(2023 ᠣᠨ᠎ᠤ 7 ᠰᠠᠷ᠎ᠠ ᠵᠢᠨ 5᠎ᠤ ᠡᠳᠦᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠬᠤᠷᠢᠶ᠎ᠠ ᠵᠢᠨ ᠵᠢᠷᠭᠤᠳᠤᠭ᠋ᠠᠷ ᠪᠦᠬᠦᠳᠡ ᠬᠤᠷᠠᠯ᠎ᠠᠴᠠ ᠪᠠᠲᠤᠯᠠᠪᠠ)
ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠥᠬᠥ ᠲᠠᠯ᠎ᠠ᠎ᠪᠠᠷ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠨᠠᠶ᠋ᠢᠳᠠᠪᠤᠷᠢᠵᠢᠭᠤᠯᠵᠤ᠂ ᠰᠢᠨ᠎ᠡ ᠴᠠᠭ ᠦᠶ᠎ᠡ᠎ᠳᠤ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢ ᠦᠷᠭᠦᠯᠵᠢᠯᠡᠨ ᠪᠠᠲᠤᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠬᠤ ᠪᠥᠲᠥᠭᠡᠨ ᠪᠠᠶ᠋ᠢᠭᠤᠯᠤᠯᠲᠠ᠎ᠳᠤ ᠰᠢᠨ᠎ᠡ ᠵᠠᠮ ᠨᠡᠭᠡᠭᠡᠬᠦ ᠵᠢᠨ ᠲᠥᠯᠥᠭᠡ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠥᠲᠥᠭᠡᠨ ᠪᠠᠶ᠋ᠢᠭᠤᠯᠬᠤ ᠲᠤᠬᠠᠶ ᠳᠤᠤᠷᠠᠬᠢ ᠮᠡᠲᠦ ᠲᠣᠭᠲᠠᠭ᠋ᠠᠯ ᠭᠠᠷᠭ᠋ᠠᠪᠠ᠃
ᠨᠢᠭᠡ᠂ ᠨᠠᠮ᠎ᠤᠨ ᠠᠴᠢ ᠡᠨᠡᠷᠢᠯ᠎ᠳᠤ ᠲᠠᠯᠠᠷᠬᠠᠨ ᠨᠠᠮ ᠵᠶ᠋ᠠᠨ ᠲᠠᠭ᠋ᠠᠬᠤ᠂ ᠶᠡᠷᠦᠩᠬᠡᠢ ᠱᠦᠵᠢ ᠰᠢ ᠵᠢᠨ ᠫᠢᠩ᠎ᠢ ᠡᠷᠡᠰ ᠲᠠᠭ᠋ᠠᠵᠤ ᠰᠢᠨ᠎ᠡ ᠠᠶᠠᠨ᠎ᠳᠤ ᠡᠷᠡᠯᠬᠡᠭᠯᠡᠨ ᠤᠷᠤᠭᠰᠢᠯᠠᠬᠤ ᠲᠠᠯ᠎ᠠ᠎ᠪᠠᠷ ᠵᠢᠱ᠌ᠢᠶᠡᠴᠢ ᠪᠤᠯᠬᠤ ᠬᠡᠷᠡᠭᠲᠡᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠵᠢᠱ᠌ᠢᠶᠡᠴᠢ ᠥᠪᠡᠷᠲᠡᠭᠡᠨ ᠵᠠᠰᠠᠬᠤ ᠣᠷᠣᠨ ᠪᠣᠯᠤᠭᠰᠠᠨ᠎ᠤ ᠬᠤᠪᠢ᠎ᠳᠤ᠂ ᠵᠢᠱ᠌ᠢᠶᠡᠴᠢ᠎ᠨᠢ ᠨᠠᠮ᠎ᠤᠨ ᠦᠭᠡ ᠵᠢ ᠰᠣᠨᠣᠰᠬᠤ᠎ᠳᠤ ᠪᠠᠶ᠋ᠢᠳᠠᠭ᠃ ᠡᠷᠬᠡᠪᠰᠢ ᠨᠠᠮ ᠵᠶ᠋ᠠᠨ ᠳᠠᠭ᠋ᠠᠬᠤ᠂ ᠨᠠᠮ᠎ᠤᠨ ᠲᠥᠪ ᠬᠣᠷᠢᠶ᠎ᠠ᠎ᠪᠠᠨ ᠳᠠᠭ᠋ᠠᠬᠤ ᠬᠤᠪᠢᠰᠬᠠᠯᠲᠤ ᠤᠳᠤᠮᠰᠢᠯ᠎ᠢ ᠰᠠᠶ᠋ᠢᠲᠤᠷ ᠵᠠᠯᠭ᠋ᠠᠮᠵᠢᠯᠠᠵᠤ᠂ ᠥᠷᠭᠡᠨ ᠣᠯᠠᠨ ᠨᠠᠮ᠎ᠤᠨ ᠭᠡᠰᠢᠭᠦᠨ ᠺᠠᠳ᠋ᠷ ᠣᠯᠠᠨ ᠲᠦᠮᠡᠨ᠎ᠢ ᠬᠦᠮᠦᠵᠢᠭᠦᠯᠦᠨ ᠬᠥᠲᠥᠯᠦᠨ ᠵᠢᠯᠣᠭᠣᠳᠴᠤ ᠪᠠᠶ᠋ᠢᠭ᠋ᠠᠳ 《ᠬᠣᠶᠠᠷ᠎ᠢ ᠲᠤᠭᠲᠠᠭ᠋ᠠᠭᠰᠠᠨ》᠎ᠤ ᠰᠢᠢ᠍ᠳᠪᠦᠷᠢᠯᠡᠭᠴᠢ ᠠᠴᠢ ᠬᠣᠯᠪᠣᠭᠳᠠᠯ᠎ᠢ ᠨᠠᠩ ᠭᠦᠨᠵᠡᠭᠡᠶ ᠣᠶ᠋ᠢᠯᠠᠭ᠋ᠠᠭᠤᠯᠵᠤ᠂ ᠨᠠᠩ ᠤᠬᠠᠮᠰᠠᠷ᠎ᠠᠴᠠ᠎ᠪᠠᠨ 《ᠳᠥᠷᠪᠡᠨ ᠤᠬᠠᠮᠰᠠᠷ》 ᠵᠶ᠋ᠠᠨ ᠴᠢᠩᠭ᠋ᠠᠳᠬᠠᠵᠤ᠂ 《ᠳᠥᠷᠪᠡᠨ ᠢᠲᠡᠭᠡᠯ》 ᠵᠶ᠋ᠠᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠬᠦ ᠬᠡᠷᠡᠭᠲᠡᠶ᠃
(ᠨᠢᠭᠡ) ᠰᠢ ᠵᠢᠨ ᠫᠢᠩ ᠨᠥᠬᠥᠷ ᠵᠶ᠋ᠠᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶ᠎ᠠ᠎ᠲᠠᠢ ᠢᠮᠠᠭᠲᠠ ᠳᠡᠭᠡᠳᠦ ᠬᠡᠮᠵᠢᠶ᠎ᠡ᠎ᠪᠠᠷ ᠨᠢᠭᠡᠳᠦᠯᠲᠡᠢ ᠪᠠᠶ᠋ᠢᠬᠤ ᠬᠡᠷᠡᠭᠲᠡᠢ᠃ 《ᠬᠣᠶᠠᠷ᠎ᠢ ᠬᠠᠮᠠᠭ᠋ᠠᠯᠠᠬᠤ》 ᠵᠢᠨ ᠲᠦᠷᠢᠮ ᠲᠣᠭᠲᠠᠴᠠ ᠵᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠴᠢᠩᠭ᠎ᠠ ᠨᠠᠶ᠋ᠢᠳᠠᠪᠤᠷᠢᠵᠢᠭᠤᠯᠵᠤ᠂ ᠨᠠᠮ᠎ᠤᠨ ᠲᠥᠪ ᠬᠤᠷᠢᠶ᠎ᠠ ᠵᠢᠨ ᠵᠠᠷᠯᠢᠭ᠎ᠢ ᠡᠷᠡᠰ ᠳᠠᠭ᠋ᠠᠵᠤ᠂ ᠨᠠᠮ᠎ᠤᠨ ᠲᠥᠪ ᠬᠤᠷᠢᠶ᠎ᠠ ᠵᠢᠨ ᠵᠢᠯᠣᠭᠣᠳᠣᠯᠭ᠎ᠠ ᠵᠢ ᠡᠷᠡᠰ ᠳᠠᠭ᠋ᠠᠵᠤ᠂ ᠨᠠᠮ᠎ᠤᠨ ᠲᠥᠪ ᠬᠤᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠳᠤᠮᠳᠠᠬᠢ ᠬᠡᠮᠵᠢᠶ᠎ᠡ᠂ ᠵᠥᠷᠢᠶ᠎ᠡ᠂ ᠬᠡᠯᠪᠡᠶ᠋ᠢᠭᠦᠦ ᠵᠢ ᠡᠷᠡᠰ ᠵᠠᠯᠠᠷᠠᠭᠤᠯᠵᠤ᠂ ᠨᠠᠮ᠎ᠤᠨ ᠲᠥᠪ ᠬᠤᠷᠢᠶ᠎ᠠ ᠵᠢᠨ ᠰᠠᠨᠠᠭ᠋ᠠᠴᠢᠯᠠᠭᠰᠠᠨᠢ ᠡᠷᠡᠰ ᠴᠤᠤᠷᠢᠶᠠᠲᠤᠨ ᠳᠠᠭ᠋ᠠᠵᠤ᠂ ᠨᠠᠮ᠎ᠤᠨ ᠲᠥᠪ ᠬᠤᠷᠢᠶ᠎ᠠ ᠵᠢᠨ ᠲᠤᠭᠲᠠᠭ᠋ᠠᠭᠰᠠᠨᠢ ᠡᠷᠡᠰ ᠵᠢᠷᠤᠮᠯᠠᠨ ᠭᠦᠢ᠍ᠴᠡᠳᠬᠡᠵᠦ᠂ ᠨᠠᠮ᠎ᠤᠨ ᠲᠥᠪ ᠬᠤᠷᠢᠶ᠎ᠠ ᠵᠢᠨ ᠴᠠᠭ᠋ᠠᠵᠠᠯᠠᠭᠰᠠᠨ᠎ᠢ ᠡᠷᠡᠰ ᠬᠢᠬᠦ ᠥᠬᠡᠶ ᠪᠠᠶ᠋ᠢᠬᠤ ᠵᠢ ᠦᠨᠡᠨ ᠬᠦ᠌ ᠪᠡᠶᠡᠯᠡᠭᠦᠯᠬᠦ ᠬᠡᠷᠡᠭᠲᠡᠶ᠃ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠭᠢᠯ ᠵᠶ᠋ᠠᠨ ᠨᠢᠭᠡᠳᠭᠡᠨ ᠰᠦᠭ ᠰᠦᠨᠡᠰᠦ᠎ᠪᠠᠨ ᠱᠤᠭᠤᠬᠤ ᠵᠢ ᠴᠥᠬᠥᠷᠡᠰᠢ ᠦᠭᠡᠢ ᠪᠠᠷᠢᠮᠲᠠᠯᠠᠵᠤ᠂ ᠰᠢ ᠵᠢᠨ ᠫᠢᠩ᠎ᠤᠨ ᠰᠢᠨ᠋᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠢ ᠰᠠᠶ᠋ᠢᠲᠤᠷ ᠥᠷᠨᠢᠭᠦᠯᠵᠦ᠂ ᠨᠠᠮ᠎ᠤᠨ ᠰᠢᠨ᠎ᠡ ᠵᠢ ᠡᠭᠦᠳᠬᠦ ᠤᠨᠤᠯ ᠵᠶ᠋ᠠᠷ ᠨᠠᠮ᠎ᠤᠨ ᠭᠡᠰᠢᠭᠦᠨ᠎ᠢ ᠪᠠᠶ᠋ᠢᠩᠭᠤᠵᠢᠭᠤᠯᠤᠨ ᠵᠡᠪᠰᠡᠭᠯᠡᠬᠦ᠂ ᠤᠯᠠᠨ ᠲᠦᠮᠡᠨ᠎ᠢ ᠬᠥᠮᠦᠵᠢᠭᠦᠯᠬᠦ ᠲᠦᠷᠢᠮ ᠲᠣᠭᠲᠠᠴᠠ ᠵᠢ ᠪᠦᠷᠢᠨᠰᠢᠬᠦᠯᠬᠦ ᠬᠡᠷᠡᠭᠲᠡᠢ᠃ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠶᠡᠬᠡ ᠶᠣᠰᠣ ᠵᠢ ᠮᠡᠳᠡᠬᠦ᠂ ᠶᠡᠬᠡ ᠲᠠᠯ᠎ᠠ ᠵᠢ ᠬᠠᠷᠠᠭ᠋ᠠᠯᠵᠠᠬᠤ᠂ ᠬᠡᠪ ᠰᠤᠷᠲᠠᠯ᠎ᠢ ᠡᠷᠬᠢᠮᠯᠡᠬᠦ᠂ ᠬᠤᠪᠢ ᠨᠡᠮᠡᠷᠢ ᠦᠵᠡᠭᠦᠯᠬᠦ᠎ᠪᠠᠷ ᠴᠢᠷᠮᠠᠶ᠋ᠢᠬᠤ᠂ ᠬᠠᠷᠢᠭᠤᠴᠠᠯᠭ᠎ᠠ ᠡᠭᠦᠷᠭᠡᠯᠡᠬᠦ ᠡᠷᠬᠢᠮ ᠨᠠᠨᠳᠢᠨ ᠵᠠᠩ ᠴᠢᠨᠠᠷ᠎ᠢ ᠰᠠᠶ᠋ᠢᠲᠤᠷ ᠤᠯᠠᠮᠵᠢᠯᠠᠵᠤ᠂ ᠨᠠᠮ᠎ᠤᠨ ᠲᠥᠪ ᠬᠣᠷᠢᠶ᠎ᠠ᠎ᠠᠴᠠ ᠪᠠᠶ᠋ᠢᠷᠢᠯᠠᠭᠤᠯᠤᠭᠰᠠᠨ ᠯᠠ ᠶᠤᠮ ᠪᠣᠯ᠂ ᠤᠯᠤᠰ᠎ᠲᠤ ᠬᠡᠷᠡᠭᠴᠡᠭᠡ᠎ᠲᠠᠢ ᠯᠡ ᠶᠤᠮ ᠪᠤᠯ ᠡᠷᠡᠰ ᠬᠢᠵᠦ᠂ ᠳᠠᠷᠤᠶ᠋ᠢᠬᠠᠨ ᠭᠦᠢ᠍ᠴᠡᠳᠭᠡᠵᠦ᠂ ᠪᠣᠳᠠᠲᠠᠢ ᠠᠳᠬᠤᠵᠤ᠂ ᠠᠯᠢᠪᠠ ᠪᠦᠬᠦᠨ ᠶᠡᠬᠡ ᠲᠠᠯ᠎ᠠ ᠵᠢ ᠳᠠᠭ᠋ᠠᠵᠤ᠂ ᠶᠡᠬᠡ ᠲᠠᠯ᠎ᠠ᠎ᠳᠤ ᠦᠢ᠍ᠯᠡᠴᠢᠯᠡᠵᠦ᠂ ᠶᠡᠬᠡ ᠲᠠᠯ᠎ᠠ ᠵᠢ ᠬᠠᠮᠠᠭ᠋ᠠᠯᠠᠬᠤ ᠬᠡᠷᠡᠭᠲᠡᠢ᠃
(ᠬᠣᠶᠠᠷ) ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠱᠠᠭ᠋ᠠᠷᠳᠠᠯᠭ᠎ᠠ ᠵᠢ ᠲᠡᠷᠡ ᠶᠣᠰᠣᠭ᠋ᠠᠷ᠎ᠨᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠬᠡᠷᠡᠭᠲᠡᠢ᠃ ᠨᠠᠮ᠎ᠤᠨ ᠭᠡᠰᠢᠭᠦᠨ᠂ ᠺᠠᠳ᠋ᠷᠴᠤᠳ᠎ᠢ ᠵᠣᠬᠢᠶᠠᠨ ᠪᠠᠶ᠋ᠢᠭᠤᠯᠵᠤ ᠪᠠᠶ᠋ᠢᠭ᠋ᠠᠳ ᠵᠣᠷᠢᠭ ᠰᠠᠨᠠᠭ᠋ᠠᠨ᠎ᠤ ᠮᠥᠨ ᠴᠢᠨᠠᠷ ᠪᠠ ᠦᠢ᠍ᠯᠡᠳᠦᠯᠭᠡ ᠵᠢᠨ ᠱᠠᠭ᠋ᠠᠷᠳᠠᠯᠭ᠎ᠠ ᠵᠢ ᠦᠷᠭᠦᠯᠵᠢᠯᠡᠨ ᠭᠦᠨᠵᠡᠭᠡᠶ ᠰᠤᠷᠤᠯᠴᠠᠨ ᠣᠶ᠋ᠢᠯᠠᠭ᠋ᠠᠵᠤ᠂ ᠪᠥᠬᠥ ᠨᠡᠶ᠋ᠢᠭᠡᠮ᠎ᠳᠤ ᠬᠠᠨᠳᠤᠭᠤᠯᠤᠭᠰᠠᠨ ᠤᠬᠠᠭᠤᠯᠭ᠎ᠠ ᠬᠥᠮᠦᠵᠢᠯ᠎ᠢ ᠴᠢᠩᠭ᠋ᠠᠳᠬᠠᠵᠤ᠂ ᠪᠥᠬᠥ ᠣᠷᠣᠨ ᠲᠠᠶᠠᠭ᠋ᠠᠷᠢ ᠬᠥᠲᠥᠯᠦᠨ ᠵᠢᠯᠣᠭᠣᠳᠴᠤ ᠪᠠᠶ᠋ᠢᠭ᠋ᠠᠳ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠠᠬᠢ ᠭᠦᠨ ᠵᠤᠵᠠᠭ᠋ᠠᠨ ᠬᠠᠶ᠋ᠢᠷ᠎ᠠ ᠰᠡᠳᠭᠢᠯᠭᠡ ᠵᠢ ᠭᠦᠨᠵᠡᠭᠡᠶ ᠣᠶ᠋ᠢᠯᠠᠭ᠋ᠠᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠵᠢᠷᠤᠭᠯᠠᠵᠤ ᠦᠭᠭᠦᠭᠰᠡᠨ ᠬᠥᠭᠵᠢᠯᠲᠡ ᠵᠢᠨ ᠵᠢᠷᠤᠭ ᠲᠥᠯᠥᠪᠯᠡᠭᠡ᠂ ᠲᠣᠭᠲᠠᠭ᠋ᠠᠭᠰᠠᠨ ᠠᠵᠢᠯᠯᠠᠭ᠋ᠠᠨ᠎ᠤ ᠬᠥᠲᠥᠯᠪᠦᠷᠢ ᠵᠢ ᠭᠦᠨᠵᠡᠭᠡᠶ ᠣᠶ᠋ᠢᠯᠠᠭ᠋ᠠᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠵᠢᠭ᠋ᠠᠭᠰᠠᠨ ᠴᠢᠭᠯᠡᠯ ᠵᠶ᠋ᠠᠷ ᠡᠷᠡᠰ ᠭᠤᠶ᠋ᠢᠪᠢᠰᠢ ᠥᠬᠡᠶ ᠤᠷᠤᠭᠰᠢᠯᠠᠭᠤᠯᠬᠤ ᠬᠡᠷᠡᠭᠲᠡᠢ᠃ ᠪᠦᠬᠦᠯᠢ ᠴᠣᠭᠴᠠ᠎ᠪᠠᠷ᠎ᠨᠢ ᠣᠶ᠋ᠢᠯᠠᠭ᠋ᠠᠨ ᠡᠵᠡᠮᠰᠢᠬᠦ᠂ ᠨᠢᠭᠡ ᠴᠣᠭᠴᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠪᠠᠷᠢᠮᠲᠠᠯᠠᠵᠤ᠂ ᠮᠡᠳᠡᠬᠦ ᠬᠢᠬᠦ ᠵᠢ ᠨᠢᠭᠡᠳᠭᠡᠨ ᠵᠣᠬᠢᠶᠠᠨ ᠪᠠᠶ᠋ᠢᠭᠤᠯᠵᠤ ᠬᠡᠷᠡᠭᠵᠢᠭᠦᠯᠬᠦ ᠵᠢ ᠰᠠᠶ᠋ᠢᠲᠤᠷ ᠠᠳᠬᠤᠵᠤ᠂ ᠵᠤᠷᠪᠤᠰ ᠳᠠᠷᠠᠭ᠋ᠠᠯᠠᠨ ᠨᠠᠶ᠋ᠢᠳᠠᠪᠤᠷᠢᠵᠢᠭᠤᠯᠵᠤ᠂ ᠨᠢᠭᠡᠳ ᠨᠢᠭᠡ᠎ᠪᠠᠷ ᠪᠤᠲᠠᠲᠠᠢ᠎ᠳᠤ ᠨᠠᠶ᠋ᠢᠳᠠᠪᠤᠷᠢᠵᠢᠭᠤᠯᠵᠤ᠂ ᠶᠠᠪᠤᠳᠠᠯ ᠪᠣᠯᠭ᠋ᠠᠨ᠎ᠳᠤ ᠦᠷ᠎ᠡ ᠪᠦᠲᠦᠮᠵᠢ ᠭᠠᠷᠭ᠋ᠠᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠲᠤᠭᠤᠰᠢᠯᠠᠭᠤᠯᠤᠨ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠲᠣᠭᠣᠷᠢᠨ ᠪᠠᠶ᠋ᠢᠴᠠᠭ᠋ᠠᠯᠲᠠ᠂ ᠱᠠᠯᠠᠪᠳᠠᠭᠤᠯᠤᠨ ᠪᠠᠶ᠋ᠢᠴᠠᠭ᠋ᠠᠯᠲᠠ ᠵᠢᠨ ᠴᠢᠬᠤᠯᠠ ᠠᠭᠤᠯᠭ᠎ᠠ ᠪᠣᠯᠭ᠋ᠠᠵᠤ᠂ ᠡᠭᠦᠷᠭᠡ ᠵᠢᠨ ᠬᠤᠪᠢᠶᠠᠷᠢᠯᠠᠯ᠂ ᠱᠠᠯᠠᠪᠳᠠᠭᠤᠯᠤᠨ ᠨᠠᠶ᠋ᠢᠳᠠᠪᠤᠷᠢᠵᠢᠭᠤᠯᠬᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠮᠡᠳᠡᠭᠦᠯᠬᠦ᠂ ᠪᠠᠶ᠋ᠢᠴᠠᠭ᠋ᠠᠵᠤ ᠵᠠᠷᠯᠠᠨ ᠮᠡᠳᠡᠭᠳᠡᠬᠦ᠂ ᠦᠷ᠎ᠡ ᠪᠦᠲᠦᠮᠵᠢ ᠵᠢ ᠮᠥᠷᠳᠡᠨ ᠠᠰᠠᠭᠤᠬᠤ᠂ ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠪᠥᠬᠥ ᠬᠡᠯᠬᠢᠶᠡᠨ᠎ᠤ ᠠᠵᠢᠯ᠎ᠤᠨ ᠲᠣᠭᠲᠠᠴᠠ ᠵᠢ ᠪᠦᠷᠢᠨᠰᠢᠭᠦᠯᠵᠦ᠂ ᠪᠠᠶ᠋ᠢᠩᠭᠤ ᠪᠠᠷᠢᠮᠵᠢᠶᠠᠯᠠᠨ ᠬᠠᠷᠭᠤᠭᠤᠯᠵᠤ᠂ ᠬᠡᠯᠪᠡᠶ᠋ᠢᠭᠦᠦ᠎ᠪᠠᠨ ᠴᠠᠭ ᠲᠤᠬᠠᠶ᠎ᠳᠤᠨᠢ ᠵᠠᠯᠠᠷᠠᠭᠤᠯᠵᠤ᠂ ᠣᠪᠯᠠᠨ ᠠᠭ᠋ᠠᠰᠢᠯᠠᠬᠤ᠂ ᠨᠥᠬᠥᠴᠡᠯ ᠲᠤᠷᠠᠳᠬᠤ᠂ ᠳᠤᠲᠠᠭᠤ ᠳᠣᠷᠭᠣᠨ ᠬᠢᠬᠦ᠂ ᠰᠣᠩᠭᠣᠯᠲᠠ ᠬᠢᠬᠦ᠂ ᠵᠤᠬᠢᠴᠠᠭᠤᠯᠤᠨ ᠲᠤᠬᠢᠷᠠᠭᠤᠯᠬᠤ ᠠᠵᠢᠯᠯᠠᠭ᠎ᠠ ᠵᠢ ᠡᠷᠡᠰ ᠡᠰᠡᠷᠭᠦᠴᠡᠨ ᠵᠠᠰᠠᠬᠤ ᠬᠡᠷᠡᠭᠲᠡᠢ᠃
(ᠭᠤᠷᠪᠠ) ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠨᠠᠮ᠎ᠤᠨ ᠠᠴᠢ ᠡᠨᠡᠷᠢᠯ᠎ᠳᠤ ᠨᠡᠩ ᠦᠨᠡᠨ ᠰᠡᠳᠭᠢᠯ᠎ᠠᠴᠠ᠎ᠪᠠᠨ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠳᠠᠭ᠋ᠠᠬᠤ ᠵᠢ ᠬᠥᠮᠦᠵᠢᠭᠦᠯᠦ᠋ᠨ ᠬᠥᠲᠥᠯᠦᠨ ᠵᠢᠯᠤᠭᠤᠳᠬᠤ ᠬᠡᠷᠡᠭᠲᠡᠢ᠃ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪ᠎ᠲᠤ ᠬᠦᠮᠦᠵᠢᠯ᠎ᠲᠠᠢ ᠤᠶᠠᠯᠳᠤᠭᠤᠯᠤᠨ᠂ 《ᠨᠠᠮ᠎ᠤᠨ ᠠᠴᠢ ᠡᠨᠡᠷᠢᠯ᠎ᠳᠤ ᠲᠠᠯᠠᠷᠬᠠᠬᠤ᠂ ᠨᠠᠮ᠎ᠤᠨ ᠦᠭᠡ ᠵᠢ ᠰᠣᠨᠣᠰᠬᠤ᠂ ᠨᠠᠮ ᠵᠶ᠋ᠠᠨ ᠳᠠᠭ᠋ᠠᠬᠤ》 ᠣᠯᠠᠨ ᠲᠦᠮᠡᠨ᠎ᠤ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ ᠵᠢ ᠭᠦᠨᠵᠡᠭᠡᠢ ᠦᠷᠨᠢᠭᠦᠯᠵᠦ᠂ ᠨᠢᠭᠡᠨ ᠬᠠᠪᠰᠤᠷᠤᠨ ᠵᠢᠯᠣᠭᠣᠳᠬᠤ ᠨᠣᠮ᠂ ᠨᠢᠭᠡᠨ ᠬᠥᠭᠵᠢᠯᠲᠡ ᠵᠢᠨ ᠳᠠᠩᠰᠠ᠂ ᠨᠢᠭᠡᠨ ᠠᠷᠠᠳ᠎ᠲᠤ ᠠᠰᠢᠭ ᠬᠦᠷᠲᠡᠭᠡᠬᠦ ᠺᠠᠷᠲ᠂ ᠨᠢᠭᠡ ᠢᠵᠢ ᠰᠤᠷᠤᠭᠴᠢᠳ᠎ᠤᠨ ᠦᠵᠡᠯ ᠰᠠᠨᠠᠭ᠎ᠠ ᠤᠯᠤᠰ ᠲᠥᠷᠥ ᠵᠢᠨ ᠵᠢᠭ᠋ᠠᠬᠤ ᠮᠠᠲ᠋ᠧᠷᠢᠶᠠᠯ᠂ ᠨᠢᠭᠡᠨ ᠣᠳᠣᠬᠢᠴᠢᠯᠠᠭᠰᠠᠨ ᠬᠥᠭᠵᠢᠯᠲᠡ ᠵᠢᠨ ᠵᠢᠷᠤᠭ ᠲᠥᠰᠦᠪ᠂ ᠨᠢᠭᠡ ᠪᠦᠯᠦᠭ ᠬᠤᠪᠢᠰᠬᠠᠯᠲᠤ ᠤᠳᠬ᠎ᠠ ᠤᠷᠠᠯᠢᠭ᠎ᠤᠨ ᠰᠣᠳᠣᠨ ᠪᠦᠲᠦᠭᠡᠯ ᠵᠡᠷᠭᠡ ᠠᠴᠢᠶᠠᠯᠠᠪᠤᠷᠢ ᠵᠢ ᠰᠠᠶ᠋ᠢᠳᠤᠷ ᠠᠰᠢᠭᠯᠠᠵᠤ᠂ ᠦᠷᠭᠡᠨ ᠤᠯᠠᠨ ᠺᠠᠳ᠋ᠷ ᠤᠯᠠᠨ ᠲᠦᠮᠡᠨ᠎ᠤ ᠥᠪᠥᠷ ᠮᠣᠩᠭᠣᠯ ᠣᠷᠣᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠠᠮᠤᠭ᠎ᠤᠨ ᠡᠷᠲᠡ ᠨᠠᠮ᠎ᠤᠨ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠭᠰᠠᠨ ᠦᠨᠳᠦᠰᠦᠲᠡᠨ᠎ᠤ ᠣᠷᠣᠨ ᠪᠣᠯᠤᠨ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠰᠢᠭᠤᠳ ᠤᠳᠤᠷᠢᠳᠤᠯᠭ᠎ᠠ ᠳᠣᠣᠷ᠎ᠠ ᠪᠠᠶ᠋ᠢᠭᠤᠯᠤᠭᠳᠠᠭᠰᠠᠨ ᠶᠤᠮ᠂ ᠥᠪᠥᠷ ᠮᠣᠩᠭᠣᠯ ᠪᠣᠯ ᠨᠠᠮ᠎ᠤᠨ ᠲᠥᠪ ᠬᠤᠷᠢᠶ᠎ᠠ ᠵᠢᠨ ᠳᠡᠮᠵᠢᠯᠭᠡ ᠳᠣᠣᠷ᠎ᠠ ᠬᠥᠭᠵᠢᠵᠦ ᠢᠷᠡᠭᠰᠡᠨ ᠶᠤᠮ᠂ ᠥᠪᠥᠷ ᠮᠣᠩᠭᠣᠯ᠎ᠤᠨ ᠠᠵᠢᠯ᠎ᠤᠨ ᠳᠤᠮᠳᠠ ᠢᠯᠡᠷᠡᠭᠰᠡᠨ ᠴᠢᠬᠤᠯᠠ ᠶᠡᠬᠡ ᠬᠡᠯᠪᠡᠶ᠋ᠢᠭᠦᠦ ᠵᠢ ᠴᠥᠮ ᠨᠠᠮ᠎ᠤᠨ ᠲᠥᠪ ᠬᠣᠷᠢᠶ᠎ᠠ᠎ᠠᠴᠠ ᠬᠠᠪᠰᠤᠷᠤᠨ ᠵᠠᠯᠠᠷᠠᠭᠤᠯᠪᠠ᠂ ᠥᠪᠥᠷ ᠮᠣᠩᠭᠣᠯ ᠵᠢᠱ᠌ᠢᠶᠡᠴᠢ ᠥᠪᠡᠷᠲᠡᠭᠡᠨ ᠵᠠᠰᠠᠬᠤ ᠣᠷᠣᠨ ᠪᠣᠯᠤᠭᠰᠠᠨ᠎ᠤ ᠬᠤᠪᠢ᠎ᠳᠤ ᠵᠢᠱ᠌ᠢᠶᠡᠴᠢ᠎ᠨᠢ ᠨᠠᠮ᠎ᠤᠨ ᠦᠭᠡ ᠵᠢ ᠰᠣᠨᠣᠰᠤᠭᠰᠠᠨ᠎ᠳᠤ ᠪᠠᠶ᠋ᠢᠳᠠᠭ ᠵᠡᠷᠭᠡ 《ᠲᠠᠪᠤᠨ ᠪᠠᠳᠠᠭ ᠦᠭᠡ》 ᠵᠢᠨ ᠦᠨᠡᠨ ᠶᠠᠪᠤᠳᠠᠯ ᠪᠠ ᠶᠤᠰᠤ ᠤᠴᠢᠷ᠎ᠢ ᠪᠠᠲᠤ ᠴᠡᠭᠡᠵᠢᠯᠡᠬᠦ ᠵᠢ ᠬᠦᠮᠦᠵᠢᠭᠦᠯᠵᠦ ᠬᠥᠲᠥᠯᠦᠨ ᠵᠢᠯᠤᠭᠤᠳᠬᠤ ᠬᠡᠷᠡᠭᠲᠡᠢ᠃ ᠣᠯᠠᠨ ᠲᠦᠮᠡᠨ᠎ᠤ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ ᠵᠢ ᠪᠠᠶ᠋ᠢᠩᠭᠤ ᠪᠥᠭᠡᠳ ᠪᠦᠲᠦᠮᠵᠢᠲᠡᠶ ᠥᠷᠨᠢᠭᠦᠯᠬᠦ ᠵᠢ ᠠᠬᠢᠭᠤᠯᠵᠤ᠂ ᠥᠪᠥᠷ ᠮᠣᠩᠭᠣᠯ ᠣᠷᠣᠨ᠎ᠳᠠᠬᠢ ᠨᠠᠮ᠎ᠤᠨ ᠲᠡᠦᠬᠡ ᠵᠢᠨ ᠲᠤᠬᠠᠶ ᠰᠤᠳᠤᠯᠤᠯᠲᠠ ᠲᠠᠶ᠋ᠢᠯᠪᠤᠷᠢᠯᠠᠯᠲᠠ ᠵᠢ ᠭᠦᠨᠵᠡᠭᠡᠢ᠌ᠷᠡᠭᠦᠯᠦᠨ᠂ ᠡᠯ᠎ᠡ ᠠᠵᠢᠯ ᠲᠥᠷᠥᠯ᠎ᠤᠨ ᠲᠡᠷᠢᠭᠦᠨ᠎ᠤ ᠵᠢᠱ᠌ᠢᠶᠡᠴᠢ ᠬᠥᠮᠦᠰ᠎ᠤᠨ ᠨᠠᠮ᠎ᠤᠨ ᠠᠴᠢ ᠡᠨᠡᠷᠢᠯ᠎ᠳᠤ ᠲᠠᠯᠠᠷᠬᠠᠭᠰᠠᠨ ᠦᠢ᠍ᠯᠡ ᠠᠵᠢᠯᠯᠠᠭ᠎ᠠ ᠵᠢᠨ ᠮᠡᠳᠡᠭᠦᠯᠦᠯᠲᠡ ᠵᠢᠨ ᠬᠤᠷᠠᠯ᠎ᠢ ᠡᠷᠬᠢᠯᠡᠵᠦ᠂ ᠶᠡᠷᠦᠩᠬᠡᠶ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠶ᠎ᠠ ᠵᠢᠨ ᠥᠪᠥᠷ ᠮᠣᠩᠭᠣᠯ᠎ᠳᠠᠬᠢ ᠬᠠᠯᠠᠮᠵᠢᠯᠠᠯ ᠪᠠ ᠳᠡᠮᠵᠢᠯᠭᠡ ᠵᠢ ᠶᠡᠬᠡᠪᠡᠷ ᠤᠬᠠᠭᠤᠯᠤᠨ᠂ ᠦᠨᠡᠨᠴᠢ ᠰᠢᠳᠤᠷᠭᠤ᠎ᠪᠠᠷ ᠬᠠᠮᠠᠭ᠋ᠠᠯᠠᠵᠤ᠂ ᠠᠴᠢ ᠡᠨᠡᠷᠢᠯ᠎ᠳᠤ ᠲᠠᠯᠠᠷᠬᠠᠨ ᠡᠷᠡᠯᠬᠡᠭᠯᠡᠨ ᠤᠷᠤᠭᠰᠢᠯᠠᠬᠤ ᠬᠠᠶ᠋ᠢᠷ᠎ᠠ ᠰᠡᠳᠭᠢᠯᠭᠡ ᠵᠢᠨ ᠰᠠᠭᠤᠷᠢ ᠪᠠ ᠬᠦᠴᠦᠨ ᠴᠢᠳᠠᠯ᠎ᠤᠨ ᠡᠬᠢ ᠰᠤᠷᠪᠤᠯᠵᠢ ᠵᠢ ᠭᠦᠨ ᠦᠨᠳᠦᠰᠦᠯᠡᠭᠦᠯᠦᠨ ᠪᠤᠶ᠋ᠢᠵᠢᠭᠤᠯᠵᠤ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠦᠨᠡᠨ ᠰᠡᠳᠭᠢᠯ᠎ᠠᠴᠠ᠎ᠪᠠᠨ ᠨᠠᠮ᠎ᠳᠤ ᠲᠠᠯᠠᠷᠬᠠᠬᠤ᠂ ᠨᠠᠮ᠎ᠤᠨ ᠲᠥᠪ ᠬᠣᠷᠢᠶ᠎ᠠ᠎ᠳᠤ ᠲᠠᠯᠠᠷᠬᠠᠬᠤ᠂ ᠶᠡᠷᠦᠩᠬᠡᠶ ᠱᠦᠵᠢ ᠰᠢ ᠵᠢᠨ ᠫᠢᠩ᠎ᠳᠤ ᠲᠠᠯᠠᠷᠬᠠᠬᠤ ᠪᠣᠯᠭ᠋ᠠᠬᠤ ᠬᠡᠷᠡᠭᠲᠡᠢ᠃
