ᠣᠶ᠋ᠢᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠢᠭᠡᠳᠦᠮᠡᠯ ᠹᠷᠣᠨᠲ᠎ᠤᠨ ᠬᠡᠯᠲᠡᠰ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠬᠦ ᠵᠦᠪᠯᠡᠯ᠎ᠠᠴᠠ 《ᠪᠥᠬᠥ ᠣᠷᠣᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢᠨ ᠠᠵᠢᠯ᠎ᠤᠨ ᠲᠥᠰᠦᠯ (2023—2027 ᠣᠨ)》᠎ᠢ ᠲᠣᠭᠲᠠᠭ᠋ᠠᠨ ᠨᠡᠶ᠋ᠢᠲᠡᠯᠡᠵᠦ᠂ ᠪᠥᠬᠥ ᠣᠷᠣᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢᠨ ᠠᠵᠢᠯ᠎ᠳᠤ ᠪᠠᠶ᠋ᠢᠷᠢᠯᠠᠭᠤᠯᠤᠯᠲᠠ ᠬᠢᠪᠠ᠃
《ᠲᠥᠰᠥᠯ》᠎ᠳᠤ ᠴᠢᠬᠤᠯᠠᠴᠢᠯᠠᠭᠰᠠᠨ᠎ᠨᠢ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠳᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠣᠯᠣᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠪᠦᠷᠢᠨ ᠪᠦᠲᠦᠨ ᠵᠥᠪ ᠣᠨᠣᠪᠴᠢᠲᠠᠶ ᠪᠦᠬᠦ ᠲᠠᠯ᠎ᠠ᠎ᠪᠠᠷ ᠡᠵᠡᠮᠰᠢᠨ ᠳᠣᠭᠤᠰᠢᠯᠠᠭᠤᠯᠤᠨᠠ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠡᠨᠡ ᠬᠦ᠌ ᠭᠣᠣᠯ ᠰᠢᠵᠢᠮ᠎ᠢ ᠴᠢᠩᠭ᠎ᠠ ᠡᠵᠡᠮᠲᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠬᠥᠮᠦᠵᠢᠯ ᠦᠢ᠍ᠯᠡᠳᠦᠯᠭᠡ ᠵᠢᠨ ᠰᠢᠰᠲ᠋ᠧᠮ᠎ᠢ ᠲᠡᠭᠦᠯᠳᠡᠷᠵᠢᠭᠦᠯᠵᠦ᠂ ᠤᠬᠠᠭᠤᠯᠭ᠎ᠠ ᠬᠥᠮᠦᠵᠢᠯ᠎ᠤᠨ ᠬᠠᠨᠳᠤᠯᠭ᠋ᠠᠲᠤ ᠴᠢᠨᠠᠷ ᠪᠦᠲᠦᠮᠵᠢᠲᠦ ᠴᠢᠨᠠᠷ᠎ᠢ ᠳᠣᠪᠣᠶ᠋ᠢᠯᠭ᠋ᠠᠵᠤ᠂ ᠨᠠᠮ᠎ᠤᠨ ᠦᠨᠳᠦᠰᠦᠲᠡᠨ᠎ᠤ ᠣᠨᠣᠯ ᠪᠠ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢ ᠴᠢᠩᠭ᠋ᠠᠳᠬᠠᠵᠤ᠂ ᠦᠨᠳᠦᠰᠦᠲᠡᠨ᠎ᠨᠦᠭᠦᠳ᠎ᠢ ᠬᠥᠮᠥᠵᠢᠭᠦᠯᠦᠨ ᠬᠥᠲᠥᠯᠥᠨ ᠵᠢᠯᠤᠭᠣᠳᠴᠤ ᠪᠠᠢ᠌ᠭ᠋ᠠᠳ ᠵᠥᠪ ᠣᠨᠣᠪᠴᠢᠲᠠᠶ ᠤᠯᠤᠰ᠎ᠤᠨ ᠦᠵᠡᠯᠲᠡ᠂ ᠦᠨᠳᠦᠰᠦᠲᠡᠨ᠎ᠤ ᠦᠵᠡᠯᠲᠡ᠂ ᠲᠡᠦᠬᠡ ᠵᠢᠨ ᠦᠵᠡᠯᠲᠡ᠂ ᠰᠣᠶᠣᠯ᠎ᠤᠨ ᠦᠵᠡᠯᠲᠡ᠂ ᠱᠠᠰᠢᠨ ᠰᠤᠷᠲᠠᠬᠤᠨ᠎ᠤ ᠦᠵᠡᠯᠲᠡ ᠪᠠ ᠵᠢᠷᠭ᠋ᠠᠯ ᠵᠣᠪᠠᠯᠠᠩ ᠵᠶ᠋ᠠᠨ ᠬᠠᠮᠲᠤᠳᠬᠠᠬᠤ᠂ ᠠᠯᠳᠠᠷ ᠭᠤᠲᠤᠮᠰᠢᠭ ᠵᠶ᠋ᠠᠨ ᠬᠠᠮᠲᠤᠳᠬᠠᠬᠤ᠂ ᠦᠬᠦᠵᠦ ᠰᠡᠭᠡᠬᠦ᠎ᠪᠠᠨ ᠬᠠᠮᠲᠤᠳᠬᠠᠬᠤ᠂ ᠬᠤᠪᠢ ᠵᠠᠶᠠᠭ᠎ᠠ᠎ᠪᠠᠨ ᠬᠠᠮᠲᠤᠳᠬᠠᠬᠤ ᠬᠠᠮᠲᠤ ᠵᠢᠨ ᠴᠣᠭᠴᠠ ᠵᠢᠨ ᠣᠢ᠌ᠯᠠᠭ᠋ᠠᠭᠳᠠᠬᠤᠨ᠎ᠢ ᠪᠠᠲᠤ ᠪᠡᠬᠢ ᠪᠤᠢ ᠪᠣᠯᠭ᠋ᠠᠬᠤ ᠬᠡᠷᠡᠭᠲᠡᠢ᠃ ᠠᠭᠤᠤ ᠶᠡᠬᠡ ᠡᠬᠡ ᠤᠯᠤᠰ᠂ ᠳᠤᠮᠳᠠᠳᠤ ᠵᠢᠨ ᠦᠨᠳᠦᠰᠦᠲᠡᠨ᠂ ᠳᠤᠮᠳᠠᠳᠤ ᠵᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠲᠤᠬᠠᠢ ᠳᠡᠭᠡᠳᠦ ᠬᠡᠮᠵᠢᠶᠡᠨ᠎ᠤ ᠮᠡᠳᠡᠷᠡᠬᠦᠢ᠎ᠪᠠᠨ ᠲᠠᠰᠤᠷᠠᠯᠲᠠ ᠦᠭᠡᠢ ᠴᠢᠩᠭ᠋ᠠᠳᠬᠠᠨ᠎ᠠ᠃ ᠮᠠᠨ᠎ᠤ ᠣᠷᠣᠨ᠎ᠤ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠰᠦᠷ ᠳᠠᠯᠠᠢ᠌ᠴᠠᠲᠠᠢ ᠬᠦᠴᠦᠨ᠎ᠢ ᠨᠢᠭᠲᠠᠷᠠᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠨ᠎ᠡ᠃
《ᠲᠥᠰᠦᠯ》᠎ᠳᠤ ᠱᠠᠭ᠋ᠠᠷᠳᠠᠭᠰᠠᠨ᠎ᠨᠢ᠂ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠤᠨ ᠪᠥᠲᠥᠭᠡᠨ ᠪᠠᠶ᠋ᠢᠭᠤᠯᠤᠯᠲᠠ᠎ᠨᠢ 《ᠨᠠᠮ᠎ᠤᠨ ᠠᠴᠢ᠎ᠳᠤ ᠲᠠᠯᠠᠷᠬᠠᠵᠤ ᠨᠠᠮ᠎ᠤᠨ ᠦᠭᠡ ᠵᠢ ᠰᠣᠨᠣᠰᠴᠤ ᠨᠠᠮ ᠵᠶ᠋ᠠᠨ ᠳᠠᠭ᠋ᠠᠵᠤ᠂ ᠶᠡᠷᠦᠩᠬᠡᠢ ᠱᠦᠵᠢ ᠰᠢ ᠵᠢᠨ ᠫᠢᠩ᠎ᠢ ᠴᠢᠩᠭ᠎ᠠ ᠳᠠᠭ᠋ᠠᠵᠤ ᠰᠢᠨ᠎ᠡ ᠠᠶᠠᠨ ᠵᠠᠮ᠎ᠳᠤ ᠡᠷᠡᠯᠬᠡᠭᠯᠡᠨ ᠤᠷᠤᠭᠰᠢᠯᠠᠬᠤ》᠎ᠪᠠᠷ ᠦᠨᠳᠦᠰᠦᠨ ᠤᠯᠤᠰ ᠲᠥᠷᠥ ᠵᠢᠨ ᠤᠷᠢᠲᠠᠯ ᠪᠣᠯᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠡᠨᠡ ᠬᠦ᠌ ᠭᠤᠤᠯ ᠰᠢᠵᠢᠮ᠎ᠢ ᠴᠢᠩᠭ᠎ᠠ ᠡᠵᠡᠮᠳᠡᠵᠦ᠂ ᠥᠪᠡᠷᠲᠡᠭᠡᠨ ᠵᠠᠰᠠᠬᠤ ᠣᠷᠣᠨ᠎ᠤ ᠣᠲᠣ ᠵᠢᠨ ᠪᠠᠶ᠋ᠢᠭ᠎ᠠ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠎ᠤᠨ ᠰᠠᠭᠤᠷᠢᠨ ᠭᠠᠵᠠᠷ ᠪᠠ ᠡᠯ᠎ᠡ ᠱᠠᠲᠤᠨ᠎ᠤ ᠡᠯ᠎ᠡ ᠲᠥᠷᠥᠯ᠎ᠤᠨ ᠮᠦᠽᠧᠶ᠂ ᠦᠵᠡᠭᠦᠯᠭᠡ ᠵᠢᠨ ᠣᠷᠳᠣᠨ᠂ ᠭᠤᠤᠯ ᠰᠡᠳᠦᠪᠲᠦ ᠴᠡᠴᠡᠷᠯᠢᠭ ᠵᠡᠷᠭᠡ ᠲᠠᠯᠠᠪᠤᠷ ᠭᠠᠵᠠᠷ᠎ᠢ ᠭᠦᠢ᠍ᠴᠡᠳ ᠠᠰᠢᠭᠯᠠᠵᠤ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢᠨ ᠲᠡᠦᠬᠡ ᠰᠣᠶᠣᠯ᠎ᠤᠨ ᠡᠬᠢ ᠪᠠᠶᠠᠯᠢᠭ ᠪᠠ ᠬᠤᠪᠢᠰᠬᠠᠯ᠎ᠤᠨ ᠤᠳᠤᠮᠰᠢᠯ᠎ᠢ ᠭᠦᠨᠵᠡᠭᠡᠶ ᠠᠭᠤᠳᠠᠯᠤᠨ ᠡᠮᠬᠢᠳᠬᠡᠵᠦ᠂ ᠳᠡᠯᠭᠡᠨ ᠦᠵᠡᠭᠦᠯᠵᠦ᠂ ᠢᠳᠡᠪᠬᠢ ᠬᠦᠴᠦᠨ᠎ᠢ ᠪᠠᠳᠠᠷᠠᠭᠤᠯᠵᠤ᠂ ᠭᠤᠤᠯ ᠬᠥᠭ ᠠᠶᠠᠰ᠎ᠢ ᠴᠢᠪᠬᠠᠳᠠᠨ ᠴᠤᠤᠷᠢᠶᠠᠳᠠᠭᠤᠯᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠥᠯᠢᠭᠡᠷ᠎ᠢ ᠰᠠᠶ᠋ᠢᠲᠤᠷ ᠶᠠᠷᠢᠨ᠎ᠠ᠃
《ᠲᠥᠰᠦᠯ》᠎ᠳᠤ᠂ 2024 ᠣᠨ᠎ᠠᠴᠠ ᠡᠬᠢᠯᠡᠵᠦ᠂ ᠵᠢᠯ ᠪᠦᠷᠢ ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠬᠥᠮᠦᠵᠢᠯ ᠦᠢ᠍ᠯᠡᠳᠦᠯᠭᠡ ᠵᠢᠨ 25 ᠣᠷᠴᠢᠮ ᠰᠠᠭᠤᠷᠢᠨ ᠭᠠᠵᠠᠷ᠎ᠢ ᠪᠠᠶ᠋ᠢᠭᠤᠯᠬᠤ ᠵᠢ ᠲᠡᠮᠵᠢᠨ᠎ᠡ᠃ 2027 ᠣᠨ᠎ᠳᠤ ᠥᠪᠡᠷᠲᠡᠭᠡᠨ ᠵᠠᠰᠠᠬᠤ ᠣᠷᠣᠨ ᠪᠠᠶ᠋ᠢᠭᠤᠯᠤᠭᠳᠠᠭᠰᠠᠨ 80 ᠵᠢᠯ᠎ᠤᠨ ᠣᠶ ᠪᠣᠯᠬᠤ ᠦᠶ᠎ᠡ᠎ᠳᠤ᠂ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠤᠨ ᠲᠣᠭ᠎ᠠ ᠬᠡᠮᠵᠢᠶ᠎ᠡ ᠵᠢ 100 ᠢᠯᠡᠭᠦᠦ ᠪᠤᠯᠭ᠋ᠠᠵᠤ᠂ ᠠᠶ᠋ᠢᠮᠠᠭ ᠬᠣᠲᠠ᠂ ᠬᠣᠰᠢᠭᠤ ᠰᠢᠶᠠᠨ᠎ᠤ ᠳᠡᠰ᠎ᠤᠨ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠢ 500 ᠢᠯᠡᠭᠦᠦ ᠪᠣᠯᠭ᠋ᠠᠵᠤ᠂ ᠪᠦᠬᠦ ᠣᠷᠣᠨ᠎ᠳᠤ ᠨᠡᠯᠢᠶᠡᠳ ᠪᠦᠷᠢᠨ ᠲᠥᠬᠦᠷ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠦᠵᠡᠯ ᠤᠬᠠᠮᠰᠠᠷ᠎ᠢ ᠪᠠᠲᠤᠳᠬᠠᠬᠤ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠤᠨ ᠰᠢᠰᠲᠸᠮ᠎ᠢ ᠠᠩᠬ᠎ᠠ ᠠᠯᠬᠤᠮ ᠪᠠᠶ᠋ᠢᠭᠤᠯᠤᠨ᠎ᠠ᠃ ᠡᠯ᠎ᠡ ᠱᠠᠲᠤᠨ᠎ᠤ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠨᠢ ᠪᠣᠳᠠᠲᠤ ᠪᠣᠳᠠᠰ ᠵᠶ᠋ᠡᠷ ᠳᠡᠯᠭᠡᠨ ᠦᠵᠡᠭᠦᠯᠬᠦ᠂ ᠵᠢᠷᠤᠭ ᠳᠦᠷᠰᠦ᠎ᠪᠠᠷ ᠳᠠᠬᠢᠨ ᠢᠯᠡᠷᠡᠭᠦᠯᠬᠦ᠂ ᠠᠬᠤᠶ ᠪᠠᠶ᠋ᠢᠳᠠᠯ᠎ᠢ ᠰᠡᠷᠭᠦᠭᠡᠬᠦ᠂ ᠭᠦᠨᠵᠡᠭᠡᠶ ᠪᠡᠶᠡᠴᠢᠯᠡᠨ ᠣᠶ᠋ᠢᠯᠠᠭ᠋ᠠᠬᠤ ᠵᠡᠷᠭᠡ ᠣᠯᠠᠨ ᠡᠰᠢᠲᠦ ᠢᠯᠡᠷᠡᠭᠦᠯᠬᠦ ᠠᠷᠭ᠎ᠠ ᠬᠡᠯᠪᠡᠷᠢ᠎ᠪᠠᠷ ᠮᠠᠨ᠎ᠤ ᠣᠷᠣᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢ ᠪᠥᠲᠥᠭᠡᠨ ᠪᠠᠶ᠋ᠢᠭᠤᠯᠬᠤ᠎ᠳᠤ ᠣᠯᠤᠭᠰᠠᠨ ᠪᠠᠶᠠᠯᠢᠭ ᠦᠷ᠎ᠡ ᠪᠦᠲᠦᠭᠡᠯ᠎ᠢ ᠭᠦᠢ᠍ᠴᠡᠳ ᠳᠡᠯᠭᠡᠨ ᠦᠵᠡᠭᠦᠯᠦᠨ᠎ᠡ᠃ ᠬᠥᠮᠦᠵᠢᠯ ᠦᠢ᠍ᠯᠡᠳᠦᠯᠭᠡ ᠵᠢᠨ ᠪᠦᠲᠦᠮᠵᠢᠲᠡᠶ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠬᠦ᠎ᠪᠠᠷ ᠳᠠᠮᠵᠢᠭᠤᠯᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠂ ᠢᠯᠠᠩᠭᠤᠶ᠎ᠠ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠵᠢ ᠬᠥᠮᠦᠰ᠎ᠤᠨ ᠰᠡᠳᠬᠢᠯ᠎ᠳᠤ ᠨᠡᠩ ᠭᠦᠨ ᠬᠠᠳᠠᠩᠰᠢᠭᠤᠯᠵᠤ᠂ 《ᠳᠥᠷᠪᠡ ᠵᠢ ᠬᠠᠮᠲᠤᠳᠬᠠᠬᠤ》᠂ 《ᠲᠠᠪᠤᠨ ᠮᠡᠳᠡᠷᠡᠬᠦᠢ》 ᠵᠢᠨ ᠬᠠᠮᠲᠤ ᠵᠢᠨ ᠴᠣᠭᠴᠠ ᠵᠢᠨ ᠣᠶ᠋ᠢᠯᠠᠭ᠋ᠠᠭᠳᠠᠬᠤᠨ᠎ᠢ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ᠎ᠤ ᠰᠡᠳᠬᠢᠯ᠎ᠳᠤ ᠭᠦᠨ ᠦᠨᠳᠦᠰᠦᠯᠡᠭᠦᠯᠵᠦ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠠᠨᠠᠷ᠎ᠤᠨ ᠦᠷ᠎ᠡ ᠰᠢᠭ ᠨᠢᠭᠲᠠᠷᠠᠭᠤᠯᠤᠨ ᠪᠦᠯᠬᠦᠮᠳᠡᠭᠦᠯᠵᠦ᠂ ᠡᠬᠡ ᠤᠯᠤᠰ᠎ᠤᠨ ᠬᠢᠯᠢ ᠬᠢᠵᠠᠭ᠋ᠠᠷ᠎ᠢ ᠬᠠᠮᠲᠤ᠎ᠪᠠᠷ ᠰᠠᠬᠢᠨ ᠬᠠᠮᠠᠭ᠋ᠠᠯᠠᠵᠤ᠂ ᠰᠠᠶ᠋ᠢᠨ ᠰᠠᠶ᠋ᠢᠬᠠᠨ ᠭᠡᠷ ᠣᠷᠣᠨ ᠵᠶ᠋ᠠᠨ ᠬᠠᠮᠲᠤ᠎ᠪᠠᠷ ᠪᠦᠲᠦᠭᠡᠨ ᠪᠠᠶ᠋ᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠠᠬᠢᠴᠠ᠎ᠳᠤ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠬᠠᠮᠲᠤ᠎ᠪᠠᠷ ᠪᠢᠴᠢᠭᠯᠡᠨ᠎ᠡ ᠭᠡᠵᠦ ᠲᠣᠳᠤᠷᠬᠠᠢ᠌ᠯᠠᠪᠠ᠃
ᠣᠷᠴᠢᠭᠤᠯᠤᠭᠴᠢ᠄ ᠤᠶᠤᠨᠲᠠᠨ᠎ᠠ
ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ
ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