ᠤᠢ᠍ᠢ᠍ᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠭᠣᠣᠯ ᠰᠢᠵᠢᠮ᠎ᠢ ᠪᠦᠬᠦ ᠲᠠᠯ᠎ᠠ᠎ᠪᠠᠷ ᠲᠤᠭᠤᠰᠢᠯᠠᠭᠤᠯᠬᠤ ᠲᠤᠬᠠᠢ ᠠᠷᠭ᠎ᠠ ᠬᠡᠮᠵᠢᠶ᠎ᠡ᠎ᠨᠦᠭᠦᠳ》᠎ᠢ ᠳᠠᠷᠤᠮᠠᠯᠯᠠᠨ ᠲᠠᠷᠬᠠᠭ᠋ᠠᠪᠠ᠂ ᠭᠣᠣᠯ ᠠᠭᠤᠯᠭ᠎ᠠ᠎ᠨᠢ ᠳᠣᠣᠷᠠᠬᠢ ᠮᠡᠲᠦ᠄
ᠶᠡᠷᠦᠩᠬᠡᠶ ᠱᠦᠵᠢ ᠰᠢ ᠵᠢᠨ ᠫᠢᠩ᠎ᠤᠨ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠪᠣᠯ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠭᠤᠤᠯ ᠰᠢᠵᠢᠮ ᠮᠥᠨ᠂ ᠪᠠᠰᠠ ᠴᠤ᠌ ᠦᠨᠳᠦᠰᠦᠲᠡᠨ᠎ᠤ ᠭᠠᠵᠠᠷ ᠣᠷᠣᠨ᠎ᠤ ᠡᠯ᠎ᠡ ᠵᠦᠢ᠍ᠯ᠎ᠤᠨ ᠠᠵᠢᠯ᠎ᠤᠨ ᠭᠤᠤᠯ ᠰᠢᠵᠢᠮ ᠮᠥᠨ》 ᠭᠡᠬᠦ ᠲᠤᠬᠠᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠥᠲᠥᠭᠡᠨ ᠪᠠᠶ᠋ᠢᠭᠤᠯᠬᠤ ᠵᠢ ᠨᠠᠩ ᠰᠠᠶ᠋ᠢᠲᠤᠷ ᠠᠬᠢᠭᠤᠯᠬᠤ ᠵᠢᠨ ᠲᠥᠯᠥᠭᠡ᠂ ᠳᠤᠤᠷᠠᠬᠢ ᠠᠷᠭ᠎ᠠ ᠬᠡᠮᠵᠢᠶ᠎ᠡ᠎ᠨᠦᠭᠦᠳ᠎ᠢ ᠳᠤᠷᠠᠳᠪᠠ᠃
1. ᠡᠯ᠎ᠡ ᠱᠠᠲᠤᠨ᠎ᠤ ᠨᠠᠮ᠎ᠤᠨ ᠬᠣᠷᠢᠶ᠎ᠠ ᠵᠢᠨ ᠠᠯᠪᠠᠨ ᠲᠢᠩᠬᠢᠮ (ᠠᠯᠪᠠᠨ ᠬᠡᠷ)᠎ᠳᠤ ᠡᠯ᠎ᠡ ᠵᠦᠢ᠍ᠯ᠎ᠤᠨ ᠠᠵᠢᠯ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠭᠤᠤᠯ ᠰᠢᠵᠢᠮ᠎ᠢ ᠲᠤᠭᠤᠰᠢᠯᠠᠭᠤᠯᠬᠤ ᠲᠤᠰᠢᠶᠠᠯ ᠬᠠᠷᠢᠭᠤᠴᠠᠯᠭ᠎ᠠ ᠣᠯᠭᠣᠵᠤ᠂ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠵᠤ᠂ ᠬᠢᠨᠠᠨ ᠬᠠᠷᠭᠤᠭᠤᠯᠵᠤ ᠪᠤᠭᠤᠮᠳᠠ ᠰᠠᠬᠢᠵᠤ᠂ ᠰᠢᠢ᠍ᠳᠪᠦᠷᠢᠲᠦ ᠪᠣᠳᠣᠯᠭ᠎ᠠ ᠵᠢ ᠰᠤᠳᠤᠯᠵᠤ᠂ ᠱᠠᠯᠠᠪᠳᠠᠭᠤᠯᠤᠨ ᠨᠠᠶ᠋ᠢᠳᠠᠪᠤᠷᠢᠵᠢᠭᠤᠯᠵᠤ᠂ ᠵᠢᠯ᠎ᠤᠨ ᠡᠬᠢᠨ᠎ᠳᠤ ᠳᠣᠭᠢᠷᠠᠭᠤᠯᠤᠯᠲᠠ ᠬᠢᠵᠥ᠂ ᠲᠣᠭᠲᠠᠮᠠᠯ ᠬᠤᠭᠤᠴᠠᠭ᠎ᠠ᠎ᠲᠠᠢ᠎ᠪᠠᠷ ᠲᠣᠬᠢᠷᠠᠭᠤᠯᠤᠯᠲᠠ ᠬᠢᠵᠤ᠂ ᠵᠢᠯ᠎ᠤᠨ ᠡᠴᠦᠰ᠎ᠲᠤ ᠪᠠᠶ᠋ᠢᠴᠠᠭ᠋ᠠᠯᠲᠠ ᠬᠢᠨ᠎ᠠ᠃ ᠡᠯ᠎ᠡ ᠱᠠᠲᠤᠨ᠎ᠤ ᠨᠠᠮ᠎ᠤᠨ ᠬᠣᠷᠢᠶ᠎ᠠ ᠵᠢᠨ ᠨᠢᠭᠡᠳᠦᠮᠡᠯ ᠹᠷᠣᠨᠲ᠎ᠤᠨ ᠰᠠᠯᠠᠭ᠎ᠠ ᠮᠥᠴᠢᠷ᠎ᠲᠤ ᠦᠨᠳᠦᠰᠦᠲᠡᠨ᠎ᠤ ᠠᠵᠢᠯ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠭᠣᠣᠯ ᠰᠢᠵᠢᠮ᠎ᠢ ᠲᠤᠭᠤᠰᠢᠯᠠᠭᠤᠯᠬᠤ ᠲᠤᠰᠢᠶᠠᠯ ᠬᠠᠷᠢᠭᠤᠴᠠᠯᠭ᠎ᠠ ᠣᠯᠭᠣᠵᠤ᠂ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ ᠰᠠᠶ᠋ᠢᠲᠤᠷ ᠬᠢᠨ᠎ᠠ᠃
2. ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠵᠢᠨ᠎ᠬᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠭᠣᠣᠯ ᠰᠢᠵᠢᠮ᠎ᠢ ᠪᠦᠬᠦ ᠲᠠᠯ᠎ᠠ᠎ᠪᠠᠷ ᠲᠤᠭᠤᠰᠢᠯᠠᠭᠤᠯᠬᠤ ᠵᠢ 《ᠭᠤᠷᠪᠠ ᠵᠢ ᠲᠣᠭᠲᠠᠭ᠋ᠠᠬᠤ》 ᠲᠣᠭᠲᠠᠭ᠋ᠠᠯ᠎ᠳᠤ ᠪᠢᠴᠢᠨ ᠣᠷᠣᠭᠤᠯᠵᠤ᠂ ᠡᠭᠦᠷᠭᠡ ᠴᠢᠳᠠᠪᠬᠢ ᠲᠤᠰᠢᠶᠠᠯ ᠬᠠᠷᠢᠭᠤᠴᠠᠯᠭ᠎ᠠ ᠵᠢ ᠲᠣᠳᠣᠷᠬᠠᠶ᠋ᠢᠯᠠᠵᠤ᠂ ᠲᠤᠰᠬᠠᠶ᠋ᠢᠯᠠᠨ ᠬᠢᠬᠦ ᠪᠠᠶ᠋ᠢᠭᠤᠯᠤᠮᠵᠢ ᠵᠢ ᠲᠣᠳᠣᠷᠬᠠᠶ᠋ᠢᠯᠠᠵᠤ᠂ ᠣᠨ᠎ᠤ ᠠᠵᠢᠯ᠎ᠤᠨ ᠲᠥᠯᠥᠪᠯᠡᠭᠡ ᠪᠠ ᠭᠣᠣᠯᠳᠠᠯᠭ᠎ᠠ᠎ᠳᠤ ᠣᠷᠣᠭᠤᠯᠵᠤ᠂ ᠡᠳᠦᠷ ᠲᠤᠳᠤᠮ᠎ᠤᠨ ᠠᠵᠢᠯ᠎ᠳᠤ᠎ᠪᠠᠨ ᠠᠭᠤᠰᠬᠠᠵᠤ᠂ ᠪᠠᠶ᠋ᠢᠩᠭᠤ ᠠᠳᠬᠤᠬᠤ ᠬᠡᠷᠡᠭᠲᠡᠢ᠃ ᠡᠯ᠎ᠡ ᠬᠡᠷᠡᠭ ᠵᠥᠪᠯᠡᠵᠦ ᠵᠣᠬᠢᠴᠠᠭᠤᠯᠬᠤ ᠪᠠᠶ᠋ᠢᠭᠤᠯᠤᠮᠵᠢ ᠬᠣᠯᠪᠣᠭᠳᠠᠯ ᠪᠦᠬᠦᠢ ᠱᠠᠭ᠋ᠠᠷᠳᠠᠯᠭ᠎ᠠ ᠵᠢ ᠠᠵᠢᠯ᠎ᠤᠨ ᠳᠦᠷᠢᠮ ᠵᠢᠴᠢ ᠲᠡᠬᠦᠨ᠎ᠤ ᠪᠠᠶ᠋ᠢᠩᠭᠤ ᠵᠢᠨ ᠲᠤᠬᠢᠷᠠᠭᠤᠯᠤᠬᠰᠠᠨ ᠬᠡᠷᠡᠭ ᠡᠷᠬᠢᠯᠡᠬᠦ ᠪᠠᠶ᠋ᠢᠭᠤᠯᠤᠮᠵᠢ ᠵᠢᠨ ᠠᠵᠢᠯ᠎ᠤᠨ ᠨᠠᠷᠢᠨ ᠳᠦᠷᠢᠮ᠎ᠳᠤ ᠪᠢᠴᠢᠵᠦ ᠣᠷᠣᠭᠤᠯᠬᠤ ᠬᠡᠷᠡᠭᠲᠡᠶ᠃ ᠡᠯ᠎ᠡ ᠪᠦᠯᠬᠦᠮ ᠨᠡᠶ᠋ᠢᠲᠡ ᠵᠢᠨ ᠵᠣᠬᠢᠶᠠᠨ ᠪᠠᠶ᠋ᠢᠭᠤᠯᠤᠯᠲᠠ ᠵᠢᠨ᠎ᠬᠢᠨ ᠬᠠᠷᠢᠯᠴᠠᠵᠤ ᠪᠠᠶ᠋ᠢᠭ᠎ᠠ ᠣᠯᠠᠨ ᠲᠦᠮᠡᠨ᠎ᠳᠤ᠎ᠪᠠᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠵᠢ ᠵᠣᠬᠢᠶᠠᠨ ᠪᠠᠶ᠋ᠢᠭᠤᠯᠵᠤ ᠳᠠᠶ᠋ᠢᠴᠢᠯᠠᠬᠤ ᠪᠠ ᠬᠥᠮᠦᠵᠢᠭᠦᠯᠵᠦ ᠬᠥᠲᠥᠯᠥᠨ ᠵᠢᠯᠣᠭᠣᠳᠬᠤ ᠲᠤᠰᠢᠶᠠᠯ ᠬᠠᠷᠢᠭᠤᠴᠠᠯᠭ᠎ᠠ᠎ᠪᠠᠨ ᠴᠢᠩᠭ᠋ᠠᠳᠬᠠᠵᠤ᠂ ᠡᠯ᠎ᠡ ᠭᠠᠵᠠᠷ ᠣᠷᠣᠨ ᠡᠯ᠎ᠡ ᠬᠣᠯᠪᠣᠭᠳᠠᠯ ᠪᠥᠬᠥᠶ ᠰᠠᠯᠠᠭ᠎ᠠ ᠮᠥᠴᠢᠷ᠎ᠤᠨ᠎ᠬᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠵᠢ ᠡᠯ᠎ᠡ ᠠᠵᠢᠯ ᠲᠥᠷᠥᠯ᠎ᠤᠨ ᠲᠦᠷᠢᠮ ᠲᠣᠭᠲᠠᠭ᠋ᠠᠯ᠂ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠲᠦᠷᠢᠮ ᠪᠠ ᠲᠣᠰᠬᠣᠨ᠎ᠤ ᠲᠣᠭᠲᠠᠭ᠋ᠠᠯ ᠠᠷᠠᠳ᠎ᠤᠨ ᠭᠡᠷ᠎ᠡ᠂ ᠬᠣᠲᠠ ᠵᠢᠨ ᠠᠷᠠᠳ᠎ᠤᠨ ᠨᠡᠶ᠋ᠢᠲᠡ ᠵᠢᠨ ᠭᠡᠷ᠎ᠡ᠎ᠳᠤ ᠪᠢᠴᠢᠵᠦ ᠣᠷᠣᠭᠤᠯᠬᠤ ᠵᠢ ᠠᠬᠢᠭᠤᠯᠵᠤ᠂ ᠠᠵᠤ ᠠᠬᠤᠶ᠋ᠢᠯᠠᠯ᠎ᠤᠨ ᠰᠣᠶᠣᠯ᠎ᠤᠨ ᠪᠠᠶ᠋ᠢᠭᠤᠯᠤᠯᠲᠠ᠎ᠳᠤ ᠠᠭᠤᠰᠤᠯᠴᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠵᠢ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠠᠮᠢᠳᠤᠷᠠᠯ᠎ᠳᠤ ᠠᠭᠤᠰᠤᠯᠴᠠᠭᠤᠯᠵᠤ᠂ ᠠᠵᠢᠯᠯᠠᠭ᠋ᠠᠨ᠎ᠤ ᠪᠠᠷᠢᠮᠵᠢᠶ᠎ᠠ ᠪᠠ ᠡᠳᠦᠷ ᠲᠤᠲᠤᠮ᠎ᠤᠨ ᠳᠠᠳᠬᠠᠯ ᠪᠣᠯᠭ᠋ᠠᠬᠤ ᠬᠡᠷᠡᠭᠲᠡᠶ᠃
3. ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠶᠡᠷᠦᠩᠬᠡᠢ ᠱᠦᠵᠢ ᠰᠢ ᠵᠢᠨ ᠫᠢᠩ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠲᠤᠬᠠᠢ ᠴᠢᠬᠤᠯᠠ ᠥᠭᠦᠯᠡᠯᠲᠡ ᠵᠢ ᠨᠠᠮ᠎ᠤᠨ ᠭᠡᠰᠢᠭᠦᠨ ᠺᠠᠳ᠋ᠷ᠎ᠤᠨ ᠰᠤᠷᠤᠯᠴᠠᠬᠤ ᠲᠥᠯᠥᠪᠯᠡᠭᠡ ᠪᠠ ᠬᠥᠮᠦᠵᠢᠯ ᠪᠣᠯᠪᠠᠰᠤᠷᠠᠯ᠎ᠤᠨ ᠲᠥᠯᠥᠪᠯᠡᠭᠡ᠎ᠳᠤ ᠣᠷᠣᠭᠤᠯᠵᠤ᠂ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠵᠢᠨ ᠤᠨᠤᠯ ᠰᠤᠷᠤᠯᠴᠠᠬᠤ ᠭᠣᠣᠯ ᠳᠤᠭᠤᠶ᠋ᠢᠯᠠᠩ ᠵᠢᠯ ᠪᠦᠷᠢ ᠨᠠᠭ᠋ᠠᠳᠤ ᠵᠠᠬ᠎ᠠ᠎ᠨᠢ ᠨᠢᠭᠡ ᠤᠳᠠᠭ᠎ᠠ ᠲᠤᠰᠬᠠᠢ ᠰᠡᠳᠦᠪ ᠵᠶ᠋ᠠᠷ ᠰᠤᠷᠤᠯᠴᠠᠵᠦ ᠰᠤᠳᠤᠯᠤᠨ ᠶᠠᠷᠢᠯᠴᠠᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠯ ᠪᠦᠷᠢ ᠨᠠᠭ᠋ᠠᠳᠤ ᠵᠠᠬ᠎ᠠ᠎ᠨᠢ ᠨᠢᠭᠡ ᠤᠳᠠᠭ᠎ᠠ ᠲᠤᠰᠬᠠᠢ ᠰᠡᠳᠦᠪ ᠵᠶ᠋ᠠᠷ ᠰᠤᠷᠤᠯᠴᠠᠨ ᠰᠣᠯᠢᠯᠴᠠᠬᠤ ᠵᠢ ᠵᠣᠬᠢᠶᠠᠨ ᠪᠠᠶ᠋ᠢᠭᠤᠯᠬᠤ ᠬᠡᠷᠡᠭᠲᠡᠢ᠃ ᠡᠯ᠎ᠡ ᠱᠠᠲᠤᠨ᠎ᠤ ᠨᠠᠮ᠎ᠤᠨ ᠰᠤᠷᠭ᠋ᠠᠭᠤᠯᠢ (ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ)᠂ ᠺᠠᠳ᠋ᠷ᠎ᠤᠨ ᠳᠡᠭᠡᠳᠦ ᠰᠤᠷᠭ᠋ᠠᠭᠤᠯᠢ᠂ ᠨᠡᠶ᠋ᠢᠭᠡᠮ ᠵᠢᠷᠤᠮ᠎ᠤᠨ ᠳᠡᠭᠡᠳᠦ ᠰᠤᠷᠭ᠋ᠠᠭᠤᠯᠢ ᠵᠢᠨ ᠬᠤᠯᠪᠤᠬᠳᠠᠯ ᠪᠦᠬᠦᠢ ᠬᠢᠴᠢᠶᠡᠯ ᠵᠢᠴᠢ ᠪᠣᠯᠪᠠᠰᠤᠷᠠᠯ᠎ᠤᠨ ᠠᠭᠤᠯᠭ᠎ᠠ ᠵᠢᠨ ᠬᠤᠪᠢ ᠵᠢᠨ ᠵᠢᠩ᠎ᠢ ᠰᠤᠷᠤᠯᠭ᠎ᠠ ᠵᠢᠨ ᠬᠤᠭᠤᠴᠠᠭ᠎ᠠ ᠪᠦᠷᠢ ᠵᠢᠨ ᠶᠡᠷᠦᠩᠬᠡᠶ ᠬᠢᠴᠢᠶᠡᠯ᠎ᠤᠨ ᠴᠠᠭ᠎ᠤᠨ 20%᠎ᠠᠴᠠ ᠳᠣᠣᠷ᠎ᠠ ᠪᠠᠶ᠋ᠢᠯᠭ᠋ᠠᠵᠤ ᠪᠣᠯᠬᠤ ᠦᠭᠡᠶ᠃
4. ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠵᠢᠨ ᠲᠣᠭᠣᠷᠢᠨ᠎ᠳᠤ ᠨᠠᠮ᠎ᠤᠨ ᠭᠡᠰᠢᠭᠦᠨ ᠤᠳᠤᠷᠢᠳᠬᠤ ᠺᠠᠳ᠋ᠷ᠎ᠤᠨ ᠨᠠᠮ᠎ᠤᠨ ᠬᠢᠴᠢᠶᠡᠯ ᠣᠷᠣᠬᠤ ᠪᠠ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ ᠣᠷᠣᠬᠤ ᠲᠦᠷᠢᠮ᠎ᠢ ᠲᠡᠭᠦᠯᠳᠡᠷᠵᠢᠭᠦᠯᠦᠨ ᠴᠢᠩᠭ᠎ᠠ ᠨᠠᠶ᠋ᠢᠳᠠᠪᠤᠷᠢᠵᠢᠭᠤᠯᠬᠤ ᠬᠡᠷᠡᠭᠲᠡᠶ᠃ ᠡᠯ᠎ᠡ ᠱᠠᠲᠤᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠰᠠᠯᠠᠭ᠎ᠠ ᠮᠥᠴᠢᠷ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠪᠠᠶ᠋ᠢᠨᠭ᠌ᠭᠤᠵᠢᠬᠰᠡᠨ ᠤᠬᠠᠭᠤᠯᠭ᠎ᠠ ᠬᠥᠮᠦᠵᠢᠯ᠎ᠤᠨ ᠲᠣᠭᠲᠡᠴᠡ ᠵᠢ ᠲᠡᠭᠦᠯᠳᠡᠷᠵᠢᠭᠦᠯᠵᠦ᠂ ᠡᠯ᠎ᠡ ᠭᠠᠵᠠᠷ ᠣᠷᠣᠨ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠬᠥᠮᠦᠵᠢᠯ ᠦᠢ᠍ᠯᠡᠳᠦᠯᠭᠡ ᠵᠢᠨ ᠰᠠᠭᠤᠷᠢᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ 《ᠭᠤᠷᠪᠠᠨ ᠰᠠᠯᠵᠤ ᠴᠢᠳᠠᠬᠤ ᠦᠭᠡᠢ》᠂ 《ᠲᠦᠷᠪᠡᠨ ᠬᠠᠮᠲᠤ᠎ᠪᠠᠷ》᠂ 《ᠲᠦᠷᠪᠡᠨ ᠬᠠᠮᠳᠤᠳᠬᠠᠬᠤ》᠂ 《ᠲᠠᠪᠤᠨ ᠬᠠᠮᠲᠤ ᠵᠢᠨ ᠲᠠᠨᠢᠯᠲᠠ》᠂ 《ᠲᠠᠪᠤᠨ ᠦᠵᠡᠯᠲᠡ》 ᠪᠠ 《ᠲᠤᠯᠤᠭ᠋ᠠᠨ ᠲᠠᠯ᠎ᠠ᠎ᠪᠠᠷ ᠵᠢᠱ᠌ᠢᠶᠡᠴᠢ ᠪᠤᠯᠬᠤ》 ᠵᠡᠷᠭᠡ ᠣᠶ᠋ᠢᠯᠠᠭ᠋ᠠᠭᠳᠠᠬᠤᠨ ᠪᠠ ᠱᠠᠭ᠋ᠠᠷᠳᠠᠯᠭ᠎ᠠ ᠵᠢᠨ ᠲᠤᠬᠠᠢ ᠦᠷᠭᠦᠯᠵᠢᠯᠡᠨ ᠭᠦᠨᠵᠡᠭᠡᠢ ᠤᠬᠠᠭᠤᠯᠤᠨ ᠲᠠᠶ᠋ᠢᠯᠪᠤᠷᠢᠯᠠᠬᠤ ᠬᠡᠷᠡᠭᠲᠡᠢ᠃
5. ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠶᠡᠷᠦᠩᠬᠡᠶ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠶ᠎ᠠ᠎ᠠᠴᠠ ᠥᠪᠥᠷ ᠮᠣᠩᠭᠣᠯ᠎ᠤᠨ ᠠᠷᠠᠳ ᠲᠦᠮᠡᠨ᠎ᠢ ᠬᠠᠯᠠᠮᠵᠢᠯᠠᠵᠤ ᠪᠠᠶ᠋ᠢᠬᠤ ᠵᠢ ᠤᠬᠠᠭᠤᠯᠬᠤ᠂ ᠨᠠᠮ᠎ᠤᠨ ᠡᠨᠡᠷᠢᠯ ᠬᠠᠶ᠋ᠢᠷ᠎ᠠ ᠵᠢ ᠤᠬᠠᠭᠤᠯᠬᠤ ᠠᠵᠢᠯ᠎ᠤᠨ ᠲᠣᠭᠲᠡᠴᠡ ᠵᠢ ᠪᠠᠶ᠋ᠢᠭᠤᠯᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢᠨ ᠰᠤᠷᠤᠯᠴᠠᠯᠭ᠎ᠠ ᠬᠥᠮᠦᠵᠢᠯ ᠪᠠ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠳᠠᠭ᠋ᠠᠬᠤ》 ᠣᠯᠠᠨ ᠲᠦᠮᠡᠨ᠎ᠤ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ ᠵᠢ ᠪᠠᠶ᠋ᠢᠩᠭᠤᠵᠢᠭᠤᠯᠤᠨ ᠥᠷᠨᠢᠭᠦᠯᠵᠦ᠂ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ᠎ᠢ ᠬᠥᠮᠦᠵᠢᠭᠦᠯᠦᠨ ᠵᠢᠯᠣᠭᠣᠳᠴᠤ 《ᠵᠢᠷᠭᠤᠭ᠋ᠠᠨ ᠦᠭᠦᠯᠡᠪᠦᠷᠢ᠎ᠳᠠᠬᠢ ᠪᠣᠳᠠᠲᠤ ᠶᠠᠪᠤᠳᠠᠯ ᠪᠠ ᠶᠣᠰᠣ ᠤᠴᠢᠷ》᠎ᠢ ᠪᠠᠲᠤ ᠴᠡᠭᠡᠵᠢᠯᠡᠭᠦᠯᠵᠦ᠂ ᠨᠠᠩ ᠡᠷᠡᠰ ᠪᠠᠲᠤ ᠤᠬᠠᠮᠰᠠᠷ᠎ᠠᠴᠠ᠎ᠪᠠᠨ ᠶᠡᠷᠦᠩᠬᠡᠶ ᠱᠦᠵᠢ ᠰᠢ ᠵᠢᠨ ᠫᠢᠩ᠎ᠢ ᠲᠠᠭ᠋ᠠᠵᠤ ᠰᠢᠨ᠎ᠡ ᠠᠶᠠᠨ᠎ᠳᠤ ᠡᠷᠡᠯᠬᠡᠭᠯᠡᠨ ᠤᠷᠤᠭᠰᠢᠯᠠᠭᠤᠯᠬᠤ ᠬᠡᠷᠡᠭᠲᠡᠶ᠃
6. ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶ᠎ᠠ ᠵᠢᠴᠢ ᠲᠣᠭᠣᠷᠢᠭ ᠪᠠᠶ᠋ᠢᠭᠤᠯᠤᠭᠰᠠᠨ ᠬᠣᠲᠠ᠂ ᠥᠪᠡᠷᠲᠡᠭᠡᠨ ᠵᠠᠰᠠᠬᠤ ᠬᠣᠰᠢᠭᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶ᠎ᠠ ᠣᠲᠣ ᠵᠢᠨ ᠬᠡᠷᠡᠭᠵᠢᠭᠦᠯᠵᠦ ᠪᠠᠶ᠋ᠢᠭ᠎ᠠ ᠬᠦᠴᠦᠨ ᠪᠥᠬᠥᠶ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭᠲᠠᠭ᠋ᠠᠯ᠂ ᠥᠪᠡᠷᠲᠡᠭᠡᠨ ᠵᠠᠰᠠᠬᠤ ᠲᠦᠷᠢᠮ ᠪᠠ ᠲᠤᠰᠬᠠᠶ ᠲᠦᠷᠢᠮ᠎ᠢ ᠪᠥᠬᠥ ᠲᠠᠯ᠎ᠠ᠎ᠪᠠᠷ ᠡᠮᠬᠢᠯᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠳᠤ ᠨᠡᠶ᠋ᠢᠴᠡᠬᠦ ᠥᠬᠡᠶ ᠪᠠᠶ᠋ᠢᠪᠠᠯ ᠴᠠᠭ ᠲᠤᠬᠠᠶ᠎ᠳᠤᠨᠢ ᠵᠠᠰᠠᠪᠤᠷᠢ ᠣᠷᠣᠭᠤᠯᠬᠤ ᠪᠤᠶᠤ ᠬᠦᠴᠦᠨ ᠥᠬᠡᠶ ᠪᠣᠯᠭ᠋ᠠᠬᠤ ᠬᠡᠷᠡᠭᠲᠡᠶ᠃ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ᠎ᠢ ᠲᠣᠭᠲᠠᠭ᠋ᠠᠬᠤ᠎ᠳᠤ᠎ᠪᠠᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠵᠢ ᠤᠷᠢᠳ ᠵᠶ᠋ᠠᠷ ᠬᠢᠨᠠᠨ ᠬᠠᠷᠭᠤᠭᠤᠯᠬᠤ ᠨᠥᠬᠥᠴᠡᠯ ᠪᠣᠯᠭ᠋ᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶ᠎ᠠ ᠣᠷᠴᠣᠨ᠎ᠤ ᠥᠪᠡᠷᠲᠡᠭᠡᠨ ᠵᠠᠰᠠᠬᠤ ᠬᠣᠰᠢᠭᠤ᠂ ᠡᠸᠡᠩᠬᠢ ᠦᠨᠳᠦᠰᠦᠲᠡᠨ᠎ᠤ ᠥᠪᠡᠷᠲᠡᠭᠡᠨ ᠵᠠᠰᠠᠬᠤ ᠬᠣᠰᠢᠭᠤ᠂ ᠮᠤᠷᠢᠨᠳᠠᠪᠠᠭ᠎ᠠ ᠵᠢᠨ ᠳᠠᠭᠤᠷ ᠦᠨᠳᠦᠰᠦᠲᠡᠨ᠎ᠤ ᠥᠪᠡᠷᠲᠡᠭᠡᠨ ᠵᠠᠰᠠᠬᠤ ᠬᠣᠰᠢᠭᠤ ᠵᠢᠨ ᠥᠪᠡᠷᠲᠡᠭᠡᠨ ᠵᠠᠰᠠᠬᠤ ᠲᠦᠷᠢᠮ᠎ᠳᠤ ᠵᠠᠰᠠᠪᠤᠷᠢ ᠣᠷᠣᠭᠤᠯᠬᠤ ᠠᠵᠢᠯ᠎ᠢ ᠵᠢᠭ᠋ᠠᠨ ᠵᠢᠯᠣᠭᠣᠳᠬᠤ ᠬᠡᠷᠡᠭᠲᠡᠢ᠃
7. ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ ᠣᠲᠣ ᠵᠢᠨ ᠬᠡᠷᠡᠭᠵᠢᠭᠦᠯᠵᠦ ᠪᠠᠶ᠋ᠢᠭ᠎ᠠ ᠬᠦᠴᠦᠨ ᠪᠦᠬᠦᠢ ᠵᠠᠰᠠᠭ᠎ᠤᠨ ᠣᠷᠳᠣᠨ᠎ᠤ ᠲᠦᠷᠢᠮ ᠲᠣᠭᠲᠠᠭ᠋ᠠᠯ᠎ᠢ ᠪᠥᠬᠥ ᠲᠠᠯ᠎ᠠ᠎ᠪᠠᠷ ᠡᠮᠬᠢᠯᠡᠨ ᠳᠢᠭᠯᠡᠵᠦ᠂ ᠳᠥᠷᠪᠡᠨ ᠱᠠᠲᠤᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠢᠯᠭ᠋ᠠᠷᠠᠭᠤᠯᠤᠨ ᠡᠮᠬᠢᠯᠡᠬᠦ ᠠᠵᠢᠯ᠎ᠢ ᠥᠷᠨᠢᠭᠦᠯᠦᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠭᠤᠤᠯ ᠰᠢᠵᠢᠮ ᠪᠣᠯᠭ᠋ᠠᠵᠤ ᠰᠢᠨᠵᠢᠯᠡᠬᠦ ᠤᠬᠠᠭ᠋ᠠᠨᠴᠢ ᠯᠠᠪᠳᠠᠭᠤᠨ ᠪᠣᠯᠭᠣᠮᠵᠢᠲᠠᠶ᠎ᠪᠠᠷ ᠬᠢᠨᠠᠨ ᠪᠠᠶ᠋ᠢᠴᠠᠭ᠋ᠠᠵᠤ᠂ ᠵᠣᠬᠢᠴᠠᠭᠤᠯᠤᠨ᠂ ᠬᠠᠤᠯᠢ ᠲᠣᠭᠲᠠᠭ᠋ᠠᠯ ᠲᠦᠷᠢᠮ ᠲᠣᠭᠲᠠᠭ᠋ᠠᠯ᠎ᠤᠨ ᠲᠥᠰᠦᠯ᠎ᠳᠤ ᠵᠠᠰᠠᠪᠤᠷᠢ ᠣᠷᠣᠭᠤᠯᠬᠤ ᠬᠡᠷᠡᠭᠲᠡᠶ᠃
8. ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠯᠪᠠᠨ ᠲᠢᠩᠬᠢᠮ ᠨᠠᠮ᠎ᠤᠨ ᠳᠣᠲᠣᠭ᠋ᠠᠳᠤ ᠵᠢᠨ ᠬᠠᠤᠯᠢ ᠲᠣᠭᠲᠠᠭ᠋ᠠᠯ᠎ᠢ ᠤᠷᠢᠳ ᠵᠶ᠋ᠠᠷ ᠬᠢᠨᠠᠨ ᠬᠠᠷᠭᠤᠭᠤᠯᠬᠤ᠂ ᠳᠡᠩᠰᠡᠯᠡᠵᠦ ᠬᠢᠨᠠᠨ ᠪᠠᠶ᠋ᠢᠴᠠᠭ᠋ᠠᠬᠤ ᠠᠵᠢᠯ᠎ᠤᠨ ᠲᠣᠭᠲᠡᠴᠡ ᠵᠢ ᠪᠦᠷᠢᠨᠰᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠳᠤ ᠨᠡᠶ᠋ᠢᠴᠡᠬᠦ ᠥᠬᠡᠶ ᠨᠠᠮ᠎ᠤᠨ ᠳᠣᠲᠣᠭ᠋ᠠᠳᠤ ᠵᠢᠨ ᠬᠠᠤᠯᠢ ᠲᠣᠭᠲᠠᠭ᠋ᠠᠯ ᠪᠠ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠳᠤ ᠴᠠᠭ ᠲᠤᠬᠠᠶ᠎ᠳᠤᠨᠢ ᠵᠠᠰᠠᠪᠤᠷᠢ ᠣᠷᠣᠭᠤᠯᠬᠤ ᠪᠤᠶᠤ ᠬᠦᠴᠦᠨ ᠥᠬᠡᠶ ᠪᠣᠯᠭ᠋ᠠᠬᠤ ᠬᠡᠷᠡᠭᠲᠡᠶ᠃
9. ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ (ᠠᠯᠪᠠᠨ ᠬᠡᠷ) ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠴᠢᠬᠤᠯᠠ ᠶᠡᠬᠡ ᠲᠥᠷᠥ ᠵᠢᠨ ᠪᠣᠳᠣᠯᠭ᠎ᠠ ᠵᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠭᠤᠤᠯ ᠰᠢᠵᠢᠮ᠎ᠢ ᠲᠤᠭᠤᠰᠢᠯᠠᠭᠤᠯᠵᠤ᠂ ᠪᠣᠶ ᠪᠥᠬᠥᠶ ᠥᠭᠡᠷᠡᠴᠢᠯᠡᠯᠲᠡ ᠬᠥᠭᠵᠢᠯᠲᠡ᠎ᠳᠤ 《ᠭᠤᠷᠪᠠᠨ ᠠᠴᠢ ᠬᠣᠯᠪᠣᠭᠳᠠᠯ》᠎ᠢ ᠤᠯᠭᠤᠵᠤ ᠬᠢᠨᠠᠨ ᠬᠠᠷᠭᠤᠭᠤᠯᠬᠤ᠂ ᠦᠨᠡᠯᠡᠬᠦ᠂ ᠢᠯᠭ᠋ᠠᠷᠠᠭᠤᠯᠬᠤ ᠲᠣᠭᠲᠡᠴᠡ ᠵᠢ ᠪᠠᠶ᠋ᠢᠭᠤᠯᠵᠤ᠂ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠪᠥᠬᠥ ᠲᠠᠯ᠎ᠠ᠎ᠪᠠᠷ ᠡᠮᠬᠢᠯᠡᠨ᠂ ᠴᠠᠭ ᠲᠤᠬᠠᠶ᠎ᠳᠤᠨᠢ ᠳᠣᠭᠢᠷᠠᠭᠤᠯᠤᠯᠳᠠ ᠬᠢᠵᠤ ᠲᠡᠭᠦᠯᠳᠡᠷᠵᠢᠭᠦᠯᠬᠦ ᠬᠡᠷᠡᠭᠲᠡᠶ᠃
10. ᠡᠯ᠎ᠡ ᠱᠠᠲᠤᠨ᠎ᠤ ᠬᠥᠭᠵᠢᠯᠲᠡ ᠵᠢᠨ ᠲᠥᠯᠥᠪᠵᠢᠭᠦᠯᠭᠡ ᠵᠢᠨ ᠵᠥᠪᠯᠡᠯ᠂ ᠬᠣᠲᠠ ᠵᠢᠨ ᠲᠥᠯᠥᠪᠵᠢᠭᠦᠯᠭᠡ ᠵᠢᠨ ᠵᠥᠪᠯᠡᠯ (ᠬᠣᠲᠠ ᠬᠥᠳᠡᠭᠡ ᠵᠢᠨ ᠲᠥᠯᠥᠪᠵᠢᠭᠦᠯᠭᠡ ᠵᠢᠨ ᠵᠥᠪᠯᠡᠯ) ᠠᠳᠠᠯᠢ ᠱᠠᠲᠤᠨ᠎ᠤ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ᠎ᠢ ᠪᠦᠷᠢᠯᠳᠦᠬᠦᠨ ᠨᠢᠭᠡᠴᠢ ᠪᠣᠯᠭ᠋ᠠᠨ ᠨᠡᠮᠡᠭᠳᠡᠭᠦᠯᠵᠦ᠂ ᠡᠯ᠎ᠡ ᠲᠥᠷᠥᠯ᠎ᠤᠨ ᠲᠥᠯᠥᠪᠵᠢᠭᠦᠯᠭᠡ ᠪᠠ ᠴᠢᠬᠤᠯᠠ ᠶᠡᠬᠡ ᠢᠨᠵᠧᠨᠧᠷᠢᠩ᠎ᠤᠨ ᠲᠥᠷᠥᠯ ᠵᠦᠢ᠍ᠯ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠭᠤᠤᠯ ᠰᠢᠵᠢᠮ᠎ᠢ ᠲᠤᠭᠤᠰᠢᠯᠠᠭᠤᠯᠬᠤ ᠵᠢ ᠬᠢᠨᠠᠨ ᠬᠠᠷᠭᠤᠭᠤᠯᠵᠤ ᠪᠣᠭᠣᠮᠲᠠ ᠵᠢ ᠰᠠᠬᠢᠬᠤ ᠵᠢ ᠴᠢᠩᠭ᠋ᠠᠳᠬᠠᠬᠤ ᠬᠡᠷᠡᠭᠲᠡᠶ᠃
11. ᠡᠯ᠎ᠡ ᠱᠠᠲᠤᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠭᠤᠤᠯ ᠰᠢᠵᠢᠮ᠎ᠢ ᠲᠤᠭᠤᠰᠢᠯᠠᠭᠤᠯᠬᠤ ᠭᠤᠤᠯᠳᠠᠯᠭ᠎ᠠ᠎ᠲᠠᠢ ᠡᠭᠦᠷᠭᠡ ᠵᠢᠨ ᠡᠳ᠋᠎ᠤᠨ ᠵᠠᠰᠠᠭ᠎ᠤᠨ ᠪᠠᠲᠤᠯᠠᠭ᠎ᠠ ᠵᠢ ᠴᠢᠩᠭ᠋ᠠᠳᠬᠠᠵᠤ᠂ ᠴᠢᠬᠤᠯᠠ ᠶᠡᠬᠡ ᠪᠠᠯᠠ ᠮᠥᠩᠭᠥ ᠵᠢ ᠳᠣᠭᠢᠷᠠᠭᠤᠯᠤᠨ ᠬᠡᠷᠡᠭᠯᠡᠬᠦ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠭᠤᠤᠯ ᠰᠢᠵᠢᠮ᠎ᠢ ᠲᠤᠭᠤᠰᠢᠯᠠᠭᠤᠯᠬᠤ ᠬᠢᠨᠠᠨ ᠬᠠᠷᠭᠤᠭᠤᠯᠬᠤ ᠲᠣᠭᠲᠡᠴᠡ ᠵᠢ ᠪᠠᠶ᠋ᠢᠭᠤᠯᠬᠤ ᠬᠡᠷᠡᠭᠲᠡᠶ᠃
12. ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠢᠭᠡᠳᠦᠮᠡᠯ ᠹᠷᠣᠨᠲ᠎ᠤᠨ ᠬᠡᠯᠲᠡᠰ᠎ᠤᠨ᠎ᠬᠢᠨ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ ᠵᠡᠷᠭᠡ ᠰᠠᠯᠠᠭ᠎ᠠ ᠮᠥᠴᠢᠷ ᠨᠢᠭᠡᠴᠢ᠎ᠲᠠᠢ ᠬᠠᠮᠲᠤᠷᠠᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠨᠤᠯ᠎ᠤᠨ ᠰᠤᠳᠤᠯᠭ᠋ᠠᠨ᠎ᠤ ᠰᠢᠰᠲ᠋ᠧᠮ᠎ᠤᠨ ᠪᠠᠶ᠋ᠢᠭᠤᠯᠤᠯᠲᠠ ᠵᠢ ᠠᠬᠢᠭᠤᠯᠵᠤ᠂ 《ᠳᠤᠮᠳᠠᠳᠤ ᠵᠢᠨ ᠦᠨᠳᠦᠰᠦᠲᠡᠨ᠎ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢᠨ ᠲᠡᠦᠬᠡᠨ ᠮᠠᠲ᠋ᠧᠷᠢᠶᠠᠯ᠎ᠤᠨ ᠡᠮᠬᠢᠳᠭᠡᠯ · ᠥᠪᠥᠷ ᠮᠣᠩᠭᠣᠯ᠎ᠤᠨ ᠪᠤᠳᠢ》 ᠵᠢ ᠨᠠᠶ᠋ᠢᠷᠠᠭᠤᠯᠬᠤ ᠠᠵᠢᠯ᠎ᠢ ᠰᠠᠶ᠋ᠢᠲᠤᠷ ᠠᠳᠬᠤᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢᠨ ᠰᠤᠳᠤᠯᠭ᠋ᠠᠨ᠎ᠤ ᠢᠨᠵᠧᠨᠧᠷᠢᠩ (2023 — 2027 ᠣᠨ)᠎ᠢ ᠰᠠᠶ᠋ᠢᠲᠤᠷ ᠬᠡᠷᠡᠭᠵᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠤᠨᠤᠯ᠎ᠤᠨ ᠰᠤᠳᠤᠯᠤᠨ ᠶᠠᠷᠢᠯᠴᠠᠬᠤ ᠬᠤᠷᠠᠯ᠂ ᠳᠡᠭᠡᠳᠦ ᠲᠡᠰ᠎ᠤᠨ ᠡᠷᠳᠡᠮ ᠰᠢᠨᠵᠢᠯᠡᠭᠡᠨ᠎ᠤ ᠶᠠᠷᠢᠶᠠᠨ᠎ᠤ ᠲᠠᠪᠴᠠᠩ᠎ᠢ ᠰᠠᠶ᠋ᠢᠲᠤᠷ ᠡᠷᠬᠢᠯᠡᠵᠦ᠂ ᠥᠪᠥᠷ ᠮᠣᠩᠭᠣᠯ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠭᠰᠠᠨ ᠣᠨ᠎ᠤ ᠬᠦᠬᠡ ᠭᠠᠳᠠᠷᠳᠤ ᠪᠢᠴᠢᠭ᠎ᠢ ᠨᠠᠶ᠋ᠢᠷᠠᠭᠤᠯᠤᠨ ᠪᠢᠴᠢᠬᠦ ᠬᠡᠷᠡᠭᠲᠡᠢ᠃
13. ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠨᠢ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠤᠷᠤᠨ ᠵᠢᠱ᠌ᠢᠶ᠎ᠡ ᠦᠵᠡᠭᠦᠯᠬᠦ ᠨᠢᠭᠡᠴᠢ ᠵᠢᠨ 《ᠵᠠᠭᠤ ᠮᠢᠩᠭ᠎ᠠ ᠲᠦᠮᠡ᠎ᠪᠠᠷ ᠵᠢᠱ᠌ᠢᠶ᠎ᠡ ᠦᠵᠡᠭᠦᠯᠦᠨ ᠬᠥᠲᠥᠯᠥᠨ ᠳᠠᠭ᠋ᠠᠭᠤᠯᠬᠤ》 ᠢᠨᠵᠧᠨᠧᠷᠢᠩ᠎ᠢ ᠲᠦᠷᠦᠭᠦᠯᠡᠨ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠦᠨᠳᠦᠰᠦᠨ ᠴᠢᠭᠯᠡᠯ ᠪᠣᠯᠭ᠋ᠠᠨ ᠠᠭᠤᠯᠤᠭᠳᠠᠬᠤᠨ ᠵᠶ᠋ᠠᠨ ᠭᠦᠨᠵᠡᠭᠡᠶ᠋ᠢᠷᠡᠭᠦᠯᠦᠨ᠂ ᠬᠡᠯᠪᠡᠷᠢ᠎ᠪᠠᠨ ᠪᠠᠶᠠᠯᠢᠭᠵᠢᠭᠤᠯᠵᠤ᠂ ᠠᠷᠭ᠎ᠠ ᠪᠠᠷᠢᠯ᠎ᠤᠨ ᠰᠢᠨ᠎ᠡ ᠵᠢ ᠡᠭᠦᠳᠦᠨ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠦᠢ᠍ᠯᠡᠳᠪᠦᠷᠢᠯᠡᠯ ᠠᠮᠢᠳᠤᠷᠠᠯ᠎ᠤᠨ ᠳᠤᠮᠳᠠ ᠬᠠᠷᠢᠯᠴᠠᠨ ᠰᠤᠷᠤᠯᠴᠠᠵᠤ ᠬᠠᠷᠢᠯᠴᠠᠨ ᠲᠣᠯᠢ ᠪᠤᠯᠭ᠋ᠠᠬᠤ᠂ ᠬᠠᠷᠢᠯᠴᠠᠨ ᠬᠠᠪᠰᠤᠷᠤᠯᠴᠠᠵᠤ ᠬᠠᠷᠢᠯᠴᠠᠨ ᠳᠡᠮᠵᠢᠬᠦ ᠵᠢ ᠠᠬᠢᠭᠤᠯᠵᠤ᠂ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠵᠤ ᠳᠡᠰ ᠳᠡᠪᠰᠢᠭᠦᠯᠬᠦ ᠬᠡᠪ ᠵᠠᠭᠪᠤᠷ᠎ᠢ ᠪᠣᠶ ᠪᠣᠯᠭ᠋ᠠᠬᠤ ᠬᠡᠷᠡᠭᠲᠡᠶ᠃ ᠬᠢᠩᠭ᠋ᠠᠨ ᠠᠶ᠋ᠢᠮᠠᠭ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠵᠢᠱ᠌ᠢᠶ᠎ᠡ ᠦᠵᠡᠭᠦᠯᠬᠦ ᠣᠷᠣᠨ᠎ᠢ ᠡᠬᠦᠳᠦᠨ ᠪᠠᠶ᠋ᠢᠭᠤᠯᠬᠤ ᠵᠢ ᠵᠢᠯᠣᠭᠣᠳᠤᠨ ᠳᠡᠮᠵᠢᠬᠦ ᠬᠡᠷᠡᠭᠳᠡᠢ᠃
14. ᠥᠪᠡᠷᠲᠡᠭᠡᠨ ᠵᠠᠰᠠᠬᠤ ᠣᠷᠣᠨ᠎ᠤ ᠰᠤᠷᠳᠠᠯ ᠤᠬᠠᠭᠤᠯᠭ᠎ᠠ ᠰᠣᠶᠣᠯ᠎ᠤᠨ ᠰᠠᠯᠠᠭ᠎ᠠ ᠮᠥᠴᠢᠷ᠎ᠤᠳ ᠤᠮᠠᠷᠠᠲᠤ ᠬᠢᠯᠢ ᠵᠢᠨ ᠰᠣᠶᠣᠯ᠎ᠤᠨ ᠲᠦᠷᠦᠯ ᠲᠡᠮᠳᠡᠭ᠎ᠢ ᠪᠦᠬᠦ ᠬᠦᠴᠦᠨ ᠵᠶ᠋ᠠᠷ ᠵᠶ᠋ᠠᠨ ᠡᠭᠦᠳᠴᠦ᠂ ᠰᠤᠳᠤᠯᠤᠨ ᠲᠠᠶ᠋ᠢᠯᠪᠤᠷᠢᠯᠠᠬᠤ᠂ ᠤᠯᠠᠮᠵᠢᠯᠠᠨ ᠳᠡᠯᠭᠡᠷᠡᠭᠦᠯᠬᠦ᠂ ᠵᠣᠬᠢᠶᠠᠨ ᠪᠦᠲᠦᠭᠡᠵᠦ ᠦᠢ᠍ᠯᠡᠳᠪᠦᠷᠢᠯᠡᠬᠦ᠂ ᠲᠤᠯᠭ᠋ᠠᠭᠤᠷᠢᠯᠠᠨ ᠪᠠᠲᠤᠯᠠᠬᠤ ᠲᠣᠭᠲᠡᠴᠡ ᠵᠢ ᠪᠦᠷᠢᠨᠰᠢᠭᠦᠯᠵᠦ᠂ 《ᠳᠤᠮᠳᠠᠳᠤ ᠤᠯᠤᠰ · ᠤᠮᠠᠷᠠᠲᠤ ᠬᠢᠯᠢ ᠵᠢᠨ ᠰᠣᠶᠣᠯ᠎ᠤᠨ ᠨᠠᠶ᠋ᠢᠷ》᠎ᠢ ᠪᠡᠯᠡᠳᠭᠡᠨ ᠡᠷᠬᠢᠯᠡᠬᠦ ᠬᠡᠷᠡᠭᠲᠡᠶ᠃ ᠡᠯ᠎ᠡ ᠭᠠᠵᠠᠷ ᠣᠷᠣᠨ ᠡᠯ᠎ᠡ ᠬᠣᠯᠪᠣᠭᠳᠠᠯ ᠪᠥᠬᠥᠶ ᠰᠠᠯᠠᠭ᠎ᠠ ᠮᠥᠴᠢᠷ᠎ᠤᠳ ᠳᠤᠮᠳᠠᠳᠤ ᠵᠢᠨ ᠰᠣᠶᠣᠯ᠎ᠤᠨ ᠠᠭᠤᠯᠤᠭᠳᠠᠬᠤᠨ᠂ ᠤᠮᠠᠷᠠᠲᠤ ᠬᠢᠯᠢ ᠵᠢᠨ ᠰᠣᠶᠣᠯ᠎ᠤᠨ ᠣᠨᠴᠠ ᠰᠢᠨᠵᠢ ᠴᠢᠨᠠᠷ ᠪᠥᠬᠥᠶ ᠨᠠᠩ ᠣᠯᠠᠨ ᠰᠤᠶᠤᠯ᠎ᠤᠨ ᠲᠡᠮᠳᠡᠭ ᠪᠠ ᠳᠦᠷᠢ ᠲᠥᠷᠬᠦ ᠵᠢ ᠪᠣᠶ ᠪᠣᠯᠭ᠋ᠠᠬᠤ ᠵᠢ ᠠᠬᠢᠭᠤᠯᠬᠤ ᠵᠢᠨ ᠬᠠᠮᠲᠤ᠂ ᠲᠡᠭᠦᠨ᠎ᠢ ᠣᠯᠠᠨ ᠨᠡᠶ᠋ᠢᠲᠡ ᠵᠢᠨ ᠰᠣᠶᠣᠯ᠎ᠤᠨ ᠲᠤᠨᠤᠭ ᠲᠦᠬᠦᠭᠡᠷᠦᠮᠵᠢ ᠵᠢᠨ ᠪᠥᠲᠥᠭᠡᠨ ᠪᠠᠶ᠋ᠢᠭᠤᠯᠤᠯᠲᠠ᠂ ᠬᠣᠲᠠ ᠵᠢᠨ ᠪᠡᠯᠭᠡ ᠲᠡᠮᠳᠡᠭ᠎ᠤᠨ ᠴᠢᠨᠠᠷᠲᠠᠶ ᠪᠠᠷᠢᠯᠭ᠎ᠠ ᠵᠢᠨ ᠪᠥᠲᠥᠭᠡᠨ ᠪᠠᠶ᠋ᠢᠭᠤᠯᠤᠯᠲᠠ᠂ ᠵᠢᠭᠤᠯᠴᠢᠯᠠᠯ᠎ᠤᠨ ᠦᠵᠡᠮᠵᠢ ᠵᠢᠨ ᠦᠵᠡᠭᠦᠯᠭᠡ ᠵᠡᠷᠭᠡ ᠲᠠᠯ᠎ᠠ᠎ᠳᠤ ᠠᠭᠤᠰᠬᠠᠨ ᠣᠷᠣᠭᠤᠯᠬᠤ ᠬᠡᠷᠡᠭᠲᠡᠢ᠃
15. ᠡᠯ᠎ᠡ ᠱᠠᠲᠤᠨ᠎ᠤ ᠰᠤᠷᠲᠠᠯ ᠤᠬᠠᠭᠤᠯᠭ᠎ᠠ ᠰᠣᠶᠣᠯ᠎ᠤᠨ ᠰᠠᠯᠠᠭ᠎ᠠ ᠮᠥᠴᠢᠷ᠎ᠤᠳ ᠡᠯ᠎ᠡ ᠲᠥᠷᠥᠯ᠎ᠤᠨ ᠳᠤᠷᠠᠰᠬᠠᠯ᠎ᠤᠨ ᠣᠷᠳᠣᠨ᠂ ᠦᠵᠡᠰᠭᠦᠯᠡᠩ᠎ᠤᠨ ᠣᠷᠳᠣᠨ᠂ ᠮᠦᠽᠧᠶ (ᠬᠦᠷᠢᠶᠡᠯᠡᠩ) ᠵᠢᠨ ᠳᠡᠯᠭᠡᠨ ᠦᠵᠡᠭᠦᠯᠬᠦ ᠠᠭᠤᠯᠭ᠎ᠠ ᠵᠢᠨ ᠰᠤᠳᠤᠯᠤᠯ ᠪᠠ ᠬᠢᠨᠠᠨ ᠬᠠᠷᠭᠤᠭᠤᠯᠵᠤ ᠪᠣᠭᠣᠮᠲᠠ ᠵᠢ ᠰᠠᠬᠢᠬᠤ᠎ᠪᠠᠨ ᠴᠢᠩᠭ᠋ᠠᠳᠬᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠳᠤ ᠨᠡᠶ᠋ᠢᠴᠡᠬᠦ ᠦᠭᠡᠶ ᠠᠭᠤᠯᠭ᠎ᠠ ᠵᠢ ᠭᠦᠨᠵᠡᠭᠡᠶ ᠢᠯᠭ᠋ᠠᠷᠠᠭᠤᠯᠤᠨ ᠴᠡᠪᠡᠷᠯᠡᠵᠤ᠂ ᠨᠠᠮ᠎ᠠᠴᠠ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠤᠳᠤᠷᠢᠳᠤᠨ ᠪᠦᠯᠬᠦᠮᠳᠡᠨ ᠡᠷᠡᠯᠬᠡᠭᠯᠡᠨ ᠤᠷᠤᠭᠰᠢᠯᠠᠬᠰᠠᠨ ᠪᠠ ᠦᠨᠳᠦᠰᠦᠲᠡᠨ᠎ᠨᠦᠭᠦᠳ᠎ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡᠨ ᠪᠣᠳᠠᠲᠤ ᠪᠠᠶ᠋ᠢᠳᠠᠯ᠎ᠤᠨ ᠳᠡᠯᠭᠡᠨ ᠦᠵᠡᠭᠦᠯᠭᠡ ᠵᠢ ᠲᠥᠪᠯᠡᠷᠡᠭᠦᠯᠦᠨ ᠨᠡᠶ᠋ᠢᠳᠡᠯᠡᠬᠦ ᠬᠡᠷᠡᠭᠲᠡᠶ᠃ ᠴᠥᠭᠡᠨ ᠲᠣᠭ᠋ᠠᠲᠤ ᠦᠨᠳᠦᠰᠦᠲᠡᠨ᠎ᠤ ᠦᠭᠡ ᠬᠡᠯᠡ ᠦᠰᠦᠭ ᠪᠢᠴᠢᠭ᠎ᠤᠨ ᠣᠷᠴᠢᠭᠤᠯᠭ᠎ᠠ ᠵᠢᠨ ᠠᠵᠢᠯ᠎ᠢ ᠴᠢᠩᠭ᠎ᠠ ᠵᠢᠷᠤᠮᠵᠢᠭᠤᠯᠬᠤ ᠬᠡᠷᠡᠭᠳᠡᠢ᠃ ᠦᠨᠳᠦᠰᠦᠲᠡᠨ᠎ᠤ ᠬᠦᠷᠢᠶᠡᠨ᠎ᠳᠠᠬᠢ ᠬᠡᠪᠯᠡᠭᠳᠡᠬᠦᠨ᠎ᠢ ᠬᠢᠨᠠᠨ ᠬᠠᠷᠭᠤᠭᠤᠯᠬᠤ ᠬᠠᠮᠢᠶᠠᠷᠤᠯᠲᠠ ᠵᠢ ᠴᠢᠩᠭ᠋ᠠᠳᠬᠠᠵᠤ᠂ ᠭᠦᠨ ᠤᠬᠠᠭ᠋ᠠᠨ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠵᠢᠴᠢ ᠬᠠᠮᠢᠶ᠎ᠠ ᠪᠥᠬᠥᠶ ᠶᠠᠷᠢᠶᠠᠨ᠎ᠤ ᠲᠠᠪᠴᠠᠩ᠂ ᠲᠠᠶ᠋ᠢᠯᠤᠮᠵᠢ ᠵᠢ ᠬᠢᠨᠠᠨ ᠬᠠᠷᠭᠤᠭᠤᠯᠬᠤ ᠬᠠᠮᠢᠶᠠᠷᠤᠯᠲᠠ ᠵᠢ ᠴᠢᠩᠭ᠋ᠠᠳᠬᠠᠵᠤ᠂ ᠡᠯ᠎ᠡ ᠲᠥᠷᠥᠯ᠎ᠤᠨ ᠰᠣᠶᠣᠯ᠎ᠤᠨ ᠰᠣᠯᠢᠯᠴᠠᠭ᠋ᠠᠨ᠎ᠤ ᠠᠵᠢᠯᠯᠠᠭ᠎ᠠ ᠢᠯᠠᠩᠭᠤᠶ᠎ᠠ ᠬᠢᠯᠢ ᠵᠢᠨ ᠭᠠᠳᠠᠨᠠᠬᠢ ᠲᠣᠭᠯᠠᠯᠲᠠ ᠵᠢᠨ ᠪᠦᠯᠬᠦᠮ᠎ᠤᠨ ᠮᠠᠨ᠎ᠤ ᠣᠷᠣᠨ᠎ᠳᠤ ᠢᠷᠡᠵᠦ ᠲᠣᠭᠯᠠᠯᠲᠠ ᠵᠢᠨ ᠠᠵᠢᠯᠯᠠᠭ᠎ᠠ ᠥᠷᠨᠢᠭᠦᠯᠬᠦ ᠵᠢ ᠬᠢᠨᠠᠨ ᠬᠠᠷᠭᠤᠭᠤᠯᠬᠤ ᠬᠠᠮᠢᠶᠠᠷᠤᠯᠲᠠ ᠵᠢ ᠴᠢᠩᠭ᠋ᠠᠳᠬᠠᠵᠤ᠂ 《ᠠᠰᠠᠭᠤᠳᠠᠯ᠎ᠲᠠᠢ᠎ᠪᠠᠷ ᠬᠡᠪᠯᠡᠬᠦᠯᠬᠦ》 ᠪᠠ 《ᠠᠰᠠᠭᠤᠳᠠᠯ᠎ᠲᠠᠢ᠎ᠪᠠᠷ ᠲᠠᠶ᠋ᠢᠰᠠᠨ᠎ᠳᠤ ᠭᠠᠷᠬᠤ》 ᠵᠢ ᠰᠡᠷᠭᠡᠶ᠋ᠢᠯᠡᠬᠦ ᠬᠡᠷᠡᠭᠲᠡᠢ᠃
16. ᠡᠯ᠎ᠡ ᠱᠠᠲᠤᠨ᠎ᠤ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ᠎ᠤᠳ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠵᠢ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭ᠋ᠠᠭᠤᠯᠢ ᠵᠢᠨ ᠰᠤᠷᠭ᠋ᠠᠭᠤᠯᠢ ᠡᠷᠭᠢᠯᠡᠵᠦ ᠰᠤᠷᠭ᠋ᠠᠭᠤᠯᠢ ᠵᠢ ᠵᠠᠰᠠᠬᠤ᠂ ᠪᠢᠴᠢᠭ ᠵᠢᠭ᠋ᠠᠵᠤ ᠬᠥᠮᠦᠨ ᠬᠥᠮᠦᠵᠢᠭᠦᠯᠬᠦ ᠪᠥᠬᠥ ᠶᠠᠪᠤᠴᠠ᠎ᠳᠤ ᠠᠭᠤᠰᠤᠯᠴᠠᠭᠤᠯᠬᠤ ᠵᠢ ᠠᠬᠢᠭᠤᠯᠵᠤ᠂ ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠎ᠤᠨ ᠱᠠᠲᠤ ᠦᠶ᠎ᠡ᠎ᠳᠤ 《ᠠᠳᠠᠯᠢ ᠦᠬᠡ ᠬᠡᠯᠡ ᠦᠰᠦᠭ ᠪᠢᠴᠢᠭ᠎ᠲᠠᠢ ᠪᠠᠶ᠋ᠢᠯᠭ᠋ᠠᠬᠤ》 ᠲᠥᠯᠥᠪᠯᠡᠭᠡ ᠵᠢ ᠬᠡᠷᠡᠭᠵᠢᠭᠦᠯᠦᠨ᠂ 《ᠶᠣᠰᠣ ᠰᠤᠷᠲᠠᠬᠤᠨ ᠵᠶ᠋ᠠᠷ ᠬᠡᠦᠬᠡᠳ ᠬᠥᠮᠦᠵᠢᠭᠦᠯᠬᠦ》 ᠬᠢᠴᠢᠶᠡᠯ᠎ᠤᠨ ᠲᠠᠩᠬᠢᠮ᠎ᠢ ᠪᠥᠬᠥ ᠲᠠᠯ᠎ᠠ᠎ᠪᠠᠷ ᠨᠡᠭᠡᠭᠡᠬᠦ ᠬᠡᠷᠡᠭᠲᠡᠶ; ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠳᠤ 《ᠳᠤᠮᠳᠠᠳᠤ ᠵᠢᠨ ᠦᠨᠳᠦᠰᠦᠲᠡᠨ᠎ᠤ ᠶᠡᠬᠡ ᠬᠡᠷ ᠪᠦᠯᠢ》 ᠵᠡᠷᠭᠡ ᠵᠢᠭ᠋ᠠᠬᠤ ᠮᠠᠲ᠋ᠧᠷᠢᠶᠠᠯ᠎ᠢ ᠰᠠᠶ᠋ᠢᠲᠤᠷ ᠬᠡᠷᠡᠭᠯᠡᠵᠦ᠂ 12 ᠬᠢᠴᠢᠶᠡᠯ᠎ᠤᠨ ᠴᠠᠭ᠎ᠠᠴᠠ ᠳᠤᠲᠠᠭᠤ ᠥᠬᠡᠶ᠎ᠪᠠᠷ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠲᠤᠰᠬᠠᠶ ᠰᠡᠳᠦᠪᠲᠦ ᠬᠥᠮᠦᠵᠢᠯ᠎ᠢ ᠥᠷᠨᠢᠭᠦᠯᠬᠦ ᠬᠡᠷᠡᠭᠲᠡᠢ; ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠭ᠋ᠠᠨ ᠬᠥᠮᠦᠵᠢᠯ᠎ᠤᠨ ᠱᠠᠲᠤᠨ᠎ᠳᠤ 《ᠡᠬᠡ ᠤᠯᠤᠰ᠎ᠲᠤ᠎ᠪᠠᠨ ᠦᠴᠢᠬᠦ ᠮᠢᠨᠦ ᠬᠦᠨ ᠰᠡᠳᠭᠢᠯᠭᠡ ᠵᠢᠨ ᠴᠠᠭ᠋ᠠᠳᠬᠠᠯ》 ᠵᠡᠷᠭᠡ ᠠᠵᠢᠯᠯᠠᠭ᠎ᠠ ᠵᠢ ᠪᠥᠬᠥ ᠲᠠᠯ᠎ᠠ᠎ᠪᠠᠷ ᠥᠷᠨᠢᠭᠦᠯᠵᠦ᠂ 《ᠳᠤᠮᠳᠠᠳᠤ ᠤᠯᠤᠰ ᠵᠶ᠋ᠠᠨ ᠬᠠᠶ᠋ᠢᠷᠠᠯᠠᠬᠤ》 ᠵᠤᠰᠠᠯᠠᠩ᠂ ᠡᠪᠦᠯ᠎ᠤᠨ ᠠᠵᠢᠯᠯᠠᠭ᠎ᠠ ᠵᠡᠷᠭᠡ ᠨᠡᠶ᠋ᠢᠭᠡᠮ᠎ᠤᠨ ᠦᠢ᠍ᠯᠡᠳᠦᠯᠭᠡ ᠵᠢ ᠥᠷᠭᠡᠨ ᠵᠶ᠋ᠠᠷ ᠥᠷᠨᠢᠭᠦᠯᠬᠦ ᠬᠡᠷᠡᠭᠲᠡᠢ; ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠱᠠᠲᠤᠨ᠎ᠳᠤ ᠪᠠᠭᠰᠢ ᠰᠤᠷᠤᠭᠴᠢᠳ᠎ᠤᠨ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠬᠤᠷᠢᠶᠠᠩᠭᠤᠢ》 ᠵᠡᠷᠭᠡ ᠵᠢᠭ᠋ᠠᠬᠤ ᠮᠠᠲ᠋ᠧᠷᠢᠶᠠᠯ᠎ᠢ ᠰᠠᠶ᠋ᠢᠲᠤᠷ ᠬᠡᠷᠡᠭᠯᠡᠵᠦ ᠰᠠᠶ᠋ᠢᠲᠤᠷ ᠰᠤᠷᠬᠤ ᠵᠢ ᠠᠬᠢᠭᠤᠯᠵᠤ᠂ ᠶᠡᠬᠡ ᠳᠡᠭᠡᠳᠦ ᠰᠤᠷᠭ᠋ᠠᠭᠤᠯᠢ ᠵᠢᠨ 《ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ ᠵᠶ᠋ᠠᠨ ᠬᠢᠴᠢᠶᠡᠩᠭᠦᠢ᠌ᠯᠡᠨ ᠬᠦᠨᠳᠦᠳᠭᠡᠬᠦ》 ᠲᠦᠷᠦᠯ ᠵᠦᠢ᠍ᠯ᠎ᠢ ᠬᠡᠷᠡᠭᠵᠢᠭᠦᠯᠬᠦ ᠬᠡᠷᠡᠭᠲᠡᠢ᠃
17. ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠪᠦᠬᠦ ᠲᠠᠯ᠎ᠠ᠎ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠲᠦᠭᠡᠮᠡᠯᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠪᠣᠯᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠥᠯᠥᠪᠯᠡᠭᠡ ᠵᠢ ᠭᠦᠨᠵᠡᠭᠡᠢ ᠬᠡᠷᠡᠭᠵᠢᠭᠦᠯᠬᠦ ᠬᠡᠷᠡᠭᠲᠡᠢ᠃ ᠤᠯᠤᠰ᠎ᠤᠨ ᠨᠢᠭᠡᠳᠦᠯᠲᠡᠢ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠡᠷᠡᠰ ᠭᠤᠶ᠋ᠢᠪᠢᠰᠢ ᠦᠭᠡᠢ ᠪᠦᠬᠦ ᠲᠠᠯ᠎ᠠ᠎ᠪᠠᠷ ᠳᠡᠯᠭᠡᠷᠡᠭᠦᠯᠦᠨ ᠬᠡᠷᠡᠭᠯᠡᠵᠦ᠂ ᠦᠨᠳᠦᠰᠦᠲᠡᠨ᠎ᠨᠦᠭᠦᠳ᠎ᠤᠨ ᠵᠠᠯᠠᠭᠤᠴᠤᠳ ᠪᠠᠭ᠋ᠠᠴᠤᠳ᠎ᠤᠨ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠡᠵᠡᠮᠰᠢᠬᠦ ᠪᠠ ᠰᠠᠶ᠋ᠢᠲᠤᠷ ᠬᠡᠷᠡᠭᠯᠡᠬᠦ ᠵᠢ ᠦᠨᠡᠨ ᠬᠦ᠌ ᠪᠠᠲᠤᠯᠠᠬᠤ ᠬᠡᠷᠡᠭᠳᠡᠢ᠃
18. ᠡᠯ᠎ᠡ ᠱᠠᠲᠤᠨ᠎ᠤ ᠨᠠᠮ᠎ᠤᠨ ᠬᠣᠷᠢᠶ᠎ᠠ ᠵᠢᠨ ᠤᠯᠤᠰ ᠲᠥᠷᠥ ᠬᠠᠤᠯᠢ ᠴᠠᠭ᠋ᠠᠵᠠ ᠵᠢᠨ ᠬᠣᠷᠢᠶ᠎ᠠ ᠪᠣᠯᠤᠨ ᠤᠯᠤᠰ ᠲᠥᠷᠥ ᠬᠠᠤᠯᠢ ᠴᠠᠭ᠋ᠠᠵᠠ ᠵᠢᠨ ᠨᠢᠭᠡᠴᠢ᠎ᠨᠦᠭᠦᠳ ᠦᠨᠳᠦᠰᠦᠲᠡᠨ᠎ᠤ ᠬᠦᠷᠢᠶᠡᠨ᠎ᠳᠠᠬᠢ ᠲᠦᠭᠰᠢᠭᠦᠷᠢ ᠵᠢᠨ ᠳᠠᠯᠳᠠ ᠭᠡᠮ᠎ᠢ ᠨᠢᠭᠲᠠ ᠠᠩᠬᠠᠷᠤᠨ᠂ ᠪᠦᠲᠦᠮᠵᠢᠲᠡᠶ ᠰᠡᠷᠭᠡᠶ᠋ᠢᠯᠡᠨ ᠠᠷᠢᠯᠭ᠋ᠠᠵᠤ᠂ ᠲᠦᠭᠰᠢᠭᠦᠷᠢ ᠵᠢᠨ ᠭᠡᠮ ᠰᠤᠭᠤᠭ᠎ᠢ ᠡᠷᠲᠡᠬᠡᠨ ᠰᠡᠷᠭᠡᠶ᠋ᠢᠯᠡᠬᠦ᠂ ᠣᠨᠣᠪᠴᠢᠲᠠᠶ᠎ᠪᠠᠷ ᠢᠯᠡᠷᠡᠭᠦᠯᠬᠦ᠂ ᠵᠥᠪᠳᠡᠯᠴᠡᠨ ᠰᠤᠳᠤᠯᠤᠨ ᠮᠠᠭ᠋ᠠᠳᠯᠠᠬᠤ᠂ ᠴᠠᠭ ᠲᠤᠬᠠᠶ᠎ᠳᠤᠨᠢ ᠰᠢᠢ᠍ᠳᠪᠦᠷᠢᠯᠡᠬᠦ ᠵᠡᠷᠭᠡ ᠳᠦᠷᠢᠮ ᠲᠣᠭᠲᠡᠴᠡ ᠵᠢ ᠪᠦᠷᠢᠨᠰᠢᠭᠦᠯᠵᠦ᠂ ᠳᠠᠶ᠋ᠢᠰᠤᠩᠨᠠᠭᠴᠢ ᠬᠦᠴᠦᠨ᠎ᠤ ᠨᠡᠪᠴᠢᠯᠲᠡ ᠬᠢᠬᠦ᠂ ᠡᠪᠳᠡᠯᠡᠭᠡ ᠬᠢᠬᠦ᠂ ᠨᠤᠷᠠᠭ᠋ᠠᠬᠤ ᠠᠵᠢᠯᠯᠠᠭ᠎ᠠ ᠵᠢ ᠴᠢᠩᠭ᠎ᠠ ᠰᠡᠷᠭᠡᠶ᠋ᠢᠯᠡᠬᠦ ᠪᠠ ᠬᠠᠤᠯᠢ ᠶᠣᠰᠣᠭ᠋ᠠᠷ ᠴᠣᠬᠢᠯᠲᠠ ᠥᠭᠬᠦ ᠬᠡᠷᠡᠭᠲᠡᠶ᠃ ᠦᠨᠳᠦᠰᠦᠲᠡᠨ᠎ᠤ ᠡᠯᠧᠮᠧᠨ᠋ᠲ᠎ᠲᠤ ᠬᠣᠯᠪᠣᠭᠳᠠᠭᠰᠠᠨ ᠬᠡᠷᠡᠭ᠎ᠢ ᠬᠠᠤᠯᠢ ᠶᠣᠰᠣᠭ᠋ᠠᠷ ᠲᠣᠬᠢᠲᠠᠢ ᠰᠢᠢ᠍ᠳᠪᠦᠷᠢᠯᠡᠵᠦ᠂ ᠶᠠᠮᠠᠷ ᠠᠰᠠᠭᠤᠳᠠᠯ ᠪᠠᠶ᠋ᠢᠪᠠᠯ ᠲᠡᠷᠡ ᠠᠰᠠᠭᠤᠳᠠᠯ ᠶᠤᠰᠤᠭ᠋ᠠᠷ᠎ᠨᠢ ᠰᠢᠢ᠍ᠳᠪᠦᠷᠢᠯᠡᠬᠦ ᠵᠢ ᠪᠠᠷᠢᠮᠲᠠᠯᠠᠬᠤ ᠬᠡᠷᠡᠭᠲᠡᠢ᠃
19. ᠡᠯ᠎ᠡ ᠭᠠᠵᠠᠷ ᠣᠷᠣᠨ ᠡᠯ᠎ᠡ ᠬᠣᠯᠪᠣᠭᠳᠠᠯ ᠪᠥᠬᠥᠶ ᠰᠠᠯᠠᠭ᠎ᠠ ᠮᠥᠴᠢᠷ᠎ᠤᠳ ᠠᠷᠠᠳ᠎ᠲᠤ ᠠᠰᠢᠭ ᠬᠦᠷᠲᠡᠭᠡᠬᠦ ᠨᠥᠬᠥᠪᠥᠷᠢ ᠵᠢᠨ ᠪᠠᠯᠠ ᠮᠥᠩᠭᠥ ᠵᠢᠨ 《ᠪᠦᠷᠢᠨ ᠴᠢᠳᠠᠮᠵᠢᠲᠦ ᠺᠠᠷᠲ》 ᠵᠶ᠋ᠠᠷ ᠰᠢᠭᠤᠳ ᠬᠥᠷᠬᠥ ᠲᠣᠭᠲᠡᠴᠡ ᠵᠢ ᠲᠡᠭᠦᠯᠳᠡᠷᠵᠢᠭᠦᠯᠵᠦ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠳᠤ ᠠᠰᠢᠭ ᠲᠤᠰᠠ ᠬᠠᠮᠢᠭ᠎ᠠ᠎ᠠᠴᠠ ᠢᠷᠡᠭᠰᠡᠨ᠂ ᠠᠰᠢᠭ ᠲᠤᠰᠠ ᠬᠠᠮᠢᠭ᠎ᠠ ᠪᠠᠶ᠋ᠢᠬᠤ᠂ ᠠᠰᠢᠭ ᠲᠤᠰᠠ ᠬᠡᠳᠦᠶ ᠪᠠᠶ᠋ᠢᠬᠤ ᠵᠢ ᠮᠡᠳᠡᠭᠦᠯᠵᠦ᠂ ᠦᠨᠡᠨ ᠰᠡᠳᠭᠢᠯ᠎ᠠᠴᠠ᠎ᠪᠠᠨ ᠡᠪ ᠬᠠᠮᠲᠤ ᠨᠠᠮ ᠰᠠᠶ᠋ᠢᠨ ᠪᠠᠶ᠋ᠢᠬᠤ᠂ ᠡᠬᠡ ᠤᠯᠤᠰ ᠰᠠᠶ᠋ᠢᠨ ᠪᠠᠶ᠋ᠢᠬᠤ ᠵᠢ ᠣᠶ᠋ᠢᠯᠠᠭ᠋ᠠᠭᠤᠯᠬᠤ ᠬᠡᠷᠡᠭᠲᠡᠶ᠃ ᠡᠬᠢ ᠪᠠᠶᠠᠯᠢᠭ᠎ᠤᠨ ᠨᠡᠭᠡᠭᠡᠯᠲᠡ᠂ ᠠᠵᠤ ᠦᠢ᠍ᠯᠡᠰ᠎ᠤᠨ ᠪᠦᠲᠦᠭᠡᠨ ᠪᠠᠶ᠋ᠢᠭᠤᠯᠤᠯᠲᠠ ᠵᠡᠷᠭᠡ ᠲᠠᠯ᠎ᠠ᠎ᠪᠠᠷ ᠣᠯᠠᠨ ᠲᠦᠮᠡᠨ᠎ᠤ ᠠᠰᠢᠭ ᠲᠤᠰᠠ ᠵᠢ ᠬᠠᠮᠠᠭ᠋ᠠᠯᠠᠬᠤ ᠵᠢ ᠦᠨᠡᠯᠡᠬᠦ ᠪᠠ ᠬᠤᠪᠢᠶᠠᠷᠢᠯᠠᠬᠤ ᠲᠣᠭᠲᠡᠴᠡ ᠵᠢ ᠪᠦᠷᠢᠨᠰᠢᠭᠦᠯᠵᠦ᠂ ᠭᠣᠣᠯᠳᠠᠯᠭ᠎ᠠ᠎ᠲᠠᠢ ᠠᠮᠢ ᠠᠬᠤᠶ ᠵᠢᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ᠂ ᠮᠠᠯ ᠠᠵᠤ ᠠᠬᠤᠶ ᠲᠠᠷᠢᠶᠠᠯᠠᠩ ᠬᠦᠳᠡᠬᠡ ᠲᠤᠰᠬᠤᠨ ᠮᠠᠯᠵᠢᠬᠤ ᠣᠷᠣᠨ᠎ᠤ ᠰᠠᠭᠤᠷᠢ ᠲᠦᠬᠦᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠵᠡᠷᠭᠡ ᠲᠥᠷᠥᠯ ᠵᠦᠢ᠍ᠯ᠎ᠳᠤ ᠠᠵᠢᠯ ᠣᠯᠭᠣᠬᠤ᠎ᠪᠠᠷ ᠲᠡᠳᠬᠦᠮᠵᠢ ᠵᠢ ᠣᠷᠣᠯᠠᠭᠤᠯᠬᠤ ᠵᠢ ᠬᠡᠷᠡᠭᠵᠢᠭᠦᠯᠬᠦ ᠬᠡᠪᠴᠢᠶ᠎ᠡ ᠵᠢ ᠥᠷᠭᠡᠳᠭᠡᠨ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠢ ᠬᠥᠲᠥᠯᠥᠨ ᠵᠢᠯᠣᠭᠣᠳᠴᠤ ᠡᠵᠡᠨ ᠬᠥᠮᠦᠨ᠎ᠤ ᠦᠵᠡᠯ ᠤᠬᠠᠮᠰᠠᠷ᠎ᠢ᠎ᠨᠢ ᠨᠡᠮᠡᠭᠳᠡᠭᠦᠯᠵᠦ᠂ ᠬᠠᠮᠲᠤ᠎ᠪᠠᠷ ᠲᠡᠮᠡᠴᠡᠬᠦ ᠶᠠᠪᠤᠴᠠ᠎ᠳᠤ ᠬᠠᠮᠲᠤ᠎ᠪᠠᠷ ᠪᠠᠶᠠᠵᠢᠬᠤ ᠵᠠᠮ ᠵᠶ᠋ᠠᠷ ᠵᠠᠮᠨᠠᠭᠤᠯᠬᠤ ᠬᠡᠷᠡᠭᠲᠡᠢ᠃