ᠬᠣᠶᠠᠷ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠲᠠᠯ᠎ᠠ᠎ᠪᠠᠷ ᠵᠢᠱ᠌ᠢᠶᠡᠴᠢ ᠪᠣᠯᠬᠤ ᠬᠡᠷᠡᠭᠲᠡᠢ
ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠂ ᠶᠡᠷᠦᠩᠬᠡᠢ ᠱᠦᠵᠢ ᠰᠢ ᠵᠢᠨ ᠫᠢᠩ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠡᠶ᠋ᠢᠲᠡᠯᠢᠭ ᠴᠢᠨᠠᠷ ᠪᠠ ᠵᠥᠷᠢᠶᠡᠲᠦ ᠴᠢᠨᠠᠷ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ ᠪᠠ ᠡᠯ᠎ᠡ ᠦᠨᠳᠦᠰᠦᠲᠡᠨ᠎ᠤ ᠤᠬᠠᠮᠰᠠᠷ᠂ ᠳᠤᠮᠳᠠᠳᠤ ᠵᠢᠨ ᠰᠣᠶᠣᠯ ᠪᠠ ᠡᠯ᠎ᠡ ᠦᠨᠳᠦᠰᠦᠲᠡᠨ᠎ᠤ ᠰᠣᠶᠣᠯ᠂ ᠪᠣᠳᠠᠰ ᠪᠠ ᠤᠶᠤᠨ ᠰᠠᠨᠠᠭ᠋ᠠᠨ᠎ᠤ ᠬᠠᠷᠢᠴᠠᠭ᠎ᠠ ᠵᠢ ᠵᠥᠪ ᠡᠵᠡᠮᠳᠡᠵᠦ᠂ ᠡᠯ᠎ᠡ ᠵᠦᠢ᠍ᠯ᠎ᠤᠨ ᠠᠵᠢᠯ᠎ᠢ ᠦᠨᠡᠨ ᠪᠣᠳᠠᠲᠠᠢ ᠬᠠᠶ᠋ᠢᠷ᠎ᠠ ᠰᠡᠳᠬᠢᠯᠭᠡ᠎ᠲᠠᠢ ᠦᠷ᠎ᠠ ᠪᠦᠲᠦᠮᠵᠢᠲᠡᠢ ᠬᠢᠵᠦ᠂ ᠤᠳᠠᠭ᠋ᠠᠨ ᠳᠠᠭ᠋ᠠᠭ᠋ᠠᠮᠠᠭ᠋ᠠᠢ ᠰᠠᠶ᠋ᠢᠲᠤᠷ ᠬᠢᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢᠱ᠌ᠢᠶ᠎ᠡ ᠦᠵᠡᠭᠦᠯᠬᠦ ᠣᠷᠣᠨ᠎ᠢ ᠪᠦᠬᠦ ᠲᠠᠯ᠎ᠠ᠎ᠪᠠᠷ ᠡᠭᠦᠳᠦᠨ ᠪᠠᠶ᠋ᠢᠭᠤᠯᠬᠤ ᠬᠡᠷᠡᠭᠲᠡᠢ᠃
(ᠲᠦᠷᠪᠡ) ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢ ᠡᠯ᠎ᠡ ᠵᠦᠢ᠍ᠯ᠎ᠤᠨ ᠠᠵᠢᠯ᠎ᠳᠤ ᠲᠤᠭᠤᠰᠢᠯᠠᠭᠤᠯᠬᠤ ᠬᠡᠷᠡᠭᠲᠡᠢ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠪᠣᠯ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠭᠤᠤᠯ ᠰᠢᠵᠢᠮ ᠮᠥᠨ ᠪᠥᠭᠡᠳ ᠦᠨᠳᠦᠰᠦᠲᠡᠨ᠎ᠤ ᠭᠠᠵᠠᠷ ᠣᠷᠣᠨ᠎ᠤ ᠡᠯ᠎ᠡ ᠵᠦᠢ᠍ᠯ᠎ᠤᠨ ᠠᠵᠢᠯ᠎ᠤᠨ ᠭᠤᠤᠯ ᠰᠢᠵᠢᠮ ᠮᠥᠨ ᠭᠡᠳᠡᠭ᠎ᠢ ᠢᠮᠠᠭᠲᠠ ᠪᠠᠲᠤ ᠴᠡᠭᠡᠵᠢᠯᠡᠵᠦ᠂ ᠠᠵᠤ ᠠᠬᠤᠶ ᠵᠢᠨ ᠪᠦᠲᠦᠭᠡᠨ ᠪᠠᠶ᠋ᠢᠭᠤᠯᠤᠯᠲᠠ᠂ ᠤᠯᠤᠰ ᠲᠦ᠍ᠷᠦ ᠵᠢᠨ ᠪᠠᠶ᠋ᠢᠭᠤᠯᠤᠯᠲᠠ᠂ ᠰᠣᠶᠣᠯ᠎ᠤᠨ ᠪᠠᠶ᠋ᠢᠭᠤᠯᠤᠯᠲᠠ᠂ ᠨᠡᠶ᠋ᠢᠭᠡᠮ᠎ᠤᠨ ᠪᠠᠶ᠋ᠢᠭᠤᠯᠤᠯᠲᠠ᠂ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠪᠠ ᠨᠠᠮ᠎ᠤᠨ ᠪᠠᠶ᠋ᠢᠭᠤᠯᠤᠯᠲᠠ ᠵᠡᠷᠭᠡ ᠵᠢ ᠠᠬᠢᠭᠤᠯᠬᠤ᠎ᠳᠤ ᠴᠥᠮ ᠡᠨᠡ ᠬᠦ᠌ ᠭᠤᠤᠯ ᠰᠢᠵᠢᠮ᠎ᠤᠨ ᠲᠤᠭᠤᠷᠢᠨ᠎ᠳᠤ ᠥᠴᠦᠬᠡᠨ ᠴᠦ᠍ ᠰᠠᠯᠬᠤ ᠦᠭᠡᠢ ᠪᠠᠶ᠋ᠢᠵᠤ᠂ ᠶᠠᠮᠠᠷ ᠴᠤ᠌ ᠠᠵᠢᠯ ᠬᠢᠬᠦ᠂ ᠶᠠᠮᠠᠷᠪᠠ ᠤᠴᠢᠷ ᠶᠠᠪᠤᠳᠠᠯ᠎ᠢ ᠬᠢᠬᠦ᠎ᠳᠤ ᠴᠥᠮ ᠲᠡᠭᠦᠨ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠢᠯᠡᠷᠡᠭᠦᠯᠬᠦ ᠠᠴᠢ ᠬᠣᠯᠪᠣᠭᠳᠠᠯ ᠣᠯᠭᠣᠵᠤ᠂ 《ᠭᠡᠳᠡᠰᠦᠨ᠎ᠤ ᠶᠠᠪᠤᠳᠠᠯ》᠎ᠢ ᠬᠠᠮᠢᠶᠠᠷᠬᠤ ᠮᠥᠷᠲᠡᠭᠡᠨ 《ᠦᠵᠡᠯ ᠰᠠᠨᠠᠭ᠋ᠠᠨ᠎ᠤ ᠠᠰᠠᠭᠤᠳᠠᠯ᠎ᠢ ᠴᠦ᠍ ᠬᠠᠮᠢᠶᠠᠷᠴᠤ》᠂ ᠨᠢᠳᠤᠨ᠎ᠳᠤ ᠬᠠᠷᠠᠭᠳᠠᠵᠤ ᠭᠠᠷ᠎ᠲᠤ ᠪᠠᠷᠢᠭᠳᠠᠬᠤ ᠠᠵᠢᠯ᠎ᠢ ᠬᠢᠬᠦ ᠮᠦᠷᠲᠡᠭᠡᠨ ᠪᠠᠰᠠ ᠶᠡᠬᠡ ᠬᠡᠮᠵᠢᠶᠡᠨ᠎ᠤ 《ᠵᠦᠭᠡᠯᠡᠨ ᠪᠤᠷᠤᠭ᠋ᠠᠨ ᠲᠦᠮᠡᠨ ᠪᠤᠳᠠᠰ᠎ᠢ ᠤᠮᠳᠠᠯᠠᠬᠤ》 ᠶᠠᠪᠤᠳᠠᠯ᠎ᠢ ᠬᠢᠵᠦ᠂ ᠣᠳᠣᠬᠠᠨᠢ ᠠᠳᠬᠤᠬᠤ ᠮᠥᠷᠲᠡᠭᠡᠨ ᠠᠯᠤᠰ ᠢᠷᠡᠭᠡᠳᠦᠢ ᠵᠢ ᠴᠦ᠍ ᠠᠳᠬᠤᠬᠤ ᠬᠡᠷᠡᠭᠲᠡᠢ᠃ ᠬᠠᠤᠯᠢ ᠲᠣᠭᠲᠠᠭ᠋ᠠᠯ ᠲᠦᠷᠦ ᠵᠢᠨ ᠪᠤᠳᠤᠯᠭ᠎ᠠ ᠵᠢ ᠤᠷᠢᠳᠴᠢᠯᠠᠨ ᠬᠢᠨᠠᠨ ᠬᠠᠷᠭᠤᠭᠤᠯᠬᠤ᠂ ᠲᠠᠩᠰᠠᠯᠠᠵᠤ ᠬᠢᠨᠠᠨ ᠪᠠᠶ᠋ᠢᠴᠠᠭ᠋ᠠᠬᠤ ᠠᠵᠢᠯ᠎ᠤᠨ ᠲᠣᠭᠲᠠᠴᠠ ᠵᠢ ᠪᠦᠷᠢᠨᠰᠢᠬᠦᠯᠵᠤ᠂ ᠬᠠᠤᠯᠢ ᠲᠣᠭᠲᠠᠭ᠋ᠠᠯ ᠲᠦᠷᠢᠮ ᠲᠣᠭᠲᠠᠭ᠋ᠠᠯ᠎ᠢ ᠲᠣᠭᠲᠠᠭ᠋ᠠᠵᠤ᠂ ᠲᠦᠷᠦ ᠵᠢᠨ ᠪᠤᠳᠤᠯᠭ᠎ᠠ ᠵᠢᠨ ᠴᠢᠨᠠᠷᠲᠠᠢ ᠪᠢᠴᠢᠭ ᠮᠠᠲ᠋ᠧᠷᠢᠶᠠᠯ᠎ᠢ ᠲᠣᠭᠲᠠᠭ᠋ᠠᠬᠤ᠎ᠳᠠᠭᠠᠨ ᠴᠥᠮ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠦᠨᠳᠦᠰᠦᠨ ᠤᠷᠢᠲᠠᠯ ᠪᠣᠯᠭ᠋ᠠᠵᠤ᠂ ᠴᠥᠮ ᠳᠤᠮᠳᠠᠳᠤ ᠵᠢᠨ ᠦᠨᠳᠦᠰᠦᠲᠡᠨ᠎ᠤ ᠨᠡᠶ᠋ᠢᠲᠡᠯᠢᠭ ᠴᠢᠨᠠᠷ᠎ᠢ ᠴᠢᠩᠭ᠋ᠠᠳᠬᠠᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠴᠢᠩᠭ᠋ᠠᠳᠬᠠᠬᠤ ᠵᠢ ᠪᠣᠳᠣᠯᠬᠢᠯᠠᠬᠤ ᠬᠡᠷᠡᠭᠲᠡᠢ᠃
(ᠲᠠᠪᠤ) ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠤᠨᠤᠯ᠎ᠤᠨ ᠰᠤᠳᠤᠯᠭ᠋ᠠᠨ ᠪᠠ ᠤᠬᠠᠭᠤᠯᠭ᠎ᠠ ᠬᠥᠮᠦᠵᠢᠯ᠎ᠢ ᠭᠦᠨᠵᠡᠭᠡᠶ᠋ᠢᠷᠡᠭᠦᠯᠬᠦ ᠬᠡᠷᠡᠭᠲᠡᠢ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠣᠨᠣᠯ᠎ᠤᠨ ᠰᠤᠳᠤᠯᠭ᠋ᠠᠨ᠎ᠤ ᠰᠢᠨᠵᠢᠯᠡᠭᠡᠨ᠎ᠤ ᠰᠠᠯᠠᠭ᠎ᠠ ᠵᠢᠨ ᠰᠢᠰᠲ᠋ᠧᠮ᠂ ᠡᠷᠳᠡᠮ ᠰᠢᠨᠵᠢᠯᠡᠭᠡᠨ᠎ᠤ ᠰᠢᠰᠲ᠋ᠧᠮ᠂ ᠥᠭᠡ ᠬᠡᠯᠡᠨ᠎ᠤ ᠰᠢᠰᠲ᠋ᠧᠮ᠎ᠢ ᠲᠡᠭᠦᠯᠳᠡᠷᠵᠢᠭᠦᠯᠵᠦ᠂ ᠥᠪᠥᠷ ᠮᠣᠩᠭᠣᠯ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢᠨ ᠰᠤᠳᠤᠯᠭ᠋ᠠᠨ᠎ᠤ ᠢᠨᠵᠧᠨᠧᠷᠢᠩ (2023 — 2027 ᠣᠨ)᠎ᠢ ᠬᠡᠷᠡᠭᠵᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠰᠤᠳᠤᠯᠭ᠋ᠠᠨ᠎ᠤ ᠬᠦᠷᠢᠶᠡᠯᠡᠩ᠎ᠢ ᠪᠠᠶ᠋ᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠰᠤᠳᠤᠯᠭ᠋ᠠᠨ᠎ᠤ ᠰᠠᠭᠤᠷᠢᠨ᠎ᠤ ᠪᠠᠭᠲᠠᠭ᠋ᠠᠮᠵᠢ ᠵᠢ ᠥᠷᠭᠡᠳᠭᠡᠬᠦ᠂ ᠶᠠᠰᠤ ᠴᠢᠨᠠᠷ᠎ᠢ ᠳᠡᠭᠡᠭᠰᠢᠯᠡᠭᠦᠯᠬᠦ᠂ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠬᠤ ᠬᠡᠷᠡᠭᠲᠡᠢ᠃ ᠨᠡᠶ᠋ᠢᠭᠡᠮ ᠵᠢᠷᠤᠮ᠎ᠤᠨ ᠭᠣᠣᠯᠯᠠᠭᠴᠢ ᠦᠷᠳᠡᠭ᠎ᠤᠨ ᠦᠵᠡᠯᠲᠡ᠎ᠪᠠᠷ ᠬᠦᠳᠤᠯᠤᠨ ᠳᠠᠭ᠋ᠠᠭᠤᠯᠬᠤ ᠵᠢ ᠪᠠᠷᠢᠮᠲᠠᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ᠎ᠢ ᠪᠠᠶ᠋ᠢᠩᠭᠤᠵᠢᠭᠤᠯᠬᠤ ᠲᠣᠭᠲᠠᠴᠠ ᠵᠢ ᠲᠡᠭᠦᠯᠳᠡᠷᠵᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢ ᠺᠠᠳ᠋ᠷ᠎ᠤᠨ ᠬᠥᠮᠦᠵᠢᠯ᠂ ᠨᠠᠮ᠎ᠤᠨ ᠭᠡᠰᠢᠭᠦᠨ᠎ᠤ ᠬᠥᠮᠦᠵᠢᠯ᠂ ᠤᠯᠤᠰ ᠠᠷᠠᠳ᠎ᠤᠨ ᠬᠥᠮᠦᠵᠢᠯ᠂ ᠨᠡᠶ᠋ᠢᠭᠡᠮ᠎ᠤᠨ ᠬᠥᠮᠦᠵᠢᠯ᠎ᠳᠤ ᠣᠷᠣᠭᠤᠯᠬᠤ ᠬᠡᠷᠡᠭᠲᠡᠢ᠃ ᠵᠠᠯᠠᠭᠤᠴᠤᠳ ᠪᠠᠭ᠋ᠠᠴᠤᠳ᠎ᠤᠨ ᠰᠤᠷᠭ᠋ᠠᠨ ᠬᠥᠮᠦᠵᠢᠯ᠎ᠠᠴᠠ ᠡᠬᠢᠯᠡᠨ ᠠᠳᠬᠤᠬᠤ ᠵᠢ ᠪᠠᠷᠢᠮᠲᠠᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠬᠥᠮᠦᠵᠢᠯ᠎ᠢ ᠡᠯ᠎ᠡ ᠱᠠᠲᠤᠨ᠎ᠤ ᠡᠯ᠎ᠡ ᠲᠦᠷᠦᠯ᠎ᠤᠨ ᠰᠤᠷᠭ᠋ᠠᠭᠤᠯᠢ᠎ᠳᠤ ᠣᠷᠣᠭᠤᠯᠬᠤ᠂ ᠪᠤᠢ ᠪᠦᠬᠦᠢ ᠬᠢᠴᠢᠶᠡᠯ᠎ᠤᠨ ᠲᠠᠩᠬᠢᠮ᠎ᠳᠤ ᠠᠭᠤᠰᠤᠯᠴᠠᠭᠤᠯᠬᠤ ᠵᠢ ᠠᠬᠢᠭᠤᠯᠬᠤ ᠬᠡᠷᠡᠭᠲᠡᠢ᠃
(ᠵᠢᠷᠭᠤᠭ᠎ᠠ) ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠤ ᠪᠠᠶ᠋ᠢᠭᠤᠯᠤᠯᠲᠠ ᠵᠢ ᠠᠬᠢᠭᠤᠯᠬᠤ ᠬᠡᠷᠡᠭᠲᠡᠢ᠃ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠬᠥᠭᠵᠢᠭᠦᠯᠬᠦ᠂ ᠳᠤᠮᠳᠠᠳᠤ ᠵᠢᠨ ᠦᠨᠳᠦᠰᠦᠲᠡᠨ᠎ᠤ ᠤᠳᠤ ᠦᠶ᠎ᠡ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠠᠬᠢᠭᠤᠯᠬᠤ᠎ᠳᠤ ᠠᠩᠬᠠᠷᠤᠯ ᠵᠶ᠋ᠠᠨ ᠲᠦᠪᠯᠡᠷᠡᠭᠦᠯᠵᠦ᠂ ᠥᠪᠥᠷ ᠮᠣᠩᠭᠣᠯ᠎ᠤᠨ ᠡᠬᠡ ᠭᠠᠵᠠᠷ ᠳᠡᠭᠡᠷᠡᠬᠢ ᠭᠦᠨ ᠵᠤᠵᠠᠭ᠋ᠠᠨ ᠲᠡᠦᠬᠡ ᠰᠣᠶᠣᠯ ᠪᠠ ᠪᠠᠶᠠᠯᠢᠭ ᠰᠣᠶᠣᠯ ᠢᠷᠭᠡᠨᠰᠢᠯ᠎ᠤᠨ ᠡᠬᠢ ᠪᠠᠶᠠᠯᠢᠭ᠎ᠢ ᠭᠦᠢ᠍ᠴᠡᠳ ᠠᠭᠤᠳᠠᠯᠤᠨ ᠠᠮᠢᠳᠤᠯᠢᠭ ᠵᠶ᠋ᠠᠷ ᠢᠯᠡᠷᠡᠭᠦᠯᠵᠦ᠂ ᠬᠤᠪᠢᠰᠬᠠᠯ᠎ᠤᠨ ᠰᠣᠶᠣᠯ ᠪᠠ ᠲᠠᠯ᠎ᠠ ᠨᠤᠲᠤᠭ᠎ᠤᠨ ᠰᠣᠶᠣᠯ᠂ ᠲᠠᠷᠢᠶᠠᠯᠠᠬᠤ ᠰᠣᠶᠣᠯ᠂ ᠬᠠᠲᠤᠨ ᠭᠣᠣᠯ᠎ᠤᠨ ᠰᠣᠶᠣᠯ᠂ ᠤᠷᠳᠤ ᠴᠠᠭ᠋ᠠᠨ ᠬᠡᠷᠡᠮ᠎ᠤᠨ ᠰᠣᠶᠣᠯ᠎ᠢ ᠨᠢᠭᠡ ᠴᠣᠭᠴᠠ ᠪᠤᠯᠭ᠋ᠠᠨ ᠠᠭᠤᠰᠤᠯᠴᠠᠭᠤᠯᠵᠤ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠮᠣᠩᠭᠣᠯ ᠮᠣᠷᠢᠨ᠎ᠤ ᠵᠣᠷᠢᠭ ᠰᠠᠨᠠᠭ᠎ᠠ ᠪᠣᠯᠤᠨ 《ᠤᠮᠠᠷᠠᠲᠤ ᠵᠢᠨ ᠭᠤᠷᠪᠠᠨ ᠤᠷᠤᠨ᠎ᠤ ᠵᠣᠷᠢᠭ ᠰᠠᠨᠠᠭ᠎ᠠ》 ᠵᠢ ᠬᠠᠮᠲᠤ᠎ᠪᠠᠷ ᠪᠠᠳᠠᠷᠠᠭᠤᠯᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠦᠨᠳᠦᠰᠦᠨ ᠠᠭᠤᠯᠭ᠎ᠠ ᠪᠣᠯᠭ᠋ᠠᠭᠰᠠᠨ 《ᠤᠮᠠᠷᠠᠲᠤ ᠬᠢᠯᠢ ᠵᠢᠨ ᠰᠣᠶᠣᠯ》᠎ᠤᠨ ᠲᠦᠷᠦᠯ ᠲᠡᠮᠳᠡᠭ᠎ᠢ ᠪᠤᠢ ᠪᠤᠯᠭ᠋ᠠᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠢ ᠬᠥᠮᠦᠵᠢᠭᠦᠯᠵᠦ ᠬᠥᠲᠥᠯᠦᠨ ᠵᠢᠯᠣᠭᠣᠳᠴᠤ ᠪᠠᠶ᠋ᠢᠭ᠋ᠠᠳ ᠵᠥᠪ ᠤᠯᠤᠰ ᠤᠷᠤᠨ᠎ᠤ ᠦᠵᠡᠯᠲᠡ᠂ ᠲᠡᠦᠬᠡ ᠵᠢᠨ ᠦᠵᠡᠯᠲᠡ᠂ ᠦᠨᠳᠦᠰᠦᠲᠡᠨ᠎ᠤ ᠦᠵᠡᠯᠲᠡ᠂ ᠰᠣᠶᠣᠯ᠎ᠤᠨ ᠦᠵᠡᠯᠲᠡ᠂ ᠱᠠᠰᠢᠨ ᠰᠤᠷᠲᠠᠬᠤᠨ᠎ᠤ ᠦᠵᠡᠯᠲᠡ ᠵᠢ ᠪᠠᠲᠤ ᠪᠡᠬᠢ ᠪᠣᠶ ᠪᠣᠯᠭ᠋ᠠᠬᠤ ᠬᠡᠷᠡᠭᠲᠡᠶ᠃ ᠳᠤᠮᠳᠠᠳᠤ ᠵᠢᠨ ᠦᠨᠳᠦᠰᠦᠲᠡᠨ᠎ᠤ ᠲᠡᠦᠬᠡ ᠵᠢᠨ ᠰᠤᠳᠤᠯᠭ᠋ᠠᠨ᠎ᠤ ᠤᠬᠠᠭᠤᠯᠭ᠎ᠠ ᠬᠥᠮᠦᠵᠢᠯ᠎ᠢ ᠴᠢᠩᠭ᠋ᠠᠳᠬᠠᠵᠤ᠂ 《ᠳᠤᠮᠳᠠᠳᠤ ᠵᠢᠨ ᠦᠨᠳᠦᠰᠦᠲᠡᠨ᠎ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡᠨ ᠮᠠᠲ᠋ᠧᠷᠢᠶᠠᠯ᠎ᠤᠨ ᠡᠮᠬᠢᠳᠭᠡᠯ · ᠥᠪᠥᠷ ᠮᠣᠩᠭᠣᠯ᠎ᠤᠨ ᠪᠤᠳᠢ》 ᠵᠢ ᠨᠠᠶ᠋ᠢᠷᠠᠭᠤᠯᠬᠤ ᠠᠵᠢᠯ᠎ᠢ ᠪᠡᠶᠡᠯᠡᠭᠦᠯᠵᠦ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠳᠤᠮᠳᠠᠳᠤ ᠵᠢᠨ ᠪᠣᠯᠪᠠᠰᠤᠨ᠎ᠤ ᠲᠤᠬᠠᠢ ᠵᠥᠪ ᠲᠠᠨᠢᠯᠲᠠ ᠪᠠ ᠲᠡᠦᠬᠡ ᠵᠢᠨ ᠢᠲᠡᠭᠡᠯ᠎ᠢ ᠨᠡᠮᠡᠭᠳᠡᠭᠦᠯᠬᠦ ᠬᠡᠷᠡᠭᠲᠡᠢ᠃ ᠤᠯᠤᠰ᠎ᠤᠨ ᠨᠢᠭᠡᠳᠦᠯᠲᠡᠢ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠬᠡᠷᠡᠭᠯᠡᠬᠦ ᠵᠢ ᠡᠷᠡᠰ ᠭᠤᠶ᠋ᠢᠪᠢᠰᠢ ᠦᠭᠡᠢ᠎ᠪᠠᠷ ᠪᠦᠬᠦ ᠲᠠᠯ᠎ᠠ᠎ᠪᠠᠷ ᠠᠬᠢᠭᠤᠯᠵᠤ᠂ ᠪᠠᠭᠰᠢ ᠵᠢᠨ ᠡᠩᠨᠡᠭᠡ ᠵᠢ ᠤᠯᠠᠮ ᠴᠢᠨᠠᠭᠰᠢᠳᠠ ᠪᠠᠶ᠋ᠢᠭᠤᠯᠤᠨ ᠬᠦᠴᠦᠷᠬᠡᠭᠵᠢᠭᠦᠯᠵᠦ᠂ ᠵᠢᠭ᠋ᠠᠨ ᠰᠤᠷᠭ᠋ᠠᠯᠲᠠ ᠵᠢᠨ ᠡᠬᠢ ᠪᠠᠶᠠᠯᠢᠭ᠎ᠢ ᠪᠠᠶᠠᠯᠢᠭᠵᠢᠭᠤᠯᠵᠤ᠂ ᠰᠤᠷᠭ᠋ᠠᠭᠤᠯᠢ ᠡᠷᠬᠢᠯᠡᠬᠦ ᠵᠠᠭᠪᠤᠷ᠎ᠤᠨ ᠰᠢᠨ᠎ᠡ ᠵᠢ ᠡᠭᠦᠳᠴᠦ᠂ ᠵᠢᠭ᠋ᠠᠨ ᠰᠤᠷᠭ᠋ᠠᠯᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠵᠦ᠂ ᠦᠨᠳᠦᠰᠦᠲᠡᠨ᠎ᠨᠦᠭᠦᠳ᠎ᠤᠨ ᠵᠠᠯᠠᠭᠤᠴᠤᠳ ᠪᠠᠭ᠋ᠠᠴᠤᠳ᠎ᠤᠨ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠶ᠋ᠢᠲᠤᠷ ᠡᠵᠡᠮᠰᠢᠨ ᠬᠡᠷᠡᠭᠯᠡᠬᠦ ᠵᠢ ᠦᠨᠡᠨ ᠬᠦ᠌ ᠪᠠᠲᠤᠯᠠᠬᠤ ᠬᠡᠷᠡᠭᠲᠡᠢ; ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠲᠦᠭᠡᠮᠡᠯᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠪᠣᠯᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ ᠵᠢ ᠳᠡᠯᠭᠡᠷᠡᠭᠦᠯᠦᠨ ᠲᠦᠭᠡᠮᠡᠯᠵᠢᠭᠦᠯᠬᠦ ᠲᠥᠯᠥᠪᠯᠡᠭᠡ ᠵᠢ ᠬᠡᠷᠡᠭᠵᠢᠭᠦᠯᠵᠦ᠂ ᠦᠨᠳᠦᠰᠦᠲᠡᠨ᠎ᠤ ᠭᠠᠵᠠᠷ ᠣᠷᠣᠨ᠎ᠳᠤ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ ᠲᠠᠯ᠎ᠠ᠎ᠪᠠᠷ ᠦᠯᠢᠭᠡᠷ ᠳᠠᠭᠤᠷᠢᠶᠠᠯ ᠪᠣᠯᠬᠤ ᠬᠡᠷᠡᠭᠲᠡᠢ᠃ ᠦᠨᠳᠦᠰᠦᠲᠡᠨ᠎ᠨᠦᠭᠦᠳ᠎ᠤᠨ ᠦᠭᠡ ᠬᠡᠯᠡ ᠦᠰᠦᠭ ᠪᠢᠴᠢᠭ᠎ᠢ ᠰᠢᠨᠵᠢᠯᠡᠬᠦ ᠤᠬᠠᠭ᠋ᠠᠨᠴᠢ᠎ᠪᠠᠷ ᠬᠠᠮᠠᠭ᠋ᠠᠯᠠᠵᠤ᠂ ᠴᠥᠭᠡᠨ ᠲᠣᠭ᠋ᠠᠲᠤ ᠦᠨᠳᠦᠰᠦᠲᠡᠨ᠎ᠤ ᠦᠭᠡ ᠬᠡᠯᠡ ᠦᠰᠦᠭ ᠪᠢᠴᠢᠭ᠎ᠤᠨ ᠰᠤᠷᠤᠯᠴᠠᠯᠭ᠎ᠠ ᠪᠠ ᠬᠡᠷᠡᠭᠯᠡᠯᠲᠡ ᠵᠢ ᠬᠦᠨᠳᠦᠳᠭᠡᠨ ᠪᠠᠲᠤᠯᠠᠬᠤ ᠬᠡᠷᠡᠭᠲᠡᠢ᠃ ᠳᠤᠮᠳᠠᠳᠤ ᠵᠢᠨ ᠰᠣᠶᠣᠯ ᠪᠣᠯ ᠭᠣᠣᠯ ᠡᠰᠢ ᠮᠥᠨ᠂ ᠦᠨᠳᠦᠰᠦᠲᠡᠨ᠎ᠨᠦᠭᠦᠳ᠎ᠤᠨ ᠰᠣᠶᠣᠯ ᠪᠣᠯ ᠰᠠᠯᠠᠭ᠎ᠠ ᠨᠠᠮᠠᠭ᠎ᠠ ᠮᠥᠨ ᠭᠡᠬᠦ ᠬᠠᠷᠢᠴᠠᠭ᠎ᠠ ᠵᠢ ᠵᠦᠪ ᠣᠨᠣᠪᠴᠢᠲᠠᠢ ᠡᠵᠡᠮᠳᠡᠵᠦ᠂ ᠦᠨᠳᠦᠰᠦᠲᠡᠨ᠎ᠨᠦᠭᠦᠳ᠎ᠤᠨ ᠬᠠᠮᠲᠤ ᠵᠢᠨ ᠪᠠᠶ᠋ᠢᠭ᠎ᠠ ᠬᠠᠮᠲᠤ᠎ᠪᠠᠷ ᠡᠳ᠋ᠯᠡᠬᠦ ᠳᠤᠮᠳᠠᠳᠤ ᠵᠢᠨ ᠰᠣᠶᠣᠯ᠎ᠤᠨ ᠲᠡᠮᠳᠡᠭ ᠪᠠ ᠳᠤᠮᠳᠠᠳᠤ ᠵᠢᠨ ᠦᠨᠳᠦᠰᠦᠲᠡᠨ᠎ᠤ ᠲᠦᠷᠢ ᠲᠥᠷᠬᠦ ᠵᠢ ᠪᠤᠢ ᠪᠣᠯᠭ᠋ᠠᠨ ᠳᠣᠪᠣᠢ᠌ᠯᠭ᠋ᠠᠵᠤ᠂ ᠦᠨᠳᠦᠰᠦᠲᠡᠨ᠎ᠨᠦᠭᠦᠳ᠎ᠤᠨ ᠰᠣᠶᠣᠯ᠎ᠤᠨ ᠳᠤᠮᠳᠠᠳᠤ ᠵᠢᠨ ᠰᠣᠶᠣᠯ᠎ᠤᠨ ᠲᠤᠬᠠᠢ ᠬᠠᠮᠲᠤ ᠵᠢᠨ ᠲᠠᠨᠢᠯᠲᠠ᠎ᠪᠠᠨ ᠴᠢᠩᠭ᠋ᠠᠳᠬᠠᠭᠰᠠᠨ ᠰᠠᠭᠤᠷᠢᠨ ᠳᠡᠭᠡᠷ᠎ᠡ ᠪᠦᠲᠦᠭᠡᠯᠴᠢ ᠴᠢᠨᠠᠷᠲᠠᠢ᠎ᠪᠠᠷ ᠤᠨᠳᠤᠤᠰᠢᠭᠤᠯᠬᠤ᠂ ᠰᠢᠨ᠎ᠡ ᠵᠢ ᠡᠭᠦᠳᠬᠦ ᠴᠢᠨᠠᠷᠲᠠᠢ᠎ᠪᠠᠷ ᠬᠦᠭᠵᠢᠭᠦᠯᠬᠦ ᠵᠢ ᠠᠬᠢᠭᠤᠯᠵᠤ᠂ ᠵᠥᠷᠢᠶᠡᠲᠦ ᠴᠢᠨᠠᠷ᠎ᠢ ᠪᠡᠬᠢᠵᠢᠭᠦᠯᠬᠦ ᠪᠠ ᠴᠢᠩᠭ᠋ᠠᠷᠠᠭᠤᠯᠬᠤ᠂ ᠨᠡᠶ᠋ᠢᠲᠡᠯᠢᠭ ᠴᠢᠨᠠᠷ᠎ᠢ ᠰᠤᠯᠠᠷᠠᠭᠤᠯᠬᠤ ᠪᠠ ᠬᠣᠬᠢᠷᠠᠭᠤᠯᠬᠤ ᠠᠰᠠᠭᠤᠳᠠᠯ᠎ᠢ ᠡᠷᠡᠰ ᠰᠡᠷᠭᠡᠶ᠋ᠢᠯᠡᠨ ᠬᠤᠷᠢᠠᠠᠯᠠᠵᠤ᠂ ᠦᠨᠳᠦᠰᠦᠲᠡᠨ᠎ᠨᠦᠭᠦᠳ᠎ᠤᠨ ᠬᠥᠮᠦᠰ᠎ᠤᠨ ᠰᠡᠳᠭᠢᠯ᠎ᠤᠨ ᠨᠢᠭᠲᠠᠷᠠᠯ᠂ ᠤᠶᠤᠨ ᠰᠠᠨᠠᠭ᠎ᠠ ᠵᠢᠨ ᠲᠦᠰᠢᠭᠯᠡᠯᠴᠡᠯᠢ ᠨᠡᠩ ᠰᠠᠶ᠋ᠢᠲᠤᠷ ᠠᠬᠢᠭᠤᠯᠬᠤ ᠬᠡᠷᠡᠭᠲᠡᠢ᠃ ᠰᠣᠶᠣᠯ᠎ᠤᠨ ᠠᠵᠢᠯ ᠦᠢ᠍ᠯᠡᠰ᠂ ᠰᠣᠶᠣᠯ᠎ᠤᠨ ᠠᠵᠤ ᠦᠢ᠍ᠯᠡᠰ᠎ᠤᠨ ᠴᠡᠴᠡᠭᠯᠡᠨ ᠬᠥᠭᠵᠢᠬᠦ ᠵᠢ ᠠᠬᠢᠭᠤᠯᠵᠤ᠂ ᠤᠯᠠᠭ᠋ᠠᠨᠮᠥ᠋ᠴᠢᠷ᠎ᠤᠨ ᠦᠢ᠍ᠯᠡᠰ᠎ᠤᠨ ᠡᠷᠡᠭᠦᠯ ᠵᠶ᠋ᠠᠷ ᠬᠥᠭᠵᠢᠬᠦ ᠵᠢ ᠠᠬᠢᠭᠤᠯᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠣᠶᠤᠨ᠎ᠤ ᠰᠣᠶᠣᠯ᠎ᠤᠨ ᠬᠡᠷᠡᠭᠴᠡᠭᠡ ᠵᠢ ᠨᠠᠩ ᠰᠠᠶ᠋ᠢᠲᠤᠷ ᠬᠠᠩᠭ᠋ᠠᠬᠤ ᠬᠡᠷᠡᠭᠲᠡᠢ᠃
(ᠳᠣᠯᠣᠭ᠎ᠠ) ᠦᠨᠳᠦᠰᠦᠲᠡᠨ᠎ᠨᠦᠭᠦᠳ᠎ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ ᠬᠡᠷᠡᠭᠲᠡᠢ᠃ ᠦᠨᠳᠦᠰᠦᠲᠡᠨ᠎ᠨᠦᠭᠦᠳ᠎ᠤᠨ ᠵᠠᠯᠠᠭᠤᠴᠤᠳ ᠪᠠᠭ᠋ᠠᠴᠤᠳ᠎ᠤᠨ ᠰᠣᠯᠢᠯᠴᠠᠭ᠋ᠠᠨ᠎ᠤ ᠲᠥᠯᠥ᠋ᠪᠯᠡᠭᠡ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠠᠭᠤᠰᠤᠯᠴᠠᠯ᠎ᠤᠨ ᠮᠠᠶᠢᠭ᠎ᠤᠨ ᠬᠥᠭᠵᠢᠯᠲᠡ ᠵᠢᠨ ᠲᠥᠯᠥᠪᠯᠡᠭᠡ᠂ ᠵᠢᠭᠤᠯᠴᠢᠯᠠᠯ ᠵᠶ᠋ᠠᠷ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ ᠲᠥᠯᠥᠪᠯᠡᠭᠡ ᠵᠢ ᠭᠦᠨᠵᠡᠭᠡᠶ ᠬᠡᠷᠡᠭᠵᠢᠭᠦᠯᠵᠦ᠂ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠥᠷᠭᠡᠴᠡ ᠪᠠ ᠭᠦᠨᠴᠡ ᠵᠢ ᠲᠠᠰᠤᠷᠠᠯᠲᠠ ᠥᠬᠡᠶ ᠥᠷᠭᠡᠳᠭᠡᠬᠦ ᠬᠡᠷᠡᠭᠲᠡᠢ᠃ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠵᠢ ᠭᠦᠨᠵᠡᠭᠡᠶ᠋ᠢᠷᠡᠭᠦᠯᠵᠦ᠂ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠪᠠᠶ᠋ᠢᠷᠢᠰᠢᠭᠤᠯᠤᠯᠲᠠ ᠵᠢᠨ ᠲᠥᠯᠥᠪᠵᠢᠭᠦᠯᠭᠡ ᠪᠠ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠡᠬᠢ ᠪᠠᠶᠠᠯᠢᠭ᠎ᠤᠨ ᠲᠣᠬᠢᠷᠠᠭᠤᠯᠤᠯᠲᠠ ᠵᠢ ᠨᠢᠭᠡᠳᠦᠯᠲᠡᠢ ᠲᠥᠯᠥᠪᠯᠡᠨ᠂ ᠠᠭᠤᠰᠤᠯᠴᠠᠯ᠎ᠤᠨ ᠬᠡᠯᠪᠡᠷᠢ ᠵᠢᠨ ᠨᠡᠶ᠋ᠢᠭᠡᠮ᠎ᠤᠨ ᠪᠦᠲᠦᠴᠡ ᠪᠠ ᠨᠡᠶ᠋ᠢᠭᠡᠮ ᠲᠣᠭᠣᠷᠢᠭ᠎ᠤᠨ ᠣᠷᠴᠢᠨ ᠲᠣᠭᠣᠷᠢᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠬᠠᠮᠲᠤ᠎ᠪᠠᠷ ᠣᠷᠣᠰᠢᠨ ᠰᠠᠭᠤᠵᠤ ᠬᠠᠮᠲᠤ᠎ᠪᠠᠷ ᠰᠤᠷᠤᠯᠴᠠᠬᠤ᠂ ᠬᠠᠮᠲᠤ᠎ᠪᠠᠷ ᠪᠠᠶ᠋ᠢᠭᠤᠯᠵᠤ ᠬᠠᠮᠲᠤ᠎ᠪᠠᠷ ᠡᠳ᠋ᠯᠡᠬᠦ᠂ ᠬᠠᠮᠲᠤ᠎ᠪᠠᠷ ᠠᠵᠢᠯᠯᠠᠵᠤ ᠬᠠᠮᠲᠤ᠎ᠪᠠᠷ ᠵᠢᠷᠭ᠋ᠠᠬᠤ ᠨᠠᠩ ᠪᠦᠷᠢᠨ ᠲᠡᠭᠦᠯᠳᠡᠷ ᠨᠡᠶ᠋ᠢᠭᠡᠮ᠎ᠤᠨ ᠨᠥᠬᠥᠴᠡᠯ᠎ᠢ ᠡᠭᠦᠳᠴᠦ᠂ ᠦᠨᠳᠦᠰᠦᠲᠡᠨ᠎ᠨᠦᠭᠦᠳ᠎ᠤᠨ ᠬᠦᠰᠡᠯᠡᠩ᠂ ᠢᠲᠡᠭᠡᠯ ᠪᠢᠰᠢᠷᠡᠯ᠂ ᠬᠠᠶ᠋ᠢᠷ᠎ᠠ ᠰᠡᠳᠭᠢᠯᠭᠡ᠂ ᠰᠣᠶᠣᠯ᠎ᠤᠨ ᠲᠠᠯ᠎ᠠ᠎ᠪᠠᠷ᠎ᠬᠢ ᠪᠦᠯᠬᠦᠮᠳᠡᠯ ᠨᠢᠭᠡᠳᠦᠯ᠎ᠢ ᠠᠬᠢᠭᠤᠯᠬᠤ ᠬᠡᠷᠡᠭᠲᠡᠢ᠃ ᠬᠠᠤᠯᠢᠵᠢᠯ᠎ᠤᠨ ᠵᠠᠮ ᠵᠶ᠋ᠠᠷ ᠦᠨᠳᠦᠰᠦᠲᠡᠨ᠎ᠤ ᠬᠡᠷᠡᠭ ᠶᠠᠪᠤᠳᠠᠯ᠎ᠢ ᠵᠠᠰᠠᠬᠤ ᠵᠢ ᠪᠠᠷᠢᠮᠲᠠᠯᠠᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠬᠠᠤᠯᠢ ᠶᠣᠰᠣᠨ᠎ᠤ ᠡᠷᠬᠡ ᠠᠰᠢᠭ᠎ᠢ ᠬᠠᠤᠯᠢ ᠶᠣᠰᠣᠭ᠋ᠠᠷ ᠪᠠᠲᠤᠯᠠᠬᠤ ᠬᠡᠷᠡᠭᠲᠡᠢ᠃ ᠨᠠᠮ᠎ᠤᠨ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠥᠪᠥᠷ ᠮᠣᠩᠭᠣᠯ᠎ᠳᠠᠬᠢ ᠠᠮᠵᠢᠯᠲᠠ᠎ᠲᠠᠢ ᠦᠢ᠍ᠯᠡᠳᠦᠯᠭᠡ ᠵᠢᠨ ᠲᠤᠷᠰᠢᠯᠭ᠎ᠠ ᠵᠢ ᠭᠦᠨᠵᠡᠭᠡᠶ ᠰᠤᠳᠤᠯᠤᠨ ᠳ᠋ᠦᠩᠨᠡᠵᠦ᠂ ᠦᠨᠳᠦᠰᠦᠲᠡᠨ᠎ᠤ ᠠᠵᠢᠯ᠎ᠤᠨ ᠬᠦᠷᠢᠶᠡᠨ᠎ᠳᠠᠬᠢ ᠲᠦᠷᠢᠮ᠎ᠤᠨ ᠰᠢᠰᠲ᠋ᠧᠮ᠎ᠤᠨ ᠬᠤᠷᠠᠮᠳᠤᠯ᠎ᠢ ᠴᠢᠩᠭ᠋ᠠᠳᠬᠠᠵᠤ᠂ ᠦᠨᠳᠦᠰᠦᠲᠡᠨ᠎ᠤ ᠠᠵᠢᠯ᠎ᠤᠨ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠢ ᠯᠠᠪᠳᠠᠭᠤᠨ ᠡᠮᠬᠢ ᠵᠢᠷᠤᠮ᠎ᠲᠠᠢ ᠲᠣᠬᠢᠷᠠᠭᠤᠯᠤᠨ ᠲᠡᠭᠦᠯᠳᠡᠷᠵᠢᠭᠦᠯᠵᠦ᠂ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠶ᠋ᠢᠭᠤᠯᠤᠯ᠎ᠤᠨ ᠣᠨᠣᠯ᠎ᠤᠨ ᠦᠨᠳᠦᠰᠦ ᠰᠤᠷᠪᠤᠯᠵᠢ ᠵᠢ ᠶᠠᠪᠤᠬᠤ ᠲᠤᠲᠤᠮ ᠭᠦᠨᠵᠡᠭᠡᠶ᠋ᠢᠷᠡᠭᠦᠯᠵᠦ᠂ ᠦᠢ᠍ᠯᠡᠳᠦᠯᠭᠡ ᠵᠢᠨ ᠦᠨᠳᠦᠰᠦ ᠰᠠᠭᠤᠷᠢ ᠵᠢ ᠶᠠᠪᠤᠬᠤ ᠲᠤᠲᠤᠮ ᠪᠠᠲᠤ ᠪᠠᠬᠢ ᠪᠤᠯᠭ᠋ᠠᠬᠤ ᠬᠡᠷᠡᠭᠲᠡᠢ᠃
ᠭᠤᠷᠪᠠ᠂ ᠦᠨᠳᠦᠰᠦᠲᠡᠨ᠎ᠤ ᠣᠷᠣᠨ᠎ᠳᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠬᠤ ᠪᠦᠲᠦᠭᠡᠨ ᠪᠠᠶ᠋ᠢᠭᠤᠯᠤᠯᠲᠠ ᠵᠢ ᠠᠬᠢᠭᠤᠯᠬᠤ ᠲᠠᠯ᠎ᠠ᠎ᠪᠠᠷ ᠵᠢᠱ᠌ᠢᠶᠡᠴᠢ ᠪᠣᠯᠬᠤ ᠬᠡᠷᠡᠭᠳᠠᠢ
ᠶᠡᠷᠦᠩᠬᠡᠶ ᠱᠦᠵᠢ ᠰᠢ ᠵᠢᠨ ᠫᠢᠩ᠎ᠠᠴᠠ ᠥᠪᠥᠷ ᠮᠣᠩᠭᠣᠯ᠎ᠢ 《ᠰᠢᠨ᠎ᠡ ᠵᠠᠮ ᠨᠡᠭᠡᠭᠡᠬᠦ》 ᠵᠢ ᠱᠠᠭ᠋ᠠᠷᠳᠠᠭᠰᠠᠨ ᠪᠠᠶ᠋ᠢᠯᠳᠤᠬᠤ ᠪᠣᠳᠣᠯᠭ᠎ᠠ ᠵᠢᠨ ᠬᠠᠷᠠᠯᠲᠠ ᠵᠢ ᠪᠠᠲᠤ ᠡᠵᠡᠮᠳᠡᠵᠦ᠂ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠵᠢ ᠨᠠᠶ᠋ᠢᠳᠠᠪᠤᠷᠢᠵᠢᠭᠤᠯᠵᠤ᠂ ᠤᠯᠤᠰ᠎ᠤᠨ ᠠᠮᠢ ᠠᠬᠤᠶ ᠵᠢᠨ ᠠᠮᠤᠷ ᠲᠦᠪᠰᠢᠨ᠂ ᠡᠨᠧᠷᠭᠢ ᠵᠢᠨ ᠠᠮᠤᠷ ᠲᠦᠪᠰᠢᠨ᠂ ᠠᠮᠤ ᠪᠤᠳᠠᠭ᠋ᠠᠨ᠎ᠤ ᠠᠮᠤᠷ ᠲᠦᠪᠰᠢᠨ᠂ ᠠᠵᠤ ᠦᠢ᠍ᠯᠡᠰ᠎ᠤᠨ ᠠᠮᠤᠷ ᠲᠦᠪᠰᠢᠨ᠂ ᠬᠢᠯᠢ ᠬᠢᠵᠠᠭ᠋ᠠᠷ᠎ᠤᠨ ᠠᠮᠤᠷ ᠲᠦᠪᠰᠢᠨ᠎ᠢ ᠬᠠᠮᠠᠭ᠋ᠠᠯᠠᠬᠤ᠎ᠳᠤ ᠢᠯᠡᠭᠦᠬᠡᠨ ᠬᠤᠪᠢ ᠨᠡᠮᠡᠷᠢ ᠦᠵᠡᠭᠦᠯᠬᠦ ᠬᠡᠷᠡᠭᠲᠡᠶ᠃
(ᠨᠠᠢ᠍ᠮᠠ) 《ᠤᠯᠤᠰ᠎ᠤᠨ ᠶᠡᠬᠡ ᠶᠠᠪᠤᠳᠠᠯ》᠎ᠢ ᠪᠠᠲᠤ ᠴᠡᠭᠡᠵᠢᠯᠡᠵᠦ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠪᠡᠬᠢ ᠴᠣᠭᠴᠠᠯᠠᠬᠤ ᠬᠡᠷᠡᠭᠳᠠᠢ᠃ 《ᠤᠮᠠᠷᠠᠲᠤ ᠵᠢᠨ ᠭᠤᠷᠪᠠᠨ ᠤᠷᠤᠨ》᠎ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠢ ᠪᠦᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠵᠦ᠂ ᠭᠠᠵᠠᠷ ᠣᠷᠣᠨ᠎ᠤ ᠪᠠᠶ᠋ᠢᠳᠠᠯ᠎ᠳᠠᠭᠠᠨ ᠲᠤᠬᠢᠷᠠᠭᠤᠯᠤᠨ᠂ ᠬᠣᠣᠷ ᠬᠥᠨᠥᠭᠡᠯ᠎ᠢ ᠦᠨᠳᠦᠰᠦᠯᠡᠨ ᠰᠡᠷᠭᠡᠶ᠋ᠢᠯᠡᠯᠲᠡ ᠪᠠᠶ᠋ᠢᠷᠢᠯᠠᠭᠤᠯᠵᠤ᠂ ᠲᠦᠷᠦᠯ ᠬᠤᠪᠢᠶᠠᠨ ᠠᠷᠭ᠎ᠠ ᠪᠤᠳᠤᠯᠭ᠎ᠠ ᠬᠡᠷᠡᠭᠵᠢᠭᠦᠯᠵᠦ᠂ ᠬᠠᠳᠤᠨ ᠭᠣᠣᠯ᠎ᠤᠨ 《ᠶᠡᠬᠡ ᠲᠤᠬᠤᠢ》 ᠤᠷᠤᠨ᠎ᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠂ ᠬᠣᠷᠴᠢᠨ ᠪᠣᠯᠤᠨ ᠬᠤᠯᠠᠨ ᠰᠢᠷᠭ᠎ᠠ ᠲᠠᠭ᠎ᠠ ᠵᠢᠨ ᠬᠣᠶᠠᠷ ᠶᠡᠬᠡ ᠡᠯᠡᠰᠦᠷᠬᠡᠭ ᠭᠠᠵᠠᠷ᠎ᠤᠨ ᠰᠥᠨᠥᠭᠡᠯᠳᠡ ᠵᠢᠨ ᠳᠠᠶ᠋ᠢᠯᠠᠯᠳᠤᠭ᠋ᠠᠨ᠂ ᠾᠤ᠌ ᠰᠢ ᠵᠢᠨ ᠬᠤᠩᠬᠢᠯ — ᠲᠠᠺᠯᠢᠮᠠᠺᠠᠨ ᠡᠯᠡᠰᠦᠨ ᠴᠦᠯ᠎ᠤᠨ ᠬᠥᠪᠡᠭᠡ ᠳᠠᠭ᠋ᠠᠤ ᠵᠢᠨ ᠬᠤᠷᠢᠭᠯᠠᠯᠳᠠ ᠵᠢᠨ ᠳᠠᠶ᠋ᠢᠯᠠᠯᠳᠤᠭ᠋ᠠᠨ᠎ᠢ ᠡᠷᠡᠰ ᠰᠠᠶ᠋ᠢᠲᠤᠷ ᠬᠢᠵᠦ᠂ ᠮᠠᠨ᠎ᠤ ᠤᠯᠤᠰ᠎ᠤᠨ ᠴᠦᠯᠯᠡᠷᠭᠡᠭᠵᠢᠯ᠎ᠢ ᠵᠠᠰᠠᠬᠤ ᠭᠣᠣᠯ ᠳᠠᠶ᠋ᠢᠯᠠᠯᠳᠤᠭ᠋ᠠᠨ᠎ᠤ ᠲᠠᠯᠠᠪᠤᠷ᠂ ᠡᠯᠡᠰᠦᠨ ᠰᠢᠭᠤᠷᠭ᠎ᠠ ᠵᠢᠨ ᠭᠣᠣᠯ ᠰᠡᠷᠭᠡᠶ᠋ᠢᠯᠡᠯᠲᠡ ᠵᠢᠨ ᠱᠤᠭᠤᠮ᠎ᠢ ᠪᠠᠲᠤ ᠰᠠᠬᠢᠬᠤ ᠬᠠᠷᠢᠭᠤᠴᠠᠯᠭ᠎ᠠ ᠵᠢ ᠡᠭᠦᠷᠭᠡᠯᠡᠬᠦ ᠬᠡᠷᠡᠭᠲᠡᠢ᠃ ᠰᠢᠨᠵᠢᠯᠡᠬᠦ ᠤᠬᠠᠭ᠋ᠠᠨᠴᠢ᠎ᠪᠠᠷ ᠡᠯᠡᠰᠦ ᠵᠢ ᠵᠠᠰᠠᠬᠤ ᠵᠢ ᠪᠠᠷᠢᠮᠲᠠᠯᠠᠵᠤ᠂ ᠬᠥᠪᠴᠢ ᠵᠢᠨ ᠡᠯᠡᠰᠦ ᠵᠢ ᠵᠠᠰᠠᠭᠰᠠᠨ ᠲᠤᠷᠰᠢᠯᠭ᠎ᠠ ᠵᠢ ᠳᠡᠯᠭᠡᠷᠡᠭᠦᠯᠵᠦ᠂ ᠳ᠋ᠧᠩᠺᠧᠦ ᠵᠢᠨ ᠵᠠᠭᠪᠤᠷ ᠵᠢᠴᠢ ᠭᠡᠷᠡᠯᠴᠢ ᠴᠡᠨᠡᠭ ᠵᠶ᠋ᠠᠷ ᠡᠯᠡᠰᠦ ᠵᠢ ᠵᠠᠰᠠᠭᠰᠠᠨ ᠵᠠᠭᠪᠤᠷ ᠵᠡᠷᠭᠡ ᠵᠠᠰᠠᠯᠲᠠ ᠵᠢᠨ ᠵᠠᠭᠪᠤᠷ᠎ᠢ ᠳᠡᠯᠭᠡᠷᠡᠭᠦᠯᠵᠦ᠂ ᠲᠣᠭᠲᠠᠴᠠ ᠵᠢᠨ ᠰᠢᠨ᠎ᠡ ᠵᠢ ᠡᠭᠦᠳᠴᠦ ᠮᠠᠯᠴᠢᠨ ᠲᠠᠷᠢᠶᠠᠴᠢᠨ᠂ ᠠᠵᠤ ᠠᠬᠤᠶ᠋ᠢᠯᠠᠯ ᠵᠡᠷᠭᠡ ᠡᠯ᠎ᠡ ᠲᠠᠯ᠎ᠠ ᠵᠢᠨ᠎ᠬᠢᠨ᠎ᠤ ᠡᠯᠡᠰᠦ ᠵᠢ ᠵᠠᠰᠠᠬᠤ᠎ᠳᠤ ᠣᠷᠣᠯᠴᠠᠬᠤ ᠢᠳᠡᠪᠬᠢᠵᠢᠯ᠎ᠢ ᠳᠠᠶ᠋ᠢᠴᠢᠯᠠᠬᠤ ᠬᠡᠷᠡᠭᠲᠡᠢ᠃ ᠬᠥᠪᠴᠢ ᠵᠢᠨ ᠤᠯᠠᠨ ᠤᠯᠤᠰ᠎ᠤᠨ ᠡᠯᠡᠰᠦᠨ᠎ᠤ ᠶᠠᠷᠢᠶᠠᠨ᠎ᠤ ᠲᠠᠪᠴᠠᠩ᠎ᠢ ᠰᠠᠶ᠋ᠢᠲᠤᠷ ᠡᠷᠬᠢᠯᠡᠵᠦ᠂ ᠳᠤᠮᠳᠠᠳᠤ ᠤᠯᠤᠰ᠎ᠤᠨ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠭᠰᠠᠨ ᠦᠯᠢᠭᠡᠷ᠎ᠢ ᠰᠠᠶ᠋ᠢᠲᠤᠷ ᠶᠠᠷᠢᠬᠤ ᠬᠡᠷᠡᠭᠳᠠᠢ᠃ ᠤᠰᠤ᠎ᠪᠠᠷ ᠨᠣᠭᠣᠭ᠋ᠠᠷᠠᠭᠤᠯᠤᠯᠳᠠ ᠵᠢ ᠲᠣᠭᠲᠠᠭ᠋ᠠᠬᠤ᠂ ᠤᠰᠤ᠎ᠪᠠᠷ ᠭᠠᠵᠠᠷ ᠰᠢᠷᠤᠢ ᠵᠢ ᠲᠣᠭᠲᠠᠭ᠋ᠠᠬᠤ᠂ ᠤᠰᠤ᠎ᠪᠠᠷ ᠬᠥᠮᠦᠨ ᠠᠮᠠ ᠵᠢ ᠲᠣᠭᠲᠠᠭ᠋ᠠᠬᠤ᠂ ᠤᠰᠤ᠎ᠪᠠᠷ ᠠᠵᠤ ᠦᠢ᠍ᠯᠡᠰ᠎ᠢ ᠲᠣᠭᠲᠠᠭ᠋ᠠᠬᠤ ᠵᠢ ᠪᠠᠷᠢᠮᠲᠠᠯᠠᠵᠤ᠂ 《ᠬᠤᠷ᠎ᠠ ᠲᠤᠨᠳᠠᠰᠤᠨ᠎ᠤ ᠬᠣᠷᠣᠭᠳᠠᠯ᠎ᠢ ᠪᠠᠭ᠋ᠠᠰᠬᠠᠬᠤ》᠎ᠪᠠᠷ ᠤᠳᠤᠷᠢᠳᠤᠮᠵᠢ ᠪᠣᠯᠭ᠋ᠠᠬᠤ ᠵᠢ ᠳᠣᠪᠣᠶ᠋ᠢᠯᠭ᠋ᠠᠨ᠂ ᠶᠡᠬᠡ ᠤᠰᠤ᠎ᠪᠠᠷ ᠨᠠᠯᠠᠶ᠋ᠢᠲᠠᠯᠠ ᠤᠰᠤᠯᠠᠬᠤ᠂ ᠭᠠᠵᠠᠷ ᠳᠤᠤᠷᠠᠬᠢ ᠤᠰᠤ ᠵᠢ ᠬᠡᠲᠦᠷᠡᠲᠡᠯ᠎ᠡ ᠠᠪᠬᠤ ᠵᠡᠷᠭᠡ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠬᠦ ᠬᠡᠷᠡᠭᠳᠠᠢ᠃ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠶᠡᠷᠦᠩᠬᠡᠶ᠋ᠢᠯᠡᠨ ᠵᠠᠰᠠᠬᠤ ᠵᠢ ᠨᠢᠭᠡᠳᠦᠯᠲᠡᠢ ᠲᠥᠯᠥᠪᠵᠢᠭᠦᠯᠵᠦ᠂ ᠪᠡᠭᠡᠵᠢᠩ ᠲᠢᠶᠠᠨᠵᠢᠨ᠎ᠤ ᠰᠠᠯᠬᠢ ᠡᠯᠡᠰᠦᠨ᠎ᠤ ᠡᠬᠢ ᠵᠢ ᠵᠠᠰᠠᠬᠤ ᠵᠡᠷᠭᠡ ᠭᠣᠣᠯᠳᠠᠯᠭ᠎ᠠ᠎ᠲᠠᠢ ᠢᠨᠵᠧᠨᠧᠷᠢᠩ᠎ᠢ ᠨᠠᠷᠢᠨ ᠨᠢᠮᠪᠠᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠤᠨ ᠬᠠᠮᠢᠶᠠᠷᠤᠯᠲᠠ ᠵᠢ ᠴᠢᠩᠭ᠋ᠠᠳᠬᠠᠵᠤ᠂ ᠲᠠᠷᠢᠶᠠᠯᠠᠬᠤ ᠵᠢ ᠵᠣᠭᠰᠣᠭ᠋ᠠᠵᠤ ᠤᠢ ᠰᠢᠭᠤᠢ ᠪᠡᠯᠴᠢᠭᠡᠷ᠎ᠢ ᠰᠡᠷᠭᠦᠭᠡᠬᠦ᠂ ᠪᠡᠯᠴᠢᠭᠡᠷᠯᠡᠭᠦᠯᠬᠦ ᠵᠢ ᠵᠣᠭᠰᠣᠭ᠋ᠠᠵᠤ ᠪᠡᠯᠴᠢᠭᠡᠷ᠎ᠢ ᠰᠡᠷᠭᠦᠭᠡᠬᠦ᠂ ᠮᠠᠯ ᠪᠡᠯᠴᠢᠭᠡᠷ᠎ᠤᠨ ᠲᠡᠩᠴᠡᠭᠦᠷᠢ ᠵᠢ ᠪᠠᠲᠤᠯᠠᠬᠤ᠂ ᠪᠡᠯᠴᠢᠭᠡᠷᠯᠡᠭᠦᠯᠬᠦ ᠵᠢ ᠴᠠᠭ᠋ᠠᠵᠠᠯᠠᠵᠤ ᠪᠡᠯᠴᠢᠭᠡᠷ᠎ᠢ ᠠᠮᠠᠷᠠᠭᠤᠯᠬᠤ ᠵᠢ ᠨᠠᠶ᠋ᠢᠳᠠᠪᠤᠷᠢᠵᠢᠭᠤᠯᠵᠤ᠂ ᠪᠠᠶ᠋ᠢᠭ᠋ᠠᠯᠢ ᠵᠢᠨ ᠤᠢ ᠰᠢᠭᠤᠢ ᠵᠢ ᠬᠠᠮᠠᠭ᠋ᠠᠯᠠᠬᠤ ᠪᠠ ᠬᠥᠷᠥᠰᠥ ᠰᠢᠷᠣᠢ ᠵᠢ ᠲᠤᠭᠳᠠᠪᠤᠷᠢᠵᠢᠭᠤᠯᠬᠤ ᠵᠢ ᠴᠢᠩᠭ᠋ᠠᠳᠬᠠᠵᠤ᠂ ᠨᠤᠲᠤᠭ ᠪᠡᠯᠴᠢᠭᠡᠷ ᠤᠢ ᠰᠢᠭᠤᠢ ᠭᠣᠣᠯ ᠮᠥᠷᠡᠨ ᠨᠠᠭᠤᠷ ᠴᠥᠭᠥᠷᠥᠮ ᠨᠤᠭᠤ ᠭᠠᠵᠠᠷ᠎ᠢ ᠰᠡᠷᠭᠦᠭᠡᠨ ᠰᠠᠶ᠋ᠢᠵᠢᠷᠠᠭᠤᠯᠬᠤ ᠵᠢ ᠬᠡᠷᠡᠭᠵᠢᠭᠦᠯᠵᠦ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠢᠨᠠᠯᠲᠠ ᠬᠠᠮᠢᠶᠠᠷᠤᠯᠲᠠ ᠵᠢᠨ ᠰᠢᠰᠲ᠋ᠧᠮ᠎ᠢ ᠲᠡᠭᠦᠯᠳᠡᠷᠵᠢᠭᠦᠯᠵᠦ᠂ 《ᠬᠥᠯᠥᠨ ᠨᠠᠭᠤᠷ᠂ ᠤᠯᠠᠭ᠋ᠠᠨᠰᠤᠬᠠᠢ᠂ ᠳᠠᠭ᠎ᠠ ᠵᠢᠨ ᠨᠠᠭᠤᠷ》 ᠵᠡᠷᠭᠡ ᠤᠰᠤᠨ᠎ᠤ ᠠᠮᠢ ᠠᠬᠤᠢ ᠵᠢ ᠶᠡᠷᠦᠩᠬᠡᠶ᠋ᠢᠯᠡᠨ ᠵᠠᠰᠠᠬᠤ ᠵᠢ ᠴᠢᠩᠭ᠋ᠠᠳᠬᠠᠵᠤ᠂ ᠠᠭ᠋ᠠᠷ ᠮᠠᠨᠳᠠᠯ᠂ ᠤᠰᠤ᠂ ᠬᠥᠷᠥᠰᠥ ᠰᠢᠷᠣᠢ ᠵᠢᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠵᠢ ᠴᠢᠩᠭ᠋ᠠᠳᠬᠠᠵᠤ᠂ ᠡᠬᠡ ᠤᠯᠤᠰ᠎ᠤᠨ ᠤᠮᠠᠷᠠᠳᠤ ᠬᠢᠯᠢ᠎ᠳᠤ ᠲᠦᠮᠡᠨ ᠭᠠᠵᠠᠷ᠎ᠤᠨ ᠨᠤᠮᠢᠨ ᠨᠤᠭᠤᠭ᠋ᠠᠨ ᠤᠷᠳᠤ ᠴᠠᠭ᠋ᠠᠨ ᠬᠡᠷᠡᠮ᠎ᠢ ᠴᠤᠭᠴᠠᠯᠠᠬᠤ ᠬᠡᠷᠡᠭᠳᠠᠢ᠃
