ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠤᠤᠭ᠋ᠠᠯ ᠵᠢᠷᠤᠮᠠᠯ MG ᠺᠠᠷᠲ᠋ᠣᠨ᠎ᠤ ᠣᠬᠣᠷ ᠸᠢᠳᠢᠤ᠋ ᠦᠢ᠍ᠯᠡᠳᠬᠦ ᠲᠥᠷᠥᠯ ᠵᠦᠢ᠍ᠯ᠎ᠤᠨ ᠥᠷᠢᠰᠦᠯᠳᠦᠭᠡᠨ᠎ᠤ ᠴᠢᠨᠠᠷᠲᠠᠢ ᠭᠡᠯᠡᠯᠴᠡᠭᠡᠷ᠎ᠤᠨ ᠲᠤᠬᠠᠢ ᠠᠯᠪᠠᠨ ᠵᠠᠷ
ᠨᠡᠶ᠋ᠢᠲᠡᠯᠡᠭᠰᠡᠨ ᠴᠠᠭ᠄ 2024-04-01

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠦᠪᠯᠡᠯ᠎ᠠᠴᠠ ᠥᠷᠢᠰᠦᠯᠳᠦᠭᠡᠨ᠎ᠤ ᠴᠢᠨᠠᠷᠲᠠᠢ ᠭᠡᠯᠡᠯᠴᠡᠭᠡᠷ᠎ᠤᠨ ᠠᠷᠭ᠎ᠠ ᠭᠡᠯᠪᠡᠷᠢ᠎ᠪᠠᠷ ᠤᠤᠭ᠋ᠠᠯ ᠵᠢᠷᠤᠮᠠᠯ MG ᠺᠠᠷᠲ᠋ᠣᠨ᠎ᠤ ᠣᠬᠣᠷ ᠸᠢᠳᠢᠤ᠋ ᠦᠢ᠍ᠯᠡᠳᠬᠦ ᠲᠥᠷᠥᠯ ᠵᠦᠢ᠍ᠯ᠎ᠢ ᠵᠣᠬᠢᠶᠠᠨ ᠪᠠᠢ᠌ᠭᠤᠯᠵᠤ ᠬᠤᠳᠠᠯᠳᠤᠨ ᠠᠪᠤᠨ᠎ᠠ᠂ ᠨᠥᠬᠥᠴᠡᠯ᠎ᠳᠤ ᠨᠡᠢ᠌ᠴᠡᠭᠰᠡᠨ ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠤ ᠣᠷᠣᠯᠴᠠᠬᠤ ᠵᠢ ᠪᠠᠶᠠᠷᠯᠠᠨ ᠤᠭᠲᠤᠵᠤ ᠪᠠᠢ᠌ᠨ᠎ᠠ᠃ 
       ᠨᠢᠭᠡ᠂ ᠲᠥᠷᠥᠯ ᠵᠦᠢ᠍ᠯ᠎ᠤᠨ ᠲᠣᠢ᠌ᠮᠣᠴᠢᠯᠠᠯ 
      1. ᠨᠡᠷᠡᠢ᠌ᠳᠦᠯ ᠬᠢᠭᠡᠳ ᠳ᠋ᠤᠭ᠋ᠠᠷᠯᠠᠯ 
       ᠲᠥᠷᠥᠯ ᠵᠦᠢ᠍ᠯ᠎ᠤᠨ ᠨᠡᠷᠡᠢ᠌ᠳᠦᠯ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠤᠤᠭ᠋ᠠᠯ ᠵᠢᠷᠤᠮᠠᠯ MG ᠺᠠᠷᠲ᠋ᠣᠨ᠎ᠤ ᠣᠬᠣᠷ ᠸᠢᠳᠢᠤ᠋ ᠦᠢ᠍ᠯᠡᠳᠬᠦ ᠲᠥᠷᠥᠯ ᠵᠦᠢ᠍ᠯ
