ᠡᠯ᠎ᠡ ᠠᠶ᠋ᠢᠮᠠᠭ ᠬᠣᠲᠠ ᠵᠢᠨ ᠨᠠᠮ᠎ᠤᠨ ᠬᠣᠷᠢᠶ᠎ᠠ ᠵᠢᠨ ᠨᠢᠭᠡᠳᠦᠮᠡᠯ ᠹᠷᠣᠨᠲ᠎ᠤᠨ ᠬᠡᠯᠲᠡᠰ᠂ ᠤᠬᠠᠭᠤᠯᠬᠤ ᠬᠡᠯᠲᠡᠰ᠂ ᠰᠤᠷᠭ᠋ᠠᠨ ᠬᠥᠮᠦᠵᠢᠯ᠎ᠤᠨ ᠲᠣᠪᠴᠢᠶ᠎ᠠ᠂ ᠦᠨᠳᠦᠰᠦᠲᠡᠨ᠎ᠤ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠠᠮᠢᠶ᠎ᠠ ᠪᠥᠬᠥᠶ ᠶᠡᠬᠡ ᠳᠡᠭᠡᠳᠦ ᠰᠤᠷᠭ᠋ᠠᠭᠤᠯᠢ᠎ᠳᠤ᠄
ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠰᠢᠨᠵᠢᠯᠡᠨ ᠪᠠᠶ᠋ᠢᠴᠠᠭ᠋ᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠤᠨ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠥᠲᠥᠭᠡᠨ ᠪᠠᠶ᠋ᠢᠭᠤᠯᠬᠤ ᠲᠤᠬᠠᠶ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠲᠣᠭᠲᠠᠭ᠋ᠠᠯ᠎ᠢ ᠭᠦᠨᠵᠡᠭᠡᠶ ᠲᠤᠭᠤᠰᠢᠯᠠᠭᠤᠯᠤᠨ ᠨᠠᠢ᠌ᠲᠠᠪᠤᠷᠢᠵᠢᠭᠤᠯᠵᠤ᠂ ᠮᠠᠨ᠎ᠤ ᠣᠷᠣᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠣᠨᠣᠯ᠎ᠤᠨ ᠰᠤᠳᠤᠯᠭ᠋ᠠᠨ᠎ᠤ ᠲᠣᠭᠲᠠᠯᠴᠠᠭ᠋ᠠᠨ᠎ᠤ ᠪᠠᠶ᠋ᠢᠭᠤᠯᠤᠯᠲᠠ ᠵᠢ ᠴᠢᠨᠠᠭᠰᠢᠲᠠ ᠠᠬᠢᠭᠤᠯᠵᠤ᠂ ᠲᠠᠪᠤᠨ ᠶᠡᠬᠡ ᠡᠭᠦᠷᠭᠡ ᠵᠢ ᠰᠠᠢ᠌ᠲᠤᠷ ᠪᠡᠶᠡᠯᠡᠭᠦᠯᠬᠦ ᠪᠤᠯᠤᠨ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠳᠤ ᠣᠶᠤᠨ᠎ᠤ ᠳᠡᠮᠵᠢᠯᠭᠡ ᠬᠠᠩᠭ᠋ᠠᠬᠤ ᠵᠢᠨ ᠲᠦᠯᠦᠭᠡ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠰᠤᠳᠤᠯᠭ᠋ᠠᠨ᠎ᠤ ᠰᠠᠭᠤᠷᠢᠨ ᠭᠠᠵᠠᠷ᠎ᠤᠨ ᠬᠠᠮᠢᠶᠠᠷᠤᠯᠲᠠ ᠵᠢᠨ ᠠᠷᠭ᠎ᠠ》 (ᠥᠪᠥᠷ ᠮᠤᠩᠭᠤᠯ᠎ᠤᠨ ᠦᠨᠳᠦᠰᠦᠲᠡᠨ᠎ᠤ ᠵᠥᠪᠯᠡᠯ᠎ᠠᠴᠠ ᠲᠠᠷᠬᠠᠭ᠋ᠠᠭᠰᠠᠨ [2023] 22 ᠳ᠋ᠤᠭ᠋ᠠᠷ ᠲᠣᠭ᠋ᠠᠲᠤ) ᠵᠢ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠨᠢᠭᠡᠳᠦᠮᠡᠯ ᠹᠷᠣᠨᠲ᠎ᠤᠨ ᠬᠡᠯᠲᠡᠰ᠂ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠦᠪᠡᠷᠲᠡᠭᠡᠨ ᠵᠠᠰᠠᠬᠤ ᠤᠷᠤᠨ᠎ᠤ ᠦᠨᠳᠦᠰᠦᠲᠡᠨ᠎ᠤ ᠵᠥᠪᠯᠡᠯ᠎ᠠᠴᠠ ᠥᠪᠡᠷᠲᠡᠭᠡᠨ ᠵᠠᠰᠠᠬᠤ ᠣᠷᠣᠨ᠎ᠤ ᠬᠣᠶᠠᠳᠤᠭ᠋ᠠᠷ ᠪᠦᠯᠦᠭ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠰᠤᠲᠤᠯᠭ᠋ᠠᠨ (ᠬᠦᠮᠦᠵᠢᠯ) ᠤ ᠰᠠᠭᠤᠷᠢᠨ ᠭᠠᠵᠠᠷ (ᠳᠣᠷᠣᠭᠰᠢ 《ᠰᠠᠭᠤᠷᠢᠨ ᠭᠠᠵᠠᠷ》 ᠭᠡᠵᠦ ᠳᠦᠭᠦᠮᠴᠢᠯᠡᠶ᠎ᠡ) ᠢ ᠰᠢᠯᠭ᠋ᠠᠷᠠᠭᠤᠯᠤᠨ ᠨᠡᠷᠡᠶ᠋ᠢᠳᠬᠦ ᠠᠵᠢᠯ᠎ᠢ ᠥᠷᠨᠢᠭᠦᠯᠬᠦ᠎ᠪᠠᠷ ᠲᠣᠭᠲᠠᠪᠠ᠃ ᠡᠳᠦᠭᠡ ᠬᠣᠯᠪᠣᠭᠳᠠᠯ ᠪᠦᠬᠦᠢ ᠵᠦᠢ᠍ᠯᠡᠰ᠎ᠢ ᠳᠣᠣᠷᠠᠬᠢ ᠮᠡᠲᠦ ᠮᠡᠳᠡᠭᠳᠡᠰᠦᠭᠡᠢ᠃
ᠨᠢᠭᠡ᠂ ᠭᠤᠶᠤᠴᠢᠯᠠᠨ ᠮᠡᠳᠡᠭᠦᠯᠬᠦ ᠨᠥᠬᠥᠴᠡᠯ
(ᠨᠢᠭᠡ) ᠰᠠᠭᠤᠷᠢᠨ ᠭᠠᠵᠠᠷ᠎ᠤᠨ ᠲᠦᠰᠢᠭᠯᠡᠬᠦ ᠪᠠᠢ᠌ᠭᠤᠯᠭ᠎ᠠ ᠵᠢᠨ ᠨᠥᠬᠥᠴᠡᠯ
1. ᠰᠠᠭᠤᠷᠢᠨ ᠭᠠᠵᠠᠷ᠎ᠤᠨ ᠲᠦᠰᠢᠭᠯᠡᠬᠦ ᠨᠢᠭᠡᠴᠢ᠎ᠨᠢ ᠡᠷᠬᠡᠪᠰᠢ ᠮᠠᠷᠺᠰ᠎ᠤᠨ ᠦᠵᠡᠯ᠎ᠤᠨ ᠣᠨᠣᠯ᠂ ᠣᠬᠰᠠᠭ᠋ᠠᠲᠠᠨ ᠵᠦᠢ᠂ ᠨᠡᠶ᠋ᠢᠭᠡᠮ ᠵᠦᠢ᠂ ᠤᠯᠤᠰ ᠲᠥᠷᠥ ᠵᠢᠨ ᠤᠬᠠᠭ᠋ᠠᠨ ᠵᠡᠷᠭᠡ ᠬᠠᠮᠢᠶ᠎ᠠ ᠪᠥᠬᠥᠶ ᠰᠢᠨᠵᠢᠯᠡᠭᠡ᠎ᠲᠠᠢ ᠶᠡᠬᠡ ᠳᠡᠭᠡᠳᠦ ᠰᠤᠷᠭ᠋ᠠᠭᠤᠯᠢ ᠪᠤᠶᠤ ᠬᠠᠮᠢᠶ᠎ᠠ ᠪᠥᠬᠥᠶ ᠴᠢᠳᠠᠪᠤᠷᠢᠲᠠᠨ᠂ ᠰᠤᠳᠤᠯᠭ᠋ᠠᠨ᠎ᠤ ᠡᠬᠢ ᠪᠠᠶᠠᠯᠢᠭ ᠪᠠ ᠬᠢᠴᠢᠶᠡᠯ ᠲᠦᠷᠦᠯ᠂ ᠰᠤᠲᠤᠯᠭ᠋ᠠᠨᠤ ᠰᠡᠳᠦᠪ᠎ᠲᠠᠢ ᠨᠠᠮ᠎ᠤᠨ ᠰᠤᠷᠭ᠋ᠠᠭᠤᠯᠢ (ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ) ᠪᠠᠶ᠋ᠢᠬᠤ ᠬᠡᠷᠡᠭᠲᠡᠶ᠃
2. ᠰᠠᠭᠤᠷᠢᠨ ᠭᠠᠵᠠᠷ᠎ᠤᠨ ᠲᠦᠰᠢᠭᠯᠡᠬᠦ ᠪᠠᠢ᠌ᠭᠤᠯᠭ᠎ᠠ᠎ᠨᠢ ᠡᠷᠬᠡᠪᠰᠢ ᠰᠠᠭᠤᠷᠢᠨ ᠭᠠᠵᠠᠷ᠎ᠤᠨ ᠪᠦᠳᠦᠭᠡᠨ ᠪᠠᠶ᠋ᠢᠭᠤᠯᠤᠯᠲᠠ ᠪᠠ ᠠᠵᠢᠯᠯᠠᠭ᠋ᠠᠨ᠎ᠳᠤ ᠭᠦᠢ᠍ᠴᠡᠳ ᠪᠠᠲᠤᠯᠠᠭ᠎ᠠ ᠬᠠᠩᠭ᠋ᠠᠬᠤ ᠬᠡᠷᠡᠭᠲᠡᠢ᠃ ᠰᠠᠭᠤᠷᠢᠨ ᠭᠠᠵᠠᠷ᠎ᠤᠨ ᠰᠤᠳᠤᠯᠤᠭᠴᠢ᠎ᠨᠢ ᠶᠡᠷᠦ ᠵᠢᠨ ᠪᠠᠶ᠋ᠢᠳᠠᠯ᠎ᠳᠤ 5 ᠬᠥᠮᠦᠨ᠎ᠠᠴᠠ ᠳᠣᠷᠣᠭᠰᠢ ᠪᠠᠢ᠌ᠵᠦ ᠪᠣᠯᠬᠤ ᠥᠬᠡᠶ᠂ ᠪᠦᠬᠦᠯᠢ 40 ᠨᠠᠰᠤᠨ᠎ᠠᠴᠠ ᠳᠣᠷᠣᠭᠰᠢᠬᠢ ᠵᠠᠯᠠᠭᠤ ᠰᠤᠳᠤᠯᠤᠭᠴᠢᠳ᠎ᠤᠨ ᠬᠠᠷᠢᠴᠠᠯ ᠨᠢ ᠪᠦᠬᠦ ᠬᠥᠮᠦᠨ᠎ᠤ ᠲᠣᠭ᠎ᠠ ᠵᠢᠨ 40 %᠎ᠠᠴᠠ ᠳᠣᠷᠣᠭᠰᠢ ᠪᠠᠶ᠋ᠢᠵᠤ ᠪᠣᠯᠬᠤ ᠥᠬᠡᠶ᠂ ᠭᠠᠵᠠᠷ ᠣᠷᠣᠨ ᠪᠠ ᠨᠢᠭᠡᠴᠢ ᠠᠯᠤᠰᠯᠠᠨ ᠬᠠᠮᠲᠤᠷᠠᠭᠰᠠᠨ ᠰᠤᠳᠤᠯᠭ᠋ᠠᠨ ᠥᠷᠨᠢᠭᠦᠯᠵᠦ ᠪᠣᠯᠤᠨ᠎ᠠ᠃ ᠰᠠᠭᠤᠷᠢᠨ ᠭᠠᠵᠠᠷ᠎ᠤᠨ ᠲᠦᠰᠢᠭᠯᠡᠬᠦ ᠪᠠᠢ᠌ᠭᠤᠯᠭ᠎ᠠ᠎ᠨᠢ ᠵᠢᠯ ᠪᠦᠷᠢ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ᠎ᠳᠤ ᠢᠵᠢ ᠪᠦᠷᠢᠳᠦᠭᠰᠡᠨ ᠵᠣᠬᠢᠬᠤ ᠵᠠᠷᠤᠳᠠᠯ ᠮᠦᠩᠬᠦ ᠵᠢ ᠲᠣᠬᠢᠷᠠᠭᠤᠯᠬᠤ ᠬᠡᠷᠡᠭᠲᠡᠶ᠃ 3. ᠲᠦᠰᠢᠭᠯᠡᠬᠦ ᠪᠠᠢ᠌ᠭᠤᠯᠭ᠎ᠠ ᠨᠢᠭᠡ ᠪᠦᠷᠢ᠎ᠨᠢ ᠵᠥᠪᠬᠡᠨ ᠨᠢᠭᠡ ᠯᠡ ᠰᠠᠭᠤᠷᠢᠨ ᠭᠠᠵᠠᠷ᠎ᠤᠨ ᠭᠤᠶᠤᠴᠢᠯᠠᠨ ᠮᠡᠳᠡᠭᠦᠯᠬᠦ ᠵᠢ ᠲᠡᠮᠵᠢᠨ᠎ᠡ᠃
(ᠬᠣᠶᠠᠷ) ᠰᠠᠭᠤᠷᠢᠨ ᠭᠠᠵᠠᠷ᠎ᠤᠨ ᠲᠤᠰ ᠪᠡᠶ᠎ᠡ ᠵᠢᠨ ᠨᠥᠬᠥᠴᠡᠯ
1. ᠰᠠᠭᠤᠷᠢᠨ ᠭᠠᠵᠠᠷ᠎ᠨᠢ ᠡᠷᠬᠡᠪᠰᠢ ᠲᠦᠰᠢᠭᠯᠡᠬᠦ ᠪᠠᠢ᠌ᠭᠤᠯᠭ᠎ᠠ᠎ᠳᠤ ᠬᠠᠷᠢᠶᠠᠯᠠᠭᠳᠠᠬᠤ ᠬᠣᠶᠠᠳᠤᠭ᠋ᠠᠷ ᠳᠡᠰ᠎ᠤᠨ ᠪᠣᠳᠠᠲᠤ ᠴᠣᠭᠴᠠ ᠵᠢᠨ ᠰᠤᠳᠤᠯᠭ᠋ᠠᠨ᠎ᠤ ᠪᠠᠶ᠋ᠢᠭᠤᠯᠤᠮᠵᠢ ᠪᠠᠢ᠌ᠬᠤ ᠬᠡᠷᠡᠭᠲᠡᠶ᠃
