ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠸᠠᠩ ᠶᠠᠨ ᠵᠸᠩ ᠵᠡᠷᠭᠡ 5 ᠨᠥᠬᠥᠷ᠎ᠤᠨ ᠲᠤᠰᠢᠶᠠᠯ᠎ᠤᠨ ᠳᠡᠰ᠎ᠢ ᠳᠡᠪᠰᠢᠭᠦᠯᠬᠦ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠦᠪᠯᠡᠯ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2023-12-15

      ᠥᠪᠥᠷ ᠮᠣᠩᠭᠣᠯ᠎ᠤᠨ ᠦᠨᠳᠦᠰᠦᠲᠡᠨ᠎ᠤ ᠵᠦᠪᠯᠡᠯ᠎ᠤᠨ ᠨᠠᠮ᠎ᠤᠨ ᠤᠳᠤᠷᠢᠳᠬᠤ ᠳᠤᠭᠤᠢ᠌ᠯᠠᠩ ᠲᠠᠷᠬᠠᠭ᠋ᠠᠭᠰᠠᠨ[2023]80 ᠳ᠋ᠤᠭ᠋ᠠᠷ ᠲᠣᠭ᠋ᠠᠲᠤ
       

ᠪᠠᠢ᠌ᠭᠤᠯᠭ᠎ᠠ ᠵᠢᠨ ᠡᠯ᠎ᠡ ᠭᠠᠵᠠᠷ ᠠᠯᠪᠠᠨ ᠭᠡᠷ᠂ ᠵᠦᠪᠯᠡᠯ᠎ᠤᠨ ᠡᠯ᠎ᠡ ᠬᠠᠷᠢᠶ᠎ᠠ ᠨᠢᠭᠡᠴᠢ᠄ 
      《ᠠᠯᠪᠠᠲᠠᠨ᠎ᠤ ᠲᠤᠰᠢᠶᠠᠯ ᠪᠠ ᠲᠤᠰᠢᠶᠠᠯ᠎ᠤᠨ ᠳᠡᠰ᠎ᠢ ᠵᠡᠷᠭᠡ᠎ᠪᠠᠷ ᠶᠠᠪᠤᠭᠳᠠᠭᠤᠯᠬᠤ ᠲᠣᠭᠲᠠᠭ᠋ᠠᠯ》 ᠪᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠯᠪᠠᠲᠠᠨ᠎ᠤ ᠲᠤᠰᠢᠶᠠᠯ ᠪᠠ ᠲᠤᠰᠢᠶᠠᠯ᠎ᠤᠨ ᠳᠡᠰ᠎ᠢ ᠵᠡᠷᠭᠡ᠎ᠪᠠᠷ ᠶᠠᠪᠤᠭᠳᠠᠭᠤᠯᠬᠤ ᠳᠦᠷᠢᠮ᠎ᠢ ᠬᠡᠷᠡᠭᠵᠢᠭᠦᠯᠬᠦ ᠲᠥᠰᠥᠯ》᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠦᠪᠯᠡᠯ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠠᠴᠠ ᠰᠤᠳᠤᠯᠤᠨ ᠲᠣᠭᠲᠠᠭ᠋ᠠᠭᠰᠠᠨ᠎ᠨᠢ᠄ 
       ᠸᠠᠩ ᠶᠠᠨ ᠵᠸᠩ ᠨᠥᠬᠥᠷ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠦᠪᠯᠡᠯ᠎ᠤᠨ ᠠᠵᠢᠯ᠎ᠠᠴᠠ᠎ᠪᠠᠨ ᠠᠮᠠᠷᠠᠭᠰᠠᠨ ᠺᠠᠳ᠋ᠷᠴᠤᠳ᠎ᠤᠨ ᠠᠵᠢᠯ᠎ᠤᠨ ᠭᠠᠵᠠᠷ᠎ᠤᠨ ᠨᠢᠭᠡᠳᠦᠭᠡᠷ ᠳᠡᠰ᠎ᠤᠨ ᠪᠠᠢ᠌ᠴᠠᠭ᠋ᠠᠨ ᠰᠤᠳᠤᠯᠤᠭᠴᠢ ᠵᠢᠨ ᠲᠤᠰᠢᠶᠠᠯ᠎ᠤᠨ ᠲᠠᠰ᠎ᠲᠤ ᠳᠡᠪᠰᠢᠭᠦᠯᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠦᠪᠯᠡᠯ᠎ᠤᠨ ᠠᠵᠢᠯ᠎ᠠᠴᠠ᠎ᠪᠠᠨ ᠠᠮᠠᠷᠠᠭᠰᠠᠨ ᠺᠠᠳ᠋ᠷᠴᠤᠳ᠎ᠤᠨ ᠠᠵᠢᠯ᠎ᠤᠨ ᠭᠠᠵᠠᠷ᠎ᠤᠨ ᠲᠠᠷᠤᠭ᠎ᠠ ᠵᠢᠨ ᠲᠤᠰᠢᠶᠠᠯ᠎ᠠᠴᠠ ᠪᠠᠭᠤᠯᠭ᠋ᠠᠨ᠎ᠠ᠃
