ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ 2023 ᠣᠨ᠎ᠤ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠠᠵᠢᠯ᠎ᠤᠨ ᠲᠥᠯᠥᠪᠯᠡᠭᠡ ᠵᠢ ᠲᠣᠭᠲᠠᠭ᠋ᠠᠨ ᠳᠠᠷᠤᠮᠠᠯᠯᠠᠨ ᠲᠠᠷᠬᠠᠭ᠋ᠠᠪᠠ
ᠨᠡᠶ᠋ᠢᠲᠡᠯᠡᠭᠰᠡᠨ ᠴᠠᠭ᠄ 2023-05-22

      ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ 《〈ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠬᠡᠷᠡᠭᠵᠢᠭᠦᠯᠬᠦ ᠬᠥᠲᠥᠯᠪᠦᠷᠢ (2021—2025 ᠣᠨ) ᠵᠢᠨ ᠬᠡᠷᠡᠭᠵᠢᠭᠦᠯᠬᠦ ᠲᠥᠰᠦᠯ〉᠎ᠢ ᠳᠠᠷᠤᠮᠠᠯᠯᠠᠨ ᠳᠠᠷᠬᠠᠭ᠋ᠠᠬᠤ ᠲᠤᠬᠠᠶ ᠮᠡᠳᠡᠭᠳᠡᠯ》᠎ᠤᠨ ᠵᠣᠷᠢᠭ ᠰᠠᠨᠠᠭ᠎ᠠ ᠵᠢ ᠬᠢᠨᠠᠮᠠᠭ᠋ᠠᠶ ᠲᠤᠭᠤᠰᠢᠯᠠᠭᠤᠯᠵᠦ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2023 ᠣᠨ᠎ᠤ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠠᠵᠢᠯ᠎ᠤᠨ ᠲᠥᠯᠥᠪᠯᠡᠭᠡ》 ᠵᠢᠨ ᠨᠠᠢ᠌ᠳᠠᠪᠤᠷᠢᠵᠢᠭᠤᠯᠤᠯᠲᠠ ᠵᠢ ᠦᠨᠡᠨ ᠬᠦ᠌ ᠰᠠᠢ᠌ᠲᠤᠷ ᠠᠳᠬᠤᠬᠤ ᠵᠢᠨ ᠲᠥᠯᠥᠭᠡ᠂ ᠣᠨ᠎ᠤ ᠠᠵᠢᠯ᠎ᠤᠨ ᠲᠥᠯᠥᠪᠯᠡᠭᠡ ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ 2023 ᠣᠨ᠎ᠤ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠠᠵᠢᠯ᠎ᠤᠨ ᠲᠥᠯᠥᠪᠯᠡᠭᠡ》 (ᠳᠣᠷᠣᠭᠰᠢ 《ᠠᠵᠢᠯ᠎ᠤᠨ ᠲᠥᠯᠥᠪᠯᠡᠭᠡ》 ᠭᠡᠵᠦ ᠲᠣᠪᠴᠢᠯᠠᠨ᠎ᠠ) ᠵᠢ ᠲᠣᠭᠲᠠᠭ᠋ᠠᠨ ᠳᠠᠷᠤᠮᠠᠯᠯᠠᠨ ᠲᠠᠷᠬᠠᠭ᠋ᠠᠪᠠ᠃
      《ᠠᠵᠢᠯ᠎ᠤᠨ ᠲᠥᠯᠥᠪᠯᠡᠭᠡ》᠎ᠨᠢ ᠵᠠᠰᠠᠭ᠎ᠤᠨ ᠣᠷᠳᠣᠨ᠎ᠤ ᠪᠠᠢ᠌ᠭᠤᠯᠤᠮᠵᠢ ᠵᠢᠨ ᠡᠭᠦᠷᠭᠡ ᠴᠢᠳᠠᠪᠬᠢ ᠵᠢ ᠰᠢᠯᠢᠳᠡᠭᠵᠢᠭᠦᠯᠦᠨ ᠬᠠᠮᠵᠢᠯᠴᠠᠭᠤᠯᠵᠤ ᠥᠨᠳᠥᠷ ᠪᠦᠲᠦᠮᠵᠢᠲᠡᠢ ᠪᠣᠯᠭ᠋ᠠᠬᠤ ᠵᠢ ᠠᠬᠢᠭᠤᠯᠬᠤ; ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭ᠋ᠠᠬᠤ ᠪᠠ ᠢᠯᠭ᠋ᠠᠷᠠᠭᠤᠯᠬᠤ ᠠᠵᠢᠯ᠎ᠢ ᠴᠢᠩᠭ᠋ᠠᠳᠬᠠᠬᠤ; ᠬᠠᠤᠯᠢ ᠶᠣᠰᠣᠭ᠋ᠠᠷ ᠰᠢᠢᠳᠪᠦᠷᠢᠲᠦ ᠪᠣᠳᠣᠯᠭ᠎ᠠ ᠲᠣᠭᠲᠠᠭ᠋ᠠᠬᠤ ᠤᠬᠠᠮᠰᠠᠷ ᠎ᠢ ᠴᠢᠩᠭ᠋ᠠᠳᠬᠠᠬᠤ; ᠵᠠᠰᠠᠭ ᠵᠠᠬᠢᠷᠭ᠋ᠠᠨ᠎ᠤ ᠡᠷᠬᠡ ᠵᠢ ᠬᠢᠵᠠᠭ᠋ᠠᠷᠯᠠᠬᠤ ᠪᠠ ᠬᠢᠨᠠᠯᠲᠠ ᠲᠠᠯᠪᠢᠬᠤ ᠰᠢᠰᠲ᠋ᠧᠮ᠎ᠢ ᠲᠡᠭᠦᠯᠳᠡᠷᠵᠢᠭᠦᠯᠬᠦ; ᠦᠨᠳᠦᠰᠦᠲᠡᠨ᠎ᠤ ᠬᠦᠷᠢᠶ᠎ᠡ ᠴᠠᠷᠠᠭ᠋ᠠᠨ᠎ᠳᠠᠬᠢ ᠬᠦᠨᠳᠦ ᠶᠡᠬᠡ ᠠᠶᠤᠯ ᠲᠦᠭᠰᠢᠭᠦᠷᠢ ᠭᠡᠮ ᠰᠣᠭᠣᠭ᠎ᠢ ᠰᠡᠷᠭᠡᠢ᠌ᠯᠡᠨ ᠠᠷᠢᠯᠭ᠋ᠠᠬᠤ; ᠨᠡᠢ᠌ᠭᠡᠮ᠎ᠤᠨ ᠵᠥᠷᠢᠴᠡᠯ᠎ᠢ ᠬᠠᠤᠯᠢ ᠶᠣᠰᠣᠭ᠋ᠠᠷ ᠲᠣᠬᠢᠲᠠᠢ ᠰᠢᠢ᠍ᠳᠪᠦᠷᠢᠯᠡᠵᠦ᠂ ᠬᠠᠮᠲᠤ᠎ᠪᠠᠷ ᠪᠠᠢ᠌ᠭᠤᠯᠬᠤ ᠬᠠᠮᠲᠤ᠎ᠪᠠᠷ ᠵᠠᠰᠠᠬᠤ ᠬᠠᠮᠲᠤ᠎ᠪᠠᠷ ᠡᠳ᠋ᠯᠡᠬᠦ ᠬᠠᠤᠯᠢ᠎ᠪᠠᠷ ᠵᠠᠰᠠᠬᠤ ᠨᠡᠢ᠌ᠭᠡᠮ᠎ᠤᠨ ᠪᠠᠢ᠌ᠭᠤᠯᠤᠯᠲᠠ ᠵᠢ ᠠᠬᠢᠭᠤᠯᠬᠤ᠎ᠳᠤ ᠬᠦᠴᠦᠨ ᠨᠡᠮᠡᠷᠢᠯᠡᠬᠦ; ᠨᠠᠢ᠍ᠮᠠᠳᠤᠭ᠋ᠠᠷ ᠲᠠᠪᠤᠨ ᠵᠢᠯ᠎ᠤᠨ ᠬᠠᠤᠯᠢ ᠴᠠᠭ᠋ᠠᠵᠠ ᠵᠢ ᠲᠦᠭᠡᠮᠡᠯᠵᠢᠭᠦᠯᠬᠦ ᠠᠵᠢᠯ᠎ᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠬᠠᠤᠯᠢ ᠴᠠᠭ᠋ᠠᠵᠠ ᠵᠢ ᠲᠦᠭᠡᠮᠡᠯᠵᠢᠭᠦᠯᠬᠦ ᠬᠠᠷᠢᠭᠤᠴᠠᠯᠭ᠎ᠠ ᠵᠢᠨ ᠳᠦᠷᠢᠮ᠎ᠢ ᠨᠠᠢ᠌ᠳᠠᠪᠤᠷᠢᠵᠢᠭᠤᠯᠬᠤ; ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢ ᠠᠬᠢᠭᠤᠯᠬᠤ ᠲᠣᠭᠲᠠᠴᠠ ᠵᠢ ᠲᠡᠭᠦᠯᠳᠡᠷᠵᠢᠭᠦᠯᠬᠦ; ᠵᠠᠰᠠᠭ᠎ᠤᠨ ᠣᠷᠳᠣᠨ᠎ᠤ ᠠᠵᠢᠯᠳᠠᠨ᠎ᠤ ᠬᠠᠤᠯᠢ᠎ᠪᠠᠷ ᠵᠠᠰᠠᠬᠤ ᠰᠡᠳᠬᠢᠬᠦᠢ ᠪᠠ ᠬᠠᠤᠯᠢ ᠶᠣᠰᠣᠭ᠋ᠠᠷ ᠵᠠᠰᠠᠭ ᠶᠠᠪᠤᠭᠤᠯᠬᠤ ᠴᠢᠳᠠᠪᠤᠷᠢ ᠵᠢ ᠪᠦᠬᠦ ᠲᠠᠯ᠎ᠠ᠎ᠪᠠᠷ ᠳᠡᠭᠡᠭᠰᠢᠯᠡᠭᠦᠯᠬᠦ ᠵᠡᠷᠭᠡ ᠶᠢᠰᠦᠨ ᠲᠠᠯ᠎ᠠ᠎ᠠᠴᠠ ᠦᠪᠡᠷᠳᠡᠭᠡᠨ ᠵᠠᠰᠠᠬᠤ ᠤᠷᠤᠨ᠎ᠤ ᠦᠨᠳᠤᠰᠤᠳᠠᠨ᠎ᠤ ᠵᠦᠪᠯᠡᠯ᠎ᠤᠨ 2023 ᠣᠨ᠎ᠤ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠠᠵᠢᠯ᠎ᠢ ᠲᠤᠬᠢᠷᠠᠭᠤᠯᠤᠨ ᠪᠠᠢ᠌ᠷᠢᠯᠠᠭᠤᠯᠵᠤ᠂ ᠡᠯ᠎ᠡ ᠵᠦᠢ᠍ᠯ᠎ᠤᠨ ᠠᠵᠢᠯ᠎ᠢ ᠪᠣᠳᠠᠲᠠᠢ᠎ᠳᠤ ᠨᠠᠢ᠌ᠳᠠᠪᠤᠷᠢᠵᠢᠭᠤᠯᠬᠤ ᠵᠢ ᠦᠨᠡᠨ ᠬᠦ᠌ ᠪᠠᠲᠤᠯᠠᠪᠠ᠃ 《ᠠᠵᠢᠯ᠎ᠤᠨ ᠲᠥᠯᠥᠪᠯᠡᠭᠡ》᠎ᠳᠤ᠂ ᠪᠠᠢ᠌ᠭᠤᠯᠭ᠎ᠠ ᠵᠢᠨ ᠡᠯ᠎ᠡ ᠭᠠᠵᠠᠷ ᠲᠠᠰᠤᠭ᠎ᠤᠨ᠎ᠬᠢᠨ ᠠᠵᠢᠯ᠎ᠤᠨ ᠬᠠᠷᠢᠭᠤᠴᠠᠯᠭ᠎ᠠ᠎ᠪᠠᠨ ᠦᠨᠡᠨ ᠬᠦ᠌ ᠪᠣᠳᠠᠲᠠᠢ᠌ᠵᠢᠭᠤᠯᠵᠤ᠂ ᠠᠵᠢᠯ᠎ᠤᠨ ᠠᠷᠭ᠎ᠠ ᠬᠡᠮᠵᠢᠶ᠎ᠡ᠎ᠪᠠᠨ ᠨᠠᠷᠢᠯᠢᠬ᠍ᠵᠢᠭᠤᠯᠵᠤ᠂ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠰᠠᠢ᠌ᠲᠤᠷ ᠠᠳᠬᠤᠵᠤ᠂ ᠦᠪᠡᠷᠳᠡᠭᠡᠨ ᠵᠠᠰᠠᠬᠤ ᠤᠷᠤᠨ᠎ᠤ ᠦᠨᠳᠤᠰᠤᠳᠠᠨ᠎ᠤ ᠵᠦᠪᠯᠡᠯ᠎ᠤᠨ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠯᠠᠪᠳᠠᠭᠤᠨ ᠪᠠᠲᠤᠲᠠᠢ ᠥᠷᠨᠢᠭᠦᠯᠬᠦ ᠵᠢ ᠪᠦᠬᠦ ᠲᠠᠯ᠎ᠠ᠎ᠪᠠᠷ ᠠᠬᠢᠭᠤᠯᠵᠤ᠂ 2023 ᠣᠨ᠎ᠤ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠡᠯ᠎ᠡ ᠵᠦᠢ᠍ᠯ᠎ᠤᠨ ᠠᠵᠢᠯ᠎ᠤᠨ ᠡᠭᠦᠷᠭᠡ ᠵᠢ ᠲᠣᠭᠲᠠᠭᠰᠠᠨ ᠬᠤᠭᠤᠴᠠᠭ᠋ᠠᠨ᠎ᠳᠤ ᠪᠡᠶᠡᠯᠡᠭᠦᠯᠬᠦ ᠵᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠱᠠᠭ᠋ᠠᠷᠳᠠᠪᠠ᠃          



          ᠣᠷᠴᠢᠭᠤᠯᠤᠭᠴᠢ᠄ ᠴᠣᠭᠵᠢᠯᠮ᠎ᠠ
          ᠬᠢᠨᠠᠨ ᠨᠠᠢ᠌ᠷᠠᠭᠤᠯᠤᠭᠴᠢ᠄ ᠠᠳᠢᠶ᠎ᠠ   ᠰᠠᠴᠤᠷᠠᠯ
          ᠶᠡᠷᠦᠩᠬᠡᠢ ᠬᠢᠨᠠᠨ ᠨᠠᠢ᠌ᠷᠠᠭᠤᠯᠤᠭᠴᠢ᠄ ᠪᠠᠶᠠᠨᠴᠢᠮᠡᠭ                   

ᠢᠷᠡᠯᠲᠡ᠄ ᠲᠥᠷᠥ ᠵᠢᠨ ᠪᠣᠳᠣᠯᠭ᠎ᠠ ᠬᠠᠥᠯᠢ ᠲᠤᠭᠲᠠᠭ᠋ᠠᠯ᠎ᠤᠨ ᠭᠠᠵᠠᠷ