ᠠᠯᠠᠱᠠ ᠠᠶᠢᠮᠠᠭ ᠤᠨ ᠦᠨᠳᠦᠰᠦᠲᠡᠨ ᠤ ᠵᠥᠪᠯᠡᠯ ᠤᠨ 6 ᠨᠠᠮ ᠤᠨ ᠭᠡᠰᠢᠭᠦᠨ ᠺᠠᠳ᠋ᠷ ᠬᠢᠵᠢᠭ ᠤᠨ ᠪᠠᠶᠢᠳᠠᠯ  ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠲᠤ ᠮᠤᠷᠳᠠᠪᠠ
ᠨᠡᠶᠢᠲᠡᠯᠡᠭᠰᠡᠨ ᠴᠠᠭ᠄
2021/10/28
     ᠣᠶᠢᠷ᠎ᠠ ᠶᠢᠨ ᠡᠳᠦᠷ ᠤᠳ ᠲᠤ᠂ ᠡᠵᠡᠨ᠎ᠡ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠶᠢᠵᠤ᠂ ᠬᠢᠵᠢᠭ  ᠤᠨ ᠪᠠᠶᠢᠳᠠᠯ ᠲᠦᠷᠡᠯᠵᠡᠭᠰᠡᠨ ᠭᠠᠯ ᠮᠡᠳᠦ ᠪᠣᠯᠬᠤ ᠳᠤ᠂ ᠵᠠᠷᠯᠢᠭ ᠵᠠᠬᠢᠶ᠎ᠠ ᠠᠭᠤᠯᠠ ᠮᠡᠲᠦ ᠪᠠᠳᠤ ᠰᠦᠨᠳᠡᠷᠯᠡᠪᠡ᠃ ᠠᠯᠠᠱᠠ ᠠᠶᠢᠮᠠᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠠᠴᠠ ᠺᠠᠳ᠋ᠷ ᠰᠣᠩᠭᠤᠨ ᠲᠣᠮᠢᠯᠠᠵᠤ ᠡᠵᠡᠨ᠎ᠡ ᠬᠤᠰᠢᠭᠤ ᠶᠢ ᠲᠤᠰᠠᠯᠠᠬᠤ ᠡᠭᠦᠷᠭᠡ ᠶᠢ ᠪᠠᠭᠤᠯᠭᠠᠭᠰᠠᠨ ᠤ ᠳᠠᠷᠠᠭ᠎ᠠ᠂ ᠠᠶᠢᠮᠠᠭ ᠤᠨ ᠦᠨᠳᠦᠰᠦᠲᠡᠨ ᠤ ᠵᠥᠪᠯᠡᠯ ᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠪᠥᠬᠦ ᠲᠠᠯ᠎ᠠ ᠶᠢᠨ ᠤᠬᠠᠮᠰᠠᠷ ᠪᠠ ᠬᠠᠷᠢᠭᠤᠴᠠᠯᠭ᠎ᠠ ᠡᠬᠦᠷᠬᠡᠯᠡᠯ ᠤᠨ ᠵᠣᠷᠢᠭ ᠰᠠᠨᠠᠭ᠎ᠠ ᠶᠢ ᠢᠯᠡᠷᠡᠭᠦᠯᠵᠦ᠂ ᠢᠳᠡᠪᠬᠢᠲᠡᠶ ᠪᠠᠷ ᠴᠤᠤᠷᠢᠶᠠᠲᠤᠨ ᠳᠠᠭᠠᠵᠤ᠂ ᠰᠠᠨᠠᠭᠠᠴᠢᠯᠠᠭ᠎ᠠ ᠠᠴᠠ  ᠪᠠᠨ ᠭᠤᠶᠤᠴᠢᠯᠠᠵᠤ᠂ ᠡᠴᠦᠰ ᠲᠤ ᠪᠠᠨ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠠᠴᠠ 6 ᠰᠢᠯᠢᠳᠡᠭ ᠨᠠᠮ ᠤᠨ ᠭᠡᠰᠢᠭᠦᠨ ᠺᠠᠳ᠋ᠷ ᠢ ᠰᠣᠩᠭᠤᠨ ᠡᠵᠡᠨ᠎ᠡ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠲᠤ ᠲᠣᠮᠢᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠡᠮᠵᠢᠪᠡ᠃
             ᠠᠯᠠᠱᠠ ᠠᠶᠢᠮᠠᠭ ᠤᠨ ᠦᠨᠳᠦᠰᠦᠲᠡᠨ ᠤ ᠵᠥᠪᠯᠡᠯ ᠤᠨ ᠬᠢᠨ ᠡᠵᠡᠨ᠎ᠡ ᠬᠤᠰᠢᠭᠤ ᠶᠢ 10 ᠳ᠋ᠤᠭᠠᠷ ᠰᠠᠷ᠎ᠠ ᠶᠢᠨ 26 ᠤ ᠰᠥᠨᠢ ᠳᠦᠯᠢ ᠳᠤ ᠲᠤᠰᠠᠯᠠᠨ ᠲᠡᠮᠵᠢᠬᠦ ᠵᠠᠷᠯᠢᠭ ᠢ ᠤᠯᠤᠭᠠᠳ᠂ ᠲᠤᠰ ᠰᠥᠨᠢ ᠳᠤ ᠪᠠᠨ ᠡᠩᠨᠡᠭᠡ ᠪᠠᠨ ᠴᠤᠭᠯᠠᠭᠤᠯᠬᠤ᠂ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠯ ᠬᠢᠬᠦ᠂ ᠡᠳ᠋ ᠪᠣᠳᠠᠰ ᠤᠨ ᠪᠡᠯᠡᠳᠬᠡᠯ ᠬᠢᠬᠦ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ ᠵᠡᠷᠭᠡ ᠠᠵᠢᠯ ᠢ ᠪᠡᠶᠡᠯᠡᠭᠦᠯᠵᠦ᠂ ᠰᠠᠶᠢᠨ ᠲᠤᠷ᠎ᠠ ᠶᠢᠨ ᠦᠶᠯᠡᠴᠢᠯᠡᠭᠡᠨ ᠤ ᠠᠩᠭᠢ ᠶᠢ ᠪᠠᠶᠢᠭᠤᠯᠤᠨ 10 ᠳ᠋ᠤᠭᠠᠷ ᠰᠠᠷ᠎ᠠ ᠶᠢᠨ 27 ᠤ ᠥᠷᠯᠥᠭᠡ ᠡᠵᠡᠨ᠎ᠡ ᠬᠤᠰᠢᠭᠤ ᠵᠦᠭ ᠮᠤᠷᠳᠠᠵᠠᠢ᠃
     
      ᠲᠤᠭ ᠭᠠᠷᠳᠠᠭᠤᠯᠤᠨ ᠮᠣᠷᠳᠠᠭᠤᠯᠵᠤ ᠪᠠᠶᠢᠭ᠎ᠠ ᠨᠢ
