ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠥᠪᠠᠷᠳᠡᠭᠡᠨ ᠵᠠᠰᠠᠬᠤ ᠣᠷᠤᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠤᠨ ᠤᠯᠤᠰ᠎ᠤᠨ ᠨᠢᠭᠡᠳᠦᠯᠲᠡᠢ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠵᠦ ᠲᠦᠭᠡᠮᠡᠯᠵᠢᠭᠦᠯᠬᠦ ᠤᠬᠠᠭᠤᠯᠭ᠎ᠠ ᠬᠥᠮᠥᠵᠢᠯ᠎ᠤᠨ ᠨᠣᠮ ᠪᠢᠴᠢᠭ᠎ᠢ ᠬᠤᠳᠠᠯᠳᠤᠨ ᠠᠪᠬᠤ ᠢᠯᠡ᠎ᠪᠠᠷ ᠦᠨ᠎ᠡ ᠯᠠᠪᠯᠠᠬᠤ ᠲᠤᠬᠠᠢ ᠠᠯᠪᠠᠨ ᠵᠠᠷᠯᠠᠯ
ᠨᠡᠶ᠋ᠢᠲᠡᠯᠡᠭᠰᠡᠨ ᠴᠠᠭ᠄ 2025-01-15

      ᠥᠪᠥᠷ ᠮᠤᠩᠭᠤᠯ᠎ᠤᠨ ᠥᠪᠠᠷᠳᠡᠭᠡᠨ ᠵᠠᠰᠠᠬᠤ ᠣᠷᠤᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠠᠴᠠ ᠣᠳᠣ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠤᠬᠠᠭᠤᠯᠭ᠎ᠠ ᠬᠥᠮᠥᠵᠢᠯ᠎ᠤᠨ ᠨᠣᠮ ᠪᠢᠴᠢᠭ᠎ᠢ ᠬᠤᠳᠠᠯᠳᠤᠨ ᠠᠪᠬᠤ ᠲᠦᠷᠥᠯ ᠵᠦᠢ᠍ᠯ᠎ᠢ ᠵᠠᠷᠯᠠᠵᠤ ᠪᠠᠢ᠌ᠨ᠎ᠠ᠂ ᠬᠢᠷᠢ ᠭᠡᠮ᠎ᠤᠨ ᠨᠥᠬᠥᠴᠡᠯ᠎ᠳᠤ ᠨᠡᠢ᠌ᠴᠡᠬᠦ ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠤ ᠣᠷᠣᠯᠴᠠᠬᠤ ᠵᠢ ᠪᠠᠶᠠᠷᠯᠠᠨ ᠤᠭᠲᠤᠵᠤ ᠪᠠᠢ᠌ᠨ᠎ᠠ᠃
      ᠨᠢᠭᠡ᠂ ᠲᠥᠷᠦᠯ ᠵᠦᠢ᠍ᠯ᠎ᠤᠨ ᠲᠤᠢ᠌ᠮᠦ ᠲᠣᠭ᠋ᠠᠴᠢᠯᠲᠠ
       ᠲᠥᠷᠦᠯ ᠵᠦᠢ᠍ᠯ᠎ᠤᠨ ᠨᠡᠷᠡᠢ᠌ᠳᠦᠯ᠄ ᠤᠯᠤᠰ᠎ᠤᠨ ᠨᠢᠭᠡᠳᠦᠯᠲᠡᠢ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠵᠦ ᠲᠦᠭᠡᠮᠡᠯᠵᠢᠭᠦᠯᠬᠦ ᠤᠬᠠᠭᠤᠯᠭ᠎ᠠ ᠬᠥᠮᠥᠵᠢᠯ᠎ᠤᠨ ᠨᠣᠮ ᠪᠢᠴᠢᠭ᠎ᠢ ᠬᠤᠳᠠᠯᠳᠤᠨ ᠠᠪᠬᠤ
      ᠲᠥᠷᠥᠯ ᠵᠦᠢ᠍ᠯ᠎ᠤᠨ ᠲᠥᠰᠥᠪ᠄ 10 ᠲᠦᠮᠡᠨ ᠲᠥᠭᠥᠷᠢᠭ
      ᠵᠥᠪᠰᠢᠶᠡᠷᠡᠭᠰᠡᠨ ᠪᠠᠢ᠌ᠭᠤᠯᠭ᠎ᠠ᠄ ᠥᠪᠥᠷ ᠮᠤᠩᠭᠤᠯ᠎ᠤᠨ ᠥᠪᠠᠷᠳᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ
      ᠬᠤᠳᠠᠯᠳᠤᠨ ᠠᠪᠬᠤ ᠬᠡᠯᠪᠡᠷᠢ᠄ ᠢᠯᠡ᠎ᠪᠠᠷ ᠦᠨ᠎ᠡ ᠯᠠᠪᠯᠠᠨ᠎ᠠ
      ᠬᠣᠶᠠᠷ᠂ ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠤ ᠬᠢᠷᠢ ᠬᠡᠮ᠎ᠤᠨ ᠱᠠᠭ᠋ᠠᠷᠳᠠᠯᠭ᠎ᠠ
      1. 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠥᠯᠢ》 ᠵᠢᠨ ᠬᠣᠷᠢᠨ ᠬᠣᠶᠠᠳᠤᠭ᠋ᠠᠷ ᠵᠦᠢ᠍ᠯ᠎ᠳᠤ ᠲᠣᠭᠲᠠᠭ᠋ᠠᠭᠰᠠᠨ ᠨᠥᠬᠥᠴᠡᠯ᠎ᠢ ᠪᠦᠷᠢᠳᠦᠭᠦᠯᠪᠡᠯ ᠵᠣᠬᠢᠨ᠎ᠠ ;
     (1)ᠢᠷᠭᠡᠨ᠎ᠤ ᠬᠡᠷᠡᠭ᠎ᠤᠨ ᠬᠠᠷᠢᠭᠤᠴᠠᠯᠭ᠎ᠠ ᠵᠢ ᠪᠡᠶ᠎ᠡ᠎ᠪᠠᠨ ᠳᠠᠭ᠋ᠠᠭ᠋ᠠᠨ ᠡᠭᠦᠷᠭᠡᠯᠡᠬᠦ ᠴᠢᠳᠠᠪᠤᠷᠢ᠎ᠲᠠᠢ ᠪᠠᠢ᠌ᠬᠤ ;
     (2)ᠰᠢᠯᠢᠳᠡᠭ ᠰᠠᠢ᠌ᠨ ᠬᠤᠳᠠᠯᠳᠤᠭ᠋ᠠᠨ᠎ᠤ ᠦᠢ᠍ᠯᠡᠰ᠎ᠤᠨ ᠢᠲᠡᠭᠡᠯ ᠬᠦᠨᠳᠦ ᠪᠠ ᠪᠦᠷᠢᠨ ᠪᠦᠲᠦᠨ ᠡᠳ᠋᠎ᠤᠨ ᠶᠠᠪᠤᠳᠠᠯ᠎ᠤᠨ ᠨᠢᠭᠲᠠᠯᠠᠨ ᠪᠣᠳᠣᠬᠤ ᠳᠦᠷᠢᠮ᠎ᠲᠠᠢ ᠪᠠᠢ᠌ᠬᠤ ;
