ᠳᠤᠮᠳᠠᠳᠤ ᠶᠢᠨ ᠦᠨᠳᠦᠰᠦᠲᠡᠨ ᠰᠣᠨᠢᠨ ᠤ ᠰᠢᠭᠦᠮᠵᠢᠯᠡᠭᠴᠢ ᠶᠢᠨ ᠵᠣᠬᠢᠶᠠᠯ ᠨᠠᠢᠮᠠ᠄ ᠦᠨᠳᠦᠰᠦᠲᠡᠨ ᠤ ᠬᠦᠷᠢᠶ᠎ᠡ ᠴᠠᠷᠠᠭᠠᠨ ᠳᠠᠬᠢ ᠬᠦᠨᠳᠦ ᠶᠡᠭᠡ ᠠᠶᠤᠯ ᠲᠦᠭᠰᠢᠭᠦᠷᠢ ᠭᠡᠮ ᠰᠣᠭᠤᠭ ᠢ ᠡᠷᠡᠰ ᠰᠡᠷᠭᠡᠶᠢᠯᠡᠬᠦ ᠬᠡᠷᠡᠭᠲᠡᠶ
ᠨᠡᠶᠢᠲᠡᠯᠡᠭᠰᠡᠨ ᠴᠠᠭ᠄
2021/10/14
     ᠦᠨᠳᠦᠰᠦᠲᠡᠨ ᠤ ᠬᠦᠷᠢᠶ᠎ᠡ ᠴᠠᠷᠠᠭᠠᠨ ᠳᠠᠬᠢ ᠬᠦᠨᠳᠦ ᠶᠡᠭᠡ ᠠᠶᠤᠯ ᠲᠦᠭᠰᠢᠭᠦᠷᠢ ᠭᠡᠮ ᠰᠣᠭᠤᠭ ᠢ ᠡᠷᠡᠰ ᠰᠡᠷᠭᠡᠶᠢᠯᠡᠬᠦ ᠬᠡᠷᠡᠭᠲᠡᠶ — ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠬᠠᠢ ᠥᠭᠦᠯᠡᠬᠦ ᠨᠢ      ᠳᠤᠮᠳᠠᠳᠤ ᠶᠢᠨ ᠦᠨᠳᠦᠰᠦᠲᠡᠨ ᠰᠣᠨᠢᠨ ᠤ ᠰᠢᠭᠦᠮᠵᠢᠯᠡᠭᠴᠢ        ︽ᠦᠨᠳᠦᠰᠦᠲᠡᠨ ᠤ ᠬᠦᠷᠢᠶ᠎ᠡ ᠴᠠᠷᠠᠭᠠᠨ ᠳᠠᠬᠢ ᠬᠦᠨᠳᠦ ᠶᠡᠭᠡ ᠠᠶᠤᠯ ᠲᠦᠭᠰᠢᠭᠦᠷᠢ ᠭᠡᠮ ᠰᠣᠭᠤᠭ ᠢ ᠡᠷᠡᠰ ᠰᠡᠷᠭᠡᠶᠢᠯᠡᠬᠦ ᠭᠡᠷᠡᠭᠳᠡᠢ︾᠃ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠰᠢᠨ᠎ᠡ ᠴᠠᠭ ᠦᠶ᠎ᠡ ᠶᠢᠨ ᠨᠠᠮ ᠪᠣᠯᠤᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠪᠦᠬᠦ ᠲᠠᠯ᠎ᠠ ᠶᠢᠨ ᠦᠨᠳᠦᠷᠴᠡ ᠠᠴᠠ ᠦᠨᠳᠦᠰᠦᠲᠡᠨ ᠤ ᠰᠡᠷᠭᠦᠨ ᠮᠠᠨᠳᠤᠯᠲᠠ ᠶᠢᠨ ᠲᠡᠦᠬᠡ ᠶᠢᠨ ᠠᠭᠤᠤ ᠦᠢᠯᠡᠰ ᠢ ᠪᠣᠳᠣᠯᠬᠢᠯᠠᠵᠤ᠂ ᠭᠦᠨ ᠴᠢᠬᠢᠮᠠᠢ ᠰᠠᠨᠠᠭᠠᠰᠢᠷᠠᠬᠤ ᠤᠬᠠᠮᠰᠠᠷ ᠢᠶᠠᠷ ᠠᠯᠤᠰ ᠬᠡᠳᠤ ᠶᠢᠨ ᠪᠠᠶᠢᠯᠳᠤᠬᠤ ᠪᠤᠳᠤᠯᠭ᠎ᠠ ᠶᠢᠨ ᠬᠠᠷᠠᠴᠠ ᠪᠠᠷ ᠦᠨᠳᠦᠰᠦᠲᠡᠨ ᠤ ᠬᠦᠷᠢᠶ᠎ᠡ ᠴᠠᠷᠠᠭᠠᠨ ᠤ ᠬᠦᠨᠳᠦ ᠶᠡᠭᠡ ᠠᠶᠤᠯ ᠲᠦᠭᠰᠢᠭᠦᠷᠢ ᠬᠡᠮ ᠰᠣᠭᠤᠭ ᠢ ᠰᠡᠷᠭᠡᠶᠢᠯᠡᠬᠦ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠠᠢ᠃      ᠪᠡᠯᠡᠳᠬᠡᠯ ᠲᠠᠢ ᠪᠣᠯ ᠪᠠᠯᠠᠳᠠᠬᠤ ᠦᠭᠡᠢ ᠭᠡᠳᠡᠭ ᠪᠤᠯ ᠤᠯᠤᠰ ᠤᠨ ᠶᠡᠷᠦᠳᠡ ᠶᠢᠨ ᠶᠤᠰᠤ ᠪᠤᠯᠤᠨ᠎ᠠ᠃ ᠮᠠᠨ ᠤ ᠤᠯᠤᠰ ᠶᠠᠭ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠵᠠᠩᠭᠢᠯᠠᠭ᠎ᠠ ᠶᠢᠨ ᠴᠠᠭ ᠦᠶ᠎ᠡ ᠳᠤ ᠣᠷᠣᠰᠢᠵᠤ ᠪᠠᠶᠢᠨ᠎ᠠ᠂ ᠡᠨᠡ ᠪᠣᠯ ᠣᠳᠣᠬᠢ ᠱᠠᠲᠤᠨ ᠳᠠᠬᠢ ᠨᠠᠮ ᠤᠨ ᠦᠨᠳᠦᠰᠦᠲᠡᠨ ᠤ ᠠᠵᠢᠯ ᠤᠨ ᠲᠡᠦᠬᠡ ᠶᠢᠨ ᠣᠷᠣᠨ ᠪᠠᠶᠢᠷᠢ ᠮᠥᠨ᠃ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠦᠷᠭᠦᠯᠵᠢᠯᠡᠨ ᠲᠡᠮᠡᠴᠡᠬᠦ ᠪᠠᠷ ᠲᠠᠮᠵᠢᠨ᠂ ᠪᠢᠳᠡ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠦ᠂ ᠳᠤᠮᠳᠠᠳᠤ ᠶᠢᠨ ᠡᠬᠡ ᠭᠠᠵᠠᠷ ᠲᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠵᠤ᠂ ᠣᠨᠴᠠ ᠶᠠᠳᠠᠭᠤ ᠬᠦᠴᠢᠷᠳᠡᠯ ᠲᠠᠢ ᠠᠰᠠᠭᠤᠳᠠᠯ ᠢ ᠲᠡᠦᠬᠡᠲᠦ ᠴᠢᠨᠠᠷᠲᠠᠢ ᠪᠠᠷ ᠰᠢᠢᠳᠪᠦᠷᠢᠯᠡᠵᠦ᠂ ᠨᠡᠶᠢᠭᠡᠮ ᠵᠢᠷᠤᠮᠳᠦ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠶᠠᠭ ᠡᠷᠴᠢ ᠵᠣᠷᠢᠭ ᠪᠠᠳᠠᠷᠠᠩᠭᠤᠢ ᠪᠠᠷ ᠤᠷᠤᠭᠰᠢᠯᠠᠵᠤ ᠪᠠᠶᠢᠨ᠎ᠠ᠃ ᠡᠶᠢᠮᠦᠷᠬᠦᠦ ᠲᠡᠦᠬᠡ ᠶᠢᠨ ᠠᠭᠤᠯᠵᠠᠷ ᠳᠡᠭᠡᠷ᠎ᠡ ᠵᠣᠭᠰᠣᠬᠤ ᠳᠤ ᠪᠠᠨ ᠨᠢᠭᠡ ᠲᠠᠯ᠎ᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠤᠷᠢᠳ ᠡᠮᠦᠨ᠎ᠡ ᠪᠠᠶᠢᠭ᠎ᠠ ᠦᠭᠡᠢ ᠭᠡᠭᠡᠨ ᠰᠠᠷᠠᠭᠤᠯ ᠢᠷᠡᠭᠡᠳᠦᠢ ᠲᠠᠢ ᠪᠤᠯᠵᠤ᠂ ᠳᠤᠮᠳᠠᠳᠤ ᠶᠢᠨ ᠦᠨᠳᠦᠰᠦᠲᠡᠨ ᠤ ᠨᠢᠭᠲᠠᠷᠠᠯ ᠤᠨ ᠬᠦᠴᠦᠨ᠂ ᠲᠥᠪᠯᠡᠩᠭᠦᠢ ᠬᠦᠴᠦᠨ᠂ ᠢᠲᠡᠭᠡᠯ ᠵᠣᠷᠢᠭ ᠲᠦᠢᠯ ᠤᠨ ᠶᠡᠭᠡ ᠪᠠᠷ ᠴᠢᠩᠭᠠᠷᠠᠵᠤ ᠪᠠᠶᠢᠭ᠎ᠠ ᠶᠢ ᠲᠠᠨᠢᠬᠤ ᠬᠡᠷᠡᠭᠲᠡᠢ︔ ᠨᠦᠬᠦᠭᠡ ᠲᠠᠯ᠎ᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠵᠠᠮ ᠳᠡᠭᠡᠷ᠎ᠡ ᠪᠠᠰᠠ ᠲᠥᠰᠥᠭᠡᠯᠡᠰᠢ ᠦᠭᠡᠢ ᠪᠠ ᠲᠥᠰᠦᠭᠡᠯᠡᠬᠦᠶ᠎ᠡ ᠪᠡᠷᠬᠡ ᠮᠠᠰᠢ ᠤᠯᠠᠨ ᠠᠶᠤᠯ ᠲᠦᠭᠰᠢᠭᠦᠷᠢ ᠲᠤᠯᠭᠠᠷᠠᠵᠤ ᠪᠠᠶᠢᠨ᠎ᠠ ᠭᠡᠳᠡᠭ ᠢ ᠬᠦᠨᠵᠡᠭᠡᠢ ᠲᠠᠨᠢᠬᠤ ᠭᠡᠷᠡᠭᠳᠡᠢ᠃ ᠡᠶᠢᠮᠦ ᠠᠴᠠ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ ᠳᠤ ᠡᠷᠬᠡᠪᠰᠢ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠡᠭᠦᠰᠦᠯᠲᠡ ᠪᠠ ᠲᠤᠰᠤᠯᠲᠠ ᠪᠠᠨ ᠪᠣᠯᠭᠠᠵᠤ᠂ ᠦᠨᠳᠦᠰᠦᠲᠡᠨ ᠤ ᠬᠦᠷᠢᠶᠡᠨ ᠳᠠᠬᠢ ᠬᠦᠨᠳᠦ ᠶᠡᠭᠡ ᠠᠶᠤᠯ ᠲᠦᠭᠰᠢᠭᠦᠷᠢ ᠬᠡᠮ ᠰᠣᠭᠤᠭ ᠢ ᠬᠦᠴᠦᠯᠡᠨ ᠰᠡᠷᠭᠡᠶᠢᠯᠡᠨ ᠠᠷᠢᠯᠭᠠᠵᠤ᠂ ᠣᠷᠣᠨ ᠪᠦᠰᠡ ᠶᠢᠨ ᠴᠢᠨᠠᠷᠲᠠᠶ᠂ ᠰᠢᠰᠲ᠋ᠧᠮ ᠤᠨ ᠴᠢᠨᠠᠷᠲᠠᠶ ᠠᠶᠤᠯ ᠲᠦᠭᠰᠢᠭᠦᠷᠢ ᠡᠭᠦᠰᠬᠦ ᠥᠬᠡᠶ ᠪᠠᠶᠢᠬᠤ ᠬᠤᠷᠢᠭ᠎ᠠ ᠱᠤᠭᠤᠮ ᠢ ᠡᠷᠡᠰ ᠰᠠᠬᠢᠵᠤ᠂ ᠦᠨᠳᠦᠰᠦᠲᠡᠨ ᠤ ᠪᠦᠯᠬᠦᠮᠳᠡᠯ ᠢ ᠬᠦᠴᠦᠯᠡᠨ ᠴᠢᠩᠭᠠᠳᠬᠠᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠰᠦᠷ ᠳᠠᠯᠠᠶᠢᠴᠠᠲᠠᠶ ᠬᠦᠴᠦᠨ ᠢ ᠬᠠᠮᠤᠭ ᠤᠨ ᠶᠡᠭᠡ ᠬᠡᠮᠵᠢᠶ᠎ᠡ ᠪᠠᠷ ᠨᠢᠭᠲᠠᠷᠠᠭᠤᠯᠬᠤ ᠬᠡᠷᠡᠭᠲᠡᠶ᠃      ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠣᠯ ᠦᠨᠳᠦᠰᠦᠲᠡᠨ ᠨᠦᠭᠦᠳ ᠤᠨ ᠦᠨᠳᠦᠰᠦᠨ ᠠᠰᠢᠭ ᠲᠤᠰᠠ ᠶᠢ ᠬᠠᠮᠠᠭᠠᠯᠠᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠡᠷᠬᠡ ᠲᠡᠭᠰᠢ ᠪᠦᠯᠬᠦᠮᠳᠡᠯ ᠲᠠᠢ ᠬᠠᠷᠢᠯᠴᠠᠨ ᠬᠠᠪᠰᠤᠷᠤᠯᠴᠠᠭᠰᠠᠨ ᠡᠶ᠎ᠡ ᠨᠠᠶᠢᠷᠠᠮᠳᠠᠭᠤ ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ ᠶᠢ ᠪᠠᠬᠢᠵᠢᠭᠦᠯᠦᠨ ᠬᠥᠭᠵᠢᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠨᠠᠮ ᠤᠨ ᠦᠨᠳᠦᠰᠦᠲᠡᠨ ᠤ ᠠᠵᠢᠯ ᠤᠨ ᠰᠢᠨ᠎ᠡ ᠪᠠᠶᠢᠳᠠᠯ ᠢ ᠡᠭᠦᠳᠦᠨ ᠨᠡᠭᠡᠭᠡᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃ ᠦᠨᠳᠦᠰᠦᠲᠡᠨ ᠤ ᠬᠦᠷᠢᠶᠡᠨ ᠳᠠᠬᠢ ᠬᠦᠨᠳᠦ ᠶᠡᠭᠡ ᠠᠶᠤᠯ ᠲᠦᠭᠰᠢᠭᠦᠷᠢ ᠭᠡᠮ ᠰᠣᠭᠤᠭ ᠢ ᠰᠡᠷᠭᠡᠶᠢᠯᠡᠨ ᠠᠷᠢᠯᠭᠠᠬᠤ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠡᠨᠡ ᠬᠦ ︽ᠬᠥᠲᠥᠯᠪᠦᠷᠢ︾ ᠶᠢ ᠴᠢᠩᠭ᠎ᠠ ᠠᠳᠬᠤᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢ ᠦᠨᠳᠦᠰᠦᠲᠡᠨ ᠤ ᠠᠵᠢᠯ ᠤᠨ ᠪᠦᠬᠦ ᠶᠠᠪᠤᠴᠠ ᠡᠯ᠎ᠡ ᠲᠠᠯ᠎ᠠ ᠳᠤ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠰᠠᠨᠠᠭᠠᠨ ᠤ ᠰᠠᠭᠤᠷᠢ ᠶᠢ ᠲᠠᠰᠤᠷᠠᠯᠳᠠ ᠦᠭᠡᠢ ᠪᠠᠬᠢᠵᠢᠭᠦᠯᠬᠦ ᠬᠡᠷᠡᠭᠲᠡᠢ᠃ ᠦᠨᠳᠦᠰᠦᠲᠡᠨ ᠨᠦᠭᠦᠳ ᠤᠨ ᠠᠷᠠᠳ ᠲᠦᠮᠡᠨ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠠᠯᠳᠠᠷ ᠭᠤᠳᠤᠮᠰᠢᠭ ᠢᠶᠠᠨ ᠬᠠᠮᠲᠤᠳᠬᠠᠬᠤ᠂ ᠦᠬᠦᠵᠦ ᠰᠡᠬᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ ᠳᠤ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠭᠰᠡᠨ ᠦᠶ᠎ᠡ ᠳᠤ ᠪᠢᠳᠡ︽ᠰᠠᠯᠬᠢᠨ ᠳᠤ ᠦᠯᠢᠶᠡᠭᠳᠡᠵᠦ ᠳᠠᠪᠠᠯᠭᠠᠨ ᠳᠤ ᠴᠤᠬᠢᠬᠳᠠᠬᠰᠠᠨ︾ ᠴᠦ ︽ᠬᠦᠳᠡᠯᠦᠰᠢ ᠦᠭᠡᠢ ᠰᠡᠬᠦ᠋ᠢᠨ ᠰᠦᠨᠳᠡᠷᠯᠡᠵᠦ︾᠂ ᠶᠠᠮᠠᠷ ᠴᠤ ᠬᠦᠴᠢᠷ ᠪᠡᠷᠬᠡᠰᠢᠶᠡᠯ ᠪᠢᠳᠡᠨ ᠢ ᠮᠤᠬᠤᠷᠳᠠᠭᠤᠯᠵᠤ ᠳᠡᠶᠢᠯᠬᠦ ᠦᠭᠡᠢ᠂ ᠶᠠᠮᠠᠷ ᠴᠤ ᠬᠦᠴᠦᠨ ᠭᠡᠳ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠪᠠᠨ ᠪᠡᠶᠡᠯᠡᠭᠦᠯᠬᠦ ᠢᠳᠡᠷᠡᠭᠦᠨ ᠠᠯᠬᠤᠭ᠎ᠠ ᠶᠢ ᠬᠤᠷᠢᠭᠯᠠᠵᠤ ᠳᠡᠶᠢᠯᠬᠦ ᠦᠭᠡᠢ ᠶᠤᠮ︕      ᠦᠨᠳᠦᠰᠦᠲᠡᠨ ᠤ ᠬᠦᠷᠢᠶ᠎ᠡ ᠴᠠᠷᠠᠭᠠᠨ ᠳᠠᠬᠢ ᠬᠦᠨᠳᠦ ᠶᠡᠭᠡ ᠠᠶᠤᠯ ᠲᠦᠭᠰᠢᠭᠦᠷᠢ ᠭᠡᠮ ᠰᠣᠭᠤᠭ ᠢ ᠡᠷᠡᠰ ᠰᠡᠷᠭᠡᠶᠢᠯᠡᠬᠦ ᠳᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂  ᠰᠠᠨᠠᠭᠠᠰᠢᠷᠠᠬᠤ ᠤᠬᠠᠮᠰᠠᠷ ᠢᠶᠠᠨ ᠴᠢᠩᠭᠠᠳᠬᠠᠵᠤ᠂ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠤ᠂ ᠤᠯᠤᠰ ᠲᠦᠷᠦ ᠶᠢᠨ ᠠᠶᠤᠯ ᠲᠦᠭᠰᠢᠭᠦᠷᠢ ᠶᠢ ᠰᠡᠷᠭᠡᠶᠢᠯᠡᠬᠦ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠵᠣᠷᠢᠭᠲᠠᠢ ᠲᠡᠮᠡᠴᠡᠵᠦ᠂ ᠴᠢᠳᠠᠮᠠᠭᠠᠢ ᠪᠠᠷ ᠲᠡᠮᠡᠴᠡᠵᠦ᠂ ᠳᠠᠶᠢᠰᠤᠩᠨᠠᠭᠴᠢ ᠬᠦᠴᠦᠨ ᠤ ᠦᠨᠳᠦᠰᠦᠲᠡᠨ᠂ ᠱᠠᠰᠢᠨ ᠰᠤᠷᠲᠠᠬᠤᠨ ᠵᠡᠷᠭᠡ ᠠᠰᠠᠭᠤᠳᠠᠯ ᠢ ᠠᠰᠢᠭᠯᠠᠨ ᠮᠠᠨ ᠤ ᠤᠯᠤᠰ ᠲᠤ ᠡᠯ᠎ᠡ ᠵᠦᠢᠯ ᠤᠨ ᠨᠡᠪᠴᠢᠯᠲᠡ ᠨᠤᠷᠠᠭᠠᠯᠲᠠ ᠡᠪᠳᠡᠯᠡᠭᠡ ᠶᠢᠨ ᠠᠵᠢᠯᠯᠠᠭ᠎ᠠ ᠶᠠᠪᠤᠭᠤᠯᠬᠤ ᠶᠢ ᠴᠢᠩᠭ᠎ᠠ ᠰᠡᠷᠭᠡᠶᠢᠯᠡᠨ ᠲᠡᠭᠦᠨ ᠳᠤ ᠴᠣᠬᠢᠯᠲᠠ ᠥᠭᠴᠦ᠂ ᠲᠡᠳᠡᠨ ᠤ ︽ᠳᠤᠮᠳᠠᠳᠤ ᠶᠢ ᠡᠰᠡᠷᠭᠦᠴᠡᠵᠦ ᠳᠤᠮᠳᠠᠳᠤ ᠶᠢ ᠰᠠᠮᠠᠭᠤᠷᠠᠭᠤᠯᠬᠤ︾ ᠤᠯᠤᠰ ᠲᠦᠷᠦ ᠶᠢᠨ ᠭᠤᠷᠢᠳᠠᠯᠭ᠎ᠠ ᠶᠢ ᠡᠷᠡᠰ ᠨᠢᠴᠤᠭᠠᠵᠤ᠂ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ ᠢ ᠡᠷᠡᠰ ᠬᠠᠮᠠᠭᠠᠯᠠᠬᠤ ᠬᠡᠷᠡᠭᠲᠡᠢ᠃ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠢ ᠪᠠᠲᠤ ᠰᠠᠬᠢᠵᠤ᠂ ᠦᠨᠳᠦᠰᠦᠲᠡᠨ ᠳᠤ ᠬᠤᠯᠪᠣᠭᠳᠠᠬᠤ ᠡᠯᠧᠮᠧᠨ᠋ᠲ ᠲᠠᠢ ᠦᠵᠡᠯ ᠤᠬᠠᠮᠰᠠᠷ ᠤᠨ ᠬᠡᠯᠪᠡᠷᠢ ᠶᠢᠨ ᠠᠰᠠᠭᠤᠳᠠᠯ ᠢ ᠢᠳᠡᠪᠬᠢᠲᠡᠢ ᠯᠠᠪᠳᠠᠭᠤᠨ ᠢᠶᠠᠷ ᠰᠢᠢᠳᠪᠦᠷᠢᠯᠡᠵᠦ᠂ ᠦᠨᠳᠦᠰᠦᠲᠡᠨ ᠢ ᠬᠠᠭᠠᠴᠠᠭᠤᠯᠬᠤ᠂ ᠱᠠᠰᠢᠨ ᠰᠤᠷᠲᠠᠬᠤᠨ ᠤ ᠬᠡᠲᠦᠷᠡᠮᠡᠬᠡᠢ ᠦᠵᠡᠯ ᠰᠠᠨᠠᠭᠠᠨ ᠤ ᠬᠤᠣᠷ ᠨᠥᠯᠥᠭᠡ ᠶᠢ ᠦᠷᠭᠦᠯᠵᠢᠯᠡᠨ ᠠᠷᠢᠯᠭᠠᠬᠤ ᠬᠡᠷᠡᠭᠲᠡᠢ᠃ ᠰᠦᠷᠳᠡᠭᠦᠯᠦᠯ ᠢ ᠡᠰᠡᠷᠭᠦᠴᠡᠬᠦ ᠲᠡᠮᠡᠴᠡᠯ ᠤᠨ ᠡᠨᠡ ᠬᠦ ᠬᠥᠪᠴᠢ ᠶᠢ  ᠰᠠᠶᠢᠳᠤᠷ ᠴᠢᠩᠭᠠᠯᠠᠵᠤ᠂ ᠴᠢᠩᠭ᠎ᠠ ᠴᠣᠬᠢᠯᠲᠠ ᠥᠭᠬᠦ ᠥᠨᠳᠥᠷ ᠳᠠᠷᠤᠯᠲᠠᠲᠤ ᠪᠠᠶᠢᠳᠠᠯ ᠢ ᠢᠮᠠᠭᠲᠠ ᠭᠤᠶᠢᠪᠢᠰᠢ ᠦᠭᠡᠢ ᠪᠠᠷᠢᠮᠲᠠᠯᠠᠵᠤ᠂ ᠬᠦᠴᠦᠷᠬᠡᠭᠯᠡᠯ ᠰᠦᠷᠳᠡᠭᠦᠯᠦᠯ ᠤᠨ ᠠᠵᠢᠯᠯᠠᠭ᠎ᠠ᠂ ᠦᠨᠳᠦᠰᠦᠲᠡᠨ ᠢ ᠬᠠᠭᠠᠴᠠᠭᠤᠯᠬᠤ ᠠᠵᠢᠯᠯᠠᠭ᠎ᠠ᠂ ᠱᠠᠰᠢᠨ ᠰᠤᠷᠲᠠᠬᠤᠨ ᠤ ᠬᠡᠲᠦᠷᠡᠮᠡᠬᠡᠢ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠦᠴᠦᠷᠬᠡᠭᠯᠡᠯ ᠰᠦᠷᠳᠡᠭᠦᠯᠦᠯ ᠤᠨ ᠠᠶᠤᠯ ᠲᠦᠭᠰᠢᠭᠦᠷᠢ ᠶᠢ ᠰᠡᠷᠭᠡᠶᠢᠯᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠦᠴᠦᠷᠬᠡᠭᠯᠡᠯ ᠰᠦᠷᠳᠡᠭᠦᠯᠦᠯ ᠤᠨ ᠴᠤᠬᠤᠶᠢᠵᠤ ᠪᠠᠶᠢᠭ᠎ᠠ ᠪᠠ ᠬᠠᠷᠠᠬᠠᠨ ᠡᠭᠦᠰᠦᠭᠡᠳᠦᠢ ᠦᠶ᠎ᠡ ᠳᠤ ᠨᠢ ᠡᠷᠡᠰ ᠬᠤᠷᠢᠭᠯᠠᠬᠤ ᠬᠡᠷᠡᠭᠲᠡᠢ᠃ ᠬᠠᠭᠠᠴᠠᠭᠤᠯᠤᠯ ᠢ ᠡᠰᠡᠷᠭᠦᠴᠡᠬᠦ ᠲᠡᠮᠡᠴᠡᠯ ᠢ ᠭᠦᠨᠵᠡᠭᠡᠶᠢᠷᠡᠭᠦᠯᠵᠦ᠂ ᠪᠠᠴᠢᠮ ᠪᠠᠶᠢᠳᠠᠯ ᠢ ᠠᠷᠭᠠᠴᠠᠭᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠲᠥᠰᠦᠯ ᠤᠨ ᠰᠢᠰᠲ᠋ᠧᠮ᠂ ᠬᠦᠴᠦᠨ ᠤ ᠪᠠᠶᠢᠭᠤᠯᠤᠯᠲᠠ ᠪᠣᠯᠤᠨ ᠪᠣᠳᠠᠲᠤ ᠪᠠᠶᠢᠯᠳᠤᠭᠠᠨ ᠤ ᠰᠣᠷᠢᠯᠲᠠ ᠶᠢ ᠴᠢᠩᠭᠠᠳᠬᠠᠵᠤ᠂ ᠬᠠᠭᠠᠴᠠᠭᠤᠯᠤᠯ ᠢ ᠡᠰᠡᠷᠭᠦᠴᠡᠵᠦ ᠲᠣᠭᠲᠠᠭᠤᠨ ᠢ ᠬᠠᠮᠠᠭᠠᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠰᠦᠷᠳᠡᠭᠦᠯᠦᠯ ᠢ ᠡᠰᠡᠷᠭᠦᠴᠡᠬᠦ ᠤᠯᠠᠨ ᠤᠯᠤᠰ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠭᠤᠣᠯᠳᠠᠯᠭ᠎ᠠ ᠲᠠᠢ ᠤᠯᠤᠰ ᠪᠠ ᠭᠠᠵᠠᠷ ᠣᠷᠣᠨ᠂ ᠤᠯᠠᠨ ᠤᠯᠤᠰ ᠤᠨ ᠵᠣᠬᠢᠶᠠᠨ ᠪᠠᠶᠢᠭᠤᠯᠤᠯᠲᠠ᠂ ᠭᠠᠳᠠᠭᠠᠳᠤ ᠳᠤ ᠪᠠᠶᠢᠭ᠎ᠠ ᠴᠥᠭᠡᠨ ᠲᠣᠭᠠᠲᠤ ᠦᠨᠳᠦᠰᠦᠲᠡᠨ ᠤ ᠳᠤᠮᠳᠠᠳᠤ ᠶᠢᠨ ᠬᠠᠷᠢᠶᠠᠲᠤ ᠪᠠ ᠲᠤᠮᠳᠠᠳᠤᠴᠤᠳ ᠤᠨ ᠤᠯᠠᠨ ᠲᠦᠮᠡᠨ ᠤ ᠪᠦᠯᠬᠦᠮ ᠵᠡᠷᠭᠡ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃      ︽ᠤᠴᠢᠷ ᠶᠠᠪᠤᠳᠠᠯ ᠢ ᠤᠷᠢᠳᠴᠢᠯᠠᠨ ᠪᠤᠳᠤᠯᠬᠢᠯᠠᠵᠤ ᠪᠡᠯᠡᠳᠭᠡᠯ ᠬᠢᠪᠡᠯ ᠬᠦᠴᠢᠷᠳᠡᠵᠦ ᠮᠤᠬᠤᠷᠳᠠᠬᠤ ᠦᠭᠡᠢ︾᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠱᠠᠭᠠᠷᠳᠠᠯᠭ᠎ᠠ ᠶᠢ ᠪᠠᠲᠤ ᠴᠡᠭᠡᠵᠢᠯᠡᠵᠦ᠂ ᠠᠶᠤᠯ ᠲᠦᠭᠰᠢᠭᠦᠷᠢ ᠶᠢ ᠰᠡᠷᠭᠡᠶᠢᠯᠡᠬᠦ ᠪᠡᠯᠡᠳᠬᠡᠯ ᠲᠠᠢ ᠪᠠᠶᠢᠬᠤ ᠪᠠᠷ ᠪᠠᠷᠠᠬᠤ ᠦᠭᠡᠢ ᠪᠠᠰᠠ ᠠᠶᠤᠯ ᠲᠦᠭᠰᠢᠭᠦᠷᠢ ᠶᠢᠨ ᠰᠢᠯᠭᠠᠯᠳᠠ ᠶᠢ ᠠᠷᠭᠠᠴᠠᠭᠠᠬᠤ ᠪᠠ ᠠᠷᠢᠯᠭᠠᠬᠤ ᠮᠡᠷᠭᠡᠨ ᠠᠷᠭ᠎ᠠ ᠲᠠᠢ ᠪᠠᠶᠢᠬᠤ ᠬᠡᠷᠡᠭᠲᠡᠢ︔ ᠠᠶᠤᠯ ᠲᠦᠭᠰᠢᠭᠦᠷᠢ ᠶᠢ ᠰᠡᠷᠭᠡᠶᠢᠯᠡᠨ ᠬᠤᠷᠢᠭᠯᠠᠬᠤ ᠪᠡᠯᠡᠳᠬᠡᠯ ᠲᠠᠢ ᠳᠠᠶᠢᠯᠠᠯᠳᠤᠭᠠᠨ ᠢ ᠰᠠᠶᠢᠲᠤᠷ ᠬᠢᠬᠦ ᠪᠠᠷ ᠪᠠᠷᠠᠬᠤ ᠦᠭᠡᠢ ᠪᠠᠰᠠ ᠠᠶᠤᠯ ᠲᠦᠭᠰᠢᠭᠦᠷᠢ ᠶᠢ ᠠᠮᠤᠷ ᠲᠦᠪᠰᠢᠨ ᠪᠣᠯᠭᠠᠬᠤ᠂ ᠠᠶᠤᠯ ᠲᠦᠭᠰᠢᠭᠦᠷᠢ ᠶᠢ ᠲᠣᠬᠢᠶᠠᠯ ᠪᠤᠯᠭᠠᠨ ᠬᠤᠪᠢᠷᠠᠭᠤᠯᠬᠤ ᠪᠠᠶᠢᠯᠳᠤᠬᠤ ᠪᠤᠳᠤᠯᠭ᠎ᠠ ᠶᠢᠨ ᠰᠠᠨᠠᠭᠠᠴᠢᠯᠠᠭᠠᠲᠤ ᠳᠠᠶᠢᠯᠠᠯᠳᠤᠭᠠᠨ ᠢ ᠴᠤ ᠰᠠᠶᠢᠲᠤᠷ ᠬᠢᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠣᠯ ᠰᠢᠵᠢᠮ ᠪᠣᠯᠭᠠᠵᠤ᠂ ᠠᠶᠤᠯ ᠲᠦᠭᠰᠢᠭᠦᠷᠢ ᠶᠢ ᠠᠷᠢᠯᠭᠠᠬᠤ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠯ᠎ᠡ ᠵᠦᠢᠯ ᠤᠨ ᠰᠢᠯᠭᠠᠯᠳᠠ  ᠶᠢ ᠯᠠᠪᠳᠠᠭᠤᠨ ᠢᠶᠠᠷ ᠠᠷᠭᠠᠴᠠᠭᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠠᠶᠠᠨ ᠳᠤ ᠲᠤᠮᠤ ᠠᠯᠬᠤᠮ ᠢᠶᠠᠷ ᠤᠷᠤᠬᠰᠢᠯᠠᠬᠤ ᠭᠡᠷᠡᠭᠳᠡᠢ᠃
ᠢᠷᠡᠯᠲᠡ᠄ ᠳᠤᠮᠳᠠᠳᠤ ᠶᠢᠨ ᠦᠨᠳᠦᠰᠦᠲᠡᠨ ᠰᠣᠨᠢᠨ