ᠲᠠᠷᠢᠯᠭ᠎ᠠ ᠶᠢᠨ ᠵᠡᠭᠦᠦ ᠠᠴᠠ ᠨᠠᠮ ᠤᠨ ᠭᠢᠯᠪᠠᠭ᠎ᠠ ᠲᠤᠳᠤᠷᠠᠨ᠎ᠠ — ᠡᠵᠡᠨ᠎ᠡ ᠬᠤᠰᠢᠭᠤᠨ ᠤ ᠦᠨᠳᠦᠰᠦᠲᠡᠨ ᠤ ᠵᠥᠪᠯᠡᠯ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠦᠭᠰᠡᠨ ᠪᠣᠳᠠᠲᠤ ᠲᠡᠮᠳᠡᠭᠯᠡᠯ
ᠨᠡᠶᠢᠲᠡᠯᠡᠭᠰᠡᠨ ᠴᠠᠭ᠄
2021/10/28
     ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠳᠤᠮᠳᠠᠬᠢ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠠᠵᠢᠯ ᠤᠨ ᠬᠥᠳᠡᠯᠭᠡᠬᠦ ᠬᠦᠴᠦᠨ ᠪᠠ ᠣᠯᠠᠨ ᠲᠦᠮᠡᠨ ᠳᠤ ᠦᠢᠯᠡᠴᠢᠯᠡᠬᠦ ᠪᠣᠳᠠᠲᠤ ᠠᠵᠢᠯᠯᠠᠭ᠎ᠠ ᠪᠤᠯᠭᠠᠬᠤ ᠶᠢᠨ ᠲᠥᠯᠥᠭᠡ᠂ 9 ᠳ᠋ᠦ᠋ᠭᠡᠷ ᠰᠠᠷ᠎ᠠ ᠶᠢᠨ 29 ᠤ ᠡᠳᠦᠷ᠂ ᠬᠤᠰᠢᠭᠤᠨ ᠤ ᠦᠨᠳᠦᠰᠦᠲᠡᠨ ᠤ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠪᠠᠳᠤᠰᠦ᠋ᠬᠡ ᠨᠥᠬᠦᠷ ᠪᠥᠬᠦ ᠵᠥᠪᠯᠡᠯ ᠤᠨ ᠨᠠᠮ ᠤᠨ ᠭᠡᠰᠢᠭᠦᠨ ᠺᠠᠳ᠋ᠷ ᠢ ᠳᠠᠭᠠᠭᠤᠯᠤᠨ ᠰᠤᠪᠨᠠᠭᠤᠷ ᠰᠤᠮᠤ ᠶᠢᠨ ᠢᠪᠠᠤᠲᠤ ᠭᠠᠴᠠᠭᠠᠨ ᠳᠤ ᠬᠦᠷᠴᠦ᠂ ᠠᠮᠢᠲᠠᠨ ᠤ ᠬᠢᠵᠢᠭ ᠢ ᠰᠡᠷᠭᠡᠶᠢᠯᠡᠬᠦ ᠸᠠᠺᠼᠢᠨ ᠤ ᠲᠠᠷᠢᠯᠭ᠎ᠠ ᠶᠢᠨ ᠠᠵᠢᠯ ᠳᠤ ᠲᠤᠰᠠᠯᠠᠪᠠ᠃      ᠲᠥᠪᠯᠡᠷᠡᠭᠦᠯᠦᠨ ᠲᠠᠷᠬᠠᠯᠠᠭ᠎ᠠ ᠬᠢᠬᠦ ᠪᠣᠯ ᠠᠮᠢᠲᠠᠨ ᠤ ᠬᠢᠵᠢᠭ ᠡᠪᠡᠳᠴᠢᠨ ᠢ ᠪᠦᠲᠦᠮᠵᠢᠲᠡᠶ ᠰᠡᠷᠭᠡᠶᠢᠯᠡᠬᠦ ᠴᠢᠬᠤᠯᠠ ᠠᠷᠭ᠎ᠠ ᠪᠠᠷᠢᠯ ᠶᠤᠮ᠃ ᠲᠡᠷᠡ ᠨᠢ ᠮᠠᠯ ᠵᠢᠭᠦᠷᠲᠡᠨ ᠤ ᠬᠢᠵᠢᠭ ᠡᠪᠡᠳᠴᠢᠨ ᠡᠭᠦᠰᠬᠦ ᠪᠠ ᠳᠡᠯᠭᠡᠷᠡᠬᠦ ᠶᠢ ᠪᠦᠲᠦᠮᠵᠢᠲᠡᠶ ᠬᠢᠵᠠᠭᠠᠷᠯᠠᠬᠤ᠂ ᠮᠠᠯᠴᠢᠨ ᠲᠠᠷᠢᠶᠠᠴᠢᠨ ᠤ ᠠᠰᠢᠭ ᠲᠤᠰᠠ ᠶᠢ ᠬᠠᠮᠠᠭᠠᠯᠠᠨ᠂ ᠮᠠᠯ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠳᠤ ᠴᠢᠬᠤᠯᠠ ᠦᠢᠯᠡᠳᠦᠯ ᠥᠵᠡᠭᠦᠯᠳᠡᠭ ᠶᠤᠮ᠃ ᠰᠤᠪᠨᠠᠭᠤᠷ ᠰᠤᠮᠤ ᠶᠢᠨ ᠢᠪᠠᠤᠲᠤ ᠭᠠᠴᠠᠭᠠᠨ ᠤ ᠲᠠᠷᠬᠠᠯᠠᠭ᠎ᠠ ᠶᠢᠨ ᠠᠵᠢᠯ ᠳᠤ ᠳᠡᠮ ᠬᠦᠴᠤ ᠲᠤᠳᠠᠭᠳᠠᠵᠤ ᠪᠠᠶᠢᠬᠤ ᠶᠢ ᠮᠡᠳᠡᠭᠰᠡᠨ ᠤ ᠳᠠᠷᠠᠭ᠎ᠠ᠂ ᠬᠤᠰᠢᠭᠤᠨ ᠤ ᠦᠨᠳᠦᠰᠦᠲᠡᠨ ᠤ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠳᠠᠷᠤᠶ ᠲᠦᠷᠭᠡᠨ ᠪᠥᠬᠦ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ᠢᠪᠠᠤᠲᠤ ᠭᠠᠴᠠᠭ᠎ᠠ ᠳᠤ ᠬᠦᠷᠴᠦ᠂ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯ ᠢ ᠡᠮᠬᠢ ᠵᠢᠷᠤᠮ ᠲᠠᠢ ᠥᠷᠨᠢᠭᠦᠯᠬᠦ ᠶᠢ ᠬᠠᠮᠵᠢᠨ ᠠᠬᠢᠭᠤᠯᠵᠤ᠂ ᠮᠠᠯᠴᠢᠳ ᠲᠤ ᠲᠤᠰᠠᠯᠠᠨ ᠦᠨ᠎ᠡ ᠲᠥᠯᠥᠪᠦᠷᠢ ᠥᠬᠡᠶ ᠪᠠᠷ 700 ᠭᠠᠷᠤᠶ ᠪᠤᠭ ᠮᠠᠯ ᠳᠤ ᠲᠠᠷᠬᠠᠯᠠᠭ᠎ᠠ ᠶᠢᠨ ᠲᠠᠷᠢᠯᠭ᠎ᠠ ᠬᠢᠵᠤ᠂ ᠮᠠᠯ ᠠᠵᠤ ᠠᠬᠤᠶ ᠶᠢᠨ ᠦᠷ᠎ᠡ ᠠᠰᠢᠭ ᠤᠨ ᠨᠡᠮᠡᠭᠳᠡᠯᠲᠡ ᠪᠠ ᠮᠠᠯᠴᠢᠳ ᠤᠨ ᠠᠰᠢᠭ ᠲᠤᠰᠡ ᠶᠢ ᠴᠢᠷᠮᠠᠶᠢᠨ ᠪᠠᠲᠤᠯᠠᠪᠠ᠃
     
      ᠬᠤᠰᠢᠭᠤᠨ ᠤ ᠦᠨᠳᠦᠰᠦᠲᠡᠨ ᠤ ᠵᠥᠪᠯᠡᠯ ᠤᠨ ᠨᠠᠮ ᠤᠨ ᠭᠡᠰᠢᠭᠦᠨ ᠺᠠᠳ᠋ᠷ ᠦᠨ᠎ᠡ ᠲᠥᠯᠥᠪᠦᠷᠢ ᠦᠭᠡᠢ ᠪᠠᠷ ᠮᠠᠯᠴᠢᠨ ᠲᠠᠷᠢᠶᠠᠴᠢᠨ ᠢ ᠬᠠᠪᠰᠤᠷᠴᠤ ᠠᠮᠢᠲᠠᠨ ᠤ ᠬᠢᠵᠢᠭ ᠢ ᠰᠡᠷᠭᠡᠶᠢᠯᠡᠬᠦ ᠲᠠᠷᠢᠯᠭ᠎ᠠ ᠬᠢᠵᠦ ᠪᠠᠶᠢᠭ᠎ᠠ ᠨᠢ      ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠬᠤᠰᠢᠭᠤᠨ ᠤ ᠦᠨᠳᠦᠰᠦᠲᠡᠨ ᠤ ᠵᠥᠪᠯᠡᠯ ︽ᠨᠠᠮ ᠤᠨ ᠲᠡᠦᠬᠡ ᠶᠢ ᠰᠣᠷᠣᠯᠴᠠᠵᠤ᠂ ᠦᠵᠡᠯ ᠰᠠᠨᠠᠭ᠎ᠠ ᠪᠠᠨ ᠰᠡᠭᠡᠭᠡᠷᠡᠭᠦᠯᠵᠦ᠂ ᠪᠣᠳᠠᠲᠤ ᠶᠠᠪᠤᠳᠠᠯ ᠬᠢᠵᠦ᠂ ᠰᠢᠨ᠎ᠡ ᠪᠠᠶᠢᠳᠠᠯ ᠢ ᠡᠭᠦᠳᠬᠦ︾ ᠶᠢ ᠪᠠᠷᠢᠮᠲᠠᠯᠠᠨ᠂ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠴᠢᠬᠤᠯᠠ ᠠᠭᠤᠯᠭ᠎ᠠ ᠪᠣᠯᠭᠠᠵᠤ᠂ ᠠᠷᠠᠳ ᠤᠨ ᠪᠠᠶᠢᠳᠠᠯ ᠢ ᠤᠶᠢᠯᠠᠭᠠᠨ᠂ ᠠᠷᠠᠳ ᠤᠨ ᠰᠡᠳᠬᠢᠯ ᠢ ᠨᠢᠭᠲᠠᠷᠠᠭᠤᠯᠵᠤ᠂ ᠪᠣᠳᠠᠲᠠᠶ ᠠᠷᠭ᠎ᠠ ᠭᠠᠷᠭᠠᠵᠤ᠂ ᠠᠷᠠᠳ ᠣᠯᠠᠨ ᠤ ︽ᠲᠤᠯᠭᠠᠮᠳᠠᠵᠤ᠂ ᠬᠦᠴᠢᠷᠳᠡᠵᠦ᠂ ᠵᠣᠪᠠᠨᠢᠵᠤ᠂ ᠬᠦᠰᠡᠮᠵᠢᠯᠡᠵᠦ ᠪᠠᠶᠢᠭ᠎ᠠ︾ ᠠᠰᠠᠭᠤᠳᠠᠯ ᠢ ᠰᠢᠢᠳᠪᠦᠷᠢᠯᠡᠬᠦ ᠲᠣᠭᠤᠷᠢᠨ ᠳᠤ᠂ ᠠᠷᠠᠳ ᠤᠨ ᠲᠥᠯᠥᠭᠡ ᠪᠣᠳᠠᠲᠠᠶ ᠶᠢ ᠡᠷᠬᠢᠮᠯᠡᠬᠦ ︽ᠱᠠᠭᠠᠷᠳᠠᠯᠭ᠎ᠠ᠂ ᠠᠩᠬᠠᠷᠤᠯ᠂ ᠬᠦᠴᠦᠯᠡᠴᠡ︾ ᠶᠢ ᠣᠨᠣᠪᠴᠢᠲᠠᠶ ᠣᠯᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠳᠤ ᠬᠦᠴᠦ ᠤᠬᠠᠭᠠᠨ ᠢᠶᠠᠨ ᠵᠤᠷᠢᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠠᠷᠠᠳ ᠲᠦᠮᠡᠨ ᠳᠤ ᠦᠢᠯᠡᠴᠢᠯᠡᠬᠦ ᠪᠤᠳᠠᠲᠤ ᠠᠵᠢᠯᠯᠠᠭ᠎ᠠ ᠪᠤᠯᠭᠠᠬᠤ ᠪᠠᠷ ᠬᠢᠴᠢᠶᠡᠪᠡ᠃      ᠨᠢᠭᠡ ᠳᠤ᠂ ᠦᠵᠡᠯ ᠰᠠᠨᠠᠭᠠᠨ ᠤ ᠵᠢᠯᠤᠭᠤᠳᠤᠯᠭ᠎ᠠ ᠶᠢ ᠡᠷᠬᠢᠮᠯᠡᠪᠡ᠃ ᠬᠤᠰᠢᠭᠤᠨ ᠤ ᠦᠨᠳᠦᠰᠦᠲᠡᠨ ᠤ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ︽ᠲᠡᠤᠬᠡ ᠶᠢ ᠰᠤᠷᠤᠯᠴᠠᠨ ᠶᠤᠰᠤ ᠤᠴᠢᠷ ᠢ ᠣᠶᠢᠯᠠᠭᠠᠵᠤ᠂ ᠲᠡᠤᠬᠡ ᠶᠢ ᠰᠤᠷᠤᠯᠴᠠᠨ ᠢᠳᠡᠭᠡᠯ ᠢᠶᠠᠨ ᠨᠡᠮᠡᠭᠳᠡᠭᠦᠯᠵᠦ᠂ ᠲᠡᠤᠬᠡ ᠶᠢ ᠰᠤᠷᠤᠯᠴᠠᠨ ᠶᠤᠰᠤ ᠰᠤᠷᠲᠠᠬᠤᠨ ᠢ ᠡᠷᠬᠢᠮᠯᠡᠵᠦ᠂ ᠲᠡᠤᠬᠡ ᠶᠢ ᠰᠤᠷᠤᠯᠴᠠᠨ ᠴᠢᠷᠮᠠᠶᠢᠨ ᠦᠢᠯᠡᠳᠦᠯᠭᠡᠵᠢᠭᠦᠯᠬᠦ︾ ᠬᠠᠷᠠᠯᠲᠠ ᠱᠠᠭᠠᠷᠳᠠᠯᠭ᠎ᠠ ᠶᠤᠰᠤᠭᠠᠷ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠨᠳᠥᠷ ᠵᠣᠭᠰᠣᠴᠠ ᠠᠴᠠ ᠪᠠᠶᠢᠷᠢᠯᠠᠭᠤᠯᠤᠨ᠂ ᠥᠨᠳᠥᠷ ᠪᠠᠷᠢᠮᠵᠢᠶ᠎ᠠ ᠪᠠᠷ ᠠᠬᠢᠭᠤᠯᠪᠠ᠃ ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠡᠷᠭᠡ ᠠᠭᠤᠯᠭ᠎ᠠ ᠪᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠣᠭᠲᠠᠭᠠᠭᠰᠠᠨ ᠨᠣᠮ ᠢ ᠭᠦᠨᠵᠡᠭᠡᠶ ᠰᠤᠷᠤᠯᠴᠠᠨ᠂ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠢ 16 ᠤᠳᠠᠭ᠎ᠠ᠂ ᠨᠠᠮ ᠤᠨ ᠡᠭᠦᠷ ᠤᠨ ᠰᠤᠷᠤᠯᠴᠠᠯᠭ᠎ᠠ ᠶᠢᠨ ᠬᠤᠷᠠᠯ ᠢ 26 ᠤᠳᠠᠭ᠎ᠠ᠂ ᠲᠤᠰᠬᠠᠶ ᠰᠡᠳᠦᠪᠲᠤ ᠰᠤᠷᠤᠯᠴᠠᠵᠤ ᠰᠤᠳᠤᠯᠤᠨ ᠶᠠᠷᠢᠯᠴᠠᠬᠤ ᠬᠤᠷᠠᠯ ᠢ 7 ᠤᠳᠠᠭ᠎ᠠ᠂ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ 10 ᠤᠳᠠᠭ᠎ᠠ᠂ ᠲᠤᠰᠬᠠᠶ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢ 1 ᠤᠳᠠᠭ᠎ᠠ ᠦᠷᠨᠢᠭᠦᠯᠦᠨ᠂ ᠨᠠᠮ ᠤᠨ ᠭᠡᠰᠢᠭᠦᠨ ᠺᠠᠳ᠋ᠷᠴᠤᠳ ᠤᠨ ᠠᠷᠠᠳ ᠲᠦᠮᠡᠨ ᠳᠤ ᠦᠢᠯᠡᠴᠢᠯᠡᠨ ᠪᠣᠳᠠᠲᠤ ᠶᠠᠪᠤᠳᠠᠯ ᠬᠢᠬᠦ ᠦᠵᠡᠯ ᠰᠠᠨᠠᠭᠠᠨ ᠤ ᠰᠠᠭᠤᠷᠢ ᠶᠢ ᠪᠠᠲᠤᠳᠬᠠᠪᠠ᠃      ᠬᠤᠶᠠᠷ ᠲᠤ᠂ ︽ᠨᠠᠷᠢᠨ ᠳᠠᠩᠰᠠ︾ ᠪᠠᠶᠢᠭᠤᠯᠬᠤ ᠪᠠᠷ ᠬᠥᠲᠥᠯᠪᠦᠷᠢ ᠪᠤᠯᠭᠠᠪᠠ᠃ ᠬᠤᠰᠢᠭᠤᠨ ᠤ ᠦᠨᠳᠦᠰᠦᠲᠡᠨ ᠤ ᠵᠥᠪᠯᠡᠯ ᠨᠢ ᠣᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠨᠢᠮᠪᠠᠢ ᠲᠣᠭᠤᠷᠢᠨ ᠦᠵᠡᠵᠦ ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠦ᠂ ᠨᠡᠶᠢᠭᠡᠮ ᠤᠨ ᠪᠠᠶᠢᠳᠠᠯ᠂ ᠠᠷᠠᠳ ᠤᠨ ᠰᠠᠨᠠᠭ᠎ᠠ᠂ ᠣᠯᠠᠨ ᠲᠦᠮᠡᠨ ᠤ ᠱᠠᠭᠠᠷᠳᠠᠯᠭ᠎ᠠ ᠶᠢ ᠣᠶᠢᠯᠠᠭᠠᠵᠤ᠂ ᠪᠠᠶᠢᠴᠠᠭᠠᠨ ᠰᠤᠳᠤᠯᠬᠤ ᠳᠤᠮᠳᠠ ᠣᠯᠠᠨ ᠲᠦᠮᠡᠨ ᠤ ᠲᠤᠰᠬᠠᠭᠰᠠᠨ ︽ᠲᠤᠯᠭᠠᠮᠳᠠᠵᠤ᠂ ᠬᠦᠴᠢᠷᠳᠡᠵᠦ᠂ ᠵᠣᠪᠠᠨᠢᠵᠤ᠂ ᠬᠦᠰᠡᠮᠵᠢᠯᠡᠵᠦ ᠪᠠᠶᠢᠭ᠎ᠠ︾ ᠠᠰᠠᠭᠤᠳᠠᠯ ᠢ ᠡᠮᠬᠢᠯᠡᠨ ᠬᠤᠷᠢᠶᠠᠩᠭᠤᠶᠢᠯᠠᠵᠤ᠂ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢᠨ ︽ᠨᠠᠷᠢᠨ ᠲᠠᠩᠰᠠ︾ ᠪᠠ ︽ᠠᠬᠢᠴᠠ ᠶᠢᠨ ᠪᠣᠳᠠᠲᠤ ᠲᠡᠮᠳᠡᠭᠯᠡᠯ︾ ᠢ ᠬᠢᠵᠦ᠂ ᠪᠥᠬᠦ ᠶᠠᠪᠤᠴᠠ ᠪᠠᠷ ᠡᠵᠡᠮᠳᠡᠨ᠂ ᠪᠥᠬᠦ ᠬᠦᠴᠦᠨ ᠢᠶᠠᠷ ᠠᠬᠢᠭᠤᠯᠵᠤ᠂ ᠡᠯ᠎ᠡ ᠵᠦᠢᠯ ᠤᠨ ᠡᠭᠦᠷᠭᠡ ᠶᠢ ᠨᠠᠷᠢᠯᠢᠭ ᠨᠠᠶᠢᠳᠠᠪᠤᠷᠢᠵᠢᠭᠤᠯᠬᠤ ᠶᠢ ᠪᠠᠲᠤᠯᠠᠪᠠ᠃      ᠭᠤᠷᠪᠠ ᠳᠤ᠂ ᠲᠥᠷᠥᠯ ᠵᠦᠢᠯ ᠢ ᠨᠠᠶᠢᠳᠠᠪᠤᠷᠢᠵᠢᠭᠤᠯᠬᠤ ᠳᠤ ᠬᠦᠴᠦᠯᠡᠪᠡ᠃ ᠬᠤᠰᠢᠭᠤᠨ ᠤ ᠦᠨᠳᠦᠰᠦᠲᠡᠨ ᠤ ᠵᠥᠪᠯᠡᠯ ᠨᠢ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭᠠᠨ ᠤ ᠤᠬᠠᠮᠰᠠᠷ ᠪᠣᠯᠭᠠᠵᠤ᠂ ︽ᠱᠦᠵᠢ ᠳᠠᠭᠠᠭᠤᠯᠬᠤ᠂ ᠨᠠᠮ ᠤᠨ ᠤᠳᠤᠷᠢᠳᠬᠤ ᠳᠤᠭᠤᠶᠢᠯᠠᠩ ᠨᠢᠭᠡᠳᠦᠯᠲᠡᠶ ᠲᠥᠯᠥᠪᠵᠢᠭᠦᠯᠬᠦ᠂ ᠨᠠᠮ ᠤᠨ ᠡᠭᠦᠷ ᠳᠠᠶᠢᠴᠢᠯᠠᠬᠤ᠂ ᠨᠠᠮ ᠤᠨ ᠭᠡᠰᠢᠭᠦᠨ ᠭᠦᠢᠴᠡᠳᠬᠡᠬᠦ︾ ᠬᠡᠮᠡᠬᠦ ︽ᠳᠥᠷᠪᠡ ᠶᠢ ᠬᠤᠯᠪᠣᠭᠠᠯᠠᠨ ᠬᠦᠴᠦᠯᠡᠬᠦ︾ ᠰᠢᠰᠲ᠋ᠧᠮ ᠢ ᠪᠦᠷᠢᠯᠳᠦᠭᠦᠯᠵᠦ᠂ ᠲᠥᠷᠥᠯ ᠵᠦᠢᠯ ᠤᠨ ︽ᠨᠠᠷᠢᠨ ᠲᠠᠩᠰᠠ︾ ᠶᠢᠨ ᠡᠭᠦᠷᠭᠡ ᠶᠢ ᠭᠦᠢᠴᠡᠳ ᠨᠠᠶᠢᠳᠠᠪᠤᠷᠢᠵᠢᠭᠤᠯᠵᠤ᠂ ᠣᠷᠳᠣ ᠬᠤᠭᠤᠴᠠᠭᠠᠨ ᠤ ᠲᠤᠷᠰᠢ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠢ ᠭᠠᠴᠢᠭᠳᠠᠭᠤᠯᠵᠤ ᠪᠠᠶᠢᠭᠰᠠᠨ ᠬᠦᠴᠢᠷᠳᠡᠯ ᠪᠠ ᠠᠰᠠᠭᠤᠳᠠᠯ ᠢ ᠦᠨᠡᠨ ᠬᠦ  