ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
ᠥᠪᠥᠷ ᠵᠠᠰᠠᠭ ᠠᠯᠪᠠᠨ ᠦᠰᠦᠭ [2024] 43 ᠳ᠋ᠤᠭ᠋ᠠᠷ ᠲᠣᠭ᠋ᠠᠲᠤ
ᠴᠠᠭ ᠠᠭᠤᠷ᠎ᠤᠨ ᠭᠠᠮᠰᠢᠭ᠎ᠢ ᠰᠡᠷᠡᠮᠵᠢᠯᠡᠭᠦᠯᠬᠦ ᠮᠡᠳᠡᠭᠡ ᠵᠠᠩᠭᠢ᠎ᠪᠠᠷ ᠤᠳᠤᠷᠢᠳᠤᠮᠵᠢ ᠪᠣᠯᠭ᠋ᠠᠭᠰᠠᠨ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠬᠤᠯᠪᠤᠭ᠋ᠠᠯᠠᠨ ᠬᠥᠳᠡᠯᠦᠯᠴᠡᠬᠦ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠬᠦ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
ᠴᠠᠭ ᠠᠭᠤᠷ᠎ᠤᠨ ᠭᠠᠮᠰᠢᠭ᠎ᠢ ᠰᠡᠷᠡᠮᠵᠢᠯᠡᠭᠦᠯᠬᠦ ᠮᠡᠳᠡᠭᠡ ᠵᠠᠩᠭᠢ᠎ᠪᠠᠷ ᠤᠳᠤᠷᠢᠳᠤᠮᠵᠢ ᠪᠣᠯᠭ᠋ᠠᠭᠰᠠᠨ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠬᠤᠯᠪᠤᠭ᠋ᠠᠯᠠᠨ ᠬᠥᠳᠡᠯᠦᠯᠴᠡᠬᠦ ᠲᠣᠭᠲᠠᠴᠠ ᠵᠢ ᠤᠯᠠᠮ ᠨᠢᠭᠡ ᠠᠯᠬᠤᠮ ᠪᠠᠶ᠋ᠢᠭᠤᠯᠤᠨ ᠪᠦᠷᠢᠨᠰᠢᠭᠦᠯᠵᠦ᠂ ᠭᠠᠮᠰᠢᠭ᠎ᠢ ᠰᠡᠷᠭᠡᠶ᠋ᠢᠯᠡᠬᠦ ᠭᠠᠮᠰᠢᠭ᠎ᠢ ᠪᠠᠭ᠋ᠠᠰᠬᠠᠬᠤ ᠭᠠᠮᠰᠢᠭ᠎ᠠᠴᠠ ᠠᠪᠤᠷᠠᠬᠤ᠎ᠳᠤ ᠦᠵᠡᠭᠦᠯᠬᠦ ᠴᠠᠭ ᠠᠭᠤᠷ᠎ᠤᠨ ᠭᠠᠮᠰᠢᠭ᠎ᠤᠨ ᠰᠡᠷᠡᠮᠵᠢᠯᠡᠭᠦᠯᠭᠡ ᠵᠢᠨ ᠮᠡᠳᠡᠭᠡ ᠵᠠᠩᠭᠢ ᠵᠢᠨ ᠰᠠᠭᠤᠷᠢᠯᠠᠬᠤ ᠴᠢᠨᠠᠷᠲᠠᠢ᠂ ᠤᠳᠤᠷᠢᠳᠤᠮᠵᠢ ᠵᠢᠨ ᠴᠢᠨᠠᠷᠲᠠᠢ ᠦᠢ᠍ᠯᠡᠳᠦᠯ᠎ᠢ᠎ᠨᠢ ᠭᠦᠢ᠍ᠴᠡᠳ ᠪᠠᠳᠠᠷᠠᠭᠤᠯᠤᠨ᠂ ᠲᠤᠶ᠋ᠢᠯᠰᠢᠷᠠᠭᠰᠠᠨ ᠴᠠᠭ ᠠᠭᠤᠷ᠎ᠢ ᠰᠡᠷᠭᠡᠶ᠋ᠢᠯᠡᠵᠦ ᠠᠷᠭ᠋ᠠᠴᠠᠭ᠋ᠠᠬᠤ ᠴᠢᠳᠠᠪᠤᠷᠢ ᠵᠢ ᠦᠨᠡᠨ ᠬᠦ᠌ ᠳᠡᠭᠡᠭᠰᠢᠯᠡᠭᠦᠯᠬᠦ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠡᠳᠦᠭᠡ ᠬᠤᠯᠪᠣᠭᠳᠠᠯ ᠪᠦᠬᠦᠢ ᠤᠴᠢᠷ᠎ᠤᠳ᠎ᠢ ᠳᠣᠣᠷᠠᠬᠢ ᠮᠡᠲᠦ ᠮᠡᠳᠡᠭᠳᠡᠪᠡ᠃
ᠨᠢᠭᠡ᠂ ᠴᠠᠭ ᠠᠭᠤᠷ᠎ᠢ ᠰᠡᠷᠡᠮᠵᠢᠯᠡᠭᠦᠯᠬᠦ ᠪᠠ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠬᠤᠯᠪᠤᠭ᠋ᠠᠯᠠᠨ ᠬᠥᠳᠡᠯᠦᠯᠴᠡᠬᠦ ᠵᠢ ᠴᠢᠩᠭ᠋ᠠᠳᠬᠠᠬᠤ ᠬᠡᠷᠡᠭᠲᠡᠢ
ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢᠭᠡᠴᠢ᠎ᠨᠢ ᠠᠷᠠᠳ ᠲᠦᠮᠡᠨ᠎ᠢ ᠳᠡᠭᠡᠳᠦᠯᠡᠬᠦ᠂ ᠠᠮᠢ ᠨᠠᠰᠤ ᠵᠢ ᠳᠡᠭᠡᠳᠦᠯᠡᠬᠦ ᠵᠢ ᠪᠠᠷᠢᠮᠲᠠᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠤᠣᠯ ᠰᠢᠵᠢᠮ ᠪᠣᠯᠭ᠋ᠠᠬᠤ ᠵᠢ ᠪᠠᠷᠢᠮᠲᠠᠯᠠᠨ᠂ ᠵᠠᠰᠠᠭ᠎ᠤᠨ ᠣᠷᠳᠣᠨ ᠵᠶ᠋ᠠᠷ ᠭᠤᠣᠯᠯᠠᠭᠤᠯᠬᠤ᠂ ᠡᠯ᠎ᠡ ᠰᠠᠯᠠᠭ᠎ᠠ ᠮᠥᠴᠢᠷ ᠨᠢᠭᠡᠴᠢ ᠪᠠ ᠨᠡᠶ᠋ᠢᠭᠡᠮ᠎ᠤᠨ ᠬᠦᠴᠦᠨ ᠵᠡᠷᠭᠡ ᠡᠯ᠎ᠡ ᠬᠦᠷᠢᠶ᠎ᠡ ᠴᠠᠷᠠᠭ᠋ᠠᠨ᠎ᠳᠠᠬᠢ ᠵᠣᠬᠢᠴᠠᠯᠳᠤᠨ ᠬᠠᠮᠵᠢᠯᠴᠠᠬᠤ ᠵᠢ ᠴᠢᠩᠭ᠋ᠠᠳᠬᠠᠵᠤ᠂ ᠴᠠᠭ ᠠᠭᠤᠷ᠎ᠤᠨ ᠭᠠᠮᠰᠢᠭ᠎ᠢ ᠰᠡᠷᠡᠮᠵᠢᠯᠡᠭᠦᠯᠬᠦ ᠮᠡᠳᠡᠭᠡ ᠵᠠᠩᠭᠢ ᠨᠡᠶ᠋ᠢᠲᠡᠯᠡᠬᠦ᠎ᠠᠴᠠ ᠵᠠᠰᠠᠭ᠎ᠤᠨ ᠣᠷᠳᠣᠨ ᠵᠢᠴᠢ ᠰᠠᠯᠠᠭ᠎ᠠ ᠮᠥᠴᠢᠷ ᠨᠢᠭᠡᠴᠢ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠬᠤᠯᠪᠤᠭ᠋ᠠᠯᠠᠨ ᠬᠥᠳᠡᠯᠦᠯᠴᠡᠵᠦ᠂ ᠳᠠᠬᠢᠵᠤ ᠪᠦᠬᠦ ᠨᠡᠶ᠋ᠢᠭᠡᠮ ᠵᠶ᠋ᠠᠷ ᠵᠶ᠋ᠠᠨ ᠤᠷᠢᠶᠠᠯᠠᠨ ᠳᠠᠭ᠋ᠠᠬᠤ ᠬᠦᠷᠲᠡᠯᠡᠬᠢ ᠲᠦᠷᠭᠡᠨ ᠤᠷᠢᠶᠠᠯᠠᠨ ᠳᠠᠭ᠋ᠠᠬᠤ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠲᠤᠶ᠋ᠢᠯᠰᠢᠷᠠᠭᠰᠠᠨ ᠴᠠᠭ ᠠᠭᠤᠷ᠎ᠢ ᠰᠡᠷᠭᠡᠶ᠋ᠢᠯᠡᠨ ᠬᠤᠷᠢᠭᠯᠠᠬᠤ ᠪᠠ ᠪᠠᠴᠢᠮ ᠰᠢᠯᠵᠢᠭᠦᠯᠵᠦ ᠲᠦᠭᠰᠢᠭᠦᠷᠢ᠎ᠠᠴᠠ ᠵᠠᠶ᠋ᠢᠯᠠᠭᠤᠯᠬᠤ ᠳᠦᠷᠢᠮ᠎ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠭᠠᠮᠰᠢᠭ᠎ᠢ ᠰᠡᠷᠭᠡᠶ᠋ᠢᠯᠡᠨ ᠭᠠᠮᠰᠢᠭ᠎ᠢ ᠪᠠᠭ᠋ᠠᠰᠬᠠᠬᠤ ᠲᠠᠯ᠎ᠠ᠎ᠳᠠᠬᠢ ᠴᠠᠭ ᠠᠭᠤᠷ᠎ᠤᠨ ᠨᠢᠭᠡᠳᠦᠭᠡᠷ ᠰᠡᠷᠭᠡᠶ᠋ᠢᠯᠡᠯᠲᠡ ᠵᠢᠨ ᠱᠤᠭᠤᠮ᠎ᠤᠨ ᠦᠢ᠍ᠯᠡᠳᠦᠯ᠎ᠢ᠎ᠨᠢ ᠭᠦᠢ᠍ᠴᠡᠳ ᠪᠠᠳᠠᠷᠠᠭᠤᠯᠤᠨ᠂ ᠴᠠᠭ ᠠᠭᠤᠷ᠎ᠤᠨ ᠭᠠᠮᠰᠢᠭ᠎ᠢ ᠰᠡᠷᠡᠮᠵᠢᠯᠡᠭᠦᠯᠬᠦ ᠮᠡᠳᠡᠭᠡ ᠵᠠᠩᠭᠢ᠎ᠪᠠᠷ ᠵᠠᠰᠠᠭ᠎ᠤᠨ ᠣᠷᠳᠣᠨ᠂ ᠰᠠᠯᠠᠭ᠎ᠠ ᠮᠥᠴᠢᠷ ᠨᠢᠭᠡᠴᠢ ᠪᠠ ᠨᠡᠶ᠋ᠢᠭᠡᠮ ᠨᠡᠶ᠋ᠢᠲᠡ ᠵᠢᠨ᠎ᠬᠢᠨ᠎ᠤ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠵᠦ ᠠᠷᠭ᠋ᠠᠴᠠᠭ᠋ᠠᠬᠤ 《ᠳᠣᠬᠢᠶᠠᠨ᠎ᠤ ᠫᠤᠤ》 ᠪᠣᠯᠭ᠋ᠠᠵᠤ᠂ ᠡᠯ᠎ᠡ ᠲᠠᠯ᠎ᠠ ᠵᠢᠨ ᠬᠦᠴᠦᠨ᠎ᠢ ᠨᠢᠭᠲᠠᠷᠠᠭᠤᠯᠤᠨ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠶ᠋ᠢᠭᠡᠮ᠎ᠤᠨ ᠴᠢᠨᠠᠷ ᠰᠠᠶ᠋ᠢᠲᠠᠢ ᠬᠥᠭᠵᠢᠯᠲᠡ᠎ᠳᠤ ᠬᠦᠴᠦᠲᠡᠢ ᠲᠤᠯᠭ᠋ᠠᠭᠤᠷᠢᠯᠠᠯ ᠬᠠᠩᠭ᠋ᠠᠬᠤ ᠬᠡᠷᠡᠭᠲᠡᠢ᠃
ᠬᠤᠶᠠᠷ᠂ ᠴᠠᠭ ᠠᠭᠤᠷ᠎ᠤᠨ ᠭᠠᠮᠰᠢᠭ᠎ᠢ ᠰᠡᠷᠡᠮᠵᠢᠯᠡᠭᠦᠯᠬᠦ ᠮᠡᠳᠡᠭᠡ ᠵᠠᠩᠭᠢ᠎ᠪᠠᠷ ᠤᠳᠤᠷᠢᠳᠤᠮᠵᠢ ᠪᠣᠯᠭ᠋ᠠᠭᠰᠠᠨ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠬᠤᠯᠪᠤᠭ᠋ᠠᠯᠠᠨ ᠬᠥᠳᠡᠯᠦᠯᠴᠡᠬᠦ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠬᠦ ᠬᠡᠷᠡᠭᠲᠡᠢ
(ᠨᠢᠭᠡ) ᠴᠠᠭ ᠠᠭᠤᠷ᠎ᠤᠨ ᠭᠠᠮᠰᠢᠭ᠎ᠢ ᠰᠡᠷᠡᠮᠵᠢᠯᠡᠭᠦᠯᠬᠦ ᠮᠡᠳᠡᠭᠡ ᠵᠠᠩᠭᠢ ᠵᠢ ᠨᠢᠭᠡᠳᠦᠯᠲᠡᠢ ᠨᠡᠶ᠋ᠢᠲᠡᠯᠡᠬᠦ ᠲᠣᠭᠲᠠᠴᠠ᠎ᠪᠠᠨ ᠲᠡᠭᠦᠯᠳᠡᠷᠵᠢᠭᠦᠯᠬᠦ ᠬᠡᠷᠡᠭᠲᠡᠢ
ᠴᠠᠭ ᠠᠭᠤᠷ᠎ᠤᠨ ᠰᠠᠯᠠᠭ᠎ᠠ ᠮᠥᠴᠢᠷ᠄ ᠴᠠᠭ ᠠᠭᠤᠷ᠎ᠤᠨ ᠭᠠᠮᠰᠢᠭ᠎ᠢ ᠰᠡᠷᠡᠮᠵᠢᠯᠡᠭᠦᠯᠬᠦ ᠮᠡᠳᠡᠭᠡ ᠵᠠᠩᠭᠢ ᠵᠢ ᠡᠭᠦᠷᠭᠡ ᠬᠠᠷᠢᠭᠤᠴᠠᠯᠭ᠎ᠠ ᠵᠢᠨ ᠵᠶ᠋ᠠᠨ ᠶᠣᠰᠣᠭ᠋ᠠᠷ ᠨᠢᠭᠡᠳᠦᠯᠲᠡᠢ ᠨᠡᠶ᠋ᠢᠲᠡᠯᠡᠨ᠎ᠡ᠂ ᠪᠤᠰᠤᠳ ᠵᠣᠬᠢᠶᠠᠨ ᠪᠠᠶ᠋ᠢᠭᠤᠯᠤᠯᠲᠠ ᠪᠠ ᠬᠤᠪᠢ ᠬᠥᠮᠥᠨ ᠴᠠᠭ ᠠᠭᠤᠷ᠎ᠤᠨ ᠭᠠᠮᠰᠢᠭ᠎ᠢ ᠰᠡᠷᠡᠮᠵᠢᠯᠡᠭᠦᠯᠬᠦ ᠮᠡᠳᠡᠭᠡ ᠵᠠᠩᠭᠢ ᠵᠢ ᠨᠡᠶ᠋ᠢᠭᠡᠮ᠎ᠳᠤ ᠨᠡᠶ᠋ᠢᠲᠡᠯᠡᠵᠦ ᠪᠣᠯᠬᠤ ᠦᠭᠡᠢ᠃ ᠴᠠᠭ ᠠᠭᠤᠷ᠎ᠤᠨ ᠭᠠᠮᠰᠢᠭ᠎ᠢ ᠰᠡᠷᠡᠮᠵᠢᠯᠡᠭᠦᠯᠬᠦ ᠮᠡᠳᠡᠭᠡ ᠵᠠᠩᠭᠢ ᠵᠢᠨ ᠠᠭᠤᠯᠭ᠎ᠠ᠎ᠳᠤ ᠴᠠᠭ ᠠᠭᠤᠷ᠎ᠤᠨ ᠭᠠᠮᠰᠢᠭ᠎ᠤᠨ ᠲᠦᠷᠦᠯ ᠢᠯᠭ᠋ᠠᠯ᠂ ᠰᠡᠷᠡᠮᠵᠢᠯᠡᠭᠦᠯᠬᠦ ᠲᠡᠰ ᠢᠯᠭ᠋ᠠᠯ᠂ ᠡᠬᠢᠯᠡᠬᠦ ᠴᠠᠭ᠂ ᠨᠥᠯᠥᠭᠡᠯᠡᠵᠦ ᠮᠡᠳᠡᠬᠦ ᠬᠡᠪᠴᠢᠶ᠎ᠡ᠂ ᠰᠡᠷᠡᠮᠵᠢᠯᠡᠭᠦᠯᠬᠦ ᠵᠦᠢ᠍ᠯᠡᠰ᠂ ᠠᠪᠤᠪᠠᠰᠤ ᠵᠣᠬᠢᠬᠤ ᠠᠷᠭ᠎ᠠ ᠬᠡᠮᠵᠢᠶ᠎ᠡ ᠪᠠ ᠨᠡᠶ᠋ᠢᠲᠡᠯᠡᠭᠰᠡᠨ ᠪᠠᠶ᠋ᠢᠭᠤᠯᠭ᠎ᠠ ᠵᠡᠷᠭᠡ ᠵᠢ ᠪᠠᠭᠲᠠᠭ᠋ᠠᠵᠤ᠂ ᠡᠩ᠎ᠤᠨ ᠪᠠᠶ᠋ᠢᠳᠠᠯ᠎ᠳᠤ ᠲᠣᠭᠲᠠᠮᠠᠯ ᠬᠡᠯᠪᠡᠷᠢ᠎ᠪᠠᠷ ᠨᠡᠶ᠋ᠢᠲᠡᠯᠡᠨ᠎ᠡ᠃ ᠰᠡᠷᠡᠮᠵᠢᠯᠡᠭᠦᠯᠬᠦ ᠮᠡᠳᠡᠭᠡ ᠵᠠᠩᠭᠢ ᠵᠢ ᠨᠡᠶ᠋ᠢᠲᠡᠯᠡᠭᠰᠡᠨ᠎ᠤ ᠲᠠᠷᠠᠭ᠎ᠠ ᠰᠡᠷᠡᠮᠵᠢᠯᠡᠭᠦᠯᠬᠦ ᠠᠭᠤᠯᠭ᠎ᠠ ᠵᠢ᠎ᠨᠢ ᠬᠤᠪᠢᠷᠠᠭ᠋ᠠᠬᠤ ᠴᠢᠬᠤᠯᠠᠲᠠᠢ ᠪᠠᠶ᠋ᠢᠪᠠᠯ᠂ ᠬᠤᠪᠢᠷᠠᠭ᠋ᠠᠭᠰᠠᠨ ᠮᠡᠳᠡᠭᠡ ᠵᠠᠩᠭᠢ᠎ᠪᠠᠨ ᠴᠠᠭ ᠲᠤᠬᠠᠢᠳᠤᠨᠢ ᠨᠡᠶ᠋ᠢᠲᠡᠯᠡᠬᠦ ᠬᠡᠷᠡᠭᠲᠡᠢ᠃
ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ᠂ ᠴᠠᠭ ᠠᠭᠤᠷ᠎ᠤᠨ ᠰᠠᠯᠠᠭ᠎ᠠ ᠮᠥᠴᠢᠷ᠄ ᠡᠯ᠎ᠡ ᠱᠠᠲᠤᠨ᠎ᠤ ᠴᠠᠭ ᠠᠭᠤᠷ᠎ᠤᠨ ᠰᠠᠯᠠᠭ᠎ᠠ ᠮᠥᠴᠢᠷ ᠲᠦᠷᠦᠭᠦᠯᠡᠨ ᠬᠠᠷᠢᠭᠤᠴᠠᠵᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠰᠠᠯᠠᠭ᠎ᠠ ᠮᠥᠴᠢᠷ ᠬᠠᠮᠵᠢᠯᠴᠠᠨ᠂ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠂ ᠭᠠᠮᠰᠢᠭ᠎ᠲᠤ ᠬᠤᠯᠪᠣᠭᠳᠠᠭᠰᠠᠨ ᠭᠤᠣᠯ ᠪᠣᠯᠬᠤ ᠰᠠᠯᠠᠭ᠎ᠠ ᠮᠥᠴᠢᠷ ᠵᠢᠴᠢ ᠬᠠᠮᠢᠶ᠎ᠠ ᠪᠦᠬᠦᠢ ᠭᠤᠣᠯᠳᠠᠯᠭ᠎ᠠ ᠪᠣᠯᠬᠤ ᠨᠢᠭᠡᠴᠢ᠎ᠳᠤ ᠵᠢᠯ ᠪᠦᠷᠢ ᠵᠢᠨ 3 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠨᠢᠭᠡ ᠤᠳᠠᠭ᠎ᠠ ᠴᠠᠭ ᠠᠭᠤᠷ᠎ᠤᠨ ᠭᠠᠮᠰᠢᠭ᠎ᠤᠨ ᠰᠡᠷᠡᠮᠵᠢᠯᠡᠭᠦᠯᠭᠡ ᠵᠢᠨ ᠮᠡᠳᠡᠭᠡ ᠵᠠᠩᠭᠢ ᠭᠥᠯᠢᠶᠡᠨ ᠠᠪᠬᠤ ᠬᠠᠷᠢᠭᠤᠴᠠᠯᠭ᠎ᠠ᠎ᠲᠠᠢ ᠬᠥᠮᠥᠰ᠎ᠢ ᠰᠢᠨ᠎ᠡ᠎ᠪᠠᠷ ᠪᠦᠷᠢᠳᠬᠡᠨ ᠳᠠᠩᠰᠠᠯᠠᠬᠤ ᠠᠵᠢᠯ ᠵᠶ᠋ᠠᠨ ᠵᠣᠬᠢᠶᠠᠨ ᠪᠠᠶ᠋ᠢᠭᠤᠯᠵᠤ ᠥᠷᠨᠢᠭᠦᠯᠬᠦ ᠵᠢᠨ ᠬᠠᠮᠲᠤ᠂ ᠴᠠᠭ ᠠᠭᠤᠷ᠎ᠤᠨ ᠰᠠᠯᠠᠭ᠎ᠠ ᠮᠥᠴᠢᠷ᠎ᠠᠴᠠ ᠤᠯᠤᠰ᠎ᠤᠨ ᠭᠡᠨᠡᠳᠲᠡ ᠵᠢᠨ ᠬᠡᠷᠡᠭ᠎ᠢ ᠰᠡᠷᠡᠮᠵᠢᠯᠡᠭᠦᠯᠬᠦ ᠮᠡᠳᠡᠭᠡ ᠵᠠᠩᠭᠢ ᠨᠡᠶ᠋ᠢᠲᠡᠯᠡᠬᠦ ᠰᠢᠰᠲ᠋ᠧᠮ᠎ᠳᠤ ᠲᠡᠮᠳᠡᠭᠯᠡᠵᠦ ᠣᠷᠣᠭᠤᠯᠬᠤ ᠬᠡᠷᠡᠭᠲᠡᠢ᠃
ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠂ ᠭᠠᠮᠰᠢᠭ᠎ᠲᠤ ᠬᠤᠯᠪᠣᠭᠳᠠᠬᠤ ᠭᠤᠣᠯ ᠪᠣᠯᠬᠤ ᠰᠠᠯᠠᠭ᠎ᠠ ᠮᠥᠴᠢᠷ᠂ ᠭᠤᠣᠯᠳᠠᠯᠭ᠎ᠠ ᠪᠣᠯᠬᠤ ᠨᠢᠭᠡᠴᠢ᠄ ᠴᠠᠭ ᠠᠭᠤᠷ᠎ᠤᠨ ᠭᠠᠮᠰᠢᠭ᠎ᠤᠨ ᠰᠡᠷᠡᠮᠵᠢᠯᠡᠭᠦᠯᠭᠡ ᠵᠢᠨ ᠮᠡᠳᠡᠭᠡ ᠵᠠᠩᠭᠢ ᠭᠥᠯᠢᠶᠡᠨ ᠠᠪᠬᠤ ᠬᠠᠷᠢᠭᠤᠴᠠᠯᠭ᠎ᠠ᠎ᠲᠠᠢ ᠬᠥᠮᠥᠨ᠎ᠨᠢ ᠰᠣᠯᠢᠭᠳᠠᠭᠰᠠᠨ ᠪᠠᠶ᠋ᠢᠪᠠᠯ᠂ ᠡᠯ᠎ᠡ ᠰᠠᠯᠠᠭ᠎ᠠ ᠮᠥᠴᠢᠷ ᠨᠢᠭᠡᠴᠢ᠎ᠨᠢ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠪᠠ ᠴᠠᠭ ᠠᠭᠤᠷ᠎ᠤᠨ ᠰᠠᠯᠠᠭ᠎ᠠ ᠮᠥᠴᠢᠷ᠎ᠲᠤ ᠰᠠᠨᠠᠭ᠋ᠠᠴᠢᠯᠠᠭ᠎ᠠ᠎ᠠᠴᠠ᠎ᠪᠠᠨ ᠴᠠᠭ ᠲᠤᠬᠠᠢᠳᠤᠨᠢ ᠪᠦᠷᠢᠳᠬᠡᠨ ᠳᠠᠩᠰᠠᠯᠠᠭᠤᠯᠬᠤ ᠬᠡᠷᠡᠭᠲᠡᠢ᠃
