲᠤᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠤᠶ᠋ᠢᠳᠠ ᠪᠥᠭᠯᠡᠭᠦᠦ ᠲᠠᠷᠢᠶᠠᠯᠠᠬᠤ ᠮᠠᠯᠵᠢᠬᠤ ᠡᠷᠦᠬᠡ ᠵᠢᠨ ᠦᠨᠳᠦᠰᠦᠨ ᠠᠮᠢᠳᠤᠷᠠᠯ ᠪᠠ
ᠦᠨᠳᠦᠰᠦᠨ ᠦᠢ᠍ᠯᠡᠳᠪᠦᠷᠢᠯᠡᠯ᠎ᠢ ᠪᠠᠲᠤᠯᠠᠬᠤ ᠴᠠᠬᠢᠯᠭ᠋ᠠᠨ ᠨᠠᠪᠲᠠᠷᠡᠭᠦᠯᠵᠦ ᠲᠡᠰ ᠳᠡᠪᠰᠢᠭᠦᠯᠬᠦ ᠢᠨᠵᠧᠨᠧᠷᠢᠩ᠎ᠢ ᠬᠡᠷᠡᠭᠵᠢᠭᠦᠯᠬᠦ ᠲᠥᠰᠥᠯ
ᠪᠥᠬᠦ ᠣᠷᠣᠨ᠎ᠤ ᠪᠤᠶ᠋ᠢᠳᠠ ᠪᠥᠭᠯᠡᠭᠦᠦ ᠭᠠᠵᠠᠷ ᠣᠷᠣᠨ᠎ᠤ ᠲᠠᠷᠢᠶᠠᠴᠢᠨ ᠮᠠᠯᠴᠢᠨ ᠪᠣᠯᠣᠨ ᠬᠢᠯᠢ ᠵᠢᠨ ᠬᠠᠮᠠᠭ᠋ᠠᠯᠠᠯᠲᠠ ᠵᠢᠨ ᠬᠠᠷᠠᠭᠤᠯ᠎ᠤᠨ ᠭᠠᠵᠠᠷ ᠵᠡᠷᠭᠡ ᠵᠢᠨ ᠴᠠᠬᠢᠯᠭ᠋ᠠᠨ ᠬᠡᠷᠡᠭᠯᠡᠬᠦ ᠠᠰᠠᠭᠤᠳᠠᠯ᠎ᠢ ᠨᠠᠩ ᠰᠠᠶ᠋ᠢᠲᠤᠷ ᠨᠠᠩ ᠲᠦᠷᠭᠡᠨ ᠵᠶ᠋ᠠᠷ ᠰᠢᠢ᠍ᠳᠪᠦᠷᠢᠯᠡᠵᠦ᠂ ᠲᠡᠳᠡᠨ᠎ᠤ ᠦᠨᠳᠦᠰᠦᠨ ᠠᠮᠢᠳᠤᠷᠠᠯ ᠪᠠ ᠦᠨᠳᠦᠰᠦᠨ ᠦᠢ᠍ᠯᠡᠳᠪᠦᠷᠢᠯᠡᠯ᠎ᠤᠨ ᠴᠠᠬᠢᠯᠭ᠋ᠠᠨ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ ᠵᠢ ᠦᠨᠡᠨ ᠬᠦ᠌ ᠬᠠᠩᠭ᠋ᠠᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠪᠤᠶ᠋ᠢᠳᠠ ᠪᠥᠭᠯᠡᠭᠦᠦ ᠲᠠᠷᠢᠶᠠᠯᠠᠬᠤ ᠮᠠᠯᠵᠢᠬᠤ ᠡᠷᠦᠬᠡ ᠵᠢᠨ ᠦᠨᠳᠦᠰᠦᠨ ᠠᠮᠢᠳᠤᠷᠠᠯ ᠪᠠ ᠦᠨᠳᠦᠰᠦᠨ ᠦᠢ᠍ᠯᠡᠳᠪᠦᠷᠢᠯᠡᠯ᠎ᠢ ᠪᠠᠲᠤᠯᠠᠬᠤ ᠴᠠᠬᠢᠯᠭ᠋ᠠᠨ ᠨᠠᠪᠲᠠᠷᠡᠭᠦᠯᠵᠦ ᠲᠠᠰ ᠳᠡᠪᠰᠢᠭᠦᠯᠬᠦ ᠢᠨᠵᠧᠨᠧᠷᠢᠩ᠎ᠢ ᠬᠡᠷᠡᠭᠵᠢᠭᠦᠯᠬᠦ᠎ᠪᠠᠷ ᠲᠣᠭᠲᠠᠪᠠ᠃ ᠢᠨᠵᠧᠨᠧᠷᠢᠩ᠎ᠤᠨ ᠡᠯ᠎ᠡ ᠵᠦᠢ᠍ᠯ᠎ᠤᠨ ᠡᠭᠦᠷᠭᠡ ᠵᠢ ᠨᠠᠶ᠋ᠢᠳᠠᠪᠤᠷᠢᠵᠢᠭᠤᠯᠤᠨ ᠪᠣᠳᠠᠲᠠᠶ᠋ᠢᠵᠢᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠵᠢ ᠦᠨᠡᠨ ᠬᠦ᠌ ᠪᠠᠲᠤᠯᠠᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠵᠤ᠂ ᠲᠤᠰ ᠲᠥᠰᠥᠯ᠎ᠢ ᠲᠣᠭᠲᠠᠭ᠋ᠠᠪᠠ᠃
ᠨᠢᠭᠡ᠂ ᠬᠡᠷᠡᠭᠵᠢᠭᠦᠯᠬᠦ ᠬᠠᠷᠠᠯᠲᠠ
ᠪᠤᠶ᠋ᠢᠳᠠ ᠪᠥᠭᠯᠡᠭᠦᠦ ᠲᠠᠷᠢᠶᠠᠯᠠᠬᠤ ᠮᠠᠯᠵᠢᠬᠤ ᠡᠷᠦᠬᠡ ᠵᠢᠨ ᠦᠨᠳᠦᠰᠦᠨ ᠠᠮᠢᠳᠤᠷᠠᠯ ᠪᠠ ᠦᠨᠳᠦᠰᠦᠨ ᠦᠢ᠍ᠯᠡᠳᠪᠦᠷᠢᠯᠡᠯ᠎ᠢ ᠪᠠᠲᠤᠯᠠᠬᠤ ᠴᠠᠬᠢᠯᠭ᠋ᠠᠨ ᠨᠠᠪᠲᠠᠷᠡᠭᠦᠯᠵᠦ ᠲᠠᠰ ᠳᠡᠪᠰᠢᠭᠦᠯᠬᠦ ᠢᠨᠵᠧᠨᠧᠷᠢᠩ᠎ᠢ ᠲᠦᠷᠭᠡᠬᠡᠨ ᠬᠡᠷᠡᠭᠵᠢᠭᠦᠯᠵᠦ᠂ ᠲᠠᠷᠢᠶᠠᠯᠠᠬᠤ ᠮᠠᠯᠵᠢᠬᠤ ᠣᠷᠣᠨ᠎ᠤ ᠴᠠᠬᠢᠯᠭ᠋ᠠᠨ ᠬᠦᠴᠦᠨ᠎ᠤ ᠰᠠᠭᠤᠷᠢ ᠪᠡᠯᠡᠳᠬᠡᠮᠵᠢ ᠵᠢᠨ ᠳᠤᠲᠠᠭᠤᠳᠠᠯ᠎ᠢ ᠨᠥᠬᠦᠪᠦᠷᠢᠯᠡᠨ᠂ ᠪᠤᠶ᠋ᠢᠳᠠ ᠪᠥᠭᠯᠡᠭᠦᠦ ᠲᠠᠷᠢᠶᠠᠯᠠᠬᠤ ᠮᠠᠯᠵᠢᠬᠤ ᠡᠷᠦᠬᠡ ᠪᠠ ᠬᠢᠯᠢ ᠵᠢᠨ ᠬᠠᠮᠠᠭ᠋ᠠᠯᠠᠯᠲᠠ ᠵᠢᠨ ᠬᠠᠷᠠᠭᠤᠯ᠎ᠤᠨ ᠭᠠᠵᠠᠷ᠎ᠤᠨ ᠠᠮᠢᠳᠤᠷᠠᠯ᠎ᠤᠨ ᠴᠢᠨᠠᠷ ᠴᠢᠨᠰᠠᠭ᠎ᠠ ᠵᠢᠴᠢ ᠦᠢ᠍ᠯᠡᠳᠪᠦᠷᠢᠯᠡᠯ᠎ᠤᠨ ᠬᠢᠷᠢ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠷᠠᠳ ᠣᠯᠠᠨ᠎ᠤ ᠬᠦᠷᠳᠡᠭᠡᠮᠵᠢᠳᠣ ᠰᠡᠳᠬᠢᠯᠭᠡ᠂ ᠵᠣᠯ ᠵᠢᠷᠭ᠋ᠠᠯᠲᠤ ᠰᠡᠳᠬᠢᠯᠭᠡ᠂ ᠠᠮᠤᠷ ᠲᠦᠪᠰᠢᠨ ᠰᠡᠳᠬᠢᠯᠭᠡ ᠵᠢ ᠴᠢᠩᠭ᠋ᠠᠷᠠᠭᠤᠯᠤᠨ᠂ ᠲᠠᠷᠢᠶᠠᠯᠠᠬᠤ ᠮᠠᠯᠵᠢᠬᠤ ᠣᠷᠣᠨ᠎ᠤ ᠴᠠᠬᠢᠯᠭ᠋ᠠᠨ ᠬᠦᠴᠦᠨ᠎ᠤ ᠲᠣᠣᠷ᠎ᠤᠨ ᠰᠠᠭᠤᠷᠢ ᠪᠡᠯᠡᠳᠬᠡᠮᠵᠢ ᠵᠢᠨ ᠵᠡᠷᠭᠡ ᠲᠠᠰ ᠳᠡᠪᠰᠢᠬᠦ ᠵᠢ ᠠᠬᠢᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠦᠷ᠎ᠡ ᠪᠦᠲᠦᠭᠡᠯ᠎ᠢ ᠤᠯᠠᠮ ᠨᠢᠭᠡ ᠠᠯᠬᠤᠮ ᠪᠠᠬᠢᠵᠢᠭᠦᠯᠦᠨ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ᠎ᠪᠠᠷ ᠴᠠᠬᠢᠯᠭ᠋ᠠᠨ ᠬᠦᠴᠦᠨ᠎ᠤ ᠪᠠᠲᠤᠯᠠᠭ᠎ᠠ ᠬᠠᠩᠭ᠋ᠠᠨ᠎ᠠ᠃
ᠬᠤᠶᠠᠷ᠂ ᠬᠡᠷᠡᠭᠵᠢᠭᠦᠯᠬᠦ ᠬᠡᠪᠴᠢᠶ᠎ᠡ