2. ᠰᠠᠭᠤᠷᠢᠨ ᠭᠠᠵᠠᠷ᠎ᠨᠢ ᠵᠣᠬᠢᠬᠤ ᠰᠢᠨᠵᠢᠯᠡᠭᠡᠨ᠎ᠤ ᠪᠣᠳᠠᠲᠤ ᠬᠦᠴᠦᠨ ᠪᠠ ᠢᠯᠡ ᠲᠣᠳᠣ ᠰᠤᠳᠤᠯᠭ᠋ᠠᠨ᠎ᠤ ᠣᠨᠴᠠᠯᠢᠭ᠎ᠲᠠᠢ ᠪᠠᠶ᠋ᠢᠬᠤ ᠬᠡᠷᠡᠭᠲᠡᠢ᠃ ᠣᠨᠴᠠᠭ᠋ᠠᠢ᠌ᠯᠠᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠰᠤᠳᠤᠯᠭ᠋ᠠᠨ᠎ᠤ ᠬᠦᠷᠢᠶ᠎ᠡ ᠴᠠᠷᠠᠭ᠋ᠠᠨ᠎ᠳᠤ ᠰᠠᠢ᠌ᠨ ᠨᠦᠬᠦᠴᠡᠯ ᠰᠠᠭᠤᠷᠢ ᠵᠢ ᠪᠦᠷᠢᠯᠳᠦᠭᠦᠯᠵᠦ᠂ ᠵᠣᠬᠢᠬᠤ ᠡᠷᠳᠡᠮ ᠰᠢᠨᠵᠢᠯᠡᠭᠡᠨ᠎ᠤ ᠦᠷ᠎ᠡ ᠪᠦᠲᠦᠭᠡᠯ᠎ᠢ ᠣᠯᠣᠭᠰᠠᠨ ᠪᠠᠢ᠌ᠬᠤ ᠬᠡᠷᠡᠭᠲᠡᠢ᠃
3. ᠰᠠᠭᠤᠷᠢᠨ ᠭᠠᠵᠠᠷ᠎ᠨᠢ ᠨᠡᠯᠢᠶᠡᠳ ᠰᠠᠢ᠌ᠨ ᠠᠵᠢᠯᠯᠠᠬᠤ ᠨᠥᠬᠥᠴᠡᠯ ᠪᠠ ᠲᠦᠬᠦᠭᠡᠷᠦᠮᠵᠢ ᠵᠢᠨ ᠪᠠᠲᠤᠯᠠᠭ᠎ᠠ᠎ᠲᠠᠢ ᠪᠠᠶ᠋ᠢᠬᠤ ᠬᠡᠷᠡᠭᠲᠡᠶ᠃
ᠬᠣᠶᠠᠷ᠂ ᠠᠵᠢᠯ᠎ᠤᠨ ᠱᠠᠭ᠋ᠠᠷᠳᠠᠯᠭ᠎ᠠ
(ᠨᠢᠭᠡ) ᠨᠥᠬᠥᠴᠡᠯ᠎ᠳᠤ ᠨᠡᠢ᠌ᠴᠡᠬᠦ ᠲᠦᠰᠢᠭᠯᠡᠬᠦ ᠪᠠᠢ᠌ᠭᠤᠯᠭ᠎ᠠ ᠨᠢᠭᠡᠴᠢ᠎ᠨᠢ ᠰᠠᠶ᠋ᠢᠨ ᠳᠤᠷ᠎ᠠ᠎ᠠᠴᠠ᠎ᠪᠠᠨ ᠭᠤᠶᠤᠴᠢᠯᠠᠨ ᠮᠡᠳᠡᠭᠦᠯᠬᠦ ᠠᠵᠢᠯ᠎ᠢ ᠵᠣᠬᠢᠶᠠᠨ ᠪᠠᠶ᠋ᠢᠭᠤᠯᠵᠤ᠂ ᠪᠠᠢ᠌ᠭᠤᠯᠭ᠎ᠠ ᠨᠢᠭᠡᠴᠢ᠎ᠨᠢ ᠲᠣᠭᠲᠠᠭ᠋ᠠᠬᠤ᠎ᠪᠠᠷ ᠲᠥᠯᠥᠪᠯᠡᠵᠦ ᠪᠠᠢ᠌ᠭ᠎ᠠ ᠭᠤᠶᠤᠴᠢᠯᠠᠨ ᠮᠡᠳᠡᠭᠦᠯᠬᠦ ᠰᠠᠭᠤᠷᠢᠨ ᠭᠠᠵᠠᠷ ᠵᠶ᠋ᠠᠨ ᠵᠣᠬᠢᠬᠤ ᠬᠦᠷᠢᠶ᠎ᠡ ᠬᠡᠪᠴᠢᠶᠡᠨ᠎ᠳᠤ ᠵᠠᠷᠯᠠᠬᠤ ᠬᠡᠷᠡᠭᠲᠡᠶ᠃
(ᠬᠣᠶᠠᠷ) ᠥᠪᠡᠷᠲᠡᠭᠡᠨ ᠵᠠᠰᠠᠬᠤ ᠣᠷᠣᠨ᠎ᠤ ᠡᠯ᠎ᠡ ᠬᠠᠮᠢᠶ᠎ᠠ ᠪᠥᠬᠥᠶ ᠶᠡᠬᠡ ᠳᠡᠭᠡᠳᠦ ᠰᠤᠷᠭ᠋ᠠᠭᠤᠯᠢ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠵᠶ᠋ᠠᠨ ᠰᠢᠭᠤᠳ ᠮᠡᠳᠡᠭᠦᠯᠦᠨ ᠬᠦᠷᠭᠡᠵᠦ᠂ ᠡᠯ᠎ᠡ ᠠᠶ᠋ᠢᠮᠠᠭ ᠬᠣᠲᠠ ᠵᠢᠨ ᠨᠠᠮ᠎ᠤᠨ ᠬᠣᠷᠢᠶ᠎ᠠ ᠵᠢᠨ ᠨᠠᠮ᠎ᠤᠨ ᠰᠤᠷᠭ᠋ᠠᠭᠤᠯᠢ (ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ) ᠵᠢ ᠡᠯ᠎ᠡ ᠠᠶ᠋ᠢᠮᠠᠭ ᠬᠣᠲᠠ ᠵᠢᠨ ᠦᠨᠳᠦᠰᠦᠲᠡᠨ᠎ᠤ ᠵᠥᠪᠯᠡᠯ᠎ᠠᠴᠠ ᠭᠤᠶᠤᠴᠢᠯᠠᠨ ᠮᠡᠳᠡᠬᠦᠯᠬᠦ ᠠᠵᠢᠯ᠎ᠢ ᠨᠢᠭᠡᠳᠦᠯᠲᠡᠶ ᠵᠣᠬᠢᠶᠠᠨ ᠪᠠᠢ᠌ᠭᠤᠯᠤᠨ᠎ᠠ᠃
(ᠭᠤᠷᠪᠠ) ᠭᠤᠶᠤᠴᠢᠯᠠᠨ ᠮᠡᠳᠡᠭᠦᠯᠬᠦ ᠪᠠᠢ᠌ᠭᠤᠯᠭ᠎ᠠ᠎ᠨᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠰᠤᠳᠤᠯᠭ᠋ᠠᠨ᠎ᠤ ᠰᠠᠭᠤᠷᠢᠨ ᠭᠠᠵᠠᠷ᠎ᠤᠨ ᠭᠤᠶᠤᠴᠢᠯᠠᠨ ᠮᠡᠳᠡᠭᠦᠯᠬᠦ ᠬᠦᠰᠦᠨᠦᠭᠲᠦ》 (ᠲᠣᠰ ᠬᠦᠰᠦᠨᠦᠭᠲᠦ ᠵᠢᠨ ᠡᠯᠧᠺᠲᠷᠣᠨ ᠬᠡᠪᠯᠡᠯ᠎ᠢ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠠᠯᠪᠠᠨ᠎ᠤ ᠰᠦᠯᠵᠢᠶ᠎ᠡ᠎ᠠᠴᠠ ᠪᠠᠭᠤᠯᠭ᠋ᠠᠨ᠎ᠠ᠂ ᠰᠦᠯᠵᠢᠶᠡᠨ ᠬᠠᠶᠢᠭ᠄ http᠄//mw.nmg.gov.cn) ᠵᠢ ᠨᠠᠷᠢᠨ ᠬᠢᠨᠠᠮᠠᠭ᠋ᠠᠶ ᠲᠠᠭᠯᠠᠬᠤ ᠵᠢᠨ ᠬᠠᠮᠲᠤ᠂ ᠬᠣᠯᠪᠣᠭᠳᠠᠯ ᠪᠥᠬᠥᠶ ᠭᠡᠷᠡᠴᠢᠯᠡᠬᠦ ᠮᠠᠲ᠋ᠧᠷᠢᠶᠠᠯ ᠵᠶ᠋ᠠᠨ ᠬᠠᠩᠭ᠋ᠠᠨ᠎ᠠ᠃
