ᠲᠦᠩᠯᠢᠶᠣᠤ ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠰᠬᠠᠶ ᠰᠡᠳᠦᠪ ᠢᠶᠠᠷ ᠰᠤᠷᠤᠯᠴᠠᠪᠠ
ᠨᠡᠶᠢᠲᠡᠯᠡᠭᠰᠡᠨ ᠴᠠᠭ᠄
2021/10/14
     ᠣᠶᠢᠷ᠎ᠠ ᠳᠤ᠂ ᠲᠦᠩᠯᠢᠶᠣᠤ ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ  ᠨᠢ ᠬᠠᠮᠲᠤ ᠶᠢᠨ ᠰᠤᠷᠤᠯᠴᠠᠯᠭ᠎ᠠ ᠬᠢᠵᠦ᠂ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠰᠬᠠᠶ ᠰᠡᠳᠦᠪ ᠢᠶᠠᠷ ᠰᠤᠷᠤᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠮᠧᠡᠭ ᠰᠢᠶᠠᠨ ᠳ᠋ᠦᠩ ᠬᠤᠷᠠᠯ ᠢ ᠡᠷᠬᠢᠯᠡᠬᠦ ᠶᠢᠨ ᠬᠠᠮᠳᠤ ᠶᠠᠷᠢᠶ᠎ᠠ ᠲᠠᠯᠪᠢᠵᠠᠶ᠃      ᠮᠧᠩ ᠰᠢᠶᠠᠨ ᠳ᠋ᠦᠩ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠬᠠᠷᠢᠭᠤᠴᠠᠯᠭ᠎ᠠ ᠶᠢᠨ ᠬᠡᠯᠬᠢᠶ᠎ᠡ ᠲᠣᠳᠣᠷᠬᠠᠶ᠂ ᠬᠡᠷᠡᠭᠵᠢᠭᠦᠯᠵᠦ ᠪᠣᠯᠬᠤᠶᠢᠴᠠ ᠴᠢᠨᠠᠷ ᠢᠶᠠᠷ ᠨᠡᠯᠢᠶᠡᠳ ᠴᠢᠩᠭ᠎ᠠ ᠪᠣᠳᠠᠲᠠᠶ ᠠᠵᠢᠯ ᠤᠨ ᠲᠥᠰᠦᠯ ᠢ ᠭᠠᠷᠭᠠᠵᠤ᠂ ᠪᠥᠬᠦ ᠬᠤᠲᠠ ᠶᠢᠨ ᠦᠨᠳᠦᠰᠦᠲᠡᠨ ᠤ ᠠᠵᠢᠯ ᠲᠠᠰᠤᠷᠠᠯᠲᠠ ᠥᠬᠡᠶ ᠰᠢᠨ᠎ᠡ ᠠᠬᠢᠴᠠ ᠲᠠᠢ ᠪᠣᠯᠵᠣ᠂ ᠰᠢᠨ᠎ᠡ ᠪᠠᠶᠢᠳᠠᠯ ᠢ ᠡᠭᠦᠳᠬᠦ ᠶᠢ ᠵᠢᠯᠣᠭᠤᠳᠤᠨ ᠠᠬᠢᠭᠤᠯᠬᠤ ᠬᠡᠷᠡᠭᠲᠡᠶ᠃ ᠲᠣᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠲᠢᠩᠬᠢᠮ ᠤᠨ ᠲᠠᠰ ᠤᠨ ᠤᠳᠤᠷᠢᠳᠬᠤ ᠨᠥᠬᠦᠳ ᠰᠠᠨᠠᠭᠠᠴᠢᠯᠠᠭ᠎ᠠ ᠠᠴᠠ ᠪᠠᠨ ᠲᠦᠷᠦᠭᠦᠯᠡᠨ ᠬᠢᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠢᠮᠠᠭᠲᠠ ᠪᠠᠷᠢᠮᠲᠠᠯᠠᠵᠤ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠬᠡᠪᠴᠢᠶ᠎ᠡ᠂ ᠬᠤᠪᠢᠳᠠᠨ ᠬᠠᠮᠢᠶᠠᠷᠴᠤ ᠪᠠᠶᠢᠭ᠎ᠠ ᠹᠷᠣᠨᠲ ᠢᠶᠠᠨ ᠨᠠᠷᠢᠨ ᠬᠢᠨᠠᠮᠠᠭᠠᠶ ᠵᠣᠬᠢᠶᠠᠨ ᠪᠠᠶᠢᠭᠤᠯᠵᠤ ᠦᠨᠳᠦᠰᠦᠲᠡᠨ ᠤ ᠠᠵᠢᠯ ᠤᠨ ᠳᠤᠮᠳᠠᠬᠢ ᠪᠠᠭᠤᠷᠠᠶ ᠭᠤᠭᠴᠤᠭ᠎ᠠ ᠶᠢ ᠪᠠᠶᠢᠴᠠᠭᠠᠨ ᠳᠡᠯᠭᠡᠵᠦ᠂ ᠣᠷᠣᠰᠢᠵᠤ ᠪᠠᠶᠢᠭ᠎ᠠ ᠠᠰᠠᠭᠤᠳᠠᠯ ᠤᠨ ᠰᠢᠨᠵᠢ ᠴᠢᠨᠠᠷ ᠪᠠ ᠬᠡᠮ ᠰᠣᠭᠤᠭ ᠢ ᠭᠦᠨᠵᠡᠭᠡᠶ ᠵᠠᠳᠠᠯᠵᠤ᠂ ᠣᠨᠢᠨ ᠳᠡᠭᠡᠷ᠎ᠡ ᠨᠢ ᠠᠷᠭ᠎ᠠ ᠪᠣᠳᠣᠯᠭ᠎ᠠ ᠬᠡᠷᠡᠭᠵᠢᠭᠦᠯᠵᠦ᠂ ᠡᠪᠡᠳᠴᠢᠨ ᠳᠤ ᠨᠢ ᠲᠠᠭᠠᠷᠠᠭᠤᠯᠤᠨ ᠡᠮ ᠥᠭᠴᠦ᠂ ᠣᠳᠣᠬᠠᠨ ᠳᠤ ᠰᠢᠢᠳᠪᠦᠷᠢᠯᠡᠵᠦ ᠳᠡᠶᠢᠯᠬᠦ ᠶᠢ ᠨᠢ ᠪᠠᠷᠢᠨ ᠰᠢᠢᠳᠪᠦᠷᠢᠯᠡᠵᠦ᠂ ᠲᠦᠷ ᠴᠠᠭ ᠰᠢᠢᠳᠪᠦᠷᠢᠯᠡᠬᠦ ᠨᠥᠬᠦᠴᠡᠯ ᠪᠦᠷᠢᠯᠳᠦᠭᠦᠯᠵᠦ ᠳᠡᠶᠢᠯᠦᠭᠡ ᠦᠭᠡᠢ ᠠᠰᠠᠭᠤᠳᠠᠯ ᠳᠤ ᠰᠢᠢᠳᠪᠦᠷᠢᠯᠡᠬᠦ ᠴᠠᠭ ᠬᠤᠭᠤᠴᠠᠭ᠎ᠠ᠂ ᠵᠠᠮ ᠱᠤᠭᠤᠮ ᠲᠤᠬᠳᠠᠭᠠᠨ ᠦᠭᠴᠦ᠂ ᠰᠢᠨᠲᠠᠷᠠᠰᠢ ᠥᠬᠡᠶ ᠴᠢᠷᠮᠠᠶᠢᠵᠤ᠂ ᠪᠠᠶᠢᠩᠭᠤᠵᠢᠭᠤᠯᠤᠨ ᠠᠳᠬᠤᠬᠤ ᠬᠡᠷᠡᠭᠲᠡᠶ᠃ ᠬᠥᠭᠵᠢᠭᠦᠯᠬᠦ ᠪᠣᠯ ᠲᠡᠷᠢᠭᠦᠨ ᠴᠢᠬᠤᠯᠠ ᠡᠭᠦᠷᠭᠡ ᠪᠣᠯᠬᠤ ᠶᠢ ᠲᠤᠪᠤᠶᠢᠯᠭᠠᠵᠤ᠂ ᠬᠥᠭᠵᠢᠯᠲᠡ ᠪᠠᠷ ᠦᠨᠳᠦᠰᠦᠲᠡᠨ ᠤ ᠬᠦᠷᠢᠶᠡᠨ ᠳᠤ ᠬᠢ ᠡᠯ᠎ᠡ ᠵᠦᠢᠯ ᠤᠨ ᠠᠰᠠᠭᠤᠳᠠᠯ ᠢ ᠰᠢᠢᠳᠪᠦᠷᠢᠯᠡᠬᠦ ᠶᠡᠷᠦᠩᠬᠡᠢ ᠲᠦᠯᠬᠢᠭᠦᠷ ᠪᠣᠯᠭᠠᠬᠤ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠤᠨᠤᠯᠵᠢᠬᠤᠨ ᠢ ᠪᠦᠷᠢᠨ ᠪᠦᠲᠦᠨ ᠣᠨᠣᠪᠴᠢᠲᠠᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠤᠳᠤ ᠦᠶ᠎ᠡ ᠶᠢᠨ ᠠᠵᠤ ᠦᠢᠯᠡᠰ ᠢ ᠪᠤᠶᠢᠵᠢᠭᠤᠯᠬᠤ᠂ ᠬᠤᠳᠠ ᠬᠥᠳᠡᠭᠡ ᠶᠢ ᠨᠢᠭᠡᠳᠦᠯᠲᠡᠢ ᠲᠥᠯᠥᠪᠵᠢᠭᠦᠯᠦᠨ ᠬᠥᠭᠵᠢᠭᠦᠯᠬᠦ᠂ ᠤᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠬᠤ ᠵᠡᠷᠭᠡ ᠭᠤᠣᠯᠳᠠᠯᠭ᠎ᠠ ᠲᠠᠢ ᠠᠵᠢᠯ ᠳᠤ ᠭᠦᠨᠵᠡᠭᠡᠢ ᠣᠷᠣᠭᠤᠯᠬᠤ ᠶᠢ ᠴᠢᠬᠤᠯᠠᠴᠢᠯᠠᠨ ᠠᠩᠬᠠᠷᠴᠤ᠂ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠶᠢᠨ ᠳᠤᠮᠳᠠ ᠦᠨᠳᠦᠰᠦᠲᠡᠨ ᠨᠦᠭᠦᠳ ᠤᠨ ᠤᠯᠠᠨ ᠲᠦᠮᠡᠨ ᠣᠳᠣᠬᠢᠴᠢᠯᠠᠯᠲᠠ ᠲᠠᠶᠢᠰᠢ ᠵᠡᠷᠭᠡ ᠪᠠᠷ ᠤᠷᠤᠬᠰᠢᠯᠠᠬᠤ ᠶᠢ ᠪᠡᠶᠡᠯᠡᠭᠦᠯᠬᠦ ᠬᠡᠷᠡᠭᠲᠡᠢ ᠬᠡᠵᠦ ᠱᠠᠭᠠᠷᠳᠠᠪᠠ᠃
ᠢᠷᠡᠯᠲᠡ᠄ ᠲᠦᠩᠯᠢᠶᠣᠤ ᠬᠤᠲᠠ ᠶᠢᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