ᠲᠣᠰ ᠤᠳᠠᠭ᠋ᠠᠨ᠎ᠤ ᠴᠠᠬᠢᠯᠭ᠋ᠠᠨ ᠨᠠᠪᠲᠠᠷᠡᠭᠦᠯᠵᠦ ᠲᠠᠰ ᠳᠡᠪᠰᠢᠭᠦᠯᠬᠦ ᠢᠨᠵᠧᠨᠧᠷᠢᠩ᠎ᠢ ᠪᠥᠬᠦ ᠣᠷᠣᠨ᠎ᠤ ᠪᠤᠶ᠋ᠢᠳᠠ ᠪᠥᠭᠯᠡᠭᠦᠦ ᠲᠠᠷᠢᠶᠠᠯᠠᠬᠤ ᠮᠠᠯᠵᠢᠬᠤ ᠡᠷᠦᠬᠡ ᠪᠠ ᠬᠢᠯᠢ ᠵᠢᠨ ᠬᠠᠮᠠᠭ᠋ᠠᠯᠠᠯᠲᠠ ᠵᠢᠨ ᠬᠠᠷᠠᠭᠤᠯ᠎ᠤᠨ ᠭᠠᠵᠠᠷ ᠵᠡᠷᠭᠡ᠎ᠳᠤ ᠬᠠᠨᠳᠤᠭᠤᠯᠤᠨ᠎ᠠ᠃ ᠳᠡᠭᠡᠷᠡᠬᠢ ᠬᠡᠷᠡᠭᠯᠡᠭᠴᠢᠳ ᠲᠣᠰ ᠲᠥᠰᠥᠯ ᠵᠢᠴᠢ ᠪᠣᠳᠠᠲᠠᠢ ᠪᠠᠶ᠋ᠢᠳᠠᠯ ᠵᠶ᠋ᠠᠨ ᠦᠨᠳᠦᠰᠦᠯᠡᠨ ᠴᠠᠬᠢᠯᠭ᠋ᠠᠨ ᠬᠦᠴᠦᠨ᠎ᠤ ᠲᠣᠣᠷ᠎ᠢ ᠤᠷᠲᠤᠳᠬᠠᠬᠤ ᠪᠤᠶᠤ ᠰᠢᠨ᠎ᠡ ᠡᠨᠧᠷᠭᠢ᠎ᠪᠠᠷ ᠴᠠᠬᠢᠯᠭ᠋ᠠᠨ ᠬᠠᠩᠭ᠋ᠠᠬᠤ ᠰᠢᠰᠲ᠋ᠧᠮ᠎ᠤᠨ ᠢᠨᠵᠧᠨᠧᠷᠢᠩ᠎ᠢ ᠬᠡᠷᠡᠭᠵᠢᠭᠦᠯᠦᠨ ᠴᠠᠬᠢᠯᠭ᠋ᠠᠨ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ᠎ᠪᠠᠨ ᠬᠠᠩᠭ᠋ᠠᠬᠤ᠎ᠪᠠᠷ ᠰᠠᠶ᠋ᠢᠨ ᠳᠤᠷ᠎ᠠ᠎ᠠᠴᠠ᠎ᠪᠠᠨ ᠭᠤᠶᠤᠴᠢᠯᠠᠨ ᠮᠡᠳᠡᠭᠦᠯᠵᠦ ᠪᠣᠯᠣᠨ᠎ᠠ᠃ ᠡᠭᠦᠨ᠎ᠤ ᠬᠠᠮᠲᠤ᠂ ᠪᠡᠯᠴᠢᠭᠡᠷᠯᠡᠭᠦᠯᠬᠦ ᠵᠢ ᠴᠠᠭ᠋ᠠᠵᠠᠯᠠᠨ ᠰᠡᠯᠭᠦᠨ ᠮᠠᠯᠵᠢᠬᠤ ᠣᠷᠣᠨ᠂ ᠨᠡᠭᠡᠭᠡᠯᠲᠡ ᠬᠢᠬᠦ ᠵᠢ ᠴᠠᠭ᠋ᠠᠵᠠᠯᠠᠬᠤ ᠣᠷᠣᠨ᠂ ᠠᠮᠢ ᠠᠬᠤᠢ ᠵᠢᠨ ᠤᠯᠠᠭ᠋ᠠᠨ ᠱᠤᠭᠤᠮ᠎ᠤᠨ ᠳᠣᠲᠣᠷ᠎ᠠ ᠠᠵᠤ ᠠᠮᠢᠳᠤᠷᠠᠵᠤ ᠪᠠᠶ᠋ᠢᠭ᠎ᠠ ᠬᠡᠷᠡᠭᠯᠡᠭᠴᠢᠳ᠎ᠢ ᠢᠳᠡᠪᠬᠢᠲᠡᠢ᠎ᠪᠠᠷ ᠬᠥᠲᠥᠯᠥᠨ ᠵᠢᠯᠤᠭᠤᠳᠴᠤ ᠪᠠᠶ᠋ᠢᠭ᠋ᠠᠳ ᠲᠡᠳᠡ ᠨᠠᠷ᠎ᠤᠨ ᠴᠠᠬᠢᠯᠭ᠋ᠠᠨ ᠬᠦᠴᠦᠨ᠎ᠤ ᠲᠣᠣᠷ ᠬᠠᠮᠤᠷᠤᠭᠰᠠᠨ ᠣᠷᠣᠨ ᠲᠡᠶ᠋ᠢᠰᠢ ᠨᠡᠭᠦᠬᠦ ᠵᠢ ᠵᠣᠷᠢᠭᠵᠢᠭᠤᠯᠤᠨ᠎ᠠ; ᠨᠡᠭᠦᠬᠦ ᠰᠠᠨᠠᠭ᠎ᠠ ᠦᠭᠡᠢ᠂ ᠨᠡᠭᠦᠬᠦ ᠨᠥᠬᠦᠴᠡᠯ ᠪᠦᠷᠢᠯᠳᠦᠭᠡᠳᠦᠢ ᠬᠡᠷᠡᠭᠯᠡᠭᠴᠢᠳ ᠵᠢᠴᠢ ᠠᠮᠢ ᠠᠬᠤᠢ ᠵᠢᠨ ᠬᠡᠪᠡᠷᠡᠭ ᠣᠷᠣᠨ᠎ᠳᠠᠬᠢ ᠬᠡᠷᠡᠭᠯᠡᠭᠴᠢᠳ᠎ᠲᠤ ᠵᠠᠷᠴᠢᠮ ᠳᠡᠭᠡᠷ᠎ᠡ᠎ᠪᠠᠨ ᠰᠢᠨ᠎ᠡ ᠡᠨᠧᠷᠭᠢ᠎ᠪᠠᠷ ᠴᠠᠬᠢᠯᠭ᠋ᠠᠨ ᠬᠠᠩᠭ᠋ᠠᠬᠤ ᠰᠢᠰᠲ᠋ᠧᠮ ᠵᠶ᠋ᠠᠷ ᠳᠠᠮᠵᠢᠭᠤᠯᠤᠨ ᠴᠠᠬᠢᠯᠭ᠋ᠠᠨ ᠬᠠᠩᠭ᠋ᠠᠨ᠎ᠠ᠃
ᠭᠤᠷᠪᠠ᠂ ᠠᠵᠢᠯ᠎ᠤᠨ ᠱᠠᠭ᠋ᠠᠷᠳᠠᠯᠭ᠎ᠠ
(ᠨᠢᠭᠡ) ᠰᠢᠨ᠎ᠡ ᠡᠨᠧᠷᠭᠢ᠎ᠪᠠᠷ ᠴᠠᠬᠢᠯᠭ᠋ᠠᠨ ᠬᠠᠩᠭ᠋ᠠᠬᠤ ᠰᠢᠰᠲ᠋ᠧᠮ ᠵᠶ᠋ᠠᠷ ᠭᠤᠣᠯ ᠪᠣᠯᠭ᠋ᠠᠬᠤ ᠵᠢ ᠪᠠᠷᠢᠮᠲᠠᠯᠠᠵᠤ᠂ ᠠᠮᠢ ᠠᠬᠤᠢ ᠣᠷᠴᠢᠨ ᠲᠣᠭᠤᠷᠢᠨ᠎ᠢ ᠪᠦᠬᠦ ᠬᠦᠴᠦᠨ ᠵᠶ᠋ᠠᠷ ᠬᠠᠮᠠᠭ᠋ᠠᠯᠠᠨ᠎ᠠ᠃ ᠪᠦᠬᠦ ᠣᠷᠣᠨ᠎ᠤ ᠨᠤᠲᠤᠭ ᠪᠡᠯᠴᠢᠭᠡᠷ᠎ᠤᠨ ᠠᠮᠢ ᠠᠬᠤᠢ ᠵᠢᠨ ᠬᠠᠯᠬᠠᠪᠴᠢ ᠬᠡᠪᠡᠷᠡᠭ ᠵᠢᠴᠢ ᠮᠠᠯᠴᠢᠳ᠎ᠤᠨ ᠣᠷᠣᠨ ᠰᠠᠭᠤᠴᠠ ᠲᠠᠷᠠᠬᠠᠢ ᠪᠤᠲᠠᠷᠬᠠᠢ ᠪᠠᠶ᠋ᠢᠭ᠎ᠠ ᠪᠣᠳᠠᠲᠤ ᠪᠠᠶ᠋ᠢᠳᠠᠯ᠎ᠢ ᠭᠦᠢ᠍ᠴᠡᠳ ᠪᠣᠳᠣᠯᠬᠢᠯᠠᠨ᠂ 《ᠰᠢᠨ᠎ᠡ ᠡᠨᠧᠷᠭᠢ᠎ᠪᠠᠷ ᠴᠠᠬᠢᠯᠭ᠋ᠠᠨ ᠬᠠᠩᠭ᠋ᠠᠬᠤ ᠰᠢᠰᠲ᠋ᠧᠮ ᠵᠶ᠋ᠠᠷ ᠭᠤᠣᠯ ᠪᠣᠯᠭ᠋ᠠᠵᠤ᠂ ᠴᠠᠬᠢᠯᠭ᠋ᠠᠨ ᠬᠦᠴᠦᠨ᠎ᠤ ᠲᠣᠣᠷ᠎ᠢ ᠤᠷᠲᠤᠳᠬᠠᠨ ᠴᠠᠬᠢᠯᠭ᠋ᠠᠨ ᠨᠡᠪᠲᠡᠷᠡᠭᠦᠯᠬᠦ᠎ᠪᠠᠷ ᠬᠠᠪᠰᠤᠷᠤᠮᠵᠢ ᠪᠣᠯᠭ᠋ᠠᠬᠤ》 ᠵᠠᠷᠴᠢᠮ᠎ᠢ ᠪᠠᠷᠢᠮᠲᠠᠯᠠᠵᠤ᠂ ᠪᠤᠶ᠋ᠢᠳᠠ ᠪᠥᠭᠯᠡᠭᠦᠦ ᠲᠠᠷᠢᠶᠠᠯᠠᠬᠤ ᠮᠠᠯᠵᠢᠬᠤ ᠡᠷᠦᠬᠡ ᠪᠣᠯᠣᠨ ᠬᠢᠯᠢ ᠵᠢᠨ ᠬᠠᠮᠠᠭ᠋ᠠᠯᠠᠯᠲᠠ ᠵᠢᠨ ᠬᠠᠷᠠᠭᠤᠯ᠎ᠤᠨ ᠭᠠᠵᠠᠷ᠎ᠤᠨ ᠴᠠᠬᠢᠯᠭ᠋ᠠᠨ ᠬᠡᠷᠡᠭᠯᠡᠬᠦ ᠠᠰᠠᠭᠤᠳᠠᠯ᠎ᠢ ᠲᠥᠷᠥᠯ ᠬᠤᠪᠢᠶᠠᠨ ᠰᠢᠢ᠍ᠳᠪᠦᠷᠢᠯᠡᠨ᠎ᠡ᠃ ᠴᠠᠬᠢᠯᠭ᠋ᠠᠨ ᠬᠦᠴᠦᠨ᠎ᠤ ᠲᠣᠣᠷ᠎ᠢ ᠤᠷᠲᠤᠳᠬᠠᠨ ᠴᠠᠬᠢᠯᠭ᠋ᠠᠨ ᠨᠡᠪᠲᠡᠷᠡᠭᠦᠯᠬᠦ ᠲᠠᠯ᠎ᠠ᠎ᠪᠠᠷ᠂ ᠵᠠᠷᠴᠢᠮ ᠳᠡᠭᠡᠷ᠎ᠡ᠎ᠪᠠᠨ ᠠᠮᠢ ᠠᠬᠤᠢ ᠣᠷᠴᠢᠨ ᠲᠣᠭᠤᠷᠢᠨ᠎ᠢ ᠨᠥᠯᠥᠭᠡᠯᠡᠬᠦ ᠦᠭᠡᠢ ᠪᠠᠶ᠋ᠢᠬᠤ᠂ ᠨᠤᠲᠤᠭ ᠪᠡᠯᠴᠢᠭᠡᠷ᠎ᠢ ᠡᠵᠡᠯᠡᠨ ᠬᠡᠷᠡᠭᠯᠡᠬᠦ ᠵᠢ ᠴᠢᠩᠭ᠎ᠠ ᠬᠢᠵᠠᠭ᠋ᠠᠷᠯᠠᠬᠤ ᠴᠢᠬᠤᠯᠠᠴᠢᠯᠠᠭ᠎ᠠ᠎ᠠᠴᠠ᠂ ᠴᠠᠬᠢᠯᠭ᠋ᠠᠨ ᠬᠦᠴᠦᠨ᠎ᠤ ᠲᠣᠣᠷ ᠨᠡᠪᠲᠡᠷᠡᠭᠰᠡᠨ᠎ᠤ ᠳᠠᠷᠠᠭ᠎ᠠ ᠬᠡᠷᠡᠭᠯᠡᠭᠴᠢ ᠵᠢᠨ ᠦᠵᠦᠭᠦᠷ᠎ᠤᠨ ᠴᠠᠬᠢᠯᠭ᠋ᠠᠨ ᠬᠦᠴᠦᠳᠡᠯ᠎ᠤᠨ ᠶᠠᠰᠤ ᠴᠢᠨᠠᠷ᠎ᠨᠢ ᠤᠯᠤᠰ᠎ᠤᠨ ᠬᠠᠮᠤᠭ᠎ᠤᠨ ᠰᠢᠨ᠎ᠡ ᠪᠠᠷᠢᠮᠵᠢᠶ᠎ᠠ᠎ᠳᠤ ᠬᠦᠷᠬᠦ ᠮᠥᠷᠲᠡᠭᠡᠨ ᠡᠷᠦᠬᠡ ᠪᠦᠷᠢ ᠵᠢᠨ ᠳᠤᠮᠳᠠᠴᠢ ᠪᠡᠯᠡ ᠣᠷᠣᠭᠤᠯᠤᠯᠲᠠ ᠵᠢ 20 ᠲᠦᠮᠡᠨ ᠲᠥᠭᠦᠷᠢᠭ (20 ᠲᠦᠮᠡᠨ ᠲᠥᠭᠦᠷᠢᠭ ᠪᠠᠭᠲᠠᠨ᠎ᠠ)᠎ᠤᠨ ᠳᠣᠲᠣᠷ᠎ᠠ ᠪᠠᠶ᠋ᠢᠯᠭ᠋ᠠᠨ᠎ᠠ; ᠴᠠᠬᠢᠯᠭ᠋ᠠᠨ ᠬᠦᠴᠦᠨ᠎ᠤ ᠲᠣᠣᠷ᠎ᠢ ᠤᠷᠲᠤᠳᠬᠠᠨ ᠴᠠᠬᠢᠯᠭ᠋ᠠᠨ ᠨᠡᠪᠲᠡᠷᠡᠭᠦᠯᠬᠦ ᠨᠥᠬᠦᠴᠡᠯ ᠪᠣᠯᠣᠮᠵᠢ ᠵᠢ ᠬᠠᠩᠭ᠋ᠠᠵᠤ ᠳᠡᠶ᠋ᠢᠯᠬᠦ ᠦᠭᠡᠢ ᠬᠡᠷᠡᠭᠯᠡᠭᠴᠢᠳ᠎ᠲᠤ ᠭᠤᠣᠯᠳᠠᠭᠤ ᠰᠢᠨ᠎ᠡ ᠡᠨᠧᠷᠭᠢ᠎ᠪᠠᠷ ᠴᠠᠬᠢᠯᠭ᠋ᠠᠨ ᠬᠠᠩᠭ᠋ᠠᠬᠤ ᠰᠢᠰᠲ᠋ᠧᠮ᠎ᠢ ᠬᠡᠷᠡᠭᠵᠢᠭᠦᠯᠬᠦ᠎ᠪᠠᠷ ᠳᠠᠮᠵᠢᠭᠤᠯᠤᠨ ᠰᠢᠢ᠍ᠳᠪᠦᠷᠢᠯᠡᠨ᠎ᠡ᠃
(ᠬᠤᠶᠠᠷ) 《ᠬᠤᠶᠠᠷ ᠦᠨᠳᠦᠰᠦᠨ》᠎ᠢ ᠬᠠᠩᠭ᠋ᠠᠬᠤ᠎ᠪᠠᠷ ᠬᠠᠷᠠᠯᠲᠠ ᠪᠣᠯᠭ᠋ᠠᠬᠤ ᠵᠢ ᠪᠠᠷᠢᠮᠲᠠᠯᠠᠵᠤ᠂ ᠴᠠᠬᠢᠯᠭ᠋ᠠᠨ ᠬᠡᠷᠡᠭᠯᠡᠬᠦ ᠬᠡᠷᠡᠭᠴᠡᠭᠡ ᠵᠢ ᠠᠯᠢ ᠴᠢᠳᠠᠬᠤ᠎ᠪᠠᠷ ᠪᠠᠲᠤᠯᠠᠨ᠎ᠠ᠃ ᠪᠤᠶ᠋ᠢᠳᠠ ᠪᠥᠭᠯᠡᠭᠦᠦ ᠲᠠᠷᠢᠶᠠᠯᠠᠬᠤ ᠮᠠᠯᠵᠢᠬᠤ ᠡᠷᠦᠬᠡ ᠵᠢᠨ ᠦᠨᠳᠦᠰᠦᠨ ᠠᠮᠢᠳᠤᠷᠠᠯ ᠪᠣᠯᠣᠨ ᠦᠨᠳᠦᠰᠦᠨ ᠦᠢ᠍ᠯᠡᠳᠪᠦᠷᠢᠯᠡᠯ᠎ᠢ ᠪᠠᠲᠤᠯᠠᠬᠤ᠎ᠳᠤ ᠰᠠᠭᠤᠷᠢᠯᠠᠨ᠂ ᠡᠩ᠎ᠤᠨ ᠭᠡᠷ᠎ᠤᠨ ᠴᠠᠬᠢᠯᠭ᠋ᠠᠨ ᠬᠡᠷᠡᠭᠰᠡᠯ᠎ᠢ ᠵᠡᠷᠭᠡ᠎ᠪᠠᠷ ᠬᠡᠷᠡᠭᠯᠡᠬᠦ ᠵᠢᠨ ᠬᠡᠷᠡᠭᠴᠡᠭᠡ ᠵᠢ ᠬᠠᠩᠭ᠋ᠠᠬᠤ ᠵᠢᠨ ᠬᠠᠮᠲᠤ᠂ ᠪᠠᠰᠠ ᠲᠠᠷᠢᠶᠠᠯᠠᠬᠤ ᠮᠠᠯᠵᠢᠬᠤ ᠡᠷᠦᠬᠡ ᠵᠢᠨ ᠡᠪᠡᠰᠦ ᠬᠡᠷᠴᠢᠬᠦ ᠵᠡᠷᠭᠡ ᠦᠨᠳᠦᠰᠦᠨ ᠦᠢ᠍ᠯᠡᠳᠪᠦᠷᠢᠯᠡᠯ᠎ᠤᠨ ᠬᠡᠷᠡᠭᠴᠡᠭᠡ ᠵᠢ ᠬᠠᠩᠭ᠋ᠠᠵᠤ᠂ ᠮᠠᠯᠵᠢᠬᠤ ᠣᠷᠣᠨ᠎ᠤ ᠠᠮᠢᠳᠤᠷᠠᠯ ᠦᠢ᠍ᠯᠡᠳᠪᠦᠷᠢᠯᠡᠯ᠎ᠤᠨ ᠬᠢᠷᠢ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠣᠨ᠎ᠡ᠃ ᠰᠢᠨ᠎ᠡ ᠡᠨᠧᠷᠭᠢ ᠵᠢᠨ ᠴᠠᠬᠢᠯᠭ᠋ᠠᠨ ᠬᠠᠩᠭ᠋ᠠᠬᠤ ᠰᠢᠰᠲ᠋ᠧᠮ᠎ᠢ ᠰᠢᠨ᠎ᠡ᠎ᠪᠠᠷ ᠪᠠᠶ᠋ᠢᠭᠤᠯᠬᠤ ᠪᠠ ᠲᠡᠰ ᠳᠡᠪᠰᠢᠭᠦᠯᠬᠦ ᠪᠠᠭᠲᠠᠭ᠋ᠠᠮᠵᠢ ᠵᠢᠨ ᠪᠠᠷᠢᠮᠵᠢᠶ᠎ᠠ ᠵᠢ 2 ᠺᠢᠯᠣᠸᠠᠲ ᠵᠶ᠋ᠠᠷ ᠨᠢᠭᠡᠳᠦᠯᠲᠡᠢ ᠲᠣᠭᠲᠠᠭ᠋ᠠᠵᠤ᠂ ᠵᠠᠷᠴᠢᠮ ᠳᠡᠭᠡᠷ᠎ᠡ᠎ᠪᠠᠨ ᠮᠠᠯᠵᠢᠬᠤ ᠡᠷᠦᠬᠡ ᠵᠢᠨ ᠤᠷᠲᠤ ᠬᠤᠭᠤᠴᠠᠭ᠎ᠠ᠎ᠪᠠᠷ ᠰᠠᠭᠤᠷᠢᠰᠢᠵᠤ ᠪᠠᠶ᠋ᠢᠭ᠎ᠠ ᠣᠷᠣᠨ ᠰᠠᠭᠤᠴᠠ᠎ᠳᠤ ᠵᠦᠪᠬᠡᠨ ᠨᠢᠭᠡ ᠢᠵᠢ ᠰᠢᠨ᠎ᠡ ᠡᠨᠧᠷᠭᠢ᠎ᠪᠠᠷ ᠴᠠᠬᠢᠯᠭ᠋ᠠᠨ ᠬᠠᠩᠭ᠋ᠠᠬᠤ ᠰᠢᠰᠲ᠋ᠧᠮ ᠬᠠᠩᠭ᠋ᠠᠵᠤ᠂ ᠣᠬᠤᠷᠬᠠᠨ ᠬᠤᠭᠤᠴᠠᠭ᠋ᠠᠨ᠎ᠳᠤ ᠪᠡᠯᠴᠢᠭᠡᠷᠯᠡᠭᠦᠯᠬᠦ ᠴᠡᠭ᠎ᠲᠤ ᠲᠣᠬᠢᠷᠠᠭᠤᠯᠬᠤ ᠦᠭᠡᠢ᠃
(ᠭᠤᠷᠪᠠ) ᠬᠡᠷᠡᠭᠯᠡᠭᠴᠢ ᠵᠢᠨ ᠰᠠᠨᠠᠮᠵᠢ ᠵᠢ ᠬᠦᠨᠳᠦᠳᠬᠡᠬᠦ᠎ᠪᠠᠷ ᠵᠠᠷᠴᠢᠮ ᠪᠣᠯᠭ᠋ᠠᠬᠤ ᠵᠢ ᠪᠠᠷᠢᠮᠲᠠᠯᠠᠨ᠂ ᠴᠠᠬᠢᠯᠭ᠋ᠠᠨ ᠬᠡᠷᠡᠭᠯᠡᠬᠦ ᠠᠰᠠᠭᠤᠳᠠᠯ᠎ᠢ ᠰᠢᠢ᠍ᠳᠪᠦᠷᠢᠯᠡᠬᠦ᠎ᠳᠤ ᠲᠤᠰᠠᠯᠠᠨ᠎ᠠ᠃ ᠲᠠᠷᠢᠶᠠᠯᠠᠬᠤ ᠮᠠᠯᠵᠢᠬᠤ ᠡᠷᠦᠬᠡ ᠵᠢᠨ ᠰᠢᠨ᠎ᠡ ᠡᠨᠧᠷᠭᠢ᠎ᠪᠠᠷ ᠴᠠᠬᠢᠯᠭ᠋ᠠᠨ ᠬᠠᠩᠭ᠋ᠠᠬᠤ ᠰᠢᠰᠲ᠋ᠧᠮ᠎ᠢ ᠰᠢᠨ᠎ᠡ᠎ᠪᠠᠷ ᠪᠠᠶ᠋ᠢᠭᠤᠯᠬᠤ᠂ ᠲᠠᠰ ᠳᠡᠪᠰᠢᠭᠦᠯᠬᠦ᠎ᠪᠠᠷ ᠭᠤᠶᠤᠴᠢᠯᠠᠨ ᠮᠡᠳᠡᠭᠦᠯᠦᠭᠰᠡᠨ᠎ᠳᠤ ᠬᠡᠷᠡᠭᠰᠡᠬᠦ ᠪᠡᠯᠡ ᠮᠥᠩᠭᠦ ᠵᠢ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠤᠲᠠ ᠪᠣᠯᠣᠨ ᠬᠡᠷᠡᠭᠯᠡᠭᠴᠢ ᠬᠠᠮᠲᠤ᠎ᠪᠠᠷ ᠠᠷᠭ᠋ᠠᠴᠠᠭ᠋ᠠᠨ᠎ᠠ; ᠬᠢᠯᠢ ᠵᠢᠨ ᠬᠠᠮᠠᠭ᠋ᠠᠯᠠᠯᠲᠠ ᠵᠢᠨ ᠬᠠᠷᠠᠭᠤᠯ᠎ᠤᠨ ᠭᠠᠵᠠᠷ᠎ᠤᠨ ᠰᠢᠨ᠎ᠡ ᠡᠨᠧᠷᠭᠢ᠎ᠪᠠᠷ ᠴᠠᠬᠢᠯᠭ᠋ᠠᠨ ᠬᠠᠩᠭ᠋ᠠᠬᠤ ᠰᠢᠰᠲ᠋ᠧᠮ᠎ᠢ ᠰᠢᠨ᠎ᠡ᠎ᠪᠠᠷ ᠪᠠᠶ᠋ᠢᠭᠤᠯᠬᠤ᠂ ᠲᠠᠰ ᠳᠡᠪᠰᠢᠭᠦᠯᠬᠦ᠎ᠪᠠᠷ ᠭᠤᠶᠤᠴᠢᠯᠠᠨ ᠮᠡᠳᠡᠭᠦᠯᠦᠭᠰᠡᠨ᠎ᠳᠤ ᠬᠡᠷᠡᠭᠰᠡᠬᠦ ᠪᠡᠯᠡ ᠮᠥᠩᠭᠦ ᠵᠢ ᠴᠥᠮ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ ᠳᠠᠭ᠋ᠠᠭ᠋ᠠᠨ ᠡᠭᠦᠷᠭᠡᠯᠡᠵᠦ᠂ ᠡᠬᠡ ᠤᠯᠤᠰ᠎ᠤᠨ ᠤᠮᠠᠷᠠᠲᠤ ᠵᠢᠨ ᠬᠢᠯᠢ ᠬᠢᠵᠠᠭ᠋ᠠᠷ᠎ᠤᠨ ᠠᠮᠤᠷ ᠲᠣᠭᠲᠠᠭᠤᠨ ᠨᠠᠶ᠋ᠢᠳᠠᠪᠤᠷᠢᠲᠠᠢ ᠪᠠᠶ᠋ᠢᠬᠤ ᠵᠢ ᠪᠥᠬᠦ ᠬᠦᠴᠦᠨ ᠵᠶ᠋ᠠᠷ ᠪᠠᠲᠤᠯᠠᠨ᠎ᠠ᠃
ᠳᠥᠷᠪᠡ᠂ ᠠᠵᠢᠯ᠎ᠤᠨ ᠲᠣᠬᠢᠷᠠᠭᠤᠯᠤᠯᠲᠠ
(ᠨᠢᠭᠡ) ᠬᠡᠷᠡᠭᠴᠡᠭᠡ ᠱᠠᠭ᠋ᠠᠷᠳᠠᠯᠭ᠎ᠠ ᠵᠢᠨ ᠪᠠᠶ᠋ᠢᠳᠠᠯ᠎ᠢ ᠣᠶ᠋ᠢᠯᠠᠭ᠋ᠠᠬᠤ᠃ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠨᠢ ᠥᠪᠥᠷ ᠮᠣᠩᠭᠤᠯ᠎ᠤᠨ ᠴᠠᠬᠢᠯᠭ᠋ᠠᠨ ᠬᠦᠴᠦᠨ (ᠪᠦᠯᠦᠭᠯᠡᠯ)᠎ᠤ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ᠂ ᠤᠯᠤᠰ᠎ᠤᠨ ᠴᠠᠬᠢᠯᠭ᠋ᠠᠨ ᠬᠦᠴᠦᠨ᠎ᠤ ᠲᠣᠣᠷ᠎ᠤᠨ ᠥᠪᠥᠷ ᠮᠣᠩᠭᠤᠯ᠎ᠤᠨ ᠵᠡᠭᠦᠨ ᠬᠡᠰᠡᠭ᠎ᠤᠨ ᠴᠠᠬᠢᠯᠭ᠋ᠠᠨ ᠬᠦᠴᠦᠨ᠎ᠤ ᠬᠢᠵᠠᠭ᠋ᠠᠷᠲᠤ ᠺᠣᠮᠫᠠᠨᠢ᠂ ᠥᠪᠥᠷ ᠮᠣᠩᠭᠤᠯ᠎ᠤᠨ ᠡᠨᠧᠷᠭᠢ ᠵᠢᠨ ᠪᠦᠯᠦᠭᠯᠡᠯ᠎ᠤᠨ ᠬᠢᠵᠠᠭ᠋ᠠᠷᠲᠤ ᠺᠣᠮᠫᠠᠨᠢ᠎ᠲᠠᠢ ᠬᠠᠮᠲᠤᠷᠠᠨ᠂ ᠡᠷᠦᠬᠡ ᠳᠠᠷᠠᠭ᠋ᠠᠯᠠᠨ ᠬᠡᠷᠡᠭᠴᠡᠭᠡ ᠱᠠᠭ᠋ᠠᠷᠳᠠᠯᠭ᠎ᠠ ᠵᠢᠨ ᠪᠠᠶ᠋ᠢᠳᠠᠯ᠎ᠢ ᠣᠶ᠋ᠢᠯᠠᠭ᠋ᠠᠬᠤ ᠠᠵᠢᠯ ᠥᠷᠨᠢᠭᠦᠯᠦᠨ᠎ᠡ᠃ ᠡᠷᠦᠬᠡ᠎ᠳᠤ ᠭᠦᠨᠵᠡᠭᠡᠶ᠋ᠢᠷᠡᠨ ᠣᠶ᠋ᠢᠯᠠᠭ᠋ᠠᠭᠰᠠᠨ ᠪᠠᠶ᠋ᠢᠳᠠᠯ ᠵᠶ᠋ᠠᠨ ᠦᠨᠳᠦᠰᠦᠯᠡᠵᠦ ᠴᠠᠬᠢᠯᠭ᠋ᠠᠨ ᠬᠦᠴᠦᠨ᠎ᠤ ᠲᠣᠣᠷ᠎ᠢ ᠤᠷᠲᠤᠳᠬᠠᠨ ᠴᠠᠬᠢᠯᠭ᠋ᠠᠨ ᠨᠡᠪᠲᠡᠷᠡᠭᠦᠯᠬᠦ ᠢᠨᠵᠧᠨᠧᠷᠢᠩ᠎ᠤᠨ ᠡᠬᠡ ᠲᠠᠩᠰᠠ ᠪᠠ ᠰᠢᠨ᠎ᠡ ᠡᠨᠧᠷᠭᠢ᠎ᠪᠠᠷ ᠴᠠᠬᠢᠯᠭ᠋ᠠᠨ ᠬᠠᠩᠭ᠋ᠠᠬᠤ ᠰᠢᠰᠲ᠋ᠧᠮ᠎ᠤᠨ ᠪᠠᠶ᠋ᠢᠭᠤᠯᠤᠯᠲᠠ ᠵᠢᠨ ᠡᠬᠡ ᠲᠠᠩᠰᠠ ᠪᠠᠶ᠋ᠢᠭᠤᠯᠵᠤ᠂ ᠴᠠᠬᠢᠯᠭ᠋ᠠᠨ ᠬᠦᠴᠦᠨ᠎ᠤ ᠲᠣᠣᠷ᠎ᠤᠨ ᠺᠣᠮᠫᠠᠨᠢ᠎ᠨᠢ 《ᠴᠠᠬᠢᠯᠭ᠋ᠠᠨ ᠬᠦᠴᠦᠨ᠎ᠤ ᠲᠣᠣᠷ᠎ᠢ ᠤᠷᠲᠤᠳᠬᠠᠨ ᠴᠠᠬᠢᠯᠭ᠋ᠠᠨ ᠬᠠᠩᠭ᠋ᠠᠬᠤ ᠲᠥᠰᠥᠯ》᠎ᠢ ᠲᠦᠷᠭᠡᠬᠡᠨ ᠨᠠᠶ᠋ᠢᠷᠠᠭᠤᠯᠤᠨ ᠵᠣᠬᠢᠶᠠᠵᠤ᠂ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠪᠠ ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠲᠣᠪᠴᠢᠶ᠎ᠠ᠎ᠳᠤ ᠮᠡᠳᠡᠭᠦᠯᠵᠦ ᠳᠠᠩᠰᠠᠯᠠᠭᠤᠯᠤᠨ᠎ᠠ; ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠨᠢ 《ᠰᠢᠨ᠎ᠡ ᠡᠨᠧᠷᠭᠢ᠎ᠪᠠᠷ ᠴᠠᠬᠢᠯᠭ᠋ᠠᠨ ᠬᠠᠩᠭ᠋ᠠᠬᠤ ᠰᠢᠰᠲ᠋ᠧᠮ᠎ᠢ ᠪᠦᠲᠦᠭᠡᠨ ᠪᠠᠶ᠋ᠢᠭᠤᠯᠵᠤ᠂ ᠲᠠᠰ ᠳᠡᠪᠰᠢᠭᠦᠯᠬᠦ ᠲᠥᠰᠥᠯ》 (ᠲᠥᠰᠥᠯ᠎ᠳᠤ᠎ᠪᠠᠨ ᠬᠠᠷᠠᠯᠲᠠ ᠡᠭᠦᠷᠭᠡ᠂ ᠪᠦᠲᠦᠭᠡᠨ ᠪᠠᠶ᠋ᠢᠭᠤᠯᠬᠤ ᠪᠠ ᠠᠵᠢᠯᠯᠠᠭᠤᠯᠤᠨ ᠪᠠᠲᠤᠯᠠᠬᠤ ᠵᠢᠨ ᠪᠡᠯᠡ ᠮᠥᠩᠭᠦᠨ᠎ᠤ ᠬᠡᠷᠡᠭᠴᠡᠭᠡ ᠱᠠᠭ᠋ᠠᠷᠳᠠᠯᠭ᠎ᠠ᠂ ᠪᠣᠳᠠᠲᠠᠢ ᠬᠡᠷᠡᠭᠵᠢᠭᠦᠯᠬᠦ ᠲᠥᠯᠥᠪᠯᠡᠭᠡ᠂ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ ᠪᠠ ᠪᠠᠲᠤᠯᠠᠬᠤ ᠠᠷᠭ᠎ᠠ ᠬᠡᠮᠵᠢᠶ᠎ᠡ ᠵᠡᠷᠭᠡ᠎ᠪᠠᠨ ᠲᠣᠳᠣᠷᠬᠠᠶ᠋ᠢᠯᠠᠬᠤ ᠬᠡᠷᠡᠭᠲᠡᠢ)᠎ᠢ ᠨᠠᠶ᠋ᠢᠷᠠᠭᠤᠯᠵᠤ ᠵᠣᠬᠢᠶᠠᠨ ᠳᠠᠷᠤᠮᠠᠯᠯᠠᠨ ᠲᠠᠷᠬᠠᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠲᠣᠪᠴᠢᠶ᠎ᠠ᠂ ᠡᠳ᠋᠎ᠤᠨ ᠵᠠᠰᠠᠭ᠎ᠤᠨ ᠲᠢᠩᠬᠢᠮ᠎ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃
(ᠬᠤᠶᠠᠷ) ᠪᠦᠲᠦᠭᠡᠨ ᠪᠠᠶ᠋ᠢᠭᠤᠯᠤᠯᠲᠠ ᠵᠢᠨ ᠲᠥᠯᠦᠪᠵᠢᠭᠦᠯᠭᠡ᠃ 2023 ᠣᠨ᠎ᠤ 8 ᠳ᠋ᠤᠭ᠋ᠠᠷ ᠰᠠᠷ᠎ᠠ᠎ᠠᠴᠠ ᠡᠬᠢᠯᠡᠨ 2024 ᠣᠨ᠎ᠤ ᠰᠡᠭᠦᠯᠴᠢ ᠪᠣᠯᠲᠠᠯ᠎ᠠ᠂ ᠪᠤᠶ᠋ᠢᠳᠠ ᠪᠥᠭᠯᠡᠭᠦᠦ ᠲᠠᠷᠢᠶᠠᠯᠠᠬᠤ ᠮᠠᠯᠵᠢᠬᠤ ᠡᠷᠦᠬᠡ ᠵᠢᠨ ᠦᠨᠳᠦᠰᠦᠨ ᠠᠮᠢᠳᠤᠷᠠᠯ ᠪᠠ ᠦᠨᠳᠦᠰᠦᠨ ᠦᠢ᠍ᠯᠡᠳᠪᠦᠷᠢᠯᠡᠯ᠎ᠢ ᠪᠠᠲᠤᠯᠠᠬᠤ ᠴᠠᠬᠢᠯᠭ᠋ᠠᠨ ᠨᠡᠪᠲᠡᠷᠡᠭᠦᠯᠬᠦ ᠢᠨᠵᠧᠨᠧᠷᠢᠩ᠎ᠢ ᠲᠥᠪᠯᠡᠷᠡᠭᠦᠯᠦᠨ ᠪᠡᠶᠡᠯᠡᠭᠦᠯᠦᠨ᠎ᠡ᠃ ᠡᠭᠦᠨ᠎ᠳᠤ᠂ 2023 ᠣᠨ᠎ᠤ 9 ᠳ᠋ᠦ᠍ᠭᠡᠷ ᠰᠠᠷ᠎ᠠ ᠵᠢᠨ ᠰᠡᠭᠦᠯᠴᠢ᠎ᠠᠴᠠ ᠡᠮᠦᠨ᠎ᠡ᠂ ᠬᠡᠷᠡᠭᠴᠡᠭᠡ ᠱᠠᠭ᠋ᠠᠷᠳᠠᠯᠭ᠎ᠠ ᠵᠢᠨ ᠪᠠᠶ᠋ᠢᠳᠠᠯ᠎ᠢ ᠣᠶ᠋ᠢᠯᠠᠭ᠋ᠠᠬᠤ ᠠᠵᠢᠯ᠎ᠢ ᠪᠡᠶᠡᠯᠡᠭᠦᠯᠵᠦ᠂ ᠴᠠᠬᠢᠯᠭ᠋ᠠᠨ ᠬᠦᠴᠦᠨ᠎ᠤ ᠲᠣᠣᠷ᠎ᠢ ᠤᠷᠲᠤᠳᠬᠠᠨ ᠴᠠᠬᠢᠯᠭ᠋ᠠᠨ ᠨᠡᠪᠲᠡᠷᠡᠭᠦᠯᠬᠦ ᠢᠨᠵᠧᠨᠧᠷᠢᠩ ᠪᠣᠯᠣᠨ ᠰᠢᠨ᠎ᠡ ᠡᠨᠧᠷᠭᠢ᠎ᠪᠠᠷ ᠴᠠᠬᠢᠯᠭ᠋ᠠᠨ ᠬᠠᠩᠭ᠋ᠠᠬᠤ ᠰᠢᠰᠲ᠋ᠧᠮ᠎ᠢ ᠰᠢᠨ᠎ᠡ᠎ᠪᠠᠷ ᠪᠠᠶ᠋ᠢᠭᠤᠯᠬᠤ ᠪᠤᠶᠤ ᠲᠠᠰ ᠳᠡᠪᠰᠢᠭᠦᠯᠦᠨ 2 ᠺᠢᠯᠣᠸᠠᠲ ᠪᠣᠯᠭ᠋ᠠᠬᠤ ᠬᠡᠷᠡᠭᠵᠢᠭᠦᠯᠬᠦ ᠲᠥᠰᠥᠯ ᠵᠢᠴᠢ ᠢᠨᠵᠧᠨᠧᠷᠢᠩ᠎ᠤᠨ ᠡᠬᠡ ᠲᠠᠩᠰᠠ ᠵᠢ ᠪᠦᠷᠢᠯᠳᠦᠭᠦᠯᠦᠨ᠎ᠡ; 2023 ᠣᠨ᠎ᠤ 10 ᠳ᠋ᠤᠭ᠋ᠠᠷ ᠰᠠᠷ᠎ᠠ᠎ᠠᠴᠠ 2024 ᠣᠨ᠎ᠤ 12 ᠳ᠋ᠤᠭ᠋ᠠᠷ ᠰᠠᠷ᠎ᠠ ᠪᠣᠯᠲᠠᠯ᠎ᠠ᠂ ᠴᠠᠬᠢᠯᠭ᠋ᠠᠨ ᠲᠣᠣᠷ᠎ᠢ ᠤᠷᠲᠤᠳᠬᠠᠨ ᠴᠠᠬᠢᠯᠭ᠋ᠠᠨ ᠨᠡᠪᠲᠡᠷᠡᠭᠦᠯᠬᠦ ᠢᠨᠵᠧᠨᠧᠷᠢᠩ ᠪᠣᠯᠣᠨ ᠰᠢᠨ᠎ᠡ ᠡᠨᠧᠷᠭᠢ᠎ᠪᠠᠷ ᠴᠠᠬᠢᠯᠭ᠋ᠠᠨ ᠬᠠᠩᠭ᠋ᠠᠬᠤ ᠰᠢᠰᠲ᠋ᠧᠮ᠎ᠤᠨ ᠪᠦᠲᠦᠭᠡᠨ ᠪᠠᠶ᠋ᠢᠭᠤᠯᠤᠯᠲᠠ ᠵᠢᠨ ᠪᠦᠬᠦ ᠡᠭᠦᠷᠭᠡ᠎ᠪᠠᠨ ᠪᠡᠶᠡᠯᠡᠭᠦᠯᠦᠨ᠎ᠡ᠃
(ᠭᠤᠷᠪᠠ) ᠢᠨᠵᠧᠨᠧᠷᠢᠩ᠎ᠢ ᠬᠡᠷᠡᠭᠵᠢᠭᠦᠯᠬᠦ᠃ ᠰᠢᠨ᠎ᠡ ᠡᠨᠧᠷᠭᠢ᠎ᠪᠠᠷ ᠴᠠᠬᠢᠯᠭ᠋ᠠᠨ ᠬᠠᠩᠭ᠋ᠠᠬᠤ ᠰᠢᠰᠲ᠋ᠧᠮ᠎ᠢ ᠰᠢᠨ᠎ᠡ᠎ᠪᠠᠷ ᠪᠠᠶ᠋ᠢᠭᠤᠯᠬᠤ ᠪᠤᠶᠤ ᠲᠡᠰ ᠳᠡᠪᠰᠢᠭᠦᠯᠬᠦ ᠢᠨᠵᠧᠨᠧᠷᠢᠩ᠎ᠢ ᠨᠢᠭᠡᠳᠦᠯᠲᠡᠢ ᠳᠠᠭ᠋ᠠᠭ᠋ᠠᠴᠢᠯᠠᠯᠲᠠ ᠵᠠᠷᠯᠠᠬᠤ ᠳᠠᠭ᠋ᠠᠭ᠋ᠠᠴᠢᠯᠠᠯᠲᠠ ᠬᠦᠯᠢᠶᠡᠬᠦ ᠵᠡᠷᠭᠡ ᠵᠠᠬ᠎ᠠ ᠳᠡᠯᠭᠡᠭᠦᠷᠴᠢᠯᠡᠭᠰᠡᠨ ᠠᠷᠭ᠎ᠠ ᠮᠠᠶᠢᠭ ᠵᠶ᠋ᠠᠷ ᠬᠡᠷᠡᠭᠵᠢᠭᠦᠯᠬᠦ ᠭᠤᠣᠯ ᠴᠣᠭᠴᠠ ᠵᠢ ᠲᠣᠭᠲᠠᠭ᠋ᠠᠨ᠎ᠠ᠃ ᠨᠡᠶ᠋ᠢᠲᠡ ᠵᠢᠨ ᠠᠰᠠᠷᠠᠮᠵᠢ ᠵᠢᠨ ᠠᠷᠠᠳ᠎ᠲᠤ ᠠᠰᠢᠭ ᠬᠦᠷᠲᠡᠭᠡᠬᠦ ᠢᠨᠵᠧᠨᠧᠷᠢᠩ᠎ᠤᠨ ᠬᠡᠷᠡᠭᠵᠢᠭᠦᠯᠬᠦ ᠴᠢᠨᠠᠷ ᠴᠢᠨᠰᠠᠭ᠎ᠠ ᠪᠠ ᠬᠡᠷᠡᠭᠵᠢᠭᠦᠯᠬᠦ ᠠᠬᠢᠴᠠ ᠵᠢ ᠦᠨᠡᠨ ᠬᠦ᠌ ᠪᠠᠲᠤᠯᠠᠬᠤ ᠵᠢᠨ ᠲᠤᠰᠠᠳᠠ᠂ ᠳᠠᠭ᠋ᠠᠭ᠋ᠠᠴᠢᠯᠠᠯᠲᠠ ᠵᠠᠷᠯᠠᠬᠤ ᠳᠠᠭ᠋ᠠᠭ᠋ᠠᠴᠢᠯᠠᠯᠲᠠ ᠬᠦᠯᠢᠶᠡᠬᠦ᠎ᠪᠠᠷ ᠳᠠᠮᠵᠢᠭᠤᠯᠤᠨ ᠢᠨᠵᠧᠨᠧᠷᠢᠩ᠎ᠢ ᠬᠡᠷᠡᠭᠵᠢᠭᠦᠯᠬᠦ ᠭᠤᠣᠯ ᠴᠣᠭᠴᠠ ᠵᠢ ᠲᠣᠭᠲᠠᠭ᠋ᠠᠬᠤ᠎ᠳᠤ᠎ᠪᠠᠨ᠂ ᠠᠳᠠᠯᠢ ᠠᠵᠢᠯ ᠲᠥᠷᠥᠯ᠎ᠤᠨ ᠨᠥᠬᠦᠴᠡᠯ ᠳᠣᠣᠷ᠎ᠠ ᠲᠠᠷᠢᠶᠠᠯᠠᠬᠤ ᠮᠠᠯᠵᠢᠬᠤ ᠣᠷᠣᠨ ᠪᠠ ᠲᠠᠷᠢᠶᠠᠴᠢᠨ ᠮᠠᠯᠴᠢᠨ᠂ ᠬᠢᠯᠢ ᠵᠢᠨ ᠬᠠᠮᠠᠭ᠋ᠠᠯᠠᠯᠲᠠ ᠵᠢᠨ ᠬᠠᠷᠠᠭᠤᠯ᠎ᠤᠨ ᠭᠠᠵᠠᠷ᠎ᠤᠨ ᠴᠠᠬᠢᠯᠭ᠋ᠠᠨ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ ᠵᠢ ᠣᠶ᠋ᠢᠯᠠᠭ᠋ᠠᠬᠤ᠂ ᠨᠡᠶ᠋ᠢᠭᠡᠮ᠎ᠤᠨ ᠬᠠᠷᠢᠭᠤᠴᠠᠯᠭ᠎ᠠ ᠵᠢ ᠰᠠᠨᠠᠭ᠋ᠠᠴᠢᠯᠠᠭ᠎ᠠ᠎ᠠᠴᠠ᠎ᠪᠠᠨ ᠡᠭᠦᠷᠭᠡᠯᠡᠬᠦ᠂ ᠵᠢᠷᠤᠭᠯᠠᠨ ᠲᠥᠯᠥᠪᠯᠡᠬᠦ᠂ ᠪᠦᠲᠦᠭᠡᠨ ᠪᠠᠶ᠋ᠢᠭᠤᠯᠬᠤ᠂ ᠪᠠᠷᠢᠯᠭ᠎ᠠ ᠪᠠᠷᠢᠬᠤ ᠪᠠ ᠠᠵᠢᠯᠯᠠᠭᠤᠯᠵᠤ ᠪᠠᠲᠤᠯᠠᠬᠤ ᠵᠢ ᠨᠢᠭᠡ ᠴᠣᠭᠴᠠᠵᠢᠭᠤᠯᠬᠤ ᠴᠢᠳᠠᠪᠤᠷᠢ᠎ᠲᠠᠢ ᠠᠵᠤ ᠠᠬᠤᠶ᠋ᠢᠯᠠᠯ᠎ᠢ ᠤᠷᠢᠳ ᠵᠶ᠋ᠠᠷ ᠪᠣᠳᠣᠯᠬᠢᠯᠠᠨ᠎ᠠ᠃ ᠴᠠᠬᠢᠯᠭ᠋ᠠᠨ ᠬᠦᠴᠦᠨ᠎ᠤ ᠲᠣᠣᠷ᠎ᠢ ᠤᠷᠲᠤᠳᠬᠠᠨ ᠴᠠᠬᠢᠯᠭ᠋ᠠᠨ ᠨᠡᠪᠲᠡᠷᠡᠭᠦᠯᠬᠦ ᠢᠨᠵᠧᠨᠧᠷᠢᠩ᠎ᠢ ᠥᠪᠥᠷ ᠮᠣᠩᠭᠤᠯ᠎ᠤᠨ ᠴᠠᠬᠢᠯᠭ᠋ᠠᠨ ᠬᠦᠴᠦᠨ (ᠪᠦᠯᠦᠭᠯᠡᠯ)᠎ᠤ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ᠂ ᠤᠯᠤᠰ᠎ᠤᠨ ᠴᠠᠬᠢᠯᠭ᠋ᠠᠨ ᠬᠦᠴᠦᠨ᠎ᠤ ᠲᠣᠣᠷ᠎ᠤᠨ ᠥᠪᠥᠷ ᠮᠣᠩᠭᠤᠯ᠎ᠤᠨ ᠵᠡᠭᠦᠨ ᠬᠡᠰᠡᠭ᠎ᠤᠨ ᠴᠠᠬᠢᠯᠭ᠋ᠠᠨ ᠬᠦᠴᠦᠨ᠎ᠤ ᠬᠢᠵᠠᠭ᠋ᠠᠷᠲᠤ ᠺᠣᠮᠫᠠᠨᠢ᠎ᠠᠴᠠ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃
(ᠳᠥᠷᠪᠡ) ᠪᠡᠯᠡ ᠮᠥᠩᠭᠦᠨ᠎ᠤ ᠢᠷᠡᠯᠲᠡ᠃ ᠲᠠᠷᠢᠶᠠᠯᠠᠬᠤ ᠮᠠᠯᠵᠢᠬᠤ ᠡᠷᠦᠬᠡ ᠵᠢᠨ ᠰᠢᠨ᠎ᠡ ᠡᠨᠧᠷᠭᠢ᠎ᠪᠠᠷ ᠴᠠᠬᠢᠯᠭ᠋ᠠᠨ ᠬᠠᠩᠭ᠋ᠠᠬᠤ ᠰᠢᠰᠲ᠋ᠧ᠊ᠮᠤᠨ ᠢᠨᠵᠧᠨᠧᠷᠢᠩ᠎ᠢ ᠰᠢᠨ᠎ᠡ᠎ᠪᠠᠷ ᠪᠠᠶ᠋ᠢᠭᠤᠯᠬᠤ ᠪᠤᠶᠤ ᠳᠡᠰ ᠳᠡᠪᠰᠢᠭᠦᠯᠬᠦ᠎ᠪᠠᠷ ᠭᠤᠶᠤᠴᠢᠯᠠᠨ ᠮᠡᠳᠡᠭᠦᠯᠦᠭᠰᠡᠨ᠎ᠳᠤ ᠬᠡᠷᠡᠭᠰᠡᠬᠦ ᠪᠡᠯᠡ ᠮᠥᠩᠭᠦ ᠵᠢ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠤᠲᠠ᠂ ᠬᠡᠷᠡᠭᠯᠡᠭᠴᠢ 70 % : 15 % : 15 %᠎ᠪᠠᠷ ᠵᠠᠷᠤᠳᠠᠯ᠎ᠢ ᠬᠤᠪᠢᠶᠠᠨ ᠡᠭᠦᠷᠭᠡᠯᠡᠨ᠎ᠡ; ᠬᠢᠯᠢ ᠵᠢᠨ ᠬᠠᠮᠠᠭ᠋ᠠᠯᠠᠯᠲᠠ ᠵᠢᠨ ᠬᠠᠷᠠᠭᠤᠯ᠎ᠤᠨ ᠭᠠᠵᠠᠷ᠎ᠤᠨ ᠰᠢᠨ᠎ᠡ ᠡᠨᠧᠷᠭᠢ᠎ᠪᠠᠷ ᠴᠠᠬᠢᠯᠭ᠋ᠠᠨ ᠬᠠᠩᠭ᠋ᠠᠬᠤ ᠰᠢᠰᠲ᠋ᠧᠮ᠎ᠤᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢ ᠰᠢᠨ᠎ᠡ᠎ᠪᠠᠷ ᠪᠠᠶ᠋ᠢᠭᠤᠯᠬᠤ ᠪᠤᠶᠤ ᠳᠡᠰ ᠳᠡᠪᠰᠢᠭᠦᠯᠬᠦ᠎ᠪᠠᠷ ᠭᠤᠶᠤᠴᠢᠯᠠᠨ ᠮᠡᠳᠡᠭᠦᠯᠦᠭᠰᠡᠨ᠎ᠳᠤ ᠬᠡᠷᠡᠭᠰᠡᠬᠦ ᠪᠡᠯᠡ ᠮᠥᠩᠭᠦ ᠵᠢ ᠴᠥᠮ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠠᠴᠠ ᠪᠠᠲᠤᠯᠠᠨ᠎ᠠ᠃ ᠰᠢᠨ᠎ᠡ ᠡᠨᠧᠷᠭᠢ᠎ᠪᠠᠷ ᠴᠠᠬᠢᠯᠭ᠋ᠠᠨ ᠬᠠᠩᠭ᠋ᠠᠬᠤ ᠰᠢᠰᠲ᠋ᠧᠮ᠎ᠤᠨ ᠥᠮᠴᠢᠯᠡᠬᠦ ᠡᠷᠬᠡ ᠵᠢ ᠬᠡᠷᠡᠭᠯᠡᠭᠴᠢᠳ᠎ᠲᠤ ᠬᠠᠷᠢᠶᠠᠯᠠᠭᠤᠯᠤᠨ᠎ᠠ᠃ ᠴᠠᠬᠢᠯᠭ᠋ᠠᠨ ᠬᠦᠴᠦᠨ᠎ᠤ ᠲᠣᠣᠷ᠎ᠢ ᠤᠷᠲᠤᠳᠬᠠᠨ ᠴᠠᠬᠢᠯᠭ᠋ᠠᠨ ᠨᠡᠪᠲᠡᠷᠡᠭᠦᠯᠬᠦ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠪᠡᠯᠡ ᠮᠥᠩᠭᠦ ᠵᠢ ᠥᠪᠥᠷ ᠮᠣᠩᠭᠤᠯ᠎ᠤᠨ ᠴᠠᠬᠢᠯᠭ᠋ᠠᠨ ᠬᠦᠴᠦᠨ (ᠪᠦᠯᠦᠭᠯᠡᠯ)᠎ᠤ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ᠂ ᠤᠯᠤᠰ᠎ᠤᠨ ᠴᠠᠬᠢᠯᠭ᠋ᠠᠨ ᠬᠦᠴᠦᠨ᠎ᠤ ᠲᠣᠣᠷ᠎ᠤᠨ ᠥᠪᠥᠷ ᠮᠣᠩᠭᠤᠯ᠎ᠤᠨ ᠵᠡᠭᠦᠨ ᠬᠡᠰᠡᠭ᠎ᠤᠨ ᠴᠠᠬᠢᠯᠭ᠋ᠠᠨ ᠬᠦᠴᠦᠨ᠎ᠤ ᠬᠢᠵᠠᠭ᠋ᠠᠷᠲᠤ ᠺᠣᠮᠫᠠᠨᠢ᠎ᠠᠴᠠ ᠬᠥᠳᠡᠭᠡ ᠲᠣᠰᠬᠤᠨ᠎ᠤ ᠴᠠᠬᠢᠯᠭ᠋ᠠᠨ ᠬᠦᠴᠦᠨ᠎ᠤ ᠲᠣᠣᠷ᠎ᠢ ᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ᠎ᠤᠨ ᠲᠥᠪ᠎ᠤᠨ ᠲᠥᠰᠥᠪ᠎ᠲᠠᠬᠢ ᠪᠡᠯᠡ ᠮᠥᠩᠭᠦ ᠵᠢ ᠭᠤᠶᠤᠴᠢᠯᠠᠬᠤ ᠪᠤᠶᠤ ᠥᠪᠡᠰᠦᠪᠡᠨ ᠪᠡᠯᠡ ᠮᠥᠩᠭᠦ ᠴᠤᠭᠯᠠᠭᠤᠯᠬᠤ᠎ᠪᠠᠷ ᠳᠠᠮᠵᠢᠭᠤᠯᠤᠨ ᠰᠢᠢ᠍ᠳᠪᠦᠷᠢᠯᠡᠨ᠎ᠡ᠃
(ᠲᠠᠪᠤ) ᠢᠨᠵᠧᠨᠧᠷᠢᠩ᠎ᠢ ᠠᠵᠢᠯᠯᠠᠭᠤᠯᠵᠤ ᠪᠠᠲᠤᠯᠠᠬᠤ᠃ ᠰᠢᠨ᠎ᠡ ᠡᠨᠧᠷᠭᠢ᠎ᠪᠠᠷ ᠴᠠᠬᠢᠯᠭ᠋ᠠᠨ ᠬᠠᠩᠭ᠋ᠠᠬᠤ ᠰᠢᠰᠲ᠋ᠧᠮ᠎ᠢ ᠠᠵᠢᠯᠯᠠᠭᠤᠯᠤᠨ ᠪᠠᠲᠤᠯᠠᠬᠤ ᠠᠵᠢᠯ᠎ᠢ᠂ ᠠᠰᠢᠭᠯᠠᠯᠲᠠ᠎ᠳᠤ ᠣᠷᠣᠭᠤᠯᠤᠨ ᠴᠢᠨᠠᠷ᠎ᠢ ᠪᠠᠲᠤᠯᠠᠬᠤ ᠬᠤᠭᠤᠴᠠᠭ᠋ᠠᠨ᠎ᠳᠤ ᠲᠥᠬᠦᠭᠡᠷᠦᠮᠵᠢ ᠬᠠᠩᠭ᠋ᠠᠭᠰᠠᠨ ᠬᠤᠳᠠᠯᠳᠤᠭ᠋ᠠᠴᠢᠨ ᠳᠠᠭ᠋ᠠᠭ᠋ᠠᠨ ᠡᠭᠦᠷᠭᠡᠯᠡᠵᠦ᠂ ᠠᠰᠢᠭᠯᠠᠯᠲᠠ᠎ᠳᠤ ᠣᠷᠣᠭᠤᠯᠤᠨ ᠴᠢᠨᠠᠷ᠎ᠢ ᠪᠠᠲᠤᠯᠠᠬᠤ ᠬᠤᠭᠤᠴᠠᠭ᠋ᠠᠨ᠎ᠠᠴᠠ ᠭᠠᠳᠠᠨ᠎ᠠ ᠪᠣᠯᠤᠭᠰᠠᠨ᠎ᠢ᠎ᠨᠢ ᠳᠠᠭ᠋ᠠᠭ᠋ᠠᠴᠢᠯᠠᠯᠲᠠ ᠣᠯᠣᠭᠰᠠᠨ ᠢᠨᠵᠧᠨᠧᠷᠢᠩ᠎ᠢ ᠬᠡᠷᠡᠭᠵᠢᠭᠦᠯᠬᠦ ᠭᠤᠣᠯ ᠴᠣᠭᠴᠠ ᠳᠠᠭ᠋ᠠᠭ᠋ᠠᠨ ᠡᠭᠦᠷᠭᠡᠯᠡᠵᠦ᠂ ᠠᠵᠢᠯᠯᠠᠭᠤᠯᠵᠤ ᠪᠠᠲᠤᠯᠠᠬᠤ ᠪᠡᠯᠡ ᠮᠥᠩᠭᠦᠨ᠎ᠤ ᠬᠡᠷᠡᠭᠴᠡᠭᠡ ᠱᠠᠭ᠋ᠠᠷᠳᠠᠯᠭ᠎ᠠ ᠵᠢ ᠪᠣᠯ ᠪᠠᠶ᠋ᠢᠴᠠᠭ᠋ᠠᠨ ᠣᠶ᠋ᠢᠯᠠᠭ᠋ᠠᠭᠰᠠᠨ ᠠᠵᠢᠯ ᠵᠶ᠋ᠠᠨ ᠦᠨᠳᠦᠰᠦᠯᠡᠨ 《ᠰᠢᠨ᠎ᠡ ᠡᠨᠧᠷᠭᠢ᠎ᠪᠠᠷ ᠴᠠᠬᠢᠯᠭ᠋ᠠᠨ ᠬᠠᠩᠭ᠋ᠠᠬᠤ ᠰᠢᠰᠲ᠋ᠧᠮ᠎ᠢ ᠪᠦᠲᠦᠭᠡᠨ ᠪᠠᠶ᠋ᠢᠭᠤᠯᠬᠤ᠂ ᠳᠡᠰ ᠳᠡᠪᠰᠢᠭᠦᠯᠬᠦ ᠲᠥᠰᠥᠯ》᠎ᠳᠤ᠎ᠪᠠᠨ ᠵᠢᠭᠰᠠᠭ᠋ᠠᠨ ᠣᠷᠣᠭᠤᠯᠤᠨ᠎ᠠ᠃ ᠴᠠᠬᠢᠯᠭ᠋ᠠᠨ ᠬᠦᠴᠦᠨ᠎ᠤ ᠲᠣᠣᠷ᠎ᠢ ᠤᠷᠲᠤᠳᠬᠠᠨ ᠴᠠᠬᠢᠯᠭ᠋ᠠᠨ ᠨᠡᠪᠲᠡᠷᠡᠭᠦᠯᠬᠦ ᠢᠨᠵᠧᠨᠧᠷᠢᠩ᠎ᠤᠨ ᠠᠵᠢᠯᠯᠠᠭᠤᠯᠵᠤ ᠪᠠᠲᠤᠯᠠᠬᠤ ᠠᠵᠢᠯ᠎ᠢ ᠥᠪᠥᠷ ᠮᠣᠩᠭᠤᠯ᠎ᠤᠨ ᠴᠠᠬᠢᠯᠭ᠋ᠠᠨ ᠬᠦᠴᠦᠨ (ᠪᠦᠯᠦᠭᠯᠡᠯ)᠎ᠤ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ᠂ ᠤᠯᠤᠰ᠎ᠤᠨ ᠴᠠᠬᠢᠯᠭ᠋ᠠᠨ ᠬᠦᠴᠦᠨ᠎ᠤ ᠲᠣᠣᠷ᠎ᠤᠨ ᠥᠪᠥᠷ ᠮᠣᠩᠭᠤᠯ᠎ᠤᠨ ᠵᠡᠭᠦᠨ ᠬᠡᠰᠡᠭ᠎ᠤᠨ ᠴᠠᠬᠢᠯᠭ᠋ᠠᠨ ᠬᠦᠴᠦᠨ᠎ᠤ ᠬᠢᠵᠠᠭ᠋ᠠᠷᠲᠤ ᠺᠣᠮᠫᠠᠨᠢ ᠬᠠᠷᠢᠭᠤᠴᠠᠨ᠎ᠠ᠃
ᠲᠠᠪᠤ᠂ ᠪᠠᠲᠤᠯᠠᠬᠤ ᠠᠷᠭ᠎ᠠ ᠬᠡᠮᠵᠢᠶ᠎ᠡ
(ᠨᠢᠭᠡ) ᠵᠣᠬᠢᠶᠠᠨ ᠪᠠᠶ᠋ᠢᠭᠤᠯᠵᠤ ᠬᠡᠷᠡᠭᠵᠢᠭᠦᠯᠬᠦ ᠵᠢ ᠴᠢᠩᠭ᠋ᠠᠳᠬᠠᠨ᠎ᠠ᠃ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠨᠢ ᠲᠠᠷᠢᠶᠠᠯᠠᠬᠤ ᠮᠠᠯᠵᠢᠬᠤ ᠡᠷᠦᠬᠡ ᠵᠢᠨ ᠰᠠᠭᠤᠷᠢᠰᠢᠭᠰᠠᠨ ᠭᠠᠵᠠᠷ ᠬᠢᠭᠡᠳ ᠬᠤᠪᠢᠰᠬᠠᠭᠤᠷ᠎ᠤᠨ ᠥᠷᠲᠡᠭᠡ᠎ᠯᠦᠭᠡ ᠵᠢᠨ ᠵᠠᠢ ᠵᠢᠴᠢ ᠴᠠᠬᠢᠯᠭ᠋ᠠᠨ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ᠂ ᠲᠠᠰ ᠳᠡᠪᠰᠢᠭᠦᠯᠬᠦ ᠬᠦᠰᠡᠯ ᠡᠷᠡᠮᠡᠯᠵᠡᠯ ᠵᠡᠷᠭᠡ ᠪᠠᠶ᠋ᠢᠳᠠᠯ᠎ᠢ᠎ᠨᠢ ᠦᠨᠳᠦᠰᠦᠯᠡᠨ᠂ 2023 ᠣᠨ᠎ᠤ 9 ᠳ᠋ᠦ᠍ᠭᠡᠷ ᠰᠠᠷ᠎ᠠ ᠵᠢᠨ ᠰᠡᠭᠦᠯᠴᠢ᠎ᠠᠴᠠ ᠡᠮᠦᠨ᠎ᠡ 《ᠰᠢᠨ᠎ᠡ ᠡᠨᠧᠷᠭᠢ᠎ᠪᠠᠷ ᠴᠠᠬᠢᠯᠭ᠋ᠠᠨ ᠬᠠᠩᠭ᠋ᠠᠬᠤ ᠰᠢᠰᠲ᠋ᠧᠮ᠎ᠢ ᠪᠦᠲᠦᠭᠡᠨ ᠪᠠᠶ᠋ᠢᠭᠤᠯᠬᠤ᠂ ᠲᠠᠰ ᠳᠡᠪᠰᠢᠭᠦᠯᠬᠦ ᠲᠥᠰᠥᠯ》᠎ᠢ ᠨᠠᠶ᠋ᠢᠷᠠᠭᠤᠯᠤᠨ ᠵᠣᠬᠢᠶᠠᠵᠤ ᠳᠠᠭᠤᠰᠬᠤ ᠵᠢᠨ ᠬᠠᠮᠲᠤ᠂ ᠰᠢᠨ᠎ᠡ ᠡᠨᠧᠷᠭᠢ᠎ᠪᠠᠷ ᠴᠠᠬᠢᠯᠭ᠋ᠠᠨ ᠬᠠᠩᠭ᠋ᠠᠬᠤ ᠰᠢᠰᠲ᠋ᠧᠮ᠎ᠢ ᠤᠭᠰᠠᠷᠠᠭᠤᠯᠬᠤ ᠪᠤᠶᠤ ᠳᠡᠰ ᠳᠡᠪᠰᠢᠭᠦᠯᠬᠦ᠎ᠪᠠᠷ ᠲᠥᠯᠥᠪᠯᠡᠵᠦ ᠪᠠᠶ᠋ᠢᠭ᠎ᠠ ᠬᠡᠷᠡᠭᠯᠡᠭᠴᠢᠳ᠎ᠲᠠᠢ ᠵᠥᠪᠯᠡᠯᠴᠡᠭᠡᠷ ᠲᠣᠭᠲᠠᠬᠤ ᠬᠠᠮᠢᠶ᠎ᠠ ᠪᠦᠬᠦᠢ ᠠᠵᠢᠯ᠎ᠢ ᠰᠠᠶ᠋ᠢᠲᠤᠷ ᠬᠢᠵᠦ᠂ ᠤᠭᠰᠠᠷᠠᠬᠤ ᠪᠣᠯᠣᠨ ᠪᠠᠭᠲᠠᠭ᠋ᠠᠮᠵᠢ ᠵᠢ ᠲᠠᠰ ᠳᠡᠪᠰᠢᠭᠦᠯᠬᠦ᠎ᠪᠠᠷ ᠪᠠᠶ᠋ᠢᠬᠤ ᠪᠠ ᠬᠡᠷᠡᠭᠯᠡᠭᠴᠢ ᠵᠢᠨ ᠪᠡᠯᠡ ᠭᠠᠷᠭ᠋ᠠᠬᠤ ᠲᠤᠭ᠎ᠠ ᠵᠢᠴᠢ ᠰᠦᠢ᠍ᠳᠬᠡᠯ ᠲᠤᠰᠢᠶᠠᠬᠤ ᠬᠤᠭᠤᠴᠠᠭ᠎ᠠ ᠬᠢᠵᠠᠭ᠋ᠠᠷ ᠵᠡᠷᠭᠡ ᠬᠠᠮᠢᠶ᠎ᠠ ᠪᠦᠬᠦᠢ ᠠᠭᠤᠯᠭ᠎ᠠ ᠵᠢ ᠲᠣᠳᠣᠷᠬᠠᠶ᠋ᠢᠯᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠂ ᠡᠨᠧᠷᠭᠢ ᠵᠢᠨ ᠲᠣᠪᠴᠢᠶ᠎ᠠ᠎ᠨᠢ 《ᠰᠢᠨ᠎ᠡ ᠡᠨᠧᠷᠭᠢ᠎ᠪᠠᠷ ᠴᠠᠬᠢᠯᠭ᠋ᠠᠨ ᠬᠠᠩᠭ᠋ᠠᠬᠤ ᠰᠢᠰᠲ᠋ᠧᠮ᠎ᠢ ᠪᠦᠲᠦᠭᠡᠨ ᠪᠠᠶ᠋ᠢᠭᠤᠯᠬᠤ᠂ ᠲᠠᠰ ᠳᠡᠪᠰᠢᠭᠦᠯᠬᠦ ᠲᠥᠰᠥᠯ》᠎ᠢ ᠳᠠᠷᠤᠮᠠᠯᠯᠠᠨ ᠲᠠᠷᠬᠠᠭ᠋ᠠᠭᠰᠠᠨ᠎ᠤ ᠳᠠᠷᠠᠭ᠎ᠠ 1 ᠰᠠᠷ᠎ᠠ ᠵᠢᠨ ᠳᠣᠲᠣᠷ᠎ᠠ ᠲᠥᠷᠥᠯ ᠵᠦᠢ᠍ᠯ᠎ᠤᠨ ᠪᠡᠯᠡ ᠮᠥᠩᠭᠦᠨ᠎ᠤ ᠬᠠᠮᠢᠶᠠᠷᠤᠯᠲᠠ ᠵᠢᠨ ᠠᠷᠭ᠎ᠠ ᠵᠢ ᠰᠤᠳᠤᠯᠤᠨ ᠲᠣᠭᠲᠠᠭ᠋ᠠᠬᠤ ᠬᠡᠷᠡᠭᠲᠡᠢ᠃