       ᠲᠥᠷᠥᠯ ᠵᠦᠢ᠍ᠯ᠎ᠤᠨ ᠳ᠋ᠤᠭ᠋ᠠᠷᠯᠠᠯ᠄ NMW-ZCFG2401 
      2. ᠠᠭᠤᠯᠭ᠎ᠠ ᠵᠢᠴᠢ ᠬᠤᠳᠠᠯᠳᠤᠨ ᠠᠪᠬᠤ ᠳᠠᠭ᠋ᠠᠭ᠋ᠠᠴᠢᠯᠠᠯᠲᠠ ᠵᠢ ᠬᠤᠪᠢᠶᠠᠷᠢᠯᠠᠭᠰᠠᠨ ᠪᠠᠢ᠌ᠳᠠᠯ

微信图片_20240408154144.png

      ᠬᠣᠶᠠᠷ᠂ ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠤ ᠬᠢᠷᠢ ᠬᠡᠮ᠎ᠤᠨ ᠱᠠᠭ᠋ᠠᠷᠳᠠᠯᠭ᠎ᠠ 
      1. ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠨᠢ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ》 ᠵᠢᠨ ᠬᠣᠷᠢᠨ ᠬᠣᠶᠠᠳᠤᠭ᠋ᠠᠷ ᠵᠦᠢ᠍ᠯ᠎ᠳᠤ ᠲᠣᠭᠲᠠᠭ᠋ᠠᠭᠰᠠᠨ ᠨᠥᠬᠥᠴᠡᠯ᠎ᠳᠤ ᠨᠡᠢ᠌ᠴᠡᠭᠰᠡᠨ ᠪᠠᠢ᠌ᠬᠤ ᠬᠡᠷᠡᠭᠲᠡᠢ᠃ 
      2. 《ᠢᠳᠡᠭᠡᠮᠵᠢᠳᠦ ᠳᠤᠮᠳᠠᠳᠤ ᠤᠯᠤᠰ》 ᠰᠦᠯᠵᠢᠶ᠎ᠡ (www.creditchina.gov.cn)᠂ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ (www.ccgp.gov.cn) ᠵᠡᠷᠭᠡ ᠳᠡᠭᠡᠷ᠎ᠡ ᠢᠲᠡᠭᠡᠯ ᠠᠯᠳᠠᠭᠰᠠᠨ ᠭᠦᠢ᠍ᠴᠡᠳᠬᠡᠭᠳᠡᠭᠴᠢ ᠪᠣᠯᠣᠭᠰᠠᠳ᠂ ᠭᠠᠢ᠌ᠯᠢ ᠲᠠᠲᠠᠪᠤᠷᠢ ᠵᠢᠨ ᠬᠠᠤᠯᠢ᠎ᠠᠴᠠ ᠬᠦᠨᠳᠦ ᠨᠣᠴᠢᠲᠠᠢ ᠵᠥᠷᠢᠴᠡᠭᠰᠡᠨ ᠬᠡᠷᠡᠭ᠎ᠤᠨ ᠲᠤᠬᠠᠢ ᠵᠢᠨ ᠬᠥᠮᠥᠨ᠎ᠤ ᠨᠡᠷᠡᠰ᠎ᠲᠤ ᠣᠷᠣᠭᠰᠠᠳ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ᠎ᠠᠴᠠ ᠬᠦᠨᠳᠦ ᠨᠣᠴᠢᠲᠠᠢ ᠵᠥᠷᠢᠴᠡᠵᠦ ᠢᠲᠡᠭᠡᠯ ᠠᠯᠳᠠᠭᠰᠠᠨ ᠦᠢᠯᠡ ᠠᠵᠢᠯᠯᠠᠭ᠎ᠠ ᠵᠢᠨ ᠲᠡᠮᠳᠡᠭᠯᠡᠯ᠎ᠤᠨ ᠨᠡᠷᠡᠰ᠎ᠲᠤ ᠣᠷᠣᠭᠰᠠᠳ ᠵᠢᠴᠢ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ》 ᠵᠢᠨ ᠬᠣᠷᠢᠨ ᠬᠣᠶᠠᠳᠤᠭ᠋ᠠᠷ ᠵᠦᠢ᠍ᠯ᠎ᠳᠤ ᠲᠣᠭᠲᠠᠭ᠋ᠠᠭᠰᠠᠨ ᠨᠥᠬᠥᠴᠡᠯ᠎ᠳᠤ ᠥᠯᠥ ᠨᠡᠢ᠌ᠴᠡᠬᠦ ᠪᠤᠰᠤᠳ ᠥᠷᠢᠰᠦᠯᠳᠦᠭᠴᠢᠳ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ᠎ᠳᠤ ᠣᠷᠣᠯᠴᠠᠵᠤ ᠪᠣᠯᠬᠤ ᠦᠭᠡᠢ᠃ 
      3. ᠲᠣᠰ ᠲᠥᠷᠥᠯ ᠵᠦᠢ᠍ᠯ᠎ᠳᠤ ᠬᠣᠯᠪᠣᠭ᠋ᠠᠲᠤ ᠴᠣᠭᠴᠠ ᠵᠢᠨ ᠳᠠᠭ᠋ᠠᠭ᠋ᠠᠴᠢᠯᠠᠯᠲᠠ ᠵᠢ ᠭᠥᠯᠢᠶᠡᠨ ᠠᠪᠬᠤ ᠦᠭᠡᠢ᠃ 
      ᠭᠤᠷᠪᠠ᠂ ᠭᠡᠯᠡᠯᠴᠡᠭᠡᠷ᠎ᠤᠨ ᠪᠢᠴᠢᠭ ᠮᠠᠲ᠋ᠧᠷᠢᠶᠠᠯ᠎ᠤᠨ ᠬᠤᠷᠢᠶᠠᠬᠤ ᠴᠠᠭ᠂ ᠭᠠᠵᠠᠷ᠂ ᠠᠷᠭ᠎ᠠ ᠭᠡᠯᠪᠡᠷᠢ
       ᠳᠡᠭᠡᠷ᠎ᠡ ᠳᠤᠷᠠᠳᠤᠭᠰᠠᠨ ᠨᠥᠬᠥᠴᠡᠯ᠎ᠳᠤ ᠨᠡᠢ᠌ᠴᠡᠭᠰᠡᠨ ᠬᠠᠩᠭ᠋ᠠᠯᠭ᠎ᠠ ᠵᠢᠨ ᠬᠤᠳᠠᠯᠳᠤᠭ᠋ᠠᠴᠢᠨ 2024 ᠣᠨ᠎ᠤ 3 ᠳ᠋ᠤᠭ᠋ᠠᠷ ᠰᠠᠷ᠎ᠠ ᠵᠢᠨ 28᠎ᠤ ᠡᠳᠦᠷ᠎ᠠᠴᠠ 2023 ᠣᠨ᠎ᠤ 4  