ᠣᠶ᠋ᠢᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ ᠬᠠᠮᠲᠤᠷᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠪᠤᠨ ᠶᠠᠮᠤᠨ ᠵᠥᠪᠯᠡᠯ᠎ᠤᠨ 〈ᠦᠨᠳᠦᠰᠦᠲᠡᠨ᠎ᠨᠦᠭᠦᠳ᠎ᠤᠨ ᠵᠠᠯᠠᠭᠤᠴᠤᠳ ᠪᠠᠭ᠋ᠠᠴᠤᠳ᠎ᠤᠨ ᠰᠣᠯᠢᠯᠴᠠᠭ᠋ᠠᠨ᠎ᠤ ᠲᠥᠯᠥᠪᠯᠡᠭᠡ ᠵᠢ ᠬᠡᠷᠡᠭᠵᠢᠭᠦᠯᠬᠦ ᠲᠤᠬᠠᠶ ᠰᠠᠨᠠᠯ〉᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠬᠡᠷᠡᠭᠵᠢᠭᠦᠯᠬᠦ ᠲᠥᠰᠦᠯ》᠎ᠢ ᠲᠣᠭᠲᠠᠭ᠋ᠠᠨ ᠨᠡᠶ᠋ᠢᠲᠡᠯᠡᠪᠡ᠃
《ᠬᠡᠷᠡᠭᠵᠢᠭᠦᠯᠬᠦ ᠲᠥᠰᠦᠯ》᠎ᠨᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠭᠤᠤᠯ ᠰᠢᠵᠢᠮ ᠪᠣᠯᠭ᠋ᠠᠬᠤ ᠵᠢ ᠪᠠᠷᠢᠮᠲᠠᠯᠠᠵᠦ᠂ ᠶᠣᠰᠣ ᠰᠤᠷᠲᠠᠬᠤᠨ ᠵᠶ᠋ᠠᠷ ᠬᠥᠮᠦᠨ᠎ᠢ ᠬᠥᠮᠦᠵᠢᠭᠦᠯᠬᠦ ᠦᠨᠳᠦᠰᠦᠨ ᠡᠭᠦᠷᠭᠡ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠦ᠂ ᠦᠨᠳᠦᠰᠦᠲᠡᠨ᠎ᠨᠦᠭᠦᠳ᠎ᠤᠨ ᠵᠠᠯᠠᠭᠤᠴᠤᠳ ᠪᠠᠭ᠋ᠠᠴᠤᠳ᠎ᠤᠨ ᠣᠷᠣᠨ ᠪᠦᠰᠡ ᠠᠯᠤᠰᠯᠠᠨ ᠪᠦᠬᠦ ᠲᠠᠯ᠎ᠠ᠎ᠪᠠᠷ ᠣᠯᠠᠨ ᠶᠠᠡᠭᠵᠦ ᠵᠢᠨ ᠰᠣᠯᠢᠯᠴᠠᠭ᠋ᠠᠨ᠎ᠤ ᠠᠵᠢᠯᠯᠠᠭ᠎ᠠ ᠦᠷᠨᠢᠬᠦᠯᠬᠦ᠎ᠪᠠᠷ ᠭᠠᠷᠳᠠᠴᠠ ᠪᠣᠯᠭ᠋ᠠᠵᠤ᠂ ᠦᠨᠳᠦᠰᠦᠲᠡᠨ᠎ᠨᠦᠭᠦᠳ᠎ᠤᠨ ᠵᠠᠯᠠᠭᠤᠴᠤᠳ ᠪᠠᠭ᠋ᠠᠴᠤᠳ᠎ᠢ ᠬᠥᠮᠦᠵᠢᠭᠦᠯᠦᠨ ᠵᠢᠯᠣᠭᠣᠳᠴᠤ ᠪᠠᠢ᠌ᠭ᠋ᠠᠳ ᠤᠯᠤᠰ᠎ᠤᠨ ᠤᠬᠠᠮᠰᠠᠷ᠂ ᠠᠷᠠᠳ ᠢᠷᠭᠡᠳ᠎ᠤᠨ ᠤᠬᠠᠮᠰᠠᠷ᠂ ᠬᠠᠤᠯᠢ᠎ᠪᠠᠷ ᠵᠠᠰᠠᠬᠤ ᠤᠬᠠᠮᠰᠠᠷ᠎ᠢ ᠪᠠᠲᠤ ᠪᠡᠬᠢ ᠪᠤᠢ ᠪᠤᠯᠭ᠋ᠠᠵᠤ᠂ ᠲᠡᠳᠡᠨ᠎ᠤ ᠠᠭᠤᠤ ᠶᠡᠬᠡ ᠡᠬᠡ ᠤᠯᠤᠰ᠂ ᠳᠤᠮᠳᠠᠳᠤ ᠵᠢᠨ ᠦᠨᠳᠦᠰᠦᠲᠡᠨ᠂ ᠳᠤᠮᠳᠠᠳᠤ ᠵᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠮᠡᠳᠡᠷᠡᠭᠦᠢ ᠵᠢ ᠴᠢᠡᠭᠭ᠋ᠠᠳᠬᠠᠵᠤ᠂ ᠦᠨᠳᠦᠰᠦᠲᠡᠨ᠎ᠨᠦᠭᠦᠳ᠎ᠤᠨ ᠵᠠᠯᠠᠭᠤᠴᠤᠳ ᠪᠠᠭ᠋ᠠᠴᠤᠳ᠎ᠤᠨ ᠠᠨᠠᠷ᠎ᠤᠨ ᠦᠷ᠎ᠡ ᠰᠢᠭ ᠨᠢᠭᠲᠠᠷᠠᠨ ᠪᠦᠯᠬᠦᠮᠳᠡᠵᠦ᠂ ᠦᠨᠡᠨ ᠬᠦ᠌ ᠡᠷᠡᠰ ᠪᠠᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠲᠠᠢ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠬᠢᠷᠢ ᠲᠡᠩᠴᠡᠭᠰᠡᠨ ᠪᠦᠲᠦᠭᠡᠨ ᠪᠠᠶ᠋ᠢᠭᠤᠯᠤᠭᠴᠢ ᠪᠠ ᠨᠠᠶ᠋ᠢᠳᠠᠪᠤᠷᠢᠲᠠᠢ ᠵᠠᠯᠭ᠋ᠠᠮᠵᠢᠯᠠᠭᠴᠢ ᠪᠤᠯᠵᠤ᠂ 《ᠦᠵᠡᠰᠬᠦᠯᠡᠩᠲᠦ ᠰᠠᠶ᠋ᠢᠬᠠᠨ ᠥᠪᠥᠷ ᠮᠣᠩᠭᠣᠯ ᠵᠶ᠋ᠠᠨ ᠪᠦᠲᠦᠭᠡᠨ ᠪᠠᠶ᠋ᠢᠭᠤᠯᠵᠦ᠂ ᠠᠭᠤᠤ ᠶᠡᠬᠡ ᠳᠤᠮᠳᠠᠳᠤ ᠵᠢᠨ ᠵᠡᠭᠦᠳᠦ᠎ᠪᠠᠨ ᠬᠠᠮᠳᠤ᠎ᠪᠠᠷ ᠲᠡᠷᠭᠡᠯᠰᠢᠭᠦᠯᠬᠦ》᠎ᠳᠤ ᠵᠠᠯᠠᠭᠤ ᠨᠠᠰᠤᠨ᠎ᠤ ᠬᠦᠴᠦᠨ ᠴᠢᠳᠠᠯ ᠵᠶ᠋ᠠᠨ ᠡᠷᠭᠦᠬᠦ ᠵᠢ ᠠᠬᠢᠭᠤᠯᠬᠤ ᠪᠤᠯᠤᠨ᠎ᠠ᠃
《ᠬᠡᠷᠡᠭᠵᠢᠭᠦᠯᠬᠦ ᠲᠥᠰᠦᠯ》᠎ᠤᠨ ᠭᠤᠤᠯ ᠡᠭᠦᠷᠭᠡ᠎ᠳᠤ ᠮᠤᠵᠢ ᠣᠷᠣᠨ ᠠᠯᠤᠰᠯᠠᠭᠰᠠᠨ᠂ ᠥᠪᠡᠷᠲᠡᠭᠡᠨ ᠵᠠᠰᠠᠬᠤ ᠣᠷᠣᠨ᠎ᠤ ᠳᠡᠰ᠂ ᠡᠯ᠎ᠡ ᠠᠶ᠋ᠢᠮᠠᠭ ᠬᠣᠲᠠ ᠵᠢᠨ ᠬᠡᠪᠴᠢᠶᠡᠨ᠎ᠳᠠᠬᠢ ᠦᠨᠳᠦᠰᠦᠲᠡᠨ᠎ᠨᠦᠭᠦᠳ᠎ᠤᠨ ᠵᠠᠯᠠᠭᠤᠴᠤᠳ ᠪᠠᠭ᠋ᠠᠴᠤᠳ᠎ᠤᠨ ᠰᠣᠯᠢᠯᠴᠠᠭ᠋ᠠᠨ᠎ᠤ ᠠᠵᠢᠯᠯᠠᠭ᠋ᠠᠨ᠎ᠤ 3 ᠶᠡᠬᠡ ᠲᠥᠷᠥᠯ᠂ 10 ᠲᠠᠯ᠎ᠠ ᠵᠢᠨ ᠭᠤᠤᠯ ᠰᠡᠳᠦᠪᠲᠦ ᠰᠣᠯᠢᠯᠴᠠᠭ᠋ᠠᠨ᠎ᠤ ᠠᠵᠢᠯᠯᠠᠭ᠎ᠠ ᠵᠢ ᠪᠠᠬᠳᠠᠭ᠋ᠠᠵᠠᠢ᠃
ᠨᠢᠭᠡ᠎ᠳᠤ᠂ ᠪᠡᠭᠡᠵᠢᠩ ᠥᠪᠥᠷ ᠮᠣᠩᠭᠣᠯ᠎ᠤᠨ ᠵᠠᠯᠠᠭᠤᠴᠤᠳ ᠪᠠᠭ᠋ᠠᠴᠤᠳ᠎ᠤᠨ ᠰᠣᠯᠢᠯᠴᠠᠭ᠋ᠠᠨ᠎ᠤ ᠠᠵᠢᠯᠯᠠᠭ᠎ᠠ ᠵᠢ ᠥᠷᠨᠢᠭᠦᠯᠦᠨ᠎ᠡ᠃ ᠪᠡᠭᠡᠵᠢᠩ ᠥᠪᠥᠷ ᠮᠣᠩᠭᠣᠯ᠎ᠤᠨ ᠠᠵᠢᠯ ᠲᠥᠷᠥᠯ ᠵᠶ᠋ᠠᠷ ᠵᠶ᠋ᠠᠨ ᠬᠠᠪᠰᠤᠷᠤᠨ ᠲᠡᠳᠬᠦᠬᠦ ᠬᠠᠮᠲᠤᠷᠠᠯᠴᠠᠭ᠋ᠠᠨ᠎ᠤ ᠳᠠᠪᠠᠭᠤᠯᠢᠭ᠎ᠲᠤ ᠲᠦᠰᠢᠭᠯᠡᠵᠦ᠂ ᠪᠡᠭᠡᠵᠢᠩ ᠥᠪᠥᠷ ᠮᠣᠩᠭᠣᠯ᠎ᠤᠨ ᠵᠠᠯᠠᠭᠤᠴᠤᠳ ᠪᠠᠭ᠋ᠠᠴᠤᠳ᠎ᠤᠨ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠰᠣᠯᠢᠯᠴᠠᠭ᠋ᠠᠨ᠎ᠤ ᠠᠵᠢᠯᠯᠠᠭ᠎ᠠ ᠵᠢ ᠢᠳᠡᠪᠬᠢᠲᠡᠶ ᠵᠣᠬᠢᠶᠠᠨ ᠪᠠᠶ᠋ᠢᠭᠤᠯᠤᠨ ᠥᠷᠨᠢᠭᠦᠯᠵᠦ᠂ ᠪᠥᠬᠥ ᠣᠷᠣᠨ᠎ᠳᠤ ᠵᠢᠯ ᠪᠤᠯᠭ᠋ᠠᠨ 10000 ᠵᠠᠯᠠᠭᠤᠴᠤᠳ ᠪᠠᠭ᠋ᠠᠴᠤᠳ᠎ᠢ ᠵᠣᠬᠢᠶᠠᠨ ᠪᠠᠶ᠋ᠢᠭᠤᠯᠤᠨ ᠰᠦᠯᠵᠢᠶᠡᠨ ᠳᠡᠭᠡᠷᠡᠬᠢ ᠡᠯ᠎ᠡ ᠲᠥᠷᠥᠯ᠎ᠤᠨ ᠰᠣᠯᠢᠯᠴᠠᠭ᠋ᠠᠨ᠎ᠤ ᠠᠵᠢᠯᠯᠠᠭ᠎ᠠ ᠥᠷᠨᠢᠭᠦᠯᠬᠦ ᠵᠢᠨ ᠬᠠᠮᠲᠤ᠂ ᠰᠦᠯᠵᠢᠶᠡᠨ ᠭᠠᠳᠠᠨᠠᠬᠢ ᠵᠤᠨ᠎ᠤ (ᠡᠪᠦᠯ᠎ᠤᠨ) ᠠᠮᠠᠷᠠᠯᠲᠠ ᠵᠢᠨ ᠵᠤᠭ᠋ᠠᠴᠠᠯ᠎ᠤᠨ ᠠᠵᠢᠯᠯᠠᠭ᠎ᠠ ᠦᠷᠨᠢᠬᠦᠯᠬᠦ ᠠᠷᠭ᠎ᠠ ᠬᠡᠯᠪᠡᠷᠢ᠎ᠪᠠᠷ ᠬᠣᠶᠠᠷ ᠭᠠᠵᠠᠷ᠎ᠤᠨ ᠵᠠᠯᠠᠭᠤᠴᠤᠳ ᠪᠠᠭ᠋ᠠᠴᠤᠳ᠎ᠢ ᠵᠣᠬᠢᠶᠠᠨ ᠪᠠᠶ᠋ᠢᠭᠤᠯᠤᠨ ᠰᠣᠶᠣᠯ᠎ᠤᠨ ᠰᠣᠯᠢᠯᠴᠠᠭ᠎ᠠ ᠬᠢᠬᠦ᠂ ᠡᠯ᠎ᠡ ᠲᠥᠷᠥᠯ᠎ᠤᠨ ᠲᠣᠭᠣᠷᠢᠨ ᠦᠵᠡᠵᠦ ᠪᠡᠶᠡᠴᠢᠯᠡᠨ ᠣᠶ᠋ᠢᠯᠠᠭ᠋ᠠᠬᠤ᠂ ᠰᠤᠷᠤᠯᠴᠠᠵᠤ ᠰᠣᠯᠢᠯᠴᠠᠬᠤ᠂ ᠰᠠᠶ᠋ᠢᠨ ᠳᠤᠷ᠎ᠠ ᠵᠢᠨ ᠦᠢ᠍ᠯᠡᠴᠢᠯᠡᠭᠡ ᠬᠢᠬᠦ᠂ ᠰᠤᠳᠤᠯᠤᠨ ᠰᠤᠷᠤᠯᠴᠠᠵᠤ ᠵᠢᠭᠤᠯᠴᠢᠯᠠᠬᠤ ᠵᠡᠷᠭᠡ ᠠᠵᠢᠯᠯᠠᠭ᠎ᠠ ᠵᠢ ᠥᠷᠨᠢᠭᠦᠯᠦᠨ᠎ᠡ᠃
ᠬᠣᠶᠠᠷ᠎ᠲᠤ᠂ ᠥᠪᠥᠷ ᠮᠣᠩᠭᠣᠯ ᠬᠢᠭᠡᠳ ᠵᠡᠭᠦᠨ ᠳᠤᠮᠳᠠᠳᠤ ᠬᠡᠰᠡᠭ᠎ᠤᠨ ᠭᠠᠵᠠᠷ ᠤᠷᠤᠨ᠂ ᠲᠡᠯᠡᠶ ᠳᠠᠭ᠋ᠠᠤ ᠬᠥᠭᠵᠢᠭᠰᠡᠨ ᠮᠤᠵᠢ ᠬᠣᠲᠠ ᠵᠢᠨ ᠵᠠᠯᠠᠭᠤᠴᠤᠳ ᠪᠠᠭ᠋ᠠᠴᠤᠳ᠎ᠲᠠᠢ 《ᠬᠣᠣᠰᠯᠠᠯ ᠪᠣᠯᠣᠯᠴᠠᠬᠤ》 ᠰᠣᠯᠢᠯᠴᠠᠭ᠋ᠠᠨ᠎ᠤ ᠠᠵᠢᠯᠯᠠᠭ᠎ᠠ ᠥᠷᠨᠢᠭᠦᠯᠦᠨ᠎ᠡ᠃ ᠥᠪᠥᠷ ᠮᠣᠩᠭᠣᠯ᠎ᠤᠨ ᠡᠯ᠎ᠡ ᠠᠶ᠋ᠢᠮᠠᠭ ᠬᠣᠲᠠ (ᠭᠣᠣᠯᠳᠠᠭᠤ ᠬᠢᠯᠢ ᠬᠢᠵᠠᠭ᠋ᠠᠷ᠎ᠤᠨ ᠬᠣᠰᠢᠭᠤ ᠰᠢᠶᠠᠨ ᠬᠣᠲᠠ ᠲᠣᠭᠣᠷᠢᠭ) ᠬᠢᠭᠡᠳ ᠵᠡᠭᠦᠨ ᠳᠤᠮᠳᠠᠳᠤ ᠬᠡᠰᠡᠭ᠎ᠤᠨ ᠭᠠᠵᠠᠷ ᠤᠷᠤᠨ᠂ ᠲᠡᠯᠡᠶ ᠳᠠᠭ᠋ᠠᠤ ᠬᠥᠭᠵᠢᠭᠰᠡᠨ ᠮᠤᠵᠢ ᠬᠣᠲᠠ ᠵᠢᠨ ᠵᠠᠯᠠᠭᠤᠴᠤᠳ ᠪᠠᠭ᠋ᠠᠴᠤᠳ᠎ᠲᠠᠢ 《ᠬᠣᠣᠰᠯᠠᠯ ᠪᠣᠯᠣᠯᠴᠠᠬᠤ》 ᠰᠣᠯᠢᠯᠴᠠᠭ᠋ᠠᠨ᠎ᠤ ᠠᠵᠢᠯᠯᠠᠭ᠎ᠠ ᠵᠢ ᠢᠳᠡᠪᠬᠢᠲᠡᠶ ᠵᠣᠬᠢᠶᠠᠨ ᠪᠠᠶ᠋ᠢᠭᠤᠯᠤᠨ᠎ᠠ᠃ ᠵᠤᠨ᠎ᠤ (ᠡᠪᠦᠯ᠎ᠤᠨ) ᠠᠮᠠᠷᠠᠯᠲᠠ ᠵᠢᠨ ᠵᠤᠭ᠋ᠠᠴᠠᠯ᠎ᠤᠨ ᠠᠵᠢᠯᠯᠠᠭ᠎ᠠ᠂ ᠵᠠᠬᠢᠳᠠᠯ ᠴᠢᠮᠡᠭᠡ ᠨᠡᠪᠲᠡᠷᠡᠯᠴᠡᠬᠦ᠂ ᠸᠢᠳᠢᠤ᠋ ᠦᠵᠡᠭᠦᠯᠭᠡ ᠵᠢᠨ ᠠᠩᠭᠢ ᠵᠢᠨ ᠬᠤᠷᠠᠯ᠂ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ ᠣᠷᠣᠬᠤ ᠵᠡᠷᠭᠡ ᠠᠳᠠᠯᠢ ᠪᠤᠰᠤ ᠰᠣᠯᠢᠯᠴᠠᠭ᠋ᠠᠨ᠎ᠤ ᠠᠷᠭ᠎ᠠ ᠬᠡᠯᠪᠡᠷᠢ᠎ᠪᠠᠷ ᠳᠠᠮᠵᠢᠭᠤᠯᠵᠤ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠵᠠᠯᠠᠭᠤᠴᠤᠳ ᠪᠠᠭ᠋ᠠᠴᠤᠳ ᠬᠢᠭᠡᠳ ᠬᠥᠭᠵᠢᠭᠰᠡᠨ ᠮᠤᠵᠢ ᠬᠣᠲᠠ ᠵᠢᠨ ᠵᠠᠯᠠᠭᠤᠴᠤᠳ ᠪᠠᠭ᠋ᠠᠴᠤᠳ᠎ᠤᠨ ᠬᠣᠭᠣᠷᠣᠨᠳᠣᠬᠢ ᠣᠶ᠋ᠢᠯᠠᠭ᠋ᠠᠯᠴᠠᠭ᠎ᠠ ᠵᠢ ᠨᠡᠮᠡᠭᠳᠡᠭᠦᠯᠵᠦ᠂ ᠦᠨᠳᠦᠰᠦᠲᠡᠨ᠎ᠤ ᠪᠦᠯᠬᠦᠮᠳᠡᠯ᠎ᠢ ᠠᠬᠢᠭᠤᠯᠤᠨ᠎ᠠ᠃