(ᠬᠤᠶᠠᠷ) ᠪᠠᠲᠤᠯᠠᠬᠤ ᠠᠵᠢᠯ᠎ᠢ ᠰᠠᠶ᠋ᠢᠲᠤᠷ ᠬᠢᠨ᠎ᠡ᠃ ᠰᠢᠨ᠎ᠡ ᠡᠨᠧᠷᠭᠢ᠎ᠪᠠᠷ ᠴᠠᠬᠢᠯᠭ᠋ᠠᠨ ᠬᠠᠩᠭ᠋ᠠᠬᠤ ᠰᠢᠰᠲ᠋ᠧᠮ᠎ᠤᠨ ᠪᠦᠲᠦᠭᠡᠨ ᠪᠠᠶ᠋ᠢᠭᠤᠯᠤᠯᠲᠠ ᠵᠢᠨ ᠪᠡᠯᠡ ᠮᠥᠩᠭᠦ ᠵᠢ ᠡᠯ᠎ᠡ ᠱᠠᠲᠤᠨ᠎ᠤ ᠡᠳ᠋᠎ᠤᠨ ᠵᠠᠰᠠᠭ᠎ᠠᠴᠠ ᠬᠤᠪᠢᠳᠠᠨ ᠡᠭᠦᠷᠭᠡᠯᠡᠬᠦ ᠬᠠᠷᠢᠴᠠᠯ ᠶᠣᠰᠣᠭ᠋ᠠᠷ ᠣᠨ᠎ᠤ ᠡᠳ᠋᠎ᠤᠨ ᠵᠠᠰᠠᠭ᠎ᠤᠨ ᠲᠥᠰᠥᠪ᠎ᠲᠤ᠎ᠪᠠᠨ ᠣᠷᠣᠭᠤᠯᠤᠨ ᠪᠠᠲᠤᠯᠠᠬᠤ ᠵᠢᠨ ᠬᠠᠮᠲᠤ᠂ 2023 ᠣᠨ᠎ᠤ 10 ᠳ᠋ᠤᠭ᠋ᠠᠷ ᠰᠠᠷ᠎ᠠ᠎ᠠᠴᠠ 12 ᠳ᠋ᠤᠭ᠋ᠠᠷ ᠰᠠᠷ᠎ᠠ ᠪᠣᠯᠲᠠᠯᠠᠬᠢ ᠢᠨᠵᠧᠨᠧᠷᠢᠩ᠎ᠳᠤ ᠬᠡᠷᠡᠭᠰᠡᠬᠦ ᠪᠡᠯᠡ ᠮᠥᠩᠭᠦ ᠵᠢ ᠲᠦᠷᠭᠡᠬᠡᠨ ᠵᠣᠬᠢᠶᠠᠨ ᠪᠠᠶ᠋ᠢᠭᠤᠯᠵᠤ ᠨᠠᠶ᠋ᠢᠳᠠᠪᠤᠷᠢᠵᠢᠭᠤᠯᠬᠤ ᠬᠡᠷᠡᠭᠲᠡᠢ᠃ ᠰᠢᠨ᠎ᠡ ᠡᠨᠧᠷᠭᠢ᠎ᠪᠠᠷ ᠴᠠᠬᠢᠯᠭ᠋ᠠᠨ ᠬᠠᠩᠭ᠋ᠠᠬᠤ ᠰᠢᠰᠲ᠋ᠧᠮ᠎ᠤᠨ ᠬᠡᠷᠡᠭᠵᠢᠭᠦᠯᠬᠦ ᠭᠤᠣᠯ ᠴᠣᠭᠴᠠ᠎ᠨᠢ ᠡᠬᠢ ᠪᠠᠶᠠᠯᠢᠭ᠎ᠤᠨ ᠨᠥᠬᠦᠴᠡᠯ ᠪᠠ ᠠᠳᠠᠯᠢ ᠪᠤᠰᠤ ᠬᠡᠷᠡᠭᠯᠡᠭᠴᠢ ᠵᠢᠨ ᠬᠡᠷᠡᠭᠴᠡᠭᠡ ᠱᠠᠭ᠋ᠠᠷᠳᠠᠯᠭ᠎ᠠ ᠵᠢ ᠦᠨᠳᠦᠰᠦᠯᠡᠨ ᠵᠦᠢ ᠵᠣᠬᠢᠰᠲᠠᠢ ᠲᠥᠰᠥᠯ᠂ ᠲᠡᠷᠢᠭᠦᠨ᠎ᠤ ᠪᠠᠷᠢᠮᠵᠢᠶ᠎ᠠ᠎ᠪᠠᠨ ᠳᠤᠷᠠᠳᠴᠤ᠂ ᠲᠥᠬᠦᠭᠡᠷᠦᠮᠵᠢ ᠵᠢᠨ ᠳᠠᠭ᠋ᠠᠭ᠋ᠠᠴᠢᠯᠠᠯᠲᠠ ᠵᠠᠷᠯᠠᠬᠤ ᠪᠠ ᠵᠣᠬᠢᠶᠠᠨ ᠪᠠᠶ᠋ᠢᠭᠤᠯᠵᠤ ᠪᠠᠶ᠋ᠢᠭᠤᠯᠬᠤ ᠠᠵᠢᠯ᠎ᠢ ᠥᠷᠨᠢᠭᠦᠯᠬᠦ ᠬᠡᠷᠡᠭᠲᠡᠢ᠃
(ᠭᠤᠷᠪᠠ) ᠬᠢᠨᠠᠯᠲᠠ ᠬᠠᠮᠢᠶᠠᠷᠤᠯᠲᠠ᠎ᠪᠠᠨ ᠴᠢᠩᠭ᠋ᠠᠷᠠᠭᠤᠯᠤᠨ᠎ᠠ᠃ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠨᠢ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢ ᠮᠦᠷᠳᠡᠨ ᠳᠠᠭ᠋ᠠᠵᠤ ᠬᠢᠨᠠᠨ ᠪᠣᠳᠣᠯᠲᠠ ᠬᠢᠬᠦ ᠠᠵᠢᠯ ᠵᠶ᠋ᠠᠨ ᠴᠢᠩᠭ᠋ᠠᠷᠠᠭᠤᠯᠵᠤ᠂ ᠲᠥᠬᠦᠭᠡᠷᠦᠮᠵᠢ ᠬᠤᠳᠠᠯᠳᠤᠨ ᠠᠪᠬᠤ᠂ ᠢᠨᠵᠧᠨᠧᠷᠢᠩ᠎ᠤᠨ ᠬᠠᠮᠢᠶᠠᠷᠤᠯᠲᠠ᠂ ᠪᠠᠶ᠋ᠢᠭᠤᠯᠤᠯᠲᠠ ᠵᠢᠨ ᠠᠵᠢᠯ᠎ᠤᠨ ᠴᠢᠨᠠᠷ ᠴᠢᠨᠰᠠᠭ᠎ᠠ᠂ ᠪᠡᠯᠡ ᠮᠥᠩᠭᠦᠨ᠎ᠤ ᠬᠠᠮᠢᠶᠠᠷᠤᠯᠲᠠ ᠪᠣᠯᠣᠨ ᠬᠡᠷᠡᠭᠯᠡᠯᠲᠡ ᠵᠡᠷᠭᠡ ᠵᠢ ᠪᠠᠭᠲᠠᠭ᠋ᠠᠭᠰᠠᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠪᠦᠬᠦ ᠶᠠᠪᠤᠴᠠ᠎ᠳᠤ ᠬᠢᠨᠠᠯᠲᠠ ᠲᠠᠯᠪᠢᠬᠤ ᠬᠡᠷᠡᠭᠲᠡᠢ᠃ ᠢᠨᠵᠧᠨᠧᠷᠢᠩ᠎ᠤᠨ ᠠᠵᠢᠯ ᠳᠠᠭᠤᠰᠤᠭᠰᠠᠨ᠎ᠤ ᠳᠠᠷᠠᠭ᠎ᠠ᠂ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠨᠢ ᠬᠠᠮᠢᠶ᠎ᠠ ᠪᠦᠬᠦᠢ ᠰᠠᠯᠠᠭ᠎ᠠ ᠮᠥᠴᠢᠷ᠎ᠤᠳ᠎ᠢ ᠵᠣᠬᠢᠶᠠᠨ ᠪᠠᠶ᠋ᠢᠭᠤᠯᠵᠤ ᠪᠠᠶ᠋ᠢᠭ᠋ᠠᠳ ᠴᠠᠬᠢᠯᠭ᠋ᠠᠨ ᠬᠦᠴᠦᠨ᠎ᠤ ᠲᠣᠣᠷ᠎ᠤᠨ ᠠᠵᠤ ᠠᠬᠤᠶ᠋ᠢᠯᠠᠯ᠂ ᠰᠢᠨ᠎ᠡ ᠡᠨᠧᠷᠭᠢ᠎ᠪᠠᠷ ᠴᠠᠬᠢᠯᠭ᠋ᠠᠨ ᠬᠠᠩᠭ᠋ᠠᠬᠤ ᠰᠢᠰᠲ᠋ᠧᠮ᠎ᠤᠨ ᠬᠡᠷᠡᠭᠵᠢᠭᠦᠯᠬᠦ ᠭᠤᠣᠯ ᠴᠣᠭᠴᠠ᠎ᠯᠤᠭ᠎ᠠ ᠬᠠᠮᠲᠤᠷᠠᠨ ᠢᠨᠵᠧᠨᠧᠷᠢᠩ᠎ᠢ ᠰᠢᠯᠭ᠋ᠠᠨ ᠬᠤᠷᠢᠶᠠᠵᠤ᠂ ᠠᠵᠢᠯ ᠳᠠᠭᠤᠰᠤᠭᠰᠠᠨ ᠢᠨᠵᠧᠨᠧᠷᠢᠩ᠎ᠢ ᠰᠢᠯᠭ᠋ᠠᠨ ᠬᠤᠷᠢᠶᠠᠬᠤ᠂ ᠠᠵᠢᠯ ᠳᠠᠭᠤᠰᠤᠭᠰᠠᠨ ᠡᠳ᠋᠎ᠤᠨ ᠶᠠᠪᠤᠳᠠᠯ᠎ᠤᠨ ᠲᠥᠰᠥᠪ᠎ᠤᠨ ᠭᠦᠢ᠍ᠴᠡᠳᠬᠡᠯ ᠵᠢᠴᠢ ᠢᠨᠵᠧᠨᠧᠷᠢᠩ᠎ᠤᠨ ᠬᠢᠨᠠᠨ ᠪᠣᠳᠣᠯᠲᠠ ᠵᠢᠨ ᠮᠡᠳᠡᠭᠦᠯᠦᠯᠲᠡ ᠵᠢ ᠪᠦᠷᠢᠯᠳᠦᠭᠦᠯᠵᠦ ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠲᠣᠪᠴᠢᠶ᠎ᠠ᠂ ᠡᠳ᠋᠎ᠤᠨ ᠵᠠᠰᠠᠭ᠎ᠤᠨ ᠲᠢᠩᠬᠢᠮ᠂ ᠬᠢᠨᠠᠨ ᠪᠣᠳᠣᠬᠤ ᠲᠢᠩᠬᠢᠮ᠎ᠳᠤ ᠮᠡᠳᠡᠭᠦᠯᠬᠦ ᠬᠡᠷᠡᠭᠲᠡᠢ᠃ ᠡᠭᠦᠨ᠎ᠤ ᠬᠠᠮᠲᠤ᠂ ᠡᠯ᠎ᠡ ᠠᠶ᠋ᠢᠮᠠᠭ ᠬᠤᠲᠠ ᠵᠢᠨ ᠡᠳ᠋᠎ᠤᠨ ᠵᠠᠰᠠᠭ᠎ᠤᠨ ᠲᠣᠪᠴᠢᠶ᠎ᠠ᠎ᠨᠢ ᠪᠡᠯᠡ ᠮᠥᠩᠭᠦᠨ᠎ᠤ ᠬᠠᠮᠢᠶᠠᠷᠴᠤ ᠬᠡᠷᠡᠭᠯᠡᠭᠰᠡᠨ ᠪᠠᠶ᠋ᠢᠳᠠᠯ ᠵᠶ᠋ᠠᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠳᠤ ᠴᠠᠭ ᠲᠤᠬᠠᠢᠳᠤᠨᠢ ᠮᠡᠳᠡᠭᠦᠯᠬᠦ ᠬᠡᠷᠡᠭᠲᠡᠢ᠃
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
2023 ᠣᠨ᠎ᠤ 8 ᠳ᠋ᠤᠭ᠋ᠠᠷ ᠰᠠᠷ᠎ᠠ ᠵᠢᠨ 14᠎ᠤ ᠡᠳᠦᠷ ᠳᠠᠷᠤᠮᠠᠯᠯᠠᠨ ᠲᠠᠷᠬᠠᠭ᠋ᠠᠪᠠ