      ᠴᠢᠩ ᠯᠢᠨ ᠨᠥᠬᠥᠷ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠠᠯᠪᠠᠨ ᠭᠡᠷ᠎ᠤᠨ ᠭᠤᠷᠪᠠᠳᠤᠭ᠋ᠠᠷ ᠳᠡᠰ᠎ᠤᠨ ᠪᠠᠢ᠌ᠴᠠᠭ᠋ᠠᠨ ᠰᠤᠳᠤᠯᠤᠭᠴᠢ ᠵᠢᠨ ᠲᠤᠰᠢᠶᠠᠯ᠎ᠤᠨ ᠳᠡᠰ᠎ᠲᠤ ᠳᠡᠪᠰᠢᠭᠦᠯᠦᠨ᠎ᠡ; 
      ᠳ᠋ᠦ᠋ ᠭᠦᠸᠧ ᠳ᠋ᠦᠩ ᠨᠥᠬᠥᠷ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠵᠣᠬᠢᠴᠠᠭᠤᠯᠤᠨ ᠠᠬᠢᠭᠤᠯᠬᠤ ᠭᠠᠵᠠᠷ᠎ᠤᠨ ᠭᠤᠷᠪᠠᠳᠤᠭ᠋ᠠᠷ ᠳᠡᠰ᠎ᠤᠨ ᠪᠠᠢ᠌ᠴᠠᠭ᠋ᠠᠨ ᠰᠤᠳᠤᠯᠤᠭᠴᠢ ᠵᠢᠨ ᠲᠤᠰᠢᠶᠠᠯ᠎ᠤᠨ ᠳᠡᠰ᠎ᠲᠤ ᠳᠡᠪᠰᠢᠭᠦᠯᠦᠨ᠎ᠡ; 
      ᠲᠠᠩ ᠰᠢᠶᠣᠣ ᠮᠢᠩ ᠨᠥᠬᠥᠷ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠵᠣᠬᠢᠴᠠᠭᠤᠯᠤᠨ ᠠᠬᠢᠭᠤᠯᠬᠤ ᠭᠠᠵᠠᠷ᠎ᠤᠨ ᠭᠤᠷᠪᠠᠳᠤᠭ᠋ᠠᠷ ᠳᠡᠰ᠎ᠤᠨ ᠪᠠᠢ᠌ᠴᠠᠭ᠋ᠠᠨ ᠰᠤᠳᠤᠯᠤᠭᠴᠢ ᠵᠢᠨ ᠲᠤᠰᠢᠶᠠᠯ᠎ᠤᠨ ᠳᠡᠰ᠎ᠲᠤ ᠳᠡᠪᠰᠢᠭᠦᠯᠦᠨ᠎ᠡ; 
      ᠪᠠᠢ ᠴᠢᠩ ᠰᠥᠩ ᠨᠥᠬᠥᠷ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠦᠪᠯᠡᠯ᠎ᠤᠨ ᠣᠨᠣᠯ᠎ᠤᠨ ᠰᠤᠳᠤᠯᠭ᠋ᠠᠨ᠎ᠤ ᠭᠠᠵᠠᠷ᠎ᠤᠨ ᠭᠤᠷᠪᠠᠳᠤᠭ᠋ᠠᠷ ᠳᠡᠰ᠎ᠤᠨ ᠪᠠᠢ᠌ᠴᠠᠭ᠋ᠠᠨ ᠰᠤᠳᠤᠯᠤᠭᠴᠢ ᠵᠢᠨ ᠲᠤᠰᠢᠶᠠᠯ᠎ᠤᠨ ᠳᠡᠰ᠎ᠲᠤ ᠳᠡᠪᠰᠢᠭᠦᠯᠦᠨ᠎ᠡ᠃
      ᠳᠡᠭᠡᠷᠡᠬᠢ ᠬᠥᠮᠥᠰ᠎ᠤᠨ ᠲᠤᠰᠢᠶᠠᠯ᠎ᠤᠨ ᠳᠡᠰ᠎ᠲᠤ ᠳᠡᠪᠰᠢᠭᠦᠯᠦᠭᠰᠡᠨ ᠴᠠᠭ᠎ᠢ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ ᠵᠶ᠋ᠡᠷ ᠪᠠᠲᠤᠯᠠᠭᠰᠠᠨ ᠴᠠᠭ (2023 ᠣᠨ᠎ᠤ 9 ᠳ᠋ᠦ᠍ᠭᠡᠷ ᠰᠠᠷ᠎ᠠ ᠵᠢᠨ 15᠎ᠤ ᠡᠳᠦᠷ)᠎ᠠᠴᠠ ᠡᠬᠢᠯᠡᠵᠦ ᠪᠤᠳᠤᠨ᠎ᠠ᠃ 
            ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠦᠪᠯᠡᠯ᠎ᠤᠨ ᠨᠠᠮ᠎ᠤᠨ ᠤᠳᠤᠷᠢᠳᠬᠤ ᠳᠤᠭᠤᠢ᠌ᠯᠠᠩ
                         2023 ᠣᠨ᠎ᠤ 9 ᠳ᠋ᠦ᠍ᠭᠡᠷ ᠰᠠᠷ᠎ᠠ ᠵᠢᠨ 25᠎ᠤ ᠡᠳᠦᠷ



           ᠣᠷᠴᠢᠭᠤᠯᠤᠭᠴᠢ᠄ ᠤᠷᠢᠬᠠᠨ
           ᠬᠢᠨᠠᠨ ᠨᠠᠢ᠌ᠷᠠᠭᠤᠯᠤᠭᠴᠢ᠄ ᠠᠳᠢᠶ᠎ᠠ   ᠰᠠᠴᠤᠷᠠᠯ
           ᠶᠡᠷᠦᠩᠬᠡᠢ ᠬᠢᠨᠠᠨ ᠨᠠᠢ᠌ᠷᠠᠭᠤᠯᠤᠭᠴᠢ᠄ ᠸᠠᠩ ᠰᠢᠦᠸᠠᠢ ᠳ᠋ᠦᠩ

 

 

ᠢᠷᠡᠯᠲᠡ᠄ ᠪᠠᠢ᠌ᠭᠤᠯᠭ᠎ᠠ ᠵᠢᠨ ᠨᠠᠮ᠎ᠤᠨ ᠬᠣᠷᠢᠶ᠎ᠠ (ᠠᠵᠢᠯᠲᠠᠨ᠎ᠤ ᠶᠠᠪᠤᠳᠠᠯ᠎ᠤᠨ ᠭᠠᠵᠠᠷ)