ᠦᠢᠯᠡᠴᠢᠯᠡᠭᠡ   -   ᠲᠠᠨ᠎ᠳᠤ ᠦᠢᠯᠡᠴᠢᠯᠡᠬᠦ᠌
2024 ᠣᠨ᠎ᠤ ᠲᠥᠪ᠎ᠤᠨ ᠡᠳ᠋᠎ᠤᠨ ᠵᠠᠰᠠᠭ᠎ᠠᠴᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠵᠣᠷᠢᠭᠤᠯᠤᠭᠰᠠᠨ ᠲᠦᠷᠦᠭᠦᠦ ᠪᠦᠯᠦᠭ ᠨᠥᠬᠥᠪᠥᠷᠢ ᠮᠥᠩᠭᠥ (ᠴᠥᠭᠡᠨ ᠲᠣᠭ᠋ᠠᠲᠤ ᠦᠨᠳᠦᠰᠦᠲᠡᠨ᠎ᠤ ᠬᠥᠭᠵᠢᠯᠲᠡ ᠵᠢᠨ ᠡᠭᠦᠷᠭᠡ) ᠵᠢᠨ ᠲᠤᠬᠠᠢ ᠠᠯᠪᠠᠨ ᠵᠠᠷᠯᠠᠯ
ᠨᠡᠶ᠋ᠢᠲᠡᠯᠡᠭᠰᠡᠨ ᠴᠠᠭ᠄ 2023-12-21

      2024 ᠣᠨ᠎ᠳᠤ ᠲᠥᠪ᠎ᠤᠨ ᠡᠳ᠋᠎ᠤᠨ ᠵᠠᠰᠠᠭ᠎ᠠᠴᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠵᠣᠷᠢᠭᠤᠯᠤᠭᠰᠠᠨ ᠲᠦᠷᠦᠬᠦᠦ ᠪᠦᠯᠦᠭ ᠨᠥᠬᠥᠪᠥᠷᠢ ᠮᠥᠩᠭᠥ (ᠴᠥᠭᠡᠨ ᠲᠣᠭ᠋ᠠᠲᠤ ᠦᠨᠳᠦᠰᠦᠲᠡᠨ᠎ᠤ ᠬᠥᠭᠵᠢᠯᠲᠡ ᠵᠢᠨ ᠡᠭᠦᠷᠭᠡ) ᠨᠡᠢ᠌ᠲᠡ 57283 ᠲᠦᠮᠡᠨ ᠲᠥᠭᠥᠷᠢᠭ᠎ᠢ ᠮᠠᠨ᠎ᠤ ᠣᠷᠣᠨ᠎ᠳᠤ ᠨᠢᠭᠡᠨᠲᠡ ᠰᠢᠯᠵᠢᠬᠦᠯᠦᠨ ᠥᠭᠪᠡ᠃ ᠪᠠᠯᠠ ᠮᠥᠩᠭᠥ ᠵᠢᠨ ᠬᠠᠮᠢᠶᠠᠷᠤᠯᠲᠠ ᠵᠢᠨ ᠠᠷᠭ᠎ᠠ ᠵᠢᠨ ᠲᠣᠭᠲᠠᠭ᠋ᠠᠯ ᠶᠣᠰᠣ᠎ᠪᠠᠷ᠂ ᠡᠯ᠎ᠡ ᠭᠠᠵᠠᠷ᠎ᠤᠨ ᠪᠣᠳᠠᠲᠠᠶ ᠪᠠᠢ᠌ᠳᠠᠯ᠎ᠢ ᠪᠥᠬᠥ ᠲᠠᠯ᠎ᠠ᠎ᠪᠠᠷ ᠪᠣᠳᠣᠯᠬᠢᠯᠠᠵᠤ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠨᠠᠮ᠎ᠤᠨ ᠤᠳᠤᠷᠢᠳᠬᠤ ᠳᠤᠭᠤᠢ᠌ᠯᠠᠩ ᠬᠤᠷᠠᠯ ᠵᠶ᠋ᠠᠷ ᠰᠤᠳᠤᠯᠤᠨ ᠶᠠᠷᠢᠯᠴᠠᠵᠤ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠲᠠᠢ ᠵᠥᠪᠳᠡᠯᠴᠡᠭᠰᠡᠨ᠎ᠤ ᠳᠠᠷᠠᠭ᠎ᠠ᠂ ᠪᠠᠯᠠ ᠮᠥᠩᠭᠥ ᠬᠤᠪᠢᠶᠠᠷᠢᠯᠠᠬᠤ ᠰᠠᠨᠠᠯ᠎ᠢ ᠲᠣᠭᠲᠠᠭ᠋ᠠᠪᠠ (ᠨᠠᠷᠢᠨ ᠠᠭᠤᠯᠭ᠎ᠠ ᠵᠢ ᠳᠠᠭ᠋ᠠᠯᠳᠤᠭᠤᠯᠤᠯ ᠬᠦᠰᠦᠨᠦᠭᠲᠦ᠎ᠳᠤ ᠦᠵᠡᠭᠡᠷᠡᠢ)᠃ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ 2023 ᠣᠨ᠎ᠤ 12 ᠳ᠋ᠤᠭ᠋ᠠᠷ ᠰᠠᠷ᠎ᠠ ᠵᠢᠨ 5᠎ᠤ ᠡᠳᠦᠷ (ᠥᠪᠥᠷ ᠡᠳ᠋ ᠲᠠᠷᠢᠶᠠᠯᠠᠩ[2023]1563 ᠳ᠋ᠤᠭ᠋ᠠᠷ ᠲᠣᠭ᠋ᠠᠲᠤ) ᠪᠢᠴᠢᠭ ᠮᠠᠲ᠋ᠧᠷᠢᠶᠠᠯ᠎ᠢ ᠪᠠᠭᠤᠯᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ 12 ᠳ᠋ᠤᠭ᠋ᠠᠷ ᠰᠠᠷ᠎ᠠ ᠵᠢᠨ 6᠎ᠤ ᠡᠳᠦᠷ (ᠥᠪᠥᠷ ᠦᠨᠳᠦᠰᠦᠲᠡᠨ᠎ᠤ ᠵᠥᠪᠯᠡᠯ ᠲᠠᠷᠬᠠᠭ᠋ᠠᠭᠰᠠᠨ[2023]44 ᠳ᠋ᠦ᠍ᠭᠡᠷ ᠲᠣᠭ᠋ᠠᠲᠤ) ᠪᠢᠴᠢᠭ ᠮᠠᠲ᠋ᠧᠷᠢᠶᠠᠯ᠎ᠢ ᠪᠠᠭᠤᠯᠭ᠋ᠠᠪᠠ᠃ 
      《ᠲᠥᠪ᠎ᠤᠨ ᠡᠳ᠋᠎ᠤᠨ ᠵᠠᠰᠠᠭ᠎ᠠᠴᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠵᠣᠷᠢᠭᠤᠯᠤᠭᠰᠠᠨ ᠨᠥᠬᠥᠪᠥᠷᠢ ᠮᠥᠩᠭᠥ ᠵᠢᠨ ᠬᠠᠮᠢᠶᠠᠷᠤᠯᠲᠠ ᠵᠢᠨ ᠠᠷᠭ᠎ᠠ》 (ᠡᠳ᠋ ᠲᠠᠷᠢᠶᠠᠯᠠᠩ[2021]19 ᠳ᠋ᠦ᠍ᠭᠡᠷ ᠲᠣᠭ᠋ᠠᠲᠤ) 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠠᠴᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠵᠣᠷᠢᠭᠤᠯᠤᠭᠰᠠᠨ ᠨᠥᠬᠥᠪᠥᠷᠢ ᠮᠥᠩᠭᠥ ᠵᠢᠨ ᠬᠠᠮᠢᠶᠠᠷᠤᠯᠲᠠ ᠵᠢᠨ ᠠᠷᠭ᠎ᠠ》 (ᠥᠪᠥᠷ ᠡᠳ᠋ ᠲᠠᠷᠢᠶᠠᠯᠠᠩ ᠲᠣᠭᠲᠠᠭ᠋ᠠᠯ[2022]4 