ᠶᠡᠷᠦᠩᠬᠡᠢ ᠱᠦᠵᠢ ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 | ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷ᠎ᠡ ︽ᠪᠦᠬᠦ ᠠᠷᠠᠳ ᠲᠦᠮᠡᠨ ᠤ ᠬᠠᠮᠲᠤ ᠪᠠᠷ ᠴᠢᠨᠡᠭᠡᠯᠢᠭᠵᠢᠬᠦ ᠶᠢ ᠨᠡᠩ | ᠢᠯᠡᠷᠬᠡᠢ ᠮᠥᠨ ᠴᠢᠨᠠᠷ ᠤᠨ ᠠᠬᠢᠯᠲᠠ ᠲᠠᠢ ᠪᠣᠯᠭᠠᠬᠤ ᠬᠡᠷᠡᠭᠲᠡᠢ︾ ᠭᠡᠵᠦ ᠴᠢᠬᠤᠯᠠᠴᠢᠯᠠᠪᠠ᠃ ᠲᠥᠪ ᠤᠨ | ᠦᠨᠳᠦᠰᠦᠲᠡᠨ ᠤ ᠠᠵᠢᠯ ᠤᠨ ᠬᠤᠷᠠᠯ ᠳᠡᠭᠡᠷ᠎ᠡ᠂ ᠦᠨᠳᠦᠰᠦᠲᠡᠨ ᠤ ᠭᠠᠵᠠᠷ ᠣᠷᠣᠨ ᠡᠬᠢ ᠪᠠᠶᠠᠯᠢᠭ ᠤᠨ ᠳᠠᠪᠠᠭᠤᠯᠢᠭ᠂ | ᠬᠥᠭᠵᠢᠯᠲᠡ ᠶᠢᠨ ᠨᠥᠬᠦᠴᠡᠯ᠂ ᠬᠠᠷᠢᠴᠠᠩᠭᠤᠢ ᠳᠠᠪᠠᠭᠤᠯᠢᠭ ᠵᠡᠷᠭᠡ ᠪᠣᠳᠠᠲᠤ ᠪᠠᠶᠢᠳᠠᠯ ᠳᠤ ᠪᠠᠨ ᠰᠠᠭᠤᠷᠢᠯᠠᠵᠤ᠂ ᠰᠢᠨ᠎ᠡ | ᠬᠥᠭᠵᠢᠯᠲᠡ ᠶᠢᠨ ᠱᠠᠳᠤ ᠶᠢ ᠡᠵᠡᠮᠳᠡᠭᠦ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠬᠤ᠂ ᠰᠢᠨ᠎ᠡ | ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠬᠤ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ᠂ ᠬᠠᠮᠲᠤ ᠪᠠᠷ | ᠴᠢᠨᠡᠭᠡᠯᠢᠭᠵᠢᠬᠦ ᠶᠢ ᠠᠬᠢᠭᠤᠯᠬᠤ ᠶᠢᠨ ᠭᠠᠷᠳᠠᠬᠤ ᠴᠡᠭ ᠪᠣᠯᠤᠨ ᠬᠦᠴᠦᠯᠡᠬᠦ ᠴᠡᠭ ᠢ ᠣᠨᠣᠪᠴᠢᠲᠠᠢ ᠡᠷᠢᠵᠦ ᠤᠯᠬᠤ | ᠬᠡᠷᠡᠭᠲᠡᠢ ᠭᠡᠵᠦ ᠴᠢᠬᠤᠯᠠᠴᠢᠯᠠᠪᠠ᠃ | ᠮᠠᠨ ᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠬᠥᠮᠦᠨ ᠠᠮᠠ 1.25 ᠳ᠋ᠦᠩᠰᠢᠭᠤᠷ ᠪᠠᠶᠢᠵᠤ᠂ | ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠨᠤᠲᠤᠭ ᠨᠢ ᠤᠯᠤᠰ ᠤᠨ ᠨᠤᠲᠤᠭ ᠳᠡᠪᠢᠰᠬᠡᠷ ᠤᠨ 64% ᠶᠢ | ᠡᠵᠡᠯᠡᠵᠦ ᠪᠠᠶᠢᠨ᠎ᠠ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢ᠂ ᠨᠠᠮ ᠤᠨ ᠲᠥᠪ ᠬᠤᠷᠢᠶᠠᠨ ᠤ | ᠳᠣᠲᠣᠨᠣ ᠬᠠᠯᠠᠮᠵᠢᠯᠠᠯ ᠪᠠ ᠪᠦᠬᠦ ᠤᠯᠤᠰ ᠤᠨ ᠠᠷᠠᠳ ᠲᠦᠮᠡᠨ ᠤ ᠬᠦᠴᠦᠲᠡᠢ ᠳᠡᠮᠵᠢᠯᠭᠡ ᠳᠣᠣᠷ᠎ᠠ᠂ ᠦᠨᠳᠦᠰᠦᠲᠡᠨ ᠤ | ᠭᠠᠵᠠᠷ ᠣᠷᠣᠨ ᠤ ᠺᠠᠳ᠋ᠷ ᠣᠯᠠᠨ ᠲᠦᠮᠡᠨ ᠬᠦᠴᠦᠯᠡᠨ ᠴᠢᠷᠮᠠᠶᠢᠵᠤ᠂ ᠠᠵᠤ ᠠᠬᠤᠢ ᠨᠡᠶᠢᠭᠡᠮ ᠦᠳᠲᠡᠷ ᠲᠦᠷᠭᠡᠨ | ᠬᠥᠭᠵᠢᠵᠦ᠂ ᠮᠠᠰᠢ ᠣᠯᠠᠨ ᠶᠠᠳᠠᠭᠤ ᠬᠤᠴᠣᠷᠤᠩᠭᠤᠢ ᠭᠠᠵᠠᠷ ᠣᠷᠣᠨ ︽ᠨᠢᠭᠡ ᠠᠯᠬᠤᠮ ᠢᠶᠠᠷ ᠰᠢᠨ᠎ᠠ ᠡᠷᠢᠨ ᠳᠤ | ᠤᠷᠤᠬᠰᠠᠨ︾ ᠠᠭᠤᠤ ᠶᠡᠭᠡ ᠳᠠᠪᠠᠯᠲᠠ ᠶᠢ ᠪᠡᠶᠡᠯᠡᠭᠦᠯᠪᠡ᠃ ᠭᠡᠪᠡᠴᠦ ᠲᠡᠦᠬᠡ᠂ ᠭᠠᠵᠠᠷ ᠵᠦᠢ ᠵᠡᠷᠭᠡ ᠤᠯᠠᠨ ᠵᠦᠢᠯ ᠤᠨ | ᠡᠯᠧᠮᠧᠨ᠋ᠲ ᠤᠨ ᠬᠢᠵᠠᠭᠠᠷᠯᠠᠯ ᠠᠴᠠ ᠪᠤᠯᠵᠤ᠂ ᠬᠥᠭᠵᠢᠯᠲᠡ ᠲᠡᠩᠴᠡᠭᠦᠷᠢ ᠦᠭᠡᠢ ᠭᠦᠢᠴᠡᠳ ᠦᠭᠡᠢ ᠪᠠᠶᠢᠭ᠎ᠠ | ᠠᠰᠠᠭᠤᠳᠠᠯ ᠮᠥᠨ ᠯᠡ ᠬᠠᠷᠢᠴᠠᠩᠭᠤᠢ ᠲᠤᠪᠤᠶᠢᠮ᠎ᠠ ᠣᠷᠣᠰᠢᠵᠤ ᠪᠠᠶᠢᠨ᠎ᠠ᠃ ᠡᠨᠡ ᠬᠦ ᠠᠰᠠᠭᠤᠳᠠᠯ ᠢ ᠰᠠᠶᠢᠲᠤᠷ | ᠰᠢᠢᠳᠪᠦᠷᠢᠯᠡᠵᠦ᠂ ᠪᠦᠬᠦ ᠠᠷᠠᠳ ᠲᠦᠮᠡᠨ ᠤ ᠬᠠᠮᠲᠤ ᠪᠠᠷ ᠴᠢᠨᠡᠭᠡᠯᠢᠭᠵᠢᠬᠦ ᠶᠢ ᠨᠡᠩ ᠢᠯᠡᠷᠬᠡᠢ ᠮᠥᠨ ᠴᠢᠨᠠᠷ ᠤᠨ | ᠠᠬᠢᠯᠳᠠ ᠲᠠᠢ ᠪᠣᠯᠭᠠᠬᠤ ᠶᠢ ᠲᠠᠰᠤᠷᠠᠯᠳᠠ ᠦᠭᠡᠢ ᠠᠬᠢᠭᠤᠯᠬᠤ ᠬᠡᠷᠡᠭᠲᠡᠢ᠃ | ᠦᠨᠳᠦᠰᠦᠲᠡᠨ ᠤ ᠭᠠᠵᠠᠷ ᠣᠷᠣᠨ ᠤ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠨᠢ ᠴᠢᠬᠤᠯᠠ ᠶᠡᠭᠡ ᠠᠴᠢ | ᠬᠤᠯᠪᠣᠭᠳᠠᠯ ᠲᠠᠢ ᠶᠤᠮ | ᠦᠨᠳᠦᠰᠦᠲᠡᠨ ᠤ ᠭᠠᠵᠠᠷ ᠣᠷᠣᠨ ᠤ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠪᠣᠯ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠳᠤᠲᠠᠭᠳᠠᠵᠤ ᠪᠣᠯᠤᠰᠢ ᠦᠭᠡᠢ ᠴᠢᠬᠤᠯᠠ | ᠠᠭᠤᠯᠭ᠎ᠠ ᠮᠥᠨ᠃ ᠶᠡᠷᠦᠩᠬᠡᠢ ᠱᠦᠵᠢ ᠰᠢ ᠶᠢᠨ ᠫᠢᠩ᠄ ︽ᠮᠠᠨ ᠤ ᠠᠭᠤᠤ ᠶᠡᠭᠡ ᠡᠭᠡ ᠤᠯᠤᠰ ᠢ ᠲᠠᠪᠢᠨ ᠵᠢᠷᠭᠤᠭᠠᠨ | ᠦᠨᠳᠦᠰᠦᠲᠡᠨ ᠬᠠᠮᠲᠤ ᠪᠠᠷ ᠨᠡᠭᠡᠭᠡᠨ ᠬᠥᠭᠵᠢᠭᠦᠯᠦᠭᠰᠡᠨ ᠶᠤᠮ᠂ ᠳᠤᠮᠳᠠᠳᠤ ᠶᠢᠨ ᠦᠨᠳᠦᠰᠦᠲᠡᠨ ᠤ ᠢᠷᠡᠭᠡᠳᠦᠢ ᠶᠢ ᠴᠦ | ᠲᠠᠪᠢᠨ ᠵᠢᠷᠭᠤᠭᠠᠨ ᠦᠨᠳᠦᠰᠦᠲᠡᠨ ᠤ ᠬᠠᠮᠲᠤ ᠪᠠᠷ ᠨᠡᠭᠡᠭᠡᠬᠦ ᠳᠤ ᠲᠦᠰᠢᠭᠯᠡᠬᠦ ᠬᠡᠷᠡᠭᠲᠡᠢ︾᠂ ︽ᠪᠢᠳᠡ ᠨᠡᠶᠢᠭᠡᠮ | ᠵᠢᠷᠤᠮ ᠢ ᠪᠠᠶᠢᠭᠤᠯᠵᠤ ᠪᠠᠶᠢᠭ᠎ᠠ ᠨᠢ ᠦᠨᠳᠦᠰᠦᠲᠡᠨ ᠨᠦᠭᠦᠳ ᠤᠨ ᠠᠷᠠᠳ ᠲᠦᠮᠡᠨ ᠢ ᠴᠥᠮ ᠵᠣᠯ ᠵᠢᠷᠭᠠᠯ ᠲᠠᠢ | ᠰᠠᠶᠢᠨ ᠰᠠᠶᠢᠬᠠᠨ ᠠᠮᠢᠳᠤᠷᠠᠭᠤᠯᠬᠤ ᠶᠢᠨ ᠲᠥᠯᠥᠭᠡ ᠶᠤᠮ︾ ᠭᠡᠵᠦ ᠵᠢᠭᠠᠵᠤ ᠭᠠᠷᠭᠠᠪᠠ᠃ ᠮᠠᠨ ᠤ ᠤᠯᠤᠰ ᠪᠣᠯ | ᠨᠢᠭᠡᠳᠦᠭᠰᠡᠨ ᠤᠯᠠᠨ ᠦᠨᠳᠦᠰᠦᠲᠡᠨ ᠲᠠᠢ ᠤᠯᠤᠰ ᠮᠥᠨ᠂ ᠬᠠᠮᠲᠤ ᠪᠠᠷ ᠪᠠᠶᠠᠵᠢᠬᠤ ᠪᠣᠯ ᠨᠡᠶᠢᠭᠡᠮ ᠵᠢᠷᠤᠮ ᠤᠨ ᠮᠥᠨ | ᠴᠢᠨᠠᠷ ᠤᠨ ᠱᠠᠭᠠᠷᠳᠠᠯᠭ᠎ᠠ ᠪᠣᠯᠣᠨ᠎ᠠ᠃ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠳᠤ ᠨᠢᠭᠡ | ᠦᠨᠳᠦᠰᠦᠲᠡᠨ ᠢ ᠴᠦ ᠤᠷᠬᠢᠬᠳᠠᠭᠤᠯᠵᠤ ᠪᠣᠯᠬᠤ ᠦᠭᠡᠢ︔ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ | ᠲᠠᠯ᠎ᠠ ᠪᠠᠷ ᠪᠦᠳᠦᠭᠡᠨ ᠪᠠᠶᠢᠭᠤᠯᠬᠤ ᠳᠤ ᠨᠢᠭᠡ ᠦᠨᠳᠦᠰᠦᠲᠡᠨ ᠢ ᠴᠦ ᠣᠷᠬᠢᠭᠳᠠᠭᠤᠯᠵᠤ ᠪᠣᠯᠬᠤ ᠦᠭᠡᠢ︔ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠨᠢᠭᠡ ᠦᠨᠳᠦᠰᠦᠲᠡᠨ ᠢ | ᠴᠦ ᠣᠷᠬᠢᠭᠳᠠᠭᠤᠯᠵᠤ ᠪᠣᠯᠬᠤ ᠦᠭᠡᠢ᠃ | ᠦᠨᠳᠦᠰᠦᠲᠡᠨ ᠤ ᠭᠠᠵᠠᠷ ᠣᠷᠣᠨ ᠤ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠨᠢ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠰᠠᠭᠤᠷᠢ ᠶᠢ ᠪᠠᠬᠢᠵᠢᠭᠦᠯᠬᠦ ᠳᠤ ᠠᠰᠢᠭᠲᠠᠶ | ᠶᠤᠮ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠣᠯ ᠤᠯᠤᠰ ᠣᠷᠣᠨ ᠤ | ᠨᠢᠭᠡᠳᠦᠯ ᠤᠨ ᠰᠠᠭᠤᠷᠢ᠂ ᠦᠨᠳᠦᠰᠦᠲᠡᠨ ᠤ ᠪᠦᠯᠬᠦᠮᠳᠡᠯ ᠤᠨ ᠦᠨᠳᠦᠰᠦ᠂ ᠤᠶᠤᠨ ᠰᠠᠨᠠᠭᠠᠨ ᠤ ᠬᠦᠴᠦᠨ ᠤ ᠰᠦᠭ | ᠰᠦᠨᠡᠰᠦ ᠮᠥᠨ᠃ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ | ᠵᠡᠭᠦᠳᠦ ᠪᠣᠯ 56 ᠦᠨᠳᠦᠰᠦᠲᠡᠨ ᠤ ᠬᠠᠮᠲᠤ ᠶᠢᠨ ᠵᠡᠭᠦᠳᠦ ᠮᠥᠨ᠃ ᠴᠥᠭᠡᠨ ᠲᠣᠭᠠᠲᠤ ᠦᠨᠳᠦᠰᠦᠲᠡᠨ ᠪᠣᠯᠤᠨ | ᠦᠨᠳᠦᠰᠦᠲᠡᠨ ᠤ ᠭᠠᠵᠠᠷ ᠣᠷᠣᠨ ᠤ ᠬᠥᠭᠵᠢᠯᠲᠡ ᠶᠢ ᠲᠦᠷᠭᠡᠳᠬᠡᠵᠦ᠂ ᠬᠠᠮᠲᠤ ᠪᠠᠷ ᠴᠢᠨᠡᠭᠡᠯᠢᠭᠵᠢᠬᠦ ᠶᠢ ᠪᠡᠶᠡᠯᠡᠭᠦᠯᠵᠦ᠂ | ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠨᠡᠩ | ᠤᠯᠠᠨ ᠨᠡᠩ ᠡᠷᠬᠡ ᠲᠡᠭᠰᠢ ᠪᠠᠷ ᠬᠦᠷᠲᠡᠭᠡᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠦᠷᠲᠡᠮᠵᠢ ᠶᠢᠨ | ᠲᠦᠷᠦᠭᠳᠡᠯ᠂ ᠵᠤᠯ ᠵᠢᠷᠭᠠᠯ ᠤᠨ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠵᠦ᠂ | ᠦᠨᠳᠦᠰᠦᠲᠡᠨ ᠨᠦᠭᠦᠳ ᠤᠨ ᠤᠯᠠᠨ ᠲᠦᠮᠡᠨ ᠤ ︽ᠲᠠᠪᠤᠨ ᠮᠡᠳᠡᠷᠡᠭᠦᠢ︾ ᠶᠢ ᠴᠢᠩᠭᠠᠳᠬᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠳᠤ ᠪᠠᠲᠤ ᠪᠠᠬᠢ ᠠᠵᠤ ᠠᠬᠤᠢ | ᠨᠡᠶᠢᠭᠡᠮ ᠤᠨ ᠰᠠᠭᠤᠷᠢ ᠶᠢ ᠲᠠᠯᠪᠢᠵᠤ ᠦᠭᠭᠦ ᠬᠡᠷᠡᠭᠲᠡᠢ᠃ | ᠦᠨᠳᠦᠰᠦᠲᠡᠨ ᠤ ᠭᠠᠵᠠᠷ ᠣᠷᠣᠨ ᠤ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠨᠢ ᠡᠭᠡ ᠤᠯᠤᠰ ᠤᠨ | ᠨᠢᠭᠡᠳᠦᠯ ᠪᠠ ᠬᠢᠯᠢ ᠬᠢᠵᠠᠭᠠᠷ ᠤᠨ ᠪᠠᠬᠢᠵᠢᠯ ᠢ ᠬᠠᠮᠠᠭᠠᠯᠠᠬᠤ ᠳᠤ ᠠᠰᠢᠭᠲᠠᠢ ᠶᠤᠮ᠃ ᠮᠠᠨ ᠤ ᠤᠯᠤᠰ ᠤᠨ 2.2 | ᠲᠦᠮᠡᠨ ᠺᠢᠯᠣᠮᠧᠲᠷ ᠤᠨ ᠡᠬᠡ ᠬᠠᠭᠤᠷᠠᠢ ᠶᠢᠨ ᠬᠢᠯᠢ ᠶᠢᠨ ᠱᠤᠭᠤᠮ ᠤᠨ 1.9 ᠲᠦᠮᠡᠨ ᠺᠢᠯᠣᠮᠧᠲᠷ ᠨᠢ | ᠦᠨᠳᠦᠰᠦᠲᠡᠨ ᠤ ᠭᠠᠵᠠᠷ ᠣᠷᠣᠨ ᠳᠤ ᠪᠤᠢ︔ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ | ᠠᠵᠢᠯᠯᠠᠭ᠎ᠠ ᠶᠢ ᠬᠡᠷᠡᠭᠵᠢᠭᠦᠯᠦᠭᠰᠡᠨ 140 ᠡᠬᠡ ᠬᠠᠭᠤᠷᠠᠢ ᠶᠢᠨ ᠬᠢᠯᠢ ᠶᠢᠨ ᠰᠢᠶᠠᠨ ︵ᠬᠤᠳᠠ᠂ ᠲᠣᠭᠤᠷᠢᠭ᠂ ᠬᠤᠰᠢᠭᠤ︶ | ᠤ ᠳᠣᠲᠣᠷ᠎ᠠ 111 