ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠮᠡᠳᠡᠭᠳᠡᠯ ᠪᠠᠭᠤᠯᠭᠠᠵᠤ ᠪᠥᠬᠦ ᠣᠷᠣᠨ ᠤ ᠦᠨᠳᠦᠰᠦᠲᠡᠨ ᠤ ᠵᠥᠪᠯᠡᠯ ᠤᠨ ᠰᠢᠰᠲ᠋ᠧᠮ ᠤᠨ ᠬᠢᠨ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯ ᠤᠨ ᠲᠤᠬᠠᠢ ᠪᠠᠶᠢᠷᠢᠯᠠᠭᠤᠯᠤᠯᠳᠠ ᠬᠢᠪᠠ
ᠨᠡᠶᠢᠲᠡᠯᠡᠭᠰᠡᠨ ᠴᠠᠭ᠄
2021/10/1
     9 ᠳ᠋ᠤᠭᠡᠷ ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ︽ᠪᠥᠬᠦ ᠣᠷᠣᠨ ᠤ ᠦᠨᠳᠦᠰᠦᠲᠡᠨ ᠤ ᠵᠥᠪᠯᠡᠯ ᠤᠨ ᠰᠢᠰᠲ᠋ᠧᠮ ᠤᠨ ᠬᠢᠨ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠲᠤᠬᠠᠶ ᠮᠡᠳᠡᠭᠳᠡᠯ︾ ᠪᠠᠭᠤᠯᠭᠠᠵᠤ᠂ ᠪᠥᠬᠦ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠰᠢᠰᠲ᠋ᠧᠮ ᠤᠨ ᠬᠢᠨ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ ᠤᠷᠢᠳ ᠢᠶᠠᠷ ᠰᠤᠷᠤᠯᠴᠠᠵᠤ᠂ ᠭᠦᠨᠵᠡᠭᠡᠶ ᠰᠤᠷᠤᠯᠴᠠᠵᠤ᠂ ᠠᠵᠢᠯ ᠢᠶᠠᠨ ᠨᠠᠶᠢᠳᠠᠪᠤᠷᠢᠵᠢᠭᠤᠯᠬᠤ ᠲᠠᠯ᠎ᠠ ᠪᠠᠷ ᠡᠮᠦᠨ᠎ᠡ ᠨᠢ ᠶᠠᠪᠤᠵᠤ᠂ ᠥᠯᠢᠭᠡᠷ ᠳᠠᠭᠤᠷᠢᠶᠠᠯ ᠪᠣᠯᠬᠤ ᠬᠡᠷᠡᠭᠲᠡᠶ ᠭᠡᠵᠦ ᠱᠠᠭᠠᠷᠳᠠᠪᠠ᠃      ᠮᠡᠳᠡᠭᠳᠡᠯ ᠳᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠲᠤᠰᠬᠠᠶ ᠰᠡᠳᠦᠪᠲᠦ ᠰᠤᠷᠤᠯᠴᠠᠯᠭ᠎ᠠ ᠥᠷᠨᠢᠭᠦᠯᠬᠦ᠂ ᠲᠤᠰᠬᠠᠶ ᠰᠡᠳᠦᠪᠲᠦ ᠬᠠᠪᠰᠤᠷᠤᠨ ᠵᠢᠯᠣᠭᠤᠳᠬᠤ ᠠᠩᠭᠢ ᠡᠷᠭᠢᠯᠡᠬᠦ᠂ ᠲᠤᠰᠬᠠᠶ ᠰᠡᠳᠦᠪᠲᠦ ᠪᠣᠯᠪᠠᠰᠤᠷᠠᠯ ᠡᠷᠭᠢᠯᠡᠬᠦ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠬᠤᠷᠠᠯ ᠤᠨ ᠵᠣᠷᠢᠭ ᠰᠠᠨᠠᠭ᠎ᠠ ᠶᠢ ᠪᠦᠷᠢᠨ ᠪᠦᠲᠦᠨ ᠵᠥᠪ ᠣᠨᠣᠪᠴᠢᠲᠠᠶ ᠪᠥᠬᠦ ᠲᠠᠯ᠎ᠠ ᠪᠠᠷ ᠡᠵᠡᠮᠰᠢᠵᠦ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠠᠷ ᠲᠠᠷᠢᠬᠢ ᠲᠣᠯᠣᠭᠠᠶ ᠪᠠᠨ ᠦᠨᠡᠨ ᠬᠦ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠣᠭᠤᠯᠵᠤ᠂ ᠠᠵᠢᠯ ᠢᠶᠠᠨ ᠠᠬᠢᠭᠤᠯᠬᠤ ᠬᠡᠷᠡᠭᠲᠡᠶ᠃ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯ ᠢ ᠰᠠᠶᠢᠲᠤᠷ ᠠᠳᠬᠤᠵᠤ᠂ ᠮᠠᠯᠵᠢᠬᠤ ᠲᠠᠷᠢᠶᠠᠯᠠᠬᠤ ᠣᠷᠣᠨ᠂ ᠬᠤᠲᠠ ᠪᠠᠯᠭᠠᠰᠤ ᠨᠡᠶᠢᠭᠡᠮ ᠲᠣᠭᠤᠷᠢᠭ᠂ ᠰᠤᠷᠭᠠᠭᠤᠯᠢ ᠠᠵᠤ ᠠᠬᠤᠶᠢᠯᠠᠯ ᠳᠤ ᠭᠦᠨᠵᠡᠭᠡᠶᠢᠷᠡᠵᠦ᠂ ᠠᠳᠠᠯᠢ ᠪᠤᠰᠤ ᠭᠥᠯᠢᠶᠡᠨ ᠠᠪᠤᠭᠴᠢᠳ ᠤᠨ ᠣᠨᠴᠠᠯᠢᠭ ᠢ ᠦᠨᠳᠦᠰᠦᠯᠡᠨ᠂ ᠠᠳᠠᠯᠢ ᠪᠤᠰᠤ ᠬᠠᠷᠠᠭᠠᠰᠤ᠂ ᠠᠳᠠᠯᠢ ᠪᠤᠰᠤ ᠠᠷᠭ᠎ᠠ ᠬᠡᠯᠪᠡᠷᠢ ᠪᠠᠷ ᠬᠤᠷᠠᠯ ᠤᠨ ᠵᠣᠷᠢᠭ ᠰᠠᠨᠠᠭ᠎ᠠ ᠶᠢ ᠢᠳᠡᠪᠬᠢᠲᠡᠶ ᠤᠬᠠᠭᠤᠯᠤᠨ ᠲᠠᠶᠢᠯᠪᠤᠷᠢᠯᠠᠵᠤ᠂ ᠪᠥᠬᠦ ᠨᠡᠶᠢᠭᠡᠮ ᠳᠤ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ ᠭᠡᠵᠦ ᠱᠠᠭᠠᠷᠳᠠᠪᠠ᠃      ᠮᠡᠳᠡᠭᠳᠡᠯ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠣᠯ ᠰᠢᠵᠢᠮ ᠤᠨ ᠲᠣᠭᠤᠷᠢᠨ ᠳᠤ᠂ ᠨᠡᠶᠢᠲᠡᠯᠢᠭ ᠴᠢᠨᠠᠷ ᠪᠣᠯᠤᠨ ᠵᠥᠷᠢᠶᠡᠲᠦ ᠴᠢᠨᠠᠷ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠣᠯᠤᠨ ᠡᠯ᠎ᠡ ᠦᠨᠳᠦᠰᠦᠲᠡᠨ ᠤ ᠤᠬᠠᠮᠰᠠᠷ᠂ ᠳᠤᠮᠳᠠᠳᠤ ᠶᠢᠨ ᠰᠣᠶᠣᠯ ᠪᠣᠯᠤᠨ ᠡᠯ᠎ᠡ ᠦᠨᠳᠦᠰᠦᠲᠡᠨ ᠤ ᠰᠣᠶᠣᠯ᠂ ᠪᠣᠳᠠᠰ ᠪᠣᠯᠤᠨ ᠤᠶᠤᠨ ᠰᠠᠨᠠᠭ᠎ᠠ ᠵᠡᠷᠭᠡ ︽ᠲᠦᠷᠪᠡᠨ ᠬᠠᠷᠢᠴᠠᠭ᠎ᠠ︾ ᠶᠢ ᠵᠥᠪ ᠡᠵᠡᠮᠰᠢᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠦᠳᠦᠭᠡᠨ ᠪᠠᠶᠢᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠲᠥᠪᠯᠡᠷᠡᠭᠦᠯᠵᠦ᠂ ᠪᠦᠬᠦ ᠣᠷᠣᠨ ᠤ ᠦᠨᠳᠦᠰᠦᠲᠡᠨ ᠨᠦᠭᠦᠳ ᠤᠨ ᠨᠡᠶᠢᠭᠡᠮ ᠵᠢᠷᠤᠮᠳᠦ ᠣᠳᠣᠬᠢᠴᠢᠯᠠᠯᠲᠠ ᠲᠡᠶᠢᠰᠢ ᠬᠠᠮᠲᠤ ᠪᠠᠷ ᠤᠷᠤᠭᠰᠢᠯᠠᠬᠤ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠢᠳᠡᠪᠬᠢᠲᠡᠢ ᠠᠬᠢᠭᠤᠯᠵᠤ᠂ ᠬᠠᠤᠯᠢ ᠪᠠᠷ ᠵᠠᠰᠠᠬᠤ ᠵᠠᠮ ᠳᠤ ᠦᠨᠳᠦᠰᠦᠲᠡᠨ ᠤ ᠬᠡᠷᠡᠭ ᠶᠠᠪᠤᠳᠠᠯ ᠢ ᠵᠠᠰᠠᠬᠤ ᠶᠢ ᠪᠠᠷᠢᠮᠲᠠᠯᠠᠵᠤ᠂ ᠦᠨᠳᠦᠰᠦᠲᠡᠨ ᠤ ᠬᠦᠷᠢᠶᠡᠨ ᠳᠠᠬᠢ ᠠᠶᠤᠯ ᠲᠦᠭᠰᠢᠭᠦᠷᠢ ᠭᠡᠮ ᠰᠣᠭᠤᠭ ᠢ ᠪᠦᠲᠦᠮᠵᠢᠲᠡᠢ ᠰᠡᠷᠭᠡᠶᠢᠯᠡᠬᠦ ᠵᠡᠷᠭᠡ ᠲᠠᠪᠤᠨ ᠵᠦᠢᠯ ᠤᠨ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠬᠦ ᠬᠡᠷᠡᠭᠲᠡᠢ᠃ ᠵᠣᠬᠢᠶᠠᠨ ᠪᠠᠶᠢᠭᠤᠯᠤᠯᠲᠠ ᠂ ᠲᠥᠰᠦᠯ᠂ ᠡᠬᠡ ᠳᠠᠩᠰᠠ᠂ ᠲᠤᠰᠬᠠᠶ ᠠᠩᠭᠢ᠂ ᠬᠢᠨᠠᠨ ᠵᠢᠯᠤᠭᠤᠳᠬᠤ᠂ ᠰᠢᠯᠭᠠᠨ ᠬᠤᠷᠢᠶᠠᠬᠤ᠂ ᠦᠷ᠎ᠡ ᠪᠦᠲᠦᠭᠡᠯ᠂ ᠳ᠋ᠦᠩᠨᠡᠯᠲᠡ᠂ ᠰᠠᠨᠠᠭᠤᠯᠭ᠎ᠠ᠂ ᠲᠡᠯᠭᠡᠷᠡᠬᠦᠯᠬᠦ ︽ᠠᠷᠪᠠ ᠪᠠᠶᠢᠬᠤ︾ ᠠᠵᠢᠯ ᠤᠨ ᠵᠠᠭᠪᠤᠷ ᠶᠣᠰᠣᠭᠠᠷ᠂ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠪᠣᠳᠠᠲᠠᠶ ᠪᠦᠭᠡᠳ ᠨᠠᠷᠢᠯᠢᠭ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠢᠯᠡ᠂ ᠪᠣᠳᠠᠲᠠᠶ᠂ ᠲᠥᠷᠥᠭᠳᠡᠯ ᠲᠠᠢ᠂ ᠪᠦᠲᠦᠮᠵᠢᠲᠡᠶ ᠪᠣᠯᠭᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠬᠡᠬᠦ ᠡᠷᠬᠢᠮ ᠳᠡᠭᠡᠳᠦ ᠢᠷᠠᠭᠤ ᠠᠯᠳᠠᠷ ᠢ ᠬᠠᠮᠠᠭᠠᠯᠠᠬᠤ ᠬᠡᠷᠡᠭᠲᠡᠶ ᠭᠡᠵᠦ ᠴᠢᠬᠤᠯᠠᠴᠢᠯᠠᠪᠠ᠃      ᠮᠡᠳᠡᠭᠳᠡᠯ ᠳᠤ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠲᠠᠢ ᠪᠥᠬᠦ ᠲᠠᠯ᠎ᠠ ᠪᠠᠷ ᠪᠠᠷᠢᠮᠵᠢᠶᠠᠯᠠᠨ ᠬᠠᠷᠭᠤᠭᠤᠯᠵᠤ᠂ ᠲᠥᠪ ᠤᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠬᠤ ᠪᠠᠷ ᠭᠠᠷᠳᠠᠴᠠ ᠪᠣᠯᠭᠠᠵᠤ᠂ ᠦᠨᠳᠦᠰᠦᠲᠡᠨ ᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠣᠯᠤᠨ ᠵᠥᠷᠢᠶ᠎ᠡ ᠶᠢ ᠭᠦᠨᠵᠡᠭᠡᠶ ᠪᠠᠶᠢᠴᠠᠭᠠᠨ ᠦᠵᠡᠬᠦ ᠪᠠ ᠲᠤᠩᠭᠠᠨ ᠪᠣᠳᠣᠯᠬᠢᠯᠠᠵᠤ᠂ ᠲᠥᠪ ᠤᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠵᠤ᠂ ᠦᠨᠳᠦᠰᠦᠲᠡᠨ ᠤ ᠠᠵᠢᠯ ᠤᠨ ᠬᠦᠷᠢᠶᠡᠨ ᠳᠠᠬᠢ ᠵᠥᠷᠢᠶ᠎ᠡ ᠶᠢ ᠵᠠᠯᠠᠷᠠᠭᠤᠯᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠶ᠃ ᠦᠨᠳᠦᠰᠦᠲᠡᠨ ᠤ ᠵᠥᠪᠯᠡᠯ ᠤᠨ ᠭᠡᠰᠢᠭᠦᠨ ᠤ ᠠᠵᠢᠯ᠂ ᠦᠨᠳᠦᠰᠦᠲᠡᠨ ᠤ ᠠᠵᠢᠯ ᠢ ᠰᠢᠯᠭᠠᠨ ᠬᠢᠨᠠᠵᠤ ᠦᠨᠡᠯᠡᠬᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠵᠤ ᠦᠨᠡᠯᠡᠨ ᠵᠢᠱᠢᠵᠦ ᠮᠠᠭᠠᠳᠯᠠᠨ ᠲᠣᠭᠲᠠᠭᠠᠬᠤ᠂ ᠦᠨᠳᠦᠰᠦᠲᠡᠨ ᠤ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠪᠠᠶᠢᠴᠠᠭᠠᠬᠤ᠂ ᠦᠨᠳᠦᠰᠦᠲᠡᠨ ᠤ ᠬᠦᠷᠢᠶᠡᠨ ᠳᠠᠬᠢ ᠠᠶᠤᠯ ᠲᠦᠭᠰᠢᠭᠦᠷᠢ ᠬᠡᠮ ᠰᠣᠭᠤᠭ ᠢ ᠰᠡᠷᠭᠡᠶᠢᠯᠡᠨ ᠰᠢᠢᠳᠪᠦᠷᠢᠯᠡᠬᠦ ᠵᠡᠷᠭᠡ ᠬᠠᠮᠢᠶ᠎ᠠ ᠪᠥᠬᠦᠶ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠮᠠᠨ ᠤ ᠣᠷᠣᠨ ᠤ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠶ ᠬᠡᠵᠦ ᠴᠢᠬᠤᠯᠠᠴᠢᠯᠠᠪᠠ᠃      ᠮᠡᠳᠡᠭᠳᠡᠯ ᠳᠤ᠂ ᠦᠨᠳᠦᠰᠦᠨ ᠱᠠᠲᠤᠨ ᠤ ᠦᠨᠳᠦᠰᠦᠲᠡᠨ ᠤ ᠠᠵᠢᠯ ᠤᠨ ᠪᠠᠶᠢᠭᠤᠯᠤᠮᠵᠢ ᠶᠢᠨ ᠪᠠᠶᠢᠭᠤᠯᠤᠯᠲᠠ ᠪᠣᠯᠤᠨ ᠦᠨᠳᠦᠰᠦᠲᠡᠨ ᠤ ᠠᠵᠢᠯ ᠤᠨ ᠬᠦᠴᠦᠨ ᠢ ᠴᠢᠩᠭᠠᠳᠬᠠᠵᠤ᠂ ᠬᠥᠮᠦᠨ ᠤ ᠬᠦᠴᠦᠨ ᠢ ᠭᠤᠣᠯ ᠰᠢᠵᠢᠮ ᠲᠡᠶᠢᠰᠢ ᠴᠢᠩᠭᠠᠳᠬᠠᠬᠤ᠂ ᠪᠠᠶᠢᠭᠤᠯᠤᠮᠵᠢ ᠶᠢᠨ ᠲᠤᠬᠢᠷᠠᠭᠤᠯᠤᠯᠳᠠ ᠶᠢ ᠭᠤᠣᠯ ᠰᠢᠵᠢᠮ ᠲᠡᠶᠢᠰᠢ ᠰᠢᠯᠢᠳᠡᠭᠵᠢᠭᠦᠯᠬᠦ ᠶᠢ ᠪᠡᠶᠡᠯᠡᠭᠦᠯᠵᠦ᠂ ᠦᠨᠳᠦᠰᠦᠲᠡᠨ ᠤ ᠠᠵᠢᠯ ᠤᠨ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ ᠡᠯ᠎ᠡ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠠᠶᠢᠨ ᠵᠥᠪᠯᠡᠭᠴᠢ ᠲᠤᠰᠠᠯᠠᠭᠴᠢ ᠪᠣᠯᠬᠤ ᠬᠡᠷᠡᠭᠲᠡᠢ᠃ ᠦᠨᠳᠦᠰᠦᠲᠡᠨ ᠤ ᠵᠥᠪᠯᠡᠯ ᠤᠨ ᠰᠢᠰᠲ᠋ᠧᠮ ᠤᠨ ᠲᠣᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠵᠤ᠂ ︽ᠶᠡᠭᠡ ᠪᠠᠷ ᠰᠤᠷᠪᠤᠯᠵᠢᠯᠠᠬᠤ᠂ ᠶᠡᠭᠡ ᠪᠠᠷ ᠪᠠᠶᠢᠴᠠᠭᠠᠨ ᠰᠤᠳᠤᠯᠬᠤ᠂ ᠲᠥᠷᠥ ᠶᠢᠨ ᠪᠣᠳᠣᠯᠭ᠎ᠠ ᠬᠦᠷᠭᠡᠬᠦ᠂ ᠬᠠᠶᠢᠷ᠎ᠠ ᠬᠠᠯᠠᠮᠵᠢ ᠬᠦᠷᠭᠡᠬᠦ᠂ ᠪᠦᠯᠬᠦᠮᠳᠡᠯ ᠢ ᠠᠬᠢᠭᠤᠯᠬᠤ᠂ ᠬᠥᠭᠵᠢᠯᠲᠡ ᠶᠢ ᠠᠬᠢᠭᠤᠯᠬᠤ︾ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠦᠭ ᠲᠦᠮᠡᠨ ᠠᠶᠢᠯ ᠡᠷᠦᠬᠡ ᠳᠤ ᠤᠬᠠᠭᠤᠯᠤᠨ ᠲᠤᠭᠤᠰᠢᠯᠠᠭᠤᠯᠬᠤ ᠬᠡᠷᠡᠭᠲᠡᠶ᠃ ᠴᠥᠭᠡᠨ ᠲᠣᠭᠠᠲᠤ ᠦᠨᠳᠦᠰᠦᠲᠡᠨ ᠤ ᠲᠥᠯᠥᠭᠡᠯᠡᠭᠴᠢᠳ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠦᠵᠡᠯ ᠰᠠᠨᠠᠭ᠎ᠠ ᠪᠠᠨ ᠢᠯᠡᠭᠦᠬᠡᠨ ᠰᠣᠯᠢᠯᠴᠠᠵᠤ᠂ ᠪᠣᠳᠣᠯ ᠢᠶᠠᠨ ᠢᠯᠡᠭᠦᠬᠡᠨ ᠶᠠᠷᠢᠯᠴᠠᠵᠤ᠂ ᠦᠯᠢᠭᠡᠷ ᠳᠠᠭᠤᠷᠢᠶᠠᠯ ᠪᠣᠯᠬᠤ ᠪᠠ ᠬᠦᠲᠦᠯᠦᠨ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠢ ᠬᠡᠵᠦ ᠴᠢᠬᠤᠯᠠᠴᠢᠯᠠᠵᠠᠢ᠃
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