ᠢᠯᠡ ᠵᠠᠰᠠᠭ   -   ᠪᠢᠴᠢᠭ ᠮᠠᠲ᠋ᠧᠷᠢᠶᠠᠯ
《ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠲᠤᠬᠠᠢ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠲᠤᠭᠲᠠᠭ᠋ᠠᠯ》᠎ᠤᠨ ᠲᠤᠬᠠᠶ ᠲᠣᠳᠣᠷᠬᠠᠶ᠋ᠢᠯᠠᠯᠲᠠ
ᠨᠡᠶ᠋ᠢᠲᠡᠯᠡᠭᠰᠡᠨ ᠴᠠᠭ᠄ 2023-07-11

                           (2023 ᠣᠨ᠎ᠤ 7 ᠰᠠᠷ᠎ᠠ ᠵᠢᠨ 3᠎ᠤ ᠡᠳᠦᠷ)                             

                                       ᠰᠦᠨ ᠱᠤᠤ ᠴᠸᠩ
                       
       ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠶ᠋ᠢᠩᠭᠤ ᠵᠢᠨ ᠬᠤᠷᠢᠶ᠎ᠠ ᠵᠢᠨ ᠨᠠᠶ᠋ᠢᠳᠠᠯᠭ᠎ᠠ᠎ᠪᠠᠷ ᠪᠢ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠲᠣᠭᠲᠠᠭ᠋ᠠᠯ》᠎ᠢ ᠲᠤᠭᠤᠷᠪᠢᠭᠰᠠᠨ ᠪᠠᠶ᠋ᠢᠳᠠᠯ᠎ᠤᠨ ᠲᠤᠬᠠᠢ ᠪᠦᠬᠦᠳᠠ ᠬᠤᠷᠠᠯ᠎ᠳᠤ ᠲᠣᠳᠣᠷᠬᠠᠶ᠋ᠢᠯᠠᠯᠲᠠ ᠬᠢᠶ᠎ᠡ᠃
       ᠨᠢᠭᠡ᠂ 《ᠲᠣᠭᠲᠠᠭ᠋ᠠᠯ》᠎ᠢ ᠲᠣᠭᠲᠠᠭ᠋ᠠᠵᠤ ᠨᠡᠶ᠋ᠢᠲᠡᠯᠡᠬᠦ ᠪᠣᠯ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠨᠢᠭᠡᠨ ᠴᠢᠬᠤᠯᠠ ᠶᠡᠬᠡ ᠠᠷᠭ᠎ᠠ ᠬᠡᠮᠵᠢᠶ᠎ᠡ ᠪᠣᠯᠤᠨ᠎ᠠ
       ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠰᠠᠶ᠋ᠢᠲᠤᠷ ᠪᠦᠳᠦᠭᠡᠨ ᠪᠠᠶ᠋ᠢᠭᠤᠯᠬᠤ ᠪᠣᠯ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠠᠯᠪᠢᠭᠰᠠᠨ ᠢᠮᠠᠭᠲᠠ ᠵᠢᠨ ᠱᠠᠭ᠋ᠠᠷᠳᠠᠯᠭ᠎ᠠ ᠪᠣᠯᠤᠨ᠎ᠠ᠃ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ ᠶᠡᠷᠦᠩᠬᠡᠶ ᠱᠦᠵᠢ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠰᠠᠶ᠋ᠢᠲᠤᠷ ᠪᠥᠲᠥᠭᠡᠨ ᠪᠠᠶ᠋ᠢᠭᠤᠯᠬᠤ ᠲᠤᠬᠠᠶ ᠣᠯᠠᠨ ᠤᠳᠠᠭ᠎ᠠ ᠲᠣᠳᠣᠷᠬᠠᠶ ᠱᠠᠭ᠋ᠠᠷᠳᠠᠯᠭ᠎ᠠ ᠳᠤᠷᠠᠳᠴᠤ᠂ ᠥᠪᠥᠷ ᠮᠣᠩᠭᠣᠯ᠎ᠤᠨ 《ᠦᠨᠳᠦᠰᠦᠲᠡᠨ᠎ᠨᠦᠭᠦᠳ᠎ᠤᠨ ᠠᠷᠠᠳ ᠲᠦᠮᠡᠨ ᠢᠮᠠᠭᠲᠠ ᠨᠠᠮ ᠵᠶ᠋ᠠᠨ ᠳᠠᠭ᠋ᠠᠵᠤ᠂ ᠨᠠᠮ᠎ᠤᠨ ᠲᠦᠪ ᠬᠤᠷᠢᠶ᠎ᠠ ᠵᠢ ᠳᠠᠭ᠋ᠠᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢ ᠭᠥᠷᠳᠡᠭᠰᠡᠨ ᠪᠥᠭᠡᠳ ᠣᠷᠳᠣ ᠬᠤᠭᠤᠴᠠᠭ᠎ᠠ᠎ᠪᠠᠷ ᠬᠠᠮᠠᠭ᠋ᠠᠯᠠᠪᠠ》 ᠭᠡᠵᠦ ᠵᠢᠭ᠋ᠠᠨ ᠭᠠᠷᠭ᠋ᠠᠵᠤ᠂ ᠥᠪᠥᠷ ᠮᠣᠩᠭᠣᠯ᠎ᠤᠨ ᠺᠠᠳ᠋ᠷ ᠣᠯᠠᠨ ᠲᠦᠮᠡᠨ᠎ᠳᠤ 《ᠢᠷᠠᠭᠤ ᠠᠯᠳᠠᠷ ᠵᠶ᠋ᠠᠨ ᠬᠤᠪᠢ ᠳᠠᠬᠢᠨ ᠨᠠᠨᠳᠢᠩᠨᠠᠵᠤ᠂ ᠬᠠᠷᠢᠭᠤᠴᠠᠯᠭ᠎ᠠ ᠡᠭᠦᠷᠭᠡᠯᠡᠯ ᠵᠶ᠋ᠠᠨ ᠴᠢᠩᠭ᠋ᠠᠳᠬᠠᠬᠤ ᠬᠡᠷᠡᠭᠲᠡᠶ》᠂ 《ᠰᠢᠨ᠎ᠡ ᠴᠠᠭ ᠦᠶ᠎ᠡ᠎ᠳᠤ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ ᠵᠶ᠋ᠠᠨ ᠦᠷᠭᠦᠯᠵᠢᠯᠡᠨ ᠪᠠᠲᠤᠯᠠᠬᠤ ᠬᠡᠷᠡᠭᠲᠡᠶ》 ᠭᠡᠵᠦ ᠵᠠᠬᠢᠪᠠ᠃ ᠡᠨᠡ ᠤᠳᠠᠭ᠎ᠠ ᠮᠠᠨ᠎ᠤ ᠣᠷᠣᠨ᠎ᠳᠤ ᠰᠢᠨᠵᠢᠯᠡᠨ ᠪᠠᠶ᠋ᠢᠴᠠᠭ᠋ᠠᠬᠤ᠎ᠳᠠᠭᠠᠨ ᠶᠡᠷᠦᠩᠬᠡᠢ ᠱᠦᠵᠢ 《ᠥᠪᠥᠷ ᠮᠣᠩᠭᠣᠯ ᠪᠣᠯ ᠮᠠᠨ᠎ᠤ ᠤᠯᠤᠰ᠎ᠤᠨ ᠬᠠᠮᠤᠭ᠎ᠤᠨ ᠡᠷᠲᠡ ᠪᠠᠶ᠋ᠢᠭᠤᠯᠤᠭᠳᠠᠭᠰᠠᠨ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ ᠮᠥᠨ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠬᠤ ᠪᠦᠳᠦᠭᠡᠨ ᠪᠠᠶ᠋ᠢᠭᠤᠯᠤᠯᠲᠠ ᠳᠤᠮᠳᠠ ᠰᠢᠨ᠎ᠡ ᠵᠠᠮ ᠨᠡᠭᠡᠭᠡᠬᠦ᠎ᠨᠢ ᠪᠦᠬᠦ ᠤᠯᠤᠰ᠂ ᠳᠡᠯᠡᠬᠡᠢ ᠳᠡᠭᠡᠷ᠎ᠡ ᠴᠥᠮ ᠴᠢᠬᠤᠯᠠ ᠨᠥᠯᠥ᠋ᠭᠡ᠎ᠲᠠᠢ ᠶᠤᠮ》 ᠭᠡᠵᠦ ᠵᠢᠭ᠋ᠠᠵᠤ ᠭᠠᠷᠭ᠋ᠠᠨ᠂ ᠪᠢᠳᠡᠨ᠎ᠢ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠦᠷᠭᠦᠯᠵᠢᠯᠡᠨ ᠰᠠᠶ᠋ᠢᠲᠤᠷ ᠪᠦᠳᠦᠭᠡᠨ ᠪᠠᠶ᠋ᠢᠭᠤᠯᠬᠤ ᠬᠡᠷᠡᠭᠲᠡᠢ》 ᠭᠡᠵᠦ ᠱᠠᠭ᠋ᠠᠷᠳᠠᠪᠠ᠃
      ᠨᠢᠳᠤᠨᠤᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠵᠢᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠨ ᠲᠣᠭᠣᠷᠢᠨ᠎ᠳᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠬᠣᠶᠠᠷ ᠶᠡᠬᠡ ᠶᠠᠪᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠦᠨ ᠬᠦᠴᠦ᠎ᠪᠠᠨ ᠲᠥᠪᠯᠡᠷᠡᠭᠦᠯᠵᠦ ᠰᠠᠶ᠋ᠢᠲᠤᠷ ᠬᠢᠬᠦ ᠬᠡᠷᠡᠭᠲᠡᠢ ᠭᠡᠵᠦ ᠰᠤᠳᠤᠯᠤᠨ ᠳᠤᠷᠠᠳᠪᠠ᠂ ᠡᠭᠦᠨ᠎ᠳᠤ ᠨᠢᠭᠡ᠎ᠨᠢ ᠳᠠᠷᠤᠢ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠶᠠᠪᠤᠳᠠᠯ ᠪᠣᠯᠤᠨ᠎ᠠ᠃ ᠨᠠᠮ᠎ᠤᠨ ᠬᠤᠷᠢᠶ᠎ᠠ ᠵᠢᠨ ᠪᠠᠶ᠋ᠢᠩᠭᠤ ᠵᠢᠨ ᠬᠣᠷᠢᠶ᠎ᠠ ᠡᠨᠡ ᠬᠦ᠌ ᠶᠡᠬᠡ ᠶᠠᠪᠤᠳᠠᠯ᠎ᠢ ᠰᠠᠶ᠋ᠢᠲᠤᠷ ᠬᠢᠬᠦ ᠪᠣᠯ ᠡᠷᠬᠢᠮ ᠳᠡᠭᠡᠳᠦ ᠢᠷᠠᠭᠤ ᠠᠯᠳᠠᠷ᠎ᠢ ᠨᠠᠩ ᠬᠦᠴᠦᠲᠡᠶ᠂ ᠨᠠᠩ ᠭᠦᠨ ᠭᠦᠨᠵᠡᠭᠡᠢ᠂ ᠨᠠᠩ ᠤᠳᠠᠭ᠋ᠠᠨ ᠳᠠᠭ᠋ᠠᠭ᠋ᠠᠮᠠᠭ᠋ᠠᠶ ᠬᠠᠮᠠᠭ᠋ᠠᠯᠠᠵᠤ ᠪᠠᠶ᠋ᠢᠭ᠎ᠠ ᠶᠠᠪᠤᠳᠠᠯ ᠶᠤᠮ᠃ ᠮᠠᠨ᠎ᠤ ᠨᠠᠮ᠎ᠤᠨ ᠤᠳᠤᠷᠢᠳᠤᠯᠭ᠎ᠠ ᠪᠣᠯᠤᠨ ᠮᠠᠨ᠎ᠤ ᠤᠯᠤᠰ᠎ᠤᠨ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠶ᠋ᠢᠭᠤᠯᠤᠯ᠎ᠤᠨ ᠢᠯᠡᠳᠲᠡ ᠳᠠᠪᠠᠭᠤᠯᠢᠭ᠎ᠢ ᠪᠥᠬᠥ ᠲᠠᠯ᠎ᠠ᠎ᠪᠠᠷ ᠢᠯᠡᠷᠡᠭᠦᠯᠬᠦ᠎ᠳᠤ᠂ ᠰᠢᠨ᠎ᠡ ᠴᠠᠭ ᠦᠶ᠎ᠡ ᠵᠢᠨ ᠥᠪᠥᠷ ᠮᠣᠩᠭᠣᠯ᠎ᠤᠨ ᠬᠠᠷᠢᠭᠤᠴᠠᠯᠭ᠎ᠠ ᠡᠭᠦᠷᠭᠡᠯᠡᠯ ᠪᠣᠯᠤᠨ ᠵᠢᠳᠬᠦᠯ ᠴᠢᠷᠮᠠᠶ᠋ᠢᠯᠭ᠎ᠠ ᠵᠢ ᠪᠥᠬᠥ ᠲᠠᠯ᠎ᠠ᠎ᠪᠠᠷ ᠢᠯᠡᠷᠡᠭᠦᠯᠬᠦ᠎ᠳᠤ᠂ ᠪᠥᠬᠥ ᠣᠷᠣᠨ ᠳᠠᠶᠠᠭ᠋ᠠᠷ᠎ᠢ ᠵᠣᠷᠢᠭᠵᠢᠭᠤᠯᠤᠨ ᠶᠡᠷᠦᠩᠬᠡᠶ ᠱᠦᠵᠢ ᠵᠢᠨ ᠵᠢᠭ᠋ᠠᠭᠰᠠᠨ ᠴᠢᠭᠯᠡᠯ ᠵᠶ᠋ᠠᠷ ᠡᠷᠡᠰ ᠭᠤᠶ᠋ᠢᠪᠢᠰᠢ ᠥᠬᠡᠶ ᠤᠷᠤᠭᠰᠢᠯᠠᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠬᠤ ᠪᠥᠲᠥᠭᠡᠨ ᠪᠠᠶ᠋ᠢᠭᠤᠯᠤᠯᠲᠠ᠎ᠳᠤ ᠰᠢᠨ᠎ᠡ ᠵᠠᠮ ᠨᠡᠭᠡᠭᠡᠬᠦ᠎ᠳᠤ ᠴᠢᠬᠤᠯᠠ ᠶᠡᠬᠡ ᠪᠥᠭᠡᠳ ᠠᠯᠤᠰ ᠬᠡᠲᠦ ᠵᠢᠨ ᠠᠴᠢ ᠬᠣᠯᠪᠣᠭᠳᠠᠯ᠎ᠲᠠᠢ ᠶᠤᠮ ᠭᠡᠵᠦ ᠦᠵᠡᠪᠡ᠃ ᠡᠨᠡ ᠬᠦ᠌ ᠶᠡᠬᠡ ᠶᠠᠪᠤᠳᠠᠯ᠎ᠢ ᠰᠠᠶ᠋ᠢᠳᠤᠷ ᠬᠢᠬᠦ᠎ᠳᠤ ᠶᠡᠷᠦᠩᠬᠡᠢ᠎ᠳᠤᠨᠢ ᠬᠠᠮᠢᠶᠠᠷᠬᠤ ᠪᠢᠴᠢᠭ ᠮᠠᠲ᠋ᠧᠷᠢᠶᠠᠯ ᠪᠠᠶ᠋ᠢᠬᠤ ᠬᠡᠷᠡᠭᠲᠡᠢ᠃ ᠪᠥᠬᠥ ᠤᠯᠤᠰ᠎ᠤᠨ 《ᠬᠣᠶᠠᠷ ᠬᠤᠷᠠᠯ》᠎ᠤᠨ ᠳᠠᠷᠠᠭ᠎ᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠳᠠᠷᠤᠶ ᠲᠤᠭᠲᠠᠭ᠋ᠠᠯ᠎ᠢ ᠲᠤᠭᠲᠠᠭ᠋ᠠᠬᠤ ᠠᠵᠢᠯ᠎ᠢ ᠭᠠᠷᠳᠠᠵᠤ ᠰᠤᠳᠤᠯᠤᠭᠰᠠᠨ ᠪᠥᠭᠡᠳ ᠲᠣᠭᠲᠠᠭ᠋ᠠᠯ᠎ᠤᠨ ᠨᠤᠤᠷᠠᠭ᠎ᠢ ᠬᠢᠨᠠᠨ ᠵᠥᠪᠯᠡᠬᠦ ᠵᠢ ᠡᠨᠡ ᠤᠳᠠᠭ᠎ᠠ ᠵᠢᠨ ᠪᠥᠬᠥᠳᠡ ᠬᠤᠷᠠᠯ᠎ᠤᠨ ᠴᠢᠬᠤᠯᠠ ᠵᠥᠪᠯᠡᠬᠦ ᠵᠦᠢ᠍ᠯ ᠪᠣᠯᠭ᠋ᠠᠵᠠᠶ᠃
      ᠬᠣᠶᠠᠷ᠂ ᠲᠣᠭᠲᠠᠭ᠋ᠠᠯ᠎ᠤᠨ ᠨᠤᠤᠷᠠᠭ᠎ᠢ ᠲᠤᠭᠤᠷᠪᠢᠭᠰᠠᠨ ᠶᠠᠪᠤᠴᠠ ᠪᠠ ᠦᠨᠳᠦᠰᠦᠨ ᠪᠦᠲᠦᠭᠦᠪᠴᠢ ᠲᠦᠰᠦᠪ
      ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠲᠣᠭᠲᠠᠭ᠋ᠠᠯ᠎ᠢ ᠲᠤᠭᠤᠷᠪᠢᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠪᠠ᠃ ᠨᠠᠮ᠎ᠤᠨ ᠬᠤᠷᠢᠶ᠎ᠠ ᠵᠢᠨ ᠪᠠᠶ᠋ᠢᠩᠭᠤ ᠵᠢᠨ ᠭᠡᠰᠢᠭᠦᠨ ᠵᠡᠷᠭᠡ ᠮᠤᠵᠢ ᠵᠢᠨ ᠱᠠᠲᠤᠨ᠎ᠤ ᠤᠳᠤᠷᠢᠳᠬᠤ ᠨᠥᠬᠥᠳ ᠪᠠᠶ᠋ᠢᠴᠠᠭ᠋ᠠᠨ ᠰᠤᠳᠤᠯᠤᠯᠲᠠ ᠵᠢ ᠭᠦᠨᠵᠡᠭᠡᠢ ᠥᠷᠨᠢᠭᠦᠯᠵᠦ᠂ ᠨᠢᠭᠡ ᠪᠦᠯᠦ᠋ᠭ ᠪᠠᠶ᠋ᠢᠴᠠᠭ᠋ᠠᠨ ᠰᠤᠳᠤᠯᠤᠯᠲᠠ ᠵᠢᠨ ᠦᠷ᠎ᠡ ᠪᠦᠲᠦᠭᠡᠯ᠎ᠢ ᠪᠤᠢ ᠪᠣᠯᠭ᠋ᠠᠵᠤ᠂ ᠲᠣᠭᠲᠠᠭ᠋ᠠᠯ᠎ᠢ ᠲᠤᠭᠤᠷᠪᠢᠬᠤ᠎ᠳᠤ ᠰᠠᠭᠤᠷᠢ ᠵᠢ ᠰᠠᠶ᠋ᠢᠳᠤᠷ ᠲᠠᠯᠪᠢᠵᠤ ᠥᠭᠴᠡᠢ᠃ ᠲᠤᠭᠤᠷᠪᠢᠬᠤ ᠳᠤᠭᠤᠶ᠋ᠢᠯᠠᠩ᠎ᠨᠢ ᠶᠡᠷᠦᠩᠬᠡᠶ ᠱᠦᠵᠢ ᠵᠢᠨ ᠥᠪᠥᠷ ᠮᠣᠩᠭᠣᠯ᠎ᠤᠨ ᠲᠤᠬᠠᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠪᠣᠯᠤᠨ ᠨᠠᠮ᠎ᠤᠨ ᠲᠥᠪ ᠬᠤᠷᠢᠶ᠎ᠠ ᠵᠢᠨ ᠬᠣᠯᠪᠣᠭᠳᠠᠯ ᠪᠥᠬᠥᠶ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠶ ᠰᠤᠷᠤᠯᠴᠠᠨ ᠰᠤᠳᠤᠯᠵᠤ᠂ ᠡᠯ᠎ᠡ ᠲᠠᠯ᠎ᠠ ᠵᠢᠨ ᠰᠤᠳᠤᠯᠭ᠋ᠠᠨ᠎ᠤ ᠦᠷ᠎ᠡ ᠪᠦᠲᠦᠭᠡᠯ ᠪᠣᠯᠤᠨ ᠰᠠᠨᠠᠯ ᠰᠠᠨᠠᠭᠤᠯᠭ᠎ᠠ ᠵᠢ ᠭᠦᠢ᠍ᠴᠡᠳ ᠰᠢᠩᠭᠡᠭᠡᠨ ᠠᠪᠴᠤ᠂ ᠲᠣᠭᠲᠠᠭ᠋ᠠᠯ᠎ᠤᠨ ᠰᠠᠨᠠᠯ ᠬᠤᠷᠢᠶᠠᠬᠤ ᠨᠤᠤᠷᠠᠭ᠎ᠢ ᠲᠤᠭᠤᠷᠪᠢᠨ ᠪᠢᠴᠢᠪᠡ᠃ 6 ᠰᠠᠷ᠎ᠠ ᠵᠢᠨ ᠰᠡᠭᠦᠯᠴᠢ᠎ᠠᠴᠠ ᠡᠬᠢᠯᠡᠨ᠂ ᠤᠷᠢᠳ ᠬᠣᠵᠢᠳ ᠲᠤᠰᠢᠶᠠᠯ᠎ᠳᠤ ᠪᠠᠶ᠋ᠢᠭ᠎ᠠ ᠮᠤᠵᠢ ᠵᠢᠨ ᠱᠠᠲᠤᠨ᠎ᠤ ᠤᠳᠤᠷᠢᠳᠬᠤ ᠨᠥᠬᠥᠳ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠭᠡᠰᠢᠭᠦᠨ᠂ ᠣᠷᠣᠯᠠᠭᠴᠢ ᠭᠡᠰᠢᠭᠦᠨ᠂ ᠡᠯ᠎ᠡ ᠠᠶ᠋ᠢᠮᠠᠭ ᠬᠣᠲᠠ᠂ ᠡᠯ᠎ᠡ ᠰᠠᠯᠠᠭ᠎ᠠ ᠮᠥᠴᠢᠷ ᠨᠢᠭᠡᠴᠢ ᠵᠢᠨ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ)᠂ ᠡᠯ᠎ᠡ ᠠᠷᠠᠳᠴᠢᠯᠠᠭᠰᠠᠨ ᠨᠠᠮ ᠪᠥᠯᠥᠭ᠂ ᠦᠢ᠍ᠯᠡᠳᠪᠦᠷᠢ ᠬᠤᠳᠠᠯᠳᠤᠭ᠋ᠠᠨ᠎ᠤ ᠬᠣᠯᠪᠣᠭ᠎ᠠ᠂ ᠨᠠᠮ ᠪᠥᠯᠥᠭ᠎ᠤᠨ ᠪᠤᠰᠤ ᠬᠥᠮᠦᠰ᠎ᠤᠨ ᠲᠥᠯᠥᠭᠡᠯᠡᠭᠴᠢ᠂ ᠮᠤᠵᠢ ᠵᠢᠨ ᠱᠠᠲᠤᠨ᠎ᠤ ᠠᠬᠠᠮᠠᠳ ᠨᠥᠬᠥᠳ ᠪᠠ ᠨᠢᠭᠡᠳᠦᠮᠡᠯ ᠹᠷᠣᠨᠲ ᠦᠨᠳᠦᠰᠦᠲᠡᠨ᠎ᠤ ᠠᠵᠢᠯ᠎ᠤᠨ ᠬᠦᠷᠢᠶ᠎ᠡ᠂ ᠬᠡᠰᠡᠭ ᠠᠶ᠋ᠢᠮᠠᠭ ᠬᠣᠲᠠ ᠵᠢᠨ ᠠᠵᠢᠯ᠎ᠠᠴᠠ᠎ᠪᠠᠨ ᠠᠮᠠᠷᠠᠭᠰᠠᠨ ᠺᠠᠳ᠋ᠷᠴᠤᠳ᠎ᠤᠨ ᠰᠠᠨᠠᠯ᠎ᠢ ᠬᠤᠷᠢᠶᠠᠪᠠ᠃ ᠲᠤᠭᠤᠷᠪᠢᠬᠤ ᠳᠤᠭᠤᠶ᠋ᠢᠯᠠᠩ ᠬᠤᠷᠢᠶᠠᠭᠰᠠᠨ ᠰᠠᠨᠠᠯ ᠰᠠᠨᠠᠭᠤᠯᠭ᠎ᠠ ᠵᠢ ᠨᠠᠷᠢᠨ ᠬᠢᠨᠠᠮᠠᠭ᠋ᠠᠢ ᠰᠤᠳᠤᠯᠵᠤ᠂ ᠬᠤᠷᠢᠶᠠᠪᠠᠰᠤ ᠵᠣᠬᠢᠬᠤ ᠵᠢ᠎ᠨᠢ ᠪᠦᠬᠦᠨ᠎ᠢ ᠬᠤᠷᠢᠶᠠᠪᠠ᠃ 6 ᠰᠠᠷ᠎ᠠ ᠵᠢᠨ 30᠎ᠤ ᠡᠳᠦᠷ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠶ᠋ᠢᠩᠭᠤ ᠵᠢᠨ ᠬᠤᠷᠢᠶ᠎ᠠ ᠵᠢᠨ ᠬᠤᠷᠠᠯ᠎ᠠᠴᠠ ᠲᠣᠭᠲᠠᠭ᠋ᠠᠯ᠎ᠤᠨ ᠨᠤᠤᠷᠠᠭ᠎ᠢ ᠰᠤᠳᠤᠯᠤᠨ ᠶᠠᠷᠢᠯᠴᠠᠵᠤ᠂ ᠵᠠᠰᠠᠪᠤᠷᠢ ᠣᠷᠣᠭᠤᠯᠵᠤ ᠲᠡᠭᠦᠯᠳᠡᠷᠵᠢᠭᠦᠯᠦ᠋ᠭᠰᠡᠨ᠎ᠤ ᠳᠠᠷᠠᠭ᠎ᠠ ᠲᠣᠰ ᠤᠳᠠᠭ᠎ᠠ ᠵᠢᠨ ᠪᠥᠬᠥᠳᠡ ᠬᠤᠷᠠᠯ᠎ᠳᠤ ᠳᠡᠪᠰᠢᠭᠦᠯᠵᠦ ᠬᠢᠨᠠᠨ ᠵᠥᠪᠯᠡᠭᠦᠯᠪᠡ᠃
      ᠲᠤᠭᠤᠷᠪᠢᠬᠤ ᠶᠠᠪᠤᠴᠠ᠎ᠳᠤ ᠳᠣᠣᠷᠠᠬᠢ ᠵᠠᠷᠴᠢᠮ᠎ᠢ ᠴᠢᠬᠤᠯᠠᠴᠢᠯᠠᠨ ᠡᠵᠡᠮᠳᠡᠪᠡ᠃ ᠨᠢᠭᠡ᠎ᠳᠤ ᠪᠥᠬᠥ ᠲᠠᠯ᠎ᠠ᠎ᠪᠠᠷ ᠪᠠᠷᠢᠮᠵᠢᠶᠠᠯᠠᠨ ᠬᠠᠷᠭᠤᠭᠤᠯᠪᠠ᠃ ᠶᠡᠷᠦᠩᠬᠡᠶ ᠱᠦᠵᠢ ᠵᠢᠨ ᠥᠪᠥᠷ ᠮᠣᠩᠭᠣᠯ᠎ᠤᠨ ᠲᠤᠬᠠᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ᠎ᠪᠠᠷ ᠦᠨᠳᠦᠰᠦᠨ ᠵᠢᠷᠤᠮᠯᠠᠯ ᠪᠣᠯᠭ᠋ᠠᠵᠤ᠂ ᠪᠦᠬᠦᠯᠢ ᠴᠣᠭᠴᠠ᠎ᠪᠠᠷ᠎ᠨᠢ ᠡᠵᠡᠮᠳᠡᠨ᠂ ᠨᠢᠭᠡ ᠴᠣᠭᠴᠠᠵᠢᠭᠤᠯᠤᠨ ᠲᠤᠭᠤᠰᠢᠯᠠᠭᠤᠯᠵᠤ᠂ ᠠᠯᠢ ᠠᠯᠢ ᠲᠠᠯ᠎ᠠ᠎ᠪᠠᠷ ᠵᠢᠱ᠌ᠢᠶᠡᠴᠢ ᠪᠣᠯᠬᠤ᠂ ᠶᠠᠮᠠᠷ ᠶᠠᠩᠵᠤ ᠵᠢᠨ ᠵᠢᠱ᠌ᠢᠶᠡᠴᠢ ᠪᠣᠯᠬᠤ ᠵᠢ ᠰᠤᠳᠤᠯᠤᠨ ᠳᠤᠷᠠᠳᠬᠤ᠎ᠳᠤ ᠴᠥᠮ ᠶᠡᠷᠦᠩᠬᠡᠶ ᠱᠦᠵᠢ ᠵᠢᠨ ᠴᠢᠬᠤᠯᠠ ᠵᠢᠭ᠋ᠠᠪᠤᠷᠢ ᠵᠢᠨ ᠱᠠᠭ᠋ᠠᠷᠳᠠᠯᠭ᠎ᠠ ᠵᠢ ᠴᠢᠩᠭ᠎ᠠ ᠵᠢᠷᠤᠮᠯᠡᠪᠠ᠃ ᠣᠨᠴᠠᠭ᠋ᠠᠶ᠋ᠢᠯᠠᠨ ᠶᠡᠷᠦᠩᠬᠡᠢ ᠱᠦᠵᠢ ᠵᠢᠨ ᠡᠨᠡ ᠵᠢᠯ ᠮᠠᠨ᠎ᠤ ᠣᠷᠣᠨ᠎ᠳᠤ ᠰᠢᠨᠵᠢᠯᠡᠨ ᠪᠠᠶ᠋ᠢᠴᠠᠭ᠋ᠠᠬᠤ ᠦᠶ᠎ᠡ᠎ᠳᠤ ᠭᠠᠷᠭ᠋ᠠᠭᠰᠠᠨ ᠰᠢᠨ᠎ᠡ ᠵᠢᠭ᠋ᠠᠪᠤᠷᠢ ᠰᠢᠨ᠎ᠡ ᠱᠠᠭ᠋ᠠᠷᠳᠠᠯᠭ᠎ᠠ ᠵᠢ ᠨᠢᠭᠡᠳ ᠨᠢᠭᠡ᠎ᠪᠠᠷ ᠰᠤᠳᠤᠯᠤᠨ ᠡᠮᠬᠢᠯᠡᠵᠦ᠂ ᠨᠢᠭᠡᠳ ᠨᠢᠭᠡ᠎ᠪᠠᠷ ᠰᠢᠩᠭᠡᠭᠡᠨ ᠤᠨᠳᠤᠤᠰᠢᠭᠤᠯᠵᠤ᠂ ᠡᠯ᠎ᠡ ᠵᠦᠢ᠍ᠯ᠎ᠤᠨ ᠠᠵᠢᠯ᠎ᠤᠨ ᠪᠠᠶ᠋ᠢᠷᠢᠯᠠᠭᠤᠯᠤᠯᠲᠠ᠎ᠳᠤ ᠲᠡᠷᠡ ᠶᠣᠰᠣᠭ᠋ᠠᠷ᠎ᠨᠢ ᠲᠤᠭᠤᠰᠢᠯᠠᠭᠤᠯᠪᠠ᠃ ᠬᠣᠶᠠᠷ᠎ᠲᠤ ᠲᠥᠪ ᠶᠣᠰᠣ ᠵᠢ ᠰᠠᠬᠢᠵᠦ ᠰᠢᠨ᠎ᠡ ᠵᠢ ᠡᠭᠦᠳᠬᠦ ᠵᠢ ᠪᠠᠷᠢᠮᠲᠠᠯᠠᠪᠠ᠃ ᠥᠩᠭᠡᠷᠡᠭᠰᠡᠨ᠎ᠤ ᠠᠵᠢᠯ᠎ᠤᠨ ᠰᠠᠭᠤᠷᠢᠨ ᠳᠡᠭᠡᠷ᠎ᠡ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠦᠲᠦᠭᠡᠯᠴᠢ ᠴᠢᠨᠠᠷᠲᠠᠢ᠎ᠪᠠᠷ ᠬᠦᠴᠢᠷ ᠠᠰᠠᠭᠤᠳᠠᠯ᠎ᠢ ᠰᠢᠢ᠍ᠳᠪᠦᠷᠢᠯᠡᠬᠦ᠂ ᠲᠣᠭᠲᠠᠴᠠ ᠪᠠᠶ᠋ᠢᠭᠤᠯᠬᠤ᠂ ᠨᠠᠶ᠋ᠢᠳᠠᠪᠤᠷᠢᠵᠢᠭᠤᠯᠤᠯᠲᠠ ᠵᠢ ᠠᠳᠬᠤᠬᠤ ᠰᠡᠳᠭᠢᠮᠵᠢ᠂ ᠠᠷᠭ᠎ᠠ ᠪᠠᠷᠢᠯ ᠪᠠ ᠠᠷᠭ᠎ᠠ ᠬᠡᠮᠵᠢᠶ᠎ᠡ ᠵᠢ ᠲᠥᠪᠯᠡᠷᠡᠭᠦᠯᠦ᠋ᠨ ᠢᠯᠡᠷᠡᠭᠦᠯᠪᠡ᠃ ᠥᠪᠡᠷᠲᠡᠭᠡᠨ ᠵᠠᠰᠠᠬᠤ ᠣᠷᠣᠨ᠎ᠤ ᠪᠥᠬᠥ ᠲᠠᠯ᠎ᠠ ᠪᠠ ᠠᠯᠤᠰ ᠬᠡᠲᠦ ᠵᠢᠨ ᠬᠥᠭᠵᠢᠯᠲᠡ᠎ᠳᠤ ᠬᠣᠯᠪᠣᠭᠳᠠᠬᠤ ᠴᠢᠬᠤᠯᠠ ᠶᠡᠬᠡ ᠠᠰᠠᠭᠤᠳᠠᠯ ᠪᠠ ᠭᠤᠤᠯᠳᠠᠯᠭ᠎ᠠ᠎ᠲᠠᠢ ᠠᠵᠢᠯ᠎ᠤᠨ ᠲᠤᠬᠠᠶ ᠲᠣᠭᠲᠠᠭ᠋ᠠᠯ᠎ᠤᠨ ᠨᠤᠤᠷᠠᠭ᠎ᠲᠤ ᠵᠠᠷᠢᠮ᠎ᠨᠢ ᠲᠣᠳᠣᠷᠬᠠᠶ ᠪᠠᠶ᠋ᠢᠷᠢᠯᠠᠭᠤᠯᠤᠯᠲᠠ ᠬᠢᠵᠦ᠂ ᠵᠠᠷᠢᠮ᠎ᠨᠢ ᠴᠢᠭᠯᠡᠯ᠎ᠤᠨ ᠴᠢᠨᠠᠷᠲᠠᠶ ᠱᠠᠭ᠋ᠠᠷᠳᠠᠯᠭ᠎ᠠ ᠳᠤᠷᠠᠳᠴᠤ᠂ ᠠᠵᠢᠯ᠎ᠤᠨ ᠦᠷᠭᠦᠯᠵᠢᠯᠡᠬᠦ ᠴᠢᠨᠠᠷ ᠪᠠ ᠲᠣᠭᠲᠠᠪᠤᠷᠢᠲᠤ ᠴᠢᠨᠠᠷ᠎ᠢ ᠪᠠᠲᠤᠯᠠᠭᠰᠠᠨ ᠮᠥᠷᠲᠡᠭᠡᠨ ᠪᠠᠰᠠ ᠠᠵᠢᠯ᠎ᠤᠨ ᠰᠢᠨ᠎ᠡ ᠵᠢ ᠡᠭᠦᠳᠬᠦ ᠴᠢᠨᠠᠷ ᠪᠠ ᠨᠡᠭᠡᠭᠡᠯᠲᠡᠲᠦ ᠴᠢᠨᠠᠷ᠎ᠢ ᠢᠯᠡᠷᠡᠭᠦᠯᠵᠦ᠂ ᠡᠭᠦᠨ ᠵᠶ᠋ᠠᠷ ᠪᠥᠬᠥ ᠣᠷᠣᠨ ᠳᠠᠶᠠᠭ᠋ᠠᠷ᠎ᠤᠨ ᠪᠥᠬᠥ ᠬᠦᠴᠦᠨ ᠵᠶ᠋ᠠᠷ ᠵᠶ᠋ᠠᠨ ᠨᠠᠶ᠋ᠢᠳᠠᠪᠤᠷᠢᠵᠢᠭᠤᠯᠤᠯᠲᠠ ᠵᠢ ᠠᠳᠬᠤᠵᠤ᠂ ᠨᠢᠭᠡ ᠵᠢᠷᠤᠭ ᠲᠥᠰᠦᠪ᠎ᠢ ᠡᠴᠦᠰ᠎ᠲᠤᠨᠢ ᠲᠤᠯᠲᠠᠯ᠎ᠠ ᠵᠢᠷᠤᠭᠯᠠᠬᠤ ᠵᠢ ᠨᠠᠩ ᠰᠠᠶ᠋ᠢᠲᠤᠷ ᠬᠥᠲᠥᠯᠦᠨ ᠵᠢᠯᠣᠭᠣᠳᠪᠠ᠃ ᠭᠤᠷᠪᠠ᠎ᠳᠤ ᠭᠤᠤᠯᠳᠠᠯᠭ᠎ᠠ ᠪᠠ ᠵᠠᠩᠭᠢᠯᠠᠭ᠎ᠠ ᠵᠢ ᠳᠣᠪᠣᠶ᠋ᠢᠯᠭ᠋ᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠤᠨ ᠲᠤᠭᠤᠰᠢᠯᠠᠭᠤᠯᠬᠤ 《ᠲᠣᠭᠲᠠᠭ᠋ᠠᠯ》᠎ᠳᠤ ᠭᠠᠷᠭ᠋ᠠᠭᠰᠠᠨ ᠴᠢᠬᠤᠯᠠ ᠶᠡᠬᠡ ᠪᠠᠶ᠋ᠢᠷᠢᠯᠠᠭᠤᠯᠤᠯᠲᠠ᠎ᠲᠠᠢ ᠨᠢᠭᠲᠠ ᠵᠣᠯᠭ᠋ᠠᠭᠤᠯᠬᠤ ᠵᠢ ᠪᠠᠷᠢᠮᠲᠠᠯᠠᠵᠤ᠂ ᠨᠢᠭᠡᠨᠲᠡ ᠲᠣᠳᠣᠷᠬᠠᠶ ᠪᠠᠶ᠋ᠢᠷᠢᠯᠠᠭᠤᠯᠤᠭᠰᠠᠨ᠎ᠢ᠎ᠨᠢ ᠲᠣᠭᠲᠠᠭ᠋ᠠᠯ᠎ᠤᠨ ᠨᠤᠤᠷᠠᠭ᠎ᠲᠤ ᠳᠠᠭᠢᠵᠤ ᠪᠣᠳᠠᠲᠠᠶ ᠲᠤᠷᠠᠳᠬᠤ ᠥᠬᠡᠶ ᠪᠠᠶ᠋ᠢᠵᠤ᠂ ᠭᠤᠤᠯᠳᠠᠭᠤ ᠶᠡᠬᠡ ᠶᠠᠪᠤᠳᠠᠯ ᠴᠢᠬᠤᠯᠠ ᠶᠠᠪᠤᠳᠠᠯ᠎ᠳᠤ ᠭᠤᠤᠯ᠎ᠢ᠎ᠨᠢ ᠠᠳᠬᠤᠵᠤ ᠭᠤᠤᠯᠳᠠᠯᠭ᠎ᠠ ᠵᠢ᠎ᠨᠢ ᠲᠤᠷᠠᠳᠬᠤ ᠪᠠᠶ᠋ᠢᠷᠢᠯᠠᠭᠤᠯᠤᠯᠲᠠ ᠬᠢᠵᠦ᠂ ᠲᠠᠯ᠎ᠠ ᠪᠦᠬᠦᠨ᠎ᠢ ᠬᠠᠮᠤᠷᠤᠬᠰᠠᠨ ᠦᠭᠡᠢ᠃ ᠡᠭᠦᠨ᠎ᠤ ᠬᠠᠮᠲᠤ 《ᠣᠬᠣᠷ ᠪᠣᠳᠠᠲᠠᠶ ᠰᠢᠨ᠎ᠡ》 ᠵᠣᠬᠢᠶᠠᠯ᠎ᠤᠨ ᠰᠤᠷᠲᠠᠯ᠎ᠢ ᠪᠠᠷᠢᠮᠲᠠᠯᠠᠵᠤ᠂ ᠲᠣᠪᠴᠢ ᠲᠤᠳᠤᠷᠠᠭᠤᠨ ᠪᠠᠶ᠋ᠢᠬᠤ ᠵᠢ ᠡᠷᠬᠢᠮᠯᠡᠪᠡ᠃
      ᠲᠣᠭᠲᠠᠭ᠋ᠠᠯ᠎ᠤᠨ ᠨᠣᠣᠷᠠᠭ᠎ᠨᠢ ᠤᠳᠤᠷᠢᠳᠬᠠᠯ ᠪᠠ ᠲᠡᠭᠦᠰᠭᠡᠯ᠎ᠤᠨ ᠦᠭᠡ᠎ᠠᠴᠠ ᠭᠠᠳᠠᠨ᠎ᠠ ᠨᠡᠶ᠋ᠢᠲᠡ 7 ᠬᠡᠰᠡᠭ᠂ 26 ᠵᠦᠢ᠍ᠯ᠎ᠲᠠᠢ᠂ ᠭᠤᠤᠯᠳᠠᠭᠤ ᠨᠠᠮ᠎ᠤᠨ ᠠᠴᠢ ᠡᠨᠡᠷᠢᠯ᠎ᠳᠤ ᠲᠠᠯᠠᠷᠬᠠᠵᠤ ᠨᠠᠮ᠎ᠤᠨ ᠦᠭᠡ ᠵᠢ ᠰᠣᠨᠣᠰᠴᠤ᠂ ᠶᠡᠷᠦᠩᠬᠡᠢ ᠱᠦᠵᠢ ᠰᠢ ᠵᠢᠨ ᠫᠢᠩ᠎ᠢ ᠳᠠᠭ᠋ᠠᠵᠤ ᠰᠢᠨ᠎ᠡ ᠠᠶᠠᠨ᠎ᠳᠤ ᠡᠷᠡᠮᠡᠬᠡᠶ᠋ᠢᠯᠡᠨ ᠤᠷᠤᠭᠰᠢᠯᠠᠬᠤ ᠲᠠᠯ᠎ᠠ᠎ᠪᠠᠷ ᠵᠢᠱ᠌ᠢᠶᠡᠴᠢ ᠪᠣᠯᠬᠤ ᠬᠡᠷᠡᠭᠳᠠᠢ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠲᠠᠯ᠎ᠠ᠎ᠪᠠᠷ ᠵᠢᠱ᠌ᠢᠶᠡᠴᠢ ᠪᠤᠯᠬᠤ ᠬᠡᠷᠡᠭᠳᠠᠢ᠂ ᠦᠨᠳᠦᠰᠦᠲᠡᠨ᠎ᠤ ᠭᠠᠵᠠᠷ ᠣᠷᠣᠨ᠎ᠳᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠬᠤ ᠪᠦᠲᠦᠭᠡᠨ ᠪᠠᠶ᠋ᠢᠭᠤᠯᠤᠯᠲᠠ ᠵᠢ ᠠᠬᠢᠭᠤᠯᠬᠤ ᠲᠠᠯ᠎ᠠ᠎ᠪᠠᠷ ᠵᠢᠱ᠌ᠢᠶᠡᠴᠢ ᠪᠤᠯᠬᠤ ᠬᠡᠷᠡᠭᠳᠠᠢ᠂ ᠬᠢᠯᠢ ᠬᠢᠵᠠᠭ᠋ᠠᠷ᠎ᠤᠨ ᠦᠨᠳᠦᠰᠦᠲᠡᠨ᠎ᠤ ᠭᠠᠵᠠᠷ ᠣᠷᠣᠨ᠎ᠤ ᠬᠠᠮᠲᠤ᠎ᠪᠠᠷ ᠪᠠᠶᠠᠵᠢᠬᠤ ᠵᠠᠮ ᠳᠡᠭᠡᠷ᠎ᠡ ᠵᠢᠱ᠌ᠢᠶᠡᠴᠢ ᠪᠣᠯᠬᠤ ᠬᠡᠷᠡᠭᠲᠡᠶ᠂ ᠬᠢᠯᠢ ᠬᠢᠵᠠᠭ᠋ᠠᠷ᠎ᠢ ᠬᠥᠭᠵᠢᠭᠦᠯᠵᠦ ᠬᠢᠯᠢ ᠬᠢᠵᠠᠭ᠋ᠠᠷ᠎ᠢ ᠲᠣᠭᠲᠠᠪᠤᠷᠢᠵᠢᠭᠤᠯᠵᠤ ᠬᠢᠯᠢ ᠬᠢᠵᠠᠭ᠋ᠠᠷ᠎ᠢ ᠪᠡᠬᠢᠵᠢᠭᠦᠯᠬᠦ ᠲᠠᠯ᠎ᠠ᠎ᠪᠠᠷ ᠵᠢᠱ᠌ᠢᠶᠡᠴᠢ ᠪᠣᠯᠬᠤ ᠬᠡᠷᠡᠭᠲᠡᠶ᠂ ᠬᠢᠯᠢ ᠬᠢᠵᠠᠭ᠋ᠠᠷ ᠣᠷᠣᠨ᠎ᠳᠤ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠤᠤᠰ ᠣᠷᠴᠢᠯ᠎ᠢ ᠬᠣᠯᠪᠣᠨ ᠨᠡᠪᠲᠡᠷᠡᠭᠦᠯᠬᠦ ᠲᠠᠯ᠎ᠠ᠎ᠪᠠᠷ ᠵᠢᠱ᠌ᠢᠶᠡᠴᠢ ᠪᠣᠯᠬᠤ ᠬᠡᠷᠡᠭᠲᠡᠶ᠂ ᠰᠢᠨ᠎ᠡ ᠰᠤᠷᠲᠠᠯ ᠲᠥᠪ ᠤᠪᠤᠷ᠎ᠢ ᠪᠠᠳᠠᠷᠠᠭᠤᠯᠬᠤ ᠲᠠᠯ᠎ᠠ᠎ᠪᠠᠷ ᠵᠢᠱ᠌ᠢᠶᠡᠴᠢ ᠪᠣᠯᠬᠤ ᠬᠡᠷᠡᠭᠳᠠᠢ ᠵᠡᠷᠭᠡ 7 ᠲᠠᠯ᠎ᠠ᠎ᠪᠠᠷ ᠪᠠᠶ᠋ᠢᠷᠢᠯᠠᠭᠤᠯᠤᠯᠲᠠ ᠬᠢᠵᠤ᠂ ᠱᠠᠭ᠋ᠠᠷᠳᠠᠯᠭ᠎ᠠ ᠳᠤᠷᠠᠳᠴᠤ᠂ ᠣᠷᠣᠨ ᠳᠠᠶᠠᠭ᠋ᠠᠷ ᠵᠶ᠋ᠠᠨ ᠪᠥᠬᠥ ᠲᠠᠯ᠎ᠠ᠎ᠪᠠᠷ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠲᠥᠭᠡᠨ ᠪᠠᠶ᠋ᠢᠭᠤᠯᠬᠤ ᠡᠨᠡ ᠬᠦ᠌ ᠶᠡᠬᠡ ᠶᠠᠪᠤᠳᠠᠯ᠎ᠢ ᠰᠠᠶ᠋ᠢᠲᠤᠷ ᠬᠢᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠰᠦᠭᠡᠢ ᠭᠡᠵᠤ ᠤᠷᠢᠶᠠᠯᠠᠵᠠᠢ᠃
      ᠭᠤᠷᠪᠠ᠂ ᠲᠣᠳᠣᠷᠬᠠᠶ᠋ᠢᠯᠠᠬᠤ ᠴᠢᠬᠤᠯᠠᠲᠠᠢ ᠬᠡᠳᠦᠨ ᠠᠰᠠᠭᠤᠳᠠᠯ
      ᠨᠢᠭᠡᠳᠦᠭᠡᠷ᠎ᠲᠤ᠂ ᠬᠣᠶᠠᠷ ᠶᠡᠬᠡ ᠶᠠᠪᠤᠳᠠᠯ᠎ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠲᠤᠬᠠᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠬᠣᠶᠠᠷ ᠶᠡᠬᠡ ᠶᠠᠪᠤᠳᠠᠯ ᠪᠣᠯ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠨᠠᠶ᠋ᠢᠳᠠᠪᠤᠷᠢᠵᠢᠭᠤᠯᠬᠤ ᠶᠡᠷᠦᠩᠬᠡᠶ᠋ᠢᠯᠡᠨ ᠵᠢᠯᠣᠭᠣᠳᠬᠤ ᠴᠢᠨᠠᠷᠲᠠᠢ ᠱᠠᠭ᠋ᠠᠷᠳᠠᠯᠭ᠎ᠠ ᠪᠣᠯᠤᠨ᠎ᠠ᠂ ᠥᠪᠥᠷ ᠮᠣᠩᠭᠣᠯ᠎ᠤᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠣᠳᠣᠬᠢᠴᠢᠯᠠᠬᠤ ᠪᠦᠳᠦᠭᠡᠨ ᠪᠠᠶ᠋ᠢᠭᠤᠯᠤᠯᠲᠠ ᠳᠤᠮᠳᠠ ᠰᠢᠨ᠎ᠡ ᠵᠠᠮ ᠨᠡᠭᠡᠭᠡᠬᠦ ᠵᠠᠩᠭᠢᠯᠠᠭ᠎ᠠ ᠵᠢᠨ ᠴᠢᠨᠠᠷᠲᠠᠢ ᠭᠠᠷᠳᠠᠴᠠ ᠪᠣᠯᠤᠨ᠎ᠠ᠃ ᠥᠪᠥᠷ ᠮᠣᠩᠭᠣᠯ᠎ᠤᠨ ᠬᠣᠶ᠋ᠢᠰᠢᠳᠠ ᠵᠢᠨ ᠬᠥᠭᠵᠢᠯᠲᠡ ᠪᠦᠳᠦᠭᠡᠨ ᠪᠠᠶ᠋ᠢᠭᠤᠯᠤᠯᠲᠠ ᠬᠢᠷᠢ ᠵᠡᠷᠭᠡ ᠪᠠᠶ᠋ᠢᠬᠤ᠂ ᠨᠠᠮ ᠪᠣᠯᠤᠨ ᠤᠯᠤᠰ᠎ᠤᠨ ᠠᠵᠢᠯ᠎ᠤᠨ ᠶᠡᠬᠡ ᠲᠠᠯ᠎ᠠ᠎ᠳᠤ ᠨᠡᠩ ᠬᠤᠪᠢ ᠵᠢᠨ ᠵᠢᠩ᠎ᠲᠠᠢ ᠪᠠᠶ᠋ᠢᠵᠤ ᠴᠢᠳᠠᠬᠤ ᠡᠰᠡᠬᠦ ᠵᠢᠨ ᠵᠠᠩᠭᠢᠯᠠᠭ᠎ᠠ᠎ᠨᠢ ᠡᠨᠡ ᠬᠣᠶᠠᠷ ᠶᠡᠬᠡ ᠶᠠᠪᠤᠳᠠᠯ᠎ᠢ ᠬᠢᠷᠢ ᠵᠡᠷᠭᠡ ᠬᠢᠬᠦ᠎ᠳᠤ ᠪᠠᠶ᠋ᠢᠨ᠎ᠠ ᠭᠡᠵᠤ ᠴᠢᠬᠤᠯᠠᠴᠢᠯᠠᠵᠠᠢ᠃
      ᠬᠣᠶᠠᠷ ᠶᠡᠬᠡ ᠶᠠᠪᠤᠳᠠᠯ᠎ᠢ ᠨᠡᠩ ᠰᠠᠶ᠋ᠢᠲᠤᠷ ᠠᠬᠢᠭᠤᠯᠬᠤ᠎ᠳᠤ ᠡᠩ ᠲᠡᠷᠢᠭᠦᠨ᠎ᠳᠤ ᠡᠨᠡ ᠬᠤᠶᠠᠷ᠎ᠤᠨ ᠬᠣᠭᠣᠷᠣᠨᠳᠣᠬᠢ ᠣᠷᠭ᠋ᠠᠨᠢᠭ ᠨᠢᠭᠡᠳᠦᠯ᠎ᠤᠨ ᠬᠠᠷᠢᠴᠠᠭ᠎ᠠ ᠵᠢ ᠰᠠᠶ᠋ᠢᠲᠤᠷ ᠡᠵᠡᠮᠳᠡᠬᠦ ᠬᠡᠷᠡᠭᠲᠡᠢ᠃ 《ᠲᠠᠪᠤᠨ ᠶᠡᠬᠡ ᠡᠭᠦᠷᠭᠡ》 ᠪᠤᠯ ᠭᠣᠣᠯᠳᠠᠭᠤ ᠶᠡᠷᠦᠩᠬᠡᠢ ᠱᠦᠵᠢ ᠵᠢᠨ ᠥᠪᠥᠷ ᠮᠣᠩᠭᠣᠯ᠎ᠤᠨ ᠠᠵᠤ ᠠᠬᠤᠢ᠂ ᠨᠡᠶ᠋ᠢᠭᠡᠮ᠂ ᠠᠮᠢ ᠠᠬᠤᠢ ᠵᠡᠷᠭᠡ ᠲᠠᠯ᠎ᠠ ᠵᠢᠨ ᠪᠦᠳᠦᠭᠡᠨ ᠪᠠᠶ᠋ᠢᠭᠤᠯᠤᠯᠲᠠ ᠵᠢᠨ ᠡᠭᠦᠷᠭᠡ ᠵᠢ ᠨᠠᠶ᠋ᠢᠳᠠᠪᠤᠷᠢᠵᠢᠭᠤᠯᠬᠤ ᠶᠠᠪᠤᠳᠠᠯ ᠪᠤᠯᠤᠨ᠎ᠠ; ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠪᠤᠯ ᠭᠣᠣᠯᠳᠠᠭᠤ ᠶᠡᠷᠦᠩᠬᠡᠢ ᠱᠦᠵᠢ ᠵᠢᠨ ᠥᠪᠥᠷ ᠮᠣᠩᠭᠣᠯ᠎ᠤᠨ ᠲᠤᠬᠠᠢ ᠵᠢᠭ᠋ᠠᠪᠤᠷᠢ ᠱᠠᠭ᠋ᠠᠷᠳᠠᠯᠭ᠎ᠠ ᠵᠢ ᠰᠢᠰᠲ᠋ᠧᠮ᠎ᠲᠠᠢ ᠨᠠᠶ᠋ᠢᠳᠠᠪᠤᠷᠢᠵᠢᠭᠤᠯᠬᠤ ᠶᠠᠪᠤᠳᠠᠯ ᠪᠤᠯᠤᠨ᠎ᠠ᠂ ᠪᠦᠬᠦ ᠲᠠᠯ᠎ᠠ ᠵᠢᠨ ᠶᠤᠮ᠃ ᠲᠣᠭᠲᠠᠭ᠋ᠠᠯ᠎ᠤᠨ ᠨᠤᠤᠷᠠᠭ᠎ᠲᠤ ᠨᠠᠮ᠎ᠤᠨ ᠪᠠᠶ᠋ᠢᠭᠤᠯᠤᠯᠲᠠ᠂ ᠤᠯᠤᠰ ᠲᠦᠷᠦ᠂ ᠰᠣᠶᠣᠯ ᠵᠡᠷᠭᠡ ᠲᠠᠯ᠎ᠠ ᠵᠢᠨ ᠠᠭᠤᠯᠭ᠎ᠠ᠎ᠪᠠᠷ ᠭᠤᠤᠯᠳᠠᠭᠤᠯᠤᠭᠰᠠᠨ ᠶᠤᠮ᠃ ᠲᠤᠰ ᠬᠤᠶᠠᠷ ᠶᠡᠬᠡ ᠶᠠᠪᠤᠳᠠᠯ᠎ᠨᠢ ᠬᠠᠷᠢᠯᠴᠠᠨ ᠰᠤᠯᠪᠢᠴᠠᠵᠤ᠂ ᠬᠠᠷᠢᠯᠴᠠᠨ ᠲᠦᠰᠢᠯᠴᠡᠵᠤ᠂ ᠬᠠᠷᠢᠯᠴᠠᠨ ᠠᠬᠢᠭᠤᠯᠳᠠᠭ᠃ 《ᠲᠠᠪᠤᠨ ᠶᠡᠬᠡ ᠡᠭᠦᠷᠭᠡ》 ᠵᠢ ᠨᠠᠶ᠋ᠢᠳᠠᠪᠤᠷᠢᠵᠢᠭᠤᠯᠬᠤ ᠪᠣᠯ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠥᠲᠥᠭᠡᠨ ᠪᠠᠶ᠋ᠢᠭᠤᠯᠬᠤ ᠵᠢᠨ ᠲᠤᠯᠭ᠋ᠠᠭᠤᠷᠢᠯᠠᠯ ᠮᠥᠨ᠂ 《ᠲᠠᠪᠤᠨ ᠶᠡᠬᠡ ᠡᠭᠦᠷᠭᠡ》 ᠵᠢ ᠰᠠᠶ᠋ᠢᠲᠤᠷ ᠪᠡᠶᠡᠯᠡᠭᠦᠯᠪᠡᠯ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠥᠲᠥᠭᠡᠨ ᠪᠠᠶ᠋ᠢᠭᠤᠯᠬᠤ᠎ᠳᠤ ᠪᠠᠲᠤ ᠪᠠᠬᠢ ᠰᠠᠭᠤᠷᠢ ᠢᠯᠠᠩᠭᠤᠶ᠎ᠠ ᠪᠣᠳᠠᠰ᠎ᠤᠨ ᠰᠠᠭᠤᠷᠢ᠎ᠲᠠᠢ ᠪᠣᠯᠤᠨ᠎ᠠ; ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠥᠲᠥᠭᠡᠨ ᠪᠠᠶ᠋ᠢᠭᠤᠯᠬᠤ᠎ᠨᠢ 《ᠲᠠᠪᠤᠨ ᠶᠡᠬᠡ ᠡᠭᠦᠷᠭᠡ》 ᠵᠢ ᠨᠠᠶ᠋ᠢᠳᠠᠪᠤᠷᠢᠵᠢᠭᠤᠯᠬᠤ᠎ᠳᠤ ᠵᠢᠯᠣᠭᠣᠳᠤᠮᠵᠢ ᠬᠠᠩᠭ᠋ᠠᠵᠤ᠂ ᠡᠯ᠎ᠡ ᠬᠦᠷᠢᠶ᠎ᠡ ᠡᠯ᠎ᠡ ᠲᠠᠯ᠎ᠠ᠎ᠪᠠᠷ ᠴᠥᠮ ᠵᠢᠱ᠌ᠢᠶᠡᠴᠢ ᠵᠢᠨ ᠳᠦᠷᠢ ᠲᠥᠷᠬᠦ ᠵᠢ ᠢᠯᠡᠷᠡᠭᠦᠯᠵᠦ᠂ 《ᠲᠠᠪᠤᠨ ᠶᠡᠬᠡ ᠡᠭᠦᠷᠭᠡ》᠎ᠨᠢ ᠨᠠᠩ ᠬᠦᠴᠦᠲᠡᠶ ᠪᠠᠲᠤᠯᠠᠭ᠎ᠠ᠎ᠲᠠᠢ ᠪᠣᠯᠤᠨ᠎ᠠ᠃ ᠬᠣᠶᠠᠷ ᠶᠡᠬᠡ ᠶᠠᠪᠤᠳᠠᠯ᠎ᠢ ᠰᠠᠶ᠋ᠢᠲᠤᠷ ᠬᠢᠬᠦ ᠶᠠᠪᠤᠴᠠ᠎ᠳᠤ ᠡᠷᠬᠡᠪᠰᠢ ᠰᠢᠰᠲ᠋ᠧᠮᠳᠤ ᠦᠵᠡᠯᠲᠡ ᠵᠢ ᠴᠢᠩᠭ᠋ᠠᠳᠬᠠᠵᠤ᠂ ᠲᠥᠷᠥ ᠵᠢᠨ ᠪᠣᠳᠣᠯᠭ᠎ᠠ ᠵᠢᠨ ᠵᠣᠬᠢᠴᠠᠭᠤᠯᠭ᠎ᠠ ᠬᠠᠮᠵᠢᠯᠴᠠᠭ᠎ᠠ ᠵᠢ ᠴᠢᠩᠭ᠋ᠠᠳᠬᠠᠵᠤ᠂ ᠬᠣᠶᠠᠷ ᠶᠡᠬᠡ ᠶᠠᠪᠤᠳᠠᠯ᠎ᠤᠨ ᠡᠯ᠎ᠡ ᠵᠦᠢ᠍ᠯ᠎ᠤᠨ ᠡᠭᠦᠷᠭᠡ ᠠᠷᠭ᠎ᠠ ᠬᠡᠮᠵᠢᠶ᠎ᠡ ᠵᠢ ᠠᠳᠠᠯᠢ ᠴᠢᠭᠯᠡᠯ ᠵᠶ᠋ᠠᠷ ᠬᠦᠴᠦᠯᠡᠵᠦ᠂ ᠬᠠᠷᠢᠯᠴᠠᠨ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠣᠯ᠎ᠤᠨ ᠦᠢ᠍ᠯᠡᠳᠦᠯᠭᠡ ᠵᠢ ᠲᠠᠰᠤᠷᠠᠯᠲᠠ ᠥᠬᠡᠶ ᠭᠦᠨᠵᠡᠭᠡᠶ᠋ᠢᠷᠡᠭᠦᠯᠬᠦ ᠬᠡᠷᠡᠭᠲᠡᠶ᠃
      ᠬᠣᠶᠠᠳᠤᠭ᠋ᠠᠷ᠎ᠲᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠡᠭᠦᠷᠭᠡ ᠵᠢᠨ ᠱᠠᠭ᠋ᠠᠷᠳᠠᠯᠭ᠎ᠠ ᠵᠢᠨ ᠲᠤᠬᠠᠢ᠃ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠵᠢᠨ ᠶᠡᠷᠦᠩᠬᠡᠢ ᠬᠠᠷᠠᠯᠲᠠ ᠪᠣᠯ ᠵᠢᠱ᠌ᠢᠶᠡᠴᠢ ᠵᠢ ᠡᠯ᠎ᠡ ᠬᠦᠷᠢᠶ᠎ᠡ᠂ ᠡᠯ᠎ᠡ ᠲᠠᠯ᠎ᠠ᠎ᠳᠤ ᠢᠯᠡᠷᠡᠭᠦᠯᠬᠦ ᠶᠠᠪᠤᠳᠠᠯ ᠪᠣᠯᠤᠨ᠎ᠠ᠂ ᠭᠡᠪᠡᠴᠦ ᠠᠬᠢᠭᠤᠯᠬᠤ ᠶᠠᠪᠤᠴᠠ᠎ᠳᠤ ᠭᠣᠣᠯ ᠳᠡᠳ᠋᠎ᠤᠨ ᠢᠯᠭ᠋ᠠᠭ᠎ᠠ ᠦᠭᠡᠢ ᠪᠢᠰᠢ᠃ ᠲᠣᠭᠲᠠᠭ᠋ᠠᠯ᠎ᠤᠨ ᠨᠤᠤᠷᠠᠭ᠎ᠲᠤ 《ᠵᠢᠱ᠌ᠢᠶᠡᠴᠢ ᠪᠤᠯᠬᠤ ᠳᠤᠯᠤᠭ᠋ᠠᠨ ᠲᠠᠯ᠎ᠠ》 ᠵᠢ ᠳᠤᠷᠠᠳᠴᠠᠢ᠂ ᠵᠦᠢ᠍ᠯ ᠵᠤᠷᠪᠤᠰ ᠪᠦᠷᠢ᠎ᠨᠢ ᠴᠥᠮ ᠶᠡᠷᠦᠩᠬᠡᠶ ᠱᠦᠵᠢ ᠵᠢᠨ ᠥᠪᠥᠷ ᠮᠣᠩᠭᠣᠯ᠎ᠤᠨ ᠲᠤᠬᠠᠶ ᠬᠣᠯᠪᠣᠭᠳᠠᠯ ᠪᠥᠬᠥᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ᠎ᠳᠠᠬᠢ ᠬᠠᠮᠤᠭ᠎ᠤᠨ ᠭᠤᠤᠯ ᠱᠠᠭ᠋ᠠᠷᠳᠠᠯᠭ᠎ᠠ ᠪᠣᠯᠬᠤ ᠪᠥᠭᠡᠳ ᠴᠥᠮ ᠥᠪᠥᠷ ᠮᠣᠩᠭᠣᠯ᠎ᠤᠨ ᠵᠢᠱ᠌ᠢᠶᠡᠴᠢ ᠪᠤᠯᠬᠤ ᠨᠥᠬᠥᠴᠡᠯ᠎ᠲᠠᠢ᠂ ᠴᠢᠳᠠᠪᠤᠷᠢ᠎ᠲᠠᠢ᠂ ᠬᠠᠷᠢᠭᠤᠴᠠᠯᠭ᠎ᠠ᠎ᠲᠠᠢ ᠬᠦᠷᠢᠶ᠎ᠡ ᠪᠣᠯᠤᠨ᠎ᠠ᠃ 《ᠵᠢᠱ᠌ᠢᠶᠡᠴᠢ》 ᠪᠤᠯᠤᠨ᠎ᠠ ᠭᠡᠳᠡᠭ᠎ᠨᠢ ᠬᠡᠨ ᠨᠢᠭᠡ᠎ᠲᠠᠢ ᠠᠳᠠᠯᠢᠳᠬᠠᠨ ᠤᠷᠤᠯᠳᠤᠵᠤ ᠪᠠᠶ᠋ᠢᠭ᠎ᠠ ᠶᠠᠪᠤᠳᠠᠯ ᠪᠢᠰᠢ᠂ ᠪᠠᠰᠠ ᠴᠤ᠌ ᠵᠢᠱ᠌ᠢᠶᠡᠴᠢ ᠪᠣᠯᠬᠤ ᠵᠢᠨ ᠲᠥᠯᠥᠭᠡ ᠵᠢᠱ᠌ᠢᠶᠡᠴᠢ ᠪᠤᠯᠵᠤ ᠪᠠᠶ᠋ᠢᠭ᠎ᠠ ᠶᠠᠪᠤᠳᠠᠯ ᠪᠢᠰᠢ᠂ ᠬᠠᠷᠢᠨ ᠲᠡᠷᠢᠭᠦᠨ᠎ᠤ᠎ᠬᠢ ᠪᠤᠯᠵᠤ ᠰᠢᠯᠢᠳᠡᠭ᠎ᠢ ᠡᠭᠦᠳᠬᠦ᠎ᠪᠠᠷ ᠴᠢᠷᠮᠠᠶ᠋ᠢᠵᠤ᠂ ᠥᠨᠳᠥᠷ ᠪᠠᠷᠢᠮᠵᠢᠶ᠎ᠠ᠎ᠪᠠᠷ ᠥᠪᠥᠷ ᠮᠣᠩᠭᠣᠯ᠎ᠤᠨ ᠠᠵᠢᠯ᠎ᠢ ᠨᠡᠩ ᠰᠠᠶ᠋ᠢᠲᠤᠷ ᠬᠢᠬᠦ ᠵᠢ ᠴᠢᠬᠤᠯᠠᠴᠢᠯᠠᠵᠤ ᠪᠠᠶ᠋ᠢᠭ᠎ᠠ ᠶᠠᠪᠤᠳᠠᠯ ᠪᠤᠯᠤᠨ᠎ᠠ᠃
      《ᠵᠢᠱ᠌ᠢᠶᠡᠴᠢ ᠪᠤᠯᠬᠤ ᠳᠤᠯᠤᠭ᠋ᠠᠨ ᠲᠠᠯ᠎ᠠ》 ᠪᠣᠯ ᠨᠢᠭᠲᠠ ᠬᠣᠯᠪᠣᠭ᠎ᠠ᠎ᠲᠠᠢ᠂ ᠳᠣᠲᠣᠭ᠋ᠠᠳᠤ ᠨᠢᠭᠡᠳᠦᠮᠡᠯ ᠪᠦᠬᠦᠯᠢ ᠴᠣᠭᠴᠠ ᠮᠥᠨ᠃ ᠡᠭᠦᠨ᠎ᠳᠤ ᠨᠠᠮ᠎ᠳᠠᠭᠠᠨ ᠲᠠᠯᠠᠷᠬᠠᠵᠤ ᠨᠠᠮ᠎ᠤᠨ ᠦᠭᠡ ᠵᠢ ᠰᠣᠨᠣᠰᠴᠤ᠂ ᠶᠡᠷᠦᠩᠬᠡᠢ ᠱᠦᠵᠢ ᠰᠢ ᠵᠢᠨ ᠫᠢᠩ᠎ᠢ ᠳᠠᠭ᠋ᠠᠵᠤ ᠰᠢᠨ᠎ᠡ ᠠᠶᠠᠨ᠎ᠳᠤ ᠡᠷᠡᠮᠡᠬᠡᠶ᠋ᠢᠯᠡᠨ ᠤᠷᠤᠭᠰᠢᠯᠠᠬᠤ ᠪᠤᠯ ᠥᠪᠥᠷ ᠮᠣᠩᠭᠣᠯ᠎ᠤᠨ ᠠᠵᠢᠯ᠎ᠢ ᠰᠠᠶ᠋ᠢᠲᠤᠷ ᠬᠢᠬᠦ ᠵᠢᠨ ᠦᠨᠳᠦᠰᠦᠨ ᠤᠯᠤᠰ ᠲᠦᠷᠦ ᠵᠢᠨ ᠤᠷᠢᠲᠠᠯ ᠮᠥᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠪᠣᠯ ᠡᠯ᠎ᠡ ᠵᠦᠢ᠍ᠯ᠎ᠤᠨ ᠠᠵᠢᠯ᠎ᠤᠨ ᠭᠣᠣᠯ ᠰᠢᠵᠢᠮ ᠮᠥᠨ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠬᠤ ᠪᠦᠲᠦᠭᠡᠨ ᠪᠠᠶ᠋ᠢᠭᠤᠯᠤᠯᠲᠠ ᠵᠢ ᠠᠬᠢᠭᠤᠯᠬᠤ ᠪᠣᠯ ᠮᠠᠨ᠎ᠤ ᠭᠣᠣᠯ ᠡᠭᠦᠷᠭᠡ ᠮᠥᠨ᠂ ᠬᠠᠮᠲᠤ᠎ᠪᠠᠷ ᠪᠠᠶᠠᠵᠢᠬᠤ ᠪᠣᠯ ᠪᠢᠳᠡᠨ᠎ᠤ ᠬᠤᠪᠢᠷᠠᠰᠢ ᠦᠭᠡᠢ ᠬᠥᠭᠵᠢᠯᠲᠡ ᠵᠢᠨ ᠬᠠᠷᠠᠯᠲᠠ ᠮᠥᠨ᠂ ᠬᠢᠯᠢ ᠬᠢᠵᠠᠭ᠋ᠠᠷ᠎ᠢ ᠬᠥᠭᠵᠢᠭᠦᠯᠵᠦ ᠬᠢᠯᠢ ᠬᠢᠵᠠᠭ᠋ᠠᠷ᠎ᠢ ᠲᠣᠭᠲᠠᠪᠤᠷᠢᠵᠢᠭᠤᠯᠵᠤ ᠬᠢᠯᠢ ᠬᠢᠵᠠᠭ᠋ᠠᠷ᠎ᠢ ᠪᠡᠬᠢᠵᠢᠭᠦᠯᠬᠦ ᠪᠣᠯ ᠥᠪᠥᠷ ᠮᠣᠩᠭᠣᠯ᠎ᠤᠨ ᠵᠠᠶ᠋ᠢᠯᠠᠭᠤᠯᠵᠤ ᠪᠣᠯᠤᠰᠢ ᠦᠭᠡᠢ ᠤᠯᠤᠰ ᠲᠦᠷᠦ ᠵᠢᠨ ᠬᠠᠷᠢᠭᠤᠴᠠᠯᠭ᠎ᠠ ᠮᠥᠨ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠣᠣᠰ ᠣᠷᠴᠢᠯ᠎ᠲᠠᠢ ᠬᠤᠯᠪᠤᠨ ᠨᠡᠪᠳᠡᠷᠡᠭᠦᠯᠬᠦ ᠪᠤᠯ ᠥᠪᠥᠷ ᠮᠣᠩᠭᠣᠯ᠎ᠤᠨ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠳᠤ ᠦᠢ᠍ᠯᠡᠴᠢᠯᠡᠬᠦ ᠪᠠ ᠠᠭᠤᠰᠤᠯᠴᠠᠬᠤ ᠶᠠᠪᠤᠳᠠᠯ ᠪᠣᠯᠤᠨ᠎ᠠ᠂ ᠬᠥᠭᠵᠢᠯᠲᠡ ᠵᠢᠨ ᠰᠢᠨ᠎ᠡ ᠣᠷᠣᠨ ᠵᠠᠶ ᠵᠢ ᠥᠷᠭᠡᠳᠭᠡᠬᠦ ᠵᠢᠨ ᠵᠠᠶ᠋ᠢᠯᠠᠰᠢ ᠦᠭᠡᠢ ᠱᠠᠭ᠋ᠠᠷᠳᠠᠯᠭ᠎ᠠ ᠮᠦᠨ᠂ ᠰᠢᠨ᠎ᠡ ᠰᠤᠷᠲᠠᠯ ᠲᠥᠪ ᠤᠪᠤᠷ᠎ᠢ ᠪᠠᠳᠠᠷᠠᠭᠤᠯᠬᠤ ᠪᠣᠯ ᠮᠠᠨ᠎ᠤ ᠡᠯ᠎ᠡ ᠵᠦᠢ᠍ᠯ᠎ᠤᠨ ᠦᠢ᠍ᠯᠡᠰ᠎ᠤᠨ ᠬᠥᠭᠵᠢᠯᠲᠡ ᠵᠢᠨ ᠴᠢᠬᠤᠯᠠ ᠪᠠᠲᠤᠯᠠᠭ᠎ᠠ ᠮᠥᠨ᠃ ᠡᠨᠡ ᠬᠦ᠌ 《ᠲᠤᠯᠤᠭ᠋ᠠᠨ ᠵᠢᠱ᠌ᠢᠶᠡᠴᠢ》 ᠵᠢ ᠰᠠᠶ᠋ᠢᠲᠤᠷ ᠬᠢᠴᠢᠭᠡᠪᠡᠯ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠥᠲᠥᠭᠡᠨ ᠪᠠᠶ᠋ᠢᠭᠤᠯᠬᠤ᠎ᠨᠢ ᠨᠡᠷ᠎ᠡ ᠨᠢᠳᠡᠷ᠎ᠲᠡᠭᠡᠨ ᠨᠡᠶ᠋ᠢᠴᠡᠨ᠎ᠡ᠃ ᠪᠢᠳᠡ ᠠᠬᠢᠭᠤᠯᠬᠤ ᠶᠠᠪᠤᠴᠠ᠎ᠳᠤ ᠡᠷᠬᠡᠪᠰᠢ ᠪᠦᠬᠦᠯᠢ ᠴᠣᠭᠴᠠ᠎ᠪᠠᠷ᠎ᠨᠢ ᠡᠵᠡᠮᠳᠡᠵᠦ᠂ ᠪᠦᠬᠦ ᠲᠠᠯ᠎ᠠ᠎ᠪᠠᠷ ᠠᠬᠢᠭᠤᠯᠵᠤ᠂ ᠡᠭᠦᠨ᠎ᠢ᠎ᠨᠢ ᠬᠠᠷᠠᠭ᠋ᠠᠯᠵᠠᠭ᠋ᠠᠳ ᠲᠡᠭᠦᠨ᠎ᠢ᠎ᠨᠢ ᠠᠯᠳᠠᠵᠤ ᠪᠤᠯᠬᠤ ᠦᠭᠡᠢ᠂ ᠬᠦᠨᠳᠦ ᠬᠦᠨᠭᠭᠡᠨ᠎ᠤ ᠲᠡᠩᠴᠡᠭᠦᠷᠢ ᠵᠢ ᠠᠯᠳᠠᠭᠤᠯᠵᠤ ᠪᠣᠯᠬᠤ ᠦᠭᠡᠢ᠃      ᠭᠤᠷᠪᠠᠳᠤᠭ᠋ᠠᠷ᠎ᠲᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠡᠨᠡ ᠬᠦ᠌ ᠭᠣᠣᠯ ᠰᠢᠵᠢᠮ᠎ᠢ ᠪᠠᠲᠤ ᠡᠵᠡᠮᠳᠡᠬᠦ ᠲᠤᠬᠠᠢ᠃ ᠡᠨᠡ ᠵᠢᠯ ᠡᠨᠡ ᠤᠳᠠᠭ᠎ᠠ ᠮᠠᠨ᠎ᠤ ᠣᠷᠣᠨ᠎ᠳᠤ ᠰᠢᠨᠵᠢᠯᠡᠨ ᠪᠠᠶ᠋ᠢᠴᠠᠭ᠋ᠠᠬᠤ᠎ᠳᠠᠭᠠᠨ ᠶᠡᠷᠦᠩᠬᠡᠢ ᠱᠦᠵᠢ ᠠᠩᠬ᠎ᠠ ᠤᠳᠠᠭ᠎ᠠ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠪᠣᠯ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠭᠣᠣᠯ ᠱᠤᠭᠤᠮ ᠮᠥᠨ᠂ ᠮᠦᠨ ᠴᠤ᠌ ᠦᠨᠳᠦᠰᠦᠲᠡᠨ᠎ᠤ ᠭᠠᠵᠠᠷ ᠣᠷᠣᠨ᠎ᠤ ᠡᠯ᠎ᠡ ᠵᠦᠢ᠍ᠯ᠎ᠤᠨ ᠠᠵᠢᠯ᠎ᠤᠨ ᠭᠣᠣᠯ ᠱᠤᠭᠤᠮ ᠮᠥᠨ》 ᠭᠡᠵᠦ ᠳᠤᠷᠠᠳᠴᠤ᠂ 《ᠦᠨᠳᠦᠰᠦᠲᠡᠨ᠎ᠤ ᠭᠠᠵᠠᠷ ᠣᠷᠣᠨ᠎ᠤ ᠠᠵᠤ ᠠᠬᠤᠢ ᠵᠢᠨ ᠪᠦᠳᠦᠭᠡᠨ ᠪᠠᠶ᠋ᠢᠭᠤᠯᠤᠯᠲᠠ᠂ ᠤᠯᠤᠰ ᠲᠦᠷᠦ ᠵᠢᠨ ᠪᠠᠶ᠋ᠢᠭᠤᠯᠤᠯᠲᠠ᠂ ᠰᠣᠶᠣᠯ᠎ᠤᠨ ᠪᠠᠶ᠋ᠢᠭᠤᠯᠤᠯᠲᠠ᠂ ᠨᠡᠶ᠋ᠢᠭᠡᠮ᠎ᠤᠨ ᠪᠠᠶ᠋ᠢᠭᠤᠯᠤᠯᠲᠠ᠂ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠪᠣᠯᠤᠨ ᠨᠠᠮ᠎ᠤᠨ ᠪᠠᠶ᠋ᠢᠭᠤᠯᠤᠯᠲᠠ ᠵᠡᠷᠭᠡ ᠵᠢ ᠴᠥᠮ ᠡᠨᠡ ᠬᠦ᠌ ᠭᠣᠣᠯ ᠱᠤᠭᠤᠮ᠎ᠲᠠᠢ ᠨᠢᠭᠲᠠ ᠤᠶᠠᠯᠳᠤᠭᠤᠯᠵᠤ᠂ ᠡᠨᠡ ᠬᠦ᠌ ᠭᠤᠤᠯ ᠱᠤᠭᠤᠮ᠎ᠠᠴᠠ ᠥᠴᠦᠬᠡᠨ ᠴᠦ᠍ ᠰᠠᠯᠬᠤ ᠦᠭᠡᠢ ᠪᠠᠶ᠋ᠢᠬᠤ ᠬᠡᠷᠡᠭᠲᠡᠢ》 ᠭᠡᠵᠦ ᠴᠢᠬᠤᠯᠠᠴᠢᠯᠠᠪᠠ᠃ ᠡᠨᠡ ᠬᠦ᠌ ᠴᠢᠬᠤᠯᠠ ᠶᠡᠬᠡ ᠨᠤᠲᠠᠯᠠᠯᠲᠠ ᠪᠣᠯ ᠮᠠᠷᠺᠰ᠎ᠤᠨ ᠦᠵᠡᠯ᠎ᠤᠨ ᠤᠨᠤᠯ᠎ᠤᠨ ᠰᠢᠨ᠎ᠡ ᠡᠭᠦᠳᠦᠯᠲᠡ ᠮᠥᠨ᠂ ᠮᠠᠨ᠎ᠤ ᠣᠷᠣᠨ᠎ᠤ ᠡᠯ᠎ᠡ ᠵᠦᠢ᠍ᠯ᠎ᠤᠨ ᠠᠵᠢᠯ ᠵᠶ᠋ᠠᠨ ᠰᠠᠶ᠋ᠢᠲᠤᠷ ᠬᠢᠬᠦ ᠵᠢᠨ ᠦᠨᠳᠦᠰᠦᠨ ᠵᠢᠷᠤᠮᠯᠠᠯ ᠮᠥᠨ᠃