(ᠳᠥᠷᠪᠡ) 2023 ᠣᠨ᠎ᠤ 9 ᠳ᠋ᠦ᠍ᠭᠡᠷ ᠰᠠᠷ᠎ᠠ ᠵᠢᠨ 20᠎ᠤ ᠡᠳᠦᠷ᠎ᠠᠴᠠ ᠡᠮᠦᠨ᠎ᠡ ᠲᠦᠰᠢᠭᠯᠡᠬᠦ ᠪᠠᠢ᠌ᠭᠤᠯᠭ᠎ᠠ ᠵᠢᠨ ᠠᠯᠪᠠᠨ ᠲᠠᠮᠠᠭ᠎ᠠ ᠵᠢ ᠳᠠᠷᠤᠭᠰᠠᠨ ᠭᠤᠶᠤᠴᠢᠯᠠᠨ ᠮᠡᠳᠡᠭᠦᠯᠬᠦ ᠬᠦᠰᠦᠨᠦᠭᠲᠦ (ᠨᠢᠭᠡ ᠬᠡᠯᠪᠡᠷᠢ ᠵᠢᠨ 5 ᠬᠤᠪᠢ) ᠪᠠ ᠬᠠᠮᠢᠶ᠎ᠠ ᠪᠥᠬᠥᠶ ᠭᠡᠷᠡᠴᠢᠯᠡᠬᠦ ᠮᠠᠲ᠋ᠧᠷᠢᠶᠠᠯ (ᠨᠢᠭᠡ ᠬᠡᠯᠪᠡᠷᠢ ᠵᠢᠨ 2 ᠬᠤᠪᠢ)᠎ᠢ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠣᠨᠣᠯ ᠰᠤᠳᠤᠯᠬᠤ ᠭᠠᠵᠠᠷ᠎ᠲᠤ ᠰᠢᠤᠳᠠᠨ ᠵᠶ᠋ᠠᠷ ᠭᠤᠪᠢᠭᠤᠯᠬᠤ ᠵᠢᠨ ᠬᠠᠮᠲᠤ᠂ ᠭᠤᠶᠤᠴᠢᠯᠠᠨ ᠮᠡᠳᠡᠭᠦᠯᠬᠦ ᠬᠦᠰᠦᠨᠦᠭᠲᠦ ᠵᠢᠨ ᠡᠯᠧᠺᠲᠷᠣᠨ ᠬᠡᠪᠯᠡᠯ ᠵᠶ᠋ᠠᠨ ᠲᠣᠭᠲᠠᠭᠰᠠᠨ ᠢᠮᠧᠯ᠎ᠳᠤ ᠶᠠᠪᠤᠭᠤᠯᠤᠨ᠎ᠠ᠂ ᠮᠡᠳᠡᠬᠦᠯᠬᠦ ᠬᠤᠭᠤᠴᠠᠭ᠎ᠠ᠎ᠠᠴᠠ ᠬᠡᠲᠦᠷᠡᠪᠡᠯ ᠭᠥᠯᠢᠶᠡᠨ ᠠᠪᠴᠤ ᠰᠢᠢ᠍ᠳᠪᠦᠷᠢᠯᠡᠬᠦ ᠥᠬᠡᠶ᠃ ᠨᠢᠭᠤᠴᠠ᠎ᠳᠤ ᠬᠣᠯᠪᠣᠭᠳᠠᠬᠤ ᠮᠠᠲ᠋ᠧᠷᠢᠶᠠᠯ᠎ᠢ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠮᠡᠳᠡᠭᠦᠯᠦᠨ ᠬᠦᠷᠭᠡᠵᠦ᠂ ᠭᠠᠳᠠᠭ᠋ᠠᠳᠤ ᠬᠡᠯᠡ᠂ ᠦᠨᠳᠦᠰᠦᠲᠡᠨ᠎ᠤ ᠦᠭᠡ ᠬᠡᠯᠡ ᠦᠰᠦᠭ ᠪᠢᠴᠢᠭ᠎ᠤᠨ ᠮᠠᠲ᠋ᠧᠷᠢᠶᠠᠯ᠎ᠢ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠬᠠᠷᠠᠭ᠋ᠠᠯᠵᠠᠭᠰᠠᠨ ᠪᠦᠷᠢᠨ ᠣᠷᠴᠢᠭᠤᠯᠭ᠎ᠠ ᠵᠢ ᠳᠠᠭ᠋ᠠᠯᠳᠤᠭᠤᠯᠬᠤ ᠬᠡᠷᠡᠭᠲᠡᠢ᠃
