ᠢᠯᠡ ᠵᠠᠰᠠᠭ   -   ᠪᠢᠴᠢᠭ ᠮᠠᠲ᠋ᠧᠷᠢᠶᠠᠯ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠣᠣᠷᠠᠳᠤ ᠱᠠᠲᠤ ᠤᠷᠤᠭᠤ ᠲᠤᠰᠬᠠᠢ ᠵᠦᠢ᠍ᠯ ᠵᠶ᠋ᠠᠷ ᠰᠢᠯᠵᠢᠭᠦᠯᠦᠨ ᠥᠭᠬᠦ ᠬᠠᠮᠢᠶᠠᠷᠤᠯᠲᠠ ᠵᠢᠨ ᠠᠷᠭ᠎ᠠ》 ᠵᠢᠨ ᠬᠤᠯᠪᠣᠭᠳᠠᠯ ᠪᠦᠬᠦᠢ ᠠᠭᠤᠯᠭ᠎ᠠ᠎ᠳᠤ ᠵᠠᠰᠠᠪᠤᠷᠢ ᠣᠷᠣᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2025-01-21

      ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
      ᠥᠪᠥᠷ ᠵᠠᠰᠠᠭ ᠠᠯᠪᠠᠨ ᠦᠰᠦᠭ [2024] 66 ᠳ᠋ᠤᠭ᠋ᠠᠷ ᠲᠣᠭ᠋ᠠᠲᠤ

 

      《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠣᠣᠷᠠᠳᠤ ᠱᠠᠲᠤ ᠤᠷᠤᠭᠤ ᠲᠤᠰᠬᠠᠢ ᠵᠦᠢ᠍ᠯ ᠵᠶ᠋ᠠᠷ ᠰᠢᠯᠵᠢᠭᠦᠯᠦᠨ ᠥᠭᠬᠦ ᠬᠠᠮᠢᠶᠠᠷᠤᠯᠲᠠ ᠵᠢᠨ ᠠᠷᠭ᠎ᠠ》 ᠵᠢᠨ ᠬᠤᠯᠪᠣᠭᠳᠠᠯ ᠪᠦᠬᠦᠢ ᠠᠭᠤᠯᠭ᠎ᠠ᠎ᠳᠤ ᠵᠠᠰᠠᠪᠤᠷᠢ ᠣᠷᠣᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
   

ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
      ᠨᠠᠮ᠎ᠤᠨ ᠬᠤᠷᠢᠳᠤᠭ᠋ᠠᠷ ᠶᠡᠭᠡ ᠬᠤᠷᠠᠯ ᠪᠠ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠬᠤᠶᠠᠳᠤᠭ᠋ᠠᠷ᠂ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠨᠠᠢ᠍ᠮᠠᠳᠤᠭ᠋ᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ ᠵᠢ ᠬᠢᠨᠠᠮᠠᠭ᠋ᠠᠢ ᠨᠠᠶ᠋ᠢᠳᠠᠪᠤᠷᠢᠵᠢᠭᠤᠯᠤᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠤᠣᠯ ᠰᠢᠵᠢᠮ ᠪᠣᠯᠭ᠋ᠠᠬᠤ ᠵᠢ ᠪᠠᠷᠢᠮᠲᠠᠯᠠᠵᠤ᠂ ᠡᠳ᠋᠎ᠤᠨ ᠵᠠᠰᠠᠭ᠎ᠤᠨ ᠬᠦᠷᠢᠶ᠎ᠡ ᠴᠠᠷᠠᠭ᠋ᠠᠨ᠎ᠤ ᠥᠭᠡᠷᠡᠴᠢᠯᠡᠯᠲᠡ ᠵᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠦᠨ᠂ 《ᠬᠡᠨ ᠭᠤᠣᠯᠴᠢᠯᠠᠨ ᠬᠠᠮᠢᠶᠠᠷᠪᠠᠯ᠂ ᠲᠡᠷᠡ ᠬᠤᠪᠢᠶᠠᠷᠢᠯᠠᠬᠤ ᠪᠠ ᠬᠠᠷᠢᠭᠤᠴᠠᠬᠤ》 ᠵᠠᠷᠴᠢᠮ ᠵᠶ᠋ᠠᠷ᠂ ᠲᠤᠰᠬᠠᠢ ᠵᠦᠢ᠍ᠯ ᠵᠶ᠋ᠠᠷ ᠰᠢᠯᠵᠢᠭᠦᠯᠦᠨ ᠥᠭᠬᠦ ᠬᠠᠮᠢᠶᠠᠷᠤᠯᠲᠠ ᠵᠢᠨ ᠲᠠᠯ᠎ᠠ᠎ᠳᠠᠬᠢ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ ᠪᠠ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠡᠷᠬᠡ ᠬᠠᠷᠢᠭᠤᠴᠠᠯᠭ᠎ᠠ ᠵᠢᠨ ᠬᠠᠷᠢᠴᠠᠭ᠎ᠠ ᠵᠢ ᠲᠣᠳᠣᠷᠬᠠᠢ ᠪᠣᠯᠭ᠋ᠠᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠣᠣᠷᠠᠳᠤ ᠱᠠᠲᠤ ᠤᠷᠤᠭᠤ ᠲᠤᠰᠬᠠᠢ ᠵᠦᠢ᠍ᠯ ᠵᠶ᠋ᠠᠷ ᠰᠢᠯᠵᠢᠭᠦᠯᠦᠨ ᠥᠭᠬᠦ ᠬᠠᠮᠢᠶᠠᠷᠤᠯᠲᠠ ᠵᠢᠨ ᠠᠷᠭ᠎ᠠ》 (ᠥᠪᠥᠷ ᠵᠠᠰᠠᠭ ᠠᠯᠪᠠᠨ ᠲᠠᠷᠬᠠᠭ᠋ᠠᠭᠰᠠᠨ [2016] 134 ᠳ᠋ᠦ᠍ᠭᠡᠷ ᠲᠣᠭ᠋ᠠᠲᠤ᠂ ᠳᠣᠷᠣᠭᠰᠢ 《ᠠᠷᠭ᠎ᠠ》 ᠭᠡᠵᠦ ᠲᠣᠪᠴᠢᠯᠠᠨ᠎ᠠ) ᠵᠢᠨ ᠬᠤᠯᠪᠣᠭᠳᠠᠯ ᠪᠦᠬᠦᠢ ᠠᠭᠤᠯᠭ᠎ᠠ᠎ᠳᠤ ᠵᠠᠰᠠᠪᠤᠷᠢ ᠣᠷᠣᠭᠤᠯᠬᠤ᠎ᠪᠠᠷ ᠲᠣᠭᠲᠠᠵᠤ᠂ ᠡᠳᠦᠭᠡ ᠬᠤᠯᠪᠣᠭᠳᠠᠯ ᠪᠦᠬᠦᠢ ᠤᠴᠢᠷ᠎ᠢ ᠳᠣᠣᠷᠠᠬᠢ ᠮᠡᠲᠦ ᠮᠡᠳᠡᠭᠳᠡᠪᠡ᠃
       ᠨᠢᠭᠡ᠂ ᠥᠪᠡᠷᠲᠡᠭᠡᠨ ᠵᠠᠰᠠᠬᠤ ᠣᠷᠣᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯ ᠲᠣᠰ ᠰᠠᠯᠠᠭ᠎ᠠ ᠮᠥᠴᠢᠷ᠎ᠤᠨ ᠲᠤᠰᠬᠠᠢ ᠵᠦᠢ᠍ᠯ ᠵᠶ᠋ᠠᠷ ᠰᠢᠯᠵᠢᠭᠦᠯᠦᠨ ᠥᠭᠬᠦ ᠬᠠᠮᠢᠶᠠᠷᠤᠯᠲᠠ ᠵᠢᠨ ᠭᠤᠣᠯ ᠴᠣᠭᠴᠠ ᠪᠠᠶ᠋ᠢᠵᠤ᠂ ᠲᠤᠰᠬᠠᠢ ᠵᠦᠢ᠍ᠯ ᠵᠶ᠋ᠠᠷ ᠰᠢᠯᠵᠢᠭᠦᠯᠦᠨ ᠥᠭᠭᠦᠭᠰᠡᠨ ᠪᠡᠯᠡ ᠮᠥᠩᠭᠦ ᠵᠢᠨ ᠭᠦᠢ᠍ᠴᠡᠳᠭᠡᠯᠲᠡ ᠪᠠ ᠲᠥᠷᠥᠯ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢ ᠬᠠᠷᠢᠭᠤᠴᠠᠨ᠂ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠨᠢ ᠪᠡᠯᠡ ᠮᠥᠩᠭᠦ ᠵᠢ ᠳᠣᠷᠣᠭᠰᠢ ᠪᠠᠭᠤᠯᠭ᠋ᠠᠬᠤ ᠪᠠ ᠰᠠᠯᠭ᠋ᠠᠨ ᠥᠭᠬᠦ ᠠᠵᠢᠯ᠎ᠢ ᠬᠠᠷᠢᠭᠤᠴᠠᠨ᠎ᠠ ᠭᠡᠵᠦ ᠲᠣᠳᠣᠷᠬᠠᠢ ᠲᠣᠭᠲᠠᠭ᠋ᠠᠪᠠ᠃ 《ᠠᠷᠭ᠎ᠠ》 ᠵᠢᠨ ᠳᠥᠷᠪᠡᠳᠦᠭᠡᠷ ᠵᠦᠢ᠍ᠯ᠎ᠤᠨ ᠬᠠᠮᠢᠶ᠎ᠠ ᠪᠦᠬᠦᠢ ᠠᠭᠤᠯᠭ᠎ᠠ᠎ᠳᠤ ᠳᠣᠣᠷᠠᠬᠢ ᠮᠡᠲᠦ ᠵᠠᠰᠠᠪᠤᠷᠢ ᠣᠷᠣᠭᠤᠯᠪᠠ᠄
