ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠣᠨᠣᠯ ᠤᠨ ᠰᠤᠳᠤᠯᠤᠨ ᠶᠠᠷᠢᠯᠴᠠᠬᠤ ᠬᠤᠷᠠᠯ ᠢ ᠬᠥᠬᠡᠬᠤᠲᠠ ᠳᠤ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/10/19
     10 ᠳ᠋ᠤᠭᠠᠷ ᠰᠠᠷ᠎ᠠ ᠶᠢᠨ 17 ᠤ ᠡᠳᠦᠷ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠤᠯ ᠰᠢᠵᠢᠮ ᠪᠣᠯᠭᠠᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ︾ ᠣᠨᠣᠯ ᠤᠨ ᠰᠤᠳᠤᠯᠤᠨ ᠶᠠᠷᠢᠯᠴᠠᠬᠤ ᠬᠤᠷᠠᠯ ᠢ ᠬᠥᠬᠡᠬᠤᠲᠠ ᠳᠤ ᠬᠤᠷᠠᠯᠳᠤᠭᠤᠯᠪᠠ᠃ ᠪᠦᠬᠦ ᠤᠯᠤᠰ ᠤᠨ ᠡᠯ᠎ᠡ ᠭᠠᠵᠠᠷ ᠤᠨ ᠶᠡᠭᠡ ᠳᠡᠭᠡᠳᠦ ᠰᠤᠷᠭᠠᠭᠤᠯᠢ᠂ ᠰᠤᠳᠤᠯᠭᠠᠨ ᠤ ᠪᠠᠶᠢᠭᠤᠯᠤᠮᠵᠢ ᠶᠢᠨ ᠵᠠᠭᠤ ᠭᠠᠷᠤᠢ ᠦᠨᠳᠦᠰᠦᠲᠡᠨ ᠤ ᠠᠰᠠᠭᠤᠳᠠᠯ ᠤᠨ ᠰᠤᠳᠤᠯᠭᠠᠨ ᠤ ᠡᠷᠳᠡᠮᠲᠡᠨ᠂ ᠲᠤᠰᠬᠠᠢ ᠮᠡᠷᠭᠡᠵᠢᠯᠲᠡᠨ ᠣᠷᠣᠯᠴᠠᠵᠤ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠠᠮᠲᠤ ᠪᠠᠷ ᠰᠤᠷᠤᠯᠴᠠᠨ ᠲᠤᠭᠤᠰᠢᠯᠠᠭᠤᠯᠵᠤ᠂ ᠮᠠᠨ ᠤ ᠤᠯᠤᠰ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠠᠷᠭ᠎ᠠ ᠵᠠᠮ ᠤᠨ ᠲᠤᠬᠠᠢ ᠰᠤᠳᠤᠯᠤᠨ ᠶᠠᠷᠢᠯᠴᠠᠪᠠ᠃      ᠣᠨᠣᠯ ᠤᠨ ᠰᠤᠳᠤᠯᠤᠨ ᠶᠠᠷᠢᠯᠴᠠᠬᠤ ᠬᠤᠷᠠᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ᠂ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠬᠰᠠᠭᠠᠳᠠᠨ ᠵᠦᠢ ᠪᠠ ᠬᠥᠮᠦᠨ ᠵᠦᠢ ᠰᠤᠳᠤᠯᠬᠤ ᠭᠠᠵᠠᠷ ᠠᠴᠠ ᠭᠤᠤᠯᠯᠠᠨ ᠡᠷᠭᠢᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠳᠤᠮᠳᠠᠳᠤ ᠤᠯᠤᠰ ᠤᠨ ᠦᠨᠳᠦᠰᠦᠲᠡᠨ ᠤ ᠰᠤᠳᠤᠯᠭᠠᠨ ᠤ ᠪᠦᠯᠬᠦᠮ ᠤᠨ ᠬᠤᠯᠪᠣᠭᠠᠲᠤ ᠬᠤᠷᠠᠯ ᠠᠴᠠ ᠲᠠᠭᠠᠭᠠᠨ ᠡᠷᠭᠢᠯᠡᠪᠡ᠃      ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠳᠡᠳ᠋ ᠳᠠᠷᠤᠭ᠎ᠠ ᠸᠠᠩ ᠯᠢᠩ ᠬᠦᠢ ᠢᠯᠡᠳᠬᠡᠯ ᠬᠢᠬᠦ ᠳᠤ ᠪᠠᠨ᠂ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠶᠢᠨ ᠵᠠᠩᠭᠢᠯᠠᠭ᠎ᠠ ᠨᠢ ︽ᠤᠯᠤᠰ ᠤᠨ ᠲᠤᠮᠤ ᠶᠠᠪᠤᠳᠠᠯ︾ ᠢ ᠪᠠᠲᠤ ᠴᠡᠭᠡᠵᠢᠯᠡᠬᠦ ᠳᠤ ᠪᠤᠢ᠃ ᠡᠨᠡ ᠬᠦ ︽ᠤᠯᠤᠰ ᠤᠨ ᠲᠤᠮᠤ ᠶᠠᠪᠤᠳᠠᠯ︾ ᠪᠤᠯ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠪᠠᠶᠢᠯᠳᠤᠬᠤ ᠪᠤᠳᠤᠯᠭ᠎ᠠ ᠶᠢᠨ ᠪᠦᠬᠦ ᠲᠠᠯ᠎ᠠ  ᠠᠴᠠ ᠭᠠᠷᠳᠠᠨ ᠬᠦᠴᠦᠯᠡᠵᠦ᠂ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠪᠠᠷ ᠳᠠᠮᠵᠢᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠶᠠᠪᠤᠴᠠ ᠳᠠᠬᠢ ᠰᠦᠷ ᠳᠠᠯᠠᠶᠢᠴᠠᠲᠠᠢ ᠠᠤᠭ᠎ᠠ ᠬᠦᠴᠦᠨ᠂ ᠴᠠᠭ ᠦᠶ᠎ᠡ ᠶᠢᠨ ᠬᠦᠴᠦᠷᠬᠡᠭ ᠬᠦᠴᠦᠨ᠂ ᠡᠷᠡᠮᠡᠭᠡᠶᠢᠯᠡᠨ ᠲᠡᠮᠡᠴᠡᠭᠦ ᠳᠠᠭᠠᠭᠠᠮᠠᠭᠠᠢ ᠬᠦᠴᠦᠨ ᠢ ᠨᠢᠭᠲᠠᠷᠠᠭᠤᠯᠬᠤ ᠶᠠᠪᠤᠳᠠᠯ ᠪᠤᠯᠬᠤ ᠶᠤᠮ᠃ ᠡᠨᠡ ᠬᠦ ︽ᠤᠯᠤᠰ ᠤᠨ ᠲᠤᠮᠤ ᠶᠠᠪᠤᠳᠠᠯ︾ ᠪᠤᠯ ᠦᠨᠳᠦᠰᠦᠲᠡᠨ ᠤ ᠠᠵᠢᠯ ᠤᠨ ᠡᠨᠡ ᠬᠦ ᠠᠰᠠᠭᠤᠳᠠᠯ ᠳᠡᠭᠡᠷ᠎ᠡ᠂ ᠨᠠᠮ ᠪᠠ ᠤᠯᠤᠰ ᠤᠨ ᠠᠵᠢᠯ ᠤᠨ ᠶᠡᠭᠡ ᠲᠠᠯ᠎ᠠ ᠪᠠ ᠦᠨᠳᠦᠰᠦᠲᠡᠨ ᠤ ᠠᠵᠢᠯ ᠤᠨ ᠶᠡᠭᠡ ᠲᠠᠯ᠎ᠠ ᠳᠤ ᠬᠤᠯᠪᠣᠭᠳᠠᠬᠤ ᠦᠨᠳᠦᠰᠦᠨ ᠴᠢᠨᠠᠷᠲᠠᠢ᠂ ᠪᠦᠬᠦ ᠲᠠᠯ᠎ᠠ ᠶᠢᠨ ᠴᠢᠨᠠᠷᠲᠠᠢ᠂ ᠠᠯᠤᠰ ᠬᠡᠳᠦ ᠶᠢᠨ ᠴᠢᠨᠠᠷᠲᠠᠢ ᠠᠰᠠᠭᠤᠳᠠᠯ ᠢ ᠴᠢᠳᠠᠮᠠᠭᠠᠢ ᠪᠣᠳᠣᠯᠬᠢᠯᠠᠵᠤ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ᠂ ᠰᠢᠰᠲ᠋ᠧᠮᠲᠦ ᠴᠢᠨᠠᠷᠲᠠᠢ᠂ ᠲᠥᠰᠥᠭᠡᠯᠡᠯᠲᠦ ᠴᠢᠨᠠᠷᠲᠠᠢ ᠰᠤᠳᠤᠯᠤᠯ ᠲᠦᠰᠦᠪᠯᠡᠯ ᠢ ᠴᠢᠩᠭᠠᠳᠬᠠᠬᠤ ᠶᠠᠪᠤᠳᠠᠯ ᠪᠤᠯᠬᠤ ᠶᠤᠮ᠃ ᠬᠥᠭᠵᠢᠯᠲᠡ ᠶᠢᠨ ᠱᠠᠳᠤ ᠶᠢ ᠡᠵᠡᠮᠳᠡᠭᠦ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠴᠣᠭᠴᠠᠯᠠᠬᠤ ᠳᠤᠮᠳᠠ ᠤᠯᠤᠰ ᠲᠦᠷᠦ ᠶᠢᠨ ᠴᠢᠳᠠᠪᠤᠷᠢ᠂ ᠪᠠᠶᠢᠯᠳᠤᠬᠤ ᠪᠤᠳᠤᠯᠭ᠎ᠠ ᠶᠢᠨ ᠬᠠᠷᠠᠴᠠ᠂ ᠲᠤᠰᠬᠠᠢ ᠮᠡᠷᠭᠡᠵᠢᠯ ᠤᠨ ᠲᠦᠪᠰᠢᠨ ᠢᠶᠠᠨ ᠳᠡᠭᠡᠭᠰᠢᠯᠡᠭᠦᠯᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ᠂ ᠴᠢᠳᠠᠮᠠᠭᠠᠢ ᠪᠠᠷ ᠠᠵᠢᠯᠯᠠᠵᠤ᠂ ᠰᠢᠨ᠎ᠡ ᠴᠠᠭ ᠦᠶ᠎ᠡ ᠰᠢᠨ᠎ᠡ ᠱᠠᠳᠤ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠲᠦᠷᠦ ᠶᠢᠨ ᠪᠤᠳᠤᠯᠭ᠎ᠠ ᠪᠠ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠪᠡ᠃      ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠵᠣᠬᠢᠴᠠᠭᠤᠯᠤᠨ ᠠᠬᠢᠭᠤᠯᠬᠤ ᠵᠤᠷᠭᠠᠨ ᠤ ᠳᠡᠳ᠋ ᠳᠠᠷᠤᠭ᠎ᠠ ᠸᠠᠩ ᠬᠠᠢ ᠴᠢᠩ ᠭᠤᠣᠯ ᠵᠤᠷᠢᠯᠳᠠᠳᠤ ᠶᠠᠷᠢᠶ᠎ᠠ ᠳᠤ ᠪᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠨᠢ ᠲᠦᠢᠯ ᠤᠨ ᠴᠢᠬᠤᠯᠠ ᠲᠡᠦᠬᠡᠲᠦ ᠠᠴᠢ ᠬᠤᠯᠪᠣᠭᠳᠠᠯ ᠲᠠᠢ ᠶᠤᠮ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢᠨ ᠲᠣᠬᠲᠠᠯᠴᠠᠭ᠎ᠠ ᠠᠴᠠ ᠦᠵᠡᠪᠡᠯ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠣᠯ ᠬᠠᠮᠤᠭ ᠤᠨ ᠰᠢᠨ᠎ᠡ ᠤᠨᠤᠯ ᠲᠦᠷᠦ ᠶᠢᠨ ᠪᠤᠳᠤᠯᠭ᠎ᠠ ᠶᠢᠨ ᠦᠷ᠎ᠡ ᠪᠦᠲᠦᠭᠡᠯ ᠮᠥᠨ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠨᠠᠮ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠳᠤ ᠲᠤᠯᠭᠠᠷᠠᠵᠤ ᠪᠠᠶᠢᠭ᠎ᠠ ᠰᠢᠨ᠎ᠡ ᠠᠰᠠᠭᠤᠳᠠᠯ ᠠᠴᠠ ᠭᠠᠷᠳᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠤᠯ ᠰᠢᠵᠢᠮ ᠪᠤᠯᠭᠠᠵᠤ᠂ ᠦᠨᠳᠦᠰᠦᠲᠡᠨ ᠤ ᠠᠵᠢᠯ ᠳᠤ ᠠᠯᠢ ᠣᠯᠠᠨ ᠰᠢᠨ᠎ᠡ ᠨᠤᠲᠠᠯᠠᠯᠲᠠ ᠬᠢᠵᠦ᠂ ᠵᠠᠷᠢᠮ ᠪᠦᠲᠦᠮᠵᠢᠲᠡᠶ ᠲᠥᠷᠥ ᠶᠢᠨ ᠪᠣᠳᠣᠯᠭ᠎ᠠ ᠶᠢ ᠪᠠᠷᠢᠮᠳᠠᠯᠠᠵᠤ᠂ ᠴᠠᠭ ᠤᠨ ᠪᠠᠶᠢᠳᠠᠯ ᠳᠤ ᠦᠯᠦ ᠲᠤᠬᠢᠷᠠᠬᠤ ᠵᠠᠷᠢᠮ ᠲᠦᠷᠦ ᠶᠢᠨ ᠪᠤᠳᠤᠯᠭ᠎ᠠ ᠳᠤ ᠲᠠᠬᠢᠨ ᠪᠦᠲᠦᠭᠡᠭᠦ ᠴᠢᠨᠠᠷᠲᠠᠢ ᠥᠭᠡᠷᠡᠴᠢᠯᠡᠯᠲᠡ ᠬᠢᠪᠡ︔ ᠮᠠᠨ ᠤ ᠤᠯᠤᠰ ᠤᠨ ᠦᠨᠳᠦᠰᠦᠲᠡᠨ ᠤ ᠬᠠᠷᠢᠴᠠᠭᠠᠨ ᠤ ᠬᠥᠭᠵᠢᠯᠲᠡ ᠶᠢᠨ ᠠᠬᠢᠴᠠ ᠠᠴᠠ ᠦᠵᠡᠪᠡᠯ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠣᠯ ᠦᠨᠳᠦᠰᠦᠲᠡᠨ ᠤ ᠬᠠᠷᠢᠴᠠᠭᠠᠨ ᠤ ᠬᠥᠭᠵᠢᠯᠲᠡ ᠶᠢᠨ ᠨᠡᠩ ᠥᠨᠳᠥᠷ ᠱᠠᠲᠤ ᠦᠶ᠎ᠡ ᠮᠥᠨ︔ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠬᠠᠷᠠᠭᠠᠰᠤ ᠠᠴᠠ ᠦᠵᠡᠪᠡᠯ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠣᠯ ᠭᠤᠣᠯ ᠡᠯᠧᠮᠧᠨ᠋ᠲ ᠮᠦᠨ︔ ᠨᠠᠮ ᠪᠣᠯᠤᠨ ᠤᠯᠤᠰ ᠤᠨ ᠠᠵᠢᠯ ᠦᠢᠯᠡᠰ ᠤᠨ ᠪᠦᠬᠦ ᠲᠠᠯ᠎ᠠ ᠠᠴᠠ ᠦᠵᠡᠪᠡᠯ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠣᠯ ᠮᠠᠨ ᠤ ᠨᠠᠮ ᠤᠨ ᠲᠦᠷᠦ ᠶᠢ ᠵᠠᠰᠠᠬᠤ ᠴᠢᠬᠤᠯᠠ ᠵᠠᠷᠴᠢᠮ ᠮᠦᠨ ᠭᠡᠪᠡ᠃      ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠬᠰᠠᠭᠠᠳᠠᠨ ᠵᠦᠢ ᠪᠠ ᠬᠥᠮᠦᠨ ᠵᠦᠢ ᠰᠤᠳᠤᠯᠬᠤ ᠭᠠᠵᠠᠷ ᠤᠨ ᠳᠠᠷᠤᠭ᠎ᠠ᠂ ᠰᠤᠳᠤᠯᠤᠭᠴᠢ ᠸᠠᠩ ᠶᠠᠨ ᠵᠦᠩ ᠭᠤᠣᠯ ᠵᠤᠷᠢᠯᠳᠠᠳᠤ ᠶᠠᠷᠢᠶ᠎ᠠ ᠳᠤ  ᠪᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠨᠢ ᠮᠠᠨ ᠤ ᠤᠯᠤᠰ ᠤᠨ ᠦᠨᠳᠦᠰᠦᠲᠡᠨ ᠤ ᠤᠨᠤᠯ ᠤᠨ ᠰᠤᠳᠤᠯᠭᠠᠨ ᠳᠤ ᠴᠢᠬᠤᠯᠠ ᠶᠡᠭᠡ ᠵᠢᠯᠣᠭᠤᠳᠬᠤ ᠠᠴᠢ ᠬᠤᠯᠪᠣᠭᠳᠠᠯ ᠲᠠᠢ ᠶᠤᠮ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠪᠣᠯ ᠰᠢᠨ᠎ᠡ ᠴᠠᠭ ᠦᠶ᠎ᠡ ᠶᠢᠨ ᠳᠤᠮᠳᠠᠳᠤ ᠶᠢᠨ ᠦᠨᠳᠦᠰᠦᠲᠡᠨ ᠤ ᠦᠵᠡᠯᠲᠡ ᠮᠥᠨ᠂ ᠡᠨᠡ ᠪᠣᠯ ᠨᠢᠭᠡᠨ ᠰᠢᠨ᠎ᠡ ᠦᠨᠳᠦᠰᠦᠲᠡᠨ ᠤ ᠦᠵᠡᠯᠲᠡ ᠮᠥᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠳᠤ ᠤᠨᠤᠯ ᠤᠨ ᠲᠤᠯᠭᠠᠭᠤᠷᠢᠯᠠᠯ ᠬᠠᠩᠭᠠᠪᠠ᠃ ᠡᠨᠡ ᠤᠳᠠᠭᠠᠨ ᠤ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠲᠦᠢᠯ ᠤᠨ ᠴᠢᠬᠤᠯᠠ ᠪᠣᠳᠠᠲᠤ ᠠᠴᠢ ᠬᠤᠯᠪᠣᠭᠳᠠᠯ ᠲᠠᠢ ᠪᠠᠷ ᠪᠠᠷᠠᠬᠤ ᠦᠭᠡᠢ ᠪᠠᠰᠠ ᠮᠠᠰᠢ ᠴᠢᠩᠭ᠎ᠠ ᠤᠨᠤᠯ ᠤᠨ ᠰᠢᠨ᠎ᠡ ᠶᠢ ᠡᠭᠦᠳᠦᠭᠰᠡᠨ ᠣᠨᠴᠠᠯᠢᠭ ᠲᠠᠢ ᠶᠤᠮ᠂ ᠬᠠᠮᠢᠶ᠎ᠠ ᠪᠦᠬᠦᠢ ᠥᠭᠦᠯᠡᠯᠲᠡ ᠨᠢ ᠤᠷᠳᠤ ᠬᠤᠭᠤᠴᠠᠭᠠᠨ ᠤ ᠲᠤᠷᠰᠢ ᠮᠠᠨ ᠤ ᠤᠯᠤᠰ ᠤᠨ ᠦᠨᠳᠦᠰᠦᠲᠡᠨ ᠤ ᠠᠵᠢᠯ ᠢ ᠲᠦᠪᠡᠭᠳᠡᠭᠦᠯᠵᠦ ᠪᠠᠶᠢᠭᠰᠠᠨ ᠴᠥᠭᠡᠨ ᠪᠤᠰᠤ ᠤᠨᠤᠯ ᠤᠨ ᠠᠳᠡᠭᠦᠷᠡᠯ ᠪᠣᠯᠤᠨ ᠦᠢᠯᠡᠳᠦᠯᠭᠡ ᠶᠢᠨ ᠲᠥᠭᠡᠷᠢᠭᠳᠡᠯ ᠢ ᠲᠤᠳᠤᠷᠠᠭᠤᠯᠤᠬᠰᠠᠨ ᠲᠤᠯᠠ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠶᠡᠭᠡ ᠦᠢᠯᠡᠳᠦᠯ ᠦᠵᠡᠭᠦᠯᠬᠦ ᠨᠢ ᠵᠠᠶᠢᠯᠠᠰᠢ ᠦᠭᠡᠢ ᠶᠤᠮ ᠬᠡᠪᠡ᠃      ᠤᠨᠤᠯ ᠤᠨ ᠰᠤᠳᠤᠯᠤᠨ ᠶᠠᠷᠢᠯᠴᠠᠬᠤ ᠬᠤᠷᠠᠯ ᠨᠢ ᠪᠠᠰᠠ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ᠂ ᠳᠤᠮᠳᠠᠳᠤ ᠶᠢᠨ ᠦᠨᠳᠦᠰᠦᠲᠡᠨ ᠤ ᠲᠡᠦᠬᠡ ᠶᠢᠨ ᠦᠵᠡᠯᠲᠡ ᠶᠢᠨ ᠰᠤᠳᠤᠯᠭᠠᠨ ᠢ ᠴᠢᠩᠭᠠᠳᠬᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ᠂ ᠳᠤᠮᠳᠠᠳᠤ ᠤᠯᠤᠰ ᠤᠨ ᠣᠨᠴᠠᠯᠢᠭ ᠲᠠᠢ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠢᠶᠠᠷ ᠵᠠᠮᠨᠠᠬᠤ ᠤᠬᠠᠮᠰᠠᠷᠲᠤ ᠴᠢᠨᠠᠷ ᠪᠣᠯᠤᠨ ᠡᠷᠡᠰ ᠪᠠᠲᠤᠴᠢ ᠴᠢᠨᠠᠷ ᠢ ᠴᠢᠩᠭᠠᠳᠬᠠᠬᠤ ᠵᠡᠷᠭᠡ ᠭᠤᠣᠯ ᠰᠡᠳᠦᠪ ᠤᠨ ᠲᠣᠭᠤᠷᠢᠨ ᠳᠤ 4 ᠬᠤᠪᠢᠶᠠᠷᠢ ᠶᠠᠷᠢᠶᠠᠨ ᠤ ᠲᠠᠪᠴᠠᠩ ᠢ ᠡᠷᠬᠢᠯᠡᠪᠡ᠃
ᠢᠷᠡᠯᠲᠡ᠄ ᠳᠤᠮᠳᠠᠳᠤ ᠶᠢᠨ ᠦᠨᠳᠦᠰᠦᠲᠡᠨ ᠰᠣᠨᠢᠨ