10 ᠳ᠋ᠤᠭᠠᠷ ᠰᠠᠷ᠎ᠠ ᠶᠢᠨ 15 ᠤ ᠡᠳᠦᠷ᠂ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠤᠨ | ᠬᠠᠮᠠᠭᠠᠯᠠᠯᠲᠠ ᠶᠢᠨ ᠦᠷ᠎ᠡ ᠪᠦᠲᠦᠭᠡᠯ ᠤᠨ ᠬᠥᠯᠥᠨ ᠪᠣᠶᠢᠷ ᠬᠤᠲᠠ ᠳᠠᠬᠢ ᠦᠵᠡᠬᠦᠯᠬᠡ ᠤᠩᠰᠢᠯᠭ᠎ᠠ ᠶᠢᠨ ᠰᠠᠭᠤᠷᠢᠨ | ᠭᠠᠵᠠᠷ ᠡᠷᠦᠬᠡ ᠪᠠᠨ ᠰᠡᠬᠦᠪᠡ᠃ | | | | | ︽ᠦᠵᠡᠬᠦᠯᠬᠡ ᠤᠩᠰᠢᠯᠭ᠎ᠠ ᠶᠢᠨ ᠰᠠᠭᠤᠷᠢᠨ ᠭᠠᠵᠠᠷ︾ ᠬᠥᠯᠥᠨ ᠪᠣᠶᠢᠷ ᠬᠤᠲᠠ ᠶᠢᠨ ᠨᠣᠮ ᠤᠨ ᠰᠠᠩ ᠳᠤ | ᠪᠤᠢ᠂ ᠥᠪᠥᠷ ᠮᠣᠩᠭᠤᠯ ᠤᠨ ᠰᠤᠳᠤᠷ ᠪᠢᠴᠢᠭ ᠰᠤᠳᠤᠯᠬᠤ ᠲᠠᠰᠤᠭ᠂ ᠥᠪᠥᠷ ᠮᠣᠩᠭᠤᠯ ᠤᠨ ᠰᠣᠶᠣᠯ ᠤᠨ ᠬᠡᠪᠯᠡᠯ ᠤᠨ | ᠬᠤᠷᠢᠶ᠎ᠠ᠂ ᠬᠥᠯᠥᠨ ᠪᠣᠶᠢᠷ ᠬᠤᠲᠠ ᠶᠢᠨ ᠦᠨᠳᠦᠰᠦᠲᠡᠨ ᠤ ᠵᠥᠪᠯᠡᠯ ᠠᠴᠠ ᠬᠠᠮᠲᠤᠷᠠᠨ ᠡᠬᠦᠰᠬᠡᠨ ᠪᠠᠶᠢᠭᠤᠯᠤᠭᠰᠠᠨ | ᠡᠨᠡ ᠬᠦ ᠰᠠᠭᠤᠷᠢᠨ ᠭᠠᠵᠠᠷ ᠨᠢ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ | ᠪᠠᠶᠢᠴᠠᠭᠠᠬᠤ ᠦᠶ᠎ᠡ ᠶᠢᠨ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠤᠨ ᠠᠵᠢᠯ ᠤᠨ ᠲᠤᠬᠠᠶ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠣᠮ ᠤᠨ ᠰᠠᠩ ᠳᠤ | ᠲᠦᠰᠢᠭᠯᠡᠨ ᠰᠣᠶᠣᠯ ᠤᠨ ᠥᠪ ᠬᠥᠷᠥᠩᠭᠡ ᠶᠢ ᠬᠠᠮᠠᠭᠠᠯᠠᠵᠤ᠂ ᠨᠡᠶᠢᠭᠡᠮ ᠤᠨ ᠬᠥᠮᠦᠵᠢᠯ ᠢ ᠦᠷᠨᠢᠬᠦᠯᠵᠤ᠂ ᠵᠢᠭᠠᠨ | ᠰᠤᠷᠭᠠᠯᠲᠠ ᠰᠢᠨᠵᠢᠯᠡᠬᠦ ᠤᠬᠠᠭᠠᠨ ᠤ ᠰᠤᠳᠤᠯᠭᠠᠨ ᠳᠤ ᠦᠶᠯᠡᠴᠢᠯᠡᠬᠦ ᠴᠢᠳᠠᠮᠵᠢ ᠲᠠᠢ ᠪᠠᠶᠢᠯᠭᠠᠵᠤ᠂ ᠴᠥᠭᠡᠨ ᠲᠣᠭᠠᠲᠤ | ᠦᠨᠳᠦᠰᠦᠲᠡᠨ ᠤ ᠰᠤᠳᠤᠷ ᠪᠢᠴᠢᠭ ᠤᠨ ᠦᠷ᠎ᠡ ᠪᠦᠲᠦᠭᠡᠯ ᠤᠨ ᠴᠤᠭᠯᠠᠭᠤᠯᠭ᠎ᠠ ᠦᠵᠡᠬᠦᠯᠬᠡ ᠤᠩᠰᠢᠯᠭ᠎ᠠ ᠪᠠ | ᠤᠬᠠᠭᠤᠯᠤᠨ ᠠᠰᠢᠭᠯᠠᠬᠤ ᠲᠠᠪᠴᠠᠩ ᠢ ᠪᠤᠢ ᠪᠤᠯᠭᠠᠵᠤ᠂ ᠲᠤᠰ ᠭᠠᠵᠠᠷ ᠣᠷᠣᠨ ᠤ ᠲᠡᠦᠬᠡ ᠰᠣᠶᠣᠯ ᠢ ᠰᠤᠳᠤᠯᠬᠤ᠂ | ᠬᠠᠮᠠᠭᠠᠯᠠᠬᠤ ᠪᠠ ᠠᠰᠢᠭᠯᠠᠬᠤ ᠳᠤ ᠦᠶᠯᠡᠴᠢᠯᠡᠭᠡ ᠬᠠᠩᠭᠠᠬᠤ ᠪᠠᠷ ᠵᠤᠷᠢᠯᠭ᠎ᠠ ᠪᠠᠨ ᠪᠤᠯᠭᠠᠵᠠᠢ᠃ ᠣᠳᠣ ᠤᠯᠤᠰ ᠲᠥᠷᠥ᠂ | ᠠᠵᠤ ᠠᠬᠤᠶ᠂ ᠭᠦᠨ ᠤᠬᠠᠭᠠᠨ᠂ ᠠᠨᠠᠭᠠᠬᠤ ᠤᠬᠠᠭᠠᠨ᠂ ᠬᠠᠤᠯᠢ ᠴᠠᠭᠠᠵᠠ᠂ ᠲᠡᠦᠬᠡ᠂ ᠱᠠᠰᠢᠨ ᠰᠤᠷᠲᠠᠬᠤᠨ᠂ ᠴᠡᠷᠢᠭ | ᠤᠨ ᠶᠠᠪᠤᠳᠠᠯ᠂ ᠭᠠᠵᠠᠷ ᠵᠦᠢ᠂ ᠣᠳᠣᠨ ᠣᠷᠣᠨ ᠤᠨ ᠲᠤᠭᠠᠯᠠᠯ᠂ ᠤᠳᠬ᠎ᠠ ᠵᠣᠬᠢᠶᠠᠯ ᠤᠷᠠᠯᠢᠭ᠂ ᠦᠭᠡ ᠬᠡᠯᠡ ᠦᠰᠦᠭ | ᠪᠢᠴᠢᠭ ᠵᠡᠷᠭᠡ ᠬᠦᠷᠢᠶᠡᠨ ᠳᠠᠬᠢ ᠦᠨᠳᠦᠰᠦᠲᠡᠨ ᠤ ᠰᠤᠳᠤᠷ ᠪᠢᠴᠢᠭ ᠤᠨ ᠬᠠᠮᠠᠭᠠᠯᠠᠯᠲᠠ ᠶᠢᠨ ᠦᠷ᠎ᠡ ᠪᠦᠲᠦᠭᠡᠯ ᠤᠨ | 4000 ᠭᠠᠷᠤᠶ ᠳᠡᠪᠲᠡᠷ ᠨᠤᠮ ᠢ ᠲᠡᠯᠬᠡᠨ ᠦᠵᠡᠬᠦᠯᠵᠤ ᠪᠤᠶ᠃ | | | |