ᠣᠶᠢᠷ᠎ᠠ ᠳᠤ᠂ ᠦᠬᠠᠶ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠲᠤᠰᠬᠠᠶ | ᠰᠡᠳᠦᠪᠲᠦ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ | ᠦᠨᠳᠦᠰᠦᠲᠡᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ | ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ | ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠶᠠᠩ ᠶᠢᠨ ᠬᠤᠷᠠᠯ ᠢ | ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ | ᠬᠤᠷᠠᠯ ᠠᠴᠠ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠶᠢᠯᠠᠭᠠᠭᠳᠠᠬᠤᠨ ᠪᠣᠯᠤᠨ ︽ᠭᠤᠷᠪᠠᠨ | ᠰᠠᠯᠵᠤ ᠴᠢᠳᠠᠬᠤ ᠦᠭᠡᠢ︾᠂ ︽ᠲᠠᠪᠤᠨ ᠮᠡᠳᠡᠷᠡᠭᠦᠢ︾ ᠶᠢᠨ ᠦᠵᠡᠯ ᠰᠠᠨᠠᠭᠠᠨ ᠤ ᠬᠥᠮᠦᠵᠢᠯ ᠢ ᠭᠦᠨᠵᠡᠭᠡᠶᠢᠷᠡᠭᠦᠯᠵᠦ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ︽ᠳᠣᠯᠤᠭ᠎ᠠ ᠳᠤ ᠣᠷᠣᠭᠤᠯᠬᠤ︾ ᠠᠵᠢᠯ ᠢ | ᠯᠠᠪᠳᠠᠭᠤᠨ ᠪᠠᠲᠤᠲᠠᠶ ᠠᠬᠢᠭᠤᠯᠵᠤ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ᠂ ᠦᠨᠳᠦᠰᠦᠲᠡᠨ ᠤ | ᠪᠦᠯᠬᠦᠮᠳᠡᠯ ᠤᠨ ᠲᠡᠷᠢᠭᠦᠨ ᠤ ᠦᠢᠯᠡ ᠠᠵᠢᠯᠯᠠᠭ᠎ᠠ ᠶᠢ ᠥᠷᠭᠡᠨ ᠢᠶᠠᠷ ᠤᠬᠠᠭᠤᠯᠵᠤ᠂ ᠵᠢᠷᠭᠠᠯ ᠵᠣᠪᠠᠯᠠᠩ ᠢᠶᠠᠨ | ᠬᠠᠮᠲᠤᠳᠬᠠᠬᠤ᠂ ᠠᠯᠳᠠᠷ ᠭᠤᠳᠤᠮᠰᠢᠭ ᠢᠶᠠᠨ ᠬᠠᠮᠲᠤᠳᠬᠠᠬᠤ᠂ ᠦᠬᠦᠵᠦ ᠰᠡᠭᠡᠬᠦ ᠪᠠᠨ ᠬᠠᠮᠲᠤᠳᠬᠠᠬᠤ᠂ ᠬᠤᠪᠢ | ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠦᠨᠳᠦᠰᠦᠲᠡᠨ ᠨᠦᠭᠦᠳ ᠤᠨ ᠠᠷᠠᠳ | ᠲᠦᠮᠡᠨ ᠤ ᠰᠡᠳᠬᠢᠯ ᠳᠤ ᠪᠠᠲᠤ ᠦᠨᠳᠦᠰᠦᠯᠡᠭᠦᠯᠬᠦ ᠬᠡᠷᠡᠭᠲᠡᠶ᠃ ᠦᠨᠳᠦᠰᠦᠲᠡᠨ ᠤ ᠠᠵᠢᠯ ᠢ ᠪᠥᠬᠦ ᠲᠠᠯ᠎ᠠ ᠪᠠᠷ | ᠴᠢᠩᠭᠠᠳᠬᠠᠨ ᠰᠠᠶᠢᠵᠢᠷᠠᠭᠤᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ | ᠢᠳᠡᠪᠬᠢᠲᠡᠶ ᠠᠬᠢᠭᠤᠯᠵᠤ᠂ ᠦᠨᠳᠦᠰᠦᠲᠡᠨ ᠨᠦᠭᠦᠳ ᠤᠨ ᠡᠶ᠎ᠡ ᠨᠠᠶᠢᠷᠲᠠᠶ ᠪᠠᠷ ᠬᠠᠮᠲᠤ ᠣᠷᠣᠰᠢᠬᠤ᠂ ᠰᠡᠳᠬᠢᠯ ᠨᠢᠭᠡᠳᠦᠨ | ᠬᠦᠴᠦ ᠪᠠᠨ ᠬᠠᠮᠲᠤᠳᠬᠠᠬᠤ᠂ ᠡᠶ᠎ᠡ ᠵᠣᠬᠢᠴᠠᠩᠭᠤᠶ ᠪᠠᠷ ᠬᠥᠭᠵᠢᠬᠦ ᠰᠠᠶᠢᠨ ᠰᠠᠶᠢᠬᠠᠨ ᠪᠠᠶᠢᠳᠠᠯ ᠢ ᠦᠷᠭᠦᠯᠵᠢᠯᠡᠨ | ᠪᠠᠬᠢᠵᠢᠭᠦᠯᠵᠦ᠂ ᠦᠨᠳᠦᠰᠦᠲᠡᠨ ᠤ ᠪᠦᠯᠬᠦᠮᠳᠡᠯ ᠤᠨ ᠴᠡᠴᠡᠭᠡᠰ ᠢ ᠦᠬᠠᠶ ᠶᠢᠨ ᠡᠬᠡ ᠭᠠᠵᠠᠷ ᠲᠤ ᠪᠠᠶᠢᠩᠭᠤ | ᠲᠡᠯᠭᠡᠷᠡᠬᠦᠯᠬᠦ ᠶᠢ ᠠᠬᠢᠭᠤᠯᠬᠤ ᠬᠡᠷᠡᠭᠲᠡᠶ ᠬᠡᠵᠦ ᠴᠢᠬᠤᠯᠠᠴᠢᠯᠠᠵᠠᠢ᠃ |