10 ᠳ᠋ᠤᠭᠠᠷ ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠨᠢᠭᠡᠳᠦᠮᠡᠯ ᠹᠷᠣᠨᠲ ᠤᠨ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ | ᠦᠨᠳᠦᠰᠦᠲᠡᠨ ᠤ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠵᠢᠶᠦ᠋ᠨ ᠥᠪᠡᠷᠲᠡᠭᠡᠨ | ᠵᠠᠰᠠᠬᠤ ᠣᠷᠣᠨ ᠤ ᠣᠷᠣᠨ ᠨᠤᠲᠤᠭ ᠤᠨ ᠦᠭᠡ ᠬᠡᠯᠡ ᠥᠰᠥᠭ ᠪᠢᠴᠢᠭ ᠤᠨ ᠰᠤᠳᠤᠯᠤᠯ ᠪᠠ ᠬᠡᠷᠡᠭᠯᠡᠭᠡᠨ ᠤ | ᠲᠥᠪ ᠲᠤ ᠪᠠᠶᠢᠴᠠᠭᠠᠨ ᠰᠤᠳᠤᠯᠤᠯᠲᠠ ᠬᠢᠵᠦ᠂ ︽ᠣᠷᠣᠨ ᠨᠤᠲᠤᠭ ᠤᠨ ᠦᠭᠡ ᠬᠡᠯᠡ ᠥᠰᠥᠭ ᠪᠢᠴᠢᠭ ᠤᠨ ᠮᠡᠳᠡᠭᠡ | ᠵᠠᠩᠬᠢᠴᠢᠯᠠᠯᠳᠠ ᠶᠢᠨ ᠤᠬᠠᠭᠤᠯᠤᠨ ᠳᠡᠯᠭᠡᠷᠡᠭᠦᠯᠵᠦ ᠬᠠᠮᠲᠤ ᠪᠠᠷ ᠡᠳ᠋ᠯᠡᠬᠦ ᠶᠡᠷᠦᠩᠬᠡᠶᠢᠯᠡᠭᠰᠡᠨ ᠲᠠᠪᠴᠠᠩ︾ ᠤᠨ | ᠠᠵᠢᠯᠯᠠᠭᠠᠨ ᠤ ᠪᠠᠶᠢᠳᠠᠯ ᠢ ᠲᠤᠬᠠᠶ ᠶᠢᠨ ᠭᠠᠵᠠᠷ ᠲᠤ ᠨᠢ ᠪᠠᠶᠢᠴᠠᠭᠠᠨ ᠦᠵᠡᠭᠰᠡᠨ ᠪᠥᠭᠡᠳ ᠦᠨᠳᠦᠰᠦᠲᠡᠨ ᠤ | ᠠᠵᠢᠯ ᠤᠨ ᠮᠡᠳᠡᠭᠡ ᠵᠠᠩᠬᠢᠴᠢᠯᠠᠯᠳᠠ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠵᠡᠷᠭᠡ ᠲᠠᠯ᠎ᠠ ᠪᠠᠷ | ᠰᠤᠳᠤᠯᠤᠯ ᠪᠠ ᠬᠡᠷᠡᠭᠯᠡᠭᠡᠨ ᠤ ᠲᠥᠪ ᠤᠨ ᠤᠳᠤᠷᠢᠳᠬᠤ ᠪᠠᠭ ᠵᠢᠴᠢ ᠲᠤᠰᠬᠠᠶ ᠮᠡᠷᠭᠡᠵᠢᠯ ᠤᠨ ᠠᠵᠢᠯᠲᠠᠳ ᠲᠠᠢ | ᠰᠠᠨᠠᠯ ᠢᠶᠠᠨ ᠭᠦᠨᠵᠡᠭᠡᠶ ᠰᠣᠯᠢᠯᠴᠠᠪᠠ᠃ | | ᠣᠷᠣᠨ ᠨᠤᠲᠤᠭ ᠤᠨ ᠦᠭᠡ ᠬᠡᠯᠡ ᠦᠰᠦᠭ ᠪᠢᠴᠢᠭ ᠤᠨ ᠰᠤᠳᠤᠯᠤᠯ ᠬᠡᠷᠡᠭᠯᠡᠭᠡᠨ ᠤ ᠠᠵᠢᠯ ᠢ | ᠵᠢᠯᠤᠭᠤᠳᠴᠤ ᠪᠠᠶᠢᠭ᠎ᠠ ᠨᠢ | | ᠸᠠᠩ ᠵᠢᠶᠦ᠋ᠨ᠂ ᠨᠠᠮ ᠤᠨ ᠲᠥᠪ ᠬᠤᠷᠢᠶ᠎ᠠ ᠪᠤᠯᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ | ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ | ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠪᠦᠷᠢᠨ ᠪᠦᠲᠦᠨ ᠵᠥᠪ ᠣᠨᠣᠪᠴᠢᠲᠠᠢ ᠪᠦᠬᠦ ᠲᠠᠯ᠎ᠠ ᠪᠠᠷ | ᠡᠵᠡᠮᠰᠢᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠳᠤᠳᠬᠠᠬᠤ ᠪᠠᠷ ᠭᠤᠤᠯ ᠰᠢᠵᠢᠮ ᠪᠤᠯᠭᠠᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠦᠬᠦ | ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠬᠦᠯᠵᠦ᠂ ᠡᠯ᠎ᠡ ᠦᠨᠳᠦᠰᠦᠲᠡᠨ ᠤ ᠦᠭᠡ ᠬᠡᠯᠡ ᠦᠰᠦᠭ ᠪᠢᠴᠢᠭ ᠢ ᠰᠢᠨᠵᠢᠯᠡᠬᠦ | ᠤᠬᠠᠭᠠᠨᠴᠢ ᠪᠠᠷ ᠬᠠᠮᠠᠭᠠᠯᠠᠵᠤ᠂ ᠤᠯᠤᠰ ᠤᠨ ᠰᠣᠶᠣᠯ ᠤᠨ ᠠᠮᠤᠷ ᠲᠦᠪᠰᠢᠨ ᠢ ᠬᠠᠮᠠᠭᠠᠯᠠᠬᠤ ᠪᠠ ᠦᠨᠳᠦᠰᠦᠲᠡᠨ ᠤ | ᠪᠦᠯᠬᠦᠮᠳᠡᠯ ᠢ ᠴᠢᠩᠭᠠᠳᠬᠠᠬᠤ ᠤᠯᠤᠰ ᠲᠦᠷᠦ ᠶᠢᠨ ᠦᠨᠳᠦᠷᠴᠡ ᠠᠴᠠ ᠴᠥᠭᠡᠨ ᠲᠣᠭᠠᠲᠤ ᠦᠨᠳᠦᠰᠦᠲᠡᠨ ᠤ ᠦᠭᠡ | ᠬᠡᠯᠡ ᠦᠰᠦᠭ ᠪᠢᠴᠢᠭ ᠤᠨ ᠪᠠᠷᠢᠮᠵᠢᠶ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠬᠤ ᠶᠢᠨ ᠴᠢᠬᠤᠯᠠ | ᠪᠠᠶᠢᠯᠳᠤᠬᠤ ᠪᠤᠳᠤᠯᠭ᠎ᠠ ᠶᠢᠨ ᠠᠴᠢ ᠬᠤᠯᠪᠣᠭᠳᠠᠯ ᠢ ᠭᠦᠨᠵᠡᠭᠡᠢ ᠲᠠᠨᠢᠵᠤ ᠡᠵᠡᠮᠰᠢᠨ᠂ ᠮᠣᠩᠭᠤᠯ ᠬᠡᠯᠡᠨ ᠤ ᠺᠣᠳ᠋ ᠤᠨ | ᠤᠯᠤᠰ ᠤᠨ ᠪᠠᠷᠢᠮᠵᠢᠶ᠎ᠠ ᠳᠤ ᠵᠠᠰᠠᠪᠤᠷᠢ ᠣᠷᠣᠭᠤᠯᠬᠤ ᠠᠵᠢᠯ ᠢ ᠲᠦᠷᠭᠡᠳᠬᠡᠨ ᠠᠬᠢᠭᠤᠯᠵᠤ᠂ ᠬᠠᠮᠢᠶ᠎ᠠ ᠪᠦᠬᠦᠢ ᠬᠦᠷᠢᠶ᠎ᠡ | ᠴᠠᠷᠠᠭᠠᠨ ᠤ ᠰᠠᠨᠠᠭᠠᠴᠢᠯᠠᠭᠠᠲᠤ ᠡᠷᠬᠡ᠂ ᠭᠤᠣᠯᠯᠠᠬᠤ ᠡᠷᠬᠡ ᠪᠠ ᠤᠯᠠᠨ ᠤᠯᠤᠰ ᠤᠨ ᠬᠤᠭᠤᠷᠣᠨᠳᠣᠬᠢ ᠦᠭᠡ | ᠶᠠᠷᠢᠶᠠᠨ ᠤ ᠡᠷᠬᠡ ᠮᠡᠳᠡᠯ ᠢ ᠪᠠᠳᠤ ᠡᠵᠡᠮᠳᠡᠬᠦ ᠬᠡᠷᠡᠭᠳᠡᠢ᠃ ᠣᠷᠣᠨ ᠨᠤᠲᠤᠭ ᠤᠨ ᠦᠭᠡ ᠬᠡᠯᠡ ᠦᠰᠦᠭ ᠪᠢᠴᠢᠭ ᠤᠨ | ᠰᠤᠳᠤᠯᠤᠯ ᠪᠠ ᠬᠡᠷᠡᠭᠯᠡᠭᠡᠨ ᠤ ᠠᠵᠢᠯ ᠢ ᠴᠢᠩᠭᠠᠳᠬᠠᠵᠤ᠂ ᠮᠣᠩᠭᠤᠯ ᠬᠡᠯᠡᠨ ᠤ ᠡᠬᠢ ᠪᠠᠶᠠᠯᠢᠭ ᠢ ᠬᠠᠮᠳᠤ ᠪᠠᠷ ᠡᠳ᠋ᠯᠡᠬᠦ | ᠦᠢᠯᠡᠴᠢᠯᠡᠭᠡᠨ ᠤ ᠲᠠᠪᠴᠠᠩ ᠤᠨ ᠴᠢᠳᠠᠮᠵᠢ ᠶᠢᠨ ᠲᠡᠭᠦᠯᠳᠡᠷᠵᠢᠯᠳᠡ᠂ ᠡᠬᠢ ᠪᠠᠶᠠᠯᠢᠭ ᠤᠨ ᠪᠦᠲᠦᠭᠡᠨ ᠪᠠᠶᠢᠭᠤᠯᠤᠯᠲᠠ | ᠪᠠ ᠳᠡᠯᠭᠡᠷᠡᠭᠦᠯᠦᠨ ᠬᠡᠷᠡᠭᠯᠡᠬᠦ ᠡᠷᠴᠢᠮ ᠢ ᠴᠢᠩᠭᠠᠷᠠᠭᠤᠯᠤᠨ᠂ ᠨᠡᠶᠢᠭᠡᠮ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠵᠦ᠂ | ᠦᠨᠳᠦᠰᠦᠲᠡᠨ ᠨᠦᠭᠦᠳ ᠤᠨ ᠣᠯᠠᠨ ᠲᠦᠮᠡᠨ ᠢ ᠢᠳᠡᠪᠬᠢᠲᠡᠢ ᠬᠥᠲᠥᠯᠥᠨ ᠵᠢᠯᠣᠭᠤᠳᠴᠤ ᠪᠠᠶᠢᠭᠠᠳ ︽ᠳᠥᠷᠪᠡᠨ | ᠤᠬᠠᠮᠰᠠᠷ︾ ᠢ ᠨᠢ ᠲᠠᠰᠤᠷᠠᠯᠲᠠ ᠥᠬᠡᠶ ᠴᠢᠩᠭᠠᠳᠬᠠᠵᠤ᠂ ︽ᠳᠥᠷᠪᠡᠨ ᠢᠲᠡᠭᠡᠯ︾ ᠢ ᠨᠢ ᠪᠠᠲᠤᠳᠬᠠᠵᠤ᠂ ︽ᠲᠠᠪᠤᠨ | ᠮᠡᠳᠡᠷᠡᠭᠦᠢ︾ ᠶᠢ ᠨᠢ ᠨᠡᠮᠡᠭᠳᠡᠭᠦᠯᠵᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠵᠦ᠂ ᠲᠤᠰ ᠲᠠᠪᠴᠠᠩ ᠤᠨ | ᠥᠪᠡᠷᠮᠢᠴᠡ ᠦᠢᠯᠡᠳᠦᠯ ᠢ ᠨᠢ ᠪᠠᠳᠠᠷᠠᠭᠤᠯᠤᠨ᠂ ᠢᠳᠡᠪᠬᠢᠲᠡᠢ ᠬᠤᠪᠢ ᠨᠡᠮᠡᠷᠢ ᠦᠵᠡᠭᠦᠯᠬᠦ ᠬᠡᠷᠡᠭᠲᠡᠶ ᠬᠡᠵᠦ ᠵᠢᠭᠠᠵᠤ | ᠭᠠᠷᠭᠠᠪᠠ᠃ | | ᠣᠷᠣᠨ ᠨᠤᠲᠤᠭ ᠤᠨ ᠦᠭᠡ ᠬᠡᠯᠡ ᠦᠰᠦᠭ ᠪᠢᠴᠢᠭ ᠤᠨ ᠰᠤᠳᠤᠯᠤᠯ ᠪᠠ ᠬᠡᠷᠡᠭᠯᠡᠭᠡᠨ ᠤ ᠠᠵᠢᠯ ᠳᠤ | ᠪᠠᠶᠢᠴᠠᠭᠠᠨ ᠰᠤᠳᠤᠯᠤᠯᠳᠠ ᠬᠢᠵᠦ ᠪᠠᠶᠢᠭ᠎ᠠ ᠨᠢ | | ᠸᠠᠩ ᠵᠢᠶᠦ᠋ᠨ᠂ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠴᠢᠳᠠᠪᠤᠷᠢᠲᠠᠨ ᠤ ᠠᠵᠢᠯ ᠤᠨ ᠬᠤᠷᠠᠯ | ᠲᠡᠭᠡᠷ᠎ᠡ ᠬᠢᠭᠰᠡᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ | ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠲᠠᠰᠤᠷᠠᠯᠲᠠ ᠥᠬᠡᠶ ᠴᠢᠩᠭᠠᠳᠬᠠᠵᠤ᠂ ᠣᠷᠣᠨ ᠨᠤᠲᠤᠭ ᠤᠨ ᠦᠭᠡ | ᠬᠡᠯᠡ ᠥᠰᠥᠭ ᠪᠢᠴᠢᠭ ᠤᠨ ᠰᠤᠳᠤᠯᠤᠯ ᠪᠠ ᠬᠡᠷᠡᠭᠯᠡᠭᠡᠨ ᠤ ᠤᠯᠤᠰ ᠲᠥᠷᠥ ᠶᠢᠨ ᠲᠠᠯ᠎ᠠ ᠪᠠᠷ ᠴᠠᠭᠠᠷᠠᠭᠰᠠᠨ᠂ ᠤᠷ᠎ᠠ | ᠴᠢᠳᠠᠪᠤᠷᠢ ᠰᠠᠶᠢᠲᠠᠶ ᠴᠢᠳᠠᠪᠤᠷᠢᠲᠠᠨ ᠤ ᠡᠩᠨᠡᠭᠡ ᠶᠢ ᠴᠢᠷᠮᠠᠶᠢᠨ ᠪᠠᠶᠢᠭᠤᠯᠬᠤ ᠬᠡᠷᠡᠭᠲᠡᠶ᠃ ᠰᠢᠨᠵᠢᠯᠡᠬᠦ ᠤᠬᠠᠭᠠᠨ | ᠮᠡᠷᠭᠡᠵᠢᠯ ᠤᠨ ᠠᠵᠢᠯᠳᠠᠨ ᠪᠠ ᠺᠠᠳ᠋ᠷ ᠠᠵᠢᠯᠳᠠᠨ ᠠᠵᠢᠯᠴᠢᠨ ᠤ ᠦᠰᠦᠨ ᠪᠤᠶᠢᠵᠢᠯᠲᠠ ᠲᠠᠪᠰᠢᠯᠳᠠ ᠶᠢ ᠬᠠᠯᠠᠮᠵᠢᠯᠠᠵᠤ᠂ | ᠠᠵᠢᠯ ᠠᠮᠢᠳᠤᠷᠠᠯ ᠤᠨ ᠳᠤᠮᠳᠠᠬᠢ ᠪᠣᠳᠠᠲᠠᠢ ᠬᠦᠴᠢᠷᠳᠡᠯ ᠢ ᠨᠢ ᠬᠠᠪᠰᠤᠷᠤᠨ ᠰᠢᠢᠳᠪᠦᠷᠢᠯᠡᠵᠦ᠂ ᠤᠯᠠᠨ ᠤ ᠠᠵᠢᠯ ᠤᠨ | ᠤᠷᠮ᠎ᠠ ᠵᠣᠷᠢᠭ ᠢ ᠨᠢ ᠭᠦᠢᠴᠡᠳ ᠬᠥᠭᠵᠢᠭᠡᠬᠦ ᠬᠡᠷᠡᠭᠲᠡᠢ᠃ ᠤᠯᠤᠰ ᠤᠨ ᠳᠣᠲᠣᠭᠠᠳᠤ ᠭᠠᠳᠠᠭᠠᠳᠤ ᠶᠢᠨ ᠲᠡᠷᠢᠭᠦᠨ ᠤ | ᠤᠬᠠᠬᠳᠠᠬᠤᠨ ᠪᠣᠯᠤᠨ ᠲᠡᠷᠢᠭᠦᠨ ᠤ ᠮᠡᠷᠭᠡᠵᠢᠯ ᠢ ᠢᠳᠡᠪᠬᠢᠲᠡᠢ ᠰᠤᠷᠤᠯᠴᠠᠨ ᠡᠵᠡᠮᠰᠢᠵᠦ᠂ ᠲᠡᠷᠢᠭᠦᠨ ᠤ ᠲᠤᠷᠰᠢᠯᠭ᠎ᠠ | ᠪᠣᠯᠤᠨ ᠠᠮᠵᠢᠯᠲᠠ ᠲᠠᠢ ᠠᠷᠭ᠎ᠠ ᠬᠢᠳᠡᠯ ᠢ ᠭᠦᠢᠴᠡᠳ ᠲᠣᠯᠢᠯᠠᠵᠤ᠂ ᠰᠢᠨ᠎ᠡ ᠴᠠᠭ ᠦᠶ᠎ᠡ ᠶᠢᠨ ᠨᠠᠮ ᠤᠨ | ᠦᠨᠳᠦᠰᠦᠲᠡᠨ ᠤ ᠠᠵᠢᠯ ᠪᠣᠯᠤᠨ ᠣᠷᠣᠨ ᠨᠤᠲᠤᠭ ᠤᠨ ᠦᠭᠡ ᠬᠡᠯᠡ ᠦᠰᠦᠭ ᠪᠢᠴᠢᠭ ᠤᠨ ᠰᠤᠳᠤᠯᠤᠯ ᠪᠠ | ᠬᠡᠷᠡᠭᠯᠡᠭᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | | ᠰᠤᠳᠤᠯᠤᠯ ᠬᠡᠷᠡᠭᠯᠡᠭᠡᠨ ᠤ ᠲᠥᠪ ᠤᠨ ᠤᠳᠤᠷᠢᠳᠬᠤ ᠪᠠᠭ ᠵᠢᠴᠢ ᠲᠤᠰᠬᠠᠶ ᠮᠡᠷᠭᠡᠵᠢᠯ ᠤᠨ ᠠᠵᠢᠯᠲᠠᠳ ᠲᠠᠢ | ᠶᠠᠷᠢᠯᠴᠠᠵᠤ ᠰᠠᠨᠠᠯ ᠢᠶᠠᠨ ᠰᠤᠯᠢᠯᠴᠠᠵᠤ ᠪᠠᠶᠢᠭ᠎ᠠ ᠨᠢ | | ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ | ᠨᠥᠬᠦᠳ ᠪᠣᠯᠤᠨ ᠬᠠᠮᠢᠶ᠎ᠠ ᠪᠥᠬᠦᠶ ᠭᠠᠵᠠᠷ ᠠᠯᠪᠠᠨ ᠬᠡᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ | ᠣᠷᠣᠯᠴᠠᠪᠠ᠃ |