ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ OA ᠠᠯᠪᠠᠯᠠᠬᠤ ᠰᠢᠰᠲ᠋ᠧᠮ᠎ᠤᠨ ᠰᠢᠯᠵᠢᠭᠡ ᠬᠣᠯᠪᠤᠭ᠋ᠠᠨ᠎ᠤ ᠦᠵᠦᠭᠦᠷ 5G ᠰᠦᠯᠵᠢᠶᠡᠨ᠎ᠳᠤ ᠠᠵᠢᠯᠯᠠᠬᠤ ᠺᠠᠷᠲ᠎ᠤᠨ ᠵᠢᠯ᠎ᠤᠨ ᠰᠦᠢ᠍ᠳᠬᠡᠯ᠎ᠤᠨ ᠲᠥᠷᠥᠯ ᠵᠦᠢ᠍ᠯ᠎ᠤᠨ ᠦᠷᠢᠰᠦᠯᠳᠦᠭᠡᠨᠳᠦ ᠭᠡᠯᠡᠯᠴᠡᠭᠡᠷ᠎ᠤᠨ ᠦᠷ᠎ᠡ ᠳ᠋ᠦᠩ᠎ᠤᠨ ᠲᠤᠬᠠᠢ ᠠᠯᠪᠠᠨ ᠵᠠᠷᠯᠠᠯ
ᠨᠡᠶ᠋ᠢᠲᠡᠯᠡᠭᠰᠡᠨ ᠴᠠᠭ᠄ 2023-11-29

