ᠲᠢᠩ·ᠪᠠᠭᠠᠲᠤᠷ ᠳᠤᠮᠳᠠᠳᠤ ᠤᠯᠤᠰ ᠤᠨ ᠪᠠᠭᠠᠴᠤᠳ ᠤᠨ ᠬᠤᠰᠢᠭᠤᠴᠢ ᠠᠩᠭᠢ  ᠪᠠᠶᠢᠭᠤᠯᠤᠭᠳᠠᠭᠰᠠᠨ 72 ᠵᠢᠯ ᠤᠨ ᠣᠶ ᠶᠢ ᠪᠡᠯᠭᠡᠯᠡᠬᠦ ᠰᠢᠯᠢ ᠶᠢᠨ ᠭᠤᠤᠯ ᠠᠶᠢᠮᠠᠭ ᠤᠨ ᠵᠢᠱᠢᠶ᠎ᠡ ᠦᠵᠡᠭᠦᠯᠬᠦ ᠴᠢᠨᠠᠷᠲᠠᠶ ᠭᠤᠤᠯ ᠰᠡᠳᠦᠪᠲᠦ ᠠᠩᠭᠢ ᠡᠳᠦᠷ ᠤᠨ ᠠᠵᠢᠯᠯᠠᠭ᠎ᠠ ᠳᠡᠭᠡᠷ᠎ᠡ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ  ᠲᠤ ᠬᠢᠴᠢᠶᠡᠯ ᠤᠷᠤᠪᠠ
ᠨᠡᠶᠢᠲᠡᠯᠡᠭᠰᠡᠨ ᠴᠠᠭ᠄
2021/10/19
     ᠣᠶᠢᠷ᠎ᠠ ᠳᠤ᠂ ᠰᠢᠯᠢ ᠶᠢᠨ ᠭᠤᠤᠯ ᠠᠶᠢᠮᠠᠭ ᠤᠨ ᠪᠠᠭᠠᠴᠤᠳ ᠤᠨ ᠬᠤᠰᠢᠭᠤᠴᠢ ᠠᠩᠭᠢ ᠶᠢᠨ ᠳᠤᠮᠳᠠᠳᠤ ᠤᠯᠤᠰ ᠤᠨ ᠪᠠᠭᠠᠴᠤᠳ ᠤᠨ ᠬᠤᠰᠢᠭᠤᠴᠢ ᠠᠩᠭᠢ ᠪᠠᠶᠢᠭᠤᠯᠤᠭᠳᠠᠭᠰᠠᠨ 72 ᠵᠢᠯ ᠤᠨ ᠣᠶ ᠶᠢ ᠪᠡᠯᠭᠡᠯᠡᠬᠦ ᠵᠢᠱᠢᠶ᠎ᠡ ᠦᠵᠡᠭᠦᠯᠬᠦ ᠴᠢᠨᠠᠷᠲᠠᠶ ᠭᠤᠤᠯ ᠰᠡᠳᠦᠪᠲᠦ ᠠᠩᠭᠢ ᠶᠢᠨ ᠡᠳᠦᠷ ᠤᠨ ᠠᠵᠢᠯᠯᠠᠭ᠎ᠠ ᠠᠪᠠᠭ᠎ᠠ ᠬᠤᠰᠢᠭᠤᠨ ᠳᠤ ᠶᠠᠪᠤᠭᠳᠠᠪᠠ᠃ ︽7·1︾ ᠤ ᠭᠠᠪᠢᠶᠠᠨ ᠲᠡᠮᠳᠡᠭ ᠬᠦᠷᠲᠡᠭᠴᠢ ᠲᠢᠩ· ᠪᠠᠭᠠᠲᠤᠷ ᠤᠷᠢᠯᠭ᠎ᠠ ᠪᠠᠷ ᠠᠵᠢᠯᠯᠠᠭ᠎ᠠ ᠳᠤ ᠣᠷᠣᠯᠴᠠᠭᠰᠠᠨ ᠪᠥᠭᠡᠳ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠲᠤ ᠠᠩᠭᠢ ᠶᠢᠨ ᠬᠢᠴᠢᠶᠡᠯ ᠢ ᠠᠮᠢᠳᠤᠯᠢᠭ ᠰᠠᠶᠢᠬᠠᠨ ᠶᠠᠷᠢᠵᠤ ᠥᠭᠪᠡ᠃
           ᠠᠵᠢᠯᠯᠠᠭ᠎ᠠ ᠶᠢᠨ ᠲᠤᠮᠳᠠ᠂ ᠲᠢᠩ · ᠪᠠᠭᠠᠲᠤᠷ ᠵᠠᠯᠠᠭᠤ ᠨᠠᠰᠤᠨ ᠠᠴᠠ ᠪᠠᠨ ᠮᠠᠯᠵᠢᠬᠤ ᠣᠷᠣᠨ ᠳᠤ ᠦᠨᠳᠦᠰᠦ ᠬᠠᠳᠬᠤᠨ 40 ᠵᠢᠯ ᠤᠨ ᠲᠤᠷᠰᠢᠳᠠ ᠮᠠᠯᠴᠢᠨ ᠲᠦᠮᠡᠨ ᠢᠶᠠᠨ ᠳᠠᠭᠠᠭᠤᠯᠤᠨ ᠠᠮᠢ ᠠᠬᠤᠶ ᠶᠢ ᠬᠠᠮᠠᠭᠠᠯᠠᠭᠰᠠᠨ᠂ ᠠᠵᠤ ᠠᠬᠤᠶ ᠶᠢ ᠬᠥᠭᠵᠢᠭᠦᠯᠦᠭᠰᠡᠨ᠂ ᠣᠷᠣᠯᠭ᠎ᠠ ᠶᠢ ᠨᠡᠮᠡᠭᠳᠡᠭᠦᠯᠦᠭᠰᠡᠨ ᠥᠩᠭᠡᠷᠡᠯᠲᠡ ᠪᠠᠨ ᠶᠠᠷᠢᠵᠤ᠂ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠤᠨ ᠰᠠᠶᠢᠲᠤᠷ ᠰᠤᠷᠤᠯᠴᠠᠵᠤ᠂ ᠴᠠᠭ ᠦᠶ᠎ᠡ ᠶᠢᠨ ᠬᠥᠭᠵᠢᠯᠲᠡ  ᠶᠢ ᠰᠠᠯᠤᠯ ᠥᠬᠡᠶ ᠳᠠᠭᠠᠵᠤ᠂ ᠬᠤᠵᠢᠮ ᠳᠤ ᠪᠠᠨ ᠲᠡᠷᠢᠭᠦᠨ ᠤ ᠰᠢᠨᠵᠢᠯᠡᠬᠦ ᠤᠬᠠᠭᠠᠨ ᠮᠡᠷᠭᠡᠵᠢᠯ ᠢᠶᠠᠷ ᠨᠤᠲᠤᠭ ᠪᠡᠯᠴᠢᠭᠡᠷ ᠢᠶᠠᠨ ᠬᠠᠮᠠᠭᠠᠯᠠᠵᠤ᠂ ᠮᠠᠯᠵᠢᠬᠤ ᠣᠷᠣᠨ ᠢᠶᠠᠨ ᠬᠥᠭᠵᠢᠭᠦᠯᠦᠨ᠂ ᠨᠤᠲᠤᠭ ᠣᠷᠣᠨ ᠢᠶᠠᠨ ᠪᠥᠲᠥᠭᠡᠨ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠭᠤᠶᠢᠪᠢᠰᠢ ᠥᠬᠡᠶ ᠪᠠᠳᠤᠳᠬᠠᠵᠤ᠂ ᠪᠣᠳᠠᠲᠤ ᠠᠵᠢᠯᠯᠠᠭ᠎ᠠ ᠪᠠᠷ ᠢᠶᠠᠨ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠬᠡᠷᠡᠭᠲᠡᠢ ᠭᠡᠵᠦ ᠵᠣᠷᠢᠭᠵᠢᠭᠤᠯᠵᠠᠢ᠃
           ᠡᠨᠡ ᠵᠢᠯ ᠠᠴᠠ ᠨᠠᠭᠠᠰᠢ᠂ ᠠᠪᠠᠭ᠎ᠠ ᠬᠤᠰᠢᠭᠤ ᠨᠢ ᠪᠦᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠳᠤᠮᠳᠠ ᠤᠯᠠᠭᠠᠨ ᠪᠦᠴᠡᠳᠡᠨ ᠤ ᠲᠡᠮᠳᠡᠭ ᠮᠡᠷᠡᠶᠢᠴᠡᠬᠦ ᠠᠵᠢᠯᠯᠠᠭ᠎ᠠ ᠶᠢ ᠡᠬᠢᠯᠡᠭᠦᠯᠵᠦ᠂ ᠲᠤᠬᠠᠢ ᠶᠢᠨ ᠭᠠᠵᠠᠷ ᠤᠨ ᠳᠠᠪᠠᠭᠤᠯᠢᠭ ᠣᠨᠴᠠᠯᠢᠭ ᠲᠠᠢ ᠪᠠᠨ ᠤᠶᠠᠯᠳᠤᠭᠤᠯᠤᠨ᠂ ᠥᠪᠡᠷᠮᠢᠴᠡ ᠣᠨᠴᠠᠯᠢᠭ ᠲᠠᠢ 2 ᠲᠡᠮᠳᠡᠭ ᠲᠤᠬᠢᠷᠠᠭᠤᠯᠵᠠᠢ᠃ ᠨᠢᠭᠡ ᠨᠢ ︽7·1︾ ᠤ ᠭᠠᠪᠢᠶᠠᠨ ᠲᠡᠮᠳᠡᠭ ᠬᠦᠷᠲᠡᠭᠴᠢ ᠲᠢᠩ· ᠪᠠᠭᠠᠲᠤᠷ ᠤᠨ ᠲᠠᠯ᠎ᠠ ᠨᠤᠲᠤᠭ ᠲᠤ ᠨᠤᠲᠤᠭᠰᠢᠭᠰᠠᠨ ᠰᠡᠳᠬᠢᠯ ᠬᠥᠳᠡᠯᠭᠡᠮ᠎ᠡ ᠦᠶᠯᠡ ᠠᠵᠢᠯᠯᠠᠭ᠎ᠠ ᠶᠢ ᠦᠨᠳᠦᠰᠦᠯᠡᠨ ︽ᠪᠢᠴᠢᠬᠠᠨ ᠬᠤᠰᠢᠭᠤᠴᠢ ᠶᠢᠨ ᠲᠡᠮᠳᠡᠭ︾ ᠭᠠᠷᠭᠠᠵᠤ᠂ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠤᠨ ᠬᠠᠷᠠᠬᠠᠨ ᠪᠠᠭ᠎ᠠ ᠠᠴᠠ ᠪᠠᠨ ᠬᠤᠰᠢᠭᠤᠴᠢ ᠠᠴᠠ ᠰᠤᠷᠤᠯᠴᠠᠵᠤ᠂ ᠬᠤᠵᠢᠮ ᠳᠤ ᠪᠠᠨ ᠬᠤᠰᠢᠭᠤᠴᠢ ᠪᠣᠯᠬᠤ ᠪᠠᠷ ᠴᠢᠷᠮᠠᠶᠢᠬᠤ ᠶᠢ ᠵᠣᠷᠢᠭᠵᠢᠭᠤᠯᠪᠠ᠃ ᠪᠠᠰᠠ ᠨᠢᠬᠡ ᠨᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠳᠤ ᠠᠩᠬᠠᠷᠤᠯ  ᠢᠶᠠᠨ ᠲᠥᠪᠯᠡᠷᠡᠭᠦᠯᠵᠦ᠂ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ ᠣᠶᠢᠯᠠᠭᠠᠭᠳᠠᠬᠤᠨ ᠢ ᠦᠶᠯᠡᠳᠦᠯᠭᠡᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠬᠥᠮᠦᠵᠢᠯ ᠢᠶᠠᠷ ︽ᠵᠢᠵᠢᠭ ᠠᠨᠠᠷ ᠤᠨ ᠦᠷ᠎ᠡ ᠶᠢᠨ ᠲᠡᠮᠳᠡᠭ︾ ᠢ ᠲᠣᠬᠢᠷᠠᠭᠤᠯᠵᠤ᠂ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠷᠡᠰ ᠪᠠᠲᠤ ᠬᠠᠮᠠᠭᠠᠯᠠᠭᠴᠢ ᠪᠣᠯᠬᠤ ᠶᠢ ᠵᠣᠷᠢᠭᠵᠢᠭᠤᠯᠪᠠ᠃ ᠠᠵᠢᠯᠯᠠᠭ᠎ᠠ ᠶᠢᠨ ᠳᠤᠮᠳᠠ᠂ ᠠᠪᠠᠭ᠎ᠠ ᠬᠤᠰᠢᠭᠤ ᠨᠢ ᠠᠩᠬᠠᠨ ᠤ ᠪᠦᠯᠦᠭ ᠤᠨ ︽ᠵᠢᠵᠢᠭ ᠠᠨᠠᠷ ᠤᠨ ᠦᠷ᠎ᠡ ᠶᠢᠨ ᠲᠡᠮᠳᠡᠭ︾᠂ ︽ᠪᠢᠴᠢᠬᠠᠨ ᠬᠤᠰᠢᠭᠤᠴᠢ ᠶᠢᠨ ᠲᠡᠮᠳᠡᠭ︾ ᠬᠦᠷᠳᠡᠭᠰᠡᠨ ᠪᠠ ︽ᠬᠤᠰᠢᠭᠤᠴᠢ ᠳᠤᠮᠳᠠ ᠠᠩᠭᠢ︾ ᠶᠢᠨ ᠠᠯᠳᠠᠷ ᠬᠦᠷᠳᠡᠭᠰᠡᠨ ᠬᠠᠮᠲᠤ ᠨᠡᠶᠢᠳᠡ ᠪᠠ ᠬᠤᠪᠢ ᠬᠥᠮᠦᠨ ᠳᠤ ᠲᠡᠮᠳᠡᠭ ᠣᠯᠭᠤᠬᠤ᠂ ᠲᠤᠭ ᠭᠠᠷᠳᠠᠭᠤᠯᠬᠤ ᠶᠣᠰᠣᠯᠠᠯ ᠶᠠᠪᠤᠭᠤᠯᠪᠠ᠃
ᠢᠷᠡᠯᠲᠡ᠄ ᠰᠢᠯᠢ ᠶᠢᠨ ᠭᠤᠤᠯ ᠠᠶᠢᠮᠠᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