ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
ᠥᠪᠥᠷ ᠵᠠᠰᠠᠭ ᠠᠯᠪᠠᠨ ᠲᠠᠷᠬᠠᠭ᠋ᠠᠭᠰᠠᠨ [2024] 40 ᠳ᠋ᠦ᠍ᠭᠡᠷ ᠲᠣᠭ᠋ᠠᠲᠤ
ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ᠎ᠳᠠᠬᠢ ᠲᠡᠦᠬᠡ ᠵᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠲᠠ ᠵᠢᠨ ᠤᠷᠢᠳᠠᠴᠢ ᠬᠢᠨᠠᠨ ᠪᠠᠶ᠋ᠢᠴᠠᠭ᠋ᠠᠬᠤ ᠠᠵᠢᠯ᠎ᠢ ᠴᠢᠩᠭ᠋ᠠᠳᠬᠠᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
ᠰᠢ ᠵᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ᠂ ᠶᠡᠷᠦᠩᠬᠡᠢ ᠱᠦᠵᠢ ᠰᠢ ᠵᠢᠨ ᠫᠢᠩ᠎ᠤᠨ ᠰᠣᠶᠣᠯ᠎ᠤᠨ ᠥᠪ᠎ᠢ ᠬᠠᠮᠠᠭ᠋ᠠᠯᠠᠨ ᠤᠯᠠᠮᠵᠢᠯᠠᠬᠤ ᠲᠤᠬᠠᠢ ᠴᠢᠬᠤᠯᠠ ᠥᠭᠦᠯᠡᠯᠲᠡ ᠵᠢ ᠬᠢᠨᠠᠮᠠᠭ᠋ᠠᠢ ᠨᠠᠶ᠋ᠢᠳᠠᠪᠤᠷᠢᠵᠢᠭᠤᠯᠵᠤ᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠲᠠ ᠵᠢᠨ ᠬᠠᠤᠯᠢ》᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠲᠠ ᠵᠢᠨ ᠬᠠᠤᠯᠢ ᠵᠢ ᠬᠡᠷᠡᠭᠵᠢᠭᠦᠯᠬᠦ ᠳᠦᠷᠢᠮ》᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠲᠠ ᠵᠢᠨ ᠳᠦᠷᠢᠮ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠴᠢᠩᠭ᠎ᠠ ᠬᠡᠷᠡᠭᠵᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠤᠣᠯ ᠰᠢᠵᠢᠮ ᠪᠣᠯᠭ᠋ᠠᠬᠤ ᠵᠢ ᠪᠠᠷᠢᠮᠲᠠᠯᠠᠨ᠂ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ᠎ᠳᠤ ᠭᠠᠵᠠᠷ ᠳᠡᠭᠡᠷᠡᠬᠢ ᠲᠡᠦᠬᠡ ᠵᠢᠨ ᠳᠤᠷᠠᠰᠬᠠᠯᠲᠤ ᠵᠦᠢ᠍ᠯ ᠪᠣᠯ 《ᠤᠷᠢᠳ ᠵᠶ᠋ᠠᠷ ᠪᠠᠶ᠋ᠢᠴᠠᠭ᠋ᠠᠯᠲᠠ ᠬᠢᠵᠦ᠂ ᠳᠠᠷᠠᠭ᠎ᠠ᠎ᠳᠤ᠎ᠨᠢ ᠪᠦᠲᠦᠭᠡᠨ ᠪᠠᠶ᠋ᠢᠭᠤᠯᠬᠤ》᠂ ᠭᠠᠵᠠᠷ ᠳᠣᠣᠷᠠᠬᠢ ᠲᠡᠦᠬᠡ ᠵᠢᠨ ᠳᠤᠷᠠᠰᠬᠠᠯᠲᠤ ᠵᠦᠢ᠍ᠯ ᠪᠣᠯ 《ᠤᠷᠢᠳ ᠵᠶ᠋ᠠᠷ ᠬᠠᠭᠤᠴᠢ ᠰᠤᠳᠤᠯᠤᠯ ᠬᠢᠵᠦ᠂ ᠳᠠᠷᠠᠭ᠎ᠠ᠎ᠳᠤ᠎ᠨᠢ ᠲᠥᠯᠥᠪᠦᠷᠢᠲᠡᠢ ᠰᠢᠯᠵᠢᠭᠦᠯᠬᠦ》 ᠳᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠲᠡᠦᠬᠡ ᠵᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠲᠠ ᠵᠢᠨ ᠠᠵᠢᠯ᠎ᠢ ᠦᠨᠡᠨ ᠬᠦ᠌ ᠰᠠᠶ᠋ᠢᠲᠤᠷ ᠬᠢᠬᠦ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠡᠳᠦᠭᠡ ᠬᠤᠯᠪᠣᠭᠳᠠᠯ ᠪᠦᠬᠦᠢ ᠵᠦᠢ᠍ᠯᠡᠰ᠎ᠢ ᠳᠣᠣᠷᠠᠬᠢ ᠮᠡᠲᠦ ᠮᠡᠳᠡᠭᠳᠡᠪᠡ᠃
ᠨᠢᠭᠡ᠂ ᠤᠷᠢᠳᠠᠴᠢ ᠬᠢᠨᠠᠨ ᠵᠥᠪᠰᠢᠶᠡᠷᠡᠭᠦᠯᠬᠦ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠬᠤ ᠬᠡᠷᠡᠭᠲᠡᠢ᠃ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠨᠤᠭᠤᠳ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ᠎ᠢ ᠬᠠᠷᠢᠭᠤᠴᠠᠵᠤ ᠪᠠᠶ᠋ᠢᠭ᠎ᠠ ᠰᠠᠯᠠᠭ᠎ᠠ ᠮᠥᠴᠢᠷ᠎ᠢ ᠵᠢᠯᠣᠭᠤᠳᠴᠤ ᠪᠠᠶ᠋ᠢᠭ᠋ᠠᠳ ᠲᠡᠦᠬᠡ ᠵᠢᠨ ᠳᠤᠷᠠᠰᠬᠠᠯᠲᠤ ᠵᠦᠢ᠍ᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠢ ᠪᠠᠭᠲᠠᠭ᠋ᠠᠭᠰᠠᠨ ᠬᠠᠮᠢᠶ᠎ᠠ ᠪᠦᠬᠦᠢ ᠰᠠᠯᠠᠭ᠎ᠠ ᠮᠥᠴᠢᠷ᠎ᠤᠳ᠎ᠤᠨ ᠬᠤᠯᠪᠤᠭ᠋ᠠᠯᠠᠨ ᠭᠦᠢ᠍ᠴᠡᠳᠬᠡᠬᠦ ᠲᠣᠭᠲᠠᠴᠠ ᠵᠢ ᠪᠠᠶ᠋ᠢᠭᠤᠯᠬᠤ ᠬᠡᠷᠡᠭᠲᠡᠢ᠃ ᠡᠯ᠎ᠡ ᠱᠠᠲᠤᠨ᠎ᠤ ᠬᠠᠮᠢᠶ᠎ᠠ ᠪᠦᠬᠦᠢ ᠲᠤᠬᠠᠶ᠋ᠢᠯᠠᠭᠰᠠᠨ ᠠᠵᠢᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠡᠯ᠎ᠡ ᠲᠥᠷᠥᠯ᠎ᠤᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠵᠦᠢ᠍ᠯᠡᠰ᠎ᠢ ᠬᠢᠨᠠᠮᠠᠭ᠋ᠠᠢ ᠡᠮᠬᠢᠯᠡᠵᠦ᠂ ᠲᠥᠷᠥᠯ ᠵᠦᠢ᠍ᠯ ᠲᠣᠭᠲᠠᠭ᠋ᠠᠬᠤ᠂ ᠭᠠᠵᠠᠷ ᠬᠡᠷᠡᠭᠯᠡᠵᠦ ᠭᠠᠵᠠᠷ ᠰᠣᠩᠭᠤᠬᠤ ᠲᠠᠯ᠎ᠠ ᠵᠢᠨ ᠠᠵᠢᠯ᠎ᠢ ᠬᠠᠷᠢᠭᠤᠴᠠᠵᠤ ᠪᠠᠶ᠋ᠢᠭ᠎ᠠ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ᠎ᠨᠢ ᠲᠥᠷᠥᠯ ᠵᠦᠢ᠍ᠯ᠎ᠢ ᠤᠷᠢᠳᠴᠢᠯᠠᠨ ᠬᠢᠨᠠᠬᠤ ᠱᠠᠲᠤᠨ᠎ᠳᠤ ᠠᠳᠠᠯᠢ ᠱᠠᠲᠤᠨ᠎ᠤ ᠲᠡᠦᠬᠡ ᠵᠢᠨ ᠳᠤᠷᠠᠰᠬᠠᠯᠲᠤ ᠵᠦᠢ᠍ᠯ᠎ᠤᠨ ᠰᠠᠯᠠᠭ᠎ᠠ ᠮᠥᠴᠢᠷ᠎ᠤᠨ ᠰᠠᠨᠠᠯ᠎ᠢ ᠰᠠᠨᠠᠭ᠋ᠠᠴᠢᠯᠠᠭ᠎ᠠ᠎ᠠᠴᠠ᠎ᠪᠠᠨ ᠬᠤᠷᠢᠶᠠᠬᠤ ᠬᠡᠷᠡᠭᠲᠡᠢ; ᠲᠣᠮᠣ ᠬᠡᠯᠪᠡᠷᠢ ᠵᠢᠨ ᠦᠨᠳᠦᠰᠦᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠪᠠᠷᠢᠯᠭ᠎ᠠ ᠡᠬᠢᠯᠡᠭᠦᠯᠬᠦ ᠵᠥᠪᠰᠢᠶᠡᠷᠡᠯ᠎ᠢ ᠬᠠᠷᠢᠭᠤᠴᠠᠵᠤ ᠪᠠᠶ᠋ᠢᠭ᠎ᠠ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ᠎ᠨᠢ ᠲᠡᠦᠬᠡ ᠵᠢᠨ ᠳᠤᠷᠠᠰᠬᠠᠯᠲᠤ ᠵᠦᠢ᠍ᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠲᠡᠦᠬᠡ ᠵᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠲᠠ ᠵᠢᠨ ᠵᠥᠪᠰᠢᠶᠡᠷᠡᠯ᠎ᠢ ᠤᠷᠢᠳᠠᠴᠢ ᠬᠢᠨᠠᠨ ᠪᠠᠶ᠋ᠢᠴᠠᠭ᠋ᠠᠯᠲᠠ ᠵᠢᠨ ᠴᠢᠬᠤᠯᠠ ᠨᠥᠬᠦᠴᠡᠯ ᠪᠣᠯᠭ᠋ᠠᠨ ᠵᠢᠭᠰᠠᠭ᠋ᠠᠬᠤ ᠬᠡᠷᠡᠭᠲᠡᠢ᠃