(ᠶᠢᠰᠦ) ᠠᠵᠢᠯ᠎ᠤᠨ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢ ᠪᠠᠷᠢᠮᠲᠠᠯᠠᠵᠤ᠂ ᠡᠬᠡ ᠤᠯᠤᠰ᠎ᠤᠨ ᠤᠮᠠᠷᠠᠲᠤ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠪᠠᠲᠤ ᠪᠠᠬᠢ ᠴᠣᠭᠴᠠᠯᠠᠬᠤ ᠬᠡᠷᠡᠭᠳᠠᠢ᠃ ᠤᠯᠤᠰ᠎ᠤᠨ ᠤᠯᠤᠰ ᠲᠦᠷᠦ ᠵᠢᠨ ᠠᠮᠤᠷ ᠲᠦᠪᠰᠢᠨ᠎ᠢ ᠬᠠᠮᠠᠭ᠋ᠠᠯᠠᠬᠤ ᠵᠢ ᠲᠡᠷᠢᠭᠦᠨ ᠪᠠᠶ᠋ᠢᠷᠢᠨ᠎ᠳᠤ ᠲᠠᠯᠪᠢᠵᠤ᠂ ᠬᠢᠯᠢ ᠵᠢᠨ ᠳᠣᠲᠣᠨ᠎ᠠ ᠭᠠᠳᠠᠨᠠᠬᠢ ᠳᠠᠶ᠋ᠢᠰᠤᠩᠨᠠᠭᠴᠢ ᠬᠦᠴᠦᠨ᠎ᠤ ᠨᠡᠪᠴᠢᠯᠲᠡ ᠡᠪᠳᠡᠯᠡᠭᠡ ᠬᠢᠬᠦ ᠠᠵᠢᠯᠯᠠᠭ᠎ᠠ ᠵᠢ ᠴᠢᠩᠭ᠎ᠠ ᠰᠡᠷᠭᠡᠶ᠋ᠢᠯᠡᠨ ᠡᠷᠡᠰ ᠴᠣᠬᠢᠯᠲᠠ ᠥᠭᠭᠦ ᠬᠡᠷᠡᠭᠳᠠᠢ᠃ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠬᠠᠷᠢᠭᠤᠴᠠᠯᠭ᠎ᠠ ᠵᠢᠨ ᠳᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠰᠦᠯᠵᠢᠶᠡᠨ᠎ᠤ ᠨᠡᠶ᠋ᠢᠭᠡᠮ᠎ᠤᠨ ᠶᠡᠷᠦᠩᠬᠡᠶ᠋ᠢᠯᠡᠭᠰᠡᠨ ᠵᠠᠰᠠᠯᠲᠠ ᠵᠢ ᠭᠦᠨᠵᠡᠭᠡᠶ᠋ᠢᠷᠡᠭᠦᠯᠬᠦ ᠬᠡᠷᠡᠭᠳᠠᠢ᠃ ᠬᠦᠨᠳᠦ ᠶᠡᠬᠡ ᠠᠮᠤᠷ ᠲᠦᠪᠰᠢᠨ᠎ᠤ ᠡᠨᠳᠡᠯ᠎ᠠᠴᠠ ᠭᠦᠨᠵᠡᠭᠡᠢ ᠰᠤᠷᠭ᠋ᠠᠮᠵᠢ ᠠᠪᠴᠤ᠂ ᠠᠶᠤᠯᠭᠦᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠲᠣᠭᠲᠠᠴᠠ ᠵᠢ ᠲᠡᠭᠦᠯᠳᠡᠷᠵᠢᠭᠦᠯᠬᠦ ᠬᠡᠷᠡᠭᠲᠡᠢ᠃ ᠨᠡᠶ᠋ᠢᠭᠡᠮ᠎ᠤᠨ ᠠᠮᠤᠷ ᠲᠦᠪᠰᠢᠨ᠎ᠢ ᠪᠦᠬᠦᠯᠢ ᠴᠣᠭᠴᠠ᠎ᠪᠠᠷ ᠰᠡᠷᠭᠡᠶ᠋ᠢᠯᠡᠨ ᠡᠵᠡᠮᠳᠡᠬᠦ ᠵᠢ ᠴᠢᠩᠭ᠋ᠠᠳᠬᠠᠬᠤ ᠬᠡᠷᠡᠭᠳᠠᠢ᠃ ᠠᠵᠤ ᠠᠬᠤᠶ᠂ ᠰᠣᠶᠣᠯ᠂ ᠨᠡᠶ᠋ᠢᠭᠡᠮ᠂ ᠠᠮᠢ ᠠᠬᠤᠶ ᠵᠡᠷᠭᠡ ᠡᠯ᠎ᠡ ᠬᠦᠷᠢᠶᠡᠨ᠎ᠤ ᠠᠶᠤᠯ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠠᠵᠢᠯ᠎ᠢ ᠨᠢᠭᠡᠳᠦᠯᠲᠡᠶ ᠲᠥᠯᠥ᠋ᠪᠵᠢᠭᠦᠯᠦ᠋ᠨ ᠰᠠᠶ᠋ᠢᠲᠤᠷ ᠠᠳᠬᠤᠵᠤ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠥᠷᠢ ᠥᠭᠴᠡᠭᠡ᠂ ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ᠂ ᠬᠡᠷ ᠭᠠᠵᠠᠷ᠎ᠤᠨ ᠬᠥᠷᠥᠩᠭᠡ ᠵᠢᠨ ᠠᠶᠤᠯ ᠲᠦᠭᠰᠢᠭᠦᠷᠢ ᠵᠢᠨ ᠬᠡᠮ ᠰᠣᠭᠣᠭ᠎ᠢ ᠢᠳᠡᠪᠬᠢᠲᠡᠶ ᠯᠠᠪᠳᠠᠭᠤᠨ ᠵᠶ᠋ᠠᠷ ᠠᠷᠢᠯᠭ᠋ᠠᠵᠤ᠂ ᠣᠷᠣᠨ ᠪᠦᠰᠡ ᠵᠢᠨ ᠴᠢᠨᠠᠷᠲᠠᠶ᠂ ᠰᠢᠰᠲ᠋ᠧᠮ᠎ᠳᠤ ᠴᠢᠨᠠᠷᠲᠠᠶ ᠠᠶᠤᠯ ᠲᠦᠭᠰᠢᠭᠦᠷᠢ ᠥᠯᠥ ᠡᠭᠦᠰᠭᠦ ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭᠳᠠᠢ᠃ ᠬᠠᠤᠯᠢᠵᠢᠯ᠎ᠤᠨ ᠬᠦᠷᠢᠶᠡᠨ᠎ᠳᠠᠬᠢ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠰᠢᠨ᠎ᠡ ᠨᠢᠭᠡᠨ ᠡᠭᠡᠯᠵᠢ ᠵᠢᠨ ᠠᠵᠢᠯ᠎ᠢ ᠠᠬᠢᠭᠤᠯᠤᠨ᠎ᠠ᠃
(ᠠᠷᠪᠠ) ᠰᠢᠯᠢᠳᠡᠭ᠎ᠢ ᠪᠣᠶ᠋ᠢᠵᠢᠭᠤᠯᠵᠤ ᠦᠷ᠎ᠡ ᠠᠰᠢᠭ᠎ᠢ ᠨᠡᠮᠡᠭᠳᠡᠭᠦᠯᠬᠦ᠎ᠠᠴᠠ ᠭᠠᠷᠳᠠᠵᠤ᠂ ᠤᠯᠤᠰ᠎ᠤᠨ ᠴᠢᠬᠤᠯᠠ ᠡᠨᠧᠷᠭᠢ ᠪᠠ ᠪᠠᠶ᠋ᠢᠯᠳᠤᠬᠤ ᠪᠤᠳᠤᠯᠭ᠎ᠠ ᠵᠢᠨ ᠡᠬᠢ ᠪᠠᠶᠠᠯᠢᠭ᠎ᠤᠨ ᠰᠠᠭᠤᠷᠢᠨ᠎ᠢ ᠬᠦᠴᠦ ᠳᠣᠷᠪᠢᠲᠠᠢ ᠪᠦᠳᠦᠭᠡᠨ ᠪᠠᠶ᠋ᠢᠭᠤᠯᠬᠤ ᠬᠡᠷᠡᠭᠳᠠᠢ᠃ ᠤᠳᠤ ᠦᠶ᠎ᠡ ᠵᠢᠨ ᠡᠨᠧᠷᠭᠢ ᠵᠢᠨ ᠠᠵᠤ ᠠᠬᠤᠢ ᠵᠢ ᠬᠥᠭᠵᠢᠭᠦᠯᠬᠦ ᠵᠢ ᠭᠣᠣᠯᠳᠠᠯᠭ᠎ᠠ ᠵᠢᠨ ᠳᠣᠲᠣᠷᠠᠬᠢ ᠭᠣᠣᠯᠳᠠᠯᠭ᠎ᠠ ᠪᠣᠯᠭ᠋ᠠᠬᠤ ᠵᠢ ᠪᠠᠷᠢᠮᠲᠠᠯᠠᠵᠤ᠂ ᠤᠯᠤᠰ᠎ᠤᠨ 《ᠠᠭᠤᠷᠬᠠᠢ ᠵᠢᠨ ᠪᠤᠯᠠᠭᠳᠠᠴᠠ ᠠᠮᠤ ᠵᠢᠨ ᠰᠠᠩ》᠎ᠤᠨ ᠳᠠᠯᠳᠠ ᠬᠦᠴᠦᠨ᠎ᠢ ᠭᠦᠢ᠍ᠴᠡᠳ ᠪᠠᠳᠠᠷᠠᠭᠤᠯᠬᠤ ᠬᠡᠷᠡᠭᠳᠠᠢ᠃ ᠰᠢᠨ᠎ᠡ ᠡᠨᠧᠷᠭᠢ ᠵᠢ ᠶᠡᠬᠡ ᠬᠡᠪᠴᠢᠶ᠎ᠡ᠎ᠪᠠᠷ ᠨᠡᠭᠡᠭᠡᠨ ᠠᠰᠢᠭᠯᠠᠬᠤ ᠵᠢ ᠲᠦᠷᠭᠡᠳᠭᠡᠨ ᠠᠬᠢᠭᠤᠯᠵᠤ᠂ ᠰᠢᠨ᠎ᠡ ᠡᠨᠧᠷᠭᠢ ᠵᠢ ᠳᠠᠬᠢᠨ ᠵᠶ᠋ᠠᠷ ᠨᠡᠮᠡᠭᠳᠡᠭᠦᠯᠬᠦ ᠠᠵᠢᠯᠯᠠᠭ᠎ᠠ ᠵᠢ ᠲᠦᠷᠭᠡᠳᠭᠡᠨ ᠬᠡᠷᠡᠭᠵᠢᠭᠦᠯᠵᠦ᠂ ᠰᠢᠨ᠎ᠡ ᠡᠨᠧᠷᠭᠢ ᠵᠢᠨ ᠲᠣᠮᠣ ᠰᠠᠭᠤᠷᠢᠨ᠂ ᠲᠣᠨᠣᠭᠯᠠᠯ ᠦᠢ᠍ᠯᠡᠳᠬᠦ ᠰᠠᠭᠤᠷᠢᠨ ᠪᠠ ᠴᠠᠬᠢᠯᠭ᠋ᠠᠨ ᠬᠦᠴᠦᠨ᠎ᠢ ᠭᠠᠳᠠᠭᠰᠢ ᠬᠦᠷᠭᠡᠬᠦ ᠵᠠᠮ᠎ᠤᠨ ᠪᠥᠲᠥᠭᠡᠨ ᠪᠠᠶ᠋ᠢᠭᠤᠯᠤᠯᠲᠠ ᠵᠢ ᠲᠦᠷᠭᠡᠳᠭᠡᠨ ᠠᠬᠢᠭᠤᠯᠵᠤ᠂ ᠡᠨᠧᠷᠬᠢ ᠲᠤᠤᠷ ᠳᠠᠭ᠋ᠠᠭ᠋ᠠᠴᠠ ᠨᠦᠬᠡᠴᠡ ᠵᠢ ᠨᠢᠭᠡᠳᠦᠯᠲᠡᠶ ᠲᠥᠯᠥᠪᠵᠢᠭᠦᠯᠦᠨ ᠪᠠᠶ᠋ᠢᠷᠢᠰᠢᠭᠤᠯᠵᠤ᠂ ᠨᠡᠭᠡᠭᠡᠨ ᠠᠰᠢᠭᠯᠠᠬᠤ ᠠᠷᠭ᠎ᠠ ᠮᠠᠶᠢᠭ ᠵᠶ᠋ᠠᠨ ᠬᠤᠪᠢᠷᠠᠭᠤᠯᠤᠨ᠂ ᠬᠡᠷᠡᠭᠯᠡᠭᠡᠨ᠎ᠤ ᠪᠠᠶ᠋ᠢᠳᠠᠯ᠎ᠢ ᠥᠷᠭᠡᠳᠭᠡᠵᠦ᠂ ᠬᠡᠷᠡᠭᠯᠡᠨ ᠠᠰᠢᠭᠯᠠᠬᠤ ᠴᠢᠳᠠᠪᠤᠷᠢ᠎ᠪᠠᠨ ᠳᠡᠭᠡᠭᠰᠢᠯᠡᠭᠦᠯᠦᠨ᠂ ᠰᠢᠨ᠎ᠡ ᠡᠨᠧᠷᠭᠢ ᠵᠢᠨ ᠪᠥᠬᠥ ᠠᠵᠤ ᠦᠢ᠍ᠯᠡᠰ᠎ᠤᠨ ᠬᠡᠯᠬᠢᠶ᠎ᠡ ᠵᠢᠨ ᠬᠥᠭᠵᠢᠯᠲᠡ ᠵᠢ ᠠᠬᠢᠭᠤᠯᠬᠤ ᠬᠡᠷᠡᠭᠳᠠᠢ᠃ ᠨᠡᠭᠦᠷᠡᠰᠦ ᠵᠢ ᠠᠷᠢᠭᠤᠨ ᠴᠡᠪᠡᠷ ᠥᠨᠳᠥᠷ ᠪᠦᠲᠦᠮᠵᠢᠳᠠᠢ ᠠᠰᠢᠭᠯᠠᠬᠤ ᠵᠢ ᠴᠢᠩᠭ᠋ᠠᠳᠬᠠᠨ᠂ ᠨᠡᠭᠦᠷᠡᠰᠦᠨ᠎ᠤ ᠠᠶᠤᠯᠭᠦᠢ ᠬᠠᠩᠭ᠋ᠠᠯᠭ᠎ᠠ ᠵᠢ ᠪᠠᠲᠤᠯᠠᠵᠤ᠂ ᠨᠡᠭᠦᠷᠡᠰᠦ᠎ᠪᠠᠷ ᠰᠠᠭᠤᠷᠢ ᠪᠣᠯᠭ᠋ᠠᠭᠰᠠᠨ ᠰᠢᠨ᠎ᠡ ᠮᠠᠲ᠋ᠧᠷᠢᠶᠠᠯ ᠵᠢᠴᠢ ᠨᠠᠷᠢᠯᠢᠭ ᠬᠢᠮᠢ ᠵᠢᠨ ᠠᠵᠤ ᠦᠢ᠍ᠯᠡᠳᠪᠦᠷᠢ ᠵᠢᠨ ᠠᠵᠤ ᠦᠢ᠍ᠯᠡᠰ᠎ᠢ ᠶᠡᠬᠡ᠎ᠪᠠᠷ ᠬᠥᠭᠵᠢᠭᠦᠯᠬᠦ ᠬᠡᠷᠡᠭᠳᠠᠢ᠃ 《ᠬᠣᠪᠣᠷ ᠰᠢᠷᠣᠶ +》 ᠬᠠᠮᠵᠢᠯᠴᠠᠨ ᠰᠢᠨ᠎ᠡ ᠵᠢ ᠡᠭᠦᠳᠬᠦ ᠵᠢ ᠲᠦᠷᠭᠡᠳᠭᠡᠨ ᠠᠬᠢᠭᠤᠯᠵᠤ᠂ ᠬᠣᠪᠣᠷ ᠰᠢᠷᠣᠶ ᠵᠢᠨ ᠡᠬᠢ ᠪᠠᠶᠠᠯᠢᠭ᠎ᠢ ᠬᠠᠮᠠᠭ᠋ᠠᠯᠠᠬᠤ ᠴᠢᠨᠠᠷᠲᠠᠶ᠎ᠪᠠᠷ ᠨᠡᠭᠡᠭᠡᠨ ᠠᠰᠢᠭᠯᠠᠬᠤ᠂ ᠴᠢᠨᠠᠷᠯᠢᠭ ᠠᠰᠢᠭᠯᠠᠬᠤ᠂ ᠵᠢᠷᠤᠮᠵᠢᠭᠤᠯᠤᠨ ᠬᠠᠮᠢᠶᠠᠷᠬᠤ ᠵᠢ ᠴᠢᠩᠭ᠋ᠠᠳᠬᠠᠵᠤ᠂ ᠬᠣᠪᠣᠷ ᠰᠢᠷᠣᠶ ᠵᠢᠨ ᠬᠡᠷᠡᠭᠯᠡᠭᠡᠨ᠎ᠤ ᠠᠵᠤ ᠦᠢ᠍ᠯᠡᠰ᠎ᠤᠨ ᠬᠡᠯᠬᠢᠶ᠎ᠠ ᠵᠢ ᠪᠤᠵᠠᠭ᠋ᠠᠶ᠋ᠢᠷᠠᠭᠤᠯᠤᠨ ᠬᠦᠴᠦᠷᠬᠡᠭᠵᠢᠭᠦᠯᠵᠦ᠂ ᠪᠥᠬᠥ ᠤᠯᠤᠰ᠎ᠤᠨ ᠬᠠᠮᠤᠭ᠎ᠤᠨ ᠲᠣᠮᠣ ᠬᠣᠪᠣᠷ ᠰᠢᠷᠣᠶ ᠵᠢᠨ ᠰᠢᠨ᠎ᠡ ᠮᠠᠲ᠋ᠧᠷᠢᠶᠠᠯ᠎ᠤᠨ ᠰᠠᠭᠤᠷᠢᠨ ᠪᠠ ᠪᠥᠬᠥ ᠳᠡᠯᠡᠬᠡᠶ᠎ᠳᠤ ᠲᠡᠷᠢᠭᠦᠯᠡᠭᠰᠡᠨ ᠬᠣᠪᠣᠷ ᠰᠢᠷᠣᠶ ᠵᠢᠨ ᠬᠡᠷᠡᠭᠯᠡᠭᠡᠨ᠎ᠤ ᠰᠠᠭᠤᠷᠢᠨ᠎ᠢ ᠴᠤᠭᠴᠠᠯᠠᠬᠤ ᠬᠡᠷᠡᠭᠳᠠᠢ᠃ ᠤᠯᠤᠰ᠎ᠤᠨ ᠰᠢᠨ᠎ᠡ ᠨᠢᠭᠡ ᠡᠭᠡᠯᠵᠢ ᠵᠢᠨ ᠠᠭᠤᠷᠬᠠᠶ ᠡᠷᠢᠬᠦ ᠰᠢᠪᠲᠤᠯᠤᠯᠲᠠ ᠵᠢᠨ ᠪᠠᠶ᠋ᠢᠯᠳᠤᠬᠤ ᠪᠣᠳᠣᠯᠭ᠎ᠠ ᠵᠢᠨ ᠠᠵᠢᠯᠯᠠᠭ᠎ᠠ ᠵᠢ ᠲᠦᠷᠭᠡᠳᠭᠡᠨ ᠨᠠᠶ᠋ᠢᠳᠠᠪᠤᠷᠢᠵᠢᠭᠤᠯᠵᠤ᠂ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠶ ᠠᠭᠤᠷᠬᠠᠶ ᠵᠢᠨ ᠭᠠᠷᠤᠯᠲᠠ ᠵᠢᠨ ᠨᠥᠭᠡᠴᠡ ᠵᠢ ᠨᠡᠮᠡᠭᠳᠡᠭᠦᠯᠦᠨ ᠭᠠᠷᠤᠯᠲᠠ ᠵᠢ ᠨᠡᠮᠡᠭᠳᠡᠭᠦᠯᠬᠦ ᠡᠷᠴᠢᠮ᠎ᠢ ᠴᠢᠩᠭ᠋ᠠᠷᠠᠭᠤᠯᠬᠤ ᠬᠡᠷᠡᠭᠳᠠᠢ᠃
(ᠠᠷᠪᠠᠨ ᠨᠢᠭᠡ) ᠶᠠᠰᠤ ᠴᠢᠨᠠᠷ᠎ᠢ ᠬᠦᠴᠦᠯᠡᠨ ᠳᠡᠭᠡᠭᠰᠢᠯᠡᠭᠦᠯᠵᠦ ᠲᠣᠭ᠎ᠠ ᠬᠡᠮᠵᠢᠶ᠎ᠡ ᠵᠢ ᠨᠡᠮᠡᠭᠳᠡᠭᠦᠯᠦᠨ᠂ ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤᠨ ᠦᠢ᠍ᠯᠡᠳᠪᠦᠷᠢᠯᠡᠯ᠎ᠤᠨ ᠰᠠᠭᠤᠷᠢᠨ᠎ᠢ ᠲᠣᠭ᠎ᠠ ᠬᠡᠮᠵᠢᠶ᠎ᠡ᠎ᠪᠠᠷ ᠶᠡᠬᠡ ᠪᠦᠭᠡᠳ ᠴᠢᠨᠠᠷ ᠰᠠᠶ᠋ᠢᠲᠠᠶ ᠪᠦᠲᠦᠭᠡᠨ ᠪᠠᠶ᠋ᠢᠭᠤᠯᠬᠤ ᠬᠡᠷᠡᠭᠲᠡᠶ᠃ 《ᠭᠠᠵᠠᠷ ᠰᠢᠷᠤᠢ᠂ ᠤᠰᠤ᠂ ᠦᠷ᠎ᠡ ᠪᠠ ᠠᠮᠤ ᠪᠤᠳᠠᠭ᠎ᠠ᠂ ᠮᠢᠬ᠎ᠠ᠂ ᠰᠦ》 ᠵᠢᠨ ᠠᠵᠢᠯ᠎ᠢ ᠦᠷᠭᠦᠯᠵᠢᠯᠡᠨ ᠰᠠᠶ᠋ᠢᠲᠤᠷ ᠬᠢᠵᠦ᠂ ᠲᠣᠭ᠎ᠠ ᠬᠡᠮᠵᠢᠶ᠎ᠡ ᠵᠢ ᠲᠠᠰᠤᠷᠠᠯᠲᠠ ᠥᠬᠡᠶ ᠥᠷᠭᠡᠳᠭᠡᠨ᠂ ᠶᠠᠰᠤ ᠴᠢᠨᠠᠷ᠎ᠢ ᠳᠡᠭᠡᠭᠰᠢᠯᠡᠭᠦᠯᠵᠦ᠂ ᠤᠨᠠᠯᠲᠠ ᠵᠢ ᠨᠡᠮᠡᠭᠳᠡᠭᠦᠯᠦᠨ᠂ ᠤᠯᠤᠰ᠎ᠤᠨ ᠴᠢᠬᠤᠯᠠ 《ᠠᠮᠤ ᠵᠢᠨ ᠰᠠᠩ》᠎ᠢ ᠴᠢᠷᠮᠠᠶ᠋ᠢᠨ ᠪᠦᠲᠦᠭᠡᠨ ᠪᠠᠶ᠋ᠢᠭᠤᠯᠬᠤ ᠬᠡᠷᠡᠭᠳᠠᠢ᠃ ᠮᠠᠯ ᠠᠵᠤ ᠠᠬᠤᠢ ᠲᠠᠷᠢᠶᠠᠯᠠᠩ᠎ᠤᠨ ᠣᠷᠣᠨ ᠪᠦᠰᠡ ᠵᠢᠨ ᠪᠠᠶ᠋ᠢᠷᠢᠰᠢᠭᠤᠯᠤᠯᠲᠠ ᠪᠠ ᠦᠢ᠍ᠯᠡᠳᠪᠦᠷᠢᠯᠡᠯ᠎ᠤᠨ ᠪᠦᠲᠦᠴᠡ ᠵᠢ ᠯᠠᠪᠳᠠᠭᠤᠨ ᠵᠶ᠋ᠠᠷ ᠰᠢᠯᠢᠳᠡᠭᠵᠢᠭᠦᠯᠵᠦ᠂ ᠦᠷ᠎ᠡ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠵᠢ ᠬᠦᠴᠦᠲᠡᠶ ᠠᠳᠬᠤᠨ᠂ ᠤᠰᠤ ᠠᠷᠪᠢᠯᠠᠬᠤ ᠲᠠᠷᠢᠶᠠᠯᠠᠩ᠂ ᠠᠮᠢ ᠠᠬᠤᠢ ᠵᠢᠨ ᠮᠠᠯ ᠠᠵᠤ ᠠᠬᠤᠶ ᠲᠠᠷᠢᠶᠠᠯᠠᠩ᠎ᠢ ᠶᠡᠬᠡ᠎ᠪᠠᠷ ᠬᠥᠭᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠪᠥᠬᠥ ᠲᠠᠯ᠎ᠠ᠎ᠪᠠᠷ ᠴᠢᠩᠭ᠋ᠠᠳᠬᠠᠨ᠂ ᠣᠨᠴᠠᠯᠢᠭᠲᠤ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠭᠦᠨ᠎ᠤ ᠠᠵᠤ ᠦᠢ᠍ᠯᠡᠰ᠎ᠤᠨ ᠪᠦᠰᠡ ᠵᠢ ᠤᠯᠠᠨ ᠪᠠᠶ᠋ᠢᠭᠤᠯᠵᠤ᠂ ᠨᠠᠩ ᠣᠯᠠᠨ ᠲᠤᠰᠬᠠᠶ᠋ᠢᠵᠢᠭᠰᠠᠨ᠂ ᠬᠡᠪᠴᠢᠶᠡᠵᠢᠭᠰᠡᠨ ᠠᠵᠤ ᠦᠢ᠍ᠯᠡᠰ᠎ᠤᠨ ᠪᠦᠯᠦᠭᠵᠢᠯ᠎ᠢ ᠪᠤᠢ ᠪᠣᠯᠭ᠋ᠠᠬᠤ ᠬᠡᠷᠡᠭᠳᠠᠢ᠃ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠡᠳ᠋ᠰᠢᠭᠦᠯᠬᠦ ᠪᠠ ᠪᠣᠬᠢᠷᠲᠤᠯ ᠥᠬᠡᠶ ᠣᠷᠭ᠋ᠠᠨᠢᠭ ᠲᠥᠷᠥᠯ ᠲᠡᠮᠳᠡᠭ᠎ᠢ ᠴᠣᠭᠴᠠᠯᠠᠬᠤ ᠵᠢ ᠰᠠᠶ᠋ᠢᠲᠤᠷ ᠠᠳᠬᠤᠵᠤ᠂ ᠨᠢᠭᠡᠳᠦᠭᠡᠷ ᠬᠣᠶᠠᠳᠤᠭ᠋ᠠᠷ ᠭᠤᠷᠪᠠᠳᠤᠭ᠋ᠠᠷ ᠠᠵᠤ ᠦᠢ᠍ᠯᠡᠰ᠎ᠤᠨ ᠠᠭᠤᠰᠤᠯᠴᠠᠨ ᠬᠥᠭᠵᠢᠬᠦ ᠵᠢ ᠠᠬᠢᠭᠤᠯᠵᠤ᠂ ᠨᠠᠩ ᠣᠯᠠᠨ 《ᠥᠪᠥᠷ ᠮᠣᠩᠭᠣᠯ ᠨᠡᠷᠡᠮᠵᠢᠳᠤ》 ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠲᠣᠮᠣ ᠵᠠᠬ᠎ᠠ ᠳᠡᠯᠭᠡᠭᠦᠷ᠎ᠲᠤ ᠣᠷᠣᠭᠤᠯᠵᠤ᠂ ᠰᠠᠶ᠋ᠢᠨ ᠦᠨᠡᠳᠤ ᠬᠦᠷᠭᠡᠬᠦ ᠬᠡᠷᠡᠭᠳᠠᠢ᠃ ᠮᠠᠯᠴᠢᠨ ᠲᠠᠷᠢᠶᠠᠴᠢᠨ ᠬᠢᠭᠡᠳ ᠠᠵᠤ ᠠᠬᠤᠶ᠋ᠢᠯᠠᠯ᠎ᠤᠨ ᠠᠰᠢᠭ ᠲᠤᠰᠠ ᠵᠢᠨ ᠬᠤᠯᠪᠤᠭ᠋ᠠᠨ᠎ᠤ ᠲᠣᠭᠲᠠᠴᠠ ᠵᠢ ᠪᠦᠷᠢᠨᠰᠢᠭᠦᠯᠦᠨ ᠲᠡᠭᠦᠯᠳᠡᠷᠵᠢᠭᠦᠯᠵᠦ᠂ 《ᠭᠤᠷᠪᠠ ᠵᠢ ᠬᠤᠪᠢᠷᠠᠭᠤᠯᠬᠤ》 ᠥᠭᠡᠷᠡᠴᠢᠯᠡᠯᠲᠡ ᠵᠢ ᠢᠳᠡᠪᠬᠢᠲᠡᠶ ᠠᠬᠢᠭᠤᠯᠬᠤ ᠬᠡᠷᠡᠭᠳᠠᠢ᠃
(ᠠᠷᠪᠠᠨ ᠬᠣᠶᠠᠷ) ᠥᠨᠳᠥᠷ᠎ᠲᠤ ᠵᠣᠭᠰᠣᠨ ᠠᠯᠤᠰ᠎ᠢ ᠪᠠᠷᠠᠯᠠᠵᠤ᠂ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ ᠵᠢ ᠦᠨᠳᠦᠷ ᠰᠦᠷᠯᠢᠭ ᠦᠷᠨᠢᠭᠦᠨ ᠪᠠᠳᠠᠷᠠᠩᠭᠤᠢ ᠪᠦᠲᠦᠭᠡᠨ ᠪᠠᠶ᠋ᠢᠭᠤᠯᠬᠤ ᠬᠡᠷᠡᠭᠲᠡᠢ᠃ ᠳᠤᠮᠳᠠᠳᠤ ᠮᠣᠩᠭᠣᠯ ᠣᠷᠣᠰ᠎ᠤᠨ ᠠᠵᠤ ᠠᠬᠤᠢ ᠵᠢᠨ ᠬᠣᠩᠭᠢᠯ᠎ᠤᠨ ᠪᠦᠲᠦᠭᠡᠨ ᠪᠠᠶ᠋ᠢᠭᠤᠯᠤᠯᠲᠠ᠎ᠳᠤ ᠭᠦᠨᠵᠡᠭᠡᠢ ᠣᠷᠣᠯᠴᠠᠵᠤ᠂ ᠨᠡᠪᠲᠡᠷᠡᠬᠦ ᠵᠠᠮ᠂ ᠪᠣᠭᠣᠮᠲᠠ ᠪᠠ ᠲᠠᠪᠴᠠᠩ᠎ᠤᠨ ᠲᠥᠯᠥᠪᠵᠢᠭᠦᠯᠭᠡ ᠪᠦᠲᠦᠭᠡᠨ ᠪᠠᠶ᠋ᠢᠭᠤᠯᠤᠯᠲᠠ ᠵᠢ ᠰᠢᠨᠵᠢᠯᠡᠬᠦ ᠤᠬᠠᠭ᠋ᠠᠨᠴᠢ᠎ᠪᠠᠷ ᠨᠢᠭᠡᠳᠦᠯᠲᠡᠢ ᠲᠥᠯᠥᠪᠵᠢᠭᠦᠯᠵᠦ᠂ ᠡᠯ᠎ᠡ ᠲᠥᠷᠥᠯ᠎ᠤᠨ ᠨᠡᠭᠡᠭᠡᠯᠲᠡᠲᠦ ᠲᠠᠪᠴᠠᠩ᠎ᠤᠨ ᠦᠢ᠍ᠯᠡᠳᠦᠯ ᠴᠢᠳᠠᠮᠵᠢ ᠵᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠳᠠᠢ᠃ ᠭᠣᠣᠯᠳᠠᠯᠭ᠎ᠠ᠎ᠲᠠᠢ ᠪᠣᠭᠣᠮᠲᠠ ᠵᠢᠨ ᠴᠢᠳᠠᠮᠵᠢ ᠵᠢᠨ ᠪᠠᠶ᠋ᠢᠷᠢ ᠲᠣᠭᠲᠠᠭ᠋ᠠᠯᠲᠠ ᠵᠢ ᠲᠣᠳᠣᠷᠬᠠᠶ᠋ᠢᠯᠠᠵᠤ᠂ ᠢᠵᠢ ᠪᠦᠷᠢᠳᠦᠭᠦᠯᠬᠦ ᠰᠠᠭᠤᠷᠢ ᠲᠦᠬᠦᠭᠡᠷᠤᠮᠵᠢ ᠵᠢᠨ ᠴᠢᠳᠠᠮᠵᠢ ᠵᠢ ᠲᠡᠭᠦᠯᠳᠡᠷᠵᠢᠭᠦᠯᠦᠨ᠂ ᠤᠶᠤᠨᠴᠢᠯᠠᠭᠰᠠᠨ ᠬᠢᠷᠢ ᠲᠦᠪᠰᠢᠨ᠎ᠢ ᠳᠡᠭᠡᠭᠰᠢᠯᠡᠭᠦᠯᠵᠦ᠂ ᠪᠣᠭᠣᠮᠲᠠ ᠵᠢᠨ ᠳᠠᠭ᠋ᠠᠭ᠋ᠠᠬᠤ ᠴᠢᠳᠠᠪᠤᠷᠢ ᠪᠠ ᠲᠥᠪᠯᠡᠷᠡᠭᠦᠯᠬᠦ ᠲᠠᠷᠬᠠᠭ᠋ᠠᠬᠤ ᠲᠡᠭᠡᠭᠡᠪᠦᠷᠢᠯᠡᠬᠦ ᠴᠢᠳᠠᠪᠤᠷᠢ ᠵᠢ ᠴᠢᠩᠭ᠋ᠠᠳᠬᠠᠬᠤ ᠬᠡᠷᠡᠭᠳᠠᠢ᠃ ᠨᠠᠷᠮᠠᠢ ᠪᠣᠭᠣᠮᠲᠠ᠎ᠲᠠᠢ ᠬᠤᠯᠪᠤᠭᠳᠠᠬᠤ ᠠᠵᠤ ᠠᠬᠤᠶ ᠵᠢ ᠶᠡᠬᠡ᠎ᠪᠠᠷ ᠬᠥᠭᠵᠢᠭᠦᠯᠵᠦ᠂ ᠳᠤᠮᠳᠠᠳᠤ ᠧᠦ᠋ᠷᠣᠫᠠ ᠵᠢᠨ ᠵᠢᠰᠢᠶᠠᠨ᠎ᠤ ᠭᠠᠯᠲᠤ ᠲᠡᠷᠭᠡ ᠵᠢᠨ ᠪᠠᠭᠲᠠᠭ᠋ᠠᠮᠵᠢ ᠵᠢ ᠥᠷᠭᠡᠳᠭᠡᠨ ᠶᠠᠰᠤ ᠴᠢᠨᠠᠷ᠎ᠢ ᠳᠡᠭᠡᠭᠰᠢᠯᠡᠭᠦᠯᠬᠦ ᠵᠢ ᠠᠬᠢᠭᠤᠯᠵᠤ᠂ ᠭᠠᠳᠠᠭ᠋ᠠᠳᠤ᠎ᠳᠤ ᠬᠠᠨᠳᠤᠭᠤᠯᠤᠭᠰᠠᠨ ᠠᠵᠤ ᠦᠢ᠍ᠯᠡᠰ᠎ᠢ ᠢᠳᠡᠪᠬᠢᠲᠡᠶ ᠪᠣᠶ᠋ᠢᠵᠢᠭᠤᠯᠤᠨ᠂ 《ᠠᠵᠤ ᠠᠬᠤᠶ ᠵᠢᠨ ᠨᠡᠪᠳᠡᠷᠡᠬᠦ ᠵᠠᠮ》᠎ᠠᠴᠠ 《ᠨᠡᠪᠲᠡᠷᠡᠬᠦ ᠵᠠᠮ᠎ᠤᠨ ᠠᠵᠤ ᠠᠬᠤᠶ》 ᠳᠠᠶ᠋ᠢᠰᠢ ᠬᠤᠪᠢᠷᠠᠭᠤᠯᠬᠤ ᠵᠢ ᠠᠬᠢᠭᠤᠯᠵᠤ᠂ 《ᠳᠠᠮᠵᠢᠯᠭ᠎ᠠ ᠵᠢᠨ ᠠᠵᠤ ᠠᠬᠤᠶ》᠎ᠠᠴᠠ 《ᠰᠠᠭᠤᠷᠢᠰᠢᠯ᠎ᠤᠨ ᠠᠵᠤ ᠠᠬᠤᠶ》 ᠳᠠᠶ᠋ᠢᠰᠢ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠤᠨ᠂ ᠪᠣᠭᠣᠮᠲᠠ ᠪᠠ ᠳᠣᠲᠣᠷ᠎ᠠ ᠭᠠᠵᠠᠷ᠎ᠤᠨ ᠬᠣᠯᠪᠣᠭ᠋ᠠᠯᠠᠨ ᠬᠥᠭᠵᠢᠬᠦ ᠵᠢ ᠠᠬᠢᠭᠤᠯᠬᠤ ᠬᠡᠷᠡᠭᠳᠠᠢ᠃ ᠣᠷᠣᠰ᠂ ᠮᠣᠩᠭᠣᠯ ᠤᠯᠤᠰ᠎ᠯᠤᠭ᠎ᠠ ᠵᠢᠨ ᠬᠣᠯᠪᠣᠭᠳᠠᠯ ᠪᠥᠬᠥᠶ ᠲᠠᠯ᠎ᠠ᠎ᠲᠠᠢ ᠰᠤᠷᠭ᠋ᠠᠨ ᠬᠥᠮᠦᠵᠢᠯ᠂ ᠡᠮ ᠡᠮᠨᠡᠯᠭᠡ᠂ ᠰᠢᠨᠵᠢᠯᠡᠬᠦ ᠤᠬᠠᠭ᠋ᠠᠨ ᠲᠤᠭ᠌ᠨᠢᠭ᠌ ᠮᠡᠷᠭᠡᠵᠢᠯ᠂ ᠠᠮᠢ ᠠᠬᠤᠶ ᠵᠡᠷᠭᠡ ᠬᠦᠷᠢᠶᠡᠨ᠎ᠤ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠵᠦ᠂ ᠠᠷᠠᠳ᠎ᠤᠨ ᠬᠣᠭᠣᠷᠣᠨᠳᠣᠬᠢ ᠶᠠᠪᠤᠯᠴᠠᠭ᠎ᠠ ᠰᠣᠯᠢᠯᠴᠠᠭ᠎ᠠ ᠵᠢ ᠴᠢᠩᠭ᠋ᠠᠳᠬᠠᠬᠤ ᠬᠡᠷᠡᠭᠳᠠᠢ᠃
ᠴᠥᠭᠡᠨ ᠲᠣᠭ᠋ᠠᠲᠤ ᠦᠨᠳᠦᠰᠦᠲᠡᠨ᠎ᠤ ᠦᠭᠡ ᠬᠡᠯᠡ ᠦᠰᠦᠭ ᠪᠢᠴᠢᠭ᠎ᠤᠨ ᠰᠤᠷᠤᠯᠴᠠᠯᠭ᠎ᠠ ᠪᠠ ᠬᠡᠷᠡᠭᠯᠡᠯᠲᠡ ᠵᠢ ᠬᠦᠨᠳᠦᠳᠭᠡᠨ ᠪᠠᠲᠤᠯᠠᠬᠤ ᠬᠡᠷᠡᠭᠲᠡᠢ᠃ ᠳᠤᠮᠳᠠᠳᠤ ᠵᠢᠨ ᠰᠣᠶᠣᠯ ᠪᠣᠯ ᠭᠣᠣᠯ ᠡᠰᠢ ᠮᠥᠨ᠂ ᠦᠨᠳᠦᠰᠦᠲᠡᠨ᠎ᠨᠦᠭᠦᠳ᠎ᠤᠨ ᠰᠣᠶᠣᠯ ᠪᠣᠯ ᠰᠠᠯᠠᠭ᠎ᠠ ᠨᠠᠮᠠᠭ᠎ᠠ ᠮᠥᠨ ᠭᠡᠬᠦ ᠬᠠᠷᠢᠴᠠᠭ᠎ᠠ ᠵᠢ ᠵᠦᠪ ᠣᠨᠣᠪᠴᠢᠲᠠᠢ ᠡᠵᠡᠮᠳᠡᠵᠦ᠂ ᠦᠨᠳᠦᠰᠦᠲᠡᠨ᠎ᠨᠦᠭᠦᠳ᠎ᠤᠨ ᠬᠠᠮᠲᠤ ᠵᠢᠨ ᠪᠠᠶ᠋ᠢᠭ᠎ᠠ ᠬᠠᠮᠲᠤ᠎ᠪᠠᠷ ᠡᠳ᠋ᠯᠡᠬᠦ ᠳᠤᠮᠳᠠᠳᠤ ᠵᠢᠨ ᠰᠣᠶᠣᠯ᠎ᠤᠨ ᠲᠡᠮᠳᠡᠭ ᠪᠠ ᠳᠤᠮᠳᠠᠳᠤ ᠵᠢᠨ ᠦᠨᠳᠦᠰᠦᠲᠡᠨ᠎ᠤ ᠲᠦᠷᠢ ᠲᠥᠷᠬᠦ ᠵᠢ ᠪᠤᠢ ᠪᠣᠯᠭ᠋ᠠᠨ ᠲᠤᠪᠤᠢ᠍ᠯᠭ᠋ᠠᠵᠤ᠂ ᠦᠨᠳᠦᠰᠦᠲᠡᠨ᠎ᠨᠦᠭᠦᠳ᠎ᠤᠨ ᠰᠣᠶᠣᠯ᠎ᠤᠨ ᠳᠤᠮᠳᠠᠳᠤ ᠵᠢᠨ ᠰᠣᠶᠣᠯ᠎ᠤᠨ ᠲᠤᠬᠠᠢ ᠬᠠᠮᠲᠤ ᠵᠢᠨ ᠲᠠᠨᠢᠯᠲᠠ᠎ᠪᠠᠨ ᠴᠢᠩᠭ᠋ᠠᠳᠬᠠᠭᠰᠠᠨ ᠰᠠᠭᠤᠷᠢᠨ ᠳᠡᠭᠡᠷ᠎ᠡ ᠪᠦᠲᠦᠭᠡᠯᠴᠢ ᠴᠢᠨᠠᠷᠲᠠᠢ᠎ᠪᠠᠷ ᠤᠨᠳᠤᠤᠰᠢᠭᠤᠯᠬᠤ᠂ ᠰᠢᠨ᠎ᠡ ᠵᠢ ᠡᠭᠦᠳᠬᠦ ᠴᠢᠨᠠᠷᠲᠠᠢ᠎ᠪᠠᠷ ᠬᠦᠭᠵᠢᠭᠦᠯᠬᠦ ᠵᠢ ᠠᠬᠢᠭᠤᠯᠵᠤ᠂ ᠵᠥᠷᠢᠶᠡᠲᠦ ᠴᠢᠨᠠᠷ᠎ᠢ ᠪᠡᠬᠢᠵᠢᠭᠦᠯᠬᠦ ᠪᠠ ᠴᠢᠩᠭ᠋ᠠᠷᠠᠭᠤᠯᠬᠤ᠂ ᠨᠡᠶ᠋ᠢᠲᠡᠯᠢᠭ ᠴᠢᠨᠠᠷ᠎ᠢ ᠰᠤᠯᠠᠷᠠᠭᠤᠯᠬᠤ ᠪᠠ ᠬᠣᠬᠢᠷᠠᠭᠤᠯᠬᠤ ᠠᠰᠠᠭᠤᠳᠠᠯ᠎ᠢ ᠡᠷᠡᠰ ᠰᠡᠷᠭᠡᠶ᠋ᠢᠯᠡᠨ ᠬᠤᠷᠢᠠᠠᠯᠠᠵᠤ᠂ ᠦᠨᠳᠦᠰᠦᠲᠡᠨ᠎ᠨᠦᠭᠦᠳ᠎ᠤᠨ ᠬᠥᠮᠦᠰ᠎ᠤᠨ ᠰᠡᠳᠭᠢᠯ᠎ᠤᠨ ᠨᠢᠭᠲᠠᠷᠠᠯ᠂ ᠤᠶᠤᠨ ᠰᠠᠨᠠᠭ᠎ᠠ ᠵᠢᠨ ᠲᠦᠰᠢᠭᠯᠡᠯᠴᠡᠯᠢ ᠨᠡᠩ ᠰᠠᠶ᠋ᠢᠲᠤᠷ ᠠᠬᠢᠭᠤᠯᠬᠤ ᠬᠡᠷᠡᠭᠲᠡᠢ᠃ ᠰᠣᠶᠣᠯ᠎ᠤᠨ ᠠᠵᠢᠯ ᠦᠢ᠍ᠯᠡᠰ᠂ ᠰᠣᠶᠣᠯ᠎ᠤᠨ ᠠᠵᠤ ᠦᠢ᠍ᠯᠡᠰ᠎ᠤᠨ ᠴᠡᠴᠡᠭᠯᠡᠨ ᠬᠥᠭᠵᠢᠬᠦ ᠵᠢ ᠠᠬᠢᠭᠤᠯᠵᠤ᠂ ᠤᠯᠠᠭ᠋ᠠᠨᠮᠥ᠋ᠴᠢᠷ᠎ᠤᠨ ᠦᠢ᠍ᠯᠡᠰ᠎ᠤᠨ ᠡᠷᠡᠭᠦᠯ ᠵᠶ᠋ᠠᠷ ᠬᠥᠭᠵᠢᠬᠦ ᠵᠢ ᠠᠬᠢᠭᠤᠯᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠣᠶᠤᠨ᠎ᠤ ᠰᠣᠶᠣᠯ᠎ᠤᠨ ᠬᠡᠷᠡᠭᠴᠡᠭᠡ ᠵᠢ ᠨᠠᠩ ᠰᠠᠶ᠋ᠢᠲᠤᠷ ᠬᠠᠩᠭ᠋ᠠᠬᠤ ᠬᠡᠷᠡᠭᠲᠡᠢ᠃