(ᠬᠤᠶᠠᠷ) ᠴᠠᠭ ᠠᠭᠤᠷ᠎ᠤᠨ ᠭᠠᠮᠰᠢᠭ᠎ᠢ ᠰᠡᠷᠡᠮᠵᠢᠯᠡᠭᠦᠯᠬᠦ ᠮᠡᠳᠡᠭᠡ ᠵᠠᠩᠭᠢ ᠵᠢ ᠤᠯᠠᠮᠵᠢᠯᠠᠨ ᠳᠠᠮᠵᠢᠭᠤᠯᠬᠤ ᠲᠣᠭᠲᠠᠴᠠ᠎ᠪᠠᠨ ᠪᠦᠷᠢᠨᠰᠢᠭᠦᠯᠬᠦ ᠬᠡᠷᠡᠭᠲᠡᠢ
ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠄ ᠴᠠᠭ ᠠᠭᠤᠷ᠎ᠤᠨ ᠭᠠᠮᠰᠢᠭ᠎ᠢ ᠰᠡᠷᠡᠮᠵᠢᠯᠡᠭᠦᠯᠬᠦ ᠮᠡᠳᠡᠭᠡ ᠵᠠᠩᠭᠢ ᠵᠢᠨ ᠨᠡᠶ᠋ᠢᠲᠡᠯᠡᠬᠦ ᠬᠢᠭᠡᠳ ᠤᠯᠠᠮᠵᠢᠯᠠᠨ ᠳᠠᠮᠵᠢᠭᠤᠯᠬᠤ ᠠᠵᠢᠯ᠎ᠢ ᠵᠣᠬᠢᠶᠠᠨ ᠪᠠᠶ᠋ᠢᠭᠤᠯᠵᠤ ᠤᠳᠤᠷᠢᠳᠬᠤ ᠪᠠ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠎ᠪᠠᠨ ᠴᠢᠩᠭ᠋ᠠᠳᠬᠠᠵᠤ᠂ ᠰᠡᠷᠡᠮᠵᠢᠯᠡᠭᠦᠯᠬᠦ ᠮᠡᠳᠡᠭᠡ ᠵᠠᠩᠭᠢ ᠵᠢ ᠤᠯᠠᠮᠵᠢᠯᠠᠨ ᠳᠠᠮᠵᠢᠭᠤᠯᠬᠤ ᠪᠡᠯᠡᠳᠬᠡᠮᠵᠢ ᠵᠢᠨ ᠲᠥᠯᠦᠪᠵᠢᠭᠦᠯᠭᠡ ᠪᠠ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠨ᠂ ᠡᠯ᠎ᠡ ᠱᠠᠲᠤᠨ᠎ᠤ ᠭᠡᠨᠡᠳᠲᠡ ᠵᠢᠨ ᠬᠡᠷᠡᠭ᠎ᠢ ᠰᠡᠷᠡᠮᠵᠢᠯᠡᠭᠦᠯᠬᠦ ᠮᠡᠳᠡᠭᠡ ᠵᠠᠩᠭᠢ ᠨᠡᠶ᠋ᠢᠲᠡᠯᠡᠬᠦ ᠰᠢᠰᠲ᠋ᠧᠮ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠨ ᠪᠡᠶᠡᠯᠡᠭᠦᠯᠵᠦ᠂ ᠴᠠᠭ ᠠᠭᠤᠷ᠎ᠤᠨ ᠭᠠᠮᠰᠢᠭ᠎ᠢ ᠰᠡᠷᠡᠮᠵᠢᠯᠡᠭᠦᠯᠬᠦ ᠮᠡᠳᠡᠭᠡ ᠵᠠᠩᠭᠢ ᠵᠢᠨ ᠨᠡᠶ᠋ᠢᠲᠡᠯᠡᠬᠦ ᠪᠠ ᠠᠵᠢᠯᠯᠠᠭᠤᠯᠵᠤ ᠪᠠᠲᠤᠯᠠᠬᠤ ᠲᠣᠭᠲᠠᠴᠠ ᠵᠢ ᠪᠦᠷᠢᠨᠰᠢᠭᠦᠯᠵᠦ᠂ ᠥᠷᠭᠡᠨ ᠪᠦᠷᠬᠦᠭᠰᠡᠨ᠂ ᠪᠣᠰᠤᠭ᠎ᠠ ᠴᠣᠭᠴᠠᠵᠢᠭᠤᠯᠤᠭᠰᠠᠨ ᠰᠡᠷᠡᠮᠵᠢᠯᠡᠭᠦᠯᠬᠦ ᠮᠡᠳᠡᠭᠡ ᠵᠠᠩᠭᠢ ᠵᠢ ᠨᠡᠶ᠋ᠢᠲᠡᠯᠡᠬᠦ ᠠᠷᠭ᠎ᠠ ᠠᠪᠴᠠᠯ ᠬᠢᠭᠡᠳ ᠴᠠᠭ ᠠᠭᠤᠷ᠎ᠤᠨ ᠭᠠᠮᠰᠢᠭ᠎ᠢ ᠰᠡᠷᠡᠮᠵᠢᠯᠡᠭᠦᠯᠬᠦ ᠮᠡᠳᠡᠭᠡ ᠵᠠᠩᠭᠢ ᠵᠢᠨ ᠨᠢᠭᠡᠳᠦᠯᠲᠡᠢ ᠨᠡᠶ᠋ᠢᠲᠡᠯᠡᠬᠦ ᠪᠠ ᠨᠡᠶ᠋ᠢᠭᠡᠮ᠎ᠤᠨ ᠵᠠᠭᠤᠴᠢᠯᠠᠭᠤᠷ ᠵᠶ᠋ᠠᠷ ᠥᠷᠭᠡᠨ ᠬᠡᠪᠴᠢᠶᠡᠨ᠎ᠳᠤ ᠤᠯᠠᠮᠵᠢᠯᠠᠨ ᠳᠠᠮᠵᠢᠭᠤᠯᠬᠤ ᠲᠣᠭᠲᠠᠴᠠ᠎ᠪᠠᠨ ᠲᠡᠭᠦᠯᠳᠡᠷᠵᠢᠭᠦᠯᠵᠦ᠂ ᠰᠡᠷᠡᠮᠵᠢᠯᠡᠭᠦᠯᠬᠦ ᠮᠡᠳᠡᠭᠡ ᠵᠠᠩᠭᠢ ᠨᠡᠶ᠋ᠢᠲᠡᠯᠡᠬᠦ 《ᠰᠠᠭ᠋ᠠᠳ ᠦᠭᠡᠢ ᠨᠡᠪᠲᠡᠷᠡᠬᠦ ᠵᠠᠮ》᠎ᠢ ᠨᠠᠪᠲᠠᠷᠡᠭᠦᠯᠵᠦ᠂ ᠰᠡᠷᠡᠮᠵᠢᠯᠡᠭᠦᠯᠬᠦ ᠮᠡᠳᠡᠭᠡ ᠵᠠᠩᠭᠢ ᠵᠢᠨ ᠬᠠᠮᠤᠷᠬᠤ ᠬᠡᠪᠴᠢᠶ᠎ᠡ᠂ ᠴᠠᠭ ᠲᠤᠬᠠᠶ᠋ᠢᠴᠢ ᠴᠢᠨᠠᠷ᠎ᠢ ᠳᠡᠭᠡᠭᠰᠢᠯᠡᠭᠦᠯᠬᠦ ᠬᠡᠷᠡᠭᠲᠡᠢ᠃
ᠴᠠᠭ ᠠᠭᠤᠷ᠎ᠤᠨ ᠰᠠᠯᠠᠭ᠎ᠠ ᠮᠥᠴᠢᠷ᠄ ᠤᠯᠤᠰ᠎ᠤᠨ ᠭᠡᠨᠡᠳᠲᠡ ᠵᠢᠨ ᠬᠡᠷᠡᠭ᠎ᠢ ᠰᠡᠷᠡᠮᠵᠢᠯᠡᠭᠦᠯᠬᠦ ᠮᠡᠳᠡᠭᠡ ᠵᠠᠩᠭᠢ ᠨᠡᠶ᠋ᠢᠲᠡᠯᠡᠬᠦ ᠰᠢᠰᠲ᠋ᠧᠮ ᠵᠶ᠋ᠠᠷ ᠳᠠᠮᠵᠢᠭᠤᠯᠤᠨ᠂ ᠴᠠᠭ ᠠᠭᠤᠷ᠎ᠤᠨ ᠭᠠᠮᠰᠢᠭ᠎ᠤᠨ ᠰᠡᠷᠡᠮᠵᠢᠯᠡᠭᠦᠯᠭᠡ ᠵᠢᠨ ᠮᠡᠳᠡᠭᠡ ᠵᠠᠩᠭᠢ ᠭᠥᠯᠢᠶᠡᠨ ᠠᠪᠬᠤ ᠬᠠᠷᠢᠭᠤᠴᠠᠯᠭ᠎ᠠ᠎ᠲᠠᠢ ᠬᠥᠮᠥᠰ᠎ᠲᠤ ᠬᠠᠨᠳᠤᠭᠤᠯᠤᠭᠰᠠᠨ ᠰᠡᠷᠡᠮᠵᠢᠯᠡᠭᠦᠯᠬᠦ ᠮᠡᠳᠡᠭᠡ ᠵᠠᠩᠭᠢ ᠨᠡᠶ᠋ᠢᠲᠡᠯᠡᠬᠦ ᠠᠵᠢᠯ᠎ᠢ ᠭᠦᠨᠵᠡᠭᠡᠢ ᠥᠷᠨᠢᠭᠦᠯᠬᠦ ᠬᠡᠷᠡᠭᠲᠡᠢ᠃
ᠷᠠᠳᠢᠣ᠋ ᠲᠧᠯᠸᠢᠰ᠂ ᠰᠣᠶᠣᠯ᠂ ᠰᠣᠨᠢᠨ ᠮᠡᠳᠡᠭᠡ ᠬᠡᠪᠯᠡᠯ᠂ ᠴᠢᠮᠡᠭᠡ ᠬᠤᠯᠪᠣᠭ᠎ᠠ ᠵᠢᠨ ᠬᠠᠮᠢᠶᠠᠷᠤᠯᠲᠠ᠂ ᠠᠷᠠᠳ᠎ᠤᠨ ᠶᠠᠪᠤᠳᠠᠯ᠂ ᠲᠠᠷᠢᠶᠠᠯᠠᠩ ᠮᠠᠯ ᠠᠵᠤ ᠠᠬᠤᠢ᠂ ᠤᠰᠤᠨ ᠠᠰᠢᠭᠯᠠᠯᠲᠠ ᠵᠡᠷᠭᠡ ᠰᠠᠯᠠᠭ᠎ᠠ ᠮᠥᠴᠢᠷ᠎ᠤᠳ ᠲᠣᠰ ᠲᠣᠰ᠎ᠤᠨ ᠡᠭᠦᠷᠭᠡ ᠬᠠᠷᠢᠭᠤᠴᠠᠯᠭ᠎ᠠ ᠵᠢᠨ ᠵᠶ᠋ᠠᠨ ᠶᠣᠰᠣᠭ᠋ᠠᠷ᠂ ᠰᠡᠷᠡᠮᠵᠢᠯᠡᠭᠦᠯᠬᠦ ᠮᠡᠳᠡᠭᠡ ᠵᠠᠩᠭᠢ ᠵᠢ ᠤᠯᠠᠮᠵᠢᠯᠠᠨ ᠳᠠᠮᠵᠢᠭᠤᠯᠬᠤᠯᠤᠭᠠ ᠬᠤᠯᠪᠣᠭᠳᠠᠭᠰᠠᠨ ᠠᠵᠢᠯ᠎ᠤᠳ᠎ᠢ ᠰᠠᠶ᠋ᠢᠲᠤᠷ ᠬᠢᠨ᠎ᠠ; ᠷᠠᠳᠢᠣ᠋ ᠨᠡᠪᠲᠡᠷᠡᠭᠦᠯᠭᠡ᠂ ᠲᠧᠯᠸᠢᠰ᠂ ᠰᠦᠯᠵᠢᠶ᠎ᠡ ᠵᠡᠷᠭᠡ ᠵᠠᠭᠤᠴᠢᠯᠠᠭᠤᠷ ᠵᠢᠴᠢ ᠴᠢᠮᠡᠭᠡ ᠬᠤᠯᠪᠣᠭ᠎ᠠ ᠵᠢᠨ ᠡᠵᠡᠩᠨᠡᠨ ᠠᠵᠢᠯᠯᠠᠭᠤᠯᠬᠤ ᠨᠢᠭᠡᠴᠢ᠎ᠨᠢ ᠲᠤᠬᠠᠢ ᠵᠢᠨ ᠭᠠᠵᠠᠷ᠎ᠤᠨ ᠴᠠᠭ ᠠᠭᠤᠷ᠎ᠤᠨ ᠥᠷᠲᠡᠭᠡᠨ᠎ᠤ ᠨᠡᠶ᠋ᠢᠲᠡᠯᠡᠭᠰᠡᠨ ᠴᠠᠭ ᠠᠭᠤᠷ᠎ᠤᠨ ᠭᠠᠮᠰᠢᠭ᠎ᠢ ᠰᠡᠷᠡᠮᠵᠢᠯᠡᠭᠦᠯᠬᠦ ᠮᠡᠳᠡᠭᠡ ᠵᠠᠩᠭᠢ ᠵᠢ᠎ᠨᠢ ᠭᠠᠮᠰᠢᠭ᠎ᠲᠤ ᠨᠥᠯᠥᠭᠡᠯᠡᠭᠳᠡᠬᠦ ᠣᠷᠣᠨ ᠪᠦᠰᠡ᠎ᠳᠤ ᠴᠠᠭ ᠲᠤᠬᠠᠢᠳᠤᠨᠢ ᠤᠯᠠᠮᠵᠢᠯᠠᠨ ᠳᠠᠮᠵᠢᠭᠤᠯᠬᠤ ᠵᠢ ᠬᠠᠷᠢᠭᠤᠴᠠᠨ᠎ᠠ᠃
(ᠭᠤᠷᠪᠠ) ᠳᠡᠭᠡᠳᠦ ᠲᠠᠰ ᠢᠯᠭ᠋ᠠᠯ᠎ᠤᠨ ᠴᠠᠭ ᠠᠭᠤᠷ᠎ᠤᠨ ᠭᠠᠮᠰᠢᠭ᠎ᠢ ᠰᠡᠷᠡᠮᠵᠢᠯᠡᠭᠦᠯᠬᠦ᠎ᠳᠤ 《ᠪᠠᠴᠢᠮ ᠳᠠᠭᠤᠳᠠᠯᠲᠠ》 ᠵᠢᠨ ᠲᠣᠭᠲᠠᠴᠠ ᠵᠢ ᠴᠢᠩᠭ᠋ᠠᠷᠠᠭᠤᠯᠬᠤ ᠬᠡᠷᠡᠭᠲᠡᠢ
ᠴᠠᠭ ᠠᠭᠤᠷ᠎ᠤᠨ ᠰᠠᠯᠠᠭ᠎ᠠ ᠮᠥᠴᠢᠷ᠄ ᠳᠡᠭᠡᠳᠦ ᠲᠠᠰ ᠢᠯᠭ᠋ᠠᠯ᠎ᠤᠨ ᠴᠠᠭ ᠠᠭᠤᠷ᠎ᠤᠨ ᠭᠠᠮᠰᠢᠭ᠎ᠢ ᠰᠡᠷᠡᠮᠵᠢᠯᠡᠭᠦᠯᠬᠦ 《ᠪᠠᠴᠢᠮ ᠳᠠᠭᠤᠳᠠᠯᠲᠠ》 ᠵᠢᠨ ᠦᠢ᠍ᠯᠡᠴᠢᠯᠡᠭᠡᠨ᠎ᠤ ᠪᠠᠷᠢᠮᠵᠢᠶ᠎ᠠ ᠪᠠ ᠠᠵᠢᠯ᠎ᠤᠨ ᠴᠤᠪᠤᠷᠠᠯ᠎ᠤᠨ ᠶᠣᠰᠣᠭ᠋ᠠᠷ᠂ ᠲᠣᠰ ᠱᠠᠲᠤᠨ᠎ᠤ ᠨᠠᠮ᠎ᠤᠨ ᠬᠤᠷᠢᠶ᠎ᠠ ᠪᠠ ᠵᠠᠰᠠᠭ᠎ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠢ᠎ᠳᠤ ᠬᠠᠨᠳᠤᠭᠤᠯᠤᠭᠰᠠᠨ ᠳᠡᠭᠡᠳᠦ ᠲᠠᠰ ᠢᠯᠭ᠋ᠠᠯ᠎ᠤᠨ ᠴᠠᠭ ᠠᠭᠤᠷ᠎ᠤᠨ ᠭᠠᠮᠰᠢᠭ᠎ᠢ ᠰᠡᠷᠡᠮᠵᠢᠯᠡᠭᠦᠯᠬᠦ 《ᠪᠠᠴᠢᠮ ᠳᠠᠭᠤᠳᠠᠯᠲᠠ》 ᠵᠢᠨ ᠠᠵᠢᠯ᠎ᠢ ᠥᠷᠨᠢᠭᠦᠯᠬᠦ ᠬᠡᠷᠡᠭᠲᠡᠢ᠃
ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠄ ᠴᠠᠭ ᠠᠭᠤᠷ᠎ᠤᠨ ᠰᠠᠯᠠᠭ᠎ᠠ ᠮᠥᠴᠢᠷ᠎ᠤᠨ 《ᠪᠠᠴᠢᠮ ᠳᠠᠭᠤᠳᠠᠯᠲᠠ》 ᠵᠢᠨ ᠳᠣᠬᠢᠶ᠎ᠠ ᠵᠢ ᠣᠯᠣᠭᠰᠠᠨ᠎ᠤ ᠲᠠᠷᠠᠭ᠎ᠠ᠂ ᠴᠠᠭ ᠲᠤᠬᠠᠢᠳᠤᠨᠢ ᠵᠢᠯᠣᠭᠤᠳᠤᠨ ᠵᠣᠬᠢᠴᠠᠭᠤᠯᠵᠤ᠂ ᠲᠣᠬᠢᠷᠠᠭᠤᠯᠤᠨ ᠪᠠᠶ᠋ᠢᠷᠢᠯᠠᠭᠤᠯᠬᠤ ᠬᠡᠷᠡᠭᠲᠡᠢ᠃
ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠰᠠᠯᠠᠭ᠎ᠠ ᠮᠥᠴᠢᠷ᠄ ᠲᠣᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠢᠭ ᠵᠢᠭ᠋ᠠᠪᠤᠷᠢ ᠪᠠ ᠲᠣᠬᠢᠷᠠᠭᠤᠯᠤᠯᠲᠠ ᠵᠢ ᠦᠨᠳᠦᠰᠦᠯᠡᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ᠎ᠳᠤ 《ᠪᠠᠴᠢᠮ ᠳᠠᠭᠤᠳᠠᠯᠲᠠ》 ᠬᠢᠬᠦ ᠪᠠ ᠭᠠᠮᠰᠢᠭ᠎ᠢ ᠰᠡᠷᠡᠮᠵᠢᠯᠡᠨ ᠰᠡᠷᠭᠡᠶ᠋ᠢᠯᠡᠬᠦ ᠪᠠᠶ᠋ᠢᠷᠢᠯᠠᠭᠤᠯᠤᠯᠲᠠ ᠵᠢ ᠴᠠᠭ ᠲᠤᠬᠠᠢᠳᠤᠨᠢ ᠰᠠᠶ᠋ᠢᠲᠤᠷ ᠬᠢᠬᠦ ᠬᠡᠷᠡᠭᠲᠡᠢ᠃
ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠄ ᠰᠡᠷᠡᠮᠵᠢᠯᠡᠭᠦᠯᠬᠦ ᠮᠡᠳᠡᠭᠡ ᠵᠠᠩᠭᠢ ᠵᠢ ᠣᠯᠣᠭᠰᠠᠨ᠎ᠤ ᠳᠠᠷᠠᠭ᠎ᠠ᠂ ᠲᠣᠰ ᠠᠵᠢᠯ ᠲᠥᠷᠥᠯ᠎ᠤᠨ ᠵᠶ᠋ᠠᠨ ᠰᠡᠷᠭᠡᠶ᠋ᠢᠯᠡᠵᠦ ᠠᠷᠭ᠋ᠠᠴᠠᠭ᠋ᠠᠬᠤ ᠠᠵᠢᠯ᠎ᠢ ᠵᠣᠬᠢᠶᠠᠨ ᠪᠠᠶ᠋ᠢᠭᠤᠯᠵᠤ ᠰᠠᠶ᠋ᠢᠲᠤᠷ ᠬᠢᠬᠦ ᠬᠡᠷᠡᠭᠲᠡᠢ᠃
(ᠳᠥᠷᠪᠡ) ᠡᠯ᠎ᠡ ᠰᠠᠯᠠᠭ᠎ᠠ ᠮᠥᠴᠢᠷ ᠨᠢᠭᠡᠴᠢ ᠵᠢᠨ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠬᠤᠯᠪᠤᠭ᠋ᠠᠯᠠᠨ ᠬᠥᠳᠡᠯᠦᠯᠴᠡᠬᠦ ᠲᠣᠭᠲᠠᠴᠠ ᠵᠢ ᠲᠡᠭᠦᠯᠳᠡᠷᠵᠢᠭᠦᠯᠬᠦ ᠬᠡᠷᠡᠭᠲᠡᠢ
ᠴᠠᠭ ᠠᠭᠤᠷ᠎ᠤᠨ ᠰᠠᠯᠠᠭ᠎ᠠ ᠮᠥᠴᠢᠷ᠎ᠠᠴᠠ ᠴᠠᠭ ᠠᠭᠤᠷ᠎ᠤᠨ ᠭᠠᠮᠰᠢᠭ᠎ᠢ ᠰᠡᠷᠡᠮᠵᠢᠯᠡᠭᠦᠯᠬᠦ ᠮᠡᠳᠡᠭᠡ ᠵᠠᠩᠭᠢ ᠵᠢ ᠨᠡᠶ᠋ᠢᠲᠡᠯᠡᠭᠰᠡᠨ᠎ᠤ ᠲᠡᠷᠠᠭ᠎ᠠ᠂ ᠭᠠᠮᠰᠢᠭ᠎ᠲᠤ ᠨᠥᠯᠥᠭᠡᠯᠡᠭᠳᠡᠬᠦ ᠭᠠᠵᠠᠷ ᠣᠷᠣᠨ᠎ᠤ ᠠᠷᠠᠳ᠎ᠤᠨ ᠵᠠᠰᠠᠭ᠎ᠤᠨ ᠣᠷᠳᠣᠨ᠂ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠢ ᠵᠢᠴᠢ ᠪᠠᠶ᠋ᠢᠭᠤᠯᠤᠮᠵᠢ᠎ᠨᠢ ᠲᠤᠰ ᠱᠠᠲᠤᠨ᠎ᠤ᠎ᠪᠠᠨ ᠴᠠᠭ ᠠᠭᠤᠷ᠎ᠤᠨ ᠭᠠᠮᠰᠢᠭ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠥᠯ᠎ᠤᠨ ᠶᠣᠰᠣᠭ᠋ᠠᠷ᠂ ᠪᠣᠳᠠᠲᠤ ᠪᠠᠶ᠋ᠢᠳᠠᠯ ᠵᠶ᠋ᠠᠨ ᠦᠨᠳᠦᠰᠦᠯᠡᠨ ᠳᠣᠣᠷᠠᠬᠢ ᠠᠵᠢᠯ᠎ᠤᠳ᠎ᠢ ᠲᠡᠷᠡ ᠳᠠᠷᠤᠢ᠎ᠳᠤ᠎ᠨᠢ ᠥᠷᠨᠢᠭᠦᠯᠬᠦ ᠬᠡᠷᠡᠭᠲᠡᠢ᠄
1. ᠴᠠᠭ ᠠᠭᠤᠷ᠎ᠤᠨ ᠭᠠᠮᠰᠢᠭ᠎ᠤᠨ ᠨᠥᠯᠥᠭᠡ ᠵᠢᠴᠢ ᠲᠡᠭᠦᠨ᠎ᠤ ᠬᠥᠭᠵᠢᠵᠦ ᠬᠤᠪᠢᠷᠠᠬᠤ ᠬᠠᠨᠳᠤᠰᠢ᠎ᠳᠤ ᠵᠥᠪᠳᠡᠯᠴᠡᠵᠦ ᠰᠤᠳᠤᠯᠤᠨ ᠮᠠᠭ᠋ᠠᠳᠯᠠᠬᠤ ᠠᠵᠢᠯ᠎ᠢ ᠵᠣᠬᠢᠶᠠᠨ ᠪᠠᠶ᠋ᠢᠭᠤᠯᠵᠤ᠂ ᠪᠠᠶ᠋ᠢᠳᠠᠯ᠎ᠢ᠎ᠨᠢ ᠠᠵᠢᠵᠤ ᠪᠠᠶ᠋ᠢᠭ᠋ᠠᠳ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠤᠷᠢᠶᠠᠯᠠᠨ ᠳᠠᠭ᠋ᠠᠬᠤ ᠠᠵᠢᠯ ᠵᠶ᠋ᠠᠨ ᠡᠬᠢᠯᠡᠭᠦᠯᠦᠨ᠎ᠡ᠃
2. ᠬᠤᠷᠠᠯ ᠵᠣᠬᠢᠶᠠᠨ ᠪᠠᠶ᠋ᠢᠭᠤᠯᠵᠤ ᠬᠤᠷᠠᠯᠳᠤᠭᠤᠯᠤᠨ᠂ ᠠᠷᠭ᠋ᠠᠴᠠᠭ᠋ᠠᠬᠤ ᠠᠷᠭ᠎ᠠ ᠬᠡᠮᠵᠢᠶ᠎ᠡ ᠵᠢ ᠰᠤᠳᠤᠯᠵᠤ᠂ ᠠᠵᠢᠯ᠎ᠤᠨ ᠪᠠᠶ᠋ᠢᠷᠢᠯᠠᠭᠤᠯᠤᠯᠲᠠ ᠬᠢᠨ᠎ᠡ᠃
