ᠪᠠᠶᠠᠨᠨᠠᠭᠤᠷ ᠬᠤᠲᠠ ᠶᠢᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠨᠢ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ ᠲᠤᠰᠬᠠᠢ ᠰᠡᠳᠦᠪᠲᠦ ᠰᠤᠳᠤᠯᠤᠨ ᠶᠠᠷᠢᠯᠴᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/10/14
     10 ᠳ᠋ᠤᠭᠠᠷ ᠰᠠᠷ᠎ᠠ ᠶᠢᠨ 11 ᠤ ᠡᠳᠦᠷ᠂ ᠪᠠᠶᠠᠨᠨᠠᠭᠤᠷ ᠬᠤᠳᠠ ᠶᠢᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠨᠢ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ︽ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ︾ ᠭᠤᠣᠯ ᠰᠡᠳᠦᠪ ᠤᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠾᠧ ᠸᠧᠶ ᠬᠤᠸᠠ ᠬᠤᠷᠠᠯ ᠢ ᠡᠷᠬᠢᠯᠡᠬᠦ ᠶᠢᠨ ᠬᠠᠮᠳᠤ ᠶᠠᠷᠢᠶ᠎ᠠ ᠲᠠᠯᠪᠢᠪᠠ᠃      ᠬᠤᠷᠠᠯ ᠠᠴᠠ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡ ᠶᠢᠨ ᠰᠤᠳᠠᠰᠤ ᠶᠢ ᠭᠦᠨᠵᠡᠭᠡᠢ ᠡᠵᠡᠮᠳᠡᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢᠨ ᠭᠤᠣᠯ ᠴᠢᠮᠥᠭᠡ ᠴᠢᠬᠤᠯᠠ ᠠᠭᠤᠯᠭ᠎ᠠ ᠶᠢ ᠭᠦᠨᠵᠡᠭᠡᠢ ᠡᠵᠡᠮᠰᠢᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠭᠤᠶᠢᠪᠢᠰᠢ ᠦᠭᠡᠢ ᠠᠬᠢᠭᠤᠯᠬᠤ ᠬᠡᠷᠡᠭᠲᠡᠢ᠃ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠲᠤᠭᠤᠰᠢᠯᠠᠭᠤᠯᠬᠤ ᠦᠨᠳᠦᠰᠦᠨ ᠱᠠᠭᠠᠷᠳᠠᠯᠭ᠎ᠠ ᠶᠢ ᠭᠦᠨᠵᠡᠭᠡᠢ ᠡᠵᠡᠮᠰᠢᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠪᠠᠲᠤᠯᠠᠬᠤ ᠬᠡᠷᠡᠭᠲᠡᠢ᠃ ᠦᠨᠳᠦᠰᠦᠲᠡᠨ ᠤ ᠠᠵᠢᠯ ᠳᠤ ᠲᠤᠯᠭᠠᠷᠠᠵᠤ ᠪᠠᠶᠢᠭ᠎ᠠ ᠲᠣᠪᠤᠶᠢᠮ᠎ᠠ ᠠᠰᠠᠭᠤᠳᠠᠯ ᠪᠣᠯᠤᠨ ᠪᠠᠶᠢᠳᠠᠯ ᠢ ᠭᠦᠨᠵᠡᠭᠡᠶ ᠡᠵᠡᠮᠰᠢᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠬᠦᠴᠦᠲᠡᠶ ᠪᠠᠬᠢᠵᠢᠭᠦᠯᠬᠦ ᠬᠡᠷᠡᠭᠲᠡᠶ᠃ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠢ ᠭᠦᠨᠵᠡᠭᠡᠶᠢᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠬᠥᠮᠦᠵᠢᠯ ᠢ ᠠᠷᠠᠳ ᠢᠷᠭᠡᠳ ᠤᠨ ᠬᠥᠮᠦᠵᠢᠯ᠂ ᠨᠠᠮ ᠤᠨ ᠭᠡᠰᠢᠭᠦᠨ ᠺᠠᠳ᠋ᠷ ᠤᠨ ᠬᠥᠮᠦᠵᠢᠯ᠂ ᠨᠡᠶᠢᠭᠡᠮ ᠤᠨ ᠬᠥᠮᠦᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠬᠤ ᠶᠢ ᠪᠠᠷᠢᠮᠲᠠᠯᠠᠵᠤ᠂ ᠪᠣᠯᠪᠠᠰᠤᠨ ᠬᠤᠲᠠ ᠪᠠᠯᠭᠠᠰᠤ᠂ ᠪᠣᠯᠪᠠᠰᠤᠨ ᠨᠢᠭᠡᠴᠢ᠂ ᠪᠣᠯᠪᠠᠰᠤᠨ ᠲᠣᠰᠬᠤᠨ ᠪᠠᠯᠭᠠᠰᠤ᠂ ᠪᠣᠯᠪᠠᠰᠤᠨ ᠨᠡᠶᠢᠭᠡᠮ ᠲᠣᠭᠤᠷᠢᠭ ᠤᠨ ᠪᠠᠶᠢᠭᠤᠯᠤᠯᠲᠠ ᠳᠤ ᠠᠭᠤᠰᠤᠯᠴᠠᠭᠤᠯᠵᠤ᠂ ᠬᠤᠳᠠ ᠶᠢᠨ ᠠᠷᠠᠳ ᠤᠨ ᠨᠡᠶᠢᠲᠡ ᠶᠢᠨ ᠭᠡᠷ᠎ᠡ᠂ ᠲᠣᠰᠬᠤᠨ ᠤ ᠲᠦᠷᠢᠮ ᠠᠷᠠᠳ ᠤᠨ ᠭᠡᠷ᠎ᠡ᠂ ᠰᠤᠷᠤᠭᠴᠢᠳ ᠤᠨ ᠰᠠᠬᠢᠯᠭ᠎ᠠ ᠲᠦᠷᠢᠮ᠂ ᠠᠵᠢᠯ ᠲᠦᠷᠦᠯ ᠤᠨ ᠵᠢᠷᠤᠮᠵᠢᠯ ᠳᠤ ᠠᠭᠤᠰᠤᠯᠴᠠᠭᠤᠯᠬᠤ ᠬᠡᠷᠡᠭᠲᠡᠢ᠃ ᠥᠨᠳᠥᠷ ᠲᠦᠪᠰᠢᠨ ᠲᠠᠢ ᠠᠮᠢ ᠠᠬᠤᠢ ᠶᠢᠨ ᠬᠠᠮᠠᠭᠠᠯᠠᠯᠲᠠ᠂ ᠴᠢᠨᠠᠷ ᠰᠠᠶᠢᠲᠠᠢ ᠠᠵᠤ ᠠᠬᠤᠢ ᠶᠢᠨ ᠬᠥᠭᠵᠢᠯᠲᠡ᠂ ᠴᠢᠨᠠᠷ ᠰᠠᠶᠢᠲᠠᠢ ᠠᠷᠠᠳ ᠤᠨ ᠠᠮᠢᠳᠤᠷᠠᠯ᠂ ᠥᠨᠳᠥᠷ ᠪᠦᠲᠦᠮᠵᠢᠲᠡᠢ ᠨᠡᠶᠢᠭᠡᠮ ᠤᠨ ᠵᠠᠰᠠᠯᠲᠠ᠂ ᠥᠨᠳᠥᠷ ᠪᠠᠷᠢᠮᠵᠢᠶᠠᠲᠤ ᠨᠠᠮ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠵᠤ ᠪᠣᠬᠢᠷᠲᠤᠯ ᠦᠭᠡᠢ ᠬᠦᠭᠵᠢᠬᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠲᠠᠢ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ ᠬᠡᠷᠡᠭᠲᠡᠢ ᠬᠡᠵᠦ ᠴᠢᠬᠤᠯᠠᠴᠢᠯᠠᠪᠠ᠃
ᠢᠷᠡᠯᠲᠡ᠄ ᠪᠠᠶᠠᠨᠨᠠᠭᠤᠷ ᠬᠤᠲᠠ ᠶᠢᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