ᠬᠥᠬᠡᠬᠤᠲᠠ ᠶᠢᠨ ᠦᠨᠳᠦᠰᠦᠲᠡᠨ ᠤ ᠵᠥᠪᠯᠡᠯ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/10/14
     10 ᠳ᠋ᠤᠭᠠᠷ ᠰᠠᠷ᠎ᠠ ᠶᠢᠨ 9 ᠤ ᠡᠳᠦᠷ᠂ ᠬᠥᠬᠡᠬᠤᠲᠠ ᠶᠢᠨ ᠦᠨᠳᠦᠰᠦᠲᠡᠨ ᠤ ᠵᠥᠪᠯᠡᠯ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠠᠷᠪᠠ ᠶᠢᠰᠦᠳᠦᠭᠡᠷ ᠤᠳᠠᠭ᠎ᠠ ᠶᠢᠨ ︵ᠥᠷᠭᠡᠳᠬᠡᠭᠰᠡᠨ︶ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ᠃ ᠬᠤᠷᠠᠯ ᠨᠢ ᠭᠦᠨᠵᠡᠭᠡᠶ ᠰᠤᠳᠤᠯᠤᠨ ᠰᠤᠷᠤᠯᠴᠠᠵᠤ᠂ ᠭᠤᠤᠯᠳᠠᠯᠭ᠎ᠠ ᠲᠠᠢ ᠡᠭᠦᠷᠭᠡ ᠶᠢ ᠴᠢᠩᠭ᠎ᠠ ᠠᠩᠬᠠᠷᠴᠤ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠴᠢᠷᠮᠠᠶᠢᠨ ᠪᠠᠶᠢᠭᠤᠯᠬᠤ ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃      ᠬᠤᠷᠠᠯ ᠠᠴᠠ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠬᠡᠯᠪᠡᠷᠢ ᠲᠠᠢ᠂ ᠰᠡᠳᠬᠢᠭᠳᠡᠯ ᠲᠠᠢ᠂ ᠪᠦᠲᠦᠮᠵᠢ ᠲᠠᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠦᠷᠨᠢᠬᠦᠯᠵᠦ᠂ ᠣᠳᠣ ᠪᠠᠶᠢᠭ᠎ᠠ ᠡᠬᠢ ᠪᠠᠶᠠᠯᠢᠭ ᠲᠤ ᠪᠠᠨ ᠰᠠᠭᠤᠷᠢᠯᠠᠨ᠂ ᠵᠢᠱᠢᠶᠡᠯᠡᠪᠡᠯ ᠤᠯᠠᠭᠠᠨᠬᠦᠦ ᠶᠢᠨ ᠳᠤᠷᠠᠰᠬᠠᠯ ᠤᠨ ᠣᠷᠳᠣᠨ᠂ ᠵᠤᠤ ᠵᠢᠶᠦ᠋ᠨ ᠤ ᠮᠦᠽᠧᠶ ᠵᠡᠷᠭᠡ ᠨᠢᠭᠡ ᠪᠦᠯᠦᠭ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠬᠦᠮᠦᠵᠢᠯ ᠤᠨ ᠰᠠᠭᠤᠷᠢᠨ ᠭᠠᠵᠠᠷ ᠪᠠ ᠦᠢᠯᠡᠳᠦᠯᠭᠡ ᠶᠢᠨ ᠰᠠᠭᠤᠷᠢᠨ ᠭᠠᠵᠠᠷ ᠢ ᠭᠦᠨᠵᠡᠭᠡᠢ ᠠᠭᠤᠳᠠᠯᠤᠨ ᠬᠦᠴᠦᠯᠡᠨ ᠪᠠᠶᠢᠭᠤᠯᠵᠤ᠂ ᠨᠢᠭᠡ ᠪᠦᠯᠦᠭ ︽ᠳᠤᠷᠠᠲᠠᠶ ᠶᠠᠷᠢᠬᠤ ᠪᠠ ᠶᠠᠷᠢᠵᠤ ᠴᠢᠳᠠᠬᠤ︾ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠯᠢᠭᠡᠷ ︽ᠶᠠᠷᠢᠬᠴᠢ︾ ᠶᠢ ᠬᠦᠴᠦᠯᠡᠨ ᠬᠦᠮᠦᠵᠢᠬᠦᠯᠵᠦ᠂ ︽ᠭᠤᠷᠪᠠᠨ ᠰᠠᠯᠵᠤ ᠴᠢᠳᠠᠬᠤ ᠥᠬᠡᠶ︾᠂ ︽ᠲᠠᠪᠤᠨ ᠮᠡᠳᠡᠷᠡᠭᠦᠢ︾ ᠶᠢᠨ ᠣᠶᠢᠯᠠᠭᠠᠭᠳᠠᠬᠤᠨ ᠢ ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠡᠳᠬᠢᠯ ᠳᠤ ᠭᠦᠨ ᠬᠠᠳᠠᠩᠰᠢᠭᠤᠯᠬᠤ ᠬᠡᠷᠡᠭᠳᠡᠢ᠃ ᠤᠯᠠᠭᠠᠨᠮᠥ᠋ᠴᠢᠷ᠂ ᠲᠠᠷᠢᠶᠠᠯᠠᠩ ᠰᠢᠨᠵᠢᠯᠡᠬᠦ ᠤᠬᠠᠭᠠᠨ ᠮᠡᠷᠭᠡᠵᠢᠯ᠂ ᠠᠷᠠᠳ ᠲᠤ ᠠᠰᠢᠭ ᠬᠦᠷᠲᠡᠭᠡᠬᠦ ᠡᠮ ᠡᠮᠨᠡᠯᠭᠡ ᠵᠡᠷᠭᠡ ︽ᠭᠤᠷᠪᠠ ᠶᠢ ᠬᠥᠳᠡᠭᠡ ᠪᠠᠭᠤᠯᠭᠠᠬᠤ︾ ᠠᠵᠢᠯᠯᠠᠭ᠎ᠠ ᠶᠢ ᠦᠷᠨᠢᠬᠦᠯᠬᠦ ᠪᠠᠷ ᠳᠠᠮᠵᠢᠭᠤᠯᠤᠨ᠂ ᠰᠡᠳᠬᠢᠯ ᠨᠢᠭᠡᠲᠡᠢ ᠶᠠᠷᠢᠶᠠᠨ ᠤ ᠲᠠᠩᠬᠢᠮ᠂ ᠰᠡᠳᠬᠢᠯ ᠨᠢᠭᠡᠲᠡᠢ ᠵᠦᠴᠦᠭᠡ ᠶᠢᠨ ᠲᠠᠶᠢᠰᠠ᠂ ᠰᠡᠳᠬᠢᠯ ᠨᠢᠭᠡᠲᠡᠢ ᠠᠭᠤᠳᠠᠮ ᠲᠠᠯᠠᠪᠠᠶ ᠶᠢ ᠪᠠᠶᠢᠭᠤᠯᠵᠤ᠂ ᠰᠡᠳᠬᠢᠯ ᠢᠶᠠᠨ ᠨᠢᠭᠡᠳᠬᠡᠬᠦ ᠰᠢᠷᠢᠰ ᠠᠵᠢᠯᠯᠠᠭ᠎ᠠ ᠥᠷᠨᠢᠭᠦᠯᠬᠦ ᠬᠡᠷᠡᠭᠲᠡᠶ ᠬᠡᠵᠦ ᠴᠢᠬᠤᠯᠠᠴᠢᠯᠠᠪᠠ᠃
ᠢᠷᠡᠯᠲᠡ᠄ ᠬᠥᠬᠡᠬᠤᠲᠠ ᠶᠢᠨ ᠦᠨᠳᠦᠰᠦᠳᠡᠨ ᠤ ᠬᠡᠷᠡᠭ ᠡᠷᠭᠢᠯᠡᠬᠦ ᠵᠥᠪᠯᠡᠯ