           ᠮᠤᠷᠳᠠᠭᠤᠯᠬᠤ ᠶᠣᠰᠣᠯᠠᠯ ᠳᠡᠭᠡᠷ᠎ᠡ᠂ ᠠᠶᠢᠮᠠᠭ ᠤᠨ ᠦᠨᠳᠦᠰᠦᠲᠡᠨ ᠤ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠪᠢ ᠺᠧ ᠨᠥᠬᠦᠷ ᠠᠴᠠ ᠨᠠᠮ ᠤᠨ ᠭᠡᠰᠢᠭᠦᠨ ᠤ ᠰᠠᠶᠢᠨ ᠲᠤᠷ᠎ᠠ ᠶᠢᠨ ᠦᠢᠯᠡᠴᠢᠯᠡᠭᠡᠨ ᠤ ᠠᠩᠬᠢ ᠳᠤ ᠲᠤᠭ ᠭᠠᠷᠳᠠᠭᠤᠯᠪᠠ᠃ ᠲᠡᠷᠡ ᠪᠠᠷ ᠬᠢᠵᠢᠭ ᠲᠠᠢ ᠲᠡᠮᠡᠴᠡᠬᠦ ᠪᠠᠷ ᠮᠤᠷᠳᠠᠬᠤ ᠭᠡᠰᠢᠭᠦᠳ  ᠤᠨ ᠵᠣᠷᠢᠭᠲᠠᠶ ᠪᠠᠷ ᠰᠥᠷᠴᠦ ᠶᠠᠪᠤᠵᠤ᠂ ᠬᠤᠰᠢᠭᠤᠴᠢᠯᠠᠨ ᠭᠠᠪᠰᠢᠭᠠᠶᠢᠯᠠᠭᠰᠠᠨ ᠳᠤ ᠲᠠᠯᠠᠷᠬᠠᠵᠤ᠂ ᠲᠡᠳᠡᠨ ᠢ ᠬᠦᠨᠳᠦ ᠨᠠᠶᠢᠳᠠᠯᠭ᠎ᠠ ᠪᠠᠨ ᠪᠠᠲᠤ ᠴᠡᠭᠡᠵᠢᠯᠡᠵᠦ᠂ ᠡᠭᠦᠷᠭᠡ ᠬᠠᠷᠢᠭᠤᠴᠠᠯᠭ᠎ᠠ ᠪᠠᠨ ᠭᠤᠲᠤᠭᠠᠬᠤ ᠥᠬᠡᠶ ᠪᠠᠶᠢᠵᠤ᠂ ᠡᠪ ᠬᠠᠮᠲᠤ ᠨᠠᠮ  ᠤᠨ ᠭᠡᠰᠢᠭᠦᠨ ᠤ ᠬᠤᠰᠢᠭᠤᠴᠢ ᠵᠢᠱᠢᠶᠡᠴᠢ ᠦᠶᠯᠡᠳᠦᠯ ᠢ ᠭᠦᠶᠴᠡᠳ ᠪᠠᠳᠠᠷᠠᠭᠤᠯᠵᠤ᠂ ︽ᠭᠠᠵᠠᠷ ᠪᠣᠯᠭᠠᠨ ᠲᠡᠶᠢᠨ ᠤ ᠲᠠᠯᠠᠪᠤᠷ᠂ ᠬᠥᠮᠦᠨ ᠪᠣᠯᠭᠠᠨ ᠪᠠᠶᠢᠯᠳᠤᠭᠴᠢ ᠮᠦᠨ︾ ᠭᠡᠬᠦ ᠪᠣᠳᠠᠲᠤ ᠠᠵᠢᠯᠯᠠᠭ᠎ᠠ ᠪᠠᠷ ᠢᠶᠠᠨ ᠡᠪ ᠬᠠᠮᠲᠤ ᠨᠠᠮ ᠤᠨ ᠭᠡᠰᠢᠭᠦᠨ ᠤ ᠣᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠪᠠᠨ ᠦᠶᠯᠡᠳᠦᠯᠭᠡᠵᠢᠭᠦᠯᠵᠦ᠂ ᠰᠠᠶᠢᠨ ᠲᠤᠷ᠎ᠠ ᠶᠢᠨ  ᠦᠢᠯᠡᠴᠢᠯᠡᠭᠡᠨ ᠤ ᠡᠭᠦᠷᠭᠡ ᠪᠠᠨ ᠪᠦᠬᠦ ᠤᠶᠤᠨ ᠴᠢᠳᠠᠯ ᠢᠶᠠᠷ ᠢᠶᠠᠨ ᠪᠡᠶᠡᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠬᠤᠰᠢᠭᠤᠴᠢ᠂ ᠥᠯᠢᠭᠡᠷ ᠳᠠᠭᠤᠷᠢᠶᠠᠯ ᠪᠣᠯᠵᠣ᠂ ᠡᠵᠡᠨ᠎ᠡ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠲᠠᠢ ᠭᠠᠷ ᠬᠤᠯᠪᠤᠯᠴᠠᠨ ᠬᠢᠵᠢᠭ ᠲᠠᠢ ᠲᠡᠮᠡᠴᠡᠵᠦ᠂ ᠲᠦᠷ ᠴᠠᠭ ᠤᠨ ᠬᠦᠴᠢᠷᠳᠡᠯ ᠢ ᠬᠠᠮᠲᠤ ᠪᠠᠷ ᠳᠤᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠢᠳᠡᠪᠬᠢᠲᠡᠶ ᠴᠢᠷᠮᠠᠶᠢᠯᠭ᠎ᠠ ᠭᠠᠷᠭᠠᠬᠤ ᠬᠡᠷᠡᠭᠲᠡᠶ᠃ ᠡᠭᠦᠨ ᠤ ᠬᠠᠮᠲᠤ ᠲᠣᠰ ᠪᠡᠶ᠎ᠡ ᠶᠢᠨ ᠰᠡᠷᠭᠡᠶᠢᠯᠡᠨ ᠬᠠᠮᠠᠭᠠᠯᠠᠬᠤ ᠠᠵᠢᠯ  ᠢᠶᠠᠨ ᠦᠨᠡᠨ ᠬᠦ ᠰᠠᠶᠢᠲᠤᠷ ᠬᠢᠵᠦ᠂ ᠰᠣᠯᠪᠢᠴᠠᠨ ᠬᠠᠯᠳᠠᠪᠤᠷᠢᠯᠠᠬᠤ ᠶᠢ ᠴᠢᠩᠭ᠎ᠠ ᠰᠡᠷᠭᠡᠶᠢᠯᠡᠵᠦ᠂ ︽ᠬᠠᠷᠢᠭᠤᠴᠠᠯᠭ᠎ᠠ ᠡᠬᠦᠷᠬᠡᠯᠡᠨ ᠣᠴᠢᠵᠤ᠂ ᠠᠮᠤᠷ ᠲᠦᠪᠰᠢᠨ ᠢᠶᠠᠷ ᠬᠠᠷᠢᠵᠤ ᠢᠷᠡᠬᠦ︾ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃
      ᠡᠵᠡᠨ᠎ᠡ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠲᠤ ᠣᠴᠢᠬᠤ 6 ᠰᠠᠶᠢᠨ ᠳᠤᠷᠠᠴᠢᠨ            ᠡᠨᠡ ᠤᠳᠠᠭ᠎ᠠ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠭᠤᠷᠪᠠᠳᠤᠭᠠᠷ ᠲᠡᠰ ᠤᠨ ᠪᠠᠶᠢᠴᠠᠭᠠᠨ ᠰᠤᠳᠤᠯᠤᠭᠴᠢ ᠬᠠᠰᠠ᠋ᠭᠤᠯᠠ ᠨᠥᠬᠦᠷ ᠢᠶᠠᠷ ᠠᠬᠠᠯᠠᠭᠴᠢ ᠪᠤᠯᠭᠠᠭᠰᠠᠨ ᠨᠠᠮ ᠤᠨ ᠬᠡᠰᠢᠬᠦᠨ ᠤ ᠰᠠᠶᠢᠨ ᠳᠤᠷ᠎ᠠ ᠶᠢᠨ ᠦᠶᠯᠡᠴᠢᠯᠡᠭᠡᠨ ᠤ ᠠᠩᠭᠢ ᠨᠢ᠂ ᠵᠦᠪᠯᠡᠯ ᠤᠨ ᠠᠯᠪᠠᠨ ᠪᠠᠶᠢᠭᠤᠯᠭ᠎ᠠ ᠪᠣᠯᠤᠨ ᠵᠦᠪᠯᠡᠯ ᠤᠨ ᠬᠠᠷᠢᠶ᠎ᠠ ᠠᠵᠢᠯ ᠦᠶᠯᠡᠰ ᠤᠨ ᠨᠢᠭᠡᠴᠢ ᠶᠢᠨ ᠨᠠᠮ ᠤᠨ ᠭᠡᠰᠢᠭᠦᠨ ᠺᠠᠳ᠋ᠷ ᠢᠶᠠᠷ ᠪᠦᠷᠢᠯᠳᠦᠵᠡᠶ᠃ ᠬᠢᠵᠢᠭ ᠲᠠᠢ ᠲᠡᠮᠡᠴᠡᠬᠦ ᠪᠠᠷ ᠮᠤᠷᠳᠠᠬᠤ ᠭᠡᠰᠢᠭᠦᠳ ᠠᠴᠠ ᠬᠠᠮᠤᠭ ᠤᠨ ᠲᠦᠷᠭᠡᠨ ᠢᠶᠠᠷ ᠠᠵᠢᠯ ᠤᠨ ᠪᠠᠶᠢᠷᠢ ᠳᠤ ᠭᠠᠷᠴᠤ᠂ ᠡᠬᠦᠷᠬᠡᠯᠡᠯ ᠬᠦᠯᠢᠶᠡᠵᠤ᠂ ᠲᠠᠶᠢᠯᠠᠯᠳᠤᠭᠠᠨ ᠳᠤ ᠣᠷᠣᠵᠤ᠂ ᠵᠣᠬᠢᠶᠠᠨ ᠪᠠᠶᠢᠭᠤᠯᠤᠯᠲᠠ ᠠᠴᠠ ᠲᠤᠰᠢᠶᠠᠭᠰᠠᠨ ᠢᠷᠠᠭᠤ  ᠠᠯᠳᠠᠷᠳᠡᠢ ᠡᠭᠦᠷᠭᠡ ᠶᠢ ᠪᠡᠶᠡᠯᠡᠭᠦᠯᠵᠦ᠂ ᠡᠨᠡ ᠤᠳᠠᠭ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠠᠶᠢᠯᠠᠯᠳᠤᠭᠠᠨ ᠤ ᠢᠯᠠᠯᠲᠠ ᠶᠢ ᠵᠠᠪᠠᠯ ᠣᠯᠤᠨ᠎ᠠ ᠭᠡᠵᠦ ᠵᠤᠷᠢᠭ ᠢᠶᠠᠨ ᠢᠯᠡᠳᠬᠡᠵᠡᠬᠡᠪᠡ᠃
      ᠬᠠᠰᠠ᠋ᠭᠤᠯᠠ
      ᠳ᠋ᠤᠯᠮᠠᠵᠠᠪ  
      ᠪᠠᠭᠠᠲᠤᠷ  
      ᠳᠠᠯᠠᠢ
      ᠴᠧᠨ ᠴᠧᠨ
     ᠰᠠᠩᠵᠠᠶᠢᠴᠡᠷᠢᠩ        ᠬᠦᠴᠢᠷ ᠤᠨ ᠡᠮᠦᠨ᠎ᠡ ᠬᠦᠮᠦᠨ ᠤ ᠵᠤᠷᠢᠭ ᠢ ᠰᠤᠷᠢᠨ᠎ᠠ᠂ ᠰᠢᠷᠦᠭᠦᠨ ᠭᠠᠯ ᠳᠤ ᠰᠢᠵᠢᠷ ᠠᠯᠲᠠ ᠪᠣᠯᠪᠠᠰᠤᠷᠠᠨ᠎ᠠ᠃ ᠡᠲᠡᠭᠡᠷ ᠰᠠᠶᠢᠨ ᠲᠤᠷᠠᠴᠤᠳ ᠤᠨ ᠲᠤᠳᠤᠷ᠎ᠠ 30 ᠭᠠᠷᠤᠶ ᠵᠢᠯ ᠠᠵᠢᠯᠯᠠᠭᠰᠠᠨ ᠠᠬᠠᠮᠠᠳ ᠠᠵᠢᠯᠲᠠᠨ ᠪᠠᠶᠢᠬᠤ ᠮᠦᠷᠳᠡᠬᠡᠨ ᠪᠠᠰᠠ ᠠᠵᠢᠯ ᠳᠤ ᠣᠷᠣᠭᠠᠳ ᠤᠳᠠᠭᠠᠳᠤᠶ ︽ᠶᠡᠷᠡᠬᠡᠳ ᠣᠨ ᠠᠴᠠ ᠬᠤᠶᠢᠰᠢᠬᠢ ᠲᠦᠷᠦᠭᠰᠡᠳ︾ ᠪᠣᠶ᠂ ᠪᠠᠰᠠ ᠲᠠᠭᠠᠭᠠᠴᠢᠯᠠᠨ ᠬᠠᠷᠢᠯᠴᠠᠵᠤ ᠪᠠᠶᠢᠭ᠎ᠠ ᠨᠡᠶᠢᠭᠡᠮ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠡᠭ ᠤᠨ ᠵᠢᠵᠢᠭᠦᠷᠯᠡᠬᠦ ᠡᠭᠦᠷᠭᠡ ᠪᠠᠨ ᠰᠠᠶ᠋ᠢᠬᠠᠨ ᠪᠡᠶᠡᠯᠡᠭᠦᠯᠦᠭᠡᠳ ᠠᠮᠠᠷᠠᠵᠤ ᠠᠮᠵᠢᠭᠠᠳᠤᠶ ᠨᠠᠮ ᠤᠨ ᠭᠡᠰᠢᠭᠦᠨ ᠺᠠᠳ᠋ᠷ ᠴᠤ ᠪᠣᠶ᠃ ᠬᠢᠵᠢᠭ ᠲᠠᠢ ᠲᠡᠮᠡᠴᠡᠬᠦ ᠪᠠᠷ ᠮᠣᠷᠳᠠᠭᠰᠠᠨ ︽ᠪᠠᠶᠢᠯᠳᠤᠭᠴᠢ︾ ᠨᠢᠭᠡᠪᠦᠷᠢ ᠴᠥᠮ ᠥᠪᠡᠷ ᠤᠨ ᠡᠷᠡᠯᠬᠡᠭ ᠵᠣᠷᠢᠭ ᠢᠶᠠᠷ ᠢᠶᠠᠨ ᠠᠭᠤᠤ ᠬᠠᠶᠢᠷ᠎ᠠ ᠥᠷᠥᠰᠢᠶᠡᠯ ᠵᠢᠷᠤᠮ ᠢ ᠲᠠᠶᠢᠯᠪᠤᠷᠢᠯᠠᠵᠤ᠂ ᠥᠪᠡᠷ ᠤᠨ ᠪᠣᠳᠠᠲᠤ ᠠᠵᠢᠯᠯᠠᠭ᠎ᠠ ᠪᠠᠷ  ᠢᠶᠠᠨ ᠬᠠᠷᠢᠭᠤᠴᠠᠯᠭ᠎ᠠ ᠡᠭᠦᠷᠭᠡᠯᠡᠯ ᠢᠶᠠᠨ ᠦᠶᠯᠡᠳᠦᠯᠭᠡᠵᠢᠭᠦᠯᠵᠦ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠵᠥᠪᠯᠡᠯ  ᠤᠨ ᠺᠠᠳ᠋ᠷ ᠤᠨ ᠰᠠᠶᠢᠨ ᠰᠠᠶᠢᠬᠠᠨ ᠤᠯᠤᠰ ᠲᠥᠷᠥ ᠶᠢᠨ ᠬᠡᠪ ᠪᠤᠯᠪᠠᠰᠤᠷᠠᠯ ᠪᠣᠯᠤᠨ ᠬᠠᠷᠢᠭᠤᠴᠠᠯᠭ᠎ᠠ ᠡᠬᠦᠷᠬᠡᠯᠡᠯ ᠤᠨ ᠵᠣᠷᠢᠭ ᠰᠠᠨᠠᠭ᠎ᠠ ᠶᠢ ᠢᠯᠡᠷᠡᠭᠦᠯᠵᠡᠢ᠂ ᠪᠢᠳᠡ ᠬᠠᠮᠲᠤ ᠪᠠᠷ ᠬᠢᠵᠢᠭ ᠤᠨ ᠪᠠᠶᠢᠳᠠᠯ ᠡᠷᠲᠡᠬᠡᠨ ᠠᠷᠢᠯᠵᠤ᠂ ᠪᠠᠭᠠᠲᠤᠷᠴᠤᠳ ᠮᠠᠨᠢ ᠠᠮᠤᠷ ᠠᠮᠤᠭᠤᠯᠠᠩ ᠪᠤᠴᠠᠵᠤ ᠢᠷᠡᠬᠦ ᠶᠢ ᠬᠦᠰᠡᠨ ᠬᠦᠯᠢᠶᠡᠵᠦ ᠪᠠᠶᠢᠵᠠᠭᠠᠶ᠎ᠠ︕
ᠢᠷᠡᠯᠲᠡ᠄ ᠠᠯᠠᠱᠠ ᠠᠶᠢᠮᠠᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