(ᠠᠷᠪᠠᠨ ᠭᠤᠷᠪᠠ) ᠠᠵᠤ ᠠᠬᠤᠢ ᠵᠢᠨ ᠬᠡᠯᠪᠡᠷᠢ ᠵᠢ ᠬᠤᠪᠢᠷᠠᠭᠤᠯᠤᠨ ᠳᠡᠰ ᠳᠡᠪᠰᠢᠭᠦᠯᠬᠦ ᠵᠢ ᠠᠬᠢᠭᠤᠯᠬᠤ ᠬᠡᠷᠡᠭᠳᠠᠢ᠃ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠳᠤ ᠢᠳᠡᠪᠬᠢᠲᠡᠢ ᠦᠢ᠍ᠯᠡᠴᠢᠯᠡᠨ ᠠᠭᠤᠰᠤᠯᠴᠠᠵᠤ᠂ ᠪᠦᠬᠦ ᠬᠦᠴᠦᠨ ᠵᠶ᠋ᠠᠷ ᠵᠶ᠋ᠠᠨ ᠠᠵᠤ ᠠᠬᠤᠢ ᠵᠢᠨ ᠶᠡᠷᠦᠩᠬᠡᠢ ᠬᠡᠮᠵᠢᠶ᠎ᠡ ᠵᠢ ᠪᠤᠵᠠᠭ᠋ᠠᠶ᠋ᠢᠷᠠᠭᠤᠯᠵᠤ᠂ ᠬᠥᠭᠵᠢᠯᠲᠡ ᠵᠢᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠬᠦ ᠬᠡᠷᠡᠭᠳᠠᠢ᠃ ᠠᠮᠢ ᠠᠬᠤᠶ ᠵᠢ ᠤᠷᠢᠳ ᠵᠶ᠋ᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ᠎ᠪᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭᠴᠢᠲᠦ ᠲᠥᠷᠥ ᠵᠢᠨ ᠪᠣᠳᠣᠯᠭ᠎ᠠ ᠪᠠ ᠵᠠᠬ᠎ᠠ ᠳᠡᠯᠭᠡᠭᠦᠷ᠎ᠤᠨ ᠰᠢᠰᠲ᠋ᠧᠮ᠎ᠢ ᠲᠡᠭᠦᠯᠳᠡᠷᠵᠢᠭᠦᠯᠵᠦ᠂ ᠠᠮᠢ ᠠᠬᠤᠶ ᠵᠢᠨ ᠦᠢ᠍ᠯᠡᠳᠬᠦᠨ᠎ᠤ ᠥᠷᠲᠡᠭ᠎ᠢ ᠪᠡᠶᠡᠯᠡᠭᠦᠯᠬᠦ ᠲᠣᠭᠲᠠᠴᠠ ᠵᠢ ᠪᠠᠶ᠋ᠢᠭᠤᠯᠤᠨ ᠪᠦᠷᠢᠨᠰᠢᠬᠦᠯᠵᠤ᠂ ᠣᠷᠣᠨ ᠪᠦᠰᠡ ᠵᠢᠨ ᠨᠡᠭᠦᠷᠡᠰᠦᠲᠥ᠋ᠷᠥᠭᠴᠢ ᠵᠢ ᠰᠠᠭ᠋ᠠᠷᠮᠠᠭᠵᠢᠭᠤᠯᠬᠤ ᠵᠠᠬ᠎ᠠ ᠳᠡᠯᠭᠡᠭᠦᠷ᠎ᠤᠨ ᠪᠠᠶ᠋ᠢᠭᠤᠯᠤᠯᠲᠠ ᠵᠢ ᠢᠳᠡᠪᠬᠢᠲᠡᠶ ᠠᠬᠢᠭᠤᠯᠵᠤ᠂ ᠠᠮᠢ ᠠᠬᠤᠶ ᠵᠢᠨ ᠠᠵᠤ ᠦᠢ᠍ᠯᠡᠰᠵᠢᠯᠲᠡ ᠪᠠ ᠠᠵᠤ ᠦᠢ᠍ᠯᠡᠰ᠎ᠤᠨ ᠠᠮᠢ ᠠᠬᠤᠶ᠋ᠢᠵᠢᠯᠳᠠ ᠵᠢᠨ ᠠᠯᠬᠤᠴᠠ ᠵᠢ ᠲᠦᠷᠭᠡᠳᠭᠡᠵᠦ᠂ ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠲᠠ ᠮᠥᠩᠭᠥᠨ ᠠᠭᠤᠯᠠ ᠮᠥᠨ ᠭᠡᠬᠦ ᠣᠶ᠋ᠢᠯᠠᠭ᠋ᠠᠭᠳᠠᠬᠤᠨ᠎ᠢ ᠬᠦᠮᠦᠨ᠎ᠤ ᠰᠡᠳᠭᠢᠯ᠎ᠳᠤ ᠰᠠᠭᠤᠭᠳᠠᠭᠤᠯᠬᠤ ᠵᠠᠮ᠎ᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠪᠥᠬᠥ ᠲᠠᠯ᠎ᠠ᠎ᠪᠠᠷ ᠪᠣᠬᠢᠷᠲᠤᠯ ᠥᠬᠡᠶ ᠲᠡᠶ᠋ᠢᠰᠢ ᠬᠡᠯᠪᠡᠷᠢ᠎ᠪᠠᠨ ᠬᠤᠪᠢᠷᠠᠭᠤᠯᠬᠤ ᠵᠢ ᠪᠥᠬᠥ ᠬᠦᠴᠦᠨ ᠵᠶ᠋ᠠᠷ ᠠᠬᠢᠭᠤᠯᠬᠤ ᠬᠡᠷᠡᠭᠳᠠᠢ᠃ ᠠᠵᠤ ᠠᠬᠤᠶ ᠵᠢᠨ ᠪᠠᠶ᠋ᠢᠷᠢᠰᠢᠭᠤᠯᠤᠯᠲᠠ ᠵᠢ ᠬᠦᠴᠦᠯᠡᠨ ᠰᠢᠯᠢᠳᠡᠭᠵᠢᠭᠦᠯᠵᠦ᠂ ᠬᠥᠮᠦᠨ ᠠᠮᠠ ᠵᠢᠨ ᠪᠠᠶ᠋ᠢᠷᠢᠰᠢᠭᠤᠯᠤᠯᠲᠠ ᠵᠢᠨ ᠲᠣᠭᠣᠷᠢᠨ᠎ᠳᠤ ᠣᠷᠣᠨ ᠪᠦᠰᠡ ᠵᠢᠨ ᠪᠠᠶ᠋ᠢᠷᠢᠰᠢᠭᠤᠯᠤᠯᠲᠠ᠂ ᠬᠣᠲᠠ ᠪᠠᠯᠭ᠋ᠠᠰᠤ ᠵᠢᠨ ᠪᠠᠶ᠋ᠢᠷᠢᠰᠢᠭᠤᠯᠤᠯᠲᠠ᠂ ᠠᠵᠤ ᠦᠢ᠍ᠯᠡᠰ᠎ᠤᠨ ᠪᠠᠶ᠋ᠢᠷᠢᠰᠢᠭᠤᠯᠤᠯᠲᠠ᠂ ᠰᠠᠭᠤᠷᠢ ᠲᠦᠬᠦᠭᠡᠷᠤᠮᠵᠢ ᠵᠢᠨ ᠪᠠᠶ᠋ᠢᠷᠢᠰᠢᠭᠤᠯᠤᠯᠲᠠ ᠵᠢᠴᠢ ᠠᠮᠢ ᠠᠬᠤᠶ ᠵᠢᠨ ᠪᠥᠲᠥᠭᠡᠨ ᠪᠠᠶ᠋ᠢᠭᠤᠯᠤᠯᠲᠠ ᠵᠢᠨ ᠪᠠᠶ᠋ᠢᠷᠢᠰᠢᠭᠤᠯᠤᠯᠲᠠ ᠵᠢ ᠤᠯᠠᠮ ᠴᠢᠨᠠᠭᠰᠢᠳᠠ ᠰᠢᠯᠢᠳᠡᠭᠵᠢᠭᠦᠯᠵᠦ᠂ ᠵᠢᠷᠤᠮᠵᠢᠯ᠎ᠲᠠᠢ ᠡᠮᠬᠢ ᠵᠢᠷᠤᠮ᠎ᠲᠠᠢ᠂ ᠲᠡᠯᠡᠵᠦ ᠲᠠᠯᠪᠢᠬᠤ᠎ᠨᠢ ᠬᠢᠵᠠᠭ᠋ᠠᠷᠯᠠᠯ᠎ᠲᠠᠢ᠂ ᠡᠷᠭᠢᠯᠳᠡ ᠰᠠᠭ᠋ᠠᠳ ᠥᠬᠡᠶ᠂ ᠠᠮᠢᠵᠢᠷᠠᠯ᠎ᠤᠨ ᠬᠦᠴᠦᠨ ᠵᠶ᠋ᠠᠷ ᠪᠢᠯᠬᠠᠮ᠎ᠠ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠬᠤ ᠬᠡᠷᠡᠭᠳᠠᠢ᠃ ᠠᠵᠤ ᠦᠢ᠍ᠯᠡᠰ᠎ᠤᠨ ᠪᠦᠲᠦᠴᠡ ᠵᠢ ᠲᠦᠷᠭᠡᠳᠭᠡᠨ ᠰᠢᠯᠢᠳᠡᠭᠵᠢᠭᠦᠯᠵᠦ᠂ ᠡᠨᠧᠷᠭᠢ ᠵᠢᠨ ᠠᠵᠤ ᠦᠢ᠍ᠯᠡᠰ᠎ᠤᠨ ᠳᠠᠪᠠᠭᠤᠯᠢᠭ᠂ ᠪᠠᠶ᠋ᠢᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠳᠠᠪᠠᠭᠤᠯᠢᠭ᠂ ᠲᠠᠷᠢᠶᠠᠯᠠᠩ ᠮᠠᠯ ᠠᠵᠤ ᠠᠬᠤᠶ ᠵᠢᠨ ᠳᠠᠪᠠᠭᠤᠯᠢᠭ᠎ᠲᠤ ᠰᠠᠭᠤᠷᠢᠯᠠᠨ᠂ ᠳᠠᠪᠠᠭᠤᠯᠢᠭ ᠣᠨᠴᠠᠯᠢᠭᠲᠤ ᠠᠵᠤ ᠦᠢ᠍ᠯᠡᠰ᠎ᠢ ᠶᠡᠬᠡ᠎ᠪᠠᠷ ᠬᠥᠭᠵᠢᠭᠦᠯᠵᠦ᠂ ᠭᠠᠵᠠᠷ ᠣᠷᠣᠨ᠎ᠤ ᠪᠠᠶ᠋ᠢᠳᠠᠯ᠎ᠳᠤᠨᠢ ᠳᠣᠭᠢᠷᠠᠭᠤᠯᠤᠨ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠶ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ ᠪᠠ ᠲᠡᠷᠢᠭᠦᠨ᠎ᠤ ᠦᠢ᠍ᠯᠡᠳᠬᠦ ᠦᠢ᠍ᠯᠡᠰ᠎ᠢ ᠬᠥᠭᠵᠢᠭᠦᠯᠵᠦ᠂ ᠥᠩᠭᠡᠲᠦ ᠲᠡᠮᠦᠷᠯᠢᠭ᠎ᠤᠨ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠤᠨ᠂ ᠲᠣᠭ᠋ᠠᠴᠢᠯᠠᠭᠰᠠᠨ ᠠᠵᠤ ᠠᠬᠤᠶ ᠪᠠ ᠣᠲᠣ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠎ᠢ ᠢᠳᠡᠪᠬᠢᠲᠡᠶ ᠬᠥᠭᠵᠢᠭᠦᠯᠵᠦ᠂ ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠢ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠠᠵᠤ ᠦᠢ᠍ᠯᠡᠰ᠎ᠤᠨ ᠰᠢᠰᠲ᠋ᠧᠮ᠎ᠢ ᠳᠡᠭᠡᠳᠦ ᠳᠡᠰᠵᠢᠭᠦᠯᠬᠦ᠂ ᠤᠶᠤᠨᠴᠢᠯᠠᠬᠤ᠂ ᠪᠣᠬᠢᠷᠲᠤᠯ ᠥᠬᠡᠶ ᠪᠣᠯᠭ᠋ᠠᠬᠤ ᠲᠦᠪᠰᠢᠨ᠎ᠢ ᠳᠡᠭᠡᠭᠰᠢᠯᠡᠭᠦᠯᠦᠨ᠂ ᠡᠬᠢ ᠪᠠᠶᠠᠯᠢᠭ᠎ᠤᠨ ᠬᠡᠯᠪᠡᠷᠢ ᠪᠥᠬᠥᠶ ᠭᠠᠵᠠᠷ ᠣᠷᠣᠨ᠎ᠤ ᠬᠡᠯᠪᠡᠷᠢ᠎ᠪᠠᠨ ᠬᠤᠪᠢᠷᠠᠭᠤᠯᠤᠨ ᠬᠥᠭᠵᠢᠬᠦ ᠰᠢᠨ᠎ᠡ ᠠᠷᠭ᠎ᠠ ᠵᠠᠮ᠎ᠢ ᠰᠦᠪᠡᠭᠴᠢᠯᠡᠵᠦ᠂ ᠥᠪᠥᠷ ᠮᠣᠩᠭᠣᠯ᠎ᠤᠨ ᠣᠨᠴᠠᠯᠢᠭ ᠳᠠᠪᠠᠭᠤᠯᠢᠭ᠎ᠢ ᠢᠯᠡᠷᠡᠭᠦᠯᠦᠭᠰᠡᠨ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠢ ᠲᠦᠷᠭᠡᠳᠭᠡᠨ ᠪᠠᠶ᠋ᠢᠭᠤᠯᠬᠤ ᠬᠡᠷᠡᠭᠳᠠᠢ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠪᠣᠯᠤᠨ ᠴᠢᠳᠠᠪᠤᠷᠢᠲᠠᠨ᠎ᠤ ᠲᠤᠯᠭ᠋ᠠᠭᠤᠷᠢᠯᠠᠯ᠎ᠢ ᠴᠢᠩᠭ᠋ᠠᠳᠬᠠᠵᠤ᠂ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠠᠷ ᠥᠪᠥᠷ ᠮᠣᠩᠭᠣᠯ ᠵᠶ᠋ᠠᠨ ᠮᠠᠨᠳᠤᠭᠤᠯᠬᠤ》 ᠠᠵᠢᠯᠯᠠᠭ᠎ᠠ ᠵᠢ ᠭᠦᠨᠵᠡᠭᠡᠶ ᠠᠬᠢᠭᠤᠯᠵᠤ᠂ ᠰᠢᠨ᠎ᠡ ᠵᠢ ᠡᠭᠦᠳᠬᠦ ᠲᠠᠪᠴᠠᠩ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠨᠠᠩ ᠢᠳᠡᠪᠬᠢᠲᠡᠶ᠂ ᠨᠠᠩ ᠨᠡᠭᠡᠭᠡᠯᠲᠡᠲᠡᠶ᠂ ᠨᠠᠩ ᠪᠦᠲᠦᠮᠵᠢᠲᠡᠶ ᠴᠢᠳᠠᠪᠤᠷᠢᠲᠠᠨ᠎ᠤ ᠲᠥᠷᠥ ᠵᠢᠨ ᠪᠣᠳᠣᠯᠭ᠎ᠠ ᠵᠢ ᠬᠡᠷᠡᠭᠵᠢᠭᠦᠯᠵᠦ᠂ ᠰᠢᠨ᠎ᠡ ᠵᠢ ᠡᠭᠦᠳᠬᠦ ᠬᠡᠯᠬᠢᠶ᠎ᠡ ᠠᠵᠤ ᠦᠢ᠍ᠯᠡᠰ᠎ᠤᠨ ᠬᠡᠯᠬᠢᠶ᠎ᠡ ᠪᠠᠯᠠ ᠮᠥᠩᠭᠥᠨ᠎ᠤ ᠬᠡᠯᠬᠢᠶ᠎ᠡ ᠴᠢᠳᠠᠪᠤᠷᠢᠲᠠᠨ᠎ᠤ ᠬᠡᠯᠬᠢᠶ᠎ᠡ ᠵᠢᠨ ᠭᠦᠨᠵᠡᠭᠡᠶ ᠠᠭᠤᠰᠤᠯᠴᠠᠯ᠎ᠢ ᠠᠬᠢᠭᠤᠯᠬᠤ ᠬᠡᠷᠡᠭᠳᠠᠢ᠃ ᠵᠠᠰᠠᠭ᠎ᠤᠨ ᠤᠷᠳᠤᠨ ᠪᠠᠩᠬᠢ ᠠᠵᠤ ᠠᠬᠤᠶ᠋ᠢᠯᠠᠯ᠎ᠤᠨ ᠬᠠᠮᠲᠤᠷᠠᠯᠴᠠᠭ᠎ᠠ ᠵᠢ ᠴᠢᠩᠭ᠋ᠠᠳᠬᠠᠵᠤ᠂ ᠡᠯ᠎ᠡ ᠲᠥᠷᠥᠯ᠎ᠤᠨ ᠮᠥᠩᠭᠥᠨ ᠭᠦᠢ᠍ᠯᠭᠡᠭᠡᠨ᠎ᠤ ᠲᠥᠷᠥ ᠵᠢᠨ ᠪᠣᠳᠣᠯᠭ᠎ᠠ ᠵᠢ ᠭᠦᠢ᠍ᠴᠡᠳ ᠰᠠᠶ᠋ᠢᠲᠤᠷ ᠬᠡᠷᠡᠭᠯᠡᠵᠦ᠂ ᠮᠥᠩᠭᠥᠨ ᠭᠦᠢ᠍ᠯᠭᠡᠭᠡ᠎ᠪᠠᠷ ᠪᠣᠳᠠᠲᠤ ᠴᠣᠭᠴᠠ ᠵᠢᠨ ᠠᠵᠤ ᠠᠬᠤᠶ᠎ᠳᠤ ᠨᠠᠩ ᠰᠠᠶ᠋ᠢᠲᠤᠷ ᠦᠢ᠍ᠯᠡᠴᠢᠯᠡᠬᠦ ᠵᠢ ᠠᠬᠢᠭᠤᠯᠬᠤ ᠬᠡᠷᠡᠭᠳᠠᠢ᠃ ᠬᠥᠭᠵᠢᠯᠲᠡ ᠵᠢᠨ ᠳᠤᠲᠠᠭᠤᠳᠠᠯ ᠪᠠ ᠪᠠᠭᠤᠷᠠᠢ ᠲᠠᠯ᠎ᠠ ᠵᠢ ᠲᠦᠷᠭᠡᠪᠴᠢᠯᠡᠨ ᠨᠥᠬᠥᠪᠥᠷᠢᠯᠡᠵᠦ᠂ ᠬᠡᠷᠡᠭᠯᠡᠭᠡ ᠵᠢ ᠰᠡᠷᠭᠦᠭᠡᠨ ᠥᠷᠭᠡᠳᠭᠡᠵᠦ᠂ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ ᠦᠷ᠎ᠡ ᠠᠰᠢᠭ ᠪᠠ ᠠᠮᠢᠵᠢᠷᠠᠯ᠎ᠤᠨ ᠬᠦᠴᠦᠨ᠎ᠢ ᠴᠢᠩᠭ᠋ᠠᠷᠠᠭᠤᠯᠵᠤ᠂ ᠠᠷᠠᠳ᠎ᠤᠨ ᠡᠵᠡᠩᠨᠡᠯᠳᠡ ᠵᠢᠨ ᠠᠵᠤ ᠠᠬᠤᠢ ᠪᠠ ᠠᠷᠠᠳ᠎ᠤᠨ ᠡᠵᠡᠩᠨᠡᠯᠳᠡ ᠵᠢᠨ ᠠᠵᠤ ᠠᠬᠤᠶ᠋ᠢᠯᠠᠯ᠎ᠤᠨ ᠬᠥᠭᠵᠢᠨ ᠪᠤᠵᠠᠭ᠋ᠠᠢ᠍ᠷᠠᠬᠤ ᠵᠢ ᠵᠣᠷᠢᠭᠵᠢᠭᠤᠯᠤᠨ ᠲᠡᠮᠵᠢᠬᠦ ᠬᠡᠷᠡᠭᠳᠠᠢ᠃ ᠥᠪᠥᠷ ᠮᠣᠩᠭᠣᠯ᠎ᠤᠨ ᠵᠡᠭᠦᠨ ᠬᠡᠰᠡᠭ᠎ᠤᠨ ᠭᠠᠵᠠᠷ ᠣᠷᠣᠨ᠎ᠤ ᠴᠢᠨᠠᠷ ᠰᠠᠶ᠋ᠢᠲᠠᠶ ᠬᠥᠭᠵᠢᠯᠲᠡ ᠵᠢ ᠳᠡᠮᠵᠢᠬᠦ ᠲᠥᠷᠥ ᠵᠢᠨ ᠪᠣᠳᠣᠯᠭ᠎ᠠ ᠵᠢᠨ ᠴᠢᠨᠠᠷᠲᠠᠶ ᠪᠢᠴᠢᠭ ᠮᠠᠲ᠋ᠧᠷᠢᠶᠠᠯ᠎ᠢ ᠨᠡᠶ᠋ᠢᠲᠡᠯᠡᠵᠦ᠂ ᠥᠪᠥᠷ ᠮᠣᠩᠭᠣᠯ᠎ᠤᠨ ᠵᠡᠭᠦᠨ ᠬᠡᠰᠡᠭ᠎ᠤᠨ ᠠᠵᠤ ᠦᠢ᠍ᠯᠡᠰ᠎ᠤᠨ ᠰᠢᠯᠵᠢᠯᠲᠡ ᠵᠢ ᠬᠦᠯᠢᠶᠡᠨ ᠠᠪᠬᠤ ᠵᠢᠱ᠌ᠢᠶ᠎ᠡ ᠦᠵᠡᠭᠦᠯᠬᠦ ᠤᠷᠤᠨ᠎ᠤ ᠪᠥᠲᠥᠭᠡᠨ ᠪᠠᠶ᠋ᠢᠭᠤᠯᠤᠯᠲᠠ ᠵᠢ ᠠᠬᠢᠭᠤᠯᠬᠤ ᠬᠡᠷᠡᠭᠳᠠᠢ᠃ ᠨᠡᠭᠡᠭᠡᠯᠲᠡ ᠵᠢᠨ ᠲᠣᠭᠣᠷᠢᠭ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ ᠪᠣᠯᠤᠨ ᠠᠵᠢᠯᠯᠠᠭ᠋ᠠᠨ᠎ᠤ ᠲᠣᠭᠲᠠᠴᠠ ᠵᠢ ᠲᠦᠷᠭᠡᠳᠭᠡᠨ ᠰᠢᠯᠤᠭᠤᠳᠬᠠᠵᠤ᠂ ᠠᠵᠤ ᠦᠢ᠍ᠯᠡᠰ᠎ᠤᠨ ᠡᠷᠴᠢᠮᠯᠢᠭ ᠲᠥᠪᠯᠡᠷᠡᠩᠭᠦᠢ ᠬᠥᠭᠵᠢᠯᠲᠡ ᠵᠢᠨ ᠲᠦᠪᠰᠢᠨ᠎ᠢ ᠳᠡᠭᠡᠭᠰᠢᠯᠡᠭᠦᠯᠬᠦ ᠬᠡᠷᠡᠭᠲᠡᠶ᠃
ᠲᠦᠷᠪᠡ᠂ ᠬᠢᠯᠢ ᠬᠢᠵᠠᠭ᠋ᠠᠷ᠎ᠤᠨ ᠦᠨᠳᠦᠰᠦᠲᠡᠨ᠎ᠤ ᠭᠠᠵᠠᠷ ᠣᠷᠣᠨ᠎ᠤ ᠬᠠᠮᠲᠤ᠎ᠪᠠᠷ ᠪᠠᠶᠠᠵᠢᠬᠤ ᠵᠠᠮ ᠵᠶ᠋ᠠᠷ ᠵᠠᠮᠨᠠᠬᠤ ᠲᠠᠯ᠎ᠠ᠎ᠪᠠᠷ ᠵᠢᠱ᠌ᠢᠶᠡᠴᠢ ᠪᠣᠯᠬᠤ ᠬᠡᠷᠡᠭᠲᠡᠢ
ᠠᠷᠠᠳ ᠲᠦᠮᠡᠨ ᠵᠶ᠋ᠠᠷ ᠭᠤᠤᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠭᠦᠨᠵᠡᠭᠡᠶ ᠦᠢ᠍ᠯᠡᠳᠦᠯᠭᠡᠵᠢᠭᠦᠯᠵᠦ᠂ ᠠᠷᠠᠳ᠎ᠤᠨ ᠠᠮᠢᠳᠤᠷᠠᠯ᠎ᠤᠨ ᠳᠤᠲᠠᠭᠤᠳᠠᠯ᠎ᠢ ᠨᠥᠬᠥᠪᠥᠷᠢᠯᠡᠵᠦ᠂ ᠠᠷᠠᠳ᠎ᠤᠨ ᠠᠮᠢᠳᠤᠷᠠᠯ᠎ᠤᠨ ᠪᠤᠶᠠᠨ ᠵᠢᠷᠭ᠋ᠠᠯ᠎ᠢ ᠨᠡᠮᠡᠭᠳᠡᠭᠦᠯᠵᠦ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠳᠤ ᠬᠠᠮᠲᠤ᠎ᠪᠠᠷ ᠪᠠᠶᠠᠵᠢᠬᠤ ᠵᠢ ᠠᠬᠢᠭᠤᠯᠬᠤ ᠠᠵᠢᠯᠯᠠᠭ᠎ᠠ ᠶᠠᠪᠤᠭᠳᠠᠵᠤ ᠪᠠᠶ᠋ᠢᠬᠤ ᠪᠠ ᠳᠡᠷᠭᠡᠳᠡ᠎ᠨᠢ ᠪᠠᠶ᠋ᠢᠬᠤ ᠵᠢ ᠦᠨᠡᠨ ᠬᠦ᠌ ᠮᠡᠳᠡᠷᠡᠭᠦᠯᠬᠦ ᠬᠡᠷᠡᠭᠳᠠᠢ᠃
(ᠠᠷᠪᠠᠨ ᠳᠥᠷᠪᠡ) ᠣᠯᠠᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠣᠷᠣᠯᠭ᠎ᠠ ᠵᠢ ᠨᠡᠮᠡᠭᠳᠡᠭᠦᠯᠬᠦ ᠬᠡᠷᠡᠭᠳᠠᠢ᠃ ᠠᠵᠢᠯ ᠣᠯᠭᠣᠯᠲᠠ ᠵᠢ ᠲᠡᠷᠢᠭᠦᠨ᠎ᠳᠤ ᠲᠠᠯᠪᠢᠬᠤ ᠲᠥᠷᠥ ᠵᠢᠨ ᠪᠣᠳᠣᠯᠭ᠎ᠠ ᠵᠢ ᠪᠥᠬᠥ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠭᠤᠤᠯᠳᠠᠯᠭ᠎ᠠ᠎ᠲᠠᠢ ᠬᠥᠮᠦᠰ᠎ᠤᠨ ᠠᠵᠢᠯ ᠣᠯᠭᠣᠯᠲᠠ ᠵᠢ ᠳᠡᠮᠵᠢᠬᠦ ᠲᠥᠷᠥ ᠵᠢᠨ ᠪᠣᠳᠣᠯᠭ᠎ᠠ ᠵᠢᠨ ᠰᠢᠰᠲ᠋ᠧᠮ᠎ᠢ ᠲᠡᠭᠦᠯᠳᠡᠷᠵᠢᠭᠦᠯᠵᠦ᠂ ᠳᠠᠷᠤᠭ᠋ᠠᠰᠤ ᠵᠢ ᠬᠥᠩᠭᠡᠷᠡᠭᠦᠯᠵᠦ ᠠᠵᠢᠯ᠎ᠤᠨ ᠪᠠᠶ᠋ᠢᠷᠢ ᠵᠢ ᠲᠣᠭᠲᠠᠪᠤᠷᠢᠵᠢᠭᠤᠯᠤᠨ ᠠᠵᠢᠯ ᠣᠯᠭᠣᠯᠲᠠ ᠵᠢ ᠥᠷᠭᠡᠳᠭᠡᠬᠦ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠣᠨᠣᠪᠴᠢᠲᠠᠶ ᠪᠥᠭᠡᠳ ᠪᠦᠲᠦᠮᠵᠢᠲᠡᠶ ᠬᠡᠷᠡᠭᠵᠢᠭᠦᠯᠵᠦ᠂ ᠠᠵᠢᠯ ᠣᠯᠭᠣᠯᠲᠠ ᠵᠢᠨ ᠦᠨᠳᠦᠰᠦᠨ ᠵᠦᠢ᠍ᠯ᠎ᠢ ᠪᠠᠲᠤᠯᠠᠨ ᠬᠠᠪᠰᠤᠷᠤᠨ ᠲᠡᠳᠬᠦᠬᠦ ᠵᠢ ᠴᠢᠩᠭ᠋ᠠᠳᠬᠠᠬᠤ ᠬᠡᠷᠡᠭᠳᠠᠢ᠃ ᠦᠢ᠍ᠯᠡᠰ ᠪᠤᠰᠬᠠᠬᠤ ᠲᠦᠷᠦ ᠵᠢᠨ ᠪᠤᠳᠤᠯᠭ᠎ᠠ ᠵᠢ ᠲᠡᠭᠦᠯᠳᠡᠷᠵᠢᠭᠦᠯᠵᠦ᠂ ᠦᠢ᠍ᠯᠡᠰ ᠪᠤᠰᠬᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠦᠨ᠂ ᠨᠡᠩ ᠤᠯᠠᠨ ᠬᠥᠳᠡᠯᠮᠦᠷᠢᠴᠢᠳ ᠦᠢ᠍ᠯᠡᠰ ᠪᠤᠰᠬᠠᠭᠴᠢ ᠪᠣᠯᠬᠤ ᠵᠢ ᠵᠣᠷᠢᠭᠵᠢᠭᠤᠯᠤᠨ ᠳᠡᠮᠵᠢᠬᠦ ᠬᠡᠷᠡᠭᠳᠠᠢ᠃ ᠴᠠᠯᠢᠩ᠎ᠢ ᠵᠦᠶ ᠵᠣᠬᠢᠰᠲᠠᠶ ᠨᠡᠮᠡᠭᠳᠡᠭᠦᠯᠬᠦ ᠲᠣᠭᠲᠠᠴᠠ᠂ ᠬᠠᠮᠤᠭ᠎ᠤᠨ ᠳᠤᠤᠷ᠎ᠠ ᠴᠠᠯᠢᠩ᠎ᠤᠨ ᠪᠠᠷᠢᠮᠵᠢᠶ᠎ᠠ᠎ᠳᠤ ᠲᠣᠬᠢᠷᠠᠭᠤᠯᠤᠯᠲᠠ ᠬᠢᠬᠦ ᠲᠣᠭᠲᠠᠴᠠ ᠪᠣᠯᠤᠨ ᠴᠠᠯᠢᠩ ᠥᠭᠬᠦ ᠪᠠᠲᠤᠯᠠᠭ᠎ᠠ ᠵᠢᠨ ᠲᠣᠭᠲᠠᠴᠠ ᠵᠢ ᠪᠦᠷᠢᠨᠰᠢᠭᠦᠯᠵᠦ᠂ 《ᠥᠷᠢ ᠦᠭᠴᠡᠭᠡ ᠵᠢ ᠠᠷᠢᠯᠭ᠋ᠠᠬᠤ》 ᠠᠵᠢᠯ᠎ᠢ ᠬᠥᠳᠡᠯᠦᠩᠭᠦᠢ᠎ᠪᠠᠷ ᠰᠠᠶ᠋ᠢᠲᠤᠷ ᠬᠢᠬᠦ ᠬᠡᠷᠡᠭᠳᠠᠢ᠃ 《ᠮᠢᠩᠭ᠎ᠠ ᠲᠦᠮᠡᠨ ᠢᠨᠵᠧᠨᠧᠷᠢᠩ》᠎ᠤᠨ ᠲᠤᠷᠰᠢᠯᠭ᠎ᠠ ᠵᠢ ᠰᠤᠷᠤᠯᠴᠠᠨ ᠳᠡᠯᠭᠡᠷᠡᠭᠦᠯᠵᠦ᠂ ᠬᠥᠳᠡᠭᠡ ᠲᠣᠰᠬᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠤᠨ᠂ ᠲᠥᠬᠦᠭᠡᠷᠦᠮᠵᠢᠲᠦ ᠲᠠᠷᠢᠶᠠᠯᠠᠩ ᠪᠠ ᠬᠠᠰᠢᠶᠠᠯᠠᠨ ᠲᠡᠵᠢᠭᠡᠬᠦ ᠵᠢ ᠶᠡᠬᠡ᠎ᠪᠠᠷ ᠬᠥᠭᠵᠢᠭᠦᠯᠵᠦ᠂ ᠮᠠᠯᠵᠢᠬᠤ ᠣᠷᠣᠨ᠎ᠤ ᠦᠢ᠍ᠯᠡᠳᠪᠦᠷᠢᠯᠡᠯ ᠠᠮᠢᠳᠤᠷᠠᠯ᠎ᠤᠨ ᠨᠥᠬᠥᠴᠡᠯ᠎ᠢ ᠰᠠᠶ᠋ᠢᠵᠢᠷᠠᠭᠤᠯᠤᠨ᠂ ᠮᠠᠯᠴᠢᠨ ᠲᠠᠷᠢᠶᠠᠴᠢᠨ᠎ᠤ ᠣᠷᠣᠯᠭ᠎ᠠ ᠵᠢ ᠦᠷᠭᠦᠯᠵᠢᠯᠡᠨ ᠲᠣᠭᠲᠠᠭᠤᠨ ᠵᠶ᠋ᠠᠷ ᠨᠡᠮᠡᠭᠳᠡᠭᠦᠯᠬᠦ ᠵᠢ ᠠᠬᠢᠭᠤᠯᠬᠤ ᠬᠡᠷᠡᠭᠳᠠᠢ᠃ ᠠᠵᠢᠯ ᠣᠯᠭᠣᠯᠲᠠ᠎ᠪᠠᠷ ᠲᠡᠳᠬᠦᠮᠵᠢ ᠵᠢ ᠣᠷᠣᠯᠠᠭᠤᠯᠬᠤ᠂ ᠪᠡᠯᠡ ᠮᠥᠩᠭᠥ ᠴᠤᠭᠯᠠᠭᠤᠯᠬᠤ᠎ᠪᠠᠷ ᠬᠥᠳᠡᠯᠮᠦᠷᠢ ᠬᠦᠴᠦ ᠵᠢ ᠣᠷᠣᠯᠠᠭᠤᠯᠬᠤ᠂ ᠦᠢ᠍ᠯᠡᠳᠪᠦᠷᠢᠯᠡᠯ᠎ᠤᠨ ᠱᠠᠩᠨᠠᠯ ᠨᠥᠬᠥᠪᠥᠷᠢ ᠥᠭᠬᠦ᠂ ᠬᠥᠳᠡᠯᠮᠦᠷᠢ ᠬᠦᠴᠦᠨ᠎ᠳᠤ ᠨᠥᠬᠥᠪᠥᠷᠢ ᠥᠭᠬᠦ ᠵᠡᠷᠭᠡ ᠲᠣᠭᠲᠠᠴᠠ ᠵᠢ ᠰᠠᠶ᠋ᠢᠵᠢᠷᠠᠭᠤᠯᠤᠨ ᠲᠡᠭᠦᠯᠳᠡᠷᠵᠢᠭᠦᠯᠵᠦ᠂ ᠤᠯᠠᠨ ᠲᠦᠮᠡᠨ᠎ᠢ ᠨᠡᠩ ᠴᠢᠩᠭ᠎ᠠ ᠡᠵᠡᠨ ᠬᠥᠮᠦᠨ᠎ᠤ ᠤᠬᠠᠮᠰᠠᠷ ᠵᠶ᠋ᠠᠷ ᠡᠬᠢ ᠪᠠᠶᠠᠯᠢᠭ᠎ᠢ ᠨᠡᠭᠡᠭᠡᠨ ᠠᠰᠢᠭᠯᠠᠬᠤ᠂ ᠲᠠᠷᠢᠶᠠᠨ ᠭᠠᠵᠠᠷ᠎ᠤᠨ ᠤᠰᠤᠨ ᠠᠰᠢᠭᠯᠠᠯᠲᠠ᠂ ᠬᠤᠳᠠ ᠪᠠᠯᠭ᠋ᠠᠰᠤᠨ᠎ᠤ ᠪᠦᠳᠦᠭᠡᠨ ᠪᠠᠶ᠋ᠢᠭᠤᠯᠤᠯᠲᠠ᠂ ᠡᠯᠡᠰᠦᠷᠬᠡᠭᠵᠢᠯ᠎ᠢ ᠰᠡᠷᠭᠡᠶ᠋ᠢᠯᠡᠵᠦ ᠡᠯᠡᠰᠦ ᠵᠢ ᠵᠠᠰᠠᠬᠤ ᠵᠡᠷᠭᠡ ᠡᠯ᠎ᠡ ᠵᠦᠢ᠍ᠯ᠎ᠤᠨ ᠪᠦᠳᠦᠭᠡᠨ ᠪᠠᠶ᠋ᠢᠭᠤᠯᠤᠯᠲᠠ᠎ᠳᠤ ᠢᠳᠡᠪᠬᠢᠲᠡᠢ ᠣᠷᠣᠯᠴᠠᠭᠤᠯᠬᠤ ᠬᠡᠷᠡᠭᠲᠡᠢ᠃