ᠳ᠋ᠦ᠍ᠭᠡᠷ ᠲᠣᠭ᠋ᠠᠲᠤ) ᠵᠢᠨ ᠪᠠᠯᠠ ᠮᠥᠩᠭᠥ ᠵᠢ ᠬᠤᠪᠢᠶᠠᠷᠢᠯᠠᠬᠤ᠎ᠳᠤ ᠰᠢᠯᠲᠠᠭ᠋ᠠᠨ ᠨᠥᠬᠥᠴᠡᠯ᠎ᠤᠨ ᠠᠷᠭ᠎ᠠ ᠵᠢ ᠠᠪᠬᠤ ᠱᠠᠭ᠋ᠠᠷᠳᠠᠯᠭ᠎ᠠ ᠶᠣᠰᠣ᠎ᠪᠠᠷ᠂ ᠲᠣᠰ ᠪᠦᠯᠦᠭ ᠪᠠᠯᠠ ᠮᠥᠩᠭᠥ ᠵᠢ ᠬᠤᠪᠢᠶᠠᠷᠢᠯᠠᠬᠤ᠎ᠳᠤ ᠲᠤᠤᠷᠠᠬᠢ ᠮᠡᠳᠦ ᠳᠥᠷᠪᠡᠨ ᠰᠢᠯᠲᠠᠭ᠋ᠠᠨ ᠨᠥᠬᠥᠴᠡᠯ᠎ᠢ ᠦᠨᠳᠦᠰᠦᠯᠡᠪᠠ᠄ ᠨᠢᠭᠡ᠎ᠳᠤ᠂ ᠴᠥᠭᠡᠨ ᠲᠣᠭ᠋ᠠᠲᠤ ᠦᠨᠳᠦᠰᠦᠲᠡᠨ᠎ᠤ ᠬᠥᠮᠦᠨ ᠠᠮᠠ ᠵᠢᠨ ᠲᠣᠭ᠎ᠠ ᠬᠡᠮᠵᠢᠶᠡᠨ᠎ᠤ ᠰᠢᠯᠲᠠᠭ᠋ᠠᠨ ᠨᠥᠬᠥᠴᠡᠯ (20% ᠵᠢ ᠡᠵᠡᠯᠡᠨ᠎ᠠ); ᠬᠣᠶᠠᠷ᠎ᠲᠤ᠂ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ ᠵᠢᠨ ᠰᠢᠯᠲᠠᠭ᠋ᠠᠨ ᠨᠥᠬᠥᠴᠡᠯ  (20% ᠵᠢ ᠡᠵᠡᠯᠡᠨ᠎ᠠ); ᠭᠤᠷᠪᠠ᠎ᠳᠤ᠂ ᠲᠥᠷᠥ ᠵᠢᠨ ᠪᠣᠳᠣᠯᠭ᠎ᠠ ᠵᠢᠨ ᠰᠢᠯᠲᠠᠭ᠋ᠠᠨ ᠨᠥᠬᠥᠴᠡᠯ (50% ᠵᠢ ᠡᠵᠡᠯᠡᠨ᠎ᠠ)᠂ ᠳᠥᠷᠪᠡ᠎ᠳᠤ᠂ ᠠᠵᠢᠯ᠎ᠤᠨ ᠠᠮᠵᠢᠯᠲᠠ ᠪᠦᠲᠦᠮᠵᠢ ᠵᠡᠷᠭᠡ ᠰᠢᠯᠭ᠋ᠠᠨ ᠬᠢᠨᠠᠬᠤ ᠦᠷ᠎ᠡ ᠳ᠋ᠦᠩ᠎ᠤᠨ ᠰᠢᠯᠲᠠᠭ᠋ᠠᠨ ᠨᠥᠬᠥᠴᠡᠯ (10% ᠵᠢ ᠡᠵᠡᠯᠡᠨ᠎ᠠ)᠃

      ᠬᠠᠷᠢᠯᠴᠠᠬᠤ ᠤᠲᠠᠰᠤ᠄ 0471 - 6962382
      ᠬᠠᠶᠢᠭ᠄ ᠥᠪᠥᠷ ᠮᠣᠩᠭᠣᠯ᠎ᠤᠨ ᠬᠥᠬᠡᠬᠣᠲᠠ ᠵᠢᠨ ᠰᠢᠨᠬᠤᠸᠠ ᠶᠡᠬᠡ ᠵᠡᠭᠡᠯᠢ ᠵᠢᠨ 63 ᠳ᠋ᠤᠭ᠋ᠠᠷ ᠬᠦᠷᠢᠶᠡᠨ᠎ᠤ 7 ᠳ᠋ᠤᠭ᠋ᠠᠷ ᠠᠰᠠᠷ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠬᠠᠮᠲᠤ᠎ᠪᠠᠷ ᠬᠦᠭᠵᠢᠬᠦᠯᠬᠦ ᠭᠠᠵᠠᠷ᠃