ᠬᠠᠷᠢᠯᠴᠠᠬᠤ ᠬᠥᠮᠦᠨ᠄ ᠪᠠᠶ ᠴᠢᠩ ᠰᠥᠩ
ᠬᠠᠷᠢᠯᠴᠠᠬᠤ ᠣᠲᠠᠰᠤ᠄ 0471— 6945429 15848396786
ᠢᠮᠧᠯ᠄ nrs2014@163.com
ᠰᠢᠤᠳᠠᠨ ᠵᠶ᠋ᠠᠷ ᠭᠤᠪᠢᠭᠤᠯᠬᠤ ᠬᠠᠶᠢᠭ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠰᠢᠨᠬᠤᠸᠠ ᠶᠡᠬᠡ ᠵᠡᠭᠡᠯᠢ ᠵᠢᠨ 63 ᠳ᠋ᠤᠭ᠋ᠠᠷ ᠨᠤᠮᠸᠷ᠎ᠤᠨ 7 ᠳ᠋ᠤᠭ᠋ᠠᠷ ᠠᠰᠠᠷ᠎ᠤᠨ 412 ᠲᠠᠰᠤᠭ
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠷᠢᠶ᠎ᠠ ᠵᠢᠨ ᠨᠢᠭᠡᠳᠦᠮᠡᠯ ᠹᠷᠣᠨᠲ᠎ᠤᠨ ᠠᠵᠢᠯ᠎ᠤᠨ ᠬᠡᠯᠲᠡᠰ
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ ᠵᠢᠨ ᠤᠬᠠᠭᠤᠯᠬᠤ ᠬᠡᠯᠲᠡᠰ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ
2023 ᠣᠨ᠎ᠤ 8 ᠳ᠋ᠤᠭ᠋ᠠᠷ ᠰᠠᠷ᠎ᠠ ᠵᠢᠨ 24᠎ᠤ ᠡᠳᠦᠷ
ᠣᠷᠴᠢᠭᠤᠯᠤᠭᠴᠢ᠄ ᠰᠢᠶᠣᠤ ᠮᠢᠩ
ᠬᠢᠨᠠᠨ ᠨᠠᠢ᠌ᠷᠠᠭᠤᠯᠤᠭᠴᠢ᠄ ᠠᠳᠢᠶ᠎ᠠ ᠰᠠᠴᠤᠷᠠᠯ
ᠶᠡᠷᠦᠩᠬᠡᠢ ᠬᠢᠨᠠᠨ ᠨᠠᠢ᠌ᠷᠠᠭᠤᠯᠤᠭᠴᠢ᠄ ᠪᠠᠶᠠᠨᠴᠢᠮᠡᠭ