ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠦᠨᠳᠦᠰᠦᠲᠡᠨ᠎ᠤ ᠦᠭᠡ ᠬᠡᠯᠡ ᠥᠰᠥᠭ ᠪᠢᠴᠢᠭ᠎ᠤᠨ ᠡᠷᠳᠡᠮ ᠰᠢᠨᠵᠢᠯᠡᠭᠡᠨ᠎ᠤ ᠲᠥᠷᠥᠯ ᠵᠦᠢᠯ᠎ᠤᠨ 2023 ᠣᠨ᠎ᠤ 3 ᠳ᠋ᠤᠭ᠋ᠠᠷ ᠪᠦᠯᠦᠭ᠎ᠤᠨ ᠬᠢᠵᠦ ᠳᠠᠭᠤᠰᠬᠠᠭᠰᠠᠨ ᠰᠤᠳᠤᠯᠭ᠋ᠠᠨ᠎ᠤ ᠰᠡᠳᠦᠪ᠎ᠤᠨ ᠵᠠᠷᠯᠠᠯ
ᠨᠡᠶ᠋ᠢᠲᠡᠯᠡᠭᠰᠡᠨ ᠴᠠᠭ᠄ 2023-12-23

      2023 ᠣᠨ᠎ᠤ 12 ᠳ᠋ᠤᠭ᠋ᠠᠷ ᠰᠠᠷ᠎ᠠ ᠵᠢᠨ 19᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠠᠴᠠ ᠲᠤᠰᠬᠠᠶ ᠮᠡᠷᠭᠡᠵᠢᠯᠲᠡᠳ᠎ᠢ ᠵᠣᠬᠢᠶᠠᠨ ᠪᠠᠢ᠌ᠭᠤᠯᠵᠤ 2022 ᠣᠨ ᠵᠢᠴᠢ ᠥᠩᠭᠡᠷᠡᠭᠰᠡᠨ ᠵᠢᠯ᠎ᠤᠳ᠎ᠲᠤ ᠲᠥᠷᠥᠯ ᠵᠦᠢᠯ ᠲᠤᠭᠳᠠᠭ᠋ᠠᠨ ᠡᠬᠢᠯᠡᠬᠦᠯᠦᠭᠰᠡᠨ ᠪᠤᠯᠪᠠᠴᠦ ᠬᠢᠵᠦ ᠳᠠᠭᠤᠰᠤᠭ᠋ᠠᠳᠤᠶ ᠪᠠᠢ᠌ᠭᠰᠠᠨ ᠰᠡᠳᠦᠪ᠎ᠢ ᠲᠥᠪᠯᠡᠷᠡᠭᠦᠯᠦᠨ ᠬᠢᠨᠠᠨ ᠲᠣᠭᠲᠠᠭ᠋ᠠᠪᠠ᠂ ᠤᠳᠤ ᠬᠢᠨᠠᠨ ᠲᠣᠭᠲᠠᠭ᠋ᠠᠯᠲᠠ᠎ᠳᠤ ᠬᠢᠷᠢ ᠲᠡᠩᠴᠡᠭᠰᠡᠨ ᠰᠤᠳᠤᠯᠭ᠋ᠠᠨ᠎ᠤ ᠰᠡᠳᠦᠪ᠎ᠢ ᠵᠠᠷᠯᠠᠨ ᠨᠡᠢ᠌ᠲᠡᠯᠡᠶ᠎ᠡ᠃ ᠵᠠᠷᠯᠠᠨ ᠨᠡᠢ᠌ᠲᠡᠯᠡᠬᠦ ᠬᠤᠭᠤᠴᠠᠭ᠎ᠠ᠎ᠨᠢ 2023 ᠣᠨ᠎ᠤ 12 ᠳ᠋ᠤᠭ᠋ᠠᠷ ᠰᠠᠷ᠎ᠠ ᠵᠢᠨ 19᠎ᠤ ᠡᠳᠦᠷ᠎ᠠᠴᠠ 25᠎ᠤ ᠡᠳᠦᠷ ᠪᠣᠯᠲᠠᠯ᠎ᠠ᠃ ᠵᠠᠷᠯᠠᠨ ᠨᠡᠢ᠌ᠲᠡᠯᠡᠭᠰᠡᠨ ᠬᠤᠭᠤᠴᠠᠭ᠋ᠠᠨ᠎ᠳᠤ ᠬᠡᠷᠪᠡ ᠣᠨᠳᠣᠤ ᠰᠠᠨᠠᠯ᠎ᠲᠠᠢ ᠪᠣᠯ ᠮᠠᠨ᠎ᠤ ᠵᠥᠪᠯᠡᠯ᠎ᠲᠠᠢ ᠬᠠᠷᠢᠯᠴᠠᠭ᠋ᠠᠷᠠᠶ᠃
      ᠬᠠᠷᠢᠯᠴᠠᠬᠤ ᠬᠥᠮᠦᠨ ᠵᠢᠴᠢ ᠬᠠᠷᠢᠯᠴᠠᠬᠤ ᠤᠲᠠᠰᠤ᠄ ᠴᠡᠪᠡᠷ 0471 - 6968340
      ᠬᠠᠶᠢᠭ᠄ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠰᠢᠨᠬᠤᠸᠠ ᠶᠡᠬᠡ ᠵᠡᠭᠡᠯᠢ ᠵᠢᠨ 63 ᠳ᠋ᠤᠭ᠋ᠠᠷ ᠬᠦᠷᠢᠶᠡᠨ᠎ᠤ 7 ᠳ᠋ᠤᠭ᠋ᠠᠷ ᠠᠰᠠᠷ᠎ᠤᠨ 411 ᠲᠠᠰᠤᠭ 
      ᠳᠠᠭ᠋ᠠᠯᠳᠤᠭᠤᠯᠤᠯ᠄ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠦᠨᠳᠦᠰᠦᠲᠡᠨ᠎ᠤ ᠬᠡᠯᠡ ᠪᠢᠴᠢᠭ᠎ᠤᠨ ᠡᠷᠳᠡᠮ ᠰᠢᠨᠵᠢᠯᠡᠭᠡᠨ᠎ᠤ ᠲᠥᠷᠥᠯ ᠵᠦᠢ᠍ᠯ᠎ᠤᠨ ᠰᠤᠳᠤᠯᠭ᠋ᠠᠨ᠎ᠤ ᠰᠡᠳᠦᠪ᠎ᠢ ᠬᠢᠵᠦ ᠳᠠᠭᠤᠰᠬᠠᠭᠰᠠᠨ ᠨᠠᠷᠢᠨ ᠬᠦᠰᠦᠨᠦᠭᠲᠦ᠃