3. ᠪᠠᠶ᠋ᠢᠳᠠᠯ᠎ᠢ᠎ᠨᠢ ᠠᠵᠢᠵᠤ ᠪᠠᠶ᠋ᠢᠭ᠋ᠠᠳ ᠴᠠᠭ ᠠᠭᠤᠷ᠎ᠤᠨ ᠭᠠᠮᠰᠢᠭ᠎ᠲᠤ ᠨᠥᠯᠥᠭᠡᠯᠡᠭᠳᠡᠬᠦ ᠭᠤᠣᠯᠳᠠᠯᠭ᠎ᠠ ᠪᠣᠯᠬᠤ ᠣᠷᠣᠨ ᠪᠦᠰᠡ ᠲᠡᠶ᠋ᠢᠰᠢ ᠠᠵᠢᠯᠯᠠᠬᠤ ᠳᠤᠭᠤᠶ᠋ᠢᠯᠠᠩ᠂ ᠲᠤᠰᠬᠠᠢ ᠮᠡᠷᠭᠡᠵᠢᠯᠲᠡᠨ᠎ᠤ ᠳᠤᠭᠤᠶ᠋ᠢᠯᠠᠩ ᠪᠤᠶᠤ ᠮᠡᠷᠭᠡᠵᠢᠯ᠎ᠤᠨ ᠠᠵᠢᠯᠲᠠᠨ ᠲᠣᠮᠢᠯᠠᠵᠤ᠂ ᠭᠠᠮᠰᠢᠭ᠎ᠢ ᠰᠡᠷᠭᠡᠶ᠋ᠢᠯᠡᠨ ᠬᠤᠷᠢᠭᠯᠠᠬᠤ ᠠᠵᠢᠯ᠎ᠢ ᠵᠢᠭ᠋ᠠᠨ ᠵᠢᠯᠣᠭᠤᠳᠤᠭᠤᠯᠤᠨ᠎ᠠ᠃
4. ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠡᠩᠨᠡᠭᠡ᠂ ᠣᠨᠴᠠᠭ᠋ᠠᠢ ᠡᠭᠦᠷᠭᠡ ᠬᠠᠷᠢᠭᠤᠴᠠᠯᠭ᠎ᠠ᠎ᠲᠠᠢ ᠬᠥᠮᠥᠰ᠎ᠢ ᠵᠢᠵᠢᠭᠦᠷᠯᠡᠨ ᠰᠠᠬᠢᠬᠤ ᠵᠠᠷᠯᠢᠭ ᠬᠦᠯᠢᠶᠡᠬᠦ ᠪᠠᠶ᠋ᠢᠳᠠᠯ᠎ᠳᠤ ᠪᠠᠶ᠋ᠢᠯᠭ᠋ᠠᠬᠤ᠎ᠪᠠᠷ ᠵᠠᠷᠯᠢᠭᠳᠠᠬᠤ ᠵᠢᠨ ᠬᠠᠮᠲᠤ᠂ ᠪᠡᠯᠡᠳᠬᠡᠯ ᠬᠥᠮᠥᠰ᠎ᠲᠤ ᠳᠠᠶ᠋ᠢᠴᠢᠯᠠᠯᠲᠠ ᠬᠢᠵᠦ ᠪᠠᠶ᠋ᠢᠭ᠋ᠠᠳ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠪᠠ ᠰᠢᠢ᠍ᠳᠪᠦᠷᠢᠯᠡᠨ ᠲᠣᠬᠢᠷᠠᠭᠤᠯᠬᠤ ᠠᠵᠢᠯ᠎ᠳᠤ ᠣᠷᠣᠯᠴᠠᠬᠤ ᠪᠡᠯᠡᠳᠬᠡᠯ᠎ᠢ᠎ᠨᠢ ᠰᠠᠶ᠋ᠢᠲᠤᠷ ᠬᠢᠯᠭᠡᠨ᠎ᠡ᠃
5. ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠰᠢᠢ᠍ᠳᠪᠦᠷᠢᠯᠡᠬᠦ᠎ᠳᠤ ᠬᠡᠷᠡᠭᠰᠡᠬᠦ ᠡᠳ᠋ ᠪᠠᠷᠠᠭ᠎ᠠ᠂ ᠲᠥᠬᠦᠭᠡᠷᠦᠮᠵᠢ᠂ ᠪᠠᠭ᠋ᠠᠵᠢ ᠬᠡᠷᠡᠭᠰᠡᠯᠤᠳᠢ ᠲᠣᠬᠢᠷᠠᠭᠤᠯᠤᠨ ᠴᠤᠭᠯᠠᠭᠤᠯᠵᠤ᠂ ᠭᠠᠮᠰᠢᠭ᠎ᠲᠤ ᠨᠥᠯᠥᠭᠡᠯᠡᠭᠳᠡᠬᠦ ᠭᠠᠵᠠᠷ ᠣᠷᠣᠨ᠎ᠨᠢ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠬᠡᠮᠵᠢ ᠪᠠ ᠠᠶᠤᠯ᠎ᠠᠴᠠ ᠵᠠᠶ᠋ᠢᠯᠠᠬᠤ ᠲᠠᠯᠠᠪᠤᠷ ᠭᠠᠵᠠᠷ᠎ᠢ ᠡᠬᠢᠯᠡᠨ ᠬᠡᠷᠡᠭᠯᠡᠬᠦ ᠪᠡᠯᠡᠳᠬᠡᠯ ᠵᠶ᠋ᠠᠨ ᠰᠠᠶ᠋ᠢᠲᠤᠷ ᠬᠢᠵᠦ᠂ ᠲᠡᠳᠡᠭᠡᠷ᠎ᠤᠨ ᠴᠢᠳᠠᠮᠵᠢ ᠰᠠᠶ᠋ᠢᠲᠠᠢ ᠪᠦᠷᠢᠨ ᠲᠥᠬᠦᠷ ᠪᠠᠶ᠋ᠢᠵᠤ᠂ ᠴᠠᠭ ᠢᠮᠠᠭᠲᠠ ᠬᠡᠪ᠎ᠤᠨ ᠶᠣᠰᠣᠭ᠋ᠠᠷ ᠬᠡᠷᠡᠭᠯᠡᠵᠦ ᠪᠣᠯᠬᠤ ᠵᠢ᠎ᠨᠢ ᠦᠨᠡᠨ ᠬᠦ᠌ ᠪᠠᠲᠤᠯᠠᠨ᠎ᠠ᠃
6. ᠢᠳᠡᠭᠡᠨ ᠤᠮᠳᠠᠭ᠋ᠠᠨ᠂ ᠤᠤᠭᠤᠬᠤ ᠤᠰᠤ᠂ ᠬᠤᠪᠴᠠᠰᠤ ᠬᠤᠨᠠᠷ ᠬᠥᠨᠵᠢᠯᠡ ᠳᠡᠪᠢᠰᠬᠡᠷ᠂ ᠮᠠᠶ᠋ᠢᠬᠠᠨ ᠵᠡᠷᠭᠡ ᠭᠠᠮᠰᠢᠭ᠎ᠠᠴᠠ ᠠᠪᠤᠷᠠᠬᠤ ᠡᠳ᠋ ᠪᠠᠷᠠᠭ᠎ᠠ ᠵᠢ ᠴᠤᠭᠯᠠᠭᠤᠯᠬᠤ ᠪᠠ ᠬᠡᠷᠡᠭᠯᠡᠬᠦ ᠪᠡᠯᠡᠳᠬᠡᠯ᠎ᠢ ᠰᠠᠶ᠋ᠢᠲᠤᠷ ᠬᠢᠵᠦ᠂ ᠰᠢᠯᠵᠢᠭᠦᠯᠦᠨ ᠵᠠᠶ᠋ᠢᠯᠠᠭᠰᠠᠳᠤᠨ ᠦᠨᠳᠦᠰᠦᠨ ᠠᠮᠢᠳᠤᠷᠠᠯ᠎ᠢ᠎ᠨᠢ ᠪᠠᠲᠤᠯᠠᠨ᠎ᠠ᠃
7. ᠴᠢᠬᠤᠯᠠ ᠪᠦᠬᠦᠢ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠵᠠᠮ ᠬᠠᠷᠢᠯᠴᠠᠭ᠎ᠠ᠂ ᠴᠢᠮᠡᠭᠡ ᠬᠤᠯᠪᠣᠭ᠎ᠠ᠂ ᠤᠰᠤ ᠬᠠᠩᠭ᠋ᠠᠬᠤ᠂ ᠤᠰᠤ ᠵᠠᠯᠠᠬᠤ᠂ ᠴᠠᠬᠢᠯᠭ᠋ᠠᠨ ᠬᠠᠩᠭ᠋ᠠᠬᠤ᠂ ᠬᠡᠢ ᠬᠠᠩᠭ᠋ᠠᠬᠤ᠂ ᠢᠯᠴᠢ ᠬᠠᠩᠭ᠋ᠠᠬᠤ ᠵᠡᠷᠭᠡ ᠣᠯᠠᠨ ᠨᠡᠶ᠋ᠢᠲᠡ ᠵᠢᠨ ᠪᠡᠯᠡᠳᠬᠡᠮᠵᠢ ᠵᠢᠨ ᠠᠮᠤᠷ ᠲᠦᠪᠰᠢᠨ ᠪᠠ ᠬᠡᠪ᠎ᠤᠨ ᠠᠵᠢᠯᠯᠠᠭ᠋ᠠᠨ᠎ᠢ ᠦᠨᠡᠨ ᠬᠦ᠌ ᠪᠠᠲᠤᠯᠠᠨ᠎ᠠ᠃
8. ᠣᠨᠴᠠᠭ᠋ᠠᠢ ᠠᠷᠭ᠎ᠠ ᠬᠡᠮᠵᠢᠶ᠎ᠡ ᠠᠪᠴᠤ ᠬᠥᠨᠥᠭᠡᠯ ᠬᠤᠬᠢᠷᠠᠯ᠎ᠠᠴᠠ ᠵᠠᠶ᠋ᠢᠯᠠᠭᠤᠯᠬᠤ ᠪᠤᠶᠤ ᠬᠥᠨᠥᠭᠡᠯ ᠬᠤᠬᠢᠷᠠᠯ᠎ᠢ ᠪᠠᠭ᠋ᠠᠰᠬᠠᠬᠤ ᠲᠤᠬᠠᠢ ᠰᠠᠨᠠᠭᠤᠯᠭ᠎ᠠ᠂ ᠢᠳᠬᠠᠯ᠎ᠢ ᠴᠠᠭ ᠲᠤᠬᠠᠢᠳᠤᠨᠢ ᠨᠡᠶ᠋ᠢᠭᠡᠮ᠎ᠳᠤ ᠨᠡᠶ᠋ᠢᠲᠡᠯᠡᠨ᠎ᠡ᠃
9. ᠭᠤᠣᠯᠳᠠᠯᠭ᠎ᠠ ᠪᠣᠯᠬᠤ ᠨᠢᠭᠡᠴᠢ᠂ ᠴᠢᠬᠤᠯᠠ ᠣᠷᠣᠨ ᠪᠠᠶ᠋ᠢᠷᠢ ᠪᠠ ᠴᠢᠬᠤᠯᠠ ᠰᠠᠭᠤᠷᠢ ᠪᠡᠯᠡᠳᠬᠡᠮᠵᠢ ᠵᠢᠨ ᠠᠮᠤᠷ ᠲᠦᠪᠰᠢᠨ᠎ᠤ ᠬᠠᠮᠠᠭ᠋ᠠᠯᠠᠯᠲᠠ ᠵᠢ ᠴᠢᠩᠭ᠋ᠠᠳᠬᠠᠵᠤ᠂ ᠨᠡᠶ᠋ᠢᠭᠡᠮ᠎ᠤᠨ ᠠᠮᠤᠷ ᠲᠦᠪᠰᠢᠨ᠎ᠤ ᠡᠮᠬᠢ ᠳᠢᠭᠯᠢᠮ᠎ᠢ ᠬᠠᠮᠠᠭ᠋ᠠᠯᠠᠨ᠎ᠠ᠃
10. ᠰᠡᠷᠡᠮᠵᠢᠯᠡᠭᠦᠯᠬᠦ ᠮᠡᠳᠡᠭᠡ ᠵᠠᠩᠭᠢ ᠵᠢ ᠠᠶᠤᠯᠲᠠᠢ ᠣᠷᠣᠨ ᠪᠦᠰᠡ᠎ᠳᠠᠬᠢ ᠬᠥᠮᠥᠰ᠎ᠲᠤ ᠴᠠᠭ ᠲᠤᠬᠠᠢᠳᠤᠨᠢ ᠮᠡᠳᠡᠭᠳᠡᠵᠦ᠂ ᠲᠣᠭᠲᠠᠭ᠋ᠠᠯ ᠶᠣᠰᠣᠭ᠋ᠠᠷ ᠬᠥᠮᠥᠰ᠎ᠢ ᠵᠣᠬᠢᠶᠠᠨ ᠪᠠᠶ᠋ᠢᠭᠤᠯᠵᠤ ᠰᠢᠯᠵᠢᠭᠦᠯᠦᠨ ᠵᠠᠶ᠋ᠢᠯᠠᠭᠤᠯᠤᠨ᠎ᠠ᠃
11. ᠣᠯᠠᠨ ᠨᠡᠶ᠋ᠢᠲᠡ᠎ᠳᠤ ᠬᠤᠯᠪᠣᠭᠳᠠᠬᠤ ᠭᠠᠢ ᠭᠠᠮᠰᠢᠭ᠎ᠤᠨ ᠮᠡᠳᠡᠭᠡ ᠵᠠᠩᠭᠢ ᠵᠢ ᠴᠠᠭ ᠲᠤᠬᠠᠢᠳᠤᠨᠢ ᠨᠡᠶ᠋ᠢᠭᠡᠮ᠎ᠳᠤ ᠨᠡᠶ᠋ᠢᠲᠡᠯᠡᠬᠦ ᠵᠢᠨ ᠬᠠᠮᠲᠤ᠂ ᠬᠠᠮᠢᠶ᠎ᠠ ᠪᠦᠬᠦᠢ ᠮᠡᠳᠡᠭᠡ ᠵᠠᠩᠭᠢ ᠵᠢᠨ ᠮᠡᠳᠡᠭᠡᠯᠡᠯ᠎ᠳᠤ ᠬᠠᠮᠢᠶᠠᠷᠤᠯᠲᠠ᠎ᠪᠠᠨ ᠴᠢᠩᠭ᠋ᠠᠳᠬᠠᠨ᠎ᠠ᠃
12. ᠴᠢᠬᠤᠯᠠᠲᠠᠢ ᠦᠶ᠎ᠡ᠎ᠳᠤ᠂ ᠳᠡᠭᠡᠳᠦ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠠ ᠬᠥᠷᠰᠢ ᠵᠡᠷᠭᠡᠯᠡᠳᠡᠭᠡ ᠭᠠᠵᠠᠷ ᠣᠷᠣᠨ᠎ᠠᠴᠠ ᠲᠤᠰᠠᠯᠠᠮᠵᠢ ᠭᠤᠶᠤᠴᠢᠯᠠᠵᠤ᠂ ᠭᠠᠮᠰᠢᠭ᠎ᠤᠨ ᠪᠠᠶ᠋ᠢᠳᠠᠯ᠎ᠤᠨ ᠬᠠᠮᠢᠶ᠎ᠠ ᠪᠦᠬᠦᠢ ᠮᠡᠳᠡᠭᠡ ᠵᠠᠩᠭᠢ᠎ᠪᠠᠨ ᠮᠡᠳᠡᠭᠦᠯᠦᠨ᠎ᠡ (ᠨᠡᠪᠲᠡᠷᠡᠭᠦᠯᠦᠨ ᠮᠡᠳᠡᠭᠡᠯᠡᠨ᠎ᠡ)᠃
(ᠲᠠᠪᠤ) ᠬᠦᠨᠳᠦ ᠶᠡᠭᠡ ᠴᠠᠭ ᠠᠭᠤᠷ᠎ᠤᠨ ᠭᠠᠮᠰᠢᠭ᠎ᠢ ᠰᠡᠷᠡᠮᠵᠢᠯᠡᠭᠦᠯᠬᠦ ᠮᠡᠳᠡᠭᠡ ᠵᠠᠩᠭᠢ᠎ᠪᠠᠷ ᠬᠢᠴᠢᠶᠡᠯᠯᠡᠬᠦ ᠵᠢ ᠵᠣᠭᠰᠤᠭ᠋ᠠᠬᠤ᠂ ᠠᠵᠢᠯᠯᠠᠬᠤ ᠵᠢ ᠵᠣᠭᠰᠤᠭ᠋ᠠᠬᠤ᠂ ᠲᠡᠭᠡᠭᠡᠪᠦᠷᠢᠯᠡᠬᠦ ᠵᠢ ᠵᠣᠭᠰᠤᠭ᠋ᠠᠬᠤ ᠲᠣᠭᠲᠠᠴᠠ ᠵᠢ ᠪᠠᠶ᠋ᠢᠭᠤᠯᠬᠤ ᠬᠡᠷᠡᠭᠲᠡᠢ
ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠎ᠨᠢ ᠰᠡᠷᠡᠮᠵᠢᠯᠡᠭᠦᠯᠬᠦ ᠮᠡᠳᠡᠭᠡ ᠵᠠᠩᠭᠢ ᠵᠢᠨ ᠲᠠᠰ ᠵᠡᠷᠭᠡ᠂ ᠨᠥᠯᠥᠭᠡᠯᠡᠬᠦ ᠣᠷᠣᠨ ᠪᠦᠰᠡ ᠵᠢᠴᠢ ᠴᠠᠭ ᠬᠤᠭᠤᠴᠠᠭ᠎ᠠ ᠵᠢ ᠦᠨᠳᠦᠰᠦᠯᠡᠨ᠂ ᠶᠡᠷᠦᠩᠬᠡᠶ᠋ᠢᠯᠡᠨ ᠰᠤᠳᠤᠯᠵᠤ ᠮᠠᠭ᠋ᠠᠳᠯᠠᠬᠤ᠎ᠪᠠᠨ ᠴᠢᠩᠭ᠋ᠠᠳᠬᠠᠵᠤ᠂ ᠴᠢᠬᠤᠯᠠᠲᠠᠢ ᠦᠶ᠎ᠡ᠎ᠳᠤ ᠬᠢᠴᠢᠶᠡᠯᠯᠡᠬᠦ ᠵᠢ ᠵᠣᠭᠰᠤᠭ᠋ᠠᠬᠤ᠂ ᠠᠵᠢᠯᠯᠠᠬᠤ ᠵᠢ ᠵᠣᠭᠰᠤᠭ᠋ᠠᠬᠤ᠂ ᠲᠡᠭᠡᠭᠡᠪᠦᠷᠢᠯᠡᠬᠦ ᠵᠢ ᠵᠣᠭᠰᠤᠭ᠋ᠠᠬᠤ ᠠᠷᠭ᠎ᠠ ᠬᠡᠮᠵᠢᠶ᠎ᠡ ᠵᠢ ᠡᠷᠡᠰ ᠰᠢᠭᠤᠷᠬᠠᠢ ᠠᠪᠬᠤ ᠬᠡᠷᠡᠭᠲᠡᠢ᠃
1. ᠬᠢᠴᠢᠶᠡᠯᠯᠡᠬᠦ ᠵᠢ ᠵᠣᠭᠰᠤᠭ᠋ᠠᠬᠤ ᠠᠷᠭ᠎ᠠ ᠬᠡᠮᠵᠢᠶ᠎ᠡ᠃
ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ᠄ ᠲᠤᠬᠠᠢ ᠵᠢᠨ ᠭᠠᠵᠠᠷ᠎ᠤᠨ ᠰᠡᠷᠡᠮᠵᠢᠯᠡᠭᠦᠯᠬᠦ ᠮᠡᠳᠡᠭᠡ ᠵᠠᠩᠭᠢ ᠵᠢ ᠦᠨᠳᠦᠰᠦᠯᠡᠨ᠂ ᠨᠥᠯᠥᠭᠡᠯᠡᠬᠦ ᠴᠠᠭ ᠬᠤᠭᠤᠴᠠᠭ᠎ᠠ ᠪᠠ ᠨᠥᠯᠥᠭᠡᠯᠡᠬᠦ ᠣᠷᠣᠨ ᠪᠦᠰᠡ᠎ᠲᠠᠢ᠎ᠨᠢ ᠤᠶᠠᠯᠳᠤᠭᠤᠯᠤᠨ᠂ ᠲᠦᠭᠰᠢᠭᠦᠷᠢ ᠵᠢ ᠰᠤᠳᠤᠯᠤᠨ ᠮᠠᠭ᠋ᠠᠳᠯᠠᠬᠤ᠎ᠪᠠᠨ ᠴᠢᠩᠭ᠋ᠠᠳᠬᠠᠵᠤ᠂ ᠰᠤᠷᠤᠭᠴᠢᠳ᠎ᠤᠨ ᠰᠤᠷᠭ᠋ᠠᠭᠤᠯᠢ᠎ᠳᠤ᠎ᠪᠠᠨ ᠣᠴᠢᠬᠤ᠂ ᠰᠤᠷᠭ᠋ᠠᠭᠤᠯᠢ᠎ᠠᠴᠠ᠎ᠪᠠᠨ ᠬᠠᠷᠢᠬᠤ ᠵᠢ ᠠᠮᠢᠳᠤᠯᠢᠭ ᠳᠣᠭᠢᠷᠠᠭᠤᠯᠤᠨ᠎ᠠ; ᠲᠤᠬᠠᠢ ᠵᠢᠨ ᠭᠠᠵᠠᠷ ᠣᠷᠣᠨ᠎ᠤ ᠪᠠᠶ᠋ᠢᠳᠠᠯ᠎ᠳᠤᠨᠢ ᠲᠣᠬᠢᠷᠠᠭᠤᠯᠤᠨ ᠬᠢᠴᠢᠶᠡᠯᠯᠡᠬᠦ ᠵᠢ ᠵᠣᠭᠰᠤᠭ᠋ᠠᠬᠤ ᠠᠵᠢᠯ᠎ᠤᠨ ᠵᠢᠯᠣᠭᠤᠳᠤᠮᠵᠢ ᠪᠠᠶ᠋ᠢᠭᠤᠯᠬᠤ ᠵᠢᠨ ᠬᠠᠮᠲᠤ᠂ ᠲᠣᠰ ᠠᠵᠢᠯ ᠲᠥᠷᠥᠯ ᠪᠤᠶᠤ ᠲᠣᠰ ᠨᠢᠭᠡᠴᠢ ᠵᠢᠨ ᠵᠶ᠋ᠠᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠥᠯ᠎ᠳᠤ ᠣᠷᠣᠭᠤᠯᠬᠤ ᠬᠡᠷᠡᠭᠲᠡᠢ᠃
ᠬᠠᠷᠢᠶ᠎ᠠ ᠭᠠᠵᠠᠷ᠎ᠤᠨ ᠠᠷᠠᠳ᠎ᠤᠨ ᠵᠠᠰᠠᠭ᠎ᠤᠨ ᠣᠷᠳᠣᠨ᠂ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ᠄ ᠪᠠᠴᠢᠮ ᠪᠠᠶ᠋ᠢᠳᠠᠯ᠎ᠲᠠᠢ ᠦᠶ᠎ᠡ᠎ᠳᠤ ᠳᠤᠮᠳᠠᠳᠤ ᠪᠠᠭ᠎ᠠ ᠰᠤᠷᠭ᠋ᠠᠭᠤᠯᠢ᠂ ᠬᠡᠦᠬᠡᠳ᠎ᠤᠨ ᠴᠡᠴᠡᠷᠯᠢᠭ ᠪᠠ ᠶᠡᠭᠡ ᠳᠡᠭᠡᠳᠦ ᠰᠤᠷᠭ᠋ᠠᠭᠤᠯᠢ᠎ᠳᠤ ᠬᠢᠴᠢᠶᠡᠯᠯᠡᠬᠦ ᠵᠢ᠎ᠨᠢ ᠵᠣᠭᠰᠤᠭ᠋ᠠᠬᠤ ᠠᠷᠭ᠎ᠠ ᠬᠡᠮᠵᠢᠶ᠎ᠡ ᠵᠢ ᠡᠬᠢᠯᠡᠭᠦᠯᠬᠦ᠎ᠳᠤ᠎ᠪᠠᠨ᠂ ᠰᠠᠭ᠋ᠠᠲᠠᠵᠤ ᠦᠯᠡᠳᠡᠭᠰᠡᠨ ᠬᠥᠮᠥᠰ ᠵᠶ᠋ᠠᠨ ᠰᠢᠯᠵᠢᠭᠦᠯᠬᠦ ᠪᠠ ᠲᠥᠪᠬᠢᠨᠡᠭᠦᠯᠬᠦ ᠠᠵᠢᠯ᠎ᠢ ᠵᠣᠬᠢᠶᠠᠨ ᠪᠠᠶ᠋ᠢᠭᠤᠯᠤᠨ ᠰᠠᠶ᠋ᠢᠲᠤᠷ ᠬᠢᠵᠦ᠂ ᠬᠢᠴᠢᠶᠡᠯᠯᠡᠬᠦ ᠵᠢ ᠵᠣᠭᠰᠤᠭ᠋ᠠᠬᠤ ᠠᠷᠭ᠎ᠠ ᠬᠡᠮᠵᠢᠶᠡᠨ᠎ᠤ ᠪᠣᠳᠠᠲᠠᠢ ᠬᠡᠷᠡᠭᠵᠢᠭᠦᠯᠦᠭᠳᠡᠬᠦ ᠵᠢ ᠦᠨᠡᠨ ᠬᠦ᠌ ᠪᠠᠲᠤᠯᠠᠬᠤ ᠬᠡᠷᠡᠭᠲᠡᠢ᠃
2. ᠠᠵᠢᠯᠯᠠᠬᠤ ᠵᠢ ᠵᠣᠭᠰᠤᠭ᠋ᠠᠬᠤ ᠠᠷᠭ᠎ᠠ ᠬᠡᠮᠵᠢᠶ᠎ᠡ᠃
ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠵᠢᠴᠢ ᠠᠵᠢᠯ ᠲᠥᠷᠥᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠄ ᠲᠤᠬᠠᠢ ᠵᠢᠨ ᠭᠠᠵᠠᠷ᠎ᠤᠨ ᠰᠡᠷᠡᠮᠵᠢᠯᠡᠭᠦᠯᠬᠦ ᠮᠡᠳᠡᠭᠡ ᠵᠠᠩᠭᠢ ᠵᠢ ᠦᠨᠳᠦᠰᠦᠯᠡᠨ᠂ ᠨᠥᠯᠥᠭᠡᠯᠡᠬᠦ ᠴᠠᠭ ᠬᠤᠭᠤᠴᠠᠭ᠎ᠠ ᠪᠠ ᠨᠥᠯᠥᠭᠡᠯᠡᠬᠦ ᠣᠷᠣᠨ ᠪᠦᠰᠡ᠎ᠲᠠᠢ᠎ᠨᠢ ᠤᠶᠠᠯᠳᠤᠭᠤᠯᠤᠨ᠂ ᠲᠦᠭᠰᠢᠭᠦᠷᠢ ᠵᠢ ᠰᠤᠳᠤᠯᠤᠨ ᠮᠠᠭ᠋ᠠᠳᠯᠠᠬᠤ᠎ᠪᠠᠨ ᠴᠢᠩᠭ᠋ᠠᠳᠬᠠᠵᠤ᠂ ᠴᠠᠭ ᠠᠭᠤᠷ᠎ᠤᠨ ᠭᠠᠮᠰᠢᠭ᠎ᠤᠨ ᠲᠥᠷᠥᠯ ᠬᠡᠯᠪᠡᠷᠢ ᠵᠢ ᠦᠨᠳᠦᠰᠦᠯᠡᠨ᠂ ᠡᠭᠦᠷᠭᠡ ᠬᠠᠷᠢᠭᠤᠴᠠᠯᠭ᠎ᠠ ᠵᠢᠨ ᠵᠶ᠋ᠠᠨ ᠶᠣᠰᠣᠭ᠋ᠠᠷ ᠬᠤᠯᠪᠣᠭᠳᠠᠯ ᠪᠦᠬᠦᠢ ᠠᠵᠤ ᠠᠬᠤᠶ᠋ᠢᠯᠠᠯ᠎ᠤᠨ ᠳᠠᠷᠤᠶ᠋ᠢᠬᠠᠨ ᠠᠵᠢᠯᠯᠠᠬᠤ᠎ᠪᠠᠨ ᠵᠣᠭᠰᠤᠭ᠋ᠠᠬᠤ ᠵᠢ᠎ᠨᠢ ᠬᠢᠨᠠᠨ ᠵᠢᠯᠣᠭᠤᠳᠤᠨ᠎ᠠ; ᠲᠤᠬᠠᠢ ᠵᠢᠨ ᠭᠠᠵᠠᠷ ᠣᠷᠣᠨ᠎ᠤ ᠪᠠᠶ᠋ᠢᠳᠠᠯ᠎ᠳᠤᠨᠢ ᠲᠣᠬᠢᠷᠠᠭᠤᠯᠤᠨ ᠠᠵᠢᠯᠯᠠᠬᠤ ᠵᠢ ᠵᠣᠭᠰᠤᠭ᠋ᠠᠬᠤ ᠠᠵᠢᠯ᠎ᠤᠨ ᠵᠢᠯᠣᠭᠤᠳᠤᠮᠵᠢ ᠪᠠᠶ᠋ᠢᠭᠤᠯᠬᠤ ᠵᠢᠨ ᠬᠠᠮᠲᠤ᠂ ᠲᠣᠰ ᠠᠵᠢᠯ ᠲᠥᠷᠥᠯ ᠪᠤᠶᠤ ᠲᠣᠰ ᠨᠢᠭᠡᠴᠢ ᠵᠢᠨ ᠵᠶ᠋ᠠᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠥᠯ᠎ᠳᠤ ᠣᠷᠣᠭᠤᠯᠬᠤ ᠬᠡᠷᠡᠭᠲᠡᠢ᠃
ᠬᠠᠷᠢᠶ᠎ᠠ ᠭᠠᠵᠠᠷ᠎ᠤᠨ ᠠᠷᠠᠳ᠎ᠤᠨ ᠵᠠᠰᠠᠭ᠎ᠤᠨ ᠣᠷᠳᠣᠨ᠂ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠵᠢᠴᠢ ᠠᠵᠢᠯ ᠲᠥᠷᠥᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠄ ᠪᠠᠴᠢᠮ ᠪᠠᠶ᠋ᠢᠳᠠᠯ᠎ᠲᠠᠢ ᠦᠶ᠎ᠡ᠎ᠳᠤ ᠠᠵᠤ ᠠᠬᠤᠶ᠋ᠢᠯᠠᠯ᠎ᠳᠤ ᠠᠵᠢᠯᠯᠠᠬᠤ ᠵᠢ᠎ᠨᠢ ᠵᠣᠭᠰᠤᠭ᠋ᠠᠬᠤ ᠠᠷᠭ᠎ᠠ ᠬᠡᠮᠵᠢᠶ᠎ᠡ ᠵᠢ ᠡᠬᠢᠯᠡᠭᠦᠯᠬᠦ᠎ᠳᠤ᠎ᠪᠠᠨ᠂ ᠰᠠᠭ᠋ᠠᠲᠠᠵᠤ ᠦᠯᠡᠳᠡᠭᠰᠡᠨ ᠬᠥᠮᠥᠰ᠎ᠢ ᠰᠢᠯᠵᠢᠭᠦᠯᠬᠦ ᠪᠠ ᠲᠥᠪᠬᠢᠨᠡᠭᠦᠯᠬᠦ ᠠᠵᠢᠯ᠎ᠢ ᠵᠣᠬᠢᠶᠠᠨ ᠪᠠᠶ᠋ᠢᠭᠤᠯᠤᠨ ᠰᠠᠶ᠋ᠢᠲᠤᠷ ᠬᠢᠵᠦ᠂ ᠠᠵᠢᠯᠯᠠᠬᠤ ᠵᠢ ᠵᠣᠭᠰᠤᠭ᠋ᠠᠬᠤ ᠠᠷᠭ᠎ᠠ ᠬᠡᠮᠵᠢᠶ᠎ᠡ᠎ᠪᠠᠨ ᠨᠠᠶ᠋ᠢᠳᠠᠪᠤᠷᠢᠵᠢᠭᠤᠯᠵᠤ ᠪᠣᠳᠠᠲᠠᠶ᠋ᠢᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃
3. ᠲᠡᠭᠡᠭᠡᠪᠦᠷᠢᠯᠡᠬᠦ ᠵᠢ ᠵᠣᠭᠰᠤᠭ᠋ᠠᠬᠤ ᠠᠷᠭ᠎ᠠ ᠬᠡᠮᠵᠢᠶ᠎ᠡ᠃
ᠵᠠᠮ ᠬᠠᠷᠢᠯᠴᠠᠭ᠎ᠠ ᠲᠡᠭᠡᠭᠡᠪᠦᠷᠢ᠂ ᠳᠣᠲᠣᠭ᠋ᠠᠳᠤ ᠵᠢ ᠬᠠᠮᠠᠭ᠋ᠠᠯᠠᠬᠤ ᠵᠡᠷᠭᠡ ᠬᠠᠮᠢᠶ᠎ᠠ ᠪᠦᠬᠦᠢ ᠠᠵᠢᠯ ᠲᠥᠷᠥᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠄ ᠲᠤᠬᠠᠢ ᠵᠢᠨ ᠭᠠᠵᠠᠷ᠎ᠤᠨ ᠰᠡᠷᠡᠮᠵᠢᠯᠡᠭᠦᠯᠬᠦ ᠮᠡᠳᠡᠭᠡ ᠵᠠᠩᠭᠢ ᠵᠢ ᠦᠨᠳᠦᠰᠦᠯᠡᠨ᠂ ᠨᠥᠯᠥᠭᠡᠯᠡᠬᠦ ᠴᠠᠭ ᠬᠤᠭᠤᠴᠠᠭ᠎ᠠ ᠪᠠ ᠨᠥᠯᠥᠭᠡᠯᠡᠬᠦ ᠣᠷᠣᠨ ᠪᠦᠰᠡ᠎ᠲᠠᠢ᠎ᠨᠢ ᠤᠶᠠᠯᠳᠤᠭᠤᠯᠤᠨ᠂ ᠲᠦᠭᠰᠢᠭᠦᠷᠢ ᠵᠢ ᠰᠤᠳᠤᠯᠤᠨ ᠮᠠᠭ᠋ᠠᠳᠯᠠᠬᠤ᠎ᠪᠠᠨ ᠴᠢᠩᠭ᠋ᠠᠳᠬᠠᠵᠤ᠂ ᠲᠡᠮᠦᠷ ᠵᠠᠮ᠂ ᠵᠠᠰᠠᠮᠠᠯ ᠵᠠᠮ᠂ ᠠᠭ᠋ᠠᠷ ᠠᠶᠠᠯᠠᠯ ᠵᠡᠷᠭᠡ ᠵᠢᠨ ᠲᠡᠭᠡᠭᠡᠪᠦᠷᠢᠯᠡᠬᠦ ᠵᠢ᠎ᠨᠢ ᠵᠣᠭᠰᠤᠭ᠋ᠠᠬᠤ ᠬᠠᠮᠢᠶ᠎ᠠ ᠪᠦᠬᠦᠢ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠤᠨ᠎ᠠ᠃
ᠲᠡᠮᠦᠷ ᠵᠠᠮ᠂ ᠠᠷᠠᠳ᠎ᠤᠨ ᠠᠭ᠋ᠠᠷ᠎ᠤᠨ ᠲᠡᠭᠡᠭᠡᠪᠦᠷᠢ᠂ ᠵᠠᠰᠠᠮᠠᠯ ᠵᠠᠮ᠂ ᠤᠰᠤᠨ ᠵᠠᠮ᠎ᠤᠨ ᠲᠡᠭᠡᠭᠡᠪᠦᠷᠢ ᠵᠡᠷᠭᠡ ᠰᠠᠯᠠᠭ᠎ᠠ ᠮᠥᠴᠢᠷ᠄ ᠵᠠᠮ ᠬᠠᠷᠢᠯᠴᠠᠭ᠎ᠠ ᠲᠡᠭᠡᠭᠡᠪᠦᠷᠢ ᠵᠢ ᠵᠣᠭᠰᠤᠭ᠋ᠠᠬᠤ ᠠᠵᠢᠯ᠎ᠤᠨ ᠵᠢᠯᠣᠭᠤᠳᠤᠮᠵᠢ ᠵᠢ ᠤᠯᠠᠮ ᠨᠢᠭᠡ ᠠᠯᠬᠤᠮ ᠨᠠᠷᠢᠯᠢᠭᠵᠢᠭᠤᠯᠤᠨ ᠲᠡᠭᠦᠯᠳᠡᠷᠵᠢᠭᠦᠯᠬᠦ ᠵᠢᠨ ᠬᠠᠮᠲᠤ᠂ ᠰᠠᠯᠠᠭ᠎ᠠ ᠮᠥᠴᠢᠷ ᠪᠠ ᠬᠤᠯᠪᠣᠭᠳᠠᠯ ᠪᠦᠬᠦᠢ ᠨᠢᠭᠡᠴᠢ ᠵᠢᠨ ᠵᠶ᠋ᠠᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠥᠯ᠎ᠳᠤ ᠣᠷᠣᠭᠤᠯᠤᠨ᠎ᠠ; ᠠᠭ᠋ᠠᠷ᠎ᠤᠨ ᠲᠡᠭᠡᠭᠡᠪᠦᠷᠢ ᠵᠢᠨ ᠲᠡᠭᠡᠭᠡᠪᠦᠷᠢᠯᠡᠬᠦ ᠵᠢ ᠵᠣᠭᠰᠤᠭ᠋ᠠᠬᠤ ᠠᠵᠢᠯ᠎ᠢ ᠪᠣᠯ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ᠎ᠨᠦᠭᠦᠳ᠎ᠢ ᠰᠢᠮᠳᠠᠭᠤᠯᠤᠨ ᠵᠣᠬᠢᠴᠠᠭᠤᠯᠵᠤ ᠪᠠᠶ᠋ᠢᠭ᠋ᠠᠳ ᠨᠠᠶ᠋ᠢᠳᠠᠪᠤᠷᠢᠵᠢᠭᠤᠯᠬᠤ ᠵᠢ᠎ᠨᠢ ᠬᠠᠷᠢᠭᠤᠴᠠᠨ᠎ᠠ᠃
ᠬᠠᠷᠢᠶ᠎ᠠ ᠭᠠᠵᠠᠷ᠎ᠤᠨ ᠠᠷᠠᠳ᠎ᠤᠨ ᠵᠠᠰᠠᠭ᠎ᠤᠨ ᠣᠷᠳᠣᠨ ᠪᠠ ᠠᠵᠢᠯ ᠲᠥᠷᠥᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠄ ᠲᠡᠭᠡᠭᠡᠪᠦᠷᠢᠯᠡᠬᠦ ᠵᠢ᠎ᠨᠢ ᠵᠣᠭᠰᠤᠭ᠋ᠠᠬᠤ ᠠᠷᠭ᠎ᠠ ᠬᠡᠮᠵᠢᠶ᠎ᠡ᠎ᠪᠠᠨ ᠡᠬᠢᠯᠡᠭᠦᠯᠬᠦ᠎ᠳᠤ᠎ᠪᠠᠨ᠂ ᠡᠭᠦᠷᠭᠡ ᠬᠠᠷᠢᠭᠤᠴᠠᠯᠭ᠎ᠠ ᠵᠢᠨ ᠵᠶ᠋ᠠᠨ ᠶᠣᠰᠣᠭ᠋ᠠᠷ ᠡᠯ᠎ᠡ ᠲᠥᠷᠥᠯ᠎ᠤᠨ ᠭᠤᠣᠯ ᠴᠣᠭᠴᠠ ᠵᠢ ᠰᠢᠮᠳᠠᠭᠤᠯᠤᠨ ᠵᠢᠯᠤᠭᠤᠳᠴᠤ ᠪᠠᠶ᠋ᠢᠭ᠋ᠠᠳ ᠴᠠᠭ ᠲᠤᠬᠠᠢᠳᠤᠨᠢ ᠨᠠᠶ᠋ᠢᠳᠠᠪᠤᠷᠢᠵᠢᠭᠤᠯᠵᠤ᠂ ᠰᠠᠭ᠋ᠠᠲᠠᠵᠤ ᠦᠯᠡᠳᠡᠭᠰᠡᠨ ᠬᠥᠮᠥᠰ᠎ᠢ ᠰᠢᠯᠵᠢᠭᠦᠯᠬᠦ ᠪᠠ ᠲᠥᠪᠬᠢᠨᠡᠭᠦᠯᠬᠦ ᠠᠵᠢᠯ᠎ᠢ ᠵᠣᠬᠢᠶᠠᠨ ᠪᠠᠶ᠋ᠢᠭᠤᠯᠤᠨ ᠰᠠᠶ᠋ᠢᠲᠤᠷ ᠬᠢᠵᠦ᠂ ᠲᠡᠭᠡᠭᠡᠪᠦᠷᠢᠯᠡᠬᠦ ᠵᠢ ᠵᠣᠭᠰᠤᠭ᠋ᠠᠬᠤ ᠠᠷᠭ᠎ᠠ ᠬᠡᠮᠵᠢᠶ᠎ᠡ᠎ᠪᠠᠨ ᠨᠠᠶ᠋ᠢᠳᠠᠪᠤᠷᠢᠵᠢᠭᠤᠯᠵᠤ ᠪᠣᠳᠠᠲᠠᠶ᠋ᠢᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃
ᠤᠰᠤ ᠬᠠᠩᠭ᠋ᠠᠬᠤ᠂ ᠴᠠᠬᠢᠯᠭ᠋ᠠᠨ ᠬᠠᠩᠭ᠋ᠠᠬᠤ᠂ ᠬᠡᠢ ᠬᠠᠩᠭ᠋ᠠᠬᠤ᠂ ᠴᠢᠮᠡᠭᠡ ᠬᠤᠯᠪᠣᠭ᠎ᠠ᠂ ᠡᠮᠴᠢᠯᠡᠭᠡ ᠵᠡᠷᠭᠡ ᠠᠷᠠᠳ᠎ᠤᠨ ᠠᠮᠢᠳᠤᠷᠠᠯ᠎ᠳᠤ ᠬᠤᠯᠪᠣᠭᠳᠠᠭᠰᠠᠨ ᠪᠠ ᠠᠶᠤᠯ ᠭᠠᠮᠰᠢᠭ᠎ᠠᠴᠠ ᠠᠪᠤᠷᠠᠬᠤ ᠠᠵᠢᠯ᠎ᠳᠤ ᠣᠷᠣᠯᠴᠠᠬᠤ ᠨᠢᠭᠡᠴᠢ᠎ᠨᠦᠭᠦᠳ᠎ᠨᠢ ᠬᠢᠴᠢᠶᠡᠯᠯᠡᠬᠦ ᠵᠢ ᠵᠣᠭᠰᠤᠭ᠋ᠠᠬᠤ᠂ ᠠᠵᠢᠯᠯᠠᠬᠤ ᠵᠢ ᠵᠣᠭᠰᠤᠭ᠋ᠠᠬᠤ᠂ ᠲᠡᠭᠡᠭᠡᠪᠦᠷᠢᠯᠡᠬᠦ ᠵᠢ ᠵᠣᠭᠰᠤᠭ᠋ᠠᠬᠤ ᠬᠡᠪᠴᠢᠶᠡᠨ᠎ᠳᠤ ᠪᠠᠭᠲᠠᠬᠤ ᠦᠭᠡᠢ᠃
(ᠵᠢᠷᠭᠤᠭ᠎ᠠ) ᠲᠤᠶ᠋ᠢᠯ᠎ᠤᠨ ᠳᠣᠭᠰᠢᠨ ᠠᠵᠢᠷᠭ᠋ᠠᠨ ᠪᠣᠷᠣᠭ᠋ᠠᠨ᠂ ᠬᠦᠴᠦᠲᠡᠢ ᠰᠣᠯᠢᠭ ᠤᠷᠤᠰᠬᠠᠯᠲᠤ ᠴᠠᠭ ᠠᠭᠤᠷ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠬᠤᠯᠪᠤᠭ᠋ᠠᠯᠠᠨ ᠬᠥᠳᠡᠯᠦᠯᠴᠡᠬᠦ᠎ᠪᠠᠨ ᠴᠢᠩᠭ᠋ᠠᠷᠠᠭᠤᠯᠬᠤ ᠬᠡᠷᠡᠭᠲᠡᠢ
ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠄ ᠴᠠᠭ ᠠᠭᠤᠷ᠎ᠤᠨ ᠭᠠᠮᠰᠢᠭ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠥᠯ᠎ᠤᠨ ᠲᠣᠭᠲᠠᠯᠴᠠᠭ᠋ᠠᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠲᠤᠶ᠋ᠢᠯ᠎ᠤᠨ ᠳᠣᠭᠰᠢᠨ ᠠᠵᠢᠷᠭ᠋ᠠᠨ ᠪᠣᠷᠣᠭ᠋ᠠᠨ᠂ ᠬᠦᠴᠦᠲᠡᠢ ᠰᠣᠯᠢᠭ ᠤᠷᠤᠰᠬᠠᠯᠲᠤ ᠴᠠᠭ ᠠᠭᠤᠷ᠎ᠢ ᠠᠷᠭ᠋ᠠᠴᠠᠭ᠋ᠠᠬᠤ᠎ᠳᠤ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠬᠤᠯᠪᠤᠭ᠋ᠠᠯᠠᠨ ᠬᠥᠳᠡᠯᠦᠯᠴᠡᠬᠦ ᠵᠢᠴᠢ ᠤᠷᠢᠶᠠᠯᠠᠨ ᠳᠠᠭ᠋ᠠᠬᠤ ᠲᠣᠭᠲᠠᠴᠠ ᠵᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠵᠣᠬᠢᠬᠤ ᠰᠡᠷᠭᠡᠶ᠋ᠢᠯᠡᠵᠦ ᠠᠷᠭ᠋ᠠᠴᠠᠭ᠋ᠠᠬᠤ ᠠᠷᠭ᠎ᠠ ᠬᠡᠮᠵᠢᠶ᠎ᠡ ᠵᠢ ᠲᠣᠭᠲᠠᠭ᠋ᠠᠨ᠎ᠠ; ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠤᠬᠠᠭᠤᠯᠭ᠎ᠠ᠎ᠪᠠᠨ ᠴᠢᠩᠭ᠋ᠠᠳᠬᠠᠵᠤ᠂ ᠡᠯ᠎ᠡ ᠰᠠᠯᠠᠭ᠎ᠠ ᠮᠥᠴᠢᠷ ᠨᠢᠭᠡᠴᠢ ᠪᠠ ᠨᠡᠶ᠋ᠢᠭᠡᠮ ᠨᠡᠶ᠋ᠢᠲᠡ ᠵᠢ ᠬᠥᠲᠥᠯᠥᠨ ᠵᠢᠯᠤᠭᠤᠳᠴᠤ ᠪᠠᠶ᠋ᠢᠭ᠋ᠠᠳ ᠴᠠᠭ ᠠᠭᠤᠷ᠎ᠤᠨ ᠭᠠᠮᠰᠢᠭ᠎ᠢ ᠰᠡᠷᠡᠮᠵᠢᠯᠡᠭᠦᠯᠬᠦ ᠮᠡᠳᠡᠭᠡ ᠵᠠᠩᠭᠢ ᠵᠢ ᠦᠨᠳᠦᠰᠦᠯᠡᠨ᠂ ᠥᠪᠡᠷ᠎ᠢ᠎ᠪᠠᠨ ᠠᠪᠤᠷᠠᠬᠤ ᠪᠠ ᠥᠷᠥᠭᠡᠯ ᠪᠤᠰᠤᠳ᠎ᠤᠨ ᠬᠤᠭᠤᠷᠣᠨᠳᠤ᠎ᠪᠠᠨ ᠲᠤᠰᠠᠯᠠᠨ ᠠᠪᠤᠷᠠᠬᠤ ᠵᠣᠬᠢᠴᠠᠩᠭᠤᠢ ᠠᠷᠭ᠎ᠠ ᠬᠡᠮᠵᠢᠶ᠎ᠡ ᠵᠢ ᠠᠪᠴᠤ ᠬᠡᠷᠡᠭᠯᠡᠬᠦ ᠬᠡᠷᠡᠭᠲᠡᠢ᠃
ᠴᠠᠭ ᠠᠭᠤᠷ᠎ᠤᠨ ᠰᠠᠯᠠᠭ᠎ᠠ ᠮᠥᠴᠢᠷ᠄ ᠴᠠᠭ ᠠᠭᠤᠷ᠎ᠤᠨ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠠᠬᠢᠨ ᠳᠠᠪᠰᠢᠬᠤ ᠮᠠᠶᠢᠭ᠎ᠤᠨ ᠦᠢ᠍ᠯᠡᠴᠢᠯᠡᠭᠡ ᠵᠢ ᠥᠷᠨᠢᠭᠦᠯᠵᠦ᠂ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠣᠨᠣᠪᠴᠢ ᠵᠢᠨ ᠬᠡᠮᠵᠢᠶ᠎ᠡ᠂ ᠤᠷᠢᠳᠴᠢᠯᠠᠭᠤᠯᠬᠤ ᠬᠡᠮᠵᠢᠶ᠎ᠡ ᠵᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠴᠠᠭ ᠠᠭᠤᠷ᠎ᠤᠨ ᠬᠠᠮᠤᠭ᠎ᠤᠨ ᠰᠢᠨ᠎ᠡ ᠲᠤᠭ᠎ᠠ ᠪᠠᠷᠢᠮᠲᠠ ᠵᠢ ᠦᠨᠳᠦᠰᠦᠯᠡᠨ ᠪᠠᠶ᠋ᠢᠵᠤ ᠨᠡᠶ᠋ᠢᠲᠡᠯᠡᠭᠰᠡᠨ ᠠᠵᠢᠷᠭ᠋ᠠᠨ ᠪᠣᠷᠣᠭ᠋ᠠᠨ᠂ ᠬᠦᠴᠦᠲᠡᠢ ᠰᠣᠯᠢᠭ ᠤᠷᠤᠰᠬᠠᠯᠲᠤ ᠴᠠᠭ ᠠᠭᠤᠷ᠎ᠢ ᠰᠡᠷᠡᠮᠵᠢᠯᠡᠭᠦᠯᠬᠦ ᠮᠡᠳᠡᠭᠡ ᠵᠠᠩᠭᠢ᠎ᠳᠤ᠎ᠪᠠᠨ ᠴᠠᠭ ᠲᠤᠬᠠᠢᠳᠤᠨᠢ ᠲᠣᠬᠢᠷᠠᠭᠤᠯᠤᠯᠲᠠ ᠬᠢᠵᠦ᠂ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠬᠤᠯᠪᠤᠭ᠋ᠠᠯᠠᠨ ᠬᠥᠳᠡᠯᠦᠯᠴᠡᠬᠦ ᠵᠢᠨ ᠪᠦᠲᠦᠮᠵᠢᠲᠦ ᠴᠢᠨᠠᠷ᠎ᠢ ᠳᠡᠭᠡᠭᠰᠢᠯᠡᠭᠦᠯᠦᠨ᠎ᠡ᠃