ᠳ᠋ᠦ᠍ᠭᠡᠷ ᠰᠠᠷ᠎ᠠ ᠵᠢᠨ 1᠎ᠤ ᠡᠳᠦᠷ ᠪᠣᠯᠲᠠᠯ᠎ᠠ᠂ ᠠᠵᠢᠯᠯᠠᠬᠤ ᠡᠳᠦᠷ᠎ᠤᠨ  ᠦᠳᠡ ᠵᠢᠨ ᠡᠮᠦᠨᠡᠬᠢ 9᠄ 00 — 12᠄ 00 ᠴᠠᠭ᠂ ᠦᠳᠡ ᠵᠢᠨ ᠬᠣᠢ᠌ᠨᠠᠬᠢ 2᠄ 30 — 5᠄ 30 ᠴᠠᠭ᠎ᠲᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ (ᠬᠥᠬᠡᠬᠣᠲᠠ ᠵᠢᠨ ᠰᠢᠨᠬᠤᠸᠠ ᠶᠡᠬᠡ ᠵᠡᠭᠡᠯᠢ ᠵᠢᠨ 63 ᠳ᠋ᠤᠭ᠋ᠠᠷ ᠨᠤᠮᠸᠷᠳᠦ ᠬᠦᠷᠢᠶᠡᠨ᠎ᠤ 7 ᠳ᠋ᠤᠭ᠋ᠠᠷ ᠠᠰᠠᠷ᠎ᠤᠨ 306 ᠳ᠋ᠤᠭ᠋ᠠᠷ ᠦᠷᠦᠭᠡ)᠎ᠳᠤ ᠬᠦᠷᠴᠦ ᠨᠡᠷ᠎ᠡ ᠮᠡᠳᠡᠭᠦᠯᠬᠦ ᠮᠠᠲ᠋ᠧᠷᠢᠶᠠᠯ ᠵᠶ᠋ᠠᠨ ᠲᠤᠰᠢᠶᠠᠨ᠎ᠠ᠂ ᠠᠩᠬᠠᠨ᠎ᠤ ᠬᠢᠨᠠᠯᠳᠠ ᠵᠢᠨ ᠮᠠᠲ᠋ᠧᠷᠢᠶᠠᠯ᠎ᠳᠤ ᠬᠢᠷᠢ ᠲᠡᠩᠴᠡᠪᠡᠯ᠂ 《ᠨᠡᠷ᠎ᠡ ᠮᠡᠳᠡᠭᠦᠯᠦᠭᠰᠡᠨ ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠤ ᠳᠠᠩᠰᠠᠯᠠᠯᠲᠠ ᠵᠢᠨ ᠬᠦᠰᠦᠨᠦᠭᠲᠦ》 ᠵᠢ ᠲᠠᠭᠯᠠᠨ᠎ᠠ᠂ ᠨᠡᠷ᠎ᠡ ᠮᠡᠳᠡᠭᠦᠯᠵᠦ ᠬᠢᠨᠠᠨ ᠬᠠᠷᠭᠤᠭᠤᠯᠤᠭ᠋ᠠᠳ ᠬᠢᠷᠢ ᠲᠡᠩᠴᠡᠭᠰᠡᠨ ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠦᠪᠯᠡᠯ᠎ᠠᠴᠠ ᠳᠠᠭ᠋ᠠᠯᠲᠠ ᠪᠢᠴᠢᠭ ᠮᠠᠲᠸᠷᠢᠶᠠᠯ᠎ᠢ ᠤᠯᠤᠨ᠎ᠠ᠃
