ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠠᠷᠠᠳ᠎ᠤᠨ
ᠵᠠᠰᠠᠭ᠎ᠤᠨ ᠣᠷᠳᠣᠨ᠎ᠤ ᠠᠯᠪᠠᠨ ᠲᠢᠩᠭᠢᠮ᠎ᠤᠨ ᠪᠢᠴᠢᠭ ᠮᠠᠲ᠋ᠧᠷᠢᠶᠠᠯ
ᠦᠪᠦᠷ ᠵᠠᠰᠠᠭ ᠠᠯᠪᠠᠨ ᠲᠠᠷᠬᠠᠭ᠋ᠠᠭᠰᠠᠨ [2025] 2 ᠳ᠋ᠤᠭ᠋ᠠᠷ ᠲᠣᠭ᠋ᠠᠲᠤ
《ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠤ ᠴᠢᠨᠠᠷ ᠰᠠᠶ᠋ᠢᠲᠠᠶ ᠬᠥᠭᠵᠢᠯᠲᠡ᠎ᠪᠠᠷ ᠮᠥᠰᠥ ᠴᠠᠰᠤᠨ᠎ᠤ ᠠᠵᠤ ᠠᠬᠤᠢ ᠵᠢᠨ
ᠠᠮᠢᠵᠢᠷᠠᠯ᠎ᠤᠨ ᠬᠦᠴᠦᠨ᠎ᠢ ᠬᠥᠭᠵᠢᠭᠡᠬᠦ ᠲᠤᠬᠠᠶ ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠭᠢᠮ᠎ᠤᠨ ᠰᠠᠨᠠᠯ᠎ᠤᠳ》
ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠭᠤᠣᠯᠳᠠᠯᠭ᠋ᠠᠲᠤ ᠡᠭᠦᠷᠭᠡ ᠵᠢᠨ ᠲᠤᠳᠤᠷᠬᠠᠢ ᠬᠠᠭᠤᠳᠠᠰᠤ ᠵᠢ ᠳᠠᠷᠤᠮᠠᠯᠯᠠᠨ ᠶᠠᠪᠤᠭᠤᠯᠬᠤ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
《〈ᠮᠥᠰᠥ ᠴᠠᠰᠤᠨ᠎ᠤ ᠲᠠᠮᠢᠷ᠎ᠤᠨ ᠬᠦᠳᠡᠯᠭᠡᠭᠡᠨ᠎ᠤ ᠴᠢᠨᠠᠷ ᠰᠠᠶ᠋ᠢᠲᠠᠶ ᠬᠥᠭᠵᠢᠯᠲᠡ᠎ᠪᠠᠷ ᠮᠥᠰᠥ ᠴᠠᠰᠤᠨ᠎ᠤ ᠠᠵᠤ ᠠᠬᠤᠢ ᠵᠢᠨ ᠠᠮᠢᠵᠢᠷᠠᠯ᠎ᠤᠨ ᠬᠦᠴᠦᠨ᠎ᠢ ᠬᠥᠭᠵᠢᠭᠡᠬᠦ ᠲᠤᠬᠠᠶ ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠤᠨ ᠰᠠᠨᠠᠯ᠎ᠤᠳ〉᠎ᠢ ᠲᠣᠭᠤᠰᠢᠯᠠᠭᠤᠯᠤᠨ ᠨᠠᠶ᠋ᠢᠳᠠᠪᠤᠷᠢᠵᠢᠭᠤᠯᠬᠤ ᠭᠤᠣᠯᠳᠠᠯᠭ᠋ᠠᠲᠤ ᠡᠭᠦᠷᠭᠡ ᠵᠢᠨ ᠲᠤᠳᠤᠷᠬᠠᠢ ᠬᠠᠭᠤᠳᠠᠰᠤ》 ᠵᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠡᠳᠦᠭᠡ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠲᠤᠭ᠋ᠠᠶ᠃
2025 ᠣᠨ᠎ᠤ 1 ᠳ᠋ᠤᠭᠡᠷ ᠰᠠᠷ᠎ᠠ ᠵᠢᠨ 8᠎ᠤ ᠡᠳᠦᠷ
(ᠲᠤᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)
《ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠤ ᠴᠢᠨᠠᠷ ᠰᠠᠶ᠋ᠢᠲᠠᠶ ᠬᠥᠭᠵᠢᠯᠲᠡ᠎ᠪᠠᠷ ᠮᠥᠰᠥ ᠴᠠᠰᠤᠨ᠎ᠤ ᠠᠵᠤ ᠠᠬᠤᠢ ᠵᠢᠨ
ᠠᠮᠢᠵᠢᠷᠠᠯ᠎ᠤᠨ ᠬᠦᠴᠦᠨ᠎ᠢ ᠬᠥᠭᠵᠢᠭᠡᠬᠦ ᠲᠤᠬᠠᠶ ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠤᠨ
ᠰᠠᠨᠠᠯ᠎ᠤᠳ》᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠭᠤᠤᠯᠳᠠᠯᠭ᠎ᠠ ᠪᠣᠯᠬᠤ ᠡᠭᠦᠷᠭᠡ ᠵᠢᠨ ᠲᠤᠳᠤᠷᠬᠠᠢ ᠬᠠᠭᠤᠳᠠᠰᠤ
ᠨᠢᠭᠡ᠂ ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠤ ᠥᠷᠨᠢᠨ ᠬᠥᠭᠵᠢᠬᠦ ᠵᠢ ᠠᠬᠢᠭᠤᠯᠤᠨ᠎ᠠ
1. ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠦ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ ᠵᠶ᠋ᠠᠷ ᠬᠥᠭᠵᠢᠭᠡᠭᠰᠡᠨ 《ᠮᠥᠰᠥ ᠴᠠᠰᠤᠨ᠎ᠤ ᠬᠠᠯᠠᠭᠤᠨ ᠦᠷᠨᠢᠯᠲᠡ ᠵᠢᠨ ᠨᠦᠯᠦᠭᠡᠯᠡᠯ》᠎ᠢ ᠥᠷᠭᠡᠳᠬᠡᠨ ᠳᠡᠭᠡᠭᠰᠢᠯᠡᠭᠦᠯᠵᠦ᠂ 《ᠣᠯᠠᠨ ᠲᠦᠮᠡᠨᠴᠢ ᠮᠥᠰᠥ ᠴᠠᠰᠤᠨ᠎ᠤ ᠤᠯᠠᠷᠢᠯ》 ᠵᠶ᠋ᠠᠷ ᠭᠤᠤᠯ ᠰᠡᠳᠦᠪ ᠪᠣᠯᠭ᠋ᠠᠨ᠂ ᠮᠥᠰᠥ ᠴᠠᠰᠤᠨ᠎ᠤ ᠨᠠᠭ᠋ᠠᠳᠤᠮ᠂ ᠡᠪᠦᠯ᠎ᠤᠨ ᠤᠯᠠᠷᠢᠯ᠎ᠤᠨ ᠪᠠᠭ᠋ᠠᠲᠤᠷᠴᠤᠳ᠎ᠤᠨ ᠴᠤᠭᠯᠠᠭ᠋ᠠᠨ᠂ ᠬᠦᠢ᠍ᠲᠡᠨ᠎ᠤ ᠲᠦᠢ᠍ᠯ᠎ᠤᠨ ᠮᠠᠷᠠᠰᠤᠨ ᠤᠷᠤᠯᠳᠤᠭ᠋ᠠᠨ ᠵᠡᠷᠭᠡ ᠥᠪᠡᠷᠮᠢᠴᠡ ᠣᠨᠴᠠᠯᠢᠭ᠎ᠲᠠᠢ ᠮᠥᠰᠥ ᠴᠠᠰᠤᠨ᠎ᠤ ᠨᠠᠷᠠᠲᠤ ᠲᠡᠮᠳᠡᠭ᠎ᠤᠨ ᠠᠵᠢᠯᠯᠠᠭ᠎ᠠ ᠵᠢ ᠥᠷᠭᠡᠨ ᠵᠶ᠋ᠠᠷ ᠥᠷᠨᠢᠭᠦᠯᠵᠦ᠂ ᠮᠥᠰᠥ ᠲᠡᠰᠢᠬᠦ᠂ ᠴᠠᠨᠠᠯᠠᠬᠤ᠂ ᠴᠠᠰᠤᠨ ᠳᠡᠭᠡᠷᠡᠬᠢ ᠬᠥᠯ ᠪᠥᠮᠪᠦᠭᠡ᠂ ᠮᠥᠰᠥᠨ ᠳᠡᠭᠡᠷᠡᠬᠢ ᠯᠤᠤᠲᠤ ᠣᠩᠭᠤᠴᠠ ᠵᠡᠷᠭᠡ ᠣᠯᠠᠨ ᠲᠦᠮᠡᠨ᠎ᠤ ᠳᠡᠷᠭᠡᠳᠡᠬᠢ ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠢ ᠳᠡᠯᠭᠡᠷᠡᠭᠦᠯᠵᠦ᠂ ᠮᠥᠰᠥ ᠴᠠᠰᠤᠨ᠎ᠤ ᠤᠷᠤᠯᠳᠤᠭ᠋ᠠᠨ᠎ᠤ ᠶᠠᠪᠤᠳᠠᠯ᠎ᠤᠨ 《ᠨᠢᠭᠡ ᠭᠠᠵᠠᠷ᠎ᠲᠤ ᠨᠢᠭᠡ ᠨᠡᠷᠡᠲᠦ ᠲᠡᠮᠲᠡᠭ》᠎ᠤᠨ ᠪᠠᠶ᠋ᠢᠭᠤᠯᠤᠯᠲᠠ ᠵᠢ ᠠᠬᠢᠭᠤᠯᠤᠨ᠎ᠠ᠃ ᠮᠥᠰᠥ ᠴᠠᠰᠤᠨ᠎ᠤ ᠲᠥᠷᠥᠯ᠎ᠤᠨ ᠲᠠᠮᠢᠷ᠎ᠤᠨ ᠬᠦᠳᠡᠯᠭᠡᠭᠡᠨ᠎ᠤ ᠨᠡᠶ᠋ᠢᠭᠡᠮᠯᠢᠭ᠂ ᠺᠯᠦ᠋ᠪ᠂ ᠪᠣᠯᠪᠠᠰᠤᠷᠠᠯ᠎ᠤᠨ ᠪᠠᠶ᠋ᠢᠭᠤᠯᠤᠮᠵᠢ ᠵᠢ ᠳᠡᠮᠵᠢᠵᠦ ᠪᠠᠶ᠋ᠢᠭ᠋ᠠᠳ ᠠᠳᠠᠯᠢ ᠪᠤᠰᠤ ᠨᠠᠰᠤᠨ᠎ᠤ ᠳᠤᠷ᠎ᠠ ᠪᠠᠭ᠍ᠠᠲᠠᠳ᠎ᠲᠤ ᠴᠢᠭᠯᠡᠭᠦᠯᠦᠨ ᠪᠡᠶ᠎ᠡ ᠴᠢᠭᠢᠷᠠᠭᠵᠢᠭᠤᠯᠬᠤ ᠵᠢᠯᠣᠭᠤᠳᠣᠯᠭ᠎ᠠ ᠦᠷᠨᠢᠭᠦᠯᠦᠨ᠂ 《ᠭᠤᠷᠪᠠᠨ ᠳ᠋ᠦᠩᠰᠢᠭᠤᠷ ᠬᠥᠮᠦᠨ᠎ᠢ ᠳᠠᠶ᠋ᠢᠴᠢᠯᠠᠨ ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠳᠤ ᠣᠷᠤᠯᠴᠠᠭᠤᠯᠬᠤ》 ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠬᠡᠨ᠎ᠡ᠃ (ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ᠂ ᠰᠣᠶᠣᠯ ᠪᠠ ᠵᠢᠭᠤᠯᠴᠢᠯᠠᠯ᠎ᠤᠨ ᠲᠢᠩᠬᠢᠮ ᠬᠠᠷᠢᠭᠤᠴᠠᠨ᠎ᠠ)
