ᠳᠤᠮᠳᠠᠳᠤ ᠤᠯᠤᠰ ᠤᠨ ᠪᠠᠷᠠᠭᠤᠨ ᠣᠷᠣᠨ ᠤ ᠴᠥᠭᠡᠨ ᠲᠣᠭᠠᠲᠤ ᠦᠨᠳᠦᠰᠦᠲᠡᠨ ᠤ ᠲᠤᠤᠯᠢ ᠪᠠ ᠢᠷᠦᠭᠡᠯ ᠮᠠᠭᠲᠠᠭᠠᠯ ᠤᠨ ᠶᠡᠭᠡ ᠬᠤᠷᠠᠯ ᠬᠥᠬᠡᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2021/10/19
   
           10 ᠳ᠋ᠤᠭᠠᠷ ᠰᠠᠷ᠎ᠠ ᠶᠢᠨ 16 ᠤ ᠡᠳᠦᠷ ᠤᠨ ᠦᠳᠡ ᠶᠢᠨ ᠬᠤᠶᠢᠨ᠎ᠠ᠂ ᠳᠤᠮᠳᠠᠳᠤ ᠤᠯᠤᠰ ᠤᠨ ᠠᠷᠠᠳ ᠤᠨ ᠠᠮᠠᠨ ᠵᠣᠬᠢᠶᠠᠯ ᠤᠨ ᠶᠡᠭᠡ ᠰᠢᠰᠲ᠋ᠧᠮ ᠤᠨ ᠬᠡᠪᠯᠡᠯ ᠤᠨ ᠢᠨᠵᠧᠨᠧᠷᠢᠩ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ᠂ ᠳᠤᠮᠳᠠᠳᠤ ᠤᠯᠤᠰ ᠤᠨ ᠠᠷᠠᠳ ᠤᠨ ᠤᠳᠬ᠎ᠠ ᠤᠷᠠᠯᠢᠭᠴᠢᠳ ᠤᠨ ᠨᠡᠶᠢᠭᠡᠮᠯᠢᠭ᠂ ᠥᠪᠥᠷ ᠮᠣᠩᠭᠤᠯ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠥᠪᠥᠷ ᠮᠣᠩᠭᠤᠯ ᠤᠨ ᠠᠷᠠᠳ ᠤᠨ ᠤᠳᠬ᠎ᠠ ᠤᠷᠠᠯᠢᠭᠴᠢᠳ ᠤᠨ ᠨᠡᠶᠢᠭᠡᠮᠯᠢᠭ ᠠᠴᠠ ᠭᠤᠤᠯᠯᠠᠨ ᠡᠷᠭᠢᠯᠡᠭᠰᠡᠨ ᠳᠤᠮᠳᠠᠳᠤ ᠤᠯᠤᠰ ᠤᠨ ᠠᠷᠠᠳ ᠤᠨ ᠠᠮᠠᠨ ᠵᠣᠬᠢᠶᠠᠯ ᠤᠨ ᠶᠡᠭᠡ ᠰᠢᠰᠲ᠋ᠧᠮ ᠤᠨ ᠬᠡᠪᠯᠡᠯ ᠤᠨ ᠢᠨᠵᠧᠨᠧᠷᠢᠩ ᠤᠨ ᠨᠡᠶᠢᠭᠡᠮ ᠤᠨ ᠤᠬᠠᠭᠤᠯᠤᠨ ᠳᠡᠯᠭᠡᠷᠡᠭᠦᠯᠬᠦ ᠠᠵᠢᠯᠯᠠᠭ᠎ᠠ — 2021· ᠳᠤᠮᠳᠠᠳᠤ ᠤᠯᠤᠰ ᠤᠨ ᠪᠠᠷᠠᠭᠤᠨ ᠣᠷᠣᠨ ᠤ ᠴᠥᠭᠡᠨ ᠲᠣᠭᠠᠲᠤ ᠦᠨᠳᠦᠰᠦᠲᠡᠨ ᠤ ᠲᠤᠤᠯᠢ ᠪᠠ ᠢᠷᠦᠭᠡᠯ ᠮᠠᠭᠲᠠᠭᠠᠯ ᠤᠨ ᠶᠡᠭᠡ ᠬᠤᠷᠠᠯ ᠥᠪᠥᠷ ᠮᠣᠩᠭᠤᠯ ᠤᠨ ᠬᠥᠬᠡᠬᠤᠲᠠ ᠳᠤ ᠡᠬᠢᠯᠡᠪᠡ᠃
           ᠥᠪᠥᠷ ᠮᠣᠩᠭᠤᠯ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠵᠢᠢ ᠰᠢᠶᠤᠤ ᠴᠢᠩ ᠪᠠᠶᠠᠷ ᠤᠨ ᠦᠭᠡ ᠳᠤ ᠪᠠᠨ᠂ ᠴᠥᠭᠡᠨ ᠲᠣᠭᠠᠲᠤ ᠦᠨᠳᠦᠰᠦᠲᠡᠨ ᠤ ᠲᠤᠤᠯᠢ ᠪᠠ ᠢᠷᠦᠭᠡᠯ ᠮᠠᠭᠲᠠᠭᠠᠯ ᠪᠣᠯ ᠳᠤᠮᠳᠠᠳᠤ ᠤᠯᠤᠰ ᠤᠨ ᠠᠷᠠᠳ ᠤᠨ ᠤᠳᠬ᠎ᠠ ᠤᠷᠠᠯᠢᠭ ᠤᠨ ᠬᠤᠪᠣᠷ ᠨᠠᠨᠳᠢᠨ ᠡᠷᠳᠡᠨᠢᠰ ᠤᠨ ᠰᠠᠩ ᠮᠥᠨ᠂ ᠥᠪᠥᠷ ᠮᠣᠩᠭᠤᠯ ᠤᠨ ᠲᠤᠤᠯᠢ ᠪᠠ ᠢᠷᠦᠭᠡᠯ ᠮᠠᠭᠲᠠᠭᠠᠯ ᠨᠢ ᠨᠡᠩ ᠴᠤ ᠲᠡᠭᠦᠨ ᠤ ᠳᠣᠲᠣᠷᠠᠬᠢ ᠪᠠᠶᠠᠨ ᠬᠠᠳᠠᠭᠠᠯᠠᠭᠳᠠᠴᠠ ᠪᠤᠯᠬᠤ ᠶᠤᠮ᠃ ᠥᠷᠭᠡᠨ ᠠᠭᠤᠳᠠᠮ ᠥᠪᠥᠷ ᠮᠣᠩᠭᠤᠯ ᠤᠨ ᠡᠭᠡ ᠭᠠᠵᠠᠷ ᠳᠡᠭᠡᠷ᠎ᠡ᠂ ᠭᠤᠣᠯ ᠰᠡᠳᠦᠪ ᠨᠢ ᠠᠳᠠᠯᠢ ᠪᠤᠰᠤ᠂ ᠤᠷᠳᠤ ᠣᠬᠤᠷ ᠨᠢ ᠠᠳᠠᠯᠢ ᠪᠤᠰᠤ ᠶᠡᠭᠡ ᠬᠡᠮᠵᠢᠶᠡᠨ ᠤ ᠡᠷᠲᠡᠨ ᠤ ᠰᠣᠩᠭᠤᠳᠠᠭ ᠦᠨᠳᠦᠰᠦᠲᠡᠨ ᠤ ᠲᠤᠤᠯᠢ ᠤᠯᠠᠮᠵᠢᠯᠠᠬᠳᠠᠵᠤ ᠪᠠᠶᠢᠳᠠᠭ᠃ ᠪᠦᠷᠢᠨ ᠪᠤᠰᠤ ᠪᠦᠷᠢᠳᠬᠡᠯ ᠢ ᠦᠨᠳᠦᠰᠦᠯᠡᠪᠡᠯ᠂ ᠣᠶᠢᠷ᠎ᠠ ᠶᠢᠨ ᠵᠢᠯ ᠳᠤ ᠲᠤᠰᠬᠠᠶ ᠮᠡᠷᠭᠡᠵᠢᠯᠲᠡᠳ ᠡᠷᠳᠡᠮᠲᠡᠳ ᠤᠨ ᠥᠪᠥᠷ ᠮᠣᠩᠭᠤᠯ ᠳᠤ ᠴᠤᠭᠯᠠᠭᠤᠯᠤᠨ ᠡᠮᠬᠢᠳᠬᠡᠵᠦ ᠬᠡᠪᠯᠡᠭᠦᠯᠦᠭᠰᠡᠨ ᠡᠯ᠎ᠡ ᠲᠥᠷᠥᠯ ᠤᠨ ᠪᠠᠭᠠᠲᠤᠷᠯᠢᠭ ᠲᠤᠤᠯᠢ 100 ᠭᠠᠷᠤᠶ ᠪᠣᠳᠢ ᠪᠣᠶ᠂ ᠡᠨᠡ ᠨᠢ ᠴᠥᠭᠡᠨ ᠲᠣᠭᠠᠲᠤ ᠦᠨᠳᠦᠰᠦᠲᠡᠨ ᠤ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠬᠠᠮᠠᠭᠠᠯᠠᠬᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠶᠠᠯᠢᠭᠵᠢᠭᠤᠯᠬᠤ ᠳᠤ ᠢᠳᠡᠪᠬᠢᠲᠡᠶ ᠦᠢᠯᠡᠳᠦᠯ ᠦᠵᠡᠭᠦᠯᠦᠭᠰᠡᠨ ᠶᠤᠮ ᠭᠡᠵᠡᠢ᠃
           ᠲᠠᠨᠢᠯᠴᠠᠭᠤᠯᠤᠭᠰᠠᠨ ᠢᠶᠠᠷ᠂ ᠲᠣᠰ ᠤᠳᠠᠭᠠᠨ ᠤ ᠳᠤᠮᠳᠠᠳᠤ ᠤᠯᠤᠰ ᠤᠨ ᠪᠠᠷᠠᠭᠤᠨ ᠣᠷᠣᠨ ᠤ ᠴᠥᠭᠡᠨ ᠲᠣᠭᠠᠲᠤ ᠦᠨᠳᠦᠰᠦᠲᠡᠨ ᠤ ᠲᠤᠤᠯᠢ ᠪᠠ ᠢᠷᠥᠭᠡᠯ ᠮᠠᠭᠲᠠᠭᠠᠯ ᠤᠨ ᠶᠡᠭᠡ ᠬᠤᠷᠠᠯ ᠪᠣᠯ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠪᠠ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠦᠴᠦᠲᠡᠶ ᠠᠷᠭ᠎ᠠ ᠬᠡᠮᠵᠢᠶ᠎ᠡ ᠮᠥᠨ᠃ ᠥᠪᠥᠷ ᠮᠣᠩᠭᠤᠯ ᠨᠢ ᠪᠠᠰᠠ ᠲᠤᠤᠯᠢ ᠪᠠ ᠢᠷᠥᠭᠡᠯ ᠮᠠᠭᠲᠠᠭᠠᠯ ᠢ ᠬᠠᠮᠠᠭᠠᠯᠠᠵᠤ ᠤᠯᠠᠮᠵᠢᠯᠠᠬᠤ ᠶᠢ ᠰᠤᠳᠤᠯᠵᠤ ᠤᠬᠠᠭᠤᠯᠤᠨ ᠳᠡᠯᠭᠡᠷᠡᠭᠦᠯᠬᠦ᠂ ᠪᠤᠳᠠᠰ  ᠤᠨ ᠪᠤᠰᠤ ᠰᠤᠶᠤᠯ ᠤᠨ ᠦᠪ ᠢ ᠲᠡᠳᠭᠦᠨ ᠲᠡᠮᠵᠢᠭᠦ ᠪᠠᠷ ᠳᠠᠮᠵᠢᠭᠤᠯᠤᠨ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ︽ᠲᠠᠪᠤᠨ ᠮᠡᠳᠡᠷᠡᠭᠦᠢ︾ ᠶᠢ ᠨᠢ ᠲᠠᠰᠤᠷᠠᠯᠲᠠ ᠥᠬᠡᠶ ᠪᠠᠬᠢᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠨᠢ ᠪᠠᠳᠤᠳᠬᠠᠬᠤ ᠶᠢᠨ ᠬᠠᠮᠲᠤ ᠳᠡᠯᠭᠡᠨ ᠦᠵᠡᠭᠦᠯᠬᠦ᠂ ᠶᠠᠷᠢᠯᠴᠠᠬᠤ ᠬᠤᠷᠠᠯ ᠬᠤᠷᠠᠯᠳᠤᠭᠤᠯᠬᠤ᠂ ᠲᠤᠤᠯᠢ ᠶᠢᠨ ᠤᠷᠠᠯᠢᠭ ᠤᠨ ᠤᠯᠠᠮᠵᠢᠯᠠᠯ ᠤᠨ ᠬᠡᠯᠪᠡᠷᠢ ᠪᠠᠶᠢᠳᠠᠯ ᠪᠠ ᠠᠷᠠᠳ ᠤᠨ ᠤᠯᠠᠮᠵᠢᠯᠠᠯ ᠤᠨ ᠲᠣᠭᠲᠠᠴᠠ ᠵᠢᠴᠢ ᠰᠢᠨ᠎ᠡ ᠴᠠᠭ ᠦᠶ᠎ᠡ ᠶᠢᠨ ᠵᠣᠬᠢᠶᠠᠨ ᠪᠦᠲᠦᠭᠡᠯᠭᠡ ᠶᠢ ᠰᠢᠡᠵᠢᠯᠡᠨ ᠰᠤᠳᠤᠯᠬᠤ ᠵᠡᠷᠭᠡ ᠪᠣᠳᠠᠲᠠᠶ ᠠᠵᠢᠯᠯᠠᠭ᠎ᠠ ᠶᠢ ᠥᠷᠨᠢᠭᠦᠯᠵᠦ᠂ ᠥᠪᠥᠷ ᠮᠣᠩᠭᠤᠯ ᠤᠨ ᠠᠷᠠᠳ ᠤᠨ ᠤᠳᠬ᠎ᠠ ᠤᠷᠠᠯᠢᠭ᠂ ᠴᠢᠨᠠᠭᠰᠢᠯᠠᠪᠠᠯ ᠪᠠᠷᠠᠭᠤᠨ ᠬᠡᠰᠡᠭ ᠤᠨ ᠮᠤᠵᠢ ᠣᠷᠣᠨ ᠤ ᠠᠷᠠᠳ ᠤᠨ ᠤᠳᠬ᠎ᠠ ᠤᠷᠠᠯᠢᠭ ᠤᠨ ᠴᠡᠴᠡᠭᠯᠡᠯ ᠬᠥᠭᠵᠢᠯ ᠢ ᠪᠦᠲᠦᠮᠵᠢᠲᠡᠶ ᠠᠬᠢᠭᠤᠯᠵᠤ᠂ ᠨᠡᠶᠢᠭᠡᠮ ᠵᠢᠷᠤᠮ ᠤᠨ ᠤᠳᠬ᠎ᠠ ᠤᠷᠠᠯᠢᠭ ᠢ ᠴᠡᠴᠡᠭᠯᠡᠭᠦᠯᠦᠨ ᠬᠥᠭᠵᠢᠭᠦᠯᠬᠦ ᠳᠤ ᠢᠳᠡᠪᠬᠢᠲᠡᠶ ᠬᠤᠪᠢ ᠨᠡᠮᠡᠷᠢ ᠦᠵᠡᠭᠦᠯᠬᠦ ᠪᠣᠯᠣᠨ᠎ᠠ᠃
ᠢᠷᠡᠯᠲᠡ᠄ ᠳᠤᠮᠳᠠᠳᠤ ᠶᠢᠨ ᠦᠨᠳᠦᠰᠦᠲᠡᠨ ᠰᠣᠨᠢᠨ