ᠨᠢ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠨᠤᠲᠤᠭ ᠲᠤ ᠬᠠᠷᠢᠶᠠᠯᠠᠭᠳᠠᠨ᠎ᠠ︔ | 2400 ᠲᠦᠮᠡ ᠭᠠᠷᠤᠢ ᠬᠢᠯᠢ ᠶᠢᠨ ᠣᠷᠣᠨ ᠤ ᠬᠥᠮᠦᠨ ᠠᠮᠠ ᠶᠢᠨ ᠬᠠᠭᠠᠰ ᠢᠯᠡᠭᠦᠦ ᠨᠢ ᠴᠥᠭᠡᠨ ᠲᠣᠭᠠᠲᠤ | ᠦᠨᠳᠦᠰᠦᠲᠡᠨ ᠪᠤᠯᠬᠤ ᠶᠤᠮ᠃ ᠬᠢᠯᠢ ᠶᠢᠨ ᠠᠷᠠᠳ ᠢ ᠪᠠᠶᠠᠵᠢᠭᠤᠯᠬᠤ ᠪᠠ ᠬᠢᠯᠢ ᠬᠢᠵᠠᠭᠠᠷ ᠢ ᠲᠤᠬᠳᠠᠭᠤᠨ ᠪᠠᠶᠢᠯᠭᠠᠬᠤ | ᠶᠢᠨ ᠴᠢᠬᠤᠯᠠ ᠠᠴᠢ ᠬᠤᠯᠪᠤᠬᠳᠠᠯ ᠢ ᠬᠦᠡᠵᠡᠭᠡᠢ ᠡᠵᠡᠮᠳᠡᠵᠦ᠂ ᠬᠢᠯᠢ ᠬᠢᠵᠠᠭᠠᠷ ᠣᠷᠣᠨ ᠢ ᠨᠡᠭᠡᠭᠡᠨ ᠬᠥᠭᠵᠢᠭᠦᠯᠵᠦ | ᠨᠡᠭᠡᠭᠡᠯᠲᠡ ᠬᠢᠬᠦ ᠲᠥᠷᠥ ᠶᠢᠨ ᠪᠣᠳᠣᠯᠭ᠎ᠠ ᠶᠢᠨ ᠲᠣᠬᠲᠠᠯᠴᠠᠭ᠎ᠠ ᠶᠢ ᠲᠡᠭᠦᠯᠳᠡᠷᠵᠢᠭᠦᠯᠵᠦ᠂ ᠬᠢᠯᠢ ᠬᠢᠵᠠᠭᠠᠷ ᠢ | ᠪᠠᠬᠢᠵᠢᠭᠦᠯᠦᠨ ᠬᠢᠵᠠᠭᠠᠷ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ | ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠮᠲᠤ ᠪᠠᠷ ᠪᠠᠶᠠᠵᠢᠬᠤ ᠶᠢ ᠠᠬᠢᠭᠤᠯᠵᠤ᠂ ᠬᠢᠯᠢ ᠬᠢᠵᠠᠭᠠᠷ ᠤᠨ | ᠴᠡᠴᠡᠭᠯᠡᠯ ᠬᠥᠭᠵᠢᠯ ᠪᠠ ᠲᠣᠭᠲᠠᠭᠤᠨ ᠪᠠᠶᠢᠳᠠᠯ ᠢ ᠠᠬᠢᠭᠤᠯᠬᠤ ᠬᠡᠷᠡᠭᠲᠡᠶ᠃ | ᠦᠨᠳᠦᠰᠦᠲᠡᠨ ᠤ ᠭᠠᠵᠠᠷ ᠣᠷᠣᠨ ᠤ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠬᠦᠴᠦᠯᠡᠬᠦ ᠴᠡᠭ | ᠦᠨᠳᠦᠰᠦᠲᠡᠨ ᠤ ᠭᠠᠵᠠᠷ ᠣᠷᠣᠨ ᠤ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠶᠢ ᠨᠡᠩ ᠴᠢᠬᠤᠯᠠ | ᠪᠠᠶᠢᠷᠢᠨ ᠳᠤ ᠲᠠᠯᠪᠢᠬᠤ ᠬᠡᠷᠡᠭᠲᠡᠢ᠃ ᠦᠨᠳᠦᠰᠦᠲᠡᠨ ᠤ ᠭᠠᠵᠠᠷ ᠣᠷᠣᠨ ᠤ ᠭᠠᠵᠠᠷ ᠨᠤᠲᠤᠭ ᠥᠷᠭᠡᠨ ᠠᠭᠤᠳᠠᠮ᠂ ᠡᠬᠢ | ᠪᠠᠶᠠᠯᠢᠭ ᠡᠯᠪᠡᠭ ᠳᠡᠯᠪᠡᠭ ᠶᠤᠮ᠂ ᠪᠦᠬᠦ ᠤᠯᠤᠰ ᠤᠨ 75% ᠶᠢᠨ ᠨᠤᠲᠤᠭ ᠪᠡᠯᠴᠢᠭᠡᠷ᠂ 44% ᠶᠢᠨ ᠣᠢ ᠰᠢᠭᠤᠢ᠂ | 66% ᠶᠢᠨ ᠤᠰᠤᠨ ᠤ ᠡᠬᠢ ᠪᠠᠶᠠᠯᠢᠭ ᠠᠳᠡ ᠪᠤᠢ᠂ ᠮᠠᠨ ᠤ ᠤᠯᠤᠰ ᠤᠨ ᠡᠬᠢ ᠪᠠᠶᠠᠯᠢᠭ ᠡᠯᠪᠡᠭ ᠳᠡᠯᠪᠡᠭ ᠣᠷᠣᠨ᠂ | ᠤᠰᠤᠨ ᠰᠢᠰᠲ᠋ᠧᠮ ᠤᠨ ᠡᠬᠢ ᠰᠤᠷᠪᠤᠯᠵᠢ ᠶᠢᠨ ᠣᠷᠣᠨ᠂ ᠠᠮᠢ ᠠᠬᠤᠢ ᠶᠢᠨ ᠬᠠᠯᠬᠠᠪᠴᠢ ᠣᠷᠣᠨ᠂ ᠰᠣᠶᠣᠯ ᠤᠨ | ᠣᠨᠴᠠᠯᠢᠭᠲᠤ ᠣᠷᠣᠨ ᠤ ᠣᠯᠠᠩᠬᠢ ᠨᠢ ᠮᠥᠨ ᠬᠢᠯᠢ ᠬᠢᠵᠠᠭᠠᠷ ᠣᠷᠣᠨ ᠪᠠ ᠬᠠᠷᠢᠴᠠᠩᠭᠤᠢ ᠶᠠᠳᠠᠭᠤ ᠬᠦᠴᠢᠷᠳᠡᠯᠲᠡᠢ | ᠭᠠᠵᠠᠷ ᠣᠷᠣᠨ ᠳᠤ ᠪᠤᠢ᠃ ᠨᠠᠮ ᠪᠠ ᠤᠯᠤᠰ ᠠᠴᠠ ᠦᠨᠳᠦᠰᠦᠲᠡᠨ ᠤ ᠭᠠᠵᠠᠷ ᠣᠷᠣᠨ ᠤ ᠬᠥᠭᠵᠢᠯᠲᠡ ᠶᠢ | ᠲᠦᠷᠭᠡᠳᠬᠡᠬᠦ᠂ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠶᠡᠷᠦᠩᠬᠡᠶ | ᠱᠦᠵᠢ ᠰᠢ ᠶᠢᠨ ᠫᠢᠩ ︽ᠠᠷᠠᠳ ᠢ ᠪᠠᠶᠠᠵᠢᠭᠤᠯᠤᠨ ᠲᠥᠪᠡᠳ ᠢ ᠬᠥᠭᠵᠢᠭᠦᠯᠬᠦ | ᠬᠡᠷᠡᠭᠲᠡᠢ︾᠂ ︽ᠠᠷᠠᠳ ᠢ ᠪᠠᠶᠠᠵᠢᠭᠤᠯᠤᠨ ᠰᠢᠨᠵᠢᠶᠠᠩ ᠢ ᠬᠥᠭᠵᠢᠭᠦᠯᠬᠦ ᠬᠡᠷᠡᠭᠲᠡᠢ︾᠂ ︽ᠴᠥᠭᠡᠨ ᠲᠣᠭᠠᠲᠤ | ᠦᠨᠳᠦᠰᠦᠲᠡᠨ ᠪᠠ ᠦᠨᠳᠦᠰᠦᠲᠡᠨ ᠤ ᠭᠠᠵᠠᠷ ᠣᠷᠣᠨ ᠤ ᠬᠥᠭᠵᠢᠯᠲᠡ ᠶᠢ ᠲᠦᠷᠭᠡᠳᠬᠡᠵᠦ᠂ ᠥᠭᠡᠷᠡᠴᠢᠯᠡᠯᠲᠡ | ᠬᠥᠭᠵᠢᠯᠲᠡ ᠶᠢᠨ ᠦᠷ᠎ᠡ ᠪᠦᠲᠦᠭᠡᠯ ᠢ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠨᠠᠩ ᠣᠯᠠᠨ ᠨᠠᠩ ᠡᠷᠬᠡ | ᠲᠡᠭᠰᠢ ᠪᠠᠷ ᠬᠦᠷᠲᠡᠭᠡᠭᠦ ᠬᠡᠷᠡᠭᠲᠡᠢ︾᠂ ︽ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠪᠠᠷ ᠪᠠᠶᠠᠵᠢᠬᠤ ᠶᠢ | ᠠᠬᠢᠭᠤᠯᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠶᠡᠭᠡ ᠪᠦᠯᠬᠦᠮᠳᠡᠯ ᠢ ᠠᠬᠢᠭᠤᠯᠵᠤ᠂ ᠭᠠᠷ ᠬᠤᠯᠪᠣᠨ | ᠰᠠᠶᠢᠨ ᠰᠠᠶᠢᠬᠠᠨ ᠬᠡᠷ ᠣᠷᠣᠨ ᠢᠶᠠᠨ ᠬᠠᠮᠲᠤ ᠪᠠᠷ ᠪᠥᠲᠥᠭᠡᠨ ᠪᠠᠶᠢᠭᠤᠯᠬᠤ ᠬᠡᠷᠡᠭᠲᠡᠢ︾ ᠭᠡᠵᠦ ᠴᠢᠬᠤᠯᠠᠴᠢᠯᠠᠪᠠ᠃ | ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ | ᠴᠢᠬᠤᠯᠠ ᠦᠵᠡᠯ ᠰᠠᠨᠠᠭ᠎ᠠ ᠪᠠᠷ ᠵᠢᠷᠤᠮᠯᠠᠯ ᠪᠣᠯᠭᠠᠵᠤ᠂ ᠦᠨᠳᠦᠰᠦᠲᠡᠨ ᠤ ᠭᠠᠵᠠᠷ ᠣᠷᠣᠨ ᠤ ᠣᠳᠣᠬᠢᠴᠢᠯᠠᠭᠰᠠᠨ | ᠪᠦᠲᠦᠭᠡᠨ ᠪᠠᠶᠢᠭᠤᠯᠤᠯᠲᠠ ᠶᠢᠨ ᠠᠯᠬᠤᠭ᠎ᠠ ᠪᠠᠨ ᠲᠦᠷᠭᠡᠳᠬᠡᠬᠦ ᠶᠢ ᠠᠬᠢᠭᠤᠯᠬᠤ ᠬᠡᠷᠡᠭᠲᠡᠶ᠃ | ᠬᠠᠪᠰᠤᠷᠤᠨ ᠲᠡᠳᠬᠦᠬᠦ ᠡᠷᠴᠢᠮ ᠢᠶᠠᠨ ᠲᠠᠰᠤᠷᠠᠯᠲᠠ ᠤᠢᠭᠡᠢ ᠨᠡᠮᠡᠭᠳᠡᠭᠦᠯᠬᠦ ᠬᠡᠷᠡᠭᠲᠡᠢ᠃ ᠰᠢᠨ᠎ᠡ ᠳᠤᠮᠳᠠᠳᠤ | ᠤᠯᠤᠰ ᠪᠠᠶᠢᠭᠤᠯᠤᠭᠳᠠᠭᠰᠠᠨ ᠡᠳᠦᠷ ᠠᠴᠠ ᠡᠬᠢᠯᠡᠨ᠂ ᠨᠠᠮ ᠪᠠ ᠤᠯᠤᠰ ᠠᠴᠠ ᠤᠯᠠᠨ ᠵᠦᠢᠯ ᠤᠨ ᠠᠷᠭ᠎ᠠ ᠬᠡᠮᠵᠢᠶ᠎ᠡ | ᠠᠪᠴᠤ ᠦᠨᠳᠦᠰᠦᠲᠡᠨ ᠤ ᠭᠠᠵᠠᠷ ᠣᠷᠣᠨ ᠢ ᠬᠠᠪᠰᠤᠷᠤᠨ ᠬᠥᠭᠵᠢᠯᠲᠡ ᠶᠢ ᠨᠢ ᠲᠦᠷᠭᠡᠳᠬᠡᠭᠰᠡᠨ ᠶᠤᠮ᠃ | ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢ᠂ ᠢᠯᠠᠩᠭᠤᠶ᠎ᠠ ᠰᠢᠨ᠎ᠡ ᠵᠠᠭᠤᠨ ᠳᠤ ᠣᠷᠣᠭᠰᠠᠨ ᠠᠴᠠ ᠨᠠᠭᠠᠰᠢ᠂ | ᠬᠠᠪᠰᠤᠷᠤᠨ ᠲᠡᠳᠬᠦᠬᠦ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠪᠠᠷᠠᠭᠤᠨ ᠣᠷᠣᠨ ᠢ ᠶᠡᠭᠡ ᠪᠠᠷ | ᠨᠡᠭᠡᠭᠡᠨ ᠬᠥᠭᠵᠢᠭᠦᠯᠬᠦ᠂ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ᠂ ᠬᠥᠮᠦᠨ | ᠠᠮᠠ ᠴᠥᠭᠡᠪᠲᠦᠷ ᠦᠨᠳᠦᠰᠦᠲᠡᠨ ᠤ ᠬᠥᠭᠵᠢᠯᠲᠡ ᠶᠢ ᠲᠡᠳᠬᠦᠬᠦ ᠵᠡᠷᠭᠡ ᠠᠯᠢ ᠣᠯᠠᠨ ᠴᠢᠬᠤᠯᠠ ᠶᠡᠭᠡ ᠠᠷᠭ᠎ᠠ | ᠬᠡᠮᠵᠢᠶ᠎ᠡ ᠶᠢ ᠬᠡᠷᠡᠭᠵᠢᠭᠦᠯᠪᠡ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠬᠤᠭᠤᠴᠠᠭᠠᠨ ᠳᠤ᠂ ᠤᠯᠤᠰ ᠠᠴᠠ ᠦᠨᠳᠦᠰᠦᠲᠡᠨ ᠤ ᠨᠠᠢᠮᠠᠨ ᠮᠤᠵᠢ ᠣᠷᠣᠨ ᠳᠤ ᠦᠡᠳᠦᠰᠦᠲᠡᠨ ᠤ ᠭᠠᠵᠠᠷ ᠤᠷᠤᠨ | ᠳᠤ ᠰᠢᠯᠵᠢᠭᠦᠯᠦᠨ ᠦᠭᠭᠦ ᠪᠡᠯᠡ ᠮᠦᠡᠭᠭᠦ ᠶᠢ ᠨᠡᠶᠢᠳᠡ 3800 ᠭᠠᠷᠤᠢ ᠳ᠋ᠦᠩᠰᠢᠭᠤᠷ ᠲᠥᠭᠦᠷᠢᠭ᠂ ᠲᠡᠩᠴᠡᠭᠦᠷᠢᠲᠡᠢ | ᠪᠠᠷ ᠰᠢᠯᠵᠢᠭᠦᠯᠦᠨ ᠦᠭᠭᠦ ᠪᠡᠯᠡ ᠮᠦᠡᠭᠭᠦ ᠶᠢ 20000 ᠭᠠᠷᠤᠢ ᠳ᠋ᠦᠡᠭᠰᠢᠭᠤᠷ ᠲᠦᠭᠦᠷᠢᠭ ᠪᠠᠭᠤᠯᠭᠠᠨ ᠦᠭᠴᠦ᠂ | ᠦᠨᠳᠦᠰᠦᠲᠡᠨ ᠤ ᠭᠠᠵᠠᠷ ᠣᠷᠣᠨ ᠤ ᠥᠭᠡᠷᠡᠴᠢᠯᠡᠯᠲᠡ ᠬᠥᠭᠵᠢᠯᠲᠡ ᠶᠢ ᠬᠦᠴᠦᠲᠡᠢ ᠲᠡᠮᠵᠢᠪᠡ᠃ | ᠦᠨᠳᠦᠰᠦᠲᠡᠨ ᠨᠦᠭᠦᠳ ᠤᠨ ᠨᠡᠶᠢᠭᠡᠮ ᠵᠢᠷᠤᠮᠲᠤ ᠣᠳᠣᠬᠢᠴᠢᠯᠠᠯᠲᠠ ᠲᠡᠶᠢᠰᠢ ᠬᠠᠮᠲᠤ ᠪᠠᠷ ᠤᠷᠤᠭᠰᠢᠯᠠᠬᠤ ᠶᠢ | ᠠᠬᠢᠭᠤᠯᠬᠤ ᠳᠤ ᠵᠦᠷᠢᠶᠡᠴᠢᠯᠡᠭᠰᠡᠨ ᠣᠷᠣᠨ ᠪᠦᠰᠡ ᠶᠢᠨ ᠳᠡᠮᠵᠢᠯᠭᠡ ᠶᠢᠨ ᠲᠦᠷᠦ ᠶᠢᠨ ᠪᠤᠳᠤᠯᠭ᠎ᠠ ᠶᠢ | ᠲᠡᠭᠦᠯᠳᠡᠷᠵᠢᠭᠦᠯᠬᠦ ᠬᠡᠷᠡᠭᠲᠡᠢ᠃ | ᠠᠵᠢᠯ ᠲᠥᠷᠥᠯ ᠤᠨ ᠰᠢᠰᠲ᠋ᠧᠮ ᠢᠶᠠᠷ ᠲᠤᠰᠠᠯᠠᠬᠤ ᠶᠢᠨ ᠴᠢᠬᠤᠯᠠ ᠦᠢᠯᠡᠳᠦᠯ ᠢ ᠴᠢᠨᠠᠬᠰᠢᠳᠠ ᠪᠠᠳᠠᠷᠠᠭᠤᠯᠬᠤ | ᠬᠡᠷᠡᠭᠲᠡᠶ᠃ ︽ᠪᠦᠬᠦ ᠤᠯᠤᠰ ᠢᠶᠠᠷ ᠢᠶᠠᠨ ᠨᠢᠭᠡ ᠬᠥᠯᠭᠡ ᠰᠢᠳᠠᠷ᠎ᠠ ᠮᠡᠲᠦ ᠪᠠᠶᠢᠬᠤ᠂ ᠡᠯ᠎ᠡ ᠲᠠᠯ᠎ᠠ ᠶᠢᠨ ᠢᠳᠡᠪᠬᠢᠵᠢᠯ ᠢ | ᠳᠠᠶᠢᠴᠢᠯᠠᠬᠤ᠂ ᠬᠦᠴᠦ ᠪᠠᠨ ᠲᠥᠪᠯᠡᠷᠡᠭᠦᠯᠦᠨ ᠶᠡᠭᠡ ᠶᠠᠪᠤᠳᠠᠯ ᠢ ᠪᠦᠲᠦᠭᠡᠬᠦ︾ ᠪᠣᠯ ᠮᠠᠨ ᠤ ᠤᠯᠤᠰ ᠤᠨ ᠤᠯᠤᠰ ᠤᠨ | ᠪᠠᠶᠢᠭᠤᠯᠤᠯ ᠪᠣᠯᠤᠨ ᠤᠯᠤᠰ ᠤᠨ ᠵᠠᠰᠠᠯᠲᠠ ᠶᠢᠨ ᠲᠣᠬᠲᠠᠯᠴᠠᠭ᠎ᠠ ᠶᠢᠨ ᠢᠯᠡᠷᠭᠡᠢ ᠳᠠᠪᠠᠭᠤᠯᠢᠭ ᠤᠨ ᠨᠢᠭᠡ ᠮᠦᠨ᠃ | ᠠᠵᠢᠯ ᠲᠦᠷᠦᠯ ᠤᠨ ᠰᠢᠰᠲ᠋ᠧᠮ ᠢᠶᠠᠷ ᠲᠤᠰᠠᠯᠠᠬᠤ ᠲᠦᠷᠢᠮ ᠪᠣᠯ ᠡᠨᠡ ᠬᠦ ᠢᠯᠡᠷᠭᠡᠢ ᠳᠠᠪᠠᠭᠤᠯᠢᠭ ᠤᠨ ᠪᠣᠳᠠᠲᠠᠢ | ᠢᠯᠡᠷᠡᠯ ᠤᠨ ᠨᠢᠭᠡ ᠮᠦᠨ᠃ 1994 ᠣᠨ ᠠᠴᠠ 2020 ᠤᠨ ᠪᠣᠯᠲᠠᠯ᠎ᠠ᠂ ᠠᠵᠢᠯ ᠲᠦᠷᠦᠯ ᠤᠨ ᠰᠢᠰᠲ᠋ᠧᠮ ᠢᠶᠠᠷ | ᠲᠥᠪᠡᠳ ᠢ ᠲᠤᠰᠠᠯᠠᠬᠰᠠᠨ ᠮᠤᠵᠢ ᠬᠤᠳᠠ᠂ ᠲᠥᠪ ᠤᠨ ᠲᠦᠷᠦ ᠶᠢᠨ ᠪᠠᠶᠢᠭᠤᠯᠭ᠎ᠠ ᠵᠢᠴᠢ ᠲᠥᠪ ᠤᠨ ᠠᠵᠤ | ᠠᠬᠤᠶᠢᠯᠠᠯ ᠠᠴᠠ ᠲᠥᠪᠡᠳ ᠤᠨ ᠠᠵᠤ ᠠᠬᠤᠢ ᠨᠡᠶᠢᠭᠡᠮ ᠤᠨ ᠪᠦᠳᠦᠭᠡᠨ ᠪᠠᠶᠢᠭᠤᠯᠤᠯᠲᠠ ᠳᠤ ᠨᠡᠶᠢᠳᠡ 6330 | ᠲᠦᠷᠦᠯ ᠵᠦᠢᠯ ᠢᠶᠠᠷ ᠲᠤᠰᠠᠯᠠᠵᠤ᠂ ᠶᠡᠷᠦᠩᠬᠡᠢ ᠪᠡᠯᠡ ᠣᠷᠣᠭᠤᠯᠤᠯᠲᠠ ᠨᠢ 527 ᠳ᠋ᠦᠩᠰᠢᠭᠤᠷ ᠲᠥᠭᠦᠷᠢᠭ ᠲᠤ | ᠬᠦᠷᠦᠭᠰᠡᠨ ᠪᠥᠭᠡᠳ 9682 ᠰᠢᠯᠢᠳᠡᠭ ᠺᠠᠳ᠋ᠷ ᠢ ᠰᠣᠩᠭᠤᠨ ᠲᠣᠮᠢᠯᠠᠵᠤ ᠲᠥᠪᠡᠳ ᠢ ᠲᠤᠰᠠᠯᠠᠪᠠ᠃ 2014 | ᠣᠨ ᠠᠴᠠ 2019 ᠤᠨ ᠪᠣᠯᠲᠠᠯ᠎ᠠ᠂ ᠰᠢᠨᠵᠢᠶᠠᠩ ᠢ ᠲᠤᠰᠠᠯᠠᠭᠰᠠᠨ 19 ᠮᠤᠵᠢ ᠬᠤᠳᠠ ᠠᠴᠠ ᠰᠢᠨᠵᠢᠶᠠᠩ | ︵ᠪᠢᠩᠲ᠋ᠤᠸᠠᠨ ᠪᠠᠭᠲᠠᠨ᠎ᠠ︶ ᠢ ᠲᠤᠰᠠᠯᠬᠠᠤ 964 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠵᠤ᠂ | ᠰᠢᠨᠵᠢᠶᠠᠩ ᠢ ᠲᠤᠰᠠᠯᠠᠬᠤ ᠲᠦᠮᠡ ᠭᠠᠷᠤᠢ ᠲᠦᠷᠦᠯ ᠵᠦᠢᠯ ᠢ ᠬᠡᠷᠡᠭᠵᠢᠭᠦᠯᠪᠡ᠃ ᠬᠤᠶᠢᠰᠢᠳᠠ ᠠᠵᠢᠯ ᠲᠦᠷᠦᠯ ᠤᠨ | ᠰᠢᠰᠲ᠋ᠧᠮ ᠢᠶᠠᠷ ᠲᠤᠰᠠᠯᠠᠬᠤ ᠲᠣᠭᠲᠠᠴᠠ ᠶᠢ ᠴᠢᠨᠠᠬᠰᠢᠳᠠ ᠰᠢᠯᠢᠳᠡᠭᠵᠢᠭᠦᠯᠵᠦ᠂ ᠠᠵᠢᠯ ᠣᠯᠭᠤᠯᠲᠠ ᠶᠢ ᠥᠷᠭᠡᠳᠬᠡᠬᠦ᠂ | ᠠᠮᠢᠳᠤᠷᠠᠯ ᠤᠨ ᠣᠷᠴᠢᠨ ᠨᠥᠬᠦᠴᠡᠯ ᠢ ᠰᠠᠶᠢᠵᠢᠷᠠᠭᠤᠯᠬᠤ ᠲᠠᠯ᠎ᠠ ᠪᠠᠷ ᠬᠢ ᠲᠤᠰᠠᠯᠠᠬᠤ ᠲᠦᠷᠦᠯ ᠵᠦᠢᠯ ᠤᠨ | ᠬᠠᠨᠳᠤᠯᠭᠠᠲᠤ ᠴᠢᠨᠠᠷ ᠪᠠ ᠪᠦᠳᠤᠮᠵᠢᠳᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ | ᠬᠥᠭᠵᠢᠯᠲᠡ ᠪᠠᠷ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠬᠥᠮᠦᠰ ᠤᠨ ᠰᠡᠳᠬᠢᠯ ᠢ ᠨᠢᠭᠲᠠᠷᠠᠭᠤᠯᠬᠤ ᠶᠢ | ᠦᠨᠡᠨ ᠬᠦ ᠨᠠᠶᠢᠳᠠᠪᠤᠷᠢᠵᠢᠭᠤᠯᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠲᠥᠪ ᠤᠨ ᠦᠨᠳᠦᠰᠦᠲᠡᠨ ᠤ | ᠠᠵᠢᠯ ᠤᠨ ᠬᠤᠷᠠᠯ ᠳᠡᠭᠡᠷ᠎ᠡ᠂ ᠪᠤᠢ ᠪᠦᠬᠦᠢ ᠥᠭᠡᠷᠡᠴᠢᠯᠡᠯᠲᠡ ᠬᠥᠭᠵᠢᠯᠲᠡ ᠳᠤ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠤᠨ ᠤᠳᠬ᠎ᠠ ᠠᠭᠤᠯᠭ᠎ᠠ ᠶᠢ ᠢᠯᠡᠷᠡᠭᠦᠯᠵᠦ᠂ ᠨᠢᠭᠡᠳᠦᠯ ᠢ ᠬᠠᠮᠠᠭᠠᠯᠠᠬᠤ᠂ | ᠬᠠᠭᠠᠴᠠᠭᠤᠯᠤᠯ ᠢ ᠡᠰᠡᠷᠭᠦᠴᠡᠬᠦ ᠤᠳᠬ᠎ᠠ ᠠᠭᠤᠯᠭ᠎ᠠ ᠶᠢ ᠢᠯᠡᠷᠡᠭᠦᠯᠵᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ | ᠬᠥᠮᠦᠰ ᠤᠨ ᠰᠡᠳᠬᠢᠯ ᠢ ᠨᠢᠭᠲᠠᠷᠠᠭᠤᠯᠬᠤ ᠤᠳᠬ᠎ᠠ ᠠᠭᠤᠯᠭ᠎ᠠ ᠶᠢ ᠢᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠶᠢᠰᠢᠳᠠ ᠶᠡᠬᠡᠬᠡᠨ ᠬᠦᠴᠦ ᠣᠷᠣᠭᠤᠯᠵᠤ ᠪᠠᠶᠢᠭᠠᠳ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠᠷ | ᠭᠤᠣᠯᠳᠠᠯᠭ᠎ᠠ ᠪᠣᠯᠭᠠᠭᠰᠠᠨ ᠨᠡᠶᠢᠭᠡᠮ ᠤᠨ ᠪᠠᠶᠢᠭᠤᠯᠤᠯᠲᠠ ᠶᠢ ᠴᠢᠩᠭᠠᠳᠬᠠᠵᠤ᠂ ᠰᠠᠭᠤᠷᠢ ᠲᠦᠭᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠢ ᠬᠠᠮᠤᠷᠤᠭᠰᠠᠨ ᠣᠯᠠᠨ | ᠨᠡᠶᠢᠲᠡ ᠶᠢᠨ ᠦᠢᠯᠡᠴᠢᠯᠡᠭᠡᠨ ᠤ ᠲᠣᠬᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ︔ ᠰᠤᠷᠭᠠᠨ ᠬᠥᠮᠦᠵᠢᠯ ᠤᠨ | ᠣᠷᠣᠭᠤᠯᠤᠯᠲᠠ ᠶᠢ ᠨᠡᠮᠡᠭᠳᠡᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ | ᠲᠦᠭᠡᠮᠡᠯᠵᠢᠭᠦᠯᠵᠦ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠵᠤ᠂ ᠠᠵᠢᠯ | ᠣᠯᠭᠤᠯᠲᠠ ᠶᠢᠨ ᠠᠷᠭ᠎ᠠ ᠵᠠᠮ ᠢ ᠦᠷᠭᠡᠳᠭᠡᠭᠦ ᠬᠡᠷᠡᠭᠲᠡᠢ︔ ᠬᠢᠯᠢ ᠶᠢᠨ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ | ᠬᠤᠷᠢᠶ᠎ᠠ ᠪᠣᠯᠤᠨ ᠲᠣᠰᠬᠤᠨ ᠤ ᠱᠠᠲᠤᠨ ᠤ ᠡᠷᠡᠭᠦᠯ ᠬᠠᠮᠠᠭᠠᠯᠠᠯ ᠤᠨ ᠭᠠᠵᠠᠷ ᠤᠨ ᠡᠮ ᠡᠮᠨᠡᠯᠭᠡ ᠶᠢᠨ ᠨᠥᠬᠦᠴᠡᠯ ᠢ | ᠲᠦᠷᠭᠡᠭᠡᠨ ᠰᠠᠶᠢᠵᠢᠷᠠᠭᠤᠯᠬᠤ ᠬᠡᠷᠡᠭᠲᠡᠶ︔ ᠲᠤᠭᠠᠵᠢᠭᠤᠯᠬᠤ᠂ ᠰᠦᠯᠵᠢᠶᠡᠵᠢᠭᠦᠯᠬᠦ᠂ ᠤᠶᠤᠨᠴᠢᠯᠠᠬᠤ ᠬᠥᠭᠵᠢᠯᠲᠡ ᠶᠢᠨ | ᠬᠠᠨᠳᠤᠰᠢ ᠳᠤ ᠵᠣᠬᠢᠴᠠᠭᠤᠯᠤᠨ᠂ ︽ᠲᠣᠭᠠᠨ ᠤ ᠵᠠᠭᠠᠭ︾ ᠢ ᠠᠷᠢᠯᠭᠠᠬᠤ ᠬᠡᠷᠡᠭᠲᠡᠢ︔ ᠨᠡᠶᠢᠭᠡᠮ ᠤᠨ ᠪᠠᠲᠤᠯᠠᠭ᠎ᠠ | ᠦᠨᠳᠦᠰᠦᠨ ᠵᠦᠢᠯ ᠤᠨ ᠪᠠᠲᠤᠯᠠᠭ᠎ᠠ ᠶᠢ ᠴᠢᠩᠭᠠᠳᠬᠠᠵᠤ᠂ ᠠᠮᠠᠷᠬᠠᠨ ᠳᠠᠬᠢᠨ ᠶᠠᠳᠠᠭᠤᠷᠠᠬᠤ ᠪᠠ ᠶᠠᠳᠠᠭᠤᠷᠠᠬᠤ ᠬᠥᠮᠦᠨ | ᠠᠮᠠ ᠶᠢ ᠬᠢᠨᠠᠨ ᠬᠡᠮᠵᠢᠬᠦ ᠶᠢ ᠴᠢᠩᠭᠠᠳᠬᠠᠵᠤ᠂ ᠡᠷᠲᠡ ᠢᠯᠡᠷᠡᠭᠦᠯᠬᠦ᠂ ᠡᠷᠲᠡ ᠭᠠᠷ ᠲᠦᠷᠦᠭᠦ᠂ ᠡᠷᠲᠡ ᠬᠠᠪᠰᠤᠷᠤᠨ | ᠲᠡᠳᠬᠦᠬᠦ ᠶᠢ ᠪᠡᠶᠡᠯᠡᠭᠦᠯᠬᠦ ᠬᠡᠷᠡᠭᠲᠡᠶ︔ ᠦᠨᠳᠦᠰᠦᠲᠡᠨ ᠨᠦᠭᠦᠳ ᠤᠨ ᠣᠯᠠᠨ ᠲᠦᠮᠡᠨ ᠤ ᠣᠷᠣᠯᠭ᠎ᠠ ᠪᠠᠨ ᠨᠡᠮᠡᠭᠳᠡᠭᠦᠯᠵᠦ | ᠪᠠᠶᠠᠵᠢᠬᠤ ᠴᠢᠳᠠᠪᠤᠷᠢ ᠶᠢ ᠴᠢᠷᠮᠠᠶᠢᠨ ᠳᠡᠭᠡᠭᠰᠢᠯᠡᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ | ᠬᠦᠷᠲᠡᠮᠵᠢ ᠶᠢᠨ ᠲᠥᠷᠥᠭᠳᠡᠯ᠂ ᠵᠤᠯ ᠵᠢᠷᠭᠠᠯ ᠤᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ | ᠥᠬᠡᠶ ᠨᠡᠮᠡᠭᠳᠡᠭᠦᠯᠬᠦ ᠬᠡᠷᠡᠭᠲᠡᠢ᠃ | ᠵᠣᠬᠢᠶᠠᠭᠴᠢ ᠶᠢᠨ ᠨᠢᠭᠡᠴᠢ᠄ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ᠃ ᠲᠣᠰ ᠵᠣᠬᠢᠶᠠᠯ ᠨᠢ ᠨᠠᠮ ᠤᠨ | ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ | ᠰᠤᠳᠤᠯᠵᠤ ᠲᠠᠶᠢᠯᠪᠤᠷᠢᠯᠠᠬᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠰᠠᠭᠤᠷᠢ ᠮᠥᠩᠭᠦ ᠶᠢᠨ ᠴᠢᠬᠤᠯᠠ | ᠶᠡᠭᠡ ᠲᠥᠷᠥᠯ ᠵᠦᠢᠯ ᠪᠤᠯᠬᠤ ︽ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠣᠯᠠᠨ ᠨᠡᠶᠢᠲᠡ ᠶᠢᠨ | ᠠᠮᠤᠷ ᠲᠦᠪᠰᠢᠨ ᠢ ᠪᠠᠲᠤᠯᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠲᠤᠬᠠᠢ ᠰᠤᠳᠤᠯᠤᠯ︾ | ︵ᠵᠥᠪᠰᠢᠶᠡᠷᠡᠭᠰᠡᠨ ᠨᠣᠮᠧᠷ 21ZDA116︶ ᠤᠨ ᠱᠠᠲᠤᠴᠢ ᠴᠢᠨᠠᠷᠲᠠᠶ ᠪᠦᠲᠦᠭᠡᠯ ᠪᠣᠯᠣᠨ᠎ᠠ᠃ |