2. ᠨᠥᠬᠦᠴᠡᠯ᠎ᠲᠠᠢ ᠳᠤᠮᠳᠠᠳᠤ ᠪᠠᠭ᠎ᠠ ᠰᠤᠷᠭ᠋ᠠᠭᠤᠯᠢ᠎ᠨᠤᠭᠤᠳ ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠢ ᠪᠡᠶ᠎ᠡ ᠵᠢᠨ ᠲᠠᠮᠢᠷ᠎ᠤᠨ ᠬᠢᠴᠢᠶᠡᠯ ᠪᠤᠶᠤ ᠬᠢᠴᠢᠶᠡᠯ᠎ᠤᠨ ᠭᠠᠳᠠᠨᠠᠬᠢ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠳᠤ᠎ᠪᠠᠨ ᠣᠷᠣᠭᠤᠯᠵᠤ᠂ ᠮᠥᠰᠥ ᠴᠠᠰᠤᠨ᠎ᠤ ᠬᠦᠳᠡᠯᠭᠡᠭᠡᠨ᠎ᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ ᠠᠵᠢᠯᠯᠠᠭ᠎ᠠ ᠵᠢ ᠥᠷᠨᠢᠭᠦᠯᠦᠨ᠂ ᠮᠥᠰᠥ ᠴᠠᠰᠤᠨ᠎ᠤ ᠲᠥᠷᠥᠯ ᠵᠦᠢ᠍ᠯ᠎ᠤᠨ ᠵᠠᠯᠠᠭᠤᠴᠤᠳ ᠪᠠᠭ᠋ᠠᠴᠤᠳ᠎ᠤᠨ ᠤᠷᠤᠯᠳᠤᠭ᠋ᠠᠨ᠎ᠤ ᠶᠠᠪᠤᠳᠠᠯ᠎ᠤᠨ ᠲᠣᠭᠲᠠᠯᠴᠠᠭ᠎ᠠ ᠵᠢ ᠪᠠᠶ᠋ᠢᠭᠤᠯᠤᠨ ᠪᠦᠷᠢᠨᠰᠢᠭᠦᠯᠵᠦ᠂ ᠡᠯ᠎ᠡ ᠭᠠᠵᠠᠷ᠎ᠤᠨ᠎ᠬᠢᠨ ᠲᠤᠬᠠᠶ ᠵᠢᠨ ᠭᠠᠵᠠᠷ ᠣᠷᠣᠨ᠎ᠤ ᠪᠠᠶ᠋ᠢᠳᠠᠯ᠎ᠳᠤ᠎ᠪᠠᠨ ᠲᠣᠬᠢᠷᠠᠭᠤᠯᠤᠨ ᠡᠪᠦᠯ᠎ᠤᠨ ᠤᠯᠠᠷᠢᠯ᠎ᠳᠠᠬᠢ ᠰᠤᠷᠭ᠋ᠠᠭᠤᠯᠢ ᠵᠢᠨ ᠬᠦᠷᠢᠶᠡᠨ᠎ᠤ ᠲᠠᠮᠢᠷ᠎ᠤᠨ ᠴᠤᠭᠯᠠᠭ᠋ᠠᠨ ᠪᠠ ᠰᠤᠷᠭ᠋ᠠᠭᠤᠯᠢ ᠵᠢᠨ ᠬᠤᠭᠤᠷᠣᠨᠳᠣᠬᠢ ᠬᠤᠯᠪᠣᠭ᠋ᠠᠲᠤ ᠤᠷᠤᠯᠳᠤᠭ᠋ᠠᠨ ᠡᠷᠬᠢᠯᠡᠬᠦ ᠵᠢ᠎ᠨᠢ ᠳᠡᠮᠵᠢᠨ᠎ᠡ᠃ 《ᠪᠡᠶ᠎ᠡ ᠵᠢᠨ ᠲᠠᠮᠢᠷ᠎ᠤᠨ ᠠᠩᠭᠢ ᠵᠢᠨ ᠨᠡᠭᠡᠭᠡᠯᠲᠡᠲᠦ ᠡᠳᠦᠷ》᠎ᠤᠨ ᠠᠵᠢᠯᠯᠠᠭ᠎ᠠ ᠵᠢ ᠥᠷᠨᠢᠭᠦᠯᠵᠦ᠂ ᠲᠣᠭᠲᠠᠮᠠᠯ ᠬᠤᠭᠤᠴᠠᠭ᠎ᠠ᠎ᠲᠠᠢ᠎ᠪᠠᠷ ᠮᠥᠰᠥ ᠴᠠᠰᠤᠨ᠎ᠤ ᠬᠦᠳᠡᠯᠭᠡᠭᠡᠨ᠎ᠤ ᠲᠠᠯᠠᠪᠤᠷ ᠣᠷᠳᠣᠨ᠂ ᠪᠣᠯᠪᠠᠰᠤᠷᠠᠯ᠎ᠤᠨ ᠡᠬᠢ ᠪᠠᠶᠠᠯᠢᠭ᠎ᠢ ᠡᠮᠬᠢ ᠵᠢᠷᠤᠮ᠎ᠲᠠᠢ᠎ᠪᠠᠷ ᠵᠠᠯᠠᠭᠤᠴᠤᠳ ᠪᠠᠭ᠋ᠠᠴᠤᠳ᠎ᠲᠤ ᠨᠡᠭᠡᠭᠡᠯᠲᠡ ᠬᠢᠨ᠎ᠡ᠃ (ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠪᠡᠶ᠎ᠡ ᠵᠢᠨ ᠲᠠᠮᠢᠷ᠎ᠤᠨ ᠲᠣᠪᠴᠢᠶ᠎ᠠ ᠬᠠᠷᠢᠭᠤᠴᠠᠨ᠎ᠠ)
3. ᠲᠦᠷᠭᠡᠨ ᠲᠡᠰᠢᠯᠲᠡ᠂ ᠡᠪᠦᠯ᠎ᠤᠨ ᠬᠤᠶᠠᠷ ᠰᠫᠤᠷᠲ᠎ᠤᠨ ᠵᠦᠢ᠍ᠯ᠂ ᠳᠠᠩ ᠬᠠᠪᠲᠠᠰᠤᠨ᠎ᠤ ᠴᠠᠨᠠᠯᠠᠯᠲᠠ ᠵᠢᠨ ᠵᠡᠷᠭᠡᠴᠡᠭᠡ ᠶᠡᠭᠡ ᠡᠷᠭᠢᠯᠲᠡ ᠵᠡᠷᠭᠡ ᠳᠠᠪᠠᠭᠤᠯᠢᠭ ᠲᠥᠷᠥᠯ ᠵᠦᠢ᠍ᠯ᠎ᠢ ᠶᠡᠭᠡ᠎ᠪᠠᠷ ᠬᠥᠭᠵᠢᠭᠦᠯᠵᠦ᠂ 《ᠰᠢᠨᠵᠢᠯᠡᠭᠡᠨ᠂ ᠪᠣᠯᠪᠠᠰᠤᠷᠠᠯ᠂ ᠡᠮᠴᠢᠯᠡᠭᠡ》 ᠵᠢᠨ ᠬᠠᠮ ᠬᠡᠯᠪᠡᠷᠢ ᠵᠢᠨ ᠪᠦᠯᠬᠦᠮ ᠨᠡᠶ᠋ᠢᠲᠡ ᠵᠢᠨ ᠪᠠᠶ᠋ᠢᠭᠤᠯᠤᠯᠲᠠ ᠵᠢ ᠠᠬᠢᠭᠤᠯᠵᠤ᠂ ᠰᠢᠨᠵᠢᠯᠡᠬᠦ ᠤᠬᠠᠭ᠋ᠠᠨᠴᠢ᠎ᠪᠠᠷ ᠪᠣᠯᠪᠠᠰᠤᠷᠠᠬᠤ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠤᠲᠠ᠂ ᠬᠤᠰᠢᠭᠤ ᠰᠢᠶᠠᠨ (ᠬᠤᠲᠠ᠂ ᠲᠣᠭᠤᠷᠢᠭ) ᠭᠤᠷᠪᠠᠨ ᠱᠠᠲᠤᠨ᠎ᠤ ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠤ ᠪᠠᠭ᠋ᠠᠴᠤᠳ᠎ᠤᠨ ᠪᠣᠯᠪᠠᠰᠤᠷᠠᠯ᠂ ᠵᠠᠯᠠᠭᠤᠴᠣᠳ᠎ᠤᠨ ᠪᠣᠯᠪᠠᠰᠣᠷᠠᠯ᠂ ᠲᠦᠪᠯᠡᠷᠡᠭᠦᠯᠦᠭᠰᠡᠨ ᠪᠣᠯᠪᠠᠰᠤᠷᠠᠯ᠎ᠤᠨ ᠲᠣᠭᠲᠠᠯᠴᠠᠭ᠎ᠠ ᠵᠢ ᠲᠦᠷᠭᠡᠳᠬᠡᠨ ᠪᠠᠶ᠋ᠢᠭᠤᠯᠵᠤ᠂ ᠤᠯᠤᠰ᠎ᠤᠨ ᠠᠩᠭᠢ᠎ᠳᠤ ᠴᠢᠳᠠᠪᠤᠷᠢᠲᠠᠨ ᠬᠦᠷᠭᠡᠬᠦ ᠪᠠ ᠲᠥᠷᠥᠯ ᠵᠦᠢ᠍ᠯ᠎ᠢ ᠬᠠᠮᠲᠤ᠎ᠪᠠᠷ ᠪᠠᠶ᠋ᠢᠭᠤᠯᠬᠤ ᠡᠷᠴᠢᠮ ᠵᠶ᠋ᠠᠨ ᠴᠢᠩᠭ᠋ᠠᠷᠠᠭᠤᠯᠤᠨ᠎ᠠ᠃ 2026 ᠣᠨ᠎ᠤ ᠮᠢᠯᠠᠨ᠎ᠤ ᠡᠪᠦᠯ᠎ᠤᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠂ 2028 ᠣᠨ᠎ᠤ ᠪᠥᠬᠦ ᠤᠯᠤᠰ᠎ᠤᠨ ᠠᠷᠪᠠᠨ ᠲᠠᠪᠤᠳᠤᠭ᠋ᠠᠷ ᠬᠤᠭᠤᠴᠠᠭ᠋ᠠᠨ᠎ᠤ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ ᠵᠡᠷᠭᠡ ᠴᠢᠬᠤᠯᠠ ᠶᠡᠭᠡ ᠤᠷᠤᠯᠳᠤᠭ᠋ᠠᠨ᠎ᠤ ᠶᠠᠪᠤᠳᠠᠯ᠎ᠳᠤ ᠪᠥᠬᠦ ᠬᠦᠴᠦᠨ ᠵᠶ᠋ᠠᠷ ᠵᠶ᠋ᠠᠨ ᠪᠡᠯᠡᠳᠬᠡᠯ ᠬᠢᠨ᠎ᠡ᠃ (ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠬᠠᠷᠢᠭᠤᠴᠠᠨ᠎ᠠ)
4. ᠰᠢᠯᠢᠳᠡᠭ ᠪᠡᠶ᠎ᠡ ᠵᠢᠨ ᠲᠠᠮᠢᠷ᠎ᠤᠨ ᠠᠩᠭᠢ ᠵᠢᠨ ᠱᠠᠩᠨᠠᠵᠤ ᠨᠦᠬᠦᠪᠦᠷᠢᠯᠡᠬᠦ ᠲᠣᠭᠲᠠᠴᠠ ᠵᠢ ᠪᠠᠶ᠋ᠢᠭᠤᠯᠵᠤ᠂ ᠵᠠᠬ᠎ᠠ ᠳᠡᠯᠭᠡᠭᠦᠷᠴᠢᠯᠡᠭᠰᠡᠨ᠂ ᠣᠯᠠᠨ ᠡᠰᠢᠴᠢᠯᠡᠭᠰᠡᠨ ᠬᠤᠯᠪᠣᠭ᠋ᠠᠯᠠᠨ ᠠᠩᠭᠢ ᠡᠷᠬᠢᠯᠡᠬᠦ ᠬᠢᠷᠢ ᠲᠦᠪᠰᠢᠨ ᠵᠶ᠋ᠠᠨ ᠳᠡᠭᠡᠭᠰᠢᠯᠡᠭᠦᠯᠵᠦ᠂ ᠰᠢᠰᠲ᠋ᠧᠮ᠎ᠲᠠᠢ ᠪᠦᠷᠢᠨ ᠲᠡᠭᠦᠯᠳᠡᠷ᠂ ᠠᠬᠢᠨ ᠳᠠᠪᠰᠢᠵᠤ ᠵᠤᠯᠭ᠋ᠠᠭᠤᠯᠤᠭᠰᠠᠨ ᠴᠢᠳᠠᠪᠤᠷᠢᠲᠠᠨ ᠬᠥᠮᠦᠵᠢᠭᠦᠯᠬᠦ ᠲᠣᠭᠲᠠᠯᠴᠠᠭ᠎ᠠ ᠵᠢ ᠰᠦᠪᠡᠭᠴᠢᠯᠡᠨ ᠪᠠᠶ᠋ᠢᠭᠤᠯᠤᠨ᠎ᠠ᠃ ᠡᠯ᠎ᠡ ᠭᠠᠵᠠᠷ ᠣᠷᠣᠨ᠂ ᠡᠯ᠎ᠡ ᠰᠤᠷᠭ᠋ᠠᠭᠤᠯᠢ ᠵᠢᠨ᠎ᠬᠢᠨ᠎ᠤ ᠭᠠᠵᠠᠷ ᠣᠷᠣᠨ᠎ᠤ ᠪᠠᠶ᠋ᠢᠳᠠᠯ᠎ᠳᠤ᠎ᠪᠠᠨ ᠲᠣᠬᠢᠷᠠᠭᠤᠯᠤᠨ ᠮᠥᠰᠥ ᠴᠠᠰᠤᠨ᠎ᠤ ᠪᠡᠶ᠎ᠡ ᠵᠢᠨ ᠲᠠᠮᠢᠷ᠎ᠤᠨ ᠠᠩᠭᠢ ᠪᠠᠶ᠋ᠢᠭᠤᠯᠬᠤ ᠵᠢ᠎ᠨᠢ ᠵᠣᠷᠢᠭᠵᠢᠭᠤᠯᠵᠤ᠂ ᠪᠡᠯᠡᠳᠬᠡᠯ ᠡᠩᠨᠡᠭᠡ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠨᠥᠬᠦᠴᠡᠯ᠎ᠳᠤ ᠨᠡᠶ᠋ᠢᠴᠡᠬᠦ ᠡᠩ᠎ᠤᠨ ᠶᠡᠭᠡ ᠳᠡᠭᠡᠳᠦ ᠰᠤᠷᠭ᠋ᠠᠭᠤᠯᠢ ᠵᠢᠨ ᠪᠡᠶ᠎ᠡ ᠵᠢᠨ ᠲᠠᠮᠢᠷ᠎ᠤᠨ ᠲᠥᠷᠥᠯ᠎ᠤᠨ ᠲᠤᠰᠬᠠᠶ ᠮᠡᠷᠭᠡᠵᠢᠯ᠎ᠤᠨ ᠰᠤᠷᠤᠭᠴᠢ ᠡᠯᠰᠡᠬᠦ ᠲᠥᠯᠥᠪᠯᠡᠭᠡ᠎ᠪᠠᠨ ᠮᠥᠰᠥ ᠴᠠᠰᠤᠨ᠎ᠤ ᠲᠠᠮᠢᠷ᠎ᠤᠨ ᠬᠦᠳᠡᠯᠭᠡᠭᠡᠨ ᠲᠡᠶ᠋ᠢᠰᠢ ᠬᠡᠯᠪᠠᠶ᠋ᠢᠯᠭᠡᠬᠦ ᠵᠢ᠎ᠨᠢ ᠵᠣᠷᠢᠭᠵᠢᠭᠤᠯᠤᠨ᠎ᠠ᠃ ᠮᠥᠰᠥ ᠴᠠᠰᠤᠨ᠎ᠤ ᠬᠦᠴᠦᠷᠬᠡᠭ ᠮᠤᠵᠢ᠂ ᠬᠦᠴᠦᠷᠬᠡᠭ ᠰᠤᠷᠭ᠋ᠠᠭᠤᠯᠢ᠎ᠯᠤᠭ᠎ᠠ ᠣᠷᠣᠨ ᠪᠦᠰᠡ ᠠᠯᠤᠰᠯᠠᠨ ᠬᠤᠯᠪᠣᠭ᠋ᠠᠯᠠᠨ ᠴᠢᠳᠠᠪᠤᠷᠢᠲᠠᠨ ᠬᠥᠮᠦᠵᠢᠭᠦᠯᠬᠦ ᠵᠢ ᠴᠢᠩᠭ᠋ᠠᠳᠬᠠᠨ᠎ᠠ᠃ (ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ᠂ ᠰᠤᠷᠭ᠋ᠠᠨ ᠬᠥᠮᠦᠵᠢᠯ᠎ᠤᠨ ᠲᠢᠩᠬᠢᠮ ᠬᠠᠷᠢᠭᠤᠴᠠᠨ᠎ᠠ)
5. ᠷᠠᠰᠢᠶᠠᠨ ᠬᠤᠲᠠ᠂ ᠶᠠᠭᠰᠢ ᠬᠤᠲᠠ᠂ ᠵᠠᠯᠠᠨ ᠠᠶ᠋ᠢᠯ ᠬᠤᠲᠠ᠂ ᠬᠠᠷᠠᠴᠢᠨ ᠬᠤᠰᠢᠭᠤ᠂ ᠯᠢᠶᠠᠩᠴᠧᠩ ᠰᠢᠶᠠᠨ ᠵᠡᠷᠭᠡ ᠭᠠᠵᠠᠷ᠎ᠲᠠᠬᠢ ᠤᠯᠤᠰ᠎ᠤᠨ ᠲᠠᠰ᠎ᠤᠨ ᠪᠤᠶᠤ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠥᠨᠳᠥᠷ ᠬᠢᠷᠢ ᠲᠦᠪᠰᠢᠨ ᠪᠥᠬᠦᠶ ᠮᠥᠰᠥ ᠴᠠᠰᠤᠨ᠎ᠤ ᠪᠣᠯᠪᠠᠰᠤᠷᠠᠯ᠎ᠤᠨ ᠰᠠᠭᠤᠷᠢᠨ ᠭᠠᠵᠠᠷ᠎ᠤᠨ ᠲᠠᠰ ᠳᠡᠪᠰᠢᠬᠦ ᠵᠢ ᠠᠬᠢᠭᠤᠯᠵᠤ᠂ ᠭᠤᠣᠯᠳᠠᠭᠤ ᠮᠥᠰᠥᠨ ᠳᠡᠭᠡᠷᠡᠬᠢ ᠲᠠᠮᠢᠷ᠎ᠤᠨ ᠬᠥᠳᠡᠯᠭᠡᠭᠡᠨ᠎ᠤ ᠪᠣᠯᠪᠠᠰᠤᠷᠠᠯ᠎ᠤᠨ ᠲᠥᠪ᠎ᠢ ᠤᠯᠤᠰ᠎ᠤᠨ ᠲᠠᠰ᠎ᠤᠨ ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠤ ᠪᠣᠯᠪᠠᠰᠤᠷᠠᠯ᠎ᠤᠨ ᠰᠠᠭᠤᠷᠢᠨ ᠭᠠᠵᠠᠷ ᠪᠣᠯᠭ᠋ᠠᠨ ᠪᠠᠶ᠋ᠢᠭᠤᠯᠵᠤ᠂ ᠠᠶ᠋ᠢᠮᠠᠭ ᠬᠤᠲᠠ ᠵᠢᠨ ᠬᠤᠭᠤᠷᠣᠨᠳᠣᠬᠢ ᠮᠥᠰᠥ ᠴᠠᠰᠤᠨ᠎ᠤ ᠲᠥᠷᠥᠯ ᠵᠦᠢ᠍ᠯ᠎ᠤᠨ ᠪᠣᠯᠪᠠᠰᠤᠷᠠᠯ᠎ᠤᠨ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ ᠬᠠᠮᠲᠤ᠎ᠪᠠᠷ ᠬᠡᠷᠡᠭᠯᠡᠬᠦ ᠲᠣᠭᠲᠠᠴᠠ ᠵᠢ ᠲᠡᠭᠦᠯᠳᠡᠷᠵᠢᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠬᠠᠷᠢᠭᠤᠴᠠᠨ᠎ᠠ)
ᠬᠤᠶᠠᠷ᠂ ᠮᠥᠰᠥ ᠴᠠᠰᠤᠨ᠎ᠤ ᠠᠵᠤ ᠠᠬᠤᠶ ᠵᠢᠨ ᠠᠵᠤ ᠦᠢ᠍ᠯᠡᠰ᠎ᠤᠨ ᠬᠡᠯᠬᠢᠶ᠎ᠡ ᠵᠢ ᠤᠷᠲᠤᠳᠬᠠᠨ᠎ᠠ
6. ᠤᠯᠤᠰ᠎ᠤᠨ ᠮᠥᠰᠥ ᠴᠠᠰᠤᠨ᠎ᠤ ᠠᠵᠤ ᠠᠬᠤᠶ ᠵᠢᠨ 《ᠨᠢᠭᠡ ᠣᠷᠣᠨ ᠬᠤᠶᠠᠷ ᠪᠦᠰᠡ ᠣᠯᠠᠨ ᠵᠠᠩᠬᠢᠶᠠᠰᠤ》 ᠵᠢᠨ ᠣᠷᠣᠨ ᠵᠠᠶ ᠵᠢᠨ ᠪᠠᠶ᠋ᠢᠷᠢᠰᠢᠭᠤᠯᠤᠯᠲᠠ᠎ᠳᠤ ᠰᠠᠨᠠᠭ᠋ᠠᠴᠢᠯᠠᠭ᠎ᠠ᠎ᠠᠴᠠ᠎ᠪᠠᠨ ᠠᠭᠤᠰᠤᠯᠴᠠᠵᠤ᠂ ᠬᠥᠯᠥᠨ ᠪᠤᠶ᠋ᠢᠷ ᠬᠤᠲᠠ᠂ ᠬᠢᠩᠭ᠋ᠠᠨ ᠠᠶ᠋ᠢᠮᠠᠭ ᠵᠶ᠋ᠠᠷ ᠭᠤᠤᠯ ᠪᠣᠯᠭ᠋ᠠᠨ ᠨᠥᠯᠥᠭᠡᠯᠡᠬᠦ ᠬᠦᠴᠦᠨ᠎ᠲᠠᠢ ᠮᠥᠰᠥ ᠴᠠᠰᠤᠨ᠎ᠤ ᠠᠵᠤ ᠠᠬᠤᠶ ᠵᠢᠨ ᠬᠥᠲᠥᠯᠦᠨ ᠳᠠᠭ᠋ᠠᠭᠤᠯᠬᠤ ᠣᠷᠣᠨ᠎ᠢ ᠪᠥᠲᠥᠭᠡᠨ ᠪᠠᠶ᠋ᠢᠭᠤᠯᠵᠤ᠂ ᠬᠠᠶ᠋ᠢᠯᠠᠷ ᠲᠣᠭᠤᠷᠢᠭ᠎ᠤᠨ 《ᠤᠮᠠᠷᠠᠲᠤ ᠬᠢᠯᠢ ᠵᠢᠨ ᠭᠡᠷᠡᠯᠲᠦ ᠰᠤᠪᠤᠳ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠤ ᠬᠤᠲᠠ》 ᠪᠠᠶ᠋ᠢᠭᠤᠯᠬᠤ ᠵᠢ ᠳᠡᠮᠵᠢᠵᠦ᠂ 《ᠵᠡᠭᠦᠳᠦ ᠵᠡᠷᠭᠡᠯᠭᠡᠨᠲᠦ ᠷᠠᠰᠢᠶᠠᠨ》 ᠬᠤᠲᠠ ᠵᠢᠨ ᠨᠡᠷ᠎ᠡ ᠵᠢᠨ ᠬᠠᠭᠤᠳᠠᠰᠤ ᠵᠢ ᠪᠥᠬᠦ ᠲᠠᠯ᠎ᠠ᠎ᠪᠠᠷ ᠳᠡᠭᠡᠭᠰᠢᠯᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠪᠡᠶ᠎ᠡ ᠵᠢᠨ ᠲᠠᠮᠢᠷ᠎ᠤᠨ ᠲᠣᠪᠴᠢᠶ᠎ᠠ ᠬᠠᠷᠢᠭᠤᠴᠠᠨ᠎ᠠ)
7. ᠮᠥᠰᠥ ᠴᠠᠰᠤᠨ᠎ᠤ ᠤᠷᠤᠯᠳᠤᠭ᠋ᠠᠨ᠎ᠤ ᠶᠠᠪᠤᠳᠠᠯ᠎ᠤᠨ ᠪᠢᠯᠬᠠᠷᠠᠬᠤ ᠨᠥᠯᠥᠭᠡᠯᠡᠯ᠎ᠢ ᠪᠠᠳᠠᠷᠠᠭᠤᠯᠵᠤ᠂ ᠲᠤᠰᠬᠠᠶ ᠬᠡᠷᠡᠭᠯᠡᠭᠡᠨ᠎ᠤ ᠬᠡᠷᠡᠭᠰᠡᠯ᠂ ᠬᠤᠪᠴᠠᠰᠤ ᠬᠤᠨᠠᠷ ᠵᠠᠰᠠᠯ ᠴᠢᠮᠡᠭᠯᠡᠯ᠂ ᠬᠤᠪᠢ ᠬᠥᠮᠦᠨ᠎ᠤ ᠮᠥᠰᠥ ᠴᠠᠰᠤᠨ᠎ᠤ ᠲᠣᠨᠤᠭ ᠲᠥᠬᠦᠭᠡᠷᠦᠮᠵᠢ ᠵᠡᠷᠭᠡ ᠵᠢ ᠰᠤᠳᠤᠯᠤᠨ ᠨᠡᠭᠡᠭᠡᠵᠦ ᠦᠢ᠍ᠯᠡᠳᠬᠦ ᠠᠵᠤ ᠦᠢ᠍ᠯᠡᠰ᠎ᠢ ᠶᠡᠭᠡ᠎ᠪᠠᠷ ᠬᠥᠭᠵᠢᠭᠦᠯᠦᠨ᠎ᠡ᠃ ᠣᠨᠴᠠ ᠳᠡᠰ᠎ᠤᠨ ᠵᠢᠭᠤᠯᠴᠢᠯᠠᠯ᠎ᠤᠨ ᠡᠬᠢ ᠪᠠᠶᠠᠯᠢᠭ᠎ᠲᠤ ᠲᠦᠰᠢᠭᠯᠡᠨ᠂ ᠨᠡᠩ ᠣᠯᠠᠨ ᠮᠥᠰᠥ ᠴᠠᠰᠤ ᠬᠢᠭᠡᠳ ᠰᠣᠶᠣᠯ᠂ ᠵᠢᠭᠤᠯᠴᠢᠯᠠᠯ᠎ᠢ ᠠᠭᠤᠰᠤᠯᠴᠠᠭᠤᠯᠤᠭᠰᠠᠨ ᠰᠣᠶᠣᠯ᠎ᠤᠨ ᠪᠦᠲᠦᠭᠡᠯᠴᠢ ᠪᠦᠲᠦᠭᠡᠭᠳᠡᠭᠦᠨ᠎ᠢ ᠨᠡᠭᠡᠭᠡᠨ ᠬᠥᠭᠵᠢᠭᠦᠯᠵᠦ᠂ ᠮᠥᠰᠥ ᠴᠠᠰᠤᠨ᠎ᠤ ᠤᠷᠤᠯᠳᠤᠭ᠋ᠠᠨ᠎ᠤ ᠶᠠᠪᠤᠳᠠᠯ᠎ᠤᠨ IP᠎ᠢ ᠪᠣᠢ ᠪᠣᠯᠭ᠋ᠠᠨ᠎ᠠ᠃ ᠮᠥᠰᠥ ᠴᠠᠰᠤᠨ᠎ᠤ ᠬᠦᠷᠢᠶ᠎ᠡ ᠴᠠᠷᠠᠭ᠋ᠠᠨ᠎ᠳᠠᠬᠢ ᠪᠡᠯᠡᠳᠬᠡᠮᠵᠢ ᠵᠢ ᠬᠠᠮᠠᠭ᠋ᠠᠯᠠᠨ ᠬᠠᠮᠢᠶᠠᠷᠬᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ᠂ ᠡᠵᠡᠩᠨᠡᠨ ᠪᠣᠷᠤᠯᠠᠭᠤᠯᠵᠤ ᠳᠡᠯᠭᠡᠷᠡᠭᠦᠯᠬᠦ᠂ ᠣᠷᠴᠢᠨ ᠲᠣᠭᠤᠷᠢᠨ᠎ᠤ ᠬᠠᠮᠠᠭ᠋ᠠᠯᠠᠯᠲᠠ᠂ ᠲᠤᠰᠬᠠᠶ ᠮᠡᠷᠭᠡᠵᠢᠯ᠎ᠤᠨ ᠪᠣᠯᠪᠠᠰᠤᠷᠠᠯ᠂ ᠡᠮᠴᠢᠯᠡᠭᠡ ᠡᠷᠡᠭᠦᠯᠵᠢᠯ ᠵᠡᠷᠭᠡ ᠠᠵᠤ ᠦᠢ᠍ᠯᠡᠰ᠎ᠢ ᠥᠷᠭᠡᠳᠬᠡᠵᠦ᠂ ᠮᠥᠰᠥ ᠴᠠᠰᠤᠨ᠎ᠤ ᠦᠢ᠍ᠯᠡᠴᠢᠯᠡᠭᠡᠨ᠎ᠤ ᠦᠢ᠍ᠯᠡᠰ᠎ᠤᠨ ᠬᠥᠲᠥᠴᠢ ᠠᠵᠤ ᠠᠬᠤᠶ᠋ᠢᠯᠠᠯ᠎ᠢ ᠪᠤᠶ᠋ᠢᠵᠢᠭᠤᠯᠤᠨ᠂ ᠮᠥᠰᠥ ᠴᠠᠰᠤᠨ᠎ᠤ ᠬᠡᠷᠡᠭᠯᠡᠭᠴᠢᠳ᠎ᠲᠤ ᠴᠢᠨᠠᠷ ᠰᠠᠶ᠋ᠢᠲᠠᠶ ᠦᠢ᠍ᠯᠡᠴᠢᠯᠡᠭᠡ ᠬᠠᠩᠭ᠋ᠠᠨ᠎ᠠ᠃ (ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ ᠵᠢᠨ ᠲᠢᠩᠬᠢᠮ᠂ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠪᠡᠶ᠎ᠡ ᠵᠢᠨ ᠲᠠᠮᠢᠷ᠎ᠤᠨ ᠲᠣᠪᠴᠢᠶ᠎ᠠ ᠬᠠᠷᠢᠭᠤᠴᠠᠨ᠎ᠠ)
8. ᠬᠥᠬᠡᠬᠤᠲᠠ᠂ ᠬᠥᠯᠥᠨ ᠪᠤᠶ᠋ᠢᠷ ᠬᠤᠲᠠ᠂ ᠬᠢᠩᠭ᠋ᠠᠨ ᠠᠶ᠋ᠢᠮᠠᠭ᠂ ᠤᠯᠠᠭ᠋ᠠᠨᠬᠠᠳᠠ ᠬᠤᠲᠠ᠂ ᠤᠯᠠᠭ᠋ᠠᠨᠴᠠᠪ ᠬᠤᠲᠠ ᠵᠡᠷᠭᠡ ᠭᠠᠵᠠᠷ᠎ᠤᠨ ᠬᠤᠯᠪᠣᠭ᠋ᠠᠯᠠᠨ ᠲᠦᠯᠦᠪᠵᠢᠭᠦᠯᠬᠦ᠂ ᠪᠠᠶ᠋ᠢᠷᠢ ᠰᠣᠯᠪᠢᠴᠠᠨ ᠬᠠᠷᠢᠯᠴᠠᠨ ᠨᠥᠬᠦᠪᠥᠷᠢᠯᠡᠬᠦ ᠵᠢ ᠳᠡᠮᠵᠢᠵᠦ᠂ ᠨᠢᠭᠡ ᠪᠦᠯᠦᠭ ᠣᠯᠠᠨ ᠶᠠᠩᠵᠤᠴᠢᠯᠠᠭᠰᠠᠨ᠂ ᠥᠪᠡᠷᠮᠢᠴᠡ᠂ ᠵᠦᠷᠢᠶᠡᠴᠢᠯᠡᠭᠰᠡᠨ ᠴᠠᠨᠠᠯᠠᠯᠲᠠ ᠵᠢᠭᠤᠯᠴᠢᠯᠠᠯ᠎ᠤᠨ ᠠᠮᠠᠷᠠᠯᠲᠠ ᠵᠢᠨ ᠭᠠᠵᠠᠷ᠎ᠢ ᠵᠠᠬ᠎ᠠ ᠳᠡᠯᠭᠡᠭᠦᠷᠴᠢᠯᠡᠨ ᠨᠡᠭᠡᠭᠡᠨ ᠬᠥᠭᠵᠢᠭᠦᠯᠵᠦ᠂ ᠥᠪᠥᠷ ᠮᠣᠩᠭᠤᠯ᠎ᠤᠨ ᠣᠨᠴᠠᠯᠢᠭ᠎ᠲᠠᠢ ᠮᠥᠰᠥ ᠴᠠᠰᠤᠨ᠎ᠤ ᠠᠬᠤᠶ ᠪᠠᠶ᠋ᠢᠳᠠᠯ᠎ᠢ ᠨᠡᠩ ᠣᠯᠠᠨ ᠪᠣᠶ ᠪᠣᠯᠭ᠋ᠠᠨ᠎ᠠ᠃ ᠬᠥᠯᠥᠨ ᠪᠤᠶ᠋ᠢᠷ ᠬᠤᠲᠠ ᠵᠢᠨ ᠬᠤᠲᠠ ᠵᠢᠨ ᠬᠡᠭᠡᠷᠡᠯᠡᠨ ᠴᠠᠨᠠᠯᠠᠬᠤ ᠴᠡᠴᠡᠷᠯᠢᠭ᠎ᠤᠨ ᠢᠵᠢ ᠪᠦᠷᠢᠳᠦᠭᠦᠯᠬᠦ ᠬᠢᠷᠢ ᠲᠦᠪᠰᠢᠨ᠎ᠢ ᠳᠡᠭᠡᠭᠰᠢᠯᠡᠭᠦᠯᠵᠦ᠂ ᠬᠢᠩᠭ᠋ᠠᠨ ᠠᠶ᠋ᠢᠮᠠᠭ᠎ᠤᠨ ᠲᠠᠯ᠎ᠠ ᠨᠤᠲᠤᠭ᠎ᠤᠨ ᠪᠠᠭᠤᠳᠠᠯ᠎ᠤᠨ ᠪᠦᠯᠦᠭᠵᠢᠯ᠎ᠤᠨ 《ᠴᠠᠰᠤᠲᠤ ᠲᠠᠯ᠎ᠠ ᠵᠢᠨ ᠥᠷᠲᠡᠭᠡ》 ᠲᠡᠶ᠋ᠢᠰᠢ ᠰᠢᠯᠵᠢᠬᠦ ᠵᠢ ᠲᠦᠷᠭᠡᠳᠬᠡᠨ᠂ ᠬᠡᠭᠡᠷ᠎ᠡ ᠵᠢᠨ ᠮᠥᠰᠥ ᠴᠠᠰᠤ᠎ᠪᠠᠷ ᠭᠤᠣᠯᠯᠠᠭᠰᠠᠨ᠂ ᠣᠶ ᠰᠢᠭᠤᠶ ᠨᠤᠲᠤᠭ ᠪᠡᠯᠴᠢᠭᠡᠷ ᠬᠠᠷᠢᠯᠴᠠᠨ ᠨᠦᠬᠦᠪᠦᠷᠢᠯᠡᠭᠰᠡᠨ 《ᠮᠥᠰᠥ ᠴᠠᠰᠤᠨ᠎ᠤ ᠵᠢᠭᠤᠯᠴᠢᠯᠠᠯ᠎ᠤᠨ ᠲᠩᠷᠢ ᠵᠢᠨ ᠵᠠᠮ》᠎ᠢ ᠪᠣᠶ ᠪᠣᠯᠭ᠋ᠠᠵᠤ᠂ ᠮᠥᠰᠥ ᠴᠠᠰᠤᠨ᠎ᠤ ᠵᠢᠭᠤᠯᠴᠢᠯᠠᠯ᠎ᠤᠨ ᠴᠢᠨᠠᠷ ᠰᠠᠶ᠋ᠢᠲᠠᠶ ᠵᠣᠷᠢᠭᠰᠠᠨ ᠭᠠᠵᠠᠷ᠎ᠢ ᠪᠥᠲᠥᠭᠡᠨ ᠪᠠᠶ᠋ᠢᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
9. 《ᠤᠷᠤᠯᠳᠤᠭ᠋ᠠᠨ᠎ᠤ ᠳᠠᠰᠢᠷᠠᠮ ᠵᠶ᠋ᠠᠷ ᠵᠢᠭᠤᠯᠴᠢᠯᠠᠬᠤ》᠂ 《ᠠᠶᠠᠯᠭᠤᠲᠤ ᠥᠪᠥᠷ ᠮᠣᠩᠭᠤᠯ · ᠪᠠᠶᠠᠰᠬᠤᠯᠠᠩᠲᠤ ᠮᠥᠰᠥ ᠴᠠᠰᠤᠨ᠎ᠤ ᠤᠯᠠᠷᠢᠯ》᠂ 《ᠰᠤᠭᠲᠤᠭᠤᠷᠠᠮ᠎ᠠ ᠭᠦᠢ᠍ᠲᠡᠨ ᠬᠥᠯᠥᠨ ᠪᠤᠶ᠋ᠢᠷ》᠂ 《ᠳᠠᠯᠠᠶ᠋ᠢᠨᠠᠭᠤᠷᠤᠨ ᠡᠪᠦᠯ᠎ᠤᠨ ᠤᠯᠠᠷᠢᠯ᠎ᠤᠨ ᠵᠢᠭ᠋ᠠᠰᠤᠨ ᠠᠩᠨᠠᠯ᠎ᠤᠨ ᠪᠠᠶᠠᠷ》᠂ 《ᠡᠪᠦᠯ᠎ᠤᠨ ᠤᠯᠠᠷᠢᠯ᠎ᠤᠨ ᠮᠣᠩᠭᠤᠯ ᠮᠣᠷᠢᠨ᠎ᠤ ᠬᠡᠲᠦ ᠳᠡᠰ᠎ᠤᠨ ᠬᠤᠯᠪᠣᠭ᠋ᠠᠲᠤ ᠤᠷᠤᠯᠳᠤᠭ᠋ᠠᠨ》᠂ 《ᠤᠯᠠᠭ᠋ᠠᠨᠴᠠᠪ᠎ᠤᠨ ᠮᠥᠰᠥ ᠴᠠᠰᠤᠨ᠎ᠳᠠᠬᠢ ᠭᠠᠯᠲᠤ ᠠᠭᠤᠯᠠ》 ᠵᠡᠷᠭᠡ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠬᠤᠳᠠᠯᠳᠤᠭ᠎ᠠ ᠵᠢ ᠠᠭᠤᠰᠤᠯᠴᠠᠭᠤᠯᠬᠤ ᠠᠵᠢᠯᠯᠠᠭ᠎ᠠ ᠵᠢ ᠥᠷᠨᠢᠭᠦᠯᠵᠦ᠂ 《ᠮᠥᠰᠥ ᠴᠠᠰᠤᠨ᠎ᠤ ᠨᠠᠭ᠋ᠠᠳᠤᠮ》᠂ 《ᠪᠡᠭᠡᠵᠢᠩ᠎ᠠᠴᠠ ᠪᠠᠷᠠᠭᠤᠨᠰᠢ᠎ᠪᠠᠨ ᠨᠢᠭᠡ ᠠᠯᠬᠤᠵᠤ ᠴᠠᠨᠠᠯᠠᠬᠤ》 ᠵᠡᠷᠭᠡ ᠲᠠᠲᠠᠬᠤ ᠬᠦᠴᠦᠨ ᠵᠶ᠋ᠠᠷ ᠴᠢᠩᠭ᠎ᠠ᠂ ᠪᠡᠶᠡᠴᠢᠯᠡᠨ ᠣᠶ᠋ᠢᠯᠠᠭ᠋ᠠᠬᠤ ᠲᠦᠷᠦᠭᠳᠡᠯ ᠵᠶ᠋ᠠᠷ ᠰᠠᠶ᠋ᠢᠨ ᠣᠷᠣᠨ ᠨᠤᠲᠤᠭ᠎ᠤᠨ ᠮᠥᠰᠥ ᠴᠠᠰᠤᠨ᠎ᠤ ᠨᠠᠷᠠᠲᠤ ᠲᠡᠮᠲᠡᠭ᠎ᠤᠨ ᠠᠵᠢᠯᠯᠠᠭ᠎ᠠ ᠵᠢ ᠬᠥᠲᠥᠯᠦᠨ ᠳᠠᠭ᠋ᠠᠭᠤᠯᠵᠤ ᠪᠣᠢ ᠪᠣᠯᠭ᠋ᠠᠨ᠂ ᠥᠪᠡᠷᠲᠡᠭᠡᠨ ᠵᠠᠰᠠᠬᠤ ᠣᠷᠣᠨ᠎ᠤ ᠮᠥᠰᠥ ᠴᠠᠰᠤᠨ᠎ᠤ ᠵᠢᠭᠤᠯᠴᠢᠯᠠᠯ᠎ᠤᠨ ᠨᠥᠯᠥᠭᠡᠯᠡᠬᠦ ᠬᠦᠴᠦᠨ᠎ᠢ ᠳᠡᠭᠡᠭᠰᠢᠯᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠪᠡᠶ᠎ᠡ ᠵᠢᠨ ᠲᠠᠮᠢᠷ᠎ᠤᠨ ᠲᠣᠪᠴᠢᠶ᠎ᠠ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠬᠠᠷᠢᠭᠤᠴᠠᠨ᠎ᠠ)
ᠭᠤᠷᠪᠠ᠂ ᠮᠥᠰᠥ ᠴᠠᠰᠤᠨ᠎ᠤ ᠬᠡᠷᠡᠭᠯᠡᠭᠡ ᠵᠢ ᠠᠬᠢᠭᠤᠯᠤᠨ ᠥᠷᠭᠡᠳᠬᠡᠨ᠎ᠡ
10. ᠮᠥᠰᠥ ᠴᠠᠰᠤᠨ᠎ᠤ ᠬᠡᠷᠡᠭᠯᠡᠭᠡ ᠵᠢ ᠠᠬᠢᠭᠤᠯᠬᠤ ᠲᠤᠰᠬᠠᠶ ᠠᠵᠢᠯᠯᠠᠭ᠋ᠠᠨ᠎ᠢ ᠬᠡᠷᠡᠭᠵᠢᠭᠦᠯᠦᠨ᠎ᠡ᠃ ᠬᠠᠶ᠋ᠢᠯᠠᠷ ᠲᠣᠭᠤᠷᠢᠭ᠂ ᠮᠠᠨᠵᠤᠤᠷ ᠬᠤᠲᠠ᠂ ᠷᠠᠰᠢᠶᠠᠨ ᠬᠤᠲᠠ ᠵᠡᠷᠭᠡ ᠵᠢᠨ ᠥᠪᠡᠷᠮᠢᠴᠡ ᠣᠨᠴᠠᠯᠢᠭ᠎ᠲᠠᠢ᠂ ᠷᠢᠲᠢ ᠰᠢᠳᠢ᠎ᠲᠠᠢ ᠮᠥᠰᠥ ᠴᠠᠰᠤᠨ᠎ᠤ ᠵᠢᠭᠤᠯᠴᠢᠯᠠᠯ᠎ᠤᠨ ᠬᠡᠷᠡᠭᠯᠡᠭᠡᠨ᠎ᠤ ᠲᠥᠪ ᠪᠠᠶ᠋ᠢᠭᠤᠯᠬᠤ ᠵᠢ ᠠᠬᠢᠭᠤᠯᠤᠨ᠎ᠠ᠃ ᠬᠥᠬᠡᠬᠤᠲᠠ᠂ ᠤᠯᠠᠭ᠋ᠠᠨᠬᠠᠳᠠ ᠬᠤᠲᠠ᠂ ᠤᠯᠠᠭ᠋ᠠᠨᠴᠠᠪ ᠬᠤᠲᠠ ᠵᠡᠷᠭᠡ ᠵᠢᠨ ᠣᠷᠣᠨ ᠪᠦᠰᠡ ᠵᠢᠨ ᠮᠥᠰᠥ ᠴᠠᠰᠤᠨ᠎ᠤ ᠵᠢᠭᠤᠯᠴᠢᠯᠠᠯ᠎ᠤᠨ ᠬᠡᠷᠡᠭᠯᠡᠭᠡᠨ᠎ᠤ ᠲᠥᠪ ᠪᠠᠶ᠋ᠢᠭᠤᠯᠬᠤ ᠵᠢ ᠠᠬᠢᠭᠤᠯᠤᠨ᠎ᠠ᠃ ᠡᠯ᠎ᠡ ᠭᠠᠵᠠᠷ ᠣᠷᠣᠨ᠎ᠤ᠎ᠬᠢᠨ ᠮᠥᠰᠥ ᠴᠠᠰᠤᠨ᠎ᠤ ᠤᠷᠤᠯᠳᠤᠭ᠋ᠠᠨ᠎ᠤ ᠶᠠᠪᠤᠳᠠᠯ᠎ᠤᠨ ᠪᠢᠯᠬᠠᠷᠠᠬᠤ ᠨᠦᠯᠦᠬᠡᠯᠡᠯ ᠵᠶ᠋ᠠᠨ ᠪᠠᠳᠠᠷᠠᠭᠤᠯᠬᠤ ᠵᠢ᠎ᠨᠢ ᠳᠠᠮᠵᠢᠵᠤ᠂ ᠮᠥᠰᠥ ᠴᠠᠰᠤᠨ᠎ᠤ ᠬᠡᠷᠡᠭᠯᠡᠭᠡᠨ᠎ᠤ ᠤᠯᠠᠷᠢᠯ ᠵᠡᠷᠭᠡ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠬᠤᠳᠠᠯᠳᠤᠭ᠋ᠠᠨ᠎ᠤ ᠠᠵᠢᠯᠯᠠᠭ᠎ᠠ ᠥᠷᠨᠢᠭᠦᠯᠬᠦ ᠵᠢ ᠵᠣᠷᠢᠭᠵᠢᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠰᠣᠶᠣᠯ ᠪᠠ ᠵᠢᠭᠤᠯᠴᠢᠯᠠᠯ᠎ᠤᠨ ᠲᠢᠩᠬᠢᠮ ᠬᠠᠷᠢᠭᠤᠴᠠᠨ᠎ᠠ)