      ᠨᠡᠷ᠎ᠡ ᠮᠡᠳᠡᠭᠦᠯᠬᠦ ᠦᠶ᠎ᠡ᠎ᠳᠤ ᠨᠡᠷ᠎ᠡ ᠮᠡᠳᠡᠭᠦᠯᠦᠭᠴᠢ᠎ᠠᠴᠠ ᠳᠣᠣᠷᠠᠬᠢ ᠮᠠᠲ᠋ᠧᠷᠢᠶᠠᠯ᠎ᠤᠨ ᠬᠠᠭᠤᠯᠪᠤᠷᠢ (ᠬᠠᠭᠤᠯᠪᠤᠷᠢ᠎ᠳᠤ ᠺᠣᠮᠫᠠᠨᠢ ᠵᠢᠨ ᠠᠯᠪᠠᠨ ᠲᠠᠮᠠᠭ᠎ᠠ ᠵᠢ ᠲᠠᠷᠤᠨ᠎ᠠ᠂ ᠨᠢᠭᠡ ᠬᠡᠯᠪᠡᠷᠢ ᠵᠢᠨ ᠨᠢᠭᠡ ᠬᠤᠪᠢ᠂ ᠪᠠᠷᠢᠮᠵᠢᠶ᠎ᠠ A4 ᠴᠠᠭ᠋ᠠᠰᠤ) ᠵᠢ ᠬᠠᠩᠭ᠋ᠠᠬᠤ ᠬᠡᠷᠡᠭᠲᠡᠢ᠄ 
      1. ᠨᠡᠷ᠎ᠡ ᠮᠡᠳᠡᠭᠦᠯᠦᠭᠴᠢ᠎ᠠᠴᠠ ᠪᠡᠶ᠎ᠡ ᠵᠢᠨ ᠦᠨᠡᠮᠯᠡᠯ᠎ᠤᠨ ᠤᠭ ᠡᠬᠡ ᠵᠢ ᠦᠵᠡᠭᠦᠯᠵᠦ᠂ ᠬᠠᠭᠤᠯᠪᠤᠷᠢ ᠵᠢ᠎ᠨᠢ ᠬᠠᠩᠭ᠋ᠠᠨ᠎ᠠ᠃ 
      2. ᠨᠡᠷ᠎ᠡ ᠮᠡᠳᠡᠭᠦᠯᠦᠭᠴᠢ᠎ᠠᠴᠠ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠵᠢᠨ ᠭᠠᠷ᠎ᠤᠨ ᠦᠰᠦᠭ ᠵᠢᠷᠤᠭᠰᠠᠨ᠂ ᠺᠣᠮᠫᠠᠨᠢ ᠵᠢᠨ ᠲᠠᠮᠠᠭ᠎ᠠ ᠳᠠᠷᠤᠭᠰᠠᠨ 《ᠡᠷᠬᠡ ᠤᠯᠭᠤᠭᠰᠠᠨ ᠨᠠᠶ᠋ᠢᠳᠠᠯᠭ᠎ᠠ ᠵᠢᠨ ᠪᠢᠴᠢᠭ》᠎ᠢ ᠬᠠᠩᠭ᠋ᠠᠨ᠎ᠠ᠃
      3. ᠳᠠᠭ᠋ᠠᠭ᠋ᠠᠴᠢᠯᠠᠯᠲᠠ᠎ᠳᠤ ᠥᠷᠢᠰᠦᠯᠳᠦᠬᠦ ᠠᠵᠤ ᠠᠬᠤᠢ᠌ᠯᠠᠯ᠎ᠤᠨ ᠠᠯᠪᠠᠨ ᠲᠠᠮᠠᠭ᠎ᠠ ᠵᠢ ᠳᠠᠷᠤᠭᠰᠠᠨ ᠬᠦᠴᠦᠨ᠎ᠲᠠᠢ ᠡᠵᠡᠩᠨᠡᠯᠲᠡ ᠵᠢᠨ ᠦᠨᠡᠮᠯᠡᠯ᠎ᠤᠨ ᠲᠡᠳ᠋ ᠳᠡᠪᠲᠡᠷ᠎ᠤᠨ ᠬᠠᠭᠤᠯᠪᠤᠷᠢ ᠵᠢ ᠬᠠᠩᠭ᠋ᠠᠨ᠎ᠠ᠃
      4. ᠳᠠᠭ᠋ᠠᠭ᠋ᠠᠴᠢᠯᠠᠯᠲᠠ ᠎ᠳᠤ ᠥᠷᠢᠰᠦᠯᠳᠦᠬᠦ ᠠᠵᠤ ᠠᠬᠤᠢ᠌ᠯᠠᠯ᠎ᠤᠨ ᠠᠯᠪᠠᠨ ᠲᠠᠮᠠᠭ᠎ᠠ ᠵᠢ ᠳᠠᠷᠤᠭᠰᠠᠨ  ᠬᠦᠴᠦᠨ᠎ᠲᠠᠢ ᠬᠢᠷᠢ ᠭᠡᠮ᠎ᠤᠨ ᠦᠨᠡᠮᠯᠡᠯ᠎ᠤᠨ ᠬᠠᠭᠤᠯᠪᠤᠷᠢ ᠵᠢ  ᠬᠠᠩᠭ᠋ᠠᠨ᠎ᠠ᠃ 