      (ᠨᠢᠭᠡ) ᠬᠤᠶᠠᠳᠤᠭ᠋ᠠᠷ ᠵᠤᠷᠪᠤᠰ᠎ᠤᠨ 《ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠨᠢ ᠲᠤᠰᠬᠠᠢ ᠵᠦᠢ᠍ᠯ ᠵᠶ᠋ᠠᠷ ᠰᠢᠯᠵᠢᠭᠦᠯᠦᠨ ᠥᠭᠬᠦ ᠶᠡᠷᠦᠩᠬᠡᠢ ᠬᠠᠮᠢᠶᠠᠷᠤᠯᠲᠠ ᠵᠢᠨ ᠳᠦᠷᠢᠮ᠎ᠢ ᠲᠤᠭᠤᠷᠪᠢᠨ ᠲᠣᠭᠲᠠᠭ᠋ᠠᠬᠤ ᠵᠢ ᠬᠠᠷᠢᠭᠤᠴᠠᠵᠤ᠂ ᠲᠤᠰᠬᠠᠢ ᠵᠦᠢ᠍ᠯ ᠵᠶ᠋ᠠᠷ ᠰᠢᠯᠵᠢᠭᠦᠯᠦᠨ ᠥᠭᠬᠦ ᠪᠣᠳᠠᠲᠠᠢ ᠪᠡᠯᠡ ᠮᠥᠩᠭᠦ ᠵᠢᠨ ᠬᠠᠮᠢᠶᠠᠷᠤᠯᠲᠠ ᠵᠢᠨ ᠠᠷᠭ᠎ᠠ ᠵᠢ ᠲᠣᠭᠲᠠᠭ᠋ᠠᠬᠤ ᠪᠤᠶᠤ ᠥᠪᠡᠷᠲᠡᠭᠡᠨ ᠵᠠᠰᠠᠬᠤ ᠣᠷᠣᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠯᠦᠭᠡ ᠬᠠᠮᠲᠤᠷᠠᠵᠤ ᠲᠣᠭᠲᠠᠭ᠋ᠠᠨ᠎ᠠ; ᠲᠤᠰᠬᠠᠶ ᠵᠦᠢ᠍ᠯ ᠵᠶ᠋ᠠᠷ ᠰᠢᠯᠵᠢᠭᠦᠯᠦᠨ ᠥᠭᠬᠦ ᠵᠢ ᠲᠣᠭᠲᠠᠭ᠋ᠠᠬᠤ᠂ ᠲᠣᠬᠢᠷᠠᠭᠤᠯᠬᠤ ᠵᠦᠢ᠍ᠯᠡᠰ᠎ᠢ ᠬᠢᠨᠠᠨ ᠬᠠᠷᠭᠤᠭᠤᠯᠤᠨ᠎ᠠ; ᠲᠤᠰᠬᠠᠢ ᠵᠦᠢ᠍ᠯ ᠵᠶ᠋ᠠᠷ ᠰᠢᠯᠵᠢᠭᠦᠯᠦᠨ ᠥᠭᠬᠦ ᠲᠥᠰᠥᠪ᠎ᠢ ᠨᠠᠶ᠋ᠢᠷᠠᠭᠤᠯᠤᠨ ᠵᠣᠬᠢᠶᠠᠬᠤ ᠪᠠ ᠭᠦᠢ᠍ᠴᠡᠳᠬᠡᠬᠦ ᠵᠢ ᠵᠣᠬᠢᠶᠠᠨ ᠪᠠᠶ᠋ᠢᠭᠤᠯᠵᠤ ᠬᠡᠷᠡᠭᠵᠢᠭᠦᠯᠦᠨ᠎ᠡ; ᠲᠤᠰᠬᠠᠶ ᠵᠦᠢ᠍ᠯ ᠵᠶ᠋ᠠᠷ ᠰᠢᠯᠵᠢᠭᠦᠯᠦᠨ ᠥᠭᠭᠦᠭᠰᠡᠨ ᠠᠵᠢᠯ᠎ᠤᠨ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠪᠠ ᠬᠢᠨᠠᠯᠲᠠ ᠪᠠᠶ᠋ᠢᠴᠠᠭ᠋ᠠᠯᠲᠠ ᠵᠡᠷᠭᠡ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠦᠨ᠎ᠡ᠃》 ᠭᠡᠳᠡᠭ᠎ᠲᠤ 《ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠨᠢ ᠲᠤᠰᠬᠠᠢ ᠵᠦᠢ᠍ᠯ ᠵᠶ᠋ᠠᠷ ᠰᠢᠯᠵᠢᠭᠦᠯᠦᠨ ᠥᠭᠬᠦ ᠶᠡᠷᠦᠩᠬᠡᠢ ᠬᠠᠮᠢᠶᠠᠷᠤᠯᠲᠠ ᠵᠢᠨ ᠳᠦᠷᠢᠮ᠎ᠢ ᠲᠤᠭᠤᠷᠪᠢᠨ ᠲᠣᠭᠲᠠᠭ᠋ᠠᠬᠤ ᠵᠢ ᠬᠠᠷᠢᠭᠤᠴᠠᠵᠤ᠂ ᠲᠤᠰᠬᠠᠢ ᠵᠦᠢ᠍ᠯ ᠵᠶ᠋ᠠᠷ ᠰᠢᠯᠵᠢᠭᠦᠯᠦᠨ ᠥᠭᠬᠦ ᠪᠣᠳᠠᠲᠠᠢ ᠪᠡᠯᠡ ᠮᠥᠩᠭᠦ ᠵᠢᠨ ᠬᠠᠮᠢᠶᠠᠷᠤᠯᠲᠠ ᠵᠢᠨ ᠠᠷᠭ᠎ᠠ ᠵᠢ ᠲᠣᠭᠲᠠᠭ᠋ᠠᠬᠤ ᠪᠤᠶᠤ ᠥᠪᠡᠷᠲᠡᠭᠡᠨ ᠵᠠᠰᠠᠬᠤ ᠣᠷᠣᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠯᠦᠭᠡ ᠬᠠᠮᠲᠤᠷᠠᠵᠤ ᠲᠣᠭᠲᠠᠭ᠋ᠠᠨ᠎ᠠ; ᠲᠤᠰᠬᠠᠢ ᠵᠦᠢ᠍ᠯ ᠵᠶ᠋ᠠᠷ ᠰᠢᠯᠵᠢᠭᠦᠯᠦᠨ ᠥᠭᠬᠦ ᠵᠢ ᠲᠣᠭᠲᠠᠭ᠋ᠠᠬᠤ᠂ ᠲᠣᠬᠢᠷᠠᠭᠤᠯᠬᠤ ᠵᠦᠢ᠍ᠯᠡᠰ᠎ᠢ ᠬᠢᠨᠠᠨ ᠬᠠᠷᠭᠤᠭᠤᠯᠤᠨ᠎ᠠ; ᠲᠤᠰᠬᠠᠢ ᠵᠦᠢ᠍ᠯ ᠵᠶ᠋ᠠᠷ ᠰᠢᠯᠵᠢᠭᠦᠯᠦᠨ ᠥᠭᠬᠦ ᠲᠥᠰᠥᠪ᠎ᠢ ᠬᠤᠷᠢᠶᠠᠩᠭᠤᠶ᠋ᠢᠯᠠᠵᠤ ᠨᠠᠶ᠋ᠢᠷᠠᠭᠤᠯᠤᠨ ᠵᠣᠬᠢᠶᠠᠬᠤ᠂ ᠪᠡᠯᠡ ᠮᠥᠩᠭᠦ ᠵᠢ ᠳᠣᠷᠣᠭᠰᠢ ᠪᠠᠭᠤᠯᠭ᠋ᠠᠬᠤ ᠪᠠ ᠰᠠᠯᠭ᠋ᠠᠨ ᠥᠭᠬᠦ ᠠᠵᠢᠯ᠎ᠢ ᠭᠦᠢ᠍ᠴᠡᠳᠬᠡᠬᠦ᠂ ᠲᠤᠰᠬᠠᠢ ᠵᠦᠢ᠍ᠯ ᠵᠶ᠋ᠠᠷ ᠰᠢᠯᠵᠢᠭᠦᠯᠦᠨ ᠥᠭᠭᠦᠭᠰᠡᠨ ᠠᠵᠢᠯ᠎ᠤᠨ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠪᠠ ᠬᠢᠨᠠᠯᠲᠠ ᠪᠠᠶ᠋ᠢᠴᠠᠭ᠋ᠠᠯᠲᠠ ᠵᠡᠷᠭᠡ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠦᠨ᠎ᠡ᠃》 ᠭᠡᠵᠦ ᠵᠠᠰᠠᠪᠤᠷᠢ ᠣᠷᠣᠭᠤᠯᠪᠠ᠃
      (ᠬᠤᠶᠠᠷ) ᠭᠤᠷᠪᠠᠳᠤᠭ᠋ᠠᠷ ᠵᠤᠷᠪᠤᠰ᠎ᠤᠨ 《ᠥᠪᠡᠷᠲᠡᠭᠡᠨ ᠵᠠᠰᠠᠬᠤ ᠣᠷᠣᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠲᠠᠢ ᠬᠠᠮᠵᠢᠯᠴᠠᠨ ᠲᠤᠰᠬᠠᠢ ᠵᠦᠢ᠍ᠯ ᠵᠶ᠋ᠠᠷ ᠰᠢᠯᠵᠢᠭᠦᠯᠦᠨ ᠥᠭᠬᠦ ᠪᠣᠳᠠᠲᠠᠢ ᠪᠡᠯᠡ ᠮᠥᠩᠭᠦ ᠵᠢᠨ ᠬᠠᠮᠢᠶᠠᠷᠤᠯᠲᠠ ᠵᠢᠨ ᠠᠷᠭ᠎ᠠ ᠵᠢ ᠲᠣᠭᠲᠠᠭ᠋ᠠᠨ᠎ᠠ; ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠲᠠᠢ ᠬᠠᠮᠵᠢᠯᠴᠠᠨ ᠲᠤᠰᠬᠠᠢ ᠵᠦᠢ᠍ᠯ ᠵᠶ᠋ᠠᠷ ᠰᠢᠯᠵᠢᠭᠦᠯᠦᠨ ᠥᠭᠬᠦ ᠵᠢ ᠪᠣᠳᠠᠲᠠᠢ ᠬᠠᠮᠢᠶᠠᠷᠤᠨ᠎ᠠ᠃》 ᠭᠡᠳᠡᠭ᠎ᠲᠤ 《ᠥᠪᠡᠷᠲᠡᠭᠡᠨ ᠵᠠᠰᠠᠬᠤ ᠣᠷᠣᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯ ᠲᠤᠰᠬᠠᠢ ᠵᠦᠢ᠍ᠯ ᠵᠶ᠋ᠠᠷ ᠰᠢᠯᠵᠢᠭᠦᠯᠦᠨ ᠥᠭᠬᠦ ᠬᠠᠮᠢᠶᠠᠷᠤᠯᠲᠠ ᠵᠢᠨ ᠭᠤᠣᠯ ᠴᠣᠭᠴᠠ ᠪᠠᠶ᠋ᠢᠵᠤ᠂ ᠲᠣᠰ ᠰᠠᠯᠠᠭ᠎ᠠ ᠮᠥᠴᠢᠷ᠎ᠤᠨ ᠵᠶ᠋ᠠᠨ ᠲᠤᠰᠬᠠᠢ ᠵᠦᠢ᠍ᠯ ᠵᠶ᠋ᠠᠷ ᠰᠢᠯᠵᠢᠭᠦᠯᠦᠨ ᠥᠭᠬᠦ ᠲᠥᠰᠥᠪ᠎ᠢ ᠨᠠᠶ᠋ᠢᠷᠠᠭᠤᠯᠤᠨ ᠵᠣᠬᠢᠶᠠᠬᠤ ᠪᠠ ᠭᠦᠢ᠍ᠴᠡᠳᠬᠡᠬᠦ ᠵᠢ ᠪᠥᠬᠦ ᠲᠠᠯ᠎ᠠ᠎ᠪᠠᠷ ᠬᠠᠷᠢᠭᠤᠴᠠᠨ᠎ᠠ; ᠲᠤᠰᠬᠠᠢ ᠵᠦᠢ᠍ᠯ ᠵᠶ᠋ᠠᠷ ᠰᠢᠯᠵᠢᠭᠦᠯᠦᠨ ᠥᠭᠬᠦ ᠪᠡᠯᠡ ᠮᠥᠩᠭᠦ ᠵᠢᠨ ᠬᠡᠷᠡᠭᠯᠡᠯᠲᠡ ᠵᠢᠴᠢ ᠲᠥᠷᠥᠯ ᠵᠦᠢ᠍ᠯ᠎ᠤᠨ ᠬᠡᠷᠡᠭᠵᠢᠭᠦᠯᠦᠯᠲᠡ᠎ᠳᠤ ᠵᠢᠭ᠋ᠠᠨ ᠵᠢᠯᠤᠭᠤᠳᠬᠤ ᠪᠠ ᠬᠢᠨᠠᠨ ᠬᠠᠮᠢᠶᠠᠷᠬᠤ ᠬᠠᠷᠢᠭᠤᠴᠠᠯᠭ᠎ᠠ ᠡᠭᠦᠷᠭᠡᠯᠡᠨ᠎ᠡ; ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠲᠠᠢ ᠬᠤᠯᠪᠤᠭ᠋ᠠᠯᠠᠨ ᠲᠤᠰᠬᠠᠢ ᠵᠦᠢ᠍ᠯ ᠵᠶ᠋ᠠᠷ ᠰᠢᠯᠵᠢᠭᠦᠯᠦᠨ ᠥᠭᠬᠦ ᠪᠣᠳᠠᠲᠠᠢ ᠪᠡᠯᠡ ᠮᠥᠩᠭᠦ ᠵᠢᠨ ᠬᠠᠮᠢᠶᠠᠷᠤᠯᠲᠠ ᠵᠢᠨ ᠠᠷᠭ᠎ᠠ ᠵᠢ ᠲᠣᠭᠲᠠᠭ᠋ᠠᠨ᠎ᠠ; ᠪᠡᠯᠡ ᠮᠥᠩᠭᠦᠨ᠎ᠤ ᠲᠥᠰᠥᠪ᠎ᠢ ᠭᠤᠶᠤᠴᠢᠯᠠᠨ ᠮᠡᠳᠡᠭᠦᠯᠬᠦ᠂ ᠲᠥᠷᠥᠯ ᠵᠦᠢ᠍ᠯ ᠭᠤᠶᠤᠴᠢᠯᠠᠨ ᠮᠡᠳᠡᠭᠦᠯᠬᠦ ᠵᠦᠭᠯᠡᠭᠦᠷ᠎ᠢ ᠨᠡᠶ᠋ᠢᠲᠡᠯᠡᠬᠦ᠂ ᠲᠥᠷᠥᠯ ᠵᠦᠢ᠍ᠯ᠎ᠢ ᠬᠢᠨᠠᠨ ᠬᠠᠷᠭᠤᠭᠤᠯᠬᠤ᠂ ᠪᠡᠯᠡ ᠮᠥᠩᠭᠦ ᠬᠤᠪᠢᠶᠠᠷᠢᠯᠠᠬᠤ ᠲᠥᠰᠥᠯ᠎ᠢ ᠲᠣᠭᠲᠠᠭ᠋ᠠᠬᠤ ᠵᠡᠷᠭᠡ ᠠᠵᠢᠯ᠎ᠢ ᠬᠠᠷᠢᠭᠤᠴᠠᠨ᠎ᠠ》 ᠭᠡᠵᠦ ᠵᠠᠰᠠᠪᠤᠷᠢ ᠣᠷᠣᠭᠤᠯᠪᠠ᠃
       ᠬᠤᠶᠠᠷ᠂ ᠥᠪᠡᠷᠲᠡᠭᠡᠨ ᠵᠠᠰᠠᠬᠤ ᠣᠷᠣᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠤᠰᠬᠠᠢ ᠵᠦᠢ᠍ᠯ ᠵᠶ᠋ᠠᠷ ᠰᠢᠯᠵᠢᠭᠦᠯᠦᠨ ᠥᠭᠬᠦ ᠪᠡᠯᠡ ᠮᠥᠩᠭᠦ ᠵᠢᠨ ᠭᠤᠶᠤᠴᠢᠯᠠᠨ ᠮᠡᠳᠡᠭᠦᠯᠬᠦ᠂ ᠬᠢᠨᠠᠨ ᠬᠠᠷᠭᠤᠭᠤᠯᠬᠤ ᠪᠠ ᠬᠤᠪᠢᠶᠠᠷᠢᠯᠠᠬᠤ ᠠᠵᠢᠯ᠎ᠢ ᠬᠠᠷᠢᠭᠤᠴᠠᠨ᠂ ᠡᠳ᠋᠎ᠤᠨ ᠵᠠᠰᠠᠭ᠎ᠤᠨ ᠰᠠᠯᠠᠭ᠎ᠠ ᠮᠥᠴᠢᠷ ᠣᠷᠣᠯᠴᠠᠬᠤ᠎ᠪᠠᠨ ᠪᠣᠯᠢᠨ᠎ᠠ ᠭᠡᠵᠦ ᠲᠣᠳᠣᠷᠬᠠᠢ ᠲᠣᠭᠲᠠᠭ᠋ᠠᠪᠠ᠃ 《ᠠᠷᠭ᠎ᠠ》 ᠵᠢᠨ ᠬᠤᠷᠢᠳᠤᠭ᠋ᠠᠷ ᠵᠦᠢ᠍ᠯ᠎ᠤᠨ ᠨᠢᠭᠡᠳᠦᠭᠡᠷ ᠵᠤᠷᠪᠤᠰ᠎ᠤᠨ 《ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠨᠢ ᠥᠪᠡᠷᠲᠡᠭᠡᠨ ᠵᠠᠰᠠᠬᠤ ᠣᠷᠣᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠨ ᠲᠤᠰᠬᠠᠢ ᠵᠦᠢ᠍ᠯ ᠵᠶ᠋ᠠᠷ ᠰᠢᠯᠵᠢᠭᠦᠯᠦᠨ ᠥᠭᠬᠦ ᠪᠡᠯᠡ ᠮᠥᠩᠭᠦ ᠵᠢᠨ ᠭᠤᠶᠤᠴᠢᠯᠠᠨ ᠮᠡᠳᠡᠭᠦᠯᠬᠦ᠂ ᠬᠢᠨᠠᠨ ᠬᠠᠷᠭᠤᠭᠤᠯᠬᠤ ᠪᠠ ᠬᠤᠪᠢᠶᠠᠷᠢᠯᠠᠬᠤ ᠠᠵᠢᠯ᠎ᠢ ᠲᠣᠭᠲᠠᠭ᠋ᠠᠯ ᠶᠣᠰᠣᠭ᠋ᠠᠷ ᠵᠣᠬᠢᠶᠠᠨ ᠪᠠᠶ᠋ᠢᠭᠤᠯᠤᠨ᠎ᠠ᠃》 ᠭᠡᠳᠡᠭ᠎ᠲᠤ 《ᠥᠪᠡᠷᠲᠡᠭᠡᠨ ᠵᠠᠰᠠᠬᠤ ᠣᠷᠣᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠤᠰᠬᠠᠢ ᠵᠦᠢ᠍ᠯ ᠵᠶ᠋ᠠᠷ ᠰᠢᠯᠵᠢᠭᠦᠯᠦᠨ ᠥᠭᠬᠦ ᠪᠡᠯᠡ ᠮᠥᠩᠭᠦ ᠵᠢᠨ ᠭᠤᠶᠤᠴᠢᠯᠠᠨ ᠮᠡᠳᠡᠭᠦᠯᠬᠦ᠂ ᠬᠢᠨᠠᠨ ᠬᠠᠷᠭᠤᠭᠤᠯᠬᠤ ᠪᠠ ᠬᠤᠪᠢᠶᠠᠷᠢᠯᠠᠬᠤ ᠠᠵᠢᠯ᠎ᠢ ᠲᠣᠭᠲᠠᠭ᠋ᠠᠯ ᠶᠣᠰᠣᠭ᠋ᠠᠷ ᠵᠣᠬᠢᠶᠠᠨ ᠪᠠᠶ᠋ᠢᠭᠤᠯᠤᠨ᠎ᠠ》 ᠭᠡᠵᠦ ᠵᠠᠰᠠᠪᠤᠷᠢ ᠣᠷᠣᠭᠤᠯᠪᠠ᠃
       ᠭᠤᠷᠪᠠ᠂ ᠠᠶ᠋ᠢᠮᠠᠭ ᠬᠤᠲᠠ ᠵᠢᠨ᠎ᠬᠢᠨ᠎ᠤ ᠳᠡᠭᠡᠭᠰᠢ ᠮᠡᠳᠡᠭᠦᠯᠦᠭᠰᠡᠨ ᠲᠤᠰᠬᠠᠢ ᠵᠦᠢ᠍ᠯ ᠵᠶ᠋ᠠᠷ ᠰᠢᠯᠵᠢᠭᠦᠯᠦᠨ ᠥᠭᠬᠦ ᠪᠡᠯᠡ ᠮᠥᠩᠭᠦ ᠵᠢᠨ ᠭᠤᠶᠤᠴᠢᠯᠠᠨ ᠮᠡᠳᠡᠭᠦᠯᠬᠦ ᠮᠠᠲ᠋ᠧᠷᠢᠶᠠᠯ᠎ᠢ ᠵᠥᠪᠬᠡᠨ ᠥᠪᠡᠷᠲᠡᠭᠡᠨ ᠵᠠᠰᠠᠬᠤ ᠣᠷᠣᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠦᠨ ᠬᠦᠷᠭᠡᠵᠦ᠂ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠤ ᠳᠠᠭᠢᠵᠤ ᠮᠡᠳᠡᠭᠦᠯᠵᠦ ᠬᠦᠷᠭᠡᠬᠦ ᠦᠭᠡᠢ ᠭᠡᠵᠦ ᠲᠣᠳᠣᠷᠬᠠᠢ ᠲᠣᠭᠲᠠᠭ᠋ᠠᠪᠠ᠃ 《ᠠᠷᠭ᠎ᠠ》 ᠵᠢᠨ ᠬᠤᠷᠢᠨ ᠨᠢᠭᠡᠳᠦᠭᠡᠷ ᠵᠦᠢ᠍ᠯ᠎ᠤᠨ 《ᠲᠤᠰᠬᠠᠢ ᠵᠦᠢ᠍ᠯ ᠵᠶ᠋ᠠᠷ ᠰᠢᠯᠵᠢᠭᠦᠯᠦᠨ ᠥᠭᠬᠦ ᠪᠡᠯᠡ ᠮᠥᠩᠭᠦ ᠵᠢ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠵᠶ᠋ᠠᠷ ᠬᠢᠨᠠᠨ ᠬᠠᠷᠭᠤᠭᠤᠯᠤᠭ᠋ᠠᠳ ᠳᠡᠭᠡᠭᠰᠢ ᠮᠡᠳᠡᠭᠦᠯᠬᠦ ᠬᠡᠷᠡᠭᠲᠡᠢ ᠪᠠᠶ᠋ᠢᠪᠠᠯ᠂ ᠱᠠᠲᠤ ᠳᠠᠷᠠᠭ᠋ᠠᠯᠠᠨ ᠬᠢᠨᠠᠨ ᠬᠠᠷᠭᠤᠭᠤᠯᠵᠤ ᠳᠡᠭᠡᠭᠰᠢ ᠮᠡᠳᠡᠭᠦᠯᠬᠦ ᠵᠢᠨ ᠬᠠᠮᠲᠤ᠂ ᠵᠠᠰᠠᠭ᠎ᠤᠨ ᠣᠷᠳᠣᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠵᠠᠰᠠᠭ᠎ᠤᠨ ᠣᠷᠳᠣᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠤᠯᠪᠤᠭ᠋ᠠᠯᠠᠨ ᠲᠣᠭᠲᠠᠭᠰᠠᠨ ᠴᠠᠭ ᠬᠢᠵᠠᠭ᠋ᠠᠷ᠎ᠲᠤ ᠬᠤᠯᠪᠣᠭᠳᠠᠯ ᠪᠦᠬᠦᠢ ᠮᠠᠲ᠋ᠧᠷᠢᠶᠠᠯ ᠵᠶ᠋ᠠᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠪᠠ ᠥᠪᠡᠷᠲᠡᠭᠡᠨ ᠵᠠᠰᠠᠬᠤ ᠣᠷᠣᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠦᠨ ᠬᠦᠷᠭᠡᠬᠦ ᠬᠡᠷᠡᠭᠲᠡᠢ᠃》 ᠭᠡᠳᠡᠭ᠎ᠲᠤ 《ᠲᠤᠰᠬᠠᠢ ᠵᠦᠢ᠍ᠯ ᠵᠶ᠋ᠠᠷ ᠰᠢᠯᠵᠢᠭᠦᠯᠦᠨ ᠥᠭᠬᠦ ᠪᠡᠯᠡ ᠮᠥᠩᠭᠦ ᠵᠢ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠵᠶ᠋ᠠᠷ ᠬᠢᠨᠠᠨ ᠬᠠᠷᠭᠤᠭᠤᠯᠤᠭ᠋ᠠᠳ ᠳᠡᠭᠡᠭᠰᠢ ᠮᠡᠳᠡᠭᠦᠯᠬᠦ ᠬᠡᠷᠡᠭᠲᠡᠢ ᠪᠠᠶ᠋ᠢᠪᠠᠯ᠂ ᠱᠠᠲᠤ ᠳᠠᠷᠠᠭ᠋ᠠᠯᠠᠨ ᠬᠢᠨᠠᠨ ᠬᠠᠷᠭᠤᠭᠤᠯᠵᠤ ᠳᠡᠭᠡᠭᠰᠢ ᠮᠡᠳᠡᠭᠦᠯᠬᠦ ᠵᠢᠨ ᠬᠠᠮᠲᠤ᠂ ᠵᠠᠰᠠᠭ᠎ᠤᠨ ᠣᠷᠳᠣᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠰᠠᠭ᠎ᠤᠨ ᠣᠷᠳᠣᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠠᠢ ᠬᠤᠯᠪᠤᠭ᠋ᠠᠯᠠᠨ ᠲᠣᠭᠲᠠᠭᠰᠠᠨ ᠴᠠᠭ ᠬᠢᠵᠠᠭ᠋ᠠᠷ᠎ᠲᠤ ᠬᠤᠯᠪᠣᠭᠳᠠᠯ ᠪᠦᠬᠦᠢ ᠮᠠᠲ᠋ᠧᠷᠢᠶᠠᠯ ᠵᠶ᠋ᠠᠨ ᠥᠪᠡᠷᠲᠡᠭᠡᠨ ᠵᠠᠰᠠᠬᠤ ᠣᠷᠣᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠦᠨ ᠬᠦᠷᠭᠡᠬᠦ ᠬᠡᠷᠡᠭᠲᠡᠢ》 ᠭᠡᠵᠦ ᠵᠠᠰᠠᠪᠤᠷᠢ ᠣᠷᠣᠭᠤᠯᠪᠠ᠃
      ᠳᠥᠷᠪᠡ᠂ ᠥᠪᠡᠷᠲᠡᠭᠡᠨ ᠵᠠᠰᠠᠬᠤ ᠣᠷᠣᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠠᠶ᠋ᠢᠮᠠᠭ ᠬᠤᠲᠠ ᠵᠢᠨ᠎ᠬᠢᠨ᠎ᠤ ᠳᠡᠭᠡᠭᠰᠢ ᠮᠡᠳᠡᠭᠦᠯᠦᠭᠰᠡᠨ ᠲᠤᠰᠬᠠᠢ ᠵᠦᠢ᠍ᠯ ᠵᠶ᠋ᠠᠷ ᠰᠢᠯᠵᠢᠭᠦᠯᠦᠨ ᠥᠭᠬᠦ ᠪᠡᠯᠡ ᠮᠥᠩᠭᠦ ᠵᠢᠨ ᠲᠥᠷᠥᠯ ᠵᠦᠢ᠍ᠯ᠎ᠢ ᠬᠢᠨᠠᠨ ᠬᠠᠷᠭᠤᠭᠤᠯᠬᠤ ᠪᠠ ᠪᠡᠯᠡ ᠮᠥᠩᠭᠦ ᠬᠤᠪᠢᠶᠠᠷᠢᠯᠠᠬᠤ ᠵᠢ ᠬᠠᠷᠢᠭᠤᠴᠠᠵᠤ᠂ ᠡᠳ᠋᠎ᠤᠨ ᠵᠠᠰᠠᠭ᠎ᠤᠨ ᠰᠠᠯᠠᠭ᠎ᠠ ᠮᠥᠴᠢᠷ ᠳᠠᠬᠢᠵᠤ ᠣᠷᠣᠯᠴᠠᠬᠤ ᠦᠭᠡᠢ ᠭᠡᠵᠦ ᠲᠣᠳᠣᠷᠬᠠᠢ ᠲᠣᠭᠲᠠᠭ᠋ᠠᠪᠠ᠃ 《ᠠᠷᠭ᠎ᠠ》 ᠵᠢᠨ ᠬᠤᠷᠢᠨ ᠲᠠᠪᠤᠳᠤᠭ᠋ᠠᠷ ᠵᠦᠢ᠍ᠯ᠎ᠤᠨ 《ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠨᠢ ᠥᠪᠡᠷᠲᠡᠭᠡᠨ ᠵᠠᠰᠠᠬᠤ ᠣᠷᠣᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠨ ᠲᠥᠷᠥᠯ ᠵᠦᠢ᠍ᠯ᠎ᠤᠨ ᠬᠢᠨᠠᠨ ᠬᠠᠷᠭᠤᠭᠤᠯᠬᠤ ᠠᠵᠢᠯ᠎ᠢ ᠴᠠᠭ ᠲᠤᠬᠠᠢ᠎ᠳᠤ᠎ᠨᠢ ᠥᠷᠨᠢᠭᠦᠯᠵᠦ᠂ ᠪᠡᠯᠡ ᠮᠥᠩᠭᠦ ᠬᠤᠪᠢᠶᠠᠷᠢᠯᠠᠬᠤ ᠲᠥᠰᠥᠯ᠎ᠢ ᠲᠡᠰ ᠳᠠᠷᠠᠭ᠋ᠠᠯᠠᠯ ᠶᠣᠰᠣᠭ᠋ᠠᠷ ᠳᠤᠷᠠᠳᠬᠤ ᠬᠡᠷᠡᠭᠲᠡᠢ᠃》 ᠭᠡᠳᠡᠭ᠎ᠲᠤ 《ᠥᠪᠡᠷᠲᠡᠭᠡᠨ ᠵᠠᠰᠠᠬᠤ ᠣᠷᠣᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠥᠷᠥᠯ ᠵᠦᠢ᠍ᠯ᠎ᠢ ᠬᠢᠨᠠᠨ ᠬᠠᠷᠭᠤᠭᠤᠯᠬᠤ ᠠᠵᠢᠯ᠎ᠢ ᠴᠠᠭ ᠲᠤᠬᠠᠢ᠎ᠳᠤ᠎ᠨᠢ ᠥᠷᠨᠢᠭᠦᠯᠵᠦ᠂ ᠪᠡᠯᠡ ᠮᠥᠩᠭᠦ ᠬᠤᠪᠢᠶᠠᠷᠢᠯᠠᠬᠤ ᠲᠥᠰᠥᠯ᠎ᠢ ᠲᠠᠰ ᠳᠠᠷᠠᠭ᠋ᠠᠯᠠᠯ ᠶᠣᠰᠣᠭ᠋ᠠᠷ ᠳᠤᠷᠠᠳᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠨᠢ ᠪᠡᠯᠡ ᠮᠥᠩᠭᠦ ᠬᠡᠷᠡᠭᠯᠡᠬᠦ ᠬᠡᠪᠴᠢᠶ᠎ᠡ᠂ ᠳᠡᠮᠵᠢᠬᠦ ᠴᠢᠭᠯᠡᠯ᠎ᠳᠤ ᠲᠣᠭᠲᠠᠭ᠋ᠠᠯ᠎ᠳᠤ ᠨᠡᠶ᠋ᠢᠴᠡᠬᠦ ᠴᠢᠨᠠᠷ᠎ᠤᠨ ᠬᠢᠨᠠᠨ ᠪᠠᠶ᠋ᠢᠴᠠᠭ᠋ᠠᠯᠲᠠ ᠬᠢᠨ᠎ᠡ》 ᠭᠡᠵᠦ ᠵᠠᠰᠠᠪᠤᠷᠢ ᠣᠷᠣᠭᠤᠯᠪᠠ᠃
      ᠲᠠᠪᠤ᠂ ᠲᠤᠰ ᠮᠡᠳᠡᠭᠳᠡᠯ᠎ᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ ᠬᠡᠷᠡᠭᠵᠢᠭᠦᠯᠬᠦ ᠶᠠᠪᠤᠴᠠ᠎ᠳᠤ ᠲᠣᠬᠢᠶᠠᠯᠳᠤᠭᠰᠠᠨ ᠠᠰᠠᠭᠤᠳᠠᠯ᠎ᠢ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠠᠴᠠ ᠬᠠᠷᠢᠭᠤᠴᠠᠨ ᠲᠠᠶ᠋ᠢᠯᠪᠤᠷᠢᠯᠠᠨ᠎ᠠ᠃
      2024 ᠣᠨ᠎ᠤ 12 ᠳ᠋ᠤᠭ᠋ᠠᠷ ᠰᠠᠷ᠎ᠠ ᠵᠢᠨ 3᠎ᠤ ᠡᠳᠦᠷ
      (ᠲᠣᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)

ᠢᠷᠡᠯᠲᠡ᠄ ᠦᠪᠦᠷ ᠮᠣᠩᠭᠤᠯ᠎ᠤᠨ ᠵᠠᠰᠠᠭ᠎ᠤᠨ ᠣᠷᠳᠤᠨ