ᠬᠤᠶᠠᠷ᠂ ᠤᠷᠢᠳᠠᠴᠢ ᠬᠢᠨᠠᠨ ᠵᠥᠪᠰᠢᠶᠡᠷᠡᠭᠦᠯᠬᠦ ᠳᠡᠰ ᠳᠠᠷᠠᠭ᠋ᠠᠯᠠᠯ᠎ᠢ ᠵᠢᠷᠤᠮᠵᠢᠭᠤᠯᠬᠤ ᠬᠡᠷᠡᠭᠲᠡᠢ᠃ ᠪᠦᠬᠦ ᠣᠷᠣᠨ᠎ᠤ ᠡᠯ᠎ᠡ ᠱᠠᠲᠤᠨ᠎ᠤ ᠲᠡᠦᠬᠡ ᠵᠢᠨ ᠳᠤᠷᠠᠰᠬᠠᠯᠲᠤ ᠵᠦᠢ᠍ᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠡᠯ᠎ᠡ ᠱᠠᠲᠤᠨ᠎ᠤ ᠲᠡᠦᠬᠡ ᠵᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠲᠠ ᠵᠢᠨ ᠨᠢᠭᠡᠴᠢ ᠵᠢᠨ ᠬᠠᠮᠠᠭ᠋ᠠᠯᠠᠬᠤ ᠬᠦᠷᠢᠶ᠎ᠡ ᠬᠡᠪᠴᠢᠶ᠎ᠡ ᠪᠠ ᠪᠦᠲᠦᠭᠡᠨ ᠪᠠᠶ᠋ᠢᠭᠤᠯᠤᠯᠲᠠ ᠵᠢ ᠬᠢᠵᠠᠭ᠋ᠠᠷᠯᠠᠬᠤ ᠣᠷᠣᠨ ᠪᠦᠰᠡ ᠵᠢᠨ ᠮᠡᠳᠡᠭᠡ ᠵᠠᠩᠭᠢ ᠵᠢ ᠨᠡᠶ᠋ᠢᠭᠡᠮ ᠨᠡᠶ᠋ᠢᠳᠡ᠎ᠳᠤ ᠢᠯᠡ ᠪᠣᠯᠭ᠋ᠠᠬᠤ ᠬᠡᠷᠡᠭᠲᠡᠢ᠃ ᠲᠣᠮᠣ ᠬᠡᠯᠪᠡᠷᠢ ᠵᠢᠨ ᠦᠨᠳᠦᠰᠦᠨ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠪᠠᠷᠢᠬᠤ᠎ᠳᠤ᠎ᠪᠠᠨ᠂ ᠪᠠᠷᠢᠯᠭ᠎ᠠ ᠪᠠᠶ᠋ᠢᠭᠤᠯᠬᠤ ᠨᠢᠭᠡᠴᠢ᠎ᠨᠢ ᠤᠷᠢᠳ ᠵᠶ᠋ᠠᠷ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠮᠡᠳᠡᠭᠦᠯᠵᠦ ᠬᠠᠭᠤᠴᠢ ᠰᠤᠳᠤᠯᠤᠯ᠎ᠤᠨ ᠨᠡᠭᠡᠭᠡᠨ ᠮᠠᠯᠲᠠᠬᠤ ᠠᠵᠢᠯ ᠬᠢᠵᠦ ᠪᠠᠶ᠋ᠢᠭ᠎ᠠ ᠨᠢᠭᠡᠴᠢ᠎ᠨᠦᠭᠦᠳ᠎ᠢ ᠵᠣᠬᠢᠶᠠᠨ ᠪᠠᠶ᠋ᠢᠭᠤᠯᠵᠤ ᠪᠠᠶ᠋ᠢᠭ᠋ᠠᠳ ᠪᠠᠷᠢᠯᠭ᠎ᠠ ᠵᠢᠨ ᠭᠠᠵᠠᠷ ᠪᠣᠯᠭ᠋ᠠᠨ ᠰᠣᠩᠭᠤᠬᠤ ᠬᠡᠪᠴᠢᠶᠡᠨ ᠳᠣᠲᠣᠷ᠎ᠠ ᠬᠠᠭᠤᠴᠢ ᠰᠤᠳᠤᠯᠤᠯ᠎ᠤᠨ ᠪᠠᠶ᠋ᠢᠴᠠᠭ᠋ᠠᠯᠲᠠ ᠪᠠ ᠬᠠᠶ᠋ᠢᠨ ᠰᠢᠨᠵᠢᠯᠲᠡ ᠬᠢᠯᠭᠡᠬᠦ᠎ᠪᠠᠷ ᠭᠤᠶᠤᠴᠢᠯᠠᠵᠤ᠂ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠬᠠᠤᠯᠢ᠎ᠳᠤ ᠲᠣᠭᠲᠠᠭ᠋ᠠᠭᠰᠠᠨ ᠴᠠᠭ ᠬᠤᠭᠤᠴᠠᠭ᠋ᠠᠨ᠎ᠤ ᠳᠣᠲᠣᠷ᠎ᠠ ᠬᠢᠨᠠᠨ ᠬᠠᠷᠭᠤᠭᠤᠯᠤᠭᠰᠠᠨ ᠰᠠᠨᠠᠯ ᠵᠶ᠋ᠠᠨ ᠭᠠᠷᠭ᠋ᠠᠬᠤ ᠬᠡᠷᠡᠭᠲᠡᠢ᠃ ᠬᠤᠲᠠ ᠪᠠᠯᠭ᠋ᠠᠰᠤᠨ᠎ᠤ ᠲᠥᠯᠦᠪᠵᠢᠭᠦᠯᠭᠡ ᠵᠢᠨ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠪᠴᠢᠶᠡᠨ ᠳᠣᠲᠣᠷ᠎ᠠ ᠵᠢᠴᠢ ᠡᠯ᠎ᠡ ᠲᠥᠷᠥᠯ᠎ᠤᠨ ᠨᠡᠭᠡᠭᠡᠯᠲᠡ ᠵᠢᠨ ᠲᠣᠭᠤᠷᠢᠭ᠂ ᠳᠡᠭᠡᠳᠦ ᠰᠢᠨ᠎ᠡ ᠮᠡᠷᠭᠡᠵᠢᠯ᠎ᠤᠨ ᠲᠣᠭᠤᠷᠢᠭ᠂ ᠠᠵᠤ ᠦᠢ᠍ᠯᠡᠰ᠎ᠤᠨ ᠪᠥᠭᠡᠮᠨᠡᠷᠡᠯ᠎ᠤᠨ ᠲᠣᠭᠤᠷᠢᠭ᠂ ᠬᠤᠲᠠ ᠬᠥᠳᠡᠭᠡ ᠵᠢ ᠨᠢᠭᠡ ᠴᠣᠭᠴᠠᠵᠢᠭᠤᠯᠤᠭᠰᠠᠨ ᠵᠢᠱ᠌ᠢᠶ᠎ᠡ ᠦᠵᠡᠭᠦᠯᠬᠦ ᠲᠣᠭᠤᠷᠢᠭ ᠵᠡᠷᠭᠡ ᠬᠡᠰᠡᠭ ᠵᠶ᠋ᠠᠷ ᠨᠡᠭᠡᠭᠡᠨ ᠬᠥᠭᠵᠢᠭᠦᠯᠬᠦ᠎ᠪᠠᠷ ᠲᠥᠯᠥᠪᠵᠢᠭᠦᠯᠵᠦ ᠪᠠᠶ᠋ᠢᠭ᠎ᠠ ᠭᠠᠵᠠᠷ ᠰᠢᠷᠣᠢ᠎ᠳᠤ ᠣᠷᠣᠨ ᠪᠦᠰᠡ ᠵᠢᠨ ᠦᠨᠡᠯᠡᠨ ᠵᠢᠱ᠌ᠢᠯᠲᠡ ᠥᠷᠨᠢᠭᠦᠯᠬᠦ᠎ᠳᠤ᠎ᠪᠠᠨ᠂ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠢ ᠤᠷᠢᠵᠤ ᠣᠷᠣᠯᠴᠠᠭᠤᠯᠬᠤ ᠬᠡᠷᠡᠭᠲᠡᠢ᠃ ᠬᠠᠭᠤᠴᠢ ᠰᠤᠳᠤᠯᠤᠯ᠎ᠤᠨ ᠪᠠᠶ᠋ᠢᠴᠠᠭ᠋ᠠᠯᠲᠠ ᠪᠠ ᠬᠠᠶ᠋ᠢᠨ ᠰᠢᠨᠵᠢᠯᠲᠡ ᠬᠢᠬᠦ᠎ᠪᠠᠷ ᠳᠠᠮᠵᠢᠭ᠋ᠠᠳ ᠲᠡᠦᠬᠡ ᠵᠢᠨ ᠳᠤᠷᠠᠰᠬᠠᠯᠲᠤ ᠵᠦᠢ᠍ᠯ ᠣᠯᠵᠤ ᠮᠡᠳᠡᠭᠰᠡᠨ ᠦᠭᠡᠢ ᠪᠣᠯ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠬᠠᠤᠯᠢ᠎ᠳᠤ ᠲᠣᠭᠲᠠᠭ᠋ᠠᠭᠰᠠᠨ ᠴᠠᠭ ᠬᠤᠭᠤᠴᠠᠭ᠋ᠠᠨ᠎ᠤ ᠳᠣᠲᠣᠷ᠎ᠠ ᠬᠢᠨᠠᠨ ᠬᠠᠷᠭᠤᠭᠤᠯᠤᠭᠰᠠᠨ ᠰᠠᠨᠠᠯ ᠵᠶ᠋ᠠᠨ ᠭᠠᠷᠭ᠋ᠠᠬᠤ ᠬᠡᠷᠡᠭᠲᠡᠢ; ᠲᠡᠦᠬᠡ ᠵᠢᠨ ᠳᠤᠷᠠᠰᠬᠠᠯᠲᠤ ᠵᠦᠢ᠍ᠯ᠎ᠢ ᠣᠯᠵᠤ ᠢᠯᠡᠷᠡᠭᠦᠯᠪᠡᠯ᠂ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠬᠠᠶ᠋ᠢᠨ ᠰᠢᠨᠵᠢᠯᠲᠡ ᠵᠢᠨ ᠠᠵᠢᠯ ᠬᠢᠭᠰᠡᠨ ᠰᠠᠭᠤᠷᠢᠨ ᠳᠡᠭᠡᠷ᠎ᠡ ᠨᠡᠭᠡᠭᠡᠨ ᠮᠠᠯᠲᠠᠬᠤ ᠲᠥᠯᠥᠪᠯᠡᠭᠡ ᠳᠤᠷᠠᠳᠴᠤ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠲᠡᠦᠬᠡ ᠵᠢᠨ ᠳᠤᠷᠠᠰᠬᠠᠯᠲᠤ ᠵᠦᠢ᠍ᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠢ᠃ ᠦᠨᠡᠨ ᠬᠦ᠌ ᠲᠡᠦᠬᠡ ᠵᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠲᠠ ᠵᠢᠨ ᠨᠢᠭᠡᠴᠢ ᠵᠢᠨ ᠬᠠᠮᠠᠭ᠋ᠠᠯᠠᠬᠤ ᠬᠦᠷᠢᠶ᠎ᠡ ᠬᠡᠪᠴᠢᠶ᠎ᠡ ᠪᠠ ᠪᠦᠲᠦᠭᠡᠨ ᠪᠠᠶ᠋ᠢᠭᠤᠯᠤᠯᠲᠠ ᠵᠢ ᠬᠢᠵᠠᠭ᠋ᠠᠷᠯᠠᠬᠤ ᠣᠷᠣᠨ ᠪᠦᠰᠡ ᠵᠢᠨ ᠳᠣᠲᠣᠷ᠎ᠠ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠪᠠᠷᠢᠬᠤ ᠴᠢᠬᠤᠯᠠᠲᠠᠢ ᠪᠠᠶ᠋ᠢᠪᠠᠯ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠲᠠ ᠵᠢᠨ ᠬᠠᠤᠯᠢ》 ᠵᠢᠨ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠡᠷᠡᠭᠵᠢᠭᠦᠯᠬᠦ ᠬᠡᠷᠡᠭᠲᠡᠢ᠃
ᠭᠤᠷᠪᠠ᠂ ᠪᠦᠲᠦᠭᠡᠨ ᠪᠠᠶ᠋ᠢᠭᠤᠯᠬᠤ ᠪᠠᠷᠢᠯᠭ᠎ᠠ᠎ᠳᠤ ᠬᠢᠨᠠᠯᠲᠠ ᠬᠠᠮᠢᠶᠠᠷᠤᠯᠲᠠ ᠬᠢᠬᠦ᠎ᠪᠠᠨ ᠴᠢᠩᠭ᠋ᠠᠳᠬᠠᠬᠤ ᠬᠡᠷᠡᠭᠲᠡᠢ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠎ᠨᠢ ᠲᠡᠦᠬᠡ ᠵᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠲᠠ ᠵᠢᠨ ᠬᠤᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠤᠨ ᠱᠠᠭ᠋ᠠᠷᠳᠠᠯᠭ᠎ᠠ ᠪᠠ ᠲᠤᠰ ᠮᠡᠳᠡᠭᠳᠡᠯ᠎ᠤᠨ ᠵᠣᠷᠢᠭ ᠰᠠᠨᠠᠭ᠎ᠠ ᠵᠢ ᠦᠨᠳᠦᠰᠦᠯᠡᠨ᠂ ᠡᠯ᠎ᠡ ᠲᠥᠷᠥᠯ᠎ᠤᠨ ᠪᠦᠲᠦᠭᠡᠨ ᠪᠠᠶ᠋ᠢᠭᠤᠯᠬᠤ ᠲᠥᠷᠥᠯ ᠵᠦᠢ᠍ᠯ᠎ᠳᠤ ᠰᠠᠶ᠋ᠢᠲᠤᠷ ᠬᠢᠨᠠᠯᠲᠠ ᠬᠠᠮᠢᠶᠠᠷᠤᠯᠲᠠ ᠬᠢᠬᠦ ᠬᠡᠷᠡᠭᠲᠡᠢ᠃ ᠪᠠᠷᠢᠯᠭ᠎ᠠ ᠵᠢᠨ ᠭᠠᠵᠠᠷ ᠰᠣᠩᠭᠤᠬᠤ᠎ᠳᠤ᠎ᠪᠠᠨ ᠨᠡᠭᠦᠯᠭᠡᠨ ᠰᠢᠯᠵᠢᠭᠦᠯᠵᠦ ᠪᠣᠯᠣᠰᠢ ᠦᠭᠡᠢ ᠲᠡᠦᠬᠡ ᠵᠢᠨ ᠳᠤᠷᠠᠰᠬᠠᠯᠲᠤ ᠵᠦᠢ᠍ᠯ᠎ᠠᠴᠠ ᠵᠠᠶ᠋ᠢᠯᠠᠬᠤ ᠬᠡᠷᠡᠭᠲᠡᠢ᠂ ᠣᠨᠴᠠᠭ᠋ᠠᠶ ᠪᠠᠶ᠋ᠢᠳᠠᠯ᠎ᠠᠴᠠ ᠪᠣᠯᠵᠤ ᠦᠨᠡᠨ ᠬᠦ᠌ ᠵᠠᠶ᠋ᠢᠯᠠᠭᠤᠯᠬᠤ ᠪᠣᠯᠣᠯᠴᠠᠭ᠎ᠠ ᠦᠭᠡᠢ ᠪᠣᠯᠪᠠᠯ ᠬᠠᠤᠯᠢ ᠲᠣᠭᠲᠠᠭ᠋ᠠᠯ ᠶᠣᠰᠣᠭ᠋ᠠᠷ ᠲᠡᠦᠬᠡ ᠵᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠲᠠ ᠵᠢᠨ ᠤᠷᠢᠳᠠᠴᠢ ᠬᠢᠨᠠᠨ ᠵᠥᠪᠰᠢᠶᠡᠷᠡᠭᠦᠯᠬᠦ ᠳᠡᠰ ᠳᠠᠷᠠᠭ᠋ᠠᠯᠠᠯ᠎ᠢ ᠭᠦᠢ᠍ᠴᠡᠳᠬᠡᠬᠦ ᠬᠡᠷᠡᠭᠲᠡᠢ᠃ ᠪᠠᠷᠢᠯᠭ᠎ᠠ ᠪᠠᠷᠢᠬᠤ ᠶᠠᠪᠤᠴᠠ᠎ᠳᠤ ᠲᠡᠦᠬᠡ ᠵᠢᠨ ᠳᠤᠷᠠᠰᠬᠠᠯᠲᠤ ᠵᠦᠢ᠍ᠯ᠎ᠢ ᠣᠯᠵᠤ ᠢᠯᠡᠷᠡᠭᠦᠯᠪᠡᠯ᠂ ᠲᠤᠬᠠᠢ ᠵᠢᠨ ᠭᠠᠵᠠᠷ᠎ᠢ᠎ᠨᠢ ᠬᠠᠮᠠᠭ᠋ᠠᠯᠠᠵᠤ᠂ ᠳᠠᠷᠤᠶ᠋ᠢᠬᠠᠨ ᠲᠤᠬᠠᠢ ᠵᠢᠨ ᠭᠠᠵᠠᠷ᠎ᠤᠨ ᠲᠡᠦᠬᠡ ᠵᠢᠨ ᠳᠤᠷᠠᠰᠬᠠᠯᠲᠤ ᠵᠦᠢ᠍ᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠮᠡᠳᠡᠭᠦᠯᠵᠦ᠂ ᠲᠡᠦᠬᠡ ᠵᠢᠨ ᠳᠤᠷᠠᠰᠬᠠᠯᠲᠤ ᠵᠦᠢ᠍ᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠲᠠ ᠵᠢᠨ ᠬᠠᠤᠯᠢ》 ᠵᠢᠨ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠬᠦ ᠬᠡᠷᠡᠭᠲᠡᠢ᠃ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠳᠤᠮᠳᠠ ᠢᠯᠡᠷᠡᠭᠰᠡᠨ ᠬᠠᠭᠤᠴᠢ ᠰᠤᠳᠤᠯᠤᠯ᠎ᠤᠨ ᠪᠠᠶ᠋ᠢᠴᠠᠭ᠋ᠠᠯᠲᠠ᠂ ᠬᠠᠶ᠋ᠢᠨ ᠰᠢᠨᠵᠢᠯᠲᠡ᠂ ᠨᠡᠭᠡᠭᠡᠨ ᠮᠠᠯᠲᠠᠬᠤ ᠠᠵᠢᠯ᠎ᠢ ᠬᠠᠷᠰᠢᠯᠠᠨ ᠨᠥᠯᠥᠭᠡᠯᠡᠬᠦ᠂ ᠬᠤᠷᠢᠭᠯᠠᠨ ᠰᠠᠭ᠋ᠠᠲᠠᠭ᠋ᠠᠬᠤ ᠪᠠ ᠲᠡᠦᠬᠡ ᠵᠢᠨ ᠳᠤᠷᠠᠰᠬᠠᠯᠲᠤ ᠵᠦᠢ᠍ᠯ᠎ᠢ ᠡᠪᠳᠡᠨ ᠰᠦᠢ᠍ᠳᠬᠡᠬᠦ᠂ ᠲᠡᠦᠬᠡ ᠵᠢᠨ ᠳᠤᠷᠠᠰᠬᠠᠯᠲᠤ ᠵᠦᠢ᠍ᠯ᠎ᠢ ᠳᠦᠷᠭᠢᠯᠳᠦᠨ ᠪᠤᠯᠢᠶᠠᠯᠳᠤᠬᠤ ᠵᠡᠷᠭᠡ ᠦᠢ᠍ᠯᠡ ᠠᠵᠢᠯᠯᠠᠭ᠎ᠠ ᠵᠢ ᠬᠠᠤᠯᠢ ᠲᠣᠭᠲᠠᠭ᠋ᠠᠯ ᠶᠣᠰᠣᠭ᠋ᠠᠷ ᠴᠢᠩᠭ᠎ᠠ ᠰᠢᠢ᠍ᠳᠪᠦᠷᠢᠯᠡᠬᠦ ᠬᠡᠷᠡᠭᠲᠡᠢ᠃
ᠳᠥᠷᠪᠡ᠂ ᠤᠷᠢᠳᠠᠴᠢ ᠬᠢᠨᠠᠨ ᠵᠥᠪᠰᠢᠶᠡᠷᠡᠭᠦᠯᠬᠦ ᠦᠷ᠎ᠡ ᠪᠦᠲᠦᠮᠵᠢ ᠵᠢ ᠳᠡᠭᠡᠭᠰᠢᠯᠡᠭᠦᠯᠬᠦ ᠬᠡᠷᠡᠭᠲᠡᠢ᠃ ᠪᠦᠬᠦ ᠣᠷᠣᠨ᠎ᠤ ᠡᠯ᠎ᠡ ᠱᠠᠲᠤᠨ᠎ᠤ ᠲᠡᠦᠬᠡ ᠵᠢᠨ ᠳᠤᠷᠠᠰᠬᠠᠯᠲᠤ ᠵᠦᠢ᠍ᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠪᠦᠬᠦ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯ᠎ᠤᠨ ᠨᠡᠶ᠋ᠢᠳᠡᠮ ᠪᠠᠶ᠋ᠢᠴᠠᠭ᠋ᠠᠯᠲᠠ ᠵᠢᠨ ᠬᠠᠮᠤᠭ᠎ᠤᠨ ᠰᠢᠨ᠎ᠡ ᠲᠤᠭ᠎ᠠ ᠪᠠᠷᠢᠮᠲᠠ ᠵᠢ ᠦᠨᠳᠦᠰᠦᠯᠡᠨ ᠲᠡᠦᠬᠡ ᠵᠢᠨ ᠳᠤᠷᠠᠰᠬᠠᠯᠲᠤ ᠵᠦᠢ᠍ᠯ᠎ᠤᠨ ᠤᠷᠢᠳᠠᠴᠢ ᠬᠢᠨᠠᠨ ᠵᠥᠪᠰᠢᠶᠡᠷᠡᠭᠦᠯᠬᠦ ᠠᠵᠢᠯ᠎ᠢ ᠥᠷᠨᠢᠭᠦᠯᠬᠦ ᠬᠡᠷᠡᠭᠲᠡᠢ᠃ ᠬᠠᠭᠤᠴᠢ ᠰᠤᠳᠤᠯᠤᠯ᠎ᠤᠨ ᠪᠠᠶ᠋ᠢᠴᠠᠭ᠋ᠠᠯᠲᠠ᠂ ᠬᠠᠶ᠋ᠢᠨ ᠰᠢᠨᠵᠢᠯᠲᠡ᠂ ᠨᠡᠭᠡᠭᠡᠨ ᠮᠠᠯᠲᠠᠯᠲᠠ ᠵᠢᠨ ᠨᠢᠭᠡᠴᠢ ᠵᠢᠨ ᠬᠢᠷᠢ ᠭᠡᠮ᠎ᠢ ᠴᠢᠩᠭ᠎ᠠ ᠬᠢᠨᠠᠨ ᠪᠠᠶ᠋ᠢᠴᠠᠭ᠋ᠠᠵᠤ᠂ ᠬᠠᠭᠤᠴᠢ ᠰᠤᠳᠤᠯᠤᠯ᠎ᠤᠨ ᠠᠵᠢᠯ᠎ᠤᠨ ᠶᠠᠰᠤ ᠴᠢᠨᠠᠷ᠎ᠲᠤ ᠬᠢᠨᠠᠯᠲᠠ ᠬᠠᠮᠢᠶᠠᠷᠤᠯᠲᠠ ᠬᠢᠬᠦ᠎ᠪᠠᠨ ᠴᠢᠩᠭ᠋ᠠᠳᠬᠠᠬᠤ ᠬᠡᠷᠡᠭᠲᠡᠢ᠃ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠴᠤᠪᠤᠷᠠᠯ᠎ᠢ ᠰᠢᠯᠢᠳᠡᠭᠵᠢᠭᠦᠯᠵᠦ᠂ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠦᠨ᠂ ᠬᠠᠤᠯᠢ᠎ᠳᠤ ᠲᠣᠭᠲᠠᠭ᠋ᠠᠭᠰᠠᠨ ᠴᠠᠭ ᠬᠤᠭᠤᠴᠠᠭ᠋ᠠᠨ᠎ᠤ ᠳᠣᠲᠣᠷ᠎ᠠ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠲᠡᠦᠬᠡ ᠵᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠲᠠ ᠵᠢᠨ ᠵᠥᠪᠰᠢᠶᠡᠷᠡᠯ᠎ᠢ ᠪᠡᠶᠡᠯᠡᠭᠦᠯᠬᠦ ᠵᠢ ᠦᠨᠡᠨ ᠬᠦ᠌ ᠪᠠᠲᠤᠯᠠᠬᠤ ᠬᠡᠷᠡᠭᠲᠡᠢ᠃ ᠬᠠᠭᠤᠴᠢ ᠰᠤᠳᠤᠯᠤᠯ᠎ᠤᠨ ᠪᠠᠶ᠋ᠢᠴᠠᠭ᠋ᠠᠯᠲᠠ᠂ ᠬᠠᠶ᠋ᠢᠨ ᠰᠢᠨᠵᠢᠯᠲᠡ᠂ ᠨᠡᠭᠡᠭᠡᠨ ᠮᠠᠯᠲᠠᠬᠤ ᠠᠵᠢᠯ᠎ᠢ ᠬᠡᠷᠡᠭᠵᠢᠭᠦᠯᠬᠦ ᠨᠢᠭᠡᠴᠢ᠎ᠨᠦᠭᠦᠳ ᠦᠢ᠍ᠯᠡᠴᠢᠯᠡᠭᠡᠨ᠎ᠤ ᠤᠬᠠᠮᠰᠠᠷ ᠵᠶ᠋ᠠᠨ ᠴᠢᠩᠭ᠋ᠠᠳᠬᠠᠵᠤ᠂ ᠠᠵᠢᠯᠯᠠᠬᠤ ᠠᠷᠭ᠎ᠠ ᠵᠢᠨ ᠲᠠᠯ᠎ᠠ᠎ᠳᠤ ᠰᠢᠨ᠎ᠡ ᠵᠢ ᠡᠭᠦᠳᠴᠦ᠂ ᠬᠠᠤᠯᠢ ᠲᠣᠭᠲᠠᠭ᠋ᠠᠯ ᠶᠣᠰᠣᠭ᠋ᠠᠷ ᠰᠢᠨᠵᠢᠯᠡᠬᠦ ᠤᠬᠠᠭ᠋ᠠᠨᠴᠢ ᠪᠥᠭᠡᠳ ᠥᠨᠳᠥᠷ ᠪᠦᠲᠦᠮᠵᠢᠲᠡᠶ᠎ᠪᠠᠷ ᠠᠵᠢᠯ ᠵᠶ᠋ᠠᠨ ᠥᠷᠨᠢᠭᠦᠯᠬᠦ ᠬᠡᠷᠡᠭᠲᠡᠢ᠃ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠎ᠨᠢ ᠲᠥᠷᠥᠯ ᠵᠦᠢ᠍ᠯ᠎ᠤᠨ ᠬᠢᠨᠠᠨ ᠵᠥᠪᠰᠢᠶᠡᠷᠡᠬᠦ ᠶᠠᠪᠤᠴᠠ᠎ᠳᠤ ᠮᠡᠳᠡᠭᠡ ᠵᠠᠩᠭᠢ ᠵᠢ ᠬᠠᠮᠲᠤ᠎ᠳᠤ᠎ᠪᠠᠨ ᠬᠦᠷᠲᠡᠬᠦ ᠪᠠ ᠰᠦᠪᠡᠭᠴᠢ ᠵᠢ ᠰᠢᠯᠵᠢᠭᠦᠯᠦᠨ ᠬᠦᠷᠭᠡᠬᠦ ᠲᠣᠭᠲᠠᠴᠠ᠂ ᠬᠠᠮᠵᠢᠯᠴᠠᠨ ᠬᠠᠮᠠᠭ᠋ᠠᠯᠠᠬᠤ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ᠎ᠳᠠᠬᠢ ᠲᠡᠦᠬᠡ ᠵᠢᠨ ᠳᠤᠷᠠᠰᠬᠠᠯᠲᠤ ᠵᠦᠢ᠍ᠯ᠎ᠢ ᠬᠠᠮᠠᠭ᠋ᠠᠯᠠᠬᠤ ᠬᠠᠷᠢᠭᠤᠴᠠᠯᠭ᠎ᠠ᠎ᠪᠠᠨ ᠦᠨᠡᠨ ᠬᠦ᠌ ᠰᠠᠶ᠋ᠢᠲᠤᠷ ᠭᠦᠢ᠍ᠴᠡᠳᠬᠡᠬᠦ ᠬᠡᠷᠡᠭᠲᠡᠢ᠃