1. ᠪᠠᠴᠢᠮ ᠪᠠᠶ᠋ᠢᠳᠠᠯ᠎ᠢ ᠠᠷᠭ᠋ᠠᠴᠠᠭ᠋ᠠᠬᠤ᠎ᠳᠤ ᠤᠷᠢᠶᠠᠯᠠᠨ ᠳᠠᠭ᠋ᠠᠬᠤ ᠵᠢ ᠡᠬᠢᠯᠡᠭᠦᠯᠬᠦ ᠪᠡᠯᠡᠳᠬᠡᠯ ᠱᠠᠲᠤ᠃ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠪᠠ ᠰᠠᠯᠠᠭ᠎ᠠ ᠮᠥᠴᠢᠷ ᠨᠢᠭᠡᠴᠢ᠎ᠨᠦᠭᠦᠳ ᠴᠠᠭ ᠠᠭᠤᠷ᠎ᠤᠨ ᠭᠠᠮᠰᠢᠭ᠎ᠢ ᠰᠡᠷᠡᠮᠵᠢᠯᠡᠭᠦᠯᠬᠦ ᠮᠡᠳᠡᠭᠡ ᠵᠠᠩᠭᠢ ᠵᠢ ᠣᠯᠣᠭᠰᠠᠨ᠎ᠤ ᠲᠠᠷᠠᠭ᠎ᠠ᠂ ᠴᠠᠭ ᠠᠭᠤᠷ᠎ᠤᠨ ᠭᠠᠮᠰᠢᠭ ᠲᠣᠬᠢᠶᠠᠯᠳᠤᠭᠰᠠᠨ ᠣᠷᠣᠨ ᠬᠢᠭᠡᠳ ᠭᠠᠮᠰᠢᠭ᠎ᠤᠨ ᠬᠦᠴᠦᠯᠡᠴᠡ ᠵᠢ ᠦᠨᠳᠦᠰᠦᠯᠡᠨ᠂ ᠬᠠᠮᠢᠶ᠎ᠠ ᠪᠦᠬᠦᠢ ᠨᠢᠭᠡᠴᠢ ᠵᠢ ᠵᠣᠬᠢᠶᠠᠨ ᠪᠠᠶ᠋ᠢᠭᠤᠯᠵᠤ ᠬᠠᠮᠲᠤ᠎ᠪᠠᠷ ᠰᠤᠳᠤᠯᠤᠨ ᠮᠠᠭ᠋ᠠᠳᠯᠠᠵᠤ᠂ ᠲᠠᠯᠳᠠ ᠭᠡᠮ᠎ᠢ᠎ᠨᠢ ᠵᠢᠭᠰᠠᠭ᠋ᠠᠨ ᠪᠠᠶ᠋ᠢᠴᠠᠭ᠋ᠠᠬᠤ ᠠᠵᠢᠯ ᠥᠷᠨᠢᠭᠦᠯᠦᠨ᠂ ᠭᠠᠮᠰᠢᠭ᠎ᠲᠤ ᠲᠦᠭᠰᠢᠭᠦᠷᠢᠲᠡᠢ ᠣᠷᠣᠨ᠎ᠢ ᠴᠠᠭ ᠲᠤᠬᠠᠢᠳᠤᠨᠢ ᠬᠢᠨᠠᠨ ᠰᠢᠨᠵᠢᠬᠦ᠎ᠪᠠᠨ ᠴᠢᠩᠭ᠋ᠠᠳᠬᠠᠬᠤ ᠵᠢᠨ ᠬᠠᠮᠲᠤ᠂ ᠴᠠᠭ ᠠᠭᠤᠷ᠎ᠤᠨ ᠬᠤᠪᠢᠷᠠᠯᠲᠠ ᠪᠠ ᠬᠤᠷ᠎ᠠ ᠲᠤᠨᠤᠳᠠᠰᠤᠨᠤ ᠪᠠᠶ᠋ᠢᠳᠠᠯ᠎ᠢ ᠮᠥᠷᠳᠡᠨ ᠡᠵᠡᠮᠰᠢᠵᠦ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ᠎ᠳᠤ ᠤᠷᠢᠶᠠᠯᠠᠨ ᠲᠠᠭ᠋ᠠᠬᠤ ᠠᠵᠢᠯ ᠥᠷᠨᠢᠭᠦᠯᠬᠦ ᠪᠥᠬᠦ ᠲᠠᠯ᠎ᠠ ᠵᠢᠨ ᠪᠡᠯᠡᠳᠬᠡᠯ᠎ᠢ ᠰᠠᠶ᠋ᠢᠲᠤᠷ ᠬᠢᠬᠦ ᠬᠡᠷᠡᠭᠲᠡᠢ᠃
2. ᠪᠠᠴᠢᠮ ᠪᠠᠶ᠋ᠢᠳᠠᠯ᠎ᠢ ᠠᠷᠭ᠋ᠠᠴᠠᠭ᠋ᠠᠬᠤ᠎ᠳᠤ ᠤᠷᠢᠶᠠᠯᠠᠨ ᠳᠠᠭ᠋ᠠᠬᠤ ᠵᠢ ᠡᠬᠢᠯᠡᠭᠦᠯᠬᠦ ᠱᠠᠲᠤ᠃ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠪᠠ ᠰᠠᠯᠠᠭ᠎ᠠ ᠮᠥᠴᠢᠷ ᠨᠢᠭᠡᠴᠢ᠎ᠨᠢ ᠴᠠᠭ ᠠᠭᠤᠷ᠎ᠤᠨ ᠰᠠᠯᠠᠭ᠎ᠠ ᠮᠥᠴᠢᠷ᠎ᠤᠨ ᠨᠡᠶ᠋ᠢᠲᠡᠯᠡᠭᠰᠡᠨ ᠠᠵᠢᠷᠭ᠋ᠠᠨ ᠪᠣᠷᠣᠭ᠋ᠠᠨ ᠪᠠ ᠬᠦᠴᠦᠲᠡᠢ ᠰᠣᠯᠢᠭ ᠤᠷᠤᠰᠬᠠᠯ᠎ᠢ ᠰᠡᠷᠡᠮᠵᠢᠯᠡᠭᠦᠯᠬᠦ ᠮᠡᠳᠡᠭᠡ ᠵᠠᠩᠭᠢ ᠵᠢ ᠣᠯᠣᠭᠰᠠᠨ᠎ᠤ ᠲᠠᠷᠠᠭ᠎ᠠ᠂ ᠰᠡᠷᠡᠮᠵᠢᠯᠡᠭᠦᠯᠦᠭᠰᠡᠨ ᠮᠡᠳᠡᠭᠡ ᠵᠠᠩᠭᠢ᠎ᠪᠠᠷ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠤᠷᠢᠶᠠᠯᠠᠨ ᠲᠠᠭ᠋ᠠᠬᠤ ᠵᠢ ᠡᠬᠢᠯᠡᠭᠦᠯᠬᠦ ᠨᠥᠬᠦᠴᠡᠯ ᠪᠣᠯᠭ᠋ᠠᠵᠤ᠂ ᠬᠠᠮᠲᠤᠷᠠᠨ ᠵᠥᠪᠳᠡᠯᠴᠡᠵᠦ ᠰᠤᠳᠤᠯᠤᠨ ᠮᠠᠭ᠋ᠠᠳᠯᠠᠬᠤ ᠵᠢ ᠵᠣᠬᠢᠶᠠᠨ ᠪᠠᠶ᠋ᠢᠭᠤᠯᠵᠤ᠂ ᠰᠤᠳᠤᠯᠤᠨ ᠮᠠᠭ᠋ᠠᠳᠯᠠᠭᠰᠠᠨ ᠳ᠋ᠦᠩ᠎ᠢ ᠦᠨᠳᠦᠰᠦᠯᠡᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ᠎ᠳᠤ ᠤᠷᠢᠶᠠᠯᠠᠨ ᠲᠠᠭ᠋ᠠᠬᠤ ᠪᠠᠶ᠋ᠢᠳᠠᠯ᠎ᠲᠠᠢ ᠪᠠᠶ᠋ᠢᠬᠤ ᠡᠰᠡᠬᠦ᠎ᠪᠠᠨ ᠲᠣᠭᠲᠠᠭ᠋ᠠᠬᠤ ᠬᠡᠷᠡᠭᠲᠡᠢ᠃ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ᠎ᠳᠤ ᠤᠷᠢᠶᠠᠯᠠᠨ ᠳᠠᠭ᠋ᠠᠬᠤ ᠵᠢ ᠡᠬᠢᠯᠡᠭᠦᠯᠦᠭᠰᠡᠨ᠎ᠤ ᠳᠠᠷᠠᠭ᠎ᠠ᠂ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠠᠴᠠ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠢ ᠪᠠ ᠨᠥᠯᠥᠭᠡᠯᠡᠭᠳᠡᠬᠦ ᠭᠠᠵᠠᠷ ᠣᠷᠣᠨ᠎ᠢ ᠵᠢᠯᠣᠭᠤᠳᠤᠨ ᠲᠣᠬᠢᠷᠠᠭᠤᠯᠵᠤ ᠪᠠᠶ᠋ᠢᠭ᠋ᠠᠳ ᠰᠡᠷᠭᠡᠶ᠋ᠢᠯᠡᠵᠦ ᠠᠷᠭ᠋ᠠᠴᠠᠭ᠋ᠠᠬᠤ ᠠᠵᠢᠯ᠎ᠢ ᠰᠠᠶ᠋ᠢᠲᠤᠷ ᠬᠢᠯᠭᠡᠨ᠎ᠡ; ᠨᠥᠯᠥᠭᠡᠯᠡᠭᠳᠡᠬᠦ ᠭᠠᠵᠠᠷ ᠣᠷᠣᠨ᠎ᠤ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠢ᠎ᠨᠢ ᠵᠢᠵᠢᠭᠦᠷᠯᠡᠵᠦ ᠰᠠᠬᠢᠬᠤ ᠠᠵᠢᠯ ᠵᠶ᠋ᠠᠨ ᠴᠢᠩᠭ᠋ᠠᠳᠬᠠᠬᠤ ᠬᠡᠷᠡᠭᠲᠡᠢ᠃
3. ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠬᠤᠯᠪᠤᠭ᠋ᠠᠯᠠᠨ ᠬᠥᠳᠡᠯᠦᠯᠴᠡᠬᠦ᠃ ᠴᠠᠭ ᠠᠭᠤᠷ᠎ᠤᠨ ᠰᠠᠯᠠᠭ᠎ᠠ ᠮᠥᠴᠢᠷ ᠴᠠᠭ ᠠᠭᠤᠷ᠎ᠤᠨ ᠭᠠᠮᠰᠢᠭ᠎ᠢ ᠰᠡᠷᠡᠮᠵᠢᠯᠡᠭᠦᠯᠬᠦ ᠮᠡᠳᠡᠭᠡ ᠵᠠᠩᠭᠢ ᠵᠢ ᠨᠡᠶ᠋ᠢᠲᠡᠯᠡᠭᠰᠡᠨ᠎ᠤ ᠲᠡᠷᠠᠭ᠎ᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ᠎ᠨᠢ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠵᠢᠵᠢᠭᠦᠷᠯᠡᠵᠦ ᠰᠠᠬᠢᠬᠤ ᠠᠵᠢᠯ ᠵᠶ᠋ᠠᠨ ᠴᠢᠩᠭ᠋ᠠᠳᠬᠠᠵᠤ᠂ ᠨᠢᠭᠲᠠ ᠵᠣᠬᠢᠴᠠᠭᠤᠯᠤᠨ ᠨᠡᠪᠲᠡᠷᠡᠯᠴᠡᠵᠦ᠂ ᠭᠠᠢ ᠭᠠᠮᠰᠢᠭ᠎ᠤᠨ ᠬᠥᠭᠵᠢᠵᠦ ᠬᠤᠪᠢᠷᠠᠬᠤ ᠪᠠᠶ᠋ᠢᠳᠠᠯ᠎ᠢ ᠴᠠᠭ ᠲᠤᠬᠠᠢᠳᠤᠨᠢ ᠡᠵᠡᠮᠰᠢᠵᠦ᠂ ᠮᠡᠳᠡᠭᠡ ᠵᠠᠩᠭᠢ ᠵᠢ ᠬᠤᠷᠢᠶᠠᠩᠭᠤᠶ᠋ᠢᠯᠠᠨ ᠮᠡᠳᠡᠭᠦᠯᠬᠦ ᠠᠵᠢᠯ ᠵᠢᠴᠢ ᠮᠡᠳᠡᠭᠡ ᠵᠠᠩᠭᠢ ᠨᠡᠶ᠋ᠢᠲᠡᠯᠡᠬᠦ᠂ ᠶᠠᠷᠢᠶ᠎ᠠ ᠬᠡᠯᠡᠯᠴᠡᠭᠡᠨ᠎ᠤ ᠪᠠᠶ᠋ᠢᠳᠠᠯ᠎ᠢ ᠬᠥᠲᠥᠯᠥᠨ ᠵᠢᠯᠤᠭᠤᠳᠬᠤ ᠠᠵᠢᠯ ᠵᠶ᠋ᠠᠨ ᠰᠠᠶ᠋ᠢᠲᠤᠷ ᠬᠢᠬᠦ ᠬᠡᠷᠡᠭᠲᠡᠢ᠃ ᠭᠤᠣᠯᠳᠠᠯᠭ᠎ᠠ ᠪᠣᠯᠬᠤ ᠣᠷᠣᠨ ᠪᠦᠰᠡ᠂ ᠠᠨᠠᠢ ᠪᠠᠶ᠋ᠢᠭ᠎ᠠ ᠭᠤᠭᠴᠤᠭ᠎ᠠ ᠵᠢ᠎ᠨᠢ ᠲᠣᠭᠤᠷᠢᠨ ᠪᠠᠶ᠋ᠢᠴᠠᠭ᠋ᠠᠵᠤ ᠰᠠᠬᠢᠨ ᠬᠠᠮᠠᠭ᠋ᠠᠯᠠᠬᠤ ᠠᠵᠢᠯ᠎ᠢ ᠰᠠᠶ᠋ᠢᠲᠤᠷ ᠬᠢᠵᠦ᠂ ᠭᠠᠮᠰᠢᠭ᠎ᠠᠴᠠ ᠪᠣᠯᠵᠤ ᠰᠦᠢ᠍ᠳᠬᠡᠭᠳᠡᠭᠰᠡᠨ ᠪᠠᠷᠢᠯᠭ᠎ᠠ ᠪᠡᠯᠡᠳᠬᠡᠮᠵᠢ ᠵᠢ ᠲᠦᠷᠭᠡᠨ ᠵᠠᠰᠠᠵᠤ ᠰᠡᠷᠭᠦᠭᠡᠨ᠎ᠡ᠃ ᠲᠣᠰ ᠲᠣᠰ᠎ᠤᠨ ᠡᠭᠦᠷᠭᠡ ᠬᠠᠷᠢᠭᠤᠴᠠᠯᠭ᠎ᠠ ᠵᠢᠨ ᠵᠶ᠋ᠠᠨ ᠶᠣᠰᠣᠭ᠋ᠠᠷ᠂ ᠳᠣᠣᠷᠠᠬᠢ ᠠᠵᠢᠯ᠎ᠤᠳ᠎ᠢ ᠥᠷᠨᠢᠭᠦᠯᠬᠦ ᠬᠡᠷᠡᠭᠲᠡᠢ᠄
ᠴᠠᠭ ᠠᠭᠤᠷ᠎ᠤᠨ ᠰᠠᠯᠠᠭ᠎ᠠ ᠮᠥᠴᠢᠷ᠄ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠠᠵᠢᠭᠯᠠᠯᠲᠠ ᠰᠢᠨᠵᠢᠯᠲᠡ ᠵᠢ ᠴᠠᠭᠲᠤᠨᠢ ᠲᠣᠬᠢᠷᠠᠭᠤᠯᠤᠨ ᠡᠬᠢᠯᠡᠭᠦᠯᠵᠦ᠂ ᠨᠠᠷᠢᠯᠢᠭᠵᠢᠭᠤᠯᠤᠭᠰᠠᠨ ᠬᠢᠨᠠᠨ ᠰᠢᠨᠵᠢᠯᠲᠡ ᠬᠢᠬᠦ᠂ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠵᠡᠷᠭᠡ ᠴᠠᠭ ᠠᠭᠤᠷ᠎ᠤᠨ ᠦᠢ᠍ᠯᠡᠴᠢᠯᠡᠭᠡᠨ᠎ᠤ ᠮᠡᠳᠡᠭᠡ ᠵᠠᠩᠭᠢ ᠵᠢ ᠬᠠᠩᠭ᠋ᠠᠨ᠎ᠠ; ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠪᠠ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠪᠣᠷᠣᠭ᠋ᠠᠨ ᠬᠤᠷ᠎ᠠ ᠵᠢᠨ ᠪᠣᠳᠠᠲᠤ ᠪᠠᠶ᠋ᠢᠳᠠᠯ ᠵᠢᠴᠢ ᠤᠷᠢᠳᠴᠢᠯᠠᠭᠰᠠᠨ ᠮᠡᠳᠡᠭᠡ ᠵᠢ ᠴᠠᠭ ᠲᠤᠬᠠᠢᠳᠤᠨᠢ ᠲᠠᠰᠤᠯᠳᠠᠯ ᠦᠭᠡᠢ᠎ᠪᠠᠷ ᠮᠡᠳᠡᠭᠦᠯᠬᠦ ᠬᠡᠷᠡᠭᠲᠡᠶ; ᠴᠠᠭ ᠠᠭᠤᠷ᠎ᠤᠨ ᠨᠢᠭᠤᠴᠠᠯᠠᠭᠰᠠᠨ ᠵᠥᠪᠳᠡᠯᠴᠡᠭᠡ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠴᠠᠭ ᠠᠭᠤᠷ᠎ᠤᠨ ᠭᠠᠮᠰᠢᠭ᠎ᠤᠨ ᠬᠥᠭᠵᠢᠵᠦ ᠬᠤᠪᠢᠷᠠᠬᠤ ᠬᠠᠨᠳᠤᠰᠢ ᠪᠠ ᠨᠥᠯᠥᠭᠡ ᠵᠢ ᠵᠠᠳᠠᠯᠤᠨ ᠰᠤᠳᠤᠯᠵᠤ ᠮᠠᠭ᠋ᠠᠳᠯᠠᠨ᠂ ᠠᠳᠠᠯᠢ ᠱᠠᠲᠤᠨ᠎ᠤ ᠨᠠᠮ᠎ᠤᠨ ᠬᠤᠷᠢᠶ᠎ᠠ ᠪᠠ ᠵᠠᠰᠠᠭ᠎ᠤᠨ ᠣᠷᠳᠣᠨ ᠵᠢᠴᠢ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠠᠵᠢᠯ᠎ᠤᠨ ᠬᠠᠮᠢᠶ᠎ᠠ ᠪᠦᠬᠦᠢ ᠵᠢᠯᠤᠭᠤᠳᠬᠤ ᠪᠠᠶ᠋ᠢᠭᠤᠯᠤᠮᠵᠢ᠎ᠳᠤ ᠰᠡᠷᠡᠮᠵᠢᠯᠡᠨ ᠰᠡᠷᠭᠡᠶ᠋ᠢᠯᠡᠬᠦ ᠰᠠᠨᠠᠭᠤᠯᠭ᠎ᠠ ᠳᠤᠷᠠᠳᠬᠤ ᠬᠡᠷᠡᠭᠲᠡᠢ᠃
ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ᠄ ᠬᠡᠦᠬᠡᠳ᠎ᠤᠨ ᠴᠡᠴᠡᠷᠯᠢᠭ᠂ ᠳᠤᠮᠳᠠᠳᠤ ᠪᠠᠭ᠎ᠠ ᠰᠤᠷᠭ᠋ᠠᠭᠤᠯᠢ ᠪᠠ ᠶᠡᠭᠡ ᠳᠡᠭᠡᠳᠦ ᠰᠤᠷᠭ᠋ᠠᠭᠤᠯᠢ ᠵᠢ ᠵᠣᠬᠢᠶᠠᠨ ᠪᠠᠶ᠋ᠢᠭᠤᠯᠵᠤ ᠵᠢᠭ᠋ᠠᠨ ᠵᠢᠯᠤᠭᠤᠳᠴᠤ ᠪᠠᠶ᠋ᠢᠭ᠋ᠠᠳ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠵᠦ ᠠᠷᠭ᠋ᠠᠴᠠᠭ᠋ᠠᠬᠤ ᠠᠵᠢᠯ᠎ᠢ ᠰᠠᠶ᠋ᠢᠲᠤᠷ ᠬᠢᠯᠭᠡᠵᠦ᠂ ᠴᠢᠬᠤᠯᠠᠲᠠᠢ ᠦᠶ᠎ᠡ᠎ᠳᠤ ᠬᠢᠴᠢᠶᠡᠯᠯᠡᠬᠦ ᠵᠢ ᠵᠣᠭᠰᠤᠭ᠋ᠠᠬᠤ᠂ ᠬᠢᠴᠢᠶᠡᠯᠯᠡᠬᠦ ᠴᠠᠭ᠎ᠢ᠎ᠨᠢ ᠲᠣᠬᠢᠷᠠᠭᠤᠯᠬᠤ ᠵᠡᠷᠭᠡ ᠠᠷᠭ᠎ᠠ ᠬᠡᠮᠵᠢᠶ᠎ᠡ ᠠᠪᠴᠤ᠂ ᠬᠦᠨᠳᠦ ᠶᠡᠭᠡ ᠴᠠᠭ ᠠᠭᠤᠷ᠎ᠤᠨ ᠭᠠᠮᠰᠢᠭ᠎ᠠᠴᠠ ᠪᠣᠯᠬᠤ ᠠᠮᠤᠷ ᠲᠦᠪᠰᠢᠨ᠎ᠤ ᠳᠠᠯᠳᠠ ᠬᠡᠮ᠎ᠢ ᠰᠡᠷᠭᠡᠶ᠋ᠢᠯᠡᠬᠦ ᠬᠡᠷᠡᠭᠲᠡᠢ᠃
ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠰᠠᠯᠠᠭ᠎ᠠ ᠮᠥᠴᠢᠷ᠄ ᠠᠵᠢᠯ ᠲᠦᠷᠦᠯ᠎ᠤᠨ ᠭᠤᠣᠯᠴᠢᠯᠠᠨ ᠬᠠᠮᠢᠶᠠᠷᠬᠤ ᠨᠢᠭᠡᠴᠢ ᠵᠢ ᠰᠢᠮᠳᠠᠭᠤᠯᠤᠨ ᠵᠢᠯᠤᠭᠤᠳᠴᠤ ᠪᠠᠶ᠋ᠢᠭ᠋ᠠᠳ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠨ ᠬᠤᠷᠢᠭᠯᠠᠬᠤ ᠠᠵᠢᠯ᠎ᠢ ᠰᠠᠶ᠋ᠢᠲᠤᠷ ᠬᠢᠯᠭᠡᠬᠦ ᠬᠡᠷᠡᠭᠲᠡᠢ᠃
ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠄ ᠴᠠᠭᠳᠠᠭ᠋ᠠᠨ᠎ᠤ ᠬᠦᠴᠦᠨ᠎ᠤ ᠣᠷᠣᠭᠤᠯᠤᠯᠲᠠ᠎ᠪᠠᠨ ᠨᠡᠮᠡᠭᠳᠡᠭᠦᠯᠵᠦ᠂ ᠬᠤᠲᠠ ᠵᠢᠨ ᠭᠤᠣᠯ ᠪᠣᠯᠬᠤ ᠵᠠᠮ ᠬᠥᠭᠦᠷᠭᠡ ᠭᠤᠯᠳᠤᠩ᠂ ᠲᠦᠷᠭᠡᠨ᠎ᠤ ᠵᠠᠰᠠᠮᠠᠯ ᠵᠠᠮ᠂ ᠤᠯᠤᠰ ᠮᠤᠵᠢ ᠵᠢᠨ ᠭᠤᠣᠯ ᠱᠤᠭᠤᠮ᠂ ᠠᠳᠡᠯ ᠣᠯᠠᠨ ᠡᠭᠦᠰᠳᠡᠭ ᠵᠠᠮ᠎ᠤᠨ ᠬᠡᠰᠡᠭ ᠵᠡᠷᠭᠡ ᠴᠠᠭ ᠠᠭᠤᠷ᠎ᠤᠨ ᠭᠠᠮᠰᠢᠭ ᠪᠤᠶᠤ ᠡᠭᠦᠰᠦᠮᠡᠯ ᠭᠠᠮᠰᠢᠭ᠂ ᠤᠯᠠᠷᠢᠨ ᠡᠭᠦᠰᠬᠦ ᠭᠠᠮᠰᠢᠭ᠎ᠲᠤ ᠠᠮᠠᠷᠬᠠᠨ ᠨᠥᠯᠥᠭᠡᠯᠡᠭᠳᠡᠬᠦ ᠵᠠᠮ᠎ᠤᠨ ᠬᠡᠰᠡᠭ᠎ᠲᠤ ᠴᠠᠭᠳᠠᠨ ᠲᠣᠭᠤᠷᠢᠵᠤ ᠬᠠᠮᠢᠶᠠᠷᠤᠨ ᠡᠵᠡᠮᠳᠡᠬᠦ ᠤᠳᠠᠭ᠎ᠠ ᠳᠠᠷᠠᠭ᠎ᠠ᠎ᠪᠠᠨ ᠨᠡᠮᠡᠭᠳᠡᠭᠦᠯᠦᠨ᠎ᠡ; ᠵᠠᠮ ᠳᠡᠭᠡᠷᠡᠬᠢ ᠵᠠᠯᠠᠵᠤ ᠵᠢᠯᠤᠭᠤᠳᠬᠤ ᠠᠵᠢᠯ ᠵᠶ᠋ᠠᠨ ᠴᠢᠩᠭ᠋ᠠᠳᠬᠠᠵᠤ᠂ ᠴᠢᠬᠤᠯᠠᠲᠠᠢ ᠦᠶ᠎ᠡ᠎ᠳᠤ ᠵᠠᠮ᠎ᠤᠨ ᠬᠡᠰᠡᠭ ᠬᠤᠪᠢᠶᠠᠨ ᠨᠡᠪᠲᠡᠷᠡᠭᠦᠯᠬᠦ᠂ ᠵᠠᠮ ᠬᠠᠷᠢᠯᠴᠠᠭ᠋ᠠᠨ᠎ᠤ ᠵᠠᠯᠠᠵᠤ ᠰᠢᠯᠤᠭᠤᠳᠬᠠᠬᠤ᠂ ᠱᠠᠲᠤᠴᠢ ᠴᠢᠨᠠᠷᠲᠠᠢ ᠪᠤᠶᠤ ᠣᠷᠣᠨ ᠪᠦᠰᠡ ᠵᠢᠨ ᠴᠢᠨᠠᠷᠲᠠᠢ᠎ᠪᠠᠷ ᠵᠠᠮ ᠪᠢᠲᠡᠭᠦᠮᠵᠢᠯᠡᠬᠦ ᠵᠡᠷᠭᠡ ᠵᠠᠮ ᠬᠠᠷᠢᠯᠴᠠᠭ᠋ᠠᠨ᠎ᠤ ᠵᠠᠬᠢᠷᠤᠨ ᠬᠠᠮᠢᠶᠠᠷᠬᠤ ᠠᠷᠭ᠎ᠠ ᠬᠡᠮᠵᠢᠶ᠎ᠡ ᠠᠪᠬᠤ ᠬᠡᠷᠡᠭᠲᠡᠶ; ᠤᠰᠤ᠎ᠲᠠᠢ ᠭᠠᠵᠠᠷ᠎ᠢ ᠭᠠᠲᠤᠯᠤᠭ᠋ᠠᠳ ᠤᠨᠲᠠᠷᠠᠭᠰᠠᠨ ᠮᠠᠰᠢᠨ ᠲᠡᠷᠭᠡᠨ᠎ᠳᠠᠬᠢ ᠵᠢᠯᠣᠭᠤᠴᠢ ᠪᠠ ᠠᠶᠠᠨᠴᠢᠳ᠎ᠢ ᠵᠣᠬᠢᠶᠠᠨ ᠪᠠᠶ᠋ᠢᠭᠤᠯᠵᠤ ᠤᠰᠤ ᠬᠤᠷᠠᠭᠰᠠᠨ ᠭᠠᠵᠠᠷ᠎ᠠᠴᠠ ᠦᠳᠲᠡᠷ ᠲᠦᠷᠭᠡᠨ ᠵᠠᠶ᠋ᠢᠯᠠᠭᠤᠯᠬᠤ ᠬᠡᠷᠡᠭᠲᠡᠢ᠃
ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠠᠯᠠᠭ᠎ᠠ ᠮᠥᠴᠢᠷ᠄ ᠭᠠᠵᠠᠷ ᠬᠥᠷᠥᠰᠥᠨ᠎ᠤ ᠭᠠᠢ ᠭᠠᠮᠰᠢᠭ᠎ᠢ ᠬᠢᠨᠠᠨ ᠰᠢᠨᠵᠢᠵᠦ ᠰᠡᠷᠡᠮᠵᠢᠯᠡᠭᠦᠯᠬᠦ᠎ᠪᠠᠨ ᠴᠢᠩᠭ᠋ᠠᠳᠬᠠᠵᠤ᠂ ᠭᠠᠵᠠᠷ ᠬᠥᠷᠥᠰᠥᠨ᠎ᠤ ᠭᠠᠢ ᠭᠠᠮᠰᠢᠭ᠎ᠢ ᠰᠡᠷᠡᠮᠵᠢᠯᠡᠭᠦᠯᠬᠦ ᠮᠡᠳᠡᠭᠡ ᠵᠠᠩᠭᠢ᠎ᠪᠠᠨ ᠴᠠᠭ ᠲᠤᠬᠠᠢᠳᠤᠨᠢ ᠨᠡᠶ᠋ᠢᠲᠡᠯᠡᠵᠦ᠂ ᠠᠳᠠᠯᠢ ᠱᠠᠲᠤᠨ᠎ᠤ ᠨᠠᠮ᠎ᠤᠨ ᠬᠤᠷᠢᠶ᠎ᠠ ᠪᠠ ᠵᠠᠰᠠᠭ᠎ᠤᠨ ᠣᠷᠳᠣᠨ ᠵᠢᠴᠢ ᠬᠠᠮᠢᠶ᠎ᠠ ᠪᠦᠬᠦᠢ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠠᠵᠢᠯ᠎ᠤᠨ ᠵᠢᠯᠤᠭᠤᠳᠬᠤ ᠪᠠᠶ᠋ᠢᠭᠤᠯᠤᠮᠵᠢ᠎ᠳᠤ ᠭᠠᠵᠠᠷ ᠬᠥᠷᠥᠰᠥᠨ᠎ᠤ ᠭᠠᠢ ᠭᠠᠮᠰᠢᠭ᠎ᠢ ᠰᠡᠷᠭᠡᠶ᠋ᠢᠯᠡᠵᠦ ᠠᠷᠭ᠋ᠠᠴᠠᠭ᠋ᠠᠬᠤ ᠰᠠᠨᠠᠭᠤᠯᠭ᠎ᠠ ᠳᠤᠷᠠᠳᠤᠨ᠎ᠠ᠃
ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠰᠠᠯᠠᠭ᠎ᠠ ᠮᠥᠴᠢᠷ᠄ ᠪᠠᠶ᠋ᠢᠭᠤᠯᠵᠤ ᠪᠠᠶ᠋ᠢᠭ᠎ᠠ ᠪᠠᠷᠢᠯᠭ᠎ᠠ ᠵᠢᠨ ᠭᠠᠵᠠᠷ᠎ᠤᠨ ᠪᠠᠷᠢᠯᠭ᠎ᠠ ᠪᠠᠷᠢᠬᠤ ᠨᠢᠭᠡᠴᠢ ᠵᠢ ᠰᠢᠮᠳᠠᠭᠤᠯᠤᠨ ᠵᠢᠯᠤᠭᠤᠳᠴᠤ ᠪᠠᠶ᠋ᠢᠭ᠋ᠠᠳ ᠨᠦᠬᠡ ᠵᠢᠨ ᠡᠷᠭᠢ ᠬᠦᠪᠡᠭᠡ ᠨᠤᠷᠠᠬᠤ ᠵᠢ ᠰᠡᠷᠭᠡᠶ᠋ᠢᠯᠡᠬᠦ ᠪᠠ ᠰᠠᠭᠤᠷᠢ ᠵᠢᠨ ᠨᠦᠬᠡᠨ᠎ᠤ ᠤᠰᠤ ᠲᠠᠲᠠᠷᠠᠭᠤᠯᠬᠤ ᠠᠵᠢᠯ᠎ᠤᠨ ᠪᠡᠯᠡᠳᠬᠡᠯ᠎ᠢ ᠰᠠᠶ᠋ᠢᠲᠤᠷ ᠬᠢᠯᠭᠡᠨ᠎ᠡ; ᠥᠨᠳᠥᠷ ᠳᠡᠭᠡᠷ᠎ᠡ ᠠᠵᠢᠯᠯᠠᠬᠤ ᠵᠡᠷᠭᠡ ᠭᠡᠷ᠎ᠤᠨ ᠭᠠᠳᠠᠭᠤᠷᠬᠢ ᠪᠠᠷᠢᠯᠭ᠎ᠠ ᠵᠢᠨ ᠠᠵᠢᠯ ᠬᠢᠬᠦ ᠨᠢᠭᠡᠴᠢ ᠵᠢ ᠵᠢᠭ᠋ᠠᠨ ᠵᠢᠯᠤᠭᠤᠳᠴᠤ ᠪᠠᠶ᠋ᠢᠭ᠋ᠠᠳ ᠰᠡᠷᠭᠡᠶ᠋ᠢᠯᠡᠬᠦ ᠪᠡᠯᠡᠳᠬᠡᠯ᠎ᠢ ᠰᠠᠶ᠋ᠢᠲᠤᠷ ᠬᠢᠯᠭᠡᠵᠦ᠂ ᠴᠢᠬᠤᠯᠠᠲᠠᠢ ᠦᠶ᠎ᠡ᠎ᠳᠤ ᠠᠵᠢᠯᠯᠠᠬᠤ ᠵᠢ ᠵᠣᠭᠰᠤᠭ᠋ᠠᠬᠤ ᠠᠷᠭ᠎ᠠ ᠬᠡᠮᠵᠢᠶ᠎ᠡ ᠵᠢ ᠬᠡᠷᠡᠭᠵᠢᠭᠦᠯᠦᠨ᠎ᠡ; ᠬᠤᠳᠠ ᠵᠢᠨ ᠤᠰᠤᠲᠤᠯ᠎ᠢ ᠬᠢᠨᠠᠨ ᠰᠢᠨᠵᠢᠵᠦ ᠰᠡᠷᠡᠮᠵᠢᠯᠡᠭᠦᠯᠬᠦ ᠪᠠ ᠰᠡᠷᠭᠡᠶ᠋ᠢᠯᠡᠵᠦ ᠠᠷᠭ᠋ᠠᠴᠠᠭ᠋ᠠᠬᠤ ᠠᠵᠢᠯ᠎ᠢ ᠰᠠᠶ᠋ᠢᠲᠤᠷ ᠬᠢᠨ᠎ᠠ; ᠬᠤᠲᠠ ᠵᠢᠨ ᠶᠠᠪᠤᠳᠠᠯ᠂ ᠤᠰᠤ ᠬᠠᠩᠭ᠋ᠠᠬᠤ᠂ ᠢᠯᠴᠢ ᠬᠠᠩᠭ᠋ᠠᠬᠤ᠂ ᠬᠡᠢ ᠬᠠᠩᠭ᠋ᠠᠬᠤ᠂ ᠴᠡᠴᠡᠷᠯᠢᠭᠵᠢᠭᠦᠯᠦᠨ ᠨᠣᠭᠤᠭ᠋ᠠᠷᠠᠭᠤᠯᠬᠤ᠂ ᠪᠣᠬᠢᠷ ᠤᠰᠤ ᠵᠢ ᠰᠢᠢ᠍ᠳᠪᠦᠷᠢᠯᠡᠬᠦ ᠪᠠ ᠬᠤᠭ ᠨᠣᠪᠰᠢ ᠵᠢ ᠰᠢᠢ᠍ᠳᠪᠦᠷᠢᠯᠡᠬᠦ ᠵᠡᠷᠭᠡ ᠬᠤᠲᠠ ᠵᠢᠨ ᠶᠠᠪᠤᠳᠠᠯ᠎ᠤᠨ ᠨᠡᠶ᠋ᠢᠲᠡ ᠵᠢᠨ ᠬᠡᠷᠡᠭᠯᠡᠭᠡᠨ᠎ᠤ ᠠᠵᠢᠯ ᠲᠥᠷᠥᠯ᠎ᠢ ᠵᠢᠭ᠋ᠠᠨ ᠵᠢᠯᠤᠭᠤᠳᠴᠤ ᠵᠣᠬᠢᠶᠠᠨ ᠪᠠᠶ᠋ᠢᠭᠤᠯᠵᠤ ᠪᠠᠶ᠋ᠢᠭ᠋ᠠᠳ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠬᠦ ᠠᠷᠭ᠎ᠠ ᠬᠡᠮᠵᠢᠶ᠎ᠡ᠎ᠪᠠᠨ ᠨᠠᠶ᠋ᠢᠳᠠᠪᠤᠷᠢᠵᠢᠭᠤᠯᠵᠤ᠂ ᠬᠤᠲᠠ ᠵᠢᠨ ᠭᠤᠣᠯ ᠪᠣᠯᠬᠤ ᠵᠠᠮ ᠪᠠ ᠬᠥᠭᠦᠷᠭᠡ ᠵᠢᠨ ᠰᠠᠭ᠋ᠠᠳ ᠦᠭᠡᠢ ᠨᠡᠪᠲᠡᠷᠡᠬᠦ ᠵᠢᠴᠢ ᠨᠡᠶ᠋ᠢᠲᠡ ᠵᠢᠨ ᠬᠡᠷᠡᠭᠯᠡᠭᠡᠨ᠎ᠤ ᠠᠵᠢᠯ ᠲᠥᠷᠥᠯ᠎ᠤᠨ ᠲᠣᠭᠲᠠᠭᠤᠨ ᠠᠵᠢᠯᠯᠠᠭ᠋ᠠᠨ᠎ᠢ ᠦᠨᠡᠨ ᠬᠦ᠌ ᠪᠠᠲᠤᠯᠠᠬᠤ ᠬᠡᠷᠡᠭᠲᠡᠶ; ᠠᠳᠠᠯ ᠠᠬᠤᠢ ᠵᠢᠨ ᠦᠢ᠍ᠯᠡᠴᠢᠯᠡᠭᠡᠨ᠎ᠤ ᠠᠵᠤ ᠠᠬᠤᠶ᠋ᠢᠯᠠᠯ᠎ᠢ ᠵᠣᠬᠢᠶᠠᠨ ᠪᠠᠶ᠋ᠢᠭᠤᠯᠬᠤ ᠪᠠ ᠰᠢᠮᠳᠠᠭᠤᠯᠤᠨ ᠵᠢᠯᠤᠭᠤᠳᠴᠤ ᠪᠠᠶ᠋ᠢᠭ᠋ᠠᠳ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠵᠤ᠂ ᠠᠳᠠᠯ ᠠᠬᠤᠢ ᠵᠢᠨ ᠬᠠᠮᠢᠶᠠᠷᠤᠯᠲᠠ ᠵᠢᠨ ᠣᠷᠣᠨ ᠪᠦᠰᠡ᠎ᠳᠠᠬᠢ ᠤᠰᠤᠲᠤᠯ᠎ᠢ ᠰᠠᠶ᠋ᠢᠲᠤᠷ ᠠᠷᠢᠯᠭ᠋ᠠᠵᠤ᠂ ᠰᠠᠭᠤᠭ᠋ᠠᠯᠢ ᠲᠣᠭᠤᠷᠢᠭ᠎ᠤᠨ ᠰᠠᠭᠤᠭ᠋ᠠᠯᠢ ᠠᠷᠠᠳ᠂ ᠲᠡᠷᠭᠡ ᠬᠥᠰᠬᠡ ᠵᠢᠨ ᠬᠡᠪ᠎ᠤᠨ ᠪᠠᠶ᠋ᠢᠳᠠᠯ ᠵᠶ᠋ᠠᠷ ᠣᠷᠣᠵᠤ ᠭᠠᠷᠬᠤ ᠵᠢ ᠪᠠᠲᠤᠯᠠᠬᠤ ᠬᠡᠷᠡᠭᠲᠡᠢ᠃
ᠵᠠᠮ ᠬᠠᠷᠢᠯᠴᠠᠭ᠎ᠠ ᠲᠡᠭᠡᠭᠡᠪᠦᠷᠢ ᠵᠢᠨ ᠰᠠᠯᠠᠭ᠎ᠠ ᠮᠥᠴᠢᠷ᠄ ᠲᠦᠷᠭᠡᠨ᠎ᠤ ᠵᠠᠰᠠᠮᠠᠯ ᠵᠠᠮ᠎ᠢ ᠪᠢᠲᠡᠭᠦᠮᠵᠢᠯᠡᠭᠰᠡᠨ ᠮᠡᠳᠡᠭᠡ ᠵᠠᠩᠭᠢ ᠵᠢ ᠨᠡᠶ᠋ᠢᠭᠡᠮ᠎ᠳᠤ ᠨᠡᠶ᠋ᠢᠲᠡᠯᠡᠵᠦ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠯᠤᠭ᠎ᠠ ᠬᠠᠮᠵᠢᠯᠴᠠᠨ ᠵᠠᠮ ᠬᠠᠷᠢᠯᠴᠠᠭ᠋ᠠᠨ᠎ᠤ ᠵᠠᠬᠢᠷᠤᠯᠲᠠ ᠵᠢ ᠬᠡᠷᠡᠭᠵᠢᠭᠦᠯᠦᠨ᠎ᠡ; ᠠᠶᠤᠯ ᠲᠦᠭᠰᠢᠭᠦᠷᠢ ᠵᠢᠨ ᠲᠠᠯᠳᠠ ᠭᠡᠮ ᠣᠷᠣᠰᠢᠵᠤ ᠪᠠᠶ᠋ᠢᠭ᠎ᠠ ᠠᠶᠠᠨᠴᠢᠳ᠎ᠤᠨ ᠲᠡᠭᠡᠭᠡᠪᠦᠷᠢ ᠵᠢᠨ ᠵᠠᠮ ᠱᠤᠭᠤᠮ᠎ᠳᠤ ᠲᠡᠭᠡᠭᠡᠪᠦᠷᠢᠯᠡᠬᠦ ᠵᠢ ᠵᠣᠭᠰᠤᠭ᠋ᠠᠬᠤ ᠠᠷᠭ᠎ᠠ ᠬᠡᠮᠵᠢᠶ᠎ᠡ ᠠᠪᠴᠤ᠂ ᠠᠶᠠᠨᠴᠢᠳ᠎ᠢ ᠪᠤᠰᠤᠳ ᠵᠠᠮ ᠬᠠᠷᠢᠯᠴᠠᠭ᠋ᠠᠨ᠎ᠤ ᠪᠠᠭ᠋ᠠᠵᠢ ᠬᠡᠷᠡᠭᠯᠡᠭᠦᠷ ᠵᠶ᠋ᠠᠷ ᠶᠠᠪᠤᠵᠤ ᠰᠠᠭᠤᠬᠤ ᠵᠢ ᠬᠥᠲᠥᠯᠥᠨ ᠵᠢᠯᠤᠭᠤᠳᠤᠨ᠎ᠠ; ᠣᠯᠠᠨ ᠨᠡᠶ᠋ᠢᠲᠡ ᠵᠢᠨ ᠵᠠᠮ ᠬᠠᠷᠢᠯᠴᠠᠭ᠋ᠠᠨ᠎ᠤ ᠠᠵᠤ ᠠᠬᠤᠶ᠋ᠢᠯᠠᠯ᠎ᠢ ᠵᠢᠭ᠋ᠠᠨ ᠵᠢᠯᠤᠭᠤᠳᠴᠤ ᠪᠠᠶ᠋ᠢᠭ᠋ᠠᠳ ᠣᠯᠠᠨ ᠨᠡᠶ᠋ᠢᠲᠡ ᠵᠢᠨ ᠵᠠᠮ ᠬᠠᠷᠢᠯᠴᠠᠭ᠋ᠠᠨ᠎ᠤ ᠵᠠᠮ ᠱᠤᠭᠤᠮ᠎ᠢ ᠵᠦᠢ ᠵᠣᠬᠢᠰᠲᠠᠢ ᠲᠣᠬᠢᠷᠠᠭᠤᠯᠵᠤ᠂ ᠲᠡᠷᠭᠡ ᠬᠥᠰᠬᠡ ᠵᠢᠨ ᠠᠵᠢᠯᠯᠠᠭ᠋ᠠᠨ᠎ᠤ ᠠᠮᠤᠷ ᠲᠦᠪᠰᠢᠨ ᠪᠠᠶ᠋ᠢᠬᠤ ᠤᠷᠢᠲᠠᠯ ᠳᠣᠣᠷ᠎ᠠ ᠬᠤᠲᠠ ᠵᠢᠨ ᠣᠯᠠᠨ ᠨᠡᠶ᠋ᠢᠲᠡ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠬᠦᠴᠦᠨ᠎ᠤ ᠪᠠᠲᠤᠯᠠᠭ᠎ᠠ ᠵᠢ ᠰᠠᠶ᠋ᠢᠲᠤᠷ ᠬᠢᠬᠦ ᠬᠡᠷᠡᠭᠲᠡᠢ; ᠬᠤᠲᠠ ᠵᠢᠨ ᠵᠢᠮᠲᠦ ᠵᠠᠮ ᠬᠠᠷᠢᠯᠴᠠᠭ᠋ᠠᠨ᠎ᠤ ᠡᠵᠡᠩᠨᠡᠨ ᠠᠵᠢᠯᠯᠠᠭᠤᠯᠬᠤ ᠨᠢᠭᠡᠴᠢ ᠵᠢ ᠵᠢᠭ᠋ᠠᠨ ᠵᠢᠯᠤᠭᠤᠳᠴᠤ ᠪᠠᠶ᠋ᠢᠭ᠋ᠠᠳ ᠬᠤᠲᠠ ᠵᠢᠨ ᠵᠢᠮᠲᠦ ᠵᠠᠮ ᠬᠠᠷᠢᠯᠴᠠᠭ᠋ᠠᠨ᠎ᠤ ᠠᠵᠢᠯᠯᠠᠭ᠋ᠠᠨ᠎ᠤ ᠠᠮᠤᠷ ᠲᠦᠪᠰᠢᠨ᠎ᠢ ᠦᠨᠡᠯᠡᠨ ᠵᠢᠱ᠌ᠢᠵᠦ᠂ ᠦᠨᠡᠯᠡᠨ ᠵᠢᠱ᠌ᠢᠭᠰᠡᠨ ᠳ᠋ᠦᠩ᠎ᠢ᠎ᠨᠢ ᠦᠨᠳᠦᠰᠦᠯᠡᠨ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠠᠷᠭ᠎ᠠ ᠬᠡᠮᠵᠢᠶ᠎ᠡ ᠵᠢ ᠤᠷᠢᠳᠴᠢᠯᠠᠨ ᠠᠪᠴᠤ ᠬᠡᠷᠡᠭᠯᠡᠨ᠎ᠡ᠂ ᠴᠢᠬᠤᠯᠠᠲᠠᠢ ᠦᠶ᠎ᠡ᠎ᠳᠤ ᠲᠡᠭᠡᠭᠡᠪᠦᠷᠢᠯᠡᠬᠦ ᠵᠢ᠎ᠨᠢ ᠵᠣᠭᠰᠤᠭ᠋ᠠᠬᠤ ᠠᠷᠭ᠎ᠠ ᠬᠡᠮᠵᠢᠶ᠎ᠡ ᠠᠪᠬᠤ ᠬᠡᠷᠡᠭᠲᠡᠢ; ᠤᠰᠤᠨ ᠳᠡᠭᠡᠷ᠎ᠡ᠂ ᠤᠰᠤᠨ᠎ᠳᠤ ᠵᠡᠷᠭᠡ ᠭᠡᠷ᠎ᠤᠨ ᠭᠠᠳᠠᠭᠤᠷ ᠠᠵᠢᠯᠯᠠᠬᠤ ᠨᠢᠭᠡᠴᠢ᠎ᠳᠤ ᠮᠡᠳᠡᠭᠳᠡᠵᠦ ᠰᠡᠷᠭᠡᠶ᠋ᠢᠯᠡᠬᠦ ᠪᠡᠯᠡᠳᠬᠡᠯ᠎ᠢ ᠰᠠᠶ᠋ᠢᠲᠤᠷ ᠬᠢᠯᠭᠡᠵᠦ᠂ ᠴᠢᠬᠤᠯᠠᠲᠠᠢ ᠦᠶ᠎ᠡ᠎ᠳᠤ ᠠᠵᠢᠯᠯᠠᠬᠤ ᠵᠢ᠎ᠨᠢ ᠵᠣᠭᠰᠤᠭ᠋ᠠᠬᠤ ᠠᠷᠭ᠎ᠠ ᠬᠡᠮᠵᠢᠶ᠎ᠡ ᠠᠪᠬᠤ ᠬᠡᠷᠡᠭᠲᠡᠢ᠃
ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠰᠠᠯᠠᠭ᠎ᠠ ᠮᠥᠴᠢᠷ᠄ ᠲᠠᠷᠢᠮᠠᠯ᠂ ᠲᠡᠵᠢᠭᠡᠨ ᠦᠷᠡᠵᠢᠭᠦᠯᠬᠦ ᠲᠠᠯᠠᠪᠠᠢ ᠡᠷᠦᠬᠡ ᠪᠠ ᠠᠵᠤ ᠠᠬᠤᠶ᠋ᠢᠯᠠᠯ᠎ᠢ ᠵᠣᠬᠢᠶᠠᠨ ᠪᠠᠶ᠋ᠢᠭᠤᠯᠵᠤ ᠵᠢᠭ᠋ᠠᠨ ᠵᠢᠯᠤᠭᠤᠳᠴᠤ ᠪᠠᠶ᠋ᠢᠭ᠋ᠠᠳ ᠲᠠᠷᠢᠮᠠᠯ᠂ ᠮᠠᠯ ᠠᠵᠤ ᠠᠬᠤᠢ᠂ ᠤᠰᠤᠨ ᠭᠠᠷᠤᠯᠲᠠ ᠵᠢᠨ ᠲᠡᠵᠢᠭᠡᠨ ᠦᠷᠡᠵᠢᠭᠦᠯᠬᠦ᠎ᠳᠤ ᠴᠢᠬᠤᠯᠠ ᠪᠦᠬᠦᠢ ᠰᠡᠷᠭᠡᠶ᠋ᠢᠯᠡᠨ ᠬᠠᠮᠠᠭ᠋ᠠᠯᠠᠬᠤ ᠠᠷᠭ᠎ᠠ ᠬᠡᠮᠵᠢᠶ᠎ᠡ᠎ᠲᠠᠢ ᠪᠣᠯᠭ᠋ᠠᠨ᠎ᠠ; ᠲᠠᠷᠢᠶᠠᠯᠠᠬᠤ ᠡᠷᠦᠬᠡ ᠮᠠᠯᠴᠢᠳ᠎ᠢ ᠵᠣᠬᠢᠶᠠᠨ ᠪᠠᠶ᠋ᠢᠭᠤᠯᠤᠨ ᠠᠶᠤᠯᠲᠠᠢ ᠣᠷᠣᠨ ᠪᠦᠰᠡ᠎ᠳᠠᠬᠢ ᠮᠠᠯ ᠤᠨᠤᠭ᠎ᠠ ᠪᠠ ᠲᠡᠵᠢᠭᠡᠨ ᠦᠷᠡᠵᠢᠭᠦᠯᠬᠦ ᠪᠡᠯᠡᠳᠬᠡᠮᠵᠢ ᠵᠢ᠎ᠪᠠᠨ ᠨᠡᠭᠦᠯᠭᠡᠨ ᠰᠢᠯᠵᠢᠭᠦᠯᠵᠦ᠂ ᠪᠡᠯᠡᠳᠭᠡᠮᠵᠢᠲᠦ ᠬᠦᠯᠡᠮᠵᠢ ᠵᠢᠴᠢ ᠭᠤᠣᠯ ᠮᠥᠷᠡᠨ᠂ ᠤᠰᠤᠨ ᠴᠥᠭᠦᠷᠥᠮ ᠵᠡᠷᠭᠡ ᠪᠠᠶ᠋ᠢᠭ᠋ᠠᠯᠢ ᠵᠢᠨ ᠤᠰᠤᠨ ᠴᠣᠭᠴᠠ᠎ᠳᠤ ᠪᠠᠶ᠋ᠢᠷᠢᠯᠠᠭᠤᠯᠤᠭᠰᠠᠨ ᠲᠡᠵᠢᠭᠡᠨ ᠦᠷᠡᠵᠢᠭᠦᠯᠬᠦ ᠪᠡᠯᠡᠳᠬᠡᠮᠵᠢ ᠵᠢ᠎ᠪᠠᠨ ᠪᠠᠬᠢᠵᠢᠭᠦᠯᠦᠨ᠎ᠡ᠃
ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠄ ᠤᠰᠤᠨ᠎ᠤ ᠪᠠᠶ᠋ᠢᠳᠠᠯ᠎ᠢ ᠬᠢᠨᠠᠨ ᠬᠡᠮᠵᠢᠵᠦ ᠰᠢᠨᠵᠢᠭᠡᠳ ᠰᠡᠷᠡᠮᠵᠢᠯᠡᠭᠦᠯᠬᠦ ᠤᠷᠢᠳᠴᠢᠯᠠᠨ ᠮᠡᠳᠡᠭᠡᠯᠡᠬᠦ ᠠᠵᠢᠯ᠎ᠢ ᠰᠠᠶ᠋ᠢᠲᠤᠷ ᠬᠢᠵᠦ᠂ ᠴᠠᠭ ᠠᠭᠤᠷ᠎ᠤᠨ ᠵᠡᠷᠭᠡ ᠰᠠᠯᠠᠭ᠎ᠠ ᠮᠥᠴᠢᠷ᠎ᠯᠦᠭᠡ ᠬᠤᠯᠪᠤᠭ᠋ᠠᠯᠠᠨ ᠠᠭᠤᠯᠠ ᠵᠢᠨ ᠦᠶᠡᠷ᠎ᠤᠨ ᠭᠠᠮᠰᠢᠭ ᠭᠠᠷᠬᠤ ᠴᠠᠭ ᠠᠭᠤᠷ᠎ᠤᠨ ᠲᠦᠭᠰᠢᠭᠦᠷᠢ ᠵᠢ ᠰᠡᠷᠡᠮᠵᠢᠯᠡᠭᠦᠯᠬᠦ ᠪᠠ ᠳᠤᠮᠳᠠ ᠵᠢᠵᠢᠭ ᠭᠤᠣᠯ ᠮᠥᠷᠡᠨ᠎ᠤ ᠦᠶᠡᠷ᠎ᠤᠨ ᠭᠠᠮᠰᠢᠭ ᠭᠠᠷᠬᠤ ᠴᠠᠭ ᠠᠭᠤᠷ᠎ᠤᠨ ᠲᠦᠭᠰᠢᠭᠦᠷᠢ ᠵᠢ ᠰᠡᠷᠡᠮᠵᠢᠯᠡᠭᠦᠯᠬᠦ ᠮᠡᠳᠡᠭᠡ ᠵᠠᠩᠭᠢ ᠵᠢ ᠴᠠᠭ ᠲᠤᠬᠠᠢᠳᠤᠨᠢ ᠨᠡᠶ᠋ᠢᠲᠡᠯᠡᠨ᠎ᠡ; ᠤᠰᠤᠨ ᠠᠰᠢᠭᠯᠠᠯᠲᠠ ᠵᠢᠨ ᠪᠠᠷᠢᠯᠭ᠎ᠠ᠎ᠳᠤ ᠲᠣᠬᠢᠷᠠᠭᠤᠯᠤᠯᠲᠠ ᠬᠢᠬᠦ ᠵᠢᠴᠢ ᠲᠣᠭᠤᠷᠢᠨ ᠬᠠᠮᠠᠭ᠋ᠠᠯᠠᠬᠤ᠂ ᠠᠶᠤᠯ᠎ᠢ ᠪᠠᠶ᠋ᠢᠴᠠᠭ᠋ᠠᠬᠤ᠂ ᠠᠶᠤᠯ᠎ᠢ ᠠᠷᠢᠯᠭ᠋ᠠᠬᠤ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠬᠠᠰᠢᠯᠭ᠎ᠠ᠂ ᠤᠰᠤᠨ ᠴᠥᠭᠦᠷᠥᠮ᠎ᠤᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠢ; ᠤᠰᠤᠨ ᠴᠥᠭᠦᠷᠥᠮ᠎ᠤᠨ ᠦᠶᠡᠷ᠎ᠢ ᠵᠠᠯᠠᠬᠤ᠂ ᠭᠤᠣᠯ᠎ᠤᠨ ᠵᠠᠮ᠎ᠤᠨ ᠦᠶᠡᠷ᠎ᠢ ᠰᠠᠯᠭ᠋ᠠᠬᠤ ᠪᠠ ᠦᠶᠡᠷ᠎ᠤᠨ ᠬᠤᠷᠢᠭᠳᠠᠨ ᠬᠤᠷᠠᠭᠰᠠᠨ ᠭᠠᠵᠠᠷ᠎ᠢ ᠠᠰᠢᠭᠯᠠᠨ ᠬᠡᠷᠡᠭᠯᠡᠬᠦ ᠵᠡᠷᠭᠡ ᠬᠤᠯᠪᠣᠭᠳᠠᠯ ᠪᠦᠬᠦᠢ ᠠᠵᠢᠯ᠎ᠤᠨ ᠪᠡᠯᠡᠳᠬᠡᠯ᠎ᠢ ᠰᠠᠶ᠋ᠢᠲᠤᠷ ᠬᠢᠬᠦ ᠬᠡᠷᠡᠭᠲᠡᠢ᠃
