ᠣᠷᠳᠣᠰ ᠬᠤᠲᠠ ᠭᠤᠷᠪᠠᠳᠤᠭᠠᠷ ᠬᠤᠭᠤᠴᠠᠭᠠᠨ ᠤ ᠦᠨᠳᠦᠰᠦᠲᠡᠨ ᠤ ᠭᠠᠷ ᠤᠷᠠᠯᠠᠯ ᠤᠨ ᠪᠦᠲᠦᠭᠡᠭᠳᠡᠬᠦᠨ ᠦᠢᠯᠡᠳᠬᠦ ᠪᠣᠯᠪᠠᠰᠤᠷᠠᠯ ᠤᠨ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2021/10/14
     
         ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠤᠯᠲᠠ ᠶᠢᠨ ᠦᠷ᠎ᠡ ᠪᠦᠲᠦᠭᠡᠯ ᠢᠶᠠᠨ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢᠨ ᠲᠥᠯᠥᠭᠡ᠂ ᠣᠷᠳᠣᠰ ᠬᠤᠲᠠ ᠣᠶᠢᠷ᠎ᠠ ᠳᠤ ᠭᠤᠷᠪᠠᠳᠤᠭᠠᠷ ᠬᠤᠭᠤᠴᠠᠭᠠᠨ ᠤ ᠦᠨᠳᠦᠰᠦᠲᠡᠨ ᠤ ᠭᠠᠷ ᠤᠷᠠᠯᠠᠯ ᠤᠨ ᠪᠦᠲᠦᠭᠡᠭᠳᠡᠬᠦᠨ ᠦᠢᠯᠡᠳᠭᠦ ᠪᠣᠯᠪᠠᠰᠤᠷᠠᠯ ᠤᠨ ᠠᠩᠭᠢ ᠡᠷᠭᠢᠯᠡᠪᠡ᠃
 
     ᠲᠣᠰ ᠤᠳᠠᠭᠠᠨ ᠤ ᠪᠣᠯᠪᠠᠰᠤᠷᠠᠯ ᠨᠢ 15 ᠡᠳᠦᠷ ᠤᠨ ᠬᠤᠭᠤᠴᠠᠭ᠎ᠠ ᠲᠠᠢ ᠶᠠᠪᠤᠭᠳᠠᠭᠰᠠᠨ ᠪᠦᠭᠡᠳ ᠰᠤᠷᠤᠭᠴᠢᠳ ᠤᠨ ᠪᠣᠳᠠᠲᠠᠶ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠦᠨᠳᠦᠰᠦᠲᠡᠨ ᠤ ᠬᠤᠪᠴᠠᠰᠤ ᠵᠠᠰᠠᠯ᠂ ᠬᠠᠳᠬᠤᠮᠠᠯ᠂ ᠠᠯᠲᠠ ᠮᠥᠩᠭᠦᠨ ᠵᠠᠰᠠᠯ ᠵᠢᠮᠰᠡᠭ ᠦᠢᠯᠡᠳᠬᠦ᠂ ᠦᠨᠳᠦᠰᠦᠲᠡᠨ ᠤ ᠵᠠᠰᠠᠯ ᠴᠢᠮᠡᠭᠯᠡᠯ ᠤᠨ ᠡᠳ᠋᠂ ᠠᠷᠠᠰᠤᠨ ᠰᠡᠶᠢᠯᠦᠮᠡᠯ ᠵᠡᠷᠭᠡ ᠤᠷ᠎ᠠ ᠮᠡᠷᠭᠡᠵᠢᠯ ᠤᠨ ᠪᠤᠯᠪᠠᠰᠤᠷᠠᠯ ᠢ ᠳᠣᠭᠢᠷᠠᠭᠤᠯᠪᠠ᠃ ᠪᠤᠯᠪᠠᠰᠤᠷᠠᠯ ᠤᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ᠂ ᠠᠷᠠᠳ ᠤᠨ ᠤᠷᠠᠯᠢᠭ ᠤᠨ ᠶᠡᠭᠡ ᠪᠠᠭᠰᠢ ᠶᠢ ᠲᠤᠰᠬᠠᠶᠢᠯᠠᠨ ᠤᠷᠢᠵᠤ ᠦᠨᠳᠦᠰᠦᠲᠡᠨ ᠤ ᠭᠠᠷ ᠤᠷᠠᠯᠠᠯ ᠦᠢᠯᠡᠳᠬᠦ ᠤᠷ᠎ᠠ ᠮᠡᠷᠭᠡᠵᠢᠯ ᠢ ᠪᠥᠬᠦ ᠲᠠᠯ᠎ᠠ ᠪᠠᠷ ᠰᠢᠰᠲ᠋ᠧᠮ ᠲᠠᠢ ᠪᠠᠷ ᠰᠤᠷᠤᠬᠴᠢᠳ ᠲᠤ ᠤᠯᠠᠮᠵᠢᠯᠠᠭᠤᠯᠪᠠ᠃ ᠣᠷᠳᠣᠰ ᠬᠤᠲᠠ ᠶᠢᠨ ᠡᠯ᠎ᠡ ᠬᠤᠰᠢᠭᠤ ᠲᠣᠭᠤᠷᠢᠭ ᠤᠨ 45 ᠨᠡᠷᠡᠰ ᠬᠤᠲᠠ ᠣᠷᠣᠵᠤ ᠠᠵᠢᠯ ᠬᠦᠯᠢᠶᠡᠵᠦ ᠪᠠᠶᠢᠭ᠎ᠠ ᠵᠠᠯᠠᠭᠤᠴᠤᠳ᠂ ᠦᠨᠳᠦᠰᠦᠲᠡᠨ ᠤ ᠭᠠᠷ ᠤᠷᠠᠯᠠᠯ ᠤᠨ ᠪᠦᠲᠦᠭᠡᠭᠳᠡᠬᠦᠨ ᠦᠢᠯᠡᠳᠬᠦ ᠮᠡᠷᠭᠡᠵᠢᠯ ᠤᠨ ᠰᠠᠭᠤᠷᠢ ᠲᠠᠢ ᠬᠥᠮᠦᠰ ᠵᠢᠴᠢ ᠳᠤᠷ᠎ᠠ ᠪᠠᠭ᠋ᠠᠲᠠᠳ ᠪᠣᠯᠪᠠᠰᠤᠷᠠᠯ ᠳᠤ  ᠤᠷᠤᠯᠴᠠᠵᠠᠢ᠃
ᠢᠷᠡᠯᠲᠡ᠄ ᠣᠷᠳᠣᠰ ᠬᠤᠲᠠ ᠶᠢᠨ ᠦᠨᠳᠦᠰᠦᠳᠡᠨ ᠤ ᠬᠡᠷᠡᠭ ᠡᠷᠭᠢᠯᠡᠬᠦ ᠵᠥᠪᠯᠡᠯ