20. ᠬᠣᠯᠪᠣᠭᠳᠠᠯ ᠪᠦᠬᠦᠢ ᠭᠠᠵᠠᠷ ᠣᠷᠣᠨ ᠪᠣᠯᠤᠨ ᠰᠠᠯᠠᠭ᠎ᠠ ᠮᠥᠴᠢᠷ᠎ᠤᠳ ᠬᠢᠯᠢ ᠬᠢᠵᠠᠭ᠋ᠠᠷ ᠣᠷᠣᠨ᠎ᠢ ᠮᠠᠨᠳᠤᠭᠤᠯᠤᠨ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢᠨ ᠭᠤᠤᠯ ᠬᠣᠲᠠ ᠪᠠᠯᠭ᠋ᠠᠰᠤ ᠵᠢᠨ ᠪᠦᠲᠦᠭᠡᠨ ᠪᠠᠶ᠋ᠢᠭᠤᠯᠤᠯᠲᠠ ᠵᠢᠨ ᠲᠤᠷᠰᠢᠯᠲᠠ ᠵᠢᠨ ᠴᠡᠭ᠎ᠢ ᠭᠦᠨᠵᠡᠭᠡᠶ ᠥᠷᠨᠢᠭᠦᠯᠵᠦ᠂ ᠬᠢᠯᠢ ᠳᠠᠭ᠋ᠠᠤ ᠭᠠᠵᠠᠷ ᠣᠷᠣᠨ᠎ᠤ ᠤᠰᠤ ᠴᠠᠬᠢᠯᠭ᠋ᠠᠨ ᠵᠠᠮ ᠴᠢᠮᠡᠭᠡ ᠬᠣᠯᠪᠣᠭ᠎ᠠ ᠵᠢ ᠨᠢᠭᠡ ᠴᠣᠭᠴᠠᠵᠢᠭᠤᠯᠬᠤ ᠪᠦᠲᠦᠭᠡᠨ ᠪᠠᠶ᠋ᠢᠭᠤᠯᠤᠯᠲᠠ ᠵᠢ ᠶᠡᠬᠡ᠎ᠪᠠᠷ ᠠᠬᠢᠭᠤᠯᠵᠤ᠂ ᠬᠢᠯᠢ ᠳᠠᠭ᠋ᠠᠤ ᠣᠷᠣᠨ᠎ᠤ ᠳᠠᠪᠠᠭᠤᠯᠢᠭ ᠣᠨᠴᠠᠯᠢᠭᠲᠤ ᠠᠵᠤ ᠦᠢ᠍ᠯᠡᠰ᠎ᠤᠨ ᠬᠥᠭᠵᠢᠯᠲᠡ ᠵᠢ ᠲᠡᠳᠬᠦᠵᠦ᠂ ᠬᠢᠯᠢ ᠬᠢᠵᠠᠭ᠋ᠠᠷ ᠣᠷᠣᠨ᠎ᠤ ᠵᠠᠬ᠎ᠠ ᠵᠢᠨ ᠠᠷᠠᠯᠵᠢᠶᠠᠨ᠎ᠤ ᠰᠢᠨ᠎ᠡ ᠵᠢ ᠡᠭᠦᠳᠦᠨ ᠬᠥᠭᠵᠢᠬᠦ ᠵᠢ ᠠᠬᠢᠭᠤᠯᠵᠤ᠂ ᠬᠢᠯᠢ ᠵᠢᠨ 《ᠳᠥᠷᠪᠡᠨ ᠬᠠᠮᠲᠤ᠎ᠪᠠᠷ》 ᠤᠷᠲᠤ ᠬᠣᠩᠭᠢᠯ᠎ᠤᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠨ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠬᠠᠮᠲᠤ᠎ᠪᠠᠷ ᠬᠢᠯᠢ ᠬᠢᠵᠠᠭ᠋ᠠᠷ ᠣᠷᠣᠨ ᠵᠶ᠋ᠠᠨ ᠰᠠᠬᠢᠨ ᠬᠢᠯᠢ ᠬᠢᠵᠠᠭ᠋ᠠᠷ ᠤᠷᠤᠨ ᠵᠶ᠋ᠠᠨ ᠪᠡᠬᠢᠵᠢᠭᠦᠯᠦᠨ ᠬᠢᠯᠢ ᠬᠢᠵᠠᠭ᠋ᠠᠷ ᠵᠶ᠋ᠠᠨ ᠮᠠᠨᠳᠤᠭᠤᠯᠬᠤ ᠵᠢ ᠠᠬᠢᠭᠤᠯᠬᠤ ᠬᠡᠷᠡᠭᠲᠡᠶ᠃
21. ᠡᠯ᠎ᠡ ᠭᠠᠵᠠᠷ ᠣᠷᠣᠨ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠪᠦᠬᠦ ᠠᠷᠠᠳ᠎ᠤᠨ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠬᠥᠮᠦᠵᠢᠯ᠎ᠢ ᠴᠢᠩᠭ᠋ᠠᠳᠬᠠᠵᠤ᠂ ᠥᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠴᠡᠷᠢᠭ ᠠᠩᠭᠢ᠎ᠯᠤᠭ᠎ᠠ ᠬᠣᠶᠠᠷ᠎ᠢ ᠬᠦᠷᠢᠶᠡᠯᠡᠵᠦ ᠬᠠᠮᠲᠤ᠎ᠪᠠᠷ ᠪᠠᠶ᠋ᠢᠭᠤᠯᠬᠤ᠎ᠪᠠᠨ ᠴᠢᠩᠭ᠋ᠠᠳᠬᠠᠨ᠂ ᠨᠡᠶ᠋ᠢᠭᠡᠮ ᠲᠣᠭᠣᠷᠢᠭ᠎ᠲᠤ ᠴᠡᠷᠢᠭ ᠵᠶ᠋ᠠᠨ ᠬᠦᠷᠢᠶᠡᠯᠡᠬᠦ᠂ ᠠᠵᠢᠯ ᠲᠥᠷᠥᠯ᠎ᠳᠤ ᠴᠡᠷᠢᠭ ᠵᠶ᠋ᠠᠨ ᠬᠦᠷᠢᠶᠡᠯᠡᠬᠦ ᠵᠡᠷᠭᠡ ᠠᠵᠢᠯᠯᠠᠭ᠎ᠠ ᠵᠢ ᠥᠷᠭᠡᠨ ᠳᠡᠯᠭᠡᠷ ᠥᠷᠨᠢᠭᠦᠯᠬᠦ ᠬᠡᠷᠡᠭᠲᠡᠶ᠃ ᠤᠯᠠᠭ᠋ᠠᠨᠮᠥ᠋ᠴᠢᠷ᠎ᠤᠨ ᠭᠡᠰᠢᠭᠦᠳ᠎ᠢ ᠦᠨᠳᠦᠰᠦᠨ ᠱᠠᠲᠤᠨ᠎ᠤ ᠭᠤᠤᠯᠯᠠᠬᠤ ᠡᠷᠦᠬᠡ ᠵᠢᠨ ᠴᠡᠷᠢᠭ᠎ᠤᠨ ᠬᠠᠮᠢᠶᠠᠷᠤᠯᠲᠠ᠎ᠳᠤ ᠣᠷᠣᠭᠤᠯᠵᠤ᠂ ᠵᠢᠯ ᠪᠦᠷᠢ ᠵᠢᠨ ᠪᠣᠯᠪᠠᠰᠤᠷᠠᠯ᠎ᠤᠨ ᠴᠠᠭ᠎ᠢ ᠠᠰᠢᠭᠯᠠᠨ ᠬᠢᠯᠢ ᠵᠢᠨ ᠬᠠᠮᠠᠭ᠋ᠠᠯᠠᠯᠲᠠ ᠵᠢᠨ ᠬᠠᠷᠠᠭᠤᠯ᠎ᠤᠨ ᠭᠠᠵᠠᠷ᠎ᠲᠤ ᠲᠣᠬᠣᠨᠢᠭᠤᠯᠬᠤ ᠲᠣᠭᠯᠠᠯᠲᠠ ᠭᠠᠷᠭ᠋ᠠᠬᠤ ᠬᠡᠷᠡᠭᠳᠡᠢ᠃ ᠥᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠴᠡᠷᠢᠭ ᠠᠩᠭᠢ ᠵᠢᠨ᠎ᠬᠢᠨ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠵᠢᠯ᠎ᠳᠤ ᠢᠳᠡᠪᠬᠢᠲᠡᠶ ᠣᠷᠣᠯᠴᠠᠬᠤ ᠵᠢ ᠳᠡᠮᠵᠢᠬᠦ ᠬᠡᠷᠡᠭᠳᠡᠢ᠃
22. ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠳ ᠪᠦᠬᠦ ᠨᠡᠶ᠋ᠢᠭᠡᠮ᠎ᠳᠤ 《ᠲᠡᠰᠪᠦᠷᠢ ᠬᠠᠲᠠᠭᠤᠵᠢᠯᠲᠠᠶ᠂ ᠴᠤᠴᠠᠯᠲᠠ ᠦᠭᠡᠶ ᠤᠷᠤᠭᠰᠢᠯᠠᠨ᠂ ᠵᠣᠷᠢᠭᠰᠠᠨᠳᠤᠪᠠᠨ ᠵᠠᠪᠠᠯ ᠬᠦᠷᠬᠦ》 ᠮᠣᠩᠭᠣᠯ ᠮᠣᠷᠢᠨ᠎ᠤ ᠵᠣᠷᠢᠭ ᠰᠠᠨᠠᠭ᠎ᠠ ᠪᠠ ᠲᠡᠰᠪᠦᠷᠢ ᠬᠠᠲᠠᠭᠤᠵᠢᠯᠲᠠᠶ᠎ᠪᠠᠷ ᠲᠡᠮᠡᠴᠡᠬᠦ᠂ ᠭᠣᠶᠠᠴᠢ ᠦᠭᠡᠶ ᠵᠢᠳᠬᠦᠬᠦ᠂ ᠰᠢᠨᠲᠠᠷᠠᠰᠢ ᠦᠭᠡᠶ ᠴᠢᠷᠮᠠᠶ᠋ᠢᠬᠤ᠂ ᠤᠳᠠᠭ᠋ᠠᠨ ᠳᠠᠭ᠋ᠠᠭ᠋ᠠᠮᠠᠭ᠋ᠠᠶ ᠴᠢᠷᠮᠠᠶ᠋ᠢᠬᠤ 《ᠤᠮᠠᠷᠠᠲᠤ ᠵᠢᠨ ᠭᠤᠷᠪᠠᠨ ᠣᠷᠣᠨ᠎ᠤ ᠵᠣᠷᠢᠭ ᠰᠠᠨᠠᠭ᠎ᠠ》 ᠵᠢ ᠶᠡᠬᠡ᠎ᠪᠠᠷ ᠪᠠᠳᠠᠷᠠᠭᠤᠯᠵᠤ᠂ ᠨᠢᠭᠡ ᠪᠦᠯᠦᠭ ᠰᠢᠯᠢᠳᠡᠭ ᠤᠳᠬ᠎ᠠ ᠤᠷᠠᠯᠢᠭ᠎ᠤᠨ ᠪᠦᠲᠦᠭᠡᠯ᠎ᠢ ᠵᠣᠬᠢᠶᠠᠨ ᠪᠠᠶ᠋ᠢᠭᠤᠯᠤᠨ ᠵᠣᠬᠢᠶᠠᠨ ᠪᠦᠲᠦᠭᠡᠵᠦ᠂ ᠨᠢᠭᠡ ᠪᠦᠯᠦᠭ ᠲᠡᠷᠢᠭᠦᠨ᠎ᠤ ᠨᠡᠶ᠋ᠢᠲᠡᠯᠢᠭ ᠵᠢᠱ᠌ᠢᠶ᠎ᠡ ᠵᠢ ᠰᠣᠩᠭᠣᠨ ᠪᠣᠶ ᠪᠣᠯᠭ᠋ᠠᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠠᠵᠢᠯ ᠬᠢᠵᠦ ᠦᠢ᠍ᠯᠡᠰ ᠪᠤᠰᠬᠠᠬᠤ ᠬᠠᠳᠠᠨ ᠵᠣᠷᠢᠭ᠂ ᠡᠷᠴᠢ ᠵᠣᠷᠢᠭ ᠪᠠ ᠰᠦᠰᠦ ᠵᠣᠷᠢᠭ ᠵᠶ᠋ᠠᠨ ᠢᠮᠠᠭᠲᠠ ᠪᠠᠷᠢᠮᠲᠠᠯᠠᠬᠤ ᠵᠢ ᠵᠣᠷᠢᠭᠵᠢᠭᠤᠯᠬᠤ ᠬᠡᠷᠡᠭᠲᠡᠶ᠃
23. ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠭᠣᠣᠯ ᠰᠢᠵᠢᠮ᠎ᠢ ᠲᠤᠭᠤᠰᠢᠯᠠᠭᠤᠯᠬᠤ ᠵᠢ ᠨᠠᠮ᠎ᠤᠨ ᠪᠠᠶ᠋ᠢᠭᠤᠯᠤᠯᠲᠠ ᠪᠠ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠬᠠᠷᠢᠭᠤᠴᠠᠯᠭ᠎ᠠ ᠵᠢᠨ ᠲᠦᠷᠢᠮ᠎ᠳᠤ ᠤᠷᠤᠭᠤᠯᠵᠤ᠂ ᠤᠯᠤᠰ ᠲᠦᠷᠦ ᠵᠢᠨ ᠪᠠᠶ᠋ᠢᠭᠤᠯᠭ᠎ᠠ ᠵᠢᠨ ᠪᠠᠶ᠋ᠢᠭᠤᠯᠤᠯᠲᠠ᠂ ᠲᠣᠭᠣᠷᠢᠨ ᠦᠵᠡᠵᠤ ᠲᠤᠭᠤᠷᠢᠨ ᠪᠠᠶ᠋ᠢᠴᠠᠭ᠋ᠠᠬᠤ ᠠᠵᠢᠯ ᠪᠠ ᠵᠠᠰᠠᠭ᠎ᠤᠨ ᠠᠵᠢᠯ᠎ᠤᠨ ᠬᠢᠷᠢ ᠪᠦᠳᠦᠮᠵᠢ ᠵᠢ ᠬᠢᠨᠠᠨ ᠰᠢᠯᠭ᠋ᠠᠬᠤ᠎ᠳᠤ ᠣᠷᠣᠭᠤᠯᠵᠤ᠂ ᠦᠨᠳᠦᠰᠦᠨ ᠱᠠᠲᠤᠨ᠎ᠤ ᠨᠠᠮ᠎ᠤᠨ ᠪᠠᠶ᠋ᠢᠭᠤᠯᠤᠯᠲᠠ ᠵᠢᠨ ᠲᠤᠰᠢᠶᠠᠯ᠎ᠤᠨ ᠮᠡᠳᠡᠭᠦᠯᠦᠯᠲᠡ ᠬᠢᠵᠦ ᠦᠨᠡᠯᠡᠨ ᠰᠢᠯᠭ᠋ᠠᠬᠤ᠂ ᠣᠨ᠎ᠤ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠪᠠ ᠵᠣᠬᠢᠶᠠᠨ ᠪᠠᠶ᠋ᠢᠭᠤᠯᠤᠯᠲᠠ ᠵᠢᠨ ᠠᠮᠢᠳᠤᠷᠠᠯ᠎ᠤᠨ ᠬᠤᠷᠠᠯ᠎ᠤᠨ ᠬᠠᠷᠭᠤᠭᠤᠯᠤᠨ ᠪᠠᠶ᠋ᠢᠴᠠᠭ᠋ᠠᠬᠤ ᠴᠢᠬᠤᠯᠠ ᠠᠭᠤᠯᠭ᠎ᠠ ᠪᠣᠯᠭ᠋ᠠᠬᠤ ᠬᠡᠷᠡᠭᠲᠡᠢ᠃
