| | ᠰᠢᠨᠬᠤᠸᠠ ᠬᠤᠷᠢᠶᠠᠨ ᠤ ᠮᠡᠳᠡᠭᠡᠯᠡᠭᠰᠡᠨ ᠢᠶᠠᠷ᠂ 10 ᠳ᠋ᠤᠭᠠᠷ ᠰᠠᠷ᠎ᠠ ᠶᠢᠨ 12 ᠤᠨ ᠡᠳᠦᠷ᠂ ᠴᠥᠭᠡᠨ ᠲᠣᠭᠠᠲᠤ | ᠦᠨᠳᠦᠰᠦᠲᠡᠨ ᠤ ᠺᠠᠳ᠋ᠷ᠂ ᠲᠥᠯᠥᠭᠡᠯᠡᠭᠴᠢ ᠬᠥᠮᠦᠰ ᠪᠠ ᠲᠤᠰᠬᠠᠶ ᠮᠡᠷᠭᠡᠵᠢᠯᠲᠡᠨ ᠡᠷᠳᠡᠮᠲᠡᠳ ᠤᠨ ᠲᠥᠪ ᠤᠨ | ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠬᠠᠢ ᠶᠠᠷᠢᠯᠴᠠᠬᠤ | ᠬᠤᠷᠠᠯ ᠢ ᠪᠡᠭᠡᠵᠢᠩ ᠳᠤ ᠬᠤᠷᠠᠯᠳᠤᠭᠤᠯᠪᠠ᠃ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶᠠᠨ ᠤ | ᠱᠦᠵᠢ ᠨᠡᠷ ᠤᠨ ᠭᠠᠵᠠᠷ ᠤᠨ ᠱᠦᠵᠢ᠂ ᠲᠥᠪ ᠤᠨ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠶᠢᠦ ᠴᠢᠤᠸᠠᠨ | ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | | | ᠬᠤᠷᠠᠯ ᠳᠡᠭᠡᠷ᠎ᠡ ᠬᠡᠰᠡᠭ ᠴᠥᠭᠡᠨ ᠲᠣᠭᠠᠲᠤ ᠦᠨᠳᠦᠰᠦᠲᠡᠨ ᠤ ᠺᠠᠳ᠋ᠷ᠂ ᠲᠥᠯᠥᠭᠡᠯᠡᠭᠴᠢ ᠪᠠ ᠲᠤᠰᠬᠠᠶ | ᠮᠡᠷᠭᠡᠵᠢᠯᠲᠡᠨ ᠡᠷᠳᠡᠮᠲᠡᠨ ᠰᠠᠨᠠᠯ ᠢᠶᠠᠨ ᠰᠣᠯᠢᠯᠴᠠᠵᠤ ᠦᠭᠡ ᠬᠡᠯᠡᠪᠡ᠃ ᠲᠥᠪ ᠤᠨ ᠵᠣᠬᠢᠶᠠᠨ ᠪᠠᠶᠢᠭᠤᠯᠬᠤ ᠬᠡᠯᠲᠡᠰ᠂ | ᠲᠥᠪ ᠤᠨ ᠤᠬᠠᠭᠤᠯᠬᠤ ᠬᠡᠯᠲᠡᠰ᠂ ᠲᠥᠪ ᠤᠨ ᠨᠢᠭᠡᠳᠦᠮᠡᠯ ᠹᠷᠣᠨᠲ ᠤᠨ ᠬᠡᠯᠲᠡᠰ ᠪᠣᠯᠤᠨ ᠤᠯᠤᠰ ᠤᠨ | ᠦᠨᠳᠦᠰᠦᠲᠡᠨ ᠤ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ | ᠨᠢᠭᠡᠳᠦᠮᠡᠯ ᠹᠷᠣᠨᠲ ᠤᠨ ᠠᠵᠢᠯ ᠢ ᠠᠩᠬᠠᠷᠳᠠᠭ ᠨᠥᠬᠦᠳ ᠤᠨ ᠮᠡᠳᠡᠵᠦ ᠪᠠᠶᠢᠬᠤ ᠪᠠᠷ᠂ ᠲᠤᠯᠤᠭᠠᠨ ᠵᠢᠯ | ᠠᠯᠤᠰᠯᠠᠭᠠᠳ ᠡᠨᠡ ᠵᠢᠯ ᠤᠨ 8 ᠳ᠋ᠤᠭᠠᠷ ᠰᠠᠷ᠎ᠠ ᠶᠢᠨ 27 ᠤ ᠡᠳᠦᠷ ᠠᠴᠠ 28 ᠤ ᠡᠳᠦᠷ ᠪᠣᠯᠲᠠᠯ᠎ᠠ᠂ ᠨᠠᠮ ᠤᠨ ᠲᠥᠪ | ᠬᠤᠷᠢᠶ᠎ᠠ ᠠᠴᠠ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠢ ᠳᠠᠬᠢᠨᠲᠠ ᠬᠤᠷᠠᠯᠳᠤᠭᠤᠯᠵᠤ᠂ ᠶᠡᠷᠦᠩᠬᠡᠢ ᠱᠦᠵᠢ | ᠰᠢ ᠶᠢᠨ ᠫᠢᠩ ᠬᠤᠷᠠᠯ ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠵᠠᠢ᠃ ᠡᠨᠡ ᠪᠣᠯ ᠦᠨᠳᠦᠰᠦᠲᠡᠨ ᠤ ᠠᠵᠢᠯ ᠤᠨ | ᠬᠦᠷᠢᠶᠡᠨ ᠳᠠᠬᠢ ᠨᠢᠭᠡᠨ ᠶᠡᠭᠡ ᠶᠠᠪᠤᠳᠠᠯ ᠮᠥᠨ᠃ ᠣᠯᠠᠨ ᠤ ᠮᠡᠳᠡᠭᠡᠵᠢ ᠪᠠᠷ᠂ ᠦᠨᠳᠦᠰᠦᠲᠡᠨ ᠤ ᠠᠰᠠᠭᠤᠳᠠᠯ ᠪᠣᠯ | ᠨᠢᠭᠡᠨ ᠳᠡᠯᠡᠬᠡᠢ ᠶᠢᠨ ᠴᠢᠨᠠᠷᠲᠠᠢ ᠴᠢᠬᠤᠯᠠ ᠶᠡᠭᠡ ᠠᠰᠠᠭᠤᠳᠠᠯ ᠮᠥᠨ᠂ ᠦᠨᠳᠦᠰᠦᠲᠡᠨ ᠤ ᠠᠰᠠᠭᠤᠳᠠᠯ ᠢ ᠰᠠᠶᠢᠲᠤᠷ | ᠰᠢᠢᠳᠪᠦᠷᠢᠯᠡᠬᠦ ᠦᠭᠡᠢ ᠪᠣᠯ ᠪᠦᠯᠬᠦᠮᠳᠡᠯ ᠲᠣᠭᠲᠠᠭᠤᠨ ᠪᠠᠶᠢᠵᠤ ᠴᠢᠳᠠᠬᠤ ᠦᠭᠡᠢ᠂ ᠨᠢᠭᠡ ᠤᠯᠤᠰ ᠣᠷᠣᠨ ᠥᠨᠢ | ᠤᠳᠠᠭᠠᠨ ᠠᠮᠤᠷ ᠲᠣᠭᠲᠠᠭᠤᠨ ᠪᠠᠶᠢᠬᠤ ᠶᠢ ᠪᠡᠶᠡᠯᠡᠭᠦᠯᠵᠦ ᠴᠢᠳᠠᠬᠤ ᠦᠭᠡᠢ ᠭᠡᠳᠡᠭ ᠢ ᠡᠷᠲᠡᠨ ᠡᠳᠦᠭᠡᠬᠢ ᠳᠣᠲᠣᠭᠠᠳᠤ | ᠭᠠᠳᠠᠭᠠᠳᠤ ᠶᠢᠨ ᠲᠡᠦᠬᠡ ᠳᠠᠬᠢᠨ ᠳᠠᠪᠲᠠᠨ ᠬᠡᠷᠡᠴᠢᠯᠡᠵᠡᠢ᠃ ᠮᠠᠨ ᠤ ᠨᠠᠮ ᠤᠨ ᠵᠠᠭᠤᠨ ᠵᠢᠯ ᠤᠨ ᠲᠡᠦᠬᠡ᠂ ᠢᠯᠠᠩᠭᠤᠶ᠎ᠠ | ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠤ ᠳᠠᠷᠠᠭᠠᠬᠢ ᠲᠡᠦᠬᠡ ᠶᠢ ᠶᠡᠷᠦᠩᠬᠡᠢ ᠳᠤ ᠨᠢ ᠠᠪᠴᠤ ᠦᠵᠡᠪᠡᠯ᠂ | ᠮᠠᠨ ᠤ ᠨᠠᠮ ᠤᠨ ᠦᠨᠳᠦᠰᠦᠲᠡᠨ ᠤ ᠠᠵᠢᠯ ᠤᠨ ᠤᠨᠤᠯ ᠪᠠ ᠦᠨᠳᠦᠰᠦᠨ ᠲᠦᠷᠦ ᠶᠢᠨ ᠪᠤᠳᠤᠯᠭ᠎ᠠ ᠪᠣᠯ ᠪᠦᠷᠢᠮᠦᠰᠦᠨ | ᠵᠥᠪ᠂ ᠠᠮᠵᠢᠯᠲᠠ ᠲᠠᠢ ᠪᠣᠯᠤᠭᠰᠠᠨ ᠢ ᠦᠢᠯᠡᠳᠦᠯᠭᠡ ᠭᠡᠷᠡᠴᠢᠯᠡᠵᠡᠢ ᠭᠡᠵᠦ ᠬᠡᠯᠡᠵᠦ ᠪᠣᠯᠤᠨ᠎ᠠ᠃ ᠢᠯᠠᠩᠭᠤᠶ᠎ᠠ ᠨᠠᠮ ᠤᠨ | ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠤᠯ ᠪᠤᠯᠭᠠᠬᠰᠠᠨ ᠨᠠᠮ ᠤᠨ | ᠲᠥᠪ ᠬᠤᠷᠢᠶ᠎ᠠ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠤᠨ ᠬᠥᠭᠵᠢᠯᠲᠡ ᠬᠤᠪᠢᠷᠠᠯᠲᠠ ᠳᠤ | ᠵᠣᠬᠢᠴᠠᠭᠤᠯᠤᠨ᠂ ᠦᠨᠳᠦᠰᠦᠲᠡᠨ ᠤ ᠣᠨᠣᠯ ᠪᠠ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠲᠠᠰᠤᠷᠠᠯᠲᠠ ᠥᠬᠡᠶ | ᠪᠠᠶᠠᠯᠢᠭᠵᠢᠭᠤᠯᠤᠨ ᠬᠥᠭᠵᠢᠭᠦᠯᠵᠦ᠂ ᠦᠨᠳᠦᠰᠦᠲᠡᠨ ᠤ ᠠᠵᠢᠯ ᠤᠨ ᠲᠤᠬᠠᠶ ᠠᠯᠢ ᠣᠯᠠᠨ ᠴᠢᠬᠤᠯᠠ ᠶᠡᠭᠡ | ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠬᠢᠵᠦ᠂ ᠮᠠᠨ ᠤ ᠤᠯᠤᠰ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠦᠢᠯᠡᠰ ᠤᠨ ᠲᠡᠦᠬᠡᠲᠦ ᠴᠢᠨᠠᠷᠲᠠᠶ ᠰᠢᠨ᠎ᠡ ᠠᠮᠵᠢᠯᠲᠠ ᠤᠯᠬᠤ ᠶᠢ ᠳᠥᠯᠭᠢᠨ ᠠᠬᠢᠭᠤᠯᠪᠠ᠃ | ᠵᠢᠱᠢᠶᠡᠯᠡᠪᠡᠯ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠪᠦᠬᠦ ᠲᠠᠯ᠎ᠠ ᠶᠢᠨ | ᠢᠯᠠᠯᠲᠠ ᠶᠢ ᠣᠯᠵᠤ᠂ ᠦᠨᠳᠦᠰᠦᠲᠡᠨ ᠤ ᠭᠠᠵᠠᠷ ᠣᠷᠣᠨ ᠤ ᠬᠤᠳᠠ ᠬᠥᠳᠡᠭᠡ ᠶᠢᠨ ᠳᠦᠷᠰᠦ ᠪᠠᠶᠢᠳᠠᠯ ᠳᠤ ᠭᠦᠨᠵᠡᠭᠡᠢ | ᠬᠤᠪᠢᠷᠠᠯᠲᠠ ᠭᠠᠷᠴᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠨᠡᠩ ᠥᠷᠭᠡᠨ ᠳᠡᠯᠭᠡᠷ | ᠪᠥᠭᠡᠳ ᠭᠦᠨᠵᠡᠭᠡᠢ ᠪᠤᠯᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠨᠢᠭᠲᠠᠷᠠᠯ ᠤᠨ ᠬᠦᠴᠦᠨ | ᠲᠥᠪᠯᠡᠷᠡᠯ ᠤᠨ ᠬᠦᠴᠦᠨ ᠲᠦᠢᠯ ᠤᠨ ᠶᠡᠭᠡ ᠪᠠᠷ ᠴᠢᠩᠭᠠᠷᠠᠭᠰᠠᠨ ᠵᠡᠷᠭᠡ ᠪᠣᠯᠤᠨ᠎ᠠ᠃ ᠡᠭᠦᠨ ᠤ ᠬᠠᠮᠲᠤ ᠣᠳᠣᠬᠠᠨ ᠤ | ᠳᠡᠯᠡᠬᠡᠢ ᠶᠢᠷᠲᠢᠨᠴᠦ ᠶᠠᠭ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢ ᠥᠩᠭᠡᠷᠡᠭᠡᠵᠦ᠂ ᠮᠠᠨ ᠤ | ᠤᠯᠤᠰ ᠶᠠᠭ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠵᠠᠩᠭᠢᠯᠠᠭ᠎ᠠ ᠶᠢᠨ ᠴᠠᠭ | ᠦᠶ᠎ᠡ ᠳᠤ ᠣᠷᠣᠰᠢᠵᠤ᠂ ᠦᠨᠳᠦᠰᠦᠲᠡᠨ ᠤ ᠠᠵᠢᠯ ᠳᠤ ᠰᠢᠨ᠎ᠡ ᠪᠠᠶᠢᠳᠠᠯ ᠡᠭᠦᠷᠭᠡ ᠲᠤᠯᠭᠠᠷᠠᠵᠤ᠂ ᠵᠠᠷᠢᠮ ᠱᠠᠳᠤᠴᠢ | ᠴᠢᠨᠠᠷᠲᠠᠢ ᠣᠨᠴᠠᠯᠢᠭ ᠢᠯᠡᠷᠡᠵᠦ᠂ ᠰᠢᠨ᠎ᠡ ᠴᠠᠭ ᠦᠶ᠎ᠡ ᠳᠤ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ᠂ | ᠦᠨᠳᠦᠰᠦᠲᠡᠨ ᠤ ᠠᠵᠢᠯ ᠢ ᠰᠠᠶᠢᠲᠤᠷ ᠬᠢᠬᠦ ᠡᠭᠦᠷᠭᠡ ᠨᠡᠩ ᠬᠦᠨᠳᠦ᠂ ᠱᠠᠭᠠᠷᠳᠠᠯᠭ᠎ᠠ ᠨᠡᠩ ᠥᠨᠳᠥᠷ ᠪᠤᠯᠤᠬᠰᠠᠨ ᠢ ᠴᠤ | ᠣᠯᠵᠤ ᠦᠵᠡᠬᠦ ᠬᠡᠷᠡᠭᠲᠡᠢ᠃ | ᠶᠢᠦ ᠴᠢᠤᠸᠠᠨ᠂ ᠡᠨᠡ ᠤᠳᠠᠭ᠎ᠠ ᠶᠢᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠪᠣᠯ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠵᠠᠩᠭᠢᠯᠠᠭ᠎ᠠ ᠶᠢᠨ ᠦᠶ᠎ᠡ ᠳᠤ ᠬᠤᠷᠠᠯᠳᠤᠭᠰᠠᠨ | ᠨᠢᠭᠡ ᠤᠳᠠᠭ᠎ᠠ ᠶᠢᠨ ᠴᠢᠬᠤᠯᠠ ᠬᠤᠷᠠᠯ ᠪᠣᠯᠤᠨ᠎ᠠ᠂ ᠶᠡᠷᠦᠩᠬᠡᠢ ᠱᠦᠵᠢ ᠰᠢ ᠶᠢᠨ ᠫᠢᠩ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠪᠠᠶᠢᠯᠳᠤᠬᠤ ᠪᠤᠳᠤᠯᠭ᠎ᠠ ᠶᠢᠨ ᠦᠨᠳᠦᠷᠴᠡ ᠠᠴᠠ | ᠦᠨᠳᠦᠰᠦᠲᠡᠨ ᠤ ᠠᠵᠢᠯ ᠢ ᠲᠥᠯᠥᠪᠵᠢᠭᠦᠯᠵᠦ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ | ᠰᠠᠶᠢᠲᠤᠷ ᠬᠢᠬᠦ ᠳᠤ ᠤᠷᠤᠭᠰᠢᠯᠠᠬᠤ ᠴᠢᠭᠯᠡᠯ ᠢ ᠲᠣᠳᠣᠷᠬᠠᠢ ᠵᠢᠭᠠᠨ ᠦᠭᠴᠦ᠂ ᠦᠨᠳᠦᠰᠦᠨ ᠵᠢᠷᠤᠮᠯᠠᠯ ᠬᠠᠩᠭᠠᠵᠠᠢ᠃ | ᠤᠯᠤᠰ ᠲᠦᠷᠦ ᠶᠢᠨ ᠲᠠᠯ᠎ᠠ ᠪᠠᠷ᠂ ᠪᠠᠶᠢᠯᠳᠤᠬᠤ ᠪᠤᠳᠤᠯᠭ᠎ᠠ ᠶᠢᠨ ᠲᠠᠯ᠎ᠠ ᠪᠠᠷ ᠡᠨᠡ ᠤᠳᠠᠭ᠎ᠠ ᠶᠢᠨ ᠬᠤᠷᠠᠯ ᠤᠨ ᠪᠠᠶᠢᠷᠢ | ᠲᠣᠭᠲᠠᠭᠠᠯᠲᠠ ᠶᠢ ᠡᠵᠡᠮᠳᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠳᠤᠳᠬᠠᠬᠤ ᠪᠠᠷ ᠭᠤᠣᠯ ᠰᠢᠵᠢᠮ ᠪᠤᠯᠭᠠᠨ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢ ᠪᠡᠶᠡᠯᠡᠭᠦᠯᠬᠦ ᠰᠦᠷ ᠳᠠᠯᠠᠶᠢᠴᠠᠲᠠᠢ ᠬᠦᠴᠦᠨ ᠢ ᠬᠠᠮᠤᠭ ᠤᠨ ᠶᠡᠭᠡ ᠪᠠᠷ ᠨᠢᠭᠲᠠᠷᠠᠭᠤᠯᠬᠤ ᠬᠡᠷᠡᠭᠲᠡᠢ | ᠬᠡᠵᠦ ᠵᠢᠭᠠᠵᠤ ᠭᠠᠷᠭᠠᠪᠠ᠃ | | | ᠡᠨᠡ ᠤᠳᠠᠭ᠎ᠠ ᠶᠢᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠬᠠᠮᠤᠭ ᠤᠨ ᠴᠢᠬᠤᠯᠠ | ᠤᠨᠤᠯ ᠤᠨ ᠦᠷ᠎ᠡ ᠪᠦᠲᠦᠭᠡᠯ ᠪᠣᠯ ᠳᠠᠷᠤᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶ᠎ᠠ ᠠᠯᠢ ᠤᠯᠠᠨ ᠦᠨᠳᠦᠰᠦᠲᠡᠨ ᠤ ᠠᠵᠢᠯ ᠤᠨ ᠰᠢᠨ᠎ᠡ ᠣᠶᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ | ᠪᠠᠶᠢᠯᠳᠤᠬᠤ ᠪᠤᠳᠤᠯᠭ᠎ᠠ ᠶᠢ ᠳᠤᠷᠠᠳᠴᠤ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ | ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠪᠦᠷᠢᠯᠳᠦᠭᠦᠯᠦᠭᠰᠡᠨ ᠶᠠᠪᠤᠳᠠᠯ ᠪᠣᠯᠤᠨ᠎ᠠ᠃ | ᠶᠢᠦ ᠴᠢᠤᠸᠠᠨ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ | ᠲᠤᠬᠠᠢ ᠴᠢᠬᠤᠯᠠ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ | ᠬᠡᠰᠡᠭ ᠬᠤᠭᠤᠴᠠᠭᠠᠨ ᠤ ᠨᠠᠮ ᠤᠨ ᠦᠨᠳᠦᠰᠦᠲᠡᠨ ᠤ ᠠᠵᠢᠯ ᠤᠨ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ | ᠪᠣᠯᠤᠨ᠎ᠠ ᠬᠡᠵᠦ ᠴᠢᠬᠤᠯᠠᠴᠢᠯᠠᠪᠠ᠃ ᠲᠡᠭᠡᠪᠡᠯ ᠬᠡᠷᠬᠢᠨ ᠣᠶᠢᠯᠠᠭᠠᠵᠤ ᠡᠵᠡᠮᠰᠢᠬᠦ ᠪᠤᠢ︖ | ᠲᠡᠦᠬᠡ ᠶᠢᠨ ᠰᠤᠳᠠᠰᠤ | ᠶᠡᠷᠦᠩᠬᠡᠶ ᠱᠦᠵᠢ ᠰᠢ ᠶᠢᠨ ᠫᠢᠩ ︽ᠨᠠᠮ ᠤᠨ ᠵᠠᠭᠤᠨ ᠵᠢᠯ ᠤᠨ ᠲᠡᠦᠬᠡᠨ ᠶᠠᠪᠤᠴᠠ ᠶᠢ ᠡᠷᠭᠢᠴᠡᠭᠦᠯᠪᠡᠯ᠂ | ᠨᠠᠮ ᠤᠨ ᠦᠨᠳᠦᠰᠦᠲᠡᠨ ᠤ ᠠᠵᠢᠯ ᠤᠨ ᠣᠯᠤᠭᠰᠠᠨ ᠬᠠᠮᠤᠭ ᠤᠨ ᠶᠡᠭᠡ ᠠᠮᠵᠢᠯᠲᠠ ᠪᠦᠲᠦᠮᠵᠢ ᠪᠣᠯ ᠳᠠᠷᠤᠶ ᠳᠤᠮᠳᠠᠳᠤ | ᠤᠯᠤᠰ ᠤᠨ ᠣᠨᠴᠠᠯᠢᠭ ᠲᠠᠢ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠢ ᠨᠡᠭᠡᠭᠡᠭᠰᠡᠨ ᠶᠠᠪᠤᠳᠠᠯ | ᠪᠣᠯᠤᠨ᠎ᠠ︾ ᠬᠡᠵᠦ ᠴᠢᠬᠤᠯᠠᠴᠢᠯᠠᠪᠠ᠃ ᠮᠠᠨ ᠤ ᠨᠠᠮ ᠪᠠᠶᠢᠭᠤᠯᠤᠭᠳᠠᠭᠰᠠᠨ ᠠᠴᠠ ᠪᠠᠨ ᠠᠪᠤᠭᠠᠳ ᠮᠠᠨ ᠤ ᠤᠯᠤᠰ ᠤᠨ | ᠤᠯᠤᠰ ᠤᠨ ᠪᠠᠶᠢᠳᠠᠯ ᠳᠤ ᠨᠡᠶᠢᠴᠡᠭᠰᠡᠨ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠠᠮ ᠢ ᠢᠳᠡᠪᠬᠢᠲᠡᠢ ᠪᠠᠷ | ᠬᠠᠶᠢᠨ ᠰᠦᠪᠡᠭᠴᠢᠯᠡᠭᠰᠡᠨ ᠶᠤᠮ᠃ | — ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠤ ᠳᠠᠷᠠᠭ᠎ᠠ᠂ ᠮᠠᠨ ᠤ ᠨᠠᠮ ᠦᠨᠳᠦᠰᠦᠲᠡᠨ ᠤ ᠡᠷᠬᠡ | ᠲᠡᠭᠰᠢ᠂ ᠦᠨᠳᠦᠰᠦᠲᠡᠨ ᠤ ᠪᠦᠯᠬᠦᠮᠳᠡᠯ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ᠂ ᠦᠨᠳᠦᠰᠦᠲᠡᠨ ᠨᠦᠭᠦᠳ | ᠬᠠᠮᠲᠤ ᠪᠠᠷ ᠴᠡᠴᠡᠭᠯᠡᠨ ᠬᠥᠭᠵᠢᠬᠦ ᠪᠠᠷ ᠭᠤᠣᠯ ᠠᠭᠤᠯᠭ᠎ᠠ ᠪᠣᠯᠭᠠᠭᠰᠠᠨ ᠦᠨᠳᠦᠰᠦᠲᠡᠨ ᠤ ᠣᠨᠣᠯ ᠪᠠ | ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠦᠨᠳᠦᠰᠦᠨ ᠲᠥᠯᠥᠪ ᠢ ᠪᠠᠶᠢᠭᠤᠯᠵᠤ᠂ ᠦᠨᠳᠦᠰᠦᠲᠡᠨ ᠤ ᠠᠵᠢᠯ ᠤᠨ | ᠠᠯᠢ ᠣᠯᠠᠨ ᠦᠨᠳᠦᠰᠦᠨ ᠳᠦᠷᠢᠮ ᠪᠠ ᠲᠥᠷᠥ ᠶᠢᠨ ᠪᠣᠳᠣᠯᠭ᠎ᠠ ᠶᠢ ᠲᠤᠬᠳᠠᠭᠠᠪᠠ᠃ | — ᠥᠭᠡᠷᠡᠴᠢᠯᠡᠯᠲᠡ ᠨᠡᠭᠡᠭᠡᠯᠳᠡ ᠬᠢᠭᠰᠡᠨ ᠠᠴᠠ ᠨᠠᠭᠠᠰᠢ᠂ ᠮᠠᠨ ᠤ ᠨᠠᠮ ᠤᠯᠤᠰ ᠤᠨ ᠳᠣᠲᠣᠭᠠᠳᠤ | ᠭᠠᠳᠠᠭᠠᠳᠤ ᠶᠢᠨ ᠪᠠᠶᠢᠳᠠᠯ ᠤᠨ ᠬᠥᠭᠵᠢᠯᠲᠡ ᠬᠤᠪᠢᠷᠠᠯᠲᠠ ᠳᠤ ᠵᠣᠬᠢᠴᠠᠭᠤᠯᠤᠨ᠂ ᠦᠨᠳᠦᠰᠦᠲᠡᠨ ᠤ ᠤᠨᠤᠯ ᠪᠠ | ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠲᠠᠰᠤᠷᠠᠯᠳᠠ ᠦᠭᠡᠢ ᠪᠠᠶᠠᠯᠢᠭᠵᠢᠭᠤᠯᠤᠨ ᠬᠥᠭᠵᠢᠭᠦᠯᠵᠦ᠂ | ᠦᠨᠳᠦᠰᠦᠲᠡᠨ ᠨᠦᠭᠦᠳ ᠬᠠᠮᠲᠤ ᠪᠠᠷ ᠪᠦᠯᠬᠦᠮᠳᠡᠨ ᠲᠡᠮᠡᠴᠡᠵᠦ ᠬᠠᠮᠲᠤ ᠪᠠᠷ ᠴᠡᠴᠡᠭᠯᠡᠨ ᠬᠥᠭᠵᠢᠬᠦ᠂ ᠦᠨᠳᠦᠰᠦᠲᠡᠨ ᠤ | ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ᠂ ᠦᠨᠳᠦᠰᠦᠲᠡᠨ ᠨᠦᠭᠦᠳ ᠤᠨ | ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ᠂ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠪᠠᠷ ᠵᠠᠰᠠᠬᠤ | ᠵᠡᠷᠭᠡ ᠶᠢ ᠴᠢᠬᠤᠯᠠᠴᠢᠯᠠᠪᠠ᠃ | — ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶ᠎ᠠ ᠨᠢ ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠳᠤᠳᠬᠠᠬᠤ ᠵᠡᠷᠭᠡ ᠣᠶᠢᠯᠠᠭᠠᠭᠳᠠᠬᠤᠨ ᠢ ᠴᠢᠬᠤᠯᠠᠴᠢᠯᠠᠵᠤ᠂ ᠤᠯᠠᠮᠵᠢᠯᠠᠯ ᠨᠢᠭᠡᠲᠡᠢ ᠮᠥᠷᠲᠡᠭᠡᠨ ᠴᠠᠭ | ᠦᠶ᠎ᠡ ᠲᠠᠢ ᠵᠡᠷᠭᠡ ᠪᠠᠷ ᠤᠷᠤᠭᠰᠢᠯᠠᠨ ᠨᠠᠮ ᠤᠨ ᠦᠨᠳᠦᠰᠦᠲᠡᠨ ᠤ ᠤᠨᠤᠯ ᠪᠠ ᠦᠨᠳᠦᠰᠦᠲᠡᠨ ᠤ ᠲᠦᠷᠦ ᠶᠢᠨ | ᠪᠤᠳᠤᠯᠭ᠎ᠠ ᠶᠢ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ | ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠪᠦᠷᠢᠯᠳᠦᠭᠦᠯᠪᠡ᠃ ᠡᠨᠡ ᠬᠦ ᠴᠢᠬᠤᠯᠠ ᠦᠵᠡᠯ ᠰᠠᠨᠠᠭ᠎ᠠ ᠨᠢ | ᠮᠠᠰᠢ ᠪᠠᠶᠠᠯᠢᠭ ᠠᠭᠤᠯᠭ᠎ᠠ ᠲᠠᠢ᠂ ᠦᠨᠳᠦᠰᠦᠲᠡᠨ ᠤ ᠠᠵᠢᠯ ᠤᠨ ᠡᠯ᠎ᠡ ᠲᠠᠯ᠎ᠠ ᠶᠢ ᠬᠠᠮᠤᠷᠴᠤ᠂ ᠮᠠᠷᠺᠰ ᠤᠨ ᠦᠵᠡᠯ ᠤᠨ | ᠦᠨᠳᠦᠰᠦᠲᠡᠨ ᠤ ᠠᠰᠠᠭᠤᠳᠠᠯ ᠤᠨ ᠲᠤᠬᠠᠢ ᠦᠨᠳᠦᠰᠦᠨ ᠣᠨᠣᠯ ᠪᠠ ᠦᠨᠳᠦᠰᠦᠨ ᠦᠵᠡᠯᠲᠡ ᠶᠢ ᠢᠮᠠᠭᠲᠠ | ᠪᠠᠷᠢᠮᠲᠠᠯᠠᠵᠤ᠂ ᠵᠠᠯᠭᠠᠮᠵᠢᠯᠠᠬᠤ ᠶᠢᠨ ᠳᠤᠮᠳᠠ ᠬᠥᠭᠵᠢᠭᠦᠯᠬᠦ ᠪᠠ ᠬᠥᠭᠵᠢᠭᠦᠯᠬᠦ ᠶᠢᠨ ᠳᠤᠮᠳᠠ ᠰᠢᠨ᠎ᠡ ᠶᠢ ᠡᠭᠦᠳᠬᠦ ᠶᠢ | ᠢᠮᠠᠭᠲᠠ ᠪᠠᠷᠢᠮᠲᠠᠯᠠᠵᠤ᠂ ᠨᠠᠮ ᠤᠨ ᠦᠨᠳᠦᠰᠦᠲᠡᠨ ᠤ ᠠᠵᠢᠯ ᠤᠨ ᠣᠨᠣᠯ ᠪᠠ ᠦᠢᠯᠡᠳᠦᠯᠭᠡ ᠶᠢᠨ ᠣᠶᠣᠨ ᠤᠬᠠᠭᠠᠨ ᠤ | ᠦᠷ᠎ᠡ ᠪᠦᠲᠦᠭᠡᠯ ᠪᠣᠯᠣᠨ᠎ᠠ᠂ ᠳᠤᠮᠳᠠᠳᠤ ᠤᠯᠤᠰ ᠤᠨ ᠣᠨᠴᠠᠯᠢᠭ ᠲᠠᠢ ᠦᠨᠳᠦᠰᠦᠲᠡᠨ ᠤ ᠣᠨᠣᠯ ᠤᠨ | ᠪᠠᠶᠢᠭᠤᠯᠤᠯᠲᠠ ᠶᠢᠨ ᠨᠢᠭᠡ ᠤᠳᠠᠭᠠᠨ ᠤ ᠴᠢᠬᠤᠯᠠ ᠶᠡᠭᠡ ᠦᠰᠦᠷᠦᠯᠲᠡ ᠪᠣᠯᠣᠨ᠎ᠠ᠃ | ᠭᠤᠣᠯ ᠴᠢᠬᠤᠯᠠ ᠠᠭᠤᠯᠭ᠎ᠠ | ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ | ᠴᠢᠬᠤᠯᠠ ᠦᠵᠡᠯ ᠰᠠᠨᠠᠭ᠎ᠠ ᠨᠢ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠲᠡᠦᠬᠡᠨ ᠣᠷᠣᠨ | ᠪᠠᠶᠢᠷᠢ᠂ ᠴᠢᠬᠤᠯᠠ ᠡᠭᠦᠷᠭᠡ᠂ ᠠᠵᠢᠯ ᠤᠨ ᠭᠤᠣᠯ ᠱᠤᠭᠤᠮ᠂ ᠲᠦᠷᠢᠮ ᠤᠨ ᠪᠠᠲᠤᠯᠠᠭ᠎ᠠ᠂ ᠪᠡᠶᠡᠯᠡᠭᠦᠯᠬᠦ ᠠᠷᠭ᠎ᠠ ᠬᠡᠯᠪᠡᠷᠢ | ᠵᠡᠷᠭᠡ ᠶᠢ ᠭᠦᠨᠵᠡᠭᠡᠢ ᠲᠣᠳᠣᠷᠬᠠᠶᠢᠯᠠᠨ ᠦᠬᠦᠯᠡᠵᠦ᠂ ᠯᠣᠭᠢᠭ ᠢᠶᠠᠷ ᠴᠢᠩᠭ᠎ᠠ ᠨᠢᠮᠪᠠᠢ᠂ ᠨᠢᠭᠡᠨ ᠪᠦᠷᠢᠨ ᠪᠦᠲᠦᠨ | ᠨᠢᠭᠡᠳᠦᠯᠲᠡᠢ ᠰᠢᠨᠵᠢᠯᠡᠬᠦ ᠤᠬᠠᠭᠠᠨᠴᠢ ᠤᠨᠤᠯ ᠤᠨ ᠰᠢᠰᠲ᠋ᠧᠮ ᠪᠤᠯᠬᠤ ᠪᠦᠭᠡᠳ ᠦᠨᠳᠦᠰᠦᠲᠡᠨ ᠤ ᠠᠵᠢᠯ ᠳᠤ ᠶᠠᠮᠠᠷ | ᠲᠤᠭ ᠢ ᠮᠠᠨᠳᠤᠭᠤᠯᠬᠤ᠂ ᠶᠠᠮᠠᠷ ᠵᠠᠮ ᠢᠶᠠᠷ ᠵᠠᠮᠨᠠᠬᠤ ᠦᠨᠳᠦᠰᠦᠨ ᠴᠢᠨᠠᠷᠲᠠᠢ ᠠᠰᠠᠭᠤᠳᠠᠯ ᠳᠤ ᠭᠦᠨᠵᠡᠭᠡᠢ ᠬᠠᠷᠢᠭᠤᠯᠲᠠ | ᠥᠭᠴᠦ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠳᠤ ᠤᠷᠤᠭᠰᠢᠯᠠᠯᠲᠠ ᠶᠢᠨ | ᠴᠢᠭᠯᠡᠯ ᠢ ᠲᠣᠳᠣᠷᠬᠠᠢ ᠵᠢᠭᠠᠨ ᠥᠭᠴᠦ᠂ ᠢᠮᠠᠭᠲᠠ ᠳᠤᠮᠳᠠᠳᠤ ᠤᠯᠤᠰ ᠤᠨ ᠣᠨᠴᠠᠯᠢᠭ ᠲᠠᠢ ᠦᠨᠳᠦᠰᠦᠲᠡᠨ ᠤ | ᠠᠰᠠᠭᠤᠳᠠᠯ ᠢ ᠰᠢᠢᠳᠪᠦᠷᠢᠯᠡᠬᠦ ᠵᠥᠪ ᠵᠠᠮ ᠢᠶᠠᠷ ᠡᠷᠡᠯᠬᠡᠭᠯᠡᠨ ᠤᠷᠤᠭᠰᠢᠯᠠᠬᠤ ᠶᠢ ᠦᠨᠡᠨ ᠬᠦ ᠪᠠᠳᠤᠯᠠᠬᠤ ᠪᠤᠯᠤᠨ᠎ᠠ᠃ | ᠡᠶᠢᠮᠦ ᠠᠴᠠ ᠪᠢᠳᠡ ᠪᠦᠷᠢᠨ ᠪᠦᠲᠦᠨ ᠵᠥᠪ ᠣᠨᠣᠪᠴᠢᠲᠠᠢ ᠪᠦᠬᠦ ᠲᠠᠯ᠎ᠠ ᠪᠠᠷ ᠡᠵᠡᠮᠰᠢᠵᠦ᠂ ᠭᠤᠣᠯ ᠴᠢᠬᠤᠯᠠ | ᠠᠭᠤᠯᠭ᠎ᠠ ᠶᠢ ᠨᠢ ᠭᠦᠨᠵᠡᠭᠡᠢ ᠣᠶᠢᠯᠠᠭᠠᠬᠤ ᠬᠡᠷᠡᠭᠳᠡᠢ᠃ ᠠᠳᠡ ᠪᠢᠳᠡ ᠬᠠᠮᠳᠤ ᠪᠠᠷ ︽ᠠᠷᠪᠠᠨ ᠬᠤᠶᠠᠷ ᠡᠷᠬᠡᠪᠰᠢ︾ ᠶᠢ | ᠲᠠᠬᠢᠨ ᠰᠤᠷᠤᠯᠴᠠᠶ᠎ᠠ᠄ | ᠨᠢᠭᠡ ᠳᠤ ᠡᠷᠬᠡᠪᠰᠢ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠪᠠᠶᠢᠯᠳᠤᠬᠤ | ᠪᠤᠳᠤᠯᠭ᠎ᠠ ᠶᠢᠨ ᠦᠨᠳᠦᠷᠴᠡ ᠠᠴᠠ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠲᠡᠦᠬᠡᠨ | ᠣᠷᠣᠨ ᠪᠠᠶᠢᠷᠢ ᠶᠢ ᠡᠵᠡᠮᠳᠡᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ | ᠪᠡᠶᠡᠯᠡᠭᠦᠯᠬᠦ ᠪᠠᠷ ᠵᠣᠷᠢᠯᠲᠠ ᠪᠠ ᠲᠤᠰᠤᠯᠲᠠ ᠪᠠᠨ ᠪᠣᠯᠭᠠᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ | ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ | ᠬᠤᠶᠠᠷ ᠲᠤ ᠡᠷᠬᠡᠪᠰᠢ ᠦᠨᠳᠦᠰᠦᠲᠡᠨ ᠨᠦᠭᠦᠳ ᠤᠨ ᠨᠡᠶᠢᠭᠡᠮ ᠵᠢᠷᠤᠮᠳᠦ ᠣᠳᠣᠬᠢᠴᠢᠯᠠᠭᠰᠠᠨ ᠤᠯᠤᠰ ᠢ ᠪᠦᠬᠦ | ᠲᠠᠯ᠎ᠠ ᠪᠠᠷ ᠪᠦᠳᠦᠭᠡᠨ ᠪᠠᠶᠢᠭᠤᠯᠬᠤ ᠶᠢᠨ ᠲᠥᠯᠥᠭᠡ ᠬᠠᠮᠲᠤ ᠪᠠᠷ ᠲᠡᠮᠡᠴᠡᠬᠦ ᠶᠢ ᠠᠬᠢᠭᠤᠯᠬᠤ ᠪᠠᠷ ᠰᠢᠨ᠎ᠡ ᠴᠠᠭ | ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠬᠤᠯᠠ ᠡᠭᠦᠷᠭᠡ ᠪᠣᠯᠭᠠᠵᠤ᠂ ᠦᠨᠳᠦᠰᠦᠲᠡᠨ ᠨᠦᠭᠦᠳ ᠤᠨ ᠴᠠᠭ | ᠦᠶ᠎ᠡ ᠶᠢᠨ ᠠᠯᠬᠤᠭ᠎ᠠ ᠶᠢ ᠰᠠᠯᠤᠯ ᠦᠭᠡᠢ ᠲᠠᠭᠠᠵᠤ᠂ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ | ᠬᠥᠭᠵᠢᠬᠦ ᠶᠢ ᠠᠬᠢᠭᠤᠯᠬᠤ ᠬᠡᠷᠡᠭᠲᠡᠢ᠃ | ᠭᠤᠷᠪᠠ ᠳᠤ ᠡᠷᠬᠡᠪᠰᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠳᠤᠳᠬᠠᠬᠤ ᠪᠠᠷ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠰᠢᠵᠢᠮ ᠪᠣᠯᠭᠠᠵᠤ᠂ | ᠦᠨᠳᠦᠰᠦᠲᠡᠨ ᠨᠦᠭᠦᠳ ᠤᠨ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ | ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ | ᠳᠡᠭᠡᠳᠦ ᠬᠡᠮᠵᠢᠶᠡᠨ ᠤ ᠮᠡᠳᠡᠷᠡᠭᠦᠢ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃ | ᠲᠦᠷᠪᠡ ᠳᠤ ᠡᠷᠬᠡᠪᠰᠢ ᠳᠤᠮᠳᠠᠳᠤ ᠶᠢᠨ ᠦᠨᠳᠦᠰᠦᠲᠡᠨ ᠤ ᠵᠥᠪ ᠲᠡᠦᠬᠡ ᠶᠢᠨ ᠦᠵᠡᠯᠲᠡ ᠶᠢ ᠪᠠᠷᠢᠮᠲᠠᠯᠠᠵᠤ᠂ | ᠳᠤᠮᠳᠠᠳᠤ ᠶᠢᠨ ᠦᠨᠳᠦᠰᠦᠲᠡᠨ ᠤ ᠲᠤᠬᠠᠢ ᠮᠡᠳᠡᠷᠡᠬᠦ ᠰᠡᠳᠬᠢᠯᠭᠡ ᠪᠠ ᠣᠮᠣᠭᠰᠢᠬᠤ ᠰᠡᠳᠬᠢᠯᠭᠡ ᠪᠠᠨ ᠨᠡᠮᠡᠭᠳᠡᠭᠦᠯᠬᠦ | ᠬᠡᠷᠡᠭᠲᠡᠢ᠃ | ᠲᠠᠪᠤ ᠳᠤ ᠡᠷᠬᠡᠪᠰᠢ ᠦᠨᠳᠦᠰᠦᠲᠡᠨ ᠨᠦᠭᠦᠳ ᠴᠥᠮ ᠡᠷᠬᠡ ᠲᠡᠭᠰᠢ ᠪᠠᠶᠢᠬᠤ ᠶᠢ ᠪᠠᠷᠢᠮᠲᠠᠯᠠᠵᠤ᠂ | ᠦᠨᠳᠦᠰᠦᠲᠡᠨ ᠨᠦᠭᠦᠳ ᠬᠠᠮᠲᠤ ᠪᠠᠷ ᠡᠷᠬᠡ ᠮᠡᠳᠡᠵᠦ ᠡᠵᠡᠨ ᠰᠠᠭᠤᠬᠤ᠂ ᠲᠦᠷᠦ ᠶᠢᠨ ᠬᠡᠷᠡᠭ ᠶᠠᠪᠤᠳᠠᠯ ᠤᠨ | ᠬᠠᠮᠢᠶᠠᠷᠤᠯᠲᠠ ᠳᠤ ᠣᠷᠣᠯᠴᠠᠬᠤ ᠶᠢ ᠪᠠᠲᠤᠯᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠤᠯᠢ ᠶᠣᠰᠣᠨ ᠤ | ᠡᠷᠬᠡ ᠠᠰᠢᠭ ᠢ ᠪᠠᠲᠤᠯᠠᠬᠤ ᠬᠡᠷᠡᠭᠲᠡᠢ᠃ | ᠵᠢᠷᠭᠤᠭ᠎ᠠ ᠳᠤ ᠡᠷᠬᠡᠪᠰᠢ ᠳᠤᠮᠳᠠᠳᠤ ᠶᠢᠨ ᠦᠨᠳᠦᠰᠦᠲᠡᠨ ᠤ ᠶᠡᠭᠡ ᠪᠦᠯᠬᠦᠮᠳᠡᠯ ᠤᠨ ᠲᠤᠭ ᠢ ᠥᠨᠳᠥᠷ | ᠮᠠᠨᠳᠤᠭᠤᠯᠵᠤ᠂ ᠦᠨᠳᠦᠰᠦᠲᠡᠨ ᠨᠦᠭᠦᠳ ᠤᠨ ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ ᠳᠤ ᠠᠨᠠᠷ ᠤᠨ | ᠦᠷ᠎ᠡ ᠰᠢᠭ ᠨᠢᠭᠲᠠᠷᠠᠨ ᠪᠦᠯᠬᠦᠮᠳᠡᠬᠦ ᠶᠢ ᠠᠬᠢᠭᠤᠯᠬᠤ ᠬᠡᠷᠡᠭᠲᠡᠢ᠃ | ᠲᠤᠯᠤᠭ᠎ᠠ ᠳᠤ ᠡᠷᠬᠡᠪᠰᠢ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ | ᠲᠡᠭᠦᠯᠳᠡᠷᠵᠢᠭᠦᠯᠵᠦ᠂ ᠨᠠᠮ ᠤᠨ ᠲᠥᠪ ᠬᠤᠷᠢᠶᠠᠨ ᠤ ᠵᠠᠰᠠᠭ ᠵᠠᠷᠯᠢᠭ ᠤᠨ ᠰᠠᠭᠠᠳ ᠦᠭᠡᠢ ᠶᠠᠪᠤᠭᠳᠠᠬᠤ ᠶᠢ ᠦᠨᠡᠨ ᠬᠦ | ᠪᠠᠲᠤᠯᠠᠵᠤ᠂ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠬᠡᠷᠡᠭᠵᠢᠭᠦᠯᠦᠯᠲᠡ ᠶᠢ ᠦᠨᠡᠨ ᠬᠦ ᠪᠠᠲᠤᠯᠠᠵᠤ᠂ | ᠦᠨᠳᠦᠰᠦᠲᠡᠨ ᠨᠦᠭᠦᠳ ᠤᠨ ᠠᠵᠤ ᠠᠬᠤᠢ ᠪᠠᠨ ᠬᠥᠭᠵᠢᠭᠦᠯᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ | ᠲᠡᠮᠵᠢᠵᠤ᠂ ᠬᠠᠮᠲᠤ ᠪᠠᠷ ᠬᠥᠭᠵᠢᠬᠦ᠂ ᠬᠠᠮᠲᠤ ᠪᠠᠷ ᠪᠠᠶᠠᠵᠢᠬᠤ ᠶᠢ ᠪᠡᠶᠡᠯᠡᠭᠦᠯᠬᠦ ᠬᠡᠷᠡᠭᠲᠡᠢ᠃ | ᠨᠠᠢᠮᠠ ᠳᠤ ᠡᠷᠬᠡᠪᠰᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ | ᠪᠠᠶᠢᠭᠤᠯᠵᠤ᠂ ᠦᠨᠳᠦᠰᠦᠲᠡᠨ ᠨᠦᠭᠦᠳ ᠤᠨ ᠠᠷᠠᠳ ᠤᠨ ᠰᠡᠳᠬᠢᠯ ᠢ ᠨᠢᠭᠡᠳᠭᠡᠨ᠂ ᠤᠶᠤᠨ ᠰᠠᠨᠠᠭ᠎ᠠ ᠶᠢ ᠨᠢ ᠬᠠᠷᠢᠯᠴᠠᠨ | ᠲᠦᠰᠢᠯᠴᠡᠭᠦᠯᠵᠦ᠂ ᠬᠥᠮᠦᠰ ᠤᠨ ᠰᠡᠳᠬᠢᠯ ᠢ ᠨᠢᠭᠲᠠᠷᠠᠭᠤᠯᠵᠤ᠂ ᠪᠦᠯᠬᠦᠮᠳᠡᠨ ᠤᠷᠤᠭᠰᠢᠯᠠᠬᠤ ᠬᠦᠴᠦᠷᠬᠡᠭ ᠶᠡᠭᠡ | ᠤᠶᠤᠨ ᠰᠠᠨᠠᠭᠠᠨ ᠤ ᠬᠤᠯᠪᠣᠭᠠᠰᠤ ᠶᠢ ᠪᠦᠷᠢᠯᠳᠦᠭᠦᠯᠬᠦ ᠬᠡᠷᠡᠭᠲᠡᠢ᠃ | ᠶᠢᠰᠦ ᠳᠤ ᠡᠷᠬᠡᠪᠰᠢ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠯ ᠢ ᠠᠬᠢᠭᠤᠯᠵᠤ᠂ ᠦᠨᠳᠦᠰᠦᠲᠡᠨ ᠨᠦᠭᠦᠳ ᠤᠨ ᠬᠦᠰᠡᠯᠡᠩ᠂ ᠢᠲᠡᠭᠡᠯ ᠪᠢᠰᠢᠷᠡᠯ᠂ ᠬᠠᠶᠢᠷ᠎ᠠ ᠰᠡᠳᠬᠢᠯᠭᠡ᠂ | ᠰᠣᠶᠣᠯ ᠤᠨ ᠲᠠᠯ᠎ᠠ ᠪᠠᠷ ᠬᠢ ᠪᠦᠯᠬᠦᠮᠳᠡᠯ ᠨᠢᠭᠡᠳᠦᠯ ᠢ ᠠᠬᠢᠭᠤᠯᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ | ᠠᠬ᠎ᠠ ᠳᠡᠭᠦᠦ ᠮᠡᠳᠦ ᠵᠤᠵᠠᠭᠠᠨ ᠬᠠᠶᠢᠷ᠎ᠠ ᠰᠡᠳᠬᠢᠯᠭᠡ ᠲᠠᠢ ᠪᠤᠯᠭᠠᠬᠤ ᠬᠡᠷᠡᠭᠲᠡᠢ᠃ | ᠠᠷᠪᠠ ᠳᠤ ᠡᠷᠬᠡᠪᠰᠢ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠬᠤ ᠶᠢ ᠪᠠᠷᠢᠮᠲᠠᠯᠠᠵᠤ᠂ | ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ | ᠣᠳᠣᠬᠢᠴᠢᠯᠠᠯᠲᠠ ᠶᠢ ᠠᠬᠢᠭᠤᠯᠬᠤ ᠬᠡᠷᠡᠭᠲᠡᠢ᠃ | ᠠᠷᠪᠠᠨ ᠨᠢᠭᠡ ᠳᠤ ᠡᠷᠬᠡᠪᠰᠢ ᠤᠯᠤᠰ ᠣᠷᠣᠨ ᠤ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ | ᠲᠤᠰᠠ ᠶᠢ ᠡᠷᠡᠰ ᠬᠠᠮᠠᠭᠠᠯᠠᠵᠤ᠂ ᠦᠨᠳᠦᠰᠦᠲᠡᠨ ᠨᠦᠭᠦᠳ ᠤᠨ ᠤᠯᠤᠰ ᠢᠶᠠᠨ ᠬᠠᠶᠢᠷᠠᠯᠠᠬᠤ ᠦᠵᠡᠯ ᠤᠨ | ᠤᠯᠠᠮᠵᠢᠯᠠᠯ ᠢᠶᠠᠨ ᠵᠠᠯᠭᠠᠮᠵᠢᠯᠠᠨ ᠪᠠᠳᠠᠷᠠᠭᠤᠯᠬᠤ ᠶᠢ ᠬᠦᠳᠦᠯᠦᠨ ᠵᠢᠯᠤᠭᠤᠳᠴᠤ᠂ ᠡᠬᠡ ᠤᠯᠤᠰ ᠤᠨ ᠨᠢᠭᠡᠳᠦᠯ᠂ ᠤᠯᠤᠰ | ᠣᠷᠣᠨ ᠤ ᠠᠮᠤᠷ ᠲᠦᠪᠰᠢᠨ᠂ ᠨᠡᠶᠢᠭᠡᠮ ᠤᠨ ᠲᠣᠭᠲᠠᠭᠤᠨ ᠪᠠᠶᠢᠳᠠᠯ ᠢ ᠤᠬᠠᠮᠰᠠᠷ ᠠᠴᠠ ᠪᠠᠨ ᠬᠠᠮᠠᠭᠠᠯᠠᠬᠤ ᠬᠡᠷᠡᠭᠲᠡᠢ᠃ | ᠠᠷᠪᠠᠨ ᠬᠤᠶᠠᠷ ᠲᠤ ᠡᠷᠬᠡᠪᠰᠢ ᠦᠨᠳᠦᠰᠦᠲᠡᠨ ᠤ ᠠᠵᠢᠯ ᠳᠤ ᠬᠢ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ | ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ᠂ ᠦᠨᠳᠦᠰᠦᠲᠡᠨ ᠤ ᠠᠵᠢᠯ ᠢ ᠰᠠᠶᠢᠲᠤᠷ ᠬᠢᠬᠦ ᠴᠢᠳᠠᠪᠤᠷᠢ ᠪᠠ | ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ᠃ | ᠦᠢᠯᠡᠳᠦᠯᠭᠡ ᠶᠢᠨ ᠱᠠᠭᠠᠷᠳᠠᠯᠭ᠎ᠠ | ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ | ᠴᠢᠬᠤᠯᠠ ᠦᠵᠡᠯ ᠰᠠᠨᠠᠭ᠎ᠠ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠤᠮᠳᠠᠳᠤ ᠤᠯᠤᠰ ᠤᠨ ᠠᠷᠠᠳ | ᠲᠦᠮᠡᠨ ᠢ ᠤᠳᠤᠷᠢᠳᠤᠨ ᠬᠢᠭᠰᠡᠨ ᠠᠭᠤᠤ ᠶᠡᠭᠡ ᠦᠢᠯᠡᠳᠦᠯᠭᠡ ᠠᠴᠠ ᠢᠷᠡᠯᠲᠡ ᠲᠠᠢ᠂ ᠲᠡᠷᠡ ᠨᠢ ᠰᠢᠨ᠎ᠡ ᠴᠠᠭ | ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ | ᠦᠵᠡᠯ ᠰᠠᠨᠠᠭᠠᠨ ᠤ ᠵᠡᠪᠰᠡᠭ ᠮᠥᠨ᠃ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ | ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠠᠷ ᠰᠢᠨ᠎ᠡ ᠴᠠᠭ ᠦᠶ᠎ᠡ ᠶᠢᠨ ᠨᠠᠮ ᠤᠨ | ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠭᠤᠷᠪᠠᠨ ᠲᠠᠯ᠎ᠠ ᠶᠢᠨ | ᠱᠠᠭᠠᠷᠳᠠᠯᠭ᠎ᠠ ᠶᠢ ᠰᠠᠶᠢᠲᠤᠷ ᠴᠢᠷᠮᠠᠶᠢᠨ ᠡᠵᠡᠮᠰᠢᠬᠦ ᠬᠡᠷᠡᠭᠲᠡᠶ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢ ᠨᠠᠮ ᠤᠨ | ᠦᠨᠳᠦᠰᠦᠲᠡᠨ ᠤ ᠠᠵᠢᠯ ᠤᠨ ᠭᠤᠣᠯ ᠰᠢᠵᠢᠮ ᠪᠣᠯᠭᠠᠬᠤ ᠬᠡᠷᠡᠭᠲᠡᠢ᠃ ᠨᠡᠶᠢᠲᠡᠯᠢᠭ ᠴᠢᠨᠠᠷ ᠪᠠ ᠵᠥᠷᠢᠶᠡᠲᠦ ᠴᠢᠨᠠᠷ ᠤᠨ | ᠬᠠᠷᠢᠴᠠᠭ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠠ | ᠦᠨᠳᠦᠰᠦᠲᠡᠨ ᠨᠦᠭᠦᠳ ᠤᠨ ᠤᠬᠠᠮᠰᠠᠷ ᠤᠨ ᠬᠠᠷᠢᠴᠠᠭ᠎ᠠ᠂ ᠳᠤᠮᠳᠠᠳᠤ ᠶᠢᠨ ᠰᠣᠶᠣᠯ ᠪᠠ ᠦᠨᠳᠦᠰᠦᠲᠡᠨ ᠨᠦᠭᠦᠳ ᠤᠨ | ᠰᠣᠶᠣᠯ ᠤᠨ ᠬᠠᠷᠢᠴᠠᠭ᠎ᠠ᠂ ᠪᠣᠳᠠᠰ ᠤᠨ ᠪᠠ ᠤᠶᠤᠨ ᠤ ᠬᠠᠷᠢᠴᠠᠭ᠎ᠠ ᠵᠡᠷᠭᠡ ᠲᠦᠷᠪᠡᠨ ᠴᠢᠬᠤᠯᠠ ᠶᠡᠭᠡ ᠬᠠᠷᠢᠴᠠᠭ᠎ᠠ ᠶᠢ | ᠵᠥᠪ ᠡᠵᠡᠮᠰᠢᠵᠦ᠂ ᠨᠡᠶᠢᠲᠡᠯᠢᠭ ᠴᠢᠨᠠᠷ ᠢ ᠨᠡᠮᠡᠭᠳᠡᠭᠦᠯᠬᠦ ᠴᠢᠭᠯᠡᠯ ᠢᠶᠠᠷ ᠦᠨᠳᠦᠰᠦᠲᠡᠨ ᠤ ᠠᠵᠢᠯ ᠢ ᠰᠠᠶᠢᠵᠢᠷᠠᠭᠤᠯᠵᠤ᠂ | ᠨᠡᠶᠢᠲᠡᠯᠢᠭ ᠴᠢᠨᠠᠷ ᠪᠠ ᠵᠥᠷᠢᠶᠡᠲᠦ ᠴᠢᠨᠠᠷ ᠤᠨ ᠬᠤᠪᠢᠰᠤᠩᠭᠤᠢ ᠨᠢᠭᠡᠳᠦᠯ᠂ ᠦᠨᠳᠦᠰᠦᠲᠡᠨ ᠤ ᠡᠯᠧᠮᠧᠨ᠋ᠲ ᠪᠠ ᠣᠷᠣᠨ | ᠨᠤᠲᠤᠭ ᠤᠨ ᠡᠯᠧᠮᠧᠨ᠋ᠲ ᠤᠨ ᠣᠷᠭᠠᠨᠢᠭ ᠤᠶᠠᠯᠳᠤᠯ ᠢ ᠪᠡᠶᠡᠯᠡᠭᠦᠯᠬᠦ ᠭᠡᠷᠡᠭᠳᠡᠢ᠃ | ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠲᠠᠪᠤᠨ ᠭᠤᠤᠯᠳᠠᠯᠭ᠎ᠠ ᠲᠠᠢ ᠡᠭᠦᠷᠭᠡ ᠶᠢ | ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ ᠭᠡᠷᠡᠭᠳᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠳᠤᠳᠬᠠᠬᠤ ᠶᠢ ᠨᠠᠮ ᠤᠨ ᠦᠨᠳᠦᠰᠦᠲᠡᠨ ᠤ ᠠᠵᠢᠯ ᠤᠨ ᠪᠦᠬᠦ ᠶᠠᠪᠤᠴᠠ ᠡᠯ᠎ᠡ | ᠲᠠᠯ᠎ᠠ ᠳᠤ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠵᠦ | ᠨᠠᠷᠢᠯᠢᠭ ᠬᠢᠵᠦ ᠯᠠᠪᠳᠠᠭᠤᠨ ᠪᠠᠲᠤᠲᠠᠢ ᠬᠢᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ | ᠰᠠᠨᠠᠭᠠᠨ ᠤ ᠭᠡᠷ ᠣᠷᠣᠨ ᠤ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ᠂ | ᠦᠨᠳᠦᠰᠦᠲᠡᠨ ᠨᠦᠭᠦᠳ ᠤᠨ ᠨᠡᠶᠢᠭᠡᠮ ᠵᠢᠷᠤᠮᠲᠤ ᠣᠳᠣᠬᠢᠴᠢᠯᠠᠯᠲᠠ ᠲᠡᠶᠢᠰᠢ ᠬᠠᠮᠲᠤ ᠪᠠᠷ ᠤᠷᠤᠭᠰᠢᠯᠠᠬᠤ ᠶᠢ | ᠲᠦᠯᠬᠢᠨ ᠠᠬᠢᠭᠤᠯᠬᠤ ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ᠂ | ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ | ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠬᠦ᠂ ᠦᠨᠳᠦᠰᠦᠲᠡᠨ ᠤ ᠬᠦᠷᠢᠶᠡᠨ ᠳᠤ ᠬᠢ ᠬᠦᠨᠳᠦ ᠶᠡᠭᠡ ᠠᠶᠤᠯ | ᠲᠦᠭᠰᠢᠭᠦᠷᠢ ᠭᠡᠮ ᠰᠣᠭᠤᠭ ᠢ ᠡᠷᠡᠰ ᠰᠡᠷᠭᠡᠶᠢᠯᠡᠬᠦ ᠬᠡᠷᠡᠭᠳᠡᠢ᠂ ᠡᠨᠡ ᠲᠠᠪᠤᠨ ᠭᠤᠣᠯᠳᠠᠯᠭ᠎ᠠ ᠲᠠᠢ ᠡᠭᠦᠷᠭᠡ ᠨᠢ | ᠦᠨᠳᠦᠰᠦᠲᠡᠨ ᠤ ᠬᠦᠷᠢᠶᠡᠨ ᠳᠠᠬᠢ ᠬᠠᠮᠤᠭ ᠤᠨ ᠴᠢᠬᠤᠯᠠ᠂ ᠬᠠᠮᠤᠭ ᠤᠨ ᠵᠠᠩᠭᠢᠯᠠᠭ᠎ᠠ ᠶᠢᠨ᠂ ᠬᠠᠮᠤᠭ ᠤᠨ ᠭᠤᠣᠯ | ᠪᠣᠯᠬᠤ ᠴᠢᠬᠤᠯᠠ ᠶᠡᠭᠡ ᠠᠰᠠᠭᠤᠳᠠᠯ ᠢ ᠬᠠᠮᠤᠷᠴᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠠᠬᠢᠭᠤᠯᠬᠤ | ᠡᠭᠦᠷᠭᠡ ᠶᠢᠨ ᠵᠢᠭᠠᠯᠲᠠ ᠪᠠ ᠵᠠᠮ ᠱᠤᠭᠤᠮ ᠪᠣᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠳᠤᠳᠬᠠᠬᠤ ᠡᠨᠡ ᠬᠦ ᠭᠤᠣᠯ ᠰᠢᠵᠢᠮ ᠲᠠᠢ ᠨᠢᠭᠲᠠ ᠤᠶᠠᠯᠳᠤᠭᠤᠯᠤᠨ ᠥᠷᠨᠢᠭᠦᠯᠵᠦ᠂ ᠵᠡᠷᠭᠡ ᠪᠠᠷ | ᠠᠬᠢᠭᠤᠯᠤᠨ᠂ ᠵᠣᠬᠢᠴᠠᠩᠭᠤᠢ ᠪᠠᠷ ᠬᠦᠴᠦᠯᠡᠬᠦ ᠬᠡᠷᠡᠭᠲᠡᠢ᠃ | ᠦᠨᠳᠦᠰᠦᠲᠡᠨ ᠤ ᠠᠵᠢᠯ ᠳᠤ ᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠨ ᠲᠡᠭᠦᠯᠳᠡᠷᠵᠢᠬᠦᠯᠬᠦ ᠭᠡᠷᠡᠭᠳᠡᠢ᠃ | ᠡᠯ᠎ᠡ ᠱᠠᠲᠤᠨ ᠤ ᠨᠠᠮ ᠤᠨ ᠬᠤᠷᠢᠶ᠎ᠠ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ | ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ | ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠥᠬᠡᠶ | ᠳᠡᠭᠡᠭᠰᠢᠯᠡᠭᠦᠯᠵᠦ᠂ ︽ᠤᠯᠤᠰ ᠤᠨ ᠶᠡᠭᠡ ᠲᠠᠯ᠎ᠠ︾ ᠶᠢ ᠪᠠᠲᠤ ᠴᠡᠭᠡᠵᠢᠯᠡᠵᠦ᠂ ᠭᠤᠤᠯ ᠴᠣᠭᠴᠠ ᠶᠢᠨ ᠬᠠᠷᠢᠭᠤᠴᠠᠯᠭ᠎ᠠ ᠪᠠᠨ | ᠨᠠᠷᠢᠨ ᠬᠢᠨᠠᠮᠠᠭᠠᠶ ᠬᠦᠢᠴᠡᠳᠭᠡᠵᠦ᠂ ᠨᠠᠮ ᠤᠨ ᠤᠳᠤᠷᠢᠳᠤᠯᠭ᠎ᠠ ᠶᠢ ᠦᠨᠳᠦᠰᠦᠲᠡᠨ ᠤ ᠠᠵᠢᠯ ᠤᠨ ᠪᠥᠬᠦ ᠶᠠᠪᠤᠴᠠ ᠳᠤ | ᠲᠤᠭᠤᠰᠢᠯᠠᠭᠤᠯᠵᠤ᠂ ᠨᠠᠮ ᠤᠨ ᠬᠤᠷᠢᠶ᠎ᠠ ᠨᠢᠭᠡᠳᠦᠯᠲᠡᠶ ᠤᠳᠤᠷᠢᠳᠤᠭᠰᠠᠨ᠂ ᠵᠠᠰᠠᠭ ᠤᠨ ᠣᠷᠳᠣᠨ ᠬᠠᠤᠯᠢ ᠶᠣᠰᠣᠭᠠᠷ | ᠬᠠᠮᠢᠶᠠᠷᠤᠭᠰᠠᠨ᠂ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠲᠦᠷᠦᠭᠦᠯᠡᠨ ᠵᠣᠬᠢᠴᠠᠭᠤᠯᠤᠭᠰᠠᠨ᠂ ᠦᠨᠳᠦᠰᠦᠲᠡᠨ ᠤ | ᠠᠵᠢᠯ ᠤᠨ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠭᠰᠡᠨ᠂ ᠡᠯ᠎ᠡ ᠰᠠᠯᠠᠭ᠎ᠠ ᠮᠥᠴᠢᠷ ᠬᠦᠴᠦ ᠪᠠᠨ | ᠬᠠᠮᠲᠤᠳᠬᠠᠨ ᠬᠠᠮᠲᠤᠷᠠᠯᠴᠠᠭᠰᠠᠨ᠂ ᠪᠥᠬᠦ ᠨᠡᠶᠢᠭᠡᠮ ᠢᠶᠠᠷ ᠢᠶᠠᠨ ᠬᠠᠮᠲᠤ ᠪᠠᠷ ᠣᠷᠣᠯᠴᠠᠭᠰᠠᠨ ᠰᠢᠨ᠎ᠡ ᠴᠠᠭ ᠦᠶ᠎ᠡ ᠶᠢᠨ | ᠨᠠᠮ ᠤᠨ ᠦᠨᠳᠦᠰᠦᠲᠡᠨ ᠤ ᠠᠵᠢᠯ ᠤᠨ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠶ᠃ ᠰᠢᠨ᠎ᠡ ᠴᠠᠭ ᠦᠶ᠎ᠡ ᠶᠢᠨ ᠰᠠᠶᠢᠨ | ᠺᠠᠳ᠋ᠷ ᠤᠨ ᠪᠠᠷᠢᠮᠵᠢᠶ᠎ᠠ ᠶᠢ ᠪᠠᠷᠢᠮᠲᠠᠯᠠᠵᠤ᠂ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠬᠠᠮᠠᠭᠠᠯᠠᠬᠤ | ᠣᠪᠣᠷ ᠨᠢ ᠣᠨᠴᠠᠭᠠᠶ ᠡᠷᠡᠰ ᠰᠢᠢᠳᠮᠡᠭᠡᠢ᠂ ᠵᠥᠪ ᠪᠤᠷᠤᠭᠤ ᠶᠢ ᠲᠣᠳᠣᠷᠬᠠᠶ ᠢᠯᠭᠠᠬᠤ ᠵᠣᠭᠰᠣᠯᠲᠠ ᠨᠢ ᠣᠨᠴᠠᠭᠠᠶ | ᠲᠤᠳᠤ ᠰᠡᠷᠭᠡᠭ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ | ᠠᠵᠢᠯᠯᠠᠭ᠎ᠠ ᠨᠢ ᠣᠨᠴᠠᠭᠠᠶ ᠡᠷᠡᠰ ᠪᠠᠳᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠠᠶᠢᠷᠠᠯᠠᠬᠤ ᠬᠠᠶᠢᠷ᠎ᠠ | ᠰᠡᠳᠬᠢᠯᠭᠡ ᠨᠢ ᠣᠨᠴᠠᠭᠠᠶ ᠴᠢᠩ ᠦᠨᠡᠨᠴᠢ ᠪᠠᠶᠢᠳᠠᠭ ᠦᠨᠳᠦᠰᠦᠲᠡᠨ ᠤ ᠭᠠᠵᠠᠷ ᠣᠷᠣᠨ ᠤ ᠺᠠᠳ᠋ᠷ ᠤᠨ ᠡᠩᠨᠡᠭᠡ ᠶᠢ | ᠴᠢᠷᠮᠠᠶᠢᠨ ᠪᠠᠶᠢᠭᠤᠯᠵᠤ᠂ ᠡᠯ᠎ᠡ ᠱᠠᠲᠤᠨ ᠤ ᠤᠳᠤᠷᠢᠳᠬᠤ ᠡᠷᠬᠡ ᠶᠢ ᠦᠨᠡᠨᠴᠢ ᠰᠢᠳᠤᠷᠭᠤ ᠠᠷᠢᠭᠤᠨ ᠴᠢᠬᠡᠴᠢ | ᠬᠠᠷᠢᠭᠤᠴᠠᠯᠭ᠎ᠠ ᠡᠭᠦᠷᠭᠡᠯᠡᠬᠦ ᠺᠠᠳ᠋ᠷ ᠤᠨ ᠭᠠᠷ ᠲᠤ ᠡᠵᠡᠮᠰᠢᠬᠦᠯᠬᠦ ᠶᠢ ᠦᠨᠡᠨ ᠬᠦ ᠪᠠᠳᠤᠯᠠᠬᠤ ᠭᠡᠷᠡᠭᠳᠡᠢ᠃ | ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠠᠵᠢᠯ ᠢ ᠰᠠᠶᠢᠳᠤᠷ ᠠᠳᠬᠤᠬᠤ ᠨᠢ ᠲᠤᠶᠢᠯ ᠤᠨ ᠴᠢᠬᠤᠯᠠ | ᠶᠤᠮ᠃ ᠨᠠᠮ ᠤᠨ ᠲᠥᠪ ᠬᠤᠷᠢᠶᠠᠨ ᠤ ᠦᠨᠳᠦᠰᠦᠨ ᠪᠤᠳᠤᠯᠭ᠎ᠠ ᠴᠢᠭᠯᠡᠯᠲᠡ᠂ ᠬᠠᠷᠠᠯᠲᠠ ᠡᠭᠦᠷᠭᠡ ᠨᠢᠭᠡᠨᠲᠡ ᠲᠣᠳᠣᠷᠬᠠᠢ | ᠪᠣᠯᠪᠠ᠂ ᠳᠠᠷᠠᠭᠠᠴᠢ ᠶᠢᠨ ᠠᠯᠬᠤᠮ ᠳᠤ ᠦᠨᠡᠨ ᠬᠦ ᠰᠤᠷᠤᠯᠴᠠᠨ ᠣᠶᠢᠯᠠᠭᠠᠵᠤ ᠨᠡᠪᠳᠡᠷᠡᠳᠡᠯ᠎ᠡ ᠡᠵᠡᠮᠰᠢᠵᠦ᠂ | ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠵᠤ᠂ ᠰᠤᠷᠤᠯᠴᠠᠬᠤ ᠶᠠᠪᠤᠴᠠ ᠶᠢ ᠲᠠᠨᠢᠯᠲᠠ ᠪᠠᠨ ᠳᠡᠭᠡᠭᠰᠢᠯᠡᠭᠦᠯᠬᠦ᠂ | ᠠᠵᠢᠯ ᠢᠶᠠᠨ ᠰᠠᠶᠢᠵᠢᠷᠠᠭᠤᠯᠬᠤ ᠶᠠᠪᠤᠴᠠ ᠪᠣᠯᠭᠠᠨ ᠬᠤᠪᠢᠷᠠᠭᠤᠯᠵᠤ᠂ ᠰᠡᠳᠬᠢᠯ ᠳᠤ ᠪᠠᠨ ᠰᠢᠩᠭᠡᠭᠡᠵᠦ᠂ | ᠠᠵᠢᠯᠯᠠᠭ᠎ᠠ ᠳᠤ ᠪᠠᠨ ᠢᠯᠡᠷᠡᠭᠦᠯᠬᠦ ᠨᠢ ᠵᠠᠩᠭᠢᠯᠠᠭ᠎ᠠ ᠪᠤᠯᠤᠨ᠎ᠠ᠃ ᠡᠶᠢᠮᠦ ᠠᠴᠠ ᠶᠢᠦ ᠴᠢᠤᠸᠠᠨ ᠴᠢᠬᠤᠯᠠᠴᠢᠯᠠᠭᠰᠠᠨ ᠨᠢ᠂ | ᠣᠯᠠᠨ ᠵᠦᠢᠯ ᠤᠨ ᠬᠡᠯᠪᠡᠷᠢ ᠪᠠᠷ ᠤᠬᠠᠭᠤᠯᠤᠨ ᠲᠠᠶᠢᠯᠪᠤᠷᠢᠯᠠᠬᠤ ᠪᠠᠷ ᠳᠠᠮᠵᠢᠭᠤᠯᠤᠨ᠂ ᠦᠨᠳᠦᠰᠦᠲᠡᠨ ᠨᠦᠭᠦᠳ ᠤᠨ | ᠺᠠᠳ᠋ᠷ ᠣᠯᠠᠨ ᠲᠦᠮᠡᠨ ᠤ ︽ᠲᠠᠪᠤᠨ ᠮᠡᠳᠡᠷᠡᠭᠦᠢ︾ ᠶᠢ ᠴᠢᠨᠠᠬᠰᠢᠳᠠ ᠴᠢᠩᠭᠠᠳᠬᠠᠬᠤ ᠬᠡᠷᠡᠭᠲᠡᠶ᠃ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠳᠠ ᠦᠭᠡᠢ ᠪᠠᠳᠤᠳᠬᠠᠬᠤ ᠬᠡᠷᠡᠭᠲᠡᠢ ᠭᠡᠵᠡᠢ᠃ | ᠦᠨᠳᠦᠰᠦᠲᠡᠨ ᠤ ᠣᠨᠣᠯ ᠤᠨ ᠰᠤᠳᠤᠯᠭ᠎ᠠ ᠬᠢᠵᠦ ᠪᠠᠶᠢᠭ᠎ᠠ ᠥᠷᠭᠡᠨ ᠣᠯᠠᠨ ᠲᠤᠰᠬᠠᠶ ᠮᠡᠷᠭᠡᠵᠢᠯᠲᠡᠨ | ᠡᠷᠳᠡᠮᠲᠡᠨ᠂ ᠪᠣᠳᠠᠲᠠᠶ ᠠᠵᠢᠯ ᠬᠢᠵᠦ ᠪᠠᠶᠢᠭ᠎ᠠ ᠤᠳᠤᠷᠢᠳᠬᠤ ᠺᠠᠳ᠋ᠷ᠂ ᠲᠤᠰᠬᠠᠶ ᠮᠡᠷᠭᠡᠵᠢᠯ ᠤᠨ ᠠᠵᠢᠯᠲᠠᠨ ᠳᠤ ᠠᠪᠴᠤ | ᠬᠡᠯᠡᠪᠡᠯ᠂ ᠤᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ ᠨᠠᠮ ᠤᠨ ᠲᠥᠪ ᠬᠤᠷᠢᠶᠠᠨ ᠤ ᠦᠨᠳᠦᠰᠦᠲᠡᠨ ᠤ | ᠠᠵᠢᠯ ᠤᠨ ᠲᠤᠬᠠᠢ ᠬᠠᠮᠤᠭ ᠤᠨ ᠰᠢᠨ᠎ᠡ ᠵᠣᠷᠢᠭ ᠰᠠᠨᠠᠭ᠎ᠠ ᠢᠯᠠᠩᠭᠤᠶ᠎ᠠ ᠶᠡᠷᠦᠩᠬᠡᠢ ᠱᠦᠵᠢ ᠰᠢ ᠶᠢᠨ ᠫᠢᠩ ᠤᠨ | ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠶᠡᠭᠡ ᠪᠠᠷ | ᠤᠬᠠᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠲᠤᠷᠰᠢᠬᠢ | ᠦᠨᠳᠦᠰᠦᠲᠡᠨ ᠤ ᠠᠵᠢᠯ ᠤᠨ ᠣᠯᠤᠭᠰᠠᠨ ᠠᠭᠤᠤ ᠶᠡᠭᠡ ᠠᠮᠵᠢᠯᠲᠠ ᠪᠠ ᠲᠡᠦᠬᠡᠨ ᠲᠤᠷᠰᠢᠯᠭ᠎ᠠ ᠶᠢ ᠥᠷᠭᠡᠨ ᠢᠶᠠᠷ | ᠤᠬᠠᠭᠤᠯᠵᠤ᠂ ᠨᠠᠮ ᠤᠨ ᠲᠥᠪ ᠬᠤᠷᠢᠶᠠᠨ ᠤ ᠦᠨᠳᠦᠰᠦᠲᠡᠨ ᠤ ᠭᠠᠵᠠᠷ ᠣᠷᠣᠨ ᠪᠣᠯᠤᠨ ᠴᠥᠭᠡᠨ ᠲᠣᠭᠠᠲᠤ | ᠦᠨᠳᠦᠰᠦᠲᠡᠨ ᠤ ᠤᠯᠠᠨ ᠲᠦᠮᠡᠨ ᠳᠤ ᠥᠭᠭᠦᠭᠰᠡᠨ ᠳᠣᠲᠣᠨᠣ ᠬᠠᠯᠠᠮᠵᠢᠯᠠᠯ ᠢ ᠤᠯᠠᠮᠵᠢᠯᠠᠵᠤ᠂ | ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ︽ᠲᠠᠪᠤᠨ ᠮᠡᠳᠡᠷᠡᠭᠦᠢ︾ ᠶᠢ ᠴᠢᠨᠠᠬᠰᠢᠳᠠ ᠴᠢᠩᠭᠠᠳᠬᠠᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠦᠭᠡᠢ ᠪᠠᠳᠤᠳᠬᠠᠬᠤ | ᠬᠡᠷᠡᠭᠲᠡᠶ᠃ ᠡᠭᠦᠨ ᠤ ᠬᠠᠮᠲᠤ᠂ ᠢᠳᠡᠪᠬᠢᠲᠡᠢ ᠪᠠᠷ ᠪᠠᠶᠢᠴᠠᠭᠠᠨ ᠰᠤᠳᠤᠯᠤᠯᠲᠠ ᠬᠢᠵᠦ᠂ ᠰᠠᠨᠠᠯ ᠵᠥᠪᠯᠡᠯᠭᠡ ᠳᠤᠷᠠᠳᠤᠨ | ᠠᠷᠭ᠎ᠠ ᠤᠬᠠᠭᠠᠨ ᠭᠠᠷᠭᠠᠵᠤ᠂ ᠢᠯᠠᠩᠭᠤᠶ᠎ᠠ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ | ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭᠠᠨ ᠤ ᠰᠤᠳᠤᠯᠤᠯ ᠢ ᠴᠢᠩᠭᠠᠳᠬᠠᠵᠤ᠂ ᠳᠤᠮᠳᠠᠳᠤ | ᠤᠯᠤᠰ ᠤᠨ ᠣᠨᠴᠠᠯᠢᠭ ᠲᠠᠢ᠂ ᠤᠯᠠᠨ ᠤᠯᠤᠰ ᠤᠨ ᠳᠠᠮᠵᠢᠭᠤᠯᠭ᠎ᠠ ᠶᠢᠨ ᠣᠨᠴᠠᠯᠢᠭ ᠲᠤ ᠨᠡᠶᠢᠴᠡᠭᠰᠡᠨ ᠳᠤᠮᠳᠠᠳᠤ | ᠤᠯᠤᠰ ᠤᠨ ᠦᠨᠳᠦᠰᠦᠲᠡᠨ ᠤ ᠤᠨᠤᠯ ᠲᠦᠷᠦ ᠶᠢᠨ ᠪᠤᠳᠤᠯᠭ᠎ᠠ ᠶᠢᠨ ᠦᠭᠡ ᠶᠠᠷᠢᠶᠠᠨ ᠤ ᠰᠢᠰᠲ᠋ᠧᠮ ᠢ ᠪᠠᠶᠢᠭᠤᠯᠬᠤ | ᠬᠡᠷᠡᠭᠳᠡᠢ᠃ | |