ᠪᠠᠶᠠᠨᠨᠠᠭᠤᠷ ᠬᠤᠲᠠ ᠶᠢᠨ ᠨᠠᠮ ᠤᠨ ᠬᠤᠷᠢᠶ᠎ᠠ ᠦᠨᠳᠦᠰᠦᠲᠡᠨ ᠤ ᠠᠵᠢᠯ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/10/17
     10 ᠳ᠋ᠤᠭᠠᠷ ᠰᠠᠷ᠎ᠠ ᠶᠢᠨ 15 ᠤ ᠡᠳᠦᠷ᠂ ᠪᠠᠶᠠᠨᠨᠠᠭᠤᠷ ᠬᠤᠳᠠ ᠶᠢᠨ ᠨᠠᠮ ᠤᠨ ᠬᠤᠷᠢᠶ᠎ᠠ ᠦᠨᠳᠦᠰᠦᠲᠡᠨ ᠤ ᠠᠵᠢᠯ ᠤᠨ ᠬᠤᠷᠠᠯ ᠢ ᠬᠤᠷᠠᠯᠳᠤᠭᠤᠯᠪᠠ᠃ ᠬᠤᠷᠠᠯ ᠨᠢ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠠᠶᠠᠨᠨᠠᠭᠤᠷ ᠬᠤᠲᠠ ᠶᠢᠨ ᠦᠨᠳᠦᠰᠦᠲᠡᠨ ᠤ ᠠᠵᠢᠯ ᠢ ᠰᠤᠳᠤᠯᠤᠨ ᠪᠠᠶᠢᠷᠢᠯᠠᠭᠤᠯᠵᠤ᠂ ᠰᠢᠨ᠎ᠡ ᠲᠡᠦᠬᠡ ᠶᠢᠨ ᠭᠠᠷᠤᠭ᠎ᠠ ᠠᠴᠠ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ  ᠶᠢ ᠠᠬᠢᠭᠤᠯᠪᠠ᠃ ᠪᠠᠶᠠᠨᠨᠠᠭᠤᠷ ᠬᠤᠲᠠ ᠶᠢᠨ ᠨᠠᠮ ᠤᠨ ᠬᠤᠷᠢᠶᠠᠨ ᠤ ᠱᠦᠵᠢ ᠾᠧ ᠸᠧᠶ ᠬᠤᠸᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠫᠠᠩ ᠬᠤᠶ ᠠᠩᠬᠠᠳᠠᠭᠴᠢ ᠬᠤᠷᠠᠯ ᠢ ᠡᠷᠭᠢᠯᠡᠪᠡ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠧᠦ ᠢᠤᠢ ᠯᠢᠨ᠂ ᠬᠤᠲᠠ ᠶᠢᠨ ᠤᠯᠤᠰ ᠲᠥᠷᠦ ᠶᠢᠨ ᠵᠥᠪᠯᠡᠯᠭᠡᠨ ᠤ ᠲᠡᠷᠢᠭᠦᠯᠡᠭᠴᠢ ᠳ᠋ᠢ ᠷᠦᠢ ᠵᠧᠨ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠢᠤᠢ ᠯᠢ ᠶᠢᠩ᠂ ᠬᠥᠬᠡ᠂ ᠯᠦᠸᠧ ᠵᠢᠶᠦ᠋ᠨ ᠶᠤᠸᠠᠨ᠂ ᠹᠧᠩ ᠠᠢ ᠰᠢᠶᠠ᠂ ᠸᠠᠩ ᠶᠠ ᠵᠦᠩ᠂ ᠸᠠᠩ ᠮᠢᠨ᠂ ᠴᠧᠨ ᠭᠦᠩ ᠮᠢᠩ᠂ ᠵᠤᠤ ᠵᠢᠶᠦ᠋ᠨ ᠯᠢᠩ ᠬᠤᠷᠠᠯ ᠳᠤ ᠣᠷᠣᠯᠴᠠᠪᠠ᠃ ᠬᠤᠶᠠᠳᠤᠭᠠᠷ ᠤᠳᠠᠭᠠᠨ ᠤ ᠪᠥᠬᠦᠳᠡ ᠬᠤᠷᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠴᠧᠨ ᠬᠥᠩ ᠮᠢᠩ ᠳ᠋ᠦᠩᠨᠡᠯᠲᠡ ᠶᠢᠨ ᠶᠠᠷᠢᠶ᠎ᠠ ᠲᠠᠯᠪᠢᠵᠤ᠂ ᠬᠤᠲᠠ ᠶᠢᠨ ᠳᠡᠳ᠋ ᠳᠠᠷᠤᠭ᠎ᠠ ᠠᠴᠢᠲᠤ ᠬᠤᠷᠠᠯ ᠡᠷᠭᠢᠯᠡᠪᠡ᠃      ᠾᠧ ᠸᠧᠢ ᠬᠤᠸᠠ ᠠᠴᠠ ᠦᠨᠳᠦᠰᠦᠲᠡᠨ ᠤ ᠠᠵᠢᠯ ᠢ ᠰᠠᠶᠢᠲᠤᠷ ᠬᠢᠬᠦ ᠪᠣᠯ ᠪᠢᠳᠡᠨ ᠤ ᠡᠷᠬᠡᠪᠰᠢ ᠢᠮᠠᠭᠲᠠ ᠰᠡᠳᠬᠢᠯ ᠳᠤ ᠪᠠᠨ ᠪᠤᠳᠤᠬᠤ ᠬᠡᠷᠡᠭᠲᠡᠢ ︽ᠤᠯᠤᠰ ᠤᠨ ᠶᠡᠭᠡ ᠶᠠᠪᠤᠳᠠᠯ︾ ᠮᠥᠨ᠃ ᠪᠥᠬᠦ ᠬᠤᠲᠠ ᠶᠢᠨ ᠡᠯ᠎ᠡ ᠱᠠᠲᠤᠨ  ᠤ ᠨᠠᠮ ᠤᠨ ᠵᠣᠬᠢᠶᠠᠨ ᠪᠠᠶᠢᠭᠤᠯᠤᠯᠲᠠ ᠨᠢ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠨᠠᠮ ᠤᠨ ᠲᠥᠪ ᠬᠤᠷᠢᠶᠠᠨ ᠤ ᠰᠠᠨᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠡᠨᠡ ᠬᠦ ᠭᠤᠤᠯ ᠰᠢᠵᠢᠮ ᠢ ᠴᠢᠩᠭ᠎ᠠ ᠡᠵᠡᠮᠳᠡᠵᠦ᠂ ᠦᠨᠳᠦᠰᠦᠲᠡᠨ ᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠪᠠᠶᠠᠨᠨᠠᠭᠤᠷ ᠬᠤᠲᠠ ᠶᠢᠨ ᠦᠨᠳᠦᠰᠦᠲᠡᠨ ᠤ ᠬᠦᠷᠢᠶᠡᠨ ᠳᠠᠬᠢ ᠡᠯ᠎ᠡ ᠵᠦᠶᠯ ᠤᠨ ᠠᠵᠢᠯ ᠢ ᠦᠨᠡᠨ ᠬᠦ ᠰᠠᠶᠢᠲᠤᠷ ᠬᠢᠵᠦ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠴᠢᠷᠮᠠᠶᠢᠨ ᠪᠠᠶᠢᠭᠤᠯᠵᠤ᠂ ᠦᠨᠳᠦᠰᠦᠲᠡᠨ ᠤ ᠠᠵᠢᠯ ᠤᠨ ᠪᠣᠳᠠᠲᠤ ᠦᠷ᠎ᠡ ᠪᠦᠲᠦᠮᠵᠢ ᠪᠠᠷ ︽ᠬᠤᠶᠠᠷ ᠢ ᠬᠠᠮᠠᠭᠠᠯᠠᠬᠤ︾ ᠶᠢ ᠦᠶᠯᠡᠳᠦᠯᠭᠡᠵᠢᠭᠦᠯᠬᠦ ᠬᠡᠷᠡᠭᠲᠡᠶ ᠬᠡᠵᠤ ᠴᠢᠬᠤᠯᠠᠴᠢᠯᠠᠪᠠ᠃      ᠾᠧ ᠸᠧᠢ ᠬᠤᠸᠠ ᠠᠴᠠ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠰᠢᠨ᠎ᠡ ᠴᠠᠭ ᠦᠶ᠎ᠡ ᠶᠢᠨ ᠨᠠᠮ  ᠤᠨ ᠦᠨᠳᠦᠰᠦᠲᠡᠨ ᠤ ᠠᠵᠢᠯ ᠤᠨ ᠲᠡᠦᠬᠡᠨ ᠣᠷᠣᠨ ᠪᠠᠶᠢᠷᠢ ᠶᠢ ᠵᠦᠪ ᠣᠨᠣᠪᠴᠢᠲᠠᠢ ᠡᠵᠡᠮᠳᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢᠨ ᠴᠢᠬᠤᠯᠠ ᠶᠡᠭᠡ ᠠᠴᠢ ᠬᠤᠯᠪᠣᠭᠳᠠᠯ  ᠢ ᠭᠦᠢᠴᠡᠳ ᠲᠠᠨᠢᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ᠂ ᠲᠡᠦᠬᠡ ᠶᠢᠨ ᠡᠭᠦᠷᠭᠡᠲᠦ ᠪᠣᠳᠣᠯ ᠪᠣᠯᠤᠨ ᠠᠬᠤᠶᠢᠴᠢ ᠲᠤᠯᠭᠠᠮ ᠰᠡᠳᠬᠢᠯᠭᠡ ᠪᠠᠨ ᠦᠨᠡᠨ ᠬᠦ ᠴᠢᠩᠭᠠᠳᠬᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ᠂ ᠦᠨᠳᠦᠰᠦᠲᠡᠨ ᠨᠦᠭᠦᠳ  ᠤᠨ ᠨᠡᠶᠢᠭᠡᠮ ᠵᠢᠷᠤᠮ ᠤᠨ ᠣᠳᠣᠬᠢᠴᠢᠯᠠᠯᠲᠠ ᠲᠡᠶᠢᠰᠢ ᠬᠠᠮᠲᠤ ᠪᠠᠷ ᠤᠷᠤᠭᠰᠢᠯᠠᠬᠤ ᠶᠢ ᠠᠬᠢᠭᠤᠯᠬᠤ᠂ ᠦᠨᠳᠦᠰᠦᠲᠡᠨ  ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠬᠦ᠂ ᠦᠨᠳᠦᠰᠦᠲᠡᠨ ᠤ ᠬᠦᠷᠢᠶᠡᠨ ᠳᠠᠬᠢ ᠬᠦᠨᠳᠦ ᠶᠡᠭᠡ ᠠᠶᠤᠯ ᠲᠦᠭᠰᠢᠭᠦᠷᠢ ᠭᠡᠮ ᠰᠣᠭᠤᠭ ᠢ ᠰᠡᠷᠭᠡᠶᠢᠯᠡᠬᠦ ᠵᠡᠷᠭᠡ ᠲᠠᠯ᠎ᠠ ᠪᠠᠷ ᠬᠦᠴᠦᠯᠡᠨ ᠴᠢᠷᠮᠠᠶᠢᠬᠤ ᠬᠡᠷᠡᠭᠲᠡᠢ᠃ ᠨᠠᠮ ᠤᠨ ᠦᠨᠳᠦᠰᠦᠲᠡᠨ ᠤ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠦᠨᠡᠨ ᠬᠦ ᠴᠢᠩᠭᠠᠳᠬᠠᠨ ᠰᠠᠶᠢᠵᠢᠷᠠᠭᠤᠯᠵᠤ᠂ ᠤᠯᠤᠰ ᠲᠦᠷᠦ ᠶᠢᠨ ᠬᠠᠷᠢᠭᠤᠴᠠᠯᠭ᠎ᠠ  ᠶᠢ ᠴᠢᠩᠭᠠᠳᠬᠠᠨ ᠪᠣᠳᠠᠲᠠᠶᠢᠵᠢᠭᠤᠯᠵᠤ᠂ ᠵᠣᠷᠢᠭᠲᠠᠢ ᠪᠠᠷ ᠵᠠᠷᠴᠢᠮ ᠢ ᠪᠠᠷᠢᠮᠲᠠᠯᠠᠨ᠂ ᠵᠣᠷᠢᠭᠲᠠᠢ ᠪᠠᠷ ᠬᠠᠷᠢᠭᠤᠴᠠᠯᠭ᠎ᠠ ᠶᠢ ᠡᠭᠦᠷᠭᠡᠯᠡᠵᠦ᠂ ᠠᠷᠭ᠎ᠠ ᠪᠤᠳᠤᠯᠭ᠎ᠠ ᠠᠷᠭ᠎ᠠ ᠬᠡᠮᠵᠢᠶ᠎ᠡ ᠶᠢ ᠡᠷᠬᠢᠮᠯᠡᠨ᠂ ᠺᠠᠳ᠋ᠷ ᠤᠨ ᠴᠢᠳᠠᠪᠤᠷᠢᠲᠠᠨ ᠤ ᠡᠩᠨᠡᠭᠡ ᠪᠣᠯᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ ᠰᠢᠨ᠎ᠡ ᠴᠠᠭ ᠦᠶ᠎ᠡ  ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠬᠤ ᠬᠡᠷᠡᠭᠲᠡᠢ ᠭᠡᠵᠦ ᠱᠠᠭᠠᠷᠳᠠᠪᠠ᠃      ᠴᠧᠨ ᠭᠦᠩ ᠮᠢᠩ ᠳ᠋ᠦᠩᠨᠡᠯᠲᠡ ᠶᠢᠨ ᠶᠠᠷᠢᠶᠠᠨ ᠳᠤ ᠪᠠᠨ ᠪᠦᠬᠦ ᠬᠤᠳᠠ ᠲᠠᠶᠠᠭᠠᠷ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠳᠠ ᠶᠢᠨ ᠨᠠᠮ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠪᠠ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠠᠵᠢᠯ ᠤᠨ ᠠᠷᠭ᠎ᠠ ᠶᠢᠨ ᠰᠢᠨ᠎ᠡ ᠶᠢ ᠡᠭᠦᠳᠴᠦ᠂ ᠬᠠᠷᠢᠭᠤᠴᠠᠯᠭ᠎ᠠ ᠶᠢ ᠴᠢᠩᠭᠠᠳᠬᠠᠨ ᠪᠤᠳᠠᠳᠠᠶᠢᠵᠢᠭᠤᠯᠵᠤ᠂ ᠲᠥᠪ ᠤᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠦᠨᠳᠦᠰᠦᠲᠡᠨ ᠤ ᠠᠵᠢᠯ ᠤᠨ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠳᠤᠳᠬᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠰᠢᠨ᠎ᠡ ᠴᠠᠭ ᠦᠶ᠎ᠡ  ᠶᠢᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠬᠤᠳᠠ ᠶᠢᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠲᠣᠭᠲᠠᠭᠠᠭᠰᠠᠨ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠳᠤ ᠣᠷᠣᠯᠴᠠᠭᠰᠠᠳ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ  ᠶᠢᠨ ᠲᠣᠭᠤᠷᠢᠨ ᠳᠤ ᠳᠤᠭᠤᠶᠢᠯᠠᠩ ᠬᠤᠪᠢᠶᠠᠨ ᠰᠤᠷᠤᠯᠴᠠᠵᠤ ᠶᠠᠷᠢᠯᠴᠠᠪᠠ᠃      ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠦ ᠶᠢᠨ ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠤᠯᠭ᠎ᠠ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠪᠣᠷᠣᠲᠣᠬᠤᠢ  ᠲᠡᠬᠡᠳᠦ ᠰᠤᠷᠭᠠᠭᠤᠯᠢ᠂ ᠪᠣᠷᠣᠲᠣᠬᠤᠢ ᠶᠢᠨ ᠤᠰᠤᠯᠠᠯᠲᠠ ᠶᠢᠨ ᠣᠷᠣᠨ ᠤ ᠤᠰᠤᠨ ᠠᠰᠢᠭᠯᠠᠯᠲᠠ ᠶᠢᠨ ᠬᠥᠭᠵᠢᠯᠲᠡ  ᠶᠢᠨ ᠲᠥᠪ ᠤᠨ ᠭᠤᠣᠯ ᠬᠠᠷᠢᠭᠤᠴᠠᠯᠭᠠᠲᠠᠨ ᠨᠥᠬᠦᠳ᠂ ᠪᠠᠶᠠᠨᠨᠠᠭᠤᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ  ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠭᠠᠭᠴᠠ ᠮᠣᠳᠣ ᠬᠢᠯᠢ ᠶᠢᠨ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠵᠢᠴᠢ ᠬᠤᠲᠠ ᠳᠤ ᠰᠠᠭᠤᠭ᠎ᠠ ᠬᠤᠯᠪᠣᠭᠳᠠᠯ ᠪᠦᠬᠦᠢ ᠨᠢᠬᠡᠴᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠢ ᠸᠢᠳᠢᠤ᠋ ᠬᠡᠯᠪᠡᠷᠢ ᠪᠠᠷ ᠬᠤᠰᠢᠭᠤ ᠰᠢᠶᠠᠨ ᠲᠣᠭᠤᠷᠢᠭ ᠬᠦᠷᠲᠡᠯ᠎ᠡ ᠬᠤᠷᠠᠯᠳᠤᠭᠤᠯᠪᠠ᠃
ᠢᠷᠡᠯᠲᠡ᠄ ᠪᠠᠶᠠᠨᠨᠠᠭᠤᠷ ᠤᠨ ᠡᠳᠦᠷ ᠤᠨ ᠰᠣᠨᠢᠨ