ᠰᠢᠯᠢ ᠶᠢᠨ ᠭᠤᠣᠯ ᠠᠶᠢᠮᠠᠭ ᠤᠨ ᠪᠠᠷᠠᠭᠤᠨ ᠦᠵᠦᠮᠦᠴᠢᠨ ᠬᠤᠰᠢᠭᠤ ᠨᠢ ᠨᠠᠮ ᠤᠨ ᠲᠥᠪ ᠬᠤᠷᠢᠶ᠎ᠠ ᠪᠠ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠣᠯ ᠰᠢᠵᠢᠮ ᠪᠤᠯᠭᠠᠨ᠂ ᠦᠨᠳᠦᠰᠦᠲᠡᠨ ᠨᠦᠭᠦᠳ ᠤᠨ ᠶᠠᠪᠤᠯᠴᠠᠭ᠎ᠠ | ᠰᠣᠯᠢᠯᠴᠠᠭ᠎ᠠ ᠠᠭᠤᠰᠤᠯᠴᠠᠯ ᠢ ᠴᠢᠩᠭᠠᠳᠬᠠᠬᠤ ᠪᠠᠷ ᠦᠨᠳᠦᠰᠦᠨ ᠠᠷᠭ᠎ᠠ ᠵᠠᠮ ᠪᠣᠯᠭᠠᠵᠤ᠂ ᠦᠨᠳᠦᠰᠦᠲᠡᠨ ᠤ | ᠠᠵᠢᠯ ᠤᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠪᠠᠶᠢᠨ᠎ᠠ᠃ | ᠨᠢᠭᠡ ᠳᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠳᠤᠳᠬᠠᠬᠤ ᠵᠣᠬᠢᠶᠠᠨ ᠪᠠᠶᠢᠭᠤᠯᠤᠯᠲᠠ ᠶᠢᠨ ᠰᠠᠭᠤᠷᠢ ᠶᠢ ᠪᠠᠬᠢᠵᠢᠬᠦᠯᠪᠡ᠃ | ᠦᠨᠳᠦᠰᠦᠲᠡᠨ ᠤ ᠠᠵᠢᠯ ᠢ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠳᠦᠷ ᠲᠤᠲᠤᠮ ᠤᠨ | ᠴᠢᠬᠤᠯᠠ ᠵᠥᠪᠯᠡᠬᠦ ᠵᠦᠢᠯ ᠳᠤ ᠣᠷᠣᠭᠤᠯᠵᠤ᠂ ᠭᠠᠵᠠᠷ ᠣᠷᠣᠨ ᠤ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ ᠳᠤ | ᠣᠷᠣᠭᠤᠯᠵᠤ᠂ ᠤᠳᠤᠷᠢᠳᠬᠤ ᠪᠠᠭ ᠤᠨ ᠵᠢᠯ ᠤᠨ ᠪᠣᠳᠠᠲᠤ ᠠᠮᠵᠢᠯᠲᠠ ᠶᠢᠨ ᠬᠠᠷᠠᠯᠲᠠ ᠶᠢ ᠬᠢᠨᠠᠨ ᠰᠢᠯᠭᠠᠬᠤ ᠪᠠ | ᠲᠤᠰᠢᠶᠠᠯ ᠤᠨ ᠮᠡᠳᠡᠭᠦᠯᠦᠯᠲᠡ ᠶᠢ ᠦᠨᠡᠯᠡᠬᠦ ᠴᠢᠬᠤᠯᠠ ᠠᠭᠤᠯᠭ᠎ᠠ ᠳᠤ ᠣᠷᠣᠭᠤᠯᠵᠤ᠂ ᠬᠤᠰᠢᠭᠤᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠬᠢᠨᠠᠨ ᠪᠠᠶᠢᠴᠠᠭᠠᠬᠤ ᠠᠵᠢᠯ ᠤᠨ ᠲᠥᠯᠥᠪᠯᠡᠭᠡ ᠳᠤ ᠣᠷᠣᠭᠤᠯᠵᠤ᠂ ᠬᠤᠰᠢᠭᠤᠨ ᠤ | ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠬᠡᠪᠴᠢᠶᠡᠨ ᠳᠤ ᠣᠷᠣᠭᠤᠯᠵᠤ᠂ ᠨᠠᠮ ᠤᠨ ᠦᠨᠳᠦᠰᠦᠲᠡᠨ ᠤ | ᠠᠵᠢᠯ ᠳᠠᠬᠢ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠦᠨᠡᠨ ᠬᠦ ᠴᠢᠩᠭᠠᠳᠬᠠᠵᠠᠢ᠃ ᠬᠤᠰᠢᠭᠤᠨ ᠤ ᠨᠠᠮ ᠤᠨ | ᠬᠤᠷᠢᠶᠠᠨ ᠤ ᠪᠠᠶᠢᠩᠭᠤ ᠶᠢᠨ ᠬᠤᠷᠠᠯ᠂ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ | ᠪᠠ ᠦᠨᠳᠦᠰᠦᠲᠡᠨ ᠤ ᠠᠵᠢᠯ ᠢ ᠵᠣᠬᠢᠴᠠᠭᠤᠯᠬᠤ ᠳᠤᠭᠤᠶᠢᠯᠠᠩ ᠤᠨ ᠬᠤᠷᠠᠯ ᠢ ᠬᠤᠷᠠᠯᠳᠤᠭᠤᠯᠵᠤ᠂ ᠦᠨᠳᠦᠰᠦᠲᠡᠨ ᠤ | ᠠᠵᠢᠯ ᠢ ᠴᠠᠭ ᠲᠤᠬᠠᠶ ᠳᠤ ᠨᠢ ᠰᠤᠳᠤᠯᠤᠨ ᠪᠠᠶᠢᠷᠢᠯᠠᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠦᠴᠦᠲᠡᠶ | ᠪᠥᠭᠡᠳ ᠡᠮᠬᠢ ᠵᠢᠷᠤᠮ ᠲᠠᠢ ᠳᠥᠯᠭᠢᠨ ᠠᠬᠢᠭᠤᠯᠪᠠ᠃ ᠦᠨᠳᠦᠰᠦᠲᠡᠨ ᠤ ᠵᠥᠪᠯᠡᠯ ᠤᠨ ᠭᠡᠰᠢᠭᠦᠨ ᠤ ᠳᠦᠷᠢᠮ ᠢ | ᠲᠡᠭᠦᠯᠳᠡᠷᠵᠢᠭᠦᠯᠵᠦ᠂ ᠵᠣᠬᠢᠴᠠᠭᠤᠯᠤᠨ ᠬᠠᠮᠵᠢᠯᠴᠠᠬᠤ ᠶᠢ ᠴᠢᠩᠭᠠᠳᠬᠠᠨ᠂ ᠠᠵᠢᠯ ᠤᠨ ᠬᠠᠮᠳᠤᠷᠠᠯ ᠤᠨ ᠬᠦᠴᠦᠨ ᠢ ᠪᠣᠶ | ᠪᠣᠯᠭᠠᠵᠤ᠂ ᠡᠯ᠎ᠡ ᠵᠦᠢᠯ ᠤᠨ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠶᠢ ᠪᠤᠳᠠᠳᠠᠢ ᠳᠤ | ᠨᠠᠶᠢᠳᠠᠪᠤᠷᠢᠵᠢᠭᠤᠯᠬᠤ ᠶᠢ ᠦᠨᠡᠨ ᠬᠦ ᠲᠦᠯᠬᠢᠨ ᠠᠬᠢᠭᠤᠯᠵᠠᠢ᠃ | ᠬᠤᠶᠠᠷ ᠲᠤ᠂ ᠬᠥᠮᠦᠵᠢᠯ ᠪᠣᠯᠪᠠᠰᠤᠷᠠᠯ ᠢ ᠪᠣᠳᠠᠲᠠᠢ ᠪᠠᠷ ᠠᠳᠬᠤᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠦᠵᠡᠯ ᠰᠠᠨᠠᠭᠠᠨ ᠤ ᠰᠠᠭᠤᠷᠢ ᠶᠢ ᠪᠠᠬᠢᠵᠢᠬᠦᠯᠪᠡ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠤᠬᠠᠭᠤᠯᠭ᠎ᠠ ᠬᠥᠮᠦᠵᠢᠯ ᠢ | ᠺᠠᠳ᠋ᠷ ᠤᠨ ᠬᠥᠮᠦᠵᠢᠯ᠂ ᠨᠠᠮ ᠤᠨ ᠭᠡᠰᠢᠭᠦᠨ ᠤ ᠬᠥᠮᠦᠵᠢᠯ᠂ ᠠᠷᠠᠳ ᠢᠷᠭᠡᠳ ᠤᠨ ᠬᠥᠮᠦᠵᠢᠯ᠂ ᠨᠡᠶᠢᠭᠡᠮ ᠤᠨ | ᠬᠥᠮᠦᠵᠢᠯ ᠤᠨ ᠪᠦᠬᠦ ᠶᠠᠪᠤᠴᠠ ᠳᠤ ᠤᠷᠤᠭᠤᠯᠵᠠᠢ᠃ ᠪᠥᠬᠦ ᠬᠤᠰᠢᠭᠤᠨ ᠤ ︽ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ︾ ᠬᠥᠮᠦᠵᠢᠯ ᠪᠣᠯᠪᠠᠰᠤᠷᠠᠯ ᠤᠨ ᠢᠨᠵᠧᠨᠧᠷᠢᠩ ᠢ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠲᠤᠰᠬᠠᠶ ᠰᠡᠳᠦᠪᠲᠦ ᠪᠣᠯᠪᠠᠰᠤᠷᠠᠯ᠂ ᠡᠭᠡᠯᠵᠢᠯᠡᠨ ᠪᠣᠯᠪᠠᠰᠤᠷᠠᠭᠤᠯᠬᠤ ᠠᠩᠭᠢ ᠶᠢ ᠨᠡᠶᠢᠲᠡ | 47 ᠬᠤᠭᠤᠴᠠᠭ᠎ᠠ ᠡᠷᠭᠢᠯᠡᠵᠦ᠂ 8000 ᠭᠠᠷᠤᠶ ᠺᠠᠳ᠋ᠷ ᠠᠵᠢᠯᠲᠠᠨ ᠳᠤ ᠪᠤᠯᠪᠠᠰᠤᠷᠠᠯ ᠬᠦᠷᠳᠡᠭᠡᠪᠡ᠃ ᠡᠭᠦᠨ ᠤ ᠬᠠᠮᠲᠤ | ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠤᠨᠤᠯ ᠤᠨ ᠭᠤᠣᠯ ᠳᠤᠭᠤᠶᠢᠯᠠᠩ | ᠪᠣᠯᠤᠨ ᠨᠠᠮ ᠤᠨ ᠡᠭᠦᠷ ᠤᠨ ᠲᠦᠪᠯᠡᠷᠡᠭᠰᠡᠨ ᠰᠤᠷᠤᠯᠴᠠᠯᠭ᠎ᠠ ᠶᠢᠨ ᠵᠠᠪᠠᠯ ᠰᠤᠷᠤᠯᠴᠠᠬᠤ ᠠᠭᠤᠯᠭ᠎ᠠ ᠳᠤ ᠣᠷᠣᠭᠤᠯᠵᠤ᠂ | ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ︽ᠭᠤᠷᠪᠠᠨ ᠬᠤᠷᠠᠯ ᠨᠢᠭᠡ ᠬᠢᠴᠢᠶᠡᠯ︾ ᠬᠢᠬᠦ᠂ | ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠦᠷᠨᠢᠬᠦᠯᠬᠦ᠂ ᠲᠥᠪᠯᠡᠷᠡᠭᠦᠯᠦᠨ ᠰᠤᠷᠤᠯᠴᠠᠬᠤ ᠵᠡᠷᠭᠡ | ᠬᠡᠯᠪᠡᠷᠢ ᠪᠠᠷ ᠲᠠᠮᠵᠢᠭᠤᠯᠤᠨ ᠰᠤᠷᠤᠯᠴᠠᠯᠭ᠎ᠠ ᠬᠥᠮᠦᠵᠢᠯ ᠢ ᠨᠡᠶᠢᠳᠡᠮ ᠬᠢᠬᠦ ᠶᠢ ᠪᠡᠶᠡᠯᠡᠭᠦᠯᠪᠡ᠃ 2020 ᠣᠨ ᠠᠴᠠ | ᠨᠠᠭᠠᠰᠢ᠂ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠨᠠᠮ ᠤᠨ | ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠨᠠᠮ ᠤᠨ ᠭᠡᠰᠢᠭᠦᠨ ᠤ ᠭᠤᠤᠯᠳᠠᠯᠭᠠᠲᠦ ᠡᠷᠦᠬᠡ ᠪᠠ | ᠥᠷᠭᠡᠨ ᠣᠯᠠᠨ ᠲᠦᠮᠡᠨ ᠤ ᠳᠤᠮᠳᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠳᠤᠳᠬᠠᠬᠤ ᠬᠥᠮᠦᠵᠢᠯ ᠪᠤᠯᠪᠠᠰᠤᠷᠠᠯ ᠢ ᠭᠦᠨᠵᠡᠭᠡᠶ ᠥᠷᠨᠢᠭᠦᠯᠵᠦ᠂ ᠤᠬᠠᠭᠤᠯᠤᠨ ᠲᠠᠶᠢᠯᠪᠤᠷᠢᠯᠠᠬᠤ ᠪᠦᠯᠬᠦᠮ | ᠪᠠᠶᠢᠭᠤᠯᠤᠨ᠂ ᠤᠬᠠᠭᠤᠯᠤᠨ ᠲᠠᠶᠢᠯᠠᠪᠤᠷᠢᠯᠠᠯᠳᠠ ᠶᠢ ᠨᠡᠶᠢᠲᠡ 380 ᠲᠠᠯᠠᠪᠤᠷ ᠤᠳᠠᠭ᠎ᠠ ᠵᠣᠬᠢᠶᠠᠨ ᠪᠠᠶᠢᠭᠤᠯᠤᠨ | ᠦᠷᠨᠢᠬᠦᠯᠵᠦ᠂ ︽ᠭᠤᠷᠪᠠᠨ ᠰᠠᠯᠵᠤ ᠴᠢᠳᠠᠬᠤ ᠥᠬᠡᠶ︾᠂ ︽ᠲᠠᠪᠤᠨ ᠮᠡᠳᠡᠷᠡᠭᠦᠢ︾ ᠶᠢᠨ ᠦᠵᠡᠯ ᠰᠠᠨᠠᠭ᠎ᠠ ᠶᠢ | ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠲᠠᠷᠢᠬᠢ ᠲᠣᠯᠣᠭᠠᠶ ᠳᠤ ᠨᠢ ᠭᠦᠨ ᠬᠠᠳᠠᠩᠰᠢᠭᠤᠯᠵᠠᠢ᠃ | ᠭᠤᠷᠪᠠ ᠳᠤ᠂ ᠠᠵᠢᠯᠯᠠᠭ᠎ᠠ ᠶᠢᠨ ᠠᠴᠢᠶᠠᠯᠠᠪᠤᠷᠢ ᠶᠢᠨ ᠰᠢᠨ᠎ᠡ ᠶᠢ ᠡᠭᠦᠳᠴᠦ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠠᠵᠢᠯ ᠤᠨ ᠰᠠᠭᠤᠷᠢ ᠶᠢ ᠪᠠᠬᠢᠵᠢᠬᠦᠯᠪᠡ᠃ ︽ᠨᠢᠭᠡ ᠭᠠᠷᠠᠭ | ᠬᠤᠶᠠᠷ ᠰᠠᠷ᠎ᠠ︾ ᠶᠢᠨ ᠠᠵᠢᠯᠯᠠᠭ᠎ᠠ ᠪᠠᠷ ᠠᠴᠢᠶᠠᠯᠠᠪᠤᠷᠢ ᠪᠣᠯᠭᠠᠵᠤ᠂ ︽ᠳᠤᠮᠳᠠᠳᠤ ᠶᠢᠨ ᠬᠥᠪᠡᠭᠦᠳ ᠥᠬᠢᠳ ᠤᠨ ᠶᠡᠭᠡ | ᠪᠦᠯᠬᠦᠮᠳᠡᠯ ᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠳᠤᠳᠬᠠᠬᠤ︾᠂ ︽ᠳᠤᠮᠳᠠᠳᠤ ᠶᠢᠨ ᠦᠨᠳᠦᠰᠦᠲᠡᠨ ᠨᠢᠭᠡ ᠬᠡᠷ ᠪᠦᠯᠢ ᠶᠢᠨ ᠬᠢᠨ ᠮᠡᠲᠦ ᠳᠣᠲᠣᠨᠣ ᠪᠠᠶᠢᠵᠤ᠂ ᠰᠡᠳᠬᠢᠯ | ᠨᠢᠭᠡᠳᠦᠨ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ︾᠂ ︽ᠠᠮᠤᠷ ᠠᠮᠤᠭᠤᠯᠠᠩ ᠤᠨ ᠪᠥᠲᠥᠭᠡᠨ | ᠪᠠᠶᠢᠭᠤᠯᠤᠯᠲᠠ ᠵᠢᠴᠢ ᠦᠨᠳᠦᠰᠦᠲᠡᠨ ᠤ ᠪᠦᠯᠬᠦᠮᠳᠡᠯ ᠳᠠᠪᠰᠢᠯᠲᠠ︾᠂ ︽ᠭᠠᠷ ᠭᠠᠷ ᠢᠶᠠᠨ ᠬᠤᠯᠪᠣᠯᠴᠠᠬᠤ︾᠂ ︽ᠬᠤᠤᠰ | ᠪᠣᠯᠤᠯᠴᠠᠬᠤ︾᠂ ︽ᠨᠠᠮ ᠤᠨ ᠲᠡᠦᠬᠡ ᠶᠢ ᠰᠤᠷᠤᠯᠴᠠᠵᠤ᠂ ᠢᠲᠡᠭᠡᠯ ᠪᠢᠰᠢᠷᠡᠯ ᠢᠶᠠᠨ ᠴᠢᠩᠭᠠᠳᠬᠠᠵᠤ᠂ ᠨᠠᠮ ᠢᠶᠠᠨ ᠳᠠᠭᠠᠵᠤ | ᠤᠷᠤᠭᠰᠢᠯᠠᠬᠤ︾᠂ ︽ᠬᠤᠪᠢᠰᠬᠠᠯᠲᠤ ᠤᠳᠤᠮᠰᠢᠯ ᠢ ᠦᠶ᠎ᠡ ᠶᠢᠨ ᠦᠶ᠎ᠡ ᠳᠤ ᠪᠠᠨ ᠤᠯᠠᠮᠵᠢᠯᠠᠬᠤ︾᠂ ︽ᠴᠢᠷᠮᠠᠶᠢᠨ ᠲᠡᠮᠡᠴᠡᠬᠦ | ᠵᠠᠯᠠᠭᠤ ᠨᠠᠰᠤ ᠬᠠᠮᠤᠭ ᠤᠨ ᠰᠠᠶᠢᠬᠠᠨ︾ ᠵᠡᠷᠭᠡ ᠰᠢᠷᠢᠰ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠪᠥᠬᠦ ᠬᠤᠰᠢᠭᠤᠨ ᠤ | ᠦᠨᠳᠦᠰᠦᠲᠡᠨ ᠨᠦᠭᠦᠳ ᠤᠨ ᠣᠯᠠᠨ ᠲᠦᠮᠡᠨ ᠤ ᠶᠡᠭᠡ ᠪᠦᠯᠬᠦᠮᠳᠡᠯ ᠤᠨ ᠰᠠᠶᠢᠨ ᠰᠠᠶᠢᠬᠠᠨ ᠪᠠᠶᠢᠳᠠᠯ ᠢ ᠪᠠᠬᠢᠵᠢᠭᠦᠯᠦᠨ | ᠬᠦᠭᠵᠢᠬᠦᠯᠪᠡ᠃ ︽ᠮᠢᠨᠦ ᠳᠡᠷᠭᠡᠳᠡᠬᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠯᠢᠭᠡᠷ︾ ᠤᠨ ᠲᠤᠭᠤᠷᠢᠨ | ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ 8 ᠤᠳᠠᠭ᠎ᠠ ᠥᠷᠨᠢᠭᠦᠯᠵᠦ᠂ ᠤᠬᠠᠭᠤᠯᠤᠨ ᠲᠠᠶᠢᠯᠠᠪᠤᠷᠢᠯᠠᠯᠳᠠ ᠳᠤ | 1200 ᠭᠠᠷᠤᠢ ᠬᠥᠮᠦᠨ ᠤᠳᠠᠭ᠎ᠠ ᠤᠷᠤᠯᠴᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ | ᠬᠠᠮᠲᠤ ᠨᠡᠶᠢᠲᠡ ᠪᠠ ᠵᠢᠱᠢᠶᠡᠴᠢ ᠬᠤᠪᠢ ᠬᠥᠮᠦᠨ ᠤ ᠨᠡᠶᠢᠲᠡᠯᠢᠭ ᠦᠢᠯᠡ ᠠᠵᠢᠯᠯᠠᠭ᠎ᠠ ᠶᠢ ᠶᠡᠭᠡ ᠪᠠᠷ ᠤᠬᠠᠭᠤᠯᠪᠠ᠃ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ | ᠲᠦᠷᠢᠮ︾ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠣᠨᠣᠯ ᠤᠨ ᠤᠩᠰᠢᠬᠤ | ᠪᠢᠴᠢᠭ᠂ ᠮᠡᠳᠡᠪᠡᠯ ᠵᠣᠬᠢᠬᠤ ᠭᠠᠷ ᠠᠪᠤᠯᠭ᠎ᠠ ᠶᠢᠨ ᠳᠡᠪᠲᠡᠷ ᠵᠡᠷᠭᠡ 6.5 ᠲᠦᠮᠡᠨ ᠳᠡᠪᠲᠡᠷ ᠢ ᠬᠡᠪᠯᠡᠨ ᠲᠠᠷᠬᠠᠭᠠᠵᠤ᠂ | ᠤᠬᠠᠭᠤᠯᠭ᠎ᠠ ᠬᠥᠮᠦᠵᠢᠯ ᠤᠨ ᠬᠠᠮᠤᠷᠬᠤ ᠬᠡᠪᠴᠢᠶ᠎ᠡ ᠶᠢ ᠦᠷᠭᠡᠳᠭᠡᠵᠡᠢ᠃ | ᠳᠥᠷᠪᠡ ᠳᠤ᠂ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠳᠤᠳᠬᠠᠬᠤ ᠨᠡᠶᠢᠭᠡᠮ ᠤᠨ ᠰᠠᠭᠤᠷᠢ ᠶᠢ ᠪᠠᠬᠢᠵᠢᠭᠦᠯᠪᠡ᠃ ᠪᠥᠬᠦ ᠣᠷᠣᠨ ᠤ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤᠨ ᠤ ᠦᠷ᠎ᠡ ᠪᠦᠲᠦᠭᠡᠯ ᠢ ᠯᠠᠪᠳᠠᠭᠤᠨ | ᠪᠠᠲᠤᠲᠠᠶ ᠪᠠᠬᠢᠵᠢᠭᠦᠯᠵᠦ᠂ ︽ᠨᠠᠢᠮᠠ ᠳᠤ ᠣᠷᠣᠭᠤᠯᠬᠤ︾ ᠪᠠᠷ ᠠᠴᠢᠶᠠᠯᠠᠪᠤᠷᠢ ᠪᠣᠯᠭᠠᠵᠤ᠂ ᠡᠭᠦᠳᠦᠨ ᠪᠠᠶᠢᠭᠤᠯᠬᠤ | ᠠᠵᠢᠯ ᠢ ᠡᠮᠬᠢ ᠵᠢᠷᠤᠮ ᠲᠠᠢ ᠠᠬᠢᠭᠤᠯᠵᠠᠢ᠃ ᠰᠢᠨ᠎ᠡ ᠵᠠᠭᠤᠴᠢᠯᠠᠭᠤᠷ ᠲᠤ ︽ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ︾᠂ ︽ᠠᠨᠠᠷ ᠤᠨ ᠦᠷ᠎ᠡ ᠶᠢᠨ ᠵᠢᠵᠢᠭ ᠬᠢᠴᠢᠶᠡᠯ ᠤᠨ ᠲᠠᠩᠬᠢᠮ︾ | ᠵᠡᠷᠭᠡ ᠲᠤᠰᠬᠠᠶ ᠪᠤᠯᠤᠩ ᠢ ᠭᠠᠷᠭᠠᠵᠤ᠂ ᠦᠨᠳᠦᠰᠦᠲᠡᠨ ᠤ ᠪᠦᠯᠬᠦᠮᠳᠡᠯ ᠤᠨ ᠣᠨᠣᠯ ᠤᠨ ᠵᠣᠬᠢᠶᠠᠯ ᠵᠡᠷᠭᠡ ᠶᠢ 300 | ᠭᠠᠷᠤᠶ ᠳᠠᠮᠵᠢᠭᠤᠯᠤᠨ ᠲᠠᠷᠬᠠᠭᠠᠵᠤ᠂ ᠬᠤᠰᠢᠭᠤ᠂ ᠰᠤᠮᠤ ᠪᠠᠯᠭᠠᠰᠤ᠂ ᠭᠠᠴᠠᠭ᠎ᠠ ᠭᠤᠷᠪᠠᠨ ᠱᠠᠲᠤᠨ ᠤ ᠸᠢᠴᠠᠲ ᠤᠨ | ᠴᠤᠭᠯᠠᠷᠠᠯ ᠢ ᠠᠰᠢᠭᠯᠠᠨ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢ ᠱᠠᠲᠤ ᠳᠠᠷᠠᠭᠠᠯᠠᠨ | ᠤᠬᠠᠭᠤᠯᠪᠠ᠃ ᠦᠨᠳᠦᠰᠦᠲᠡᠨ ᠤ ᠪᠦᠯᠬᠦᠮᠳᠡᠯ ᠤᠨ ᠠᠵᠢᠯ ᠢ ᠪᠣᠯᠪᠠᠰᠤᠨ ᠨᠢᠭᠡᠴᠢ᠂ ᠪᠣᠯᠪᠠᠰᠤᠨ ᠲᠣᠰᠬᠤᠨ ᠪᠠᠯᠭᠠᠰᠤ᠂ | ᠪᠣᠯᠪᠠᠰᠤᠨ ᠬᠡᠷ ᠪᠦᠯᠢ᠂ ᠪᠣᠯᠪᠠᠰᠤᠨ ᠨᠡᠶᠢᠭᠡᠮ ᠲᠣᠭᠤᠷᠢᠭ᠂ ᠪᠣᠯᠪᠠᠰᠤᠨ ᠰᠤᠷᠭᠠᠭᠤᠯᠢ ᠶᠢᠨ ᠬᠦᠷᠢᠶᠡᠨ ᠤ ︽ᠵᠢᠷᠭᠤᠭᠠᠨ | ᠶᠡᠭᠡ ᠪᠥᠲᠥᠭᠡᠨ ᠪᠠᠶᠢᠭᠤᠯᠤᠯᠲᠠ︾ ᠶᠢᠨ ᠴᠢᠬᠤᠯᠠ ᠠᠭᠤᠯᠭ᠎ᠠ ᠳᠤ ᠣᠷᠣᠭᠤᠯᠵᠤ᠂ ︽ᠤᠯᠠᠭᠠᠨᠮᠥ᠋ᠴᠢᠷ +︾ | ᠶᠡᠷᠦᠩᠬᠡᠶᠢᠯᠡᠭᠰᠡᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠡᠬᠢᠯᠡᠭᠦᠯᠵᠦ᠂ ᠤᠳᠬ᠎ᠠ ᠤᠷᠠᠯᠢᠭ ᠤᠨ | ᠵᠣᠬᠢᠶᠠᠨ ᠪᠦᠲᠦᠭᠡᠯᠭᠡ᠂ ᠰᠣᠶᠣᠯ ᠤᠨ ᠠᠵᠢᠯᠯᠠᠭ᠎ᠠ ᠳᠤᠮᠳᠠ ᠤᠳᠤᠷᠢᠳᠤᠮᠵᠢ ᠶᠢ ᠰᠠᠶᠢᠲᠤᠷ ᠡᠵᠡᠮᠳᠡᠵᠦ᠂ ᠰᠣᠶᠣᠯ ᠤᠨ | ᠮᠡᠳᠡᠷᠡᠭᠦᠢ ᠶᠢ ᠨᠡᠮᠡᠭᠳᠡᠭᠦᠯᠦᠨ᠂ ᠰᠣᠶᠣᠯ ᠤᠨ ᠦᠢᠯᠡᠴᠢᠯᠡᠭᠡ ᠶᠢ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ | ᠣᠯᠠᠨ ᠲᠦᠮᠡᠨ ᠳᠤ ᠬᠠᠨᠳᠤᠭᠤᠯᠤᠨ ᠬᠢᠵᠡᠢ᠃ | |