ᠰᠢᠢᠳᠪᠦᠷᠢᠯᠡᠵᠦ᠂ ᠣᠯᠠᠨ ᠲᠦᠮᠡᠨ ᠳᠤ ᠬᠤᠪᠢᠷᠠᠯᠲᠠ ᠶᠢ ᠬᠠᠷᠠᠭᠤᠯᠵᠤ᠂ ᠪᠣᠳᠠᠲᠤ ᠠᠰᠢᠭ ᠬᠦᠷᠲᠡᠭᠡᠪᠡ᠃ ᠣᠳᠣᠬᠠᠨ ᠪᠣᠯᠲᠠᠯ᠎ᠠ᠂ ᠬᠤᠰᠢᠭᠤᠨ ᠤ ᠦᠨᠳᠦᠰᠦᠲᠡᠨ ᠤ ᠵᠥᠪᠯᠡᠯ ᠨᠢ ᠡᠭᠦᠷᠭᠡ ᠴᠢᠳᠠᠪᠬᠢ ᠲᠠᠢ ᠪᠠᠨ ᠤᠶᠠᠯᠳᠤᠭᠤᠯᠤᠨ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠬᠦᠷᠢᠶ᠎ᠡ ᠴᠠᠷᠠᠭᠠᠨ ᠤ ᠲᠣᠭᠤᠷᠢᠨ ᠳᠤ᠂ 294.5 ᠲᠦᠮᠡᠨ ᠲᠥᠭᠦᠷᠢᠭ ᠤᠨ ᠪᠠᠯᠠ ᠣᠷᠣᠭᠤᠯᠵᠤ᠂ ︽ᠬᠠᠷ᠎ᠠ ᠪᠦᠷᠭᠦᠳ ᠤᠨ ᠠᠭᠤᠯᠠ ᠪᠠᠯᠭᠠᠰᠤᠨ ᠤ ᠤᠯᠠᠭᠠᠨ ᠠᠭᠤᠯᠠ ᠭᠠᠴᠠᠭᠠᠨ ᠤ ᠨᠤᠲᠤᠭ ᠢᠶᠠᠨ ᠰᠠᠬᠢᠨ ᠬᠢᠯᠢ ᠪᠠᠨ ᠬᠠᠮᠠᠭᠠᠯᠠᠬᠤ ᠮᠠᠯᠴᠢᠨ ᠡᠷᠦᠬᠡ ᠶᠢᠨ ᠲᠡᠮᠡᠭᠡ ᠶᠢ ᠲᠣᠭᠲᠠᠭᠠᠬᠤ ᠵᠢᠶᠠᠰᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ︾᠂ ︽ᠪᠠᠶᠠᠨᠲᠣᠬᠤᠢ ᠰᠤᠮᠤ ᠶᠢᠨ ᠮᠠᠷᠵᠠ ᠭᠠᠴᠠᠭᠠᠨ ᠤ ᠪᠣᠶᠢᠳᠠ ᠪᠦᠭᠯᠡᠭᠦᠦ ᠤᠷᠤᠨ ᠳᠤ ᠰᠠᠭᠤᠭ᠎ᠠ ᠮᠠᠯᠴᠢᠨ ᠲᠠᠷᠢᠶᠠᠴᠢᠨ ᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠪᠠᠶᠢᠭᠤᠯᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ︾ ᠵᠡᠷᠭᠡ ᠨᠠᠮ ᠤᠨ ᠤᠳᠤᠷᠢᠳᠬᠤ ᠳᠤᠭᠤᠶᠢᠯᠠᠩ ᠤᠨ ︽ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠭᠤᠤᠯᠳᠠᠯᠭ᠎ᠠ ᠲᠠᠢ ᠠᠷᠠᠳ ᠤᠨ ᠠᠮᠢᠳᠤᠷᠠᠯ ᠤᠨ ᠲᠥᠷᠥᠯ ᠵᠦᠢᠯ 5 ᠶᠢ ᠬᠡᠷᠡᠭᠵᠢᠭᠦᠯᠵᠦ᠂ ᠡᠭᠦᠨ ᠤ ᠲᠤᠮᠳᠠᠬᠢ 4 ᠵᠦᠢᠯ ᠨᠢ ᠠᠵᠢᠯ ᠢᠶᠠᠨ ᠳᠠᠭᠤᠰᠬᠠᠵᠤ᠂ ᠦᠯᠡᠳᠡᠭᠰᠡᠨ 1 ᠵᠦᠢᠯ ᠨᠢ 10 ᠰᠠᠷ᠎ᠠ ᠶᠢᠨ ᠰᠡᠭᠦᠯᠴᠢ ᠪᠠᠷ ᠠᠵᠢᠯ ᠳᠠᠭᠤᠰᠬᠤ ᠪᠠᠷ ᠪᠠᠶᠢᠨ᠎ᠠ᠃ ᠨᠠᠮ ᠤᠨ ᠡᠭᠦᠷ ᠨᠢ ︽ᠰᠠᠶᠢᠨ ᠳᠤᠷ᠎ᠠ ᠠᠴᠠ ᠵᠣᠭᠤᠰ ᠬᠠᠨᠳᠢᠪᠯᠠᠵᠤ᠂ ᠠᠮᠢᠳᠤᠷᠠᠯ ᠬᠦᠴᠢᠷᠳᠡᠯᠲᠡᠶ 26 ᠰᠤᠷᠤᠭᠴᠢᠳ ᠲᠤ ᠰᠤᠷᠤᠯᠴᠠᠯᠭ᠎ᠠ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠬᠤᠳᠠᠯᠳᠤᠨ ᠠᠪᠴᠤ ᠥᠭᠬᠦ︾᠂ ︽ᠮᠠᠯᠴᠢᠨ ᠲᠠᠷᠢᠶᠠᠴᠢᠨ ᠤ ᠮᠠᠯ ᠰᠦᠷᠦᠭ ᠤᠨ ᠬᠢᠵᠢᠭ ᠢ ᠰᠡᠷᠭᠡᠶᠢᠯᠡᠬᠦ ᠸᠠᠺᠼᠢᠨ ᠤ ᠲᠠᠷᠢᠯᠭ᠎ᠠ ᠶᠢᠨ ᠠᠵᠢᠯ ᠳᠤ ᠲᠤᠰᠠᠯᠠᠬᠤ︾ ᠵᠡᠷᠭᠡ ︽ᠠᠷᠠᠳ ᠲᠤ ᠪᠣᠳᠠᠲᠤ ᠶᠠᠪᠤᠳᠠᠯ ᠬᠢᠵᠦ ᠥᠭᠬᠦ︾ ᠵᠦᠢᠯᠡᠰ 9 ᠶᠢ ᠪᠠᠶᠡᠯᠡᠭᠦᠯᠪᠡ᠃ ᠨᠠᠮ ᠤᠨ ᠭᠡᠰᠢᠭᠦᠳ ᠨᠢ ︽ᠬᠦᠴᠢᠷᠳᠡᠯᠲᠡᠶ ᠣᠯᠠᠨ ᠲᠦᠮᠡᠨ ᠢ ᠲᠤᠰᠠᠯᠠᠨ ᠳᠡᠮᠵᠢᠬᠦ︾ ᠵᠡᠷᠭᠡ ︽ᠠᠷᠠᠳ ᠲᠤ ᠪᠣᠳᠠᠲᠤ ᠶᠠᠪᠤᠳᠠᠯ ᠬᠢᠵᠦ ᠥᠭᠬᠦ︾ ᠠᠮᠠᠯᠠᠯᠲᠠ 30 ᠵᠦᠢᠯᠡᠰ ᠢ ᠪᠠᠶᠡᠯᠡᠭᠦᠯᠪᠡ᠃
     
      ᠬᠠᠷ᠎ᠠ ᠪᠦᠷᠭᠦᠳ ᠤᠨ ᠠᠭᠤᠯᠠ ᠪᠠᠯᠭᠠᠰᠤᠨ ᠤ ᠤᠯᠠᠭᠠᠨ ᠠᠭᠤᠯᠠ ᠭᠠᠴᠠᠭᠠᠨ ᠤ ᠨᠤᠲᠤᠭ ᠢᠶᠠᠨ ᠰᠠᠬᠢᠨ ᠬᠢᠯᠢ ᠪᠠᠨ ᠬᠠᠮᠠᠭᠠᠯᠠᠬᠤ ᠮᠠᠯᠴᠢᠨ ᠡᠷᠦᠬᠡ ᠶᠢᠨ ᠲᠡᠮᠡᠭᠡ ᠶᠢ ᠲᠣᠭᠲᠠᠭᠠᠬᠤ ᠵᠢᠶᠠᠰᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠶᠢᠭᠤᠯᠤᠭᠰᠠᠨ ᠪᠠᠶᠢᠳᠠᠯ
      ᠪᠠᠶᠠᠨᠳᠣᠬᠤᠢ ᠰᠤᠮᠤ ᠶᠢᠨ ᠮᠠᠷᠵᠠ ᠭᠠᠴᠠᠭᠠᠨ ᠤ ᠪᠣᠶᠢᠳᠠ ᠪᠦᠭᠯᠡᠬᠦᠦ ᠣᠷᠣᠨ ᠳᠤ ᠰᠠᠭᠤᠭ᠎ᠠ ᠮᠠᠯᠴᠢᠨ ᠲᠠᠷᠢᠶᠠᠴᠢᠨ ᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠪᠠᠶᠢᠭᠤᠯᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠠᠶᠢᠭᠤᠯᠵᠤ ᠪᠠᠶᠢᠭ᠎ᠠ ᠪᠠᠶᠢᠳᠠᠯ      ᠳᠠᠷᠠᠭᠠᠴᠢ ᠪᠠᠷ᠂ ᠬᠤᠰᠢᠭᠤᠨ ᠤ ᠦᠨᠳᠦᠰᠦᠲᠡᠨ ᠤ ᠵᠥᠪᠯᠡᠯ ᠨᠢ ᠶᠡᠷᠦᠩᠬᠡᠶ ᠱᠦᠵᠢ ᠰᠢ ᠶᠢᠨ ᠫᠢᠩ ᠤᠨ ︽7·1︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠪᠠᠷ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠰᠢᠯᠭᠠᠬᠤ ︽ᠰᠢᠯᠭᠠᠭᠤᠷ︾ ᠪᠤᠯᠭᠠᠬᠤ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠭᠤᠤᠯᠳᠠᠯᠭ᠎ᠠ ᠲᠠᠢ ᠲᠥᠷᠥᠯ ᠵᠦᠢᠯ ᠤᠨ ︽ᠨᠠᠷᠢᠨ ᠳᠠᠩᠰᠠ︾ ᠶᠢ ᠲᠡᠭᠦᠯᠳᠡᠷᠵᠢᠭᠦᠯᠵᠦ᠂ ︽ᠴᠢᠭᠯᠡᠯᠲᠡ ᠲᠤᠳᠤ᠂ ᠠᠷᠭ᠎ᠠ ᠬᠡᠮᠵᠢᠶ᠎ᠡ ᠪᠣᠳᠠᠲᠠᠶ᠂ ᠦᠷ᠎ᠡ ᠪᠦᠲᠦᠮᠵᠢ ᠰᠠᠶᠢᠨ︾ ᠪᠠᠶᠢᠬᠤ ᠶᠢ ᠪᠠᠲᠤᠯᠠᠨ᠂ ︽ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠶᠠᠰᠤ ᠴᠢᠨᠠᠷ ᠢ ᠤᠯᠠᠮ ᠳᠡᠭᠡᠭᠰᠢᠯᠡᠭᠦᠯᠵᠦ᠂ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢᠨ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠵᠤ᠂ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠨ ᠮᠡᠲᠦ ᠳᠣᠲᠣᠨᠣ ᠪᠠᠶᠢᠵᠤ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ︾ ᠬᠦᠴᠦᠷᠬᠡᠭ ᠶᠡᠭᠡ ᠬᠠᠮᠲᠤᠷᠠᠯ ᠬᠦᠴᠦᠨ ᠢ ᠲᠠᠰᠤᠷᠠᠯᠲᠠ ᠥᠭᠡᠢ ᠨᠢᠭᠲᠠᠷᠠᠭᠤᠯᠤᠨ᠎ᠠ᠃      ︵ᠨᠠᠶᠢᠷᠠᠭᠤᠯᠤᠭᠴᠢ᠄ ᠡᠵᠡᠨ᠎ᠡ ᠬᠤᠰᠢᠭᠤᠨ ᠤ ᠮᠤᠩᠭᠤᠯ ᠬᠡᠯᠡ ᠪᠢᠴᠢᠭ ᠤᠨ ᠤᠷᠴᠢᠭᠤᠯᠭ᠎ᠠ ᠶᠢᠨ ᠲᠥᠪ ᠤᠨ ᠡᠷᠬᠢᠯᠡᠭᠴᠢ   ᠰᠡᠴᠡᠨᠪᠠᠭᠠᠲᠤᠷ︶
ᠢᠷᠡᠯᠲᠡ᠄ ᠡᠵᠡᠨ᠎ᠡ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