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠦᠪᠯᠡᠯ 2023 ᠣᠨ᠎ᠤ 11 ᠳ᠋ᠦ᠍ᠭᠡᠷ ᠰᠠᠷ᠎ᠠ ᠵᠢᠨ 28᠎ᠤ ᠡᠳᠦᠷ᠎ᠤᠨ ᠦᠳᠡ ᠵᠢᠨ ᠬᠣᠢ᠌ᠨ᠎ᠠ᠂ ᠦᠷᠢᠰᠦᠯᠳᠦᠭᠡᠨᠳᠦ ᠭᠡᠯᠡᠯᠴᠡᠭᠡᠷ ᠵᠶ᠋ᠠᠷ OA ᠠᠯᠪᠠᠯᠠᠬᠤ ᠰᠢᠰᠲ᠋ᠧᠮ᠎ᠤᠨ ᠰᠢᠯᠵᠢᠭᠡ ᠬᠣᠯᠪᠣᠭ᠋ᠠᠨ᠎ᠤ ᠦᠵᠦᠭᠦᠷ 5G ᠰᠦᠯᠵᠢᠶᠡᠨ᠎ᠳᠤ ᠠᠵᠢᠯᠯᠠᠬᠤ ᠺᠠᠷᠲ᠎ᠤᠨ ᠵᠢᠯ᠎ᠤᠨ ᠰᠦᠢ᠍ᠳᠬᠡᠯ᠎ᠤᠨ ᠲᠥᠷᠥᠯ ᠵᠦᠢ᠍ᠯ᠎ᠤᠨ ᠲᠠᠭ᠋ᠠᠭ᠋ᠠᠴᠢᠯᠠᠯᠳᠠ ᠵᠢ ᠬᠢᠨᠠᠨ ᠲᠤᠭᠳᠠᠭ᠋ᠠᠪᠠ᠃ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠣᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠵᠦ᠂ ᠬᠡᠯᠡᠯᠴᠡᠭᠡᠷ ᠬᠢᠬᠦ ᠳᠤᠭᠤᠢ᠌ᠯᠠᠩ᠎ᠤᠨ ᠬᠢᠨᠠᠨ ᠲᠤᠭᠳᠠᠭ᠋ᠠᠭᠰᠠᠨ ᠲᠤᠭᠳᠠᠭ᠋ᠠᠯ᠎ᠢ ᠦᠨᠳᠦᠰᠦᠯᠡᠵᠦ᠂ ᠤᠳᠤ ᠬᠣᠯᠪᠣᠭᠳᠠᠯ ᠪᠦᠬᠦᠢ ᠪᠠᠢ᠌ᠳᠠᠯ᠎ᠢ ᠳᠣᠣᠷᠠᠬᠢ ᠮᠡᠲᠦ ᠵᠠᠷᠯᠠᠶ᠎ᠠ᠄
          ᠨᠢᠭᠡ᠂ ᠲᠥᠷᠥᠯ ᠵᠦᠢ᠍ᠯ᠎ᠤᠨ ᠨᠡᠷᠡᠢ᠌ᠳᠦᠯ᠄ OA ᠠᠯᠪᠠᠯᠠᠬᠤ ᠰᠢᠰᠲ᠋ᠧᠮ᠎ᠤᠨ ᠰᠢᠯᠵᠢᠭᠡ ᠬᠣᠯᠪᠣᠭ᠋ᠠᠨ᠎ᠤ ᠦᠵᠦᠭᠦᠷ 5G ᠰᠦᠯᠵᠢᠶᠡᠨ᠎ᠳᠤ ᠠᠵᠢᠯᠯᠠᠬᠤ ᠺᠠᠷᠲ᠎ᠤᠨ ᠵᠢᠯ᠎ᠤᠨ ᠰᠦᠢ᠍ᠳᠬᠡᠯ᠎ᠤᠨ ᠲᠥᠷᠥᠯ ᠵᠦᠢ᠍ᠯ
          ᠬᠣᠶᠠᠷ᠂ ᠭᠡᠯᠡᠯᠴᠡᠭᠡᠷ᠎ᠤᠨ ᠦᠷ᠎ᠡ ᠳ᠋ᠦᠩ
          ᠳᠠᠭ᠋ᠠᠭ᠋ᠠᠴᠢᠯᠠᠯᠲᠠ ᠣᠯᠣᠭᠰᠠᠨ ᠨᠢᠭᠡᠴᠢ᠄ ᠳᠤᠮᠳᠠᠳᠤ ᠤᠯᠤᠰ᠎ᠤᠨ ᠬᠠᠮᠲᠤᠷᠠᠭᠰᠠᠨ ᠰᠦᠯᠵᠢᠶ᠎ᠡ ᠴᠢᠮᠡᠭᠡ ᠬᠤᠯᠪᠤᠭ᠋ᠠᠨ᠎ᠤ ᠬᠢᠵᠠᠭ᠋ᠠᠷᠲᠤ ᠺᠣᠮᠫᠠᠨᠢ ᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠺᠣᠮᠫᠠᠨᠢ;
          ᠳᠠᠭ᠋ᠠᠭ᠋ᠠᠴᠢᠯᠠᠯᠲᠠ ᠣᠯᠣᠭᠰᠠᠨ ᠵᠤᠭᠤᠰᠤᠨ᠎ᠤ ᠲᠣᠭ᠎ᠠ᠄ ᠬᠣᠶᠠᠷ ᠲᠦᠮᠡ ᠲᠤᠯᠤᠭ᠋ᠠᠨ ᠮᠢᠩᠭ᠎ᠠ ᠭᠤᠷᠪᠠᠨ ᠵᠠᠭᠤ ᠭᠤᠴᠢᠨ ᠲᠥᠭᠥᠷᠢᠭ ᠪᠦᠬᠦᠯᠢ᠃
          ᠭᠤᠷᠪᠠ᠂  ᠵᠠᠷᠯᠠᠯ᠎ᠤᠨ ᠬᠤᠭᠤᠴᠠᠭ᠎ᠠ
          ᠲᠤᠰ ᠠᠯᠪᠠᠨ ᠵᠠᠷᠯᠠᠯ᠎ᠢ ᠨᠡᠢ᠌ᠲᠡᠯᠡᠭᠰᠡᠨ ᠡᠳᠦᠷ᠎ᠠᠴᠠ ᠡᠬᠢᠯᠡᠨ 3 ᠠᠵᠢᠯ᠎ᠤᠨ ᠡᠳᠦᠷ᠃
          ᠳᠥᠷᠪᠡ᠂ ᠲᠤᠰ ᠤᠳᠠᠭ᠋ᠠᠨ᠎ᠤ ᠠᠯᠪᠠᠨ ᠵᠠᠷᠯᠠᠯ᠎ᠤᠨ ᠠᠭᠤᠯᠭ᠎ᠠ ᠵᠢᠨ ᠲᠤᠬᠠᠢ ᠯᠠᠪᠯᠠᠨ ᠠᠰᠠᠭᠤᠪᠠᠯ ᠳᠣᠣᠷᠠᠬᠢ ᠠᠷᠭ᠎ᠠ᠎ᠪᠠᠷ ᠬᠠᠷᠢᠯᠴᠠᠭ᠋ᠠᠷᠠᠢ᠃
          ᠬᠤᠳᠠᠯᠳᠤᠨ ᠠᠪᠤᠭᠴᠢ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠦᠪᠯᠠᠯ
          ᠭᠠᠵᠠᠷ᠄ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠰᠢᠨᠬᠤᠸᠠ ᠶᠡᠬᠡ ᠵᠡᠭᠡᠯᠢ ᠵᠢᠨ 63 ᠳ᠋ᠤᠭ᠋ᠠᠷ ᠬᠤᠷᠢᠶ᠎ᠡ ᠵᠢᠨ 7 ᠳ᠋ᠤᠭ᠋ᠠᠷ ᠠᠰᠠᠷ᠎ᠤᠨ 433 ᠳ᠋ᠤᠭ᠋ᠠᠷ ᠲᠠᠰᠤᠭ
          ᠬᠠᠷᠢᠯᠴᠠᠬᠤ ᠬᠥᠮᠥᠨ᠄ ᠸᠠᠩ ᠠᠪᠤᠭ᠋ᠠᠢ
          ᠤᠲᠠᠰᠤ᠄ 0471-6944726

                                    

                   ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠦᠪᠯᠡᠯ
                                     2023 ᠣᠨ᠎ᠤ 11 ᠳ᠋ᠦ᠍ᠭᠡᠷ ᠰᠠᠷ᠎ᠠ ᠵᠢᠨ 29᠎ᠤ ᠡᠳᠦᠷ

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