ᠣᠷᠳᠣᠰ ᠬᠤᠲᠠ ᠶᠢᠨ ᠨᠠᠮ ᠤᠨ ᠬᠤᠷᠢᠶ᠎ᠠ ᠦᠨᠳᠦᠰᠦᠲᠡᠨ ᠤ ᠠᠵᠢᠯ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/10/17
     10 ᠳ᠋ᠤᠭᠠᠷ ᠰᠠᠷ᠎ᠠ ᠶᠢᠨ 15 ᠤ ᠡᠳᠦᠷ᠂ ᠣᠷᠳᠣᠰ ᠬᠤᠲᠠ ᠶᠢᠨ ᠨᠠᠮ ᠤᠨ ᠬᠤᠷᠢᠶ᠎ᠠ ᠦᠨᠳᠦᠰᠦᠲᠡᠨ ᠤ ᠠᠵᠢᠯ ᠤᠨ ᠬᠤᠷᠠᠯ ᠢ ᠬᠢᠶ᠎ᠠ ᠪᠠᠭᠰᠢ ᠳᠤ ᠬᠤᠷᠠᠯᠳᠤᠭᠤᠯᠪᠠ᠃ ᠤᠷᠳᠤᠰ ᠬᠤᠳᠠ ᠶᠢᠨ ᠨᠠᠮ ᠤᠨ ᠬᠤᠷᠢᠶᠠᠨ ᠤ ᠱᠦᠵᠢ ᠯᠢ ᠯᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ  ᠶᠢᠨ ᠣᠷᠣᠯᠠᠭᠴᠢ ᠳᠠᠷᠤᠭ᠎ᠠ ᠳ᠋ᠦ᠋ ᠬᠤᠶ ᠯᠢᠶᠠᠩ ᠬᠤᠷᠠᠯ ᠢ ᠡᠷᠭᠢᠯᠡᠪᠡ᠃ ᠬᠤᠲᠠ ᠶᠢᠨ ᠠᠷᠠᠳ ᠤᠨ ᠲᠥᠯᠥᠭᠡᠯᠡᠭᠴᠢᠳ  ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠵᠠᠨ ᠯᠢᠨ᠂ ᠬᠤᠲᠠ ᠶᠢᠨ ᠤᠯᠤᠰ ᠲᠥᠷᠦ  ᠶᠢᠨ ᠵᠥᠪᠯᠡᠯᠭᠡᠨ ᠤ ᠲᠡᠷᠢᠭᠦᠯᠡᠭᠴᠢ ᠭᠤᠤ ᠵᠠᠨ ᠱᠧᠩ ᠵᠡᠷᠭᠡ ᠬᠤᠲᠠ ᠶᠢᠨ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠬᠤᠷᠠᠯ ᠳᠤ ᠣᠷᠣᠯᠴᠠᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠪᠦᠷᠢᠨᠴᠢᠮᠡᠭ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ  ᠤ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃      ᠯᠢ ᠯᠢ ᠠᠴᠠ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠨᠢ ᠪᠢᠳᠡᠨ ᠤ ᠰᠢᠨ᠎ᠡ ᠴᠠᠭ ᠦᠶ᠎ᠡ ᠶᠢᠨ ᠪᠦᠬᠦ ᠬᠤᠳᠠ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠳᠤ ᠴᠢᠭᠯᠡᠯ ᠢ ᠲᠣᠳᠣᠷᠬᠠᠢ ᠵᠢᠭᠠᠵᠤ ᠵᠢᠷᠤᠮᠯᠠᠯ ᠬᠠᠩᠭᠠᠵᠠᠢ᠃ ᠪᠦᠬᠦ ᠬᠤᠲᠠ ᠶᠢᠨ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠪᠦᠷᠢᠨ ᠬᠦᠢᠴᠡᠳ᠂ ᠵᠦᠪ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠤᠯᠪᠣᠭᠳᠠᠯ ᠪᠦᠬᠦᠢ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠪᠦᠬᠦ ᠬᠤᠲᠠ ᠶᠢᠨ ᠦᠨᠳᠦᠰᠦᠲᠡᠨ ᠤ ᠠᠵᠢᠯ ᠢ ᠢᠮᠠᠭᠲᠠ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠤᠷᠤᠭᠰᠢᠯᠠᠭᠤᠯᠬᠤ ᠶᠢ ᠪᠠᠲᠤᠯᠠᠬᠤ ᠬᠡᠷᠡᠭᠲᠡᠢ ᠬᠡᠵᠤ ᠵᠢᠭᠠᠨ ᠭᠠᠷᠭᠠᠪᠠ᠃      ᠯᠢ ᠯᠢ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ  ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ︽ᠲᠦᠷᠪᠡᠨ ᠬᠠᠷᠢᠴᠠᠭ᠎ᠠ︾ ᠶᠢ ᠭᠤᠶᠢᠪᠢᠰᠢ ᠦᠭᠡᠢ ᠰᠠᠶᠢᠲᠤᠷ ᠰᠢᠢᠳᠪᠦᠷᠢᠯᠡᠵᠦ᠂ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠭᠤᠶᠢᠪᠢᠰᠢ ᠦᠭᠡᠢ ᠪᠠᠶᠢᠭᠤᠯᠵᠤ᠂ ᠦᠨᠳᠦᠰᠦᠲᠡᠨ  ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠭᠤᠶᠢᠪᠢᠰᠢ ᠦᠭᠡᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠡᠭᠦᠳᠦᠨ ᠪᠠᠶᠢᠭᠤᠯᠤᠯᠲᠠ ᠶᠢ ᠭᠤᠶᠢᠪᠢᠰᠢ ᠦᠭᠡᠢ ᠰᠠᠶᠢᠲᠤᠷ ᠠᠳᠬᠤᠵᠤ᠂ ᠦᠨᠳᠦᠰᠦᠲᠡᠨ ᠨᠦᠭᠦᠳ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠵᠦ᠂ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠬᠤ ᠬᠡᠷᠡᠭᠲᠡᠢ᠃ ᠬᠦᠭᠵᠢᠯᠳᠡ ᠪᠣᠯ ᠲᠡᠷᠢᠭᠦᠨ ᠴᠢᠬᠤᠯᠠ ᠡᠭᠦᠷᠭᠡ ᠪᠣᠯᠬᠤ ᠶᠢ ᠪᠠᠷᠢᠮᠲᠠᠯᠠᠵᠤ᠂ ᠬᠥᠭᠵᠢᠯᠲᠡ ᠶᠢᠨ ᠲᠤᠯᠭᠠᠭᠤᠷᠢᠯᠠᠯ ᠢ ᠴᠢᠩᠭᠠᠳᠬᠠᠵᠤ᠂ ᠬᠤᠳᠠ ᠬᠥᠳᠡᠭᠡ ᠶᠢᠨ ᠬᠥᠭᠵᠢᠯᠲᠡ  ᠶᠢᠨ ᠳᠤᠲᠠᠭᠤᠳᠠᠯ ᠢ ᠨᠥᠬᠦᠪᠥᠷᠢᠯᠡᠵᠦ᠂ ᠤᠯᠠᠨ ᠨᠡᠶᠢᠲᠡ ᠶᠢᠨ ᠦᠢᠯᠡᠴᠢᠯᠡᠬᠡᠨ ᠤ ᠲᠡᠩᠴᠡᠬᠦᠷᠢᠵᠢᠯᠳᠡ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠨᠡᠶᠢᠭᠡᠮ ᠵᠢᠷᠤᠮ ᠤᠨ ᠣᠳᠣᠬᠢᠴᠢᠯᠠᠯᠲᠠ  ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠪᠠᠷ ᠵᠠᠰᠠᠬᠤ ᠶᠢ ᠪᠠᠷᠢᠮᠲᠠᠯᠠᠵᠤ᠂ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠪᠠᠷ ᠵᠠᠰᠠᠬᠤ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠦᠨᠳᠦᠰᠦᠲᠡᠨ ᠤ ᠬᠦᠴᠦᠨ ᠵᠦᠶᠯ ᠳᠤ ᠬᠤᠯᠪᠣᠭᠳᠠᠬᠤ ᠦᠵᠡᠯ ᠤᠬᠠᠮᠰᠠᠷ ᠤᠨ ᠬᠡᠯᠪᠡᠷᠢ ᠶᠢᠨ ᠠᠰᠠᠭᠤᠳᠠᠯ ᠢ ᠯᠠᠪᠳᠠᠭᠤᠨ ᠢᠶᠠᠷ ᠰᠢᠶᠳᠪᠦᠷᠢᠯᠡᠵᠦ᠂ ᠦᠨᠳᠦᠰᠦᠲᠡᠨ ᠤ ᠬᠦᠷᠢᠶᠡᠨ ᠳᠠᠬᠢ ᠡᠯ᠎ᠡ  ᠵᠦᠢᠯ ᠤᠨ ᠠᠶᠤᠯ ᠲᠦᠭᠰᠢᠭᠦᠷᠢ ᠬᠡᠮ ᠰᠣᠭᠤᠭ ᠢ ᠡᠷᠡᠰ ᠰᠡᠷᠭᠡᠶᠢᠯᠡᠬᠦ ᠬᠡᠷᠡᠭᠲᠡᠶ᠃ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠺᠠᠳ᠋ᠷ ᠤᠨ ᠡᠩᠨᠡᠭᠡᠨ ᠤ ᠪᠠᠶᠢᠭᠤᠯᠤᠯᠲᠠ  ᠶᠢ ᠦᠨᠡᠨ ᠬᠦ ᠴᠢᠩᠭᠠᠳᠬᠠᠵᠤ᠂ ᠦᠨᠳᠦᠰᠦᠨ ᠱᠠᠲᠤᠨ ᠤ ᠰᠠᠭᠤᠷᠢ ᠶᠢ ᠦᠷᠭᠦᠯᠵᠢᠯᠡᠨ ᠪᠠᠬᠢᠵᠢᠭᠦᠯᠵᠦ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠳᠤ ᠪᠠᠲᠤ ᠴᠢᠩᠭ᠎ᠠ ᠤᠯᠤᠰ ᠲᠦᠷᠦ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠳ᠋ᠦ᠋ ᠬᠤᠢ ᠯᠢᠶᠠᠩ ᠠᠴᠠ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ  ᠪᠠᠨ ᠳᠡᠭᠡᠭᠰᠢᠯᠡᠭᠦᠯᠵᠦ᠂ ᠤᠯᠤᠰ ᠲᠦᠷᠦ ᠶᠢᠨ ᠲᠠᠯ᠎ᠠ ᠪᠠᠷ ᠦᠨᠳᠦᠰᠦᠲᠡᠨ ᠤ ᠬᠠᠷᠢᠴᠠᠭ᠎ᠠ ᠶᠢ ᠡᠵᠡᠮᠳᠡᠵᠦ᠂ ᠦᠨᠳᠦᠰᠦᠲᠡᠨ ᠤ ᠠᠰᠠᠭᠤᠳᠠᠯ ᠳᠤ ᠬᠠᠨᠳᠤᠵᠤ᠂ ᠦᠨᠳᠦᠰᠦᠲᠡᠨ ᠤ ᠠᠵᠢᠯ ᠢ ᠰᠠᠶᠢᠲᠤᠷ ᠠᠳᠬᠤᠵᠤ᠂ ᠦᠨᠳᠦᠰᠦᠲᠡᠨ  ᠤ ᠠᠰᠠᠭᠤᠳᠠᠯ ᠢ ᠰᠢᠢᠳᠪᠦᠷᠢᠯᠡᠬᠦ᠂ ᠦᠨᠳᠦᠰᠦᠲᠡᠨ ᠤ ᠠᠵᠢᠯ ᠢ ᠰᠠᠶᠢᠲᠤᠷ ᠬᠢᠬᠦ ᠴᠢᠳᠠᠪᠤᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠲᠠ ᠶᠢᠨ ᠨᠠᠮ ᠤᠨ ᠬᠤᠷᠢᠶ᠎ᠠ ᠶᠢᠨ ᠦᠨᠳᠦᠰᠦᠲᠡᠨ ᠤ ᠠᠵᠢᠯ ᠤᠨ ᠲᠤᠬᠠᠢ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠭᠤᠣᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ᠂ ᠦᠨᠳᠦᠰᠦᠲᠡᠨ ᠤ ᠠᠵᠢᠯ ᠳᠤᠮᠳᠠᠬᠢ ᠴᠢᠬᠤᠯᠠ ᠶᠡᠭᠡ ᠬᠠᠷᠢᠴᠠᠭ᠎ᠠ ᠶᠢ ᠵᠥᠪ ᠰᠢᠢᠳᠪᠦᠷᠢᠯᠡᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠢ ᠥᠷᠨᠢᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠵᠡᠷᠭᠡ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠦᠭᠵᠢᠯᠳᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠵᠤ᠂ ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠬᠤ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ᠂ ᠵᠣᠷᠢᠭᠲᠠᠶ ᠪᠠᠷ ᠵᠢᠳᠬᠦᠯ ᠴᠢᠷᠮᠠᠶᠢᠯᠭ᠎ᠠ ᠭᠠᠷᠭᠠᠵᠤ᠂ ᠨᠢᠭᠲᠠ ᠬᠠᠮᠵᠢᠯᠴᠠᠨ᠂ ᠵᠣᠬᠢᠴᠠᠭᠤᠯᠵᠤ ᠬᠤᠯᠪᠣᠭᠠᠯᠠᠨ ᠬᠥᠳᠡᠯᠦᠯᠴᠡᠵᠦ᠂ ᠦᠨᠳᠦᠰᠦᠲᠡᠨ ᠤ ᠠᠵᠢᠯ ᠢ ᠠᠵᠤ ᠠᠬᠤᠶ ᠨᠡᠶᠢᠭᠡᠮ ᠤᠨ ᠡᠯ᠎ᠡ ᠬᠦᠷᠢᠶ᠎ᠡ᠂ ᠪᠥᠬᠦ ᠶᠠᠪᠤᠴᠠ ᠳᠤ ᠦᠨᠡᠨ ᠬᠦ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠶ ᠭᠡᠵᠦ ᠵᠢᠭᠠᠨ ᠭᠠᠷᠭᠠᠪᠠ᠃      ᠬᠤᠷᠠᠯ ᠢ ᠸᠢᠳᠢᠤ᠋ ᠬᠡᠯᠪᠡᠷᠢ ᠪᠠᠷ ᠬᠤᠷᠠᠯᠳᠤᠭᠤᠯᠵᠤ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ᠂ ᠡᠯ᠎ᠡ ᠬᠤᠰᠢᠭᠤ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ ᠨᠥᠬᠦᠳ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠬᠠᠮᠢᠶᠠᠷᠤᠯᠲᠠ ᠲᠠᠢ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ᠂ ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠬᠤᠲᠠ ᠶᠢᠨ ᠦᠨᠳᠦᠰᠦᠳᠡᠨ ᠤ ᠵᠦᠪᠯᠡᠯ ᠤᠨ ᠬᠤᠯᠪᠣᠭᠳᠠᠯ ᠪᠥᠬᠦᠶ ᠨᠥᠬᠦᠳ ᠭᠤᠤᠯ ᠬᠤᠷᠠᠯ ᠤᠨ ᠲᠠᠯᠠᠪᠠᠶ ᠳᠠᠬᠢ ᠬᠤᠷᠠᠯ ᠳᠤ ᠣᠷᠣᠯᠴᠠᠪᠠ᠃ ᠡᠯ᠎ᠡ ᠬᠤᠰᠢᠭᠤ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠢ ᠭᠠᠷᠭᠠᠪᠠ᠃
ᠢᠷᠡᠯᠲᠡ᠄ ᠣᠷᠳᠣᠰ ᠤᠨ ᠡᠳᠦᠷ ᠤᠨ ᠰᠣᠨᠢᠨ