24. ᠡᠯ᠎ᠡ ᠱᠠᠲᠤᠨ᠎ᠤ ᠵᠣᠬᠢᠶᠠᠨ ᠪᠠᠶ᠋ᠢᠭᠤᠯᠬᠤ ᠪᠠ ᠠᠵᠢᠯᠲᠠᠨ᠎ᠤ ᠶᠠᠪᠤᠳᠠᠯ᠎ᠤᠨ ᠰᠠᠯᠠᠭ᠎ᠠ ᠮᠥᠴᠢᠷ᠎ᠤᠳ ᠺᠠᠳ᠋ᠷ᠎ᠢ ᠰᠣᠩᠭᠣᠨ ᠬᠥᠮᠦᠵᠢᠭᠦᠯᠵᠦ ᠬᠠᠮᠢᠶᠠᠷᠤᠨ ᠬᠡᠷᠡᠭᠯᠡᠬᠦ ᠪᠥᠬᠥ ᠶᠠᠪᠤᠴᠠ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠭᠤᠤᠯ ᠰᠢᠵᠢᠮ᠎ᠤᠨ ᠱᠠᠭ᠋ᠠᠷᠳᠠᠯᠭ᠎ᠠ ᠵᠢ ᠳᠣᠪᠣᠶ᠋ᠢᠯᠭ᠋ᠠᠨ ᠲᠤᠭᠤᠰᠢᠯᠠᠭᠤᠯᠵᠤ᠂ ᠤᠯᠤᠰ ᠲᠥᠷᠥ ᠵᠢᠨ ᠬᠡᠪ ᠪᠤᠯᠪᠠᠰᠤᠷᠠᠯ᠎ᠤᠨ ᠰᠢᠯᠭ᠋ᠠᠨ ᠪᠠᠶ᠋ᠢᠴᠠᠭ᠋ᠠᠯᠲᠠ ᠵᠢ ᠴᠢᠩᠭ᠋ᠠᠳᠬᠠᠨ᠂ 《ᠳᠥᠷᠪᠡᠨ ᠣᠨᠴᠠᠭ᠋ᠠᠶ》 ᠴᠢᠬᠤᠯᠠ ᠱᠠᠭ᠋ᠠᠷᠳᠠᠯᠭ᠎ᠠ ᠵᠢ ᠺᠠᠳ᠋ᠷ᠎ᠤᠨ ᠳᠡᠪᠰᠢᠵᠦ ᠪᠠᠭᠤᠵᠤ ᠪᠦᠷ ᠪᠣᠯᠬᠤ᠂ 《ᠬᠠᠷᠢᠭᠤᠴᠠᠯᠭ᠎ᠠ ᠡᠭᠦᠷᠭᠡᠯᠡᠨ ᠵᠢᠳᠭᠦᠯ ᠴᠢᠷᠮᠠᠶ᠋ᠢᠯᠭ᠎ᠠ ᠭᠠᠷᠭ᠋ᠠᠭᠰᠠᠨ ᠰᠠᠶ᠋ᠢᠨ ᠺᠠᠳ᠋ᠷ》᠎ᠢ ᠰᠢᠯᠭ᠋ᠠᠷᠠᠭᠤᠯᠬᠤ ᠵᠢᠨ ᠴᠢᠬᠤᠯᠠ ᠦᠨᠳᠦᠰᠦᠯᠡᠯ ᠪᠣᠯᠭ᠋ᠠᠬᠤ ᠬᠡᠷᠡᠭᠲᠡᠶ᠃
25. ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠭᠣᠣᠯ ᠰᠢᠵᠢᠮ᠎ᠢ ᠲᠤᠭᠤᠰᠢᠯᠠᠭᠤᠯᠬᠤ ᠵᠢ ᠪᠠᠲᠤ ᠴᠢᠩᠭ᠎ᠠ ᠪᠡᠬᠢᠯᠡᠯᠲᠡ 《ᠵᠢᠱ᠌ᠢᠶᠡᠴᠢ》 ᠨᠠᠮ᠎ᠤᠨ ᠡᠭᠦᠷ᠂ 《ᠤᠮᠠᠷᠠᠲᠤ ᠬᠢᠯᠢ ᠵᠢᠨ ᠵᠢᠱ᠌ᠢᠶᠡᠴᠢ ᠪᠠᠶ᠋ᠢᠭᠤᠯᠭ᠎ᠠ ᠵᠢᠨ ᠲᠡᠷᠢᠭᠦᠨ᠎ᠤ ᠨᠢᠭᠡᠴᠢ》 ᠵᠢ ᠡᠭᠦᠳᠦᠨ ᠪᠠᠶ᠋ᠢᠭᠤᠯᠬᠤ ᠠᠵᠢᠯ᠎ᠤᠨ ᠪᠦᠬᠦ ᠶᠠᠪᠤᠴᠠ ᠡᠯ᠎ᠡ ᠭᠣᠭᠴᠣᠭ᠎ᠠ᠎ᠳᠤ ᠨᠠᠶ᠋ᠢᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠵᠢ ᠨᠠᠮ᠎ᠤᠨ ᠭᠡᠰᠢᠭᠦᠨ᠎ᠢ ᠡᠯᠰᠡᠬᠦ ᠤᠯᠤᠰ ᠲᠦᠷᠦ ᠵᠢᠨ ᠬᠢᠨᠠᠨ ᠪᠠᠶ᠋ᠢᠴᠠᠭ᠋ᠠᠯᠲᠠ᠂ ᠨᠠᠮ᠎ᠤᠨ ᠭᠡᠰᠢᠭᠦᠨ᠎ᠢ ᠠᠷᠠᠳᠴᠢᠯᠠᠯ ᠵᠶ᠋ᠠᠷ ᠦᠨᠡᠯᠡᠬᠦ ᠵᠢᠨ ᠴᠢᠬᠤᠯᠠ ᠠᠭᠤᠯᠭ᠎ᠠ ᠪᠣᠯᠭ᠋ᠠᠬᠤ ᠬᠡᠷᠡᠭᠲᠡᠢ᠃
26. ᠡᠯ᠎ᠡ ᠱᠠᠲᠤᠨ᠎ᠤ ᠤᠳᠤᠷᠢᠳᠬᠤ ᠪᠠᠭ ᠪᠣᠯᠤᠨ ᠤᠳᠤᠷᠢᠳᠬᠤ ᠺᠠᠳ᠋ᠷ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠭᠣᠣᠯ ᠰᠢᠵᠢᠮ᠎ᠢ ᠲᠤᠭᠤᠰᠢᠯᠠᠭᠤᠯᠬᠤ ᠤᠨᠤᠯ ᠪᠣᠯᠤᠨ ᠦᠢ᠍ᠯᠡᠳᠦᠯᠭᠡ ᠵᠢᠨ ᠠᠰᠠᠭᠤᠳᠠᠯ᠎ᠤᠨ ᠰᠤᠳᠤᠯᠭ᠋ᠠᠨ᠎ᠢ ᠴᠢᠩᠭ᠋ᠠᠳᠬᠠᠵᠤ᠂ ᠲᠡᠭᠦᠨ᠎ᠢ ᠣᠨ᠎ᠤ ᠪᠠᠶ᠋ᠢᠴᠠᠭ᠋ᠠᠨ ᠰᠤᠳᠤᠯᠬᠤ ᠲᠥᠯᠥᠪᠯᠡᠭᠡ᠎ᠳᠤ ᠣᠷᠣᠭᠤᠯᠬᠤ ᠬᠡᠷᠡᠭᠲᠡᠢ᠃ ᠮᠤᠵᠢ ᠵᠢᠨ ᠱᠠᠲᠤᠨ᠎ᠤ ᠤᠳᠤᠷᠢᠳᠬᠤ ᠺᠠᠳ᠋ᠷᠴᠤᠳ ᠲᠦᠷᠦᠭᠦᠯᠡᠨ ᠪᠠᠶ᠋ᠢᠴᠠᠭ᠋ᠠᠨ ᠰᠤᠳᠤᠯᠤᠯᠲᠠ ᠬᠢᠵᠦ᠂ ᠵᠢᠯ ᠪᠦᠷᠢ ᠨᠠᠭ᠋ᠠᠳᠤ ᠵᠠᠬ᠎ᠠ᠎ᠨᠢ ᠴᠢᠨᠠᠷ ᠰᠠᠶ᠋ᠢᠲᠠᠢ ᠪᠠᠶ᠋ᠢᠴᠠᠭ᠋ᠠᠨ ᠰᠤᠳᠤᠯᠤᠯᠲᠠ ᠵᠢᠨ ᠦᠷ᠎ᠡ ᠪᠦᠲᠦᠭᠡᠯ᠎ᠢ 1 ᠪᠦᠷᠢᠯᠳᠦᠬᠦᠯᠬᠦ ᠬᠡᠷᠡᠭᠲᠡᠢ᠃
27. ᠡᠯ᠎ᠡ ᠱᠠᠲᠤᠨ᠎ᠤ ᠨᠠᠮ᠎ᠤᠨ ᠲᠥᠯᠥᠭᠡᠯᠡᠭᠴᠢ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ᠂ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠳ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠳᠤᠮᠳᠠᠬᠢ ᠵᠢᠱ᠌ᠢᠶ᠎ᠡ ᠦᠵᠡᠭᠦᠯᠦᠨ ᠳᠠᠶ᠋ᠢᠴᠢᠯᠠᠬᠤ ᠦᠢ᠍ᠯᠡᠳᠦᠯ ᠵᠶ᠋ᠠᠨ ᠭᠦᠢ᠍ᠴᠡᠳ ᠪᠠᠳᠠᠷᠠᠭᠤᠯᠵᠤ᠂ ᠭᠦᠨᠵᠡᠭᠡᠢ ᠪᠠᠶ᠋ᠢᠴᠠᠭ᠋ᠠᠨ ᠰᠤᠳᠤᠯᠤᠯᠲᠠ ᠬᠢᠵᠦ᠂ ᠬᠢᠨᠠᠯᠲᠠ ᠲᠠᠯᠪᠢᠬᠤ᠎ᠳᠤ ᠰᠠᠨᠠᠭ᠋ᠠᠴᠢᠯᠠᠭ᠎ᠠ᠎ᠠᠴᠠ᠎ᠪᠠᠨ ᠣᠷᠣᠯᠴᠠᠵᠤ᠂ ᠢᠳᠡᠪᠬᠢᠲᠡᠢ᠎ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭ᠋ᠠᠨ ᠭᠠᠷᠭ᠋ᠠᠬᠤ ᠬᠡᠷᠡᠭᠲᠡᠢ᠃ ᠡᠯ᠎ᠡ ᠱᠠᠲᠤᠨ᠎ᠤ 《ᠬᠣᠶᠠᠷ ᠲᠥᠯᠥᠭᠡᠯᠡᠭᠴᠢ ᠨᠢᠭᠡ ᠭᠡᠰᠢᠭᠦᠨ》᠎ᠤ ᠠᠵᠢᠯ᠎ᠤᠨ ᠪᠠᠶ᠋ᠢᠭᠤᠯᠤᠮᠵᠢ᠎ᠨᠢ ᠬᠣᠯᠪᠣᠭᠳᠠᠯ ᠪᠥᠬᠥᠶ ᠰᠠᠨᠠᠯ ᠰᠠᠨᠠᠭᠤᠯᠭ᠎ᠠ ᠵᠢ ᠴᠤᠭᠯᠠᠭᠤᠯᠤᠨ ᠡᠮᠬᠢᠯᠡᠬᠦ ᠪᠠ ᠤᠨᠳᠤᠤᠰᠢᠭᠤᠯᠬᠤ ᠵᠢ ᠠᠬᠢᠭᠤᠯᠬᠤ ᠠᠵᠢᠯ᠎ᠢ ᠰᠠᠶ᠋ᠢᠲᠤᠷ ᠬᠢᠬᠦ ᠬᠡᠷᠡᠭᠲᠡᠶ᠃
28. ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠶ᠋ᠢᠴᠠᠭ᠋ᠠᠬᠤ ᠬᠣᠷᠢᠶ᠎ᠠ ᠬᠢᠨᠠᠨ ᠪᠠᠶ᠋ᠢᠴᠠᠭ᠋ᠠᠬᠤ ᠵᠥᠪᠯᠡᠯ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠨᠢᠭᠡᠴᠢ ᠵᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠤᠭᠴᠠ ᠵᠢᠨ ᠤᠬᠠᠮᠰᠠᠷ᠎ᠢ ᠪᠠᠲᠤᠳᠬᠠᠬᠤ ᠭᠤᠤᠯ ᠰᠢᠵᠢᠮ᠎ᠢ ᠲᠤᠭᠤᠰᠢᠯᠠᠭᠤᠯᠤᠭᠰᠠᠨ ᠪᠠᠶ᠋ᠢᠳᠠᠯ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ᠎ᠪᠠᠨ ᠴᠢᠨᠭ᠌ᠭ᠋ᠠᠳᠬᠠᠵᠤ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠤᠭᠰᠠᠨ ᠵᠶ᠋ᠠᠷ ᠰᠤᠯᠠ ᠪᠠᠶ᠋ᠢᠭ᠎ᠠ ᠪᠠᠶ᠋ᠢᠳᠠᠯ᠎ᠠᠴᠠ ᠴᠢᠨᠭᠭ᠎ᠠ ᠬᠠᠷᠢᠭᠤᠴᠠᠯᠭ᠎ᠠ ᠨᠡᠬᠡᠮᠵᠢᠯᠡᠨ ᠬᠠᠷᠢᠭᠤᠴᠠᠯᠭ᠎ᠠ ᠲᠤᠯᠭ᠋ᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠶ᠋ᠢᠴᠠᠭ᠋ᠠᠬᠤ ᠬᠣᠷᠢᠶ᠎ᠠ ᠬᠢᠨᠠᠨ ᠪᠠᠶ᠋ᠢᠴᠠᠭ᠋ᠠᠬᠤ ᠵᠥᠪᠯᠡᠯ ᠬᠢᠨᠠᠯᠲᠠ ᠲᠠᠯᠪᠢᠵᠤ ᠨᠡᠪᠳᠡᠷᠡᠬᠦᠯᠦᠨ ᠵᠣᠬᠢᠴᠠᠭᠤᠯᠬᠤ ᠲᠣᠭᠲᠡᠴᠡ ᠪᠠ ᠲᠠᠪᠴᠠᠩ᠎ᠢ ᠰᠠᠶ᠋ᠢᠲᠤᠷ ᠬᠡᠷᠡᠭᠯᠡᠵᠦ᠂ ᠠᠰᠠᠭᠤᠳᠠᠯ᠎ᠢ ᠴᠠᠭ ᠲᠤᠬᠠᠶ᠎ᠳᠤᠨᠢ ᠢᠯᠡᠷᠡᠭᠦᠯᠵᠦ᠂ ᠠᠯᠳᠠᠭ᠎ᠠ ᠪᠤᠷᠤᠭᠤ ᠵᠢ ᠵᠠᠯᠠᠷᠠᠭᠤᠯᠬᠤ ᠬᠡᠷᠡᠭᠲᠡᠶ᠃
ᠬᠣᠯᠪᠣᠭᠳᠠᠯ ᠪᠦᠬᠦᠢ ᠨᠡᠷ᠎ᠡ ᠦᠭᠡᠰ᠎ᠤᠨ ᠲᠠᠶ᠋ᠢᠯᠪᠤᠷᠢ
1. 《ᠭᠤᠷᠪᠠᠨ ᠰᠠᠯᠵᠤ ᠴᠢᠳᠠᠬᠤ ᠦᠭᠡᠢ》᠄ ᠬᠢᠲᠠᠳ ᠦᠨᠳᠦᠰᠦᠲᠡᠨ ᠴᠥᠭᠡᠨ ᠲᠣᠭ᠋ᠠᠲᠤ ᠦᠨᠳᠦᠰᠦᠲᠡᠨ᠎ᠠᠴᠠ ᠰᠠᠯᠵᠤ ᠴᠢᠳᠠᠬᠤ ᠦᠭᠡᠢ᠂ ᠴᠥᠭᠡᠨ ᠲᠣᠭ᠋ᠠᠲᠤ ᠦᠨᠳᠦᠰᠦᠲᠡᠨ ᠬᠢᠲᠠᠳ ᠦᠨᠳᠦᠰᠦᠲᠡᠨ᠎ᠠᠴᠠ ᠰᠠᠯᠵᠤ ᠴᠢᠳᠠᠬᠤ ᠦᠭᠡᠢ᠂ ᠴᠥᠭᠡᠨ ᠲᠣᠭ᠋ᠠᠲᠤ ᠦᠨᠳᠦᠰᠦᠲᠡᠨ᠎ᠨᠦᠭᠦᠳ ᠴᠦ᠍ ᠬᠡᠨ ᠠᠯᠢᠨ᠎ᠠᠴᠠ᠎ᠪᠠᠨ ᠰᠠᠯᠵᠤ ᠴᠢᠳᠠᠬᠤ ᠦᠭᠡᠢ᠃
2. 《ᠳᠥᠷᠪᠡᠨ ᠬᠠᠮᠲᠤ᠎ᠪᠠᠷ》᠄ ᠮᠠᠨ᠎ᠤ ᠥᠷᠭᠡᠨ ᠠᠭᠤᠳᠠᠮ ᠨᠤᠲᠤᠭ ᠳᠡᠪᠢᠰᠭᠡᠷ᠎ᠢ ᠦᠨᠳᠦᠰᠦᠲᠡᠨ᠎ᠨᠦᠭᠦᠳ ᠬᠠᠮᠲᠤ᠎ᠪᠠᠷ ᠨᠡᠭᠡᠭᠡᠭᠰᠡᠨ ᠶᠤᠮ᠂ ᠮᠠᠨ᠎ᠤ ᠥᠨᠢ ᠤᠳᠠᠭ᠋ᠠᠨ ᠲᠡᠦᠬᠡ ᠵᠢ ᠦᠨᠳᠦᠰᠦᠲᠡᠨ᠎ᠨᠦᠭᠦᠳ ᠬᠠᠮᠲᠤ᠎ᠪᠠᠷ ᠪᠢᠴᠢᠭᠯᠡᠭᠰᠡᠨ ᠶᠤᠮ᠂ ᠮᠠᠨ᠎ᠤ ᠭᠡᠷᠡᠯ ᠰᠠᠴᠤᠷᠠᠩᠭᠤᠶ ᠰᠣᠶᠣᠯ᠎ᠢ ᠦᠨᠳᠦᠰᠦᠲᠡᠨ᠎ᠨᠦᠭᠦᠳ ᠬᠠᠮᠲᠤ᠎ᠪᠠᠷ ᠡᠭᠦᠳᠦᠭᠰᠡᠨ ᠶᠤᠮ᠂ ᠮᠠᠨ᠎ᠤ ᠠᠭᠤᠤ ᠶᠡᠬᠡ ᠵᠣᠷᠢᠭ ᠰᠠᠨᠠᠭ᠎ᠠ ᠵᠢ ᠦᠨᠳᠦᠰᠦᠲᠡᠨ᠎ᠨᠦᠭᠦᠳ ᠬᠠᠮᠲᠤ᠎ᠪᠠᠷ ᠪᠣᠶ᠋ᠢᠵᠢᠭᠤᠯᠤᠭᠰᠠᠨ ᠶᠤᠮ᠃