ᠲᠠᠪᠤ᠂ ᠪᠤᠰᠤᠳ ᠬᠤᠯᠪᠣᠭᠳᠠᠯ ᠪᠦᠬᠦᠢ ᠵᠦᠢ᠍ᠯᠡᠰ᠃ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠎ᠨᠢ ᠲᠡᠦᠬᠡ ᠵᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠲᠠ ᠵᠢᠨ ᠠᠵᠢᠯ᠎ᠤᠨ ᠴᠢᠬᠤᠯᠠ ᠴᠢᠨᠠᠷ ᠪᠠ ᠵᠠᠶ᠋ᠢᠯᠠᠰᠢ ᠦᠭᠡᠢ ᠴᠢᠨᠠᠷ᠎ᠢ ᠭᠦᠢ᠍ᠴᠡᠳ ᠲᠠᠨᠢᠵᠤ᠂ ᠲᠡᠦᠬᠡ ᠵᠢᠨ ᠳᠤᠷᠠᠰᠬᠠᠯᠲᠤ ᠵᠦᠢ᠍ᠯ᠎ᠢ ᠬᠠᠮᠠᠭ᠋ᠠᠯᠠᠵᠤ ᠪᠠᠶ᠋ᠢᠭ᠎ᠠ ᠶᠠᠪᠤᠳᠠᠯ ᠪᠣᠯ ᠮᠥᠨ ᠴᠦ᠍ ᠵᠠᠰᠠᠭ᠎ᠤᠨ ᠠᠵᠢᠯ᠎ᠤᠨ ᠠᠮᠵᠢᠯᠲᠠ ᠪᠦᠲᠦᠮᠵᠢ ᠪᠣᠯᠬᠤ ᠰᠢᠨᠵᠢᠯᠡᠬᠦ ᠤᠬᠠᠭ᠋ᠠᠨᠴᠢ ᠣᠨᠣᠯᠵᠢᠬᠤᠨ᠎ᠢ ᠪᠠᠲᠤ ᠪᠠᠬᠢ ᠪᠣᠶ ᠪᠣᠯᠭ᠋ᠠᠵᠤ᠂ ᠰᠣᠶᠣᠯ᠎ᠤᠨ ᠥᠪ᠎ᠤᠨ ᠬᠠᠮᠠᠭ᠋ᠠᠯᠠᠯᠲᠠ ᠵᠢᠨ ᠬᠠᠷᠢᠭᠤᠴᠠᠯᠭ᠎ᠠ ᠵᠢᠨ ᠳᠦᠷᠢᠮ᠎ᠢ ᠪᠠᠶ᠋ᠢᠭᠤᠯᠤᠨ ᠪᠦᠷᠢᠨᠰᠢᠭᠦᠯᠵᠦ᠂ ᠰᠣᠶᠣᠯ᠎ᠤᠨ ᠥᠪ᠎ᠤᠨ ᠬᠠᠮᠠᠭ᠋ᠠᠯᠠᠯᠲᠠ ᠵᠢᠨ ᠲᠣᠭᠲᠠᠮᠠᠯ ᠬᠤᠭᠤᠴᠠᠭ᠎ᠠ᠎ᠲᠠᠢ᠎ᠪᠠᠷ ᠨᠡᠪᠲᠡᠷᠡᠭᠦᠯᠦᠨ ᠮᠡᠳᠡᠭᠡᠯᠡᠬᠦ ᠳᠦᠷᠢᠮ᠂ ᠲᠤᠰᠬᠠᠢ ᠮᠡᠷᠭᠡᠵᠢᠯᠲᠡᠨ᠎ᠠᠴᠠ ᠯᠠᠪᠯᠠᠭ᠎ᠠ ᠠᠪᠬᠤ ᠳᠦᠷᠢᠮ ᠵᠢᠴᠢ ᠣᠯᠠᠨ ᠨᠡᠶ᠋ᠢᠲᠡ ᠪᠠ ᠶᠠᠷᠢᠶ᠎ᠠ ᠬᠡᠯᠡᠯᠴᠡᠭᠡ᠎ᠪᠠᠷ ᠬᠢᠨᠠᠯᠲᠠ ᠲᠠᠯᠪᠢᠬᠤ ᠲᠣᠭᠲᠠᠴᠠ ᠵᠢ ᠪᠠᠶ᠋ᠢᠭᠤᠯᠵᠤ᠂ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ᠎ᠳᠠᠬᠢ ᠲᠡᠦᠬᠡ ᠵᠢᠨ ᠳᠤᠷᠠᠰᠬᠠᠯᠲᠤ ᠵᠦᠢ᠍ᠯ᠎ᠤᠨ ᠤᠷᠢᠳᠠᠴᠢ ᠬᠢᠨᠠᠨ ᠵᠥᠪᠰᠢᠶᠡᠷᠡᠭᠦᠯᠬᠦ ᠱᠠᠭ᠋ᠠᠷᠳᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠬᠤ ᠬᠡᠷᠡᠭᠲᠡᠢ᠃ ᠲᠡᠦᠬᠡ ᠵᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠲᠠ ᠵᠢᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠥᠷᠭᠡᠨ ᠵᠶ᠋ᠠᠷ ᠤᠬᠠᠭᠤᠯᠵᠤ᠂ 《ᠰᠣᠶᠣᠯ ᠪᠠ ᠪᠠᠶ᠋ᠢᠭ᠋ᠠᠯᠢ ᠵᠢᠨ ᠥᠪ᠎ᠤᠨ ᠡᠳᠦᠷ》᠂ 《5.18᠎ᠤ ᠣᠯᠠᠨ ᠤᠯᠤᠰ᠎ᠤᠨ ᠮᠦᠽᠧᠢ ᠵᠢᠨ ᠡᠳᠦᠷ》 ᠵᠡᠷᠭᠡ ᠲᠣᠬᠢᠶᠠᠯ᠎ᠢ ᠠᠰᠢᠭᠯᠠᠨ᠂ 《ᠲᠣᠰᠬᠤᠨ ᠪᠣᠯᠭ᠋ᠠᠨ᠎ᠳᠤ ᠳᠠᠭᠤᠷᠢᠰᠤᠭᠤᠯᠬᠤ》 ᠷᠠᠳᠢᠣ᠋ ᠨᠡᠪᠲᠡᠷᠡᠭᠦᠯᠭᠡ ᠵᠢᠨ ᠲᠠᠪᠴᠠᠩ᠂ ᠤᠬᠠᠭᠤᠯᠭ᠎ᠠ ᠵᠢᠨ ᠪᠤᠯᠤᠩ᠂ ᠤᠬᠠᠭᠤᠯᠭ᠎ᠠ ᠵᠢᠨ ᠲᠣᠪᠬᠢᠮᠠᠯ ᠵᠡᠷᠭᠡ ᠠᠴᠢᠶᠠᠯᠠᠪᠤᠷᠢ ᠵᠢ ᠰᠠᠶ᠋ᠢᠲᠤᠷ ᠬᠡᠷᠡᠭᠯᠡᠵᠦ᠂ ᠲᠡᠦᠬᠡ ᠵᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠲᠠ ᠵᠢᠨ ᠬᠠᠤᠯᠢ ᠳᠦᠷᠢᠮ᠎ᠤᠨ ᠤᠬᠠᠭᠤᠯᠭ᠎ᠠ ᠵᠢ ᠥᠷᠭᠡᠨ ᠵᠶ᠋ᠠᠷ ᠥᠷᠨᠢᠭᠦᠯᠵᠦ᠂ ᠲᠡᠦᠬᠡ ᠵᠢᠨ ᠳᠤᠷᠠᠰᠬᠠᠯᠲᠤ ᠵᠦᠢ᠍ᠯ᠎ᠢ ᠬᠠᠮᠠᠭ᠋ᠠᠯᠠᠬᠤ ᠲᠤᠬᠠᠢ ᠣᠯᠠᠨ ᠨᠡᠶ᠋ᠢᠲᠡ ᠵᠢᠨ ᠬᠠᠤᠯᠢ ᠳᠦᠷᠢᠮ᠎ᠤᠨ ᠦᠵᠡᠯᠲᠡ ᠵᠢ᠎ᠨᠢ ᠴᠢᠩᠭ᠋ᠠᠷᠠᠭᠤᠯᠤᠨ᠂ ᠨᠡᠶ᠋ᠢᠭᠡᠮ ᠳᠠᠶᠠᠭ᠋ᠠᠷ᠎ᠤᠨ ᠲᠡᠦᠬᠡ ᠵᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠲᠠ᠎ᠳᠤ ᠣᠷᠣᠯᠴᠠᠬᠤ ᠤᠬᠠᠮᠰᠠᠷ᠎ᠢ᠎ᠨᠢ ᠳᠡᠭᠡᠭᠰᠢᠯᠡᠭᠦᠯᠬᠦ ᠬᠡᠷᠡᠭᠲᠡᠢ᠃ ᠪᠥᠬᠦ ᠣᠷᠣᠨ᠎ᠤ ᠡᠯ᠎ᠡ ᠱᠠᠲᠤᠨ᠎ᠤ ᠲᠡᠦᠬᠡ ᠵᠢᠨ ᠳᠤᠷᠠᠰᠬᠠᠯᠲᠤ ᠵᠦᠢ᠍ᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠲᠦᠷᠦᠭᠦᠯᠡᠨ ᠬᠠᠷᠢᠭᠤᠴᠠᠵᠤ ᠶᠡᠷᠦᠩᠬᠡᠶ᠋ᠢᠯᠡᠨ ᠠᠳᠬᠤᠵᠤ᠂ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠲᠡᠦᠬᠡ ᠵᠢᠨ ᠳᠤᠷᠠᠰᠬᠠᠯᠲᠤ ᠵᠦᠢ᠍ᠯ᠎ᠤᠨ ᠠᠮᠤᠷ ᠲᠦᠪᠰᠢᠨ᠎ᠤ ᠪᠠᠶ᠋ᠢᠴᠠᠭ᠋ᠠᠯᠲᠠ ᠪᠠ ᠴᠠᠭᠳᠠᠨ ᠪᠠᠶ᠋ᠢᠴᠠᠭ᠋ᠠᠯᠲᠠ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠥᠷᠨᠢᠭᠦᠯᠦᠨ᠂ ᠡᠯ᠎ᠡ ᠲᠡᠦᠬᠡ ᠵᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠲᠠ ᠵᠢᠨ ᠨᠢᠭᠡᠴᠢ ᠵᠢ ᠰᠢᠮᠳᠠᠭᠤᠯᠤᠨ ᠵᠢᠯᠤᠭᠤᠳᠴᠤ ᠪᠠᠶ᠋ᠢᠭ᠋ᠠᠳ 《ᠳᠥᠷᠪᠡ ᠵᠢ ᠪᠦᠷᠢᠯᠳᠦᠭᠦᠯᠦᠭᠰᠡᠨ (ᠬᠠᠮᠠᠭ᠋ᠠᠯᠠᠬᠤ ᠬᠡᠪᠴᠢᠶ᠎ᠡ᠎ᠲᠠᠢ᠂ ᠲᠡᠮᠳᠡᠭ ᠬᠠᠲᠠᠭᠰᠠᠨ ᠲᠣᠳᠣᠷᠬᠠᠶ᠋ᠢᠯᠠᠯᠲᠠ᠎ᠲᠠᠢ᠂ ᠲᠡᠮᠳᠡᠭᠯᠡᠯ᠎ᠤᠨ ᠲᠠᠩᠰᠠ ᠡᠪᠬᠡᠮᠡᠯ᠎ᠲᠠᠢ᠂ ᠲᠤᠰᠬᠠᠢ ᠪᠠᠶ᠋ᠢᠭᠤᠯᠤᠮᠵᠢ᠎ᠲᠠᠢ ᠪᠤᠶᠤ ᠲᠤᠰᠬᠠᠢ ᠬᠥᠮᠥᠨ ᠵᠶ᠋ᠠᠷ ᠬᠠᠷᠢᠭᠤᠴᠠᠭᠤᠯᠤᠨ ᠬᠠᠮᠢᠶᠠᠷᠤᠭᠤᠯᠤᠭᠰᠠᠨ ᠪᠠᠶ᠋ᠢᠬᠤ) ᠲᠠᠩᠰᠠ ᠡᠪᠬᠡᠮᠡᠯ》᠎ᠢ ᠦᠷᠭᠦᠯᠵᠢᠯᠡᠨ ᠪᠦᠷᠢᠨᠰᠢᠭᠦᠯᠵᠦ᠂ ᠬᠠᠮᠠᠭ᠋ᠠᠯᠠᠯᠲᠠ ᠵᠢ ᠲᠡᠷᠢᠭᠦᠨ ᠪᠠᠶ᠋ᠢᠷᠢᠨ᠎ᠳᠤ ᠲᠠᠯᠪᠢᠬᠤ᠂ ᠬᠠᠮᠢᠶᠠᠷᠤᠯᠲᠠ ᠵᠢ ᠴᠢᠩᠭ᠋ᠠᠳᠬᠠᠬᠤ᠂ ᠦᠨ᠎ᠡ ᠥᠷᠲᠡᠭ᠎ᠢ ᠠᠭᠤᠳᠠᠯᠬᠤ᠂ ᠪᠦᠲᠦᠮᠵᠢᠲᠡᠶ ᠠᠰᠢᠭᠯᠠᠬᠤ᠂ ᠲᠡᠦᠬᠡ ᠵᠢᠨ ᠳᠤᠷᠠᠰᠬᠠᠯᠲᠤ ᠵᠦᠢ᠍ᠯ᠎ᠢ ᠰᠡᠷᠭᠦᠭᠡᠨ ᠠᠮᠢᠯᠠᠭᠤᠯᠬᠤ ᠵᠢ ᠦᠨᠡᠨ ᠬᠦ᠌ ᠪᠡᠶᠡᠯᠡᠭᠦᠯᠬᠦ ᠬᠡᠷᠡᠭᠲᠡᠢ᠃
2024 ᠣᠨ᠎ᠤ 10 ᠳ᠋ᠤᠭ᠋ᠠᠷ ᠰᠠᠷ᠎ᠠ ᠵᠢᠨ 15᠎ᠤ ᠡᠳᠦᠷ
(ᠲᠣᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
2024 ᠣᠨ᠎ᠤ 10 ᠳ᠋ᠤᠭ᠋ᠠᠷ ᠰᠠᠷ᠎ᠠ ᠵᠢᠨ 15᠎ᠤ ᠡᠳᠦᠷ ᠳᠠᠷᠤᠮᠠᠯᠯᠠᠨ ᠲᠠᠷᠬᠠᠭ᠋ᠠᠪᠠ