11. ᠵᠢᠭᠤᠯᠴᠢᠯᠠᠭᠴᠢ ᠵᠢ ᠪᠤᠳᠤᠯᠬᠢᠯᠠᠬᠤ ᠰᠡᠳᠬᠢᠬᠦᠶ᠎ᠪᠠᠨ ᠴᠢᠩᠭ᠋ᠠᠷᠠᠭᠤᠯᠵᠤ᠂ 《ᠢᠳᠡᠵᠦ ᠤᠤᠭᠤᠬᠤ ᠬᠤᠨᠣᠵᠤ ᠬᠡᠪᠲᠡᠬᠦ ᠶᠠᠪᠤᠵᠤ ᠰᠠᠭᠤᠬᠤ ᠵᠢᠭᠤᠯᠴᠢᠯᠠᠨ ᠲᠣᠭᠤᠷᠢᠬᠤ ᠪᠠᠷᠠᠭ᠎ᠠ ᠬᠤᠳᠠᠯᠳᠤᠨ ᠠᠪᠬᠤ ᠵᠤᠭ᠋ᠠᠴᠠᠨ ᠴᠡᠩᠭᠡᠬᠦ》 ᠵᠢᠨ ᠲᠣᠭᠤᠷᠢᠨ᠎ᠳᠤ ᠮᠦᠰᠦ ᠴᠠᠰᠤᠨ᠎ᠤ ᠭᠤᠣᠯ ᠰᠡᠳᠦᠪᠲᠦ ᠵᠤᠭ᠋ᠠᠴᠠᠨ ᠰᠡᠭᠦᠳᠡᠷᠯᠡᠵᠦ ᠺᠠᠷᠳ᠋ᠯᠠᠬᠤ ᠭᠠᠵᠠᠷ᠎ᠢ ᠨᠢᠮᠪᠠᠢ ᠵᠢᠷᠤᠭᠯᠠᠨ ᠲᠦᠯᠦᠪᠯᠡᠵᠦ᠂ ᠮᠦᠰᠦ ᠴᠠᠰᠤᠨ᠎ᠤ ᠲᠠᠮᠢᠷ᠎ᠤᠨ ᠬᠦᠳᠡᠯᠭᠡᠭᠡᠨ ᠬᠢᠭᠡᠳ ᠢᠳᠡᠭᠡᠨ ᠤᠮᠳᠠᠭ᠋ᠠᠨ᠂ ᠬᠤᠨᠤᠭ ᠪᠠᠭᠤᠳᠠᠯ᠂ ᠵᠤᠭ᠎ᠠ ᠴᠡᠩᠭᠡᠯ᠂ ᠰᠡᠯᠡᠭᠦᠴᠡᠯ ᠪᠠᠷᠠᠭ᠎ᠠ ᠬᠤᠳᠠᠯᠳᠤᠨ ᠠᠪᠤᠯᠲᠠ ᠵᠡᠷᠭᠡ ᠣᠯᠠᠨ ᠡᠵᠡᠩᠨᠡᠯᠲᠡ ᠵᠢᠨ ᠬᠡᠯᠪᠡᠷᠢ ᠪᠠᠶ᠋ᠢᠳᠠᠯ᠎ᠤᠨ ᠴᠠᠷᠠᠭ᠎ᠠ ᠠᠯᠤᠰᠯᠠᠭᠰᠠᠨ᠂ ᠲᠥᠷᠥᠯ ᠵᠦᠢ᠍ᠯ ᠠᠯᠤᠰᠯᠠᠭᠰᠠᠨ᠂ ᠠᠬᠤᠶ ᠪᠠᠶ᠋ᠢᠳᠠᠯ ᠠᠯᠤᠰᠯᠠᠭᠰᠠᠨ ᠠᠭᠤᠰᠤᠯᠴᠠᠯ᠎ᠢ ᠴᠢᠩᠭ᠋ᠠᠳᠬᠠᠵᠤ᠂ 《ᠮᠥᠰᠥ ᠴᠠᠰᠤ + ᠠᠷᠠᠳ᠎ᠤᠨ ᠭᠡᠷ ᠪᠠᠭᠤᠳᠠᠯ》᠂ 《ᠮᠥᠰᠥ ᠴᠠᠰᠤ + ᠮᠣᠷᠢᠨ ᠮᠡᠷᠭᠡᠵᠢᠯ》᠂ 《ᠮᠥᠰᠥ ᠴᠠᠰᠤ + ᠬᠠᠷᠪᠤᠬᠤ ᠮᠡᠷᠭᠡᠵᠢᠯ》᠂ 《ᠮᠥᠰᠥ ᠴᠠᠰᠤ + ᠠᠮᠲᠠᠲᠤ ᠢᠳᠡᠭᠡᠨ》᠂ 《ᠮᠥᠰᠥ ᠴᠠᠰᠤ + ᠤᠷᠠᠨ ᠲᠣᠭᠯᠠᠯᠲᠠ》᠂ 《ᠮᠥᠰᠥ ᠴᠠᠰᠤ + ᠵᠤᠭ᠋ᠠᠴᠠᠨ ᠰᠡᠭᠦᠳᠡᠷᠯᠡᠬᠦ》 ᠵᠡᠷᠭᠡ ᠣᠨᠴᠠᠯᠢᠭᠲᠤ ᠪᠦᠲᠦᠭᠡᠭᠳᠡᠬᠦᠨ᠎ᠢ ᠨᠡᠭᠡᠭᠡᠨ ᠬᠥᠭᠵᠢᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠪᠡᠶ᠎ᠡ ᠵᠢᠨ ᠲᠠᠮᠢᠷ᠎ᠤᠨ ᠲᠣᠪᠴᠢᠶ᠎ᠠ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠬᠠᠷᠢᠭᠤᠴᠠᠨ᠎ᠠ)
12. ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ ᠬᠤᠳᠠᠯᠳᠤᠭ᠎ᠠ ᠤᠷᠤᠯᠳᠤᠭ᠋ᠠᠨ᠎ᠤ ᠶᠠᠪᠤᠳᠠᠯ ᠵᠶ᠋ᠠᠷ ᠬᠡᠷᠡᠭᠯᠡᠭᠡ ᠵᠢ ᠠᠬᠢᠭᠤᠯᠬᠤ ᠬᠤᠯᠪᠣᠭ᠋ᠠᠯᠠᠨ ᠬᠥᠳᠡᠯᠦᠯᠴᠡᠬᠦ ᠲᠣᠭᠲᠠᠴᠠ ᠵᠢ ᠪᠠᠶ᠋ᠢᠭᠤᠯᠵᠤ᠂ ᠠᠶ᠋ᠢᠮᠠᠭ ᠬᠤᠲᠠ᠂ ᠨᠡᠶ᠋ᠢᠭᠡᠮᠯᠢᠭ᠂ ᠺᠯᠦ᠋ᠪ ᠵᠡᠷᠭᠡ ᠵᠢᠨ ᠣᠯᠠᠨ ᠤᠯᠤᠰ᠎ᠤᠨ ᠪᠠ ᠤᠯᠤᠰ᠎ᠤᠨ ᠳᠣᠲᠣᠭ᠋ᠠᠳᠤ ᠵᠢᠨ ᠥᠨᠳᠥᠷ ᠬᠢᠷᠢ ᠲᠦᠪᠰᠢᠨ ᠪᠥᠬᠦᠶ ᠮᠥᠰᠥ ᠴᠠᠰᠤᠨ᠎ᠤ ᠤᠷᠤᠯᠳᠤᠭ᠋ᠠᠨ᠎ᠤ ᠠᠵᠢᠯᠯᠠᠭ᠎ᠠ ᠵᠢ ᠭᠤᠶᠤᠴᠢᠯᠠᠨ ᠡᠷᠬᠢᠯᠡᠬᠦ ᠪᠠ ᠳᠠᠭ᠋ᠠᠭ᠋ᠠᠨ ᠡᠷᠬᠢᠯᠡᠬᠦ ᠵᠢ᠎ᠨᠢ ᠳᠡᠮᠵᠢᠵᠦ᠂ ᠪᠦᠬᠦ ᠠᠷᠠᠳ᠎ᠤᠨ ᠮᠦᠰᠦ ᠴᠠᠰᠤᠨ᠎ᠤ ᠤᠷᠤᠯᠳᠤᠭ᠋ᠠᠨ᠎ᠤ ᠶᠠᠪᠤᠳᠠᠯ᠎ᠢ ᠦᠵᠡᠮᠵᠢ ᠵᠢᠨ ᠣᠷᠣᠨ᠎ᠳᠤ ᠣᠷᠤᠭᠤᠯᠬᠤ᠂ ᠵᠡᠭᠡᠯᠢ ᠭᠤᠳᠤᠮᠵᠢ᠎ᠳᠤ ᠣᠷᠤᠭᠤᠯᠬᠤ᠂ ᠬᠤᠳᠠᠯᠳᠤᠭ᠋ᠠᠨ᠎ᠤ ᠲᠣᠭᠤᠷᠢᠭ᠎ᠲᠤ ᠣᠷᠤᠭᠤᠯᠬᠤ ᠵᠢ ᠠᠬᠢᠭᠤᠯᠤᠨ᠎ᠠ᠃ (ᠦᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ᠂ ᠰᠤᠶᠤᠯ ᠪᠠ ᠵᠢᠭᠤᠯᠴᠢᠯᠠᠯ᠎ᠤᠨ ᠲᠢᠩᠭᠢᠮ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠭᠢᠮ ᠬᠠᠷᠢᠭᠤᠴᠠᠨ᠎ᠠ)
13. ᠡᠯ᠎ᠡ ᠭᠠᠵᠠᠷ ᠣᠷᠣᠨ᠎ᠤ᠎ᠬᠢᠨ ᠡᠬᠢ ᠪᠠᠶᠠᠯᠢᠭ᠎ᠤᠨ ᠤᠭ ᠴᠢᠨᠠᠷ ᠵᠶ᠋ᠠᠨ ᠠᠰᠢᠭᠯᠠᠨ᠂ ᠪᠡᠯᠡᠳᠭᠡᠮᠵᠢ ᠪᠠ ᠦᠢ᠍ᠯᠡᠴᠢᠯᠡᠭᠡᠨ᠎ᠤ ᠨᠦᠬᠦᠴᠡᠯ ᠵᠶ᠋ᠠᠨ ᠬᠡᠰᠡᠭ ᠪᠤᠰᠠᠭ ᠵᠶ᠋ᠠᠷ᠂ ᠬᠠᠵᠠᠭᠤ ᠳᠡᠷᠭᠡᠲᠡᠭᠦᠷ᠂ ᠬᠤᠲᠠᠴᠢᠯᠠᠬᠤ᠂ ᠣᠷᠣᠯᠴᠠᠵᠤ ᠪᠣᠯᠬᠤᠶ᠋ᠢᠴᠠ᠂ ᠰᠦᠯᠵᠢᠶᠡᠨ᠎ᠳᠤ ᠴᠤᠤᠲᠠᠢ ᠪᠣᠯᠭ᠋ᠠᠨ ᠰᠠᠶ᠋ᠢᠵᠢᠷᠠᠭᠤᠯᠬᠤ ᠵᠢ᠎ᠨᠢ ᠳᠡᠮᠵᠢᠵᠦ᠂ ᠪᠠᠭ᠎ᠠ ᠮᠥᠷᠲᠡᠭᠡᠨ ᠭᠤᠶ᠋ᠢᠲᠠ ᠰᠠᠶ᠋ᠢᠬᠠᠨ ᠬᠤᠲᠠ ᠵᠢᠨ 《ᠵᠣᠴᠢᠯᠠᠬᠤ ᠲᠠᠩᠬᠢᠮ》᠂ ᠰᠡᠯᠡᠭᠦᠴᠡᠯ᠎ᠤᠨ ᠥᠷᠲᠡᠭᠡ ᠵᠢ ᠪᠠᠶ᠋ᠢᠭᠤᠯᠤᠨ᠂ 《ᠪᠢ ᠲᠠᠯ᠎ᠠ ᠨᠤᠲᠤᠭ᠎ᠲᠠᠢ ᠪᠣᠯᠵᠤᠭ᠎ᠠ᠎ᠲᠠᠢ》 ᠵᠡᠷᠭᠡ ᠨᠠᠷᠠᠲᠤ ᠲᠡᠮᠲᠡᠭ᠎ᠤᠨ ᠲᠥᠷᠥᠯ ᠵᠦᠢ᠍ᠯ᠎ᠢ ᠪᠤᠵᠠᠭ᠋ᠠᠶ᠋ᠢᠷᠠᠭᠤᠯᠤᠨ ᠬᠦᠴᠦᠷᠬᠡᠭᠵᠢᠭᠦᠯᠵᠦ᠂ ᠳᠠᠭᠤᠤ ᠬᠥᠭᠵᠢᠮ᠎ᠤᠨ ᠦᠳᠡᠰᠢᠯᠡᠭᠡ᠂ ᠳᠠᠭᠤᠤ ᠬᠥᠭᠵᠢᠮ᠎ᠤᠨ ᠨᠠᠶ᠋ᠢᠷ᠂ ᠵᠢᠵᠢᠭ ᠲᠢᠶᠠᠳ᠋ᠷ᠂ ᠰᠢᠭᠤᠳ ᠨᠡᠪᠲᠡᠷᠡᠭᠦᠯᠭᠡ᠎ᠪᠠᠷ ᠪᠠᠷᠠᠭ᠎ᠠ ᠪᠤᠷᠤᠯᠠᠭᠤᠯᠬᠤ ᠵᠡᠷᠭᠡ᠎ᠯᠦᠭᠡ ᠬᠤᠯᠪᠣᠭ᠋ᠠᠯᠠᠨ ᠬᠥᠳᠡᠯᠦᠯᠴᠡᠵᠦ ᠬᠠᠷᠢᠯᠴᠠᠨ ᠠᠬᠢᠭᠤᠯᠬᠤ ᠵᠢ ᠴᠢᠩᠭ᠋ᠠᠷᠠᠭᠤᠯᠤᠨ᠂ ᠪᠠᠭ᠍ᠠᠷᠤᠯᠢ ᠲᠠᠲᠠᠭᠰᠠᠨ ᠤᠷᠠᠨ ᠲᠣᠭᠯᠠᠯᠲᠠ᠂ ᠦᠵᠡᠰᠬᠦᠯᠡᠩ᠂ ᠵᠤᠭ᠎ᠠ ᠴᠡᠩᠭᠡᠯ ᠵᠡᠷᠭᠡ ᠮᠥᠰᠥ ᠴᠠᠰᠤᠨ᠎ᠤ ᠬᠡᠷᠡᠭᠯᠡᠭᠡᠨ᠎ᠤ ᠰᠢᠨ᠎ᠡ ᠠᠬᠤᠢ ᠪᠠᠶ᠋ᠢᠳᠠᠯ᠎ᠢ ᠪᠣᠶ ᠪᠣᠯᠭ᠋ᠠᠵᠤ᠂ ᠣᠯᠠᠨ ᠲᠦᠮᠡᠨ᠎ᠤ ᠣᠷᠣᠯᠴᠠᠬᠤ ᠬᠡᠮᠵᠢᠶ᠎ᠡ᠂ ᠪᠡᠶᠡᠴᠢᠯᠡᠨ ᠣᠶ᠋ᠢᠯᠠᠭ᠋ᠠᠬᠤ ᠲᠥᠷᠥᠭᠳᠡᠯ᠎ᠢ᠎ᠨᠢ ᠨᠡᠮᠡᠭᠳᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠪᠡᠶ᠎ᠡ ᠵᠢᠨ ᠲᠠᠮᠢᠷ᠎ᠤᠨ ᠲᠣᠪᠴᠢᠶ᠎ᠠ ᠬᠠᠷᠢᠭᠤᠴᠠᠨ᠎ᠠ)
14. ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ᠎ᠲᠠᠢ ᠬᠤᠯᠪᠣᠭ᠋ᠠᠯᠠᠨ᠂ ᠮᠥᠰᠥ ᠴᠠᠰᠤᠨ᠎ᠤ ᠲᠠᠯᠠᠪᠤᠷ ᠭᠠᠵᠠᠷ᠎ᠤᠨ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠵᠦ᠂ ᠮᠥᠰᠥ ᠴᠠᠰᠤᠨ᠎ᠤ ᠬᠡᠷᠡᠭᠯᠡᠭᠡᠨ᠎ᠤ ᠲᠡᠮᠳᠡᠭᠲᠦ ᠵᠢ ᠲᠠᠷᠬᠠᠭ᠋ᠠᠵᠤ᠂ ᠬᠡᠯᠪᠡᠷᠢ᠎ᠪᠠᠷ ᠪᠠᠶᠠᠯᠢᠭ᠂ ᠲᠠᠲᠠᠬᠤ ᠬᠦᠴᠦᠨ ᠵᠶ᠋ᠠᠷ ᠴᠢᠩᠭ᠎ᠠ᠂ ᠣᠯᠠᠨ ᠡᠰᠢᠲᠦ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠬᠤ ᠬᠠᠮ ᠪᠢᠯᠧᠲ᠂ ᠤᠯᠠᠷᠢᠯ᠎ᠤᠨ ᠺᠠᠷᠲ᠂ ᠴᠠᠨᠠᠯᠠᠵᠤ ᠪᠠᠭᠤᠳᠠᠯᠯᠠᠬᠤ ᠢᠵᠢ ᠦᠢ᠍ᠯᠡᠴᠢᠯᠡᠭᠡ ᠵᠡᠷᠭᠡ ᠵᠢ ᠭᠠᠷᠭ᠋ᠠᠨ᠎ᠠ᠃ (ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠪᠡᠶ᠎ᠡ ᠵᠢᠨ ᠲᠠᠮᠢᠷ᠎ᠤᠨ ᠲᠣᠪᠴᠢᠶ᠎ᠠ ᠬᠠᠷᠢᠭᠤᠴᠠᠨ᠎ᠠ)
ᠳᠥᠷᠪᠡ᠂ ᠰᠠᠭᠤᠷᠢ ᠪᠡᠯᠡᠳᠬᠡᠮᠵᠢ ᠪᠠ ᠳᠦᠬᠦᠷ ᠦᠢ᠍ᠯᠡᠴᠢᠯᠡᠭᠡ᠎ᠪᠠᠨ ᠲᠡᠭᠦᠯᠳᠡᠷᠵᠢᠭᠦᠯᠦᠨ᠎ᠡ
15. ᠮᠥᠰᠥ ᠴᠠᠰᠤᠨ᠎ᠤ ᠠᠵᠤ ᠠᠬᠤᠶ᠎ᠳᠤ ᠬᠡᠷᠡᠭᠯᠡᠬᠦ ᠭᠠᠵᠠᠷ᠎ᠢ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠶ ᠵᠢᠨ ᠲᠥᠯᠥᠪᠵᠢᠭᠦᠯᠭᠡ᠎ᠳᠤ ᠣᠷᠣᠭᠤᠯᠵᠤ᠂ ᠮᠥᠰᠥ ᠴᠠᠰᠤᠨ᠎ᠤ ᠲᠠᠮᠢᠷ᠎ᠤᠨ ᠬᠦᠳᠡᠯᠭᠡᠭᠡᠨ᠎ᠤ ᠲᠠᠯᠠᠪᠤᠷ ᠭᠠᠵᠠᠷ᠂ ᠮᠥᠰᠥ ᠴᠠᠰᠤᠨ᠎ᠤ ᠵᠢᠭᠤᠯᠴᠢᠯᠠᠯ᠎ᠤᠨ ᠪᠡᠯᠡᠳᠬᠡᠮᠵᠢ ᠵᠡᠷᠭᠡ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢ ᠢᠳᠡᠪᠬᠢᠲᠡᠶ ᠳᠡᠮᠵᠢᠨ᠎ᠡ᠃ (ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠠᠮᠢ ᠠᠬᠤᠶ ᠣᠷᠴᠢᠨ ᠲᠣᠭᠤᠷᠢᠨ᠎ᠤ ᠲᠢᠩᠬᠢᠮ᠂ ᠣᠶ ᠰᠢᠭᠤᠶ ᠨᠤᠲᠤᠭ ᠪᠡᠯᠴᠢᠭᠡᠷ᠎ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
16. ᠨᠡᠶ᠋ᠢᠭᠡᠮ᠎ᠤᠨ ᠬᠥᠷᠥᠩᠭᠡ ᠵᠢᠨ᠎ᠬᠢᠨ᠎ᠤ ᠬᠥᠮᠦᠨ ᠠᠮᠠ ᠲᠥᠪᠯᠡᠷᠡᠭᠰᠡᠨ ᠣᠷᠣᠨ᠎ᠳᠤ ᠪᠡᠶ᠎ᠡ ᠵᠢᠨ ᠲᠠᠮᠢᠷ᠎ᠲᠤ ᠬᠡᠷᠡᠭᠯᠡᠬᠦ ᠭᠠᠵᠠᠷ᠂ ᠬᠠᠭᠤᠴᠢᠨ ᠦᠢ᠍ᠯᠡᠳᠪᠦᠷᠢ ᠵᠢᠨ ᠭᠡᠷ ᠪᠠᠶ᠋ᠢᠰᠢᠩ᠂ ᠰᠠᠩ ᠬᠥᠮᠥᠷᠭᠡ᠂ ᠬᠤᠳᠠᠯᠳᠤᠭ᠋ᠠᠨ᠎ᠤ ᠪᠡᠯᠡᠳᠭᠡᠮᠵᠢ ᠵᠡᠷᠭᠡ ᠵᠢ ᠠᠰᠢᠭᠯᠠᠵᠤ᠂ ᠲᠣᠮᠣ ᠳᠤᠮᠳᠠ ᠬᠡᠯᠪᠡᠷᠢ ᠪᠦᠬᠦᠢ ᠭᠡᠷ ᠳᠣᠲᠣᠷᠠᠬᠢ ᠮᠥᠰᠥ ᠴᠠᠰᠤᠨ᠎ᠤ ᠲᠠᠮᠢᠷ᠎ᠤᠨ ᠬᠦᠳᠡᠯᠭᠡᠭᠡᠨ᠎ᠤ ᠲᠥᠪ᠎ᠢ ᠰᠢᠨ᠎ᠡ᠎ᠪᠠᠷ ᠪᠠᠶ᠋ᠢᠭᠤᠯᠬᠤ ᠪᠠ ᠦᠭᠡᠷᠡᠴᠢᠯᠡᠵᠦ ᠦᠷᠭᠡᠳᠭᠡᠨ ᠪᠠᠶ᠋ᠢᠭᠤᠯᠬᠤ ᠵᠢ ᠵᠣᠷᠢᠭᠵᠢᠭᠤᠯᠵᠤ᠂ ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠤ ᠳᠥᠷᠪᠡᠨ ᠤᠯᠠᠷᠢᠯ᠎ᠳᠠᠬᠢ ᠬᠥᠭᠵᠢᠯᠲᠡ ᠵᠢ ᠠᠬᠢᠭᠤᠯᠵᠤ᠂ ᠨᠢᠭᠡ ᠪᠦᠯᠦᠭ ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠤ ᠪᠡᠶᠡᠴᠢᠯᠡᠨ ᠣᠶ᠋ᠢᠯᠠᠭ᠋ᠠᠬᠤ ᠰᠠᠭᠤᠷᠢᠨ ᠭᠠᠵᠠᠷ᠎ᠢ ᠪᠣᠢ ᠪᠣᠯᠭ᠋ᠠᠨ᠎ᠠ᠃ (ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠬᠠᠷᠢᠭᠤᠴᠠᠨ᠎ᠠ)
17. ᠬᠥᠯᠥᠨ ᠪᠤᠶ᠋ᠢᠷ ᠬᠤᠲᠠ᠂ ᠬᠢᠩᠭ᠋ᠠᠨ ᠠᠶ᠋ᠢᠮᠠᠭ ᠵᠶ᠋ᠠᠷ ᠭᠤᠤᠯᠳᠠᠯᠭ᠎ᠠ ᠪᠣᠯᠭ᠋ᠠᠵᠤ᠂ ᠮᠥᠰᠥ ᠴᠠᠰᠤᠨ᠎ᠤ ᠲᠠᠮᠢᠷ᠎ᠤᠨ ᠬᠦᠳᠡᠯᠭᠡᠭᠡᠨ᠎ᠤ ᠲᠠᠯᠠᠪᠤᠷ ᠭᠠᠵᠠᠷ᠎ᠤᠨ ᠵᠠᠮ ᠬᠠᠷᠢᠯᠴᠠᠭ᠋ᠠᠨ᠎ᠤ ᠰᠠᠭᠤᠷᠢ ᠪᠡᠯᠡᠳᠬᠡᠮᠵᠢ ᠵᠢᠨ ᠪᠥᠲᠥᠭᠡᠨ ᠪᠠᠶ᠋ᠢᠭᠤᠯᠤᠯᠲᠠ ᠵᠢ ᠴᠢᠩᠭ᠋ᠠᠳᠬᠠᠨ᠂ ᠵᠠᠮ ᠬᠠᠷᠢᠯᠴᠠᠭ᠎ᠠ ᠵᠢᠭᠤᠯᠴᠢᠯᠠᠯ᠎ᠤᠨ ᠠᠭᠤᠰᠤᠯᠴᠠᠨ ᠬᠥᠭᠵᠢᠬᠦ ᠵᠢ ᠠᠬᠢᠭᠤᠯᠵᠤ᠂ 《ᠤᠯᠠᠭ᠋ᠠᠨᠬᠤᠲᠠ — ᠷᠠᠰᠢᠶᠠᠨ — ᠬᠠᠶ᠋ᠢᠯᠠᠷ — ᠮᠠᠨᠵᠤᠤᠷ》᠎ᠤᠨ ᠵᠢᠭᠤᠯᠴᠢᠯᠠᠯ᠎ᠤᠨ ᠵᠠᠮ ᠬᠠᠷᠢᠯᠴᠠᠭ᠋ᠠᠨ᠎ᠤ ᠲᠣᠭᠤᠷᠢᠭ᠂ 《ᠬᠥᠯᠥᠨ ᠪᠤᠶ᠋ᠢᠷ ᠬᠤᠲᠠ — ᠬᠢᠩᠭ᠋ᠠᠨ ᠠᠶ᠋ᠢᠮᠠᠭ》᠎ᠤᠨ ᠣᠷᠣᠨ ᠪᠦᠰᠡ ᠵᠢᠨ ᠵᠢᠭᠤᠯᠴᠢᠯᠠᠯ᠎ᠤᠨ ᠵᠠᠮ ᠬᠠᠷᠢᠯᠴᠠᠭ᠋ᠠᠨ᠎ᠤ ᠲᠣᠭᠤᠷᠢᠭ᠎ᠢ ᠪᠠᠶ᠋ᠢᠭᠤᠯᠤᠨ᠎ᠠ᠃ ᠲᠡᠮᠦᠷ ᠵᠠᠮ᠂ ᠵᠠᠰᠠᠮᠠᠯ ᠵᠠᠮ ᠵᠡᠷᠭᠡ ᠵᠠᠮ ᠬᠠᠷᠢᠯᠴᠠᠭ᠋ᠠᠨ᠎ᠤ ᠦᠢ᠍ᠯᠡᠴᠢᠯᠡᠭᠡ ᠵᠢ ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠤ ᠭᠤᠤᠯᠳᠠᠯᠭ᠎ᠠ᠎ᠲᠠᠢ ᠣᠷᠣᠨ ᠪᠦᠰᠡ ᠲᠡᠶ᠋ᠢᠰᠢ ᠤᠷᠲᠤᠳᠬᠠᠨ᠂ ᠦᠵᠡᠮᠵᠢ ᠵᠢᠨ ᠣᠷᠣᠨ ᠦᠵᠡᠮᠵᠢ ᠵᠢᠨ ᠭᠠᠵᠠᠷ᠎ᠤᠨ ᠬᠤᠯᠪᠣᠬᠤ ᠱᠤᠭᠤᠮ᠎ᠢ ᠨᠡᠪᠲᠡᠷᠡᠭᠦᠯᠵᠦ᠂ ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠤ ᠵᠣᠷᠢᠭᠰᠠᠨ ᠭᠠᠵᠠᠷ᠎ᠤᠨ ᠴᠤᠪᠤᠭ᠎ᠠ ᠲᠡᠷᠭᠡᠨ᠎ᠤ ᠡᠭᠡᠯᠵᠢ᠂ ᠠᠭ᠋ᠠᠷ᠎ᠤᠨ ᠠᠶᠠᠯᠠᠯ᠎ᠤᠨ ᠡᠭᠡᠯᠵᠢ ᠵᠢᠨ ᠨᠢᠰᠬᠡᠯ᠎ᠢ ᠨᠡᠮᠡᠭᠳᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠳᠤᠮᠳᠠᠳᠤ ᠤᠯᠤᠰ᠎ᠤᠨ ᠲᠡᠮᠦᠷ ᠵᠠᠮ᠎ᠤᠨ ᠬᠥᠬᠡᠬᠤᠲᠠ ᠲᠣᠪᠴᠢᠶᠠᠨ᠎ᠤ ᠪᠦᠯᠦᠭᠯᠡᠯ᠎ᠤᠨ ᠬᠢᠵᠠᠭ᠋ᠠᠷᠲᠤ ᠺᠣᠮᠫᠠᠨᠢ᠂ ᠳᠤᠮᠳᠠᠳᠤ ᠤᠯᠤᠰ᠎ᠤᠨ ᠲᠡᠮᠦᠷ ᠵᠠᠮ᠎ᠤᠨ ᠬᠠᠷᠪᠢᠨ ᠲᠣᠪᠴᠢᠶᠠᠨ᠎ᠤ ᠪᠦᠯᠦᠭᠯᠡᠯ᠎ᠤᠨ ᠬᠢᠵᠠᠭ᠋ᠠᠷᠲᠤ ᠺᠣᠮᠫᠠᠨᠢ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