3. 《ᠳᠥᠷᠪᠡᠨ ᠬᠠᠮᠳᠤᠳᠬᠠᠬᠤ》᠄ ᠵᠢᠷᠭ᠋ᠠᠯ ᠵᠣᠪᠠᠯᠠᠩ ᠵᠶ᠋ᠠᠨ ᠬᠠᠮᠲᠤᠳᠬᠠᠬᠤ᠂ ᠢᠷᠠᠭᠤ ᠠᠯᠳᠠᠷ ᠢᠴᠢᠭᠦᠷᠢ ᠭᠤᠳᠤᠮᠰᠢᠭ ᠵᠶ᠋ᠠᠨ ᠬᠠᠮᠲᠤᠳᠬᠠᠬᠤ᠂ ᠦᠬᠦᠵᠦ ᠰᠡᠬᠡᠬᠦ᠎ᠪᠠᠨ ᠬᠠᠮᠲᠤᠳᠬᠠᠬᠤ᠂ ᠬᠤᠪᠢ ᠵᠠᠶᠠᠭ᠎ᠠ᠎ᠪᠠᠨ ᠬᠠᠮᠲᠤᠳᠬᠠᠬᠤ ᠬᠠᠮᠲᠤ ᠵᠢᠨ ᠴᠣᠭᠴᠠ ᠵᠢᠨ ᠣᠶ᠋ᠢᠯᠠᠭ᠋ᠠᠭᠳᠠᠬᠤᠨ᠎ᠢ ᠪᠠᠲᠤ ᠪᠤᠢ ᠪᠣᠯᠭ᠋ᠠᠨ᠎ᠠ᠃
4. 《ᠲᠠᠪᠤᠨ ᠬᠠᠮᠲᠤ ᠵᠢᠨ ᠲᠠᠨᠢᠯᠲᠠ》᠄ ᠠᠭᠤᠤ ᠶᠡᠬᠡ ᠡᠬᠡ ᠤᠯᠤᠰ᠂ ᠳᠤᠮᠳᠠᠳᠤ ᠵᠢᠨ ᠦᠨᠳᠦᠰᠦᠲᠡᠨ᠂ ᠳᠤᠮᠳᠠᠳᠤ ᠵᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠬᠠᠮᠲᠤ ᠵᠢᠨ ᠲᠠᠨᠢᠯᠲᠠ᠃
5. 《ᠲᠠᠪᠤᠨ ᠦᠵᠡᠯᠲᠡ》᠄ ᠵᠥᠪ ᠣᠨᠣᠪᠴᠢᠲᠠᠶ ᠤᠯᠤᠰ᠎ᠤᠨ ᠦᠵᠡᠯᠲᠡ᠂ ᠲᠡᠦᠬᠡ ᠵᠢᠨ ᠦᠵᠡᠯᠲᠡ᠂ ᠦᠨᠳᠦᠰᠦᠲᠡᠨ᠎ᠤ ᠦᠵᠡᠯᠲᠡ᠂ ᠰᠣᠶᠣᠯ᠎ᠤᠨ ᠦᠵᠡᠯᠲᠡ᠂ ᠱᠠᠰᠢᠨ ᠰᠤᠷᠲᠠᠬᠤᠨ᠎ᠤ ᠦᠵᠡᠯᠲᠡ ᠵᠢ ᠪᠤᠶ ᠪᠣᠯᠭ᠋ᠠᠨ᠎ᠠ᠃
6. 《ᠳᠣᠯᠣᠭ᠋ᠠᠨ ᠲᠠᠯ᠎ᠠ᠎ᠪᠠᠷ ᠵᠢᠱ᠌ᠢᠶᠡᠴᠢ ᠪᠣᠯᠬᠤ》᠄ ᠨᠠᠮ᠎ᠤᠨ ᠠᠴᠢ᠎ᠳᠤ ᠲᠠᠯᠠᠷᠬᠠᠵᠤ ᠨᠠᠮ᠎ᠤᠨ ᠦᠭᠡ ᠵᠢ ᠰᠣᠨᠣᠰᠴᠤ᠂ ᠶᠡᠷᠦᠩᠬᠡᠶ ᠱᠦᠵᠢ ᠰᠢ ᠵᠢᠨ ᠫᠢᠩ᠎ᠢ ᠨᠢᠬᠳᠠ ᠲᠠᠭ᠋ᠠᠵᠤ ᠰᠢᠨ᠎ᠡ ᠠᠶᠠᠨ᠎ᠳᠤ ᠡᠷᠡᠯᠬᠡᠭᠯᠡᠨ ᠤᠷᠤᠭᠰᠢᠯᠠᠬᠤ ᠲᠠᠯ᠎ᠠ᠎ᠪᠠᠷ ᠵᠢᠱ᠌ᠢᠶᠡᠴᠢ ᠪᠣᠯᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠲᠠᠯ᠎ᠠ᠎ᠪᠠᠷ ᠵᠢᠱ᠌ᠢᠶᠡᠴᠢ ᠪᠣᠯᠬᠤ᠂ ᠦᠨᠳᠦᠰᠦᠲᠡᠨ᠎ᠤ ᠭᠠᠵᠠᠷ ᠣᠷᠣᠨ᠎ᠳᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠬᠤ ᠪᠦᠲᠦᠭᠡᠨ ᠪᠠᠶ᠋ᠢᠭᠤᠯᠤᠯᠲᠠ ᠵᠢ ᠠᠬᠢᠭᠤᠯᠬᠤ ᠳᠤᠮᠳᠠ ᠵᠢᠱ᠌ᠢᠶᠡᠴᠢ ᠪᠣᠯᠬᠤ᠂ ᠬᠢᠯᠢ ᠬᠢᠵᠠᠭ᠋ᠠᠷ᠎ᠤᠨ ᠦᠨᠳᠦᠰᠦᠲᠡᠨ᠎ᠤ ᠭᠠᠵᠠᠷ ᠣᠷᠣᠨ᠎ᠢ ᠬᠠᠮᠲᠤ᠎ᠪᠠᠷ ᠪᠠᠶᠠᠵᠢᠭᠤᠯᠬᠤ ᠵᠠᠮ ᠳᠡᠭᠡᠷ᠎ᠡ ᠵᠢᠱ᠌ᠢᠶᠡᠴᠢ ᠪᠣᠯᠬᠤ᠂ ᠬᠢᠯᠢ ᠬᠢᠵᠠᠭ᠋ᠠᠷ᠎ᠢ ᠮᠠᠨᠳᠤᠭᠤᠯᠵᠤ ᠬᠢᠯᠢ ᠬᠢᠵᠠᠭ᠋ᠠᠷ᠎ᠢ ᠲᠣᠭᠲᠠᠪᠤᠷᠢᠵᠢᠭᠤᠯᠤᠨ ᠬᠢᠯᠢ ᠬᠢᠵᠠᠭ᠋ᠠᠷ᠎ᠢ ᠪᠡᠬᠢᠵᠢᠭᠦᠯᠬᠦ ᠲᠠᠯ᠎ᠠ᠎ᠪᠠᠷ ᠵᠢᠱ᠌ᠢᠶᠡᠴᠢ ᠪᠣᠯᠬᠤ᠂ ᠬᠢᠯᠢ ᠬᠢᠵᠠᠭ᠋ᠠᠷ᠎ᠤᠨ ᠭᠠᠵᠠᠷ ᠣᠷᠣᠨ᠎ᠤ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠣᠣᠰ ᠣᠷᠴᠢᠯ᠎ᠢ ᠬᠣᠯᠪᠣᠨ ᠨᠡᠪᠲᠡᠷᠡᠭᠦᠯᠬᠦ ᠲᠠᠯ᠎ᠠ᠎ᠪᠠᠷ ᠵᠢᠱ᠌ᠢᠶᠡᠴᠢ ᠪᠣᠯᠬᠤ᠂ ᠰᠢᠨ᠎ᠡ ᠰᠤᠷᠲᠠᠯ ᠲᠥᠪ ᠰᠤᠷᠲᠠᠯ᠎ᠢ ᠪᠠᠳᠠᠷᠠᠭᠤᠯᠬᠤ ᠲᠠᠯ᠎ᠠ᠎ᠪᠠᠷ ᠵᠢᠱ᠌ᠢᠶᠡᠴᠢ ᠪᠣᠯᠬᠤ᠃
7. 《ᠵᠢᠷᠭᠤᠭ᠋ᠠᠨ ᠦᠭᠦᠯᠡᠪᠦᠷᠢ ᠦᠭᠡᠨ᠎ᠳᠠᠬᠢ ᠪᠣᠳᠠᠲᠤ ᠶᠠᠪᠤᠳᠠᠯ ᠪᠠ ᠶᠣᠰᠣ ᠤᠴᠢᠷ》᠄ ᠥᠪᠥᠷ ᠮᠣᠩᠭᠣᠯ ᠣᠷᠣᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠠᠮᠤᠭ᠎ᠤᠨ ᠡᠷᠲᠡ ᠨᠠᠮ᠎ᠤᠨ ᠵᠣᠬᠢᠶᠠᠨ ᠪᠠᠶ᠋ᠢᠭᠤᠯᠤᠯᠲᠠ ᠵᠢ ᠪᠠᠶ᠋ᠢᠭᠤᠯᠤᠭᠰᠠᠨ ᠦᠨᠳᠦᠰᠦᠲᠡᠨ᠎ᠤ ᠭᠠᠵᠠᠷ ᠣᠷᠣᠨ ᠪᠣᠯᠤᠨ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠰᠢᠭᠤᠳ ᠤᠳᠤᠷᠢᠳᠤᠯᠭ᠎ᠠ ᠳᠤᠤᠷ᠎ᠠ ᠪᠠᠶ᠋ᠢᠭᠤᠯᠤᠭᠳᠠᠭᠰᠠᠨ ᠶᠤᠮ᠂ ᠥᠪᠥᠷ ᠮᠣᠩᠭᠣᠯ ᠪᠣᠯ ᠨᠠᠮ᠎ᠤᠨ ᠲᠥᠪ ᠬᠣᠷᠢᠶ᠎ᠠ ᠵᠢᠨ ᠳᠡᠮᠵᠢᠯᠭᠡ ᠳᠤᠤᠷ᠎ᠠ ᠬᠥᠭᠵᠢᠭᠰᠡᠨ ᠶᠤᠮ᠂ ᠥᠪᠥᠷ ᠮᠣᠩᠭᠣᠯ᠎ᠤᠨ ᠠᠵᠢᠯ᠎ᠤᠨ ᠳᠤᠮᠳᠠ ᠢᠯᠡᠷᠡᠭᠰᠡᠨ ᠴᠢᠬᠤᠯᠠ ᠶᠡᠬᠡ ᠬᠡᠯᠪᠡᠷᠢᠯ ᠵᠦᠷᠢᠶ᠎ᠡ ᠵᠢ ᠴᠥᠮ ᠨᠠᠮ᠎ᠤᠨ ᠲᠥᠪ ᠬᠣᠷᠢᠶ᠎ᠠ᠎ᠠᠴᠠ ᠬᠠᠪᠰᠤᠷᠤᠨ ᠵᠠᠯᠠᠷᠠᠭᠤᠯᠤᠭᠰᠠᠨ ᠶᠤᠮ᠂ ᠥᠪᠥᠷ ᠮᠣᠩᠭᠣᠯ᠎ᠤᠨ ᠰᠢᠨ᠎ᠡ ᠴᠠᠭ ᠦᠶ᠎ᠡ ᠵᠢᠨ ᠬᠥᠭᠵᠢᠯᠲᠡ ᠵᠢᠨ ᠠᠮᠵᠢᠯᠲᠠ ᠪᠦᠲᠦᠮᠵᠢ ᠵᠢ ᠪᠣᠯ ᠶᠡᠷᠦᠩᠬᠡᠶ ᠱᠦᠵᠢ ᠰᠢ ᠵᠢᠨ ᠫᠢᠩ᠎ᠤᠨ ᠳᠣᠲᠣᠨᠣ ᠬᠠᠯᠠᠮᠵᠢᠯᠠᠯ ᠪᠠ ᠵᠢᠯᠣᠭᠣᠳᠣᠯᠭ᠎ᠠ ᠳᠤᠤᠷ᠎ᠠ ᠣᠯᠤᠭᠰᠠᠨ ᠶᠤᠮ᠂ ᠥᠪᠥᠷ ᠮᠣᠩᠭᠣᠯ ᠵᠢᠱ᠌ᠢᠶᠡᠴᠢ ᠥᠪᠡᠷᠲᠡᠭᠡᠨ ᠵᠠᠰᠠᠬᠤ ᠣᠷᠣᠨ ᠪᠤᠯᠤᠬᠰᠠᠨ᠎ᠤ ᠵᠢᠱ᠌ᠢᠶᠡᠴᠢ᠎ᠨᠢ ᠨᠠᠮ᠎ᠤᠨ ᠦᠭᠡ ᠵᠢ ᠰᠣᠨᠣᠰᠤᠭᠰᠠᠨ᠎ᠳᠤ ᠪᠤᠢ᠃
8. ᠪᠤᠶ ᠪᠦᠬᠦᠢ ᠥᠭᠡᠷᠡᠴᠢᠯᠡᠯᠲᠡ ᠬᠥᠭᠵᠢᠯᠲᠡ᠎ᠳᠤ 《ᠭᠤᠷᠪᠠᠨ ᠠᠴᠢ ᠬᠣᠯᠪᠣᠭᠳᠠᠯ》᠎ᠢ ᠣᠯᠭᠣᠪᠠ᠄ ᠪᠤᠶ ᠪᠦᠬᠦᠢ ᠥᠭᠡᠷᠡᠴᠢᠯᠡᠯᠲᠡ ᠬᠥᠭᠵᠢᠯᠲᠡ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠢᠯᠡᠷᠡᠭᠦᠯᠬᠦ ᠠᠴᠢ ᠬᠣᠯᠪᠣᠭᠳᠠᠯ᠂ ᠨᠢᠭᠡᠳᠦᠯ᠎ᠢ ᠬᠠᠮᠠᠭ᠋ᠠᠯᠠᠬᠤ᠂ ᠬᠠᠭ᠋ᠠᠴᠡᠭᠤᠯᠤᠯᠢ ᠡᠰᠡᠷᠭᠦᠴᠡᠬᠦ ᠠᠴᠢ ᠬᠣᠯᠪᠣᠭᠳᠠᠯ᠂ ᠠᠷᠠᠳ᠎ᠤᠨ ᠠᠮᠢᠳᠤᠷᠠᠯ᠎ᠢ ᠰᠠᠶ᠋ᠢᠵᠢᠷᠠᠭᠤᠯᠬᠤ᠂ ᠬᠥᠮᠦᠰ᠎ᠤᠨ ᠰᠡᠳᠭᠢᠯ᠎ᠢ ᠨᠢᠭᠲᠠᠷᠠᠭᠤᠯᠬᠤ ᠠᠴᠢ ᠬᠣᠯᠪᠣᠭᠳᠠᠯ ᠣᠯᠭᠣᠪᠠ᠃
9. ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠤᠷᠤᠨ ᠵᠢᠱ᠌ᠢᠶ᠎ᠡ ᠦᠵᠡᠭᠦᠯᠬᠦ ᠨᠢᠭᠡᠴᠢ ᠵᠢᠨ 《ᠵᠠᠭᠤ ᠮᠢᠩᠭ᠎ᠠ ᠲᠦᠮᠡ᠎ᠪᠠᠷ ᠵᠢᠱ᠌ᠢᠶ᠎ᠡ ᠦᠵᠡᠭᠦᠯᠦᠨ ᠬᠥᠲᠥᠯᠥᠨ ᠳᠠᠭ᠋ᠠᠭᠤᠯᠬᠤ》 ᠢᠨᠵᠧᠨᠧᠷᠢᠩ᠄ 2027 ᠣᠨ ᠪᠣᠯᠬᠤ᠎ᠳᠤ ᠤᠯᠤᠰ᠎ᠤᠨ ᠳᠡᠰ᠂ ᠥᠪᠡᠷᠲᠡᠭᠡᠨ ᠵᠠᠰᠠᠬᠤ ᠣᠷᠣᠨ᠎ᠤ ᠳᠡᠰ᠂ ᠠᠶ᠋ᠢᠮᠠᠭ ᠬᠣᠲᠠ ᠪᠠ ᠬᠣᠰᠢᠭᠤ ᠰᠢᠶᠠᠨ (ᠬᠣᠲᠠ᠂ ᠲᠣᠭᠣᠷᠢᠭ)᠎ᠤ ᠲᠠᠰ᠎ᠤᠨ ᠵᠢᠱ᠌ᠢᠶ᠎ᠡ ᠦᠵᠡᠭᠦᠯᠬᠦ ᠤᠷᠤᠨ ᠵᠢᠱ᠌ᠢᠶ᠎ᠡ ᠦᠵᠡᠭᠦᠯᠬᠦ ᠨᠢᠭᠡᠴᠢ ᠵᠢᠨ ᠲᠣᠭ᠎ᠠ ᠵᠢ 100᠎ᠠᠴᠠ ᠳᠡᠭᠡᠭᠰᠢ᠂ 1000᠎ᠠᠴᠠ ᠳᠡᠭᠡᠭᠰᠢ᠂ 10000᠎ᠠᠴᠠ ᠳᠡᠭᠡᠭᠰᠢ᠎ᠳᠤ ᠬᠦᠷᠬᠡᠬᠦ᠎ᠪᠠᠷ ᠴᠢᠷᠮᠠᠶ᠋ᠢᠨ᠎ᠠ᠃
10. 《ᠳᠥᠷᠪᠡᠨ ᠣᠨᠴᠠᠭ᠋ᠠᠶ》᠄ ᠨᠠᠮ᠎ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠵᠢ ᠬᠠᠮᠠᠭ᠋ᠠᠯᠠᠬᠤ ᠣᠪᠣᠷ ᠣᠨᠴᠠᠭ᠋ᠠᠶ ᠡᠷᠡᠰ ᠰᠢᠭᠤᠷᠬᠠᠶ᠂ ᠵᠥᠪ ᠪᠤᠷᠤᠭᠤ ᠵᠢ ᠲᠣᠳᠣᠷᠬᠠᠶ ᠢᠯᠭ᠋ᠠᠬᠤ ᠵᠣᠭᠰᠣᠯᠲᠠ ᠣᠨᠴᠠᠭ᠋ᠠᠶ ᠰᠡᠷᠭᠡᠭ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠵᠢᠯᠯᠠᠭ᠎ᠠ ᠣᠨᠴᠠᠭ᠋ᠠᠶ ᠡᠷᠡᠰ ᠪᠠᠲᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠢ ᠬᠠᠶ᠋ᠢᠷᠠᠯᠠᠬᠤ ᠰᠡᠳᠭᠢᠯᠭᠡ ᠣᠨᠴᠠᠭ᠋ᠠᠶ ᠦᠨᠡᠨᠴᠢ᠃