ᠪᠥᠬᠦ ᠣᠷᠣᠨ ᠤ ᠡᠯ᠎ᠡ ᠭᠠᠵᠠᠷ ᠤᠨ ᠬᠢᠨ ᠦᠨᠳᠦᠰᠦᠲᠡᠨ ᠤ ᠪᠦᠯᠬᠦᠮᠳᠡᠯ ᠤᠨ ᠠᠵᠢᠯᠯᠠᠭ᠎ᠠ ᠶᠢᠨ ᠰᠠᠷ᠎ᠠ ᠶᠢᠨ ᠠᠵᠢᠯ ᠢ ᠭᠤᠶᠢᠳᠠ ᠰᠠᠶᠢᠬᠠᠨ ᠦᠷᠨᠢᠬᠦᠯᠵᠦ ᠣᠯᠠᠨ ᠵᠦᠢᠯ ᠤᠨ ᠠᠷᠭ᠎ᠠ ᠬᠡᠮᠵᠢᠶ᠎ᠡ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠵᠤ ᠪᠠᠶᠢᠨ᠎ᠠ
ᠨᠡᠶᠢᠲᠡᠯᠡᠭᠰᠡᠨ ᠴᠠᠭ᠄
2021/10/1
     9 ᠳ᠋ᠤᠭᠡᠷ ᠰᠠᠷ᠎ᠠ ᠪᠣᠯ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠪᠣᠯᠤᠨ᠎ᠠ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠠᠴᠠ ︽ᠳᠤᠮᠳᠠᠳᠤ ᠶᠢᠨ ᠬᠥᠪᠡᠭᠦᠳ ᠥᠬᠢᠳ ᠤᠨ ᠶᠡᠭᠡ ᠪᠦᠯᠬᠦᠮᠳᠡᠯ ᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ︾ ᠪᠠᠷ ᠭᠤᠤᠯ ᠰᠡᠳᠦᠪ ᠪᠣᠯᠭᠠᠭᠰᠠᠨ ᠠᠵᠢᠯᠯᠠᠭ᠎ᠠ ᠶᠢᠨ ᠰᠠᠷ᠎ᠠ ᠶᠢᠨ ᠠᠵᠢᠯ ᠤᠨ ᠲᠥᠰᠦᠯ ᠢ ᠲᠣᠭᠲᠠᠭᠠᠵᠤ ᠳᠠᠷᠤᠮᠠᠯᠯᠠᠨ ᠲᠠᠷᠬᠠᠭᠠᠵᠤ᠂ ᠡᠯ᠎ᠡ ᠠᠶᠢᠮᠠᠭ ᠬᠤᠲᠠ ᠶᠢᠨ ᠦᠨᠳᠦᠰᠦᠲᠡᠨ ᠤ ᠵᠥᠪᠯᠡᠯ ᠤᠨ ᠬᠢᠨ ᠵᠣᠬᠢᠶᠠᠨ ᠪᠠᠶᠢᠭᠤᠯᠤᠨ ᠭᠡᠷᠡᠭᠵᠢᠬᠦᠯᠵᠦ᠂ ᠪᠥᠬᠦ ᠣᠷᠣᠨ ᠤ ᠡᠯ᠎ᠡ ᠭᠠᠵᠠᠷ ᠤᠨ ᠬᠢᠨ ᠠᠵᠢᠯᠯᠠᠭ᠎ᠠ ᠶᠢᠨ ᠰᠠᠷ᠎ᠠ ᠶᠢᠨ ᠲᠥᠰᠦᠯ ᠤᠨ ᠱᠠᠭᠠᠷᠳᠠᠯᠭ᠎ᠠ ᠶᠣᠰᠣᠭᠠᠷ ᠢᠳᠡᠪᠬᠢᠲᠡᠶ ᠨᠠᠶᠢᠳᠠᠪᠤᠷᠢᠵᠢᠭᠤᠯᠵᠤ᠂ ᠣᠯᠠᠨ ᠠᠷᠭ᠎ᠠ ᠬᠡᠮᠵᠢᠶ᠎ᠡ ᠣᠯᠠᠨ ᠬᠡᠯᠪᠡᠷᠢ ᠪᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠶᠢᠨ ᠠᠵᠢᠯ ᠢ ᠥᠷᠨᠢᠭᠦᠯᠵᠦ᠂ ᠪᠥᠬᠦ ᠣᠷᠣᠨ ᠤ ᠳᠡᠭᠡᠳᠦ ᠳᠤᠤᠷᠠᠳᠤ ᠱᠠᠲᠤᠨ ᠳᠤ ᠴᠥᠮ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠢᠳᠡᠪᠬᠢᠲᠡᠶ ᠬᠥᠲᠥᠯᠥᠨ ᠵᠢᠯᠣᠭᠤᠳᠴᠤ ᠪᠠᠶᠢᠭᠠᠳ ︽ᠭᠤᠷᠪᠠᠨ ᠰᠠᠯᠵᠤ ᠪᠤᠯᠬᠤ ᠥᠬᠡᠶ︾᠂ ︽ᠲᠠᠪᠤᠨ ᠮᠡᠳᠡᠷᠡᠭᠦᠢ︾ ᠶᠢᠨ ᠦᠵᠡᠯ ᠰᠠᠨᠠᠭ᠎ᠠ ᠶᠢ ᠪᠠᠲᠤ ᠪᠣᠶ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠵᠠᠢ᠃      ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠢᠳᠡᠪᠬᠢᠲᠡᠶ ᠪᠠᠷ ᠠᠷᠭ᠎ᠠ ᠰᠦᠪᠡᠭᠴᠢᠯᠡᠪᠡ᠃ ᠪᠥᠬᠦ ᠣᠷᠣᠨ ᠤ ᠡᠯ᠎ᠡ ᠠᠶᠢᠮᠠᠭ ᠬᠤᠲᠠ ᠶᠢᠨ ᠬᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠠᠵᠢᠯᠯᠠᠭ᠎ᠠ ᠶᠢᠨ ᠰᠠᠷ᠎ᠠ ᠶᠢᠨ ᠠᠵᠢᠯ ᠢ ᠰᠠᠶᠢᠲᠤᠷ ᠬᠢᠬᠦ ᠶᠢ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢ ᠰᠠᠶᠢᠲᠤᠷ ᠠᠳᠬᠤᠬᠤ ᠪᠣᠳᠠᠲᠠᠶ ᠠᠳᠬᠤᠬᠤ ᠨᠠᠷᠢᠯᠢᠭ ᠠᠳᠬᠤᠬᠤ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠳᠡᠭᠡᠳᠦ ᠬᠡᠮᠵᠢᠶ᠎ᠡ ᠪᠠᠷ ᠠᠬᠢᠭᠤᠯᠬᠤ ᠶᠢ ᠪᠠᠷᠢᠮᠲᠠᠯᠠᠵᠤ᠂ ᠢᠳᠡᠪᠬᠢᠲᠡᠶ ᠪᠠᠷ ᠲᠥᠯᠥᠪᠵᠢᠭᠦᠯᠵᠦ᠂ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠳᠤᠯᠠᠵᠠᠢ᠃ ᠬᠥᠬᠡᠬᠤᠲᠠ᠂ ᠪᠤᠭᠤᠲᠤ ᠬᠤᠲᠠ᠂ ᠲᠦᠩᠯᠢᠶᠣᠤ ᠬᠤᠲᠠ᠂ ᠰᠢᠯᠢ ᠶᠢᠨ ᠭᠤᠣᠯ ᠠᠶᠢᠮᠠᠭ᠂ ᠪᠠᠶᠠᠨᠨᠠᠭᠤᠷ ᠬᠤᠲᠠ ᠵᠡᠷᠭᠡ ᠭᠠᠵᠠᠷ ᠤᠨ ᠬᠢᠨ ᠠᠵᠢᠯᠯᠠᠭ᠎ᠠ ᠶᠢᠨ ᠰᠠᠷ᠎ᠠ ᠶᠢᠨ ᠲᠥᠰᠦᠯ ᠢ ᠲᠣᠭᠲᠠᠭᠠᠵᠤ᠂ ᠭᠠᠵᠠᠷ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠡᠯᠪᠡᠭ ᠪᠠᠶᠠᠯᠢᠭ ᠭᠤᠣᠯ ᠰᠡᠳᠦᠪᠲᠦ ᠠᠵᠢᠯᠯᠠᠭ᠎ᠠ ᠶᠢ ᠲᠣᠬᠢᠷᠠᠭᠤᠯᠪᠠ᠃ ᠤᠯᠠᠭᠠᠨᠴᠠᠪ ᠬᠤᠳᠠ᠂ ᠠᠯᠠᠱᠠ ᠠᠶᠢᠮᠠᠭ ᠵᠡᠷᠭᠡ ᠭᠠᠵᠠᠷ ᠤᠨ ᠬᠢᠨ ᠠᠵᠢᠯᠯᠠᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠳᠠᠭᠤᠯᠵᠤ᠂ ᠠᠵᠢᠯᠯᠠᠭ᠎ᠠ ᠶᠢᠨ ᠰᠠᠷ᠎ᠠ ᠶᠢᠨ ᠠᠵᠢᠯ ᠤᠷᠤᠭᠰᠢᠲᠠᠢ ᠶᠠᠪᠤᠭᠳᠠᠬᠤ ᠳᠤ ᠰᠦᠷ ᠳᠠᠯᠠᠶᠢᠴᠠᠲᠠᠢ ᠣᠷᠴᠢᠨ ᠨᠥᠬᠦᠴᠡᠯ ᠢ ᠪᠤᠢ ᠪᠣᠯᠭᠠᠪᠠ᠃ ᠦᠨᠳᠦᠰᠦᠨ ᠱᠠᠲᠤᠨ ᠳᠤ᠂ ᠬᠥᠬᠡᠬᠤᠲᠠ ᠶᠢᠨ ᠢᠦᠢ ᠴᠢᠦᠸᠡᠨ ᠲᠣᠭᠤᠷᠢᠭ᠂ ᠲᠦᠮᠡᠳ ᠵᠡᠭᠦᠨ ᠬᠤᠰᠢᠭᠤ᠂ ᠤᠯᠠᠭᠠᠨᠬᠠᠳᠠ ᠬᠤᠳᠠ ᠶᠢᠨ ᠶᠤᠸᠠᠨ ᠪᠦᠦ ᠱᠠᠨ ᠲᠣᠭᠤᠷᠢᠭ᠂ ᠣᠩᠨᠢᠭᠤᠳ ᠬᠤᠰᠢᠭᠤ᠂ ᠰᠢᠯᠢ ᠶᠢᠨ ᠭᠤᠣᠯ ᠠᠶᠢᠮᠠᠭ ᠤᠨ ᠪᠠᠷᠠᠭᠤᠨ ᠦᠵᠦᠮᠦᠴᠢᠨ ᠬᠤᠰᠢᠭᠤ᠂ ᠵᠡᠭᠦᠨ ᠦᠵᠦᠮᠦᠴᠢᠨ ᠬᠤᠰᠢᠭᠤ᠂ ᠤᠷᠳᠤᠰ ᠬᠤᠳᠠ ᠶᠢᠨ ᠵᠡᠭᠦᠨᠭᠠᠷ ᠬᠤᠰᠢᠭᠤ᠂ ᠬᠢᠶ᠎ᠠ ᠪᠠᠭᠰᠢ ᠲᠣᠭᠤᠷᠢᠭ᠂ ᠪᠠᠶᠠᠨᠨᠠᠭᠤᠷ ᠤᠨ ᠬᠠᠩᠭᠢᠨ ᠬᠤᠶᠢᠲᠤ ᠬᠤᠰᠢᠭᠤ᠂ ᠳ᠋ᠧᠩᠺᠸᠤ ᠰᠢᠶᠠᠨ ᠵᠡᠷᠭᠡ ᠬᠤᠰᠢᠭᠤ ᠰᠢᠶᠠᠨ ᠤ ᠬᠢᠨ ᠪᠠᠰᠠ ᠡᠬᠢᠯᠡᠯᠲᠡ ᠶᠢᠨ ᠶᠣᠰᠣᠯᠠᠯ ᠶᠠᠪᠤᠭᠳᠠᠭᠤᠯᠬᠤ᠂ ᠲᠠᠶᠢᠴᠢᠯᠠᠯᠳᠠ ᠶᠢᠨ ᠬᠤᠷᠠᠯ ᠬᠤᠷᠠᠯᠳᠤᠭᠤᠯᠬᠤ᠂ ᠠᠵᠢᠯᠯᠠᠭ᠎ᠠ ᠶᠢᠨ ᠲᠥᠰᠦᠯ ᠲᠣᠭᠲᠠᠭᠠᠵᠤ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠠᠵᠢᠯᠯᠠᠭ᠎ᠠ ᠶᠢᠨ ᠰᠠᠷ᠎ᠠ ᠶᠢᠨ ᠬᠥᠰᠢᠭᠡ ᠶᠢ ᠰᠡᠬᠦᠵᠦ᠂ ᠠᠵᠢᠯᠯᠠᠭ᠎ᠠ ᠶᠢᠨ ᠰᠠᠷ᠎ᠠ ᠶᠢᠨ ᠠᠵᠢᠯ ᠢ ᠥᠷᠨᠢᠭᠦᠯᠬᠦ ᠳᠤ ᠪᠠᠲᠤ ᠰᠠᠭᠤᠷᠢ ᠶᠢ ᠲᠠᠯᠪᠢᠵᠤ ᠥᠭᠴᠡᠢ᠃
      ᠪᠠᠶᠠᠯᠢᠭ ᠰᠠᠶᠢᠬᠠᠨ ᠠᠵᠢᠯᠯᠠᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ          ᠲᠦᠪᠯᠡᠷᠡᠩᠭᠦᠢ ᠪᠠᠷ ᠤᠬᠠᠭᠤᠯᠭ᠎ᠠ ᠬᠦᠮᠦᠵᠢᠯ ᠬᠢᠵᠦ᠂ ᠠᠵᠢᠯᠯᠠᠭ᠎ᠠ ᠶᠢᠨ ᠠᠭᠤᠷ ᠠᠮᠢᠰᠬᠤᠯ ᠢ ᠪᠤᠢ ᠪᠤᠯᠭᠠᠪᠠ᠃ ᠠᠵᠢᠯᠯᠠᠭ᠎ᠠ ᠶᠢᠨ ᠰᠠᠷ᠎ᠠ ᠶᠢᠨ ᠬᠤᠭᠤᠴᠠᠭᠠᠨ ᠳᠤ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠠᠵᠢᠯᠯᠠᠭ᠎ᠠ ᠶᠢᠨ ᠰᠠᠷ᠎ᠠ ᠶᠢᠨ ᠭᠤᠤᠯ ᠰᠡᠳᠦᠪ ᠤᠨ ᠲᠣᠭᠤᠷᠢᠨ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠤᠬᠠᠭᠤᠯᠭ᠎ᠠ ᠬᠥᠮᠦᠵᠢᠯ ᠢ ᠭᠦᠨᠵᠡᠭᠡᠢ ᠦᠷᠨᠢᠬᠦᠯᠵᠦ᠂ ᠡᠯ᠎ᠡ ᠲᠥᠷᠥᠯ ᠤᠨ ᠲᠠᠪᠴᠠᠩ ᠤᠨ ᠠᠴᠢᠶᠠᠯᠠᠪᠤᠷᠢ ᠶᠢ ᠰᠠᠶᠢᠲᠤᠷ ᠠᠰᠢᠬᠯᠠᠨ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭᠠᠨ ᠤ ᠤᠬᠠᠭᠤᠯᠭ᠎ᠠ ᠬᠥᠮᠦᠵᠢᠯ ᠢ ᠶᠡᠭᠡ ᠪᠠᠷ ᠦᠷᠨᠢᠬᠦᠯᠵᠦ᠂ ᠳᠤᠮᠳᠠᠳᠤ ᠶᠢᠨ ᠦᠨᠳᠦᠰᠦᠲᠡᠨ ᠤ ᠣᠯᠠᠨ ᠡᠰᠢᠲᠦ ᠨᠢᠭᠡ ᠴᠣᠭᠴᠠᠵᠢᠭᠰᠠᠨ ᠤᠯᠤᠰ ᠤᠨ ᠪᠠᠶᠢᠳᠠᠯ ᠪᠠ ︽ᠳᠥᠷᠪᠡᠨ ᠬᠠᠮᠲᠤ︾ ᠶᠢᠨ ᠬᠥᠮᠦᠵᠢᠯ ᠢ ᠦᠷᠨᠢᠬᠦᠯᠦᠨ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠦᠷᠢᠮ ᠤᠨ ᠤᠬᠠᠭᠤᠯᠭ᠎ᠠ ᠬᠥᠮᠦᠵᠢᠯ ᠢ ᠦᠷᠨᠢᠬᠦᠯᠵᠦ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠮᠡᠳᠡᠷᠡᠭᠦᠢ ᠶᠢ ᠨᠢ ᠲᠠᠰᠤᠷᠠᠯᠲᠠ ᠥᠬᠡᠶ ᠴᠢᠩᠭᠠᠳᠬᠠᠵᠠᠢ᠃ ᠪᠤᠭᠤᠲᠤ ᠬᠤᠲᠠ᠂ ᠲᠦᠩᠯᠢᠶᠣᠤ ᠬᠤᠲᠠ᠂ ᠣᠷᠳᠣᠰ ᠬᠤᠲᠠ᠂ ᠠᠯᠠᠱᠠ ᠠᠶᠢᠮᠠᠭ ᠵᠡᠷᠭᠡ ᠭᠠᠵᠠᠷ ᠤᠨ ᠬᠢᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ︾ ᠪᠠᠷ ᠭᠤᠤᠯ ᠠᠭᠤᠯᠭ᠎ᠠ ᠪᠣᠯᠭᠠᠭᠰᠠᠨ ᠰᠦᠯᠵᠢᠶᠡᠨ ᠳᠡᠭᠡᠷ᠎ᠡ ᠥᠷᠢᠰᠦᠯᠳᠦᠨ ᠬᠠᠷᠢᠭᠤᠯᠬᠤ ᠱᠠᠩᠨᠠᠯᠳᠤ ᠠᠵᠢᠯᠯᠠᠭ᠎ᠠ ᠥᠷᠨᠢᠭᠦᠯᠦᠭᠡᠳ᠂ ᠰᠡᠳᠦᠪ ᠬᠠᠷᠢᠭᠤᠯᠤᠬᠰᠠᠨ ᠬᠥᠮᠦᠨ ᠤ ᠲᠤᠭ᠎ᠠ ᠨᠢ 50 ᠲᠦᠮᠡᠨ ᠬᠥᠮᠦᠨ ᠤᠳᠠᠭ᠎ᠠ ᠳᠤ ᠬᠦᠷᠴᠦ᠂ ᠳᠠᠪᠴᠠᠩ ᠢ ᠲᠣᠪᠴᠢᠳᠠᠭᠰᠠᠨ ᠨᠣᠷᠮ᠎ᠠ ᠨᠢ 300 ᠲᠦᠮᠡ ᠶᠢ ᠳᠠᠪᠠᠪᠠ᠃ ᠡᠯ᠎ᠡ ᠭᠠᠵᠠᠷ ᠤᠨ ᠬᠢᠨ ᠤᠬᠠᠭᠤᠯᠭ᠎ᠠ ᠶᠢᠨ ᠠᠴᠢᠶᠠᠯᠠᠪᠤᠷᠢ ᠪᠠᠨ ᠰᠢᠨᠡᠴᠢᠯᠡᠵᠦ᠂ ᠤᠬᠠᠭᠤᠯᠭ᠎ᠠ ᠶᠢᠨ ᠠᠭᠤᠯᠭ᠎ᠠ ᠪᠠᠨ ᠪᠠᠶᠠᠯᠢᠭᠵᠢᠭᠤᠯᠵᠤ᠂ ᠢᠨᠲ᠋ᠧᠷ ᠰᠦᠯᠵᠢᠶ᠎ᠡ ᠪᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠭᠤᠤᠯ ᠰᠡᠳᠦᠪᠲᠦ ᠮᠡᠳᠡᠭᠡ ᠵᠠᠩᠭᠢ ᠶᠢ 15 ᠲᠦᠮᠡ ᠭᠠᠷᠤᠶ ᠵᠤᠷᠪᠤᠰ ᠨᠡᠶᠢᠳᠡᠯᠡᠵᠦ᠂ ᠡᠯ᠎ᠡ ᠲᠥᠷᠥᠯ ᠤᠨ ᠤᠬᠠᠭᠤᠯᠭ᠎ᠠ ᠶᠢᠨ ᠮᠠᠲ᠋ᠧᠷᠢᠶᠠᠯ ᠢ 75 ᠲᠦᠮᠡ ᠭᠠᠷᠤᠶ ᠬᠤᠪᠢ ᠲᠠᠷᠬᠠᠭᠠᠵᠤ᠂ ᠡᠯ᠎ᠡ ᠲᠥᠷᠥᠯ ᠤᠨ ᠤᠬᠠᠭᠤᠯᠭ᠎ᠠ ᠶᠢᠨ ᠤᠷᠢᠶ᠎ᠠ ᠯᠣᠽᠦ᠋ᠩ᠂ ᠤᠬᠠᠭᠤᠯᠭ᠎ᠠ ᠶᠢᠨ ᠰᠠᠮᠪᠠᠷ᠎ᠠ᠂ ᠤᠬᠠᠭᠤᠯᠭ᠎ᠠ ᠶᠢᠨ ᠪᠤᠯᠤᠩ ᠢ 5 ᠲᠦᠮᠡ ᠭᠠᠷᠤᠶ ︵ᠬᠤᠪᠢ︶ ᠭᠠᠷᠭᠠᠵᠤ᠂ ᠡᠯ᠎ᠡ ᠲᠥᠷᠥᠯ ᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ 3000 ᠭᠠᠷᠤᠶ ᠲᠠᠯᠠᠪᠤᠷ ᠤᠳᠠᠭ᠎ᠠ ᠥᠷᠨᠢᠭᠦᠯᠵᠦ᠂ 15 ᠲᠦᠮᠡ ᠭᠠᠷᠤᠶ ᠣᠯᠠᠨ ᠲᠦᠮᠡᠨ ᠣᠷᠣᠯᠴᠠᠵᠤ᠂ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠴᠠᠭᠠᠵᠠ ᠬᠠᠤᠯᠢ ᠲᠦᠷᠢᠮ ᠢ ᠠᠰᠠᠭᠤᠨ ᠯᠠᠪᠯᠠᠬᠤ ᠦᠨᠳᠦᠰᠦᠲᠡᠨ ᠨᠦᠭᠦᠳ ᠤᠨ ᠣᠯᠠᠨ ᠲᠦᠮᠡᠨ ᠢ 15 ᠲᠦᠮᠡ ᠭᠠᠷᠤᠶ ᠬᠥᠮᠦᠨ ᠤᠳᠠᠭ᠎ᠠ ᠬᠦᠯᠢᠶᠡᠨ ᠠᠪᠴᠤ᠂ ᠨᠠᠮ ᠤᠨ ᠦᠨᠳᠦᠰᠦᠲᠡᠨ ᠤ ᠣᠨᠣᠯ᠂ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠦᠨᠳᠦᠰᠦᠲᠡᠨ ᠤ ᠬᠠᠤᠯᠢ ᠴᠠᠭᠠᠵᠠ ᠬᠠᠤᠯᠢ ᠲᠦᠷᠢᠮ ᠢ ᠲᠦᠭ ᠲᠦᠮᠡᠨ ᠠᠶᠢᠯ ᠡᠷᠦᠬᠡ ᠳᠤ ᠤᠬᠠᠭᠤᠯᠵᠤ᠂ ᠣᠯᠠᠨ ᠲᠦᠮᠡᠨ ᠤ ᠰᠡᠳᠬᠢᠯ ᠳᠤ ᠬᠠᠳᠠᠩᠰᠢᠭᠤᠯᠬᠤ ᠶᠢ ᠬᠦᠴᠦᠲᠡᠶ ᠠᠬᠢᠭᠤᠯᠪᠠ᠃
      ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠭᠤᠣᠯ ᠰᠡᠳᠦᠪᠲᠦ ᠰᠦᠯᠵᠢᠶᠡᠨ ᠳᠡᠭᠡᠷᠡᠬᠢ ᠰᠡᠳᠦᠪ ᠬᠠᠷᠢᠭᠤᠯᠬᠤ ᠠᠵᠢᠯᠯᠠᠭ᠎ᠠ ᠶᠢ ᠥᠷᠨᠢᠭᠦᠯᠪᠡ
      ᠡᠯ᠎ᠡ ᠭᠠᠵᠠᠷ ᠤᠨ ᠬᠢᠨ ᠣᠯᠠᠨ ᠶᠠᠩᠵᠤ ᠬᠡᠯᠪᠡᠷᠢ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠦᠷᠨᠢᠬᠦᠯᠵᠦ ᠪᠠᠶᠢᠭ᠎ᠠ ᠨᠢ              ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ᠂ ᠬᠢᠷᠢ ᠲᠦᠪᠰᠢᠨ ᠢᠶᠠᠨ ᠲᠡᠭᠡᠭᠰᠢᠯᠡᠬᠦᠯᠪᠡ᠃ ᠡᠨᠡ ᠵᠢᠯ ᠤᠨ 9 ᠳ᠋ᠤᠭᠡᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠬᠠᠮᠲᠤᠷᠠᠨ ᠪᠥᠬᠦ ᠣᠷᠣᠨ ᠤ ᠳᠣᠯᠣᠳᠤᠭᠠᠷ ᠪᠦᠯᠦᠭ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠵᠢᠱᠢᠶ᠎ᠡ ᠦᠵᠡᠭᠦᠯᠬᠦ  ᠨᠢᠭᠡᠴᠢ ᠶᠢ ᠦᠨᠡᠯᠡᠨ ᠬᠢᠨᠠᠬᠤ ᠠᠵᠢᠯ ᠢ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠲᠠᠯ᠎ᠠ ᠪᠠᠷ ᠵᠢᠱᠢᠶ᠎ᠡ ᠦᠵᠡᠭᠦᠯᠬᠦ‍ ᠨᠢᠭᠡ ᠪᠦᠯᠦᠭ ᠨᠡᠶᠢᠲᠡᠯᠢᠭ ᠵᠢᠱᠢᠶ᠎ᠡ ᠶᠢ ᠨᠡᠷᠡᠶᠢᠳᠬᠦ ᠪᠠᠷ ᠲᠦᠯᠦᠪᠯᠡᠵᠦ ᠪᠤᠢ᠃ ᠡᠯ᠎ᠡ ᠭᠠᠵᠠᠷ ᠤᠨ ᠬᠢᠨ ᠰᠠᠷ᠎ᠠ ᠶᠢᠨ ᠠᠵᠢᠯᠯᠠᠭ᠎ᠠ ᠶᠢ ᠥᠷᠨᠢᠭᠦᠯᠬᠦ ᠪᠠᠷ ᠲᠣᠬᠢᠶᠠᠯ ᠪᠤᠯᠭᠠᠨ᠂ ᠲᠤᠰᠬᠠᠶ ᠰᠡᠳᠦᠪᠲᠦ ᠪᠣᠯᠪᠠᠰᠤᠷᠠᠯ ᠥᠷᠨᠢᠭᠦᠯᠬᠦ᠂ ᠰᠤᠳᠤᠯᠤᠨ ᠶᠠᠷᠢᠯᠴᠠᠵᠤ ᠪᠣᠳᠣᠯ ᠰᠠᠨᠠᠯ ᠢᠶᠠᠨ ᠰᠣᠯᠢᠯᠴᠠᠬᠤ᠂ ᠬᠠᠷᠢᠯᠴᠠᠨ  ᠦᠵᠡᠵᠦ ᠬᠠᠷᠢᠯᠴᠠᠨ ᠰᠤᠷᠤᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠡᠭᠦᠳᠦᠨ ᠪᠠᠶᠢᠭᠤᠯᠬᠤ ᠠᠵᠢᠯ ᠤᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠡᠭᠦᠳᠦᠨ ᠪᠠᠶᠢᠭᠤᠯᠬᠤ ᠠᠵᠢᠯ ᠤᠨ ᠴᠢᠨᠠᠷ ᠰᠠᠶᠢᠲᠠᠶ ᠬᠦᠭᠵᠢᠬᠦ ᠶᠢ ᠠᠬᠢᠭᠤᠯᠵᠠᠢ᠃ ᠬᠢᠩᠭᠠᠨ ᠠᠶᠢᠮᠠᠭ᠂ ᠠᠯᠠᠱᠠ ᠠᠶᠢᠮᠠᠭ ᠵᠡᠷᠭᠡ ᠭᠠᠵᠠᠷ ᠤᠨ ᠬᠢᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠬᠤᠲᠠ ᠶᠢ ᠴᠢᠷᠮᠠᠶᠢᠨ ᠡᠭᠦᠳᠦᠨ ᠪᠠᠶᠢᠭᠤᠯᠬᠤ ᠶᠢ ᠠᠬᠢᠭᠤᠯᠬᠤ ᠬᠤᠷᠠᠯ ᠬᠤᠷᠠᠯᠳᠤᠭᠤᠯᠵᠤ᠂ ᠪᠥᠬᠦ ᠠᠶᠢᠮᠠᠭ ᠬᠤᠲᠠ ᠶᠢᠨ ᠳᠡᠭᠡᠳᠦ ᠳᠤᠤᠷᠠᠳᠤ ᠱᠠᠲᠤ ᠪᠠᠷ ᠢᠶᠠᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠥᠬᠦ ᠤᠯᠤᠰ ᠤᠨ ᠵᠢᠱᠢᠶ᠎ᠡ ᠦᠵᠡᠭᠦᠯᠬᠦ ᠨᠡᠶᠢᠲᠡᠯᠢᠭ ᠵᠢᠱᠢᠶ᠎ᠡ ᠶᠢ ᠴᠢᠷᠮᠠᠶᠢᠨ ᠡᠭᠦᠳᠦᠨ ᠪᠠᠶᠢᠭᠤᠯᠬᠤ ᠶᠢ ᠤᠷᠢᠶᠠᠯᠠᠪᠠ︔ ᠬᠥᠬᠡᠬᠤᠲᠠ᠂ ᠬᠥᠯᠥᠨ ᠪᠤᠶᠢᠷ ᠬᠤᠲᠠ ᠵᠡᠷᠭᠡ ᠭᠠᠵᠠᠷ ᠤᠨ ᠬᠢᠨ ᠪᠥᠬᠦ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠲᠤᠷᠰᠢᠯᠭ᠎ᠠ ᠰᠣᠯᠢᠯᠴᠠᠬᠤ ᠲᠤᠬᠠᠶ ᠶᠢᠨ ᠭᠠᠵᠠᠷ ᠤᠨ ᠬᠤᠷᠠᠯ ᠬᠤᠷᠠᠯᠳᠤᠭᠤᠯᠵᠤ᠂ ᠬᠠᠷᠢᠯᠴᠠᠨ ᠦᠵᠡᠵᠦ ᠬᠠᠷᠢᠯᠴᠠᠨ ᠰᠤᠷᠤᠯᠴᠠᠬᠤ ᠠᠵᠢᠯᠯᠠᠭ᠎ᠠ ᠶᠢ ᠥᠷᠨᠢᠭᠦᠯᠵᠦ᠂ ᠡᠭᠦᠳᠦᠨ ᠪᠠᠶᠢᠭᠤᠯᠬᠤ ᠠᠵᠢᠯ ᠤᠨ ᠴᠢᠨᠠᠷ ᠰᠠᠶᠢᠳᠠᠢ ᠬᠦᠭᠵᠢᠬᠦ ᠶᠢ ᠠᠬᠢᠭᠤᠯᠪᠠ︔ ᠪᠠᠶᠠᠨᠨᠠᠭᠤᠷ ᠬᠤᠲᠠ᠂ ᠣᠷᠳᠣᠰ ᠬᠤᠲᠠ ᠶᠢᠨ ᠬᠢᠨ ᠬᠤᠲᠠ ᠶᠢᠨ ᠱᠠᠲᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠨᠢᠭᠡ ᠪᠦᠯᠦᠭ ᠵᠢᠱᠢᠶ᠎ᠡ ᠦᠵᠡᠭᠦᠯᠬᠦ ᠲᠣᠭᠤᠷᠢᠭ ᠪᠠ ᠵᠢᠱᠢᠶ᠎ᠡ ᠦᠵᠡᠭᠦᠯᠬᠦ ᠨᠢᠭᠡᠴᠢ ᠶᠢ ᠰᠣᠩᠭᠤᠨ ᠨᠡᠷᠡᠶᠢᠳᠴᠦ᠂ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠨᠢ ᠴᠢᠩᠭᠠᠳᠬᠠᠪᠠ︔ ᠤᠯᠠᠭᠠᠨᠬᠠᠳᠠ ᠬᠤᠲᠠ᠂ ᠲᠦᠩᠯᠢᠶᠣᠤ ᠬᠤᠲᠠ ᠵᠡᠷᠭᠡ ᠭᠠᠵᠠᠷ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠶᠢ ᠵᠣᠬᠢᠶᠠᠨ ᠪᠠᠶᠢᠭᠤᠯᠤᠨ ᠡᠷᠭᠢᠯᠡᠵᠦ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠣᠨᠣᠯ ᠢᠶᠠᠷ ᠵᠡᠪᠰᠡᠭᠯᠡᠬᠦ ᠠᠵᠢᠯ ᠢ ᠴᠢᠩᠭᠠᠳᠬᠠᠪᠠ︔ ᠪᠠᠶᠠᠨᠨᠠᠭᠤᠷ ᠬᠤᠲᠠ ᠶᠢᠨ ᠴᠠᠬᠢᠯᠭᠠᠨ ᠤ ᠦᠢᠯᠡᠰ ᠤᠨ ᠲᠣᠪᠴᠢᠶ᠎ᠠ ᠶᠢᠨ ᠬᠢᠨ ︽ᠨᠢᠭᠡ ᠴᠣᠭᠴᠠ ᠬᠤᠶᠠᠷ ᠵᠢᠭᠦᠷ ᠳᠥᠷᠪᠡᠨ ᠬᠦᠷᠳᠦ ᠪᠠᠷ ᠬᠥᠳᠡᠯᠭᠡᠭᠦᠷ ᠪᠣᠯᠭᠠᠬᠤ︾ ᠡᠭᠦᠳᠦᠨ ᠪᠠᠶᠢᠭᠤᠯᠬᠤ ᠵᠠᠭᠪᠤᠷ ᠢ ᠢᠳᠡᠪᠬᠢᠲᠡᠶ ᠰᠦᠪᠡᠭᠴᠢᠯᠡᠨ᠂ ᠴᠠᠬᠢᠯᠭᠠᠨ ᠬᠦᠴᠦᠨ ᠤ ᠠᠵᠢᠯ ᠲᠥᠷᠥᠯ ᠳᠤ ᠪᠥᠬᠦ ᠲᠠᠯ᠎ᠠ ᠪᠠᠷ ᠳᠡᠯᠭᠡᠷᠡᠭᠦᠯᠵᠦ᠂ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠬᠦᠴᠦᠲᠡᠶ ᠬᠦᠭᠵᠢᠬᠦ ᠳᠤ ᠬᠦᠴᠦ ᠨᠡᠮᠡᠷᠢᠯᠡᠪᠡ᠃ ᠡᠯ᠎ᠡ ᠭᠠᠵᠠᠷ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ ᠡᠭᠦᠳᠦᠨ ᠪᠠᠶᠢᠭᠤᠯᠬᠤ ᠬᠢᠷᠢ ᠲᠦᠪᠰᠢᠨ ᠢᠶᠠᠨ ᠬᠦᠴᠦᠯᠡᠨ ᠳᠡᠭᠡᠭᠰᠢᠯᠡᠭᠦᠯᠵᠦ᠂ ᠡᠭᠦᠳᠦᠨ ᠪᠠᠶᠢᠭᠤᠯᠬᠤ ᠠᠵᠢᠯ ᠤᠨ ᠪᠠᠶᠠᠯᠢᠭ ᠠᠭᠤᠯᠭ᠎ᠠ᠂ ᠭᠦᠨᠵᠡᠭᠡᠶ ᠠᠭᠤᠯᠤᠭᠳᠠᠬᠤᠨ᠂ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠪᠠ᠃      ᠠᠷᠠᠳ ᠲᠦᠮᠡᠨ ᠳᠤ ᠦᠢᠯᠡᠴᠢᠯᠡᠵᠦ᠂ ᠰᠡᠳᠬᠢᠯ ᠲᠠᠯᠪᠢᠨ ᠠᠵᠢᠯ ᠶᠠᠪᠤᠳᠠᠯ ᠭᠦᠢᠴᠡᠳᠬᠡᠵᠦ ᠪᠤᠢ᠃ ᠠᠵᠢᠯᠯᠠᠭ᠎ᠠ ᠶᠢᠨ ᠰᠠᠷ᠎ᠠ ᠶᠢᠨ ᠬᠤᠭᠤᠴᠠᠭᠠᠨ ᠳᠤ᠂ ᠡᠯ᠎ᠡ ᠭᠠᠵᠠᠷ ᠤᠨ ᠬᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯᠯᠠᠭ᠎ᠠ ᠲᠠᠢ ᠨᠢᠭᠲᠠ ᠤᠶᠠᠯᠳᠤᠭᠤᠯᠤᠨ᠂ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢᠨ ᠱᠠᠭᠠᠷᠳᠠᠯᠭ᠎ᠠ ᠶᠣᠰᠣᠭᠠᠷ᠂ ᠮᠠᠯᠵᠢᠬᠤ ᠲᠠᠷᠢᠶᠠᠯᠠᠬᠤ ᠣᠷᠣᠨ᠂ ᠨᠡᠶᠢᠭᠡᠮ ᠲᠣᠭᠤᠷᠢᠭ ᠰᠤᠷᠭᠠᠭᠤᠯᠢ ᠵᠡᠷᠭᠡ ᠦᠨᠳᠦᠰᠦᠨ ᠱᠠᠲᠤᠨ ᠤ ᠡᠮᠦᠨ᠎ᠡ ᠹᠷᠣᠨᠲ ᠲᠤ ᠭᠦᠨᠵᠡᠭᠡᠶᠢᠷᠡᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ︽ᠲᠤᠯᠭᠠᠮᠳᠠᠵᠤ ᠬᠦᠴᠢᠷᠳᠡᠵᠦ ᠵᠤᠪᠠᠨᠢᠵᠦ ᠬᠦᠰᠡᠵᠦ︾ ᠪᠠᠶᠢᠬᠤ ᠠᠰᠠᠭᠤᠳᠠᠯ ᠢ ᠨᠢ ᠰᠢᠢᠳᠪᠦᠷᠢᠯᠡᠵᠦ ᠥᠭᠪᠡ᠃ ᠬᠥᠬᠡᠬᠤᠲᠠ ᠶᠢᠨ ᠦᠨᠳᠦᠰᠦᠲᠡᠨ ᠤ ᠵᠥᠪᠯᠡᠯ ᠤᠨ ᠬᠢᠨ ᠬᠡᠰᠡᠭ ᠨᠡᠶᠢᠭᠡᠮ ᠲᠣᠭᠤᠷᠢᠭ ᠢ ᠵᠣᠬᠢᠶᠠᠨ ᠪᠠᠶᠢᠭᠤᠯᠵᠤ ᠲᠣᠬᠤᠨᠢᠭᠤᠯᠤᠨ᠂ ᠲᠡᠳᠬᠦᠬᠦ ᠭᠡᠷ ᠪᠦᠯᠢ ᠳᠤ ᠨᠠᠮ ᠤᠨ ᠬᠠᠶᠢᠷ᠎ᠠ ᠬᠠᠯᠠᠮᠵᠢ ᠶᠢ ᠬᠦᠷᠭᠡᠪᠡ︔ ᠭᠡᠭᠡᠡ ᠭᠤᠣᠯ ᠬᠤᠲᠠ ᠨᠢ ᠤᠯᠠᠮᠵᠢᠯᠠᠯᠲᠤ ᠭᠠᠷ ᠤᠷᠠᠯᠠᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠠᠩᠭᠢ ᠡᠷᠬᠢᠯᠡᠵᠦ᠂ ᠠᠵᠢᠯ ᠣᠯᠭᠤᠬᠤ ᠦᠢᠯᠡᠰ ᠪᠤᠰᠬᠠᠬᠤ ᠶᠢ ᠠᠬᠢᠭᠤᠯᠬᠤ ᠳᠤ ᠬᠦᠴᠦ ᠨᠡᠮᠡᠷᠢᠯᠡᠪᠡ︔ ᠰᠢᠯᠢ ᠶᠢᠨ ᠭᠤᠤᠯ ᠤᠨ ᠡᠨᠧᠷᠭᠢ ᠶᠢᠨ ᠲᠣᠪᠴᠢᠶ᠎ᠠ ᠨᠢ ᠮᠠᠯᠵᠢᠬᠤ ᠲᠠᠷᠢᠶᠠᠯᠠᠬᠤ ᠡᠷᠦᠬᠡ ᠳᠤ ᠰᠢᠨ᠎ᠡ ᠡᠨᠧᠷᠭᠢ ᠶᠢᠨ ᠴᠠᠬᠢᠯᠭᠠᠨ ᠨᠡᠪᠲᠡᠷᠡᠭᠦᠯᠬᠦ ᠲᠥᠬᠦᠭᠡᠷᠦᠮᠵᠢ ᠤᠬᠰᠠᠷᠠᠨ ᠦᠭᠴᠦ᠂ ᠠᠷᠠᠳ ᠤᠨ ᠶᠠᠪᠤᠳᠠᠯ ᠤᠨ ᠲᠣᠪᠴᠢᠶ᠎ᠠ ᠨᠢ ᠬᠠᠪᠰᠤᠷᠤᠨ ᠲᠡᠳᠬᠦᠬᠦ ᠣᠯᠠᠨ ᠲᠦᠮᠡᠨ ᠳᠤ ᠪᠠᠨ 7 ᠲᠦᠮᠡ ᠭᠠᠷᠤᠶ ᠲᠥᠭᠦᠷᠢᠭ ᠤᠨ ᠬᠠᠪᠰᠤᠷᠤᠨ ᠲᠡᠳᠬᠦᠬᠦ ᠪᠠᠯᠠ ᠮᠥᠩᠭᠦ ᠪᠠᠭᠤᠯᠭᠠᠨ ᠦᠭᠴᠦ᠂ ᠲᠥᠪ ᠡᠮᠨᠡᠯᠭᠡ ᠶᠢᠨ ᠬᠤᠷᠢᠶ᠎ᠠ ᠨᠢ ᠭᠠᠴᠠᠭ᠎ᠠ ᠲᠣᠰᠬᠤᠨ ᠳᠤ ᠭᠦᠨᠵᠡᠭᠡᠶᠢᠷᠡᠨ ᠠᠯᠪᠠᠨ ᠵᠢᠷᠤᠮ ᠤᠨ ᠡᠮᠴᠢᠯᠡᠭᠡ ᠬᠢᠪᠡ︔ ᠣᠷᠳᠣᠰ ᠬᠤᠲᠠ ᠶᠢᠨ ᠦᠨᠳᠦᠰᠦᠲᠡᠨ ᠤ ᠵᠥᠪᠯᠡᠯ ᠨᠢ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠮᠣᠩᠭᠤᠯ ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ ᠡᠮᠴᠢᠯᠡᠭᠡ᠂ ᠤᠷ᠎ᠠ ᠴᠢᠳᠠᠪᠤᠷᠢ᠂ ᠡᠷᠡᠭᠦᠯ ᠮᠡᠨᠳᠦ ᠭᠤᠷᠪᠠ ᠶᠢ ᠬᠥᠳᠡᠭᠡ ᠬᠦᠷᠭᠡᠬᠦ ᠵᠡᠷᠭᠡ ᠠᠵᠢᠯᠯᠠᠭ᠎ᠠ ᠨᠤᠭᠤᠳ ᠢ ᠦᠷᠨᠢᠬᠦᠯᠵᠡᠢ᠃ ᠠᠵᠢᠯᠯᠠᠭ᠎ᠠ ᠶᠢᠨ ᠰᠠᠷ᠎ᠠ ᠶᠢᠨ ᠬᠤᠭᠤᠴᠠᠭᠠᠨ ᠳᠤ᠂ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ ᠠᠵᠢᠯᠯᠠᠭ᠎ᠠ ᠥᠷᠨᠢᠭᠦᠯᠬᠦ ᠪᠠᠷ ᠲᠠᠮᠵᠢᠭᠠᠳ᠂ ᠦᠨᠳᠦᠰᠦᠲᠡᠨ ᠨᠦᠭᠦᠳ ᠤᠨ ᠣᠯᠠᠨ ᠲᠦᠮᠡᠨ ᠬᠦᠷᠲᠡᠮᠵᠢ ᠶᠢᠨ ᠲᠥᠷᠥᠭᠳᠡᠯ ᠢᠶᠠᠷ ᠨᠠᠩ ᠬᠦᠢᠴᠡᠳ ᠪᠤᠯᠵᠤ᠂  ᠵᠤᠯ ᠵᠢᠷᠭᠠᠯ ᠤᠨ ᠲᠥᠷᠥᠭᠳᠡᠯ ᠢ ᠨᠢ ᠨᠠᠩ ᠦᠷᠭᠦᠯᠵᠢᠯᠡᠭᠦᠯᠵᠦ᠂ ᠠᠮᠤᠷ ᠲᠦᠪᠰᠢᠨ ᠤ ᠲᠥᠷᠥᠭᠳᠡᠯ ᠢ ᠨᠢ ᠨᠠᠩ ᠪᠠᠲᠤᠯᠠᠭ᠎ᠠ ᠲᠠᠢ ᠪᠣᠯᠭᠠᠵᠤ᠂ ᠨᠠᠮ ᠤᠨ ᠠᠴᠢ ᠶᠢ ᠬᠠᠷᠢᠭᠤᠯᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ ᠢᠲᠡᠭᠡᠯ ᠵᠣᠷᠢᠭ ᠨᠢ  ᠪᠠᠳᠤᠵᠢᠪᠠ᠃
      ᠤᠯᠠᠨ ᠲᠦᠮᠡᠨ ᠳᠤ ᠪᠣᠳᠠᠲᠤ ᠶᠠᠪᠤᠳᠠᠯ ᠰᠠᠶᠢᠨ ᠶᠠᠪᠤᠳᠠᠯ ᠢ ᠢᠳᠡᠪᠬᠢᠲᠡᠢ ᠪᠠᠷ ᠬᠢᠵᠦ ᠬᠦᠴᠢᠷ ᠠᠰᠠᠭᠤᠳᠠᠯ ᠢ ᠨᠢ ᠰᠢᠢᠳᠪᠦᠷᠢᠯᠡᠨ ᠦᠭᠴᠦ ᠪᠠᠶᠢᠭ᠎ᠠ ᠨᠢ
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