      ᠳᠠᠭ᠋ᠠᠯᠳᠤᠭᠤᠯᠤᠯ᠄ 2024 ᠣᠨ᠎ᠤ ᠲᠥᠪ᠎ᠤᠨ ᠡᠳ᠋᠎ᠤᠨ ᠵᠠᠰᠠᠭ᠎ᠠᠴᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠵᠣᠷᠢᠭᠤᠯᠤᠭᠰᠠᠨ ᠲᠦᠷᠦᠭᠦᠦ ᠪᠦᠯᠦᠭ ᠨᠥᠬᠥᠪᠥᠷᠢ ᠮᠥᠩᠭᠥ (ᠴᠥᠭᠡᠨ ᠲᠣᠭ᠋ᠠᠲᠤ ᠦᠨᠳᠦᠰᠦᠲᠡᠨ᠎ᠤ ᠬᠥᠭᠵᠢᠯᠲᠡ ᠵᠢᠨ ᠡᠭᠦᠷᠭᠡ) ᠵᠢᠨ ᠬᠤᠪᠢᠶᠠᠷᠢᠯᠠᠯᠲᠠ ᠵᠢᠨ ᠬᠦᠰᠦᠨᠦᠭᠲᠦ 
                 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ 
                              2023 ᠣᠨ᠎ᠤ 12 ᠳ᠋ᠤᠭ᠋ᠠᠷ ᠰᠠᠷ᠎ᠠ ᠵᠢᠨ 12᠎ᠤᠨ ᠡᠳᠦᠷ


     ᠳᠠᠭ᠋ᠠᠯᠳᠤᠭᠤᠯᠤᠯ᠄
     2024 ᠣᠨ᠎ᠤ ᠲᠥᠪ᠎ᠤᠨ ᠡᠳ᠋᠎ᠤᠨ ᠵᠠᠰᠠᠭ᠎ᠠᠴᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠵᠣᠷᠢᠭᠤᠯᠤᠭᠰᠠᠨ ᠲᠦᠷᠦᠬᠦᠦ ᠪᠦᠯᠦᠭ ᠨᠥᠬᠥᠪᠥᠷᠢ ᠮᠥᠩᠭᠥ (ᠴᠥᠭᠡᠨ ᠲᠣᠭ᠋ᠠᠲᠤ ᠦᠨᠳᠦᠰᠦᠲᠡᠨ᠎ᠤ ᠬᠥᠭᠵᠢᠯᠲᠡ ᠵᠢᠨ ᠡᠭᠦᠷᠭᠡ) ᠵᠢᠨ ᠬᠤᠪᠢᠶᠠᠷᠢᠯᠠᠯᠲᠠ ᠵᠢᠨ ᠬᠦᠰᠦᠨᠦᠭᠲᠦ
     ᠨᠢᠭᠡᠴᠢ᠄ ᠲᠦᠮᠡᠨ ᠲᠥᠭᠥᠷᠢᠭ᠃

微信图片_20231221154727.png



          ᠣᠷᠴᠢᠭᠤᠯᠤᠭᠴᠢ᠄ ᠣᠶᠤᠨᠰᠡᠴᠡᠨ
          ᠬᠢᠨᠠᠨ ᠣᠷᠴᠢᠭᠤᠯᠤᠭᠴᠢ᠄ ᠠᠳᠢᠶ᠎ᠠ   ᠰᠠᠴᠤᠷᠠᠯ
          ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠦᠸᠠᠢ ᠳ᠋ᠦᠩ

ᠢᠷᠡᠯᠲᠡ᠄ ᠬᠠᠮᠲᠤ᠎ᠪᠠᠷ ᠬᠦᠭᠵᠢᠭᠦᠯᠬᠦ ᠭᠠᠵᠠᠷ