      5. ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ᠎ᠳᠤ ᠣᠷᠣᠯᠴᠠᠬᠤ᠎ᠠᠴᠠ ᠡᠮᠦᠨᠡᠬᠢ ᠭᠤᠷᠪᠠᠨ ᠵᠢᠯ᠎ᠤᠨ ᠲᠤᠳᠤᠷ᠎ᠠ ᠡᠵᠡᠩᠨᠡᠯᠲᠡ ᠵᠢᠨ ᠠᠵᠢᠯᠯᠠᠭ᠎ᠠ ᠵᠢᠨ ᠳᠤᠮᠳᠠ ᠬᠠᠤᠯᠢ ᠵᠢ ᠬᠦᠨᠳᠦ ᠶᠡᠬᠡ ᠵᠥᠷᠢᠴᠡᠭᠰᠡᠨ ᠲᠡᠮᠳᠡᠭᠯᠡᠯ ᠪᠠᠢ᠌ᠬᠤ ᠦᠭᠡᠢ ᠬᠡᠰᠡᠨ ᠢᠯᠡᠷᠬᠡᠢ᠌ᠯᠡᠯᠲᠡ ᠵᠢᠨ ᠪᠢᠴᠢᠭ᠎ᠢ ᠬᠠᠩᠭ᠋ᠠᠨ᠎ᠠ᠃
      6. 《ᠢᠳᠡᠭᠡᠮᠵᠢᠳᠦ ᠳᠤᠮᠳᠠᠳᠤ ᠤᠯᠤᠰ》 ᠰᠦᠯᠵᠢᠶ᠎ᠡ (www.creditchina.gov.cn)᠂ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ (www.ccgp.gov.cn) ᠵᠢᠨ ᠢᠲᠡᠭᠡᠮᠵᠢ ᠵᠢᠨ ᠪᠠᠢ᠌ᠴᠠᠭ᠋ᠠᠨ ᠯᠠᠪᠯᠠᠭᠰᠠᠨ ᠲᠡᠮᠳᠡᠭᠯᠡᠯ (ᠢᠳᠡᠭᠡᠮᠵᠢ ᠠᠯᠳᠠᠭᠰᠠᠨ ᠭᠦᠢ᠍ᠴᠡᠳᠬᠡᠭᠳᠡᠭᠴᠢ᠂ ᠭᠠᠢ᠌ᠯᠢ ᠲᠠᠲᠠᠪᠤᠷᠢ ᠵᠢᠨ ᠬᠠᠤᠯᠢ᠎ᠠᠴᠠ ᠬᠦᠨᠳᠦ ᠨᠤᠴᠢᠳᠠᠢ ᠵᠥᠷᠢᠴᠡᠭᠰᠡᠨ ᠬᠡᠷᠡᠭ᠎ᠤᠨ ᠲᠤᠬᠠᠢ ᠵᠢᠨ ᠬᠥᠮᠥᠨ᠎ᠤ ᠨᠡᠷᠡᠰ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ᠎ᠠᠴᠠ ᠬᠦᠨᠳᠦ ᠨᠣᠴᠢᠲᠠᠢ ᠵᠦᠷᠢᠴᠡᠭᠰᠡᠨ ᠢᠳᠡᠭᠡᠮᠵᠢ ᠠᠯᠳᠠᠭᠰᠠᠨ ᠦᠢᠯᠡ ᠠᠵᠢᠯᠯᠠᠭ᠎ᠠ ᠵᠢᠨ ᠲᠡᠮᠳᠡᠭᠯᠡᠯ᠎ᠤᠨ ᠨᠡᠷᠡᠰ᠎ᠢ ᠪᠠᠢ᠌ᠴᠠᠭ᠋ᠠᠨ ᠯᠠᠪᠯᠠᠭᠰᠠᠨ ᠪᠠᠢ᠌ᠬᠤ ᠬᠡᠷᠡᠭᠲᠡᠢ)᠃ 
       ᠳᠥᠷᠪᠡ᠂ ᠭᠡᠯᠡᠯᠴᠡᠭᠡᠷ᠎ᠤᠨ ᠪᠢᠴᠢᠭ ᠮᠠᠲ᠋ᠧᠷᠢᠶᠠᠯ᠎ᠤᠨ ᠬᠤᠳᠠᠯᠳᠤᠬᠤ ᠦᠨ᠎ᠡ 
       ᠲᠤᠰ ᠤᠳᠠᠭ᠋ᠠᠨ᠎ᠤ ᠭᠡᠯᠡᠯᠴᠡᠭᠡᠷ᠎ᠤᠨ ᠪᠢᠴᠢᠭ ᠮᠠᠲ᠋ᠧᠷᠢᠶᠠᠯ᠎ᠤᠨ ᠬᠤᠳᠠᠯᠳᠤᠬᠤ ᠦᠨ᠎ᠡ᠎ᠨᠢ 60000 ᠲᠥᠭᠥᠷᠢᠭ ᠠᠷᠠᠳ᠎ᠤᠨ ᠵᠣᠭᠣᠰ ᠪᠣᠯᠣᠨ᠎ᠠ᠃ 
       ᠲᠠᠪᠤ᠂ ᠳᠠᠭ᠋ᠠᠯᠲᠠ ᠪᠢᠴᠢᠭ ᠮᠠᠲ᠋ᠧᠷᠢᠶᠠᠯ᠎ᠢ ᠲᠤᠰᠢᠶᠠᠬᠤ ᠡᠴᠦᠰ᠎ᠤᠨ ᠴᠠᠭ᠂ ᠨᠡᠢ᠌ᠳᠡᠯᠡᠬᠦ ᠴᠠᠭ ᠵᠢᠴᠢ ᠭᠠᠵᠠᠷ 
      1. ᠳᠠᠭ᠋ᠠᠯᠲᠠ ᠪᠢᠴᠢᠭ ᠮᠠᠲ᠋ᠧᠷᠢᠶᠠᠯ᠎ᠢ ᠲᠤᠰᠢᠶᠠᠬᠤ ᠡᠴᠦᠰ᠎ᠤᠨ ᠴᠠᠭ᠄ 2024 ᠣᠨ᠎ᠤ 4 ᠳ᠋ᠦ᠍ᠭᠡᠷ ᠰᠠᠷ᠎ᠠ ᠵᠢᠨ 3᠎ᠤ ᠡᠳᠦᠷ᠎ᠤᠨ ᠦᠳᠡ ᠵᠢᠨ ᠡᠮᠦᠨᠡᠬᠢ 10 ᠴᠠᠭ᠃ 
      2. ᠳᠠᠭ᠋ᠠᠭ᠋ᠠᠴᠢᠯᠠᠯᠲᠠ ᠬᠦᠯᠢᠶᠡᠬᠦ ᠭᠠᠵᠠᠷ᠄ ᠬᠥᠬᠡᠬᠣᠲᠠ ᠵᠢᠨ ᠰᠢᠨᠬᠤᠸᠠ ᠶᠡᠬᠡ ᠵᠡᠭᠡᠯᠢ ᠵᠢᠨ 63 ᠳ᠋ᠤᠭ᠋ᠠᠷ ᠨᠣᠮᠧᠷᠲᠤ ᠬᠦᠷᠢᠶᠡᠨ᠎ᠤ 7 ᠳ᠋ᠤᠭ᠋ᠠᠷ ᠠᠰᠠᠷ᠎ᠤᠨ 306 ᠳ᠋ᠤᠭ᠋ᠠᠷ ᠦᠷᠦᠭᠡ᠃ 
      3. ᠳᠠᠭ᠋ᠠᠭ᠋ᠠᠴᠢᠯᠠᠯᠲᠠ ᠨᠡᠢ᠌ᠲᠡᠯᠡᠬᠦ ᠴᠠᠭ᠄ 2024 ᠣᠨ᠎ᠤ 4  ᠳ᠋ᠦ᠍ᠭᠡᠷ ᠰᠠᠷ᠎ᠠ ᠵᠢᠨ 3᠎ᠤ ᠡᠳᠦᠷ᠎ᠤᠨ ᠦᠳᠡ ᠵᠢᠨ ᠡᠮᠦᠨᠡᠬᠢ 10 ᠴᠠᠭ᠃ 
      4. ᠳᠠᠭ᠋ᠠᠭ᠋ᠠᠴᠢᠯᠠᠯᠲᠠ ᠨᠡᠢ᠌ᠲᠡᠯᠡᠬᠦ ᠭᠠᠵᠠᠷ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠬᠤᠷᠠᠯ᠎ᠤᠨ ᠭᠡᠷ᠃