(ᠠᠷᠪᠠᠨ ᠲᠠᠪᠤ) ᠰᠤᠷᠭ᠋ᠠᠨ ᠬᠥᠮᠦᠵᠢᠯ ᠡᠮ ᠡᠮᠨᠡᠯᠭᠡ ᠨᠠᠰᠤᠵᠢᠯ᠎ᠤᠨ ᠠᠰᠠᠷᠠᠮᠵᠢ ᠵᠢᠨ ᠦᠢ᠍ᠯᠡᠰ᠎ᠢ ᠰᠠᠶ᠋ᠢᠲᠤᠷ ᠡᠷᠬᠢᠯᠡᠬᠦ ᠬᠡᠷᠡᠭᠳᠠᠢ᠃ ᠰᠤᠷᠭ᠋ᠠᠨ ᠬᠥᠮᠦᠵᠢᠯ᠎ᠢ ᠤᠷᠢᠳ ᠵᠶ᠋ᠠᠷ ᠬᠥᠭᠵᠢᠭᠦᠯᠬᠦ ᠵᠢ ᠪᠠᠷᠢᠮᠲᠠᠯᠠᠵᠤ᠂ ᠵᠣᠬᠢᠶᠠᠨ ᠪᠠᠶ᠋ᠢᠭᠤᠯᠵᠤ ᠤᠳᠤᠷᠢᠳᠬᠤ᠂ ᠬᠥᠭᠵᠢᠭᠦᠯᠬᠦ ᠲᠥᠯᠥᠪᠵᠢᠭᠦᠯᠭᠡ᠂ ᠡᠬᠢ ᠪᠠᠶᠠᠯᠢᠭ᠎ᠤᠨ ᠪᠠᠲᠤᠯᠠᠭ᠎ᠠ᠂ ᠵᠠᠷᠤᠳᠠᠯ᠎ᠤᠨ ᠣᠷᠣᠭᠤᠯᠤᠯᠲᠠ ᠵᠢᠨ ᠲᠠᠯ᠎ᠠ᠎ᠪᠠᠷ ᠡᠷᠴᠢᠮ ᠵᠶ᠋ᠠᠨ ᠴᠢᠩᠭ᠋ᠠᠷᠠᠭᠤᠯᠵᠤ᠂ ᠰᠤᠷᠭ᠋ᠠᠨ ᠬᠥᠮᠦᠵᠢᠯ᠎ᠤᠨ ᠬᠤᠳᠠ ᠬᠥᠳᠡᠭᠡ᠂ ᠣᠷᠣᠨ ᠪᠦᠰᠡ᠂ ᠰᠤᠷᠭ᠋ᠠᠭᠤᠯᠢ ᠵᠢᠨ ᠬᠤᠭᠤᠷᠤᠨᠳᠤᠬᠢ ᠵᠥᠷᠢᠶ᠎ᠠ ᠵᠢ ᠬᠦᠴᠦᠯᠡᠨ ᠪᠠᠭ᠋ᠠᠰᠬᠠᠵᠤ᠂ ᠡᠯ᠎ᠡ ᠱᠠᠲᠤᠨ᠎ᠤ ᠡᠯ᠎ᠡ ᠲᠦᠷᠦᠯ᠎ᠤᠨ ᠰᠤᠷᠭ᠋ᠠᠨ ᠬᠥᠮᠦᠵᠢᠯ᠎ᠤᠨ ᠵᠣᠬᠢᠴᠠᠩᠭᠤᠢ ᠬᠥᠭᠵᠢᠯᠲᠡ ᠵᠢ ᠠᠬᠢᠭᠤᠯᠵᠤ᠂ ᠲᠣᠭ᠋ᠠᠴᠢᠯᠠᠭᠰᠠᠨ ᠰᠤᠷᠭ᠋ᠠᠨ ᠬᠥᠮᠦᠵᠢᠯ᠎ᠢ ᠢᠳᠡᠪᠬᠢᠲᠡᠢ ᠠᠬᠢᠭᠤᠯᠵᠤ᠂ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠬᠡᠷᠡᠭᠴᠡᠭᠡ ᠵᠢᠨ ᠲᠣᠭᠣᠷᠢᠨ᠎ᠳᠤ ᠨᠡᠩ ᠤᠯᠠᠨ ᠥᠨᠳᠥᠷ ᠬᠡᠪ ᠪᠣᠯᠪᠠᠰᠤᠷᠠᠯ᠎ᠲᠠᠢ ᠴᠢᠳᠠᠪᠤᠷᠢᠲᠠᠨ᠎ᠢ ᠬᠥᠮᠦᠵᠢᠭᠦᠯᠬᠦ ᠬᠡᠷᠡᠭᠳᠠᠢ᠃ ᠴᠢᠨᠠᠷ ᠰᠠᠶ᠋ᠢᠲᠠᠶ ᠡᠮ ᠡᠮᠨᠡᠯᠭᠡ ᠵᠢᠨ ᠡᠬᠢ ᠪᠠᠶᠠᠯᠢᠭ᠎ᠤᠨ ᠪᠠᠭᠲᠠᠭ᠋ᠠᠮᠵᠢ ᠵᠢ ᠥᠷᠭᠡᠳᠭᠡᠬᠦ ᠪᠠ ᠣᠷᠣᠨ ᠪᠦᠰᠡ ᠵᠢ ᠲᠡᠩᠴᠡᠭᠦᠷᠢᠲᠡᠶ ᠪᠠᠶ᠋ᠢᠷᠢᠯᠠᠭᠤᠯᠬᠤ ᠵᠢ ᠠᠬᠢᠭᠤᠯᠵᠤ᠂ ᠰᠢᠶᠠᠨ᠎ᠤ ᠱᠠᠲᠤᠨ᠎ᠤ ᠡᠮᠨᠡᠯᠭᠡ ᠵᠢᠨ ᠬᠣᠷᠢᠶ᠎ᠠ ᠵᠢᠨ ᠶᠡᠷᠦᠩᠬᠡᠶ᠋ᠢᠯᠡᠭᠰᠡᠨ ᠴᠢᠳᠠᠪᠤᠷᠢ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠂ 《ᠢᠨᠲ᠋ᠧᠷ ᠰᠦᠯᠵᠢᠶ᠎ᠡ + ᠡᠮ ᠡᠮᠨᠡᠯᠭᠡ ᠡᠷᠡᠭᠦᠯ ᠮᠡᠨᠳᠦ》 ᠵᠢ ᠳᠡᠯᠭᠡᠷᠡᠭᠦᠯᠵᠦ᠂ ᠱᠠᠲᠤ ᠬᠤᠪᠢᠶᠠᠨ ᠣᠨᠣᠰᠢᠯᠠᠨ ᠡᠮᠨᠡᠬᠦ ᠲᠦᠷᠢᠮ᠎ᠢ ᠲᠡᠭᠦᠯᠳᠡᠷᠵᠢᠭᠦᠯᠦ᠋ᠨ᠂ ᠦᠨᠳᠦᠰᠦᠨ ᠱᠠᠲᠤᠨ᠎ᠤ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠵᠦ᠂ ᠣᠯᠠᠨ ᠲᠦᠮᠡᠨ᠎ᠤ ᠡᠪᠡᠳᠴᠢᠨ ᠦᠵᠡᠭᠦᠯᠬᠦ᠎ᠳᠤ ᠳᠦᠭᠦᠮ᠂ ᠡᠪᠡᠳᠴᠢᠨ ᠦᠵᠡᠭᠦᠯᠵᠤ ᠳᠡᠶ᠋ᠢᠯᠬᠦ ᠵᠢ ᠪᠠᠲᠤᠯᠠᠬᠤ ᠬᠡᠷᠡᠭᠳᠠᠢ᠃ ᠨᠠᠰᠤᠵᠢᠯ᠎ᠤᠨ ᠠᠰᠠᠷᠠᠮᠵᠢ ᠵᠢᠨ ᠦᠢ᠍ᠯᠡᠰ ᠪᠠ ᠨᠠᠰᠤᠵᠢᠯ᠎ᠤᠨ ᠠᠰᠠᠷᠠᠮᠵᠢ ᠵᠢᠨ ᠠᠵᠤ ᠦᠢ᠍ᠯᠡᠰ᠎ᠢ ᠶᠡᠬᠡ᠎ᠪᠠᠷ ᠬᠥᠭᠵᠢᠭᠦᠯᠵᠦ᠂ ᠨᠡᠶ᠋ᠢᠭᠡᠮ ᠲᠣᠭᠣᠷᠢᠭ᠎ᠤᠨ ᠨᠠᠰᠤᠵᠢᠯ᠎ᠳᠤ ᠳᠣᠭᠢᠷᠠᠬᠤ ᠦᠭᠡᠷᠡᠴᠢᠯᠡᠯᠲᠡ ᠵᠢ ᠲᠡᠭᠦᠯᠳᠡᠷᠵᠢᠭᠦᠯᠦᠨ᠂ ᠮᠠᠯᠵᠢᠬᠤ ᠲᠠᠷᠢᠶᠠᠯᠠᠬᠤ ᠣᠷᠣᠨ᠎ᠤ ᠪᠣᠳᠠᠲᠠᠶ᠎ᠳᠤ ᠨᠡᠶ᠋ᠢᠴᠡᠭᠰᠡᠨ ᠬᠥᠳᠡᠭᠡ ᠲᠣᠰᠬᠣᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠢ ᠬᠥᠭᠵᠢᠭᠦᠯᠵᠦ᠂ ᠨᠠᠰᠤᠵᠢᠯ᠎ᠤᠨ ᠨᠡᠶ᠋ᠢᠭᠡᠮᠴᠢᠯᠡᠭᠰᠡᠨ ᠦᠢ᠍ᠯᠡᠴᠢᠯᠡᠭᠡᠨ᠎ᠤ ᠰᠢᠰᠲ᠋ᠧᠮ᠎ᠢ ᠪᠦᠷᠢᠨᠰᠢᠭᠦᠯᠦᠨ᠂ ᠠᠳᠠᠯᠢ ᠪᠤᠰᠤ ᠨᠠᠰᠤᠳᠠᠶ᠋ᠢᠴᠤᠳᠲᠤ ᠴᠢᠭᠯᠡᠭᠦᠯᠦᠨ ᠲᠥᠷᠥᠯ ᠬᠤᠪᠢᠶᠠᠨ ᠨᠠᠰᠤᠵᠢᠯ᠎ᠤᠨ ᠪᠠᠲᠤᠯᠠᠭ᠎ᠠ᠂ ᠠᠮᠢᠳᠤᠷᠠᠯ᠎ᠤᠨ ᠬᠠᠷᠠᠭ᠋ᠠᠯᠵᠠᠯ᠂ ᠡᠷᠡᠭᠦᠯᠵᠢᠯ᠎ᠤᠨ ᠰᠤᠪᠢᠯᠠᠯᠲᠠ᠂ ᠨᠡᠶ᠋ᠢᠭᠡᠮ᠎ᠤᠨ ᠠᠪᠤᠷᠠᠨ ᠲᠤᠰᠠᠯᠠᠯᠲᠠ ᠵᠡᠷᠭᠡ ᠲᠣᠬᠢᠷᠠᠮᠵᠢᠲᠠᠶ ᠦᠢ᠍ᠯᠡᠴᠢᠯᠡᠭᠡᠨ᠎ᠢ ᠬᠠᠩᠭ᠋ᠠᠵᠤ᠂ ᠪᠥᠬᠥ ᠨᠠᠰᠤᠳᠠᠶ᠋ᠢᠴᠤᠳᠲᠤ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ ᠬᠦᠷᠲᠡᠭᠡᠬᠦ ᠵᠢ ᠪᠡᠶᠡᠯᠡᠭᠦᠯᠬᠦ ᠬᠡᠷᠡᠭᠳᠠᠢ᠃
(ᠠᠷᠪᠠᠨ ᠵᠢᠷᠭᠤᠭ᠎ᠠ) ᠨᠡᠶ᠋ᠢᠭᠡᠮ᠎ᠤᠨ ᠪᠠᠲᠤᠯᠠᠭ᠎ᠠ ᠵᠢᠨ ᠰᠢᠰᠲ᠋ᠧᠮ᠎ᠢ ᠪᠦᠷᠢᠨᠰᠢᠭᠦᠯᠦ᠋ᠨ ᠲᠡᠭᠦᠯᠳᠡᠷᠵᠢᠭᠦᠯᠬᠦ ᠬᠡᠷᠡᠭᠲᠡᠶ᠃ ᠳᠠᠭ᠋ᠠᠳᠬᠠᠯ᠎ᠳᠤ ᠣᠷᠣᠯᠴᠠᠬᠤ ᠬᠡᠪᠴᠢᠶ᠎ᠡ ᠵᠢ ᠥᠷᠭᠡᠳᠭᠡᠬᠦ ᠵᠢ ᠠᠬᠢᠭᠤᠯᠵᠤ᠂ ᠨᠡᠶ᠋ᠢᠭᠡᠮ᠎ᠤᠨ ᠳᠠᠭ᠋ᠠᠳᠬᠠᠯ᠎ᠤᠨ ᠬᠠᠷᠢᠴᠠᠭ᠎ᠠ ᠵᠢ ᠰᠢᠯᠵᠢᠭᠦᠯᠦᠨ ᠦᠷᠭᠦᠯᠵᠢᠯᠡᠭᠦᠯᠬᠦ ᠵᠢ ᠢᠳᠡᠪᠬᠢᠲᠡᠶ ᠠᠬᠢᠭᠤᠯᠬᠤ ᠬᠡᠷᠡᠭᠲᠡᠢ᠃ ᠡᠯ᠎ᠡ ᠵᠦᠢ᠍ᠯ᠎ᠤᠨ ᠠᠪᠤᠷᠠᠨ ᠲᠤᠰᠠᠯᠠᠬᠤ ᠲᠥᠷᠥ ᠵᠢᠨ ᠪᠣᠳᠣᠯᠭ᠎ᠠ ᠵᠢ ᠲᠤᠶ᠋ᠢᠯ᠎ᠤᠨ ᠣᠨᠣᠪᠴᠢᠲᠠᠶ᠎ᠪᠠᠷ ᠨᠠᠶ᠋ᠢᠳᠠᠪᠤᠷᠢᠵᠢᠭᠤᠯᠵᠤ᠂ ᠣᠯᠠᠨ ᠲᠦᠮᠡᠨ᠎ᠤ ᠭᠡᠨᠡᠳᠲᠡ ᠵᠢᠨ ᠴᠢᠨᠠᠷᠲᠠᠶ᠂ ᠲᠤᠯᠭ᠋ᠠᠮ ᠴᠢᠨᠠᠷᠲᠠᠶ᠂ ᠲᠦᠷ ᠴᠠᠭ᠎ᠤᠨ ᠴᠢᠨᠠᠷᠲᠠᠶ ᠦᠨᠳᠦᠰᠦᠨ ᠠᠮᠢᠳᠤᠷᠠᠯ᠎ᠤᠨ ᠬᠦᠴᠢᠷᠳᠡᠯ ᠠᠪᠤᠷᠠᠨ ᠲᠤᠰᠠᠯᠠᠬᠤ ᠡᠷᠴᠢᠮ ᠵᠶ᠋ᠠᠨ ᠴᠢᠩᠭ᠋ᠠᠷᠠᠭᠤᠯᠤᠨ᠂ ᠮᠠᠯᠵᠢᠬᠤ ᠲᠠᠷᠢᠶᠠᠯᠠᠬᠤ ᠣᠷᠣᠨ᠎ᠤ ᠬᠡᠷ᠎ᠲᠡᠭᠡᠨ ᠬᠣᠴᠣᠷᠤᠭᠰᠠᠨ ᠬᠡᠦᠬᠡᠳ᠂ ᠡᠮᠡᠭᠲᠡᠶ᠋ᠢᠴᠦᠳ᠂ ᠨᠠᠰᠤᠲᠠᠶ᠋ᠢᠴᠤᠳ ᠵᠢᠴᠢ ᠬᠣᠲᠠ ᠵᠢᠨ ᠬᠦᠴᠢᠷᠳᠡᠯᠲᠡᠶ ᠣᠯᠠᠨ ᠲᠦᠮᠡᠨ᠎ᠢ ᠬᠠᠯᠠᠮᠵᠢᠯᠠᠨ ᠬᠠᠶ᠋ᠢᠷᠠᠯᠠᠬᠤ ᠦᠢ᠍ᠯᠡᠴᠢᠯᠡᠭᠡ ᠵᠢ ᠴᠢᠩᠭ᠋ᠠᠳᠬᠠᠵᠤ᠂ ᠬᠦᠴᠢᠷᠳᠡᠯᠲᠡᠶ ᠬᠥᠮᠦᠰ᠎ᠢ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠵᠢ ᠪᠦᠬᠦᠨ᠎ᠢ ᠪᠦᠷᠬᠦᠭᠦᠯᠬᠦ ᠵᠢ ᠪᠡᠶᠡᠯᠡᠭᠦᠯᠬᠦ ᠬᠡᠷᠡᠭᠲᠡᠢ᠃ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠦ᠋ᠨ ᠥᠷᠭᠡᠳᠭᠡᠵᠦ᠂ ᠲᠠᠬᠢᠨ ᠶᠠᠳᠠᠭᠤᠷᠠᠬᠤ ᠵᠢ ᠰᠡᠷᠭᠡᠶ᠋ᠢᠯᠡᠬᠦ ᠬᠢᠨᠠᠨ ᠬᠡᠮᠵᠢᠬᠦ ᠲᠣᠭᠲᠡᠴᠡ ᠵᠢ ᠪᠦᠷᠢᠨᠰᠢᠬᠦᠯᠤᠨ᠂ ᠬᠡᠪᠴᠢᠶᠡᠵᠢᠯ᠎ᠤᠨ ᠴᠢᠨᠠᠷᠲᠠᠢ ᠲᠠᠬᠢᠨ ᠶᠠᠳᠠᠭᠤᠷᠠᠬᠤ ᠵᠢ ᠰᠡᠷᠭᠡᠶ᠋ᠢᠯᠡᠬᠦ ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭᠲᠡᠢ᠃ ᠦᠷᠡᠵᠢᠯ᠎ᠤᠨ ᠳᠡᠮᠵᠢᠯᠭᠡ ᠵᠢᠨ ᠲᠦᠷᠦ ᠵᠢᠨ ᠪᠤᠳᠤᠯᠭ᠎ᠠ ᠵᠢᠨ ᠰᠢᠰᠲ᠋ᠧᠮ᠎ᠢ ᠲᠡᠭᠦᠯᠳᠡᠷᠵᠢᠭᠦᠯᠵᠦ᠂ ᠭᠡᠷ ᠪᠦᠯᠢ ᠵᠢᠨ ᠦᠷᠡᠵᠢᠯ᠎ᠤᠨ ᠰᠤᠷᠭ᠋ᠠᠨ ᠬᠥᠮᠦᠵᠢᠯ᠎ᠤᠨ ᠳᠠᠷᠤᠭ᠋ᠠᠰᠤ ᠵᠢ ᠬᠥᠩᠭᠡᠷᠡᠭᠦᠯᠵᠦ᠂ ᠨᠥᠬᠥᠷᠰᠡᠭ ᠬᠡᠯᠪᠡᠷᠢ ᠵᠢᠨ ᠦᠷᠡᠵᠢᠯ᠎ᠤᠨ ᠨᠡᠶ᠋ᠢᠭᠡᠮ᠎ᠢ ᠪᠠᠶ᠋ᠢᠭᠤᠯᠬᠤ ᠵᠢ ᠠᠬᠢᠭᠤᠯᠬᠤ ᠬᠡᠷᠡᠭᠲᠡᠢ᠃
ᠲᠠᠪᠤ᠂ ᠬᠢᠯᠢ ᠬᠢᠵᠠᠭ᠋ᠠᠷ᠎ᠢ ᠮᠠᠨᠳᠤᠭᠤᠯᠬᠤ ᠬᠢᠯᠢ ᠬᠢᠵᠠᠭ᠋ᠠᠷ᠎ᠢ ᠲᠣᠭᠲᠠᠪᠤᠷᠢᠵᠢᠭᠤᠯᠬᠤ ᠬᠢᠯᠢ ᠬᠢᠵᠠᠭ᠋ᠠᠷ᠎ᠢ ᠪᠡᠬᠢᠵᠢᠭᠦᠯᠬᠦ ᠲᠠᠯ᠎ᠠ᠎ᠪᠠᠷ ᠵᠢᠱ᠌ᠢᠶᠡᠴᠢ ᠪᠣᠯᠬᠤ ᠬᠡᠷᠡᠭᠲᠡᠢ
ᠬᠢᠯᠢ ᠬᠢᠵᠠᠭ᠋ᠠᠷ᠎ᠢ ᠬᠦᠴᠦᠷᠬᠡᠭᠵᠢᠭᠦᠯᠬᠦ᠂ ᠬᠢᠯᠢ ᠬᠢᠵᠠᠭ᠋ᠠᠷ᠎ᠢ ᠲᠣᠭᠲᠠᠪᠤᠷᠢᠵᠢᠭᠤᠯᠬᠤ᠂ ᠬᠢᠯᠢ ᠬᠢᠵᠠᠭ᠋ᠠᠷ᠎ᠢ ᠪᠡᠬᠢᠵᠢᠭᠦᠯᠬᠦ᠂ ᠬᠢᠯᠢ ᠬᠢᠵᠠᠭ᠋ᠠᠷ᠎ᠢ ᠪᠠᠶᠠᠵᠢᠭᠤᠯᠬᠤ᠂ ᠬᠢᠯᠢ ᠬᠢᠵᠠᠭ᠋ᠠᠷ᠎ᠢ ᠡᠶ᠎ᠡ ᠵᠤᠬᠢᠴᠠᠩᠭᠤᠢ ᠪᠠᠶ᠋ᠢᠯᠭ᠋ᠠᠬᠤ ᠵᠢ ᠨᠢᠭᠡ ᠴᠤᠭᠴᠠᠵᠢᠭᠤᠯᠤᠨ ᠠᠬᠢᠭᠤᠯᠬᠤ ᠵᠢ ᠪᠠᠷᠢᠮᠲᠠᠯᠠᠵᠤ᠂ ᠬᠢᠯᠢ ᠵᠢᠨ ᠴᠡᠴᠡᠭᠯᠡᠯ ᠬᠥᠭᠵᠢᠯ᠂ ᠬᠢᠯᠢ ᠵᠢᠨ ᠠᠷᠠᠳ᠎ᠤᠨ ᠪᠦᠯᠬᠦᠮᠳᠡᠯ ᠵᠣᠯ ᠵᠢᠷᠭ᠋ᠠᠯ᠂ ᠬᠢᠯᠢ ᠵᠢᠨ ᠬᠠᠮᠠᠭ᠋ᠠᠯᠠᠯᠲᠠ ᠵᠢᠨ ᠠᠮᠤᠷ ᠲᠦᠪᠰᠢᠨ ᠲᠣᠭᠲᠠᠭᠤᠨ ᠪᠠᠶ᠋ᠢᠬᠤ ᠵᠢ ᠠᠬᠢᠭᠤᠯᠵᠤ᠂ ᠡᠬᠡ ᠤᠯᠤᠰ᠎ᠤᠨ 《ᠤᠮᠠᠷᠠᠲᠤ ᠶᠡᠬᠡ
ᠬᠠᠭ᠋ᠠᠯᠭ᠎ᠠ》᠂ ᠨᠡᠶ᠋ᠢᠰᠯᠡᠯ᠎ᠤᠨ 《ᠬᠠᠮᠠᠭ᠋ᠠᠯᠠᠯᠲᠠ ᠵᠢᠨ ᠭᠤᠤᠯ》᠎ᠢ ᠡᠷᠡᠰ ᠰᠠᠶ᠋ᠢᠲᠤᠷ ᠰᠠᠬᠢᠬᠤ ᠬᠡᠷᠡᠭᠲᠡᠢ᠃
(ᠠᠷᠪᠠᠨ ᠳᠣᠯᠣᠭ᠎ᠠ) ᠬᠢᠯᠢ ᠬᠢᠵᠠᠭ᠋ᠠᠷ ᠣᠷᠣᠨ᠎ᠤ ᠪᠦᠲᠦᠭᠡᠨ ᠪᠠᠶ᠋ᠢᠭᠤᠯᠤᠯᠲᠠ ᠵᠢ ᠲᠦᠷᠭᠡᠳᠭᠡᠨ ᠠᠬᠢᠭᠤᠯᠬᠤ ᠬᠡᠷᠡᠭᠲᠡᠢ᠃ ᠨᠠᠮ ᠵᠠᠰᠠᠭ ᠴᠡᠷᠢᠭ ᠴᠠᠭᠳᠠᠭ᠎ᠠ ᠠᠷᠠᠳ ᠬᠦᠴᠦ᠎ᠪᠠᠨ ᠬᠠᠮᠲᠤᠳᠬᠠᠨ ᠬᠢᠯᠢ ᠵᠢ ᠬᠦᠴᠦᠷᠬᠡᠭᠵᠢᠭᠦᠯᠵᠦ ᠬᠢᠯᠢ ᠵᠢ ᠪᠡᠬᠢᠵᠢᠭᠦᠯᠬᠦ ᠪᠠᠶ᠋ᠢᠳᠠᠯ᠎ᠢ ᠪᠡᠳᠤᠳᠬᠠᠵᠤ᠂ ᠬᠢᠯᠢ ᠵᠢᠨ ᠬᠠᠮᠠᠭ᠋ᠠᠯᠠᠯᠲᠠ ᠵᠢᠨ ᠬᠠᠮᠢᠶᠠᠷᠤᠨ ᠡᠵᠡᠮᠳᠡᠬᠦ ᠴᠢᠳᠠᠪᠤᠷᠢ ᠵᠢ ᠳᠡᠭᠡᠭᠰᠢᠯᠡᠭᠦᠯᠬᠦ ᠬᠡᠷᠡᠭᠲᠡᠢ᠃ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠬᠥᠮᠦᠵᠢᠯ᠎ᠢ ᠴᠢᠩᠭ᠋ᠠᠳᠬᠠᠵᠤ᠂ ᠬᠣᠶᠠᠷ᠎ᠢ ᠬᠦᠷᠢᠶᠡᠯᠡᠵᠦ ᠬᠠᠮᠲᠤ᠎ᠪᠠᠷ ᠪᠠᠶ᠋ᠢᠭᠤᠯᠬᠤ ᠵᠢ ᠭᠦᠨᠵᠡᠭᠡᠢ᠌ᠷᠡᠭᠦᠯᠦᠨ᠂ ᠴᠡᠷᠢᠭ ᠵᠠᠰᠠᠭ ᠴᠡᠷᠢᠭ ᠠᠷᠠᠳ᠎ᠤᠨ ᠪᠦᠯᠬᠦᠮᠳᠡᠯ᠎ᠢ ᠠᠬᠢᠭᠤᠯᠬᠤ ᠬᠡᠷᠡᠭᠲᠡᠢ᠃ ᠬᠢᠯᠢ ᠬᠢᠵᠠᠭ᠋ᠠᠷ ᠣᠷᠣᠨ᠎ᠤ ᠬᠥᠮᠦᠨ ᠠᠮᠠ ᠵᠢᠨ 《ᠬᠥᠨᠳᠡᠶ᠋ᠢᠷᠡᠯ》᠎ᠤᠨ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂ ᠵᠦᠷᠢᠶᠡᠴᠢᠯᠡᠭᠰᠡᠨ ᠪᠠ ᠣᠨᠣᠪᠴᠢᠯᠠᠭᠰᠠᠨ ᠨᠥᠬᠥᠪᠥᠷᠢ ᠵᠢᠨ ᠲᠥᠷᠥ ᠵᠢᠨ ᠪᠣᠳᠣᠯᠭ᠎ᠠ ᠵᠢ ᠰᠤᠳᠤᠯᠤᠨ ᠨᠡᠶ᠋ᠢᠲᠡᠯᠡᠬᠦ ᠬᠡᠷᠡᠭᠲᠡᠢ᠃ 《ᠲᠣᠭ᠋ᠠᠴᠢᠯᠠᠭᠰᠠᠨ ᠬᠢᠯᠢ ᠵᠢᠨ ᠬᠠᠮᠠᠭ᠋ᠠᠯᠠᠯᠲᠠ》᠂ 《ᠣᠶᠤᠨᠴᠢ ᠬᠢᠯᠢ ᠵᠢᠨ ᠬᠠᠮᠠᠭ᠋ᠠᠯᠠᠯᠲᠠ》 ᠵᠢᠨ ᠪᠠᠶ᠋ᠢᠭᠤᠯᠤᠯᠲᠠ ᠵᠢ ᠠᠬᠢᠭᠤᠯᠵᠤ᠂ ᠠᠷᠠᠳ᠎ᠤᠨ ᠰᠡᠷᠭᠡᠶ᠋ᠢᠯᠡᠯᠲᠡ᠂ ᠪᠣᠳᠠᠰ᠎ᠤᠨ ᠰᠡᠷᠭᠡᠶ᠋ᠢᠯᠡᠯᠲᠡ᠂ ᠮᠡᠷᠭᠡᠵᠢᠯ᠎ᠤᠨ ᠰᠡᠷᠭᠡᠶ᠋ᠢᠯᠡᠯᠲᠡ ᠵᠢ ᠣᠷᠭ᠋ᠠᠨᠢᠭ ᠵᠶ᠋ᠠᠷ ᠤᠶᠠᠯᠳᠤᠭᠤᠯᠬᠤ ᠵᠢ ᠪᠡᠶᠡᠯᠡᠭᠦᠯᠬᠦ ᠬᠡᠷᠡᠭᠲᠡᠢ᠃ 《ᠤᠰᠤ ᠴᠠᠬᠢᠯᠭ᠋ᠠᠨ ᠵᠠᠮ ᠴᠢᠮᠡᠭᠡ ᠬᠣᠯᠪᠣᠭ᠎ᠠ》 ᠵᠡᠷᠭᠡ ᠰᠠᠭᠤᠷᠢ ᠲᠥᠬᠥᠭᠡᠷᠦᠮᠵᠢ ᠵᠢ ᠴᠡᠷᠢᠭ ᠠᠩᠭᠢ ᠪᠠ ᠣᠷᠣᠨ ᠨᠤᠲᠤᠭ ᠨᠢᠭᠡ ᠴᠣᠭᠴᠠᠵᠢᠭᠤᠯᠬᠤ ᠪᠦᠲᠦᠭᠡᠨ ᠪᠠᠶ᠋ᠢᠭᠤᠯᠤᠯᠲᠠ ᠵᠢᠨ ᠭᠤᠷᠪᠠᠨ ᠵᠢᠯ᠎ᠤᠨ ᠠᠵᠢᠯᠯᠠᠭ᠎ᠠ ᠵᠢ ᠭᠦᠨᠵᠡᠭᠡᠢ ᠬᠡᠷᠡᠭᠵᠢᠭᠦᠯᠵᠦ᠂ ᠬᠢᠯᠢ ᠳᠠᠭ᠋ᠠᠤ ᠣᠷᠣᠨ᠎ᠤ ᠣᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡ ᠪᠠ ᠴᠢᠬᠤᠯᠠ ᠶᠡᠬᠡ ᠰᠠᠭᠤᠷᠢ ᠲᠥᠬᠥᠭᠡᠷᠦᠮᠵᠢ ᠵᠢᠨ ᠪᠠᠲᠤᠯᠠᠭ᠎ᠠ ᠵᠢᠨ ᠲᠦᠪᠰᠢᠨ᠎ᠢ ᠳᠡᠭᠡᠭᠰᠢᠯᠡᠭᠦᠯᠬᠦ ᠬᠡᠷᠡᠭᠲᠡᠢ᠃ ᠬᠢᠯᠢ ᠬᠢᠵᠠᠭ᠋ᠠᠷ ᠤᠷᠤᠨ᠎ᠤ ᠬᠣᠰᠢᠭᠤ ᠬᠣᠲᠠ ᠵᠢᠨ ᠳᠠᠪᠠᠭᠤᠯᠢᠭ ᠣᠨᠴᠠᠯᠢᠭᠲᠤ ᠠᠵᠤ ᠦᠢ᠍ᠯᠡᠰ᠎ᠤᠨ ᠬᠥᠭᠵᠢᠯᠲᠡ ᠵᠢ ᠲᠡᠳᠬᠦᠵᠦ᠂ ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠋ᠠᠨ᠎ᠤ ᠲᠥᠪ ᠬᠣᠲᠠ ᠪᠠᠯᠭ᠋ᠠᠰᠤ ᠵᠢᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠬᠤ ᠬᠡᠷᠡᠭᠲᠡᠢ᠃
(ᠠᠷᠪᠠᠨ ᠨᠠᠢ᠍ᠮᠠ) ᠦᠨᠳᠦᠰᠦᠨ ᠱᠠᠲᠤᠨ᠎ᠤ ᠵᠠᠰᠠᠯᠲᠠ ᠵᠢᠨ ᠰᠢᠰᠲ᠋ᠧᠮ ᠪᠣᠯᠤᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢᠨ ᠲᠦᠪᠰᠢᠨ᠎ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠦᠨᠳᠦᠰᠦᠨ ᠱᠠᠲᠤᠨ᠎ᠤ ᠵᠠᠰᠠᠯᠲᠠ ᠵᠢ ᠤᠳᠤᠷᠢᠳᠬᠤ ᠠᠵᠢᠯ᠎ᠤᠨ ᠰᠢᠰᠲ᠋ᠧᠮ᠎ᠢ ᠪᠦᠷᠢᠨᠰᠢᠬᠦᠯᠵᠥ᠂ ᠰᠤᠮᠤ ᠰᠢᠶᠠᠩ ᠪᠠᠯᠭ᠋ᠠᠰᠤ᠂ ᠭᠠᠴᠠᠭ᠎ᠠ ᠲᠣᠰᠬᠣᠨ ᠬᠣᠶᠠᠷ ᠱᠠᠲᠤᠨ᠎ᠤ ᠵᠣᠬᠢᠶᠠᠨ ᠪᠠᠶ᠋ᠢᠭᠤᠯᠤᠯᠲᠠ ᠵᠢᠨ ᠠᠵᠢᠯᠯᠠᠭ᠋ᠠᠨ᠎ᠢ ᠵᠢᠷᠤᠮᠵᠢᠭᠤᠯᠵᠤ᠂ ᠲᠣᠣᠷᠵᠢᠭᠤᠯᠤᠭᠰᠠᠨ ᠬᠠᠮᠢᠶᠠᠷᠤᠯᠲᠠ᠂ ᠨᠠᠷᠢᠯᠢᠬ᠍ᠵᠢᠭᠤᠯᠤᠭᠰᠠᠨ ᠦᠢ᠍ᠯᠡᠴᠢᠯᠡᠭᠡ᠂ ᠮᠡᠳᠡᠭᠡ ᠵᠠᠩᠭᠢᠴᠢᠯᠠᠯᠲᠠ᠎ᠪᠠᠷ ᠲᠤᠯᠭ᠋ᠠᠭᠤᠷᠢᠯᠠᠭᠰᠠᠨ ᠦᠨᠳᠦᠰᠦᠨ ᠱᠠᠲᠤᠨ᠎ᠤ ᠵᠠᠰᠠᠯᠲᠠ ᠵᠢᠨ ᠲᠠᠪᠴᠠᠩ᠎ᠢ ᠲᠡᠭᠦᠯᠳᠡᠷᠵᠢᠭᠦᠯᠬᠦ ᠬᠡᠷᠡᠭᠲᠡᠢ᠃ ᠨᠡᠶ᠋ᠢᠭᠡᠮ ᠲᠣᠭᠣᠷᠢᠭ᠎ᠤᠨ ᠵᠠᠰᠠᠯᠲᠠ ᠵᠢ ᠪᠣᠶ᠋ᠢᠵᠢᠭᠤᠯᠤᠨ ᠬᠥᠭᠵᠢᠭᠦᠯᠬᠦ ᠤᠯᠠᠨ ᠡᠰᠢᠲᠦ ᠭᠤᠤᠯ ᠴᠣᠭᠴᠠ ᠵᠢᠨ ᠢᠨᠵᠧᠨᠧᠷᠢᠩ᠎ᠢ ᠬᠡᠷᠡᠭᠵᠢᠭᠦᠯᠬᠦ ᠬᠡᠷᠡᠭᠲᠡᠢ᠃ ᠨᠡᠶ᠋ᠢᠭᠡᠮ ᠲᠣᠭᠣᠷᠢᠭ᠎ᠤᠨ ᠨᠡᠶ᠋ᠢᠭᠡᠮ᠎ᠤᠨ ᠠᠵᠢᠯ᠎ᠤᠨ ᠲᠤᠰᠬᠠᠶ ᠮᠡᠷᠭᠡᠵᠢᠯ᠎ᠤᠨ ᠴᠢᠳᠠᠪᠤᠷᠢᠲᠠᠨ ᠪᠣᠯᠤᠨ ᠰᠠᠶ᠋ᠢᠨ ᠳᠤᠷᠠᠴᠤᠳ᠎ᠤᠨ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠨᠡᠶ᠋ᠢᠭᠡᠮ ᠲᠣᠭᠣᠷᠢᠭ᠎ᠤᠨ ᠠᠵᠢᠯᠲᠠᠳ᠎ᠤᠨ ᠡᠷᠬᠡ ᠬᠠᠷᠢᠭᠤᠴᠠᠯᠭ᠎ᠠ ᠵᠢᠨ ᠨᠠᠷᠢᠨ ᠲᠠᠩᠰᠠ ᠪᠣᠯᠤᠨ ᠴᠠᠯᠢᠩ ᠬᠥᠯᠥᠰᠦ ᠵᠢᠨ ᠪᠠᠲᠤᠯᠠᠭ᠎ᠠ ᠵᠢᠨ ᠲᠣᠭᠲᠡᠴᠡ ᠵᠢ ᠪᠦᠷᠢᠨᠰᠢᠭᠦᠯᠬᠦ ᠬᠡᠷᠡᠭᠲᠡᠢ᠃ ᠬᠣᠲᠠ ᠵᠢᠨ ᠬᠡᠪᠴᠢᠶᠡᠨ᠎ᠤ ᠨᠡᠶ᠋ᠢᠭᠡᠮ᠎ᠤᠨ ᠵᠠᠰᠠᠯᠲᠠ ᠵᠢᠨ ᠣᠳᠣᠬᠢᠴᠢᠯᠠᠯᠲᠠ ᠵᠢ ᠠᠬᠢᠭᠤᠯᠵᠤ᠂ 《ᠣᠯᠠᠨ ᠲᠠᠯ᠎ᠠ ᠵᠢᠨ ᠦᠨᠡᠯᠡᠯᠲᠡ》 ᠵᠡᠷᠭᠡ ᠣᠶᠤᠨᠴᠢ ᠵᠠᠰᠠᠯᠲᠠ ᠵᠢᠨ ᠲᠠᠪᠴᠠᠩ᠎ᠤᠨ ᠵᠠᠭᠪᠤᠷ᠎ᠢ ᠳᠡᠯᠭᠡᠷᠡᠭᠦᠯᠦᠨ ᠬᠡᠷᠡᠭᠯᠡᠬᠦ ᠬᠡᠷᠡᠭᠲᠡᠢ᠃ ᠰᠢᠨ᠎ᠡ ᠴᠠᠭ ᠦᠶ᠎ᠡ ᠵᠢᠨ 《ᠹᠤᠩ ᠴᠢᠶᠣᠤ ᠵᠢᠨ ᠲᠤᠷᠰᠢᠯᠭ᠎ᠠ》 ᠵᠢ ᠪᠠᠷᠢᠮᠲᠠᠯᠠᠨ ᠬᠥᠭᠵᠢᠭᠦᠯᠵᠦ᠂ 《ᠫᠦᠵᠢᠶᠠᠩ᠎ᠤᠨ ᠲᠤᠷᠰᠢᠯᠭ᠎ᠠ》 ᠵᠢ ᠭᠦᠨᠵᠡᠭᠡᠢ᠌ᠷᠡᠭᠦᠯᠦᠨ ᠬᠥᠭᠵᠢᠭᠦᠯᠵᠦ᠂ ᠵᠠᠬᠢᠳᠠᠯ ᠰᠤᠷᠪᠤᠯᠵᠢᠯᠠᠯ᠎ᠢ ᠣᠷᠣᠯᠠᠨ ᠭᠦᠢ᠍ᠴᠡᠳᠭᠡᠬᠦ ᠲᠦᠷᠢᠮ᠎ᠢ ᠶᠡᠬᠡ᠎ᠪᠠᠷ ᠬᠡᠷᠡᠭᠵᠢᠭᠦᠯᠦᠨ᠂ ᠤᠯᠠᠨ ᠲᠦᠮᠡᠨ᠎ᠤ ᠬᠦᠰᠡᠯ ᠱᠠᠭ᠋ᠠᠷᠳᠠᠯᠭ᠎ᠠ᠎ᠪᠠᠨ ᠢᠯᠡᠳᠭᠡᠬᠦ᠂ ᠠᠰᠢᠭ ᠲᠤᠰᠠ ᠵᠢ ᠵᠣᠬᠢᠴᠠᠭᠤᠯᠬᠤ᠂ ᠡᠷᠬᠡ ᠠᠰᠢᠭ᠎ᠢ ᠪᠠᠲᠤᠯᠠᠬᠤ ᠵᠠᠮ᠎ᠢ ᠰᠢᠯᠤᠭᠤᠳᠬᠠᠵᠤ ᠵᠢᠷᠤᠮᠵᠢᠭᠤᠯᠬᠤ ᠬᠡᠷᠡᠭᠲᠡᠢ᠃