     (3)ᠭᠡᠷ᠎ᠡ ᠵᠢ ᠭᠦᠢ᠍ᠴᠡᠳᠬᠡᠬᠦ᠎ᠳᠤ ᠱᠠᠭ᠋ᠠᠷᠳᠠᠭᠳᠠᠬᠤ ᠲᠤᠰᠬᠠᠢ ᠮᠡᠷᠭᠡᠵᠢᠯ᠎ᠤᠨ ᠴᠢᠳᠠᠪᠤᠷᠢ᠎ᠲᠠᠢ ᠪᠠᠢ᠌ᠬᠤ ;
     (4)ᠭᠠᠢ᠌ᠯᠢ ᠲᠠᠲᠠᠪᠤᠷᠢ ᠪᠠ ᠨᠡᠢ᠌ᠭᠡᠮ᠎ᠤᠨ ᠪᠠᠲᠤᠯᠠᠭ᠎ᠠ ᠵᠢᠨ ᠪᠡᠯᠡ ᠮᠥᠩᠭᠥ᠎ᠪᠠᠨ ᠬᠠᠤᠯᠢ ᠶᠣᠰᠣᠭ᠋ᠠᠷ ᠳᠤᠰᠢᠶᠠᠭᠰᠠᠨ ᠣᠬᠢ ᠰᠠᠢ᠌ᠨ ᠲᠡᠮᠲᠡᠭᠯᠡᠯ᠎ᠲᠠᠢ ᠪᠠᠢ᠌ᠬᠤ ;
     (5)ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ᠎ᠳᠤ ᠣᠷᠣᠯᠴᠠᠬᠤ᠎ᠠᠴᠠ ᠡᠮᠦᠨᠡᠬᠢ ᠭᠤᠷᠪᠠᠨ ᠵᠢᠯ᠎ᠤᠨ ᠳᠣᠲᠤᠷᠠᠬᠢ ᠡᠵᠡᠩᠨᠡᠯᠲᠡ ᠵᠢᠨ ᠠᠵᠢᠯᠯᠠᠭ᠎ᠠ ᠳᠤᠮᠳᠠ ᠬᠦᠨᠳᠦ ᠶᠡᠬᠡ ᠬᠠᠤᠯᠢ᠎ᠠᠴᠠ ᠵᠥᠷᠢᠴᠡᠭᠰᠡᠨ ᠲᠡᠮᠲᠡᠭᠯᠡᠯ ᠦᠭᠡᠢ ᠪᠠᠢ᠌ᠬᠤ ;
     (6)ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠳᠦᠷᠢᠮ᠎ᠳᠤ ᠲᠣᠭᠲᠠᠭ᠋ᠠᠭᠰᠠᠨ ᠪᠤᠰᠤᠳ ᠨᠥᠬᠥᠴᠡᠯ᠎ᠳᠤ ᠨᠡᠢ᠌ᠴᠡᠭᠰᠡᠨ ᠪᠠᠢ᠌ᠬᠤ᠃
       2. 《ᠢᠲᠡᠭᠡᠮᠵᠢᠲᠦ ᠳᠤᠮᠳᠠᠳᠤ ᠤᠯᠤᠰ》 ᠰᠦᠯᠵᠢᠶ᠎ᠡ (www.creditchina.gov.cn)᠂ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ (www.ccgp.cn) ᠵᠡᠷᠭᠡ ᠠᠷᠭ᠎ᠠ ᠵᠠᠮ ᠵᠶ᠋ᠠᠷ ᠳᠠᠮᠵᠢᠨ ᠢᠲᠡᠭᠡᠮᠵᠢ ᠠᠯᠳᠠᠭᠰᠠᠨ ᠬᠠᠤᠯᠢ ᠬᠡᠷᠡᠭᠵᠢᠭᠦᠯᠦᠭᠳᠡᠭᠴᠢ᠂ ᠬᠦᠨᠳᠦ ᠶᠡᠬᠡ ᠭᠠᠢ᠌ᠯᠢ ᠲᠲᠠᠲᠠᠪᠤᠷᠢ ᠵᠢᠨ ᠬᠠᠤᠯᠢ᠎ᠠᠴᠠ ᠵᠥᠷᠢᠴᠡᠭᠰᠡᠨ ᠬᠡᠷᠡᠭ᠎ᠤᠨ ᠲᠤᠬᠠᠢ ᠵᠢᠨ ᠬᠦᠮᠦᠰ᠎ᠤᠨ ᠨᠡᠷᠡᠰ᠎ᠲᠤ ᠣᠷᠤᠭᠰᠠᠳ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ᠎ᠳᠤ ᠬᠠᠥᠯᠢ ᠵᠢ ᠬᠦᠨᠳᠦ ᠨᠣᠴᠢᠲᠠᠢ ᠵᠦᠷᠢᠴᠡᠵᠦ ᠢᠲᠡᠭᠡᠮᠵᠢ ᠠᠯᠳᠠᠭᠰᠠᠨ ᠠᠵᠢᠯᠯᠠᠭ᠎ᠠ ᠵᠢᠨ ᠲᠡᠮᠲᠡᠭᠯᠡᠯ᠎ᠳᠤ ᠣᠷᠤᠭᠰᠠᠳ ᠵᠢᠴᠢ ᠪᠤᠰᠤᠳ 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠷᠭ᠎ᠠ》 ᠵᠢᠨ ᠬᠣᠷᠢᠨ ᠬᠣᠶᠠᠳᠤᠭ᠋ᠠᠷ ᠵᠦᠢ᠍ᠯ᠎ᠳᠤ ᠲᠣᠭᠲᠠᠭ᠋ᠠᠭᠰᠠᠨ ᠨᠥᠬᠥᠴᠡᠯ᠎ᠳᠤ ᠨᠡᠢ᠌ᠴᠡᠬᠦ ᠦᠭᠡᠢ ᠬᠤᠳᠠᠯᠳᠤᠭ᠋ᠠᠴᠢᠳ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ᠎ᠳᠤ ᠣᠷᠣᠯᠴᠠᠵᠤ ᠪᠣᠯᠬᠤ ᠦᠭᠡᠢ ;
       3. ᠲᠤᠰ ᠲᠥᠷᠥᠯ ᠵᠦᠢ᠍ᠯ᠎ᠨᠢ ᠬᠣᠯᠪᠣᠭ᠋ᠠᠲᠤ ᠴᠣᠭᠴᠠ᠎ᠪᠠᠷ ᠦᠷᠢᠰᠦᠯᠳᠦᠨ ᠬᠡᠯᠡᠯᠴᠡᠭᠡᠷ ᠬᠢᠬᠦ ᠵᠢ ᠬᠦᠯᠢᠶᠡᠨ ᠠᠪᠬᠤ ᠦᠭᠡᠢ᠃
       ᠭᠤᠷᠪᠠ᠂ ᠬᠤᠳᠠᠯᠳᠤᠨ ᠠᠪᠬᠤ ᠪᠢᠴᠢᠭ ᠮᠠᠲᠸᠷᠢᠶᠠᠯ᠎ᠢ ᠬᠦᠯᠢᠶᠡᠨ ᠠᠪᠬᠤ ᠴᠠᠭ᠂ ᠭᠠᠵᠠᠷ᠂ ᠬᠡᠯᠪᠡᠷᠢ
