ᠪᠤᠭᠤᠲᠤ ᠬᠤᠲᠠ ︽ᠤᠯᠠᠭᠠᠨ ᠠᠨᠠᠷ ᠤᠨ ᠬᠡᠷ ᠣᠷᠣᠨ︾ ᠢ ᠨᠢᠮᠪᠠᠶ ᠴᠣᠭᠴᠠᠯᠠᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ ᠪᠠᠶᠢᠨ᠎ᠠ
ᠨᠡᠶᠢᠲᠡᠯᠡᠭᠰᠡᠨ ᠴᠠᠭ᠄
2021/10/15
     ᠪᠤᠭᠤᠲᠤ ᠬᠤᠲᠠ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠤᠯᠠᠭᠠᠨ ᠠᠨᠠᠷ ᠤᠨ ᠬᠡᠷ ᠣᠷᠣᠨ︾ ᠢ ᠨᠢᠮᠪᠠᠶ  ᠴᠣᠭᠴᠠᠯᠠᠵᠤ᠂ ︽ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ︾ ᠶᠢ ᠡᠭᠦᠳᠦᠨ ᠪᠠᠶᠢᠭᠤᠯᠬᠤ ᠶᠢ ᠠᠬᠢᠭᠤᠯᠬᠤ ᠪᠠᠷ ᠭᠠᠷᠳᠠᠴᠠ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠨᠠᠷᠢᠨ ᠪᠣᠳᠠᠲᠠᠶ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠠᠴᠠ ᠲᠠᠨᠢᠯᠴᠠᠭᠤᠯᠬᠤ᠂ ᠴᠢᠩᠭ᠎ᠠ ᠰᠢᠯᠢᠨ ᠰᠣᠩᠭᠤᠬᠤ᠂ ᠰᠢᠯᠭᠠᠨ ᠦᠨᠡᠯᠡᠵᠦ ᠬᠢᠨᠠᠨ ᠲᠤᠭᠲᠠᠭᠠᠬᠤ ᠪᠠᠷ ᠳᠠᠮᠵᠢᠭᠤᠯᠤᠨ᠂ ᠨᠢᠭᠡ ᠪᠦᠯᠦᠭ ᠣᠨᠴᠠᠯᠢᠭ ᠢᠶᠠᠷ ᠢᠯᠡ ᠲᠣᠳᠣ᠂ ᠴᠢᠳᠠᠮᠵᠢ ᠪᠠᠷ ᠪᠦᠷᠢᠨ ᠲᠡᠭᠦᠯᠳᠡᠷ ︽ᠤᠯᠠᠭᠠᠨ ᠠᠨᠠᠷ ᠤᠨ ᠭᠡᠷ ᠣᠷᠣᠨ︾ ᠢ ᠴᠣᠭᠴᠠᠯᠠᠵᠤ᠂ ︽ᠪᠤᠭᠤᠲᠤ ᠬᠤᠲᠠ ᠶᠢᠨ ᠬᠥᠪᠡᠭᠦᠳ ᠥᠬᠢᠳ ᠨᠢᠭᠡ ᠭᠡᠷ ᠪᠦᠯᠢ ᠶᠢᠨ ᠬᠢᠨ ᠮᠡᠲᠦ ᠳᠣᠲᠣᠨᠣ ᠪᠠᠶᠢᠵᠤ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ︾ ᠰᠢᠨ᠎ᠡ ᠬᠠᠭᠤᠳᠠᠰᠤ ᠶᠢ ᠵᠢᠷᠤᠭᠯᠠᠵᠤ ᠪᠠᠶᠢᠨ᠎ᠠ᠃      ᠦᠵᠡᠯ ᠰᠠᠨᠠᠭᠠᠨ ᠤ ᠰᠠᠭᠤᠷᠢ ᠪᠠᠨ ᠪᠠᠲᠤᠳᠬᠠᠵᠤ᠂ ᠨᠢᠭᠡ ᠭᠡᠷ ᠪᠦᠯᠢ ᠶᠢᠨ ᠬᠢᠨ ᠮᠡᠲᠦ ᠦᠨᠳᠦᠰᠦᠲᠡᠨ ᠤ ᠪᠦᠯᠬᠦᠮᠳᠡᠯ ᠢ ᠬᠠᠮᠲᠤ ᠪᠠᠷ ᠴᠣᠭᠴᠠᠯᠠᠪᠠ᠃ ᠪᠤᠭᠤᠲᠤ ᠬᠤᠲᠠ ᠶᠢᠨ ︽ᠤᠯᠠᠭᠠᠨ ᠠᠨᠠᠷ ᠤᠨ ᠬᠡᠷ ᠣᠷᠣᠨ︾ ᠢ ᠨᠡᠷᠡᠶᠢᠳᠬᠦ ᠱᠠᠭᠠᠷᠳᠠᠯᠭ᠎ᠠ ᠪᠠᠷ᠂ ︽ᠤᠯᠠᠭᠠᠨ ᠠᠨᠠᠷ ᠤᠨ ᠬᠡᠷ ᠣᠷᠣᠨ︾ ᠢᠶᠠᠷ ᠨᠡᠷᠡᠶᠢᠳᠦᠭᠳᠡᠭᠰᠡᠨ ᠨᠡᠶᠢᠭᠡᠮ ᠲᠣᠭᠤᠷᠢᠭ ᠨᠢ ᠤᠯᠤᠰ ᠲᠥᠷᠥ ᠶᠢᠨ ᠵᠣᠭᠰᠣᠴᠠ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠦᠨᠳᠦᠰᠦᠲᠡᠨ ᠤ ᠠᠵᠢᠯ ᠢ ᠵᠣᠷᠢᠭᠲᠠᠶ ᠬᠢᠳᠡᠭ ᠭᠠᠪᠰᠢᠭᠠᠶᠢᠯᠠᠭᠴᠢ ᠪᠣᠯᠵᠣ᠂ ᠨᠠᠮ ᠤᠨ ᠪᠠᠶᠢᠭᠤᠯᠤᠯᠲᠠ ᠪᠠᠷ ᠵᠢᠯᠤᠭᠤᠳᠤᠨ ᠳᠠᠭᠠᠭᠤᠯᠬᠤ ᠪᠠ ᠦᠨᠳᠦᠰᠦᠲᠡᠨ ᠤ ᠠᠵᠢᠯ ᠢ ᠨᠠᠷᠢᠯᠢᠭ ᠪᠣᠳᠠᠲᠠᠶ ᠠᠳᠬᠤᠬᠤ ᠪᠠᠷ ᠳᠠᠮᠵᠢᠭᠤᠯᠵᠤ᠂ ︽ᠤᠯᠠᠭᠠᠨ ᠠᠨᠠᠷ ᠤᠨ ᠬᠡᠷ ᠣᠷᠣᠨ︾ ᠤ ᠨᠡᠷᠡᠲᠦ ᠲᠥᠷᠥᠯ ᠵᠦᠢᠯ ᠢ ᠦᠨᠡᠨ ᠬᠦ ᠨᠢᠮᠪᠠᠢ ᠴᠣᠭᠴᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ᠦᠨᠳᠦᠰᠦᠲᠡᠨ ᠨᠦᠭᠦᠳ ᠪᠦᠯᠬᠦᠮᠳᠡᠯ ᠲᠠᠢ ᠡᠶ᠎ᠡ ᠨᠠᠶᠢᠷᠲᠠᠶ ᠪᠠᠷ ᠬᠠᠮᠲᠤ ᠣᠷᠣᠰᠢᠬᠤ ︽ᠦᠨᠳᠦᠰᠦ ᠰᠠᠭᠤᠷᠢ︾ ᠪᠠ ︽ᠰᠦᠭ ᠰᠦᠨᠡᠰᠦ︾ ᠶᠢ ᠪᠣᠶᠢᠵᠢᠭᠤᠯᠬᠤ ᠪᠠᠷ ᠴᠢᠷᠮᠠᠶᠢᠵᠤ ᠪᠤᠢ᠃      ᠡᠬᠦᠳᠦᠨ ᠪᠠᠶᠢᠭᠤᠯᠬᠤ ︽ᠬᠠᠷᠢᠭᠤᠴᠠᠯᠭ᠎ᠠ ᠶᠢᠨ ᠲᠠᠷᠢᠶ᠎ᠡ︾ ᠶᠢ ᠰᠠᠶᠢᠲᠤᠷ ᠠᠷᠠᠴᠢᠯᠠᠵᠤ᠂ ᠦᠨᠳᠦᠰᠦᠲᠡᠨ ᠤ ᠠᠵᠢᠯ ᠤᠨ ᠰᠢᠨ᠎ᠡ ᠬᠥᠭᠵᠢᠯᠲᠡ ᠶᠢ ᠠᠬᠢᠭᠤᠯᠪᠠ᠃ ᠡᠯ᠎ᠡ ︽ᠤᠯᠠᠭᠠᠨ ᠠᠨᠠᠷ ᠤᠨ ᠬᠡᠷ ᠣᠷᠣᠨ︾ ᠨᠢ ᠨᠡᠶᠢᠭᠡᠮ ᠲᠣᠭᠤᠷᠢᠭ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠲᠠᠪᠴᠠᠩ ᠢ ᠭᠦᠢᠴᠡᠳ ᠠᠰᠢᠭᠯᠠᠨ᠂ ᠲᠤᠰ ᠳᠠᠪᠴᠠᠩ ᠳᠤ ᠪᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠢ ᠠᠭᠤᠰᠬᠠᠵᠤ᠂ ᠦᠨᠳᠦᠰᠦᠲᠡᠨ ᠨᠦᠭᠦᠳ ᠤᠨ ᠬᠠᠯᠠᠭᠤᠨ ᠰᠡᠳᠬᠢᠯ ᠲᠠᠢ ᠰᠠᠭᠤᠭᠠᠯᠢ ᠠᠷᠠᠳ ᠢ ᠢᠳᠡᠪᠬᠢᠲᠡᠶ ᠣᠷᠣᠯᠴᠠᠭᠤᠯᠵᠤ᠂ ᠨᠠᠮ ᠤᠨ ᠭᠡᠰᠢᠭᠦᠨ ᠲᠦᠷᠦᠭᠦᠯᠡᠭᠰᠡᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠬᠠᠮᠲᠤ ᠪᠠᠷ ᠣᠷᠣᠯᠴᠠᠭᠰᠠᠨ ︽ᠤᠯᠠᠭᠠᠨ ᠠᠨᠠᠷ︾ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ ᠵᠣᠬᠢᠶᠠᠨ ᠪᠠᠶᠢᠭᠤᠯᠵᠤ᠂ ᠬᠠᠤᠯᠢ ᠴᠠᠭᠠᠵᠠ ᠶᠢᠨ ᠯᠠᠪᠯᠠᠭ᠎ᠠ᠂ ᠰᠡᠳᠬᠢᠴᠡ ᠶᠢᠨ ᠯᠠᠪᠯᠠᠭ᠎ᠠ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠯᠠᠪᠯᠠᠭ᠎ᠠ ᠵᠡᠷᠭᠡ ᠶᠢ ︽ᠤᠯᠠᠭᠠᠨ ᠠᠨᠠᠷ ᠤᠨ ᠬᠡᠷ ᠣᠷᠣᠨ︾ ᠤ ᠪᠠᠶᠢᠩᠭᠤᠵᠢᠭᠰᠠᠨ ᠦᠢᠯᠡᠴᠢᠯᠡᠭᠡᠨ ᠤ ᠠᠭᠤᠯᠭ᠎ᠠ ᠳᠤ ᠣᠷᠣᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠶᠢᠨ ︽ᠬᠠᠷᠢᠭᠤᠴᠠᠯᠭ᠎ᠠ ᠶᠢᠨ ᠲᠠᠷᠢᠶ᠎ᠠ︾ ᠶᠢ ᠰᠠᠶᠢᠲᠤᠷ ᠠᠷᠠᠴᠢᠯᠠᠬᠤ ᠳᠤ ︽ᠥᠩ ᠰᠢᠮᠡᠯᠢᠭ ᠬᠥᠷᠥᠰᠥ ᠰᠢᠷᠣᠶ︾ ᠬᠠᠩᠭᠠᠵᠤ ᠪᠠᠶᠢᠨ᠎ᠠ᠃      ᠤᠬᠠᠭᠤᠯᠭ᠎ᠠ ᠶᠢᠨ ︽ᠵᠢᠵᠢᠭ ᠪᠦᠷᠢᠶ᠎ᠡ︾ ᠶᠢ ᠭᠦᠢᠴᠡᠳ ᠠᠰᠢᠭᠯᠠᠵᠤ᠂ ᠦᠨᠳᠦᠰᠦᠲᠡᠨ ᠤ ᠪᠦᠯᠬᠦᠮᠳᠡᠯ ᠤᠨ ᠨᠢᠭᠲᠠᠷᠠᠯ ᠤᠨ ᠬᠦᠴᠦᠨ ᠢ ᠴᠢᠩᠭᠠᠳᠬᠠᠪᠠ᠃ ᠡᠯ᠎ᠡ ︽ᠤᠯᠠᠭᠠᠨ ᠠᠨᠠᠷ ᠤᠨ ᠬᠡᠷ ᠣᠷᠣᠨ︾ ᠨᠢ ᠵᠢᠭᠰᠠᠭᠠᠯ ᠤᠨ ᠭᠠᠵᠠᠷ ᠲᠤ ᠪᠠᠨ ᠬᠦᠲᠦᠯᠦᠨ ᠣᠷᠣᠭᠤᠯᠬᠤ᠂ ᠠᠵᠢᠯᠯᠠᠭ᠎ᠠ ᠪᠠᠷ ᠬᠥᠮᠦᠨ ᠢ ᠬᠦᠮᠦᠵᠢᠭᠦᠯᠬᠦ ᠵᠡᠷᠭᠡ ᠪᠠᠷ ᠳᠠᠮᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ︽ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ︾ ᠪᠠᠷ ᠭᠤᠤᠯ ᠰᠡᠳᠦᠪ ᠪᠣᠯᠭᠠᠵᠤ᠂ ᠰᠠᠶᠢᠨ ᠰᠠᠶᠢᠬᠠᠨ ᠠᠮᠢᠳᠤᠷᠠᠯ ᠤᠨ ᠠᠷᠭ᠎ᠠ ᠬᠡᠯᠪᠡᠷᠢ ᠪᠣᠯᠤᠨ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠳᠡᠯᠭᠡᠨ ᠦᠵᠡᠬᠦᠯᠬᠦ᠂ ᠰᠣᠯᠢᠯᠴᠠᠬᠤ᠂ ᠤᠬᠠᠭᠤᠯᠬᠤ ᠪᠠᠷ ᠳᠠᠮᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠥᠷᠭᠡᠨ ᠣᠯᠠᠨ ᠲᠦᠮᠡᠨ ᠤ ᠰᠡᠳᠬᠢᠯ ᠵᠢᠷᠦᠬᠡᠨ ᠳᠤ ᠨᠢ ᠬᠠᠳᠠᠩᠰᠢᠭᠤᠯᠵᠤ᠂ ᠦᠢᠯᠡ ᠠᠵᠢᠯᠯᠠᠭ᠎ᠠ ᠶᠢ ᠨᠢ ᠵᠢᠯᠣᠭᠤᠳᠤᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠤᠨ ᠰᠢᠨ᠎ᠡ ᠳᠡᠭᠲᠡᠷ ᠲᠤ ᠭᠠᠷᠬᠤ ᠶᠢ ᠲᠠᠰᠤᠷᠠᠯᠲᠠ ᠥᠬᠡᠶ ᠠᠬᠢᠭᠤᠯᠪᠠ᠃