ᠵᠢᠷᠭᠤᠭ᠎ᠠ᠂ ᠬᠢᠯᠢ ᠬᠢᠵᠠᠭ᠋ᠠᠷ ᠣᠷᠣᠨ᠎ᠳᠤ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠣᠣᠰ ᠣᠷᠴᠢᠯ᠎ᠢ ᠬᠣᠯᠪᠣᠯᠳᠤᠨ ᠨᠡᠪᠲᠡᠷᠡᠭᠦᠯᠬᠦ ᠲᠠᠯ᠎ᠠ᠎ᠪᠠᠷ ᠵᠢᠱ᠌ᠢᠶᠡᠴᠢ ᠪᠣᠯᠬᠤ ᠬᠡᠷᠡᠭᠲᠡᠢ
ᠤᠯᠤᠰ᠎ᠤᠨ ᠭᠠᠳᠠᠭ᠋ᠠᠳᠤ ᠨᠡᠭᠡᠭᠡᠯᠲᠡ ᠵᠢᠨ ᠪᠠᠶ᠋ᠢᠯᠳᠤᠬᠤ ᠪᠣᠳᠣᠯᠭ᠎ᠠ᠎ᠳᠤ ᠰᠠᠨᠠᠭ᠋ᠠᠴᠢᠯᠠᠭ᠎ᠠ᠎ᠠᠴᠠ᠎ᠪᠠᠨ ᠦᠢ᠍ᠯᠡᠴᠢᠯᠡᠵᠦ᠂ ᠣᠯᠠᠨ ᠤᠯᠤᠰ᠎ᠤᠨ ᠰᠣᠯᠢᠯᠴᠠᠭ᠎ᠠ ᠬᠠᠮᠲᠤᠷᠠᠯᠴᠠᠭ᠎ᠠ ᠪᠠ ᠤᠯᠤᠰ᠎ᠤᠨ ᠳᠣᠲᠣᠭ᠋ᠠᠳᠤ ᠵᠢᠨ ᠣᠷᠣᠨ ᠪᠦᠰᠡ ᠵᠢᠨ ᠬᠠᠮᠲᠤᠷᠠᠯᠴᠠᠭ᠋ᠠᠨ᠎ᠤ ᠬᠦᠷᠢᠶ᠎ᠡ ᠵᠢ ᠢᠳᠡᠪᠬᠢᠲᠡᠶ ᠥᠷᠭᠡᠳᠭᠡᠵᠦ᠂ ᠨᠡᠭᠡᠭᠡᠯᠲᠡ ᠵᠢᠨ ᠲᠠᠰ ᠳᠠᠪᠬᠤᠷᠭ᠎ᠠ ᠪᠠ ᠬᠢᠷᠢ ᠲᠦᠪᠰᠢᠨ᠎ᠢ ᠬᠦᠴᠦᠯᠡᠨ ᠳᠡᠭᠡᠭᠰᠢᠯᠡᠭᠦᠯᠵᠦ᠂ ᠥᠪᠥᠷ ᠮᠣᠩᠭᠣᠯ᠎ᠢ ᠳᠣᠲᠣᠭ᠋ᠠᠳᠤ ᠭᠠᠳᠠᠭ᠋ᠠᠳᠤ ᠵᠢ ᠬᠣᠯᠪᠣᠨ ᠡᠷᠬᠢᠨ ᠲᠣᠭᠣᠷᠢᠨ᠎ᠢ ᠨᠥᠯᠥᠭᠡᠯᠡᠬᠦ᠂ ᠡᠬᠢ ᠪᠠᠶᠠᠯᠢᠭ᠎ᠢ ᠲᠥᠪᠯᠡᠷᠡᠭᠦᠯᠦᠨ ᠲᠠᠷᠬᠠᠭ᠋ᠠᠬᠤ᠂ ᠴᠢᠬᠤᠯᠠ ᠡᠯᠧᠮᠧᠨ᠋ᠲ᠎ᠢ ᠠᠭᠤᠰᠤᠯᠴᠠᠭᠤᠯᠤᠨ ᠨᠡᠪᠲᠡᠷᠡᠯᠴᠡᠭᠦᠯᠬᠦ ᠪᠥᠬᠥ ᠣᠷᠣᠨ ᠪᠦᠰᠡ ᠵᠢᠨ ᠨᠡᠭᠡᠭᠡᠯᠲᠡ ᠵᠢᠨ ᠲᠠᠪᠴᠠᠩ ᠪᠣᠯᠭ᠋ᠠᠨ ᠪᠠᠶ᠋ᠢᠭᠤᠯᠵᠤ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠤᠤᠰ ᠣᠷᠴᠢᠯ᠎ᠢ ᠬᠣᠯᠪᠣᠯᠳᠤᠨ ᠨᠡᠪᠲᠡᠷᠡᠭᠦᠯᠬᠦ ᠳᠤᠮᠳᠠ ᠨᠠᠩ ᠶᠡᠬᠡ ᠦᠢ᠍ᠯᠡᠳᠦᠯ ᠦᠵᠡᠭᠦᠯᠬᠦ ᠪᠤᠯᠭ᠋ᠠᠬᠤ ᠬᠡᠷᠡᠭᠲᠡᠢ᠃
(ᠠᠷᠪᠠ ᠶᠢᠰᠦ) ᠦᠵᠡᠯ ᠰᠠᠨᠠᠭ᠋ᠠᠨ᠎ᠤ ᠶᠡᠬᠡ ᠴᠢᠯᠦᠭᠡᠯᠡᠯᠲᠡ ᠪᠠ ᠦᠵᠡᠯᠲᠡ ᠵᠢᠨ ᠶᠡᠬᠡ ᠰᠢᠨᠡᠴᠢᠯᠡᠯᠲᠡ ᠵᠢ ᠠᠬᠢᠭᠤᠯᠬᠤ ᠬᠡᠷᠡᠭᠲᠡᠢ᠃ ᠡᠯ᠎ᠡ ᠱᠠᠲᠤᠨ᠎ᠤ ᠺᠠᠳ᠋ᠷ᠎ᠢ ᠬᠥᠲᠥᠯᠦᠨ ᠵᠢᠯᠣᠭᠣᠳᠴᠤ ᠪᠠᠶ᠋ᠢᠭ᠋ᠠᠳ ᠳᠡᠯᠡᠬᠡᠢ ᠵᠢᠨ ᠬᠠᠷᠡᠴᠡ ᠪᠠ ᠳᠡᠯᠡᠬᠡᠢ ᠵᠢᠨ ᠬᠠᠷᠠᠭ᠋ᠠᠰᠤ ᠵᠢ ᠪᠤᠢ ᠪᠣᠯᠭ᠋ᠠᠵᠤ᠂ ᠨᠡᠭᠡᠭᠡᠯᠲᠡᠲᠦ ᠬᠥᠭᠵᠢᠯᠲᠡ ᠵᠢᠨ ᠤᠬᠠᠮᠰᠠᠷ᠎ᠢ᠎ᠨᠢ ᠴᠢᠩᠭ᠋ᠠᠳᠬᠠᠵᠤ᠂ ᠲᠤᠬᠠᠢ ᠵᠢᠨ ᠭᠠᠵᠠᠷ ᠣᠷᠣᠨ ᠪᠠ ᠪᠠᠶ᠋ᠢᠭ᠋ᠠᠯᠢ ᠵᠢᠨ ᠨᠥᠬᠥᠴᠡᠯ᠎ᠤᠨ ᠬᠢᠵᠠᠭ᠋ᠠᠷᠯᠠᠯ᠎ᠠᠴᠠ ᠳᠠᠪᠠᠵᠤ ᠬᠥᠭᠵᠢᠯᠲᠡ ᠵᠢ ᠡᠷᠢᠯᠬᠢᠯᠡᠨ᠂ ᠨᠡᠩ ᠶᠡᠬᠡ ᠬᠡᠪᠴᠢᠶ᠎ᠡ᠂ ᠨᠡᠩ ᠥᠷᠭᠡᠨ ᠬᠦᠷᠢᠶ᠎ᠡ᠂ ᠨᠡᠩ ᠭᠦᠨ ᠳᠠᠪᠬᠤᠷᠭ᠎ᠠ᠎ᠠᠴᠠ ᠪᠦᠬᠦ ᠲᠠᠯ᠎ᠠ ᠵᠢᠨ ᠨᠡᠭᠡᠭᠡᠯᠲᠡ ᠵᠢ ᠠᠬᠢᠭᠤᠯᠵᠤ᠂ ᠣᠷᠣᠨ ᠪᠠᠶ᠋ᠢᠷᠢ ᠵᠢᠨ ᠳᠠᠪᠠᠭᠤᠯᠢᠭ᠎ᠢ ᠦᠨᠡᠨ ᠬᠦ᠌ ᠨᠡᠭᠡᠭᠡᠯᠲᠡᠲᠦ ᠳᠠᠪᠠᠭᠤᠯᠢᠭ᠂ ᠬᠥᠭᠵᠢᠯᠲᠡ ᠵᠢᠨ ᠳᠠᠪᠠᠭᠤᠯᠢᠭ ᠪᠣᠯᠭ᠋ᠠᠨ ᠬᠤᠪᠢᠷᠠᠭᠤᠯᠬᠤ ᠬᠡᠷᠡᠭᠲᠡᠢ᠃ ᠲᠡᠷᠢᠭᠦᠨ᠎ᠢ ᠡᠭᠦᠳᠬᠦ᠎ᠪᠠᠷ ᠴᠢᠷᠮᠠᠶ᠋ᠢᠬᠤ᠂ ᠲᠡᠷᠢᠭᠦᠨ᠎ᠤ᠎ᠬᠢ ᠵᠢ ᠭᠦᠢ᠍ᠴᠡᠬᠦ ᠠᠤᠭ᠎ᠠ ᠰᠠᠨᠠᠭ᠎ᠠ ᠡᠷᠡᠯᠬᠡᠭ ᠵᠣᠷᠢᠭ᠎ᠢ ᠪᠤᠢ ᠪᠤᠯᠭ᠋ᠠᠵᠤ᠂ 《ᠪᠢ ᠬᠥᠮᠦᠨ᠎ᠢ ᠬᠦᠷᠬᠦ ᠦᠭᠡᠢ》 ᠭᠡᠬᠦ ᠪᠣᠳᠣᠯ᠂ 《ᠬᠥᠭᠵᠢᠯᠲᠡ ᠵᠢᠨ ᠲᠠᠯ᠎ᠠ᠎ᠪᠠᠷ ᠳᠡᠩᠳᠡᠭᠦᠦ ᠶᠠᠭ᠋ᠠᠷᠠᠵᠤ ᠪᠣᠯᠬᠤ ᠦᠭᠡᠢ》 ᠭᠡᠬᠦ ᠪᠤᠳᠤᠯ᠂ 《ᠶᠠᠪᠤᠴᠠ ᠵᠢ ᠴᠢᠬᠤᠯᠠᠴᠢᠯᠠᠭ᠋ᠠᠳ ᠦᠷ᠎ᠡ ᠳ᠋ᠦᠩ᠎ᠢ ᠴᠢᠬᠤᠯᠠᠴᠢᠯᠠᠬᠤ ᠦᠭᠡᠢ》 ᠤᠬᠠᠮᠰᠠᠷ᠂ 《ᠡᠮ᠎ᠤᠨ ᠵᠣᠷ ᠦᠭᠡᠢ ᠪᠣᠯ ᠡᠮ ᠥᠭᠬᠦ ᠵᠣᠷᠢᠭ ᠦᠭᠡᠢ》 ᠬᠢᠳᠡᠯ᠂ 《ᠨᠢᠳᠤᠨ ᠡᠮᠦᠨᠡᠬᠢ᠎ᠪᠠᠨ ᠬᠠᠷᠠᠭ᠋ᠠᠳ ᠬᠤᠯᠠ ᠵᠢ ᠬᠠᠷᠠᠬᠤ ᠦᠭᠡᠢ》 ᠰᠡᠳᠭᠢᠬᠦᠶ᠂ 《ᠨᠠᠷᠢᠨ ᠵᠦᠢ᠍ᠯ᠎ᠢ ᠶᠠᠷᠢᠬᠤ ᠦᠭᠡᠢ᠂ ᠪᠠᠷᠤᠭ ᠲᠥᠯᠥᠪ᠎ᠲᠠᠢ ᠪᠣᠯ ᠪᠣᠯᠴᠢᠬᠠᠨ᠎ᠠ》 ᠭᠡᠬᠦ ᠰᠡᠳᠭᠢᠯᠭᠡ᠂ 《ᠦᠢ᠍ᠯᠡᠳᠪᠦᠷᠢᠯᠡᠯ᠎ᠢ ᠴᠢᠬᠤᠯᠠᠴᠢᠯᠠᠵᠤ ᠡᠵᠡᠩᠨᠡᠯᠲᠡ ᠵᠢ ᠬᠥᠩᠭᠡᠪᠴᠢᠯᠡᠬᠦ》 ᠦᠵᠡᠯᠲᠡ᠎ᠪᠠᠨ ᠲᠠᠶᠠᠭᠳᠠᠵᠤ᠂ 《ᠠᠯᠳᠠᠭ᠎ᠠ ᠪᠤᠷᠤᠭᠤ᠎ᠪᠠᠨ ᠵᠠᠯᠠᠷᠠᠭᠤᠯᠬᠤ ᠪᠣᠯ ᠳᠠᠷᠤᠢ ᠥᠭᠡᠷᠡᠴᠢᠯᠡᠯᠲᠡ ᠮᠥᠨ》᠂ 《ᠪᠠᠶ᠋ᠢᠭᠤᠯᠤᠮᠵᠢ ᠲᠣᠭᠲᠡᠴᠡ ᠵᠢ ᠰᠢᠯᠤᠭᠤᠳᠬᠠᠨ ᠲᠡᠭᠦᠯᠳᠡᠷᠵᠢᠭᠦᠯᠬᠦ ᠪᠣᠯ ᠳᠠᠷᠤᠢ ᠦᠢ᠍ᠯᠡᠳᠪᠦᠷᠢᠯᠡᠯ᠎ᠤᠨ ᠬᠦᠴᠦᠨ᠎ᠢ ᠴᠢᠯᠦᠭᠡᠯᠡᠨ ᠬᠥᠭᠵᠢᠭᠦᠯᠬᠦ ᠶᠠᠪᠤᠳᠠᠯ ᠪᠣᠯᠤᠨ᠎ᠠ》᠂ 《ᠠᠷᠪᠢᠯᠠᠨ ᠭᠠᠮᠨᠠᠬᠤ ᠪᠣᠯ ᠳᠠᠷᠤᠢ ᠨᠡᠮᠡᠭᠳᠡᠯ ᠮᠦᠨ᠂ ᠳᠠᠷᠤᠢ ᠬᠥᠭᠵᠢᠯᠲᠡ ᠮᠥᠨ》᠂ 《ᠣᠷᠣᠨ ᠪᠦᠰᠡ ᠵᠢᠨ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠬᠦ᠎ᠨᠢ ᠴᠦ᠍ ᠨᠡᠭᠡᠭᠡᠯᠳᠡ ᠬᠢᠬᠦ ᠶᠠᠪᠤᠳᠠᠯ ᠮᠥᠨ》 ᠭᠡᠬᠦ ᠣᠶ᠋ᠢᠯᠠᠭ᠋ᠠᠭᠳᠠᠬᠤᠨ᠎ᠢ ᠴᠢᠩᠭ᠋ᠠᠳᠬᠠᠵᠤ᠂ ᠠᠵᠢᠯ ᠦᠢ᠍ᠯᠡᠰ᠎ᠤᠨ ᠬᠥᠭᠵᠢᠯᠲᠡ ᠵᠢ ᠵᠣᠷᠢᠭᠲᠠᠶ ᠪᠦᠲᠦᠭᠡᠯᠴᠢ ᠴᠢᠨᠠᠷᠲᠠᠢ᠎ᠪᠠᠷ ᠠᠬᠢᠭᠤᠯᠬᠤ ᠬᠡᠷᠡᠭᠲᠡᠶ᠃
(ᠬᠣᠷᠢ) ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠣᠣᠰ ᠣᠷᠴᠢᠯ᠎ᠳᠤ ᠨᠡᠩ ᠰᠠᠶ᠋ᠢᠲᠤᠷ ᠠᠭᠤᠰᠤᠯᠴᠠᠬᠤ ᠬᠡᠷᠡᠭᠲᠡᠢ᠃ ᠤᠯᠤᠰ᠎ᠤᠨ ᠳᠣᠲᠣᠭ᠋ᠠᠳᠤ ᠵᠢᠨ ᠣᠷᠣᠨ ᠪᠦᠰᠡ ᠵᠢᠨ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠦᠨ᠂ ᠪᠡᠭᠡᠵᠢᠩ ᠲᠢᠶᠠᠨᠵᠢᠨ ᠾᠤᠪᠸᠢ᠂ ᠬᠥᠬᠡᠮᠥ᠋ᠷᠡᠨ᠎ᠤ ᠭᠤᠷᠪᠠᠯᠵᠢᠨ ᠬᠣᠶ᠋ᠢᠭ᠂ ᠭᠤᠸᠠᠩᠳᠦ᠋ᠩ ᠰᠢᠶᠠᠩᠭ᠋ᠠᠩ ᠣᠣᠮᠧᠨ᠎ᠤ ᠲᠤᠮᠤ ᠪᠤᠯᠤᠩ᠎ᠤᠨ ᠣᠷᠣᠨ ᠪᠠ ᠵᠡᠭᠦᠨ ᠬᠤᠶ᠋ᠢᠲᠤ ᠵᠢᠨ ᠭᠤᠷᠪᠠᠨ ᠮᠤᠵᠢ᠎ᠯᠤᠭ᠎ᠠ ᠵᠢᠨ ᠬᠣᠯᠪᠣᠯᠳᠤᠨ ᠨᠡᠪᠲᠡᠷᠡᠯᠴᠡᠬᠦ ᠵᠢ ᠴᠢᠩᠭ᠋ᠠᠳᠬᠠᠵᠤ᠂ ᠲᠡᠷᠢᠭᠦᠨ᠎ᠤ ᠠᠵᠤ ᠦᠢ᠍ᠯᠡᠰ᠎ᠤᠨ ᠰᠢᠯᠵᠢᠯᠲᠡ ᠵᠢ ᠢᠳᠡᠪᠬᠢᠲᠡᠢ᠎ᠪᠠᠷ ᠬᠦᠯᠢᠶᠡᠨ ᠠᠪᠴᠤ᠂ ᠰᠢᠨ᠎ᠡ ᠵᠢ ᠡᠭᠦᠳᠦᠨ ᠠᠷᠠᠯᠵᠢᠶᠠᠴᠢᠨ ᠤᠷᠢᠵᠤ ᠪᠡᠯᠡ ᠮᠦᠩᠭᠦ ᠤᠷᠤᠭᠤᠯᠤᠨ ᠠᠪᠴᠢᠷᠠᠬᠤ ᠵᠢ ᠥᠷᠨᠢᠭᠦᠯᠵᠦ᠂ ᠣᠷᠣᠨ᠎ᠤ ᠳᠣᠲᠣᠷᠠᠬᠢ ᠠᠵᠤ ᠦᠢ᠍ᠯᠡᠰ᠎ᠤᠨ ᠬᠡᠯᠬᠢᠶ᠎ᠡ᠂ ᠰᠢᠨ᠎ᠡ ᠵᠢ ᠡᠭᠦᠳᠬᠦ ᠬᠡᠯᠬᠢᠶ᠎ᠡ᠂ ᠬᠠᠩᠭ᠋ᠠᠯᠭ᠎ᠠ ᠵᠢᠨ ᠬᠡᠯᠬᠢᠶ᠎ᠡ᠂ ᠦᠷᠲᠡᠭ᠎ᠤᠨ ᠬᠡᠯᠬᠢᠶ᠎ᠡ ᠵᠢ ᠪᠦᠬᠦ ᠤᠯᠤᠰ᠎ᠤᠨ ᠲᠤᠮᠤ ᠵᠠᠬ᠎ᠠ ᠳᠡᠯᠭᠡᠭᠦᠷ᠎ᠯᠦᠭᠡ ᠪᠦᠬᠦ ᠲᠠᠯ᠎ᠠ᠎ᠪᠠᠷ ᠵᠣᠯᠭ᠋ᠠᠯᠳᠤᠭᠤᠯᠤᠨ᠂ ᠭᠦᠨᠵᠡᠭᠡᠢ ᠠᠭᠤᠰᠤᠯᠴᠠᠭᠤᠯᠬᠤ ᠵᠢ ᠠᠬᠢᠭᠤᠯᠬᠤ ᠬᠡᠷᠡᠭᠲᠡᠢ᠃ ᠪᠡᠭᠡᠵᠢᠩ ᠥᠪᠥᠷ ᠮᠣᠩᠭᠣᠯ᠎ᠤᠨ ᠪᠦᠬᠦ ᠲᠠᠯ᠎ᠠ ᠵᠢᠨ ᠬᠠᠮᠵᠢᠯᠴᠠᠭ᠎ᠠ ᠵᠢ ᠴᠢᠩᠭ᠋ᠠᠳᠬᠠᠨ᠂ ᠨᠡᠶ᠋ᠢᠰᠯᠡᠯ᠎ᠳᠤ ᠨᠡᠩ ᠣᠯᠠᠨ ᠪᠣᠬᠢᠷᠲᠤᠯ ᠦᠭᠡᠶ ᠡᠨᠧᠷᠭᠢ ᠪᠣᠯᠤᠨ ᠪᠣᠬᠢᠷᠲᠤᠯ ᠦᠭᠡᠶ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ ᠬᠠᠩᠭ᠋ᠠᠬᠤ᠎ᠪᠠᠷ ᠴᠢᠷᠮᠠᠶ᠋ᠢᠵᠤ᠂ ᠨᠡᠶ᠋ᠢᠰᠯᠡᠯ᠎ᠤᠨ ᠨᠡᠩ ᠣᠯᠠᠨ ᠡᠬᠢ ᠪᠠᠶᠠᠯᠢᠭ ᠪᠣᠯᠤᠨ ᠴᠢᠬᠤᠯᠠ ᠬᠦᠴᠦᠨ ᠵᠦᠢ᠍ᠯ᠎ᠢ ᠢᠳᠡᠪᠬᠢᠲᠡᠶ᠎ᠪᠠᠷ ᠲᠠᠲᠠᠵᠤ ᠥᠪᠥᠷ ᠮᠣᠩᠭᠣᠯ᠎ᠤᠨ ᠨᠡᠭᠡᠭᠡᠯᠲᠡ ᠬᠢᠵᠦ ᠪᠦᠲᠦᠭᠡᠨ ᠪᠠᠶ᠋ᠢᠭᠤᠯᠬᠤ᠎ᠳᠤ ᠣᠷᠣᠯᠴᠠᠭᠤᠯᠬᠤ ᠬᠡᠷᠡᠭᠲᠡᠢ᠃ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠳᠦᠬᠡᠨ ᠪᠠᠶ᠋ᠢᠭᠤᠯᠬᠤ᠎ᠳᠤ ᠢᠳᠡᠪᠬᠢᠲᠡᠢ ᠣᠷᠣᠯᠴᠠᠵᠤ᠂ ᠭᠠᠳᠠᠭ᠋ᠠᠳᠤ ᠨᠡᠬᠡᠬᠡᠯᠳᠡ ᠵᠢᠨ ᠳᠤᠮᠳᠠ ᠠᠽᠢᠶ᠎ᠠ᠂ ᠵᠡᠭᠦᠨ ᠬᠣᠶ᠋ᠢᠲᠤ ᠠᠽᠢᠶ᠎ᠠ ᠴᠢᠨᠠᠭᠰᠢᠯᠠᠪᠠᠯ ᠧᠦ᠋ᠷᠣᠫᠠ ᠲᠢᠪ ᠪᠣᠯᠤᠨ ᠪᠦᠬᠦ ᠳᠡᠯᠡᠬᠡᠢ᠎ᠳᠤ ᠥᠷᠭᠡᠵᠢᠬᠦ ᠵᠢ ᠠᠬᠢᠭᠤᠯᠵᠤ᠂ ᠥᠨᠳᠥᠷ ᠲᠦᠪᠰᠢᠨ ᠪᠦᠬᠦᠢ ᠭᠠᠳᠠᠭ᠋ᠠᠳᠤ ᠨᠡᠬᠡᠬᠡᠯᠳᠡ ᠵᠢᠨ ᠳᠤᠮᠳᠠ ᠴᠢᠨᠠᠷ ᠰᠠᠶ᠋ᠢᠲᠠᠢ ᠬᠥᠭᠵᠢᠯᠲᠡ ᠵᠢ ᠪᠡᠶᠡᠯᠡᠭᠦᠯᠬᠦ ᠵᠢ ᠠᠬᠢᠭᠤᠯᠬᠤ ᠬᠡᠷᠡᠭᠲᠡᠢ᠃
(ᠬᠣᠷᠢᠨ ᠨᠢᠭᠡ) ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠪᠥᠬᠥ ᠲᠠᠯ᠎ᠠ᠎ᠪᠠᠷ ᠰᠢᠯᠢᠳᠡᠭᠵᠢᠭᠦᠯᠬᠦ ᠬᠡᠷᠡᠭᠲᠡᠢ᠃ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠬᠡᠷᠡᠭ᠎ᠲᠤ ᠬᠣᠯᠪᠣᠭᠳᠠᠭᠰᠠᠨ ᠠᠵᠤ ᠠᠬᠤᠶ᠋ᠢᠯᠠᠯ᠎ᠤᠨ ᠲᠣᠭᠲᠠᠭ᠋ᠠᠯ᠎ᠳᠤ ᠨᠡᠶ᠋ᠢᠴᠡᠭᠰᠡᠨ ᠥᠭᠡᠷᠡᠴᠢᠯᠡᠯᠲᠡ ᠵᠢ ᠠᠬᠢᠭᠤᠯᠵᠤ᠂ ᠠᠵᠤ ᠠᠬᠤᠶ᠋ᠢᠯᠠᠯᠲᠠᠨ᠎ᠤ ᠵᠣᠷᠢᠭ ᠰᠠᠨᠠᠭ᠎ᠠ ᠵᠢ ᠬᠥᠭᠵᠢᠭᠡᠨ ᠪᠠᠳᠠᠷᠠᠭᠤᠯᠵᠤ᠂ ᠬᠤᠳᠠᠯᠳᠤᠭ᠋ᠠᠴᠢᠨ᠎ᠢ ᠬᠦᠨᠳᠦᠳᠭᠡᠨ ᠬᠤᠳᠠᠯᠳᠤᠭ᠋ᠠᠴᠢᠨ᠎ᠢ ᠳᠣᠲᠣᠨᠣᠴᠢᠯᠠᠬᠤ᠂ ᠬᠤᠳᠠᠯᠳᠤᠭ᠋ᠠᠴᠢᠨ᠎ᠢ ᠠᠮᠤᠷᠵᠢᠭᠤᠯᠤᠨ ᠬᠤᠳᠠᠯᠳᠤᠭ᠋ᠠᠴᠢᠨ᠎ᠳᠤ ᠲᠥᠬᠥᠮ ᠦᠵᠡᠭᠦᠯᠬᠦ ᠠᠵᠢᠯ᠎ᠢ ᠰᠠᠶ᠋ᠢᠲᠤᠷ ᠬᠢᠵᠦ᠂ ᠳᠣᠲᠣᠨᠣ ᠴᠢᠬᠡᠴᠢ ᠵᠠᠰᠠᠭ ᠬᠤᠳᠠᠯᠳᠤᠭ᠋ᠠᠴᠢᠨ᠎ᠤ ᠬᠠᠷᠢᠴᠠᠭ᠎ᠠ ᠵᠢ ᠪᠠᠶ᠋ᠢᠭᠤᠯᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶ᠋ᠢᠵᠢᠭᠰᠡᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠪᠣᠶ ᠪᠣᠯᠭ᠋ᠠᠬᠤ ᠬᠡᠷᠡᠭᠲᠡᠢ᠃ 《ᠪᠣᠭᠣᠮᠢ ᠪᠤᠯᠵᠤ ᠪᠠᠶ᠋ᠢᠭ᠎ᠠ》 ᠰᠠᠭᠤᠷᠢ ᠲᠥᠬᠥᠭᠡᠷᠦᠮᠵᠢ ᠵᠢᠨ ᠳᠤᠲᠠᠭᠤᠳᠠᠯ᠎ᠢ ᠴᠢᠩᠭ᠎ᠠ ᠠᠩᠬᠠᠷᠴᠤ᠂ ᠵᠠᠮ ᠬᠠᠷᠢᠯᠴᠠᠭ᠎ᠠ᠂ ᠪᠠᠷᠠᠭ᠋ᠠᠨ᠎ᠤ ᠭᠦᠢ᠍ᠯᠭᠡᠭᠡ ᠵᠡᠷᠭᠡ ᠲᠥᠬᠥᠭᠡᠷᠦᠮᠵᠢ ᠵᠢᠨ ᠰᠦᠯᠵᠢᠶ᠎ᠡ ᠬᠣᠯᠪᠣᠬᠤ᠂ ᠰᠦᠯᠵᠢᠶ᠎ᠡ ᠨᠥᠬᠥᠪᠥᠷᠢᠯᠡᠬᠦ᠂ ᠬᠡᠯᠬᠢᠶ᠎ᠡ ᠵᠢ ᠴᠢᠩᠭ᠋ᠠᠳᠬᠠᠬᠤ ᠵᠢ ᠠᠬᠢᠭᠤᠯᠵᠤ᠂ ᠮᠤᠵᠢ ᠠᠯᠤᠰᠯᠠᠭᠰᠠᠨ ᠬᠢᠯᠢ ᠠᠯᠤᠰᠯᠠᠭᠰᠠᠨ᠂ ᠬᠣᠯᠪᠣᠯᠳᠤᠨ ᠨᠡᠪᠲᠡᠷᠡᠯᠴᠡᠬᠦ ᠰᠠᠭᠤᠷᠢ ᠲᠥᠬᠥᠭᠡᠷᠦᠮᠵᠢ ᠵᠢᠨ ᠲᠣᠣᠷ ᠰᠦᠯᠵᠢᠶ᠎ᠡ ᠵᠢ ᠲᠠᠰᠤᠷᠠᠯᠲᠠ ᠦᠭᠡᠢ ᠲᠡᠭᠦᠯᠳᠡᠷᠵᠢᠭᠦᠯᠬᠦ ᠬᠡᠷᠡᠭᠲᠡᠢ᠃
ᠲᠤᠯᠤᠭ᠎ᠠ᠂ ᠰᠢᠨ᠎ᠡ ᠰᠤᠷᠲᠠᠯ ᠲᠥᠪ ᠰᠤᠷᠲᠠᠯ᠎ᠢ ᠪᠠᠳᠠᠷᠠᠭᠤᠯᠬᠤ ᠲᠠᠯ᠎ᠠ᠎ᠪᠠᠷ ᠵᠢᠱ᠌ᠢᠶᠡᠴᠢ ᠪᠣᠯᠬᠤ ᠬᠡᠷᠡᠭᠲᠡᠢ
ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠪᠠᠶ᠋ᠢᠯᠳᠤᠬᠤ ᠪᠤᠳᠤᠯᠭ᠎ᠠ ᠵᠢᠨ ᠪᠠᠶ᠋ᠢᠷᠢᠯᠠᠭᠤᠯᠤᠯᠲᠠ ᠵᠢ ᠭᠦᠨᠵᠡᠭᠡᠢ ᠨᠠᠶ᠋ᠢᠳᠠᠪᠤᠷᠢᠵᠢᠭᠤᠯᠵᠤ᠂ ᠨᠠᠮ᠎ᠤᠨ ᠰᠢᠯᠢᠳᠡᠭ ᠤᠯᠠᠮᠵᠢᠯᠠᠯ ᠪᠣᠯᠤᠨ ᠰᠤᠷᠲᠠᠯ᠎ᠢ ᠤᠯᠠᠮᠵᠢᠯᠠᠨ ᠪᠠᠳᠠᠷᠠᠭᠤᠯᠵᠤ᠂ ᠡᠪᠳᠡᠬᠦ ᠪᠠᠶ᠋ᠢᠭᠤᠯᠬᠤ ᠵᠢ ᠵᠡᠷᠭᠡ᠎ᠪᠠᠷ ᠠᠳᠬᠤᠵᠤ᠂ ᠶᠡᠷᠦᠩᠬᠡᠶ᠋ᠢᠯᠡᠭᠰᠡᠨ ᠠᠷᠭ᠎ᠠ ᠪᠤᠳᠤᠯᠭ᠎ᠠ ᠵᠢ ᠬᠡᠷᠡᠭᠵᠢᠭᠦᠯᠵᠦ᠂ ᠥᠷᠭᠡᠨ ᠤᠯᠠᠨ ᠺᠠᠳ᠋ᠷ ᠤᠯᠠᠨ ᠲᠦᠮᠡᠨ᠎ᠤ ᠡᠭᠦᠷᠢᠳᠡ ᠦᠯᠦ ᠴᠠᠯᠠᠭ᠋ᠠᠶ᠋ᠢᠷᠠᠬᠤ ᠤᠶᠤᠨ ᠰᠠᠨᠠᠭ᠋ᠠᠨ᠎ᠤ ᠳᠦᠷᠰᠦ ᠪᠠᠶ᠋ᠢᠳᠠᠯ᠂ ᠴᠤᠴᠠᠯᠲᠠ ᠦᠭᠡᠢ ᠤᠷᠤᠭᠰᠢᠯᠠᠬᠤ ᠲᠡᠮᠡᠴᠡᠯ᠎ᠤᠨ ᠳᠦᠷᠰᠦ ᠪᠠᠶ᠋ᠢᠳᠠᠯ ᠵᠶ᠋ᠠᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠦᠢ᠍ᠯᠡᠳᠦᠯᠭᠡ᠎ᠳᠤ ᠣᠷᠣᠯᠴᠠᠵᠤ᠂ ᠰᠠᠢ᠌ᠨ ᠰᠤᠷᠲᠠᠯ ᠰᠠᠢ᠌ᠨ ᠲᠦᠷᠢ ᠲᠥᠷᠬᠦ᠎ᠪᠠᠷ ᠰᠢᠨ᠎ᠡ ᠠᠶᠠᠨ᠎ᠳᠤ ᠡᠷᠡᠮᠡᠬᠡᠶ᠋ᠢᠯᠡᠨ ᠤᠷᠤᠭᠰᠢᠯᠠᠵᠤ᠂ ᠰᠢᠨ᠎ᠡ ᠴᠠᠭ ᠦᠶ᠎ᠡ᠎ᠳᠤ ᠭᠠᠪᠢᠶ᠎ᠠ ᠪᠠᠶ᠋ᠢᠭᠤᠯᠬᠤ ᠵᠢ ᠠᠬᠢᠭᠤᠯᠬᠤ ᠬᠡᠷᠡᠭᠲᠡᠢ᠃
(ᠬᠣᠷᠢᠨ ᠬᠣᠶᠠᠷ) ᠪᠣᠳᠠᠲᠠᠢ ᠵᠢ ᠡᠷᠬᠢᠮᠯᠡᠬᠦ ᠰᠤᠷᠲᠠᠯ᠎ᠢ ᠶᠡᠬᠡ᠎ᠪᠠᠷ ᠪᠠᠳᠠᠷᠠᠭᠤᠯᠬᠤ ᠬᠡᠷᠡᠭᠲᠡᠢ᠃ ᠺᠠᠳ᠋ᠷ᠎ᠢ ᠵᠣᠷᠢᠭᠵᠢᠭᠤᠯᠤᠨ ᠤᠷᠮᠠᠰᠢᠭᠤᠯᠬᠤ᠂ ᠠᠯᠳᠠᠭ᠎ᠠ ᠪᠤᠷᠤᠭᠤ ᠵᠢ ᠠᠭᠤᠴᠢᠯᠠᠨ ᠵᠠᠯᠠᠷᠠᠭᠤᠯᠬᠤ᠂ ᠳᠠᠪᠰᠢᠵᠤ ᠪᠠᠭᠤᠵᠤ ᠪᠦᠷ ᠪᠣᠯᠬᠤ ᠵᠡᠷᠭᠡ ᠲᠣᠭᠲᠡᠴᠡ ᠵᠢ ᠲᠡᠭᠦᠯᠳᠡᠷᠵᠢᠭᠦᠯᠵᠦ᠂ 《ᠵᠢᠷᠤᠮᠵᠢᠭᠤᠯᠬᠤ᠂ ᠴᠣᠮᠬᠠᠳᠬᠠᠬᠤ᠂ ᠬᠤᠷᠳᠤᠴᠠ ᠵᠢ ᠳᠡᠭᠡᠭᠰᠢᠯᠡᠭᠦᠯᠬᠦ》 ᠵᠢ ᠶᠡᠬᠡ᠎ᠪᠠᠷ ᠠᠬᠢᠭᠤᠯᠵᠤ᠂ 《ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭ᠋ᠠᠨ》 ᠪᠠᠶ᠋ᠢᠬᠤ ᠠᠰᠠᠭᠤᠳᠠᠯ᠎ᠢ ᠲᠦᠷᠭᠡᠳᠭᠡᠨ ᠴᠡᠭᠴᠡᠯᠡᠨ ᠵᠠᠰᠠᠵᠤ᠂ ᠥᠷᠭᠡᠨ ᠣᠯᠠᠨ ᠨᠠᠮ᠎ᠤᠨ ᠭᠡᠰᠢᠭᠦᠨ᠂ ᠺᠠᠳ᠋ᠷᠴᠤᠳ ᠢᠯᠠᠩᠭᠤᠶ᠎ᠠ ᠤᠳᠤᠷᠢᠳᠬᠤ ᠺᠠᠳ᠋ᠷᠴᠤᠳ᠎ᠢ ᠬᠥᠲᠥᠯᠦᠨ ᠵᠢᠯᠣᠭᠣᠳᠴᠤ ᠪᠠᠶ᠋ᠢᠭ᠋ᠠᠳ ᠠᠰᠠᠭᠤᠳᠠᠯ᠎ᠢ ᠰᠶ᠋ᠢᠳᠪᠦᠷᠢᠯᠡᠬᠦ ᠰᠡᠳᠭᠢᠬᠦᠶ ᠵᠢ᠎ᠨᠢ ᠴᠢᠩᠭ᠋ᠠᠷᠠᠭᠤᠯᠵᠤ᠂ ᠳᠠᠩᠰᠠ ᠮᠡᠳᠡᠭᠦᠯᠬᠦ ᠤᠬᠠᠮᠰᠠᠷ᠂ ᠬᠠᠷᠢᠭᠤᠯᠲᠠ ᠵᠢᠨ ᠬᠠᠭᠤᠳᠠᠰᠤ ᠲᠤᠰᠢᠶᠠᠬᠤ ᠤᠬᠠᠮᠰᠠᠷ᠂ ᠦᠷ᠎ᠡ ᠪᠦᠲᠦᠭᠡᠯ᠎ᠤᠨ ᠤᠬᠠᠮᠰᠠᠷ᠎ᠢ᠎ᠨᠢ ᠴᠢᠩᠭ᠋ᠠᠷᠠᠭᠤᠯᠬᠤ ᠬᠡᠷᠡᠭᠲᠡᠢ᠃ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠡᠴᠡ ᠵᠢ ᠪᠦᠷᠢᠨᠰᠢᠭᠦᠯᠵᠦ᠂ ᠪᠢᠴᠢᠭ ᠮᠠᠲ᠋ᠧᠷᠢᠶᠠᠯ ᠬᠤᠷᠠᠯ ᠴᠤᠭᠯᠠᠭ᠎ᠠ ᠤᠯᠠᠳᠠᠬᠤ᠂ ᠡᠬᠡ ᠲᠠᠩᠰᠠ ᠬᠡᠳᠦ ᠤᠯᠠᠳᠠᠬᠤ᠂ ᠬᠡᠪ ᠣᠷᠣᠮ᠎ᠢ ᠬᠡᠳᠦ ᠦᠯᠡᠳᠡᠭᠡᠬᠦ ᠵᠡᠷᠭᠡ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠤᠨ ᠲᠣᠪᠣᠶ᠋ᠢᠮ᠎ᠠ ᠠᠰᠠᠭᠤᠳᠠᠯ᠎ᠢ ᠦᠷᠭᠦᠯᠵᠢᠯᠡᠨ ᠰᠢᠶᠳᠪᠦᠷᠢᠯᠡᠬᠦ ᠬᠡᠷᠡᠭᠲᠡᠢ᠃