       ᠳᠡᠭᠡᠷᠡᠬᠢ ᠨᠥᠬᠥᠴᠡᠯ᠎ᠳᠤ ᠨᠡᠢ᠌ᠴᠡᠬᠦ ᠬᠤᠳᠠᠯᠳᠤᠭ᠋ᠠᠴᠢᠳ 2025 ᠣᠨ᠎ᠤ 1 ᠳ᠋ᠦ᠍ᠭᠡᠷ ᠰᠠᠷ᠎ᠠ ᠵᠢᠨ 9᠎ᠤ ᠡᠳᠦᠷ᠎ᠠᠴᠠ 2025 ᠣᠨ᠎ᠤ 1 ᠳ᠋ᠦ᠍ᠭᠡᠷ ᠰᠠᠷ᠎ᠠ ᠵᠢᠨ 15᠎ᠤ ᠡᠳᠦᠷ ᠪᠤᠯᠲᠠᠯ᠎ᠠ ᠥᠪᠥᠷ ᠮᠤᠩᠭᠤᠯ᠎ᠤᠨ ᠥᠪᠠᠷᠳᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠳᠤ ᠬᠦᠷᠴᠦ ᠬᠢᠷᠢ ᠬᠡᠮ᠎ᠤᠨ ᠭᠡᠷᠡᠴᠢ᠎ᠪᠠᠨ ᠳᠤᠰᠢᠶᠠᠵᠤ ᠪᠤᠯᠤᠨ᠎ᠠ᠃
       ᠬᠢᠷᠢ ᠬᠡᠮ᠎ᠤᠨ ᠭᠡᠷᠡᠴᠢ᠎ᠪᠠᠨ ᠲᠤᠰᠢᠶᠠᠬᠤ ᠦᠶᠡᠰ᠂ ᠳᠣᠣᠷᠠᠬᠢ ᠮᠠᠲᠸᠷᠢᠶᠠᠯ᠎ᠤᠨ ᠬᠠᠭᠤᠯᠪᠤᠷᠢ (ᠬᠠᠭᠤᠯᠪᠤᠷᠢ ᠳᠡᠭᠡᠷ᠎ᠡ ᠺᠤᠮᠫᠠᠨᠢ ᠵᠢᠨ ᠠᠯᠪᠠᠨ ᠲᠠᠮᠠᠭ᠎ᠠ ᠳᠠᠷᠤᠬᠤ ᠴᠢᠬᠤᠯᠠᠲᠠᠢ᠂ ᠨᠡᠢ᠌ᠲᠡ ᠭᠤᠷᠪᠠᠨ ᠬᠤᠪᠢ᠂ ᠪᠠᠷᠢᠮᠵᠢᠶ᠎ᠠ A4  ᠴᠠᠭ᠋ᠠᠰᠤ) ᠵᠢ ᠠᠪᠴᠤ ᠢᠷᠡᠨ ᠳᠣᠣᠷᠠᠬᠢ ᠮᠠᠲᠸᠷᠢᠶᠠᠯ᠎ᠢ ᠬᠠᠩᠭ᠋ᠠᠬᠤ ᠴᠢᠬᠤᠯᠠᠲᠠᠢ᠄
     (1)ᠨᠡᠷ᠎ᠡ ᠮᠡᠳᠡᠭᠦᠯᠦᠭᠴᠢ ᠪᠡᠶ᠎ᠡ ᠵᠢᠨ ᠦᠨᠡᠮᠯᠡᠯ ᠵᠶ᠋ᠠᠨ ᠦᠵᠡᠭᠦᠯᠦᠭᠡᠳ᠂ ᠬᠠᠭᠤᠯᠪᠤᠷᠢ ᠵᠢ ᠬᠠᠩᠭ᠋ᠠᠨ᠎ᠠ;
     (2)ᠨᠡᠷ᠎ᠡ ᠮᠡᠳᠡᠭᠦᠯᠦᠭᠴᠢ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠬᠦ ᠬᠥᠮᠥᠨ᠎ᠤ ᠭᠠᠷ᠎ᠤᠨ ᠦᠰᠦᠭ ᠵᠢᠷᠤᠭᠰᠠᠨ᠂ ᠺᠤᠮᠫᠠᠨᠢ ᠵᠢᠨ ᠲᠠᠮᠠᠭ᠎ᠠ ᠵᠢ ᠳᠠᠷᠤᠭᠰᠠᠨ 《ᠡᠷᠬᠡ ᠣᠯᠭᠣᠬᠤ ᠨᠠᠢ᠌ᠳᠠᠯᠭ᠎ᠠ ᠵᠢᠨ ᠪᠢᠴᠢᠭ》᠎ᠢ ᠭᠠᠷᠭ᠋ᠠᠵᠤ ᠦᠵᠡᠭᠦᠯᠦᠨ᠎ᠡ;
