ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠴᠠᠭᠠᠭᠴᠢᠨ ᠭᠠᠭ᠋ᠠᠢ ᠵᠢᠯ ᠤᠨ ᠬᠤᠪᠢᠰᠬᠠᠯ ᠤᠨ 110 ᠵᠢᠯ ᠤᠨ ᠤᠢ ᠶᠢ ᠳᠤᠷᠠᠰᠬᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ
ᠨᠡᠶᠢᠲᠡᠯᠡᠭᠰᠡᠨ ᠴᠠᠭ᠄
2021/10/13
     10 ᠳ᠋ᠤᠭᠠᠷ ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ 2021 ᠣᠨ ᠤ 31 ᠳ᠋ᠤᠭᠡᠷ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠴᠠᠭᠠᠭᠴᠢᠨ ᠭᠠᠭ᠋ᠠᠶ ᠵᠢᠯ ᠤᠨ ᠬᠤᠪᠢᠰᠬᠠᠯ ᠤᠨ 110 ᠵᠢᠯ ᠤᠨ ᠣᠶ ᠶᠢ ᠳᠤᠷᠠᠰᠬᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠲᠠᠩᠰᠠ ᠡᠪᠬᠡᠮᠡᠯ ᠤᠨ ᠠᠵᠢᠯ ᠤᠨ ᠲᠤᠬᠠᠶ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠵᠢᠶᠦ᠋ᠨ ᠬᠤᠷᠠᠯ ᠡᠷᠬᠢᠯᠡᠬᠦ ᠶᠢᠨ ᠬᠠᠮᠳᠤ ᠶᠠᠷᠢᠶ᠎ᠠ ᠲᠠᠯᠪᠢᠵᠠᠶ᠃
      ᠸᠠᠩ ᠵᠢᠶᠦ᠋ᠨ ᠬᠤᠷᠠᠯ ᠡᠷᠬᠢᠯᠡᠵᠦ ᠶᠠᠷᠢᠶ᠎ᠠ ᠲᠠᠯᠪᠢᠵᠦ ᠪᠠᠶᠢᠭ᠎ᠠ ᠨᠢ            ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠭᠡᠬᠦ ᠡᠨᠡ ᠬᠦ ᠭᠤᠣᠯ ᠰᠡᠳᠦᠪ ᠲᠠᠢ ᠨᠢᠭᠲᠠ ᠤᠶᠠᠯᠳᠤᠭᠤᠯᠤᠨ᠂ ᠴᠠᠭᠠᠭᠴᠢᠨ ᠭᠠᠭ᠋ᠠᠶ ᠵᠢᠯ ᠤᠨ ᠬᠤᠪᠢᠰᠬᠠᠯ ᠤᠨ ᠲᠡᠦᠬᠡᠨ ᠭᠠᠪᠢᠶ᠎ᠠ ᠵᠢᠳᠬᠦᠯ ᠪᠠ ᠴᠢᠬᠤᠯᠠ ᠶᠡᠭᠡ ᠠᠴᠢ ᠬᠤᠯᠪᠣᠭᠳᠠᠯ ᠢ ᠳᠡᠭᠡᠳᠦ ᠬᠡᠮᠵᠢᠶ᠎ᠡ ᠪᠠᠷ ᠦᠨᠡᠯᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠦᠨ ᠵᠥᠩ ᠱᠠᠨ ᠠᠪᠤᠭᠠᠶ ᠶᠢᠨ ᠬᠤᠪᠢᠰᠬᠠᠯᠲᠤ ᠦᠢᠯᠡᠰ ᠢ ᠵᠠᠯᠭᠠᠮᠵᠢᠯᠠᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠴᠥᠬᠦᠷᠡᠰᠢ ᠦᠭᠡᠶ ᠲᠡᠮᠡᠴᠡᠭᠰᠡᠨ ᠭᠡᠷᠡᠯ ᠰᠠᠴᠤᠷᠠᠩᠭᠤᠶ ᠲᠡᠦᠬᠡᠨ ᠶᠠᠪᠤᠴᠠ ᠶᠢ ᠡᠷᠭᠢᠴᠡᠭᠦᠯᠦᠨ ᠳ᠋ᠦᠩᠨᠡᠵᠦ᠂ ᠴᠠᠭᠠᠭᠴᠢᠨ ᠭᠠᠭ᠋ᠠᠶ ᠵᠢᠯ ᠤᠨ ᠬᠤᠪᠢᠰᠬᠠᠯ ᠤᠨ 110 ᠵᠢᠯ ᠤᠨ ᠲᠤᠷᠰᠢᠬᠢ ᠲᠡᠦᠬᠡᠨ ᠰᠡᠩᠬᠡᠷᠡᠭᠦᠯᠦᠯ ᠢ ᠭᠦᠨᠵᠡᠭᠡᠶ ᠲᠣᠳᠣᠷᠬᠠᠶᠢᠯᠠᠨ ᠥᠭᠦᠯᠡᠵᠦ᠂ ᠠᠯᠤᠰ ᠬᠡᠳᠦ ᠶᠢᠨ ᠤᠳᠬ᠎ᠠ ᠠᠭᠤᠯᠭ᠎ᠠ ᠲᠠᠢ᠂ ᠬᠥᠮᠦᠰ ᠤᠨ ᠰᠡᠳᠬᠢᠯ ᠢ ᠤᠷᠮᠠᠰᠢᠭᠤᠯᠤᠨ ᠬᠦᠭᠵᠢᠭᠡᠪᠡ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠲᠤᠬᠠᠶᠢᠯᠠᠭᠰᠠᠨ ᠠᠵᠢᠯ ᠳᠤ ᠪᠠᠨ ᠰᠠᠭᠤᠷᠢᠯᠠᠨ᠂ ᠴᠠᠭᠠᠭᠴᠢᠨ ᠭᠠᠭ᠋ᠠᠢ ᠵᠢᠯ ᠤᠨ ᠬᠤᠪᠢᠰᠬᠠᠯ ᠤᠨ ᠵᠣᠷᠢᠭ ᠰᠠᠨᠠᠭ᠎ᠠ ᠶᠢ ᠵᠠᠯᠭᠠᠮᠵᠢᠯᠠᠨ ᠪᠠᠳᠠᠷᠠᠭᠤᠯᠵᠤ᠂ ᠳᠤᠮᠳᠠᠳᠤ ᠶᠢᠨ ᠬᠥᠪᠡᠭᠦᠳ ᠥᠬᠢᠳ ᠤᠨ ᠶᠡᠭᠡ ᠪᠦᠯᠬᠦᠮᠳᠡᠯ ᠢ ᠴᠢᠩᠭᠠᠳᠬᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠣᠯ ᠰᠢᠵᠢᠮ ᠪᠤᠯᠭᠠᠨ ᠦᠨᠳᠦᠰᠦᠲᠡᠨ ᠤ ᠠᠵᠢᠯ ᠢ ᠪᠦᠬᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠬᠡᠷᠡᠭᠲᠡᠢ ᠬᠡᠵᠦ ᠵᠢᠭᠠᠵᠤ ᠭᠠᠷᠭᠠᠪᠠ᠃    ᠬᠤᠷᠠᠯ ᠠᠴᠠ ᠪᠠᠰᠠ᠂ ᠰᠢᠨ᠎ᠡ ᠴᠠᠭ ᠦᠶ᠎ᠡ ᠶᠢᠨ ᠲᠠᠩᠰᠠ ᠡᠪᠬᠡᠮᠡᠯ ᠤᠨ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠭᠦᠨᠵᠡᠭᠡᠶ ᠲᠠᠨᠢᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ᠲᠠᠩᠰᠠ ᠡᠪᠬᠡᠮᠡᠯ ᠤᠨ ᠬᠠᠤᠯᠢ ᠶᠢ ᠭᠦᠨᠵᠡᠭᠡᠶ ᠲᠤᠭᠤᠰᠢᠯᠠᠭᠤᠯᠤᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠢᠳᠡᠪᠬᠢᠲᠡᠶ ᠵᠣᠯᠭᠠᠭᠤᠯᠵᠤ᠂ ᠲᠦᠷᠢᠮ ᠲᠣᠭᠲᠠᠭᠠᠯ ᠢ ᠲᠡᠭᠦᠯᠳᠡᠷᠵᠢᠭᠦᠯᠦᠨ᠂ ᠮᠡᠳᠡᠭᠡ ᠵᠠᠩᠬᠢᠴᠢᠯᠠᠯᠳᠠ ᠶᠢᠨ ᠪᠠᠶᠢᠭᠤᠯᠤᠯᠲᠠ ᠶᠢ ᠲᠦᠷᠭᠡᠳᠬᠡᠵᠦ᠂ ᠲᠠᠩᠰᠠ ᠡᠪᠬᠡᠮᠡᠯ ᠤᠨ ᠠᠵᠢᠯ ᠤᠨ ᠶᠠᠰᠤ ᠴᠢᠨᠠᠷ ᠪᠣᠯᠤᠨ ᠦᠢᠯᠡᠴᠢᠯᠡᠭᠡᠨ ᠤ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ᠮᠡᠳᠡᠭᠡ ᠵᠠᠩᠬᠢᠴᠢᠯᠠᠯᠳᠠ ᠶᠢᠨ ᠨᠥᠬᠦᠴᠡᠯ ᠳᠣᠣᠷᠠᠬᠢ ᠨᠢᠭᠤᠴᠠ ᠶᠢ ᠬᠠᠮᠠᠭᠠᠯᠠᠬᠤ ᠠᠶᠤᠯ ᠲᠦᠭᠰᠢᠭᠦᠷᠢ ᠶᠢᠨ ᠬᠥᠮᠦᠵᠢᠯ ᠢ ᠭᠦᠨᠵᠡᠭᠡᠢ ᠥᠷᠨᠢᠭᠦᠯᠵᠦ᠂ ᠨᠢᠭᠤᠴᠠ ᠶᠢ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠵᠤ᠂ ᠨᠢᠭᠤᠴᠠ ᠶᠢ ᠬᠠᠮᠠᠭᠠᠯᠠᠬᠤ ᠰᠠᠬᠢᠯᠭ᠎ᠠ ᠪᠠᠲᠤ ᠶᠢ ᠴᠢᠩᠭ᠎ᠠ ᠰᠠᠬᠢᠬᠤ ᠬᠡᠷᠡᠭᠲᠡᠢ ᠬᠡᠵᠦ ᠴᠢᠬᠤᠯᠠᠴᠢᠯᠠᠪᠠ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠤᠨ ᠵᠥᠪᠯᠡᠵᠡᠢ᠃
      ᠬᠤᠷᠠᠯ ᠤᠨ ᠲᠠᠯᠠᠪᠠᠢ          ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠲᠤ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠰᠤᠯᠠ ᠣᠷᠣᠯᠴᠠᠵᠠᠢ᠃ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠤᠳᠤᠷᠢᠳᠬᠤ ᠪᠠᠭ ᠤᠨ ᠪᠦᠷᠢᠯᠳᠦᠬᠦᠨ᠂ ᠪᠠᠶᠢᠭᠤᠯᠭ᠎ᠠ ᠶᠢᠨ ᠡᠯ᠎ᠡ ᠭᠠᠵᠠᠷ ᠠᠯᠪᠠᠨ ᠬᠡᠷ᠂  ᠵᠦᠪᠯᠡᠯ ᠤᠨ ᠡᠯ᠎ᠡ ᠬᠠᠷᠢᠶ᠎ᠠ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