     ᠪᠤᠭᠤᠲᠤ ᠬᠤᠲᠠ ᠶᠢᠨ ︽ᠤᠯᠠᠭᠠᠨ ᠠᠨᠠᠷ ᠤᠨ ᠬᠡᠷ ᠣᠷᠣᠨ︾ ᠳᠤ ᠫᠠᠶᠢᠰᠠ ᠣᠯᠭᠤᠬᠤ ᠶᠣᠰᠣᠯᠠᠯ            ᠪᠤᠭᠤᠲᠤ ᠬᠤᠲᠠ ︽ᠤᠯᠠᠭᠠᠨ ᠠᠨᠠᠷ ᠤᠨ ᠬᠡᠷ ᠣᠷᠣᠨ︾ ᠢ ᠪᠠᠶᠢᠭᠤᠯᠬᠤ ᠠᠩᠬᠠᠨ ᠤ ᠪᠦᠯᠦᠭ ᠲᠤᠷᠰᠢᠯᠲᠠ ᠶᠢᠨ ᠴᠡᠭ ᠢ 30 ᠪᠠᠶᠢᠭᠤᠯᠵᠤ᠂ 9 ᠳ᠋ᠦ᠋ᠭᠡᠷ ᠰᠠᠷ᠎ᠠ ᠶᠢᠨ 24 ᠤ ᠡᠳᠦᠷ ᠫᠠᠶᠢᠰᠠ ᠣᠯᠭᠤᠬᠤ ᠶᠣᠰᠣᠯᠠᠯ ᠶᠠᠪᠤᠭᠤᠯᠪᠠ᠃ ᠳᠠᠷᠠᠭᠠᠴᠢ ᠪᠠᠷ᠂ ᠪᠤᠭᠤᠲᠤ ᠬᠤᠲᠠ ᠨᠢ ᠠᠭᠤᠯᠤᠭᠳᠠᠬᠤᠨ ᠢᠶᠠᠷ ᠬᠦᠨᠵᠡᠭᠡᠢ᠂ ᠬᠡᠯᠪᠡᠷᠢ ᠪᠠᠷ ᠪᠠᠶᠠᠯᠢᠭ᠂ ᠠᠷᠭ᠎ᠠ ᠬᠡᠮᠵᠢᠶ᠎ᠡ ᠪᠠᠷ ᠰᠢᠨ᠎ᠡ᠂ ᠣᠯᠠᠨ ᠵᠦᠢᠯ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠵᠦ᠂ ᠴᠡᠴᠡᠭᠯᠡᠨ ᠬᠥᠭᠵᠢᠭᠰᠡᠨ᠂ ᠦᠭᠡᠳᠡᠯᠡᠨ ᠪᠠᠳᠠᠷᠠᠭᠰᠠᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠣᠳᠣᠬᠢᠴᠢᠯᠠᠭᠰᠠᠨ ᠰᠢᠨ᠎ᠡ ᠪᠤᠭᠤᠲᠤ ᠬᠤᠲᠠ ᠶᠢ ᠪᠥᠲᠥᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠵᠤ ᠪᠠᠶᠢᠨ᠎ᠠ᠃
ᠢᠷᠡᠯᠲᠡ᠄ ᠪᠤᠭᠤᠲᠤ ᠬᠤᠲᠠ ᠶᠢᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