ᠶᠦᠨ ᠭᠦᠸᠧ ᠱᠧᠩ ᠬᠥᠯᠥᠨ ᠪᠤᠶᠢᠷ ᠬᠤᠲᠠ ᠳᠤ ᠦᠨᠳᠦᠰᠦᠲᠡᠨ ᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2021/10/19
     10 ᠳ᠋ᠤᠭᠠᠷ ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠶᠦᠨ ᠭᠦᠸᠧ ᠱᠧᠩ ᠬᠥᠯᠥᠨ ᠪᠤᠶᠢᠷ ᠬᠤᠲᠠ ᠳᠤ ᠦᠨᠳᠦᠰᠦᠲᠡᠨ ᠤ ᠠᠵᠢᠯ ᠢ ᠪᠠᠶᠢᠴᠠᠭᠠᠨ ᠰᠤᠳᠤᠯᠪᠠ᠃
       ᠶᠦᠨ ᠭᠦᠸᠧ ᠱᠧᠩ ᠨᠠᠷ ᠬᠥᠯᠥᠨ ᠪᠤᠶᠢᠷ ᠬᠤᠳᠠ ᠶᠢᠨ ᠡᠸᠡᠩᠬᠢ ᠬᠤᠰᠢᠭᠤᠨ ᠤ ᠮᠦᠽᠧᠢ᠂ ᠦᠨᠳᠦᠰᠦᠲᠡᠨ ᠤ ᠰᠣᠶᠣᠯ ᠤᠨ ᠠᠵᠤ ᠦᠢᠯᠡᠰ ᠤᠨ ᠦᠢᠯᠡᠰ ᠪᠤᠰᠬᠠᠬᠤ ᠬᠦᠷᠢᠶᠡᠯᠡᠩ᠂ ᠰᠢᠨ᠎ᠡ ᠭᠤᠣᠯ ᠰᠤᠮᠤᠨ ᠤ ᠬᠤᠯᠪᠣᠭ᠎ᠠ ᠭᠠᠴᠠᠭᠠᠨ ᠤ ᠬᠠᠮᠲᠤ ᠶᠢᠨ ᠠᠵᠤ ᠠᠬᠤᠢ ᠪᠣᠯᠬᠤ ᠢᠳᠡᠰᠢᠨ ᠬᠤᠨᠢ ᠲᠡᠵᠢᠭᠡᠨ ᠦᠷᠡᠵᠢᠭᠦᠯᠬᠦ ᠲᠦᠷᠦᠯ ᠵᠦᠢᠯ ᠢ ᠰᠢᠨᠵᠢᠯᠡᠨ ᠪᠠᠶᠢᠴᠠᠭᠠᠵᠤ᠂ ᠲᠤᠬᠠᠢ ᠶᠢᠨ ᠲᠠᠯᠠᠪᠠᠢ ᠳᠤ ᠬᠤᠯᠪᠣᠭᠳᠠᠯ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠶᠢᠨ ᠬᠠᠮᠳᠤ ᠬᠠᠷᠢᠭᠤᠴᠠᠯᠭᠠᠲᠠᠳ ᠲᠠᠢ ᠭᠦᠨᠵᠡᠭᠡᠢ ᠶᠠᠷᠢᠯᠴᠠᠵᠤ᠂ ᠦᠨᠳᠦᠰᠦᠲᠡᠨ ᠤ ᠠᠵᠢᠯ ᠢ ᠥᠷᠨᠢᠭᠦᠯᠦᠭᠰᠡᠨ ᠪᠠᠶᠢᠳᠠᠯ ᠵᠢᠴᠢ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠡᠭᠦᠷᠭᠡ ᠶᠢᠨ ᠪᠡᠯᠡ ᠮᠥᠩᠭᠦ ᠶᠢᠨ ᠲᠦᠷᠦᠯ ᠵᠦᠢᠯ ᠤᠨ ᠠᠬᠢᠴᠠ ᠶᠢᠨ ᠪᠠᠶᠢᠳᠠᠯ᠂ ᠬᠤᠶᠢᠰᠢᠳᠠ ᠶᠢᠨ ᠬᠠᠮᠢᠶᠠᠷᠤᠯᠲᠠ ᠬᠠᠮᠠᠭᠠᠯᠠᠯᠲᠠ ᠪᠠ ᠠᠰᠢᠭ ᠣᠷᠣᠯᠭ᠎ᠠ ᠵᠡᠷᠭᠡ ᠶᠢ ᠨᠠᠷᠢᠨ ᠣᠶᠢᠯᠠᠭᠠᠪᠠ᠃
         ᠶᠦᠨ ᠭᠦᠸᠧ ᠱᠧᠩ᠂ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠤᠯ ᠰᠢᠵᠢᠮ ᠪᠤᠯᠭᠠᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠪᠣᠯᠤᠨ ᠡᠭᠦᠳᠦᠨ ᠪᠠᠶᠢᠭᠤᠯᠬᠤ ᠠᠵᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠠᠳᠬᠤᠵᠤ᠂ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠡᠭᠦᠷᠭᠡ ᠶᠢᠨ ᠲᠥᠷᠥᠯ ᠵᠦᠢᠯ ᠤᠨ ᠬᠡᠷᠡᠭᠯᠡᠯᠲᠡ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠦᠷᠭᠦᠯᠵᠢᠯᠡᠨ ᠳᠠᠶᠢᠴᠢᠯᠠᠵᠤ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠲᠠᠰᠤᠷᠠᠯᠲᠠ ᠥᠬᠡᠶ ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠵᠠᠢ᠃
ᠢᠷᠡᠯᠲᠡ᠄ ᠬᠥᠯᠥᠨ ᠪᠤᠶᠢᠷ ᠬᠤᠲᠠ ᠶᠢᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