     (3)ᠬᠦᠴᠦᠨ᠎ᠲᠠᠢ ᠪᠦᠭᠡᠳ ᠳᠠᠭ᠋ᠠᠭ᠋ᠠᠴᠢᠯᠠᠯᠲᠠ ᠵᠠᠷᠯᠠᠭᠰᠠᠨ ᠺᠤᠮᠫᠠᠨᠢ ᠵᠢᠨ ᠠᠯᠪᠠᠨ ᠲᠠᠮᠠᠭ᠎ᠠ ᠵᠢ ᠳᠠᠷᠤᠭᠰᠠᠨ ᠡᠵᠡᠩᠨᠡᠯᠲᠡ ᠵᠢᠨ ᠦᠨᠡᠮᠯᠡᠯ᠎ᠤᠨ ᠬᠠᠪᠰᠤᠷᠤᠮᠠᠯ ᠬᠠᠭᠤᠳᠠᠰᠤ ᠵᠢᠨ ᠬᠠᠭᠤᠯᠪᠤᠷᠢ ᠵᠢ ᠬᠠᠩᠭ᠋ᠠᠨ᠎ᠠ;
     (4)ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ᠎ᠳᠤ ᠣᠷᠣᠯᠴᠠᠬᠤ᠎ᠠᠴᠠ ᠡᠮᠦᠨᠡᠬᠢ ᠭᠤᠷᠪᠠᠨ ᠵᠢᠯ᠎ᠤᠨ ᠳᠣᠲᠤᠷᠠᠬᠢ ᠡᠵᠡᠩᠨᠡᠯᠲᠡ ᠵᠢᠨ ᠠᠵᠢᠯᠯᠠᠭ᠎ᠠ ᠳᠤᠮᠲᠠ ᠬᠦᠨᠳᠦ ᠶᠡᠬᠡ ᠬᠠᠤᠯᠢ᠎ᠠᠴᠠ ᠵᠥᠷᠢᠴᠡᠭᠰᠡᠨ ᠲᠡᠮᠲᠡᠭᠯᠡᠯ ᠦᠭᠡᠢ ᠪᠠᠢ᠌ᠬᠤ ᠪᠢᠴᠢᠭ᠎ᠤᠨ ᠲᠣᠳᠣᠷᠬᠠᠢ᠌ᠯᠠᠯᠲᠠ ᠵᠢ ᠬᠠᠩᠭ᠋ᠠᠨ᠎ᠠ;
     (5)《ᠢᠲᠡᠭᠡᠮᠵᠢᠲᠦ ᠳᠤᠮᠳᠠᠳᠤ ᠤᠯᠤᠰ》 ᠰᠦᠯᠵᠢᠶ᠎ᠡ (www.creditchina.gov.cn)᠂ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ (www.ccgp.cn) ᠳᠡᠭᠡᠷᠡᠬᠢ ᠢᠲᠡᠭᠡᠮᠵᠢ ᠵᠢ ᠪᠠᠢ᠌ᠴᠠᠭ᠋ᠠᠨ ᠦᠵᠡᠭᠰᠡᠨ ᠲᠡᠮᠲᠡᠭᠯᠡᠯ᠎ᠢ ᠬᠠᠩᠭ᠋ᠠᠨ᠎ᠠ (ᠢᠲᠡᠭᠡᠮᠵᠢ ᠠᠯᠳᠠᠭᠰᠠᠨ ᠬᠠᠤᠯᠢ ᠬᠡᠷᠡᠭᠵᠢᠭᠦᠯᠦᠭᠳᠡᠭᠴᠢ᠂ ᠬᠦᠨᠳᠦ ᠶᠡᠬᠡ ᠭᠠᠢ᠌ᠯᠢ ᠲᠠᠲᠠᠪᠤᠷᠢ ᠵᠢᠨ ᠬᠠᠤᠯᠢ᠎ᠠᠴᠠ ᠵᠥᠷᠢᠴᠡᠭᠰᠡᠨ ᠬᠡᠷᠡᠭ᠎ᠤᠨ ᠲᠤᠬᠠᠢ ᠵᠢᠨ  ᠬᠦᠮᠦᠰ᠎ᠤᠨ ᠨᠡᠷᠡᠰ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ᠎ᠳᠤ ᠬᠠᠤᠯᠢ ᠵᠢ ᠬᠦᠨᠳᠦ ᠨᠣᠴᠢᠲᠠᠢ ᠵᠥᠷᠢᠴᠡᠵᠦ ᠢᠲᠡᠭᠡᠮᠵᠢ ᠠᠯᠳᠠᠭᠰᠠᠨ ᠦᠢ᠍ᠯᠡ ᠠᠵᠢᠯᠯᠠᠭ᠎ᠠ ᠵᠢᠨ ᠲᠡᠮᠲᠡᠭᠯᠡᠯ ᠵᠡᠷᠭᠡ ᠵᠢ ᠪᠠᠢ᠌ᠴᠠᠭ᠋ᠠᠨ ᠦᠵᠡᠭᠰᠡᠨ ᠪᠠᠢ᠌ᠬᠤ ᠬᠡᠷᠡᠭᠲᠡᠢ)᠃