ᠭᠤᠷᠪᠠ᠎ᠳᠤ᠂ ᠥᠪᠥᠷ ᠮᠣᠩᠭᠣᠯ ᠬᠢᠭᠡᠳ ᠬᠤᠪᠧᠢ ᠮᠤᠵᠢ ᠵᠢᠨ ᠦᠨᠳᠦᠰᠦᠲᠡᠨ᠎ᠨᠦᠭᠦᠳ᠎ᠤᠨ ᠵᠠᠯᠠᠭᠤᠴᠤᠳ ᠪᠠᠭ᠋ᠠᠴᠤᠳ᠎ᠤᠨ 《ᠵᠣᠣ ᠵᠢᠶᠦ᠋ᠨ᠎ᠤ ᠡᠪᠰᠡᠯ ᠤᠷᠤᠭ᠎ᠤᠨ ᠵᠠᠮ》 ᠵᠶ᠋ᠠᠷ ᠳᠠᠬᠢᠨ ᠵᠠᠮᠨᠠᠬᠤ ᠰᠣᠯᠢᠯᠴᠠᠭ᠋ᠠᠨ᠎ᠤ ᠰᠤᠳᠤᠯᠤᠨ ᠰᠤᠷᠤᠯᠴᠠᠬᠤ ᠠᠵᠢᠯᠯᠠᠭ᠎ᠠ ᠵᠢ ᠥᠷᠨᠢᠭᠦᠯᠦᠨ᠎ᠡ᠃ ᠵᠢᠯ ᠪᠤᠯᠭ᠋ᠠᠨ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ 《ᠵᠣᠣ ᠵᠢᠶᠦ᠋ᠨ᠎ᠤ ᠡᠪᠰᠡᠯ ᠤᠷᠤᠭ》 ᠭᠡᠬᠦ ᠤᠷᠠᠨ ᠪᠢᠴᠢᠯᠭᠡ ᠬᠡᠷᠡᠯ ᠵᠢᠷᠤᠭ᠎ᠤᠨ ᠦᠵᠡᠰᠬᠦᠯᠡᠩ ᠡᠷᠭᠢᠯᠡᠬᠦ᠎ᠪᠠᠷ ᠳᠠᠮᠵᠢᠭᠤᠯᠤᠨ ᠵᠣᠣ ᠵᠢᠶᠦ᠋ᠨ ᠰᠣᠶᠣᠯ᠎ᠢ ᠪᠠᠳᠠᠷᠠᠭᠤᠯᠵᠤ᠂ 《ᠵᠣᠣ ᠵᠢᠶᠦ᠋ᠨ᠎ᠤ ᠪᠣᠭᠣᠮᠲᠠ᠎ᠠᠴᠠ ᠭᠠᠷᠤᠭᠰᠠᠨ᠎ᠨᠢ》 ᠵᠡᠷᠭᠡ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠥᠯᠢᠭᠡᠷ᠎ᠢ ᠰᠤᠷᠲᠠᠯᠴᠢᠯᠠᠨ᠎ᠠ᠃ 《ᠥᠪᠥᠷ ᠮᠣᠩᠭᠣᠯ᠎ᠤᠨ ᠭᠤᠷᠪᠠᠨ ᠮᠢᠩᠭ᠋ᠠᠨ ᠪᠠᠭ᠋ᠠᠴᠤᠳ 〈ᠨᠠᠭ᠋ᠠᠴᠤ ᠡᠮᠡᠭᠡ〉 ᠵᠢᠨ᠎ᠳᠤ᠎ᠪᠠᠨ ᠬᠠᠷᠢᠭᠰᠠᠨ》 ᠪᠣᠯᠤᠨ 《ᠬᠤᠪᠸᠢ ᠵᠢᠨ ᠪᠠᠭ᠋ᠠᠴᠤᠳ ᠲᠠᠯ᠎ᠠ ᠨᠤᠲᠤᠭ᠎ᠲᠤ ᠢᠷᠡᠵᠦ ᠰᠤᠳᠤᠯᠤᠨ ᠰᠤᠷᠤᠯᠴᠠᠬᠤ ᠠᠵᠢᠯᠯᠠᠭ᠎ᠠ》 ᠵᠢ ᠥᠷᠨᠢᠭᠦᠯᠵᠦ᠂ ᠬᠤᠪᠢᠷᠠᠯᠲᠠ ᠵᠢ ᠬᠠᠷᠠᠬᠤ᠂ ᠦᠨᠡᠨ ᠬᠦ᠌ ᠪᠡᠶᠡᠴᠢᠯᠡᠨ ᠣᠶ᠋ᠢᠯᠠᠭ᠋ᠠᠬᠤ᠂ ᠪᠣᠳᠠᠲᠠᠢ᠎ᠪᠠᠷ ᠰᠣᠯᠢᠯᠴᠠᠬᠤ᠎ᠪᠠᠷ ᠳᠠᠮᠵᠢᠭᠤᠯᠤᠨ ᠬᠣᠶᠠᠷ ᠭᠠᠵᠠᠷ ᠪᠣᠯᠤᠨ ᠵᠤᠤ ᠵᠢᠶᠦ᠋ᠨ᠎ᠤ ᠡᠪᠰᠡᠯ ᠤᠷᠤᠭ᠎ᠤᠨ ᠵᠠᠮ ᠲᠠᠭ᠋ᠠᠤ ᠭᠠᠵᠠᠷ ᠣᠷᠣᠨ᠎ᠤ ᠵᠠᠯᠠᠭᠤᠴᠤᠳ ᠪᠠᠭ᠋ᠠᠴᠤᠳ᠎ᠤᠨ ᠰᠡᠳᠬᠢᠯ᠎ᠳᠤ ᠳᠤᠮᠳᠠᠳᠤ ᠵᠢᠨ ᠦᠨᠳᠦᠰᠦᠲᠡᠨ ᠨᠢᠭᠡ ᠭᠡᠷ ᠪᠦᠯᠢ ᠵᠢᠨ᠎ᠬᠢᠨ ᠮᠡᠳᠦ ᠲᠤᠳᠤᠨᠤ ᠪᠠᠢ᠌ᠬᠤ ᠦᠷ᠎ᠡ ᠵᠢ ᠰᠠᠴᠤᠨ᠎ᠠ᠃
ᠳᠥᠷᠪᠡ᠎ᠳᠤ᠂ ᠪᠥᠬᠥ ᠣᠷᠣᠨ᠎ᠤ ᠶᠡᠬᠡ ᠳᠤᠮᠳᠠᠳᠤ ᠪᠠᠭ᠎ᠠ ᠰᠤᠷᠭ᠋ᠠᠭᠤᠯᠢ ᠵᠢ ᠵᠣᠬᠢᠶᠠᠨ ᠪᠠᠢ᠌ᠭᠤᠯᠵᠤ ᠲᠤᠰ ᠲᠤᠰ ᠵᠡᠭᠦᠨ ᠬᠡᠰᠡᠭ᠎ᠤᠨ ᠮᠤᠵᠢ ᠬᠣᠲᠠ ᠵᠢᠨ ᠶᠡᠬᠡ ᠳᠤᠮᠳᠠᠳᠤ ᠪᠠᠭ᠎ᠠ ᠰᠤᠷᠭ᠋ᠠᠭᠤᠯᠢ᠎ᠯᠤᠭ᠎ᠠ 《ᠮᠢᠩᠭ᠋ᠠᠨ ᠰᠤᠷᠭ᠋ᠠᠭᠤᠯᠢ ᠵᠢᠨ ᠰᠤᠷᠤᠭᠴᠢᠳ ᠭᠠᠷ ᠭᠠᠷ ᠵᠶ᠋ᠠᠨ ᠬᠣᠯᠪᠣᠯᠴᠠᠬᠤ》 ᠠᠵᠢᠯᠯᠠᠭ᠎ᠠ ᠵᠢ ᠥᠷᠨᠢᠭᠦᠯᠦᠨ᠎ᠡ᠃ ᠰᠤᠷᠭ᠋ᠠᠭᠤᠯᠢ᠂ ᠪᠦᠯᠬᠦᠮ ᠠᠩᠭᠢ (ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠪᠠᠭ᠋ᠠᠴᠤᠳ᠎ᠤᠨ ᠬᠣᠰᠢᠭᠤᠴᠢ ᠠᠩᠭᠢ)᠂ ᠠᠩᠭᠢ᠂ ᠰᠤᠷᠤᠭᠴᠢ ᠵᠡᠷᠭᠡ 《ᠳᠥᠷᠪᠡᠨ ᠱᠠᠲᠤ᠎ᠪᠠᠷ ᠵᠢᠨᠨ ᠬᠣᠣᠰᠯᠠᠯ ᠪᠣᠯᠣᠯᠴᠠᠬᠤ》 ᠲᠣᠭᠲᠠᠯᠴᠠᠭ᠎ᠠ ᠵᠢ ᠪᠠᠶ᠋ᠢᠭᠤᠯᠤᠨ᠎ᠠ᠃ ᠥᠪᠥᠷ ᠮᠣᠩᠭᠣᠯ ᠬᠢᠭᠡᠳ ᠵᠡᠭᠦᠨ ᠬᠡᠰᠡᠭ᠎ᠤᠨ ᠮᠤᠵᠢ ᠣᠷᠣᠨ᠎ᠤ ᠰᠤᠷᠭ᠋ᠠᠭᠤᠯᠢ᠎ᠨᠤᠭᠤᠳ᠎ᠲᠠᠢ ᠵᠢᠯ ᠪᠤᠯᠭ᠋ᠠᠨ 《ᠭᠠᠷ ᠭᠠᠷ ᠵᠶ᠋ᠠᠨ ᠬᠣᠯᠪᠣᠯᠴᠠᠬᠤ》 ᠠᠵᠢᠯᠯᠠᠭ᠋ᠠᠨ᠎ᠤ ᠬᠣᠣᠰᠯᠠᠯ ᠪᠣᠯᠣᠯᠴᠠᠬᠤ 1000 ᠬᠤᠪᠢ ᠬᠡᠯᠡᠯᠴᠡᠭᠡᠷ ᠲᠣᠭᠲᠠᠬᠤ ᠵᠢ ᠠᠬᠢᠭᠤᠯᠤᠨ᠎ᠠ᠃ 《ᠭᠠᠷ ᠭᠠᠷ ᠵᠶ᠋ᠠᠨ ᠬᠣᠯᠪᠣᠯᠴᠠᠬᠤ》 ᠵᠠᠬᠢᠳᠠᠯ ᠴᠢᠮᠡᠭᠡᠨ᠎ᠤ ᠰᠣᠯᠢᠯᠴᠠᠭ᠎ᠠ᠂ 《ᠭᠠᠷ ᠭᠠᠷ ᠵᠶ᠋ᠠᠨ ᠬᠣᠯᠪᠣᠯᠴᠠᠬᠤ》 ᠸᠢᠳᠢᠣ᠋ ᠦᠵᠡᠭᠦᠯᠭᠡ ᠵᠢᠨ ᠠᠩᠭᠢ ᠵᠢᠨ ᠬᠤᠷᠠᠯ᠎ᠤᠨ ᠰᠣᠯᠢᠯᠴᠠᠭ᠎ᠠ᠂ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ ᠣᠷᠣᠬᠤ ᠰᠣᠯᠢᠯᠴᠠᠭ᠎ᠠ ᠵᠡᠷᠭᠡ ᠠᠳᠠᠯᠢ ᠪᠤᠰᠤ ᠠᠷᠭ᠎ᠠ ᠬᠡᠯᠪᠡᠷᠢ ᠵᠢᠨ ᠰᠦᠯᠵᠢᠶᠡᠨ ᠳᠡᠭᠡᠷᠡᠬᠢ ᠰᠣᠯᠢᠯᠴᠠᠭ᠋ᠠᠨ᠎ᠤ ᠠᠵᠢᠯᠯᠠᠭ᠎ᠠ ᠥᠷᠨᠢᠭᠦᠯᠬᠦ᠂ ᠬᠠᠮᠳᠤ᠎ᠳᠤ᠎ᠪᠠᠨ ᠨᠢᠭᠡ ᠬᠢᠴᠢᠶᠡᠯ ᠣᠷᠣᠬᠤ᠂ ᠬᠠᠮᠳᠤ᠎ᠳᠤ᠎ᠪᠠᠨ ᠨᠢᠭᠡ ᠲᠣᠭ᠎ᠢ ᠮᠠᠨᠳᠤᠭᠤᠯᠬᠤ ᠵᠡᠷᠭᠡ᠎ᠪᠠᠷ ᠳᠠᠮᠵᠢᠭᠤᠯᠤᠨ ᠬᠠᠷᠢᠯᠴᠠᠨ ᠰᠤᠷᠪᠤᠯᠵᠢᠯᠠᠬᠤ᠂ ᠬᠠᠷᠢᠯᠴᠠᠨ ᠵᠢᠭ᠋ᠠᠬᠤ᠂ ᠬᠠᠷᠢᠯᠴᠠᠨ ᠬᠠᠪᠰᠤᠷᠤᠯᠴᠠᠬᠤ ᠵᠢ ᠪᠡᠶᠡᠯᠡᠭᠦᠯᠵᠦ᠂ ᠣᠶ᠋ᠢᠯᠠᠭ᠋ᠠᠯᠴᠠᠭ᠎ᠠ᠎ᠪᠠᠨ ᠨᠡᠮᠡᠭᠳᠡᠭᠦᠯᠵᠦ᠂ ᠦᠨᠳᠦᠰᠦᠲᠡᠨ᠎ᠤ ᠪᠦᠯᠬᠦᠮᠳᠡᠯ᠎ᠢ ᠠᠬᠢᠭᠤᠯᠤᠨ᠎ᠠ᠃
ᠲᠠᠪᠤ᠎ᠳᠤ᠂ ᠦᠨᠳᠦᠰᠦᠲᠡᠨ᠎ᠨᠦᠭᠦᠳ᠎ᠤᠨ ᠵᠠᠯᠠᠭᠤᠴᠤᠳ ᠪᠠᠭ᠋ᠠᠴᠤᠳ᠎ᠤᠨ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ ᠵᠢ ᠥᠷᠨᠢᠭᠦᠯᠦᠨ᠎ᠡ᠃ ᠵᠢᠯ ᠪᠤᠯᠭ᠋ᠠᠨ 10000 ᠣᠶᠤᠲᠠᠨ᠎ᠤ ᠰᠠᠶ᠋ᠢᠨ ᠳᠤᠷᠠᠴᠤᠳ᠂ ᠪᠠᠷᠠᠭᠤᠨ ᠣᠷᠣᠨ᠎ᠤ ᠲᠥᠯᠥᠪᠯᠡᠭᠡ ᠵᠢᠨ ᠰᠠᠶ᠋ᠢᠨ ᠳᠤᠷᠠᠴᠤᠳ ᠵᠡᠷᠭᠡ ᠵᠢ ᠵᠣᠬᠢᠶᠠᠨ ᠪᠠᠶ᠋ᠢᠭᠤᠯᠤᠨ ᠵᠣᠨ᠎ᠤ ᠠᠮᠠᠷᠠᠯᠲᠠ ᠵᠢᠨ ᠬᠤᠭᠤᠴᠠᠭ᠋ᠠᠨ᠎ᠤ ᠰᠣᠶᠣᠯ᠂ ᠰᠢᠨᠵᠢᠯᠡᠬᠦ ᠤᠬᠠᠭ᠋ᠠᠨ ᠮᠡᠷᠭᠡᠵᠢᠯ᠂ ᠡᠷᠡᠭᠦᠯ ᠬᠠᠮᠠᠭ᠋ᠠᠯᠠᠯ 《ᠭᠤᠷᠪᠠ ᠵᠢ ᠬᠥᠳᠡᠭᠡ ᠪᠠᠭᠤᠯᠭ᠋ᠠᠬᠤ》 ᠨᠡᠶ᠋ᠢᠭᠡᠮ᠎ᠤᠨ ᠦᠢ᠍ᠯᠡᠳᠦᠯᠭᠡ ᠵᠢᠨ ᠠᠵᠢᠯᠯᠠᠭ᠎ᠠ ᠵᠢ ᠥᠷᠨᠢᠭᠦᠯᠵᠦ᠂ ᠲᠡᠳᠡᠨ᠎ᠢ ᠬᠥᠲᠥᠯᠦᠨ ᠵᠢᠯᠣᠭᠣᠳᠴᠤ ᠪᠠᠢ᠌ᠭ᠋ᠠᠳ 《ᠪᠥᠬᠥ ᠤᠯᠤᠰ᠎ᠲᠤ ᠨᠡᠶ᠋ᠢᠲᠡᠯᠢᠭ ᠬᠡᠯᠡ ᠵᠢ ᠲᠦᠭᠡᠮᠡᠯᠵᠢᠭᠦᠯᠬᠦ ᠤᠬᠠᠭᠤᠯᠭ᠎ᠠ ᠵᠢᠨ ᠭᠠᠷᠠᠭ》᠂ ᠪᠥᠬᠥ ᠣᠷᠣᠨ᠎ᠤ 《ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》᠂ 《ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠵᠢᠯᠯᠠᠭ᠎ᠠ ᠵᠢᠨ ᠰᠠᠷ᠎ᠠ》᠂ 《ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠭᠠᠷᠠᠭ》 ᠵᠡᠷᠭᠡ ᠠᠵᠢᠯᠯᠠᠭ᠎ᠠ᠎ᠳᠤ ᠨᠢᠭᠲᠠ ᠲᠦᠰᠢᠭᠯᠡᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠂ ᠣᠷᠴᠢᠨ ᠲᠣᠭᠣᠷᠢᠨ᠎ᠤ ᠬᠠᠮᠠᠭ᠋ᠠᠯᠠᠯᠲᠠ᠂ ᠰᠣᠶᠣᠯ᠎ᠢ ᠤᠯᠠᠮᠵᠢᠯᠠᠨ ᠵᠠᠯᠭ᠋ᠠᠮᠵᠢᠯᠠᠬᠤ᠂ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ ᠵᠡᠷᠭᠡ ᠨᠡᠶ᠋ᠢᠭᠡᠮ᠎ᠤᠨ ᠦᠢ᠍ᠯᠡᠳᠦᠯᠭᠡ ᠪᠠ ᠰᠠᠶ᠋ᠢᠨ ᠳᠤᠷ᠎ᠠ ᠵᠢᠨ ᠦᠢ᠍ᠯᠡᠴᠢᠯᠡᠭᠡ ᠵᠢ ᠥᠷᠨᠢᠭᠦᠯᠦᠨ᠎ᠡ᠃
ᠵᠢᠷᠭᠤᠭ᠎ᠠ᠎ᠳᠤ᠂ 《ᠤᠮᠠᠷᠠᠲᠤ ᠬᠢᠯᠢ ᠵᠢᠨ ᠵᠠᠯᠠᠭᠤᠴᠤᠳ᠎ᠤᠨ ᠮᠡᠳᠡᠭᠦᠢ ᠪᠠ ᠬᠢᠬᠦᠢ ᠵᠢᠨ ᠠᠶᠠᠯᠠᠯ》 ᠭᠡᠬᠦ ᠪᠥᠬᠥ ᠣᠷᠣᠨ᠎ᠤ ᠮᠠᠷᠺᠰ᠎ᠤᠨ ᠦᠵᠡᠯ᠎ᠤᠨ ᠣᠨᠣᠯ᠎ᠤᠨ ᠵᠠᠯᠠᠭᠤ ᠪᠠᠭᠰᠢ ᠰᠤᠷᠤᠭᠴᠢᠳ᠎ᠤᠨ ᠰᠤᠳᠤᠯᠤᠨ ᠰᠤᠷᠤᠯᠴᠠᠬᠤ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ᠎ᠠ᠃ ᠪᠦᠬᠦ ᠣᠷᠣᠨ᠎ᠤ ᠶᠡᠬᠡ ᠳᠡᠭᠡᠳᠦ ᠰᠤᠷᠭ᠋ᠠᠭᠤᠯᠢ᠎ᠳᠤ ᠵᠢᠯ ᠪᠤᠯᠭ᠋ᠠᠨ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ᠎ᠤᠨ 100 ᠨᠡᠷ᠎ᠡ ᠵᠠᠯᠠᠭᠤ ᠭᠣᠣᠯᠯᠠᠭᠴᠢ ᠪᠠᠭᠰᠢ ᠪᠣᠯᠤᠨ ᠮᠠᠷᠺᠰ᠎ᠤᠨ ᠦᠵᠡᠯ᠎ᠤᠨ ᠤᠨᠤᠯ᠎ᠤᠨ ᠲᠤᠰᠬᠠᠢ ᠮᠡᠷᠭᠡᠵᠢᠯ᠎ᠤᠨ ᠰᠢᠯᠢᠳᠡᠭ ᠤᠶᠤᠲᠠᠳ᠎ᠤᠨ ᠭᠣᠣᠯᠯᠠᠭᠴᠢ ᠵᠢ ᠵᠣᠬᠢᠶᠠᠨ ᠪᠠᠶ᠋ᠢᠭᠤᠯᠵᠤ ᠬᠠᠮᠲᠤ᠎ᠪᠠᠷ ᠰᠤᠳᠤᠯᠤᠨ ᠰᠤᠷᠤᠯᠴᠠᠬᠤ ᠠᠵᠢᠯᠯᠠᠭ᠎ᠠ᠎ᠳᠤ ᠣᠷᠣᠯᠴᠠᠭᠤᠯᠤᠨ᠎ᠠ᠃ ᠦᠨᠳᠦᠰᠦᠲᠡᠨ᠎ᠨᠦᠭᠦᠳ᠎ᠤᠨ ᠵᠠᠯᠠᠭᠤ ᠪᠠᠭᠰᠢ ᠰᠤᠷᠤᠭᠴᠢᠳ᠎ᠤᠨ 《ᠬᠠᠮᠳᠤ᠎ᠪᠠᠷ ᠰᠤᠷᠤᠯᠴᠠᠬᠤ᠂ ᠬᠠᠮᠳᠤ᠎ᠪᠠᠷ ᠰᠤᠳᠤᠯᠤᠨ ᠶᠠᠷᠢᠯᠴᠠᠬᠤ᠂ ᠬᠠᠮᠳᠤ᠎ᠪᠠᠷ ᠦᠢ᠍ᠯᠡᠳᠦᠯᠭᠡᠵᠢᠭᠦᠯᠬᠦ》 ᠠᠷᠭ᠎ᠠ ᠬᠡᠯᠪᠡᠷᠢ᠎ᠪᠠᠷ ᠳᠠᠮᠵᠢᠭᠤᠯᠤᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠵᠢᠭ᠋ᠠᠨ ᠰᠤᠷᠭ᠋ᠠᠯᠲᠠ ᠵᠢᠨ ᠵᠠᠭᠪᠤᠷ ᠪᠠ ᠠᠷᠭ᠎ᠠ ᠵᠢᠨ ᠰᠢᠨ᠎ᠡ ᠵᠢ ᠡᠭᠦᠳᠬᠦ ᠵᠢ ᠠᠬᠢᠭᠤᠯᠵᠤ᠂ ᠰᠢᠨ᠎ᠡ ᠬᠡᠯᠪᠡᠷᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠦᠢ᠍ᠯᠡᠳᠦᠯᠭᠡ ᠵᠢᠨ ᠵᠢᠭ᠋ᠠᠨ ᠰᠤᠷᠭ᠋ᠠᠯᠲᠠ ᠵᠢᠨ ᠰᠢᠨ᠎ᠡ ᠵᠢ ᠡᠭᠦᠳᠬᠦ ᠪᠦᠯᠬᠦᠮ ᠨᠡᠶ᠋ᠢᠲᠡ ᠵᠢ ᠬᠦᠮᠦᠵᠢᠬᠦᠯᠵᠦ᠂ ᠥᠷᠭᠡᠨ ᠣᠯᠠᠨ ᠰᠤᠷᠤᠭᠴᠢᠳ᠎ᠤᠨ ᠦᠵᠡᠯ ᠰᠠᠨᠠᠭ᠋ᠠᠨ᠎ᠤ ᠬᠢᠷᠢ ᠲᠦᠪᠰᠢᠨ᠂ ᠤᠯᠤᠰ ᠲᠥᠷᠥ ᠵᠢᠨ ᠤᠬᠠᠮᠰᠠᠷ᠂ ᠶᠣᠰᠣ ᠮᠣᠷᠠᠯ᠎ᠤᠨ ᠬᠡᠪ ᠴᠢᠨᠠᠷ᠂ ᠰᠣᠶᠣᠯ᠎ᠤᠨ ᠬᠡᠪ ᠪᠣᠯᠪᠠᠰᠤᠷᠠᠯ ᠪᠠ ᠦᠢ᠍ᠯᠡᠳᠦᠯᠭᠡ ᠵᠢᠨ ᠴᠢᠳᠠᠪᠤᠷᠢ ᠵᠢ ᠳᠡᠭᠡᠭᠰᠢᠯᠡᠭᠦᠯᠵᠦ᠂ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠵᠠᠯᠠᠭᠤ ᠪᠠᠭᠰᠢ ᠨᠠᠷ᠎ᠤᠨ ᠰᠢᠨ᠎ᠡ ᠵᠢ ᠡᠭᠦᠳᠬᠦ ᠴᠢᠳᠠᠪᠤᠷᠢ ᠪᠠ ᠦᠢ᠍ᠯᠡᠳᠦᠯᠭᠡ ᠵᠢᠨ ᠵᠢᠯᠣᠭᠣᠳᠬᠤ ᠬᠢᠷᠢ ᠲᠦᠪᠰᠢᠨ᠎ᠢ ᠴᠢᠩᠭ᠋ᠠᠳᠬᠠᠨ᠎ᠠ᠃
ᠳᠣᠯᠣᠭ᠎ᠠ᠎ᠳᠤ᠂ 《ᠲᠤᠮᠤᠴᠤᠳ ᠪᠠᠭ᠋ᠠᠴᠤᠳ ᠭᠠᠷ ᠭᠠᠷ ᠵᠢᠨᠨ ᠬᠣᠯᠪᠣᠯᠴᠠᠬᠤ》 ᠠᠵᠢᠯ ᠲᠥᠷᠥᠯ ᠵᠶ᠋ᠠᠷ ᠵᠶ᠋ᠠᠨ ᠬᠠᠪᠰᠤᠷᠤᠨ ᠲᠡᠳᠬᠦᠵᠦ ᠰᠣᠯᠢᠯᠴᠠᠬᠤ ᠠᠵᠢᠯᠯᠠᠭ᠎ᠠ ᠵᠢ ᠥᠷᠨᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠤᠶᠤᠲᠠᠳ᠎ᠤᠨ ᠰᠡᠳᠬᠢᠴᠡ ᠵᠢᠨ ᠡᠷᠡᠭᠦᠯ ᠮᠡᠨᠳᠦ ᠵᠢᠨ ᠬᠥᠮᠦᠵᠢᠯ᠎ᠤᠨ ᠵᠢᠱ᠌ᠢᠶ᠎ᠡ ᠦᠵᠡᠭᠦᠯᠬᠦ ᠲᠥᠪ᠎ᠠᠴᠠ ᠠᠵᠢᠯ ᠲᠥᠷᠥᠯ ᠵᠶ᠋ᠠᠷ ᠵᠶ᠋ᠠᠨ ᠠᠶ᠋ᠢᠮᠠᠭ ᠬᠣᠲᠠ ᠵᠢᠨ ᠰᠡᠳᠬᠢᠴᠡ ᠵᠢᠨ ᠡᠷᠡᠭᠦᠯ ᠮᠡᠨᠳᠦ ᠵᠢ ᠬᠠᠪᠰᠤᠷᠤᠨ ᠲᠡᠳᠬᠦᠵᠦ ᠰᠣᠯᠢᠯᠴᠠᠬᠤ ᠲᠣᠭᠲᠠᠴᠠ ᠵᠢ ᠪᠠᠶ᠋ᠢᠭᠤᠯᠵᠤ᠂ ᠵᠢᠯ ᠪᠤᠯᠭ᠋ᠠᠨ 《ᠲᠤᠮᠤᠴᠤᠳ ᠪᠠᠭ᠋ᠠᠴᠤᠳ ᠭᠠᠷ ᠭᠠᠷ ᠵᠢᠨᠨ ᠬᠣᠯᠪᠣᠯᠴᠠᠬᠤ》 ᠠᠷᠭ᠎ᠠ ᠬᠡᠯᠪᠡᠷᠢ᠎ᠪᠠᠷ 《ᠰᠡᠳᠬᠢᠯ᠎ᠢ ᠤᠮᠳᠠᠯᠠᠨ ᠬᠥᠮᠦᠨ᠎ᠢ ᠬᠦᠮᠦᠵᠢᠭᠦᠯᠵᠦ᠂ ᠬᠥᠮᠥᠨ᠎ᠤ ᠦᠰᠦᠨ ᠪᠤᠢ᠌ᠵᠢᠯᠳᠡ ᠵᠢ ᠳᠡᠮᠵᠢᠬᠦ》 ᠶᠡᠬᠡ ᠳᠤᠮᠳᠠᠳᠤ ᠪᠠᠭ᠎ᠠ ᠰᠤᠷᠭ᠋ᠠᠭᠤᠯᠢ ᠵᠢᠨ ᠰᠡᠳᠬᠢᠴᠡ ᠵᠢᠨ ᠡᠷᠡᠭᠦᠯ ᠮᠡᠨᠳᠦ ᠵᠢᠨ ᠬᠥᠮᠦᠵᠢᠯ᠎ᠤᠨ ᠵᠢᠱ᠌ᠢᠶ᠎ᠡ ᠦᠵᠡᠭᠦᠯᠬᠦ ᠠᠵᠢᠯᠯᠠᠭ᠎ᠠ ᠵᠢ ᠬᠠᠮᠲᠤᠷᠠᠨ ᠥᠷᠨᠢᠭᠦᠯᠵᠦ᠂ ᠪᠥᠬᠥ ᠣᠷᠣᠨ᠎ᠳᠤ ᠵᠢᠯ ᠪᠦᠷᠢ ᠵᠢᠨ ᠬᠠᠷᠢᠯᠴᠠᠨ ᠰᠣᠯᠢᠯᠴᠠᠵᠤ ᠠᠰᠢᠭ ᠭᠥᠷᠳᠡᠭᠰᠡᠨ ᠬᠥᠮᠦᠨ᠎ᠤ ᠲᠣᠭ᠎ᠠ ᠵᠢ 10 ᠲᠦᠮᠡᠨ ᠬᠥᠮᠦᠨ ᠤᠳᠠᠭ᠎ᠠ᠎ᠠᠴᠠ ᠳᠡᠭᠡᠭᠰᠢ᠎ᠳᠤ ᠬᠦᠷᠭᠡᠨ᠎ᠡ᠃ ᠠᠶ᠋ᠢᠮᠠᠭ ᠬᠣᠲᠠ ᠵᠢᠨ ᠬᠣᠭᠣᠷᠣᠨᠳᠣᠬᠢ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠬᠣᠭᠣᠷᠣᠨᠳᠣᠬᠢ᠂ ᠰᠤᠷᠭ᠋ᠠᠭᠤᠯᠢ ᠵᠢᠨ ᠬᠣᠭᠣᠷᠣᠨᠳᠣᠬᠢ ᠬᠣᠣᠰᠯᠠᠯ ᠪᠣᠯᠣᠯᠴᠠᠵᠤ ᠬᠠᠪᠰᠤᠷᠤᠨ ᠲᠡᠳᠬᠦᠬᠦ ᠲᠣᠭᠲᠠᠴᠠ ᠵᠢ ᠪᠠᠶ᠋ᠢᠭᠤᠯᠵᠤ᠂ ᠰᠤᠷᠭ᠋ᠠᠨ ᠬᠥᠮᠦᠵᠢᠯ᠎ᠤᠨ ᠴᠢᠳᠠᠪᠤᠷᠢᠲᠠᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦ ᠨᠡᠮᠡᠷᠢᠯᠡᠬᠦ ᠲᠤᠰᠬᠠᠶ ᠠᠵᠢᠯᠯᠠᠭ᠎ᠠ ᠵᠢ ᠦᠷᠨᠢᠬᠦᠯᠵᠦ᠂ ᠰᠤᠷᠭ᠋ᠠᠨ ᠬᠥᠮᠦᠵᠢᠯ᠎ᠤᠨ ᠴᠢᠳᠠᠪᠤᠷᠢᠲᠠᠨ᠎ᠤ ᠲᠣᠭᠲᠠᠮᠠᠯ ᠬᠤᠭᠤᠴᠠᠭ᠎ᠠ᠎ᠲᠠᠢ᠎ᠪᠠᠷ ᠬᠥᠳᠡᠭᠡ ᠲᠣᠰᠬᠣᠨ᠎ᠤ ᠰᠤᠷᠭ᠋ᠠᠭᠤᠯᠢ᠎ᠳᠤ ᠣᠴᠢᠵᠤ ᠰᠤᠷᠭ᠋ᠠᠨ ᠬᠥᠮᠦᠵᠢᠯ᠎ᠢ ᠳᠡᠮᠵᠢᠬᠦ ᠵᠢ ᠳᠡᠮᠵᠢᠨ ᠵᠣᠷᠢᠭᠵᠢᠭᠤᠯᠤᠨ᠎ᠠ᠃
ᠨᠠᠢ᠍ᠮᠠ᠎ᠳᠤ᠂ ᠠᠶ᠋ᠢᠮᠠᠭ ᠬᠣᠲᠠ ᠬᠣᠰᠢᠭᠤ ᠰᠢᠶᠠᠨ᠎ᠤ ᠬᠣᠭᠣᠷᠣᠨᠳᠣ ᠦᠨᠳᠦᠰᠦᠲᠡᠨ᠎ᠨᠦᠭᠦᠳ᠎ᠤᠨ ᠵᠠᠯᠠᠭᠤᠴᠤᠳ ᠪᠠᠭ᠋ᠠᠴᠤᠳ᠎ᠤᠨ 《ᠭᠠᠷ ᠭᠠᠷ ᠵᠶ᠋ᠠᠨ ᠬᠣᠯᠪᠣᠯᠴᠠᠵᠤ ᠬᠢᠯᠢ ᠬᠢᠵᠠᠭ᠋ᠠᠷ ᠵᠶ᠋ᠠᠷ ᠠᠶᠠᠯᠠᠶ᠎ᠠ》 ᠭᠡᠬᠦ ᠰᠣᠯᠢᠯᠴᠠᠭ᠋ᠠᠨ᠎ᠤ ᠠᠵᠢᠯᠯᠠᠭ᠎ᠠ ᠵᠢ ᠥᠷᠨᠢᠭᠦᠯᠦᠨ᠎ᠡ᠃ ᠪᠦᠬᠦ ᠣᠷᠣᠨ ᠵᠢᠯ ᠪᠦᠷᠢ ᠬᠤᠳᠠ ᠵᠢᠨ ᠪᠠ ᠬᠢᠯᠢ ᠬᠢᠵᠠᠭ᠋ᠠᠷ ᠣᠷᠣᠨ᠎ᠤ ᠦᠨᠳᠦᠰᠦᠲᠡᠨ᠎ᠨᠦᠭᠦᠳ᠎ᠤᠨ 1200 ᠵᠠᠯᠠᠭᠤᠴᠤᠳ ᠪᠠᠭ᠋ᠠᠴᠤᠳ᠎ᠢ ᠵᠣᠬᠢᠶᠠᠨ ᠪᠠᠢ᠌ᠭᠤᠯᠵᠤ ᠭᠠᠷ ᠭᠠᠷ ᠵᠶ᠋ᠠᠨ ᠬᠣᠯᠪᠣᠯᠴᠠᠵᠤ ᠴᠡᠷᠢᠭ᠎ᠤᠨ ᠬᠤᠸᠠᠷᠠᠨ᠎ᠳᠤ ᠤᠴᠢᠬᠤ᠂ ᠬᠠᠷᠠᠭᠤᠯ᠎ᠤᠨ ᠭᠠᠵᠠᠷ᠎ᠲᠤ ᠤᠴᠢᠬᠤ᠂ ᠬᠠᠮᠲᠤ᠎ᠪᠠᠷ ᠬᠢᠯᠢ ᠵᠢ ᠴᠠᠭᠳᠠᠨ ᠪᠠᠶ᠋ᠢᠴᠠᠭ᠋ᠠᠬᠤ ᠵᠡᠷᠭᠡ ᠰᠢᠷᠢᠰ ᠠᠵᠢᠯᠯᠠᠭ᠎ᠠ ᠵᠢ ᠥᠷᠨᠢᠭᠦᠯᠦᠨ᠎ᠡ᠃
ᠶᠢᠰᠦ᠎ᠳᠤ᠂ ᠠᠶ᠋ᠢᠮᠠᠭ ᠬᠣᠲᠠ ᠬᠣᠰᠢᠭᠤ ᠰᠢᠶᠠᠨ᠎ᠳᠤ ᠦᠨᠳᠦᠰᠦᠲᠡᠨ᠎ᠨᠦᠭᠦᠳ᠎ᠤᠨ ᠵᠠᠯᠠᠭᠤᠴᠤᠳ ᠪᠠᠭ᠋ᠠᠴᠤᠳ᠎ᠤᠨ ᠰᠣᠶᠣᠯ᠎ᠤᠨ ᠰᠣᠯᠢᠯᠴᠠᠭ᠋ᠠᠨ᠎ᠤ ᠠᠵᠢᠯᠯᠠᠭ᠎ᠠ ᠥᠷᠨᠢᠭᠦᠯᠦᠨ᠎ᠡ᠃ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠭᠦᠨᠵᠡᠭᠡᠶ ᠠᠭᠤᠳᠠᠯᠤᠨ ᠢᠯᠡᠷᠡᠭᠦᠯᠵᠦ᠂ ᠡᠯ᠎ᠡ ᠠᠶ᠋ᠢᠮᠠᠭ ᠬᠣᠲᠠ ᠵᠢᠯ ᠪᠤᠯᠭ᠋ᠠᠨ ᠦᠨᠳᠦᠰᠦᠲᠡᠨ᠎ᠨᠦᠭᠦᠳ᠎ᠤᠨ 2000 ᠵᠠᠯᠠᠭᠤᠴᠤᠳ ᠪᠠᠭ᠋ᠠᠴᠤᠳ᠎ᠢ ᠵᠣᠬᠢᠶᠠᠨ ᠪᠠᠶ᠋ᠢᠭᠤᠯᠵᠤ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠰᠣᠩᠭᠣᠳᠠᠭ ᠵᠣᠬᠢᠶᠠᠯ ᠤᠩᠰᠢᠬᠤ᠂ ᠬᠤᠪᠢᠰᠬᠠᠯᠲᠤ ᠥᠯᠢᠭᠡᠷ ᠶᠠᠷᠢᠬᠤ᠂ ᠦᠨᠳᠦᠰᠦᠲᠡᠨ᠎ᠤ ᠪᠦᠯᠬᠦᠮᠳᠡᠯ᠎ᠤᠨ ᠥᠯᠢᠭᠡᠷ ᠶᠠᠷᠢᠬᠤ᠂ ᠦᠨᠳᠦᠰᠦᠲᠡᠨ᠎ᠤ ᠤᠷᠠᠯᠢᠭ᠎ᠤᠨ ᠦᠵᠡᠭᠦᠯᠭᠡ ᠵᠢᠨ ᠲᠣᠭᠯᠠᠯᠲᠠ ᠭᠠᠷᠭ᠋ᠠᠬᠤ᠂ ᠤᠷᠠᠨ ᠪᠢᠴᠢᠯᠭᠡ᠂ ᠬᠡᠷᠡᠯ ᠵᠢᠷᠤᠭ᠎ᠤᠨ ᠤᠷᠤᠯᠳᠤᠭ᠋ᠠᠨ ᠵᠡᠷᠭᠡ ᠰᠣᠯᠢᠯᠴᠠᠭ᠋ᠠᠨ᠎ᠤ ᠠᠵᠢᠯᠯᠠᠭ᠎ᠠ ᠵᠢ ᠥᠷᠨᠢᠭᠦᠯᠦᠨ᠎ᠡ᠃
ᠠᠷᠪᠠ᠎ᠳᠤ᠂ ᠠᠶ᠋ᠢᠮᠠᠭ ᠬᠣᠲᠠ ᠬᠣᠰᠢᠭᠤ ᠰᠢᠶᠠᠨ᠎ᠳᠤ ᠦᠨᠳᠦᠰᠦᠲᠡᠨ᠎ᠨᠦᠭᠦᠳ᠎ᠤᠨ ᠰᠢᠨ᠎ᠡ᠎ᠪᠠᠷ ᠮᠠᠨᠳᠤᠭᠰᠠᠨ ᠵᠠᠯᠠᠭᠤᠴᠤᠳ᠎ᠤᠨ ᠪᠦᠯᠦᠭᠯᠡᠯ᠎ᠲᠠᠢ ᠬᠠᠷᠢᠯᠴᠠᠵᠤ ᠰᠣᠯᠢᠯᠴᠠᠬᠤ ᠠᠵᠢᠯᠯᠠᠭ᠎ᠠ ᠵᠢ ᠥᠷᠨᠢᠭᠦᠯᠦᠨ᠎ᠡ᠃ ᠡᠯ᠎ᠡ ᠠᠶ᠋ᠢᠮᠠᠭ ᠬᠣᠲᠠ ᠴᠢᠯᠦᠭᠡᠲᠦ ᠵᠠᠭᠤᠴᠢᠯᠠᠭᠤᠷᠴᠢ᠂ ᠴᠠᠬᠢᠮ ᠵᠣᠬᠢᠶᠠᠯᠴᠢ᠂ ᠰᠣᠶᠣᠯ᠎ᠤᠨ ᠡᠭᠦᠳᠦᠯᠲᠡ ᠵᠢᠨ ᠵᠠᠯᠠᠭᠤᠴᠤᠳ᠂ ᠤᠷᠠᠨ ᠳᠠᠷᠬᠠᠨ᠂ ᠭᠣᠴᠣ ᠬᠥᠭᠵᠢᠮ ᠵᠡᠷᠭᠡ ᠰᠢᠨ᠎ᠡ᠎ᠪᠠᠷ ᠮᠠᠨᠳᠤᠭᠰᠠᠨ ᠦᠨᠳᠦᠰᠦᠲᠡᠨ᠎ᠨᠦᠭᠦᠳ᠎ᠤᠨ ᠵᠠᠯᠠᠭᠤᠴᠤᠳ᠎ᠤᠨ ᠪᠦᠯᠦᠭᠯᠡᠯ᠎ᠯᠦᠭᠡ ᠬᠠᠷᠢᠯᠴᠠᠭ᠎ᠠ᠎ᠪᠠᠨ ᠴᠢᠩᠭ᠋ᠠᠳᠬᠠᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠰᠤᠷᠤᠯᠴᠠᠯᠭ᠎ᠠ ᠪᠣᠯᠪᠠᠰᠤᠷᠠᠯ᠂ ᠲᠤᠰᠬᠠᠶ ᠮᠡᠷᠭᠡᠵᠢᠯ᠎ᠤᠨ ᠰᠣᠯᠢᠯᠴᠠᠭ᠎ᠠ᠂ ᠤᠷ᠎ᠠ ᠴᠢᠳᠠᠪᠤᠷᠢ ᠵᠢᠨ ᠦᠵᠡᠭᠦᠯᠭᠡ ᠵᠡᠷᠭᠡ ᠠᠵᠢᠯᠯᠠᠭ᠎ᠠ ᠵᠢ ᠵᠣᠬᠢᠶᠠᠨ ᠪᠠᠶ᠋ᠢᠭᠤᠯᠬᠤ᠎ᠪᠠᠷ ᠳᠡᠮᠵᠢᠨ ᠪᠦᠬᠦ ᠣᠷᠣᠨ᠎ᠳᠤ ᠵᠢᠯ ᠪᠦᠷᠢ ᠦᠨᠳᠦᠰᠦᠲᠡᠨ᠎ᠨᠦᠭᠦᠳ᠎ᠤᠨ ᠰᠢᠨ᠎ᠡ᠎ᠪᠠᠷ ᠮᠠᠨᠳᠤᠭᠰᠠᠨ ᠵᠠᠯᠠᠭᠤᠴᠤᠳ᠎ᠤᠨ ᠪᠦᠯᠦᠭᠯᠡᠯ᠎ᠯᠦᠭᠡ ᠬᠠᠷᠢᠯᠴᠠᠭ᠎ᠠ ᠵᠢ 1200 ᠬᠥᠮᠦᠨ ᠤᠳᠠᠭ᠎ᠠ᠎ᠠᠴᠠ ᠴᠥᠭᠡᠨ ᠦᠭᠡᠢ ᠪᠠᠢ᠌ᠯᠭ᠋ᠠᠵᠤ᠂ ᠰᠢᠨ᠎ᠡ᠎ᠪᠠᠷ ᠮᠠᠨᠳᠤᠭᠰᠠᠨ ᠦᠨᠳᠦᠰᠦᠲᠡᠨ᠎ᠨᠦᠭᠦᠳ᠎ᠤᠨ ᠵᠠᠯᠠᠭᠤᠴᠤᠳ᠎ᠤᠨ ᠪᠦᠯᠦᠭᠯᠡᠯ᠎ᠢ ᠬᠥᠲᠥᠯᠦᠨ ᠳᠠᠭ᠋ᠠᠭᠤᠯᠵᠤ ᠪᠠᠢ᠌ᠭ᠋ᠠᠳ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠠᠮᠠᠭ᠋ᠠᠯᠠᠭᠴᠢ᠂ ᠤᠬᠠᠭᠤᠯᠤᠭᠴᠢ᠂ ᠦᠢ᠍ᠯᠡᠳᠦᠯᠭᠡᠵᠢᠭᠦᠯᠦᠭᠴᠢ ᠪᠣᠯᠭ᠋ᠠᠨ᠎ᠠ᠃
《ᠬᠡᠷᠡᠭᠵᠢᠭᠦᠯᠬᠦ ᠲᠥᠰᠦᠯ》᠎ᠳᠤ᠂ ᠨᠢᠭᠡ᠎ᠳᠤ᠂ ᠭᠤᠤᠯ ᠰᠢᠵᠢᠮ᠎ᠢ ᠳᠣᠪᠣᠢ᠌ᠯᠭ᠋ᠠᠨ ᠪᠠᠷᠢᠮᠲᠠᠯᠠᠵᠤ᠂ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠬᠦ ᠬᠡᠷᠡᠭᠲᠡᠶ᠃ 《ᠬᠣᠶᠠᠷ᠎ᠢ ᠬᠠᠮᠠᠭ᠋ᠠᠯᠠᠬᠤ》 ᠪᠠᠶ᠋ᠢᠯᠳᠤᠬᠤ ᠪᠤᠳᠤᠯᠭ᠎ᠠ ᠵᠢᠨ ᠦᠨᠳᠦᠷᠴᠡ᠎ᠠᠴᠠ ᠨᠠᠮ᠎ᠤᠨ ᠲᠦᠷᠦ ᠪᠠᠷᠢᠬᠤ ᠵᠠᠯᠠᠭᠤᠴᠤᠳ᠎ᠤᠨ ᠰᠠᠭᠤᠷᠢ ᠵᠢ ᠪᠡᠬᠢᠵᠢᠭᠦᠯᠦᠨ ᠥᠷᠭᠡᠳᠬᠡᠬᠦ ᠡᠨᠡ ᠬᠦ᠌ ᠤᠯᠤᠰ ᠲᠦᠷᠦ ᠵᠢᠨ ᠬᠠᠷᠢᠭᠤᠴᠠᠯᠭ᠎ᠠ᠎ᠠᠴᠠ ᠡᠭᠦᠰᠴᠦ᠂ ᠦᠨᠳᠦᠰᠦᠲᠡᠨ᠎ᠨᠦᠭᠦᠳ᠎ᠤᠨ ᠵᠠᠯᠠᠭᠤᠴᠤᠳ ᠪᠠᠭ᠋ᠠᠴᠤᠳ᠎ᠤᠨ ᠰᠣᠯᠢᠯᠴᠠᠭ᠋ᠠᠨ᠎ᠤ ᠠᠵᠢᠯᠯᠠᠭ᠎ᠠ ᠵᠢᠨ ᠴᠢᠬᠤᠯᠠ ᠴᠢᠨᠠᠷ ᠪᠠ ᠵᠠᠶ᠋ᠢᠯᠠᠰᠢ ᠦᠭᠡᠢ ᠴᠢᠨᠠᠷ᠎ᠢ ᠲᠠᠨᠢᠬᠤ ᠬᠡᠷᠡᠭᠲᠡᠢ᠃ ᠬᠣᠶᠠᠷ᠎ᠲᠤ᠂ ᠵᠣᠬᠢᠴᠠᠭᠤᠯᠬᠤ ᠲᠣᠭᠲᠠᠴᠠ ᠵᠢ ᠪᠠᠶ᠋ᠢᠭᠤᠯᠵᠤ᠂ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠬᠤ ᠬᠡᠷᠡᠭᠲᠡᠢ᠃ ᠡᠯ᠎ᠡ ᠠᠶ᠋ᠢᠮᠠᠭ ᠬᠣᠲᠠ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ᠎ᠨᠢ ᠤᠳᠤᠷᠢᠳᠬᠤ ᠲᠣᠭᠲᠠᠴᠠ ᠪᠠᠶ᠋ᠢᠭᠤᠯᠵᠤ᠂ ᠲᠤᠰᠬᠠᠶ ᠬᠥᠮᠦᠨ ᠵᠢᠨᠷ ᠬᠠᠷᠢᠭᠤᠴᠠᠭᠤᠯᠵᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠵᠣᠬᠢᠴᠠᠭᠤᠯᠬᠤ ᠬᠤᠷᠠᠯ ᠬᠤᠷᠠᠯᠳᠤᠭᠤᠯᠵᠤ᠂ ᠵᠣᠬᠢᠶᠠᠨ ᠪᠠᠢ᠌ᠭᠤᠯᠤᠯᠲᠠ ᠵᠢᠨ ᠵᠣᠬᠢᠴᠠᠭᠤᠯᠬᠤ ᠡᠷᠴᠢᠮ ᠵᠶ᠋ᠠᠨ ᠴᠢᠩᠭ᠋ᠠᠳᠬᠠᠵᠤ᠂ ᠠᠵᠢᠯᠯᠠᠭ᠎ᠠ ᠵᠢᠨ ᠲᠤᠷᠰᠢᠯᠭ᠎ᠠ ᠪᠠ ᠬᠢᠬᠦ ᠠᠷᠭ᠎ᠠ᠎ᠪᠠᠨ ᠴᠠᠭ ᠲᠤᠬᠠᠶ᠎ᠳᠤᠨᠢ ᠳ᠋ᠦᠩᠨᠡᠵᠦ᠂ ᠠᠵᠢᠯᠯᠠᠭ᠎ᠠ ᠵᠢᠨ ᠳᠤᠮᠳᠠ ᠣᠷᠣᠰᠢᠵᠤ ᠪᠠᠶ᠋ᠢᠭ᠎ᠠ ᠠᠰᠠᠭᠤᠳᠠᠯ ᠪᠣᠯᠤᠨ ᠪᠣᠳᠠᠲᠠᠶ ᠬᠦᠴᠢᠷᠳᠡᠯ᠎ᠢ ᠰᠢᠢ᠍ᠳᠪᠦᠷᠢᠯᠡᠵᠦ᠂ ᠮᠠᠨ᠎ᠤ ᠣᠷᠣᠨ᠎ᠤ ᠦᠨᠳᠦᠰᠦᠲᠡᠨ᠎ᠨᠦᠭᠦᠳ᠎ᠤᠨ ᠵᠠᠯᠠᠭᠤᠴᠤᠳ ᠪᠠᠭ᠋ᠠᠴᠤᠳ᠎ᠤᠨ ᠰᠣᠯᠢᠯᠴᠠᠭ᠋ᠠᠨ᠎ᠤ ᠠᠵᠢᠯᠯᠠᠭ᠎ᠠ ᠵᠢ ᠡᠮᠬᠢ ᠵᠢᠷᠤᠮ᠎ᠲᠠᠢ ᠥᠷᠨᠢᠭᠦᠯᠵᠦ᠂ ᠠᠮᠢᠳᠤᠯᠢᠭ ᠰᠠᠶ᠋ᠢᠬᠠᠨ ᠬᠢᠬᠦ ᠵᠢ ᠦᠨᠡᠨ ᠬᠦ᠌ ᠪᠠᠲᠤᠯᠠᠬᠤ ᠬᠡᠷᠡᠭᠲᠡᠶ᠃ ᠭᠤᠷᠪᠠ᠎ᠳᠤ᠂ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠵᠶ᠋ᠠᠨ ᠲᠣᠳᠣᠷᠬᠠᠶ᠋ᠢᠯᠠᠵᠤ᠂ ᠬᠠᠮᠵᠢᠯᠴᠠᠭ᠎ᠠ᠎ᠪᠠᠨ ᠴᠢᠩᠭ᠋ᠠᠳᠬᠠᠬᠤ ᠬᠡᠷᠡᠭᠲᠡᠢ᠃ ᠬᠡᠷᠡᠭᠵᠢᠭᠦᠯᠬᠦ ᠲᠥᠰᠦᠯ ᠶᠣᠰᠣᠭ᠋ᠠᠷ ᠨᠠᠷᠢᠨ ᠨᠢᠭᠲᠠ ᠵᠣᠬᠢᠶᠠᠨ ᠪᠠᠶ᠋ᠢᠭᠤᠯᠵᠤ᠂ ᠠᠵᠢᠯ ᠲᠥᠷᠥᠯ ᠵᠶ᠋ᠠᠷ ᠵᠶ᠋ᠠᠨ ᠰᠣᠯᠢᠯᠴᠠᠬᠤ ᠨᠢᠭᠡᠴᠢ ᠵᠢ ᠰᠠᠨᠠᠭ᠋ᠠᠴᠢᠯᠠᠭ᠎ᠠ᠎ᠠᠴᠠ᠎ᠪᠠᠨ ᠵᠣᠬᠢᠴᠠᠭᠤᠯᠤᠨ ᠲᠣᠭᠲᠠᠭ᠋ᠠᠵᠤ᠂ ᠠᠵᠢᠯ᠎ᠤᠨ ᠠᠬᠢᠴᠠ ᠵᠢᠨ ᠪᠠᠶ᠋ᠢᠳᠠᠯ ᠵᠶ᠋ᠠᠨ ᠴᠠᠭ ᠲᠤᠬᠠᠶ᠎ᠳᠤᠨᠢ ᠬᠠᠷᠢᠭᠤ ᠮᠡᠳᠡᠭᠦᠯᠵᠦ᠂ ᠵᠣᠬᠢᠴᠠᠭᠤᠯᠤᠨ ᠬᠠᠮᠵᠢᠯᠴᠠᠬᠤ᠎ᠪᠠᠨ ᠴᠢᠩᠭ᠋ᠠᠳᠬᠠᠵᠦ᠂ ᠠᠵᠢᠯ᠎ᠤᠨ ᠨᠡᠢ᠌ᠯᠡᠮᠡᠯ ᠬᠦᠴᠦᠨ᠎ᠢ ᠪᠣᠶ ᠪᠣᠯᠭ᠋ᠠᠵᠤ᠂ ᠠᠵᠢᠯᠯᠠᠭ᠎ᠠ ᠵᠢᠨ ᠠᠮᠤᠷ ᠲᠦᠪᠰᠢᠨ ᠪᠥᠭᠡᠳ ᠤᠷᠤᠭᠰᠢᠲᠠᠶ ᠶᠠᠪᠤᠭᠳᠠᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃ ᠳᠥᠷᠪᠡ᠎ᠳᠤ᠂ ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢ ᠴᠢᠩᠭ᠋ᠠᠳᠬᠠᠵᠤ᠂ ᠦᠨᠡᠨ ᠬᠦ᠌ ᠪᠠᠲᠤᠯᠠᠬᠤ ᠬᠡᠷᠡᠭᠲᠡᠶ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠰᠣᠯᠢᠯᠴᠠᠭ᠋ᠠᠨ᠎ᠤ ᠨᠡᠷᠡᠲᠦ ᠲᠡᠮᠳᠡᠭ᠎ᠢ ᠡᠭᠦᠳᠬᠦ ᠵᠢ ᠴᠢᠬᠤᠯᠠᠴᠢᠯᠠᠵᠤ᠂ ᠵᠢᠱ᠌ᠢᠶ᠎ᠡ ᠦᠵᠡᠭᠦᠯᠦᠨ ᠬᠥᠲᠥᠯᠥᠨ ᠳᠠᠭ᠋ᠠᠭᠤᠯᠬᠤ ᠦᠢ᠍ᠯᠡᠳᠦᠯ ᠵᠢᠨᠨ ᠪᠠᠳᠠᠷᠠᠭᠤᠯᠵᠤ᠂ ᠬᠥᠮᠦᠨ᠎ᠤ ᠬᠦᠴᠦᠨ᠂ ᠪᠣᠳᠠᠰ᠎ᠤᠨ ᠬᠦᠴᠦᠨ᠂ ᠡᠳ᠋᠎ᠤᠨ ᠬᠦᠴᠦᠨ᠎ᠤ ᠲᠠᠯ᠎ᠠ᠎ᠪᠠᠷ ᠬᠠᠷᠠᠭ᠋ᠠᠯᠵᠠᠯ ᠦᠵᠡᠬᠦᠯᠬᠦ ᠬᠡᠷᠡᠭᠲᠡᠶ᠃ ᠲᠠᠪᠤ᠎ᠳᠤ᠂ ᠨᠡᠶ᠋ᠢᠭᠡᠮ᠎ᠤᠨ ᠳᠠᠶ᠋ᠢᠴᠢᠯᠠᠯᠲᠠ ᠵᠢ ᠥᠷᠭᠡᠳᠬᠡᠵᠦ᠂ ᠤᠬᠠᠭᠤᠯᠵᠤ ᠬᠥᠲᠥᠯᠥᠨ ᠵᠢᠯᠣᠭᠣᠳᠬᠤ ᠠᠵᠢᠯ᠎ᠢ ᠰᠠᠶ᠋ᠢᠲᠤᠷ ᠬᠢᠬᠦ ᠬᠡᠷᠡᠭᠲᠡᠶ᠃ ᠵᠠᠯᠠᠭᠤᠴᠤᠳ ᠪᠠᠭ᠋ᠠᠴᠤᠳ᠎ᠤᠨ ᠭᠣᠣᠯ ᠴᠣᠭᠴᠠ ᠵᠢᠨ ᠪᠠᠶ᠋ᠢᠷᠢ ᠰᠠᠭᠤᠷᠢ ᠵᠢ ᠳᠤᠪᠤᠢ᠍ᠢ᠍ᠯᠭ᠋ᠠᠵᠦ᠂ ᠵᠠᠯᠠᠭᠤᠴᠤᠳ ᠪᠠᠭ᠋ᠠᠴᠤᠳ᠎ᠤᠨ ᠭᠣᠣᠯ ᠰᠡᠳᠦᠪᠲᠦ ᠤᠬᠠᠭᠤᠯᠤᠨ ᠲᠠᠶ᠋ᠢᠯᠪᠤᠷᠢᠯᠠᠬᠤ ᠠᠵᠢᠯᠯᠠᠭ᠎ᠠ ᠵᠢ ᠥᠷᠭᠡᠨ ᠵᠶ᠋ᠡᠷ ᠥᠷᠨᠢᠭᠦᠯᠵᠦ᠂ ᠦᠨᠡᠨ ᠬᠥᠮᠦᠨ ᠦᠨᠡᠨ ᠶᠠᠪᠤᠳᠠᠯ ᠪᠣᠯᠤᠨ ᠦᠨᠡᠨ ᠰᠡᠳᠬᠢᠯᠭᠡ ᠪᠤᠳᠠᠳᠤ ᠲᠦᠷᠦᠭᠳᠡᠯ ᠵᠢᠨᠷ ᠵᠢᠨᠨ ᠭᠡᠷ᠎ᠤᠨ ᠬᠥᠮᠦᠰ᠂ ᠪᠠᠭᠰᠢ᠂ ᠬᠠᠮᠲᠤ ᠰᠤᠷᠤᠯᠭ᠋ᠠᠲᠠᠨᠳᠤᠪᠠᠨ ᠵᠠᠯᠠᠭᠤᠴᠤᠳ ᠪᠠᠭ᠋ᠠᠴᠤᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠂ ᠪᠦᠯᠬᠦᠮᠳᠡᠨ ᠨᠥᠬᠥᠷᠰᠡᠭ ᠬᠠᠷᠢᠯᠴᠠᠨ ᠬᠠᠪᠰᠤᠷᠤᠯᠴᠠᠭᠰᠠᠨ ᠦᠯᠢᠭᠡᠷ᠎ᠢ ᠶᠠᠷᠢᠵᠤ ᠦᠭᠭᠦ ᠬᠡᠷᠡᠭᠳᠡᠢ᠃ ᠰᠣᠯᠢᠯᠴᠠᠭ᠋ᠠᠨ᠎ᠤ ᠠᠵᠢᠯᠯᠠᠭ᠋ᠠᠨ᠎ᠤ ᠳᠤᠮᠳᠠ ᠴᠣᠯᠭᠣᠷᠠᠨ ᠭᠠᠷᠤᠭᠰᠠᠨ ᠲᠡᠷᠢᠭᠦᠨ᠎ᠤ ᠨᠡᠶ᠋ᠢᠲᠡᠯᠢᠭ ᠵᠢᠱ᠌ᠢᠶ᠎ᠡ ᠵᠢ ᠰᠤᠡᠭᠭᠤᠨ ᠳᠠᠭᠤᠷᠢᠶᠠᠯ ᠪᠣᠯᠭ᠋ᠠᠨ ᠤᠬᠠᠭᠤᠯᠵᠤ᠂ ᠨᠡᠶ᠋ᠢᠲᠡᠯᠢᠭ ᠵᠢᠱ᠌ᠢᠶ᠎ᠡ᠎ᠪᠠᠷ ᠵᠠᠮ ᠳᠠᠭ᠋ᠠᠭᠤᠯᠬᠤ᠂ ᠠᠳᠠᠯᠢᠳᠬᠠᠬᠤ ᠰᠤᠷᠤᠯᠴᠠᠬᠤ ᠭᠦᠢ᠍ᠴᠡᠬᠦ ᠳᠡᠮᠵᠢᠬᠦ ᠳᠠᠪᠠᠬᠤ ᠰᠠᠶ᠋ᠢᠨ ᠰᠠᠶ᠋ᠢᠬᠠᠨ ᠬᠡᠪ ᠰᠤᠷᠲᠠᠯ᠎ᠢ ᠪᠣᠶ ᠪᠣᠯᠭ᠋ᠠᠬᠤ ᠵᠢ ᠠᠬᠢᠭᠤᠯᠵᠤ᠂ ᠳᠠᠭᠤᠷᠢᠶᠠᠨ ᠬᠢᠵᠦ ᠪᠣᠯᠬᠤ ᠳᠡᠯᠭᠡᠷᠡᠭᠦᠯᠵᠦ ᠪᠣᠯᠬᠤ ᠲᠤᠷᠰᠢᠯᠭ᠎ᠠ ᠪᠠ ᠠᠷᠭ᠎ᠠ ᠬᠢᠳᠡᠯᠤᠳᠢ ᠪᠦᠷᠢᠯᠳᠦᠭᠦᠯᠬᠦ ᠬᠡᠷᠡᠭᠲᠡᠶ ᠭᠡᠵᠦ ᠱᠠᠭ᠋ᠠᠷᠳᠠᠪᠠ᠃
ᠣᠷᠴᠢᠭᠤᠯᠤᠭᠴᠢ᠄ ᠣᠶᠤᠨᠴᠡᠴᠡᠭ
ᠬᠢᠨᠠᠨ ᠨᠠᠢ᠌ᠷᠠᠭᠤᠯᠤᠭᠴᠢ᠄ ᠠᠳᠢᠶ᠎ᠠ ᠰᠠᠴᠤᠷᠠᠯ
ᠶᠡᠷᠦᠩᠬᠡᠢ ᠬᠢᠨᠠᠨ ᠨᠠᠢ᠌ᠷᠠᠭᠤᠯᠤᠭᠴᠢ᠄ ᠪᠠᠶᠠᠨᠴᠢᠮᠡᠭ