| ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠶᠢᠨ ᠲᠦᠯᠦᠬᠡᠯᠡᠭᠴᠢ ᠨᠠᠷ | ᠰᠤᠷᠪᠤᠯᠵᠢᠯᠠᠭᠴᠢ ᠲᠠᠢ ᠠᠭᠤᠯᠵᠠᠬᠤ ᠬᠤᠷᠠᠯ ᠤᠨ ᠠᠬᠤᠶ ᠲᠠᠯᠠᠪᠠᠢ | | ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 9 ᠳ᠋ᠤᠭᠡᠷ ᠰᠠᠷ᠎ᠠ ᠶᠢᠨ 29 ᠤ ᠡᠳᠦᠷ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠤᠨᠤᠯᠵᠢᠭᠤᠨ ᠢ | ᠦᠢᠯᠡᠳᠦᠯᠭᠡᠵᠢᠬᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ︾ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠶᠢᠨ ᠲᠦᠯᠦᠭᠡᠯᠡᠭᠴᠢ ᠰᠤᠷᠪᠤᠯᠵᠢᠯᠠᠭᠴᠢ ᠲᠠᠢ ᠠᠭᠤᠯᠵᠠᠬᠤ | ᠬᠤᠷᠠᠯ ᠬᠤᠷᠠᠯᠳᠤᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠶᠢᠨ ᠲᠡᠷᠢᠭᠦᠨ ᠤ ᠦᠢᠯᠡ | ᠠᠵᠢᠯᠯᠠᠭ᠎ᠠ ᠪᠠᠷ ᠲᠠᠮᠵᠢᠭᠤᠯᠤᠨ᠂ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠬᠥᠮᠦᠵᠢᠭᠦᠯᠦᠨ | ᠬᠥᠲᠥᠯᠦᠨ ᠵᠢᠯᠣᠭᠤᠳᠴᠤ ᠵᠣᠷᠢᠭᠵᠢᠭᠤᠯᠵᠤ ᠪᠠᠶᠢᠭᠠᠳ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠬᠦᠯᠵᠦ᠂ | ︽ᠭᠤᠷᠪᠠᠨ ᠰᠠᠯᠵᠤ ᠴᠢᠳᠠᠬᠤ ᠦᠭᠡᠢ︾ ᠦᠵᠡᠯ ᠰᠠᠨᠠᠭ᠎ᠠ ᠶᠢ ᠪᠠᠲᠤ ᠪᠤᠢ ᠪᠤᠯᠭᠠᠵᠤ᠂ ︽ᠲᠠᠪᠤᠨ ᠮᠡᠳᠡᠷᠡᠭᠦᠢ︾ ᠶᠢ | ᠴᠢᠩᠭᠠᠳᠬᠠᠵᠤ᠂ ᠲᠡᠦᠬᠡ ᠶᠢᠨ ᠰᠢᠨ᠎ᠡ ᠭᠠᠷᠤᠭ᠎ᠠ ᠳᠡᠭᠡᠷ᠎ᠡ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ | ᠪᠦᠯᠬᠦᠮᠳᠡᠨ ᠲᠡᠮᠡᠴᠡᠵᠦ᠂ ᠣᠳᠣᠬᠢᠴᠢᠯᠠᠭᠰᠠᠨ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ᠂ | ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ ᠴᠥᠬᠦᠷᠡᠰᠢ ᠦᠭᠡᠢ | ᠴᠢᠷᠮᠠᠶᠢᠬᠤ ᠪᠠᠷ ᠵᠣᠷᠢᠯᠭ᠎ᠠ ᠪᠣᠯᠭᠠᠪᠠ᠃ ᠬᠤᠷᠠᠯ ᠳᠡᠭᠡᠷ᠎ᠡ ᠮᠠᠨ ᠤ ᠣᠷᠣᠨ ᠤ ᠪᠥᠬᠦ ᠤᠯᠤᠰ ᠤᠨ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ 5 ᠵᠢᠱᠢᠶᠡᠴᠢ ᠬᠠᠮᠲᠤ ᠪᠠ ᠵᠢᠱᠢᠶᠡᠴᠢ ᠬᠤᠪᠢ ᠬᠥᠮᠦᠨ ᠤ ᠲᠥᠯᠥᠭᠡᠯᠡᠭᠴᠢ ᠲᠥᠪ ᠤᠨ | ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠭᠰᠠᠨ ᠲᠥᠷᠥᠭᠳᠡᠯ ᠵᠢᠴᠢ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠥᠷᠨᠢᠭᠦᠯᠦᠭᠰᠡᠨ ᠰᠡᠳᠬᠢᠯ ᠬᠥᠳᠡᠯᠭᠡᠮ᠎ᠡ ᠥᠯᠢᠭᠡᠷ ᠢᠶᠠᠨ | ᠤᠯᠠᠨ ᠲᠠᠢ ᠬᠤᠪᠢᠶᠠᠯᠴᠠᠵᠠᠢ᠃ | | ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠪᠤᠯᠬᠤ | ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ ᠲᠥᠯᠥᠭᠡᠯᠡᠭᠴᠢ ᠸᠠᠩ ᠰᠢᠨ ᠢᠦᠶ | | ᠪᠤᠭᠤᠲᠤ ᠶᠢᠨ ᠪᠤᠯᠤᠳ ᠲᠡᠮᠤᠷ ᠤᠨ ᠪᠦᠯᠦᠭᠯᠡᠯ ᠪᠤᠯ ︽ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢᠨ ᠵᠢᠱᠢᠶᠡᠴᠢ ᠬᠠᠮᠲᠤ︾ ᠶᠢᠨ ᠢᠷᠠᠭᠤ ᠠᠯᠳᠠᠷ ᠢ ᠤᠷᠢᠳ ᠬᠤᠵᠢᠳ ᠲᠠᠪᠤ ᠤᠳᠠᠭ᠎ᠠ ᠬᠦᠷᠳᠡᠭᠰᠡᠨ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠤᠯᠭᠤᠬᠰᠠᠨ ︽ᠪᠦᠬᠦ ᠣᠷᠣᠨ ᠤ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶᠡᠴᠢ ᠬᠠᠮᠲᠤ︾ ᠶᠢᠨ ᠢᠷᠠᠭᠤ ᠠᠯᠳᠠᠷ ᠤᠨ ᠴᠣᠯᠠ ᠶᠢ 9 | ᠤᠳᠠᠭ᠎ᠠ ᠳᠠᠷᠠᠭᠠᠯᠠᠨ ᠬᠦᠷᠳᠡᠭᠰᠡᠨ ᠮᠠᠨ ᠤ ᠣᠷᠣᠨ ᠤ ᠴᠤᠷ ᠤᠨ ᠭᠠᠭᠴᠠ ᠨᠢᠭᠡᠴᠢ ᠪᠣᠯᠤᠨ᠎ᠠ᠃ 2021 ᠣᠨ ᠤ 3 | ᠳ᠋ᠤᠭᠠᠷ ᠰᠠᠷ᠎ᠠ ᠶᠢᠨ 5 ᠤ ᠦᠳᠡ ᠶᠢᠨ ᠬᠤᠶᠢᠨ᠎ᠠ᠂ ᠶᠡᠷᠦᠩᠬᠡᠢ ᠱᠦᠵᠢ ᠰᠢ ᠶᠢᠨ ᠫᠢᠩ ᠠᠷᠪᠠᠨ ᠭᠤᠷᠪᠠᠳᠤᠭᠠᠷ | ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ | ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠤ ᠪᠠᠨ | ︽ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢ ᠪᠦᠳᠦᠭᠡᠨ | ᠪᠠᠶᠢᠭᠤᠯᠤᠬᠰᠠᠨ︾ ᠲᠡᠦᠬᠡ ᠶᠢᠨ ᠰᠠᠶᠢᠬᠠᠨ ᠦᠯᠢᠭᠡᠷ ᠢ ᠶᠠᠷᠢᠬᠰᠠᠨ ᠳᠤ᠂ ᠪᠤᠭᠤᠲᠤ ᠶᠢᠨ ᠪᠤᠯᠤᠳ ᠲᠡᠮᠤᠷ ᠤᠨ | ᠪᠦᠯᠦᠭᠯᠡᠯ ᠤᠨ ᠬᠢᠨ ᠬᠠᠮᠤᠭ ᠤᠨ ᠲᠦᠷᠦᠭᠦᠨ ᠳᠤ ᠲᠦᠷᠭᠡᠬᠡᠨ ᠪᠠᠶᠢᠷᠢᠯᠠᠭᠤᠯᠤᠯᠳᠠ ᠬᠢᠵᠦ᠂ ︽ᠰᠡᠳᠬᠢᠯ ᠨᠢᠭᠡᠳᠦᠨ | ᠬᠦᠴᠦ ᠪᠠᠨ ᠬᠠᠮᠲᠤᠳᠬᠠᠵᠤ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢ ᠪᠠᠶᠢᠭᠤᠯᠤᠬᠰᠠᠨ ᠨᠢ︾ ᠭᠡᠬᠦ | ᠦᠵᠡᠭᠦᠯᠭᠡ ᠶᠢᠨ ᠣᠷᠳᠣᠨ ᠪᠠᠶᠢᠭᠤᠯᠵᠤ᠂ ᠠᠮᠢᠳᠤᠯᠢᠭ ᠬᠡᠷᠡᠭ ᠤᠨ ᠵᠢᠱᠢᠶ᠎ᠡ ᠪᠣᠯᠤᠨ ᠡᠯᠪᠡᠭ ᠪᠠᠶᠠᠯᠢᠭ ᠬᠤᠪᠢᠰᠬᠠᠯ ᠤᠨ | ᠲᠡᠦᠬᠡ ᠶᠢᠨ ᠡᠬᠢ ᠪᠠᠶᠠᠯᠢᠭ ᠢᠶᠠᠷ ᠦᠨᠳᠦᠰᠦᠲᠡᠨ ᠨᠦᠭᠦᠳ ᠤᠨ ᠬᠥᠪᠡᠭᠦᠳ ᠥᠬᠢᠳ ᠤᠨ ᠰᠡᠳᠬᠢᠯ ᠵᠢᠷᠦᠬᠡ ᠪᠠᠨ | ᠬᠤᠯᠪᠣᠨ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠥ᠂ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢ | ᠬᠠᠮᠲᠤ ᠪᠠᠷ ᠪᠦᠳᠦᠭᠡᠨ ᠪᠠᠶᠢᠭᠤᠯᠤᠭᠰᠠᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠲᠡᠦᠬᠡ ᠶᠢ ᠲᠠᠬᠢᠨ | ᠬᠠᠷᠠᠭᠤᠯᠪᠠ᠂ ᠡᠨᠡ ᠨᠢ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ︾ | ᠠᠮᠢᠳᠤᠯᠢᠭ ᠭᠡᠷᠡᠴᠢ ᠪᠣᠯᠵᠠᠢ᠃ ᠪᠤᠭᠤᠲᠤ ᠶᠢᠨ ᠪᠤᠯᠤᠳ ᠲᠡᠮᠤᠷ ᠤᠨ ᠪᠦᠯᠦᠭᠯᠡᠯ ᠨᠢ ᠪᠣᠳᠠᠲᠠᠢ ᠠᠵᠢᠯ ᠤᠨ | ᠳᠤᠮᠳᠠ ᠪᠠᠨ ᠢᠮᠠᠭᠲᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠳᠤᠳᠬᠠᠬᠤ ᠶᠢ ᠡᠯ᠎ᠡ ᠵᠦᠢᠯ ᠤᠨ ᠠᠵᠢᠯ ᠤᠨ ᠢᠶᠠᠨ ᠭᠤᠣᠯ ᠰᠢᠵᠢᠮ ᠪᠣᠯᠭᠠᠵᠤ᠂ ᠲᠥᠪ ᠤᠨ ᠦᠨᠳᠦᠰᠦᠲᠡᠨ ᠤ | ᠠᠵᠢᠯ ᠤᠨ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ | ᠬᠤᠷᠠᠯ ᠬᠤᠷᠠᠯᠳᠤᠭᠰᠠᠨ ᠤ ᠲᠠᠷᠠᠭ᠎ᠠ᠂ ᠲᠡᠷᠡ ᠳᠠᠷᠤᠢ ᠳᠤ ᠨᠢ ᠲᠥᠯᠥᠪᠯᠡᠭᠡ ᠲᠣᠭᠲᠠᠭᠠᠵᠤ᠂ ᠤᠨᠤᠯ ᠰᠤᠷᠤᠯᠴᠠᠬᠤ | ᠭᠤᠣᠯ ᠳᠤᠭᠤᠶᠢᠯᠠᠩ ᠤᠨ ᠰᠤᠷᠤᠯᠴᠠᠯᠭ᠎ᠠ᠂ ᠲᠤᠰᠬᠠᠢ ᠰᠡᠳᠦᠪᠲᠦ ᠲᠠᠶᠢᠯᠤᠮᠵᠢ᠂ ᠲᠤᠰᠬᠠᠢ ᠰᠡᠳᠦᠪ ᠢᠶᠠᠷ ᠰᠤᠳᠤᠯᠤᠨ | ᠶᠠᠷᠢᠯᠴᠠᠬᠤ᠂ ︽ᠭᠤᠷᠪᠠᠨ ᠬᠤᠷᠠᠯ ᠨᠢᠭᠡ ᠬᠢᠴᠢᠶᠡᠯ︾ ᠵᠡᠷᠭᠡ ᠠᠷᠭ᠎ᠠ ᠬᠡᠯᠪᠡᠷᠢ ᠪᠠᠷ ᠬᠤᠷᠠᠯ ᠤᠨ ᠵᠣᠷᠢᠭ ᠰᠠᠨᠠᠭ᠎ᠠ ᠶᠢ | ᠴᠠᠭ ᠲᠤᠬᠠᠢ ᠳᠤ ᠨᠢ ᠰᠤᠷᠤᠯᠴᠠᠨ ᠤᠯᠠᠮᠵᠢᠯᠠᠵᠤ᠂ ᠦᠨᠳᠦᠰᠦᠲᠡᠨ ᠨᠦᠭᠦᠳ ᠤᠨ ᠨᠠᠮ ᠤᠨ ᠭᠡᠰᠢᠭᠦᠨ ᠺᠠᠳ᠋ᠷ ᠠᠵᠢᠯᠳᠠᠨ | ᠠᠵᠢᠯᠴᠢᠨ ᠤ ᠦᠵᠡᠯ ᠰᠠᠨᠠᠭ᠎ᠠ ᠲᠠᠨᠢᠯᠲᠠ ᠪᠣᠯᠤᠨ ᠦᠢᠯᠡ ᠠᠵᠢᠯᠯᠠᠭ᠎ᠠ ᠶᠢ ᠦᠳᠲᠡᠷ ᠲᠦᠷᠭᠡᠨ ᠶᠡᠷᠦᠩᠬᠡᠢ ᠱᠦᠵᠢ | ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ | ᠰᠠᠨᠠᠭ᠎ᠠ ᠲᠠᠢ ᠨᠢᠭᠡᠳᠬᠡᠪᠡ᠃ ᠪᠤᠭᠤᠲᠤ ᠶᠢᠨ ᠪᠤᠯᠤᠳ ᠲᠡᠮᠤᠷ ᠤᠨ ᠪᠦᠯᠦᠭᠯᠡᠯ ᠤᠨ ᠲᠥᠯᠥᠭᠡᠯᠡᠭᠴᠢ ᠪᠠᠰᠠ | ᠦᠨᠳᠦᠰᠦᠲᠡᠨ ᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ᠂ ᠦᠨᠳᠦᠰᠦᠲᠡᠨ ᠤ ᠣᠨᠣᠯ | ᠲᠥᠷᠥ ᠶᠢᠨ ᠪᠣᠳᠣᠯᠭ᠎ᠠ ᠶᠢᠨ ᠰᠤᠷᠤᠯᠴᠠᠯᠭ᠎ᠠ ᠶᠢ ᠴᠢᠩᠭᠠᠳᠬᠠᠬᠤ᠂ ᠦᠨᠳᠦᠰᠦᠲᠡᠨ ᠤ ᠪᠦᠯᠬᠦᠮᠳᠡᠯ ᠤᠨ ᠰᠠᠶᠢᠨ | ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ | ᠠᠭᠤᠯᠤᠭᠳᠠᠬᠤᠨ ᠢ ᠭᠦᠨᠵᠡᠭᠡᠶᠢᠷᠡᠭᠦᠯᠬᠦ᠂ ︽ᠠᠮᠢ ᠠᠬᠤᠶ ᠶᠢ ᠤᠷᠢᠳ ᠢᠶᠠᠷ ᠪᠣᠳᠣᠯᠬᠢᠯᠠᠵᠤ᠂ ᠪᠣᠬᠢᠷᠲᠤᠯ ᠥᠬᠡᠶ | ᠬᠥᠭᠵᠢᠭᠦᠯᠬᠦ︾ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ᠂ | ᠬᠤᠪᠢᠰᠬᠠᠯ ᠤᠨ ᠤᠳᠤᠮᠰᠢᠯ ᠢ ᠤᠯᠠᠮᠵᠢᠯᠠᠨ ᠵᠠᠯᠭᠠᠮᠵᠢᠯᠠᠬᠤ᠂ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠥᠯᠥ | ᠮᠠᠷᠲᠠᠬᠤ ᠵᠡᠷᠭᠡ ᠵᠢᠷᠭᠤᠭᠠᠨ ᠲᠠᠯ᠎ᠠ ᠠᠴᠠ ᠦᠨᠳᠦᠰᠦᠲᠡᠨ ᠤ ᠪᠦᠯᠬᠦᠮᠳᠡᠯ ᠤᠨ ᠠᠵᠢᠯ ᠢ ᠥᠷᠨᠢᠭᠦᠯᠦᠭᠰᠡᠨ ᠲᠤᠷᠰᠢᠯᠭ᠎ᠠ | ᠪᠠ ᠠᠷᠭ᠎ᠠ ᠬᠢᠳᠡᠯ ᠢᠶᠠᠨ ᠠᠭᠤᠵᠢᠷᠠᠲᠠᠯ᠎ᠠ ᠶᠠᠷᠢᠵᠠᠢ᠃ | | ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠤᠪᠢ ᠬᠥᠮᠦᠨ ᠸᠠᠩ ᠰᠤ᠋ ᠮᠧᠶ | | ᠦᠬᠠᠶ ᠬᠤᠲᠠ ᠶᠢᠨ ᠬᠠᠶᠢᠷᠤᠪ ᠤᠨ ᠲᠣᠬᠤᠶ ᠲᠣᠭᠤᠷᠢᠭ ᠤᠨ ᠬᠤᠶᠠᠳᠤᠭᠠᠷ ᠬᠡᠦᠬᠡᠳ ᠤᠨ ᠴᠡᠴᠡᠷᠯᠢᠭ ᠤᠨ | ᠳᠠᠷᠤᠭ᠎ᠠ ᠸᠠᠩ ᠰᠤ᠋ ᠮᠧᠶ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠳᠤ ᠵᠢᠳᠬᠦᠭᠰᠡᠨ 30 ᠵᠢᠯ ᠳᠤ | ᠪᠥᠬᠦ ᠪᠠᠭᠰᠢ ᠨᠠᠷ ᠢᠶᠠᠨ ᠳᠠᠭᠠᠭᠤᠯᠤᠨ ᠬᠢᠴᠢᠶᠡᠯ ᠤᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠦᠨᠳᠦᠰᠦᠲᠡᠨ ᠤ | ᠪᠦᠯᠬᠦᠮᠳᠡᠯ ᠢ ᠬᠡᠦᠬᠡᠳ ᠤᠨ ᠴᠡᠴᠡᠷᠯᠢᠭ ᠠᠴᠠ ᠡᠬᠢᠯᠡᠨ ᠠᠳᠬᠤᠬᠤ ᠶᠢ ᠪᠠᠷᠢᠮᠲᠠᠯᠠᠵᠤ᠂ ᠬᠡᠷ ᠪᠦᠯᠢ᠂ ᠴᠡᠴᠡᠷᠯᠢᠭ᠂ | ᠨᠡᠶᠢᠭᠡᠮ ᠲᠣᠭᠤᠷᠢᠭ ᠬᠠᠮᠲᠤ ᠪᠠᠷ ᠣᠷᠣᠯᠴᠠᠭᠰᠠᠨ ᠦᠨᠳᠦᠰᠦᠲᠡᠨ ᠤ ᠪᠦᠯᠬᠦᠮᠳᠡᠯ ᠪᠠ ᠤᠯᠤᠰ ᠢᠶᠠᠨ ᠬᠠᠶᠢᠷᠠᠯᠠᠬᠤ | ᠦᠵᠡᠯ ᠤᠨ ᠬᠥᠮᠦᠵᠢᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠬᠤᠶᠠᠳᠤᠭᠠᠷ ᠬᠡᠦᠬᠡᠳ ᠤᠨ ᠴᠡᠴᠡᠷᠯᠢᠭ ᠢ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠤᠨ ᠰᠠᠭᠤᠷᠢᠨ ᠭᠠᠵᠠᠷ ᠪᠣᠯᠭᠠᠨ | ᠪᠠᠶᠢᠭᠤᠯᠪᠠ᠃ ᠮᠠᠨ ᠤ ᠤᠯᠤᠰ ᠤᠨ ᠤᠯᠠᠮᠵᠢᠯᠠᠯᠲᠤ ᠪᠠᠶᠠᠷ ᠤᠨ ᠡᠳᠦᠷ ᠪᠣᠯᠬᠤ ᠪᠦᠷᠢ᠂ ᠬᠡᠦᠬᠡᠳ ᠤᠨ ᠴᠡᠴᠡᠷᠯᠢᠭ ᠤᠨ | ᠬᠢᠨ ᠴᠥᠮ ᠠᠳᠠᠯᠢ ᠪᠤᠰᠤ ᠭᠤᠣᠯ ᠰᠡᠳᠦᠪ ᠪᠠ ᠬᠡᠯᠪᠡᠷᠢ ᠪᠦᠬᠦᠢ ᠤᠯᠤᠰ ᠢᠶᠠᠨ ᠬᠠᠶᠢᠷᠠᠯᠠᠬᠤ ᠦᠵᠡᠯ ᠤᠨ | ᠬᠥᠮᠦᠵᠢᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠪᠠᠷ ᠲᠠᠮᠵᠢᠭᠤᠯᠤᠨ᠂ ᠳᠤᠮᠳᠠᠳᠤ ᠶᠢᠨ ᠰᠢᠯᠢᠳᠡᠭ | ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠬᠡᠦᠬᠡᠳ ᠢ ᠬᠠᠷᠠᠬᠠᠨ ᠪᠠᠭ᠎ᠠ ᠠᠴᠠ ᠨᠢ ᠪᠢ ᠪᠤᠯ ᠳᠤᠮᠳᠠᠳᠤ | ᠤᠯᠤᠰ ᠤᠨ ᠬᠥᠮᠦᠨ ᠭᠡᠳᠡᠭ ᠤᠮᠤᠭ ᠪᠠᠭ᠋ᠠᠳᠤᠯᠳᠤ ᠰᠡᠳᠬᠢᠯᠭᠡ ᠲᠠᠢ ᠪᠤᠯᠭᠠᠨ ᠬᠦᠮᠦᠵᠢᠬᠦᠯᠪᠡ᠃ ᠡᠨᠡ ᠵᠢᠯ᠂ ᠨᠠᠮ ᠤᠨ | ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠤᠨ ᠭᠠᠷᠠᠭ ᠪᠦᠷᠢ ︽ᠤᠷᠳᠤ ᠵᠠᠮ ᠤᠨ ᠠᠶᠠᠨ ᠲᠠᠶᠢᠨ ᠤ | ᠦᠯᠢᠭᠡᠷ︾ ᠭᠡᠳᠡᠭ ᠸᠢᠳᠢᠣ᠋ ᠦᠵᠡᠬᠦ ᠠᠵᠢᠯᠯᠠᠭ᠎ᠠ ᠥᠷᠨᠢᠭᠦᠯᠵᠦ᠂ ᠭᠡᠷ ᠤᠨ ᠠᠬᠠᠮᠠᠳ ᠢ ᠬᠡᠦᠬᠡᠳ ᠲᠤ ᠪᠠᠨ ᠪᠠᠷ᠎ᠠ | ᠪᠤᠯᠵᠤ ᠤᠷᠳᠤ ᠵᠠᠮ ᠤᠨ ᠠᠶᠠᠨ ᠲᠠᠶᠢᠨ ᠤ ᠦᠯᠢᠭᠡᠷ ᠢ ᠬᠠᠮᠲᠤ ᠪᠠᠷ ᠰᠣᠨᠢᠷᠬᠠᠵᠤ᠂ ᠲᠤᠭ᠎ᠠ ᠲᠣᠮᠰᠢ ᠦᠭᠡᠢ | ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠠᠷᠢᠭᠤᠨ ᠴᠢᠰᠤ ᠪᠠ ᠠᠮᠢ ᠨᠠᠰᠤ ᠪᠠᠷ ᠢᠶᠠᠨ ᠮᠠᠨ ᠤ | ᠥᠨᠥᠳᠦᠷ ᠤᠨ ᠵᠣᠯ ᠵᠢᠷᠭᠠᠯᠲᠤ ᠠᠮᠢᠳᠤᠷᠠᠯ ᠢ ᠰᠣᠯᠢᠵᠤ ᠠᠪᠴᠢᠷᠠᠭᠰᠠᠨ ᠳᠤ ᠲᠠᠯᠠᠷᠬᠠᠬᠤ ᠬᠡᠷᠡᠭᠲᠡᠢ ᠭᠡᠵᠦ ᠱᠠᠭᠠᠷᠳᠠᠪᠠ᠃ | ᠪᠠᠰᠠ ︽ᠠᠪᠤ ᠡᠵᠢ ᠶᠢᠨ ᠥᠯᠢᠭᠡᠷ ᠤᠨ ᠪᠦᠯᠬᠦᠮ︾ ᠪᠠᠶᠢᠭᠤᠯᠵᠤ᠂ ᠭᠠᠷᠠᠭ ᠪᠦᠷᠢ ᠠᠩᠭᠢ ᠨᠢᠭᠡᠴᠢ ᠳᠤ ᠭᠦᠨᠵᠡᠭᠡᠶᠢᠷᠡᠨ | ᠪᠥᠬᠦ ᠴᠡᠴᠡᠷᠯᠢᠭ ᠤᠨ ᠬᠡᠦᠬᠡᠳ ᠲᠤ ᠨᠠᠮ ᠤᠨ ᠲᠡᠦᠬᠡ ᠶᠢᠨ ᠣᠬᠤᠷ ᠥᠯᠢᠭᠡᠷ ᠪᠠ ᠦᠨᠳᠦᠰᠦᠲᠡᠨ ᠤ ᠪᠦᠯᠬᠦᠮᠳᠡᠯ ᠤᠨ | ᠥᠯᠢᠭᠡᠷ ᠢ ᠶᠠᠷᠢᠵᠤ ᠥᠭᠭᠦᠨ᠂ ᠬᠡᠷ ᠪᠦᠯᠢ ᠶᠢᠨ ᠬᠥᠮᠦᠨ ᠬᠥᠮᠦᠵᠢᠭᠦᠯᠬᠦ ᠦᠢᠯᠡᠳᠦᠯ ᠢ ᠬᠦᠢᠴᠡᠳ ᠪᠠᠳᠠᠷᠠᠭᠤᠯᠵᠤ᠂ | ᠬᠡᠦᠬᠡᠳ ᠤᠨ ︽ᠬᠥᠮᠦᠨ ᠤ ᠠᠮᠢᠳᠤᠷᠠᠯ ᠤᠨ ᠠᠩᠬᠠᠨ ᠤ ᠲᠣᠪᠴᠢ ᠶᠢ ᠨᠢ ᠰᠠᠶᠢᠳᠤᠷ ᠲᠤᠪᠴᠢᠯᠠᠵᠤ︾ ᠦᠭᠴᠡᠢ᠃ | | ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠤᠪᠢ ᠬᠥᠮᠦᠨ ᠭᠦᠸᠧ | ᠫᠢᠩ ᠫᠢᠩ | | ᠬᠥᠯᠥᠨ ᠪᠤᠶᠢᠷ ᠬᠤᠲᠠ ᠶᠢᠨ ᠮᠣᠷᠢᠨᠳᠠᠪᠠᠭ᠎ᠠ ᠶᠢᠨ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ | ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ | ᠲᠣᠪᠴᠢᠶᠠᠨ ᠳᠠᠷᠤᠭ᠎ᠠ ᠭᠦᠸᠧ ᠫᠢᠩ ᠫᠢᠩ ᠤᠷᠢᠳ ᠬᠤᠵᠢᠳ ᠲᠠᠪᠤᠨ ᠪᠠᠶᠢᠭᠤᠯᠭ᠎ᠠ ᠨᠢᠭᠡᠴᠢ᠂ ᠭᠤᠷᠪᠠᠨ ᠰᠢᠶᠠᠩ | ᠪᠠᠯᠭᠠᠰᠤᠨ ᠳᠤ ᠠᠵᠢᠯᠯᠠᠪᠠ᠃ ᠲᠡᠷᠡ ᠰᠢᠪᠠᠷᠳᠤ ᠪᠠᠯᠭᠠᠰᠤᠨ ᠤ ᠳᠠᠷᠤᠭ᠎ᠠ ᠪᠠᠶᠢᠬᠤ ᠳᠤ ᠪᠠᠨ ᠬᠡᠰᠡᠭ ᠲᠣᠭᠤᠷᠢᠭ ᠤᠨ | ᠠᠵᠤ ᠠᠬᠤᠶ ᠶᠢ ᠬᠥᠭᠵᠢᠭᠦᠯᠬᠦ ᠠᠰᠢᠭᠲᠠᠶ ᠵᠠᠭᠪᠤᠷ ᠢ ᠰᠦᠪᠡᠭᠴᠢᠯᠡᠨ᠂ ᠪᠠᠯᠠ ᠮᠥᠩᠭᠦ ᠤᠯᠬᠤ᠂ ᠴᠢᠳᠠᠪᠤᠷᠢᠲᠠᠨ ᠡᠷᠢᠬᠦ᠂ | ᠲᠠᠷᠢᠶᠠᠴᠢᠨ ᠡᠷᠦᠬᠡ ᠶᠢ ᠬᠠᠪᠰᠤᠷᠬᠤ᠂ ᠬᠦᠴᠢᠷ ᠠᠰᠠᠭᠤᠳᠠᠯ ᠢ ᠰᠢᠢᠳᠪᠦᠷᠢᠯᠡᠬᠦ ᠪᠠᠷ ᠳᠠᠮᠵᠢᠭᠤᠯᠤᠨ᠂ ᠪᠠᠯᠭᠠᠰᠤᠨ ᠤ | ᠬᠡᠪᠴᠢᠶᠡᠨ ᠳᠤ ᠪᠣᠬᠢᠷᠲᠤᠯ ᠥᠬᠡᠶ ᠣᠷᠭᠠᠨᠢᠭ ᠤᠰᠤᠨ ᠲᠤᠲᠤᠷᠭ᠎ᠠ ᠲᠠᠷᠢᠵᠤ᠂ ᠥᠨᠳᠥᠷ ᠪᠦᠲᠦᠮᠵᠢᠲᠡᠶ | ᠲᠠᠷᠢᠶᠠᠯᠠᠩ ᠤᠨ ᠢᠳᠡᠭᠡᠨ ᠤ ᠮᠥᠭᠦ ᠲᠠᠷᠢᠵᠤ᠂ ᠶᠠᠳᠠᠭᠤ ᠶᠢ ᠲᠡᠳᠬᠦᠬᠦ ᠠᠮᠢ ᠠᠬᠤᠶ ᠶᠢᠨ ᠲᠠᠷᠢᠶᠠᠯᠠᠩ ᠮᠠᠯᠵᠢᠯ ᠤᠨ | ᠲᠠᠯᠠᠪᠠᠶ ᠶᠢᠨ ᠠᠵᠤ ᠦᠢᠯᠡᠰ ᠤᠨ ᠬᠡᠰᠡᠭ ᠲᠣᠭᠤᠷᠢᠭ ᠤᠨ ᠬᠥᠭᠵᠢᠯᠲᠡ ᠶᠢᠨ ᠵᠠᠭᠪᠤᠷ ᠢ ᠪᠣᠶ ᠪᠣᠯᠭᠠᠵᠤ᠂ ᠪᠥᠬᠦ | ᠪᠠᠯᠭᠠᠰᠤᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠢ ᠳᠠᠭᠠᠭᠤᠯᠤᠨ ᠣᠷᠣᠯᠭ᠎ᠠ ᠶᠢ ᠨᠢ ᠨᠡᠮᠡᠭᠳᠡᠭᠦᠯᠦᠨ | ᠪᠠᠶᠠᠵᠢᠭᠤᠯᠵᠤ᠂ ᠪᠥᠬᠦ ᠤᠯᠤᠰ ᠲᠠᠢ ᠬᠠᠮᠲᠤ ᠪᠠᠷ ᠪᠥᠬᠦ ᠲᠠᠯ᠎ᠠ ᠪᠠᠷ ᠴᠢᠨᠡᠭᠡᠯᠢᠭᠵᠢᠭᠰᠡᠨ ᠨᠡᠶᠢᠭᠡᠮ ᠳᠤ ᠠᠯᠬᠤᠨ | ᠣᠷᠣᠵᠠᠢ᠃ ᠲᠡᠷᠡ ᠨᠢᠭᠡ ᠭᠤᠣᠯ ᠳᠡᠭᠡᠷ᠎ᠡ ᠬᠥᠭᠦᠷᠭᠡ ᠲᠠᠯᠪᠢᠬᠤ ᠪᠠᠷ ᠲᠠᠮᠵᠢᠭᠠᠳ ᠠᠷᠠᠳ ᠤᠨ ᠰᠡᠳᠬᠢᠯ ᠢ ᠣᠯᠤᠭᠰᠠᠨ | ᠦᠢᠯᠡ ᠶᠠᠪᠤᠳᠠᠯ ᠢᠶᠠᠨ ᠤᠯᠠᠨ ᠲᠠᠢ ᠬᠤᠪᠢᠶᠠᠯᠴᠠᠪᠠ᠃ ᠲᠡᠷᠡ᠄ ︽ᠨᠤᠲᠤᠭ ᠤᠨ ᠠᠬ᠎ᠠ ᠳᠡᠭᠦᠦ ᠨᠡᠷ ᠤᠨ | ᠢᠨᠢᠶᠡᠮᠰᠦᠭᠯᠡᠭᠰᠡᠨ ᠴᠢᠷᠠᠢ ᠶᠢ ᠬᠠᠷᠭᠠᠳ᠂ ᠮᠢᠨᠦ ᠦᠡᠭᠭᠡᠷᠡᠬᠦᠯᠦᠭᠰᠡᠨ ᠬᠦᠴᠢᠷᠳᠡᠯ ᠢ ᠪᠦᠷ ᠪᠡᠨ᠎ᠡ ᠲᠠᠢ ᠬᠡᠵᠦ ᠪᠤᠳᠤᠯ᠎ᠠ᠂ | ᠬᠡᠳᠦ᠋ᠢᠪᠡᠷ ᠨᠢᠭᠤᠷ ᠴᠢᠷᠠᠢ ᠨᠡᠷᠡᠨ ᠳᠤ ᠰᠢᠷᠠᠭᠳᠠᠨ ᠬᠠᠷᠠᠯᠠᠵᠤ ᠪᠤᠷᠤᠯᠠᠬᠰᠠᠨ ᠪᠤᠯᠪᠠᠴᠤ᠂ ᠰᠡᠳᠬᠢᠯ ᠰᠠᠨᠠᠭ᠎ᠠ ᠮᠠᠨᠢ | ᠤᠯᠠᠨ ᠲᠦᠮᠡᠨ ᠲᠠᠢ ᠤᠯᠠᠮ ᠢᠶᠠᠷ ᠤᠶᠢᠷᠠᠳᠤᠬᠰᠠᠨ ᠶᠤᠮ︾ ᠬᠡᠪᠡ᠃ ᠡᠨᠡ ᠵᠢᠯ᠂ ᠲᠡᠷᠡ ᠮᠣᠷᠢᠨᠳᠠᠪᠠᠭ᠎ᠠ ᠶᠢᠨ ᠳᠠᠭᠤᠷ | ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠪᠠᠨ ᠰᠣᠶᠣᠯ ᠪᠠ ᠵᠢᠭᠤᠯᠴᠢᠯᠠᠯ ᠤᠨ ᠲᠣᠪᠴᠢᠶᠠᠨ ᠳᠤ | ᠠᠵᠢᠯ ᠰᠢᠯᠵᠢᠵᠠᠢ᠃ ᠲᠡᠷᠡ᠄ ︽ᠪᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠳᠤᠳᠬᠠᠬᠤ ᠪᠠᠷ ᠭᠤᠤᠯ ᠰᠢᠵᠢᠮ ᠪᠤᠯᠭᠠᠨ ᠰᠣᠶᠣᠯ ᠪᠠ ᠵᠢᠭᠤᠯᠴᠢᠯᠠᠯ ᠤᠨ ᠠᠵᠢᠯ ᠢ ᠰᠠᠶᠢᠲᠤᠷ ᠬᠢᠵᠦ᠂ ᠨᠡᠶᠢᠭᠡᠮ | ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠪᠠᠷ ᠤᠳᠤᠷᠢᠳᠤᠮᠵᠢ ᠪᠣᠯᠭᠠᠵᠤ᠂ ᠦᠨᠳᠦᠰᠦᠲᠡᠨ ᠨᠦᠭᠦᠳ ᠤᠨ | ᠰᠣᠶᠣᠯ ᠢ ᠤᠯᠠᠮᠵᠢᠯᠠᠨ ᠬᠠᠮᠠᠭᠠᠯᠠᠬᠤ ᠪᠠ ᠰᠢᠨ᠎ᠡ ᠶᠢ ᠡᠭᠦᠳᠴᠦ ᠠᠭᠤᠰᠤᠯᠴᠠᠭᠤᠯᠬᠤ ᠶᠢ ᠠᠬᠢᠭᠤᠯᠵᠤ᠂ ᠰᠣᠶᠣᠯ ᠪᠠ | ᠵᠢᠭᠤᠯᠴᠢᠯᠠᠯ ᠤᠨ ᠠᠭᠤᠰᠤᠯᠴᠠᠯ ᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠬᠠᠮᠲᠤ ᠶᠢᠨ ᠬᠥᠭᠵᠢᠯᠲᠡ | ᠳᠠᠪᠰᠢᠯᠲᠠ ᠶᠢ ᠠᠬᠢᠭᠤᠯᠤᠨ᠎ᠠ︾ ᠬᠡᠵᠦ ᠬᠡᠯᠡᠪᠡ᠃ | | ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠤᠪᠢ ᠬᠥᠮᠦᠨ ᠪᠦᠦ ᠶᠠ ᠯᠢ | | ᠤᠯᠠᠭᠠᠨᠬᠠᠳᠠ ᠬᠤᠳᠠ ᠶᠢᠨ ᠠᠤᠬᠠᠨ ᠬᠤᠰᠢᠭᠤᠨ ᠤ ᠤᠷᠤᠢ ᠶᠢᠨ ᠰᠦᠮ᠎ᠡ ᠰᠤᠮᠤ ᠶᠢᠨ ᠨᠠᠮ ᠤᠨ | ᠬᠤᠷᠢᠶᠠᠨ ᠤ ᠱᠦᠵᠢ ᠪᠦᠦ ᠶᠠ ᠯᠢ 28 ᠵᠢᠯ ᠦᠨᠳᠦᠰᠦᠨ ᠱᠠᠲᠤᠨ ᠳᠤ ᠠᠵᠢᠯᠯᠠᠬᠤ ᠳᠤ ᠪᠠᠨ᠂ ᠰᠤᠮᠤ ᠶᠢᠨ ᠢᠶᠠᠨ | 57.6 ᠲᠦᠮᠡᠨ ᠮᠦ ᠮᠠᠯᠵᠢᠯ ᠤᠨ ᠲᠠᠯᠠᠪᠠᠢ ᠪᠠ ᠡᠯᠡᠰᠦᠷᠬᠡᠭ ᠭᠠᠵᠠᠷ ᠢᠶᠠᠨ ᠲᠠᠨᠢᠨ ᠶᠠᠪᠤᠵᠤ᠂ ︽ᠲᠡᠵᠢᠭᠡᠬᠦ ᠶᠢᠨ | ᠲᠥᠯᠥᠭᠡ ᠲᠠᠷᠢᠬᠤ᠂ ᠮᠠᠯ ᠠᠵᠤ ᠠᠬᠤᠢ ᠶᠢᠨ ᠲᠥᠯᠥᠭᠡ ᠲᠠᠷᠢᠶᠠᠯᠠᠬᠤ᠂ ᠡᠪᠡᠰᠦ ᠪᠠᠷ ᠮᠠᠯ ᠤᠨ ᠲᠤᠭ᠎ᠠ ᠶᠢ | ᠲᠣᠭᠲᠠᠭᠠᠬᠤ᠂ ᠠᠮᠢ ᠠᠬᠤᠶ ᠶᠢ ᠲᠡᠷᠢᠭᠦᠨ ᠳᠤ ᠲᠠᠯᠪᠢᠬᠤ︾ ᠠᠵᠢᠯ ᠤᠨ ᠰᠡᠳᠬᠢᠴᠡ ᠶᠢ ᠲᠤᠷᠠᠳᠴᠤ᠂ ᠰᠤᠮᠤᠨ ᠤ ᠪᠠᠨ | ᠦᠨᠳᠦᠰᠦᠲᠡᠨ ᠨᠦᠭᠦᠳ ᠤᠨ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠦᠬᠡᠷ ᠬᠤᠨᠢ ᠲᠡᠵᠢᠭᠡᠨ | ᠦᠷᠡᠵᠢᠭᠦᠯᠬᠦ ᠶᠢ ᠶᠡᠬᠡᠪᠡᠷ ᠬᠦᠭᠵᠢᠬᠦᠯᠵᠦ᠂ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠢ ᠪᠤᠶᠢᠵᠢᠭᠤᠯᠤᠨ | ᠪᠤᠵᠠᠭᠠᠶᠢᠷᠠᠭᠤᠯᠵᠤ᠂ ᠠᠵᠤ ᠦᠢᠯᠡᠰ ᠤᠨ ᠪᠦᠲᠦᠴᠡ ᠶᠢ ᠲᠤᠬᠢᠷᠠᠭᠤᠯᠵᠤ᠂ ᠮᠠᠯ ᠠᠵᠤ ᠠᠬᠤᠶ ᠶᠢᠨ ᠬᠥᠭᠵᠢᠯᠲᠡ ᠳᠤ | ᠪᠠᠲᠤ ᠪᠠᠬᠢ ᠰᠠᠭᠤᠷᠢ ᠲᠠᠯᠪᠢᠨ ᠦᠭᠴᠦ᠂ ︽ᠠᠯᠠᠰᠢᠨ ᠤ ᠦᠬᠡᠷ᠂ ᠰᠠᠭᠠᠯᠢ ᠶᠢᠨ ᠦᠨᠢᠶ᠎ᠡ᠂ ᠠᠯᠠᠰᠢᠨ ᠤ ᠬᠤᠨᠢ︾ ᠪᠠᠷ | ᠲᠤᠯᠭᠠᠭᠤᠷᠢ ᠪᠣᠯᠭᠠᠭᠰᠠᠨ ᠠᠵᠤ ᠦᠢᠯᠡᠰ ᠤᠨ ᠪᠠᠶᠢᠷᠢᠰᠢᠯ ᠢ ᠪᠦᠷᠢᠯᠳᠦᠬᠦᠯᠵᠦ᠂ ᠬᠥᠮᠦᠨ ᠪᠦᠷᠢ ᠳᠤ ᠳᠤᠮᠳᠠᠴᠢ ᠪᠠᠷ | ᠭᠤᠷᠪᠠᠨ ᠦᠬᠡᠷ᠂ ᠠᠷᠪᠠᠨ ᠬᠤᠨᠢ ᠨᠤᠬᠳᠠᠬᠤ ᠮᠠᠯ ᠪᠡᠯᠴᠢᠭᠡᠷ ᠤᠨ ᠲᠡᠩᠴᠡᠭᠦᠷᠢ ᠶᠢᠨ ᠬᠠᠷᠠᠯᠲᠠ ᠶᠢ ᠪᠡᠶᠡᠯᠡᠬᠦᠯᠵᠦ᠂ | ᠶᠠᠳᠠᠭᠤ ᠬᠦᠴᠢᠷᠳᠡᠯᠲᠡᠶ ᠡᠷᠦᠬᠡ ᠶᠢ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠶᠢ ᠠᠬᠢᠭᠤᠯᠵᠠᠢ᠃ ᠲᠡᠷᠡ᠄ | ︽ᠤᠤᠯ ᠨᠢ ᠲᠣᠰᠬᠤᠨ ᠪᠣᠯᠤᠨ ᠲᠣᠰᠬᠤᠨ ᠤ ᠬᠤᠭᠤᠷᠣᠨᠳᠣ ᠪᠦᠷ ᠬᠠᠶᠢᠷ ᠴᠢᠯᠠᠭᠤᠨ ᠵᠠᠮ ᠪᠠᠶᠢᠬᠰᠠᠨ ᠶᠤᠮ᠂ ᠤᠳᠤ | ᠪᠦᠷ ᠱᠦᠢᠨᠢ ᠵᠠᠮ ᠨᠡᠪᠲᠡᠷᠡᠵᠦ᠂ ᠬᠥᠳᠡᠯᠭᠡᠬᠦ ᠬᠦᠴᠦᠨ ᠤ ᠴᠠᠬᠢᠯᠭᠠᠨ᠂ ᠰᠦᠯᠵᠢᠶ᠎ᠡ ᠲᠧᠯᠸᠢᠰ ᠵᠡᠷᠭᠡ ᠨᠢᠭᠡᠨᠲᠡ ᠨᠡᠶᠢᠳᠡᠮ | ᠨᠡᠪᠳᠡᠷᠡᠪᠡ᠃ ᠪᠢᠳᠡ ᠪᠠᠰᠠ ᠪᠥᠬᠦ ᠬᠤᠰᠢᠭᠤᠨ ᠤ ᠠᠩᠬᠠᠳᠠᠭᠴᠢ ᠴᠠᠭᠠᠨ ᠢᠳᠡᠭᠡᠨ ᠤ ᠦᠢᠯᠡᠳᠪᠦᠷᠢ ᠶᠢ ᠪᠠᠶᠢᠭᠤᠯᠵᠤ᠂ | ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠲᠠᠢ ᠠᠩᠬ᠎ᠠ ᠤᠳᠠᠭ᠎ᠠ ᠬᠠᠮᠳᠤᠷᠠᠯᠴᠠᠨ ᠪᠣᠷᠳᠣᠨ ᠲᠠᠷᠭᠤᠯᠠᠭᠤᠯᠬᠤ | ᠬᠤᠨᠢᠨ ᠤ ᠠᠵᠤ ᠦᠢᠯᠡᠰ ᠢ ᠬᠥᠭᠵᠢᠭᠦᠯᠵᠦ᠂ ᠢᠳᠡᠰᠢᠨ ᠦᠬᠡᠷ ᠤᠨ ᠠᠵᠤ ᠦᠢᠯᠡᠰ ᠨᠢ ︽ᠪᠠᠭ᠎ᠠ ᠬᠡᠪᠴᠢᠶ᠎ᠡ ᠲᠠᠢ᠂ | ᠲᠣᠮᠣ ᠬᠠᠮᠲᠤᠯᠢᠭ︾ ᠪᠦᠬᠦᠢ ᠡᠵᠡᠩᠨᠡᠯᠲᠡ ᠶᠢᠨ ᠵᠠᠭᠪᠤᠷ ᠢ ᠪᠡᠶᠡᠯᠡᠬᠦᠯᠵᠦ᠂ ᠣᠲᠣ ᠰᠤᠮᠤᠨ ᠤ | ᠦᠨᠳᠦᠰᠦᠲᠡᠨ ᠨᠦᠭᠦᠳ ᠤᠨ ᠣᠯᠠᠨ ᠲᠦᠮᠡᠨ ᠤ ᠵᠣᠯ ᠵᠢᠷᠭᠠᠯ ᠤᠨ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠨᠢ | ᠳᠠᠬᠢᠨ ᠢᠶᠠᠷ ᠨᠡᠮᠡᠭᠳᠡᠵᠡᠢ︾ ᠬᠡᠵᠦ ᠬᠡᠯᠡᠪᠡ᠃ | | ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠤᠪᠢ ᠬᠥᠮᠦᠨ | ᠤᠳᠬᠤᠨᠬᠤᠸᠠᠷ | | ︽ᠦᠨᠳᠦᠰᠦᠲᠡᠨ ᠨᠦᠭᠦᠳ ᠨᠢᠭᠡ ᠭᠡᠷ ᠪᠦᠯᠢ ᠶᠢᠨ ᠬᠢᠨ ᠮᠡᠲᠦ ᠳᠣᠲᠣᠨᠣ ᠪᠦᠯᠬᠦᠮᠳᠡᠵᠦ᠂ ᠮᠠᠨ ᠤ ᠤᠯᠤᠰ ᠤᠨ | 56 ᠦᠨᠳᠦᠰᠦᠲᠡᠨ ᠨᠢ ᠴᠥᠮ ᠨᠢᠭᠡ ᠬᠡᠷ ᠪᠦᠯᠢ ᠶᠢᠨ ᠬᠥᠮᠦᠨ ᠶᠤᠮ︕︾᠃ ᠤᠳᠬᠤᠨᠬᠤᠸᠠᠷ ᠪᠣᠯ ᠤᠷᠳᠤᠰ | ᠬᠤᠳᠠ ᠶᠢᠨ ᠬᠠᠩᠭᠢᠨ ᠬᠤᠰᠢᠭᠤᠨ ᠤ ᠲᠤᠭᠤᠢ ᠲᠠᠯ᠎ᠠ ᠪᠠᠯᠭᠠᠰᠤ ᠶᠢᠨ ᠳᠠᠭᠤᠲᠤ ᠭᠠᠴᠠᠭ᠎ᠠ ᠶᠢᠨ ᠡᠭᠡᠯ ᠵᠢᠷ ᠤᠨ ᠨᠢᠭᠡᠨ | ᠮᠠᠯᠴᠢᠨ ᠪᠣᠯᠤᠨ᠎ᠠ᠂ ᠶᠠᠳᠠᠭᠤ ᠠᠴᠠ ᠠᠩᠭᠢᠵᠢᠷᠠᠬᠤ ᠶᠢᠨ ᠲᠥᠯᠥᠭᠡ᠂ ᠶᠡᠷᠡᠭᠡᠳ ᠣᠨ ᠠᠴᠠ ᠡᠬᠢᠯᠡᠨ ᠬᠠᠩᠭᠢᠨ | ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠮᠣᠳᠣ ᠲᠠᠷᠢᠨ ᠡᠯᠡᠰᠦ ᠶᠢ ᠵᠠᠰᠠᠵᠤ᠂ ᠤᠯᠠᠨ ᠵᠢᠯ ᠤᠨ | ᠴᠥᠬᠦᠷᠡᠰᠢ ᠦᠭᠡᠢ ᠴᠢᠷᠮᠠᠶᠢᠯᠭ᠎ᠠ ᠪᠠᠷ ᠳᠠᠮᠵᠢᠨ᠂ ᠬᠥᠪᠴᠢ ᠶᠢᠨ ᠡᠯᠡᠰᠦᠨ ᠳᠤ ᠲᠤᠬᠠᠢ ᠶᠢᠨ ᠭᠠᠵᠠᠷ ᠤᠨ ᠠᠵᠤ | ᠠᠬᠤᠢ ᠶᠢᠨ ᠠᠮᠢᠨ ᠰᠤᠳᠠᠰᠤ ᠶᠢ ᠬᠤᠯᠪᠣᠭᠰᠠᠨ ︽ᠡᠯᠡᠰᠦ ᠶᠢ ᠳᠤᠭᠤᠯᠤᠭᠰᠠᠨ ᠵᠠᠰᠠᠮᠠᠯ ᠵᠠᠮ︾ ᠢ ᠪᠠᠶᠢᠭᠤᠯᠪᠠ᠃ | 2008 ᠣᠨ ᠳᠤ᠂ ᠲᠡᠷᠡ ᠥᠪᠡᠷ ᠤᠨ ᠠᠩᠬᠢ ᠪᠠᠨ ᠳᠠᠭᠠᠭᠤᠯᠤᠨ ᠡᠯᠡᠰᠦ ᠶᠢ ᠵᠠᠰᠠᠵᠤ ᠡᠬᠢᠯᠡᠪᠡ᠂ ᠡᠬᠢᠨ ᠳᠤ ᠪᠠᠨ | ᠪᠡᠯᠡ ᠮᠥᠩᠭᠦ᠂ ᠮᠡᠷᠭᠡᠵᠢᠯ᠂ ᠠᠵᠢᠯᠳᠠᠨ ᠳᠤᠲᠠᠭᠳᠠᠵᠤ ᠪᠠᠶᠢᠭᠰᠠᠨ ᠵᠡᠷᠭᠡ ᠠᠴᠠ ᠪᠤᠯᠵᠤ ᠳᠠᠪᠬᠤᠷ ᠳᠠᠪᠬᠤᠷ | ᠬᠦᠴᠢᠷᠳᠡᠯ ᠳᠤ ᠲᠤᠯᠭᠠᠷᠠᠵᠠᠢ᠂ ᠭᠡᠪᠡᠴᠦ ᠲᠡᠷᠡ ᠴᠥᠬᠦᠷᠡᠰᠢ ᠦᠭᠡᠢ ᠴᠢᠷᠮᠠᠶᠢᠵᠤ᠂ ᠢᠯᠠᠬᠳᠠᠪᠠᠯ ᠲᠠᠬᠢᠨ ᠬᠢᠵᠦ ᠯᠠ | ᠪᠠᠶᠢᠯ᠎ᠠ᠃ ᠤᠳᠤ ᠡᠯᠡᠰᠦ ᠶᠢ ᠵᠠᠰᠠᠬᠤ ᠲᠥᠬᠦᠭᠡᠷᠦᠮᠵᠢ ᠨᠢ ᠶᠠᠪᠤᠬᠤ ᠲᠤᠳᠤᠮ ᠰᠠᠶᠢᠨ ᠪᠤᠯᠵᠤ᠂ ᠠᠷᠭ᠎ᠠ ᠨᠢ ᠶᠠᠪᠤᠬᠤ | ᠲᠤᠳᠤᠮ ᠰᠢᠨᠵᠢᠯᠡᠬᠦ ᠤᠬᠠᠭᠠᠨᠴᠢ ᠪᠣᠯᠣᠭᠰᠠᠨ ᠢᠶᠠᠷ ᠺᠣᠮᠫᠠᠨᠢ ᠲᠠᠩᠰᠠᠯᠠᠭᠤᠯᠤᠨ ᠪᠠᠶᠢᠭᠤᠯᠤᠬᠰᠠᠨ ᠪᠦᠭᠡᠳ | ᠨᠣᠭᠤᠭᠠᠷᠠᠭᠤᠯᠤᠯᠲᠠ ᠶᠢᠨ ᠦᠢᠯᠡᠰ ᠢᠶᠠᠨ ᠰᠢᠨᠵᠢᠶᠠᠩ᠂ ᠲᠥᠪᠡᠳ ᠲᠤ ᠬᠦᠷᠲᠡᠯ᠎ᠡ ᠥᠷᠭᠡᠳᠬᠡᠵᠦ᠂ ᠲᠤᠬᠠᠢ ᠶᠢᠨ | ᠭᠠᠵᠠᠷ ᠤᠨ ᠤᠯᠠᠨ ᠲᠦᠮᠡᠨ ᠲᠠᠢ ᠬᠠᠮᠲᠤ ᠪᠠᠷ ᠮᠣᠳᠣ ᠲᠠᠷᠢᠵᠤ ᠡᠯᠡᠰᠦ ᠶᠢ ᠵᠠᠰᠠᠵᠤ ᠪᠤᠢ᠃ ᠲᠡᠷᠡ᠄ ︽ᠪᠢ ᠶᠡᠷᠦᠩᠬᠡᠶ | ᠱᠦᠵᠢ ᠰᠢ ᠶᠢᠨ ᠫᠢᠩ ᠤᠨ ᠳᠤᠷᠠᠳᠤᠭᠰᠠᠨ ︿ᠬᠦᠭᠡ ᠠᠭᠤᠯᠠ ᠬᠥᠬᠡᠮᠳᠦᠭ ᠤᠰᠤ ᠪᠣᠯ ᠠᠯᠲᠠ ᠮᠥᠩᠭᠦᠨ ᠠᠭᠤᠯᠠ | ᠮᠥᠨ﹀ ᠭᠡᠬᠦ ᠣᠶᠢᠯᠠᠭᠠᠭᠳᠠᠬᠤᠨ ᠢ ᠤᠶᠢᠯᠠᠭᠠᠨ ᠮᠡᠳᠡᠪᠡ᠂ ᠪᠢ ᠨᠤᠲᠤᠭ ᠤᠰᠤᠨ ᠤ ᠪᠠᠨ ᠬᠤᠪᠢᠷᠠᠯᠲᠠ ᠶᠢ | ᠪᠡᠶ᠎ᠡ ᠪᠠᠷ ᠢᠶᠠᠨ ᠭᠡᠷᠡᠴᠢᠯᠡᠵᠦ᠂ ᠬᠦᠭᠡ ᠠᠭᠤᠯᠠ ᠬᠥᠬᠡᠮᠳᠦᠭ ᠤᠰᠤ ᠶᠢᠨ ᠮᠠᠯᠴᠢᠨ ᠲᠠᠷᠢᠶᠠᠴᠢᠨ ᠳᠤ ᠣᠯᠭᠤᠭᠰᠠᠨ ᠵᠣᠯ | ᠵᠢᠷᠭᠠᠯᠲᠤ ᠠᠮᠢᠳᠤᠷᠠᠯ ᠢ ᠪᠡᠶᠡᠴᠢᠯᠡᠨ ᠤᠶᠢᠯᠠᠭᠠᠬᠰᠠᠨ ᠶᠤᠮ᠃ ᠪᠢᠳᠡ ᠡᠭᠦᠷᠢᠳᠡ ︿ᠨᠠᠮ ᠤᠨ ᠠᠴᠢ ᠳᠤ ᠲᠠᠯᠠᠷᠬᠠᠵᠤ᠂ | ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠵᠤ ᠤᠷᠤᠭᠰᠢᠯᠠᠨ﹀᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠳᠤ ᠲᠠᠯᠪᠢᠭᠰᠠᠨ ᠨᠠᠨᠳᠢᠨ ᠬᠦᠰᠡᠯ ᠱᠠᠭᠠᠷᠳᠠᠯᠭ᠎ᠠ ᠶᠢ ᠪᠠᠲᠤ ᠴᠡᠭᠡᠵᠢᠯᠡᠵᠦ᠂ ᠦᠨᠳᠦᠰᠦᠲᠡᠨ ᠤ ᠪᠦᠯᠬᠦᠮᠳᠡᠯ ᠢ | ᠴᠢᠷᠮᠠᠶᠢᠨ ᠬᠠᠮᠠᠭᠠᠯᠠᠵᠤ᠂ ᠰᠠᠶᠢᠨ ᠰᠠᠶᠢᠬᠠᠨ ᠠᠮᠢᠳᠤᠷᠠᠯ ᠢ ᠬᠠᠮᠳᠤ ᠪᠠᠷ ᠴᠣᠭᠴᠠᠯᠠᠵᠤ᠂ ᠠᠭᠤᠤ ᠶᠡᠭᠡ ᠡᠬᠡ | ᠤᠯᠤᠰ ᠤᠨ ᠢᠶᠠᠨ ᠨᠡᠩ ᠰᠠᠶᠢᠨ ᠰᠠᠶᠢᠬᠠᠨ ᠢᠷᠡᠭᠡᠳᠦᠢ ᠶᠢ ᠬᠠᠮᠳᠤ ᠪᠠᠷ ᠤᠭᠲᠤᠨ᠎ᠠ︾ ᠬᠡᠵᠦ ᠬᠡᠯᠡᠪᠡ᠃ | |