(ᠬᠣᠷᠢᠨ ᠭᠤᠷᠪᠠ) ᠠᠷᠢᠭᠤᠨ ᠴᠢᠬᠡᠴᠢ ᠰᠤᠷᠲᠠᠯ᠎ᠢ ᠪᠠᠳᠠᠷᠠᠭᠤᠯᠬᠤ ᠬᠡᠷᠡᠭᠲᠡᠢ᠃ ᠠᠷᠢᠭᠤᠨ ᠴᠢᠬᠡᠴᠢ ᠰᠣᠶᠣᠯ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠥᠷᠭᠡᠨ ᠤᠯᠠᠨ ᠨᠠᠮ᠎ᠤᠨ ᠭᠡᠰᠢᠭᠦᠨ᠂ ᠺᠠᠳ᠋ᠷᠴᠤᠳ ᠢᠯᠠᠩᠭᠤᠶ᠎ᠠ ᠤᠳᠤᠷᠢᠳᠬᠤ ᠺᠠᠳ᠋ᠷᠴᠤᠳ᠎ᠢ ᠬᠦᠮᠦᠵᠢᠭᠦᠯᠦᠨ ᠵᠢᠯᠣᠭᠣᠳᠴᠤ ᠪᠠᠶ᠋ᠢᠭ᠋ᠠᠳ ᠵᠥᠪ ᠡᠷᠬᠡ ᠵᠢᠨ ᠦᠵᠡᠯᠲᠡ᠂ ᠠᠵᠢᠯ᠎ᠤᠨ ᠪᠦᠲᠦᠮᠵᠢ ᠵᠢᠨ ᠦᠵᠡᠯᠲᠡ᠂ ᠠᠵᠢᠯ ᠦᠢ᠍ᠯᠡᠰ᠎ᠤᠨ ᠦᠵᠡᠯᠲᠡ ᠵᠢ ᠪᠠᠲᠤ ᠪᠡᠬᠢ ᠪᠤᠢ ᠪᠣᠯᠭ᠋ᠠᠵᠤ᠂ ᠣᠨᠴᠠ ᠡᠷᠬᠡ ᠵᠢᠨ ᠦᠵᠡᠯ ᠰᠠᠨᠠᠭ᠎ᠠ ᠪᠠ ᠣᠨᠴᠠ ᠡᠷᠬᠡ ᠵᠢᠨ ᠦᠢ᠍ᠯᠡ ᠠᠵᠢᠯᠯᠠᠭ᠎ᠠ ᠵᠢ ᠬᠦᠴᠦᠯᠡᠨ ᠠᠷᠢᠯᠭ᠋ᠠᠵᠤ᠂ ᠦᠵᠡᠯ ᠰᠠᠨᠠᠭ᠋ᠠᠨ᠎ᠤ ᠰᠡᠷᠭᠡᠶ᠋ᠢᠯᠡᠯᠲᠡ ᠵᠢᠨ ᠱᠤᠭᠤᠮ᠎ᠢ ᠪᠡᠬᠢᠵᠢᠭᠦᠯᠦᠨ᠂ ᠬᠠᠤᠯᠢ ᠴᠠᠭ᠋ᠠᠵᠠ ᠰᠠᠬᠢᠯᠭ᠎ᠠ ᠪᠠᠲᠤ ᠵᠢᠨ ᠬᠤᠷᠢᠭ᠎ᠠ ᠱᠤᠭᠤᠮ᠎ᠢ ᠪᠠᠲᠤ ᠰᠠᠬᠢᠵᠤ᠂ ᠡᠪ ᠬᠠᠮᠲᠤᠴᠤᠳ᠎ᠤᠨ ᠢᠯᠵᠠᠷᠠᠯ᠎ᠢ ᠡᠰᠡᠷᠭᠦᠴᠡᠬᠦ᠂ ᠡᠭᠦᠷᠢᠳᠡ ᠦᠯᠦ ᠢᠯᠵᠠᠷᠠᠬᠤ ᠤᠯᠤᠰ ᠲᠦᠷᠦ ᠵᠢᠨ ᠤᠤᠷ ᠴᠢᠨᠠᠷ ᠵᠶ᠋ᠠᠨ ᠡᠭᠦᠷᠢᠳᠡ ᠪᠠᠲᠤᠯᠠᠬᠤ ᠬᠡᠷᠡᠭᠲᠡᠢ᠃ 《ᠢᠯᠵᠠᠷᠠᠬᠤ᠎ᠠᠴᠠ ᠵᠢᠷᠦᠬᠡᠰᠢᠶᠡᠬᠦ᠂ ᠢᠯᠵᠠᠷᠠᠵᠤ ᠪᠤᠯᠬᠤ ᠦᠭᠡᠢ᠂ ᠢᠯᠵᠠᠷᠠᠬᠤ ᠵᠢ ᠪᠤᠳᠤᠬᠤ ᠦᠭᠡᠢ》 ᠪᠠᠶ᠋ᠢᠬᠤ ᠵᠢ ᠨᠢᠭᠡ ᠴᠣᠭᠴᠠᠵᠢᠭᠤᠯᠤᠨ ᠠᠬᠢᠭᠤᠯᠬᠤ ᠵᠢ ᠪᠠᠷᠢᠮᠲᠠᠯᠠᠵᠤ᠂ ᠨᠠᠮ᠎ᠤᠨ ᠳᠣᠲᠣᠭ᠋ᠠᠳᠤ ᠵᠢᠨ ᠬᠢᠨᠠᠯᠲᠠ ᠲᠠᠯᠪᠢᠯᠲᠠ᠎ᠪᠠᠷ ᠭᠤᠤᠯ ᠤᠳᠤᠷᠢᠳᠤᠮᠵᠢ ᠪᠣᠯᠭ᠋ᠠᠨ ᠡᠯ᠎ᠡ ᠲᠥᠷᠥᠯ᠎ᠤᠨ ᠬᠢᠨᠠᠯᠲᠠ ᠲᠠᠯᠪᠢᠯᠲᠠ ᠵᠢ ᠨᠡᠪᠲᠡᠷᠡᠯᠴᠡᠭᠦᠯᠦᠨ ᠵᠣᠬᠢᠴᠠᠭᠤᠯᠬᠤ ᠠᠵᠢᠯ᠎ᠤᠨ ᠲᠣᠭᠲᠡᠴᠡ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠨᠡᠭᠦᠷᠡᠰᠦᠨ᠎ᠤ ᠡᠬᠢ ᠪᠠᠶᠠᠯᠢᠭ᠎ᠤᠨ ᠬᠦᠷᠢᠶᠡᠨ᠎ᠳᠠᠬᠢ ᠲᠦᠷᠢᠮ ᠲᠣᠭᠲᠠᠭ᠋ᠠᠯ᠎ᠠᠴᠠ ᠵᠥᠷᠢᠴᠡᠵᠦ ᠬᠠᠤᠯᠢ᠎ᠠᠴᠠ ᠵᠥᠷᠢᠴᠡᠭᠰᠡᠨ ᠠᠰᠠᠭᠤᠳᠠᠯ᠎ᠢ ᠪᠠᠶ᠋ᠢᠩᠭᠤᠵᠢᠭᠤᠯᠤᠨ ᠵᠠᠰᠠᠬᠤ ᠵᠢ ᠦᠷᠭᠦᠯᠵᠢᠯᠡᠨ ᠰᠠᠶ᠋ᠢᠲᠤᠷ ᠠᠳᠬᠤᠵᠤ᠂ ᠢᠯᠵᠠᠷᠠᠯ᠎ᠤᠨ ᠠᠰᠠᠭᠤᠳᠠᠯ᠎ᠤᠨ ᠨᠡᠮᠡᠭᠳᠡᠯ᠎ᠢ ᠨᠠᠩ ᠬᠦᠴᠦᠲᠡᠶ ᠬᠣᠷᠢᠭᠯᠠᠵᠤ᠂ ᠢᠯᠵᠠᠷᠠᠯ᠎ᠤᠨ ᠦᠯᠡᠳᠡᠭᠳᠡᠯ ᠠᠰᠠᠭᠤᠳᠠᠯ᠎ᠢ ᠠᠷᠢᠯᠭ᠋ᠠᠬᠤ ᠬᠡᠷᠡᠭᠲᠡᠢ᠃ ᠬᠠᠤᠯᠢ ᠶᠣᠰᠣᠭ᠋ᠠᠷ ᠬᠥᠷᠥᠩᠭᠡ ᠵᠢᠨ ᠲᠤᠬᠠᠢ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠬᠥᠷᠥᠩᠭᠡ ᠵᠢᠨ ᠠᠵᠢᠯᠯᠠᠭ᠎ᠠ ᠵᠢ ᠵᠢᠷᠤᠮᠵᠢᠭᠤᠯᠬᠤ ᠬᠡᠷᠡᠭᠲᠡᠢ᠃
(ᠬᠣᠷᠢᠨ ᠲᠦᠷᠪᠡ) ᠪᠣᠷᠣᠭᠵᠢᠭᠤᠨ ᠰᠤᠷᠲᠠᠯ᠎ᠢ ᠪᠤᠢ ᠪᠣᠯᠭ᠋ᠠᠬᠤ ᠬᠡᠷᠡᠭᠲᠡᠢ᠃ ᠲᠠᠯᠪᠢᠯ ᠦᠭᠡᠢ ᠠᠩᠬᠠᠷᠴᠤ᠂ ᠴᠤᠬᠤᠶ᠋ᠢᠮᠠᠭᠴᠠ ᠴᠣᠬᠢᠵᠤ᠂ ᠵᠢᠷᠭ᠋ᠠᠨ ᠴᠡᠩᠭᠡᠬᠦ ᠦᠵᠡᠯ᠂ ᠱᠠᠯᠢᠨ ᠪᠦᠷᠢᠯᠭᠡᠬᠦ ᠰᠤᠷᠲᠠᠯ ᠲᠠᠬᠢᠨ ᠢᠯᠡᠷᠡᠬᠦ ᠵᠢ ᠴᠢᠩᠭ᠎ᠠ ᠰᠡᠷᠭᠡᠶ᠋ᠢᠯᠡᠵᠦ᠂ ᠲᠥᠪ᠎ᠤᠨ ᠨᠠᠢ᠍ᠮᠠᠨ ᠲᠣᠭᠲᠠᠭ᠋ᠠᠯ ᠵᠢᠴᠢ ᠲᠡᠭᠦᠨ᠎ᠤ ᠬᠡᠷᠡᠭᠵᠢᠭᠦᠯᠬᠦ ᠨᠠᠷᠢᠨ ᠲᠦᠷᠢᠮ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠬᠤᠷᠢᠭ᠎ᠠ ᠱᠤᠭᠤᠮ᠎ᠢ ᠪᠠᠲᠤ ᠴᠣᠭᠴᠠᠯᠠᠬᠤ ᠬᠡᠷᠡᠭᠲᠡᠢ᠃ ᠠᠷᠪᠢᠯᠠᠵᠤ ᠠᠮᠢᠳᠤᠷᠠᠬᠤ ᠵᠢ ᠪᠠᠷᠢᠮᠲᠠᠯᠠᠵᠤ᠂ ᠡᠳ᠋᠎ᠤᠨ ᠵᠠᠰᠠᠭ ᠠᠵᠤ ᠠᠬᠤᠢ ᠵᠢᠨ ᠰᠠᠬᠢᠯᠭ᠎ᠠ ᠪᠠᠲᠤ ᠵᠢ ᠴᠢᠩᠳᠠᠯᠠᠵᠤ᠂ ᠥᠪᠡᠷᠲᠡᠭᠡᠨ ᠵᠠᠰᠠᠬᠤ ᠣᠷᠣᠨ᠎ᠤ 《ᠭᠤᠷᠪᠠ ᠵᠢ ᠠᠯᠪᠠᠳᠠᠯᠭ᠎ᠠ᠎ᠪᠠᠷ ᠲᠣᠭᠲᠠᠭ᠋ᠠᠬᠤ》 ᠪᠠ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠨᠠᠵᠠᠭ᠋ᠠᠢ ᠲᠠᠯ᠎ᠠ ᠵᠢᠨ ᠨᠠᠷᠢᠨ ᠲᠠᠩᠰᠠ ᠵᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠡᠬᠢ ᠪᠠᠶᠠᠯᠢᠭ ᠡᠯᠪᠡᠭ ᠳᠡᠯᠪᠡᠭ ᠪᠣᠯᠪᠠᠴᠤ ᠥᠴᠦᠬᠡᠨ ᠴᠦ᠍ ᠪᠦᠷᠢᠯᠭᠡᠨ ᠰᠦᠶᠳᠭᠡᠵᠦ ᠪᠣᠯᠬᠤ ᠥᠬᠡᠶ ᠭᠡᠬᠦ ᠤᠶ᠋ᠢᠯᠠᠭ᠋ᠠᠭᠳᠠᠬᠤᠨᠢ ᠪᠠᠲᠤ ᠪᠠᠬᠢ ᠪᠣᠶ ᠪᠣᠯᠭ᠋ᠠᠵᠤ᠂ ᠪᠥᠬᠥ ᠲᠠᠯ᠎ᠠ᠎ᠪᠠᠷ ᠠᠷᠪᠢᠯᠠᠨ ᠭᠠᠮᠨᠠᠬᠤ ᠪᠠᠶ᠋ᠢᠯᠳᠤᠬᠤ ᠪᠣᠳᠣᠯᠭ᠎ᠠ ᠵᠢ ᠭᠦᠨᠵᠡᠭᠡᠶ ᠬᠡᠷᠡᠭᠵᠢᠭᠦᠯᠦ᠋ᠨ᠂ 《ᠲᠠᠪᠤ ᠵᠢ ᠲᠤᠶ᠋ᠢᠯᠪᠤᠷᠢᠲᠠᠢ ᠪᠠᠶ᠋ᠢᠴᠠᠭ᠋ᠠᠬᠤ》 ᠠᠵᠢᠯᠯᠠᠭ᠎ᠠ ᠵᠢ ᠭᠦᠨᠵᠡᠭᠡᠶ᠋ᠢᠷᠡᠭᠦᠯᠵᠦ᠂ ᠡᠨᠧᠷᠭᠢ᠂ ᠠᠭᠤᠷᠬᠠᠶ ᠵᠢᠨ ᠭᠠᠷᠤᠯᠲᠠ᠂ ᠭᠠᠵᠠᠷ ᠰᠢᠷᠣᠶ᠂ ᠤᠰᠤ᠂ ᠠᠮᠤ ᠪᠤᠳᠠᠭ᠎ᠠ ᠵᠢᠴᠢ ᠵᠠᠰᠠᠭ ᠵᠠᠬᠢᠷᠭ᠋ᠠᠨ᠂ ᠬᠥᠮᠦᠨ᠎ᠤ ᠬᠦᠴᠦᠨ ᠵᠡᠷᠭᠡ ᠨᠡᠶ᠋ᠢᠭᠡᠮ᠎ᠤᠨ ᠡᠬᠢ ᠪᠠᠶᠠᠯᠢᠭ᠎ᠢ ᠪᠥᠬᠥ ᠲᠠᠯ᠎ᠠ᠎ᠪᠠᠷ ᠠᠷᠪᠢᠯᠠᠨ ᠭᠠᠮᠨᠠᠬᠤ ᠵᠢ ᠲᠦᠷᠭᠡᠳᠭᠡᠨ ᠠᠬᠢᠭᠤᠯᠵᠤ᠂ ᠠᠷᠪᠢᠯᠠᠨ ᠭᠠᠮᠨᠠᠬᠤ ᠵᠢ ᠴᠢᠩᠭ᠎ᠠ ᠬᠡᠷᠡᠭᠵᠢᠭᠦᠯᠬᠦ᠂ ᠪᠦᠷᠢᠯᠭᠡᠨ ᠰᠦᠢ᠍ᠳᠬᠡᠬᠦ ᠵᠢ ᠡᠰᠡᠷᠭᠦᠴᠡᠬᠦ ᠭᠦᠨ ᠵᠤᠵᠠᠭ᠋ᠠᠨ ᠠᠭᠤᠷ ᠠᠮᠢᠰᠬᠤᠯ᠎ᠢ ᠪᠣᠶ ᠪᠣᠯᠭ᠋ᠠᠬᠤ ᠬᠡᠷᠡᠭᠲᠡᠢ᠃
(ᠬᠣᠷᠢᠨ ᠲᠠᠪᠤ) ᠮᠣᠩᠭᠣᠯ ᠮᠣᠷᠢᠨ᠎ᠤ ᠵᠣᠷᠢᠭ ᠰᠠᠨᠠᠭ᠎ᠠ ᠪᠠ 《ᠤᠮᠠᠷᠠᠲᠤ ᠵᠢᠨ ᠭᠤᠷᠪᠠᠨ ᠤᠷᠤᠨ᠎ᠤ ᠵᠣᠷᠢᠭ ᠰᠠᠨᠠᠭ᠎ᠠ》 ᠵᠢ ᠶᠡᠬᠡ᠎ᠪᠠᠷ ᠪᠠᠳᠠᠷᠠᠭᠤᠯᠬᠤ ᠬᠡᠷᠡᠭᠲᠡᠢ᠃ 《ᠬᠦᠴᠢᠷ᠎ᠠᠴᠠ ᠠᠶᠤᠬᠤ ᠦᠭᠡᠢ᠂ ᠴᠤᠴᠠᠯᠲᠠ ᠦᠭᠡᠢ ᠤᠷᠤᠭᠰᠢᠯᠠᠵᠤ᠂ ᠵᠣᠷᠢᠭᠰᠠᠨ᠎ᠳᠠᠭᠠᠨ ᠵᠠᠪᠠᠯ ᠬᠦᠷᠬᠦ》 ᠪᠠ 《ᠰᠢᠷᠭ᠋ᠠᠭᠤ ᠬᠠᠲᠠᠭᠤᠵᠢᠯᠲᠠᠢ ᠲᠡᠮᠡᠴᠡᠬᠦ᠂ ᠬᠠᠷᠠᠮ ᠦᠭᠡᠢ ᠵᠣᠷᠢᠭᠤᠯᠬᠤ᠂ ᠰᠢᠨᠲᠠᠷᠠᠰᠢ ᠦᠭᠡᠢ ᠴᠢᠷᠮᠠᠶ᠋ᠢᠬᠤ᠂ ᠴᠥᠬᠥᠷᠡᠰᠢ ᠦᠭᠡᠢ ᠵᠢᠳᠭᠦᠬᠦ》 ᠠᠭᠤᠯᠤᠭᠳᠠᠬᠤᠨ ᠪᠠ ᠴᠠᠭ ᠦᠶ᠎ᠡ ᠵᠢᠨ ᠦᠨ᠎ᠡ ᠦᠷᠲᠡᠭ᠎ᠢ ᠭᠦᠨᠵᠡᠭᠡᠢ ᠠᠭᠤᠳᠠᠯᠵᠤ᠂ ᠰᠤᠳᠤᠯᠤᠨ ᠶᠠᠷᠢᠯᠴᠠᠵᠤ ᠰᠣᠯᠢᠯᠴᠠᠬᠤ᠂ ᠤᠬᠠᠭᠤᠯᠤᠨ ᠲᠠᠶ᠋ᠢᠯᠪᠤᠷᠢᠯᠠᠬᠤ ᠠᠵᠢᠯᠯᠠᠭ᠎ᠠ ᠵᠢ ᠨᠠᠷᠢᠨ ᠨᠢᠮᠪᠠᠢ ᠵᠣᠬᠢᠶᠠᠨ ᠪᠠᠶ᠋ᠢᠭᠤᠯᠵᠤ᠂ ᠲᠡᠭᠦᠨ᠎ᠢ ᠥᠪᠥᠷ ᠮᠣᠩᠭᠣᠯ᠎ᠤᠨ ᠠᠷᠠᠳ ᠲᠦᠮᠡᠨ᠎ᠤ ᠬᠠᠮᠤᠭ᠎ᠤᠨ ᠢᠯᠡ ᠲᠣᠳᠣ ᠤᠶᠤᠨ ᠰᠠᠨᠠᠭ᠋ᠠᠨ᠎ᠤ ᠪᠡᠯᠭᠡ ᠲᠡᠮᠲᠡᠭ ᠪᠣᠯᠭ᠋ᠠᠬᠤ ᠬᠡᠷᠡᠭᠲᠡᠢ᠃ ᠬᠣᠶᠠᠷ ᠵᠦᠢ᠍ᠯ᠎ᠤᠨ ᠵᠣᠷᠢᠭ ᠰᠠᠨᠠᠭ᠎ᠠ ᠵᠢ ᠨᠡᠶ᠋ᠢᠭᠡᠮ ᠵᠢᠷᠤᠮ᠎ᠤᠨ ᠭᠣᠣᠯᠯᠠᠭᠴᠢ ᠦᠷᠳᠡᠭ᠎ᠤᠨ ᠦᠵᠡᠯᠲᠡ ᠵᠢᠨ ᠬᠥᠮᠦᠵᠢᠯ᠎ᠳᠤ ᠠᠭᠤᠰᠤᠯᠴᠠᠭᠤᠯᠬᠤ᠂ ᠤᠯᠠᠨ ᠲᠦᠮᠡᠨᠴᠢ ᠴᠢᠨᠠᠷᠲᠠᠢ ᠤᠶᠤᠨ᠎ᠤ ᠪᠣᠯᠪᠠᠰᠤᠨ᠎ᠢ ᠡᠭᠦᠳᠦᠨ ᠪᠠᠶ᠋ᠢᠭᠤᠯᠬᠤ ᠵᠡᠷᠭᠡ ᠠᠵᠢᠯᠯᠠᠭ᠎ᠠ᠎ᠳᠤ ᠠᠭᠤᠰᠤᠯᠴᠠᠭᠤᠯᠬᠤ ᠵᠢ ᠠᠬᠢᠭᠤᠯᠵᠤ᠂ ᠺᠠᠳ᠋ᠷ ᠤᠯᠠᠨ ᠲᠦᠮᠡᠨ᠎ᠤ ᠠᠵᠢᠯ ᠬᠢᠵᠦ ᠦᠢ᠍ᠯᠡᠰ ᠪᠤᠰᠬᠠᠬᠤ ᠬᠦᠴᠦᠷᠬᠡᠭ ᠶᠡᠬᠡ ᠬᠥᠳᠡᠯᠭᠡᠬᠦ ᠬᠦᠴᠦᠨ ᠪᠣᠯᠭ᠋ᠠᠨ ᠨᠡᠩ ᠰᠠᠶ᠋ᠢᠲᠤᠷ ᠬᠤᠪᠢᠷᠠᠭᠤᠯᠬᠤ ᠬᠡᠷᠡᠭᠲᠡᠢ᠃
(ᠬᠣᠷᠢᠨ ᠵᠢᠷᠭᠤᠭ᠎ᠠ) ᠥᠪᠥᠷ ᠮᠣᠩᠭᠣᠯ᠎ᠤᠨ ᠰᠠᠶ᠋ᠢᠨ ᠰᠠᠶ᠋ᠢᠬᠠᠨ ᠳᠦᠷᠢ ᠲᠥᠷᠬᠦ ᠵᠢ ᠪᠦᠬᠦ ᠲᠠᠯ᠎ᠠ᠎ᠪᠠᠷ ᠪᠣᠶ ᠪᠣᠯᠭ᠋ᠠᠬᠤ ᠪᠠ ᠳᠡᠯᠭᠡᠨ ᠦᠵᠡᠭᠦᠯᠬᠦ ᠬᠡᠷᠡᠭᠲᠡᠢ᠃ ᠭᠤᠤᠯ ᠵᠠᠭᠤᠴᠢᠯᠠᠭᠤᠷ᠎ᠤᠨ ᠭᠤᠤᠯ ᠵᠢᠭᠰᠠᠭ᠋ᠠᠯ᠎ᠤᠨ ᠭᠠᠵᠠᠷ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠥᠪᠥᠷ ᠮᠣᠩᠭᠣᠯ᠎ᠤᠨ ᠬᠠᠷᠢᠴᠠᠩᠭᠤᠢ ᠳᠠᠪᠠᠭᠤᠯᠢᠭ᠂ ᠣᠨᠴᠠᠯᠢᠭᠲᠤ ᠲᠥᠷᠥᠯ ᠲᠡᠮᠳᠡᠭ᠂ ᠬᠥᠭᠵᠢᠯᠲᠡ ᠵᠢᠨ ᠠᠮᠵᠢᠯᠲᠠ ᠪᠦᠲᠦᠮᠵᠢ ᠵᠢ ᠪᠥᠬᠥ ᠲᠠᠯ᠎ᠠ᠎ᠪᠠᠷ ᠤᠬᠠᠭᠤᠯᠤᠨ ᠳᠡᠯᠭᠡᠨ ᠦᠵᠡᠭᠦᠯᠵᠦ᠂ ᠥᠪᠥᠷ ᠮᠣᠩᠭᠣᠯ᠎ᠤᠨ ᠠᠷᠠᠳ ᠲᠦᠮᠡᠨ᠎ᠤ ᠬᠠᠯᠠᠭᠤᠨ ᠰᠡᠳᠭᠢᠯᠭᠡ᠂ ᠡᠶ᠎ᠡ ᠨᠠᠶ᠋ᠢᠷᠠᠮᠳᠠᠭᠤ᠂ ᠦᠨᠡᠨᠴᠢ ᠢᠲᠡᠭᠡᠮᠵᠢᠲᠡᠶ᠂ ᠵᠣᠷᠢᠭᠲᠠᠶ ᠠᠵᠢᠯᠯᠠᠬᠤ ᠢᠯᠡ ᠲᠣᠳᠣ ᠣᠨᠴᠠᠯᠢᠭ᠎ᠢ ᠤᠬᠠᠭᠤᠯᠤᠨ ᠢᠯᠡᠷᠡᠭᠦᠯᠵᠦ᠂ 《ᠤᠮᠠᠷᠠᠲᠤ ᠬᠢᠯᠢ ᠵᠢᠨ ᠵᠢᠱ᠌ᠢᠶᠡᠴᠢ》᠂ ᠶᠣᠰᠣ ᠰᠤᠷᠲᠠᠬᠤᠨ᠎ᠤ ᠵᠢᠱ᠌ᠢᠶᠡᠴᠢ᠂ ᠬᠠᠮᠤᠭ᠎ᠤᠨ ᠭᠣᠶᠣ ᠬᠥᠮᠦᠨ᠂ 《ᠥᠪᠥᠷ ᠮᠣᠩᠭᠣᠯ᠎ᠤᠨ ᠰᠠᠶ᠋ᠢᠨ ᠬᠥᠮᠦᠨ》᠎ᠢ ᠰᠣᠩᠭᠣᠨ ᠪᠣᠶ ᠪᠣᠯᠭ᠋ᠠᠬᠤ ᠪᠠ ᠤᠬᠠᠭᠤᠯᠬᠤ ᠵᠢ ᠴᠢᠩᠭ᠋ᠠᠳᠬᠠᠵᠤ᠂ ᠥᠪᠥᠷ ᠮᠣᠩᠭᠣᠯ᠎ᠤᠨ ᠰᠦᠷᠯᠢᠭ ᠰᠠᠶ᠋ᠢᠬᠠᠨ ᠢᠷᠠᠭᠤ ᠰᠠᠶ᠋ᠢᠬᠠᠨ ᠰᠠᠶ᠋ᠢᠨ ᠰᠠᠶ᠋ᠢᠬᠠᠨ᠂ ᠢᠲᠡᠭᠡᠮᠵᠢᠲᠡᠶ ᠳᠣᠲᠣᠨᠣ ᠬᠠᠶ᠋ᠢᠷᠠᠯᠠᠯ᠎ᠲᠠᠢ ᠳᠦᠷᠢ ᠲᠥᠷᠬᠦ ᠵᠢ ᠱᠤᠭᠤᠵᠤ᠂ ᠥᠪᠥᠷ ᠮᠣᠩᠭᠣᠯ᠎ᠤᠨ ᠢᠷᠠᠭᠤ ᠠᠯᠳᠠᠷ᠎ᠤᠨ ᠬᠡᠮᠵᠢᠶ᠎ᠡ ᠪᠠ ᠨᠥᠯᠥᠭᠡᠯᠡᠬᠦ ᠬᠦᠴᠦᠨ᠎ᠢ ᠤᠯᠠᠮ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃
ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠥᠲᠥᠭᠡᠨ ᠪᠠᠶ᠋ᠢᠭᠤᠯᠬᠤ ᠪᠣᠯ ᠥᠪᠥᠷ ᠮᠣᠩᠭᠣᠯ᠎ᠤᠨ ᠡᠷᠬᠡᠪᠰᠢ ᠰᠠᠶ᠋ᠢᠲᠤᠷ ᠬᠢᠬᠦ ᠬᠡᠷᠡᠭᠲᠡᠶ ᠶᠡᠬᠡ ᠶᠠᠪᠤᠳᠠᠯ ᠮᠥᠨ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ ᠵᠶ᠋ᠠᠨ ᠨᠠᠩ ᠤᠬᠠᠮᠰᠠᠷ᠎ᠠᠴᠠ᠎ᠪᠠᠨ᠂ ᠨᠠᠩ ᠬᠦᠴᠦᠲᠡᠶ᠂ ᠨᠠᠩ ᠤᠳᠠᠭ᠋ᠠᠨ ᠳᠠᠭ᠋ᠠᠭ᠋ᠠᠮᠠᠭ᠋ᠠᠶ᠎ᠪᠠᠷ ᠬᠠᠶ᠋ᠢᠷᠠᠯᠠᠨ ᠬᠠᠮᠠᠭ᠋ᠠᠯᠠᠬᠤ ᠶᠠᠪᠤᠳᠠᠯ ᠮᠥᠨ᠃ ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠵᠣᠬᠢᠶᠠᠨ ᠪᠠᠶ᠋ᠢᠭᠤᠯᠵᠤ ᠤᠳᠤᠷᠢᠳᠬᠤ᠎ᠪᠠᠨ ᠴᠢᠩᠭ᠋ᠠᠳᠬᠠᠨ᠂ ᠠᠵᠢᠯ᠎ᠤᠨ ᠬᠠᠷᠢᠭᠤᠴᠠᠯᠭ᠎ᠠ᠎ᠪᠠᠨ ᠪᠣᠳᠠᠲᠠᠶ᠋ᠢᠵᠢᠭᠤᠯᠵᠤ᠂ ᠡᠯ᠎ᠡ ᠱᠠᠲᠤᠨ᠎ᠤ ᠤᠳᠤᠷᠢᠳᠬᠤ ᠺᠠᠳ᠋ᠷᠴᠤᠳ ᠪᠡᠶ᠎ᠡ᠎ᠪᠠᠷ ᠵᠶ᠋ᠠᠨ ᠬᠡᠪ ᠳᠠᠭᠤᠷᠢᠶᠠᠯ ᠦᠵᠡᠭᠦᠯᠦᠨ᠂ ᠪᠡᠶ᠎ᠡ᠎ᠪᠠᠷ ᠵᠶ᠋ᠠᠨ ᠦᠯᠢᠭᠡᠷ ᠳᠠᠭᠤᠷᠢᠶᠠᠯ ᠪᠤᠯᠵᠤ᠂ ᠥᠷᠭᠡᠨ ᠤᠯᠠᠨ ᠨᠠᠮ᠎ᠤᠨ ᠭᠡᠰᠢᠭᠦᠨ᠂ ᠺᠠᠳ᠋ᠷᠴᠤᠳ᠎ᠤᠨ ᠠᠭᠤᠯᠠ ᠲᠠᠭ᠋ᠠᠷᠠᠪᠠᠯ ᠵᠠᠮ ᠨᠡᠭᠡᠭᠡᠵᠦ ᠤᠰᠤ ᠲᠠᠭ᠋ᠠᠷᠠᠪᠠᠯ ᠬᠥᠭᠥᠷᠭᠡ ᠲᠠᠯᠪᠢᠬᠤ ᠡᠷᠴᠢ ᠵᠣᠷᠢᠭ ᠵᠶ᠋ᠠᠷ ᠬᠥᠭᠵᠢᠯᠲᠡ ᠵᠢᠨ ᠰᠢᠨ᠎ᠡ ᠣᠷᠣᠨ ᠵᠠᠢ ᠵᠢ ᠨᠡᠭᠡᠭᠡᠬᠦ ᠵᠢ ᠬᠥᠲᠥᠯᠦᠨ ᠳᠠᠭ᠋ᠠᠭᠤᠯᠬᠤ ᠬᠡᠷᠡᠭᠲᠡᠢ᠃ ᠥᠷᠯᠥ᠋ᠭᠡ ᠦᠳᠡᠰᠢ ᠵᠢ ᠲᠡᠮᠡᠴᠡᠬᠦ ᠡᠷᠡᠮᠡᠬᠡᠶ᠋ᠢᠯᠡᠨ ᠤᠷᠤᠭᠰᠢᠯᠠᠬᠤ ᠲᠦᠷᠢ ᠪᠠᠶ᠋ᠢᠳᠠᠯ᠎ᠢ ᠪᠠᠲᠤᠯᠠᠵᠤ᠂ ᠬᠡᠯᠡᠪᠡᠯ ᠬᠦᠳᠡᠯᠵᠦ᠂ ᠳᠠᠷᠤᠶ᠋ᠢᠬᠠᠨ ᠬᠢᠵᠦ᠂ ᠬᠢᠪᠡᠯ ᠰᠠᠶ᠋ᠢᠲᠤᠷ ᠬᠢᠵᠦ᠂ ᠪᠤᠰᠢᠭᠤ ᠱᠠᠯᠠᠮᠠᠭ᠋ᠠᠢ᠂ ᠬᠤᠷᠳᠤᠨ ᠮᠤᠷᠢᠨ᠎ᠳᠤ ᠲᠠᠰᠢᠭᠤᠷ ᠨᠡᠮᠡᠵᠦ ᠪᠠᠶ᠋ᠢᠭ᠋ᠠᠳ ᠠᠵᠢᠯ ᠬᠢᠵᠦ ᠦᠢ᠍ᠯᠡᠰ ᠪᠤᠰᠬᠠᠬᠤ ᠬᠤᠷᠳᠤᠴᠠ ᠵᠢ ᠲᠦᠷᠭᠡᠳᠭᠡᠬᠦ ᠬᠡᠷᠡᠭᠲᠡᠢ᠃ ᠪᠣᠳᠠᠲᠠᠶ ᠠᠵᠢᠯᠯᠠᠭ᠎ᠠ᠎ᠪᠠᠷ ᠤᠳᠤᠷᠢᠳᠤᠮᠵᠢ ᠪᠣᠯᠭ᠋ᠠᠬᠤ᠂ ᠦᠢ᠍ᠯᠡᠳᠦᠯᠭᠡ ᠵᠢᠨ ᠪᠠᠷᠢᠮᠵᠢᠶ᠎ᠠ᠂ ᠠᠮᠵᠢᠯᠲᠠ ᠵᠢᠨ ᠦᠨᠳᠦᠰᠦᠯᠡᠯ᠎ᠢ ᠪᠠᠷᠢᠮᠲᠠᠯᠠᠵᠤ᠂ ᠦᠨᠡᠨ ᠪᠣᠳᠠᠲᠤ ᠪᠠᠶ᠋ᠢᠳᠠᠯ᠎ᠢ ᠪᠠᠶ᠋ᠢᠴᠠᠭ᠋ᠠᠨ᠂ ᠪᠣᠳᠠᠲᠠᠶ ᠠᠷᠭ᠎ᠠ ᠭᠠᠷᠭ᠋ᠠᠵᠤ᠂ ᠪᠣᠳᠠᠲᠤ ᠶᠠᠪᠤᠳᠠᠯ ᠬᠢᠵᠦ᠂ ᠪᠣᠳᠠᠲᠤ ᠦᠷ᠎ᠡ ᠪᠦᠲᠦᠮᠵᠢ ᠵᠢ ᠡᠷᠬᠢᠮᠯᠡᠨ᠂ ᠡᠯ᠎ᠡ ᠵᠦᠢ᠍ᠯ᠎ᠤᠨ ᠬᠠᠷᠠᠯᠲᠠᠲᠤ ᠡᠭᠦᠷᠭᠡ ᠵᠢ ᠨᠠᠶ᠋ᠢᠳᠠᠪᠤᠷᠢᠵᠢᠭᠤᠯᠵᠤ ᠨᠠᠷᠢᠯᠢᠭᠵᠢᠭᠤᠯᠤᠨ ᠪᠣᠳᠠᠲᠠᠶ᠋ᠢᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠳ ᠵᠢᠯ ᠪᠦᠷᠢ ᠠᠵᠢᠯ᠎ᠤᠨ ᠲᠥᠯᠥᠪᠯᠡᠭᠡ ᠬᠢᠵᠦ᠂ ᠡᠭᠦᠷᠭᠡ ᠵᠢᠨ ᠨᠠᠷᠢᠨ ᠲᠠᠩᠰᠠ ᠭᠠᠷᠭ᠋ᠠᠨ᠂ ᠨᠠᠶ᠋ᠢᠳᠠᠪᠤᠷᠢᠵᠢᠭᠤᠯᠤᠯᠲᠠ ᠵᠢ ᠪᠦᠬᠦ ᠬᠦᠴᠦᠨ ᠵᠶ᠋ᠠᠷ ᠵᠶ᠋ᠠᠨ ᠠᠬᠢᠭᠤᠯᠵᠤ᠂ ᠵᠢᠯ᠎ᠤᠨ ᠡᠴᠦᠰ᠎ᠲᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠳᠤ ᠪᠡᠶᠡᠯᠡᠭᠦᠯᠦᠭᠰᠡᠨ ᠪᠠᠶ᠋ᠢᠳᠠᠯ ᠵᠶ᠋ᠠᠨ ᠮᠡᠳᠡᠭᠦᠯᠬᠦ ᠬᠡᠷᠡᠭᠲᠡᠶ᠃
ᠪᠦᠬᠦ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠪᠣᠯᠤᠨ ᠥᠷᠭᠡᠨ ᠤᠯᠠᠨ ᠨᠠᠮ᠎ᠤᠨ ᠭᠡᠰᠢᠭᠦᠨ᠂ ᠺᠠᠳ᠋ᠷ ᠰᠢ ᠵᠢᠨ ᠫᠢᠩ ᠨᠥᠬᠥᠷ ᠵᠶ᠋ᠠᠷ ᠭᠣᠣᠯ ᠪᠣᠯᠭ᠋ᠠᠭᠰᠠᠨ ᠨᠠᠮ᠎ᠤᠨ ᠲᠥᠪ ᠬᠤᠷᠢᠶ᠎ᠠ ᠵᠢᠨ ᠲᠣᠭᠣᠷᠢᠨ᠎ᠳᠤ ᠨᠡᠩ ᠨᠢᠭᠲᠠᠷᠠᠨ ᠪᠦᠯᠬᠦᠮᠳᠡᠵᠦ᠂ ᠪᠦᠬᠦ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠳᠠᠭ᠋ᠠᠭᠤᠯᠤᠨ ᠬᠦᠰᠡᠯ ᠨᠠᠶ᠋ᠢᠳᠠᠯᠭ᠎ᠠ ᠵᠢ ᠪᠠᠲᠤ ᠴᠡᠭᠡᠵᠢᠯᠡᠵᠦ᠂ ᠠᠴᠢ ᠡᠨᠡᠷᠢᠯ᠎ᠳᠤᠨᠢ ᠲᠠᠯᠠᠷᠬᠠᠨ ᠡᠷᠡᠮᠡᠬᠡᠶ᠋ᠢᠯᠡᠨ ᠤᠷᠤᠭᠰᠢᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠬᠡᠷᠡᠭᠲᠡᠢ!