      ᠲᠣᠭᠲᠠᠭ᠋ᠠᠯ᠎ᠤᠨ ᠨᠤᠤᠷᠠᠭ᠎ᠲᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢᠱ᠌ᠢᠶ᠎ᠡ ᠦᠵᠡᠭᠦᠯᠬᠦ ᠣᠷᠣᠨ᠎ᠢ ᠪᠦᠬᠦ ᠲᠠᠯ᠎ᠠ᠎ᠪᠠᠷ ᠡᠭᠦᠳᠦᠨ ᠪᠠᠶ᠋ᠢᠭᠤᠯᠬᠤ ᠬᠠᠷᠠᠯᠲᠠ ᠵᠢ ᠳᠤᠷᠠᠳᠤᠭᠰᠠᠨ᠎ᠤ ᠰᠢᠯᠲᠠᠭ᠋ᠠᠨ ᠭᠡᠪᠡᠯ᠂ ᠨᠢᠭᠡ᠎ᠳᠤ᠂ ᠶᠡᠷᠦᠩᠬᠡᠢ ᠱᠦᠵᠢ ᠵᠢᠨ ᠵᠢᠭ᠋ᠠᠪᠤᠷᠢ ᠱᠠᠭ᠋ᠠᠷᠳᠠᠯᠭ᠎ᠠ ᠵᠢ ᠡᠷᠡᠰ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠪᠤᠢ ᠪᠦᠬᠦᠢ ᠠᠵᠢᠯ᠎ᠢ ᠡᠨᠡ ᠬᠦ᠌ ᠭᠣᠣᠯ ᠱᠤᠭᠤᠮ ᠲᠡᠶ᠋ᠢᠰᠢ ᠲᠥᠪᠯᠡᠷᠡᠭᠦᠯᠦ᠋ᠨ ᠬᠦᠴᠦᠯᠡᠬᠦ ᠵᠢ ᠠᠬᠢᠭᠤᠯᠤᠭᠰᠠᠨ ᠶᠠᠪᠤᠳᠠᠯ ᠪᠣᠯᠤᠨ᠎ᠠ; ᠬᠤᠶᠠᠷ᠎ᠲᠤ᠂ ᠪᠢᠳᠡ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠰᠠᠢ᠌ᠨ ᠰᠠᠭᠤᠷᠢ᠎ᠲᠠᠢ ᠶᠤᠮ᠂ ᠪᠢᠳᠡᠨ᠎ᠳᠤ ᠨᠠᠮ᠎ᠤᠨ ᠠᠴᠢ ᠡᠨᠡᠷᠢᠯ᠎ᠳᠤ ᠲᠠᠯᠠᠷᠬᠠᠬᠤ᠂ ᠨᠠᠮ᠎ᠤᠨ ᠦᠭᠡ ᠵᠢ ᠰᠣᠨᠣᠰᠬᠤ᠂ ᠨᠠᠮ ᠵᠶ᠋ᠠᠨ ᠲᠠᠭ᠋ᠠᠬᠤ ᠰᠢᠯᠢᠳᠡᠭ ᠤᠯᠠᠮᠵᠢᠯᠠᠯ᠎ᠲᠠᠢ ᠶᠤᠮ᠂ ᠦᠨᠳᠦᠰᠦᠲᠡᠨ᠎ᠤ ᠪᠦᠯᠬᠦᠮᠳᠡᠯ᠎ᠢ ᠠᠬᠢᠭᠤᠯᠬᠤ ᠤᠯᠠᠮᠵᠢᠯᠠᠯ ᠰᠠᠢ᠌ᠨ ᠶᠤᠮ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠰᠠᠶ᠋ᠢᠲᠤᠷ ᠬᠢᠵᠦ᠂ ᠨᠢᠭᠡ ᠭᠡᠷ᠎ᠤᠨ ᠬᠥᠮᠦᠨ ᠮᠡᠲᠦ ᠳᠣᠲᠣᠨᠣ ᠡᠶ᠎ᠡ ᠵᠣᠬᠢᠴᠠᠩᠭᠤᠢ ᠲᠣᠭᠲᠠᠭᠤᠨ ᠪᠠᠶ᠋ᠢᠳᠠᠯ ᠰᠠᠢ᠌ᠨ ᠪᠠᠶ᠋ᠢᠨ᠎ᠠ᠃ ᠬᠣᠶ᠋ᠢᠰᠢᠳᠠ ᠪᠢᠳᠡ ᠶᠠᠮᠠᠷᠪᠠ ᠠᠵᠢᠯ ᠬᠢᠬᠦ᠂ ᠶᠠᠮᠠᠷᠪᠠ ᠶᠠᠪᠤᠳᠠᠯ ᠭᠦᠢ᠍ᠴᠡᠳᠭᠡᠬᠦ᠎ᠳᠤ ᠴᠥᠮ ᠡᠨᠡ ᠬᠦ᠌ ᠭᠣᠣᠯ ᠱᠤᠭᠤᠮ᠎ᠲᠠᠢ ᠨᠢᠭᠲᠠ ᠤᠶᠠᠯᠳᠤᠭᠤᠯᠵᠤ᠂ ᠥᠴᠦᠬᠡᠨ ᠴᠦ᠍ ᠰᠠᠯᠬᠤ ᠦᠭᠡᠢ ᠪᠠᠶ᠋ᠢᠬᠤ ᠬᠡᠷᠡᠭᠲᠡᠢ ᠪᠥᠭᠡᠳ ᠡᠭᠦᠨ ᠵᠶ᠋ᠠᠷ ᠲᠡᠭᠦᠨ᠎ᠤ ᠦᠷ᠎ᠡ ᠪᠦᠲᠦᠮᠵᠢ ᠵᠢ ᠦᠨᠡᠯᠡᠨ ᠰᠢᠯᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠰᠡᠳᠭᠢᠯ᠎ᠤᠨ ᠭᠦᠨ᠎ᠳᠤ ᠦᠨᠳᠦᠰᠦᠯᠡᠭᠦᠯᠬᠦ ᠬᠡᠷᠡᠭᠲᠡᠢ᠃
      ᠳᠥᠷᠪᠡᠳᠦᠭᠡᠷ᠎ᠲᠤ᠂ 《ᠤᠮᠠᠷᠠᠲᠤ ᠬᠢᠯᠢ ᠵᠢᠨ ᠰᠣᠶᠣᠯ》᠎ᠤᠨ ᠲᠦᠷᠦᠯ ᠲᠡᠮᠳᠡᠭ᠎ᠢ ᠡᠭᠦᠳᠬᠦ ᠲᠤᠬᠠᠢ᠃ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠠᠶ᠋ᠢᠭᠤᠯᠬᠤ᠎ᠳᠤ ᠮᠠᠰᠢ ᠴᠢᠬᠤᠯᠠ ᠲᠠᠯ᠎ᠠ᠎ᠨᠢ ᠰᠣᠶᠣᠯ᠎ᠤᠨ ᠪᠠᠶ᠋ᠢᠭᠤᠯᠤᠯᠲᠠ ᠵᠢ ᠰᠠᠶ᠋ᠢᠲᠤᠷ ᠠᠳᠬᠤᠵᠤ᠂ ᠰᠣᠶᠣᠯ᠎ᠤᠨ ᠬᠠᠮᠳᠤ ᠵᠢᠨ ᠲᠠᠨᠢᠯᠳᠠ ᠵᠢ ᠨᠡᠮᠡᠭᠳᠡᠭᠦᠯᠬᠦ ᠶᠠᠪᠤᠳᠠᠯ ᠪᠣᠯᠤᠨ᠎ᠠ᠃ ᠡᠨᠡ ᠵᠢᠯ᠎ᠤᠨ ᠰᠣᠶᠣᠯ᠎ᠢ ᠤᠯᠠᠮᠵᠢᠯᠠᠨ ᠬᠥᠭᠵᠢᠭᠦᠯᠬᠦ ᠶᠠᠷᠢᠯᠴᠠᠬᠤ ᠬᠤᠷᠠᠯ ᠳᠡᠭᠡᠷ᠎ᠡ᠂ ᠶᠡᠷᠦᠩᠬᠡᠢ ᠱᠦᠵᠢ᠎ᠠᠴᠠ ᠰᠣᠶᠣᠯ᠎ᠤᠨ ᠰᠢᠨ᠎ᠡ ᠡᠭᠦᠷᠭᠡ ᠵᠢ ᠨᠡᠩ ᠰᠠᠶ᠋ᠢᠲᠤᠷ ᠡᠭᠦᠷᠭᠡᠯᠡᠵᠦ᠂ ᠳᠤᠮᠳᠠᠳᠤ ᠵᠢᠨ ᠦᠨᠳᠦᠰᠦᠲᠡᠨ᠎ᠤ ᠤᠳᠤ ᠦᠶ᠎ᠡ ᠵᠢᠨ ᠪᠣᠯᠪᠠᠰᠤᠨ᠎ᠢ ᠪᠠᠶ᠋ᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠥᠪᠥᠷ ᠮᠣᠩᠭᠣᠯ᠎ᠤᠨ ᠲᠡᠦᠬᠡ ᠰᠣᠶᠣᠯ ᠭᠦᠨ ᠵᠤᠵᠠᠭ᠋ᠠᠨ᠂ ᠰᠣᠶᠣᠯ ᠢᠷᠭᠡᠨᠰᠢᠯ᠎ᠤᠨ ᠡᠬᠢ ᠪᠠᠶᠠᠯᠢᠭ ᠡᠯᠪᠡᠭ ᠳᠡᠯᠪᠡᠭ᠂ ᠥᠷᠭᠡᠨ ᠠᠭᠤᠳᠠᠮ ᠡᠬᠡ ᠭᠠᠵᠠᠷ ᠳᠡᠭᠡᠷᠡᠬᠢ ᠪᠠᠶᠠᠯᠢᠭ ᠰᠠᠶ᠋ᠢᠬᠠᠨ ᠰᠣᠶᠣᠯ ᠪᠣᠯ ᠴᠥᠮ ᠳᠤᠮᠳᠠᠳᠤ ᠵᠢᠨ ᠰᠣᠶᠣᠯ᠎ᠤᠨ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠃ ᠭᠡᠪᠡᠴᠦ ᠪᠦᠬᠦ ᠰᠣᠶᠣᠯ᠎ᠢ ᠬᠠᠮᠤᠷᠤᠭᠰᠠᠨ᠂ ᠥᠪᠥᠷ ᠮᠣᠩᠭᠣᠯ᠎ᠤᠨ ᠣᠨᠴᠠᠯᠢᠭ᠎ᠢ ᠢᠯᠡᠷᠡᠭᠦᠯᠦᠭᠰᠡᠨ ᠤᠬᠠᠭᠳᠠᠬᠤᠨ ᠳᠤᠲᠠᠭᠳᠠᠵᠤ ᠪᠠᠶ᠋ᠢᠨ᠎ᠠ᠃ ᠡᠶ᠋ᠢᠮᠦ᠎ᠠᠴᠠ ᠪᠢᠳᠡ 《ᠤᠮᠠᠷᠠᠲᠤ ᠬᠢᠯᠢ ᠵᠢᠨ ᠰᠣᠶᠣᠯ》 ᠭᠡᠬᠦ ᠡᠨᠡ ᠬᠦ᠌ ᠥᠪᠥᠷ ᠮᠣᠩᠭᠣᠯ᠎ᠤᠨ ᠣᠨᠴᠠᠯᠢᠭ᠎ᠲᠠᠢ ᠣᠷᠣᠨ ᠪᠦᠰᠡ ᠵᠢᠨ ᠴᠢᠨᠠᠷᠲᠠᠶ ᠰᠣᠶᠣᠯ᠎ᠤᠨ ᠲᠥᠷᠥᠯ ᠲᠡᠮᠳᠡᠭ᠎ᠢ ᠡᠭᠦᠳᠦᠨ᠎ᠡ ᠭᠡᠵᠦ ᠳᠤᠷᠠᠳᠤᠭᠰᠠᠨ᠎ᠨᠢ ᠳᠠᠷᠤᠶ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠬᠥᠭᠵᠢᠭᠦᠯᠵᠦ᠂ ᠤᠮᠠᠷᠠᠲᠤ ᠬᠢᠯᠢ ᠵᠢᠨ ᠡᠬᠡ ᠭᠠᠵᠠᠷ᠎ᠲᠤ ᠦᠨᠳᠦᠰᠦᠯᠡᠭᠰᠡᠨ ᠰᠢᠯᠢᠳᠡᠭ ᠰᠣᠶᠣᠯ᠎ᠢ ᠰᠢᠨ᠎ᠡ ᠴᠠᠭ ᠦᠶ᠎ᠡ᠎ᠳᠤ ᠠᠮᠢᠯᠠᠭᠤᠯᠵᠤ᠂ ᠥᠪᠥᠷ ᠮᠣᠩᠭᠣᠯ᠎ᠤᠨ ᠵᠥᠪ ᠲᠠᠯ᠎ᠠ ᠵᠢᠨ ᠳᠦᠷᠢ ᠲᠥᠷᠬᠦ ᠵᠢ ᠳᠡᠭᠡᠭᠰᠢᠯᠡᠭᠦᠯᠬᠦ᠎ᠳᠤ ᠬᠦᠴᠦᠲᠡᠶ ᠲᠤᠯᠭ᠋ᠠᠭᠤᠷᠢᠯᠠᠯ ᠬᠠᠩᠭ᠋ᠠᠵᠤ᠂ ᠣᠳᠣᠬᠢᠴᠢᠯᠠᠬᠤ ᠪᠥᠲᠥᠭᠡᠨ ᠪᠠᠶ᠋ᠢᠭᠤᠯᠤᠯᠲᠠ ᠵᠢ ᠠᠬᠢᠭᠤᠯᠬᠤ᠎ᠳᠤ ᠬᠦᠴᠦᠷᠬᠡᠭ ᠶᠡᠬᠡ ᠣᠶᠤᠨ ᠰᠠᠨᠠᠭ᠋ᠠᠨ᠎ᠤ ᠬᠦᠴᠦᠨ ᠨᠡᠮᠡᠷᠢᠯᠡᠬᠦ ᠵᠢᠨ ᠲᠥᠯᠥᠭᠡ ᠶᠤᠮ᠃
      ᠪᠢᠳᠡ 《ᠤᠮᠠᠷᠠᠲᠤ ᠬᠢᠯᠢ ᠵᠢᠨ ᠰᠣᠶᠣᠯ》 ᠭᠡᠬᠦ ᠬᠡᠳᠦᠨ ᠲᠠᠯ᠎ᠠ ᠵᠢᠨ ᠦᠨᠳᠦᠰᠦᠨ ᠠᠭᠤᠯᠭ᠎ᠠ ᠵᠢ ᠳᠤᠷᠠᠳᠪᠠ᠃ ᠡᠭᠦᠨ᠎ᠳᠤ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠪᠣᠯ ᠳᠤᠮᠳᠠᠳᠤ ᠵᠢᠨ ᠦᠨᠳᠦᠰᠦᠲᠡᠨ᠎ᠤ ᠬᠥᠭᠵᠢᠯᠲᠡ ᠳᠠᠪᠰᠢᠯᠲᠠ ᠵᠢ ᠠᠬᠢᠭᠤᠯᠬᠤ ᠲᠠᠳᠠᠭᠤᠷᠠᠰᠢ ᠥᠬᠡᠶ ᠬᠥᠳᠡᠯᠭᠡᠬᠦ ᠬᠦᠴᠦᠨ ᠮᠥᠨ᠂ ᠥᠪᠥᠷ ᠮᠣᠩᠭᠣᠯ ᠣᠷᠣᠨ᠎ᠤ ᠬᠥᠭᠵᠢᠯᠲᠡ ᠵᠢᠨ ᠲᠡᠦᠬᠡ ᠪᠣᠯ ᠲᠡᠷᠡ ᠪᠡᠶ᠎ᠡ᠎ᠪᠠᠷ ᠵᠶ᠋ᠠᠨ ᠣᠯᠠᠨ ᠦᠨᠳᠦᠰᠦᠲᠡᠨ᠎ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡ ᠮᠥᠨ᠂ ᠣᠯᠠᠨ ᠦᠨᠳᠦᠰᠦᠲᠡᠨ᠂ ᠶᠡᠬᠡ ᠠᠭᠤᠰᠤᠯᠴᠠᠯ᠎ᠤᠨ ᠣᠨᠴᠠᠯᠢᠭ᠎ᠨᠢ ᠥᠪᠥᠷ ᠮᠣᠩᠭᠣᠯ᠎ᠤᠨ ᠡᠬᠡ ᠭᠠᠵᠠᠷ᠎ᠲᠤ ᠲᠤᠶ᠋ᠢᠯ᠎ᠤᠨ ᠢᠯᠡ ᠲᠣᠳᠣ ᠪᠠᠶ᠋ᠢᠳᠠᠭ; ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ ᠪᠣᠯ ᠶᠡᠷᠦᠩᠬᠡᠶ ᠱᠦᠵᠢ ᠵᠢᠨ ᠠᠩᠬ᠎ᠠ ᠤᠳᠠᠭ᠎ᠠ ᠥᠪᠥᠷ ᠮᠣᠩᠭᠣᠯ᠎ᠳᠤ ᠳᠤᠷᠠᠳᠤᠭᠰᠠᠨ ᠴᠢᠬᠤᠯᠠ ᠶᠡᠬᠡ ᠣᠶ᠋ᠢᠯᠠᠭ᠋ᠠᠭᠳᠠᠬᠤᠨ ᠪᠣᠯᠤᠨ᠎ᠠ᠂ ᠡᠨᠡ᠎ᠨᠢ ᠥᠪᠥᠷ ᠮᠣᠩᠭᠣᠯ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠭᠠᠷ ᠭᠠᠷ ᠵᠶ᠋ᠠᠨ ᠬᠣᠯᠪᠣᠨ᠂ ᠰᠡᠳᠭᠢᠯ ᠵᠢᠷᠦᠬᠡ᠎ᠪᠠᠨ ᠬᠣᠯᠪᠣᠵᠤ᠂ ᠡᠬᠡ ᠤᠯᠤᠰ᠎ᠤᠨ ᠬᠢᠯᠢ ᠬᠢᠵᠠᠭ᠋ᠠᠷ᠎ᠢ ᠬᠠᠮᠲᠤ᠎ᠪᠠᠷ ᠰᠠᠬᠢᠨ ᠬᠠᠮᠠᠭ᠋ᠠᠯᠠᠵᠤ᠂ ᠰᠠᠶ᠋ᠢᠨ ᠰᠠᠶ᠋ᠢᠬᠠᠨ ᠠᠮᠢᠳᠤᠷᠠᠯ᠎ᠢ ᠬᠠᠮᠲᠤ᠎ᠪᠠᠷ ᠴᠣᠭᠴᠠᠯᠠᠬᠤ ᠰᠢᠯᠢᠳᠡᠭ ᠤᠯᠠᠮᠵᠢᠯᠠᠯ ᠪᠠ ᠠᠮᠢᠳᠤᠯᠢᠭ ᠦᠢ᠍ᠯᠡᠳᠦᠯᠭᠡ ᠵᠢ ᠭᠦᠨᠵᠡᠭᠡᠶ ᠬᠤᠷᠢᠶᠠᠩᠭᠤᠶ᠋ᠢᠯᠠᠵᠠᠶ; ᠮᠣᠩᠭᠣᠯ ᠮᠤᠷᠢᠨ᠎ᠤ ᠵᠣᠷᠢᠭ ᠰᠠᠨᠠᠭ᠎ᠠ ᠪᠣᠯᠤᠨ 《ᠤᠮᠠᠷᠠᠲᠤ ᠵᠢᠨ ᠭᠤᠷᠪᠠᠨ ᠣᠷᠣᠨ᠎ᠤ ᠵᠣᠷᠢᠭ ᠰᠠᠨᠠᠭ᠎ᠠ》᠎ᠨᠢ ᠶᠡᠷᠦᠩᠬᠡᠢ ᠱᠦᠵᠢ ᠵᠢᠨ ᠪᠢᠳᠡᠨ᠎ᠳᠤ ᠥᠭᠭᠦᠭᠰᠡᠨ ᠭᠦᠨ ᠰᠡᠳᠭᠢᠯᠭᠡ ᠵᠢᠨ ᠵᠣᠷᠢᠭᠵᠢᠭᠤᠯᠤᠯ᠎ᠳᠤ ᠲᠦᠰᠢᠭᠯᠡᠵᠦ᠂ ᠬᠣᠶᠠᠭᠤᠯᠠ᠎ᠪᠠᠨ ᠴᠥᠮ ᠰᠦᠰᠦ ᠵᠣᠷᠢᠭ᠂ ᠡᠷᠴᠢ ᠵᠣᠷᠢᠭ᠂ ᠬᠠᠳᠠᠨ ᠵᠣᠷᠢᠭ᠎ᠢ ᠴᠢᠬᠤᠯᠠᠴᠢᠯᠠᠵᠤ᠂ ᠮᠠᠨ᠎ᠤ ᠥᠪᠥᠷ ᠮᠣᠩᠭᠣᠯᠴᠤᠳ᠎ᠤᠨ ᠬᠠᠮᠤᠭ᠎ᠤᠨ ᠢᠯᠡ ᠲᠣᠳᠣ ᠤᠶᠤᠨ ᠰᠠᠨᠠᠭ᠋ᠠᠨ᠎ᠤ ᠪᠡᠯᠭᠡ ᠲᠡᠮᠳᠡᠭ ᠪᠣᠯᠵᠠᠢ; ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠪᠣᠯ ᠥᠪᠥᠷ ᠮᠣᠩᠭᠣᠯ᠎ᠤᠨ ᠡᠯ᠎ᠡ ᠵᠦᠢ᠍ᠯ᠎ᠤᠨ ᠠᠵᠢᠯ᠎ᠤᠨ 《ᠬᠥᠲᠥᠯᠪᠦᠷᠢ》 ᠪᠣᠯᠤᠨ᠎ᠠ᠂ ᠪᠢᠳᠡ ᠰᠣᠶᠣᠯ᠎ᠤᠨ ᠪᠠᠶ᠋ᠢᠭᠤᠯᠤᠯᠲᠠ ᠵᠢ ᠠᠬᠢᠭᠤᠯᠬᠤ᠎ᠳᠤ ᠢᠮᠠᠭᠲᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠦᠵᠡᠯ ᠰᠠᠨᠠᠭ᠋ᠠᠨ᠎ᠤ ᠰᠠᠭᠤᠷᠢ ᠵᠢ ᠪᠡᠬᠢᠵᠢᠭᠦᠯᠬᠦ ᠵᠢ ᠪᠣᠳᠣᠯᠬᠢᠯᠠᠬᠤ ᠬᠡᠷᠡᠭᠲᠡᠢ᠃ 《ᠤᠮᠠᠷᠠᠲᠤ ᠬᠢᠯᠢ ᠵᠢᠨ ᠰᠣᠶᠣᠯ》᠎ᠤᠨ ᠲᠦᠷᠦᠯ ᠲᠡᠮᠳᠡᠭ᠎ᠢ ᠡᠭᠦᠳᠬᠦ ᠠᠵᠢᠯ ᠰᠠᠶᠢᠬᠠᠨ ᠡᠬᠢᠯᠡᠵᠦ ᠪᠠᠶ᠋ᠢᠨ᠎ᠠ᠂ ᠪᠠᠰᠠ ᠡᠯ᠎ᠡ ᠲᠠᠯ᠎ᠠ ᠵᠢᠨ ᠤᠶᠤᠨ ᠤᠬᠠᠭ᠋ᠠᠨ ᠪᠠ ᠬᠦᠴᠦᠨ ᠴᠢᠳᠠᠯ᠎ᠢ ᠲᠥᠪᠯᠡᠷᠡᠭᠦᠯᠦᠨ ᠰᠤᠳᠤᠯᠭ᠋ᠠᠨ᠎ᠢ ᠭᠦᠨᠵᠡᠭᠡᠶ᠋ᠢᠷᠡᠭᠦᠯᠵᠦ᠂ ᠢᠳᠡᠪᠬᠢᠲᠡᠢ ᠠᠬᠢᠭᠤᠯᠬᠤ ᠴᠢᠬᠤᠯᠠᠲᠠᠢ ᠶᠤᠮ᠃
      ᠴᠢᠬᠤᠯᠠᠴᠢᠯᠠᠭᠤᠰᠢᠲᠠᠶ᠎ᠨᠢ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠥᠲᠥᠭᠡᠨ ᠪᠠᠶ᠋ᠢᠭᠤᠯᠬᠤ ᠵᠢᠨ ᠠᠭᠤᠯᠤᠭᠳᠠᠬᠤᠨ ᠮᠠᠰᠢ ᠥᠷᠭᠡᠨ ᠪᠠᠶ᠋ᠢᠵᠤ᠂ 《ᠪᠥᠬᠥ ᠲᠠᠯ᠎ᠠ》 ᠵᠢᠨ ᠱᠠᠭ᠋ᠠᠷᠳᠠᠯᠭ᠎ᠠ ᠪᠣᠯᠤᠨ᠎ᠠ᠃ ᠲᠣᠭᠲᠠᠭ᠋ᠠᠯ᠎ᠤᠨ ᠨᠤᠤᠷᠠᠭ᠎ᠲᠤ ᠭᠤᠤᠯᠳᠠᠭᠤ ᠶᠠᠭᠤ ᠬᠢᠬᠦ᠂ ᠶᠠᠭ᠋ᠠᠬᠢᠵᠤ ᠬᠢᠬᠦ ᠲᠤᠬᠠᠶ ᠳᠡᠮᠡᠶ ᠤᠯᠠᠨ ᠲᠤᠷᠠᠳᠤᠭᠰᠠᠨ ᠥᠬᠡᠶ᠎ᠨᠢ ᠳᠠᠷᠤᠶ ᠵᠠᠶ ᠵᠠᠪᠰᠠᠷ ᠪᠠ ᠣᠷᠣᠨ ᠵᠠᠶ ᠦᠯᠡᠳᠡᠭᠡᠵᠦ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠢ ᠦᠢ᠍ᠯᠡᠳᠦᠯᠭᠡ ᠵᠢᠨ ᠳᠤᠮᠳᠠ ᠭᠦᠢ᠍ᠴᠡᠳ ᠰᠢᠨ᠎ᠡ ᠵᠢ ᠡᠭᠦᠳᠦᠨ ᠡᠭᠦᠳᠦᠨ ᠪᠦᠲᠦᠭᠡᠵᠦ᠂ ᠠᠳᠠᠯᠢᠳᠬᠠᠬᠤ ᠰᠤᠷᠤᠯᠴᠠᠬᠤ ᠭᠦᠢ᠍ᠴᠡᠬᠦ ᠳᠠᠪᠠᠬᠤ᠂ ᠥᠷᠢᠰᠥᠯᠳᠦᠨ ᠬᠡᠷᠡᠯ ᠭᠢᠯᠪᠠᠭ᠎ᠠ᠎ᠪᠠᠨ ᠰᠠᠴᠤᠷᠠᠭᠤᠯᠬᠤ ᠠᠮᠢᠳᠤᠯᠢᠭ ᠪᠠᠶ᠋ᠢᠳᠠᠯ᠎ᠢ ᠪᠣᠶ ᠪᠣᠯᠭ᠋ᠠᠬᠤ ᠵᠢᠨ ᠲᠥᠯᠥᠭᠡ ᠶᠤᠮ᠃
      ᠨᠥᠬᠥᠳ ᠡ᠂ ᠲᠣᠭᠲᠠᠭ᠋ᠠᠯ᠎ᠢ ᠬᠢᠨᠠᠨ ᠵᠦᠪᠯᠡᠵᠦ ᠪᠠᠲᠤᠯᠠᠬᠤ ᠶᠠᠪᠤᠳᠠᠯ ᠪᠣᠯ ᠡᠨᠡ ᠤᠳᠠᠭ᠋ᠠᠨ᠎ᠤ ᠪᠦᠬᠦᠳᠠ ᠬᠤᠷᠠᠯ᠎ᠤᠨ ᠨᠢᠭᠡᠨ ᠴᠢᠬᠤᠯᠠ ᠡᠭᠦᠷᠭᠡ ᠮᠥᠨ᠃ ᠤᠯᠠᠨ ᠵᠶ᠋ᠠᠷ ᠵᠶ᠋ᠠᠨ ᠶᠡᠬᠡ ᠲᠠᠯ᠎ᠠ᠎ᠳᠤ ᠵᠣᠭᠰᠣᠵᠤ᠂ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ᠂ ᠨᠠᠷᠢᠨ ᠬᠢᠨᠠᠮᠠᠭ᠋ᠠᠢ ᠪᠣᠳᠣᠯᠬᠢᠯᠠᠵᠤ᠂ ᠭᠦᠨᠵᠡᠭᠡᠢ ᠶᠠᠷᠢᠯᠴᠠᠵᠤ᠂ ᠪᠦᠲᠦᠭᠡᠯᠴᠢ ᠴᠢᠨᠠᠷᠲᠠᠢ ᠰᠠᠨᠠᠯ ᠰᠠᠨᠠᠭᠤᠯᠭ᠎ᠠ ᠳᠤᠷᠠᠳᠴᠤ᠂ ᠤᠯᠠᠨ᠎ᠤ ᠤᠬᠠᠭ᠋ᠠᠨ ᠬᠠᠮᠲᠤ ᠵᠢᠨ ᠬᠦᠴᠦ᠎ᠪᠠᠷ ᠨᠢᠭᠡ ᠬᠤᠪᠢ ᠴᠢᠨᠠᠷ ᠰᠠᠶ᠋ᠢᠲᠠᠢ ᠪᠢᠴᠢᠭ ᠮᠠᠲ᠋ᠧᠷᠢᠶᠠᠯ ᠲᠣᠭᠲᠠᠭ᠋ᠠᠬᠤ ᠵᠢ ᠬᠦᠰᠡᠵᠦ ᠪᠠᠶ᠋ᠢᠨ᠎ᠠ᠃
     

ᠢᠷᠡᠯᠲᠡ᠄ ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ ᠵᠢᠨ ᠰᠦᠯᠵᠢᠶ᠎ᠠ