ᠰᠣᠶᠣᠯ ᠪᠠ ᠵᠢᠭᠤᠯᠴᠢᠯᠠᠯ᠎ᠤᠨ ᠰᠠᠯᠠᠭ᠎ᠠ ᠮᠥᠴᠢᠷ᠄ ᠰᠣᠶᠣᠯ ᠪᠠ ᠵᠢᠭᠤᠯᠴᠢᠯᠠᠯ᠎ᠤᠨ ᠡᠵᠡᠩᠨᠡᠯᠲᠡ ᠵᠢᠨ ᠨᠢᠭᠡᠴᠢ ᠵᠢ ᠵᠢᠭ᠋ᠠᠨ ᠵᠢᠯᠤᠭᠤᠳᠴᠤ ᠭᠠᠮᠰᠢᠭ᠎ᠢ ᠰᠡᠷᠭᠡᠶ᠋ᠢᠯᠡᠨ ᠬᠤᠷᠢᠭᠯᠠᠬᠤ ᠵᠢᠴᠢ ᠠᠮᠤᠷ ᠲᠦᠪᠰᠢᠨ ᠠᠵᠢᠯᠯᠠᠭ᠋ᠠᠨ᠎ᠤ ᠬᠠᠮᠢᠶᠠᠷᠤᠯᠲᠠ ᠵᠢ ᠰᠠᠶ᠋ᠢᠲᠤᠷ ᠬᠢᠯᠭᠡᠵᠦ᠂ ᠴᠢᠬᠤᠯᠠᠲᠠᠢ ᠦᠶ᠎ᠡ᠎ᠳᠤ ᠦᠵᠡᠮᠵᠢ ᠵᠢᠨ ᠣᠷᠣᠨ᠎ᠢ ᠪᠢᠲᠡᠭᠦᠮᠵᠢᠯᠡᠨ ᠬᠠᠭ᠋ᠠᠬᠤ᠂ ᠵᠢᠭᠤᠯᠴᠢᠯᠠᠭᠴᠢᠳ᠎ᠢ ᠲᠠᠷᠬᠠᠭ᠋ᠠᠵᠤ ᠬᠠᠷᠢᠭᠤᠯᠬᠤ ᠵᠡᠷᠭᠡ ᠪᠠᠴᠢᠮ ᠠᠷᠭ᠎ᠠ ᠬᠡᠮᠵᠢᠶ᠎ᠡ ᠵᠢ ᠴᠠᠭ ᠲᠤᠬᠠᠢᠳᠤᠨᠢ ᠠᠪᠴᠤ ᠬᠡᠷᠡᠭᠯᠡᠨ᠂ ᠵᠢᠭᠤᠯᠴᠢᠯᠠᠯ᠎ᠤᠨ ᠠᠮᠤᠷ ᠲᠦᠪᠰᠢᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠠᠵᠢᠯ᠎ᠢ ᠰᠠᠶ᠋ᠢᠲᠤᠷ ᠬᠢᠬᠦ ᠬᠡᠷᠡᠭᠲᠡᠢ᠃
ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠰᠠᠯᠠᠭ᠎ᠠ ᠮᠥᠴᠢᠷ᠄ ᠴᠠᠭ ᠠᠭᠤᠷ᠎ᠤᠨ ᠭᠠᠮᠰᠢᠭ᠎ᠤᠨ ᠬᠥᠭᠵᠢᠵᠦ ᠬᠤᠪᠢᠷᠠᠬᠤ ᠪᠠᠶ᠋ᠢᠳᠠᠯ᠎ᠢ ᠶᠡᠷᠦᠩᠬᠡᠶ᠋ᠢᠯᠡᠨ ᠰᠤᠳᠤᠯᠵᠤ ᠮᠠᠭ᠋ᠠᠳᠯᠠᠬᠤ ᠵᠢᠨ ᠬᠠᠮᠲᠤ ᠠᠷᠭ᠋ᠠᠴᠠᠭ᠋ᠠᠬᠤ ᠰᠠᠨᠠᠭᠤᠯᠭ᠎ᠠ ᠳᠤᠷᠠᠳᠤᠨ᠎ᠠ; ᠪᠡᠯᠡᠳᠬᠡᠯ ᠲᠥᠰᠥᠯ᠎ᠢ ᠦᠨᠳᠦᠰᠦᠯᠡᠨ ᠡᠯ᠎ᠡ ᠲᠦᠷᠦᠯ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠲᠤᠰᠬᠠᠢ ᠡᠩᠨᠡᠭᠡ ᠵᠢ ᠵᠣᠬᠢᠴᠠᠭᠤᠯᠤᠨ ᠵᠢᠯᠤᠭᠤᠳᠴᠤ᠂ ᠴᠢᠯᠦᠭᠡᠯᠡᠬᠦ ᠴᠡᠷᠢᠭ ᠪᠠ ᠵᠡᠪᠰᠡᠭᠲᠦ ᠴᠠᠭᠳᠠᠭ᠎ᠠ ᠵᠢᠨ ᠴᠡᠷᠢᠭ ᠠᠩᠭᠢ᠎ᠯᠤᠭ᠎ᠠ ᠵᠣᠯᠭ᠋ᠠᠭᠤᠯᠵᠤ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠠᠵᠢᠯ᠎ᠳᠤ ᠣᠷᠣᠯᠴᠠᠭᠤᠯᠤᠨ᠎ᠠ; ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠶᠤᠯ ᠭᠠᠮᠰᠢᠭ᠎ᠠᠴᠠ ᠠᠪᠤᠷᠠᠬᠤ ᠡᠳ᠋ ᠪᠠᠷᠠᠭ᠎ᠠ ᠵᠢ ᠨᠢᠭᠡᠳᠦᠯᠲᠡᠢ ᠲᠣᠬᠢᠷᠠᠭᠤᠯᠤᠨ᠎ᠠ; ᠭᠠᠮᠰᠢᠭ᠎ᠠᠴᠠ ᠠᠪᠤᠷᠠᠨ ᠲᠤᠰᠠᠯᠠᠬᠤ ᠠᠵᠢᠯ᠎ᠢ ᠵᠣᠬᠢᠶᠠᠨ ᠪᠠᠶ᠋ᠢᠭᠤᠯᠵᠤ ᠵᠣᠬᠢᠴᠠᠭᠤᠯᠤᠨ᠂ ᠬᠤᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ᠂ ᠪᠠᠶ᠋ᠢᠳᠠᠯ᠎ᠢ᠎ᠨᠢ ᠠᠵᠢᠵᠤ ᠪᠠᠶ᠋ᠢᠭ᠋ᠠᠳ ᠨᠡᠭᠦᠷᠡᠰᠦᠨ᠎ᠤ ᠪᠤᠰᠤ ᠠᠭᠤᠷᠬᠠᠢ᠂ ᠠᠶᠤᠯᠲᠠᠢ ᠬᠢᠮᠢ ᠵᠢᠨ ᠵᠦᠢ᠍ᠯ᠎ᠢ ᠦᠢ᠍ᠯᠡᠳᠪᠦᠷᠢᠯᠡᠵᠦ ᠡᠵᠡᠩᠨᠡᠵᠦ ᠬᠠᠳᠠᠭ᠋ᠠᠯᠠᠬᠤ ᠵᠡᠷᠭᠡ ᠠᠵᠤ ᠠᠬᠤᠶ᠋ᠢᠯᠠᠯ ᠵᠢᠴᠢ ᠲᠡᠮᠦᠷᠯᠢᠭ ᠬᠠᠶ᠋ᠢᠯᠤᠭᠤᠯᠬᠤ᠂ ᠥᠩᠭᠡᠲᠦ ᠲᠡᠮᠦᠷᠯᠢᠭ᠂ ᠪᠠᠷᠢᠯᠭ᠎ᠠ ᠵᠢᠨ ᠮᠠᠲ᠋ᠧᠷᠢᠶᠠᠯ ᠵᠡᠷᠭᠡ ᠪᠤᠰᠤᠳ ᠠᠵᠢᠯ ᠲᠥᠷᠥᠯ᠎ᠤᠨ ᠠᠵᠤ ᠠᠬᠤᠶ᠋ᠢᠯᠠᠯ᠎ᠳᠤ ᠮᠡᠳᠡᠭᠳᠡᠵᠦ ᠦᠢ᠍ᠯᠡᠳᠪᠦᠷᠢᠯᠡᠯ᠎ᠢ᠎ᠨᠢ ᠵᠣᠭᠰᠤᠭ᠋ᠠᠬᠤ ᠬᠡᠷᠡᠭᠲᠡᠢ᠃
ᠷᠠᠳᠢᠣ᠋ ᠲᠧᠯᠸᠢᠰ᠎ᠤᠨ ᠰᠠᠯᠠᠭ᠎ᠠ ᠮᠥᠴᠢᠷ᠄ ᠷᠠᠳᠢᠣ᠋ ᠨᠡᠪᠲᠡᠷᠡᠭᠦᠯᠭᠡ᠂ ᠲᠧᠯᠸᠢᠰ ᠵᠡᠷᠭᠡ ᠵᠠᠭᠤᠴᠢᠯᠠᠭᠤᠷ ᠵᠶ᠋ᠠᠷ ᠴᠠᠭ ᠠᠭᠤᠷ᠎ᠤᠨ ᠭᠠᠮᠰᠢᠭ᠎ᠢ ᠰᠡᠷᠡᠮᠵᠢᠯᠡᠭᠦᠯᠬᠦ ᠮᠡᠳᠡᠭᠡ ᠵᠠᠩᠭᠢ᠎ᠪᠠᠨ ᠴᠠᠭ ᠲᠤᠬᠠᠢᠳᠤᠨᠢ ᠨᠡᠪᠲᠡᠷᠡᠭᠦᠯᠦᠨ ᠨᠡᠶ᠋ᠢᠲᠡᠯᠡᠬᠦ ᠵᠢ ᠵᠣᠬᠢᠴᠠᠭᠤᠯᠤᠨ ᠵᠢᠯᠤᠭᠤᠳᠴᠤ᠂ ᠨᠡᠪᠲᠡᠷᠡᠭᠦᠯᠭᠡ ᠬᠢᠬᠦ ᠤᠳᠠᠭ᠎ᠠ ᠳᠠᠷᠠᠭ᠎ᠠ᠎ᠪᠠᠨ ᠨᠡᠮᠡᠭᠳᠡᠭᠦᠯᠦᠨ᠎ᠡ; ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠷᠠᠳᠢᠣ᠋ ᠨᠡᠪᠲᠡᠷᠡᠭᠦᠯᠭᠡ ᠵᠢ ᠠᠰᠢᠭᠯᠠᠨ ᠲᠠᠷᠢᠶᠠᠯᠠᠬᠤ ᠮᠠᠯᠵᠢᠬᠤ ᠣᠷᠣᠨ᠎ᠤ ᠰᠠᠭᠤᠭ᠋ᠠᠯᠢ ᠠᠷᠠᠳ᠎ᠲᠤ ᠰᠡᠷᠡᠮᠵᠢᠯᠡᠭᠦᠯᠭᠡ ᠪᠠ ᠰᠠᠨᠠᠭᠤᠯᠤᠮᠵᠢ ᠥᠭᠬᠦ ᠬᠡᠷᠡᠭᠲᠡᠢ᠃
ᠣᠶ ᠰᠢᠭᠤᠢ ᠨᠤᠲᠤᠭ ᠪᠡᠯᠴᠢᠭᠡᠷ᠎ᠤᠨ ᠰᠠᠯᠠᠭ᠎ᠠ ᠮᠥᠴᠢᠷ᠄ ᠴᠠᠭ ᠠᠭᠤᠷ᠎ᠤᠨ ᠭᠠᠮᠰᠢᠭ᠎ᠢ ᠰᠡᠷᠡᠮᠵᠢᠯᠡᠭᠦᠯᠬᠦ ᠲᠠᠰ ᠢᠯᠭ᠋ᠠᠯ᠎ᠢ᠎ᠨᠢ ᠦᠨᠳᠦᠰᠦᠯᠡᠨ᠂ ᠵᠣᠬᠢᠬᠤ ᠰᠡᠷᠭᠡᠶ᠋ᠢᠯᠡᠵᠦ ᠠᠷᠭ᠋ᠠᠴᠠᠭ᠋ᠠᠬᠤ ᠠᠵᠢᠯ᠎ᠢ ᠰᠠᠶ᠋ᠢᠲᠤᠷ ᠬᠢᠬᠦ ᠬᠡᠷᠡᠭᠲᠡᠢ᠃
ᠴᠢᠮᠡᠭᠡ ᠬᠤᠯᠪᠣᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠄ ᠴᠠᠬᠢᠯᠭ᠋ᠠᠨ ᠬᠤᠯᠪᠣᠭ᠋ᠠᠨ᠎ᠤ ᠡᠵᠡᠩᠨᠡᠨ ᠠᠵᠢᠯᠯᠠᠬᠤ ᠠᠵᠤ ᠠᠬᠤᠶ᠋ᠢᠯᠠᠯ᠎ᠢ ᠵᠢᠯᠣᠭᠤᠳᠤᠨ ᠵᠣᠬᠢᠴᠠᠭᠤᠯᠵᠤ ᠪᠠᠶ᠋ᠢᠭ᠋ᠠᠳ ᠰᠡᠷᠡᠮᠵᠢᠯᠡᠭᠦᠯᠬᠦ ᠮᠡᠳᠡᠭᠡ ᠵᠠᠩᠭᠢ ᠵᠢ ᠴᠠᠭ ᠲᠤᠬᠠᠢᠳᠤᠨᠢ ᠨᠡᠪᠲᠡᠷᠡᠭᠦᠯᠦᠨ ᠨᠡᠶ᠋ᠢᠲᠡᠯᠡᠨ᠎ᠡ; ᠴᠠᠬᠢᠯᠭ᠋ᠠᠨ ᠬᠤᠯᠪᠣᠭ᠋ᠠᠨ᠎ᠤ ᠡᠵᠡᠩᠨᠡᠨ ᠠᠵᠢᠯᠯᠠᠬᠤ ᠠᠵᠤ ᠠᠬᠤᠶ᠋ᠢᠯᠠᠯ᠎ᠢ ᠵᠣᠬᠢᠶᠠᠨ ᠪᠠᠶ᠋ᠢᠭᠤᠯᠵᠤ ᠪᠠᠶ᠋ᠢᠭ᠋ᠠᠳ ᠡᠪᠳᠡᠭᠳᠡᠭᠰᠡᠨ ᠴᠢᠮᠡᠭᠡ ᠬᠤᠯᠪᠣᠭ᠋ᠠᠨ᠎ᠤ ᠪᠡᠯᠡᠳᠬᠡᠮᠵᠢ ᠵᠢ ᠲᠦᠷᠭᠡᠬᠡᠨ ᠵᠠᠰᠠᠨ ᠠᠵᠢᠯᠯᠠᠭᠤᠯᠵᠤ᠂ ᠡᠯ᠎ᠡ ᠵᠦᠢ᠍ᠯ᠎ᠤᠨ ᠴᠠᠭ ᠠᠭᠤᠷ᠎ᠤᠨ ᠮᠡᠳᠡᠭᠡ ᠵᠠᠩᠭᠢ ᠵᠢ ᠳᠠᠮᠵᠢᠭᠤᠯᠬᠤ᠂ ᠮᠡᠳᠡᠭᠦᠯᠦᠨ ᠬᠦᠷᠭᠡᠬᠦ ᠪᠠ ᠠᠶᠤᠯ ᠭᠠᠮᠰᠢᠭ᠎ᠠᠴᠠ ᠠᠪᠤᠷᠠᠬᠤ ᠠᠵᠢᠯ᠎ᠤᠨ ᠴᠢᠮᠡᠭᠡ ᠬᠤᠯᠪᠣᠭ᠋ᠠᠨ᠎ᠤ ᠱᠤᠭᠤᠮ᠎ᠤᠨ ᠰᠠᠭ᠋ᠠᠳ ᠦᠭᠡᠢ ᠨᠡᠪᠲᠡᠷᠡᠬᠦ ᠵᠢ ᠪᠠᠲᠤᠯᠠᠬᠤ ᠬᠡᠷᠡᠭᠲᠡᠢ᠃
ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠄ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠨᠢᠭᠡᠴᠢ ᠵᠢ ᠰᠢᠮᠳᠠᠭᠤᠯᠵᠤ ᠪᠠᠶ᠋ᠢᠭ᠋ᠠᠳ ᠤᠰᠤ ᠬᠠᠩᠭ᠋ᠠᠬᠤ᠂ ᠴᠠᠬᠢᠯᠭ᠋ᠠᠨ ᠬᠠᠩᠭ᠋ᠠᠬᠤ᠂ ᠴᠢᠮᠡᠭᠡ ᠬᠤᠯᠪᠣᠭ᠎ᠠ ᠵᠡᠷᠭᠡ ᠴᠢᠬᠤᠯᠠ ᠪᠡᠯᠡᠳᠬᠡᠮᠵᠢ ᠲᠥᠬᠦᠭᠡᠷᠦᠮᠵᠢ᠎ᠳᠤ ᠰᠡᠷᠭᠡᠶ᠋ᠢᠯᠡᠨ ᠬᠠᠮᠠᠭ᠋ᠠᠯᠠᠬᠤ᠂ ᠪᠠᠬᠢᠵᠢᠭᠦᠯᠬᠦ ᠵᠡᠷᠭᠡ ᠠᠷᠭ᠎ᠠ ᠬᠡᠮᠵᠢᠶ᠎ᠡ ᠠᠪᠤᠭᠤᠯᠵᠤ᠂ ᠠᠭ᠋ᠠᠷ᠎ᠤᠨ ᠲᠡᠭᠡᠭᠡᠪᠦᠷᠢ ᠵᠢᠨ ᠺᠣᠮᠫᠠᠨᠢ᠂ ᠨᠢᠰᠬᠡᠯ᠎ᠤᠨ ᠪᠠᠭᠤᠳᠠᠯ᠎ᠢ ᠰᠢᠮᠳᠠᠭᠤᠯᠤᠨ ᠵᠣᠬᠢᠴᠠᠭᠤᠯᠵᠤ ᠪᠠᠶ᠋ᠢᠭ᠋ᠠᠳ ᠠᠭ᠋ᠠᠷ᠎ᠤᠨ ᠨᠢᠰᠦᠭᠦᠷ᠎ᠢ ᠪᠤᠰᠤᠳ ᠲᠠᠯᠠᠪᠤᠷ᠎ᠲᠤ ᠰᠢᠯᠵᠢᠭᠦᠯᠬᠦ ᠪᠠ ᠰᠠᠭ᠋ᠠᠲᠠᠵᠤ ᠦᠯᠡᠳᠡᠭᠰᠡᠨ ᠠᠶᠠᠨᠴᠢᠳ᠎ᠢ ᠲᠥᠪᠬᠢᠨᠡᠭᠦᠯᠬᠦ᠂ ᠵᠢᠯᠤᠭᠤᠳᠴᠤ ᠰᠢᠯᠤᠭᠤᠳᠬᠠᠬᠤ᠂ ᠳᠠᠮᠵᠢᠭᠤᠯᠤᠨ ᠲᠡᠭᠡᠭᠡᠪᠦᠷᠢᠯᠡᠬᠦ ᠵᠡᠷᠭᠡ ᠠᠵᠢᠯ᠎ᠢ ᠰᠠᠶ᠋ᠢᠲᠤᠷ ᠬᠢᠯᠭᠡᠨ᠎ᠡ᠃
ᠡᠨᠧᠷᠭᠢ ᠵᠢᠨ ᠰᠠᠯᠠᠭ᠎ᠠ ᠮᠥᠴᠢᠷ᠄ ᠴᠠᠬᠢᠯᠭ᠋ᠠᠨ ᠬᠦᠴᠦᠨ᠎ᠤ ᠠᠵᠤ ᠠᠬᠤᠶ᠋ᠢᠯᠠᠯ᠎ᠢ ᠵᠢᠯᠣᠭᠤᠳᠤᠨ ᠰᠢᠮᠳᠠᠭᠤᠯᠵᠤ ᠪᠠᠶ᠋ᠢᠭ᠋ᠠᠳ ᠴᠠᠬᠢᠯᠭ᠋ᠠᠨ ᠬᠦᠴᠦᠨ᠎ᠤ ᠪᠡᠯᠡᠳᠬᠡᠮᠵᠢ ᠵᠢ ᠪᠠᠶ᠋ᠢᠴᠠᠭ᠋ᠠᠬᠤ ᠪᠠ ᠴᠠᠬᠢᠯᠭ᠋ᠠᠨ ᠬᠦᠴᠦᠨ᠎ᠤ ᠲᠣᠣᠷ᠎ᠤᠨ ᠠᠵᠢᠯᠯᠠᠭ᠋ᠠᠨ᠎ᠢ ᠬᠢᠨᠠᠨ ᠡᠵᠡᠮᠳᠡᠬᠦ ᠵᠢ᠎ᠨᠢ ᠴᠢᠩᠭ᠋ᠠᠳᠬᠠᠵᠤ᠂ ᠳᠠᠯᠳᠠ ᠬᠡᠮ᠎ᠢ ᠴᠠᠭ ᠲᠤᠬᠠᠢᠳᠤᠨᠢ ᠵᠢᠭᠰᠠᠭ᠋ᠠᠨ ᠪᠠᠶ᠋ᠢᠴᠠᠭ᠋ᠠᠵᠤ ᠠᠷᠢᠯᠭ᠋ᠠᠬᠤ ᠬᠡᠷᠡᠭᠲᠡᠢ; ᠴᠠᠬᠢᠯᠭ᠋ᠠᠨ ᠬᠠᠩᠭ᠋ᠠᠬᠤ ᠠᠵᠤ ᠠᠬᠤᠶ᠋ᠢᠯᠠᠯ᠎ᠢ ᠵᠣᠬᠢᠴᠠᠭᠤᠯᠵᠤ ᠪᠠᠶ᠋ᠢᠭ᠋ᠠᠳ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ᠎ᠳᠤ ᠬᠡᠷᠡᠭᠰᠡᠬᠦ ᠴᠠᠬᠢᠯᠭ᠋ᠠᠨ ᠡᠭᠦᠰᠬᠡᠭᠴᠢ ᠵᠢ ᠲᠣᠬᠢᠷᠠᠭᠤᠯᠤᠨ ᠴᠤᠭᠯᠠᠭᠤᠯᠵᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠶᠤᠯ᠎ᠠᠴᠠ ᠠᠪᠤᠷᠠᠬᠤ ᠪᠡᠯᠡᠳᠬᠡᠯ᠎ᠢ ᠰᠠᠶ᠋ᠢᠲᠤᠷ ᠬᠢᠵᠦ᠂ ᠴᠢᠬᠤᠯᠠ ᠬᠡᠷᠡᠭᠯᠡᠭᠴᠢᠳ᠎ᠲᠤ ᠬᠠᠩᠭ᠋ᠠᠬᠤ ᠴᠠᠬᠢᠯᠭ᠋ᠠᠨ᠎ᠢ ᠪᠠᠲᠤᠯᠠᠬᠤ ᠠᠵᠢᠯ ᠵᠶ᠋ᠠᠨ ᠴᠢᠩᠭ᠋ᠠᠳᠬᠠᠬᠤ ᠬᠡᠷᠡᠭᠲᠡᠢ᠃
4. ᠪᠠᠴᠢᠮ ᠪᠠᠶ᠋ᠢᠳᠠᠯ᠎ᠢ ᠠᠷᠭ᠋ᠠᠴᠠᠭ᠋ᠠᠬᠤ᠎ᠪᠠᠷ ᠰᠢᠯᠵᠢᠭᠦᠯᠵᠦ ᠨᠡᠭᠦᠯᠭᠡᠬᠦ᠃ ᠴᠠᠭ ᠠᠭᠤᠷ᠎ᠤᠨ ᠰᠠᠯᠠᠭ᠎ᠠ ᠮᠥᠴᠢᠷ ᠠᠵᠢᠷᠭ᠋ᠠᠨ ᠪᠣᠷᠣᠭ᠋ᠠᠨ᠎ᠤ ᠰᠡᠷᠡᠮᠵᠢᠯᠡᠭᠦᠯᠬᠦ ᠮᠡᠳᠡᠭᠡ ᠵᠠᠩᠭᠢ ᠵᠢ ᠨᠡᠶ᠋ᠢᠲᠡᠯᠡᠭᠰᠡᠨ᠎ᠤ ᠳᠠᠷᠠᠭ᠎ᠠ ᠵᠠᠳᠠᠯᠤᠯᠲᠠ ᠬᠢᠵᠦ ᠰᠤᠳᠤᠯᠤᠨ ᠮᠠᠭ᠋ᠠᠳᠯᠠᠭ᠋ᠠᠳ ᠬᠥᠮᠥᠨ ᠬᠠᠷ᠎ᠠ ᠠᠳᠡᠵᠦ ᠰᠢᠷᠬᠠᠲᠤᠵᠤ ᠮᠡᠳᠡᠬᠦ ᠪᠠᠶ᠋ᠢᠳᠠᠯ ᠳᠣᠣᠷ᠎ᠠ᠂ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠨᠢᠭᠡᠳᠦᠯᠲᠡᠢ ᠵᠢᠯᠤᠭᠤᠳᠴᠤ᠂ ᠡᠯ᠎ᠡ ᠲᠠᠯ᠎ᠠ ᠵᠢᠨ ᠲᠤᠰᠬᠠᠢ ᠬᠦᠴᠦᠨ᠎ᠢ ᠳᠠᠶ᠋ᠢᠴᠢᠯᠠᠨ ᠲᠥᠪᠯᠡᠷᠡᠭᠦᠯᠵᠦ᠂ ᠰᠠᠯᠠᠭ᠎ᠠ ᠮᠥᠴᠢᠷ᠎ᠤᠳ᠎ᠤᠨ ᠡᠭᠦᠷᠭᠡ ᠬᠠᠷᠢᠭᠤᠴᠠᠯᠭ᠎ᠠ ᠵᠢᠨ ᠶᠣᠰᠣᠭ᠋ᠠᠷ᠂ ᠠᠶᠤᠯ᠎ᠠᠴᠠ ᠪᠠᠴᠢᠮ ᠵᠠᠶ᠋ᠢᠯᠠᠭᠤᠯᠬᠤ ᠪᠠ ᠰᠢᠢ᠍ᠳᠪᠦᠷᠢᠯᠡᠬᠦ ᠠᠵᠢᠯ᠎ᠢ ᠬᠠᠮᠵᠢᠯᠴᠠᠨ ᠡᠮᠬᠢ ᠵᠢᠷᠤᠮ᠎ᠲᠠᠢ ᠥᠷᠨᠢᠭᠦᠯᠵᠦ᠂ ᠳᠠᠭ᠋ᠠᠭ᠋ᠠᠴᠢᠯᠠᠨ ᠬᠤᠪᠢᠶᠠᠭᠰᠠᠨ ᠳᠤᠭᠤᠶ᠋ᠢᠯᠠᠩ ᠬᠡᠰᠡᠭ᠎ᠲᠤ᠎ᠪᠠᠨ ᠳᠠᠭ᠋ᠠᠭ᠋ᠠᠴᠢᠯᠠᠨ ᠪᠠᠲᠤᠯᠠᠬᠤ ᠬᠠᠷᠢᠭᠤᠴᠠᠯᠭ᠎ᠠ ᠵᠢ ᠱᠠᠲᠤ ᠳᠠᠷᠠᠭ᠋ᠠᠯᠠᠨ ᠰᠠᠶ᠋ᠢᠲᠤᠷ ᠨᠠᠶ᠋ᠢᠳᠠᠪᠤᠷᠢᠵᠢᠭᠤᠯᠵᠤ᠂ 《ᠠᠯᠢ ᠵᠢ᠎ᠨᠢ ᠨᠡᠭᠦᠯᠭᠡᠨ ᠰᠢᠯᠵᠢᠭᠦᠯᠬᠦ᠂ ᠬᠡᠨ᠎ᠨᠢ ᠵᠣᠬᠢᠶᠠᠨ ᠪᠠᠶ᠋ᠢᠭᠤᠯᠬᠤ᠂ ᠬᠡᠵᠢᠶ᠎ᠡ ᠨᠡᠭᠦᠯᠭᠡᠨ ᠰᠢᠯᠵᠢᠭᠦᠯᠬᠦ᠂ ᠬᠠᠮᠢᠭ᠋ᠠᠰᠢ᠎ᠪᠠᠨ ᠨᠡᠭᠦᠯᠭᠡᠨ ᠰᠢᠯᠵᠢᠭᠦᠯᠬᠦ᠂ ᠶᠠᠭ᠋ᠠᠬᠢᠵᠤ ᠬᠠᠮᠢᠶᠠᠷᠬᠤ》 5 ᠵᠠᠩᠭᠢᠯᠠᠭ᠎ᠠ ᠵᠢᠨ ᠭᠤᠭᠴᠤᠭ᠎ᠠ ᠪᠣᠯᠬᠤ ᠠᠵᠢᠯ᠎ᠢ ᠰᠠᠶ᠋ᠢᠲᠤᠷ ᠨᠠᠶ᠋ᠢᠳᠠᠪᠤᠷᠢᠵᠢᠭᠤᠯᠬᠤ ᠬᠡᠷᠡᠭᠲᠡᠢ᠃ ᠬᠤᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠠᠵᠢᠷᠭ᠋ᠠᠨ ᠪᠣᠷᠣᠭ᠋ᠠᠨ᠎ᠢ ᠰᠡᠷᠡᠮᠵᠢᠯᠡᠭᠦᠯᠬᠦ ᠮᠡᠳᠡᠭᠡ ᠵᠠᠩᠭᠢ ᠵᠢᠨ ᠨᠥᠯᠥᠭᠡᠯᠡᠬᠦ ᠣᠷᠣᠨ ᠪᠦᠰᠡ ᠪᠠ ᠪᠣᠷᠣᠭ᠋ᠠᠨ ᠬᠤᠷ᠎ᠠ ᠵᠢᠨ ᠪᠣᠳᠠᠲᠤ ᠪᠠᠶ᠋ᠢᠳᠠᠯ᠎ᠢ ᠦᠨᠳᠦᠰᠦᠯᠡᠨ᠂ ᠠᠶᠤᠯᠲᠠᠢ ᠣᠷᠣᠨ ᠪᠠ ᠲᠠᠯᠳᠠ ᠭᠡᠮ᠎ᠲᠠᠢ ᠭᠠᠵᠠᠷ᠎ᠤᠨ ᠬᠥᠮᠥᠰ᠎ᠢ 《ᠭᠤᠷᠪᠠᠨ ᠪᠠᠶ᠋ᠢᠳᠠᠯ᠎ᠳᠤ ᠪᠠᠴᠢᠮ ᠵᠠᠶ᠋ᠢᠯᠠᠭᠤᠯᠬᠤ》 (ᠠᠶᠤᠯ ᠲᠦᠭᠰᠢᠭᠦᠷᠢ ᠵᠢᠨ ᠲᠠᠯᠳᠠ ᠭᠡᠮ᠎ᠲᠠᠢ ᠭᠠᠵᠠᠷ᠎ᠲᠤ ᠳᠣᠭᠰᠢᠨ ᠪᠣᠷᠣᠭ᠋ᠠᠨ ᠣᠷᠣᠪᠠᠯ ᠳᠠᠷᠤᠶ᠋ᠢᠬᠠᠨ ᠪᠠᠴᠢᠮ ᠵᠠᠶ᠋ᠢᠯᠠᠭᠤᠯᠬᠤ᠂ ᠲᠠᠯᠳᠠ ᠭᠡᠮ᠎ᠲᠠᠢ ᠭᠠᠵᠠᠷ᠎ᠲᠤ ᠶᠡᠷᠦ ᠪᠤᠰᠤ ᠵᠢᠨ ᠠᠶᠤᠯ ᠲᠥᠭᠰᠢᠭᠦᠷᠢᠲᠦ ᠪᠠᠶ᠋ᠢᠳᠠᠯ ᠭᠠᠷᠪᠠᠯ ᠳᠠᠷᠤᠶ᠋ᠢᠬᠠᠨ ᠪᠠᠴᠢᠮ ᠵᠠᠶ᠋ᠢᠯᠠᠭᠤᠯᠬᠤ᠂ ᠲᠠᠯᠳᠠ ᠭᠡᠮ᠎ᠲᠠᠢ ᠭᠠᠵᠠᠷ᠎ᠤᠨ ᠠᠶᠤᠯ ᠲᠥᠭᠰᠢᠭᠦᠷᠢᠲᠦ ᠪᠠᠶ᠋ᠢᠳᠠᠯ᠎ᠢ᠎ᠨᠢ ᠣᠨᠣᠪᠴᠢᠲᠠᠶ ᠮᠠᠭ᠋ᠠᠳᠯᠠᠵᠤ ᠳᠡᠶ᠋ᠢᠯᠬᠦ ᠦᠭᠡᠢ ᠦᠶ᠎ᠡ᠎ᠳᠤ ᠳᠠᠷᠤᠶ᠋ᠢᠬᠠᠨ ᠪᠠᠴᠢᠮ ᠵᠠᠶ᠋ᠢᠯᠠᠭᠤᠯᠬᠤ) ᠠᠵᠢᠯ᠎ᠢ ᠦᠳᠲᠡᠷ ᠲᠦᠷᠭᠡᠨ ᠵᠣᠬᠢᠶᠠᠨ ᠪᠠᠶ᠋ᠢᠭᠤᠯᠵᠤ ᠥᠷᠨᠢᠭᠦᠯᠦᠨ᠂ ᠡᠷᠡᠰ ᠰᠢᠭᠤᠷᠬᠠᠢ ᠠᠵᠢᠯᠯᠠᠬᠤ᠂ ᠨᠡᠭᠦᠯᠭᠡᠨ ᠰᠢᠯᠵᠢᠭᠦᠯᠪᠡᠰᠦ ᠵᠣᠬᠢᠬᠤ ᠵᠢ᠎ᠨᠢ ᠴᠥᠮ ᠨᠡᠭᠦᠯᠭᠡᠨ ᠰᠢᠯᠵᠢᠭᠦᠯᠬᠦ᠂ ᠨᠡᠭᠦᠯᠭᠡᠨ ᠰᠢᠯᠵᠢᠭᠦᠯᠪᠡᠰᠦ ᠵᠣᠬᠢᠬᠤ ᠵᠢ᠎ᠨᠢ ᠡᠷᠲᠡ᠎ᠠᠴᠠ ᠨᠡᠭᠦᠯᠭᠡᠨ ᠰᠢᠯᠵᠢᠭᠦᠯᠬᠦ ᠵᠢ ᠪᠡᠶᠡᠯᠡᠭᠦᠯᠵᠦ᠂ ᠠᠷᠪᠠ ᠤᠳᠠᠭ᠎ᠠ ᠰᠡᠷᠭᠡᠶ᠋ᠢᠯᠡᠭᠡᠳ ᠶᠢᠰᠦ᠎ᠨᠢ ᠲᠠᠯᠠᠭ᠋ᠠᠷ ᠪᠣᠯᠤᠭᠰᠠᠨ ᠴᠦ᠍᠂ ᠰᠡᠷᠭᠡᠶ᠋ᠢᠯᠡᠯᠲᠡ ᠵᠢ ᠣᠮᠲᠣᠭ᠋ᠠᠶ᠋ᠢᠯᠠᠭᠰᠠᠨᠠᠴᠠ ᠠᠯᠳᠠᠰᠢ ᠭᠠᠷᠭ᠋ᠠᠵᠤ ᠣᠭᠲᠣᠬᠠᠨ ᠴᠦ᠍ ᠪᠣᠯᠬᠤ ᠦᠭᠡᠢ; ᠨᠡᠭᠦᠯᠭᠡᠨ ᠰᠢᠯᠵᠢᠭᠦᠯᠦᠭᠰᠡᠨ ᠬᠥᠮᠥᠰ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢ ᠴᠢᠩᠭ᠋ᠠᠳᠬᠠᠵᠤ᠂ ᠭᠠᠢ ᠭᠠᠮᠰᠢᠭ᠎ᠤᠨ ᠲᠦᠭᠰᠢᠭᠦᠷᠢ ᠠᠷᠢᠯᠬᠤ᠎ᠠᠴᠠ ᠤᠷᠢᠳ ᠬᠥᠮᠥᠰ᠎ᠤᠨ ᠳᠤᠷ᠎ᠠ᠎ᠪᠠᠷ ᠵᠶ᠋ᠠᠨ ᠪᠤᠴᠠᠵᠤ ᠬᠠᠷᠢᠭ᠋ᠠᠳ ᠠᠳᠡᠵᠦ ᠰᠢᠷᠬᠠᠲᠤᠬᠤ ᠶᠠᠪᠤᠳᠠᠯ ᠭᠠᠷᠬᠤ ᠵᠢ ᠴᠢᠩᠭ᠎ᠠ ᠰᠡᠷᠭᠡᠶ᠋ᠢᠯᠡᠬᠦ ᠬᠡᠷᠡᠭᠲᠡᠢ᠃
ᠭᠤᠷᠪᠠ᠂ ᠪᠠᠲᠤᠯᠠᠭ᠎ᠠ ᠵᠢᠨ ᠠᠷᠭ᠎ᠠ ᠬᠡᠮᠵᠢᠶ᠎ᠡ
(ᠨᠢᠭᠡ) ᠵᠣᠬᠢᠶᠠᠨ ᠪᠠᠶ᠋ᠢᠭᠤᠯᠵᠤ ᠤᠳᠤᠷᠢᠳᠬᠤ᠎ᠪᠠᠨ ᠴᠢᠩᠭ᠋ᠠᠷᠠᠭᠤᠯᠬᠤ ᠬᠡᠷᠡᠭᠲᠡᠢ᠃ ᠡᠯ᠎ᠡ ᠭᠠᠵᠠᠷ ᠣᠷᠣᠨ᠎ᠨᠢ 《ᠨᠠᠮ᠎ᠤᠨ ᠬᠤᠷᠢᠶ᠎ᠠ ᠤᠳᠤᠷᠢᠳᠤᠭᠰᠠᠨ᠂ ᠵᠠᠰᠠᠭ᠎ᠤᠨ ᠣᠷᠳᠣᠨ ᠵᠶ᠋ᠠᠷ ᠭᠤᠣᠯᠯᠠᠭᠤᠯᠤᠭᠰᠠᠨ᠂ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠭᠰᠡᠨ᠂ ᠨᠡᠶ᠋ᠢᠭᠡᠮ᠎ᠤᠨ᠎ᠬᠢᠨ᠎ᠤ ᠣᠷᠤᠯᠴᠠᠭᠰᠠᠨ》 ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠨ ᠭᠠᠮᠰᠢᠭ᠎ᠢ ᠪᠠᠭ᠋ᠠᠰᠬᠠᠬᠤ ᠲᠣᠭᠲᠠᠴᠠ ᠵᠢ ᠪᠦᠷᠢᠨᠰᠢᠭᠦᠯᠵᠦ᠂ ᠴᠠᠭ ᠠᠭᠤᠷ᠎ᠤᠨ ᠴᠢᠨᠠᠷ ᠰᠠᠶ᠋ᠢᠲᠠᠢ ᠬᠥᠭᠵᠢᠯᠲᠡ ᠪᠠ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠨ ᠭᠠᠮᠰᠢᠭ᠎ᠢ ᠪᠠᠭ᠋ᠠᠰᠬᠠᠬᠤ ᠠᠵᠢᠯ ᠵᠶ᠋ᠠᠨ ᠬᠠᠮᠢᠶ᠎ᠠ ᠪᠦᠬᠦᠢ ᠲᠥᠯᠦᠪᠵᠢᠭᠦᠯᠭᠡ᠎ᠳᠤ ᠣᠷᠣᠭᠤᠯᠤᠨ᠂ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠨ ᠭᠠᠮᠰᠢᠭ᠎ᠢ ᠪᠠᠭ᠋ᠠᠰᠬᠠᠬᠤ ᠴᠢᠳᠠᠪᠤᠷᠢ ᠵᠢ᠎ᠨᠢ ᠳᠡᠭᠡᠭᠰᠢᠯᠡᠭᠦᠯᠬᠦ ᠪᠠᠶ᠋ᠢᠭᠤᠯᠤᠯᠲᠠ ᠵᠢᠨ ᠲᠤᠰᠬᠠᠢ ᠲᠥᠰᠥᠯ ᠪᠠ ᠣᠨ᠎ᠤ ᠬᠡᠷᠡᠭᠵᠢᠭᠦᠯᠬᠦ ᠲᠥᠯᠥᠪᠯᠡᠭᠡ ᠵᠢ ᠲᠣᠭᠲᠠᠭ᠋ᠠᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢᠭᠡᠴᠢ ᠵᠢᠨ ᠭᠤᠣᠯ ᠬᠠᠷᠢᠭᠤᠴᠠᠯᠭ᠋ᠠᠲᠠᠨ ᠨᠥᠬᠦᠳ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠵᠦ ᠪᠠᠭ᠋ᠠᠰᠬᠠᠬᠤ ᠴᠢᠳᠠᠪᠤᠷᠢ ᠵᠢ ᠳᠡᠭᠡᠭᠰᠢᠯᠡᠭᠦᠯᠬᠦ ᠠᠵᠢᠯ ᠵᠶ᠋ᠠᠨ ᠢᠳᠡᠪᠬᠢᠲᠡᠢ᠎ᠪᠠᠷ ᠲᠥᠯᠥᠪᠯᠡᠨ ᠪᠠᠶ᠋ᠢᠷᠢᠯᠠᠭᠤᠯᠬᠤ ᠪᠠ ᠠᠬᠢᠭᠤᠯᠵᠤ᠂ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠪᠠ ᠴᠢᠬᠤᠯᠠ ᠶᠡᠭᠡ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ᠎ᠳᠠᠬᠢ ᠴᠢᠬᠤᠯᠠ ᠶᠡᠭᠡ ᠠᠰᠠᠭᠤᠳᠠᠯ᠎ᠢ ᠴᠠᠭ ᠲᠤᠬᠠᠢᠳᠤᠨᠢ ᠰᠤᠳᠤᠯᠤᠨ ᠰᠢᠢ᠍ᠳᠪᠦᠷᠢᠯᠡᠬᠦ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢᠭᠡᠴᠢ᠎ᠨᠢ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠨ ᠬᠤᠷᠢᠭᠯᠠᠬᠤ ᠲᠠᠯ᠎ᠠ᠎ᠪᠠᠷ᠎ᠬᠢ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠤᠬᠠᠭᠤᠯᠭ᠎ᠠ᠎ᠪᠠᠨ ᠴᠢᠩᠭ᠋ᠠᠷᠠᠭᠤᠯᠵᠤ᠂ ᠡᠯ᠎ᠡ ᠠᠵᠢᠯ ᠲᠥᠷᠥᠯ᠂ ᠡᠯ᠎ᠡ ᠰᠠᠯᠠᠭ᠎ᠠ ᠮᠥᠴᠢᠷ ᠨᠢᠭᠡᠴᠢ ᠵᠢᠨ ᠴᠠᠭ ᠠᠭᠤᠷ᠎ᠤᠨ ᠭᠠᠮᠰᠢᠭ᠎ᠤᠨ ᠠᠶᠤᠯ ᠲᠦᠭᠰᠢᠭᠦᠷᠢ ᠵᠢ ᠲᠠᠨᠢᠨ ᠮᠡᠳᠡᠬᠦ ᠬᠢᠷᠢ ᠬᠡᠮᠵᠢᠶ᠎ᠡ ᠪᠠ ᠨᠡᠶ᠋ᠢᠭᠡᠮ ᠨᠡᠶ᠋ᠢᠲᠡ ᠵᠢᠨ ᠴᠠᠭ ᠠᠭᠤᠷ᠎ᠤᠨ ᠭᠠᠮᠰᠢᠭ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠶᠤᠯ ᠲᠦᠭᠰᠢᠭᠦᠷᠢ᠎ᠠᠴᠠ ᠵᠠᠶ᠋ᠢᠯᠠᠬᠤ ᠴᠢᠳᠠᠪᠤᠷᠢ ᠵᠢ᠎ᠨᠢ ᠦᠨᠡᠨ ᠬᠦ᠌ ᠳᠡᠭᠡᠭᠰᠢᠯᠡᠭᠦᠯᠬᠦ ᠬᠡᠷᠡᠭᠲᠡᠢ᠃
(ᠬᠤᠶᠠᠷ) ᠳᠡᠮᠵᠢᠵᠦ ᠪᠠᠲᠤᠯᠠᠬᠤ᠎ᠪᠠᠨ ᠴᠢᠩᠭ᠋ᠠᠷᠠᠭᠤᠯᠬᠤ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ᠎ᠨᠢ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢᠨ ᠬᠤᠪᠢᠶᠠᠷᠢᠯᠠᠯ᠎ᠤᠨ ᠥᠭᠡᠷᠡᠴᠢᠯᠡᠯᠲᠡ ᠵᠢᠨ ᠱᠠᠭ᠋ᠠᠷᠳᠠᠯᠭ᠎ᠠ ᠶᠣᠰᠣᠭ᠋ᠠᠷ᠂ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ᠎ᠳᠤ ᠳᠡᠮᠵᠢᠯᠭᠡ ᠦᠵᠡᠭᠦᠯᠬᠦ ᠠᠵᠢᠯ᠎ᠤᠨ ᠪᠠᠲᠤᠯᠠᠭ᠎ᠠ ᠵᠢᠨ ᠲᠣᠭᠲᠠᠴᠠ ᠵᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ ᠠᠵᠢᠯ᠎ᠳᠠᠬᠢ ᠲᠥᠷᠥ ᠵᠢᠨ ᠪᠣᠳᠣᠯᠭ᠎ᠠ ᠪᠠ ᠪᠡᠯᠡ ᠮᠥᠩᠭᠦᠨ᠎ᠤ ᠳᠡᠮᠵᠢᠯᠭᠡ᠎ᠪᠠᠨ ᠴᠢᠩᠭ᠋ᠠᠳᠬᠠᠬᠤ ᠬᠡᠷᠡᠭᠲᠡᠢ᠃
(ᠭᠤᠷᠪᠠ) ᠰᠢᠮᠳᠠᠭᠤᠯᠤᠨ ᠵᠢᠯᠤᠭᠤᠳᠴᠤ ᠨᠠᠶ᠋ᠢᠳᠠᠪᠤᠷᠢᠵᠢᠭᠤᠯᠬᠤ᠎ᠪᠠᠨ ᠴᠢᠩᠭ᠋ᠠᠷᠠᠭᠤᠯᠬᠤ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ᠎ᠨᠢ ᠬᠠᠷᠢᠭᠤᠴᠠᠯᠭ᠎ᠠ᠎ᠪᠠᠨ ᠦᠨᠡᠨ ᠬᠦ᠌ ᠡᠭᠦᠷᠭᠡᠯᠡᠵᠦ᠂ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠨ ᠭᠠᠮᠰᠢᠭ᠎ᠢ ᠪᠠᠭ᠋ᠠᠰᠬᠠᠬᠤ ᠲᠥᠷᠥᠯ ᠵᠦᠢ᠍ᠯ᠎ᠤᠨ ᠬᠡᠷᠡᠭᠵᠢᠭᠦᠯᠦᠯᠲᠡ ᠵᠢ ᠪᠥᠬᠦ ᠬᠦᠴᠦᠨ ᠵᠶ᠋ᠠᠷ ᠵᠶ᠋ᠠᠨ ᠰᠠᠶ᠋ᠢᠲᠤᠷ ᠠᠳᠬᠤᠬᠤ ᠬᠡᠷᠡᠭᠲᠡᠢ᠃ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ ᠴᠢᠳᠠᠪᠤᠷᠢ ᠵᠢᠨ ᠪᠠᠶ᠋ᠢᠭᠤᠯᠤᠯᠲᠠ᠎ᠪᠠᠨ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠨ ᠬᠤᠷᠢᠭᠯᠠᠬᠤ ᠠᠵᠢᠯ᠎ᠯᠤᠭ᠎ᠠ ᠵᠡᠷᠭᠡ᠎ᠳᠤ᠎ᠨᠢ ᠪᠠᠶ᠋ᠢᠷᠢᠯᠠᠭᠤᠯᠵᠤ᠂ ᠵᠡᠷᠭᠡ᠎ᠳᠤ᠎ᠨᠢ ᠪᠠᠶ᠋ᠢᠴᠠᠭ᠋ᠠᠨ ᠰᠤᠳᠤᠯᠵᠤ᠂ ᠵᠡᠷᠭᠡ᠎ᠳᠤ᠎ᠨᠢ ᠬᠢᠨᠠᠯᠲᠠ ᠲᠠᠯᠪᠢᠵᠤ᠂ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ ᠠᠵᠢᠯ᠎ᠤᠨ ᠡᠯ᠎ᠡ ᠵᠦᠢ᠍ᠯ᠎ᠤᠨ ᠡᠭᠦᠷᠭᠡ᠎ᠪᠠᠨ ᠴᠢᠨᠠᠷ ᠰᠠᠶ᠋ᠢᠲᠠᠢ ᠪᠡᠶᠡᠯᠡᠭᠦᠯᠬᠦ ᠵᠢ ᠦᠨᠡᠨ ᠬᠦ᠌ ᠪᠠᠲᠤᠯᠠᠬᠤ ᠬᠡᠷᠡᠭᠲᠡᠢ᠃
2024 ᠣᠨ᠎ᠤ 8 ᠳ᠋ᠤᠭ᠋ᠠᠷ ᠰᠠᠷ᠎ᠠ ᠵᠢᠨ 13᠎ᠤ ᠡᠳᠦᠷ
(ᠲᠣᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)