       ᠵᠢᠷᠭᠤᠭ᠎ᠠ᠂ ᠬᠠᠷᠢᠯᠴᠠᠬᠤ ᠠᠷᠭ᠎ᠠ ᠬᠡᠯᠪᠡᠷᠢ 
       ᠬᠤᠳᠠᠯᠳᠤᠨ ᠠᠪᠤᠭᠴᠢ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠦᠪᠯᠡᠯ
       ᠬᠠᠶᠢᠭ᠄ ᠬᠥᠬᠡᠬᠣᠲᠠ ᠵᠢᠨ ᠰᠢᠨᠬᠤᠸᠠ ᠶᠡᠬᠡ ᠵᠡᠭᠡᠯᠢ ᠵᠢᠨ 63 ᠳ᠋ᠤᠭ᠋ᠠᠷ ᠨᠤᠮᠸᠷᠳᠦ ᠬᠦᠷᠢᠶᠡᠨ᠎ᠤ 7 ᠳ᠋ᠤᠭ᠋ᠠᠷ ᠠᠰᠠᠷ᠎ᠤᠨ 306 ᠳ᠋ᠤᠭ᠋ᠠᠷ ᠥᠷᠥᠭᠡ 
       ᠬᠠᠷᠢᠯᠴᠠᠬᠤ ᠬᠥᠮᠥᠨ᠄ ᠯᠢᠦ ᠠᠪᠠᠬᠠᠢ 
       ᠤᠳᠠᠰᠤ᠄ 0471-6611201

                               ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠦᠪᠯᠡᠯ
                              2024 ᠣᠨ᠎ᠤ 3 ᠳ᠋ᠤᠭ᠋ᠠᠷ ᠰᠠᠷ᠎ᠠ ᠵᠢᠨ 27᠎ᠤ ᠡᠳᠦᠷ



               ᠣᠷᠴᠢᠭᠤᠯᠤᠭᠴᠢ᠄ ᠤᠷᠢᠬᠠᠨ
               ᠬᠢᠨᠠᠨ ᠣᠷᠴᠢᠭᠤᠯᠤᠭᠴᠢ᠄ ᠠᠳᠢᠶ᠎ᠠ    ᠰᠠᠴᠤᠷᠠᠯ
               ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠦᠸᠠᠢ ᠳ᠋ᠦᠩ

 

ᠢᠷᠡᠯᠲᠡ᠄ ᠲᠥᠷᠥ ᠵᠢᠨ ᠪᠣᠳᠣᠯᠭ᠎ᠠ ᠬᠠᠥᠯᠢ ᠲᠤᠭᠲᠠᠭ᠋ᠠᠯ᠎ᠤᠨ ᠭᠠᠵᠠᠷ