18. ᠵᠠᠮ ᠬᠠᠷᠢᠯᠴᠠᠭ᠋ᠠᠨ᠎ᠤ ᠠᠵᠤ ᠠᠬᠤᠶ᠋ᠢᠯᠠᠯ᠎ᠤᠨ᠎ᠬᠢᠨ᠎ᠤ ᠮᠥᠰᠥ ᠴᠠᠰᠤᠨ᠎ᠤ ᠵᠢᠭᠤᠯᠴᠢᠯᠠᠯ᠎ᠤᠨ ᠦᠵᠡᠮᠵᠢ ᠵᠢᠨ ᠣᠷᠣᠨ᠂ ᠪᠠᠭᠤᠳᠠᠯ᠂ ᠴᠠᠨᠠᠯᠠᠯᠲᠠ ᠵᠢᠨ ᠲᠠᠯᠠᠪᠤᠷ ᠵᠡᠷᠭᠡ᠎ᠯᠦᠭᠡ ᠵᠢᠨ ᠬᠠᠮᠲᠤᠷᠠᠯᠴᠠᠭ᠎ᠠ ᠵᠢ ᠵᠣᠷᠢᠭᠵᠢᠭᠤᠯᠵᠤ᠂ ᠮᠥᠰᠥ ᠴᠠᠰᠤᠨ᠎ᠤ ᠵᠢᠭᠤᠯᠴᠢᠯᠠᠯ᠎ᠤᠨ ᠲᠤᠰᠬᠠᠶ ᠱᠤᠭᠤᠮ᠎ᠢ ᠨᠡᠭᠡᠭᠡᠨ ᠬᠥᠭᠵᠢᠭᠦᠯᠵᠦ᠂ ᠨᠢᠭᠡ ᠦᠷᠲᠡᠭᠡᠴᠢᠯᠡᠭᠰᠡᠨ ᠮᠠᠶ᠋ᠢᠭ᠎ᠤᠨ 《ᠵᠠᠮ ᠬᠠᠷᠢᠯᠴᠠᠭ᠎ᠠ + ᠵᠢᠭᠤᠯᠴᠢᠯᠠᠯ》᠎ᠤᠨ ᠦᠢ᠍ᠯᠡᠴᠢᠯᠡᠭᠡ ᠬᠠᠩᠭ᠋ᠠᠬᠤ ᠵᠢ ᠵᠣᠷᠢᠭᠵᠢᠭᠤᠯᠤᠨ᠎ᠠ᠃ ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠳᠤ ᠪᠠᠭ᠍ᠠᠲᠠᠢ ᠬᠥᠮᠦᠰ᠎ᠲᠤ ᠮᠥᠰᠥ ᠴᠠᠰᠤᠨ᠎ᠤ ᠲᠣᠨᠤᠭ ᠲᠥᠬᠦᠭᠡᠷᠦᠮᠵᠢ ᠵᠢ ᠲᠥᠷᠭᠡᠨ᠎ᠤ ᠲᠡᠮᠦᠷ ᠵᠠᠮ ᠵᠶ᠋ᠠᠷ ᠠᠴᠢᠵᠤ ᠵᠦᠭᠡᠭᠡᠪᠦᠷᠢᠯᠡᠬᠦ᠎ᠳᠤ ᠳᠥᠭᠦᠮ ᠦᠵᠡᠭᠦᠯᠬᠦ ᠦᠢ᠍ᠯᠡᠴᠢᠯᠡᠭᠡ ᠬᠠᠩᠭ᠋ᠠᠬᠤ ᠵᠢ ᠳᠡᠮᠵᠢᠵᠦ᠂ ᠲᠦᠷ ᠴᠠᠭ᠎ᠤᠨ ᠥᠷᠲᠡᠭᠡᠨ ᠬᠦᠮᠦᠷᠭᠡ᠂ ᠵᠢᠵᠢᠭ ᠪᠣᠳᠠᠰ᠎ᠤᠨ ᠬᠠᠶ᠋ᠢᠷᠴᠠᠭ ᠵᠡᠷᠭᠡ ᠲᠤᠬᠠᠶ᠋ᠢᠯᠠᠭᠰᠠᠨ ᠠᠵᠢᠯ᠎ᠢ ᠳᠡᠯᠭᠡᠷᠡᠭᠦᠯᠦᠨ᠂ ᠪᠦᠬᠦᠯᠢ ᠴᠣᠭᠴᠠ ᠵᠢᠨ ᠦᠢ᠍ᠯᠡᠴᠢᠯᠡᠭᠡᠨ᠎ᠤ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠂ ᠳᠤᠮᠳᠠᠳᠤ ᠤᠯᠤᠰ᠎ᠤᠨ ᠲᠡᠮᠦᠷ ᠵᠠᠮ᠎ᠤᠨ ᠬᠥᠬᠡᠬᠤᠲᠠ ᠲᠣᠪᠴᠢᠶᠠᠨ᠎ᠤ ᠪᠦᠯᠦᠭᠯᠡᠯ᠎ᠤᠨ ᠬᠢᠵᠠᠭ᠋ᠠᠷᠲᠤ ᠺᠣᠮᠫᠠᠨᠢ᠂ ᠳᠤᠮᠳᠠᠳᠤ ᠤᠯᠤᠰ᠎ᠤᠨ ᠲᠡᠮᠦᠷ ᠵᠠᠮ᠎ᠤᠨ ᠬᠠᠷᠪᠢᠨ ᠲᠣᠪᠴᠢᠶᠠᠨ᠎ᠤ ᠪᠦᠯᠦᠭᠯᠡᠯ᠎ᠤᠨ ᠬᠢᠵᠠᠭ᠋ᠠᠷᠲᠤ ᠺᠣᠮᠫᠠᠨᠢ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
ᠲᠠᠪᠤ᠂ ᠮᠥᠰᠥ ᠴᠠᠰᠤᠨ᠎ᠤ ᠴᠢᠳᠠᠪᠤᠷᠢᠲᠠᠨ᠎ᠤ ᠡᠩᠨᠡᠭᠡ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠎ᠠ
19. ᠶᠡᠭᠡ ᠳᠡᠭᠡᠳᠦ ᠰᠤᠷᠭ᠋ᠠᠭᠤᠯᠢ ᠵᠢᠨ ᠮᠥᠰᠥ ᠴᠠᠰᠤᠨ᠎ᠤ ᠲᠠᠮᠢᠷ᠎ᠤᠨ ᠬᠦᠳᠡᠯᠭᠡᠭᠡᠨ᠎ᠤ ᠲᠤᠰᠬᠠᠶ ᠮᠡᠷᠭᠡᠵᠢᠯ (ᠴᠢᠭᠯᠡᠯ) ᠲᠣᠬᠢᠷᠠᠭᠤᠯᠬᠤ ᠵᠢ ᠵᠣᠷᠢᠭᠵᠢᠭᠤᠯᠵᠤ᠂ ᠠᠵᠤ ᠠᠬᠤᠶ᠋ᠢᠯᠠᠯ᠎ᠯᠤᠭ᠎ᠠ ᠭᠦᠨᠵᠡᠭᠡᠶ ᠬᠠᠮᠲᠤᠷᠠᠯᠴᠠᠨ᠂ ᠠᠵᠤ ᠦᠢ᠍ᠯᠡᠰ ᠪᠠ ᠰᠤᠷᠭ᠋ᠠᠨ ᠬᠥᠮᠦᠵᠢᠯ᠎ᠢ ᠠᠭᠤᠰᠤᠯᠴᠠᠭᠤᠯᠬᠤ ᠰᠤᠷᠢᠯᠲᠠ ᠵᠢᠨ ᠰᠠᠭᠤᠷᠢᠨ ᠭᠠᠵᠠᠷ᠎ᠢ ᠰᠦᠪᠡᠭᠴᠢᠯᠡᠨ ᠪᠠᠶ᠋ᠢᠭᠤᠯᠵᠤ᠂ ᠬᠠᠮ ᠬᠡᠯᠪᠡᠷᠢ ᠵᠢᠨ᠂ ᠬᠡᠷᠡᠭᠯᠡᠭᠡᠨ᠎ᠤ ᠬᠡᠯᠪᠡᠷᠢ ᠵᠢᠨ᠂ ᠮᠡᠷᠭᠡᠵᠢᠯ᠎ᠤᠨ ᠬᠡᠯᠪᠡᠷᠢ ᠵᠢᠨ ᠮᠥᠰᠥ ᠴᠠᠰᠤᠨ᠎ᠤ ᠪᠡᠶ᠎ᠡ ᠵᠢᠨ ᠲᠠᠮᠢᠷ᠎ᠤᠨ ᠠᠵᠤ ᠦᠢ᠍ᠯᠡᠰ᠎ᠤᠨ ᠴᠢᠳᠠᠪᠤᠷᠢᠲᠠᠨ᠎ᠢ ᠬᠥᠮᠦᠵᠢᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠪᠡᠶ᠎ᠡ ᠵᠢᠨ ᠲᠠᠮᠢᠷ᠎ᠤᠨ ᠲᠣᠪᠴᠢᠶ᠎ᠠ ᠬᠠᠷᠢᠭᠤᠴᠠᠨ᠎ᠠ)
20. ᠮᠥᠰᠥ ᠴᠠᠰᠤᠨ᠎ᠤ ᠲᠥᠷᠥᠯ ᠵᠦᠢ᠍ᠯ᠎ᠤᠨ ᠠᠵᠢᠯ᠎ᠤᠨ ᠪᠠᠶ᠋ᠢᠷᠢ᠎ᠠᠴᠠ᠎ᠪᠠᠨ ᠰᠠᠯᠤᠭᠰᠠᠨ ᠲᠠᠮᠢᠷᠴᠢᠳ᠎ᠤᠨ ᠠᠵᠢᠯ ᠣᠯᠭᠤᠬᠤ ᠪᠣᠯᠪᠠᠰᠤᠷᠠᠯ ᠪᠠ ᠠᠵᠢᠯ ᠮᠡᠷᠭᠡᠵᠢᠯ᠎ᠤᠨ ᠴᠢᠳᠠᠪᠤᠷᠢ ᠵᠢᠨ ᠪᠠᠶ᠋ᠢᠭᠤᠯᠤᠯᠲᠠ ᠵᠢ ᠳᠡᠮᠵᠢᠵᠦ᠂ ᠲᠠᠮᠢᠷᠴᠢᠳ᠎ᠤᠨ ᠰᠤᠷᠭ᠋ᠠᠭᠤᠯᠢ ᠳᠠᠪᠰᠢᠵᠤ ᠠᠵᠢᠯ ᠤᠯᠬᠤ ᠠᠷᠭ᠎ᠠ ᠵᠠᠮ᠎ᠢ ᠥᠷᠭᠡᠳᠬᠡᠨ᠎ᠡ᠃ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠥᠨᠳᠥᠷ ᠬᠢᠷᠢ ᠲᠦᠪᠰᠢᠨ ᠪᠦᠬᠦᠢ ᠳᠠᠰᠬᠠᠯᠵᠢᠭᠤᠯᠤᠭᠴᠢ ᠵᠡᠷᠭᠡ ᠲᠤᠰᠬᠠᠶ ᠮᠡᠷᠭᠡᠵᠢᠯ᠎ᠤᠨ ᠴᠢᠳᠠᠪᠤᠷᠢᠲᠠᠨ᠎ᠢ ᠣᠷᠤᠭᠤᠯᠵᠤ ᠠᠪᠴᠢᠷᠠᠬᠤ ᠵᠢ ᠳᠡᠮᠵᠢᠵᠦ᠂ ᠬᠢᠯᠢ᠎ᠳᠤ ᠣᠷᠣᠬᠤ ᠸᠢᠰᠠ ᠵᠢᠨ ᠭᠠᠷᠳᠠᠮ᠎ᠢ ᠳᠦᠭᠦᠮᠴᠢᠯᠡᠨ᠂ ᠠᠮᠢᠳᠤᠷᠠᠯ ᠪᠠ ᠠᠵᠢᠯ᠎ᠤᠨ ᠲᠠᠯ᠎ᠠ᠎ᠳᠤ ᠴᠢᠬᠤᠯᠠ ᠪᠦᠬᠦᠢ ᠲᠥᠬᠦᠮ ᠦᠵᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ᠂ ᠰᠤᠷᠭ᠋ᠠᠨ ᠬᠥᠮᠦᠵᠢᠯ᠎ᠤᠨ ᠲᠢᠩᠬᠢᠮ ᠬᠠᠷᠢᠭᠤᠴᠠᠨ᠎ᠠ)
ᠵᠢᠷᠭᠤᠭ᠎ᠠ᠂ ᠮᠥᠰᠥ ᠴᠠᠰᠤᠨ᠎ᠤ ᠠᠵᠤ ᠠᠬᠤᠶ ᠵᠢᠨ ᠨᠡᠭᠡᠭᠡᠯᠲᠡᠲᠦ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠦᠨ᠎ᠡ
21. ᠬᠤᠳᠠᠯᠳᠤᠭ᠋ᠠᠴᠢᠨ ᠤᠷᠢᠵᠤ ᠪᠠᠯᠠ ᠣᠷᠣᠭᠤᠯᠬᠤ ᠡᠷᠴᠢᠮ ᠵᠶ᠋ᠠᠨ ᠴᠢᠩᠭ᠋ᠠᠷᠠᠭᠤᠯᠵᠤ᠂ ᠣᠯᠠᠨ ᠤᠯᠤᠰ᠎ᠤᠨ ᠪᠠ ᠤᠯᠤᠰ᠎ᠤᠨ ᠳᠣᠲᠣᠭ᠋ᠠᠳᠤ ᠵᠢᠨ ᠮᠥᠰᠥ ᠴᠠᠰᠤᠨ᠎ᠤ ᠬᠦᠷᠢᠶ᠎ᠡ ᠴᠠᠷᠠᠭ᠋ᠠᠨ᠎ᠳᠠᠬᠢ ᠨᠠᠷᠠᠲᠤ ᠠᠵᠤ ᠠᠬᠤᠶ᠋ᠢᠯᠠᠯ᠎ᠢ ᠲᠡᠳᠡᠨ ᠠᠪᠴᠢᠷᠠᠵᠤ ᠥᠪᠡᠷᠲᠡᠭᠡᠨ ᠵᠠᠰᠠᠬᠤ ᠣᠷᠣᠨ᠎ᠤ ᠮᠥᠰᠥ ᠴᠠᠰᠤᠨ᠎ᠤ ᠵᠢᠭᠤᠯᠴᠢᠯᠠᠯ᠎ᠤᠨ ᠠᠮᠠᠷᠠᠯᠲᠠ ᠵᠢᠨ ᠭᠠᠵᠠᠷ᠎ᠢ ᠰᠢᠯᠢᠳᠡᠭᠵᠢᠭᠦᠯᠦᠨ ᠲᠠᠰ ᠳᠡᠪᠰᠢᠭᠦᠯᠵᠦ᠂ ᠪᠥᠬᠦ ᠪᠥᠮᠪᠥᠷᠴᠡᠭ᠎ᠲᠤ ᠠᠯᠳᠠᠷᠲᠠᠢ ᠮᠥᠰᠥ ᠴᠠᠰᠤᠨ᠎ᠤ ᠵᠢᠭᠤᠯᠴᠢᠯᠠᠯ᠎ᠤᠨ ᠴᠢᠨᠠᠷ ᠰᠠᠶ᠋ᠢᠲᠠᠶ ᠵᠣᠷᠢᠭᠰᠠᠨ ᠭᠠᠵᠠᠷ᠎ᠢ ᠪᠣᠶ ᠪᠣᠯᠭ᠋ᠠᠨ᠎ᠠ᠃ (ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠪᠡᠶ᠎ᠡ ᠵᠢᠨ ᠲᠠᠮᠢᠷ᠎ᠤᠨ ᠲᠣᠪᠴᠢᠶ᠎ᠠ ᠬᠠᠷᠢᠭᠤᠴᠠᠨ᠎ᠠ)
22. 《ᠨᠢᠭᠡ ᠪᠦᠰᠡ ᠨᠢᠭᠡ ᠵᠠᠮ》 ᠳᠠᠭ᠋ᠠᠤ ᠵᠢᠨ ᠤᠯᠤᠰ᠎ᠯᠤᠭ᠎ᠠ ᠵᠢᠨ ᠰᠣᠯᠢᠯᠴᠠᠭ᠎ᠠ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠮᠥᠰᠥ ᠴᠠᠰᠤᠨ᠎ᠤ ᠪᠦᠲᠦᠭᠡᠭᠳᠡᠬᠦᠨ᠎ᠤ ᠠᠷᠠᠯᠵᠢᠶ᠎ᠠ᠂ ᠤᠷᠤᠯᠳᠤᠭ᠋ᠠᠨ᠎ᠤ ᠠᠵᠢᠯᠯᠠᠭ᠎ᠠ᠂ ᠠᠵᠤ ᠦᠢ᠍ᠯᠡᠰ᠎ᠤᠨ ᠪᠠᠯᠠ ᠣᠷᠣᠭᠤᠯᠤᠯᠲᠠ ᠪᠠ ᠰᠣᠶᠣᠯ᠎ᠤᠨ ᠰᠣᠯᠢᠯᠴᠠᠭ᠎ᠠ᠎ᠪᠠᠨ ᠴᠢᠩᠭ᠋ᠠᠷᠠᠭᠤᠯᠤᠨ᠎ᠠ᠃ ᠳᠤᠮᠳᠠᠳᠤ ᠣᠷᠣᠰ ᠮᠣᠩᠭᠤᠯ᠎ᠤᠨ ᠣᠯᠠᠨ ᠤᠯᠤᠰ᠎ᠤᠨ ᠮᠥᠰᠥ ᠴᠠᠰᠤᠨ᠎ᠤ ᠨᠠᠶ᠋ᠢᠷ᠂ ᠳᠤᠮᠳᠠᠳᠤ ᠤᠯᠤᠰ᠎ᠤᠨ ᠬᠦᠢ᠍ᠲᠡᠨ᠎ᠤ ᠲᠦᠢ᠍ᠯ᠎ᠤᠨ ᠮᠠᠷᠠᠰᠤᠨ ᠤᠷᠤᠯᠳᠤᠭ᠋ᠠᠨ ᠵᠡᠷᠭᠡ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ ᠮᠥᠰᠥ ᠴᠠᠰᠤᠨ᠎ᠤ ᠰᠣᠶᠣᠯ ᠢᠷᠭᠡᠨᠰᠢᠯ᠎ᠤᠨ ᠰᠣᠯᠢᠯᠴᠠᠭ᠋ᠠᠨ᠎ᠤ ᠬᠤᠯᠪᠣᠭ᠋ᠠᠰᠤ ᠵᠢ ᠴᠢᠩᠭ᠋ᠠᠳᠬᠠᠨ᠎ᠠ᠃ (ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ᠂ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠬᠠᠷᠢᠭᠤᠴᠠᠨ᠎ᠠ)
ᠳᠣᠯᠤᠭ᠎ᠠ᠂ ᠦᠢ᠍ᠯᠡᠴᠢᠯᠡᠭᠡᠨ᠎ᠤ ᠪᠠᠲᠤᠯᠠᠭ᠎ᠠ ᠵᠢ ᠴᠢᠩᠭ᠋ᠠᠳᠬᠠᠨ᠎ᠠ
23. ᠲᠠᠯᠠᠪᠤᠷ ᠭᠠᠵᠠᠷ᠎ᠤᠨ ᠡᠵᠡᠩᠨᠡᠯᠲᠡ ᠵᠢᠨ ᠨᠢᠭᠡᠴᠢ᠂ ᠤᠷᠤᠯᠳᠤᠭ᠋ᠠᠨ᠎ᠤ ᠠᠵᠢᠯᠯᠠᠭ᠎ᠠ ᠵᠢᠨ ᠡᠷᠬᠢᠯᠡᠭᠴᠢ ᠵᠢᠨ ᠲᠠᠯ᠎ᠠ ᠵᠢᠨ ᠠᠮᠤᠷ ᠲᠦᠪᠰᠢᠨ᠎ᠤ ᠭᠤᠤᠯ ᠴᠣᠭᠴᠠ ᠵᠢᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠵᠤ᠂ ᠠᠮᠤᠷ ᠲᠦᠪᠰᠢᠨ᠎ᠤ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠵᠢ ᠨᠠᠶ᠋ᠢᠳᠠᠪᠤᠷᠢᠵᠢᠭᠤᠯᠤᠨ᠂ ᠮᠥᠰᠥ ᠴᠠᠰᠤᠨ᠎ᠤ ᠲᠠᠮᠢᠷ᠎ᠤᠨ ᠬᠦᠳᠡᠯᠭᠡᠭᠡᠨ᠎ᠤ ᠲᠠᠯᠠᠪᠤᠷ ᠭᠠᠵᠠᠷ᠂ ᠤᠷᠤᠯᠳᠤᠭ᠋ᠠᠨ᠎ᠤ ᠠᠵᠢᠯᠯᠠᠭ᠎ᠠ᠂ ᠲᠣᠨᠤᠭ ᠲᠥᠬᠦᠭᠡᠷᠦᠮᠵᠢ ᠪᠡᠯᠡᠳᠬᠡᠮᠵᠢ ᠵᠡᠷᠭᠡ ᠵᠢᠨ ᠠᠮᠤᠷ ᠲᠦᠪᠰᠢᠨ᠎ᠤ ᠬᠠᠮᠢᠶᠠᠷᠤᠯᠲᠠ ᠵᠢ ᠴᠢᠩᠭ᠋ᠠᠳᠬᠠᠵᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠦᠯ᠎ᠢ ᠲᠣᠭᠲᠠᠭ᠋ᠠᠨ᠂ ᠠᠮᠤᠷ ᠲᠦᠪᠰᠢᠨ᠎ᠤ ᠳᠠᠯᠳᠠ ᠬᠡᠮ᠎ᠢ ᠵᠢᠭᠰᠠᠭ᠋ᠠᠨ ᠪᠠᠶ᠋ᠢᠴᠠᠭ᠋ᠠᠬᠤ ᠪᠠ ᠴᠡᠭᠴᠡᠯᠡᠨ ᠰᠠᠶ᠋ᠢᠵᠢᠷᠠᠭᠤᠯᠬᠤ ᠠᠵᠢᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠥᠷᠨᠢᠭᠦᠯᠵᠦ᠂ ᠮᠥᠰᠥ ᠴᠠᠰᠤᠨ᠎ᠤ ᠲᠠᠯᠠᠪᠠᠶ ᠣᠷᠳᠣᠨ᠎ᠤ ᠶᠠᠰᠤ ᠴᠢᠨᠠᠷ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠷᠠᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠢᠩᠬᠢᠮ᠂ ᠥᠪᠥᠷ ᠮᠣᠩᠭᠤᠯ᠎ᠤᠨ ᠭᠠᠯ ᠤᠨᠲᠠᠷᠠᠭ᠋ᠠᠵᠤ ᠠᠪᠤᠷᠠᠨ ᠲᠤᠰᠠᠯᠠᠬᠤ ᠶᠡᠷᠦᠩᠬᠡᠶ ᠠᠩᠭᠢ ᠬᠠᠷᠢᠭᠤᠴᠠᠨ᠎ᠠ)
24. ᠮᠥᠰᠥ ᠴᠠᠰᠤᠨ᠎ᠤ ᠬᠦᠷᠢᠶ᠎ᠡ ᠴᠠᠷᠠᠭ᠋ᠠᠨ᠎ᠳᠠᠬᠢ ᠠᠶᠤᠯ ᠲᠦᠭᠰᠢᠭᠦᠷᠢ ᠵᠢᠨ ᠬᠠᠮᠢᠶᠠᠷᠤᠯᠲᠠ᠂ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠲᠣᠭᠲᠠᠯᠴᠠᠭ᠎ᠠ᠂ ᠴᠠᠭ ᠠᠭᠤᠷ᠎ᠤᠨ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠲᠣᠭᠲᠠᠴᠠ ᠵᠢ ᠪᠦᠷᠢᠨᠰᠢᠭᠦᠯᠵᠦ᠂ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠬᠦᠴᠦᠨ᠎ᠢ ᠴᠢᠩᠭ᠋ᠠᠳᠬᠠᠨ᠂ ᠮᠡᠷᠭᠡᠵᠢᠯ ᠲᠤᠨᠤᠭ ᠲᠥᠭᠦᠭᠡᠷᠦᠮᠵᠢ ᠵᠢᠨ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠰᠣᠷᠢᠯᠲᠠ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠵᠣᠬᠢᠶᠠᠨ ᠪᠠᠶ᠋ᠢᠭᠤᠯᠵᠤ᠂ ᠣᠷᠭᠢᠯ᠎ᠤᠨ ᠬᠤᠭᠤᠴᠠᠭ᠋ᠠᠨ᠎ᠳᠠᠬᠢ ᠠᠶᠠᠨᠴᠢᠳ᠎ᠤᠨ ᠴᠤᠪᠤᠷᠠᠯ᠎ᠢ ᠠᠷᠭ᠋ᠠᠴᠠᠭ᠋ᠠᠨ ᠰᠶ᠋ᠢᠳᠪᠦᠷᠢᠯᠡᠬᠦ ᠲᠣᠭᠲᠠᠴᠠ ᠵᠢ ᠲᠡᠭᠦᠯᠳᠡᠷᠵᠢᠭᠦᠯᠦᠨ᠂ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠴᠢᠳᠠᠪᠤᠷᠢ᠎ᠪᠠᠨ ᠳᠡᠭᠡᠭᠰᠢᠯᠡᠭᠦᠯᠬᠦ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠥᠷ ᠮᠣᠩᠭᠤᠯ᠎ᠤᠨ ᠴᠠᠭ ᠠᠭᠤᠷ᠎ᠤᠨ ᠲᠣᠪᠴᠢᠶ᠎ᠠ᠂ ᠥᠪᠥᠷ ᠮᠣᠩᠭᠤᠯ᠎ᠤᠨ ᠭᠠᠯ ᠤᠨᠲᠠᠷᠠᠭ᠋ᠠᠵᠤ ᠠᠪᠤᠷᠠᠨ ᠲᠤᠰᠠᠯᠠᠬᠤ ᠶᠡᠷᠦᠩᠬᠡᠶ ᠠᠩᠭᠢ ᠬᠠᠷᠢᠭᠤᠴᠠᠨ᠎ᠠ)
25. ᠮᠥᠰᠥ ᠴᠠᠰᠤᠨ᠎ᠤ ᠠᠵᠤ ᠠᠬᠤᠶ ᠵᠢᠨ ᠲᠤᠭ᠎ᠠ ᠪᠦᠷᠢᠳᠬᠡᠯ᠎ᠤᠨ ᠰᠤᠳᠤᠯᠭ᠋ᠠᠨ᠎ᠢ ᠴᠢᠩᠭ᠋ᠠᠳᠬᠠᠵᠤ᠂ ᠲᠣᠮᠣ ᠳ᠋ᠠᠶ᠋ᠢᠲ᠋ᠠ᠂ ᠡᠭᠦᠯᠡᠨ ᠪᠤᠳᠤᠯᠲᠠ ᠵᠡᠷᠭᠡ ᠣᠲᠣ ᠦᠶ᠎ᠡ ᠵᠢᠨ ᠮᠡᠳᠡᠭᠡ ᠵᠠᠩᠭᠢ ᠵᠢᠨ ᠮᠡᠷᠭᠡᠵᠢᠯ᠎ᠤᠨ ᠬᠡᠷᠡᠭᠯᠡᠯᠲᠡ ᠵᠢ ᠴᠢᠩᠭ᠋ᠠᠷᠠᠭᠤᠯᠤᠨ᠂ ᠮᠥᠰᠥ ᠴᠠᠰᠤᠨ᠎ᠤ ᠠᠵᠤ ᠠᠬᠤᠶ ᠵᠢᠨ ᠲᠤᠭ᠎ᠠ ᠪᠠᠷᠢᠮᠲᠠ ᠵᠢ ᠴᠤᠭᠯᠠᠭᠤᠯᠬᠤ᠂ ᠰᠢᠢ᠍ᠳᠪᠦᠷᠢᠯᠡᠬᠦ᠂ ᠵᠠᠳᠠᠯᠤᠯᠲᠠ ᠬᠢᠬᠦ ᠵᠢ ᠨᠢᠭᠡ ᠴᠣᠭᠴᠠᠵᠢᠭᠤᠯᠤᠭᠰᠠᠨ ᠲᠠᠪᠴᠠᠩ᠎ᠢ ᠪᠠᠶ᠋ᠢᠭᠤᠯᠵᠤ᠂ ᠪᠠᠶ᠋ᠢᠩᠭᠤᠰᠢᠭᠰᠠᠨ ᠬᠢᠨᠠᠨ ᠰᠢᠨᠵᠢᠯᠲᠡ ᠵᠢ ᠥᠷᠨᠢᠭᠦᠯᠦᠨ᠂ ᠮᠥᠰᠥ ᠴᠠᠰᠤᠨ᠎ᠤ ᠠᠵᠤ ᠦᠢ᠍ᠯᠡᠰ᠎ᠤᠨ ᠵᠠᠬ᠎ᠠ ᠳᠡᠯᠭᠡᠭᠦᠷ᠎ᠢ ᠬᠦᠲᠦᠯᠦᠨ ᠵᠢᠯᠤᠭᠤᠳᠬᠤ ᠠᠵᠢᠯ᠎ᠢ ᠰᠠᠶ᠋ᠢᠲᠤᠷ ᠬᠢᠨ᠎ᠠ᠃ (ᠥᠪᠡᠷᠲᠡᠭᠡᠨ ᠵᠠᠰᠠᠬᠤ ᠣᠷᠣᠨ᠎ᠤ ᠲᠤᠭ᠎ᠠ ᠪᠦᠷᠢᠳᠬᠡᠯ᠎ᠤᠨ ᠲᠣᠪᠴᠢᠶ᠎ᠠ᠂ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠪᠡᠶ᠎ᠡ ᠵᠢᠨ ᠲᠠᠮᠢᠷ᠎ᠤᠨ ᠲᠣᠪᠴᠢᠶ᠎ᠠ ᠬᠠᠷᠢᠭᠤᠴᠠᠨ᠎ᠠ)
ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠭᠢᠮ
2025 ᠣᠨ᠎ᠤ 1 ᠳ᠋ᠦ᠍ᠭᠡᠷ ᠰᠠᠷ᠎ᠠ ᠵᠢᠨ 8᠎ᠤ ᠡᠳᠦᠷ ᠳᠠᠷᠤᠮᠠᠯᠯᠠᠨ ᠲᠠᠷᠬᠠᠭ᠋ᠠᠪᠠ