ᠵᠢᠷᠭᠤᠳᠤᠭᠠᠷ ᠬᠤᠭᠤᠴᠠᠭᠠᠨ ᠤ ᠪᠦᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠳᠤ ᠮᠠᠨ ᠤ ᠣᠷᠣᠨ ᠤ ᠬᠤᠶᠠᠷ ᠵᠦᠴᠦᠭᠡ ᠱᠠᠩᠨᠠᠯ ᠬᠦᠷᠲᠡᠪᠡ
ᠨᠡᠶᠢᠲᠡᠯᠡᠭᠰᠡᠨ ᠴᠠᠭ᠄
2021/10/13
   
      9 ᠳ᠋ᠦ᠋ᠭᠡᠷ ᠰᠠᠷ᠎ᠠ ᠶᠢᠨ 24 ᠤ ᠣᠷᠣᠶ᠂ ᠰᠠᠷ᠎ᠠ ᠰᠢᠬᠠᠮ ᠶᠠᠪᠤᠭᠳᠠᠭᠰᠠᠨ ᠵᠢᠷᠭᠤᠳᠤᠭᠠᠷ ᠬᠤᠭᠤᠴᠠᠭᠠᠨ ᠤ ᠪᠥᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠪᠡᠭᠡᠵᠢᠩ ᠤᠨ ᠦᠨᠳᠦᠰᠦᠲᠡᠨ ᠤ ᠲᠢᠶᠠᠲᠷ ᠲᠤ ᠥᠨᠳᠥᠷᠯᠡᠪᠡ᠃ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠶᠠᠩ ᠱᠠᠩᠨᠠᠯ ᠣᠯᠭᠤᠬᠤ ᠶᠣᠰᠣᠯᠠᠯ ᠵᠢᠴᠢ ᠲᠡᠭᠦᠰᠬᠦ ᠶᠣᠰᠣᠯᠠᠯ ᠤᠨ ᠤᠷᠠᠨ ᠰᠠᠶᠢᠬᠠᠨ ᠤ ᠦᠳᠡᠰᠢᠯᠡᠭᠡ ᠳᠤ ᠣᠷᠣᠯᠴᠠᠭᠰᠠᠨ ᠪᠥᠭᠡᠳ ᠱᠠᠩᠨᠠᠯ ᠭᠥᠷᠳᠡᠭᠰᠡᠨ ᠬᠠᠮᠲᠤ ᠨᠢᠭᠡᠴᠢ ᠪᠣᠯᠤᠨ ᠬᠤᠪᠢ ᠬᠥᠮᠦᠨ ᠤ ᠲᠥᠯᠥᠭᠡᠯᠡᠭᠴᠢᠳ ᠲᠤ ᠱᠠᠩᠨᠠᠯ ᠭᠠᠷᠳᠠᠭᠤᠯᠪᠠ              ᠤᠯᠤᠰ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠰᠣᠶᠣᠯ ᠵᠢᠭᠤᠯᠴᠢᠯᠠᠯ ᠤᠨ ᠶᠠᠮᠤᠨ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠶ ᠬᠤᠷᠢᠶ᠎ᠠ᠂ ᠪᠡᠭᠡᠵᠢᠩ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠭᠰᠡᠨ ᠵᠢᠷᠭᠤᠳᠤᠭᠠᠷ ᠬᠤᠭᠤᠴᠠᠭᠠᠨ ᠤ ᠪᠥᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ 2021 ᠣᠨ ᠤ 8 ᠳ᠋ᠤᠭᠠᠷ ᠰᠠᠷ᠎ᠠ ᠶᠢᠨ 31 ᠤ ᠡᠳᠦᠷ ᠠᠴᠠ 9 ᠳ᠋ᠦ᠋ᠭᠡᠷ ᠰᠠᠷ᠎ᠠ ᠶᠢᠨ 24 ᠤ ᠡᠳᠦᠷ ᠪᠣᠯᠲᠠᠯ᠎ᠠ ᠪᠡᠭᠡᠵᠢᠩ ᠳᠤ ᠶᠠᠪᠤᠭᠳᠠᠪᠠ᠃ ᠲᠣᠰ ᠬᠤᠭᠤᠴᠠᠭᠠᠨ ᠤ ᠬᠠᠮᠲᠤᠷᠠᠭᠰᠠᠨ ᠲᠣᠭᠯᠠᠯᠲᠠ ᠶᠢ ᠡᠯ᠎ᠡ ᠭᠠᠵᠠᠷ ᠠᠴᠠ ᠮᠡᠳᠡᠭᠦᠯᠦᠭᠰᠡᠨ 101 ᠵᠦᠴᠦᠭᠡ ᠶᠢᠨ ᠲᠤᠲᠤᠷ᠎ᠠ ᠠᠴᠠ 42 ᠵᠦᠴᠦᠭᠡ ᠶᠢ ᠰᠣᠩᠭᠤᠨ ᠭᠠᠷᠭᠠᠵᠤ ᠰᠦᠯᠵᠢᠶᠡᠨ ᠳᠡᠭᠡᠷ᠎ᠡ ᠨᠡᠪᠲᠡᠷᠡᠭᠦᠯᠦᠨ ᠲᠣᠭᠯᠠᠵᠤ ᠰᠢᠯᠭᠠᠷᠠᠭᠤᠯᠤᠨ ᠬᠦᠬᠢᠭᠦᠯᠪᠡ᠂ ᠡᠭᠦᠨ ᠳᠤ ᠣᠨᠴᠠ ᠰᠢᠯᠢᠳᠡᠭ ᠵᠦᠴᠦᠭᠡ ᠶᠢᠨ ᠱᠠᠩᠨᠠᠯ 10᠂ ᠰᠢᠯᠢᠳᠡᠭ ᠵᠦᠴᠦᠭᠡ ᠶᠢᠨ ᠱᠠᠩᠨᠠᠯ 15᠂ ᠰᠢᠨ᠎ᠡ ᠡᠭᠦᠳᠦᠯᠲᠡ ᠶᠢᠨ ᠱᠠᠩᠨᠠᠯ 9᠂ ᠰᠢᠯᠢᠳᠡᠭ ᠵᠦᠴᠦᠭᠡ ᠨᠠᠶᠢᠷᠠᠭᠤᠯᠤᠭᠴᠢ ᠶᠢᠨ ᠱᠠᠩᠨᠠᠯ 16 ᠶᠢ ᠲᠤᠰ ᠲᠤᠰ ᠰᠢᠯᠭᠠᠷᠠᠭᠤᠯᠵᠠᠶ᠃ ᠮᠠᠨ ᠤ ᠣᠷᠣᠨ ᠠᠴᠠ ᠰᠣᠩᠭᠤᠨ ᠬᠦᠷᠭᠡᠭᠰᠡᠨ ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠶᠢᠨ ᠨᠠᠶᠢᠷᠠᠭᠤᠯᠤᠨ ᠵᠣᠬᠢᠶᠠᠭᠰᠠᠨ ᠪᠥᠵᠢᠭᠲᠦ ᠵᠦᠴᠦᠭᠡ ︽ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠦ︾ ᠨᠢ ᠣᠨᠴᠠ ᠰᠢᠯᠢᠳᠡᠭ ᠵᠦᠴᠦᠭᠡ ᠶᠢᠨ ᠱᠠᠩᠨᠠᠯ ᠪᠠ ᠣᠨᠴᠠ ᠰᠢᠯᠢᠳᠡᠭ ᠤᠳᠤᠷᠢᠳᠤᠭᠠᠴᠢ ᠶᠢᠨ ᠱᠠᠩᠨᠠᠯ ᠢ ᠭᠥᠷᠳᠡᠵᠦ᠂ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠨᠠᠶᠢᠷᠠᠭᠤᠯᠤᠨ ᠵᠤᠬᠢᠶᠠᠭᠰᠠᠨ ᠪᠥᠵᠢᠭᠲᠦ ᠵᠦᠴᠦᠭᠡ ︽ᠮᠣᠷᠢᠲᠤ ᠴᠡᠷᠢᠭ︾ ᠨᠢ ᠲᠠᠶᠢᠰᠠᠨ ᠤ ᠤᠷᠠᠯᠢᠭ ᠤᠨ ᠱᠠᠩᠨᠠᠯ ᠢ ᠭᠥᠷᠳᠡᠪᠡ᠃
     
      ︽ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠦ︾ ᠭᠡᠬᠦ ᠵᠦᠴᠦᠭᠡ ᠶᠢᠨ ᠰᠡᠭᠦᠳᠡᠷ
      ︽ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠦ︾ ᠭᠡᠬᠦ ᠵᠦᠴᠦᠭᠡ ᠶᠢᠨ ᠰᠡᠭᠦᠳᠡᠷ
      ︽ᠮᠣᠷᠢᠲᠤ ᠴᠡᠷᠢᠭ︾ ᠤᠨ ᠵᠥᠴᠦᠭᠡ ᠶᠢᠨ ᠰᠡᠭᠦᠳᠡᠷ
      ︽ᠮᠣᠷᠢᠲᠤ ᠴᠡᠷᠢᠭ︾ ᠤᠨ ᠵᠥᠴᠦᠭᠡ ᠶᠢᠨ ᠰᠡᠭᠦᠳᠡᠷ            ᠲᠤᠰ ᠬᠤᠭᠤᠴᠠᠭᠠᠨ ᠤ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠳᠤ ᠣᠷᠣᠯᠴᠠᠭᠰᠠᠨ ᠵᠦᠴᠦᠭᠡ ᠨᠢ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠭᠤᠤᠯ ᠰᠡᠳᠦᠪ ᠲᠠᠢ ᠨᠢᠭᠲᠠ ᠤᠶᠠᠯᠳᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠤᠯ ᠰᠢᠵᠢᠮ ᠪᠣᠯᠭᠠᠵᠤ᠂ ᠠᠳᠠᠯᠢ ᠪᠤᠰᠤ ᠴᠠᠭ ᠦᠶ᠎ᠡ ᠶᠢᠨ ᠪᠠᠭᠠᠲᠤᠷ ᠵᠢᠱᠢᠶᠡᠴᠢ ᠶᠢᠨ ᠰᠡᠳᠬᠢᠯ ᠬᠥᠳᠡᠯᠭᠡᠮ᠎ᠡ ᠦᠢᠯᠡ ᠠᠵᠢᠯᠯᠠᠭ᠎ᠠ ᠪᠠᠷ ᠪᠣᠷᠣ ᠮᠠᠲ᠋ᠧᠷᠢᠶᠠᠯ ᠪᠣᠯᠭᠠᠵᠤ᠂ ᠪᠠᠶᠠᠯᠢᠭ ᠠᠭᠤᠯᠭ᠎ᠠ᠂ ᠤᠷᠠᠨ ᠭᠤᠶᠢᠲᠠ ᠤᠷᠠᠯᠢᠭ ᠤᠨ ᠢᠯᠡᠳᠬᠡᠬᠦ ᠬᠡᠯᠪᠡᠷᠢ ᠪᠠᠷ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠠᠮᠢᠳᠤᠯᠢᠭ ᠢᠶᠠᠷ ᠲᠤᠰᠬᠠᠵᠤ᠂ ᠡᠯ᠎ᠡ ᠦᠨᠳᠦᠰᠦᠲᠡᠨ ᠤ ᠬᠥᠪᠡᠭᠦᠳ ᠥᠬᠢᠳ ︽ᠨᠠᠮ ᠤᠨ ᠦᠭᠡ ᠶᠢ ᠰᠤᠨᠤᠰᠴᠤ᠂ ᠨᠠᠮ ᠳᠤ ᠪᠠᠨ ᠲᠠᠯᠠᠷᠬᠠᠵᠤ᠂ ᠨᠠᠮ ᠢᠶᠠᠨ ᠳᠠᠭᠠᠬᠤ︾ ᠦᠵᠡᠯ ᠰᠠᠨᠠᠭᠠᠨ ᠤ ᠬᠡᠪ ᠳᠥᠷᠬᠦ ᠶᠢ ᠲᠥᠪᠯᠡᠷᠡᠭᠦᠯᠦᠨ ᠲᠤᠰᠬᠠᠵᠤ᠂ ᠦᠨᠳᠦᠰᠦᠲᠡᠨ ᠨᠦᠭᠦᠳ ᠤᠨ ᠰᠣᠶᠣᠯ ᠢ ᠤᠯᠠᠮᠵᠢᠯᠠᠨ ᠵᠠᠯᠭᠠᠮᠵᠢᠯᠠᠵᠤ ᠬᠠᠮᠠᠭᠠᠯᠠᠭᠰᠠᠨ᠂ ᠰᠢᠨ᠎ᠡ ᠶᠢ ᠡᠭᠦᠳᠦᠨ ᠬᠥᠭᠵᠢᠭᠰᠡᠨ ᠡᠯᠪᠡᠭ ᠪᠠᠶᠠᠯᠢᠭ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠯᠭᠡᠨ ᠦᠵᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠪᠠᠶᠢᠭᠤᠯᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ᠃
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