       ᠳᠥᠷᠪᠡ᠂ ᠬᠠᠷᠢᠯᠴᠠᠬᠤ ᠬᠡᠯᠪᠡᠷᠢ
       ᠬᠤᠳᠠᠯᠳᠤᠨ ᠠᠪᠤᠭᠴᠢ᠄ ᠥᠪᠥᠷ ᠮᠤᠩᠭᠤᠯ᠎ᠤᠨ ᠥᠪᠠᠷᠳᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ
       ᠬᠠᠶᠢᠭ᠄ ᠬᠦᠬᠡᠬᠣᠲᠠ ᠵᠢᠨ ᠰᠢᠨᠬᠤᠸᠠ ᠶᠡᠬᠡ ᠵᠡᠭᠡᠯᠢ ᠵᠢᠨ 63 ᠳ᠋ᠤᠭ᠋ᠠᠷ ᠨᠤᠮᠸᠷ᠎ᠤᠨ 7 ᠳ᠋ᠤᠭ᠋ᠠᠷ ᠠᠰᠠᠷ᠎ᠤᠨ 4 ᠳ᠋ᠤᠭᠡᠷ ᠳᠠᠪᠬᠤᠷᠯᠢᠭ᠎ᠤᠨ 413 ᠭᠡᠷ
       ᠬᠠᠷᠢᠯᠴᠠᠬᠤ ᠬᠦᠮᠦᠨ᠄ ᠪᠤᠷᠮ᠎ᠠ
       ᠤᠲᠠᠰᠤ᠄ 0471— 6945718           
                  ᠥᠪᠥᠷ ᠮᠤᠩᠭᠤᠯ᠎ᠤᠨ ᠥᠪᠠᠷᠳᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ
                               2025 ᠣᠨ᠎ᠤ 1 ᠳ᠋ᠦ᠍ᠭᠡᠷ ᠰᠠᠷ᠎ᠠ ᠵᠢᠨ 9᠎ᠤ ᠡᠳᠦᠷ




        ᠣᠷᠴᠢᠭᠤᠯᠭ᠎ᠠ ᠵᠢᠨ ᠬᠢᠨᠠᠭᠴᠢ᠄ ᠠᠳᠢᠶ᠎ᠠ   ᠰᠠᠴᠤᠷᠠᠯ
         ᠳᠡᠳ᠋ ᠶᠡᠷᠦᠩᠬᠡᠢ ᠨᠠᠢ᠌ᠷᠠᠭᠤᠯᠤᠭᠴᠢ᠄ ᠬᠣᠣᠰᠪᠠᠶᠠᠷ
        ᠶᠡᠷᠦᠩᠬᠡᠢ ᠨᠠᠢ᠌ᠷᠠᠭᠤᠯᠤᠭᠴᠢ᠄ ᠸᠠᠩ ᠰᠢᠥᠸᠠᠢ ᠳ᠋ᠦᠩ   




 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