                       ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ 
                               2023 ᠣᠨ᠎ᠤ 12 ᠳ᠋ᠤᠭ᠋ᠠᠷ ᠰᠠᠷ᠎ᠠ ᠵᠢᠨ 19᠎ᠤ ᠡᠳᠦᠷ


      ᠳᠠᠭ᠋ᠠᠯᠳᠤᠭᠤᠯᠤᠯ᠄ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠦᠨᠳᠦᠰᠦᠲᠡᠨ᠎ᠤ ᠬᠡᠯᠡ ᠪᠢᠴᠢᠭ᠎ᠤᠨ ᠡᠷᠳᠡᠮ ᠰᠢᠨᠵᠢᠯᠡᠭᠡᠨ᠎ᠤ ᠰᠤᠳᠤᠯᠭ᠋ᠠᠨ᠎ᠤ ᠰᠡᠳᠦᠪ᠎ᠢ ᠬᠢᠵᠦ ᠳᠠᠭᠤᠰᠬᠠᠭᠰᠠᠨ ᠨᠠᠷᠢᠨ ᠬᠦᠰᠦᠨᠦᠭᠲᠦ᠃



        ᠣᠷᠴᠢᠭᠤᠯᠤᠭᠴᠢ᠄ ᠣᠶᠤᠨᠰᠡᠴᠡᠨ
         ᠬᠢᠨᠠᠨ ᠣᠷᠴᠢᠭᠤᠯᠤᠭᠴᠢ᠄ ᠠᠳᠢᠶ᠎ᠠ   ᠰᠠᠴᠤᠷᠠᠯ
        ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠦᠸᠠᠢ ᠳ᠋ᠦᠩ

 

ᠢᠷᠡᠯᠲᠡ᠄ ᠦᠨᠳᠦᠰᠦᠲᠡᠨ᠎ᠤ ᠬᠡᠯᠡ ᠪᠢᠴᠢᠭ᠎ᠤᠨ ᠭᠠᠵᠠᠷ